ᠰᠦᠯᠵᠢᠶ᠎ᠠ ᠶᠢᠨ ᠮᠡᠳᠡᠭᠡ ᠵᠠᠩᠭᠢ ᠶᠢᠨ ᠬᠠᠮᠠᠭᠠᠯᠠᠯᠳᠠ ᠶᠢ ᠴᠢᠩᠭᠠᠳᠬᠠᠬᠤ ᠲᠤᠬᠠᠢ ᠪᠦᠬᠦ ᠤᠯᠤᠰ ᠤᠨ ᠠᠷᠠᠳ ᠤᠨ | ᠲᠦᠯᠦᠭᠡᠨᠯᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠤᠬᠳᠠᠭᠠᠯ | | ︵2012 ᠤᠨ ᠤ 12 ᠰᠠᠷ᠎ᠠ ᠶᠢᠨ 28 ᠤ ᠡᠳᠦᠷ ᠠᠷᠪᠠᠨ ᠨᠢᠭᠡᠳᠦᠭᠡᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠳᠤᠭᠠᠷ | ᠬᠤᠷᠠᠯ ᠠᠴᠠ ᠪᠠᠳᠤᠯᠠᠪᠠ︶ | | ᠰᠦᠯᠵᠢᠶ᠎ᠠ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠠᠭᠠᠯᠠᠵᠦ᠂ ᠠᠷᠠᠳ ᠢᠷᠭᠡᠳ᠂ ᠬᠠᠤᠯᠢ ᠶᠢᠨ | ᠡᠷᠭᠡᠳᠡᠨ ᠪᠤᠯᠤᠨ ᠪᠤᠰᠤᠳ ᠵᠤᠬᠢᠶᠠᠨ ᠪᠠᠶᠢᠭᠤᠯᠤᠯᠳᠠ ᠶᠢᠨ ᠬᠠᠤᠯᠢ ᠶᠤᠰᠤᠨ ᠤ ᠡᠷᠭᠡ ᠠᠰᠢᠬ ᠢ ᠪᠠᠳᠤᠯᠠᠵᠦ᠂ | ᠤᠯᠤᠰ ᠤᠨ ᠠᠮᠤᠷ ᠲᠦᠪᠰᠢᠨ ᠪᠤᠯᠤᠨ ᠨᠡᠶᠢᠭᠡᠮ ᠤᠨ ᠤᠯᠠᠨ ᠨᠡᠶᠢᠳᠡ ᠶᠢᠨ ᠠᠰᠢᠬ ᠲᠤᠰᠠ ᠶᠢ ᠬᠠᠮᠠᠭᠠᠯᠠᠬᠤ ᠶᠢᠨ | ᠲᠦᠯᠦᠭᠡ ᠲᠤᠤᠷᠠᠬᠢ ᠮᠡᠳᠦ ᠲᠤᠬᠳᠠᠭᠠᠯ ᠭᠠᠷᠭᠠᠪᠠ᠄ | ᠨᠢᠭᠡ᠂ ᠤᠯᠤᠰ ᠠᠴᠠ ᠠᠷᠠᠳ ᠢᠷᠭᠡᠳ ᠤᠨ ᠬᠤᠪᠢ ᠬᠦᠮᠦᠨ ᠤ ᠪᠡᠶ᠎ᠠ ᠶᠢᠨ ᠭᠠᠷᠤᠯ ᠵᠢᠴᠢ ᠠᠷᠠᠳ | ᠢᠷᠭᠡᠳ ᠤᠨ ᠬᠤᠪᠢ ᠬᠦᠮᠦᠨ ᠤ ᠨᠢᠭᠤᠴᠠ ᠲᠠᠢ ᠬᠤᠯᠪᠤᠬᠳᠠᠬᠰᠠᠠ ᠡᠯᠧᠺᠳ᠋ᠷᠤᠨ ᠮᠡᠳᠡᠭᠡ ᠵᠠᠩᠭᠢ ᠶᠢ ᠬᠠᠮᠠᠭᠠᠯᠠᠬᠤ | ᠭᠡᠷᠡᠭᠳᠠᠢ᠃ | ᠶᠠᠮᠠᠷᠪᠠ ᠵᠤᠬᠢᠶᠠᠨ ᠪᠠᠶᠢᠭᠤᠯᠤᠯᠳᠠ ᠪᠤᠯᠤᠨ ᠬᠤᠪᠢ ᠬᠦᠮᠦᠨ ᠠᠷᠠᠳ ᠢᠷᠭᠡᠳ ᠤᠨ ᠬᠤᠪᠢ ᠬᠦᠮᠦᠨ ᠤ | ᠡᠯᠧᠺᠳ᠋ᠷᠤᠨ ᠮᠡᠳᠡᠭᠡ ᠵᠠᠩᠭᠢ ᠶᠢ ᠲᠠᠮ ᠢᠶᠠᠷ ᠠᠪᠬᠤ ᠪᠤᠶᠤ ᠪᠤᠰᠤᠳ ᠠᠷᠭ᠎ᠠ ᠪᠠᠷ ᠬᠠᠤᠯᠢ ᠪᠤᠰᠦ ᠪᠠᠷ ᠤᠯᠵᠦ ᠪᠤᠯᠬᠤ | ᠦᠭᠡᠢ᠂ ᠠᠷᠠᠳ ᠢᠷᠭᠡᠳ ᠤᠨ ᠬᠤᠪᠢ ᠬᠦᠮᠦᠨ ᠤ ᠮᠡᠳᠡᠭᠡ ᠵᠠᠩᠭᠢ ᠶᠢ ᠬᠤᠳᠠᠯᠳᠤᠬᠤ ᠪᠤᠶᠤ ᠬᠠᠤᠯᠢ ᠪᠤᠰᠦ ᠪᠠᠷ | ᠪᠤᠰᠤᠳ ᠲᠤ ᠬᠠᠩᠭᠠᠵᠦ ᠦᠭᠴᠦ ᠪᠤᠯᠬᠤ ᠦᠭᠡᠢ᠃ | ᠬᠤᠶᠠᠷ᠂ ᠰᠦᠯᠵᠢᠶ᠎ᠠ ᠶᠢᠨ ᠦᠢᠯᠡᠴᠢᠯᠡᠭᠡ ᠬᠠᠩᠭᠠᠬᠰᠡᠳ ᠪᠤᠯᠤᠨ ᠪᠤᠰᠤᠳ ᠠᠵᠦ ᠠᠬᠤᠢᠢᠯᠠᠯ ᠠᠵᠢᠯ | ᠦᠢᠯᠡᠰ ᠤᠨ ᠨᠢᠭᠡᠴᠢ ᠲᠤᠬᠠᠢᠢᠯᠠᠬᠰᠠᠠ ᠠᠵᠢᠯ ᠤᠨ ᠶᠠᠪᠤᠴᠠ ᠳᠤ ᠠᠷᠠᠳ ᠢᠷᠭᠡᠳ ᠤᠨ ᠬᠤᠪᠢ ᠬᠦᠮᠦᠨ ᠤ | ᠡᠯᠧᠺᠳ᠋ᠷᠤᠨ ᠮᠡᠳᠡᠭᠡ ᠵᠠᠩᠬᠢ ᠶᠢ ᠴᠤᠬᠯᠠᠭᠤᠯᠤᠨ ᠭᠡᠷᠡᠭᠯᠡᠬᠦ ᠳᠡᠭᠡᠨ ᠬᠠᠤᠯᠢ ᠶᠤᠰᠤᠨ ᠤ᠂ ᠵᠦᠢ ᠵᠤᠬᠢᠰᠳᠠᠢ᠂ ᠴᠢᠬᠤᠯᠠ | ᠪᠦᠬᠦᠢ ᠵᠠᠷᠴᠢᠮ ᠢᠶᠠᠷ᠂ ᠮᠡᠳᠡᠭᠡ ᠵᠠᠩᠭᠢ ᠶᠢ ᠴᠤᠬᠯᠠᠭᠤᠯᠵᠦ᠂ ᠭᠡᠷᠡᠭᠯᠡᠬᠦ ᠵᠤᠷᠢᠯᠭ᠎ᠠ ᠪᠤᠯᠤᠨ ᠠᠷᠭ᠎ᠠ ᠭᠡᠯᠪᠡᠷᠢ᠂ | ᠬᠦᠷᠢᠶ᠎ᠠ ᠭᠡᠪᠴᠢᠶ᠎ᠠ ᠪᠠᠨ ᠲᠤᠳᠤᠷᠬᠠᠢᠢᠯᠠᠬᠤ ᠶᠢᠨ ᠵᠡᠷᠭᠡᠪᠡᠷ ᠮᠡᠳᠡᠭᠡ ᠵᠠᠩᠬᠢ ᠪᠠᠨ ᠬᠠᠩᠭᠠᠭᠰᠠᠨ ᠬᠦᠮᠦᠨ ᠤ | ᠵᠦᠪᠰᠢᠶᠡᠷᠡᠯ ᠦᠬᠡᠢ ᠪᠠᠷ ᠬᠠᠤᠯᠢ ᠴᠠᠭᠠᠵᠠ᠂ ᠬᠠᠤᠯᠢ ᠲᠦᠷᠢᠮ ᠤᠨ ᠲᠤᠬᠳᠠᠭᠠᠯ ᠪᠤᠯᠤᠨ ᠬᠤᠶᠠᠷ ᠲᠠᠯ᠎ᠠ ᠶᠢᠨ | ᠲᠤᠬᠳᠠᠭᠠᠯ ᠠᠴᠠ ᠵᠦᠷᠢᠴᠡᠨ ᠮᠡᠳᠡᠭᠡ ᠵᠠᠩᠭᠢ ᠶᠢ ᠴᠤᠬᠯᠠᠭᠤᠯᠤᠨ ᠭᠡᠷᠡᠭᠯᠡᠵᠦ ᠪᠤᠯᠬᠤ ᠦᠭᠡᠢ᠃ ᠰᠦᠯᠵᠢᠶ᠎ᠠ ᠶᠢᠨ | ᠦᠢᠯᠡᠴᠢᠯᠡᠭᠡ ᠬᠠᠩᠭᠠᠬᠰᠠᠳ ᠪᠤᠶᠤ ᠪᠤᠰᠤᠳ ᠠᠵᠦ ᠠᠬᠤᠢᠢᠯᠠᠯ ᠠᠵᠢᠯ ᠦᠢᠯᠡᠰ ᠤᠨ ᠨᠢᠭᠡᠴᠢ ᠶᠢᠨ ᠬᠢᠨ ᠠᠷᠠᠳ | ᠢᠷᠭᠡᠳ ᠤᠨ ᠬᠤᠪᠢ ᠬᠦᠮᠦᠨ ᠤ ᠡᠯᠧᠺᠳ᠋ᠷᠤᠨ ᠮᠡᠳᠡᠭᠡ ᠵᠠᠩᠭᠢ ᠶᠢ ᠴᠤᠬᠯᠠᠭᠤᠯᠤᠨ ᠭᠡᠷᠡᠭᠯᠡᠬᠦ ᠳᠡᠭᠡᠨ ᠴᠤᠬᠯᠠᠭᠤᠯᠤᠨ | ᠭᠡᠷᠡᠭᠯᠡᠬᠦ ᠲᠦᠷᠢᠮ ᠢᠶᠠᠨ ᠢᠯᠡ ᠪᠠᠷ ᠨᠡᠶᠢᠳᠡᠯᠡᠬᠦ ᠭᠡᠷᠡᠭᠳᠠᠢ᠃ | ᠭᠤᠷᠪᠠ᠂ ᠰᠦᠯᠵᠢᠶ᠎ᠠ ᠶᠢᠨ ᠦᠢᠯᠡᠴᠢᠯᠡᠭᠡ ᠬᠠᠩᠭᠠᠬᠰᠠᠳ ᠪᠤᠯᠤᠨ ᠪᠤᠰᠤᠳ ᠠᠵᠦ ᠠᠬᠤᠢᠢᠯᠠᠯ ᠠᠵᠢᠯ | ᠦᠢᠯᠡᠰ ᠤᠨ ᠨᠢᠭᠡᠴᠢ ᠵᠢᠴᠢ ᠪᠤᠰᠤᠳ ᠠᠵᠢᠯᠳᠡᠨ ᠠᠵᠢᠯᠴᠢᠨ ᠲᠤᠬᠠᠢᠢᠯᠠᠬᠰᠠᠠ ᠠᠵᠢᠯ ᠤᠨ ᠶᠠᠪᠤᠴᠠ ᠳᠤ | ᠴᠤᠬᠯᠠᠭᠤᠯᠤᠬᠰᠠᠠ ᠠᠷᠠᠳ ᠢᠷᠭᠡᠳ ᠤᠨ ᠬᠤᠪᠢ ᠬᠦᠮᠦᠨ ᠤ ᠡᠯᠧᠺᠳ᠋ᠷᠤᠨ ᠮᠡᠳᠡᠭᠡ ᠵᠠᠩᠭᠢ ᠶᠢᠨ ᠨᠢᠭᠤᠴᠠ ᠶᠢ | ᠡᠷᠭᠡᠪᠰᠢ ᠴᠢᠩᠭ᠎ᠠ ᠬᠠᠮᠠᠭᠠᠯᠠᠵᠦ᠂ ᠵᠠᠳᠠᠷᠠᠭᠤᠯᠵᠦ᠂ ᠦᠭᠡᠷᠡᠴᠢᠯᠡᠵᠦ᠂ ᠰᠦᠢᠳᠭᠡᠵᠦ ᠪᠤᠯᠬᠤ ᠦᠭᠡᠢ᠂ ᠪᠤᠰᠤᠳ ᠲᠤ | ᠬᠤᠳᠠᠯᠳᠤᠬᠤ ᠪᠤᠶᠤ ᠬᠠᠤᠯᠢ ᠪᠤᠰᠦ ᠪᠠᠷ ᠬᠠᠩᠭᠠᠵᠦ ᠪᠤᠯᠬᠤ ᠦᠭᠡᠢ᠃ | ᠲᠦᠷᠪᠡ᠂ ᠰᠦᠯᠵᠢᠶ᠎ᠠ ᠶᠢᠨ ᠦᠢᠯᠡᠴᠢᠯᠡᠭᠡ ᠬᠠᠩᠭᠠᠬᠰᠡᠳ ᠪᠤᠯᠤᠨ ᠪᠤᠰᠤᠳ ᠠᠵᠦ ᠠᠬᠤᠢᠢᠯᠠᠯ ᠠᠵᠢᠯ | ᠦᠢᠯᠡᠰ ᠤᠨ ᠨᠢᠭᠡᠴᠢ ᠮᠡᠷᠭᠡᠵᠢᠯ ᠤᠨ ᠠᠷᠭ᠎ᠠ ᠭᠡᠮᠵᠢᠶ᠎ᠠ ᠠᠪᠬᠤ ᠪᠤᠶᠤ ᠪᠤᠰᠤᠳ ᠠᠷᠭ᠎ᠠ ᠪᠠᠷ ᠮᠡᠳᠡᠭᠡ ᠵᠠᠩᠭᠢ ᠶᠢᠨ | ᠠᠮᠤᠷ ᠲᠦᠪᠰᠢᠨ ᠢ ᠪᠠᠳᠤᠯᠠᠵᠦ᠂ ᠲᠤᠬᠠᠢᠢᠯᠠᠬᠰᠠᠠ ᠠᠵᠢᠯ ᠤᠨ ᠶᠠᠪᠤᠴᠠ ᠳᠤ ᠴᠤᠬᠯᠠᠭᠤᠯᠵᠦ ᠤᠯᠤᠬᠰᠠᠠ ᠠᠷᠠᠳ | ᠢᠷᠭᠡᠳ ᠤᠨ ᠬᠤᠪᠢ ᠬᠦᠮᠦᠨ ᠤ ᠡᠯᠧᠺᠳ᠋ᠷᠤᠨ ᠮᠡᠳᠡᠭᠡ ᠵᠠᠩᠭᠢ ᠶᠢ ᠵᠠᠳᠠᠷᠠᠭᠤᠯᠵᠦ᠂ ᠰᠦᠢᠳᠭᠡᠵᠦ᠂ ᠭᠡᠭᠡᠬᠦ ᠠᠴᠠ | ᠰᠡᠷᠭᠡᠶᠢᠯᠡᠬᠦ ᠭᠡᠷᠡᠭᠳᠠᠢ᠃ ᠮᠡᠳᠡᠭᠡ ᠵᠠᠩᠭᠢ ᠶᠢ ᠵᠠᠳᠠᠷᠠᠭᠤᠯᠤᠬᠰᠠᠠ᠂ ᠰᠦᠢᠳᠭᠡᠭᠰᠡᠡ᠂ ᠭᠡᠭᠡᠭᠰᠡᠡ ᠦᠢᠯᠡ ᠪᠠᠶᠢᠳᠠᠯ | ᠭᠠᠷᠤᠬᠰᠠᠠ ᠪᠤᠶᠤ ᠭᠠᠷᠬᠤ ᠪᠤᠯᠤᠯᠴᠠᠭ᠎ᠠ ᠲᠠᠢ ᠦᠶ᠎ᠠ ᠳᠤ ᠲᠠᠷᠤᠢ ᠲᠦᠷᠭᠡᠨ ᠨᠦᠬᠦᠵᠦ ᠵᠠᠯᠠᠷᠠᠭᠤᠯᠬᠤ ᠠᠷᠭ᠎ᠠ ᠠᠪᠬᠤ | ᠭᠡᠷᠡᠭᠳᠠᠢ᠃ | ᠲᠠᠪᠤ᠂ ᠰᠦᠯᠵᠢᠶ᠎ᠠ ᠶᠢᠨ ᠦᠢᠯᠡᠴᠢᠯᠡᠭᠡ ᠬᠠᠩᠭᠠᠬᠰᠡᠳ ᠭᠡᠷᠡᠭᠯᠡᠭᠴᠢᠳ ᠤᠨ ᠨᠡᠶᠢᠳᠡᠯᠡᠭᠰᠡᠡ ᠮᠡᠳᠡᠭᠡ | ᠵᠠᠩᠭᠢ ᠶᠢᠨ ᠬᠠᠮᠢᠶᠠᠷᠤᠯᠳᠠ ᠶᠢ ᠴᠢᠩᠭᠠᠳᠬᠠᠵᠦ᠂ ᠬᠠᠤᠯᠢ ᠴᠠᠭᠠᠵᠠ᠂ ᠬᠠᠤᠯᠢ ᠲᠦᠷᠢᠮ ᠤᠨ ᠴᠠᠭᠠᠵᠠ ᠲᠠᠢ ᠮᠡᠳᠡᠭᠡ | ᠵᠠᠩᠭᠢ ᠶᠢ ᠨᠡᠶᠢᠳᠡᠯᠡᠭᠰᠡᠡ ᠪᠤᠶᠤ ᠤᠯᠠᠮᠵᠢᠯᠠᠬᠰᠠᠠ ᠢ ᠮᠡᠳᠡᠭᠰᠡᠡ ᠪᠠᠶᠢᠪᠠᠯ ᠮᠡᠳᠡᠭᠡ ᠵᠠᠩᠭᠢ ᠤᠯᠠᠮᠵᠢᠯᠠᠬᠤ ᠶᠢ ᠨᠢ ᠲᠡᠷᠡ | ᠲᠠᠷᠤᠢ ᠳᠤᠨᠢ ᠵᠤᠬᠰᠤᠭᠠᠵᠦ᠂ ᠮᠡᠳᠡᠭᠡ ᠵᠠᠩᠬᠢ ᠶᠢ ᠬᠦᠴᠦᠨ ᠦᠭᠡᠢ ᠪᠤᠯᠭᠠᠬᠤ ᠵᠡᠷᠭᠡ ᠰᠢᠢᠳᠪᠦᠷᠢᠯᠡᠬᠦ ᠠᠷᠭ᠎ᠠ | ᠭᠡᠮᠵᠢᠶ᠎ᠠ ᠠᠪᠴᠦ᠂ ᠬᠤᠯᠪᠤᠬᠳᠠᠯ ᠪᠦᠬᠦᠢ ᠲᠡᠮᠳᠡᠭᠯᠡᠯ ᠢ ᠬᠠᠳᠠᠭᠠᠯᠠᠬᠤ ᠶᠢᠨ ᠵᠡᠷᠭᠡᠪᠡᠷ ᠬᠤᠯᠪᠤᠬᠳᠠᠯ ᠪᠦᠬᠦᠢ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠬᠦ ᠭᠡᠷᠡᠭᠳᠠᠢ᠃ | ᠵᠢᠷᠭᠤᠭ᠎ᠠ᠂ ᠰᠦᠯᠵᠢᠶ᠎ᠠ ᠶᠢᠨ ᠦᠢᠯᠡᠴᠢᠯᠡᠭᠡ ᠬᠠᠩᠭᠠᠬᠰᠡᠳ ᠭᠡᠷᠡᠭᠯᠡᠭᠴᠢᠳ ᠤᠨ ᠰᠦᠯᠵᠢᠶᠠᠨ ᠤ | ᠦᠷᠳᠡᠭᠡ ᠳᠤ ᠤᠷᠤᠬᠤ ᠦᠢᠯᠡᠴᠢᠯᠡᠭᠡ ᠶᠢᠨ ᠭᠠᠷᠳᠠᠮ ᠬᠢᠵᠦ ᠦᠭᠬᠦ᠂ ᠲᠤᠬᠳᠠᠮᠠᠯ ᠤᠳᠠᠰᠤ᠂ ᠰᠢᠯᠵᠢᠭᠡ ᠤᠳᠠᠰᠦ | ᠵᠡᠷᠭᠡ ᠶᠢᠨ ᠭᠠᠷᠳᠠᠮ ᠬᠢᠵᠦ ᠦᠭᠬᠦ ᠡᠰᠡᠪᠡᠯ ᠭᠡᠷᠡᠭᠯᠡᠭᠴᠢᠳ ᠲᠤ ᠮᠡᠳᠡᠭᠡ ᠵᠠᠩᠭᠢ ᠨᠡᠶᠢᠳᠡᠯᠡᠬᠦ ᠦᠢᠯᠡᠴᠢᠯᠡᠭᠡ | ᠬᠠᠩᠭᠠᠬᠤ ᠳᠠᠭᠠᠨ ᠡᠷᠭᠡᠪᠰᠢ ᠭᠡᠷᠡᠭᠯᠡᠭᠴᠢᠳ ᠯᠦᠭᠡ ᠵᠦᠪᠯᠡᠯᠴᠡᠭᠡᠷ ᠲᠤᠬᠳᠠᠬᠤ ᠪᠤᠶᠤ ᠦᠢᠯᠡᠴᠢᠯᠡᠭᠡ ᠬᠠᠩᠭᠠᠬᠰᠠᠠ ᠢ | ᠲᠤᠳᠤᠷᠬᠠᠢᠢᠯᠠᠬᠤ ᠳᠤ ᠭᠡᠷᠡᠭᠯᠡᠭᠴᠢᠳ ᠠᠴᠠ ᠦᠨᠡᠨ ᠪᠤᠳᠠᠳᠠᠢ ᠪᠡᠶ᠎ᠠ ᠶᠢᠨ ᠦᠨᠡᠮᠯᠡᠯ ᠤᠨ ᠮᠡᠳᠡᠭᠡ ᠵᠠᠩᠭᠢ | ᠬᠠᠩᠭᠠᠯᠭᠠᠬᠤ ᠪᠠᠷ ᠱᠠᠭᠠᠷᠳᠠᠬᠤ ᠭᠡᠷᠡᠭᠳᠠᠢ᠃ | ᠲᠤᠯᠤᠭ᠎ᠠ᠂ ᠶᠠᠮᠠᠷᠪᠠ ᠵᠤᠬᠢᠶᠠᠨ ᠪᠠᠶᠢᠭᠤᠯᠤᠯᠳᠠ ᠪᠤᠯᠤᠨ ᠬᠤᠪᠢ ᠬᠦᠮᠦᠨ ᠡᠯᠧᠺᠳ᠋ᠷᠤᠨ ᠮᠡᠳᠡᠭᠡ ᠵᠠᠩᠭᠢ | ᠬᠦᠯᠢᠶᠡᠨ ᠠᠪᠤᠬᠴᠢ ᠶᠢᠨ ᠵᠦᠪᠰᠢᠶᠡᠷᠡᠯ ᠪᠤᠯᠤᠨ ᠭᠤᠶᠤᠴᠢᠯᠠᠯ ᠦᠭᠡᠢ᠂ ᠡᠰᠡᠪᠡᠯ ᠡᠯᠧᠺᠳ᠋ᠷᠤᠨ ᠮᠡᠳᠡᠭᠡ ᠵᠠᠩᠭᠢ | ᠬᠦᠯᠢᠶᠡᠨ ᠠᠪᠤᠬᠴᠢ ᠠᠴᠠ ᠵᠦᠪᠰᠢᠶᠡᠷᠡᠬᠦ ᠶᠢ ᠦᠯᠦ ᠲᠤᠳᠤᠷᠬᠠᠢᠢᠯᠠᠬᠰᠠᠠ ᠪᠠᠶᠢᠪᠠᠯ ᠲᠤᠬᠳᠠᠮᠠᠯ ᠤᠳᠠᠰᠦ᠂ ᠰᠢᠯᠵᠢᠭᠡ | ᠤᠳᠠᠰᠦ ᠪᠤᠶᠤ ᠡᠰᠡᠪᠡᠯ ᠪᠤᠰᠤᠳ ᠡᠯᠧᠺᠳ᠋ᠷᠤᠨ ᠰᠢᠤᠳᠠᠨ ᠢᠶᠠᠷ ᠬᠤᠳᠠᠯᠳᠤᠭᠠᠨ ᠤ ᠴᠢᠨᠠᠷᠳᠠᠢ ᠡᠯᠧᠺᠳ᠋ᠷᠤᠨ ᠮᠡᠳᠡᠭᠡ | ᠵᠠᠩᠭᠢ ᠲᠠᠮᠵᠢᠭᠤᠯᠵᠦ ᠪᠤᠯᠬᠤ ᠦᠭᠡᠢ᠃ | ᠨᠠᠢᠮᠠ᠂ ᠠᠷᠠᠳ ᠢᠷᠭᠡᠳ ᠬᠤᠪᠢ ᠬᠦᠮᠦᠨ ᠤ ᠪᠡᠶ᠎ᠠ ᠶᠢᠨ ᠭᠠᠷᠤᠯ ᠢ ᠨᠢ ᠵᠠᠳᠠᠷᠠᠭᠤᠯᠤᠬᠰᠠᠠ᠂ ᠬᠤᠪᠢ | ᠬᠦᠮᠦᠨ ᠤ ᠨᠢᠭᠤᠴᠠ ᠶᠢ ᠲᠠᠷᠬᠠᠭᠠᠬᠰᠠᠠ ᠵᠡᠷᠭᠡ ᠬᠠᠤᠯᠢ ᠶᠤᠰᠤᠨ ᠤ ᠡᠷᠭᠡ ᠠᠰᠢᠬ ᠲᠤᠨᠢ ᠬᠠᠯᠳᠠᠬᠰᠠᠠ | ᠰᠦᠯᠵᠢᠶᠠᠨ ᠤ ᠮᠡᠳᠡᠭᠡ ᠵᠠᠩᠭᠢ ᠶᠢ ᠤᠯᠵᠦ ᠮᠡᠳᠡᠭᠰᠡᠡ᠂ ᠡᠰᠡᠪᠡᠯ ᠬᠤᠳᠠᠯᠳᠤᠭᠠᠨ ᠤ ᠴᠢᠨᠠᠷᠳᠠᠢ ᠡᠯᠧᠺᠳ᠋ᠷᠤᠨ ᠮᠡᠳᠡᠭᠡ | ᠵᠠᠩᠭᠢ ᠶᠢᠨ ᠨᠦᠯᠦᠭᠡᠯᠡᠯ ᠳᠤ ᠤᠴᠠᠷᠠᠬᠰᠠᠠ ᠪᠠᠶᠢᠪᠠᠯ ᠰᠦᠯᠵᠢᠶ᠎ᠠ ᠶᠢᠨ ᠦᠢᠯᠡᠴᠢᠯᠡᠭᠡ ᠬᠠᠩᠭᠠᠬᠰᠡᠳ ᠢ ᠱᠠᠭᠠᠷᠳᠠᠵᠦ | ᠬᠤᠯᠪᠤᠬᠳᠠᠯ ᠪᠦᠬᠦᠢ ᠮᠡᠳᠡᠭᠡ ᠵᠠᠩᠭᠢ ᠶᠢ ᠨᠢ ᠬᠠᠰᠤᠬᠤ ᠪᠤᠶᠤ ᠪᠤᠰᠤᠳ ᠴᠢᠬᠤᠯᠠ ᠪᠦᠬᠦᠢ ᠠᠷᠭ᠎ᠠ ᠭᠡᠮᠵᠢᠶ᠎ᠠ ᠠᠪᠴᠦ | ᠬᠤᠷᠢᠬᠯᠠᠬᠤ ᠡᠷᠭᠡ ᠲᠠᠢ᠃ | ᠶᠢᠰᠦ᠂ ᠶᠠᠮᠠᠷᠪᠠ ᠵᠤᠬᠢᠶᠠᠨ ᠪᠠᠶᠢᠭᠤᠯᠤᠯᠳᠠ ᠪᠤᠯᠤᠨ ᠬᠤᠪᠢ ᠬᠦᠮᠦᠨ ᠠᠷᠠᠳ ᠢᠷᠭᠡᠳ ᠤᠨ ᠬᠤᠪᠢ | ᠬᠦᠮᠦᠨ ᠤ ᠡᠯᠧᠺᠳ᠋ᠷᠤᠨ ᠮᠡᠳᠡᠭᠡ ᠵᠠᠩᠭᠢ ᠶᠢ ᠲᠠᠮ ᠢᠶᠠᠷ ᠠᠪᠤᠬᠰᠠᠠ ᠪᠤᠶᠤ ᠪᠤᠰᠤᠳ ᠬᠠᠤᠯᠢ ᠪᠤᠰᠦ ᠠᠷᠭ᠎ᠠ ᠪᠠᠷ | ᠤᠯᠤᠬᠰᠠᠠ᠂ ᠬᠤᠳᠠᠯᠳᠤᠬᠰᠠᠠ ᠪᠤᠶᠤ ᠪᠤᠰᠤᠳ ᠲᠤ ᠬᠠᠩᠭᠠᠬᠰᠠᠠ ᠬᠠᠤᠯᠢ ᠠᠴᠠ ᠵᠦᠷᠢᠴᠡᠵᠦ ᠶᠠᠯ᠎ᠠ ᠬᠢᠭᠰᠡᠡ ᠦᠢᠯᠠ | ᠠᠵᠢᠯᠯᠠᠭ᠎ᠠ ᠵᠢᠴᠢ ᠪᠤᠰᠤᠳ ᠰᠦᠯᠵᠢᠶ᠎ᠠ ᠶᠢᠨ ᠮᠡᠳᠡᠭᠡ ᠵᠠᠩᠭᠢ ᠶᠢᠨ ᠬᠠᠤᠯᠢ ᠠᠴᠠ ᠵᠦᠷᠢᠴᠡᠵᠦ ᠶᠠᠯ᠎ᠠ ᠬᠢᠭᠰᠡᠡ ᠦᠢᠯᠠ | ᠠᠵᠢᠯᠯᠠᠭ᠎ᠠ ᠲᠠᠢ ᠪᠤᠯ ᠬᠤᠯᠪᠤᠬᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠢᠯᠡᠴᠢᠯᠡᠨ ᠮᠡᠳᠡᠭᠦᠯᠵᠦ | ᠵᠠᠭᠠᠯᠳᠤᠬᠤ ᠡᠷᠭᠡ ᠲᠠᠢ︔ ᠢᠯᠡᠴᠢᠯᠡᠨ ᠮᠡᠳᠡᠭᠦᠯᠦᠭᠰᠡᠡ ᠪᠠ ᠵᠠᠭᠠᠯᠳᠤᠯᠭ᠎ᠠ ᠶᠢ ᠬᠦᠯᠢᠶᠡᠭᠰᠡᠨ ᠰᠠᠠᠯᠭᠠ ᠮᠦᠴᠢᠷ | ᠡᠷᠭᠡᠪᠰᠢ ᠬᠠᠤᠯᠢ ᠶᠤᠰᠤᠭᠠᠷ ᠴᠠᠬ ᠲᠤᠬᠠᠢ ᠳᠤᠨᠢ ᠰᠢᠢᠳᠪᠦᠷᠢᠯᠡᠪᠡᠯ ᠵᠤᠬᠢᠨ᠎ᠠ᠃ ᠡᠷᠭᠡ ᠳᠡᠭᠡᠨ ᠬᠠᠯᠳᠠᠭᠤᠯᠤᠬᠰᠠᠠ | ᠬᠦᠮᠦᠨ ᠬᠠᠤᠯᠢ ᠶᠤᠰᠤᠭᠠᠷ ᠵᠠᠭᠠᠯᠳᠤᠵᠦ ᠪᠤᠯᠤᠨ᠎ᠠ᠃ | ᠠᠷᠪᠠ᠂ ᠬᠤᠯᠪᠤᠬᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠰ ᠲᠤᠰ ᠤᠨ ᠡᠷᠭᠡ | ᠲᠤᠰᠢᠶᠠᠯ ᠤᠨ ᠭᠡᠪᠴᠢᠶᠡᠨ ᠲᠤᠳᠤᠷ᠎ᠠ ᠬᠠᠤᠯᠢ ᠶᠤᠰᠤᠭᠠᠷ ᠡᠬᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ | ᠮᠡᠷᠭᠡᠵᠢᠯ ᠤᠨ ᠠᠷᠭ᠎ᠠ ᠭᠡᠮᠵᠢᠶ᠎ᠠ ᠠᠪᠬᠤ ᠪᠤᠶᠤ ᠪᠤᠰᠤᠳ ᠠᠷᠭ᠎ᠠ ᠪᠠᠷ ᠠᠷᠠᠳ ᠢᠷᠭᠡᠳ ᠤᠨ ᠬᠤᠪᠢ ᠬᠦᠮᠦᠨ ᠤ | ᠡᠯᠧᠺᠳ᠋ᠷᠤᠨ ᠮᠡᠳᠡᠭᠡ ᠵᠠᠩᠭᠢ ᠶᠢ ᠲᠠᠮ ᠢᠶᠠᠷ ᠠᠪᠬᠤ ᠪᠤᠶᠤ ᠪᠤᠰᠤᠳ ᠬᠠᠤᠯᠢ ᠪᠤᠰᠦ ᠠᠷᠭ᠎ᠠ ᠪᠠᠷ ᠤᠯᠤᠬᠰᠠᠠ᠂ | ᠬᠤᠳᠠᠯᠳᠤᠬᠰᠠᠠ ᠪᠤᠶᠤ ᠬᠠᠤᠯᠢ ᠪᠤᠰᠦ ᠪᠠᠷ ᠬᠠᠩᠭᠠᠬᠰᠠᠠ ᠬᠠᠤᠯᠢ ᠠᠴᠠ ᠵᠦᠷᠢᠴᠡᠵᠦ ᠶᠠᠯ᠎ᠠ ᠬᠢᠭᠰᠡᠡ ᠦᠢᠯᠡ | ᠠᠵᠢᠯᠯᠠᠭ᠎ᠠ ᠵᠢᠴᠢ ᠪᠤᠰᠤᠳ ᠰᠦᠯᠵᠢᠶᠠᠨ ᠤ ᠮᠡᠳᠡᠭᠡ ᠵᠠᠩᠭᠢ ᠶᠢᠨ ᠬᠠᠤᠯᠢ ᠠᠴᠠ ᠵᠦᠷᠢᠴᠡᠵᠦ ᠶᠠᠯ᠎ᠠ ᠬᠢᠭᠰᠡᠡ ᠦᠢᠯᠡ | ᠠᠵᠢᠯᠯᠠᠭ᠎ᠠ ᠶᠢ ᠰᠡᠷᠭᠡᠶᠢᠯᠡᠨ ᠬᠤᠷᠢᠬᠯᠠᠵᠦ ᠵᠤᠬᠰᠤᠭᠠᠬᠤ ᠭᠡᠷᠡᠭᠳᠠᠢ᠃ ᠬᠤᠯᠪᠤᠬᠳᠠᠯ ᠪᠦᠬᠦᠢ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ ᠬᠠᠤᠯᠢ ᠶᠤᠰᠤᠭᠠᠷ ᠡᠬᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠦᠶ᠎ᠠ ᠳᠤ ᠰᠦᠯᠵᠢᠶ᠎ᠠ ᠶᠢᠨ | ᠦᠢᠯᠡᠴᠢᠯᠡᠭᠡ ᠬᠠᠩᠭᠠᠬᠰᠡᠳ ᠬᠠᠮᠵᠢᠯᠴᠠᠵᠦ᠂ ᠮᠡᠷᠭᠡᠵᠢᠯ ᠤᠨ ᠲᠡᠮᠵᠢᠯᠭᠡ ᠦᠵᠡᠬᠦᠯᠪᠡᠯ ᠵᠤᠬᠢᠨ᠎ᠠ᠃ ᠤᠯᠤᠰ ᠤᠨ | ᠪᠠᠶᠢᠭᠤᠯᠭ᠎ᠠ ᠵᠢᠴᠢ ᠠᠵᠢᠯᠳᠡᠨ ᠠᠵᠢᠯᠴᠢᠨ ᠡᠬᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠤᠯᠵᠦ | ᠮᠡᠳᠡᠭᠰᠡᠡ ᠠᠷᠠᠳ ᠢᠷᠭᠡᠳ ᠤᠨ ᠬᠤᠪᠢ ᠬᠦᠮᠦᠨ ᠤ ᠡᠯᠧᠺᠳ᠋ᠷᠤᠨ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠪᠠᠯ | ᠵᠤᠬᠢᠨ᠎ᠠ᠂ ᠵᠠᠳᠠᠷᠠᠭᠤᠯᠵᠦ᠂ ᠦᠭᠡᠷᠡᠴᠢᠯᠡᠵᠦ᠂ ᠰᠦᠢᠳᠭᠡᠵᠦ ᠪᠤᠯᠬᠤ ᠦᠭᠡᠢ᠂ ᠬᠤᠳᠠᠯᠳᠤᠬᠤ ᠪᠤᠶᠤ ᠬᠠᠤᠯᠢ | ᠪᠤᠰᠦ ᠪᠠᠷ ᠪᠤᠰᠤᠳ ᠲᠤ ᠬᠠᠩᠭᠠᠵᠦ ᠪᠤᠯᠬᠤ ᠦᠭᠡᠢ᠃ | ᠠᠷᠪᠠᠨ ᠨᠢᠭᠡ᠂ ᠲᠤᠰ ᠲᠤᠬᠳᠠᠭᠠᠯ ᠢ ᠵᠦᠷᠢᠴᠡᠭᠰᠡᠡ ᠦᠢᠯᠡ ᠠᠵᠢᠯᠯᠠᠭ᠎ᠠ ᠲᠠᠢ ᠪᠤᠯ ᠬᠠᠤᠯᠢ ᠶᠤᠰᠤᠭᠠᠷ | ᠰᠡᠷᠡᠮᠵᠢᠯᠡᠬᠦᠯᠬᠦ᠂ ᠵᠤᠭᠤᠰ ᠢᠶᠠᠷ ᠲᠤᠷᠭᠠᠬᠤ᠂ ᠬᠠᠤᠯᠢ ᠪᠤᠰᠦ ᠤᠯᠵᠠ ᠠᠰᠢᠬ ᠢ ᠨᠢ ᠬᠤᠷᠢᠶᠠᠮᠵᠢᠯᠠᠬᠤ᠂ | ᠵᠦᠪᠰᠢᠶᠡᠷᠡᠯ ᠤᠨ ᠦᠨᠡᠮᠯᠡᠯ ᠢ ᠨᠢ ᠬᠦᠴᠦᠨ ᠦᠭᠡᠢ ᠪᠤᠯᠭᠠᠬᠤ ᠪᠤᠶᠤ ᠲᠠᠩᠰᠠᠯᠠᠭᠤᠯᠤᠬᠰᠠᠠ ᠢ ᠨᠢ ᠬᠦᠴᠦᠨ ᠦᠭᠡᠢ | ᠪᠤᠯᠭᠠᠵᠦ᠂ ᠰᠦᠯᠵᠢᠶᠠᠨ ᠤ ᠦᠷᠳᠡᠭᠡ ᠶᠢ ᠨᠢ ᠬᠠᠭᠠᠵᠦ᠂ ᠬᠤᠯᠪᠤᠬᠳᠠᠯ ᠪᠦᠬᠦᠢ ᠬᠠᠷᠢᠭᠤᠴᠠᠯᠭᠠᠳᠠᠨ ᠤ ᠰᠦᠯᠵᠢᠶᠠᠨ ᠤ | ᠦᠢᠯᠡᠴᠢᠯᠡᠭᠡ ᠶᠢᠨ ᠠᠵᠢᠯ ᠡᠷᠬᠢᠯᠡᠬᠦ ᠶᠢ ᠨᠢ ᠴᠠᠭᠠᠵᠠᠯᠠᠬᠤ ᠵᠡᠷᠭᠡ ᠰᠢᠳᠭᠡᠯ ᠤᠯᠭᠤᠵᠦ᠂ ᠨᠡᠶᠢᠭᠡᠮ ᠤᠨ ᠦᠨᠡᠨᠴᠢ | ᠢᠳᠡᠭᠡᠮᠵᠢ ᠶᠢᠨ ᠲᠠᠩᠰᠠᠨ᠎ᠠ ᠲᠡᠮᠳᠡᠭᠯᠡᠨ ᠨᠡᠶᠢᠳᠡ ᠳᠤ ᠵᠠᠷᠯᠠᠬᠤ ᠭᠡᠷᠡᠭᠳᠠᠢ︔ ᠠᠮᠤᠷ ᠢ ᠬᠠᠮᠠᠭᠠᠯᠠᠬᠤ ᠬᠠᠮᠢᠶᠠᠷᠤᠯᠳᠠ ᠶᠢᠨ | ᠦᠢᠯᠡ ᠠᠵᠢᠯᠯᠠᠭ᠎ᠠ ᠠᠴᠠ ᠵᠦᠷᠢᠴᠡᠭᠰᠡᠡ ᠪᠠᠶᠢᠪᠠᠯ ᠬᠠᠤᠯᠢ ᠶᠤᠰᠤᠭᠠᠷ ᠠᠮᠤᠷ ᠢ ᠬᠠᠮᠠᠭᠠᠯᠠᠬᠤ ᠬᠠᠮᠢᠶᠠᠷᠤᠯᠳᠠ ᠶᠢᠨ | ᠰᠢᠳᠭᠡᠯ ᠲᠤᠷᠭᠠᠭᠤᠯᠢ ᠤᠯᠭᠤᠬᠤ ᠭᠡᠷᠡᠭᠳᠠᠢ᠃ ᠶᠠᠯ᠎ᠠ ᠳᠤ ᠬᠦᠷᠦᠭᠰᠡᠡ ᠪᠠᠶᠢᠪᠠᠯ ᠬᠠᠤᠯᠢ ᠶᠤᠰᠤᠭᠠᠷ ᠡᠷᠡᠬᠦᠦ ᠶᠢᠨ | ᠭᠡᠷᠡᠭ ᠤᠨ ᠬᠠᠷᠢᠭᠤᠴᠠᠯᠭ᠎ᠠ ᠨᠡᠭᠡᠮᠵᠢᠯᠡᠬᠦ ᠭᠡᠷᠡᠭᠳᠠᠢ᠃ ᠪᠤᠰᠤᠳ ᠤᠨ ᠢᠷᠭᠡᠨ ᠤ ᠭᠡᠷᠡᠭ ᠤᠨ ᠡᠷᠭᠡ ᠠᠰᠢᠬ ᠲᠤ | ᠬᠠᠯᠳᠠᠬᠰᠠᠠ ᠪᠠᠶᠢᠪᠠᠯ ᠬᠠᠤᠯᠢ ᠶᠤᠰᠤᠭᠠᠷ ᠢᠷᠭᠡᠨ ᠤ ᠭᠡᠷᠡᠭ ᠤᠨ ᠬᠠᠷᠢᠭᠤᠴᠠᠯᠭ᠎ᠠ ᠡᠬᠦᠷᠭᠡᠯᠡᠬᠦ ᠭᠡᠷᠡᠭᠳᠠᠢ᠃ | ᠠᠷᠪᠠᠨ ᠬᠤᠶᠠᠷ᠂ ᠲᠤᠰ ᠲᠤᠬᠳᠠᠭᠠᠯ ᠢ ᠨᠡᠶᠢᠳᠡᠯᠡᠭᠰᠡᠡ ᠡᠳᠦᠷ ᠠᠴᠠ ᠡᠬᠢᠯᠡᠨ ᠭᠡᠷᠡᠭᠵᠢᠭᠦᠯᠦᠨ᠎ᠠ᠃ | | |