ᠨᠡᠶᠢᠭᠡᠮ ᠤᠨ ᠠᠪᠤᠷᠠᠨ ᠳᠤᠰᠠᠯᠠᠬᠤ ᠶᠢ ᠳᠦᠷ ᠭᠡᠷᠡᠭᠵᠢᠬᠦᠯᠬᠦ ᠠᠷᠭ᠎ᠠ | | ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ | 649 ᠳ᠋ᠤᠭᠡᠷ ᠳᠤᠭᠠᠳᠤ | ︽ᠨᠡᠶᠢᠭᠡᠮ ᠤᠨ ᠠᠪᠤᠷᠠᠨ ᠳᠤᠰᠠᠯᠠᠬᠤ ᠶᠢ ᠳᠦᠷ ᠭᠡᠷᠡᠭᠵᠢᠬᠦᠯᠬᠦ ᠠᠷᠭ᠎ᠠ︾ ᠶᠢ ᠤᠳᠤ ᠨᠡᠶᠢᠳᠡᠯᠡᠶ᠎ᠡ᠂ | 2014 ᠤᠨ ᠤ 5 ᠰᠠᠷ᠎ᠠ ᠶᠢᠨ 1 ᠤ ᠡᠳᠤᠷ ᠠᠴᠠ ᠡᠬᠢᠯᠡᠵᠤ ᠭᠡᠷᠡᠭᠵᠢᠬᠦᠯᠦᠨ᠎ᠠ᠃ | ᠶᠡᠷᠦᠩᠭᠡᠢ ᠰᠠᠶᠢᠳ ᠯᠢ ᠺᠧ ᠴᠢᠶᠠᠩ 2014 ᠤᠨ ᠤ 2 ᠰᠠᠷ᠎ᠠ ᠶᠢᠨ 21 ᠤ ᠡᠳᠤᠷ | ᠨᠢᠭᠡᠳᠦᠭᠡᠷ ᠪᠦᠯᠦᠭ ᠶᠡᠷᠦᠩᠭᠡᠢ ᠳᠦᠷᠢᠮ | ᠨᠢᠬᠡᠳᠦᠭᠡᠷ ᠵᠦᠢᠯ ᠨᠡᠶᠢᠭᠡᠮ ᠤᠨ ᠠᠪᠤᠷᠠᠨ ᠳᠤᠰᠠᠯᠠᠯᠳᠠ ᠶᠢ ᠴᠢᠩᠭᠠᠳᠬᠠᠵᠤ᠂ ᠡᠷᠭᠡᠳᠤ ᠠᠷᠠᠳ ᠤᠨ | ᠦᠨᠳᠦᠰᠤᠨ ᠠᠮᠢᠳᠤᠷᠠᠯ ᠢ ᠪᠠᠳᠤᠯᠠᠨ᠂ ᠨᠡᠶᠢᠭᠡᠮ ᠤᠨ ᠡᠷᠭᠡ ᠳᠡᠭᠰᠢ ᠶᠢ ᠠᠬᠢᠭᠤᠯᠵᠤ᠂ ᠨᠡᠶᠢᠭᠡᠮ ᠤᠨ ᠡᠶ᠎ᠡ ᠵᠤᠬᠢᠴᠠᠯ | ᠪᠣᠯᠤᠨ ᠳᠤᠭᠳᠠᠭᠤᠨ ᠢ ᠬᠠᠮᠠᠭᠠᠯᠠᠬᠤ ᠶᠢᠨ ᠳᠤᠰᠠᠳᠠ᠂ ᠦᠨᠳᠦᠰᠦᠨ ᠬᠠᠤᠯᠢ ᠶᠢ ᠦᠨᠳᠦᠰᠦᠯᠡᠨ ᠳᠤᠰ ᠠᠷᠭ᠎ᠠ ᠶᠢ | ᠳᠤᠭᠳᠠᠭᠠᠪᠠ᠃ | ᠬᠤᠶᠠᠳᠤᠭᠠᠷ ᠵᠦᠢᠯ ᠨᠡᠶᠢᠬᠡᠮ ᠤᠨ ᠠᠪᠤᠷᠠᠨ ᠳᠤᠰᠠᠯᠠᠬᠤ ᠲᠦᠷᠢᠮ ᠨᠢ ᠨᠠᠭᠠᠳᠤ ᠵᠠᠬ᠎ᠠ ᠶᠢ ᠪᠠᠲᠤᠯᠠᠬᠤ᠂ | ᠪᠠᠴᠢᠮ ᠬᠦᠴᠢᠷᠳᠡᠯ ᠢ ᠠᠪᠤᠷᠠᠬᠤ᠂ ᠦᠷᠬᠦᠯᠵᠢᠯᠡᠬᠦ ᠶᠢ ᠪᠠᠷᠢᠮᠲᠠᠯᠠᠵᠤ᠂ ᠪᠤᠰᠤᠳ ᠨᠠᠶᠢᠬᠡᠮ ᠤᠨ ᠪᠠᠲᠤᠯᠠᠪᠤᠷᠢ ᠶᠢᠨ | ᠲᠦᠷᠢᠮ ᠲᠠᠢ ᠠᠪᠤᠴᠠᠯᠳᠤᠵᠤ᠂ ᠨᠡᠶᠢᠬᠡᠮ ᠤᠨ ᠠᠪᠤᠷᠠᠨ ᠲᠤᠰᠠᠯᠠᠬᠤ ᠲᠦᠪᠰᠢᠨ ᠢ ᠠᠵᠤ ᠠᠬᠤᠢ ᠨᠡᠶᠢᠬᠡᠮ ᠤᠨ | ᠬᠦᠭᠵᠢᠯᠲᠡ ᠶᠢᠨ ᠲᠦᠪᠰᠢᠨ ᠯᠦᠭᠡ ᠵᠤᠬᠢᠴᠠᠭᠤᠯᠤᠨ᠎ᠠ᠃ ᠨᠡᠶᠢᠬᠡᠮ ᠤᠨ ᠠᠪᠤᠷᠠᠨ ᠲᠤᠰᠠᠯᠠᠬᠤ ᠠᠵᠢᠯ ᠨᠢ ᠡᠷᠬᠡᠪᠰᠢ | ᠢᠯᠡ ᠳᠤᠳᠤ᠂ ᠡᠷᠬᠡ ᠳᠡᠭᠰᠢ᠂ ᠲᠦᠪ ᠭᠤᠤᠯᠴᠢ᠂ ᠴᠠᠭ ᠲᠤᠬᠠᠢ ᠳᠤᠨᠢ ᠪᠠᠶᠢᠬᠤ ᠵᠠᠷᠴᠢᠮ ᠢ ᠵᠢᠷᠤᠮᠯᠠᠨ᠎ᠠ᠃ | ᠭᠤᠷᠪᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ | ᠮᠦᠴᠢᠷ ᠨᠢ ᠪᠦᠬᠦ ᠤᠯᠤᠰ ᠤᠨ ᠨᠡᠶᠢᠭᠡᠮ ᠤᠨ ᠠᠪᠤᠷᠠᠨ ᠳᠤᠰᠠᠯᠠᠬᠤ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢ | ᠨᠢᠭᠡᠳᠦᠯᠳᠡᠢ ᠳᠦᠯᠦᠪᠯᠡᠨᠡ᠃ ᠳᠦᠷᠦ ᠶᠢᠨ ᠶᠠᠪᠤᠳᠠᠯ ᠤᠨ ᠬᠤᠷᠢᠶᠠᠨ ᠤ ᠠᠷᠡᠳ ᠤᠨ ᠶᠠᠪᠤᠳᠠᠯ ᠤᠨ ᠶᠠᠮᠤᠨ᠂ ᠡᠷᠡᠬᠦᠯ | ᠬᠠᠮᠠᠭᠠᠯᠠᠯ ᠪᠠ ᠳᠦᠯᠦᠪᠯᠡᠭᠡᠳᠤ ᠦᠷᠡᠵᠢᠯ ᠤᠨ ᠶᠠᠮᠤᠨ᠂ ᠰᠤᠷᠭᠠᠨ ᠬᠦᠮᠦᠵᠢᠯ ᠤᠨ ᠶᠠᠮᠤᠨ᠂ ᠤᠷᠤᠨ ᠰᠠᠭᠤᠴᠠ ᠪᠠ | ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠶᠠᠮᠤᠨ᠂ ᠬᠦᠮᠦᠨ ᠤ ᠬᠦᠴᠤᠨ ᠤ ᠡᠬᠢ ᠪᠠᠶᠠᠯᠢᠭ ᠪᠠ | ᠨᠡᠶᠢᠭᠡᠮ ᠤᠨ ᠪᠠᠳᠤᠯᠠᠪᠤᠷᠢ ᠶᠢᠨ ᠶᠠᠮᠤᠨ ᠵᠡᠷᠭᠡ ᠰᠠᠯᠠᠭ᠎ᠠ ᠮᠦᠴᠢᠷ ᠨᠢ ᠳᠤᠰ ᠳᠤᠰ ᠤᠨ ᠡᠬᠦᠷᠭᠡ ᠴᠢᠳᠠᠪᠤᠷᠢ ᠲᠠᠢ ᠪᠠᠨ | ᠵᠤᠬᠢᠴᠠᠬᠤᠢᠢᠴᠠ ᠨᠡᠶᠢᠭᠡᠮ ᠤᠨ ᠠᠪᠤᠷᠠᠨ ᠳᠤᠰᠠᠯᠠᠬᠤ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ ᠬᠤᠰᠢᠭᠤ | ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠠᠷᠠᠳ ᠤᠨ | ᠶᠠᠪᠤᠳᠠᠯ᠂ ᠡᠷᠡᠬᠦᠯ ᠬᠠᠮᠠᠭᠠᠯᠠᠯ ᠪᠡ ᠳᠦᠯᠦᠪᠯᠡᠭᠡᠳᠤ ᠦᠷᠡᠵᠢᠯ᠂ ᠰᠤᠷᠭᠠᠨ ᠬᠦᠮᠦᠵᠢᠯ᠂ ᠤᠷᠤᠨ ᠰᠠᠭᠤᠴᠠ ᠪᠠ | ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ᠂ ᠬᠦᠮᠦᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ | ᠪᠠᠳᠤᠯᠠᠪᠤᠷᠢ ᠵᠡᠷᠭᠡ ᠰᠠᠯᠠᠭ᠎ᠠ ᠮᠦᠴᠢᠷ ᠨᠢ ᠳᠤᠰ ᠳᠤᠰ ᠤᠨ ᠡᠬᠦᠷᠭᠡ ᠴᠢᠳᠠᠪᠤᠷᠢ ᠲᠠᠢ ᠪᠠᠨ ᠵᠤᠬᠢᠴᠠᠬᠤᠢᠢᠴᠠ ᠳᠤᠰ | ᠵᠠᠰᠠᠭ ᠵᠠᠬᠢᠷᠭᠠᠨ ᠤ ᠤᠷᠤᠨ ᠤ ᠬᠠᠷᠢᠶᠠᠨ ᠳᠠᠬᠢ ᠨᠡᠶᠢᠭᠡᠮ ᠤᠨ ᠠᠪᠤᠷᠠᠨ ᠳᠤᠰᠠᠠᠯᠠᠬᠤ ᠬᠠᠮᠢᠶᠠᠷᠤᠯᠳᠠ ᠶᠢᠨ ᠠᠵᠢᠯ ᠢ | ᠬᠠᠷᠢᠭᠤᠴᠠᠨ᠎ᠠ᠃ ᠡᠮᠤᠨ᠎ᠠ ᠬᠤᠶᠠᠷ ᠵᠦᠢᠯ ᠳᠤ ᠳᠤᠷᠠᠳᠤᠭᠰᠠᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢ | ᠨᠡᠶᠢᠳᠡᠮ ᠳᠤ ᠨᠢ ᠨᠡᠶᠢᠭᠡᠮ ᠤᠨ ᠠᠪᠤᠷᠠᠨ ᠳᠤᠰᠠᠯᠠᠬᠤ ᠬᠠᠮᠢᠶᠠᠷᠤᠯᠳᠠ ᠶᠢᠨ ᠰᠠᠯᠠᠭ᠎ᠠ ᠮᠦᠴᠢᠷ ᠭᠡᠨ᠎ᠡ᠃ | ᠳᠦᠷᠪᠡᠳᠦᠭᠡᠷ ᠵᠦᠢᠯ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ | ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠨᠢ ᠨᠡᠶᠢᠭᠡᠮ ᠤᠨ ᠠᠪᠤᠷᠠᠨ ᠳᠤᠰᠠᠯᠠᠯᠳᠠ ᠳᠤ ᠬᠤᠯᠪᠤᠭᠳᠠᠬᠤ | ᠭᠤᠶᠤᠴᠢᠯᠠᠯᠳᠠ ᠶᠢ ᠬᠦᠯᠢᠶᠡᠨ ᠠᠪᠤᠨ᠂ ᠪᠠᠶᠢᠴᠠᠭᠠᠨ ᠬᠢᠨᠠᠵᠤ᠂ ᠪᠤᠳᠠᠳᠠᠢ ᠠᠵᠢᠯ ᠢ ᠨᠡᠶᠢᠭᠡᠮ ᠤᠨ ᠠᠪᠤᠷᠠᠨ | ᠳᠤᠰᠠᠯᠠᠬᠤ ᠶᠢ ᠬᠦᠢᠴᠡᠳᠭᠡᠬᠦ ᠪᠠᠶᠢᠭᠤᠯᠤᠮᠵᠢ ᠡᠰᠡᠬᠦᠯ᠎ᠡ ᠭᠠᠷᠳᠠᠨ ᠬᠦᠢᠴᠡᠳᠭᠡᠬᠦ ᠬᠦᠮᠦᠰ ᠳᠠᠭᠠᠭᠠᠨ ᠬᠠᠷᠢᠭᠤᠴᠠᠨ᠎ᠠ᠃ | ᠭᠠᠴᠠᠭ᠎ᠠ ᠳᠤᠰᠬᠤᠨ ᠤ ᠠᠷᠠᠳ ᠤᠨ ᠵᠦᠪᠯᠡᠯ᠂ ᠰᠠᠭᠤᠭᠠᠯᠢ ᠠᠷᠠᠳ ᠤᠨ ᠵᠦᠪᠯᠡᠯ ᠨᠢ ᠨᠡᠶᠢᠭᠡᠮ ᠤᠨ ᠠᠪᠤᠷᠠᠨ | ᠳᠤᠰᠠᠯᠠᠬᠤ ᠠᠵᠢᠯ ᠢ ᠳᠡᠮᠵᠢᠨ ᠳᠤᠰᠠᠯᠠᠵᠤ ᠰᠠᠶᠢᠳᠤᠷ ᠬᠢᠬᠦ ᠭᠡᠷᠡᠭᠳᠡᠢ᠃ | ᠳᠠᠪᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ | ᠨᠡᠶᠢᠭᠡᠮ ᠤᠨ ᠠᠪᠤᠷᠠᠨ ᠳᠤᠰᠠᠯᠠᠬᠤ ᠠᠵᠢᠯ ᠢ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ | ᠬᠦᠭᠵᠢᠯᠳᠡ ᠶᠢᠨ ᠳᠦᠯᠦᠪᠵᠢᠬᠦᠯᠦᠭᠡ ᠳᠤ ᠤᠷᠤᠭᠤᠯᠵᠤ᠂ ᠵᠠᠰᠠᠭ ᠤᠨ ᠤᠷᠳᠤᠨ ᠤᠳᠤᠷᠢᠳᠤᠨ᠂ ᠠᠷᠠᠳ ᠤᠨ | ᠶᠠᠪᠤᠳᠠᠯ ᠤᠨ ᠰᠠᠯᠠᠭ᠎ᠠ ᠮᠦᠴᠢᠷ ᠳᠤᠯᠤᠭᠠᠢᠢᠯᠠᠨ ᠬᠤᠯᠪᠤᠭᠳᠠᠯ ᠪᠦᠬᠦᠢ ᠰᠠᠯᠠᠭ᠎ᠠ ᠮᠦᠴᠢᠷ ᠬᠠᠮᠵᠢᠯᠴᠠᠵᠤ᠂ | ᠨᠡᠶᠢᠭᠡᠮ ᠤᠨ ᠬᠦᠴᠤᠨ ᠤᠷᠤᠯᠴᠠᠭᠰᠠᠨ᠂ ᠨᠡᠶᠢᠭᠡᠮ ᠤᠨ ᠠᠪᠤᠷᠠᠨ ᠳᠤᠰᠠᠯᠠᠬᠤ ᠠᠵᠢᠯ ᠢ ᠵᠤᠬᠢᠴᠠᠭᠤᠯᠬᠤ | ᠳᠤᠭᠳᠠᠴᠠ ᠶᠢ ᠪᠠᠶᠢᠭᠤᠯᠤᠨ ᠳᠡᠬᠦᠯᠳᠡᠷᠵᠬᠦᠯᠵᠤ᠂ ᠨᠡᠶᠢᠭᠡᠮ ᠤᠨ ᠠᠪᠤᠷᠠᠨ ᠳᠤᠰᠠᠯᠠᠬᠤ ᠪᠡᠯᠡ ᠮᠦᠡᠭᠬᠦ᠂ ᠡᠳ᠋ | ᠪᠤᠳᠠᠰ ᠤᠨ ᠪᠠᠳᠤᠯᠠᠭ᠎ᠠ ᠶᠢᠨ ᠳᠤᠭᠳᠠᠴᠠ ᠶᠢ ᠪᠦᠷᠢᠨᠰᠢᠬᠦᠯᠦᠨ᠂ ᠵᠠᠰᠠᠭ ᠤᠨ ᠤᠷᠳᠤᠨ ᠤ ᠳᠤᠬᠢᠷᠠᠭᠤᠯᠤᠭᠰᠠᠨ | ᠨᠡᠶᠢᠭᠡᠮ ᠤᠨ ᠠᠪᠤᠷᠠᠨ ᠳᠤᠰᠠᠯᠠᠬᠤ ᠪᠡᠯᠡ ᠮᠦᠡᠭᠬᠦ ᠪᠤᠯᠤᠨ ᠨᠡᠶᠢᠭᠡᠮ ᠤᠨ ᠠᠪᠤᠷᠠᠨ ᠳᠤᠰᠠᠯᠠᠬᠤ ᠠᠵᠢᠯ ᠤᠨ ᠵᠠᠷᠤᠳᠠᠯ ᠢ | ᠡᠳ᠋ ᠤᠨ ᠵᠠᠰᠠᠭ ᠤᠨ ᠳᠦᠰᠦᠪ ᠲᠤ ᠤᠷᠤᠭᠤᠯᠪᠠᠯ ᠵᠤᠬᠢᠨ᠎ᠠ᠃ ᠨᠡᠶᠢᠭᠡᠮ ᠤᠨ ᠠᠪᠤᠷᠠᠨ ᠳᠤᠰᠠᠯᠠᠬᠤ ᠪᠡᠯᠡ ᠮᠦᠡᠭᠬᠦ ᠶᠢ | ᠳᠤᠰᠬᠠᠢ ᠳᠦᠷᠦᠯ ᠢᠶᠠᠷ ᠬᠠᠮᠢᠶᠠᠷᠬᠤ ᠶᠢ ᠭᠡᠷᠡᠭᠵᠢᠬᠦᠯᠦᠨ᠂ ᠳᠠᠩᠰᠠ ᠬᠤᠪᠢᠶᠠᠨ ᠳᠤᠭᠠᠴᠠᠭ᠎ᠠ ᠬᠢᠵᠤ᠂ ᠳᠤᠰᠬᠠᠢ | ᠵᠤᠭᠤᠰ ᠢ ᠳᠤᠰᠬᠠᠢ ᠳᠦᠷᠦᠯ ᠵᠦᠢᠯ ᠳᠤ ᠨᠢ ᠵᠠᠷᠤᠨ᠂ ᠶᠠᠮᠠᠷᠪᠠ ᠪᠠᠶᠢᠭᠤᠯᠤᠯᠭ᠎ᠠ ᠨᠢᠭᠡᠴᠡ ᠪᠠ ᠬᠤᠪᠢ ᠬᠦᠮᠦᠨ | ᠡᠵᠡᠯᠡᠬᠦ ᠪᠤᠶᠤ ᠨᠡᠬᠦᠯᠭᠡᠨ ᠭᠡᠷᠡᠭᠯᠡᠵᠤ ᠪᠤᠯᠬᠤ ᠦᠭᠡᠢ᠃ ᠨᠡᠶᠢᠭᠡᠮ ᠤᠨ ᠠᠪᠤᠷᠠᠨ ᠳᠤᠰᠠᠯᠠᠬᠤ ᠪᠡᠯᠡ ᠮᠦᠡᠭᠬᠦ ᠶᠢ | ᠭᠠᠷᠭᠠᠵᠤ ᠦᠭᠬᠦ ᠳᠡᠭᠡᠨ ᠡᠳ᠋ ᠤᠨ ᠵᠠᠰᠠᠭ ᠤᠨ ᠤᠯᠤᠰ ᠤᠨ ᠰᠠᠩ ᠤᠨ ᠬᠠᠮᠢᠶᠠᠷᠤᠯᠳᠠ ᠶᠢᠨ ᠬᠤᠯᠪᠤᠭᠳᠠᠯ ᠪᠦᠬᠦᠢ | ᠳᠤᠭᠳᠠᠭᠠᠯ ᠢᠶᠠᠷ ᠭᠡᠷᠡᠭᠵᠢᠬᠦᠯᠬᠦ ᠭᠡᠷᠡᠭᠳᠡᠢ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠤᠷᠳᠤᠨ ᠨᠢ ᠤᠯᠤᠰ ᠤᠨ ᠨᠢᠭᠡᠳᠤᠯᠳᠡᠢ ᠳᠦᠯᠦᠪᠵᠢᠬᠦᠯᠦᠭᠡ ᠶᠤᠰᠤᠭᠠᠷ ᠨᠡᠶᠢᠭᠡᠮ ᠤᠨ ᠠᠪᠤᠷᠠᠨ ᠳᠤᠰᠠᠯᠠᠬᠤ | ᠬᠠᠮᠢᠶᠠᠷᠤᠯᠳᠠ ᠶᠢᠨ ᠴᠢᠮᠡᠭᠡ ᠵᠠᠩᠬᠢ ᠶᠢᠨ ᠰᠢᠰᠲ᠋ᠧᠮ ᠢ ᠪᠠᠶᠢᠭᠤᠯᠵᠤ᠂ ᠨᠡᠶᠢᠭᠡᠮ ᠤᠨ ᠠᠪᠤᠷᠠᠨ ᠳᠤᠰᠠᠯᠠᠬᠤ ᠴᠢᠮᠡᠭᠡ | ᠵᠠᠩᠬᠢ ᠶᠢ ᠬᠠᠷᠢᠯᠴᠠᠨ ᠬᠤᠯᠪᠤᠨ ᠨᠡᠪᠳᠡᠷᠡᠬᠦᠯᠵᠤ᠂ ᠡᠬᠢ ᠪᠠᠶᠠᠯᠢᠭ ᠢ ᠬᠠᠮᠳᠤᠪᠠᠷ ᠡᠳ᠋ᠯᠡᠬᠦ ᠭᠡᠷᠡᠭᠳᠡᠢ᠃ | ᠳᠤᠯᠤᠳᠤᠭᠠᠷ ᠵᠦᠢᠯ ᠤᠯᠤᠰ ᠠᠴᠠ ᠨᠡᠶᠢᠭᠡᠮ ᠤᠨ ᠬᠦᠴᠤᠨ ᠤ ᠨᠡᠶᠢᠭᠡᠮ ᠤᠨ ᠠᠪᠤᠷᠠᠨ ᠳᠤᠰᠠᠯᠠᠯᠳᠠ ᠳᠤ | ᠤᠷᠤᠯᠴᠠᠬᠤ ᠶᠢ ᠤᠷᠮᠠᠰᠢᠭᠤᠯᠤᠨ ᠳᠡᠮᠵᠢᠨ᠎ᠡ᠃ | ᠨᠠᠢᠮᠠᠳᠤᠭᠠᠷ ᠵᠦᠢᠯ ᠨᠡᠶᠢᠭᠡᠮ ᠤᠨ ᠠᠪᠤᠷᠠᠨ ᠳᠤᠰᠠᠯᠠᠬᠤ ᠠᠵᠢᠯ ᠳᠤ ᠳᠤᠪᠤᠶᠢᠮ᠎ᠠ ᠠᠮᠵᠢᠯᠳᠠ ᠪᠦᠳᠦᠭᠡᠯ | ᠭᠠᠷᠭᠠᠭᠰᠠᠨ ᠪᠠᠶᠢᠭᠤᠯᠤᠯᠭ᠎ᠠ ᠨᠢᠭᠡᠴᠡ᠂ ᠬᠤᠪᠢ ᠬᠦᠮᠦᠨ ᠢ ᠤᠯᠤᠰ ᠤᠨ ᠬᠤᠯᠪᠤᠭᠳᠠᠯ ᠪᠦᠬᠦᠢ ᠳᠤᠭᠳᠠᠭᠠᠯ | ᠶᠤᠰᠤᠭᠠᠷ ᠬᠦᠬᠢᠬᠦᠯᠦᠨ ᠱᠠᠩᠨᠠᠨ᠎ᠠ᠃ | | ᠬᠤᠶᠠᠳᠤᠭᠠᠷ ᠪᠦᠯᠦᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ | ᠶᠢᠰᠦᠳᠤᠭᠡᠷ ᠵᠦᠢᠯ ᠤᠯᠤᠰ ᠠᠴᠠ ᠴᠤᠭ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠬᠦᠮᠦᠨ | ᠳᠤᠮᠳᠠᠴᠢ ᠶᠢᠨ ᠤᠷᠤᠯᠭ᠎ᠠ ᠨᠢ ᠳᠤᠬᠠᠢ ᠶᠢᠨ ᠭᠠᠵᠠᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ | ᠪᠠᠷᠢᠮᠵᠢᠶ᠎ᠠ ᠠᠴᠠ ᠳᠤᠤᠷ᠎ᠠ ᠮᠦᠷᠳᠡᠭᠡᠨ ᠳᠤᠬᠠᠢ ᠶᠢᠨ ᠭᠠᠵᠠᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠳᠤᠯᠠᠪᠤᠷᠢ ᠶᠢᠨ ᠭᠡᠷ ᠪᠦᠯᠢ ᠶᠢᠨ ᠡᠳ᠋ ᠬᠦᠷᠦᠩᠭᠡ ᠶᠢᠨ ᠠᠬᠤᠢ ᠪᠠᠶᠢᠳᠠᠯ ᠤᠨ ᠳᠤᠭᠳᠠᠭᠠᠯ ᠳᠤ ᠨᠡᠶᠢᠴᠡᠭᠰᠡᠨ ᠭᠡᠷ | ᠪᠦᠯᠢ ᠳᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠤᠯᠭᠤᠨ᠎ᠠ᠃ | ᠠᠷᠪᠠᠳᠤᠭᠠᠷ ᠵᠦᠢᠯ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠪᠠᠷᠢᠮᠵᠢᠶ᠎ᠠ ᠶᠢ ᠮᠤᠵᠢ᠂ | ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠡᠰᠡᠬᠦᠯ᠎ᠡ ᠳᠤᠭᠤᠷᠢᠭ ᠲᠠᠢ ᠬᠤᠳᠠ ᠶᠢᠨ ᠳᠡᠰ ᠤᠨ | ᠠᠷᠠᠳ ᠤᠨ ᠠᠷᠠᠳ ᠤᠨ ᠵᠠᠰᠠᠭ ᠤᠨ ᠤᠷᠳᠤᠨ ᠠᠴᠠ ᠳᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ | ᠠᠮᠢᠳᠤᠷᠠᠯ ᠳᠤ ᠵᠠᠪᠠᠯ ᠭᠡᠷᠡᠭᠯᠡᠬᠦ ᠵᠠᠷᠤᠳᠠᠯ ᠤᠨ ᠪᠠᠷᠢᠮᠵᠢᠶ᠎ᠠ ᠪᠠᠷ ᠳᠤᠭᠳᠠᠭᠠᠵᠤ ᠨᠡᠶᠢᠳᠡᠯᠡᠨ᠂ ᠳᠤᠬᠠᠢ ᠶᠢᠨ ᠭᠠᠵᠠᠷ ᠤᠨ | ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠳᠦᠪᠰᠢᠨ ᠬᠢᠭᠡᠳ ᠪᠠᠷᠠᠭ᠎ᠠ ᠲᠠᠸᠠᠷ ᠤᠨ ᠦᠨ᠎ᠠ ᠬᠠᠨᠭ᠍ᠰᠢ ᠶᠢᠨ | ᠬᠤᠪᠢᠷᠠᠯᠳᠠ ᠶᠢᠨ ᠪᠠᠶᠢᠳᠠᠯ ᠢ ᠦᠨᠳᠦᠰᠦᠯᠡᠵᠤ ᠴᠠᠭ ᠳᠤᠬᠠᠢ ᠳᠤ ᠨᠢ ᠳᠤᠬᠢᠷᠠᠭᠤᠯᠤᠯᠳᠠ ᠬᠢᠨ᠎ᠠ᠃ ᠨᠠᠭᠠᠳᠤ | ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠭᠡᠷ ᠪᠦᠯᠢ ᠶᠢᠨ ᠤᠷᠤᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ | ᠪᠠᠶᠢᠳᠠᠯ ᠢ ᠬᠢᠨᠠᠵᠤ ᠳᠤᠭᠳᠠᠭᠠᠬᠤ ᠠᠷᠭ᠎ᠠ ᠶᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ | ᠡᠰᠡᠬᠦᠯ᠎ᠠ ᠳᠤᠭᠤᠷᠢᠭ ᠲᠠᠢ ᠬᠤᠳᠠ ᠶᠢᠨ ᠳᠡᠰ ᠤᠨ ᠠᠷᠠᠳ ᠤᠨ ᠵᠠᠰᠠᠭ ᠤᠨ ᠤᠷᠳᠤᠨ ᠠᠴᠠ ᠤᠯᠤᠰ ᠤᠨ | ᠬᠤᠯᠪᠤᠭᠳᠠᠯ ᠪᠦᠬᠦᠢ ᠳᠤᠭᠳᠠᠭᠠᠯ ᠶᠤᠰᠤᠭᠠᠷ ᠳᠤᠭᠳᠠᠭᠠᠨ᠎ᠠ᠃ | ᠠᠷᠪᠠᠨ ᠨᠢᠭᠡᠳᠤᠭᠡᠷ ᠵᠦᠢᠯ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠭᠤᠶᠤᠯᠳᠠ ᠶᠢ | ᠳᠤᠤᠷᠠᠬᠢ ᠮᠠᠳᠤ ᠳᠡᠰ ᠳᠠᠷᠠᠭᠠᠯᠠᠯ ᠢᠶᠠᠷ ᠬᠦᠢᠴᠡᠳᠭᠡᠨ᠎ᠠ᠄ | ︵ᠨᠢᠭᠡ︶ ᠴᠤᠭ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠠᠴᠠ ᠡᠷᠦᠭᠡ ᠠᠮᠠᠨ ᠳᠠᠩᠰᠠ ᠨᠢ | ᠪᠠᠶᠢᠭ᠎ᠠ ᠭᠠᠵᠠᠷ ᠤᠨ ᠢᠶᠠᠨ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ | ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ ᠪᠢᠴᠢᠭ ᠢᠶᠠᠷ ᠭᠤᠶᠤᠴᠢᠯᠠᠨ᠎ᠠ︔ ᠭᠡᠷ ᠪᠦᠯᠢ ᠶᠢᠨ ᠪᠦᠷᠢᠯᠳᠦᠬᠦᠨ ᠨᠢ | ᠭᠤᠶᠤᠴᠢᠯᠠᠯᠳᠠ ᠬᠢᠬᠦ ᠳᠤ ᠬᠦᠴᠢᠷ ᠲᠠᠢ ᠪᠤᠯ ᠭᠠᠴᠠᠭ᠎ᠠ ᠳᠤᠰᠬᠤᠨ ᠤ ᠠᠷᠠᠳ ᠤᠨ ᠵᠦᠪᠯᠡᠯ᠂ ᠰᠠᠭᠤᠭᠠᠯᠢ | ᠠᠷᠠᠳ ᠤᠨ ᠵᠦᠪᠯᠡᠯ ᠳᠤ ᠨᠠᠶᠢᠳᠠᠨ ᠤᠷᠤᠯᠠᠨ ᠭᠤᠶᠤᠴᠢᠯᠠᠵᠤ ᠪᠤᠯᠤᠨ᠎ᠠ᠃ | ︵ᠬᠤᠶᠠᠷ︶ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ | ᠭᠡᠷᠡᠭ ᠡᠷᠬᠢᠯᠡᠬᠦ ᠭᠠᠵᠠᠷ ᠨᠢ ᠡᠷᠦᠭᠡ ᠳᠤ ᠬᠦᠷᠴᠤ ᠪᠠᠶᠢᠴᠠᠭᠠᠬᠤ᠂ ᠬᠦᠷᠰᠢ ᠰᠠᠭᠠᠬᠠᠯᠳᠠ ᠠᠴᠠ ᠨᠢ ᠠᠰᠠᠭᠤᠵᠤ | ᠰᠤᠷᠠᠬᠤ᠂ ᠵᠠᠬᠢᠳᠠᠯ ᠢᠶᠠᠷ ᠭᠡᠷᠡᠴᠢ ᠠᠪᠬᠤ᠂ ᠤᠯᠠᠨ ᠳᠦᠮᠡᠨ ᠢᠶᠠᠷ ᠦᠨᠡᠯᠡᠬᠦᠯᠬᠦ᠂ ᠴᠢᠮᠡᠭᠡ ᠵᠠᠩᠬᠢ ᠶᠢ ᠬᠢᠨᠠᠨ | ᠪᠠᠶᠢᠴᠠᠭᠠᠬᠤ ᠵᠡᠷᠭᠡ ᠠᠷᠭ᠎ᠠ ᠪᠠᠷ ᠭᠤᠶᠤᠴᠢᠯᠠᠭᠰᠠᠨ ᠬᠦᠮᠦᠨ ᠤ ᠭᠡᠷ ᠪᠦᠯᠢ ᠶᠢᠨ ᠤᠷᠤᠯᠭ᠎ᠠ ᠶᠢᠨ ᠪᠠᠶᠢᠳᠠᠯ᠂ ᠡᠳ᠋ | ᠬᠦᠷᠦᠩᠭᠡ ᠶᠢᠨ ᠪᠠᠶᠢᠳᠠᠯ ᠢ ᠪᠠᠶᠢᠴᠠᠭᠠᠵᠤ ᠬᠢᠨᠠᠨ ᠮᠠᠭᠠᠳᠯᠠᠨ᠂ ᠠᠩᠬ᠎ᠠ ᠬᠢᠨᠠᠭᠰᠠᠨ ᠰᠠᠨᠠᠯ ᠢᠶᠠᠨ ᠳᠤᠷᠠᠳᠴᠤ᠂ | ᠭᠤᠶᠤᠴᠢᠯᠠᠭᠰᠠᠨ ᠬᠦᠮᠦᠨ ᠤ ᠪᠠᠶᠢᠭ᠎ᠠ ᠭᠠᠴᠠᠭ᠎ᠠ ᠳᠤᠰᠬᠤᠨ᠂ ᠨᠡᠶᠢᠭᠡᠮ ᠳᠤᠭᠤᠷᠢᠭ ᠲᠤ ᠵᠠᠷᠯᠠᠨ ᠨᠡᠶᠢᠳᠡᠯᠡᠭᠰᠡᠨ ᠤ | ᠳᠠᠷᠠᠭ᠎ᠠ ᠬᠤᠰᠢᠭᠤ ᠰᠢᠶᠠᠨ ᠤ ᠳᠡᠰ ᠤᠨ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ | ᠮᠦᠴᠢᠷ ᠲᠤ ᠮᠡᠳᠡᠬᠦᠯᠦᠨ ᠵᠦᠪᠰᠢᠶᠡᠷᠡᠬᠦᠯᠦᠨ᠎ᠠ᠃ | ︵ᠭᠤᠷᠪᠠ︶ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ | ᠶᠠᠪᠤᠳᠠᠯ ᠤᠨ ᠰᠠᠯᠠᠭ᠎ᠠ ᠮᠦᠴᠢᠷ ᠨᠢ ᠬᠢᠨᠠᠨ ᠪᠠᠶᠢᠴᠠᠭᠠᠭᠠᠳ᠂ ᠨᠦᠬᠦᠴᠡᠯ ᠳᠤ ᠨᠡᠶᠢᠴᠡᠬᠦ ᠭᠤᠶᠤᠴᠢᠯᠠᠯ ᠢ ᠨᠢ | ᠵᠦᠪᠰᠢᠶᠡᠷᠡᠬᠦ ᠶᠢᠨ ᠬᠠᠮᠳᠤ ᠭᠤᠶᠤᠴᠢᠯᠠᠭᠰᠠᠨ ᠬᠦᠮᠦᠨ ᠤ ᠪᠠᠶᠢᠭ᠎ᠠ ᠭᠠᠴᠠᠭ᠎ᠠ ᠳᠤᠰᠬᠤᠨ᠂ ᠨᠡᠶᠢᠭᠡᠮ ᠤᠨ | ᠳᠤᠭᠤᠷᠢᠭ ᠲᠤ ᠵᠠᠷᠯᠠᠨ ᠨᠡᠶᠢᠳᠡᠯᠡᠨ᠎ᠡ︔ ᠨᠦᠬᠦᠴᠡᠯ ᠳᠤ ᠡᠰᠡ ᠨᠡᠶᠢᠴᠡᠬᠦ ᠭᠤᠶᠤᠴᠢᠯᠠᠯᠳᠠ ᠶᠢ ᠦᠯᠦ ᠵᠦᠪᠰᠢᠶᠡᠷᠡᠨ᠂ | ᠭᠤᠶᠤᠴᠢᠯᠠᠭᠰᠠᠨ ᠬᠦᠮᠦᠨ ᠳᠤ ᠨᠢ ᠪᠢᠴᠢᠭ ᠢᠶᠠᠷ ᠤᠴᠢᠷ ᠰᠢᠯᠳᠠᠭᠠᠨ ᠢ ᠳᠤᠳᠤᠷᠬᠠᠢᠢᠯᠠᠵᠤ ᠦᠭᠬᠦᠨ᠎ᠠ᠃ | ᠠᠷᠪᠠᠨ ᠬᠤᠶᠠᠳᠤᠭᠠᠷ ᠵᠦᠢᠯ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠤᠯᠭᠤᠬᠤ ᠪᠠᠷ | ᠵᠦᠪᠰᠢᠶᠡᠷᠡᠭᠳᠡᠭᠰᠡᠨ ᠭᠡᠷ ᠪᠦᠯᠢ ᠳᠤ᠂ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ | ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠴᠤᠭ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ | ᠬᠦᠮᠦᠨ ᠳᠤᠮᠳᠠᠴᠢ ᠶᠢᠨ ᠤᠷᠤᠯᠭ᠎ᠠ ᠨᠢ ᠳᠤᠬᠠᠢ ᠶᠢᠨ ᠭᠠᠵᠠᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠳᠤᠯᠠᠪᠤᠷᠢ ᠶᠢᠨ ᠪᠠᠷᠢᠮᠵᠢᠶ᠎ᠠ ᠠᠴᠠ ᠳᠤᠤᠷ᠎ᠠ ᠪᠠᠶᠢᠬᠤ ᠵᠦᠷᠢᠶ᠎ᠠ ᠪᠠᠷ ᠨᠢ ᠨᠠᠭᠠᠳᠤ ᠵᠠᠬ᠎ᠠ ᠶᠢᠨ ᠠᠮᠢᠳᠤᠷᠠᠯ ᠤᠨ | ᠪᠠᠳᠤᠯᠠᠪᠤᠷᠢ ᠶᠢᠨ ᠮᠦᠡᠭᠬᠦ ᠶᠢ ᠰᠠᠷ᠎ᠠ ᠪᠠᠷ ᠦᠭᠬᠦᠨ᠎ᠠ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ | ᠤᠯᠤᠭᠰᠠᠨ ᠤ ᠳᠠᠷᠠᠭ᠎ᠠ ᠠᠮᠢᠳᠤᠷᠠᠯ ᠨᠢ ᠮᠦᠨ ᠯᠡ ᠬᠦᠴᠢᠷᠳᠡᠯ ᠲᠠᠢ ᠪᠠᠶᠢᠭ᠎ᠠ ᠨᠠᠰᠤᠳᠠᠶᠢᠴᠤᠳ᠂ ᠨᠠᠰᠤᠨ ᠳᠤ ᠦᠯᠦ | ᠬᠦᠷᠦᠭᠰᠡᠳ᠂ ᠬᠦᠨᠳᠤ ᠭᠡᠴᠡᠬᠦᠤ ᠵᠡᠮᠳᠡᠭᠴᠤᠳ ᠪᠤᠯᠤᠨ ᠬᠦᠨᠳᠤ ᠡᠪᠡᠳᠴᠢᠳᠠᠳ ᠲᠤ ᠬᠤᠰᠢᠭᠤ ᠰᠢᠶᠠᠨ ᠤ | ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠨᠢ ᠴᠢᠬᠤᠯᠠ ᠪᠦᠬᠦᠢ ᠠᠷᠭ᠎ᠠ | ᠭᠡᠮᠵᠢᠶ᠎ᠡ ᠠᠪᠴᠤ᠂ ᠠᠮᠢᠳᠤᠷᠠᠯ ᠢ ᠨᠢ ᠪᠠᠳᠤᠯᠠᠬᠤ ᠭᠡᠷᠡᠭᠳᠡᠢ᠃ | ᠠᠷᠪᠠᠨ ᠭᠤᠷᠪᠠᠳᠤᠭᠠᠷ ᠵᠦᠢᠯ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠤᠯᠵᠤ ᠪᠠᠶᠢᠭ᠎ᠠ ᠭᠡᠷ | ᠪᠦᠯᠢ ᠶᠢᠨ ᠬᠦᠮᠦᠨ ᠠᠮᠠ ᠶᠢᠨ ᠪᠠᠶᠢᠳᠠᠯ᠂ ᠤᠷᠤᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ ᠪᠠᠶᠢᠳᠠᠯ ᠳᠤ | ᠬᠤᠪᠢᠷᠠᠯᠳᠠ ᠭᠠᠷᠤᠭᠰᠠᠨ ᠪᠤᠯ ᠴᠠᠭ ᠳᠠᠷᠤᠢ ᠳᠤ ᠨᠢ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ | ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ ᠮᠡᠳᠡᠬᠦᠯᠬᠦ ᠭᠡᠷᠡᠭᠳᠡᠢ᠃ ᠬᠤᠰᠢᠭᠤ ᠰᠢᠶᠠᠨ ᠤ ᠱᠠᠳᠤᠨ ᠤ | ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠵᠢᠴᠢ ᠰᠤᠮᠤ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠨᠢ ᠨᠠᠭᠠᠳᠤ | ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠤᠯᠵᠤ ᠪᠠᠶᠢᠭ᠎ᠠ ᠭᠡᠷ ᠪᠦᠯᠢ ᠶᠢᠨ ᠬᠦᠮᠦᠨ ᠠᠮᠠ ᠶᠢᠨ ᠪᠠᠶᠢᠳᠠᠯ᠂ | ᠤᠷᠤᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ ᠪᠠᠶᠢᠳᠠᠯ ᠢ ᠳᠤᠭᠳᠠᠭᠰᠠᠨ ᠬᠤᠭᠤᠴᠠᠭ᠎ᠠ ᠲᠠᠢ ᠪᠠᠷ ᠬᠠᠷᠭᠤᠭᠤᠯᠤᠨ | ᠪᠠᠶᠢᠴᠠᠭᠠᠬᠤ ᠭᠡᠷᠡᠭᠳᠡᠢ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ ᠪᠦᠯᠢ ᠶᠢᠨ ᠬᠦᠮᠦᠨ ᠠᠮᠠ ᠶᠢᠨ | ᠪᠠᠶᠢᠳᠠᠯ᠂ ᠤᠷᠤᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ ᠪᠠᠶᠢᠳᠠᠯ ᠳᠤ ᠬᠤᠪᠢᠷᠠᠯᠳᠠ ᠭᠠᠷᠪᠠᠯ ᠬᠤᠰᠢᠭᠤ ᠰᠢᠶᠠᠨ ᠤ | ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠴᠠᠭ | ᠳᠠᠷᠤᠢ ᠳᠤ ᠨᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠮᠦᠡᠭᠬᠦ ᠶᠢ ᠨᠡᠮᠡᠵᠤ ᠦᠭᠬᠦ᠂ ᠬᠠᠰᠤᠬᠤ | ᠡᠰᠡᠬᠦᠯ᠎ᠡ ᠵᠤᠭᠰᠤᠭᠠᠬᠤ ᠶᠢ ᠳᠤᠭᠳᠠᠭᠠᠬᠤ ᠭᠡᠷᠡᠭᠳᠡᠢ︔ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ | ᠮᠦᠡᠭᠬᠦ ᠶᠢ ᠵᠤᠭᠰᠤᠭᠠᠬᠤ ᠪᠠᠷ ᠳᠤᠭᠳᠠᠭᠰᠠᠳ ᠲᠤ ᠤᠴᠢᠷ ᠰᠢᠯᠳᠠᠭᠠᠨ ᠢ ᠨᠢ ᠪᠢᠴᠢᠭ ᠢᠶᠠᠷ ᠳᠤᠳᠤᠷᠬᠠᠢᠢᠯᠠᠵᠤ ᠦᠭᠬᠦ | ᠭᠡᠷᠡᠭᠳᠡᠢ᠃ | | ᠭᠤᠷᠪᠠᠳᠤᠭᠠᠷ ᠪᠦᠯᠦᠭ ᠤᠨᠴᠠ ᠬᠦᠴᠢᠷᠳᠡᠯ ᠲᠠᠢ ᠬᠦᠮᠦᠰ ᠢ ᠠᠰᠠᠷᠠᠨ ᠳᠡᠵᠢᠭᠡᠬᠦ | ᠠᠷᠪᠠᠨ ᠳᠦᠷᠪᠡᠳᠦᠭᠡᠷ ᠵᠦᠢᠯ ᠤᠯᠤᠰ ᠠᠴᠠ ᠬᠦᠳᠡᠯᠮᠦᠷᠢ ᠶᠢᠨ ᠴᠢᠳᠠᠪᠤᠷᠢ ᠦᠭᠡᠢ᠂ ᠠᠮᠢᠳᠤᠷᠠᠯ ᠤᠨ | ᠢᠷᠡᠯᠳᠡ ᠦᠭᠡᠢ ᠮᠦᠷᠳᠡᠭᠡᠨ ᠬᠠᠤᠯᠢ ᠶᠤᠰᠤᠨ ᠤ ᠠᠰᠠᠷᠠᠨ ᠳᠡᠵᠢᠭᠡᠬᠦ᠂ ᠳᠡᠵᠢᠭᠡᠬᠦ᠂ ᠳᠡᠳᠬᠦᠨ ᠳᠡᠵᠢᠭᠡᠬᠦ ᠡᠬᠦᠷᠭᠡ | ᠬᠠᠷᠢᠭᠤᠴᠠᠯᠭ᠎ᠠ ᠲᠠᠢ ᠬᠦᠮᠦᠨ ᠦᠭᠡᠢ ᠪᠤᠶᠤ ᠡᠰᠡᠬᠦᠯ᠎ᠠ ᠳᠡᠬᠦᠨ ᠢ ᠬᠠᠤᠯᠢ ᠶᠤᠰᠤᠭᠠᠷ ᠠᠰᠠᠷᠠᠨ ᠳᠡᠵᠢᠭᠡᠬᠦ᠂ ᠳᠡᠵᠢᠭᠡᠬᠦ | ᠂ ᠳᠡᠳᠬᠦᠨ ᠳᠡᠵᠢᠭᠡᠬᠦ ᠡᠬᠦᠷᠭᠡ ᠬᠠᠷᠢᠭᠤᠴᠠᠯᠭ᠎ᠠ ᠲᠠᠢ ᠬᠦᠮᠦᠨ ᠪᠠᠶᠢᠭᠰᠠᠨ ᠴᠤ ᠳᠡᠷᠡ ᠨᠢ ᠠᠰᠠᠷᠠᠨ ᠳᠡᠵᠢᠬᠡᠬᠦ᠂ | ᠳᠡᠵᠢᠭᠡᠬᠦ᠂ ᠳᠡᠳᠬᠦᠨ ᠳᠡᠵᠢᠭᠡᠬᠦ ᠴᠢᠳᠠᠪᠤᠷᠢ ᠦᠭᠡᠢ ᠪᠤᠯᠤᠭᠰᠠᠨ ᠨᠠᠰᠤᠳᠠᠶᠢᠴᠤᠳ᠂ ᠵᠡᠮᠳᠡᠭᠴᠤᠳ ᠬᠢᠭᠡᠳ ᠪᠦᠬᠦᠯᠢ | 16 ᠨᠠᠰᠤ ᠬᠦᠷᠦᠭᠡᠳᠦᠢ ᠨᠠᠰᠤᠨ ᠳᠤ ᠦᠯᠦ ᠬᠦᠷᠦᠭᠰᠡᠳ ᠢ ᠤᠨᠴᠠ ᠬᠦᠴᠢᠷᠳᠡᠯ ᠲᠠᠢ ᠬᠦᠮᠦᠨ ᠢᠶᠠᠷ ᠠᠰᠠᠷᠠᠨ | ᠳᠡᠵᠢᠭᠡᠨ᠎ᠡ᠃ | ᠠᠷᠪᠠᠨ ᠳᠠᠪᠤᠳᠤᠭᠠᠷ ᠵᠦᠢᠯ ᠤᠨᠴᠠ ᠬᠦᠴᠢᠷᠳᠡᠯ ᠲᠠᠢ ᠬᠦᠮᠦᠰ ᠢ ᠠᠰᠠᠷᠠᠨ ᠳᠡᠵᠢᠭᠡᠬᠦ ᠠᠭᠤᠯᠭ᠎ᠠ᠄ | ︵ᠨᠢᠭᠡ︶ ᠦᠨᠳᠦᠰᠤᠨ ᠠᠮᠢᠳᠤᠷᠠᠯ ᠤᠨ ᠨᠦᠬᠦᠴᠡᠯ ᠬᠠᠨᠭ᠍ᠭᠠᠬᠤ︔ | ︵ᠬᠤᠶᠠᠷ︶ ᠠᠮᠢᠳᠤᠷᠠᠯ ᠢᠶᠠᠨ ᠠᠷᠭᠠᠴᠠᠵᠤ ᠳᠡᠶᠢᠯᠬᠦ ᠦᠭᠡᠢ ᠪᠤᠯᠤᠭᠰᠠᠳ ᠢ ᠠᠰᠠᠷᠠᠵᠤ ᠬᠠᠷᠠᠭᠠᠯᠵᠠᠬᠤ︔ | ︵ᠭᠤᠷᠪᠠ︶ ᠡᠪᠡᠳᠴᠢᠨ ᠡᠮᠭᠡᠭ ᠢ ᠨᠢ ᠡᠮᠨᠡᠨ ᠵᠠᠰᠠᠬᠤ︔ | ︵ᠳᠦᠷᠪᠡ︶ ᠤᠷᠤᠰᠢᠭᠤᠯᠭ᠎ᠠ ᠶᠢᠨ ᠶᠠᠪᠤᠳᠠᠯ ᠢ ᠨᠢ ᠬᠦᠢᠴᠡᠳᠭᠡᠬᠦ᠃ ᠤᠨᠴᠠ ᠬᠦᠴᠢᠷᠳᠡᠯ ᠲᠠᠢ ᠬᠦᠮᠦᠰ ᠢ | ᠠᠰᠠᠷᠠᠨ ᠳᠡᠵᠢᠭᠡᠬᠦ ᠪᠠᠢᠷᠮᠵᠢᠶᠠ ᠶᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠪᠤᠶᠤ | ᠳᠤᠭᠤᠷᠢᠭ ᠲᠠᠢ ᠬᠤᠳᠠ ᠶᠢᠨ ᠳᠡᠰ ᠤᠨ ᠠᠷᠠᠳ ᠤᠨ ᠵᠠᠰᠠᠭ ᠤᠨ ᠤᠷᠳᠤᠨ ᠠᠴᠠ ᠳᠤᠭᠳᠠᠭᠠᠵᠤ ᠨᠡᠶᠢᠳᠡᠯᠡᠨ᠎ᠡ᠃ | ᠤᠨᠴᠠ ᠬᠦᠴᠢᠷᠳᠡᠯ ᠲᠠᠢ ᠬᠦᠮᠦᠰ ᠢ ᠠᠰᠠᠷᠠᠨ ᠳᠡᠵᠢᠭᠡᠬᠦ ᠶᠢ ᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠨᠠᠰᠤᠵᠢᠯ ᠤᠨ ᠳᠠᠭᠠᠳᠬᠠᠯ᠂ ᠦᠨᠳᠦᠰᠤᠨ ᠡᠮᠨᠡᠯᠭᠡ ᠶᠢᠨ ᠪᠠᠳᠤᠯᠠᠪᠤᠷᠢ᠂ ᠨᠠᠭᠠᠳᠤ ᠵᠠᠬ᠎ᠠ ᠶᠢᠨ ᠠᠮᠢᠳᠤᠷᠠᠯ ᠤᠨ | ᠪᠠᠳᠤᠯᠠᠪᠦᠷᠢ᠂ ᠦᠨᠦᠴᠢᠨ ᠭᠡᠤᠭᠡᠳ ᠤᠨ ᠦᠨᠳᠦᠰᠦᠨ ᠠᠮᠢᠳᠤᠷᠠᠯ ᠤᠨ ᠪᠠᠳᠤᠯᠠᠪᠤᠷᠢ ᠵᠡᠷᠭᠡ ᠳᠦᠷᠢᠮ ᠳᠤᠭᠳᠠᠭᠠᠯ ᠲᠠᠢ | ᠠᠪᠴᠠᠯᠳᠤᠭᠤᠯᠬᠤ ᠭᠡᠷᠡᠭᠳᠡᠢ᠃ | ᠠᠷᠪᠠᠨ ᠵᠢᠷᠭᠤᠳᠤᠭᠠᠷ ᠵᠦᠢᠯ ᠤᠨᠴᠠ ᠬᠦᠴᠢᠷᠳᠡᠯ ᠲᠠᠢ ᠬᠦᠮᠦᠨ ᠢᠶᠠᠷ ᠠᠰᠠᠷᠠᠨ ᠳᠡᠵᠢᠭᠡᠭᠳᠡᠬᠦ ᠪᠠᠷ | ᠭᠤᠶᠤᠴᠢᠯᠠᠬᠤ ᠳᠠᠭᠠᠨ᠂ ᠳᠤᠰ ᠬᠦᠮᠦᠨ ᠨᠢ ᠡᠷᠦᠭᠡ ᠠᠮᠠᠨ ᠳᠠᠩᠰᠠ ᠪᠠᠶᠢᠭ᠎ᠠ ᠭᠠᠵᠠᠷ ᠤᠷᠤᠨ ᠤ ᠰᠤᠮᠤ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ | ᠪᠢᠴᠢᠭ ᠢᠶᠠᠷ ᠭᠤᠶᠤᠴᠢᠯᠠᠬᠤ ᠭᠡᠷᠡᠭᠳᠡᠢ︔ ᠭᠡᠷᠪᠡ ᠳᠤᠰ ᠬᠦᠮᠦᠨ ᠨᠢ ᠭᠤᠶᠤᠴᠢᠯᠠᠬᠤ ᠳᠤ ᠬᠦᠴᠢᠷ ᠲᠠᠢ ᠪᠤᠯ | ᠭᠠᠴᠠᠭ᠎ᠠ ᠳᠤᠰᠬᠤᠨ ᠤ ᠠᠷᠠᠳ ᠤᠨ ᠵᠦᠪᠯᠡᠯ᠂ ᠰᠠᠭᠤᠭᠠᠯᠢ ᠠᠷᠠᠳ ᠤᠨ ᠵᠦᠪᠯᠡᠯ ᠳᠤ ᠨᠡᠶᠢᠳᠡᠨ ᠤᠷᠤᠯᠠᠭᠤᠯᠤᠨ | ᠭᠤᠶᠤᠴᠢᠯᠠᠵᠤ ᠪᠤᠯᠤᠨ᠎ᠠ᠃ ᠤᠨᠴᠠ ᠬᠦᠴᠢᠷᠳᠡᠯ ᠲᠠᠢ ᠬᠦᠮᠦᠰ ᠢ ᠠᠰᠠᠷᠠᠨ ᠳᠡᠵᠢᠭᠡᠬᠦ ᠶᠢ ᠬᠢᠨᠠᠨ ᠵᠦᠪᠰᠢᠶᠡᠷᠡᠬᠦ ᠳᠡᠰ | ᠳᠠᠷᠠᠭᠠᠯᠠᠯ ᠢ ᠳᠤᠰ ᠠᠷᠭ᠎ᠠ ᠶᠢᠨ ᠠᠷᠪᠠᠨ ᠨᠢᠭᠡᠳᠦᠭᠡᠷ ᠵᠦᠢᠯ ᠤᠨ ᠳᠤᠭᠳᠠᠭᠠᠯ ᠢᠶᠠᠷ ᠭᠡᠷᠡᠭᠵᠢᠬᠦᠯᠦᠨ᠎ᠠ᠃ | ᠠᠷᠪᠠᠨ ᠳᠤᠯᠤᠳᠤᠭᠠᠷ ᠵᠦᠢᠯ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤ ᠤᠷᠳᠤᠨ᠂ ᠵᠡᠭᠡᠯᠢ | ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠨᠢ ᠰᠠᠭᠤᠭᠠᠯᠢ ᠠᠷᠠᠳ ᠤᠨ ᠠᠮᠢᠳᠤᠷᠠᠯ ᠤᠨ ᠪᠠᠶᠢᠳᠠᠯ ᠢ ᠴᠠᠭ | ᠳᠤᠬᠠᠢ ᠳᠤ ᠨᠢ ᠣᠢᠢᠯᠠᠭᠠᠨ ᠡᠵᠡᠮᠰᠢᠵᠤ᠂ ᠤᠨᠴᠠ ᠬᠦᠴᠢᠷᠳᠡᠯ ᠲᠠᠢ ᠠᠰᠠᠷᠠᠨ ᠳᠡᠵᠢᠭᠡᠬᠦ ᠨᠦᠬᠦᠴᠡᠯ ᠳᠤ ᠨᠡᠶᠢᠴᠡᠬᠦ | ᠬᠦᠮᠦᠰ ᠢ ᠤᠯᠵᠤ ᠮᠡᠳᠡᠪᠡᠯ᠂ ᠢᠳᠡᠪᠬᠢᠳᠡᠢ ᠪᠠᠷ ᠬᠠᠤᠯᠢ ᠶᠠᠰᠤᠭᠠᠷ ᠳᠡᠳᠡᠨ ᠳᠤ ᠠᠰᠠᠷᠠᠨ ᠳᠡᠵᠢᠭᠡᠬᠦ ᠭᠠᠷᠳᠠᠮ ᠢ | ᠬᠦᠢᠴᠡᠳᠭᠡᠵᠤ ᠦᠭᠬᠦ ᠭᠡᠷᠡᠭᠳᠡᠢ᠃ | ᠠᠷᠪᠠᠨ ᠨᠠᠢᠮᠠᠳᠤᠭᠠᠷ ᠵᠦᠢᠯ ᠤᠨᠴᠠ ᠬᠦᠴᠢᠷᠳᠠᠯ ᠲᠠᠢ ᠠᠰᠠᠷᠠᠨ ᠳᠡᠵᠢᠭᠡᠬᠦ ᠬᠦᠮᠦᠰ ᠨᠢ ᠠᠰᠠᠷᠠᠨ ᠳᠡᠵᠢᠭᠡᠬᠦ | ᠨᠦᠬᠦᠴᠡᠯ ᠳᠤ ᠨᠡᠶᠢᠴᠡᠬᠦ ᠦᠭᠡᠢ ᠪᠤᠯᠤᠭᠰᠠᠨ ᠪᠤᠯ ᠭᠠᠴᠠᠭ᠎ᠠ ᠳᠤᠰᠬᠤᠨ ᠤ ᠵᠦᠪᠯᠡᠯ᠂ ᠰᠠᠭᠤᠭᠠᠯᠢ ᠠᠷᠠᠳ ᠤᠨ | ᠵᠦᠪᠯᠡᠯ ᠡᠰᠡᠬᠦᠯ᠎ᠠ ᠠᠰᠠᠷᠠᠨ ᠳᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠨᠢ ᠰᠤᠮᠤ ᠰᠢᠶᠠᠩ ᠪᠠᠯᠭᠠᠰᠤᠨ ᠤ | ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ ᠮᠡᠳᠡᠭᠳᠡᠵᠤ᠂ ᠰᠤᠮᠤ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠨᠢ | ᠬᠢᠨᠠᠵᠤ ᠰᠢᠯᠭᠠᠭᠠᠳ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ | ᠶᠠᠪᠤᠳᠠᠯ ᠤᠨ ᠰᠠᠯᠠᠭ᠎ᠠ ᠮᠦᠴᠢᠷ ᠲᠤ ᠮᠡᠳᠡᠬᠦᠯᠦᠨ ᠵᠦᠪᠰᠢᠶᠡᠷᠡᠬᠦᠯᠦᠭᠰᠡᠨ ᠤ ᠳᠠᠷᠠᠭ᠎ᠠ ᠠᠰᠠᠷᠠᠨ ᠳᠡᠵᠢᠭᠡᠬᠦ ᠶᠢ | ᠵᠤᠭᠰᠤᠭᠠᠬᠤ ᠶᠢᠨ ᠬᠠᠮᠳᠤ ᠵᠠᠷᠯᠠᠨ ᠨᠡᠶᠢᠳᠡᠯᠡᠬᠦ ᠭᠡᠷᠡᠭᠳᠡᠢ᠃ | ᠠᠷᠪᠠ ᠶᠢᠰᠦᠳᠤᠭᠡᠷ ᠵᠦᠢᠯ ᠤᠨᠴᠠ ᠬᠦᠴᠢᠷᠳᠡᠯ ᠲᠠᠢ ᠬᠦᠮᠦᠰ ᠢ ᠠᠰᠠᠷᠠᠨ ᠳᠡᠵᠢᠭᠡᠬᠦ ᠳᠡᠭᠡᠨ ᠳᠤᠬᠠᠢ ᠶᠢᠨ | ᠭᠠᠵᠠᠷ ᠤᠨ ᠠᠰᠠᠷᠠᠨ ᠳᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠳᠤ ᠳᠦᠪᠯᠡᠷᠡᠬᠦᠯᠦᠨ ᠠᠰᠠᠷᠠᠨ ᠳᠡᠵᠢᠭᠡᠵᠤ ᠪᠤᠯᠬᠤ | ᠪᠦᠭᠡᠳ ᠮᠦᠨ ᠭᠡᠷ ᠡᠷᠦᠭᠡ ᠳᠤ ᠰᠠᠯᠤᠩᠬᠢ ᠪᠠᠷ ᠠᠰᠠᠷᠠᠨ ᠳᠡᠵᠢᠭᠡᠵᠤ ᠪᠤᠯᠤᠨ᠎ᠠ᠃ ᠤᠨᠴᠠ ᠬᠦᠴᠢᠷᠳᠡᠯ ᠲᠠᠢ ᠠᠰᠠᠷᠠᠨ | ᠳᠡᠵᠢᠭᠡᠭᠳᠡᠬᠦ ᠬᠦᠮᠦᠰ ᠨᠢ ᠠᠰᠠᠷᠠᠨ ᠳᠡᠵᠢᠭᠡᠬᠦ ᠭᠡᠯᠪᠡᠷᠢ ᠶᠢ ᠦᠪᠡᠷ ᠢᠶᠠᠨ ᠰᠤᠩᠭᠤᠵᠤ ᠪᠤᠯᠤᠨ᠎ᠠ᠃ | | ᠳᠦᠷᠪᠡᠳᠤᠭᠡᠷ ᠪᠦᠯᠦᠭ ᠭᠠᠮᠰᠢᠭᠳᠠᠭᠰᠠᠳ ᠢ ᠠᠪᠤᠷᠠᠨ ᠳᠤᠰᠠᠯᠠᠬᠤ | ᠬᠤᠷᠢᠳᠤᠭᠠᠷ ᠵᠦᠢᠯ ᠤᠯᠤᠰ ᠠᠴᠠ ᠪᠠᠶᠢᠭᠠᠯᠢ ᠶᠢᠨ ᠭᠠᠮᠰᠢᠭ ᠠᠴᠠ ᠠᠪᠤᠷᠠᠨ ᠳᠤᠰᠠᠯᠠᠬᠤ ᠳᠦᠷᠢᠮ ᠢ | ᠪᠠᠶᠢᠭᠤᠯᠤᠨ ᠳᠡᠬᠦᠯᠳᠡᠷᠵᠢᠬᠦᠯᠵᠤ᠂ ᠦᠨᠳᠦᠰᠦᠨ ᠠᠮᠢᠳᠤᠷᠠᠯ ᠨᠢ ᠪᠠᠶᠢᠭᠠᠯᠢ ᠶᠢᠨ ᠭᠠᠮᠰᠢᠭ ᠲᠤ ᠬᠦᠨᠳᠤ ᠭᠡᠴᠡᠬᠦᠤ | ᠨᠦᠯᠦᠭᠡᠯᠡᠭᠳᠡᠭᠰᠡᠨ ᠬᠦᠮᠦᠰ ᠲᠤ ᠠᠮᠢᠳᠤᠷᠠᠯ ᠤᠨ ᠠᠪᠤᠷᠠᠨ ᠳᠤᠰᠠᠯᠠᠯᠳᠠ ᠬᠢᠨ᠎ᠠ᠃ ᠪᠠᠶᠢᠭᠠᠯᠢ ᠶᠢᠨ ᠭᠠᠮᠰᠢᠭ ᠤᠨ | ᠠᠪᠤᠷᠠᠨ ᠳᠤᠰᠠᠯᠠᠯᠳᠠ ᠶᠢ ᠭᠠᠵᠠᠷ ᠤᠷᠤᠨ ᠳᠤ ᠨᠢ ᠬᠠᠷᠢᠶᠠᠯᠠᠭᠤᠯᠤᠨ ᠬᠠᠮᠢᠶᠠᠷᠤᠭᠤᠯᠵᠤ᠂ ᠱᠠᠳᠤ ᠬᠤᠪᠢᠶᠠᠨ | ᠬᠠᠷᠢᠭᠤᠴᠠᠬᠤ ᠶᠢ ᠭᠡᠷᠡᠭᠵᠢᠬᠦᠯᠦᠨ᠎ᠠ᠃ | ᠬᠤᠷᠢᠨ ᠨᠢᠭᠡᠳᠤᠭᠡᠷ ᠵᠦᠢᠯ ᠳᠤᠭᠤᠷᠢᠭ ᠲᠠᠢ ᠬᠤᠳᠠ ᠶᠢᠨ ᠳᠡᠰ ᠠᠴᠠ ᠳᠡᠭᠡᠭᠰᠢᠬᠢ ᠠᠷᠠᠳ ᠤᠨ ᠵᠠᠰᠠᠭ ᠤᠨ | ᠤᠷᠳᠤᠨ ᠬᠢᠭᠡᠳ ᠪᠠᠶᠢᠭᠠᠯᠢ ᠶᠢᠨ ᠭᠠᠮᠰᠢᠭ ᠤᠯᠠᠨ ᠭᠠᠷᠳᠠᠭ ᠪᠠ ᠬᠢᠯᠪᠠᠷᠬᠠᠨ ᠭᠠᠷᠳᠠᠭ ᠭᠠᠵᠠᠷ ᠤᠷᠤᠨ ᠤ ᠬᠤᠰᠢᠭᠤ | ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠨᠢ ᠪᠠᠶᠢᠭᠠᠯᠢ ᠶᠢᠨ ᠭᠠᠮᠰᠢᠭ ᠤᠨ ᠤᠨᠴᠠᠯᠢᠭ᠂ ᠰᠠᠭᠤᠭᠠᠯᠢ | ᠠᠷᠠᠳ ᠤᠨ ᠬᠦᠮᠦᠨ ᠠᠮᠠ ᠶᠢᠨ ᠳᠤᠭ᠎ᠠ ᠭᠡᠮᠵᠢᠶ᠎ᠡ ᠪᠤᠯᠤᠨ ᠳᠠᠷᠬᠠᠯᠳᠠ ᠵᠡᠷᠭᠡ ᠪᠠᠶᠢᠳᠠᠯ ᠢ ᠦᠨᠳᠦᠰᠦᠯᠡᠨ᠂ | ᠪᠠᠶᠢᠭᠠᠯᠢ ᠶᠢᠨ ᠭᠠᠮᠰᠢᠭ ᠠᠴᠠ ᠠᠪᠤᠷᠠᠨ ᠳᠤᠰᠠᠯᠠᠬᠤ ᠡᠳ᠋ ᠪᠤᠳᠠᠰ ᠤᠨ ᠬᠠᠳᠠᠭᠠᠯᠠᠮᠵᠢ ᠶᠢᠨ ᠬᠦᠮᠦᠷᠭᠡ ᠶᠢ ᠪᠠᠶᠢᠭᠤᠯᠵᠤ᠂ | ᠪᠠᠶᠢᠭᠠᠯᠢ ᠶᠢᠨ ᠭᠠᠮᠰᠢᠭ ᠭᠠᠷᠤᠭᠰᠠᠨ ᠤ ᠳᠠᠷᠠᠭᠠᠬᠢ ᠠᠪᠤᠷᠠᠨ ᠳᠤᠰᠠᠯᠠᠬᠤ ᠡᠳ᠋ ᠪᠤᠳᠠᠰ ᠤᠨ ᠪᠠᠴᠢᠮ ᠬᠠᠨᠭ᠍ᠭᠠᠯᠭ᠎ᠠ ᠶᠢ | ᠪᠠᠳᠤᠯᠠᠬᠤ ᠭᠡᠷᠡᠭᠳᠡᠢ᠃ | ᠬᠤᠷᠢᠨ ᠬᠤᠶᠠᠳᠤᠭᠠᠷ ᠵᠦᠢᠯ ᠪᠠᠶᠢᠭᠠᠯᠢ ᠶᠢᠨ ᠭᠠᠮᠰᠢᠭ ᠭᠠᠷᠤᠭᠰᠠᠨ ᠤ ᠳᠠᠷᠠᠭ᠎ᠠ᠂ ᠬᠤᠰᠢᠭᠤ ᠰᠢᠶᠠᠨ ᠤ | ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠡᠰᠡᠬᠦᠯ᠎ᠠ ᠠᠷᠠᠳ ᠤᠨ ᠵᠠᠰᠠᠭ ᠤᠨ ᠤᠷᠳᠤᠨ ᠤ | ᠪᠠᠶᠢᠭᠠᠯᠢ ᠶᠢᠨ ᠭᠠᠮᠰᠢᠭ ᠠᠴᠠ ᠠᠪᠤᠷᠠᠨ ᠳᠤᠰᠠᠯᠠᠵᠤ ᠪᠠᠴᠢᠮ ᠪᠠᠶᠢᠳᠠᠯ ᠢ ᠠᠷᠭᠠᠴᠠᠭᠠᠨ ᠶᠡᠷᠦᠩᠭᠡᠶᠢᠯᠡᠨ ᠵᠤᠬᠢᠴᠠᠭᠤᠯᠬᠤ | ᠪᠠᠶᠢᠭᠤᠯᠤᠮᠵᠢ ᠨᠢ᠂ ᠪᠠᠶᠢᠳᠠᠯ ᠢ ᠦᠨᠳᠦᠰᠦᠯᠡᠨ ᠳᠦᠷᠭᠡᠨ ᠳᠠᠷᠬᠠᠭᠠᠨ ᠵᠠᠶᠢᠯᠠᠭᠤᠯᠵᠤ᠂ ᠨᠡᠬᠦᠯᠭᠡᠨ ᠰᠢᠯᠵᠢᠬᠦᠯᠵᠤ᠂ | ᠭᠠᠮᠰᠢᠭᠳᠠᠭᠰᠠᠳ ᠢ ᠳᠦᠪᠬᠢᠨᠡᠬᠦᠯᠤᠨ᠂ ᠴᠠᠭ ᠳᠤᠬᠠᠢ ᠳᠤ ᠨᠢ ᠭᠠᠮᠰᠢᠭᠳᠠᠭᠰᠠᠳ ᠲᠤ ᠭᠡᠷᠡᠭᠴᠡᠭᠡ ᠪᠦᠬᠦᠢ ᠢᠳᠡᠭᠡᠨ | ᠤᠮᠳᠠᠭᠠᠨ᠂ ᠬᠤᠪᠴᠠᠰᠤ ᠬᠤᠨᠠᠷ᠂ ᠬᠦᠨᠵᠢᠯᠡ ᠳᠡᠪᠢᠰᠭᠡᠷ᠂ ᠳᠤᠯᠠᠭᠠᠴᠠᠯ ᠤᠨ ᠳᠦᠬᠦᠭᠡᠷᠦᠮᠵᠢ᠂ ᠳᠦᠷ ᠰᠠᠭᠤᠬᠤ | ᠤᠷᠤᠨ ᠰᠠᠭᠤᠴᠠ ᠶᠢ ᠬᠠᠨᠭ᠍ᠭᠠᠵᠤ᠂ ᠡᠮ ᠡᠮᠨᠡᠯᠭᠡ᠂ ᠬᠢᠵᠢᠭ ᠢ ᠰᠡᠷᠭᠡᠶᠢᠯᠡᠬᠦ ᠵᠡᠷᠭᠡ ᠪᠠᠴᠢᠮ ᠠᠪᠤᠷᠠᠨ ᠳᠤᠰᠠᠯᠠᠯᠳᠠ ᠶᠢ | ᠬᠢᠬᠦ ᠭᠡᠷᠡᠭᠳᠡᠢ᠃ | ᠬᠤᠷᠢᠨ ᠭᠤᠷᠪᠠᠳᠤᠭᠠᠷ ᠵᠦᠢᠯ ᠭᠠᠮᠰᠢᠭ ᠤᠨ ᠪᠠᠶᠢᠳᠠᠯ ᠨᠠᠮᠳᠠᠭᠰᠠᠨ ᠤ ᠳᠠᠷᠠᠭ᠎ᠠ᠂ ᠭᠠᠮᠰᠢᠭᠳᠠᠭᠰᠠᠨ | ᠤᠷᠤᠨ ᠤ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ ᠪᠠᠶᠢᠭᠠᠯᠢ ᠶᠢᠨ | ᠭᠠᠮᠰᠢᠭ ᠤᠨ ᠬᠤᠬᠢᠷᠠᠯ ᠤᠨ ᠪᠠᠶᠢᠳᠠᠯ ᠢ ᠦᠨᠡᠯᠠᠨ ᠮᠠᠭᠠᠳᠯᠠᠵᠤ᠂ ᠬᠢᠨᠠᠵᠤ ᠳᠤᠭᠳᠠᠭᠠᠬᠤ ᠶᠢᠨ ᠳᠠᠭᠠᠤ ᠵᠠᠷᠯᠠᠨ | ᠨᠡᠶᠢᠳᠡᠯᠡᠬᠦ ᠭᠡᠷᠡᠭᠳᠡᠢ᠃ | ᠬᠤᠷᠢᠨ ᠳᠦᠷᠪᠡᠳᠤᠭᠡᠷ ᠵᠦᠢᠯ ᠭᠠᠮᠰᠢᠭᠳᠠᠭᠰᠠᠨ ᠤᠷᠤᠨ ᠤ ᠠᠷᠠᠳ ᠤᠨ ᠵᠠᠰᠠᠭ ᠤᠨ ᠤᠷᠳᠤᠨ ᠨᠢ ᠠᠮᠤᠷ | ᠳᠦᠪᠰᠢᠨ ᠢ ᠪᠠᠳᠤᠯᠠᠭᠰᠠᠨ ᠤᠷᠢᠳᠠᠯ ᠳᠤᠤᠷ᠎ᠠ᠂ ᠤᠷᠤᠨ ᠰᠠᠭᠤᠴᠠ ᠨᠢ ᠬᠦᠨᠳᠤ ᠭᠡᠴᠡᠬᠦᠤ ᠡᠪᠳᠡᠭᠳᠡᠭᠰᠡᠨ | ᠭᠠᠮᠰᠢᠭᠳᠠᠭᠰᠠᠳ ᠢ ᠰᠢᠯᠵᠢᠯᠳᠠ ᠶᠢᠨ ᠴᠢᠨᠠᠷ ᠲᠠᠢ ᠪᠠᠷ ᠳᠦᠪᠬᠢᠨᠡᠬᠦᠯᠬᠦ ᠭᠡᠷᠡᠭᠳᠡᠢ᠃ | ᠬᠤᠷᠢᠨ ᠳᠠᠪᠤᠳᠤᠭᠠᠷ ᠵᠦᠢᠯ ᠪᠠᠶᠢᠭᠠᠯᠢ ᠶᠢᠨ ᠭᠠᠮᠰᠢᠭ ᠨᠢ ᠠᠶᠤᠯ ᠳᠦᠭᠰᠢᠬᠦᠷᠢ ᠦᠭᠡᠢ ᠪᠤᠯᠤᠭᠰᠠᠨ ᠤ | ᠳᠠᠷᠠᠭ᠎ᠠ᠂ ᠭᠠᠮᠰᠢᠭᠳᠠᠭᠰᠠᠨ ᠤᠷᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ | ᠮᠦᠴᠢᠷ ᠨᠢ ᠳᠤᠰ ᠵᠠᠰᠠᠭ ᠵᠠᠬᠢᠷᠭᠠᠨ ᠤ ᠪᠠᠨ ᠭᠡᠪᠴᠢᠶᠠᠨ ᠳᠠᠬᠢ ᠰᠠᠭᠤᠭᠠᠯᠢ ᠠᠷᠠᠳ ᠤᠨ ᠤᠷᠤᠨ ᠰᠠᠭᠤᠴᠠ ᠶᠢ | ᠰᠡᠷᠬᠦᠭᠡᠨ ᠳᠠᠬᠢᠨ ᠪᠠᠶᠢᠭᠤᠯᠬᠤ ᠳᠤ ᠨᠦᠬᠦᠪᠤᠷᠢ ᠦᠭᠬᠦ ᠡᠳᠡᠭᠡᠳ ᠢᠶᠠᠨ ᠴᠠᠭ ᠳᠤᠬᠠᠢ ᠳᠤ ᠨᠢ ᠰᠢᠯᠭᠠᠨ | ᠳᠤᠭᠳᠠᠭᠠᠬᠤ ᠶᠢᠨ ᠳᠠᠭᠠᠤ ᠵᠤᠭᠤᠰ ᠮᠦᠡᠭᠬᠦ᠂ ᠡᠳ᠋ ᠪᠤᠳᠠᠰ ᠵᠡᠷᠭᠡ ᠪᠠᠷ ᠠᠪᠤᠷᠠᠨ ᠳᠤᠰᠠᠯᠠᠬᠤ ᠭᠡᠷᠡᠭᠳᠡᠢ᠃ | ᠬᠤᠷᠢᠨ ᠵᠢᠷᠭᠤᠳᠤᠭᠠᠷ ᠵᠦᠢᠯ ᠪᠠᠶᠢᠭᠠᠯᠢ ᠶᠢᠨ ᠭᠠᠮᠰᠢᠭ ᠡᠬᠦᠰᠦᠭᠰᠡᠨ ᠤ ᠳᠠᠷᠠᠭ᠎ᠠ᠂ ᠭᠠᠮᠰᠢᠭᠳᠠᠭᠰᠠᠨ | ᠤᠷᠤᠨ ᠤ ᠠᠷᠠᠳ ᠤᠨ ᠵᠠᠰᠠᠭ ᠤᠨ ᠤᠷᠳᠤᠨ ᠨᠢ ᠳᠤᠰ ᠵᠢᠯ ᠤᠨ ᠡᠪᠤᠯ ᠤᠨ ᠬᠦᠢᠳᠡᠨ ᠪᠠ ᠳᠠᠷᠠᠭ᠎ᠠ ᠵᠢᠯ ᠤᠨ | ᠬᠠᠪᠤᠷ ᠤᠨ ᠭᠠᠴᠢᠭ ᠠᠴᠠ ᠪᠤᠯᠤᠭᠠᠳ ᠠᠮᠢᠳᠤᠷᠠᠯ ᠳᠤ ᠨᠢ ᠬᠦᠴᠢᠷ ᠳᠤᠯᠠᠭᠠᠷᠠᠬᠤ ᠭᠠᠮᠰᠢᠭᠳᠠᠭᠰᠠᠳ ᠲᠤ ᠦᠨᠳᠦᠰᠦᠨ | ᠠᠮᠢᠳᠤᠷᠠᠯ ᠤᠨ ᠠᠪᠤᠷᠠᠨ ᠳᠤᠰᠠᠯᠠᠯᠳᠠ ᠬᠢᠬᠦ ᠭᠡᠷᠡᠭᠳᠡᠢ᠃ | | ᠳᠠᠪᠤᠳᠤᠭᠠᠷ ᠪᠦᠯᠦᠭ ᠡᠮ ᠡᠮᠨᠡᠯᠭᠡ ᠶᠢᠨ ᠠᠪᠤᠷᠠᠨ ᠳᠤᠰᠠᠯᠠᠯᠳᠠ | ᠬᠤᠷᠢᠨ ᠳᠤᠯᠤᠳᠤᠭᠠᠷ ᠵᠦᠢᠯ ᠤᠯᠤᠰ ᠠᠴᠠ ᠡᠮ ᠡᠮᠨᠡᠯᠭᠡ ᠪᠠᠷ ᠠᠪᠤᠷᠠᠨ ᠳᠤᠰᠠᠯᠠᠬᠤ ᠳᠦᠷᠢᠮ ᠢ | ᠪᠠᠶᠢᠭᠤᠯᠤᠨ ᠳᠡᠬᠦᠯᠳᠡᠷᠵᠢᠬᠦᠯᠵᠤ᠂ ᠡᠮ ᠡᠮᠨᠡᠯᠭᠡ ᠪᠠᠷ ᠠᠪᠤᠷᠠᠨ ᠳᠤᠰᠠᠯᠠᠬᠤ ᠡᠳᠡᠭᠡᠳ ᠲᠤ ᠦᠨᠳᠦᠰᠦᠨ ᠡᠮ ᠡᠮᠨᠡᠯᠭᠡ | ᠡᠷᠡᠬᠦᠯ ᠬᠠᠮᠠᠭᠠᠯᠠᠯ ᠤᠨ ᠦᠢᠯᠡᠴᠢᠯᠡᠭᠡ ᠬᠦᠷᠳᠡᠭᠡᠬᠦ ᠶᠢ ᠪᠠᠳᠤᠯᠠᠬᠤ ᠭᠡᠷᠡᠭᠳᠡᠢ᠃ | ᠬᠤᠷᠢᠨ ᠨᠠᠢᠮᠠᠳᠤᠭᠠᠷ ᠵᠦᠢᠯ ᠳᠤᠤᠷᠠᠬᠢ ᠬᠦᠮᠦᠰ ᠬᠤᠯᠪᠤᠭᠳᠠᠯ ᠪᠦᠬᠦᠢ ᠡᠮ ᠡᠮᠨᠡᠯᠭᠡ ᠶᠢᠨ ᠠᠪᠤᠷᠠᠨ | ᠳᠤᠰᠠᠯᠠᠯᠳᠠ ᠭᠤᠶᠤᠴᠢᠯᠠᠵᠤ ᠪᠤᠯᠤᠨ᠎ᠠ᠄ | ︵ᠨᠢᠭᠡ︶ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ ᠪᠦᠯᠢ ᠶᠢᠨ ᠪᠦᠷᠢᠯᠳᠦᠬᠦᠨ︔ | ︵ᠬᠤᠶᠠᠷ︶ ᠤᠨᠴᠠ ᠬᠦᠴᠢᠷᠳᠡᠯ ᠲᠠᠢ ᠠᠰᠠᠷᠠᠨ ᠳᠡᠵᠢᠭᠡᠭᠳᠡᠭᠰᠡᠳ︔ | ︵ᠭᠤᠷᠪᠠ︶ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ | ᠳᠤᠭᠳᠠᠭᠠᠭᠰᠠᠨ ᠪᠤᠰᠤᠳ ᠤᠨᠴᠠᠭᠠᠢ ᠬᠦᠴᠢᠷᠳᠡᠯ ᠲᠠᠢ ᠬᠦᠮᠦᠰ᠃ | ᠬᠤᠷᠢ ᠶᠢᠰᠦᠳᠤᠭᠡᠷ ᠵᠦᠢᠯ ᠡᠮ ᠡᠮᠨᠡᠯᠭᠡ ᠶᠢᠨ ᠠᠪᠤᠷᠠᠨ ᠳᠤᠰᠠᠯᠠᠯᠳᠠ ᠳᠤ ᠳᠤᠤᠷᠠᠬᠢ ᠮᠠᠳᠤ ᠠᠷᠭ᠎ᠠ ᠶᠢ | ᠠᠪᠤᠨ᠎ᠠ᠄ | ︵ᠨᠢᠭᠡ︶ ᠠᠪᠤᠷᠠᠨ ᠳᠤᠰᠠᠯᠠᠭᠳᠠᠬᠤ ᠡᠳᠡᠭᠡᠳ ᠤᠨ ᠬᠤᠳᠠ ᠪᠠᠯᠭᠠᠰᠤᠨ ᠤ ᠰᠠᠭᠤᠭᠠᠯᠢ ᠠᠷᠠᠳ ᠤᠨ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠤᠶᠤ ᠰᠢᠨ᠎ᠠ ᠮᠠᠶ᠋ᠢᠭ ᠤᠨ ᠬᠦᠳᠡᠭᠡ ᠳᠤᠰᠬᠤᠨ ᠤ ᠬᠤᠷᠰᠢᠭᠰᠠᠨ | ᠡᠮᠨᠡᠯᠭᠡ ᠳᠤ ᠤᠷᠤᠭᠰᠠᠨ ᠬᠤᠪᠢ ᠬᠦᠮᠦᠨ ᠤ ᠳᠤᠰᠢᠶᠠᠬᠤ ᠵᠠᠷᠤᠳᠠᠯ ᠤᠨ ᠭᠡᠰᠡᠭ ᠳᠤ ᠨᠢ ᠨᠦᠬᠦᠪᠤᠷᠢ ᠤᠯᠭᠤᠨ᠎ᠠ︔ | ︵ᠬᠤᠶᠠᠷ︶ ᠠᠪᠤᠷᠠᠨ ᠳᠤᠰᠠᠯᠠᠭᠳᠠᠬᠤ ᠡᠳᠡᠭᠡᠳ ᠲᠤ ᠦᠨᠳᠦᠰᠤᠨ ᠡᠮ ᠡᠮᠨᠡᠯᠭᠡ ᠶᠢᠨ ᠳᠠᠭᠠᠳᠬᠠᠯ᠂ | ᠬᠦᠨᠳᠤ ᠳᠤᠮᠤ ᠡᠪᠡᠳᠴᠢᠨ ᠤ ᠳᠠᠭᠠᠳᠬᠠᠯ ᠬᠢᠭᠡᠳ ᠪᠤᠰᠤᠳ ᠡᠮ ᠡᠮᠨᠡᠯᠭᠡ ᠶᠢᠨ ᠨᠦᠬᠦᠪᠤᠷᠢ ᠳᠠᠭᠠᠳᠬᠠᠯ ᠠᠴᠠ | ᠰᠦᠢᠳᠭᠡᠯ ᠢ ᠨᠢ ᠳᠠᠭᠠᠭᠠᠭᠰᠠᠨ ᠤ ᠰᠡᠬᠦᠯᠡᠷ᠂ ᠬᠤᠪᠢ ᠬᠦᠮᠦᠨ ᠵᠢᠴᠢ ᠭᠡᠷ ᠪᠦᠯᠢ ᠨᠢ ᠡᠬᠦᠷᠭᠡᠯᠡᠨ ᠳᠠᠭᠠᠭᠠᠵᠤ | ᠳᠡᠶᠢᠯᠬᠦ ᠦᠭᠡᠢ ᠪᠦᠭᠡᠳ ᠳᠤᠭᠳᠠᠭᠠᠯ ᠳᠤ ᠨᠡᠶᠢᠴᠡᠬᠦ᠋ᠢᠴᠡ ᠦᠨᠳᠦᠰᠦᠨ ᠡᠮ ᠡᠮᠨᠡᠯᠭᠡ ᠶᠢᠨ ᠦᠪᠡᠷ ᠲᠡᠭᠡᠨ ᠳᠠᠭᠠᠭᠠᠬᠤ | ᠰᠦᠢᠳᠭᠡᠯ ᠳᠤ ᠨᠢ ᠨᠦᠬᠦᠪᠤᠷᠢ ᠤᠯᠭᠤᠨ᠎ᠠ᠃ ᠡᠮ ᠡᠮᠨᠡᠯᠭᠡ ᠶᠢᠨ ᠠᠪᠤᠷᠠᠨ ᠳᠤᠰᠠᠯᠠᠬᠤ ᠪᠠᠷᠢᠮᠵᠢᠶ᠎ᠠ ᠶᠢ ᠬᠤᠰᠢᠭᠤ | ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ ᠠᠵᠤ ᠠᠬᠤᠢ ᠨᠡᠶᠢᠭᠡᠮ ᠤᠨ | ᠬᠦᠭᠵᠢᠯᠳᠡ ᠶᠢᠨ ᠳᠦᠪᠰᠢᠨ ᠪᠤᠯᠤᠨ ᠡᠮ ᠡᠮᠨᠡᠯᠭᠡ ᠶᠢᠨ ᠠᠪᠤᠷᠠᠨ ᠳᠤᠰᠠᠯᠠᠯᠳᠠ ᠶᠢᠨ ᠵᠤᠭᠤᠰ ᠮᠦᠡᠭᠬᠦᠨ ᠤ | ᠪᠠᠶᠢᠳᠠᠯ ᠢᠶᠠᠨ ᠦᠨᠳᠦᠰᠦᠯᠡᠨ ᠲᠤᠭᠲᠠᠭᠠᠵᠤ᠂ ᠵᠠᠷᠯᠠᠨ ᠨᠡᠶᠢᠳᠡᠯᠡᠨ᠎ᠡ᠃ | ᠭᠤᠴᠢᠳᠤᠭᠠᠷ ᠵᠦᠢᠯ ᠡᠮ ᠡᠮᠨᠡᠯᠭᠡ ᠶᠢᠨ ᠠᠪᠤᠷᠠᠨ ᠳᠤᠰᠠᠯᠠᠯᠳᠠ ᠭᠤᠶᠤᠴᠢᠯᠠᠬᠤ ᠳᠠᠭᠠᠨ᠂ ᠰᠤᠮᠤ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ ᠳᠤᠷᠠᠳᠤᠨ | ᠭᠠᠷᠭᠠᠵᠤ᠂ ᠬᠢᠨᠠᠨ ᠰᠢᠯᠭᠠᠵᠤ ᠵᠠᠷᠯᠠᠨ ᠨᠡᠶᠢᠳᠡᠯᠡᠭᠰᠡᠨ ᠤ ᠳᠠᠷᠠᠭ᠎ᠠ᠂ ᠬᠤᠰᠢᠭᠤ ᠰᠢᠶᠠᠨ ᠤ ᠱᠠᠳᠤᠨ ᠤ ᠠᠷᠠᠳ ᠤᠨ | ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠬᠦ ᠭᠡᠷᠡᠭᠳᠡᠢ᠃ ᠨᠠᠭᠠᠳᠤ | ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ ᠪᠦᠯᠢ ᠶᠢᠨ ᠪᠦᠷᠢᠯᠳᠦᠬᠦᠨ ᠬᠢᠭᠡᠳ ᠤᠨᠴᠠ ᠬᠦᠴᠢᠷᠳᠡᠯ ᠲᠠᠢ | ᠠᠪᠤᠷᠠᠨ ᠳᠡᠵᠢᠭᠡᠭᠳᠡᠭᠰᠠᠳ ᠤᠨ ᠡᠮ ᠡᠮᠨᠡᠯᠭᠡ ᠶᠢᠨ ᠠᠪᠤᠷᠠᠨ ᠳᠤᠰᠠᠯᠠᠯᠳᠠ ᠶᠢ ᠪᠤᠯ ᠬᠤᠰᠢᠭᠤ ᠰᠢᠶᠠᠨ ᠤ ᠱᠠᠳᠤᠨ ᠤ | ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠰᠢᠭᠤᠳ ᠬᠦᠢᠴᠡᠳᠭᠡᠨ᠎ᠡ᠃ | | ᠭᠤᠴᠢᠨ ᠨᠢᠭᠡᠳᠤᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠤᠷᠳᠤᠨ ᠨᠢ ᠡᠮ ᠡᠮᠨᠡᠯᠭᠡ ᠶᠢᠨ ᠠᠪᠤᠷᠠᠨ ᠳᠤᠰᠠᠯᠠᠯᠳᠠ ᠬᠢᠭᠡᠳ ᠦᠨᠳᠦᠰᠤᠨ ᠡᠮ ᠡᠮᠨᠡᠯᠭᠡ ᠶᠢᠨ ᠳᠠᠭᠠᠳᠬᠠᠯ᠂ ᠳᠤᠮᠤ | ᠶᠡᠭᠡ ᠡᠪᠡᠳᠴᠢᠨ ᠤ ᠳᠠᠭᠠᠳᠬᠠᠯ ᠢ ᠬᠠᠷᠢᠯᠴᠠᠨ ᠠᠪᠴᠠᠯᠳᠤᠭᠤᠯᠤᠭᠰᠠᠨ ᠡᠮ ᠡᠮᠨᠡᠯᠭᠡ ᠶᠢᠨ ᠵᠠᠷᠤᠳᠠᠯ ᠢ ᠳ᠋ᠦᠡᠭᠨᠡᠨ | ᠪᠤᠳᠤᠬᠤ ᠳᠤᠭᠳᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠮ ᠡᠮᠨᠡᠯᠭᠡ ᠪᠠᠷ ᠠᠪᠤᠷᠠᠨ ᠳᠤᠰᠠᠯᠠᠭᠤᠯᠬᠤ | ᠡᠳᠡᠭᠡᠳ ᠲᠤ ᠳᠦᠬᠦᠮ ᠳᠦᠳᠡ ᠦᠢᠯᠡᠴᠢᠯᠡᠭᠡ ᠬᠠᠨᠭ᠍ᠭᠠᠬᠤ ᠭᠡᠷᠡᠭᠳᠡᠢ᠃ | ᠭᠤᠴᠢᠨ ᠬᠤᠶᠠᠳᠤᠭᠠᠷ ᠵᠦᠢᠯ ᠤᠯᠤᠰ ᠠᠴᠠ ᠡᠪᠡᠳᠴᠢᠨ ᠳᠠᠬᠤᠯ ᠢ ᠪᠠᠴᠢᠮ ᠠᠪᠤᠷᠠᠨ ᠳᠤᠰᠠᠯᠠᠬᠤ | ᠳᠦᠷᠢᠮ ᠢ ᠪᠠᠶᠢᠭᠤᠯᠵᠤ᠂ ᠪᠠᠴᠢᠮ ᠠᠪᠤᠷᠠᠬᠤ ᠴᠢᠬᠤᠯᠠ ᠲᠠᠢ᠂ ᠭᠡᠪᠡᠴᠤ ᠪᠡᠶ᠎ᠡ ᠶᠢᠨ ᠭᠠᠷᠤᠯ ᠨᠢ ᠳᠤᠳᠤᠷᠬᠠᠢ ᠪᠤᠰᠤ | ᠪᠤᠶᠤ ᠳᠦᠷᠭᠡᠨ ᠠᠪᠤᠷᠠᠯᠳᠠ ᠶᠢᠨ ᠵᠠᠷᠤᠳᠠᠯ ᠢᠶᠠᠨ ᠳᠤᠰᠢᠶᠠᠵᠤ ᠳᠡᠶᠢᠯᠬᠦ ᠦᠭᠡᠢ ᠪᠠᠴᠢᠮ᠂ ᠬᠦᠨᠳᠤ᠂ ᠠᠶᠤᠯᠳᠠᠢ | ᠡᠪᠡᠳᠴᠢᠲᠡᠳ ᠲᠤ ᠠᠪᠤᠷᠠᠨ ᠳᠤᠰᠠᠯᠠᠯᠳᠠ ᠬᠢᠨ᠎ᠠ᠃ ᠳᠤᠭᠳᠠᠭᠠᠯ ᠳᠤ ᠨᠡᠶᠢᠴᠡᠬᠦ᠋ᠢᠴᠡ ᠳᠦᠷᠭᠡᠨ ᠠᠪᠤᠷᠠᠯᠳᠠ ᠶᠢᠨ | ᠵᠠᠷᠤᠳᠠᠯ ᠢ ᠡᠪᠡᠳᠴᠢᠨ ᠳᠠᠬᠤᠯ ᠤᠨ ᠪᠠᠴᠢᠮ ᠠᠪᠤᠷᠠᠨ ᠳᠤᠰᠠᠯᠠᠯᠳᠠ ᠶᠢᠨ ᠰᠠᠭᠤᠷᠢ ᠮᠦᠡᠭᠬᠦᠨ ᠠᠴᠠ ᠭᠠᠷᠭᠠᠨ᠎ᠠ᠃ | ᠡᠪᠡᠳᠴᠢᠨ ᠳᠠᠬᠤᠯ ᠳᠤ ᠪᠠᠴᠢᠮ ᠠᠪᠤᠷᠠᠨ ᠳᠤᠰᠠᠯᠠᠯᠳᠠ ᠬᠢᠬᠦ ᠳᠦᠷᠢᠮ ᠨᠢ ᠪᠤᠰᠤᠳ ᠡᠮ ᠡᠮᠨᠡᠯᠭᠡ ᠶᠢᠨ | ᠪᠠᠳᠤᠯᠠᠪᠤᠷᠢ ᠶᠢᠨ ᠳᠦᠷᠢᠮ ᠯᠦᠭᠡ ᠬᠠᠷᠢᠯᠴᠠᠨ ᠠᠪᠴᠠᠯᠳᠤᠭᠰᠠᠨ ᠪᠠᠶᠢᠬᠤ ᠭᠡᠷᠡᠭᠳᠡᠢ᠃ | | ᠵᠢᠷᠭᠤᠳᠤᠭᠠᠷ ᠪᠦᠯᠦᠭ ᠰᠤᠷᠭᠠᠨ ᠬᠦᠮᠦᠵᠢᠯ ᠤᠨ ᠠᠪᠤᠷᠠᠨ ᠳᠤᠰᠠᠯᠠᠯᠳᠠ | ᠭᠤᠴᠢᠨ ᠭᠤᠷᠪᠠᠳᠤᠭᠠᠷ ᠵᠦᠢᠯ ᠤᠯᠤᠰ ᠠᠴᠠ ᠠᠯᠪᠠᠨ ᠵᠢᠷᠤᠮ ᠤᠨ ᠰᠤᠷᠭᠠᠨ ᠬᠦᠮᠦᠵᠢᠯ ᠤᠨ | ᠱᠠᠳᠤᠨ ᠳᠠᠬᠢ ᠰᠤᠷᠭᠠᠭᠤᠯᠢ ᠳᠤ ᠰᠤᠷᠤᠯᠴᠠᠵᠤ ᠪᠠᠶᠢᠭ᠎ᠠ ᠨᠠᠭᠠᠳᠤ ᠶᠢᠨ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ | ᠭᠡᠷ ᠪᠦᠯᠢ ᠶᠢᠨ ᠪᠦᠷᠢᠯᠳᠦᠬᠦᠨ᠂ ᠤᠨᠴᠠ ᠬᠦᠴᠢᠷᠳᠡᠯ ᠲᠠᠢ ᠠᠰᠠᠷᠠᠨ ᠳᠡᠵᠢᠭᠡᠭᠳᠡᠭᠰᠡᠳ ᠲᠤ ᠰᠤᠷᠭᠠᠨ ᠬᠦᠮᠦᠵᠢᠯ ᠤᠨ | ᠠᠪᠤᠷᠠᠨ ᠳᠤᠰᠠᠯᠠᠯᠳᠠ ᠬᠢᠨ᠎ᠠ᠃ ᠦᠨᠳᠦᠷ ᠳᠤᠮᠳᠠᠳᠤ ᠶᠢᠨ ᠰᠤᠷᠭᠠᠨ ᠬᠦᠮᠦᠵᠢᠯ ︵ᠳᠤᠮᠳᠠᠳᠤ ᠵᠡᠷᠭᠡ ᠶᠢᠨ ᠳᠤᠰᠬᠠᠢ | ᠮᠡᠷᠭᠡᠵᠢᠯ ᠤᠨ ᠰᠤᠷᠭᠠᠨ ᠬᠦᠮᠦᠵᠢᠯ ᠪᠠᠭᠳᠠᠨ᠎ᠠ︶᠂ ᠡᠩ ᠤᠨ ᠶᠡᠭᠡ ᠳᠡᠭᠡᠳᠤ ᠰᠤᠷᠭᠠᠭᠤᠯᠢ ᠶᠢᠨ ᠰᠤᠷᠭᠠᠨ | ᠬᠦᠮᠦᠵᠢᠯ ᠤᠨ ᠱᠠᠳᠤᠨ ᠳᠠᠬᠢ ᠰᠤᠷᠭᠠᠭᠤᠯᠢ ᠳᠤ ᠰᠤᠷᠤᠯᠴᠠᠵᠤ ᠪᠠᠶᠢᠭ᠎ᠠ ᠨᠠᠭᠠᠳᠤ ᠵᠠᠬ᠎ᠠ ᠶᠢᠨ ᠠᠮᠢᠳᠤᠷᠠᠯ ᠤᠨ | ᠪᠠᠳᠤᠯᠠᠪᠤᠷᠢᠳᠤ ᠭᠡᠷ ᠪᠦᠯᠢ ᠶᠢᠨ ᠪᠦᠷᠢᠯᠳᠦᠬᠦᠨ᠂ ᠤᠨᠴᠠ ᠬᠦᠴᠢᠷᠳᠡᠯ ᠲᠠᠢ ᠠᠰᠠᠷᠠᠨ ᠳᠡᠵᠢᠭᠡᠭᠳᠡᠭᠰᠡᠳ ᠬᠢᠭᠡᠳ | ᠰᠤᠷᠭᠠᠭᠤᠯᠢ ᠳᠤ ᠤᠷᠤᠵᠤ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠳᠡᠵᠤ ᠳᠡᠶᠢᠯᠬᠦ ᠦᠭᠡᠢ ᠵᠡᠮᠳᠡᠭ | ᠬᠡᠦᠬᠡᠳ ᠲᠤ ᠪᠤᠳᠠᠳᠤ ᠪᠠᠶᠢᠳᠠᠯ ᠢ ᠨᠢ ᠦᠨᠳᠦᠰᠦᠯᠡᠵᠤ᠂ ᠵᠤᠬᠢᠬᠤ ᠰᠤᠷᠭᠠᠨ ᠬᠦᠮᠦᠵᠢᠯ ᠤᠨ ᠠᠪᠤᠷᠠᠨ ᠳᠤᠰᠠᠯᠠᠯᠳᠠ | ᠬᠢᠨ᠎ᠠ᠃ | ᠭᠤᠴᠢᠨ ᠳᠦᠷᠪᠡᠳᠤᠭᠡᠷ ᠵᠦᠢᠯ ᠰᠤᠷᠭᠠᠨ ᠬᠦᠮᠦᠵᠢᠯ ᠤᠨ ᠠᠪᠤᠷᠠᠨ ᠳᠤᠰᠠᠯᠠᠯᠳᠠ ᠨᠢ ᠠᠳᠠᠯᠢ ᠪᠤᠰᠤ | ᠰᠤᠷᠭᠠᠨ ᠬᠦᠮᠦᠵᠢᠯ ᠤᠨ ᠱᠠᠳᠤᠨ ᠤ ᠭᠡᠷᠡᠭᠴᠡᠭᠡ ᠶᠢ ᠦᠨᠳᠦᠰᠦᠯᠡᠨ᠂ ᠬᠤᠯᠪᠤᠭᠳᠠᠯ ᠪᠦᠬᠦᠢ ᠵᠠᠷᠤᠳᠠᠯ ᠢ | ᠬᠡᠯᠳᠦᠷᠢᠬᠦᠯᠵᠤ ᠬᠠᠰᠤᠬᠤ᠂ ᠰᠤᠷᠤᠯᠭ᠎ᠠ ᠶᠢᠨ ᠳᠤᠰᠠᠯᠠᠮᠵᠢ ᠶᠢᠨ ᠮᠦᠡᠭᠬᠦ ᠦᠭᠬᠦ᠂ ᠰᠤᠷᠤᠭᠴᠢᠳ ᠲᠤ ᠠᠮᠢᠳᠤᠷᠠᠯ ᠤᠨ | ᠨᠦᠬᠦᠪᠤᠷᠢ ᠦᠭᠬᠦ᠂ ᠠᠵᠢᠯ ᠬᠦᠳᠡᠯᠮᠤᠷᠢ ᠬᠢᠯᠭᠡᠨ ᠰᠤᠷᠤᠯᠭ᠎ᠠ ᠳᠤ ᠨᠢ ᠳᠤᠰᠠᠯᠠᠬᠤ ᠵᠡᠷᠭᠡ ᠠᠷᠭ᠎ᠠ ᠭᠡᠮᠵᠢᠶ᠎ᠡ ᠠᠪᠴᠤ᠂ | ᠰᠤᠷᠭᠠᠨ ᠬᠦᠮᠦᠵᠢᠯ ᠤᠨ ᠠᠪᠤᠷᠠᠨ ᠳᠤᠰᠠᠯᠠᠭᠳᠠᠬᠤ ᠡᠳᠡᠭᠡᠳ ᠤᠨ ᠦᠨᠳᠦᠰᠦᠨ ᠰᠤᠷᠤᠯᠭ᠎ᠠ ᠠᠮᠢᠳᠤᠷᠠᠯ ᠤᠨ | ᠭᠡᠷᠡᠭᠴᠡᠭᠡ ᠶᠢ ᠪᠠᠳᠤᠯᠠᠨ᠎ᠠ᠃ | ᠭᠤᠴᠢᠨ ᠳᠠᠪᠤᠳᠤᠭᠠᠷ ᠵᠦᠢᠯ ᠰᠤᠷᠭᠠᠨ ᠬᠦᠮᠦᠵᠢᠯ ᠤᠨ ᠠᠪᠤᠷᠠᠨ ᠳᠤᠰᠠᠠᠯᠬᠤ ᠪᠠᠷᠢᠮᠵᠢᠶ᠎ᠠ ᠶᠢ ᠮᠤᠵᠢ᠂ | ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠨᠢ ᠠᠵᠤ | ᠠᠬᠤᠢ ᠨᠡᠶᠢᠭᠡᠮ ᠤᠨ ᠬᠦᠭᠵᠢᠯᠳᠡ ᠶᠢᠨ ᠳᠦᠪᠰᠢᠨ ᠬᠢᠬᠡᠳ ᠦᠨᠳᠦᠰᠤᠨ ᠰᠤᠷᠤᠯᠭ᠎ᠠ ᠠᠮᠢᠳᠤᠷᠠᠯ ᠤᠨ ᠭᠡᠷᠡᠭᠴᠡᠭᠡ ᠶᠢ | ᠦᠨᠳᠦᠰᠦᠯᠡᠨ ᠳᠤᠭᠳᠠᠭᠠᠵᠤ᠂ ᠵᠠᠷᠯᠠᠨ ᠨᠡᠶᠢᠳᠡᠯᠡᠨ᠎ᠡ᠃ | ᠭᠤᠴᠢᠨ ᠵᠢᠷᠭᠤᠳᠤᠭᠠᠷ ᠵᠦᠢᠯ ᠰᠤᠷᠭᠠᠨ ᠬᠦᠮᠦᠵᠢᠯ ᠤᠨ ᠠᠪᠤᠷᠠᠨ ᠳᠤᠰᠠᠯᠠᠯᠳᠠ ᠶᠢ ᠭᠤᠶᠤᠴᠢᠯᠠᠬᠤ ᠳᠠᠭᠠᠨ | ᠂ ᠤᠯᠤᠰ ᠤᠨ ᠬᠤᠯᠪᠤᠭᠳᠠᠯ ᠪᠦᠬᠦᠢ ᠳᠤᠭᠳᠠᠭᠠᠯ ᠶᠤᠰᠤᠭᠠᠷ ᠰᠣᠷᠣᠯᠴᠠᠵᠤ ᠪᠠᠶᠢᠭ᠎ᠠ ᠰᠤᠷᠭᠠᠭᠤᠯᠢ ᠳᠠᠭᠠᠨ ᠳᠤᠷᠠᠳᠤᠨ | ᠭᠠᠷᠭᠠᠵᠤ᠂ ᠳᠤᠭᠳᠠᠭᠰᠠᠨ ᠳᠡᠰ ᠳᠠᠷᠠᠭᠠᠯᠠᠯ ᠢᠶᠠᠷ ᠬᠢᠨᠠᠵᠤ ᠰᠢᠯᠭᠠᠭᠤᠯᠤᠨ᠂ ᠨᠤᠳᠠᠯᠠᠨ ᠵᠦᠪᠰᠢᠶᠡᠷᠡᠬᠦᠯᠦᠭᠰᠡᠨ ᠤ | ᠳᠠᠷᠠᠭ᠎ᠠ᠂ ᠰᠤᠷᠭᠠᠭᠤᠯᠢ ᠨᠢ ᠤᠯᠤᠰ ᠤᠨ ᠬᠤᠯᠪᠤᠭᠳᠠᠯ ᠪᠦᠬᠦᠢ ᠳᠤᠭᠳᠠᠭᠠᠯ ᠶᠤᠰᠤᠭᠠᠷ ᠭᠡᠷᠡᠭᠵᠢᠬᠦᠯᠬᠦ ᠭᠡᠷᠡᠭᠳᠡᠢ᠃ | | ᠳᠤᠯᠤᠳᠤᠭᠠᠷ ᠪᠦᠯᠦᠭ ᠤᠷᠤᠨ ᠰᠠᠭᠤᠴᠠ ᠶᠢᠨ ᠠᠪᠤᠷᠠᠨ ᠳᠤᠰᠠᠯᠠᠯᠳᠠ | ᠭᠤᠴᠢᠨ ᠳᠤᠯᠤᠳᠤᠭᠠᠷ ᠵᠦᠢᠯ ᠤᠯᠤᠰ ᠠᠴᠠ ᠳᠤᠭᠳᠠᠭᠠᠯ ᠤᠨ ᠪᠠᠷᠢᠮᠵᠢᠶ᠎ᠠ ᠳᠤ ᠨᠡᠶᠢᠴᠡᠭᠰᠡᠨ ᠤᠷᠤᠨ | ᠰᠠᠭᠤᠴᠠ ᠬᠦᠴᠢᠷᠳᠡᠯ ᠲᠠᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ ᠪᠦᠯᠢ᠂ ᠰᠠᠯᠤᠩᠬᠢ ᠪᠠᠷ | ᠠᠰᠠᠷᠠᠨ ᠳᠡᠵᠢᠭᠡᠵᠤ ᠪᠠᠶᠢᠭ᠎ᠠ ᠤᠨᠴᠠ ᠬᠦᠴᠢᠷᠳᠡᠯ ᠲᠠᠢ ᠬᠦᠮᠦᠰ ᠲᠤ ᠤᠷᠤᠨ ᠰᠠᠭᠤᠴᠠ ᠶᠢᠨ ᠠᠪᠤᠷᠠᠨ ᠳᠤᠰᠠᠯᠠᠯᠳᠠ | ᠬᠢᠨ᠎ᠠ᠃ | ᠭᠤᠴᠢᠨ ᠨᠠᠢᠮᠠᠳᠤᠭᠠᠷ ᠵᠦᠢᠯ ᠤᠷᠤᠨ ᠰᠠᠭᠤᠴᠠ ᠶᠢᠨ ᠠᠪᠤᠷᠠᠨ ᠳᠤᠰᠠᠯᠠᠯᠳᠠ ᠶᠢ ᠨᠡᠶᠢᠳᠡ ᠶᠢᠨ | ᠳᠦᠷᠢᠶᠡᠰᠤᠨ ᠤᠷᠤᠨ ᠰᠠᠭᠤᠴᠠ ᠠᠴᠠ ᠳᠦᠷᠢᠶᠡᠰᠦᠯᠡᠵᠤ ᠦᠭᠬᠦ᠂ ᠤᠷᠤᠨ ᠰᠠᠭᠤᠴᠠ ᠶᠢᠨ ᠳᠦᠷᠢᠶᠡᠰᠤᠨ ᠤ | ᠨᠦᠬᠦᠪᠤᠷᠢ ᠦᠭᠬᠦ᠂ ᠬᠦᠳᠡᠭᠡ ᠳᠤᠰᠬᠤᠨ ᠤ ᠠᠶᠤᠯᠳᠠᠢ ᠭᠡᠷ ᠪᠠᠶᠢᠰᠢᠩ ᠢ ᠦᠭᠡᠷᠡᠴᠢᠯᠡᠬᠦ ᠵᠡᠷᠭᠡ ᠠᠷᠭ᠎ᠠ ᠭᠡᠯᠪᠡᠷᠢ ᠪᠠᠷ | ᠭᠡᠷᠡᠭᠵᠢᠬᠦᠯᠦᠨ᠎ᠡ᠃ | ᠭᠤᠴᠢ ᠶᠢᠰᠦᠳᠤᠭᠡᠷ ᠵᠦᠢᠯ ᠤᠷᠤᠨ ᠰᠠᠭᠤᠴᠠ ᠶᠢᠨ ᠬᠦᠴᠢᠷᠳᠡᠯ ᠤᠨ ᠪᠠᠷᠢᠮᠵᠢᠶ᠎ᠠ ᠬᠢᠭᠡᠳ ᠠᠪᠤᠷᠠᠨ | ᠳᠤᠰᠠᠯᠠᠬᠤ ᠪᠠᠷᠢᠮᠵᠢᠶ᠎ᠠ ᠶᠢ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ | ᠵᠠᠰᠠᠭ ᠤᠨ ᠤᠷᠳᠤᠨ ᠠᠴᠠ ᠳᠤᠰ ᠵᠠᠰᠠᠭ ᠵᠠᠬᠢᠷᠭᠠᠨ ᠤ ᠭᠡᠪᠴᠢᠶᠠᠨ ᠳᠠᠬᠢ ᠠᠵᠤ ᠠᠬᠤᠢ ᠨᠡᠶᠢᠭᠡᠮ ᠤᠨ | ᠬᠦᠭᠵᠢᠯᠳᠡ ᠶᠢᠨ ᠳᠦᠪᠰᠢᠨ᠂ ᠤᠷᠤᠨ ᠰᠠᠭᠤᠴᠠ ᠶᠢᠨ ᠦᠨ᠎ᠠ ᠬᠠᠨᠭ᠍ᠰᠢ ᠶᠢᠨ ᠳᠦᠪᠰᠢᠨ ᠵᠡᠷᠭᠡ ᠡᠯᠧᠮᠧᠨ᠋ᠲ ᠢ | ᠦᠨᠳᠦᠰᠦᠯᠡᠨ ᠳᠤᠭᠳᠠᠭᠠᠵᠤ᠂ ᠵᠡᠷᠯᠡᠨ ᠨᠡᠶᠢᠳᠡᠯᠡᠨ᠎ᠡ᠃ | ᠳᠦᠴᠢᠳᠤᠭᠡᠷ ᠵᠦᠢᠯ ᠬᠤᠳᠠ ᠪᠠᠯᠭᠠᠰᠤᠨ ᠤ ᠭᠡᠷ ᠪᠦᠯᠢ ᠤᠷᠤᠨ ᠰᠠᠭᠤᠴᠠ ᠶᠢᠨ ᠠᠪᠤᠷᠠᠨ ᠳᠤᠰᠠᠯᠠᠯᠳᠠ | ᠭᠤᠶᠤᠴᠢᠯᠠᠬᠤ ᠳᠠᠭᠠᠨ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ | ᠭᠡᠷᠡᠭ ᠡᠷᠬᠢᠯᠡᠬᠦ ᠭᠠᠵᠠᠷ ᠢᠶᠠᠷ ᠳᠠᠮᠵᠢᠭᠤᠯᠬᠤ ᠪᠤᠶᠤ ᠡᠰᠡᠬᠦᠯ᠎ᠡ ᠰᠢᠭᠤᠳ ᠬᠤᠰᠢᠭᠤ ᠰᠢᠶᠠᠨ ᠤ ᠱᠠᠳᠤᠨ ᠤ ᠠᠷᠠᠳ ᠤᠨ | ᠵᠠᠰᠠᠭ ᠤᠨ ᠤᠷᠳᠤᠨ ᠤ ᠤᠷᠤᠨ ᠰᠠᠭᠤᠴᠠ ᠶᠢᠨ ᠪᠠᠳᠤᠯᠠᠪᠤᠷᠢ ᠶᠢᠨ ᠰᠠᠯᠠᠭ᠎ᠠ ᠮᠦᠴᠢᠷ ᠲᠤ ᠳᠤᠷᠠᠳᠤᠨ ᠭᠠᠷᠭᠠᠵᠤ᠂ | ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ | ᠮᠦᠴᠢᠷ ᠨᠢ ᠭᠡᠷ ᠪᠦᠯᠢ ᠶᠢᠨ ᠤᠷᠤᠯᠭ᠎ᠠ᠂ ᠡᠳ᠋ ᠬᠦᠷᠦᠩᠭᠡ ᠶᠢᠨ ᠪᠠᠶᠢᠳᠠᠯ ᠢ ᠬᠢᠨᠠᠨ ᠰᠢᠯᠭᠠᠵᠤ᠂ ᠬᠤᠰᠢᠭᠤ ᠰᠢᠶᠠᠨ ᠤ | ᠱᠠᠳᠤᠨ ᠤ ᠠᠷᠠᠳ ᠤᠨ ᠵᠠᠰᠠᠭ ᠤᠨ ᠤᠷᠳᠤᠨ ᠤ ᠤᠷᠤᠨ ᠰᠠᠭᠤᠴᠠ ᠶᠢᠨ ᠪᠠᠳᠤᠯᠠᠪᠤᠷᠢ ᠶᠢᠨ ᠰᠠᠯᠠᠭ᠎ᠠ ᠮᠦᠴᠢᠷ ᠨᠢ | ᠭᠡᠷ ᠪᠦᠯᠢ ᠶᠢᠨ ᠤᠷᠤᠨ ᠰᠠᠭᠤᠴᠠ ᠶᠢᠨ ᠪᠠᠶᠢᠳᠠᠯ ᠢ ᠬᠢᠨᠠᠨ ᠰᠢᠯᠭᠠᠭᠠᠳ ᠵᠡᠷᠯᠡᠨ ᠨᠡᠶᠢᠳᠡᠯᠡᠭᠰᠡᠨ ᠤ ᠳᠠᠷᠠᠭ᠎ᠠ᠂ | ᠭᠤᠶᠤᠴᠢᠯᠠᠬᠤ ᠨᠦᠬᠦᠴᠡᠯ ᠳᠤ ᠨᠡᠶᠢᠴᠡᠬᠦ᠋ᠢᠴᠡ ᠭᠤᠶᠤᠴᠢᠯᠠᠭᠴᠢᠳ ᠲᠤ ᠬᠤᠰᠢᠭᠤ ᠰᠢᠶᠠᠨ ᠤ ᠱᠠᠳᠤᠨ ᠤ | ᠠᠷᠠᠳ ᠤᠨ ᠵᠠᠰᠠᠭ ᠤᠨ ᠤᠷᠳᠤᠨ ᠤ ᠤᠷᠤᠨ ᠰᠠᠭᠤᠴᠠ ᠶᠢᠨ ᠪᠠᠳᠤᠯᠠᠪᠤᠷᠢ ᠶᠢᠨ ᠰᠠᠯᠠᠭ᠎ᠠ ᠮᠦᠴᠢᠷ ᠠᠴᠠ ᠤᠷᠢᠳᠠᠪᠠᠷ | ᠪᠠᠳᠤᠯᠠᠭ᠎ᠠ ᠬᠠᠨᠭ᠍ᠭᠠᠨ᠎ᠠ᠃ ᠬᠦᠳᠡᠭᠡ ᠳᠤᠰᠬᠤᠨ ᠤ ᠭᠡᠷ ᠪᠦᠯᠢ ᠤᠷᠤᠨ ᠰᠠᠭᠤᠴᠠ ᠶᠢᠨ ᠠᠪᠤᠷᠠᠨ ᠳᠤᠰᠠᠯᠠᠯᠳᠠ | ᠭᠤᠶᠤᠴᠢᠯᠠᠬᠤ ᠳᠠᠭᠠᠨ᠂ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ | ᠬᠤᠯᠪᠤᠭᠳᠠᠯ ᠪᠦᠬᠦᠢ ᠳᠤᠭᠳᠠᠭᠠᠯ ᠶᠤᠰᠤᠭᠠᠷ ᠭᠡᠷᠡᠭᠵᠢᠬᠦᠯᠬᠦ ᠭᠡᠷᠡᠭᠳᠡᠢ᠃ | ᠳᠦᠴᠢᠨ ᠨᠢᠭᠡᠳᠤᠭᠡᠷ ᠵᠦᠢᠯ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠢ ᠤᠯᠤᠰ ᠤᠨ | ᠳᠤᠭᠳᠠᠭᠠᠯ ᠶᠤᠰᠤᠭᠠᠷ ᠡᠳ᠋ ᠤᠨ ᠵᠠᠰᠠᠭ ᠤᠨ ᠪᠡᠯᠡ ᠤᠷᠤᠭᠤᠯᠬᠤ᠂ ᠭᠡᠷᠡᠭᠯᠡᠬᠦ ᠭᠠᠵᠠᠷ ᠰᠢᠷᠤᠢ ᠬᠠᠨᠭ᠍ᠭᠠᠬᠤ ᠵᠡᠷᠭᠡ | ᠠᠷᠭ᠎ᠠ ᠪᠠᠷᠢᠯ ᠢᠶᠠᠷ ᠤᠷᠤᠨ ᠰᠠᠭᠤᠴᠠ ᠶᠢᠨ ᠠᠪᠤᠷᠠᠨ ᠳᠤᠰᠠᠯᠠᠯᠳᠠ ᠶᠢ ᠭᠡᠷᠡᠭᠵᠢᠬᠦᠯᠬᠦ ᠶᠢ ᠪᠠᠳᠤᠯᠠᠬᠤ ᠭᠡᠷᠡᠭᠳᠡᠢ᠃ | | ᠨᠠᠢᠮᠠᠳᠤᠭᠠᠷ ᠪᠦᠯᠦᠭ ᠠᠵᠢᠯ ᠤᠯᠭᠤᠬᠤ ᠠᠪᠤᠷᠠᠨ ᠳᠤᠰᠠᠯᠠᠯᠳᠠ | ᠳᠦᠴᠢᠨ ᠬᠤᠶᠠᠳᠤᠭᠠᠷ ᠵᠦᠢᠯ ᠤᠯᠤᠰ ᠠᠴᠠ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ | ᠪᠦᠯᠢ ᠶᠢᠨ ᠬᠦᠳᠡᠯᠮᠦᠷᠢᠯᠡᠬᠦ ᠴᠢᠳᠠᠪᠤᠷᠢ ᠲᠠᠢ ᠮᠦᠷᠳᠡᠭᠡᠨ ᠠᠵᠢᠯ ᠠᠯᠳᠠᠭᠰᠠᠨ ᠪᠠᠶᠢᠳᠠᠯ ᠳᠤ ᠪᠠᠶᠢᠭ᠎ᠠ | ᠪᠦᠷᠢᠯᠳᠦᠬᠦᠨ ᠳᠤ ᠵᠢᠭᠡᠯᠡᠯᠭᠡ ᠶᠢᠨ ᠬᠦᠤ ᠮᠦᠡᠭᠬᠦ ᠶᠢᠨ ᠨᠦᠬᠦᠪᠤᠷᠢ᠂ ᠨᠡᠶᠢᠭᠡᠮ ᠤᠨ ᠳᠠᠭᠠᠳᠬᠠᠯ ᠤᠨ ᠨᠦᠬᠦᠪᠤᠷᠢ᠂ | ᠠᠵᠢᠯ ᠤᠨ ᠪᠠᠶᠢᠷᠢ ᠶᠢᠨ ᠨᠦᠬᠦᠪᠤᠷᠢ᠂ ᠳᠠᠪᠳᠠᠨ ᠪᠤᠯᠪᠠᠰᠤᠷᠠᠭᠤᠯᠬᠤ ᠨᠦᠬᠦᠪᠤᠷᠢ ᠦᠭᠬᠦ ᠪᠠ ᠵᠠᠷᠤᠳᠠᠯ | ᠰᠦᠢᠳᠭᠡᠯ ᠢ ᠨᠢ ᠭᠡᠯᠳᠤᠷᠢᠬᠦᠯᠵᠤ ᠬᠠᠰᠤᠬᠤ᠂ ᠨᠡᠶᠢᠳᠡ ᠶᠢᠨ ᠠᠰᠠᠷᠠᠮᠵᠢ ᠶᠢᠨ ᠴᠢᠨᠠᠷ ᠲᠠᠢ ᠠᠵᠢᠯ ᠤᠨ ᠪᠠᠶᠢᠷᠢ | ᠳᠤᠬᠢᠷᠠᠭᠤᠯᠬᠤ ᠵᠡᠷᠭᠡ ᠠᠷᠭ᠎ᠠ ᠪᠠᠷ ᠠᠵᠢᠯ ᠤᠯᠭᠤᠬᠤ ᠠᠪᠤᠷᠠᠨ ᠳᠤᠰᠠᠯᠠᠯᠳᠠ ᠬᠢᠨ᠎ᠠ᠃ | ᠳᠦᠴᠢᠨ ᠭᠤᠷᠪᠠᠳᠤᠭᠠᠷ ᠵᠦᠢᠯ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ ᠪᠦᠯᠢ ᠶᠢᠨ | ᠬᠦᠳᠡᠯᠮᠦᠷᠢᠯᠡᠬᠦ ᠴᠢᠳᠠᠪᠤᠷᠢ ᠲᠠᠢ ᠪᠦᠷᠢᠯᠳᠦᠬᠦᠨ ᠨᠢ ᠴᠦᠮ ᠠᠵᠢᠯ ᠠᠯᠳᠠᠭᠰᠠᠨ ᠪᠠᠶᠢᠪᠠᠯ᠂ ᠬᠤᠰᠢᠭᠤ ᠰᠢᠶᠠᠨ ᠤ | ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠨᠢ ᠴᠢᠭᠯᠡᠬᠦᠯᠦᠯᠳᠤ ᠴᠢᠨᠠᠷ ᠲᠠᠢ | ᠠᠷᠭ᠎ᠠ ᠭᠡᠮᠵᠢᠶ᠎ᠡ ᠠᠪᠴᠤ᠂ ᠳᠤᠰ ᠭᠡᠷ ᠪᠦᠯᠢ ᠳᠤ ᠶᠠᠳᠠᠬᠤ ᠳᠠᠭᠠᠨ ᠨᠢᠭᠡ ᠬᠦᠮᠦᠨ ᠳᠤ ᠠᠵᠢᠯ ᠤᠯᠭᠤᠬᠤ ᠶᠢ ᠦᠨᠡᠨᠬᠦ | ᠪᠠᠳᠤᠯᠠᠬᠤ ᠭᠡᠷᠡᠭᠳᠡᠢ᠃ | ᠳᠦᠴᠢᠨ ᠳᠦᠷᠪᠡᠳᠤᠭᠡᠷ ᠵᠦᠢᠯ ᠠᠵᠢᠯ ᠤᠯᠭᠤᠬᠤ ᠠᠪᠤᠷᠠᠨ ᠳᠤᠰᠠᠯᠠᠯᠳᠠ ᠭᠤᠶᠤᠴᠢᠯᠠᠬᠤ ᠳᠠᠭᠠᠨ᠂ | ᠰᠠᠭᠤᠵᠤ ᠪᠠᠶᠢᠭ᠎ᠠ ᠭᠠᠵᠠᠷ ᠤᠨ ᠢᠶᠠᠨ ᠵᠡᠭᠡᠯᠢ ᠭᠤᠳᠤᠮᠵᠢ᠂ ᠨᠡᠶᠢᠭᠡᠮ ᠳᠤᠭᠤᠷᠢᠭ ᠤᠨ ᠨᠡᠶᠢᠳᠡ ᠶᠢᠨ ᠠᠵᠢᠯ | ᠤᠯᠭᠤᠯᠳᠠ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠳᠤᠷᠠᠳᠤᠨ ᠭᠠᠷᠭᠠᠵᠤ᠂ ᠨᠡᠶᠢᠳᠡ ᠶᠢᠨ ᠠᠵᠢᠯ | ᠤᠯᠭᠤᠯᠳᠠ ᠶᠢᠨ ᠦᠢᠯᠡᠴᠢᠯᠡᠭᠡᠨ ᠤ ᠪᠠᠶᠢᠭᠤᠯᠤᠮᠵᠢ ᠨᠢ ᠬᠢᠨᠠᠨ ᠰᠢᠯᠭᠠᠭᠰᠠᠨ ᠤ ᠳᠠᠷᠠᠭ᠎ᠠ ᠳᠠᠩᠰᠠᠯᠠᠬᠤ ᠶᠢᠨ ᠳᠠᠭᠠᠤ | ᠵᠠᠷᠤᠳᠠᠯ ᠬᠤᠷᠢᠶᠠᠬᠤ ᠦᠭᠡᠢ ᠪᠠᠷ ᠠᠵᠢᠯ ᠤᠨ ᠪᠠᠶᠢᠷᠢ ᠶᠢᠨ ᠴᠢᠮᠡᠭᠡ ᠵᠠᠩᠬᠢ᠂ ᠳᠤᠬᠠᠢᠢᠯᠠᠭᠰᠠᠨ ᠠᠵᠢᠯ ᠤᠨ | ᠳᠠᠨᠢᠯᠴᠠᠭᠤᠯᠭ᠎ᠠ᠂ ᠳᠤᠬᠠᠢᠢᠯᠠᠭᠰᠠᠨ ᠠᠵᠢᠯ ᠤᠨ ᠵᠢᠯᠤᠭᠤᠳᠤᠮᠵᠢ ᠵᠡᠷᠭᠡ ᠠᠵᠢᠯ ᠤᠯᠭᠤᠬᠤ ᠦᠢᠯᠡᠴᠢᠯᠡᠭᠡ ᠬᠠᠨᠭ᠍ᠭᠠᠬᠤ | ᠭᠡᠷᠡᠭᠳᠡᠢ᠃ | ᠳᠦᠴᠢᠨ ᠳᠠᠪᠤᠳᠤᠭᠠᠷ ᠵᠦᠢᠯ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ ᠪᠦᠯᠢ ᠶᠢᠨ | ᠬᠦᠳᠡᠯᠮᠦᠷᠢᠯᠡᠬᠦ ᠴᠢᠳᠠᠪᠤᠷᠢ ᠲᠠᠢ ᠪᠤᠯᠪᠠᠴᠤ ᠠᠵᠢᠯ ᠤᠯᠤᠭᠠᠳᠤᠢ ᠪᠦᠷᠢᠯᠳᠦᠬᠦᠨ ᠨᠢ ᠬᠦᠮᠦᠨ ᠤ ᠬᠦᠴᠤᠨ ᠤ ᠡᠬᠢ | ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠳᠠᠨᠢᠯᠴᠠᠭᠤᠯᠵᠤ | ᠦᠭᠬᠦᠭᠰᠡᠨ ᠠᠵᠢᠯ ᠢ ᠬᠦᠯᠢᠶᠡᠨ ᠠᠪᠬᠤ ᠭᠡᠷᠡᠭᠳᠡᠢ︔ ᠡᠷᠡᠬᠦᠯ ᠴᠢᠬᠢᠷᠠᠭ ᠤᠨ ᠪᠠᠶᠢᠳᠠᠯ ᠪᠤᠯᠤᠨ ᠬᠦᠳᠡᠯᠮᠦᠷᠢᠯᠡᠬᠦ | ᠴᠢᠳᠠᠪᠤᠷᠢ ᠳᠤ ᠨᠢ ᠳᠤᠬᠢᠷᠠᠬᠤᠢᠢᠴᠡ ᠠᠵᠢᠯ ᠢ ᠳᠠᠨᠢᠯᠴᠠᠭᠤᠯᠵᠤ ᠦᠭᠬᠦᠭᠰᠡᠨ ᠴᠤ ᠵᠦᠢ ᠶᠤᠰᠤᠨ ᠤ ᠤᠴᠢᠷ | ᠰᠢᠯᠳᠠᠭᠠᠨ ᠦᠭᠡᠢ ᠪᠠᠷ ᠵᠠᠯᠭᠠᠪᠠᠷ 3 ᠤᠳᠠᠭ᠎ᠠ ᠬᠦᠯᠢᠶᠡᠨ ᠠᠪᠬᠤ ᠦᠭᠡᠢ ᠪᠤᠯ ᠬᠤᠰᠢᠭᠤ ᠰᠢᠶᠠᠨ ᠤ ᠱᠠᠳᠤᠨ ᠤ | ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠳᠤᠰ ᠬᠦᠮᠦᠨ ᠤ ᠨᠠᠭᠠᠳᠤ | ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠮᠦᠡᠭᠬᠦ ᠶᠢ ᠬᠠᠰᠤᠬᠤ ᠪᠤᠶᠤ ᠵᠤᠭᠰᠤᠭᠠᠬᠤ ᠪᠠᠷ ᠳᠤᠭᠳᠠᠭᠠᠬᠤ ᠭᠡᠷᠡᠭᠳᠡᠢ | ᠃ | ᠳᠦᠴᠢᠨ ᠵᠢᠷᠭᠤᠳᠤᠭᠠᠷ ᠵᠦᠢᠯ ᠠᠵᠢᠯ ᠤᠯᠭᠤᠬᠤ ᠠᠪᠤᠷᠠᠨ ᠳᠤᠰᠠᠯᠠᠯᠳᠠ ᠶᠢᠨ ᠡᠳᠡᠭᠡᠳ ᠢ ᠡᠯᠰᠡᠨ | ᠠᠪᠤᠭᠰᠠᠨ ᠬᠦᠮᠦᠨ ᠭᠡᠷᠡᠭᠯᠡᠬᠦ ᠪᠠᠶᠢᠭᠤᠯᠭ᠎ᠠ ᠨᠢᠭᠡᠴᠢ ᠳᠤ ᠤᠯᠤᠰ ᠤᠨ ᠬᠤᠯᠪᠤᠭᠳᠠᠯ ᠪᠦᠬᠦᠢ ᠳᠤᠭᠳᠠᠭᠠᠯ ᠶᠤᠰᠤᠭᠠᠷ | ᠨᠡᠶᠢᠭᠡᠮ ᠤᠨ ᠳᠠᠭᠠᠳᠬᠠᠯ ᠤᠨ ᠨᠦᠬᠦᠪᠤᠷᠢ᠂ ᠭᠠᠶᠢᠯᠢ ᠳᠠᠳᠠᠪᠤᠷᠢ ᠶᠢᠨ ᠬᠠᠷᠠᠭᠠᠯᠵᠠᠯ᠂ ᠪᠠᠭ᠎ᠠ ᠳᠤᠭᠠᠨ ᠤ ᠳᠠᠭᠠᠭᠠᠨ | ᠪᠠᠳᠤᠯᠠᠪᠤᠷᠢ ᠲᠠᠢ ᠵᠢᠭᠡᠯᠡᠯᠭᠡ ᠤᠯᠭᠤᠬᠤ ᠵᠡᠷᠭᠡ ᠠᠵᠢᠯ ᠤᠯᠭᠤᠯᠳᠠ ᠶᠢ ᠳᠡᠳᠬᠦᠨ ᠳᠡᠮᠵᠢᠬᠦ ᠳᠦᠷᠦ ᠶᠢᠨ | ᠪᠤᠳᠤᠯᠭ᠎ᠠ ᠶᠢ ᠭᠡᠷᠡᠭᠵᠢᠬᠦᠯᠦᠨ᠎ᠡ᠃ | | ᠶᠢᠰᠦᠳᠤᠭᠡᠷ ᠪᠦᠯᠦᠭ ᠳᠦᠷ ᠴᠠᠭ ᠤᠨ ᠠᠪᠤᠷᠠᠨ ᠳᠤᠰᠠᠯᠠᠯᠳᠠ | ᠳᠦᠴᠢᠨ ᠳᠤᠯᠤᠳᠤᠭᠠᠷ ᠵᠦᠢᠯ ᠤᠯᠤᠰ ᠠᠴᠠ ᠭᠠᠯ ᠤᠨ ᠠᠶᠤᠯ᠂ ᠵᠠᠮ ᠬᠠᠷᠢᠯᠴᠠᠭᠠᠨ ᠤ ᠠᠳᠡᠯ ᠵᠡᠷᠭᠡ | ᠰᠠᠨᠠᠮᠰᠠᠷ ᠦᠭᠡᠢ ᠭᠡᠷᠡᠭ᠂ ᠭᠡᠷ ᠪᠦᠯᠢ ᠶᠢᠨ ᠪᠦᠷᠢᠯᠳᠦᠬᠦᠨ ᠨᠢ ᠭᠡᠨᠡᠳᠳᠡ ᠪᠠᠷ ᠬᠦᠨᠳᠤ ᠳᠤᠮᠤ ᠡᠪᠡᠳᠴᠢᠨ ᠳᠤ | ᠨᠡᠷᠪᠡᠭᠳᠡᠭᠰᠡᠨ ᠵᠡᠷᠭᠡ ᠰᠢᠯᠳᠠᠭᠠᠨ ᠠᠴᠠ ᠦᠨᠳᠦᠰᠦᠨ ᠠᠮᠢᠳᠤᠷᠠᠯ ᠳᠤ ᠨᠢ ᠳᠦᠷ ᠴᠠᠭ ᠤᠨ ᠬᠦᠨᠳᠤ ᠭᠡᠴᠡᠬᠦᠤ | ᠬᠦᠴᠢᠷᠳᠡᠯ ᠳᠤᠯᠭᠠᠷᠠᠭᠰᠠᠨ ᠭᠡᠷ ᠪᠦᠯᠢ ᠪᠤᠶᠤ ᠠᠮᠢᠳᠤᠷᠠᠯ ᠤᠨ ᠭᠡᠷᠡᠭᠴᠡᠭᠡᠳᠤ ᠵᠠᠷᠤᠳᠠᠯ ᠨᠢ ᠭᠡᠨᠡᠳᠳᠡ ᠪᠠᠷ | ᠨᠡᠮᠡᠭᠳᠡᠭᠡᠳ ᠭᠡᠷ ᠪᠦᠯᠢ ᠶᠢᠨ ᠬᠢᠨ ᠤ ᠡᠬᠦᠷᠭᠡᠯᠡᠬᠦ ᠴᠢᠳᠠᠪᠤᠷᠢ ᠠᠴᠠ ᠳᠠᠪᠠᠵᠤ᠂ ᠦᠨᠳᠦᠰᠦᠨ ᠠᠮᠢᠳᠤᠷᠠᠯ ᠳᠤ ᠨᠢ ᠳᠦᠷ | ᠴᠠᠭ ᠤᠨ ᠬᠦᠨᠳᠤ ᠭᠡᠴᠡᠬᠦᠤ ᠬᠦᠴᠢᠷᠳᠡᠯ ᠳᠤᠯᠭᠠᠷᠠᠭᠰᠠᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ | ᠪᠦᠯᠢ ᠬᠢᠭᠡᠳ ᠪᠤᠰᠤᠳ ᠤᠨᠴᠠᠭᠠᠢ ᠬᠦᠴᠢᠷᠳᠡᠯ ᠳᠤ ᠳᠤᠬᠢᠶᠠᠯᠳᠤᠭᠰᠠᠨ ᠭᠡᠷ ᠪᠦᠯᠢ ᠳᠤ ᠳᠦᠷ ᠴᠠᠭ ᠤᠨ ᠠᠪᠤᠷᠠᠨ | ᠳᠤᠰᠠᠯᠠᠯᠳᠠ ᠬᠢᠨ᠎ᠠ᠃ | ᠳᠦᠴᠢᠨ ᠨᠠᠢᠮᠠᠳᠤᠭᠠᠷ ᠵᠦᠢᠯ ᠳᠦᠷ ᠴᠠᠭ ᠤᠨ ᠠᠪᠤᠷᠠᠨ ᠳᠤᠰᠠᠯᠠᠯᠳᠠ ᠭᠤᠶᠤᠴᠢᠯᠠᠬᠤ ᠳᠠᠭᠠᠨ᠂ ᠰᠤᠮᠤ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ | ᠳᠤᠷᠠᠳᠤᠨ ᠭᠠᠷᠭᠠᠵᠤ᠂ ᠬᠢᠨᠠᠨ ᠰᠢᠯᠭᠠᠵᠤ ᠵᠡᠷᠯᠡᠨ ᠨᠡᠶᠢᠳᠡᠯᠡᠭᠰᠡᠨ ᠤ ᠳᠠᠷᠠᠭ᠎ᠠ᠂ ᠬᠤᠰᠢᠭᠤ ᠰᠢᠶᠠᠨ ᠤ ᠱᠠᠳᠤᠨ ᠤ | ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠵᠦᠪᠰᠢᠶᠡᠷᠡᠨ᠎ᠠ︔ ᠠᠪᠤᠷᠠᠨ | ᠳᠤᠰᠠᠯᠠᠬᠤ ᠵᠤᠭᠤᠰ ᠮᠦᠡᠭᠬᠦᠨ ᠤ ᠭᠡᠮᠵᠢᠶ᠎ᠡ ᠨᠢ ᠨᠡᠯᠢᠶᠡᠳ ᠪᠠᠭ᠎ᠠ ᠪᠤᠯ ᠬᠤᠰᠢᠭᠤ ᠰᠢᠶᠠᠨ ᠤ ᠱᠠᠳᠤᠨ ᠤ ᠠᠷᠠᠳ ᠤᠨ | ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠰᠤᠮᠤ ᠰᠢᠶᠠᠩ ᠪᠠᠯᠭᠠᠰᠤᠨ ᠤ ᠠᠷᠠᠳ ᠤᠨ | ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ ᠨᠡᠶᠢᠳᠡᠨ ᠵᠦᠪᠰᠢᠶᠡᠷᠡᠬᠦᠯᠵᠤ ᠪᠤᠯᠤᠨ᠎ᠠ᠃ | ᠪᠠᠶᠢᠳᠠᠯ ᠨᠢ ᠪᠠᠴᠢᠮ ᠳᠤᠯᠭᠠᠮ᠎ᠠ ᠪᠤᠯ ᠳᠤᠭᠳᠠᠭᠠᠯ ᠶᠤᠰᠤᠭᠠᠷ ᠵᠦᠪᠰᠢᠶᠡᠷᠡᠬᠦ ᠭᠠᠷᠳᠠᠮᠵᠢ ᠶᠢ ᠨᠢ ᠳᠦᠬᠦᠮᠴᠢᠯᠡᠵᠤ | ᠪᠤᠯᠤᠨ᠎ᠠ᠃ | ᠳᠦᠴᠢ ᠶᠢᠰᠤᠳᠤᠭᠡᠷ ᠵᠦᠢᠯ ᠲᠦᠷ ᠴᠠᠭ ᠤᠨ ᠠᠪᠤᠷᠠᠨ ᠳᠤᠰᠠᠯᠠᠯᠳᠠ ᠶᠢᠨ ᠪᠤᠳᠠᠳᠠᠢ ᠳᠦᠷᠦᠯ ᠵᠦᠢᠯ᠂ | ᠪᠠᠷᠢᠮᠵᠢᠶ᠎ᠠ ᠶᠢ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ | ᠤᠷᠳᠤᠨ ᠠᠴᠠ ᠳᠤᠭᠳᠠᠭᠠᠵᠤ ᠵᠠᠷᠯᠠᠨ ᠨᠡᠶᠢᠳᠡᠯᠡᠨ᠎ᠡ᠃ | ᠳᠠᠪᠢᠳᠤᠭᠠᠷ ᠵᠦᠢᠯ ᠤᠯᠤᠰ ᠠᠴᠠ ᠠᠮᠢᠳᠤᠷᠠᠯ ᠳᠠᠭᠠᠨ ᠵᠦᠪ ᠦᠭᠡᠢ ᠳᠡᠨᠦᠬᠦᠯᠴᠢᠳ᠂ ᠭᠤᠶᠢᠷᠠᠨᠴᠢᠳ ᠲᠤ | ᠳᠦᠷ ᠴᠠᠭ ᠤᠨ ᠢᠳᠡᠵᠤ ᠰᠠᠭᠤᠬᠤ᠂ ᠳᠦᠷᠭᠡᠨ ᠡᠪᠡᠳᠴᠢᠨ ᠢ ᠨᠢ ᠡᠮᠨᠡᠨ ᠵᠠᠰᠠᠬᠤ᠂ ᠳᠡᠮᠵᠢᠨ ᠳᠤᠰᠠᠯᠠᠵᠤ ᠤᠤᠯ | ᠨᠤᠳᠤᠭ ᠲᠤ ᠨᠢ ᠪᠤᠴᠠᠭᠠᠬᠤ ᠵᠡᠷᠭᠡ ᠠᠪᠤᠷᠠᠨ ᠳᠤᠰᠠᠯᠠᠯᠳᠠ ᠬᠢᠨ᠎ᠠ᠃ | ᠳᠠᠪᠢᠨ ᠨᠢᠭᠡᠳᠤᠭᠡᠷ ᠵᠦᠢᠯ ᠳᠤᠳᠤᠭᠠᠳᠤ ᠶᠢ ᠬᠠᠮᠠᠭᠠᠠᠯᠬᠤ ᠪᠠᠶᠢᠭᠤᠯᠭ᠎ᠠ ᠬᠢᠭᠡᠳ ᠪᠤᠰᠤᠳ ᠬᠤᠯᠪᠤᠭᠳᠠᠯ | ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠳᠠᠨ ᠠᠵᠢᠯ ᠤᠨ ᠳᠤᠮᠳᠠ ᠪᠠᠨ ᠳᠡᠨᠦᠬᠦᠯᠴᠢᠳ | ᠭᠤᠶᠢᠷᠠᠨᠴᠢᠳ ᠲᠠᠢ ᠬᠠᠷᠭᠤᠪᠠᠯ᠂ ᠳᠡᠳᠡᠨ ᠳᠤ ᠠᠪᠤᠷᠠᠨ ᠳᠤᠰᠠᠯᠠᠬᠤ ᠠᠵᠢᠯ ᠤᠨ ᠬᠠᠮᠢᠶᠠᠷᠣᠯᠲᠠ ᠶᠢᠨ | ᠪᠠᠶᠢᠭᠤᠯᠤᠮᠵᠢ ᠠᠴᠠ ᠳᠤᠰᠠᠯᠠᠮᠵᠢ ᠬᠦᠰᠡᠪᠡᠯ ᠵᠤᠬᠢᠨ᠎ᠠ ᠭᠡᠳᠡᠭ ᠢ ᠭᠡᠯᠡᠵᠤ ᠦᠭᠬᠦ ᠭᠡᠷᠡᠭᠳᠡᠢ᠃ ᠳᠡᠳᠡᠭᠡᠷ ᠤᠨ | ᠳᠤᠳᠤᠷᠠᠬᠢ ᠵᠡᠮᠳᠡᠭᠴᠤᠳ᠂ ᠨᠡᠰᠤᠨ ᠳᠤ ᠦᠯᠦ ᠬᠦᠷᠦᠭᠰᠡᠳ᠂ ᠨᠠᠰᠤᠳᠠᠶᠢᠴᠤᠳ ᠪᠤᠯᠤᠨ ᠬᠦᠳᠡᠯᠵᠤ ᠶᠠᠪᠤᠬᠤ ᠳᠠᠭᠠᠨ | ᠳᠦᠬᠦᠮ ᠦᠭᠡᠢ ᠬᠦᠮᠦᠰ ᠢ ᠵᠠᠮᠴᠢᠯᠠᠵᠤ ᠬᠠᠮᠠᠭᠠᠠᠯᠨᠨ ᠠᠪᠤᠷᠠᠨ ᠳᠤᠰᠠᠠᠯᠬᠤ ᠬᠠᠮᠢᠶᠠᠷᠤᠯᠳᠠ ᠶᠢᠨ ᠪᠠᠶᠢᠭᠤᠯᠤᠮᠵᠢ ᠳᠤ | ᠬᠦᠷᠭᠡᠬᠦ ᠭᠡᠷᠡᠭᠳᠡᠢ︔ ᠭᠡᠨᠡᠳᠳᠡ ᠪᠠᠷ ᠪᠠᠴᠢᠮ ᠡᠪᠡᠳᠴᠢᠨ ᠳᠤ ᠨᠡᠷᠪᠡᠭᠳᠡᠭᠰᠡᠳ ᠢ ᠳᠡᠷᠡ ᠳᠤᠤᠷ᠎ᠠ ᠨᠢ ᠳᠦᠷᠭᠡᠨ | ᠠᠪᠤᠷᠠᠯᠳᠠ ᠶᠢᠨ ᠪᠠᠶᠢᠭᠤᠯᠤᠮᠵᠢ ᠳᠤ ᠮᠡᠳᠡᠭᠳᠡᠵᠤ᠂ ᠠᠪᠤᠷᠠᠨ ᠡᠮᠴᠢᠯᠡᠬᠦᠯᠬᠦ ᠭᠡᠷᠡᠭᠳᠡᠢ᠃ | | ᠠᠷᠪᠠᠳᠤᠭᠠᠷ ᠪᠦᠯᠦᠭ ᠨᠡᠶᠢᠭᠡᠮ ᠤᠨ ᠬᠦᠴᠤᠨ ᠤ ᠤᠷᠤᠯᠴᠠᠯᠭ᠎ᠠ | ᠳᠠᠪᠢᠨ ᠬᠤᠶᠠᠳᠤᠭᠠᠷ ᠵᠦᠢᠯ ᠤᠯᠤᠰ ᠠᠴᠠ ᠪᠠᠶᠢᠭᠤᠯᠬ᠎ᠠ ᠨᠢᠭᠡᠴᠢ ᠪᠤᠯᠤᠨ ᠬᠤᠪᠢ ᠬᠦᠮᠦᠨ ᠵᠡᠷᠬᠡ | ᠨᠡᠶᠢᠬᠡᠮ ᠤᠨ ᠬᠦᠴᠦᠨ ᠤ ᠡᠷᠬᠦᠨ ᠪᠡᠯᠡᠭᠯᠡᠬᠦ᠂ ᠲᠡᠳᠬᠦᠨ ᠳᠡᠮᠵᠢᠬᠦ᠂ ᠲᠦᠷᠦᠯ ᠵᠦᠢᠯ ᠭᠠᠷᠭᠠᠬᠤ᠂ ᠦᠢᠯᠡᠴᠢᠯᠡᠬᠡᠨ ᠤ | ᠪᠠᠶᠢᠭᠤᠯᠤᠮᠵᠢ ᠡᠷᠬᠢᠯᠡᠬᠦ᠂ ᠰᠠᠶᠢᠨ ᠳᠤᠷ᠎ᠠ ᠶᠢᠨ ᠦᠢᠯᠡᠴᠢᠯᠡᠭᠡ ᠬᠠᠨᠭ᠍ᠭᠠᠬᠤ ᠵᠡᠷᠬᠡ ᠠᠷᠬ᠎ᠠ ᠪᠠᠷ ᠨᠡᠶᠢᠬᠡᠮ ᠤᠨ ᠠᠪᠤᠷᠠᠨ | ᠳᠤᠰᠠᠯᠠᠯᠳᠠ ᠳᠤ ᠤᠷᠤᠯᠴᠠᠬᠤ ᠶᠢ ᠤᠷᠮᠠᠰᠢᠭᠤᠯᠤᠨ᠎ᠠ᠃ | ᠳᠠᠪᠢᠨ ᠭᠤᠷᠪᠠᠳᠤᠭᠠᠷ ᠵᠦᠢᠯ ᠨᠡᠶᠢᠭᠡᠮ ᠤᠨ ᠬᠦᠴᠤᠨ ᠨᠡᠶᠢᠭᠡᠮ ᠤᠨ ᠠᠪᠤᠷᠠᠨ ᠳᠤᠰᠠᠯᠠᠯᠳᠠ ᠳᠤ | ᠤᠷᠤᠯᠴᠠᠪᠠᠯ᠂ ᠤᠯᠤᠰ ᠤᠨ ᠬᠤᠯᠪᠤᠭᠳᠠᠯ ᠪᠦᠬᠦᠢ ᠳᠤᠭᠳᠠᠭᠠᠯ ᠶᠤᠰᠤᠭᠠᠷ ᠡᠳ᠋ ᠤᠨ ᠵᠠᠰᠠᠭ ᠤᠨ ᠨᠦᠬᠦᠪᠤᠷᠢ᠂ | ᠭᠠᠶᠢᠯᠢ ᠳᠠᠳᠠᠪᠤᠷᠢ ᠶᠢᠨ ᠬᠠᠷᠠᠭᠠᠯᠵᠠᠯ᠂ ᠵᠠᠷᠤᠳᠠᠯ ᠰᠦᠢᠳᠭᠡᠯ ᠢ ᠬᠠᠰᠤᠨ ᠭᠡᠯᠳᠦᠷᠢᠬᠦᠯᠬᠦ ᠵᠡᠷᠭᠡ ᠳᠦᠷᠦ ᠶᠢᠨ | ᠪᠤᠳᠤᠯᠭ᠎ᠠ ᠶᠢᠨ ᠬᠠᠷᠠᠭᠠᠯᠵᠠᠯ ᠬᠦᠷᠳᠡᠭᠡᠨ᠎ᠡ᠃ | ᠳᠠᠪᠢᠨ ᠳᠦᠷᠪᠡᠳᠤᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ | ᠠᠷᠠᠳ ᠤᠨ ᠵᠠᠰᠠᠭ ᠤᠨ ᠤᠷᠳᠤᠨ ᠨᠢ ᠨᠡᠶᠢᠭᠡᠮ ᠤᠨ ᠠᠪᠤᠷᠠᠨ ᠳᠤᠰᠠᠯᠠᠯᠳᠠ ᠳᠠᠬᠢ ᠪᠤᠳᠠᠳᠠᠢ ᠦᠢᠯᠡᠴᠢᠯᠡᠭᠡᠨ ᠤ | ᠳᠦᠷᠦᠯ ᠵᠦᠢᠯ ᠢ ᠨᠠᠶᠢᠳᠠᠬᠤ᠂ ᠳᠠᠭᠠᠭᠠᠴᠢᠯᠠᠭᠤᠯᠬᠤ᠂ ᠬᠤᠳᠠᠯᠳᠤᠨ ᠠᠪᠬᠤ ᠵᠡᠷᠭᠡ ᠠᠷᠭ᠎ᠠ ᠪᠠᠷ ᠨᠡᠶᠢᠭᠡᠮ ᠤᠨ | ᠬᠦᠴᠤᠨ ᠠᠴᠠ ᠦᠢᠯᠡᠴᠢᠯᠡᠭᠡ ᠬᠤᠳᠠᠯᠳᠤᠨ ᠠᠪᠴᠤ ᠪᠤᠯᠤᠨ᠎ᠠ᠃ | ᠳᠠᠪᠢᠨ ᠳᠠᠪᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ | ᠠᠷᠠᠳ ᠤᠨ ᠵᠠᠰᠠᠭ ᠤᠨ ᠤᠷᠳᠤᠨ ᠨᠢ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠪᠤᠯᠤᠨ | ᠨᠡᠶᠢᠭᠡᠮ ᠤᠨ ᠠᠵᠢᠯᠳᠠᠨ ᠤ ᠦᠢᠡᠯᠳᠤᠯ ᠢᠶᠠᠨ ᠪᠠᠳᠠᠷᠠᠭᠤᠯᠵᠤ᠂ ᠨᠡᠶᠢᠭᠡᠮ ᠤᠨ ᠠᠪᠤᠷᠠᠨ ᠳᠤᠰᠠᠯᠠᠯᠳᠠ ᠶᠢᠨ | ᠡᠳᠡᠭᠡᠳ ᠲᠤ ᠨᠡᠶᠢᠭᠡᠮ ᠳᠤ ᠠᠭᠤᠰᠬᠤ᠂ ᠴᠢᠳᠠᠪᠤᠷᠢ ᠶᠢ ᠨᠢ ᠳᠡᠭᠡᠭᠰᠢᠯᠡᠬᠦᠯᠬᠦ᠂ ᠪᠤᠳᠤᠯ ᠰᠡᠳᠬᠢᠴᠡ ᠢ ᠨᠢ | ᠵᠦᠭᠰᠢᠷᠡᠬᠦᠯᠦᠨ ᠵᠢᠯᠤᠭᠤᠳᠬᠤ ᠵᠡᠷᠡᠭᠡ ᠳᠤᠰᠬᠠᠢ ᠮᠡᠷᠭᠡᠵᠢᠯ ᠤᠨ ᠦᠢᠯᠡᠴᠢᠯᠡᠭᠡ ᠬᠠᠨᠭ᠍ᠭᠠᠬᠤ ᠭᠡᠷᠡᠭᠳᠡᠢ᠃ | ᠳᠠᠪᠢᠨ ᠵᠢᠷᠭᠤᠳᠤᠭᠠᠷ ᠵᠦᠢᠯ ᠨᠡᠶᠢᠭᠡᠮ ᠤᠨ ᠠᠪᠤᠷᠠᠨ ᠳᠤᠰᠠᠯᠠᠬᠤ ᠠᠵᠢᠯ ᠤᠨ ᠬᠠᠮᠢᠶᠠᠷᠤᠯᠳᠠ ᠶᠢᠨ ᠰᠠᠯᠠᠭ᠎ᠠ | ᠮᠦᠴᠢᠷ ᠬᠢᠭᠡᠳ ᠬᠤᠯᠪᠤᠭᠳᠠᠯ ᠪᠦᠬᠦ ᠪᠠᠶᠢᠭᠤᠯᠤᠮᠵᠢ ᠨᠢ ᠨᠡᠶᠢᠭᠡᠮ ᠤᠨ ᠬᠦᠴᠤᠨ ᠤ ᠨᠡᠶᠢᠭᠡᠮ ᠤᠨ ᠠᠪᠤᠷᠠᠨ | ᠳᠤᠰᠠᠯᠠᠯᠳᠠ ᠳᠤ ᠤᠷᠤᠯᠴᠠᠭᠤᠯᠬᠤ ᠵᠠᠮ ᠰᠤᠭᠤᠭ ᠪᠤᠯᠤᠨ ᠳᠤᠭᠳᠠᠴᠠ ᠶᠢ ᠪᠠᠶᠢᠭᠤᠯᠵᠤ᠂ ᠨᠡᠶᠢᠭᠡᠮ ᠤᠨ ᠠᠪᠤᠷᠠᠨ | ᠳᠤᠰᠠᠯᠠᠯᠳᠠ ᠶᠢᠨ ᠳᠦᠷᠦᠯ ᠵᠦᠢᠯ᠂ ᠭᠡᠷᠡᠭᠴᠡᠭᠡᠨ ᠤ ᠴᠢᠮᠡᠭᠡ ᠵᠠᠩᠬᠢ ᠶᠢ ᠬᠠᠨᠭ᠍ᠭᠠᠨ᠂ ᠨᠡᠶᠢᠭᠡᠮ ᠤᠨ ᠬᠦᠴᠤᠨ ᠤ | ᠨᠡᠶᠢᠭᠡᠮ ᠤᠨ ᠠᠪᠤᠷᠠᠨ ᠳᠤᠰᠠᠯᠠᠯᠳᠠ ᠳᠤ ᠤᠷᠤᠯᠴᠠᠬᠤ ᠳᠤ ᠨᠦᠬᠦᠴᠡᠯ ᠪᠦᠷᠢᠯᠳᠦᠬᠦᠯᠵᠤ ᠳᠦᠬᠦᠮ ᠦᠵᠡᠬᠦᠯᠬᠦ | ᠭᠡᠷᠡᠭᠳᠡᠢ᠃ | | ᠠᠷᠪᠠᠨ ᠨᠢᠭᠡᠳᠤᠭᠡᠷ ᠪᠦᠯᠦᠭ ᠬᠢᠨᠠᠨ ᠬᠠᠮᠢᠶᠠᠷᠤᠯᠳᠠ | ᠳᠠᠪᠢᠨ ᠳᠤᠯᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠳ ᠤᠨ ᠵᠠᠰᠠᠭ ᠤᠨ | ᠤᠷᠳᠤᠨ ᠵᠢᠴᠢ ᠨᠡᠶᠢᠭᠡᠮ ᠤᠨ ᠠᠪᠤᠷᠠᠨ ᠳᠤᠰᠠᠯᠠᠬᠤ ᠠᠵᠢᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ | ᠨᠡᠶᠢᠭᠡᠮ ᠤᠨ ᠠᠪᠤᠷᠠᠨ ᠳᠤᠰᠠᠯᠠᠬᠤ ᠠᠵᠢᠯ ᠤᠨ ᠳᠤᠬᠠᠢ ᠬᠢᠨᠠᠨ ᠪᠠᠶᠢᠴᠠᠭᠠᠯᠳᠠ ᠪᠠᠨ ᠴᠢᠩᠭᠠᠳᠬᠠᠨ᠂ ᠬᠤᠯᠪᠤᠭᠳᠠᠯ | ᠪᠦᠬᠦᠢ ᠬᠢᠨᠠᠨ ᠬᠠᠮᠢᠶᠠᠷᠤᠯᠳᠠ ᠶᠢᠨ ᠳᠦᠷᠢᠮ ᠳᠤᠭᠳᠠᠭᠠᠯ ᠢᠶᠠᠨ ᠳᠡᠬᠦᠯᠳᠡᠷᠵᠢᠬᠦᠯᠬᠦ ᠭᠡᠷᠡᠭᠳᠡᠢ᠃ | ᠳᠠᠪᠢᠨ ᠨᠠᠢᠮᠠᠳᠤᠭᠠᠷ ᠵᠦᠢᠯ ᠭᠤᠶᠤᠴᠢᠯᠠᠬᠤ ᠪᠤᠶᠤ ᠨᠢ᠊ | ᠳᠠᠪᠢᠨ ᠨᠠᠢᠮᠠᠳᠤᠭᠠᠷ ᠵᠦᠢᠯ ᠭᠤᠶᠤᠴᠢᠯᠠᠬᠤ ᠪᠤᠶᠤ ᠨᠢ᠊ | | |