ᠥᠪᠥᠷ ᠮᠣᠩᠭᠤᠯ ᠤᠨ ᠣᠪᠡᠷᠲᠡᠭᠡᠨ ᠵᠠᠰᠠᠬᠤ ᠣᠷᠣᠨ ᠤ ᠮᠤᠩᠭᠤᠯ ᠦᠭᠡ ᠬᠡᠯᠡ ᠥᠰᠥᠭ ᠪᠢᠴᠢᠭ ᠤᠨ ᠠᠵᠢᠯ ᠤᠨ ᠳᠦᠷᠢᠮ
ᠨᠡᠶᠢᠲᠡᠯᠡᠭᠰᠡᠨ ᠴᠠᠭ᠄
2016/12/20
ᠥᠪᠥᠷ ᠮᠣᠩᠭᠤᠯ ᠤᠨ ᠣᠪᠡᠷᠲᠡᠭᠡᠨ ᠵᠠᠰᠠᠬᠤ ᠣᠷᠣᠨ ᠤ ᠮᠤᠩᠭᠤᠯ ᠦᠭᠡ ᠬᠡᠯᠡ ᠥᠰᠥᠭ ᠪᠢᠴᠢᠭ ᠤᠨ ᠠᠵᠢᠯ ᠤᠨ ᠳᠦᠷᠢᠮ ︵2004 ᠣᠨ ᠤ 11 ᠳ᠋ᠣᠭᠡᠷ ᠰᠠᠷ᠎ᠠ ᠶᠢᠨ 26 ᠤ ᠡᠳᠦᠷ ᠥᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠᠨ ᠬᠤᠶᠠᠳᠣᠭᠠᠷ ᠬᠤᠷᠠᠯᠳᠣᠭᠠᠨ ᠢᠶᠠᠷ ᠪᠠᠲᠣᠯᠠᠪᠠ︶       ᠨᠢᠭᠡᠳᠣᠭᠡᠷ ᠪᠥᠯᠥᠭ ᠶᠡᠷᠥᠩᠭᠡᠢ ᠲᠦᠷᠢᠮ        ᠨᠢᠭᠡᠳᠥᠭᠡᠷ ᠵᠥᠢᠯ ᠮᠣᠩᠭᠤᠯ ᠥᠭᠡ ᠬᠡᠯᠡ ᠥᠰᠥᠭ ᠪᠢᠴᠢᠭ ᠤᠨ ᠲᠦᠷᠢᠮᠵᠢᠯ᠂ ᠪᠠᠷᠢᠮᠵᠢᠶᠠᠵᠢᠯ᠂ ᠰᠣᠷᠣᠯᠴᠠᠯᠭ᠎ᠠ ᠬᠡᠷᠡᠭᠯᠡᠭᠡᠨ ᠤ ᠵᠢᠷᠥᠮᠵᠢᠯᠲᠠ ᠪᠣᠯᠣᠨ ᠮᠣᠩᠭᠤᠯ ᠥᠭᠡ ᠬᠡᠯᠡ ᠥᠰᠥᠭ ᠪᠢᠴᠢᠭ ᠤᠨ ᠴᠡᠴᠡᠭᠯᠡᠯ ᠬᠥᠭᠵᠢᠯᠲᠡ ᠶᠢ ᠠᠬᠢᠭᠤᠯᠵᠣ᠂ ᠨᠡᠶᠢᠭᠡᠮ ᠤᠨ ᠠᠮᠢᠳᠣᠷᠠᠯ ᠳᠤ ᠭᠠᠷᠠᠭᠠᠬᠤ ᠥᠢᠯᠡᠳᠦᠯ ᠢ ᠨᠢ ᠣᠯᠠᠮ ᠰᠠᠶᠢᠨ ᠪᠠᠳᠠᠷᠠᠭᠤᠯᠬᠤ ᠶᠢᠨ ᠲᠥᠯᠥᠭᠡ ︽ᠪᠦᠬᠦᠳᠡ ᠨᠠᠶᠢᠷᠠᠮᠳᠠᠬᠤ ᠲᠣᠮᠳᠠᠳᠣ ᠠᠷᠠᠳ ᠣᠯᠣᠰ ᠤᠨ ᠥᠨᠳᠥᠰᠥᠨ ᠬᠠᠣᠯᠢ︾᠂ ᠪᠥᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠥᠨᠳᠥᠰᠥᠳᠡᠨ ᠤ ᠣᠷᠣᠡ ᠤ ᠥᠪᠡᠷᠲᠡᠭᠡᠨ ᠵᠠᠰᠠᠬᠤ ᠣᠷᠣᠨ ᠤ ᠪᠠᠨ ᠪᠣᠳᠠᠳᠣ ᠪᠠᠶᠢᠳᠠᠯ ᠲᠠᠢ ᠣᠶᠠᠯᠳᠣᠭᠤᠯᠵᠣ ᠲᠣᠰ ᠳᠦᠷᠢᠮ ᠢ ᠲᠣᠭᠲᠠᠭᠠᠪᠠ᠃        ᠬᠤᠶᠠᠳᠣᠭᠠᠷ ᠵᠥᠢᠯ ᠮᠣᠩᠭᠤᠯ ᠥᠭᠡ ᠬᠡᠯᠡ ᠥᠰᠥᠭ ᠪᠢᠴᠢᠭ ᠪᠣᠯ ᠥᠪᠡᠷᠲᠡᠭᠡᠨ ᠵᠠᠰᠠᠬᠤ ᠣᠷᠣᠨ ᠤ ᠨᠡᠶᠢᠳᠡᠮ ᠬᠡᠷᠡᠭᠯᠡᠬᠦ ᠥᠭᠡ ᠬᠡᠯᠡ ᠥᠰᠥᠭ ᠪᠢᠴᠢᠭ ᠮᠥᠨ ᠪᠦᠭᠡᠳ ᠥᠪᠡᠷᠲᠡᠭᠡᠨ ᠵᠠᠰᠠᠬᠤ ᠡᠷᠬᠡ ᠪᠠᠨ ᠬᠡᠷᠡᠭᠵᠢᠭᠦᠯᠬᠦ ᠴᠢᠬᠤᠯᠠ ᠪᠠᠭᠠᠵᠢ ᠮᠥᠨ᠃ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠣᠨ ᠤ ᠲᠥᠷᠥ ᠶᠢᠨ ᠪᠠᠶᠢᠭᠤᠯᠭ᠎ᠠ ᠡᠷᠬᠡ ᠲᠣᠰᠢᠶᠠᠯ ᠢᠶᠠᠨ ᠭᠥᠢᠴᠡᠳᠭᠡᠬᠦ ᠥᠶᠡᠰ ᠮᠣᠩᠭᠤᠯ ᠬᠢᠲᠠᠳ ᠬᠤᠶᠠᠷ ᠲᠥᠷᠥᠯ ᠤᠨ ᠦᠭᠡ ᠬᠡᠯᠡ ᠥᠰᠥᠭ ᠪᠢᠴᠢᠭ ᠢᠶᠠᠷ ᠭᠤᠣᠯ ᠪᠣᠯᠭᠠᠵᠣ ᠪᠣᠯᠣᠨ᠎ᠠ᠃        ᠭᠤᠷᠪᠠᠳᠣᠭᠠᠷ ᠵᠥᠢᠯ ᠡᠯ᠎ᠠ ᠱᠠᠲᠣᠨ ᠤ ᠠᠷᠠᠳ ᠤᠨ ᠵᠠᠰᠠᠭ ᠤᠨ ᠣᠷᠳᠣᠨ ᠮᠣᠩᠭᠤᠯ ᠬᠡᠯᠡᠨ ᠤ ᠪᠠᠷᠢᠮᠵᠢᠶ᠎ᠠ ᠠᠪᠢᠶ᠎ᠠ ᠪᠣᠯᠣᠨ ᠮᠣᠩᠭᠤᠯ ᠥᠭᠡ ᠶᠢᠨ ᠲᠥᠷᠢᠮᠵᠢᠭᠦᠯᠥᠭᠰᠡᠨ ᠪᠢᠴᠢᠯᠭᠡ ᠶᠢ ᠲᠦᠭᠡᠭᠡᠨ ᠲᠡᠯᠭᠡᠷᠡᠭᠦᠯᠬᠦ ᠬᠡᠷᠡᠭᠲᠡᠢ᠂ ᠥᠪᠡᠷᠲᠡᠭᠡᠨ ᠵᠠᠰᠠᠬᠤ ᠣᠷᠣᠨ ᠳᠤ ᠰᠢᠯᠣᠭᠤᠨ ᠬᠥᠬᠡ ᠬᠤᠰᠢᠭᠤ ᠪᠠᠷ ᠲᠥᠯᠥᠭᠡᠯᠡᠭᠦᠯᠥᠭᠰᠡᠨ ᠴᠠᠬᠠᠷ ᠠᠮᠠᠨ ᠠᠶᠠᠯᠭᠤ ᠪᠠᠷ ᠮᠣᠩᠭᠤᠯ ᠬᠡᠯᠡᠨ ᠤ ᠪᠠᠷᠢᠮᠵᠢᠶ᠎ᠠ ᠠᠪᠢᠶ᠎ᠠ ᠪᠤᠯᠭᠠᠨ᠎ᠠ᠃        ᠲᠥᠷᠪᠡᠳᠥᠭᠡᠷ ᠵᠥᠢᠯ ᠡᠯ᠎ᠡ ᠱᠠᠲᠣᠨ ᠤ ᠠᠷᠠᠳ ᠤᠨ ᠵᠠᠰᠠᠭ ᠤᠨ ᠣᠷᠳᠣᠨ ᠮᠣᠩᠭᠤᠯ ᠥᠨᠳᠡᠰᠥᠲᠡᠨ ᠤ ᠠᠷᠠᠳ ᠢᠷᠭᠡᠳ ᠤᠨ ᠮᠣᠩᠭᠤᠯ ᠥᠭᠡ ᠬᠡᠯᠡ ᠥᠰᠥᠭ ᠪᠢᠴᠢᠭ ᠢᠶᠠᠨ ᠰᠣᠷᠴᠣ ᠬᠡᠷᠡᠭᠯᠡᠬᠦ᠂ ᠰᠣᠳᠣᠯᠵᠣ ᠬᠥᠭᠵᠢᠭᠦᠯᠬᠦ ᠡᠷᠬᠡ ᠴᠢᠯᠥᠭᠡ ᠶᠢ ᠪᠠᠲᠣᠯᠠᠬᠤ ᠬᠡᠷᠡᠭᠲᠡᠢ ᠪᠥᠭᠡᠳ ᠥᠨᠳᠥᠰᠥᠲᠡᠨ ᠨᠦᠭᠦᠳ ᠤᠨ ᠠᠷᠠᠳ ᠢᠷᠭᠡᠳ ᠤᠨ ᠮᠣᠩᠭᠤᠯ ᠥᠭᠡ ᠬᠡᠯᠡ ᠥᠰᠥᠭ ᠪᠢᠴᠢᠭ ᠰᠣᠷᠬᠤ᠂ ᠬᠡᠷᠡᠭᠯᠡᠬᠦ᠂ ᠰᠣᠳᠣᠯᠬᠤ ᠶᠢ ᠵᠣᠷᠢᠭᠵᠢᠭᠤᠯᠣᠨ ᠲᠡᠮᠵᠢᠬᠦ ᠬᠡᠷᠡᠭᠲᠡᠢ᠃        ᠳᠠᠪᠤᠳᠤᠭᠠᠷ ᠵᠦᠢᠯ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠮᠤᠩᠭᠤᠯ ᠬᠡᠯᠡ ᠪᠢᠴᠢᠭ ᠤᠨ ᠠᠵᠢᠯ ᠤᠨ ᠵᠠᠷᠤᠳᠠᠯ ᠢ ᠲᠤᠰ ᠱᠠᠲᠤᠨ ᠤ ᠪᠠᠨ ᠡᠳ᠋ ᠤᠨ ᠵᠠᠰᠠᠭ ᠤᠨ ᠲᠦᠰᠦᠪ ᠲᠤ ᠤᠷᠤᠭᠤᠯᠬᠤ ᠬᠡᠷᠡᠭᠲᠠᠢ᠃        ᠵᠢᠷᠭᠤᠳᠣᠭᠠᠷ ᠵᠥᠢᠯ ᠬᠤᠰᠢᠭᠤ ᠰᠢᠶᠠᠨ ᠤ ᠱᠠᠲᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠮᠤᠩᠭᠤᠯ ᠥᠭᠡ ᠬᠡᠯᠡ ᠥᠰᠥᠭ ᠪᠢᠴᠢᠭ ᠤᠨ ᠠᠵᠢᠯ ᠤᠨ ᠪᠠᠶᠢᠭᠤᠯᠣᠮᠵᠢ ᠨᠢ ᠲᠣᠰ ᠵᠠᠰᠠᠭ ᠵᠠᠬᠢᠷᠭᠠᠨ ᠤ ᠬᠡᠪᠴᠢᠶᠡᠨ ᠳᠠᠬᠢ ᠮᠣᠩᠭᠤᠯ ᠥᠭᠡ ᠬᠡᠯᠡ ᠥᠰᠥᠭ ᠪᠢᠴᠢᠭ ᠤᠨ ᠠᠵᠢᠯ ᠢ ᠲᠥᠯᠥᠪᠵᠢᠭᠦᠯᠬᠦ᠂ ᠵᠢᠯᠣᠭᠤᠳᠬᠤ ᠪᠠ ᠬᠢᠨᠠᠵᠣ ᠬᠠᠮᠢᠶᠠᠷᠬᠤ ᠠᠵᠢᠯ ᠢ ᠬᠠᠷᠢᠭᠤᠴᠠᠨ᠎ᠠ᠃ ᠬᠤᠰᠢᠭᠤ ᠰᠢᠶᠠᠨ ᠤ ᠱᠠᠲᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠥᠪᠡᠷᠰᠡᠳ ᠤᠨ ᠡᠭᠦᠷᠭᠡ ᠬᠠᠷᠢᠭᠤᠴᠠᠯᠭ᠎ᠠ ᠪᠠᠷ ᠢᠶᠠᠨ ᠮᠣᠩᠭᠤᠯ ᠥᠭᠡ ᠬᠡᠯᠡ ᠥᠰᠥᠭ ᠪᠢᠴᠢᠭ ᠤᠨ ᠠᠵᠢᠯ ᠢ ᠬᠠᠮᠲᠣ ᠪᠠᠷ ᠰᠠᠢᠲᠣᠷ ᠬᠢᠬᠦ ᠬᠡᠷᠡᠭᠲᠡᠢ᠃        ᠲᠣᠯᠣᠳᠣᠭᠤᠷ ᠵᠥᠢᠯ ᠡᠯ᠎ᠡ ᠱᠠᠲᠣᠨ ᠤ ᠠᠷᠠᠳ ᠤᠨ ᠵᠠᠰᠠᠭ ᠤᠨ ᠣᠷᠳᠣᠨ ᠮᠣᠩᠭᠤᠯ ᠥᠭᠡ ᠬᠡᠯᠡ ᠥᠰᠥᠭ ᠪᠢᠴᠢᠭ ᠰᠣᠷᠴᠣ ᠬᠡᠷᠡᠭᠯᠡᠭᠡᠳ ᠲᠣᠪᠤᠶᠢᠮ᠎ᠠ ᠪᠥᠳᠥᠮᠵᠢ ᠭᠠᠷᠭᠠᠭᠰᠠᠨ ᠨᠢᠭᠡᠴᠢ ᠪᠣᠯᠣᠨ ᠬᠤᠪᠢ ᠬᠥᠮᠥᠨ ᠢ ᠱᠠᠩᠨᠠᠵᠣ ᠬᠥᠬᠢᠭᠦᠯᠥᠨ᠎ᠡ᠃                ᠬᠤᠶᠠᠳᠣᠭᠠᠷ ᠪᠥᠯᠥᠭ ᠰᠣᠷᠣᠯᠴᠠᠯᠭ᠎ᠠ ᠪᠠ ᠰᠣᠷᠭᠠᠨ ᠬᠦᠮᠥᠵᠢᠯ        ᠨᠠᠢᠮᠠᠳᠣᠭᠠᠷ ᠵᠥᠢᠯ ᠡᠯ᠎ᠡ ᠱᠠᠲᠣᠨ ᠤ ᠵᠠᠰᠠᠭ ᠤᠨ ᠣᠷᠳᠣᠨ ᠮᠣᠩᠭᠤᠯ ᠢᠶᠠᠷ ᠬᠢᠴᠢᠶᠡᠯᠯᠡᠬᠦ ᠪᠡ ᠭᠤᠤᠯᠯᠠᠭᠤᠯᠤᠭᠰᠠᠨ ᠡᠯ᠎ᠡ ᠱᠠᠲᠣᠨ ᠤ ᠡᠯ᠎ᠡ ᠲᠥᠷᠥᠯ ᠤᠨ ᠰᠣᠷᠭᠠᠨ ᠬᠥᠮᠥᠵᠢᠯ ᠢ ᠣᠷᠢᠳᠴᠢᠯᠠᠠ ᠬᠥᠭᠵᠢᠭᠦᠯᠵᠣ᠂ ᠭᠤᠣᠯᠳᠠᠯᠭ᠎ᠠ ᠲᠠᠢ ᠲᠡᠳᠭᠦᠵᠣ᠂ ᠮᠣᠩᠭᠤᠯ ᠬᠢᠲᠠᠳ ᠬᠤᠶᠠᠷ ᠲᠥᠷᠥᠯ ᠤᠨ ᠥᠭᠡ ᠬᠡᠯᠡ ᠥᠰᠥᠭ ᠪᠢᠴᠢᠭ ᠢ ᠵᠡᠷᠭᠡ ᠪᠠᠷ ᠡᠵᠡᠮᠰᠢᠭᠰᠡᠨ ᠡᠯ᠎ᠡ ᠲᠥᠷᠥᠯ ᠤᠨ ᠲᠣᠰᠬᠠᠢ ᠮᠡᠷᠭᠡᠵᠢᠯ ᠤᠨ ᠴᠢᠳᠠᠪᠥᠷᠢᠲᠠᠨ ᠢ ᠬᠥᠭᠵᠢᠭᠦᠯᠬᠦ ᠬᠡᠷᠡᠭᠲᠡᠢ᠃        ᠶᠢᠰᠥᠳᠣᠭᠡᠷ ᠵᠥᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠮᠤᠩᠭᠤᠯ ᠢᠶᠠᠷ ᠬᠢᠴᠢᠶᠡᠯᠯᠡᠬᠦ ᠰᠤᠷᠭᠠᠨ ᠬᠦᠮᠦᠵᠢᠯ ᠤᠨ ᠪᠡᠯᠡ ᠣᠷᠣᠯᠠᠭᠤᠯᠣᠯᠲᠠ ᠪᠠᠨ ᠵᠢᠯ ᠲᠠᠷᠠᠭᠠᠯᠠᠨ ᠨᠡᠮᠡᠭᠳᠡᠭᠦᠯᠬᠦ ᠬᠡᠷᠡᠭᠲᠡᠢ᠃        ᠠᠷᠪᠠᠳᠤᠭᠠᠷ ᠵᠥᠢᠯ ᠡᠯ᠎ᠡ ᠱᠠᠲᠣᠨ ᠤ ᠵᠠᠰᠠᠭ ᠤᠨ ᠣᠷᠳᠣᠨ ᠮᠣᠩᠭᠤᠯ ᠢᠶᠠᠷ ᠬᠢᠴᠢᠶᠡᠯᠯᠡᠬᠦ ᠰᠣᠷᠭᠠᠭᠤᠯᠢ ᠨᠤᠭᠤᠳ ᠲᠤ ᠲᠦᠷᠥ ᠶᠢᠨ ᠪᠣᠳᠣᠯᠭ᠎ᠠ ᠶᠢᠨ ᠬᠠᠷᠠᠭᠠᠯᠵᠠᠯ ᠬᠥᠷᠲᠡᠭᠡᠬᠦ ᠪᠠ ᠪᠡᠯᠡ ᠮᠥᠡᠭᠭᠦᠨ ᠤ ᠨᠥᠬᠦᠪᠥᠷᠢ ᠥᠭᠴᠦ᠂ ᠮᠣᠩᠭᠤᠯ ᠢᠶᠠᠷ ᠬᠢᠴᠢᠶᠡᠯᠯᠡᠬᠦ ᠰᠣᠷᠣᠭᠴᠢ ᠶᠢᠨ ᠰᠣᠷᠣᠯᠭ᠎ᠠ ᠶᠢᠨ ᠵᠠᠷᠣᠳᠠᠯ᠂ ᠢᠬᠢᠷ ᠰᠢᠬᠢᠷ ᠵᠠᠷᠣᠳᠠᠯ᠂ ᠰᠣᠷᠬᠤ ᠪᠢᠴᠢᠭ ᠤᠨ ᠵᠠᠷᠣᠳᠠᠯ ᠢ ᠨᠢ ᠬᠥᠡᠭᠭᠡᠯᠡᠬᠦ ᠪᠣᠶᠣ ᠬᠡᠯᠳᠣᠷᠢᠭᠦᠯᠬᠦ ᠬᠡᠷᠡᠭᠲᠡᠢ᠃ ᠡᠭᠦᠨ ᠤ ᠬᠠᠮᠲᠣ ᠰᠣᠷᠣᠯᠭ᠎ᠠ ᠶᠢᠨ ᠲᠡᠳᠭᠦᠮᠵᠢ ᠶᠢᠨ ᠮᠥᠡᠭᠭᠦ᠂ ᠰᠣᠷᠥᠯᠭ᠎ᠠ ᠶᠢᠨ ᠱᠠᠩᠨᠠᠯ ᠤᠨ ᠮᠥᠡᠭᠭᠦᠨ ᠤ ᠲᠥᠷᠢᠮ ᠢ ᠬᠡᠷᠡᠭᠵᠢᠭᠦᠯᠵᠣ᠂ ᠶᠠᠳᠠᠭᠤ ᠬᠥᠴᠢᠷᠳᠡᠯᠲᠡᠢ ᠭᠡᠷ ᠪᠥᠯᠢ ᠶᠢᠨ ᠰᠣᠷᠣᠭᠴᠢ ᠶᠢᠨ ᠰᠣᠷᠣᠯᠭ᠎ᠠ ᠪᠠᠨ ᠲᠡᠭᠦᠰᠭᠡᠬᠦ ᠶᠢ ᠪᠠᠲᠤᠯᠠᠬᠤ ᠬᠡᠷᠡᠭᠲᠡᠢ᠃        ᠠᠷᠪᠠᠨ ᠨᠢᠭᠡᠳᠥᠭᠡᠷ ᠵᠥᠢᠯ ᠬᠢᠲᠠᠳ ᠢᠶᠠᠷ ᠬᠢᠴᠢᠶᠡᠯᠡᠬᠦ ᠮᠣᠩᠭᠤᠯ ᠥᠨᠳᠥᠰᠥᠲᠡᠨ ᠤ ᠳᠣᠮᠲᠠᠳᠣ᠂ ᠪᠠᠭ᠎ᠠ ᠰᠣᠷᠭᠠᠭᠤᠯᠢ ᠨᠤᠭᠤᠳ ᠲᠤ ᠮᠣᠩᠭᠤᠯ ᠬᠡᠯᠡ ᠪᠢᠴᠢᠭ ᠤᠨ ᠬᠢᠴᠢᠶᠡᠯ ᠲᠣᠬᠢᠷᠠᠭᠤᠯᠬᠤ ᠬᠡᠷᠡᠭᠲᠡᠢ᠃        ᠠᠷᠪᠡᠨ ᠬᠤᠶᠠᠳᠣᠭᠠᠷ ᠵᠥᠢᠯ ᠮᠣᠩᠭᠤᠯ ᠬᠥᠮᠥᠨ ᠠᠮᠠ ᠤᠯᠠᠨᠳᠠᠢ ᠠᠶᠢᠮᠠᠭ ᠬᠤᠲᠠ ᠮᠣᠩᠭᠤᠯ ᠢᠶᠠᠷ ᠬᠢᠴᠢᠶᠡᠯᠯᠡᠬᠦ ᠲᠣᠮᠳᠠ ᠵᠡᠷᠭᠡ ᠶᠢᠨ ᠠᠵᠢᠯ ᠮᠡᠷᠭᠡᠵᠢᠯ ᠤᠨ ᠰᠣᠷᠭᠠᠭᠤᠯᠢ ᠡᠷᠬᠢᠯᠡᠬᠦ ᠬᠡᠷᠡᠭᠲᠡᠢ᠃        ᠠᠷᠪᠠᠨ ᠭᠤᠷᠪᠠᠳᠣᠭᠠᠷ ᠵᠥᠢᠯ ᠡᠯ᠎ᠡ ᠲᠥᠷᠥᠯ ᠤᠨ ᠲᠡᠭᠡᠳᠦ ᠰᠣᠷᠭᠠᠭᠤᠯᠢ ᠨᠤᠭᠤᠳ ᠮᠣᠩᠭᠤᠯ ᠢᠶᠠᠷ ᠬᠢᠴᠢᠶᠡᠯᠯᠡᠬᠦ ᠪᠠᠷ ᠭᠤᠤᠯᠯᠠᠭᠤᠯᠤᠭᠰᠠᠨ ᠲᠣᠰᠬᠠᠢ ᠮᠡᠷᠭᠡᠵᠢᠯ ᠢ ᠠᠯᠬᠤᠮ ᠠᠯᠬᠤᠮ ᠢᠶᠠᠷ ᠴᠢᠩᠭᠠᠳᠬᠠᠬᠤ ᠪᠣᠶᠣ ᠨᠡᠮᠡᠵᠣ ᠲᠣᠬᠢᠷᠠᠭᠤᠯᠬᠤ ᠶᠢᠨ ᠬᠠᠮᠲᠣ ᠪᠡᠯᠡᠳᠭᠡᠯ ᠠᠩᠭᠢ ᠶᠢᠨ ᠡᠯᠰᠡᠯᠲᠡ ᠶᠢᠨ ᠬᠡᠪᠴᠢᠶ᠎ᠡ ᠪᠠᠨ ᠥᠷᠭᠡᠳᠭᠡᠵᠣ᠂ ᠪᠡᠯᠡᠳᠭᠡᠯ ᠠᠩᠭᠢ ᠳᠤ ᠮᠣᠩᠭᠤᠯ ᠢᠶᠠᠷ ᠰᠣᠷᠣᠭᠰᠠᠨ ᠰᠣᠷᠣᠭᠴᠢ ᠶᠢ ᠡᠯᠰᠡᠬᠦ ᠬᠡᠷᠡᠭᠲᠡᠢ᠃ ᠡᠯ᠎ᠡ ᠲᠥᠷᠥᠯ ᠤᠨ ᠳᠡᠭᠡᠳᠣ ᠰᠣᠷᠭᠠᠭᠤᠯᠢ ᠨᠤᠭᠤᠳ ᠮᠣᠩᠭᠤᠯ ᠢᠶᠠᠷ ᠬᠢᠴᠢᠶᠡᠯᠯᠡᠬᠦ ᠲᠣᠰᠬᠠᠢ ᠮᠡᠷᠭᠡᠵᠢᠯ ᠤᠨ ᠰᠣᠷᠣᠭᠴᠢ ᠡᠯᠰᠡᠯᠲᠡ ᠳᠤ ᠳᠣᠰᠠᠭᠠᠷ ᠲᠥᠯᠥᠪᠯᠡᠭᠡ ᠬᠡᠷᠡᠭᠵᠢᠭᠦᠯᠵᠣ᠂ ᠡᠯᠰᠡᠬᠦ ᠰᠣᠷᠣᠭᠴᠢ ᠶᠢᠨ ᠲᠤᠭ᠎ᠠ ᠪᠠᠨ ᠠᠯᠬᠤᠮ ᠠᠯᠬᠤᠮ ᠢᠶᠠᠷ ᠨᠡᠮᠡᠭᠳᠡᠭᠦᠯᠬᠦ ᠬᠡᠷᠡᠭᠲᠡᠢ        ᠠᠷᠪᠠᠨ ᠲᠥᠷᠪᠡᠳᠥᠭᠡᠷ ᠵᠥᠢᠯ ᠡᠯ᠎ᠡ ᠱᠠᠲᠣᠨ ᠤ ᠠᠷᠠᠳ ᠤᠨ ᠵᠠᠰᠠᠭ ᠤᠨ ᠣᠷᠳᠣᠨ ᠣᠨᠴᠠᠭᠠᠢ ᠲᠥᠷᠥ ᠶᠢᠨ ᠪᠣᠳᠣᠯᠭ᠎ᠠ ᠲᠣᠭᠲᠠᠭᠠᠵᠣ᠂ ᠮᠣᠩᠭᠤᠯ ᠢᠶᠠᠷ ᠬᠢᠴᠢᠶᠡᠯᠯᠡᠬᠦ ᠲᠡᠭᠡᠳᠥ᠂ ᠳᠣᠮᠳᠠ ᠮᠡᠷᠭᠡᠵᠢᠯ ᠤᠨ ᠰᠣᠷᠭᠠᠭᠤᠯᠢ ᠲᠡᠭᠦᠰᠥᠭᠰᠡᠨ ᠰᠣᠷᠣᠭᠴᠢᠳ ᠤᠨ ᠠᠵᠢᠯ ᠣᠯᠬᠤ ᠵᠠᠮ ᠢ ᠦᠷᠭᠡᠵᠢᠭᠦᠯᠬᠦ ᠬᠡᠷᠡᠭᠲᠠᠢ ᠪᠦᠭᠡᠳ ᠲᠥᠷᠥ ᠶᠢᠨ ᠪᠠᠶᠢᠭᠤᠯᠭ᠎ᠠ ᠂ ᠠᠷᠠᠳ ᠤᠨ ᠪᠥᠯᠬᠦᠮ᠂ ᠠᠵᠣ ᠠᠬᠤᠢᠢᠯᠠᠯ ᠤᠨ ᠨᠢᠭᠡᠴᠢ ᠨᠦᠭᠦᠳ ᠮᠣᠩᠭᠤᠯ ᠢᠶᠠᠷ ᠬᠢᠴᠢᠶᠡᠯᠡᠬᠦ ᠲᠡᠭᠡᠳᠥ᠂ ᠲᠣᠮᠳᠠ ᠮᠡᠷᠭᠡᠵᠢᠯ ᠤᠨ ᠰᠣᠷᠭᠠᠭᠤᠯᠢ ᠲᠡᠭᠦᠰᠥᠭᠰᠡᠨ ᠰᠣᠷᠣᠭᠴᠢ ᠶᠢ ᠡᠯᠰᠡᠨ ᠬᠡᠷᠡᠭᠯᠡᠬᠦ ᠬᠡᠷᠡᠭᠲᠡᠢ᠃        ᠠᠷᠪᠠᠨ ᠲᠠᠪᠣᠳᠣᠭᠠᠷ ᠵᠥᠢᠯ ᠡᠯ᠎ᠡ ᠱᠠᠲᠣᠨ ᠤ ᠠᠷᠠᠳ ᠤᠨ ᠵᠠᠰᠠᠭ ᠤᠨ ᠣᠷᠳᠣᠨ ᠮᠣᠩᠭᠤᠯᠴᠣᠳ ᠲᠥᠪᠯᠡᠷᠡᠨ ᠰᠠᠭᠤᠷᠢᠰᠢᠨᠰᠠᠨ ᠭᠠᠵᠠᠷ ᠣᠷᠣᠨ ᠤ ᠮᠠᠯᠴᠢᠨ ᠲᠠᠷᠢᠶᠠᠴᠢᠳ ᠲᠤ ᠮᠣᠩᠭᠤᠯ ᠢᠶᠠᠷ ᠬᠢᠴᠢᠶᠡᠯᠯᠡᠬᠦ ᠪᠠᠷ ᠭᠤᠤᠯᠯᠠᠭᠤᠯᠤᠭᠰᠠᠨ ᠬᠡᠷᠡᠭᠯᠡᠭᠡᠨ ᠤ ᠮᠡᠷᠭᠡᠵᠢᠯ ᠤᠨ ᠬᠥᠮᠥᠵᠢᠯ ᠪᠣᠯᠪᠠᠰᠣᠷᠠᠯ ᠬᠦᠷᠳᠡᠭᠡᠵᠦ᠂ ᠬᠡᠷᠡᠭᠯᠡᠭᠡᠨ ᠤ ᠮᠡᠷᠭᠡᠵᠢᠯ ᠤᠨ ᠬᠦᠮᠦᠵᠢᠯ ᠪᠤᠯᠪᠠᠰᠤᠷᠠᠯ ᠤᠨ ᠢᠵᠢ ᠪᠥᠷᠢᠳᠥᠭᠦᠯᠬᠦ ᠪᠠᠶᠢᠭᠤᠯᠣᠯᠲᠠ ᠪᠠᠨ ᠴᠢᠩᠭᠠᠳᠬᠠᠬᠤ ᠬᠡᠷᠡᠭᠲᠡᠢ᠃                ᠭᠤᠷᠪᠠᠳᠣᠭᠠᠷ ᠪᠥᠯᠥᠭ ᠬᠡᠷᠡᠭᠯᠡᠯᠲᠡ ᠪᠠ ᠬᠠᠮᠢᠶᠠᠷᠥᠯᠲᠠ        ᠠᠷᠪᠠᠨ ᠵᠢᠷᠭᠤᠳᠣᠭᠠᠷ ᠵᠥᠢᠯ ᠡᠯ᠎ᠡ ᠱᠠᠲᠣᠨ ᠤ ᠲᠥᠷᠥ ᠶᠢᠨ ᠪᠠᠶᠢᠭᠤᠯᠭ᠎ᠠ᠂ ᠠᠷᠠᠳ ᠤᠨ ᠪᠥᠯᠬᠦᠮ ᠤᠨ ᠠᠯᠪᠠᠨ ᠪᠢᠴᠢᠭ ᠲᠤ ᠮᠣᠩᠭᠤᠯ ᠬᠢᠲᠠᠳ ᠬᠤᠶᠠᠷ ᠲᠥᠷᠥᠯ ᠤᠨ ᠥᠰᠥᠭ ᠪᠢᠴᠢᠭ ᠢ ᠬᠡᠷᠡᠭᠯᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠷᠥ ᠶᠢᠨ ᠪᠠᠶᠢᠭᠤᠯᠭ᠎ᠠ᠂ ᠠᠷᠠᠳ ᠤᠨ ᠪᠥᠯᠬᠦᠮ ᠤᠳ ᠡᠮᠥᠨᠡᠬᠢ ᠪᠠᠳᠠᠭ ᠤᠨ ᠲᠤᠭᠳᠠᠭᠠᠯ ᠢ ᠵᠢᠷᠣᠮᠯᠠᠵᠣ ᠬᠡᠷᠡᠭᠵᠢᠭᠦᠯᠥᠨ᠎ᠡ᠃        ᠠᠷᠪᠠᠨ ᠲᠣᠯᠣᠳᠣᠭᠠᠷ ᠵᠥᠢᠯ ᠡᠯ᠎ᠡ ᠱᠠᠲᠣᠨ ᠤ ᠲᠥᠷᠥ ᠶᠢᠨ ᠪᠠᠶᠢᠭᠤᠯᠭ᠎ᠠ᠂ ᠠᠷᠠᠳ ᠤᠨ ᠪᠥᠯᠬᠦᠮ ᠪᠤᠯᠤᠨ ᠠᠵᠣ ᠠᠬᠤᠢᠢᠯᠠᠯ ᠠᠵᠢᠯ ᠥᠢᠯᠡᠰ ᠤᠨ ᠨᠢᠭᠡᠴᠢ ᠶᠢᠨ ᠮᠣᠩᠭᠤᠯ ᠬᠢᠲᠠᠳ ᠬᠤᠶᠠᠷ ᠲᠥᠷᠥᠯ ᠤᠨ ᠥᠭᠡ ᠬᠡᠯᠡ ᠥᠰᠥᠭ ᠪᠢᠴᠢᠭ ᠢᠶᠠᠷ ᠠᠵᠢᠯᠯᠠᠳᠠᠭ ᠮᠥᠷᠲᠡᠭᠡᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠪᠠᠷᠢᠮᠵᠢᠶᠠᠨ ᠳᠤ ᠬᠥᠷᠥᠭᠰᠡᠨ ᠠᠵᠢᠯᠲᠠᠳ ᠲᠤ ᠮᠣᠩᠭᠤᠯ ᠥᠭᠡ ᠬᠡᠯᠡ ᠥᠰᠥᠭ ᠪᠢᠴᠢᠭ ᠤᠨ ᠨᠡᠮᠡᠯᠭᠡ ᠮᠥᠡᠭᠭᠦ ᠣᠯᠭᠤᠨ᠎ᠠ᠃ ᠪᠣᠲᠠᠲᠠᠢ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠲᠣᠭᠲᠠᠭᠠᠨ᠎ᠠ᠃        ᠠᠷᠪᠠᠨ ᠨᠠᠢᠮᠠᠳᠣᠭᠠᠷ ᠵᠥᠢᠯ ᠡᠯ᠎ᠡ ᠱᠠᠲᠣᠨ ᠤ ᠲᠥᠷᠥ ᠶᠢᠨ ᠪᠠᠶᠢᠭᠤᠯᠭ᠎ᠠ᠂ ᠠᠷᠠᠳ ᠤᠨ ᠪᠥᠯᠬᠦᠮ ᠪᠣᠯᠣᠨ ᠠᠵᠢᠯ ᠥᠢᠯᠡᠰ ᠤᠨ ᠨᠢᠭᠡᠴᠢ ᠨᠦᠭᠦᠳ ᠮᠣᠩᠭᠤᠯ ᠬᠡᠯᠡ ᠪᠢᠴᠢᠭ ᠤᠨ ᠣᠷᠴᠢᠭᠤᠯᠭ᠎ᠠ ᠶᠢᠨ ᠪᠠᠶᠢᠭᠤᠯᠣᠮᠵᠢ ᠪᠣᠯᠣᠨ ᠣᠷᠴᠢᠭᠤᠯᠣᠭᠴᠢ ᠶᠢᠨ ᠡᠩᠨᠡᠭᠡᠨ ᠤ ᠪᠠᠶᠢᠭᠤᠯᠣᠯᠲᠠ ᠪᠠᠨ ᠴᠢᠩᠭᠠᠳᠬᠠᠵᠣ᠂ ᠣᠷᠴᠢᠭᠤᠯᠣᠭᠴᠢ ᠲᠣᠬᠢᠷᠠᠭᠤᠯᠬᠤ ᠬᠡᠷᠡᠭᠲᠡᠢ᠃ ᠡᠯ᠎ᠡ ᠱᠠᠲᠣᠨ ᠤ ᠲᠦᠷᠥ ᠶᠢᠨ ᠪᠠᠶᠢᠭᠤᠯᠭ᠎ᠠ᠂ ᠠᠷᠠᠳ ᠤᠨ ᠪᠥᠯᠬᠦᠮ ᠪᠣᠯᠣᠨ ᠠᠵᠢᠯ ᠥᠢᠯᠡᠰ ᠤᠨ ᠨᠢᠭᠡᠴᠢ ᠶᠢᠨ ᠮᠣᠩᠭᠤᠯ ᠥᠭᠡ ᠬᠡᠯᠡ ᠥᠰᠥᠭ ᠪᠢᠴᠢᠭ ᠤᠨ ᠣᠷᠴᠢᠭᠤᠯᠭ᠎ᠠ ᠶᠢᠨ ᠠᠵᠢᠯᠳᠠᠨ ᠮᠤᠩᠭᠤᠯ ᠦᠭᠡ ᠬᠡᠯᠡ ᠦᠰᠦᠭ ᠪᠢᠴᠢᠭ ᠤᠨ ᠤᠷᠴᠢᠭᠤᠯᠭ᠎ᠠ ᠶᠢᠨ ᠠᠵᠢᠯ ᠤᠨ ᠪᠠᠶᠢᠷᠢ ᠶᠢᠨ ᠨᠡᠮᠡᠯᠭᠡ ᠮᠦᠩᠭᠦ ᠬᠥᠷᠲᠡᠨ᠎ᠡ᠃ ᠡᠯ᠎ᠡ ᠱᠠᠲᠣᠨ ᠤ ᠲᠥᠷᠥ ᠶᠢᠨ ᠪᠠᠶᠢᠭᠤᠯᠭ᠎ᠠ᠂ ᠠᠷᠠᠳ ᠤᠨ ᠪᠥᠯᠬᠦᠮ ᠳᠤ ᠮᠣᠩᠭᠤᠯ ᠬᠡᠯᠡ ᠪᠢᠴᠢᠭ ᠤᠨ ᠣᠷᠴᠢᠭᠤᠯᠭ᠎ᠠ ᠶᠢᠨ ᠠᠵᠢᠯ ᠬᠢᠵᠣ ᠪᠠᠶᠢᠭ᠎ᠠ ᠬᠥᠮᠥᠰ ᠲᠣᠰᠬᠠᠢ ᠮᠡᠷᠭᠡᠵᠢᠯ ᠤᠨ ᠲᠣᠰᠢᠶᠠᠯ ᠤᠨ ᠴᠣᠯᠠ ᠣᠯᠪᠠᠯ ᠡᠮᠨᠡᠯᠭᠡ ᠶᠢᠨ ᠲᠠᠭᠠᠳᠬᠠᠯ᠂ ᠣᠷᠣᠨ ᠰᠠᠭᠤᠴᠠ ᠪᠣᠯᠣᠨ ᠵᠠᠮ ᠤᠨ ᠵᠠᠷᠣᠳᠠᠯ ᠵᠡᠷᠭᠡ ᠲᠠᠯ᠎ᠠ ᠪᠠᠷ ᠠᠳᠠᠯᠢ ᠳᠡᠰ ᠤᠨ ᠲᠣᠰᠬᠠᠢ ᠮᠡᠷᠭᠡᠵᠢᠯ ᠤᠨ ᠲᠣᠰᠢᠶᠠᠯ ᠤᠨ ᠴᠣᠯᠠ ᠪᠦᠬᠦᠢ ᠠᠵᠢᠯᠲᠠᠨ ᠤ ᠣᠯᠭᠤᠮᠵᠢ ᠬᠥᠷᠲᠡᠨ᠎ᠡ᠃        ᠠᠷᠪᠠ ᠶᠢᠰᠥᠳᠥᠭᠡᠷ ᠵᠥᠢᠯ ᠡᠯ᠎ᠡ ᠱᠠᠲᠣᠨ ᠤ ᠲᠥᠷᠥ ᠶᠢᠨ ᠪᠠᠶᠢᠭᠤᠯᠭ᠎ᠠ᠂ ᠠᠷᠠᠳ ᠤᠨ ᠪᠥᠯᠬᠦᠮ ᠪᠣᠯᠣᠨ ᠠᠵᠢᠯ ᠥᠢᠯᠡᠰ ᠤᠨ ᠨᠢᠭᠡᠴᠢ ᠨᠦᠭᠦᠳ ᠲᠣᠮᠣ ᠴᠢᠬᠤᠯᠠ ᠬᠤᠷᠠᠯ ᠴᠣᠭᠯᠠᠭᠠᠨ ᠳᠠᠭᠠᠨ ᠮᠣᠩᠭᠤᠯ ᠬᠢᠲᠠᠳ ᠬᠤᠶᠠᠷ ᠲᠥᠷᠥᠯ ᠤᠨ ᠥᠭᠡ ᠬᠡᠯᠡ ᠥᠰᠥᠭ ᠪᠢᠴᠢᠭ ᠢ ᠬᠡᠷᠡᠭᠯᠡᠬᠦ ᠬᠡᠷᠡᠭᠲᠡᠢ᠃ ᠡᠩ ᠤᠨ ᠬᠤᠷᠠᠯ ᠴᠣᠭᠯᠠᠭᠠᠨ ᠳᠤ ᠣᠷᠣᠯᠴᠠᠭᠴᠢᠳ ᠤᠨ ᠪᠠᠶᠢᠳᠠᠯ ᠳᠤ ᠥᠨᠳᠥᠰᠣᠯᠡᠵᠣ ᠮᠣᠩᠭᠤᠯ ᠬᠢᠲᠠᠳ ᠬᠤᠶᠠᠷ ᠲᠥᠷᠥᠯ ᠤᠨ ᠥᠭᠡ ᠬᠡᠯᠡ ᠥᠰᠥᠭ ᠪᠢᠴᠢᠭ ᠢ ᠬᠡᠷᠡᠭᠯᠡᠬᠦ ᠬᠡᠷᠡᠭᠲᠡᠢ᠃        ᠬᠤᠷᠢᠳᠣᠭᠠᠷ ᠵᠥᠢᠯ ᠡᠯ᠎ᠡ ᠱᠠᠳᠣᠨ ᠤ ᠬᠠᠥᠯᠢ ᠴᠠᠭᠠᠵᠠ ᠶᠢᠨ ᠪᠠᠶᠢᠭᠤᠯᠣᠯᠭ᠎ᠠ ᠨᠤᠭᠤᠳ ᠬᠠᠥᠯᠢ ᠴᠠᠭᠠᠵᠠ ᠶᠢᠨ ᠠᠵᠢᠯᠯᠠᠭᠠᠨ ᠳᠠᠭᠠᠨ ᠥᠨᠳᠥᠰᠥᠲᠡᠨ ᠨᠦᠭᠦᠳ ᠤᠨ ᠠᠷᠠᠳ ᠢᠷᠭᠡᠳ ᠤᠨ ᠮᠣᠩᠭᠤᠯ ᠥᠭᠡ ᠬᠡᠯᠡ ᠥᠰᠥᠭ ᠪᠢᠴᠢᠭ ᠢᠶᠠᠷ ᠵᠠᠷᠭᠤᠯᠳᠣᠬᠤ ᠡᠷᠬᠡ ᠮᠡᠳᠡᠯ ᠢ ᠪᠠᠲᠣᠯᠠᠬᠤ ᠬᠡᠷᠡᠭᠲᠡᠢ᠃        ᠬᠤᠷᠢᠨ ᠨᠢᠭᠡᠳᠥᠭᠡᠷ ᠵᠥᠢᠯ ᠡᠯ᠎ᠡ ᠱᠠᠲᠣᠨ ᠤ ᠵᠠᠬᠢᠳᠠᠯ ᠰᠣᠷᠪᠣᠯᠵᠢᠯᠠᠭ᠎ᠠ ᠶᠢᠨ ᠰᠠᠯᠠᠭ᠎ᠠ ᠮᠥᠴᠢᠷ ᠮᠣᠩᠭᠤᠯ ᠥᠭᠡ ᠬᠡᠯᠡ ᠥᠰᠥᠭ ᠪᠢᠴᠢᠭ ᠬᠡᠷᠡᠭᠯᠡᠭᠴᠢ ᠣᠯᠠᠨ ᠲᠥᠮᠡᠨ ᠤ ᠵᠠᠬᠢᠳᠠᠯ ᠰᠥᠷᠪᠣᠯᠵᠢᠯᠠᠭ᠎ᠠ ᠶᠢ ᠮᠣᠩᠭᠤᠯ ᠥᠭᠡ ᠬᠡᠯᠡ ᠥᠰᠥᠭ ᠪᠢᠴᠢᠭ ᠢᠶᠠᠷ ᠬᠦᠯᠢᠶᠡᠨ ᠠᠪᠴᠣ ᠰᠢᠢᠳᠪᠣᠷᠢᠯᠠᠬᠦ ᠬᠡᠷᠡᠭᠲᠡᠢ᠃        ᠬᠤᠷᠢᠨ ᠬᠤᠶᠠᠳᠣᠭᠠᠷ ᠵᠥᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠠᠬᠢ ᠨᠡᠶᠢᠭᠡᠮ ᠤᠨ ᠦᠩᠭᠡᠨ ᠬᠡᠷᠡᠭᠯᠡᠭᠡᠨ ᠤ ᠥᠰᠥᠭ ᠪᠢᠴᠢᠭ ᠲᠤ ᠮᠣᠩᠭᠤᠯ ᠬᠢᠲᠠᠳ ᠬᠤᠶᠠᠷ ᠲᠥᠷᠥᠯ ᠤᠨ ᠥᠰᠥᠭ ᠪᠢᠴᠢᠭ ᠢ ᠵᠡᠷᠭᠡ ᠪᠠᠷ ᠬᠡᠷᠡᠭᠯᠡᠬᠦ ᠬᠡᠷᠡᠭᠲᠡᠢ᠃ ᠨᠡᠶᠢᠭᠡᠮ ᠤᠨ ᠦᠩᠭᠡᠨ ᠬᠡᠷᠡᠭᠯᠡᠭᠡᠨ ᠤ ᠥᠰᠥᠭ ᠪᠢᠴᠢᠭ ᠤᠨ ᠪᠣᠲᠠᠲᠠᠢ ᠬᠠᠮᠢᠶᠠᠷᠥᠯᠲᠠ ᠶᠢᠨ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠲᠣᠭᠲᠠᠭᠠᠨ᠎ᠠ᠃        ᠬᠤᠷᠢᠨ ᠭᠤᠷᠪᠠᠳᠣᠭᠠᠷ ᠵᠥᠢᠯ ᠨᠡᠶᠢᠲᠡ ᠶᠢᠨ ᠥᠢᠯᠡᠴᠢᠯᠡᠭᠡᠨ ᠤ ᠠᠵᠢᠯ ᠲᠦᠷᠥᠯ ᠤᠨ ᠬᠢᠨ ᠮᠣᠩᠭᠤᠯ ᠥᠭᠡ ᠬᠡᠯᠡ ᠥᠰᠥᠭ ᠪᠢᠴᠢᠭ ᠬᠡᠷᠡᠭᠯᠡᠭᠴᠢ ᠠᠷᠠᠳ ᠢᠷᠭᠡᠳ ᠲᠤ ᠥᠢᠯᠡᠴᠢᠯᠡᠬᠦ ᠳᠡᠭᠡᠨ ᠮᠣᠩᠭᠤᠯ ᠥᠭᠡ ᠬᠡᠯᠡ ᠥᠰᠥᠭ ᠪᠢᠴᠢᠭ ᠬᠡᠷᠡᠭᠯᠡᠬᠦ ᠬᠡᠷᠡᠭᠲᠡᠢ᠃        ᠬᠤᠷᠢᠨ ᠲᠥᠷᠪᠡᠳᠥᠭᠡᠷ ᠵᠥᠢᠯ ᠡᠯ᠎ᠡ ᠱᠠᠲᠣᠨ ᠤ ᠲᠦᠷᠥ ᠶᠢᠨ ᠪᠠᠶᠢᠭᠤᠯᠣᠯᠭ᠎ᠠ᠂ ᠠᠷᠠᠳ ᠤᠨ ᠪᠥᠯᠬᠦᠮ ᠪᠣᠯᠣᠨ ᠠᠵᠢᠯ ᠥᠢᠯᠡᠰ ᠤᠨ ᠨᠢᠭᠡᠴᠢ ᠨᠦᠭᠦᠳ ᠮᠣᠩᠭᠤᠯ ᠬᠢᠲᠠᠳ ᠬᠤᠶᠠᠷ ᠲᠥᠷᠥᠯ ᠤᠨ ᠥᠭᠡ ᠬᠡᠯᠡ ᠥᠰᠥᠭ ᠪᠢᠴᠢᠭ ᠢ ᠵᠡᠷᠭᠡ ᠪᠠᠷ ᠡᠵᠡᠮᠰᠢᠭᠰᠡᠨ ᠠᠵᠢᠯᠲᠠᠨ ᠢ ᠵᠣᠬᠢᠰᠲᠠᠢ ᠲᠣᠬᠢᠷᠠᠭᠤᠯᠬᠤ ᠬᠡᠷᠡᠭᠲᠡᠢ᠃        ᠬᠤᠷᠢᠨ ᠲᠠᠪᠣᠳᠣᠭᠠᠷ ᠵᠥᠢᠯ ᠡᠯ᠎ᠡ ᠱᠠᠲᠣᠨ ᠤ ᠲᠦᠷᠥ ᠶᠢᠨ ᠪᠠᠶᠢᠭᠤᠯᠭ᠎ᠠ᠂ ᠠᠷᠠᠳ ᠤᠨ ᠪᠥᠯᠬᠦᠮ ᠪᠣᠯᠣᠨ ᠠᠵᠣ ᠠᠬᠤᠢᠢᠯᠠᠯ ᠤᠨ ᠨᠢᠭᠡᠴᠢ ᠨᠦᠭᠦᠳ ᠲᠦᠷᠥ ᠶᠢᠨ ᠠᠯᠪᠠᠲᠠᠨ ᠡᠯᠰᠡᠬᠦ᠂ ᠰᠢᠯᠢᠵᠣ ᠲᠡᠪᠰᠢᠭᠦᠯᠬᠦ ᠪᠣᠯᠣᠨ ᠠᠵᠢᠯᠲᠠᠨ ᠣᠷᠢᠵᠣ ᠬᠡᠷᠡᠭᠯᠡᠬᠦ᠂ ᠲᠣᠰᠬᠠᠢ ᠮᠡᠷᠭᠡᠵᠢᠯ ᠤᠨ ᠲᠣᠰᠢᠶᠠᠯ ᠤᠨ ᠴᠣᠯᠠ ᠲᠡᠪᠰᠢᠬᠦ ᠵᠡᠷᠭᠡ ᠡᠯ᠎ᠡ ᠵᠥᠢᠯ ᠤᠨ ᠰᠢᠯᠭᠠᠯᠲᠠ ᠳᠤ ᠮᠣᠩᠭᠤᠯ ᠢᠶᠠᠷ ᠰᠢᠯᠭᠠᠯᠲᠠ ᠶᠢᠨ ᠰᠡᠳᠥᠪ ᠬᠠᠨᠭ᠍ᠭᠠᠬᠤ ᠬᠡᠷᠡᠭᠲᠡᠢ ᠪᠦᠭᠡᠳ ᠰᠢᠯᠭᠠᠭᠤᠯᠤᠭᠴᠢ ᠮᠣᠩᠭᠤᠯ ᠥᠭᠡ ᠬᠡᠯᠡ ᠥᠰᠥᠭ ᠪᠢᠴᠢᠭ ᠢᠶᠠᠷ ᠠᠮᠠᠨ ᠰᠢᠯᠭᠠᠯᠲᠠ ᠪᠣᠯᠣᠨ ᠪᠢᠴᠢᠭ ᠤᠨ ᠰᠢᠯᠭᠠᠯᠲᠠ ᠥᠭᠴᠦ ᠪᠣᠯᠣᠨ᠎ᠠ᠃ ᠠᠳᠠᠯᠢ ᠨᠥᠬᠦᠴᠡᠯ ᠳᠤ ᠮᠣᠩᠭᠤᠯ ᠬᠢᠲᠠᠳ ᠬᠤᠶᠠᠷ ᠲᠥᠷᠥᠯ ᠤᠨ ᠥᠭᠡ ᠬᠡᠯᠡ ᠥᠰᠥᠭ ᠪᠢᠴᠢᠭ ᠢ ᠵᠡᠷᠭᠡ ᠪᠠᠷ ᠡᠵᠡᠮᠰᠢᠭᠰᠡᠳ ᠢ ᠬᠠᠷᠠᠭᠠᠯᠵᠠᠨ ᠡᠯᠰᠡᠨ᠎ᠡ᠃        ᠬᠤᠷᠢᠨ ᠵᠢᠷᠭᠤᠳᠣᠭᠠᠷ ᠵᠥᠢᠯ ᠷᠢᠳᠢᠣ᠋᠂ ᠲᠧᠯᠧᠢᠰ᠂ ᠺᠢᠨᠣ᠋ ᠶᠢᠨ ᠪᠠᠶᠢᠭᠤᠯᠣᠮᠵᠢ ᠨᠤᠭᠤᠳ ᠮᠣᠩᠭᠤᠯ ᠬᠡᠯᠡ ᠪᠠᠷ ᠠᠵᠢᠯᠯᠠᠬᠤ ᠠᠵᠢᠯᠲᠠᠨ ᠤ ᠡᠩᠨᠡᠭᠡᠨ ᠤ ᠪᠠᠶᠢᠭᠤᠯᠣᠯᠲᠠ ᠶᠢ ᠴᠢᠩᠭᠠᠳᠬᠠᠵᠣ᠂ ᠣᠯᠠᠨ ᠲᠥᠮᠡᠨ ᠤ ᠱᠠᠭᠠᠷᠳᠠᠯᠭ᠎ᠠ ᠶᠢ ᠬᠠᠨᠭ᠍ᠭᠠᠭᠰᠠᠨ ᠡᠯᠪᠡᠭ ᠪᠠᠶᠠᠯᠢᠭ ᠠᠭᠤᠯᠭ᠎ᠠ ᠪᠦᠬᠦᠢ ᠮᠣᠩᠭᠤᠯ ᠬᠡᠯᠡᠨ ᠤ ᠫᠷᠣᠭ᠍ᠷᠠᠮ ᠪᠣᠯᠣᠨ ᠺᠢᠨᠣ᠋ ᠲᠧᠯᠧᠢᠰ ᠪᠦᠳᠥᠭᠡᠯ ᠨᠠᠶᠢᠷᠠᠭᠤᠯᠣᠨ ᠥᠢᠯᠡᠳᠬᠦ ᠬᠡᠷᠡᠭᠲᠡᠢ ᠪᠦᠭᠡᠳ ᠨᠡᠪᠲᠡᠷᠡᠭᠦᠯᠬᠦ ᠴᠠᠭ ᠪᠣᠯᠣᠨ ᠣᠳᠠᠭ᠎ᠠ ᠶᠢ ᠨᠡᠮᠡᠭᠳᠡᠭᠦᠯᠬᠦ ᠬᠡᠷᠡᠭᠲᠡᠢ᠃ ᠡᠯ᠎ᠡ ᠱᠠᠲᠣᠨ ᠤ ᠣᠷᠠᠯᠢᠭ ᠤᠨ ᠪᠦᠯᠬᠦᠮ ᠮᠣᠩᠭᠤᠯ ᠬᠡᠯᠡᠨ ᠤ ᠣᠷᠠᠨ ᠰᠠᠶᠢᠬᠠᠨ ᠤ ᠫᠷᠣᠭ᠍ᠷᠠᠮ ᠢ ᠨᠡᠮᠡᠭᠳᠡᠭᠦᠯᠬᠦ ᠬᠡᠷᠡᠭᠲᠡᠢ᠃        ᠬᠤᠷᠢᠨ ᠲᠣᠯᠣᠳᠣᠭᠠᠷ ᠵᠥᠢᠯ ᠡᠯ᠎ᠡ ᠱᠠᠲᠣᠨ ᠤ ᠠᠷᠠᠳ ᠤᠨ ᠵᠠᠰᠠᠭ ᠤᠨ ᠣᠷᠳᠣᠨ ᠮᠣᠩᠭᠤᠯ ᠵᠢᠭᠠᠬᠤ ᠮᠠᠲ᠋ᠧᠷᠢᠶᠠᠯ᠂ ᠬᠢᠴᠢᠶᠡᠯ ᠤᠨ ᠭᠠᠳᠠᠨᠠᠬᠢ ᠣᠡᠭᠰᠢᠬᠤ ᠪᠢᠴᠢᠭ᠂ ᠳᠠᠭᠤ ᠲᠥᠷᠰᠣ ᠰᠢᠩᠭᠡᠭᠡᠯᠲᠡ ᠶᠢᠨ ᠥᠢᠯᠡᠳᠭᠦᠨ᠂ ᠮᠣᠩᠭᠤᠯ ᠰᠣᠨᠢᠨ ᠰᠡᠳᠭᠦᠯ ᠬᠡᠪᠯᠡᠭᠦᠯᠥᠨ ᠲᠠᠷᠬᠠᠭᠠᠬᠤ ᠠᠵᠢᠯ ᠪᠣᠯᠣᠨ ᠮᠣᠩᠭᠤᠯ ᠨᠧᠲ ᠥᠷᠲᠡᠭᠡᠨ ᠤ ᠪᠠᠶᠢᠭᠤᠯᠣᠯᠲᠠ ᠶᠢ ᠲᠡᠳᠭᠦᠨ ᠲᠡᠮᠵᠢᠬᠦ ᠬᠡᠷᠭᠲᠡᠢ᠃ ᠡᠯ᠎ᠡ ᠱᠠᠲᠣᠨ ᠤ ᠵᠠᠰᠠᠭ ᠤᠨ ᠣᠷᠳᠣᠨ ᠣᠯᠠᠨ ᠵᠥᠢᠯ ᠤᠨ ᠲᠠᠷᠬᠠᠭᠠᠯᠲᠠ ᠶᠢᠨ ᠵᠠᠮ ᠨᠡᠭᠡᠭᠡᠵᠣ᠂ ᠬᠤᠳᠠᠯᠳᠣᠭᠠᠨ ᠤ ᠪᠣᠯᠣᠨ ᠬᠠᠨᠭ᠍ᠭᠠᠨ ᠪᠣᠷᠣᠯᠠᠭᠤᠯᠬᠤ ᠵᠡᠷᠭᠡ ᠪᠠᠶᠢᠭᠤᠯᠣᠮᠵᠢ ᠮᠣᠩᠭᠤᠯ ᠨᠣᠮ ᠪᠢᠴᠢᠭ ᠣᠷᠣᠯᠠᠨ ᠪᠤᠷᠤᠯᠠᠭᠤᠯᠬᠤ ᠶᠢ ᠬᠦᠬᠢᠭᠦᠯᠦᠨ ᠵᠤᠷᠢᠭᠵᠢᠭᠤᠯᠵᠤ᠂ ᠬᠠᠮᠲᠣ ᠨᠡᠶᠢᠲᠡ ᠪᠣᠯᠣᠨ ᠬᠤᠪᠢ ᠬᠦᠮᠥᠨ ᠮᠣᠩᠭᠤᠯ ᠨᠣᠮ ᠤᠨ ᠳᠡᠯᠭᠡᠭᠦᠷ ᠡᠷᠬᠢᠯᠡᠬᠦ ᠶᠢ ᠰᠠᠨᠠᠭᠠᠴᠢᠯᠠᠬᠤ ᠶᠢᠨ ᠬᠠᠮᠲᠣ ᠲᠦᠷᠦ ᠶᠢᠨ ᠪᠣᠳᠣᠯᠭ᠎ᠠ ᠶᠢᠨ ᠬᠠᠷᠠᠭᠠᠯᠵᠠᠯ ᠥᠵᠡᠭᠦᠯᠬᠦ ᠬᠡᠷᠡᠭᠲᠡᠢ᠃ ᠡᠯ᠎ᠡ ᠱᠠᠲᠣᠨ ᠤ ᠰᠢᠨᠬᠤᠸᠠ ᠨᠣᠮ ᠤᠨ ᠲᠡᠯᠭᠡᠭᠦᠷ ᠮᠣᠩᠭᠤᠯ ᠨᠣᠮ ᠪᠢᠴᠢᠭ ᠲᠠᠷᠬᠠᠭᠠᠬᠤ ᠠᠵᠢᠯ ᠢ ᠰᠠᠶᠢᠳᠣᠷ ᠬᠢᠬᠦ ᠬᠡᠷᠡᠭᠲᠡᠢ ᠪᠦᠭᠡᠳ ᠮᠣᠩᠭᠤᠯ ᠨᠣᠮ ᠬᠤᠳᠠᠯᠳᠣᠬᠤ ᠲᠣᠰᠬᠠᠢ ᠯᠠᠩᠭᠦᠢ ᠭᠠᠷᠭᠠᠬᠤ ᠬᠡᠷᠡᠭᠲᠡᠢ᠃        ᠬᠤᠷᠢᠨ ᠨᠠᠢᠮᠠᠳᠣᠭᠠᠷ ᠵᠥᠢᠯ ᠡᠯ᠎ᠡ ᠱᠠᠲᠣᠨ ᠤ ᠠᠷᠠᠳ ᠤᠨ ᠵᠠᠰᠠᠭ ᠤᠨ ᠣᠷᠳᠣᠨ ᠮᠣᠩᠭᠤᠯ ᠷᠠᠳᠢᠣ᠋᠂ ᠺᠢᠨᠣ᠋᠂ ᠰᠣᠨᠢᠨ ᠰᠡᠳᠬᠦᠯ᠂ ᠨᠣᠮ ᠪᠢᠴᠢᠭ ᠤᠨ ᠬᠡᠪᠯᠡᠯ᠂ ᠨᠧᠲ ᠥᠷᠲᠡᠭᠡᠨ ᠤ ᠪᠡᠯᠡ ᠤᠷᠤᠭᠤᠯᠤᠯᠳᠠ ᠪᠣᠯᠣᠨ ᠨᠥᠬᠦᠪᠥᠷᠢ ᠮᠦᠩᠭᠦ ᠪᠠᠨ ᠵᠢᠯ ᠲᠠᠷᠠᠭᠠᠯᠠᠨ ᠨᠡᠮᠡᠭᠳᠡᠭᠦᠯᠬᠦ ᠬᠡᠷᠡᠭᠲᠡᠢ᠃        ᠬᠤᠷᠢᠨ ᠶᠢᠰᠥᠳᠥᠭᠡᠷ ᠵᠥᠢᠯ ᠮᠣᠩᠭᠤᠯᠴᠣᠳ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠥᠨᠳᠥᠰᠥᠨ ᠱᠠᠲᠣᠨ ᠤ ᠰᠣᠶᠣᠯ ᠤᠨ ᠥᠷᠲᠡᠭᠡ ᠪᠣᠯᠣᠨ ᠨᠣᠮ ᠤᠨ ᠥᠷᠥᠭᠡ ᠮᠤᠩᠭᠤᠯ ᠨᠣᠮ ᠪᠢᠴᠢᠭ᠂ ᠰᠣᠨᠢᠨ ᠰᠡᠳᠭᠦᠯ ᠬᠠᠨᠭ᠍ᠭᠠᠵᠣ᠂ ᠮᠣᠩᠭᠤᠯ ᠺᠢᠨᠣ᠋ ᠲᠧᠯᠸᠢᠰ ᠤᠨ ᠪᠥᠲᠦᠭᠡᠯ ᠲᠠᠯᠪᠢᠵᠣ ᠰᠣᠨᠢᠷᠬᠠᠭᠤᠯᠬᠤ ᠬᠡᠷᠡᠭᠲᠡᠢ᠃                ᠲᠥᠷᠪᠡᠳᠥᠭᠡᠷ ᠪᠥᠯᠥᠭ ᠰᠢᠨᠵᠢᠯᠡᠬᠦ ᠣᠬᠠᠭᠠᠨ ᠤ ᠰᠣᠳᠣᠯᠥᠯᠲᠠ ᠪᠠ ᠲᠥᠷᠢᠮᠵᠢᠯᠡᠯ᠂ ᠪᠠᠷᠢᠮᠵᠢᠶᠠᠵᠢᠯ        ᠭᠤᠴᠢᠳᠣᠭᠠᠷ ᠵᠥᠢᠯ ᠮᠣᠩᠭᠤᠯ ᠥᠭᠡ ᠬᠡᠯᠡ ᠥᠰᠥᠭ ᠪᠢᠴᠢᠭ ᠤᠨ ᠰᠢᠨᠵᠢᠯᠡᠬᠦ ᠣᠬᠠᠭᠠᠨ ᠤ ᠰᠣᠳᠣᠯᠣᠯ ᠳᠤ ᠥᠨᠳᠥᠰᠥᠨ ᠣᠨᠣᠯ ᠤᠨ ᠰᠤᠳᠤᠯᠤᠯᠳᠠ ᠪᠣᠯᠣᠨ ᠬᠡᠷᠡᠭᠯᠡᠭᠡᠨ ᠤ ᠤᠨᠤᠯ ᠤᠨ ᠰᠣᠳᠣᠯᠣᠯ ᠢ ᠵᠡᠷᠭᠡ ᠪᠠᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠵᠣ᠂ ᠮᠣᠩᠭᠤᠯ ᠥᠭᠡ ᠬᠡᠯᠡ ᠥᠰᠥᠭ ᠪᠢᠴᠢᠭ ᠤᠨ ᠰᠤᠷᠤᠯᠴᠠᠯᠭ᠎ᠠ ᠬᠡᠷᠡᠭᠯᠡᠭᠡ ᠪᠣᠯᠣᠨ ᠬᠥᠭᠵᠢᠯᠲᠡ ᠶᠢ ᠠᠬᠢᠭᠤᠯᠬᠤ ᠬᠡᠷᠡᠭᠲᠡᠢ᠃        ᠭᠤᠴᠢᠨ ᠨᠢᠭᠡᠳᠥᠭᠡᠷ ᠵᠥᠢᠯ ᠡᠯ᠎ᠡ ᠱᠠᠲᠣᠨ ᠤ ᠠᠷᠠᠳ ᠤᠨ ᠵᠠᠰᠠᠭ ᠤᠨ ᠣᠷᠳᠣᠨ ᠮᠣᠩᠭᠤᠯ ᠬᠡᠯᠡ ᠪᠢᠴᠢᠭ ᠤᠨ ᠰᠢᠨᠵᠢᠯᠡᠬᠦ ᠣᠬᠠᠭᠠᠨ ᠤ ᠰᠣᠳᠣᠯᠣᠯ ᠤᠨ ᠠᠵᠢᠯ ᠳᠠᠬᠢ ᠣᠳᠣᠷᠢᠳᠥᠯᠭ᠎ᠠ ᠪᠠᠨ ᠴᠢᠩᠭᠠᠳᠬᠠᠵᠣ᠂ ᠭᠤᠣᠯᠳᠠᠯᠭ᠎ᠠ ᠲᠠᠢ ᠰᠣᠳᠣᠯᠭᠠᠨ ᠤ ᠲᠥᠷᠥᠯ ᠵᠥᠢᠯ ᠢ ᠨᠢᠭᠡᠳᠥᠯᠲᠡᠢ ᠲᠣᠬᠢᠷᠠᠭᠤᠯᠵᠣ᠂ ᠨᠢᠭᠡᠳᠥᠯᠲᠡᠢ ᠬᠠᠮᠢᠶᠠᠷᠬᠤ ᠬᠡᠷᠡᠭᠲᠡᠢ ᠪᠦᠭᠡᠳ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠣᠬᠠᠭᠠᠨ ᠤ ᠰᠣᠳᠣᠯᠭᠠᠨ ᠤ ᠲᠥᠯᠥᠪᠵᠢᠭᠦᠯᠭᠡ ᠳᠤ ᠣᠷᠣᠭᠤᠯᠵᠣ᠂ ᠲᠣᠰᠬᠠᠢ ᠵᠠᠷᠣᠳᠠᠯ ᠥᠭᠴᠦ ᠳᠡᠮᠵᠢᠬᠦ ᠬᠡᠷᠡᠭᠲᠡᠢ᠃ ᠮᠣᠩᠭᠤᠯ ᠥᠭᠡ ᠬᠡᠯᠡ ᠥᠰᠥᠭ ᠪᠢᠴᠢᠭ ᠤᠨ ᠡᠷᠳᠡᠮ ᠰᠢᠨᠵᠢᠯᠡᠭᠡᠨ ᠤ ᠪᠠᠶᠢᠭᠤᠯᠣᠮᠵᠢ ᠪᠣᠯᠣᠨ ᠬᠤᠯᠪᠣᠭᠲᠠᠯ ᠪᠥᠬᠦᠢ ᠲᠡᠭᠡᠳᠦ ᠰᠣᠷᠭᠠᠭᠤᠯᠢ ᠨᠤᠭᠤᠳ ᠮᠣᠩᠭᠤᠯ ᠥᠭᠡ ᠬᠡᠯᠡ ᠥᠰᠥᠭ ᠪᠢᠴᠢᠭ ᠤᠨ ᠡᠷᠳᠡᠮ ᠰᠢᠨᠵᠢᠯᠡᠭᠡᠨ ᠤ ᠠᠵᠢᠯᠲᠠᠨ ᠢ ᠲᠥᠯᠥᠪᠯᠡᠭᠡ ᠲᠠᠢ ᠬᠥᠮᠥᠵᠢᠭᠦᠯᠵᠣ᠂ ᠮᠣᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠠᠵᠢᠯᠲᠠᠨ ᠤ ᠡᠩᠨᠡᠭᠡ ᠶᠢ ᠲᠠᠰᠣᠷᠠᠯᠲᠠ ᠥᠭᠡᠢ ᠦᠷᠭᠡᠵᠢᠭᠦᠯᠬᠦ ᠬᠡᠷᠡᠭᠲᠡᠢ᠃        ᠭᠤᠴᠢᠨ ᠬᠤᠶᠠᠳᠣᠭᠠᠷ ᠵᠥᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠥᠭᠡ ᠬᠡᠯᠡ ᠥᠰᠥᠭ ᠪᠢᠴᠢᠭ ᠤᠨ ᠠᠵᠢᠯ ᠤᠨ ᠪᠠᠶᠢᠭᠤᠯᠣᠮᠵᠢ ᠮᠣᠩᠭᠤᠯ ᠬᠡᠯᠡ ᠪᠢᠴᠢᠭ ᠤᠨ ᠲᠥᠷᠢᠮᠵᠢᠯ᠂ ᠪᠠᠷᠢᠮᠵᠢᠶᠠᠵᠢᠯ ᠪᠣᠯᠣᠨ ᠮᠡᠳᠡᠭᠡ ᠵᠠᠩᠭᠢᠴᠢᠯᠠᠯᠲᠠ ᠶᠢᠨ ᠠᠵᠢᠯ ᠢ ᠴᠢᠩᠭᠠᠳᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠥᠭᠡ ᠬᠡᠯᠡ ᠥᠰᠥᠭ ᠪᠢᠴᠢᠭ ᠤᠨ ᠠᠵᠢᠯ ᠤᠨ ᠪᠠᠶᠢᠭᠤᠯᠣᠮᠵᠢ ᠮᠣᠩᠭᠤᠯ ᠬᠡᠯᠡᠨ ᠤ ᠬᠢᠷᠢ ᠬᠡᠮ ᠤᠨ ᠰᠢᠯᠭᠠᠯᠲᠠ ᠶᠢ ᠵᠣᠬᠢᠶᠠᠨ ᠪᠠᠶᠢᠭᠤᠯᠵᠣ᠂ ᠮᠣᠩᠭᠤᠯ ᠬᠡᠯᠡ ᠪᠠᠷ ᠠᠵᠢᠯᠯᠠᠳᠠᠭ ᠠᠵᠢᠯᠲᠠᠳ ᠲᠤ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠪᠣᠯᠪᠠᠰᠣᠷᠠᠯ ᠪᠣᠯᠣᠨ ᠰᠢᠯᠭᠠᠯᠲᠠ ᠬᠢᠬᠦ ᠬᠡᠷᠡᠭᠲᠡᠢ᠃        ᠭᠤᠴᠢᠨ ᠭᠤᠷᠪᠠᠳᠣᠭᠠᠷ ᠵᠥᠢᠯ ᠡᠯ᠎ᠡ ᠱᠠᠲᠣᠨ ᠤ ᠠᠷᠠᠳ ᠤᠨ ᠵᠠᠰᠠᠭ ᠤᠨ ᠣᠷᠳᠣᠨ ᠮᠣᠩᠭᠤᠯ ᠥᠭᠡ ᠬᠡᠯᠡ ᠥᠰᠥᠭ ᠪᠢᠴᠢᠭ ᠤᠨ ᠰᠣᠶᠣᠯ ᠤᠨ ᠥᠪ ᠢ ᠬᠠᠮᠠᠭᠠᠯᠠᠬᠤ ᠠᠵᠢᠯ ᠢ ᠴᠢᠩᠭᠠᠳᠬᠠᠵᠣ᠂ ᠮᠣᠩᠭᠤᠯ ᠡᠷᠳᠡᠨ ᠤ ᠨᠣᠮ ᠪᠢᠴᠢᠭ ᠢ ᠠᠪᠣᠷᠠᠬᠤ᠂ ᠴᠣᠭᠯᠠᠭᠤᠯᠬᠤ᠂ ᠡᠮᠬᠢᠯᠡᠬᠦ᠂ ᠬᠡᠪᠯᠡᠭᠦᠯᠬᠦ ᠠᠵᠢᠯ ᠢ ᠰᠠᠶᠢᠳᠣᠷ ᠬᠢᠬᠦ ᠬᠡᠷᠡᠭᠲᠡᠢ᠃        ᠭᠤᠴᠢᠨ ᠲᠥᠷᠪᠡᠳᠥᠭᠡᠷ ᠵᠥᠢᠯ ᠡᠯ᠎ᠡ ᠱᠠᠲᠣᠨ ᠤ ᠵᠠᠰᠠᠭ ᠤᠨ ᠣᠷᠳᠣᠨ ᠮᠣᠩᠭᠤᠯ ᠥᠭᠡ ᠬᠡᠯᠡ ᠥᠰᠥᠭ ᠪᠢᠴᠢᠭ ᠤᠨ ᠭᠠᠵᠠᠷ ᠣᠷᠣᠨ ᠰᠣᠨᠳᠠᠯᠠᠭᠰᠠᠨ ᠬᠠᠮᠵᠢᠯᠴᠠᠭ᠎ᠠ ᠪᠣᠯᠣᠨ ᠣᠯᠥᠰ ᠬᠤᠭᠤᠷᠣᠨᠳᠣ ᠶᠢᠨ ᠰᠣᠯᠢᠯᠴᠠᠭ᠎ᠠ ᠪᠠᠨ ᠴᠢᠩᠭᠠᠳᠬᠠᠬᠤ ᠬᠡᠷᠡᠭᠲᠡᠢ᠃                ᠲᠠᠪᠤᠳᠤᠭᠠᠷ ᠪᠦᠯᠦᠭ ᠬᠠᠥᠯᠢ ᠴᠠᠭᠠᠵᠠ ᠶᠢᠨ ᠬᠠᠷᠢᠭᠤᠴᠠᠯᠭ᠎ᠠ        ᠭᠤᠴᠢᠨ ᠲᠠᠪᠣᠳᠣᠭᠠᠷ ᠵᠥᠢᠯ ᠲᠣᠰ ᠲᠥᠷᠢᠮ ᠤᠨ ᠠᠷᠪᠠᠨ ᠵᠢᠷᠭᠤᠳᠣᠭᠠᠷ ᠵᠥᠢᠯ ᠤᠨ ᠲᠣᠭᠲᠠᠭᠠᠯ ᠢ ᠵᠥᠷᠢᠴᠡᠪᠡᠯ ᠬᠤᠯᠪᠣᠭᠳᠠᠯ ᠪᠥᠬᠦᠢ ᠰᠠᠯᠠᠭ᠎ᠠ ᠮᠥᠴᠢᠷ ᠠᠴᠠ ᠰᠢᠭᠤᠳ ᠬᠠᠷᠢᠭᠤᠴᠠᠯᠭ᠎ᠠ ᠪᠥᠬᠦᠢ ᠭᠤᠣᠯ ᠬᠠᠮᠢᠶᠠᠷᠣᠭᠴᠢ ᠪᠣᠯᠣᠨ ᠰᠢᠭᠤᠳ ᠬᠠᠷᠢᠭᠤᠴᠠᠯᠭ᠎ᠠ ᠪᠥᠬᠦᠢ ᠪᠣᠰᠣᠳ ᠬᠥᠮᠥᠰ ᠲᠤ ᠬᠠᠥᠯᠢ ᠶᠣᠰᠣᠭᠠᠷ ᠵᠠᠰᠠᠭ ᠵᠠᠬᠢᠷᠭᠠᠨ ᠤ ᠰᠢᠢᠳᠭᠡᠯ ᠣᠯᠭᠤᠨ᠎ᠠ᠃        ᠭᠤᠴᠢᠨ ᠵᠢᠷᠭᠤᠳᠣᠭᠠᠷ ᠵᠥᠢᠯ ᠲᠣᠰ ᠲᠥᠷᠢᠮ ᠤᠨ ᠬᠤᠷᠢᠨ ᠵᠢᠷᠭᠤᠳᠣᠭᠠᠷ ᠵᠥᠢᠯ ᠤᠨ ᠨᠡᠭᠡᠳᠥᠭᠡᠷ ᠪᠠᠳᠠᠭ ᠤᠨ ᠲᠣᠭᠲᠠᠭᠠᠯ ᠢ ᠵᠥᠷᠢᠴᠡᠪᠡᠯ ᠬᠤᠰᠢᠭᠤ ᠰᠢᠶᠠᠨ ᠤ ᠱᠠᠲᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠮᠣᠩᠭᠤᠯ ᠥᠭᠡ ᠬᠡᠯᠡ ᠥᠰᠥᠭ ᠪᠢᠴᠢᠭ ᠤᠨ ᠠᠵᠢᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠵᠠᠷᠯᠢᠭᠳᠠᠵᠣ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ᠃ ᠬᠢᠵᠠᠭᠠᠷᠯᠠᠭᠰᠠᠨ ᠬᠤᠭᠤᠴᠠᠭᠠᠨ ᠳᠤ ᠥᠯᠥ ᠵᠠᠯᠠᠷᠠᠭᠤᠯᠣᠭᠴᠢᠳ ᠢ 300 ᠲᠥᠭᠦᠷᠢᠭ ᠠᠴᠠ ᠲᠡᠭᠡᠭᠰᠢᠬᠢ 2000 ᠲᠥᠭᠦᠷᠢᠭ ᠠᠴᠠ ᠲᠣᠷᠣᠭᠰᠢᠬᠢ ᠵᠣᠭᠤᠰ ᠢᠶᠠᠷ ᠲᠣᠷᠭᠤᠨ᠎ᠠ᠃        ᠭᠤᠴᠢᠨ ᠲᠣᠯᠣᠳᠣᠭᠠᠷ ᠵᠥᠢᠯ ᠲᠣᠰ ᠲᠥᠷᠢᠮ ᠤᠨ ᠪᠣᠰᠣᠳ ᠵᠥᠢᠯ ᠪᠠᠳᠠᠭ ᠤᠨ ᠲᠣᠭᠲᠠᠭᠠᠯ ᠤᠳ ᠵᠦᠷᠢᠴᠡᠪᠡᠯ ᠲᠡᠭᠡᠳᠦ ᠱᠠᠲᠣᠨ ᠤ ᠠᠷᠠᠳ ᠤᠨ ᠵᠠᠰᠠᠭ ᠤᠨ ᠣᠷᠳᠣᠨ ᠵᠠᠷᠯᠢᠭᠲᠠᠨ ᠵᠠᠯᠠᠷᠠᠭᠤᠯᠣᠨ᠎ᠠ᠃ ᠵᠠᠯᠠᠷᠠᠭᠤᠯᠬᠤ ᠶᠢ ᠳᠡᠪᠴᠢᠭᠰᠡᠳ ᠢ ᠡᠷᠬᠡᠪᠰᠢ ᠵᠠᠯᠬᠠᠭᠠᠨ ᠰᠢᠢᠳᠪᠥᠷᠢᠯᠡᠬᠦ ᠬᠡᠷᠡᠭᠲᠡᠢ᠃ ᠁        ᠭᠤᠴᠢᠨ ᠨᠠᠢᠮᠠᠳᠣᠭᠠᠷ ᠵᠥᠢᠯ ᠲᠥᠷᠦ ᠶᠢᠨ ᠪᠠᠶᠢᠭᠤᠯᠭ᠎ᠠ ᠶᠢᠨ ᠠᠵᠢᠯᠲᠠᠨ ᠡᠷᠬᠡ ᠲᠣᠰᠢᠶᠠᠯ ᠢᠶᠠᠨ ᠭᠥᠢᠴᠡᠳᠭᠡᠬᠦ ᠥᠶᠡᠰ ᠮᠣᠩᠭᠤᠯ ᠥᠭᠡ ᠬᠡᠯᠡ ᠥᠰᠥᠭ ᠪᠢᠴᠢᠭ ᠬᠡᠷᠡᠭᠯᠡᠬᠦ ᠬᠡᠷᠡᠭᠲᠡᠢ ᠪᠠᠶᠢᠲᠠᠯ᠎ᠠ ᠬᠡᠷᠡᠭᠯᠡᠭᠰᠡᠨ ᠥᠭᠡᠢ ᠪᠣᠶᠣ ᠠᠷᠠᠳ ᠢᠷᠭᠡᠳ ᠤᠨ ᠮᠣᠩᠭᠤᠯ ᠥᠭᠡ ᠬᠡᠯᠡ ᠥᠰᠥᠭ ᠪᠢᠴᠢᠭ ᠬᠡᠷᠡᠭᠯᠡᠬᠦ ᠶᠢ ᠬᠠᠷᠰᠢᠯᠠᠵᠣ᠂ ᠬᠥᠨᠳᠥ ᠨᠣᠴᠢᠲᠠᠢ ᠥᠷ᠎ᠡ ᠳ᠋ᠥᠡᠭ ᠭᠠᠷᠭᠠᠭᠰᠠᠨ ᠪᠠᠶᠢᠪᠠᠯ ᠬᠤᠯᠪᠣᠭᠳᠠᠯ ᠪᠥᠬᠦᠢ ᠰᠠᠯᠠᠭ᠎ᠠ ᠮᠥᠴᠢᠷ ᠠᠴᠠ ᠵᠠᠰᠠᠭ ᠵᠠᠬᠢᠷᠭᠠᠨ ᠤ ᠰᠢᠢᠳᠭᠡᠯ ᠣᠯᠭᠤᠨ᠎ᠠ᠃        ᠭᠤᠴᠢ ᠶᠢᠰᠥᠳᠥᠭᠡᠷ ᠵᠥᠢᠯ ᠬᠤᠰᠢᠭᠤ ᠰᠢᠶᠠᠨ ᠤ ᠱᠠᠲᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠮᠣᠩᠭᠤᠯ ᠥᠭᠡ ᠬᠡᠯᠡ ᠥᠰᠥᠭ ᠪᠢᠴᠢᠭ ᠤᠨ ᠠᠵᠢᠯ ᠤᠨ ᠪᠠᠶᠢᠭᠤᠯᠣᠮᠵᠢ ᠶᠢᠨ ᠠᠵᠢᠯᠲᠠᠨ ᠬᠢᠨᠠᠵᠣ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠠᠥᠯᠢ ᠶᠣᠰᠣ ᠪᠠᠷ ᠭᠥᠢᠴᠡᠳᠭᠡᠬᠦ ᠥᠭᠡᠢ ᠪᠣᠶᠣ ᠬᠠᠥᠯᠢ ᠪᠣᠰᠣ ᠠᠵᠢᠯᠯᠠᠭ᠎ᠠ ᠶᠢ ᠪᠠᠶᠢᠴᠠᠭᠠᠵᠣ ᠰᠢᠢᠳᠪᠥᠷᠢᠯᠡᠬᠦ ᠥᠭᠡᠢ ᠪᠣᠯ ᠬᠤᠯᠪᠣᠭᠳᠠᠯ ᠪᠥᠬᠦᠢ ᠰᠠᠯᠠᠭ᠎ᠠ ᠮᠥᠴᠢᠷ ᠠᠴᠠ ᠰᠢᠭᠤᠳ ᠬᠠᠷᠢᠭᠤᠴᠠᠯᠭ᠎ᠠ ᠪᠦᠬᠦᠢ ᠭᠤᠣᠯ ᠬᠠᠮᠢᠶᠠᠷᠣᠭᠴᠢ ᠪᠣᠯᠣᠨ ᠰᠢᠭᠤᠳ ᠬᠠᠷᠢᠭᠤᠴᠠᠯᠭ᠎ᠠ ᠪᠦᠬᠦᠢ ᠪᠣᠰᠣᠳ ᠬᠥᠮᠥᠰ ᠲᠤ ᠬᠠᠥᠯᠢ ᠶᠣᠰᠣ ᠪᠠᠷ ᠵᠠᠰᠠᠭ ᠵᠠᠬᠢᠷᠭᠠᠨ ᠤ ᠰᠢᠢᠳᠭᠡᠯ ᠣᠯᠭᠤᠨ᠎ᠠ᠃                ᠵᠢᠷᠭᠤᠳᠣᠭᠠᠷ ᠪᠥᠯᠥᠭ ᠲᠠᠭᠠᠯᠳᠣᠭᠤᠯᠣᠭᠰᠠᠨ ᠲᠥᠷᠢᠮ        ᠲᠦᠴᠢᠳᠥᠭᠡᠷ ᠵᠥᠢᠯ ᠲᠣᠰ ᠲᠥᠷᠢᠮ ᠢ 2005 ᠣᠨ ᠤ 5 ᠳ᠋ᠣᠭᠠᠷ ᠰᠠᠷ᠎ᠠ ᠶᠢᠨ 1 ᠤ ᠡᠳᠣᠷ ᠠᠴᠠ ᠡᠬᠢᠯᠡᠨ ᠬᠡᠷᠡᠭᠵᠢᠭᠦᠯᠥᠨ᠎ᠡ᠃        
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号