ᠬᠠᠤᠯᠢ ᠶᠤᠰᠤᠭᠠᠷ ᠤᠯᠤᠰ ᠢᠶᠠᠨ ᠵᠠᠰᠠᠬᠤ ᠳᠤᠬᠠᠢ | | ᠨᠠᠮ ᠤᠨ ᠠᠷᠪᠠᠨ ᠨᠠᠢᠮᠠᠲᠤᠭᠠᠷ ᠶᠡᠭᠡ ᠬᠤᠷᠠᠯ ᠠᠴᠠ ᠭᠠᠷᠭᠠᠭᠰᠠᠨ ᠪᠠᠶᠢᠯᠲᠤᠬᠤ ᠪᠤᠲᠤᠯᠭ᠎ᠠ ᠶᠢᠨ | ᠪᠠᠶᠢᠷᠢᠯᠠᠭᠠᠯᠤᠯᠲᠠ ᠶᠢ ᠳᠤᠤᠱᠯᠠᠭᠤᠯᠤᠨ ᠨᠠᠶᠢᠲᠠᠪᠤᠷᠢᠵᠢᠭᠤᠯᠵᠤ᠂ ᠨᠡᠶᠢᠭᠡᠮ ᠵᠢᠷᠤᠮᠲᠤ ᠬᠠᠤᠯᠢ ᠪᠠᠷ ᠵᠠᠰᠠᠬᠤ ᠤᠯᠤᠰ ᠢ | ᠳᠦᠷᠭᠡᠪᠴᠢᠯᠠᠨ ᠪᠦᠳᠦᠭᠡᠨ ᠪᠠᠶᠢᠭᠤᠯᠬᠤ ᠶᠢᠨ ᠳᠦᠯᠦᠭᠡ᠂ ᠠᠷᠪᠠᠨ ᠨᠠᠢᠮᠠᠲᠤᠭᠠᠷ ᠬᠤᠭᠤᠴᠠᠭᠠᠨ ᠤ ᠳᠦᠪ | ᠬᠤᠷᠢᠶᠠᠨ ᠤ ᠳᠦᠷᠪᠡᠳᠦᠬᠡᠷ ᠪᠦᠬᠦᠲᠠ ᠬᠤᠷᠠᠯ ᠲᠡᠭᠡᠷ᠎ᠡ ᠬᠠᠤᠯᠢ ᠶᠤᠰᠤᠭᠠᠷ ᠤᠯᠤᠰ ᠢᠶᠠᠨ ᠵᠠᠰᠠᠬᠤ ᠶᠠᠪᠤᠲᠠᠯ ᠢ ᠪᠦᠬᠦ | ᠲᠠᠯ᠎ᠠ ᠪᠠᠷ ᠳᠦᠯᠬᠢᠨ ᠠᠬᠢᠭᠤᠯᠬᠤ ᠴᠢᠬᠤᠯᠠ ᠶᠡᠭᠡ ᠠᠰᠠᠭᠤᠲᠠᠯ ᠤᠳ ᠢ ᠰᠤᠳᠤᠯᠵᠤ᠂ ᠳᠤᠤᠷᠠᠬᠢ ᠮᠠᠲᠤ ᠲᠤᠭᠲᠠᠭᠠᠯ | ᠭᠠᠷᠭᠠᠪᠠ᠃ | ᠨᠢᠭᠡ᠂ ᠳᠤᠮᠳᠠᠳᠦ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠠᠮ ᠢᠶᠠᠷ | ᠵᠠᠮᠨᠠᠵᠤ᠂ ᠳᠤᠮᠳᠠᠳᠦ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮ ᠢ | ᠪᠠᠶᠢᠭᠤᠯᠤᠨ᠎ᠠ᠃ | ᠬᠤᠶᠠᠷ᠂ ᠦᠨᠳᠦᠰᠦᠨ ᠬᠠᠤᠯᠢ ᠪᠠᠷ ᠭᠤᠤᠯ ᠪᠤᠯᠭᠠᠭᠰᠠᠨ ᠳᠤᠮᠳᠠᠳᠦ ᠤᠯᠤᠰ ᠤᠨ ᠤᠨᠴᠠᠯᠢᠭ ᠪᠦᠬᠦᠢ | ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠳᠡᠬᠦᠯᠲᠡᠷᠵᠢᠬᠦᠯᠵᠦ᠂ ᠦᠨᠳᠦᠰᠦᠨ ᠬᠠᠤᠯᠢ ᠶᠢᠨ | ᠬᠡᠷᠡᠭᠵᠢᠬᠦᠯᠦᠯᠲᠠ ᠶᠢ ᠴᠢᠩᠭᠠᠳᠬᠠᠨ᠎ᠠ᠃ | ᠭᠤᠷᠪᠠ᠂ ᠬᠠᠤᠯᠢ ᠶᠤᠰᠤᠭᠠᠷ ᠵᠠᠰᠠᠭ ᠶᠠᠪᠤᠭᠤᠯᠬᠤ ᠶᠠᠪᠤᠲᠠᠯ ᠢ ᠭᠦᠨᠵᠡᠭᠡᠢ ᠳᠦᠯᠬᠢᠨ ᠠᠬᠢᠭᠤᠯᠵᠤ᠂ | ᠬᠠᠤᠯᠢ ᠪᠠᠷ ᠵᠠᠰᠠᠬᠤ ᠵᠠᠰᠠᠭ ᠤᠨ ᠤᠷᠲᠤᠨ ᠢ ᠳᠦᠷᠭᠡᠪᠴᠢᠯᠠᠨ ᠪᠦᠳᠦᠭᠡᠨ ᠪᠠᠶᠢᠭᠤᠯᠤᠨ᠎ᠠ᠃ | ᠳᠦᠷᠪᠡ᠂ ᠬᠠᠤᠯᠢ ᠶᠢ ᠳᠦᠪ ᠭᠤᠤᠯᠴᠢ ᠪᠠᠷ ᠪᠠᠷᠢᠬᠤ ᠶᠢ ᠪᠠᠲᠤᠯᠠᠵᠤ᠂ ᠬᠠᠤᠯᠢ ᠪᠠᠷᠢᠬᠤ ᠠᠵᠢᠯ ᠤᠨ | ᠨᠡᠶᠢᠲᠡ ᠶᠢᠨ ᠢᠲᠡᠭᠡᠮᠵᠢ ᠶᠢ ᠲᠡᠭᠡᠭᠰᠢᠯᠡᠬᠦᠯᠦᠨ᠎ᠡ᠃ | ᠲᠠᠪᠤ᠂ ᠠᠷᠠᠳ ᠨᠡᠶᠢᠲᠡ ᠶᠢᠨ ᠬᠠᠤᠯᠢ ᠪᠠᠷ ᠵᠠᠰᠠᠬᠤ ᠤᠶᠢᠯᠠᠭᠠᠭᠳᠠᠬᠤᠨ ᠢ ᠨᠡᠮᠡᠭᠲᠡᠬᠦᠯᠵᠦ᠂ ᠬᠠᠤᠯᠢ ᠪᠠᠷ | ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠤᠨ᠎ᠠ᠃ | ᠵᠢᠷᠭᠤᠭ᠎ᠠ᠂ ᠬᠠᠤᠯᠢ ᠪᠠᠷ ᠵᠠᠰᠠᠬᠤ ᠠᠵᠢᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ | ᠳᠤᠯᠤᠭ᠎ᠠ᠂ ᠬᠠᠤᠯᠢ ᠶᠤᠰᠤᠭᠠᠷ ᠤᠯᠤᠰ ᠢᠶᠠᠨ ᠵᠠᠰᠠᠬᠤ ᠶᠠᠪᠤᠲᠠᠯ ᠢ ᠪᠦᠬᠦ ᠲᠠᠯ᠎ᠠ ᠪᠠᠷ ᠳᠦᠯᠬᠢᠨ ᠠᠬᠢᠭᠤᠯᠬᠤ ᠲᠤᠬᠠᠢ | ᠨᠠᠮ ᠤᠨ ᠤᠲᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠤᠨ᠎ᠠ᠃ | | |