ᠪᠦᠭᠦᠲᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠦᠳᠡᠯᠮᠦᠷᠢ ᠶᠢᠨ ᠬᠠᠤᠯᠢ | ︵1994 ᠣᠨ ᠤ 7 ᠰᠠᠷ᠎ᠠ ᠶᠢᠨ 5 ᠤ ᠡᠳᠦᠷ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠢᠮᠠᠳᠤᠭᠠᠷ | ᠬᠤᠷᠠᠯᠳᠤᠭᠠᠨ ᠠᠴᠠ ᠪᠠᠲᠤᠯᠠᠪᠠ᠂ 1994 ᠣᠨ ᠤ 7 ᠰᠠᠷ᠎ᠠ ᠶᠢᠨ 5 ᠤ ᠡᠳᠦᠷ ᠪᠦᠭᠦᠲᠡ ᠨᠠᠶᠢᠷᠠᠮᠳᠠᠬᠤ ᠳᠤᠮᠳᠠᠳᠤ | ᠠᠷᠠᠳ ᠣᠯᠣᠰ ᠤᠨ ᠲᠡᠷᠢᠭᠦᠯᠡᠭᠴᠢ ᠶᠢᠨ ᠬᠤᠷᠢᠨ ᠨᠠᠢᠮᠠᠳᠣᠭᠠᠷ ᠵᠠᠷᠯᠢᠭ ᠢᠶᠠᠷ ᠨᠡᠶᠢᠲᠡᠯᠡᠪᠡ᠂ 1995 ᠣᠨ ᠤ 1 | ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ︶ | | ᠨᠢᠭᠡᠳᠦᠭᠡᠷ ᠪᠦᠯᠦᠭ ᠶᠡᠷᠤᠩᠬᠡᠢ ᠲᠦᠷᠢᠮ | ᠨᠢᠭᠡᠳᠦᠭᠡᠷ ᠵᠦᠢᠯ ᠬᠦᠳᠡᠯᠮᠦᠷᠢᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ | ᠬᠦᠳᠡᠯᠮᠦᠷᠢ ᠶᠢᠨ ᠬᠠᠷᠢᠴᠠᠭ᠎ᠠ ᠶᠢ ᠲᠤᠬᠢᠷᠠᠭᠤᠯᠵᠤ ᠨᠡᠶᠢᠭᠡᠮ ᠵᠢᠷᠤᠮ ᠤᠨ ᠵᠠᠬ᠎ᠠ ᠲᠡᠯᠭᠡᠭᠦᠷ ᠤᠨ ᠠᠵᠤ ᠠᠬᠤᠢ ᠯᠤᠭ᠎ᠠ | ᠵᠤᠬᠢᠴᠠᠭᠰᠠᠨ ᠬᠦᠳᠡᠯᠮᠦᠷᠢ ᠶᠢᠨ ᠲᠦᠷᠢᠮ ᠢ ᠪᠠᠶᠢᠭᠤᠯᠤᠨ ᠬᠠᠮᠠᠭᠠᠯᠠᠵᠤ ᠠᠵᠤ ᠠᠬᠤᠢ ᠶᠢᠨ ᠬᠦᠭᠵᠢᠯᠲᠡ ᠪᠠ | ᠨᠡᠶᠢᠭᠡᠮ ᠤᠨ ᠲᠠᠪᠰᠢᠯᠲᠠ ᠶᠢ ᠠᠬᠢᠭᠤᠯᠬᠤ ᠶᠢᠨ ᠲᠦᠯᠦᠭᠡ ᠦᠨᠳᠤᠰᠤᠨ ᠬᠠᠤᠯᠢ ᠶᠢ ᠦᠨᠳᠤᠰᠦᠯᠡᠨ ᠲᠤᠰ ᠬᠠᠤᠯᠢ ᠶᠢ | ᠲᠤᠭᠲᠠᠭᠠᠪᠠ᠃ | ᠬᠤᠶᠠᠳᠤᠭᠠᠷ ᠵᠦᠢᠯ ᠪᠦᠬᠦᠲᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠢᠯᠢ ᠶᠢᠨ ᠲᠤᠲᠤᠷᠠᠬᠢ | ᠠᠵᠤ ᠠᠬᠤᠶᠢᠯᠠᠯ᠂ ᠬᠤᠪᠢ ᠶᠢᠨ ᠵᠤᠬᠢᠶᠠᠨ ᠪᠠᠶᠢᠭᠤᠯᠤᠯᠲᠠ ︵ᠲᠤᠷᠤᠭᠰᠢ ᠨᠡᠶᠢᠲᠡ ᠳᠤᠨᠢ ᠬᠦᠮᠦᠨ ᠬᠡᠷᠡᠭᠯᠡᠬᠦ ᠨᠢᠭᠡᠴᠢ | ᠭᠡᠵᠤ ᠨᠡᠷᠡᠯᠡᠨ᠎ᠡ︶ ᠬᠢᠭᠡᠳ ᠲᠡᠭᠦᠨ ᠯᠦᠭᠡ ᠬᠦᠳᠡᠯᠮᠦᠷᠢ ᠶᠢᠨ ᠬᠠᠷᠢᠴᠠᠭ᠎ᠠ ᠲᠠᠢ ᠪᠤᠯᠤᠭᠰᠠᠨ ᠬᠦᠳᠡᠯᠮᠦᠷᠢᠴᠢᠳ ᠲᠤᠰ | ᠬᠠᠤᠯᠢ ᠶᠢ ᠬᠡᠷᠡᠭᠯᠡᠨ᠎ᠡ᠃ | ᠲᠦᠷᠦ ᠶᠢᠨ ᠪᠠᠶᠢᠭᠤᠯᠭ᠎ᠠ᠂ ᠠᠵᠢᠯ ᠦᠢᠯᠡᠰ ᠤᠨ ᠵᠤᠬᠢᠶᠠᠨ ᠪᠠᠶᠢᠭᠤᠯᠤᠯᠲᠠ᠂ ᠨᠡᠶᠢᠭᠡᠮ ᠤᠨ ᠪᠦᠯᠬᠦᠮ ᠪᠠ | ᠲᠡᠭᠦᠨ ᠯᠦᠭᠡ ᠬᠦᠳᠡᠯᠮᠦᠷᠢ ᠶᠢᠨ ᠭᠡᠷ᠎ᠡ ᠶᠢᠨ ᠬᠠᠷᠢᠴᠠᠭ᠎ᠠ ᠪᠠᠶᠢᠭᠤᠯᠤᠭᠰᠠᠨ ᠬᠦᠳᠡᠯᠮᠦᠷᠢᠴᠢᠨ ᠲᠤᠰ ᠬᠠᠤᠯᠢ ᠶᠢᠨ | ᠶᠤᠰᠤᠭᠠᠷ ᠬᠡᠷᠡᠭᠵᠢᠭᠦᠯᠦᠨ᠎ᠡ᠃ | ᠭᠤᠷᠪᠠᠳᠤᠭᠠᠷ ᠵᠦᠢᠯ ᠬᠦᠳᠡᠯᠮᠦᠷᠢᠴᠢᠨ ᠡᠷᠭᠡ ᠲᠡᠭᠰᠢ ᠪᠠᠷ ᠠᠵᠢᠯ ᠤᠯᠬᠤ ᠪᠠ ᠠᠵᠢᠯ ᠮᠡᠷᠭᠡᠵᠢᠯ | ᠰᠤᠩᠭᠤᠬᠤ ᠡᠷᠬᠡ᠂ ᠬᠦᠳᠡᠯᠮᠦᠷᠢ ᠶᠢᠨ ᠤᠯᠭᠤᠮᠵᠢ ᠤᠯᠬᠤ ᠡᠷᠬᠡ᠂ ᠠᠮᠠᠷᠠᠬᠤ᠂ ᠠᠮᠠᠷᠠᠯᠲᠠ ᠶᠢᠨ ᠴᠢᠯᠤᠭᠡ ᠠᠪᠬᠤ | ᠡᠷᠬᠡ᠂ ᠬᠦᠳᠡᠯᠮᠦᠷᠢ ᠶᠢᠨ ᠠᠶᠤᠯᠭᠦᠢ ᠪᠠᠶᠢᠬᠤ᠂ ᠡᠷᠡᠭᠦᠯ ᠬᠠᠮᠠᠭᠠᠯᠠᠯ ᠤᠨ ᠬᠠᠮᠠᠭᠠᠯᠠᠯᠠᠲᠠ ᠶᠢ ᠤᠯᠬᠤ ᠡᠷᠬᠡ᠂ ᠠᠵᠢᠯ | ᠮᠡᠷᠭᠡᠵᠢᠯ ᠤᠨ ᠮᠡᠷᠭᠡᠰᠢᠯ ᠴᠢᠳᠠᠪᠤᠷᠢ ᠶᠢᠨ ᠪᠤᠯᠪᠠᠰᠤᠷᠠᠯ ᠬᠦᠷᠲᠡᠬᠦ ᠡᠷᠬᠡ᠂ ᠨᠡᠶᠢᠭᠡᠮ ᠤᠨ ᠲᠠᠭᠠᠳᠬᠠᠯ ᠪᠠ | ᠠᠰᠠᠷᠠᠮᠵᠢ ᠶᠢ ᠡᠳ᠋ᠯᠡᠬᠦ ᠡᠷᠭᠡ᠂ ᠬᠦᠳᠡᠯᠮᠦᠷᠢ ᠶᠢᠨ ᠮᠠᠷᠭᠤᠭᠠᠨ ᠢ ᠰᠢᠢᠳᠪᠦᠷᠢᠯᠡᠬᠦ ᠪᠠᠷ ᠲᠡᠪᠰᠢᠭᠦᠯᠬᠦ ᠡᠷᠬᠡ ᠲᠠᠢ ᠪᠦᠭᠡᠳ | ᠬᠠᠤᠯᠢ ᠳᠤ ᠲᠤᠭᠲᠠᠭᠠᠭᠰᠠᠨ ᠪᠤᠰᠤᠳ ᠬᠦᠳᠡᠯᠮᠦᠷᠢ ᠶᠢᠨ ᠡᠷᠬᠡ ᠶᠢ ᠡᠳ᠋ᠯᠡᠨ᠎ᠡ᠃ | ᠬᠦᠳᠡᠯᠮᠦᠷᠢᠴᠢᠨ ᠬᠦᠳᠡᠯᠮᠦᠷᠢ ᠶᠢᠨ ᠡᠭᠦᠷᠭᠡ ᠪᠠᠨ ᠪᠡᠶᠡᠯᠡᠭᠦᠯᠵᠤ᠂ ᠠᠵᠢᠯ ᠮᠡᠷᠭᠡᠵᠢᠯ ᠤᠨ ᠮᠡᠷᠭᠡᠰᠢᠯ | ᠴᠢᠳᠠᠪᠤᠷᠢ ᠪᠠᠨ ᠲᠡᠭᠡᠭᠰᠢᠯᠡᠭᠦᠯᠦᠨ᠂ ᠬᠦᠳᠡᠯᠮᠦᠷᠢ ᠶᠢᠨ ᠠᠶᠤᠯᠭᠦᠢ ᠪᠠᠶᠢᠬᠤ᠂ ᠡᠷᠡᠭᠦᠯ ᠬᠠᠮᠠᠭᠠᠯᠠᠯ ᠤᠨ ᠲᠤᠬᠠᠢ | ᠲᠦᠷᠢᠮ ᠲᠤᠭᠲᠠᠭᠠᠯ ᠢ ᠬᠡᠷᠡᠭᠵᠢᠭᠦᠯᠦᠨ᠂ ᠬᠦᠳᠡᠯᠮᠦᠷᠢ ᠶᠢᠨ ᠰᠠᠬᠢᠯᠭ᠎ᠠ ᠪᠠᠲᠤ ᠪᠠ ᠠᠵᠢᠯ ᠮᠡᠷᠭᠡᠵᠢᠯ ᠤᠨ ᠶᠤᠰᠤ | ᠮᠤᠷᠠᠯ ᠢ ᠵᠢᠷᠤᠮᠯᠠᠬᠤ ᠬᠡᠷᠡᠭᠲᠠᠢ᠃ | ᠲᠦᠷᠪᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠲᠦᠷᠢᠮ ᠲᠤᠭᠲᠠᠭᠠᠯ ᠢᠶᠠᠨ ᠬᠠᠤᠯᠢ ᠶᠤᠰᠤᠭᠠᠷ | ᠪᠠᠶᠢᠭᠤᠯᠤᠨ ᠲᠡᠭᠦᠯᠳᠡᠷᠵᠢᠭᠦᠯᠵᠤ᠂ ᠬᠦᠳᠡᠯᠮᠦᠷᠢᠴᠢᠳ ᠤᠨ ᠬᠦᠳᠡᠯᠮᠦᠷᠢᠯᠡᠬᠦ ᠡᠷᠬᠡ ᠡᠳ᠋ᠯᠡᠬᠦ ᠪᠠ ᠬᠦᠳᠡᠯᠮᠦᠷᠢ ᠶᠢᠨ | ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠠᠢ᠃ | ᠲᠠᠪᠤᠳᠦᠭᠠᠷ ᠵᠦᠢᠯ ᠤᠯᠤᠰ ᠠᠴᠠ ᠠᠷᠭ᠎ᠠ ᠬᠡᠮᠵᠢᠶ᠎ᠡ ᠠᠪᠴᠤ ᠪᠠᠶᠢᠭᠠᠳ ᠬᠦᠳᠡᠯᠮᠦᠷᠢ ᠠᠵᠢᠯ ᠤᠯᠭᠤᠬᠤ ᠶᠢ | ᠠᠬᠢᠭᠤᠯᠤᠨ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠬᠦᠭᠵᠢᠭᠦᠯᠵᠤ᠂ ᠬᠦᠳᠡᠯᠮᠦᠷᠢ ᠶᠢᠨ ᠪᠠᠷᠢᠮᠵᠢᠶ᠎ᠠ ᠶᠢ | ᠲᠤᠭᠲᠠᠭᠠᠨ᠂ ᠨᠡᠶᠢᠭᠡᠮ ᠤᠨ ᠤᠷᠤᠯᠭ᠎ᠠ ᠶᠢ ᠲᠤᠬᠢᠷᠠᠭᠤᠯᠵᠤ᠂ ᠨᠡᠶᠢᠭᠡᠮ ᠤᠨ ᠲᠠᠭᠠᠳᠬᠠᠯ ᠢ ᠲᠡᠭᠦᠯᠳᠡᠷᠵᠢᠭᠦᠯᠦᠨ᠂ | ᠬᠦᠳᠡᠯᠮᠦᠷᠢ ᠶᠢᠨ ᠬᠠᠷᠢᠴᠠᠭ᠎ᠠ ᠶᠢ ᠵᠤᠬᠢᠴᠠᠭᠤᠯᠵᠤ᠂ ᠬᠦᠳᠡᠯᠮᠦᠷᠢᠴᠢᠳ ᠤᠨ ᠠᠮᠢᠳᠤᠷᠠᠯ ᠤᠨ ᠬᠢᠷᠢ ᠬᠡᠮᠵᠢᠶ᠎ᠡ ᠶᠢ | ᠠᠯᠬᠤᠮ ᠠᠯᠬᠤᠮ ᠢᠶᠠᠷ ᠲᠡᠭᠡᠭᠰᠢᠯᠡᠭᠦᠯᠦᠨ᠎ᠡ᠃ | ᠵᠢᠷᠭᠤᠳᠤᠭᠠᠷ ᠵᠦᠢᠯ ᠤᠯᠤᠰ ᠠᠴᠠ ᠬᠦᠳᠡᠯᠮᠦᠷᠢᠴᠢᠳ ᠤᠨ ᠨᠡᠶᠢᠭᠡᠮ ᠤᠨ ᠠᠯᠪᠠᠨ ᠵᠢᠷᠤᠮ ᠤᠨ | ᠬᠦᠳᠡᠯᠮᠦᠷᠢ ᠳᠤ ᠣᠷᠣᠯᠴᠠᠬᠤ᠂ ᠬᠦᠳᠡᠯᠮᠦᠷᠢ ᠶᠢᠨ ᠤᠷᠤᠯᠳᠤᠭᠠᠨ ᠦᠷᠨᠢᠭᠦᠯᠬᠦ ᠪᠠ ᠵᠦᠢ ᠲᠠᠢ ᠰᠠᠨᠠᠭᠤᠯᠭ᠎ᠠ ᠭᠠᠷᠭᠠᠬᠤ | ᠠᠵᠢᠯᠯᠠᠭ᠎ᠠ ᠦᠷᠨᠢᠭᠦᠯᠬᠦ ᠶᠢ ᠰᠠᠨᠠᠭᠠᠴᠢᠯᠠᠵᠤ᠂ ᠬᠦᠳᠡᠯᠮᠦᠷᠢᠴᠢᠳ ᠤᠨ ᠰᠢᠨᠵᠢᠯᠡᠬᠦ ᠤᠬᠠᠭᠠᠨ ᠤ ᠰᠣᠳᠤᠯᠤᠯ᠂ ᠲᠧᠭᠨᠢᠭ | ᠮᠡᠷᠭᠡᠵᠢᠯ ᠤᠨ ᠰᠢᠨᠡᠴᠢᠯᠡᠯᠲᠡ ᠪᠠ ᠡᠭᠦᠳᠤᠨ ᠪᠦᠲᠦᠭᠡᠯᠲᠡ ᠬᠢᠬᠦ ᠶᠢ ᠵᠤᠷᠢᠭᠵᠢᠭᠤᠯᠤᠨ ᠬᠠᠮᠠᠭᠠᠯᠠᠵᠤ᠂ | ᠬᠦᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠬᠦᠬᠢᠭᠦᠯᠦᠨ ᠱᠠᠩᠨᠠᠨ᠎ᠠ᠃ | ᠲᠤᠯᠤᠳᠦᠭᠠᠷ ᠵᠦᠢᠯ ᠬᠦᠳᠡᠯᠮᠦᠷᠢᠴᠢᠨ ᠬᠠᠤᠯᠢ ᠶᠤᠰᠤᠭᠠᠷ ᠠᠵᠢᠯᠴᠢᠨ ᠤ ᠡᠪᠯᠡᠯ ᠳᠤ ᠣᠷᠣᠯᠴᠠᠬᠤ ᠪᠠ | ᠠᠵᠢᠯᠴᠢᠨ ᠤ ᠡᠪᠯᠡᠯ ᠢ ᠵᠤᠬᠢᠶᠠᠨ ᠪᠠᠶᠢᠭᠤᠯᠬᠤ ᠡᠷᠬᠡ ᠲᠠᠢ᠃ ᠠᠵᠢᠯᠴᠢᠨ ᠤ ᠡᠪᠯᠡᠯ ᠬᠦᠳᠡᠯᠮᠦᠷᠢᠴᠢᠳ ᠤᠨ ᠬᠠᠤᠯᠢ | ᠶᠤᠰᠤᠨ ᠤ ᠡᠷᠬᠡ ᠠᠰᠢᠭ ᠢ ᠲᠦᠯᠦᠭᠡᠯᠡᠨ ᠬᠠᠮᠠᠭᠠᠯᠠᠵᠤ᠂ ᠬᠠᠤᠯᠢ ᠶᠤᠰᠤᠭᠠᠷ ᠪᠡᠶ᠎ᠡ ᠪᠠᠨ ᠲᠠᠭᠠᠭᠠᠵᠤ ᠡᠵᠡᠨ ᠮᠡᠳᠡᠨ | ᠠᠵᠢᠯᠯᠠᠭ᠎ᠠ ᠪᠠᠨ ᠦᠷᠨᠢᠭᠦᠯᠦᠨ᠎ᠡ᠃ | ᠨᠠᠢᠮᠠᠳᠣᠭᠠᠷ ᠵᠦᠢᠯ ᠬᠦᠳᠡᠯᠮᠦᠷᠢᠴᠢᠳ ᠬᠠᠤᠯᠢ ᠶᠢᠨ ᠲᠤᠭᠲᠠᠭᠠᠯ ᠶᠤᠰᠤᠭᠠᠷ ᠠᠵᠢᠯᠲᠠᠨ ᠠᠵᠢᠯᠴᠢᠨ ᠤ ᠶᠡᠭᠡ | ᠬᠤᠷᠠᠯ᠂ ᠠᠵᠢᠯᠲᠠᠨ ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ ᠪᠤᠶᠤ ᠪᠤᠰᠤᠳ ᠬᠡᠯᠪᠡᠷᠢ ᠪᠠᠷ | ᠲᠠᠮᠵᠢᠭᠤᠯᠤᠨ ᠠᠷᠠᠳᠴᠢᠯᠠᠭᠰᠠᠨ ᠬᠠᠮᠢᠶᠠᠷᠤᠯᠲᠠ ᠳᠤ ᠤᠷᠤᠯᠴᠠᠬᠤ ᠪᠤᠶᠤ ᠬᠦᠳᠡᠯᠮᠦᠷᠢᠴᠢᠳ ᠤᠨ ᠬᠠᠤᠯᠢ ᠶᠤᠰᠤᠨ ᠤ | ᠡᠷᠬᠡ ᠠᠰᠢᠭ ᠢ ᠬᠠᠮᠠᠭᠠᠯᠠᠬᠤ ᠠᠰᠠᠭᠤᠳᠠᠯ ᠤᠨ ᠲᠤᠬᠠᠢ ᠬᠦᠮᠦᠨ ᠬᠡᠷᠡᠭᠯᠡᠬᠦ ᠨᠢᠭᠡᠴᠢ ᠲᠠᠢ ᠡᠷᠬᠡ ᠲᠡᠭᠰᠢ ᠪᠠᠷ | ᠵᠦᠪᠳᠡᠯᠴᠡᠨ᠎ᠡ᠃ | ᠶᠢᠰᠤᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠪᠦᠬᠦ ᠣᠯᠣᠰ ᠤᠨ ᠬᠦᠳᠡᠯᠮᠦᠷᠢ ᠶᠢᠨ ᠠᠵᠢᠯ ᠢ ᠡᠷᠬᠢᠯᠡᠨ ᠬᠠᠮᠢᠶᠠᠷᠤᠨ᠎ᠠ᠃ ᠰᠢᠶᠠᠨ ᠤ | ᠱᠠᠲᠤᠨ ᠠᠴᠠ ᠲᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠤᠨ ᠤ ᠬᠦᠳᠡᠯᠮᠦᠷᠢ ᠶᠢᠨ ᠵᠠᠰᠠᠭ | ᠵᠠᠬᠢᠷᠭᠠᠨ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ ᠤᠷᠤᠨ ᠤ ᠪᠠᠨ ᠲᠤᠲᠤᠷᠠᠬᠢ ᠬᠦᠳᠡᠯᠮᠦᠷᠢᠴᠢᠨ ᠤ ᠠᠵᠢᠯ ᠢ | ᠬᠠᠮᠢᠶᠠᠷᠤᠨ᠎ᠠ᠃ | ᠬᠤᠶᠠᠳᠤᠭᠠᠷ ᠪᠦᠯᠦᠭ ᠠᠵᠢᠯ ᠤᠯᠭᠤᠬᠤ ᠶᠢ ᠠᠬᠢᠭᠤᠯᠬᠤ | ᠠᠷᠪᠠᠳᠤᠭᠠᠷ ᠵᠦᠢᠯ ᠤᠯᠤᠰ ᠠᠴᠠ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢ ᠠᠬᠢᠭᠤᠯᠬᠤ ᠪᠠᠷ | ᠲᠠᠮᠵᠢᠭᠤᠯᠤᠨ ᠠᠵᠢᠯ ᠤᠯᠭᠤᠬᠤ ᠨᠦᠬᠦᠴᠡᠯ ᠢ ᠪᠤᠢ ᠪᠤᠯᠭᠠᠵᠤ᠂ ᠠᠵᠢᠯ ᠣᠯᠬᠤ ᠲᠤᠬᠢᠶᠠᠯ ᠢ ᠦᠷᠭᠡᠳᠭᠡᠨ᠎ᠡ᠃ | ᠤᠯᠤᠰ ᠠᠴᠠ ᠠᠵᠤ ᠠᠬᠤᠶᠢᠯᠠᠯ᠂ ᠠᠵᠢᠯ ᠦᠢᠯᠡᠰ ᠤᠨ ᠵᠤᠬᠢᠶᠠᠨ ᠪᠠᠶᠢᠭᠤᠯᠤᠯᠲᠠ᠂ ᠨᠡᠶᠢᠭᠡᠮ ᠤᠨ | ᠪᠦᠯᠬᠦᠮ ᠤᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠤᠨ ᠲᠤᠭᠲᠠᠭᠠᠭᠰᠠᠨ ᠬᠡᠪᠴᠢᠶᠡᠨ | ᠲᠤᠲᠤᠷ᠎ᠠ ᠠᠵᠤ ᠦᠢᠯᠡᠳᠪᠦᠷᠢᠯᠡᠯ ᠡᠷᠬᠢᠯᠡᠬᠦ ᠪᠤᠶᠤ ᠡᠵᠡᠩᠨᠡᠯᠲᠡ ᠪᠠᠨ ᠦᠷᠭᠡᠳᠭᠡᠨ ᠠᠵᠢᠯ ᠣᠯᠭᠤᠬᠤ ᠶᠠᠪᠤᠳᠠᠯ ᠢ | ᠨᠡᠮᠡᠭᠳᠡᠭᠦᠯᠬᠦ ᠶᠢ ᠵᠤᠷᠢᠭᠵᠢᠭᠤᠯᠠᠨ᠎ᠠ᠃ | ᠣᠯᠣᠰ ᠠᠴᠠ ᠬᠦᠳᠡᠯᠮᠦᠷᠢᠴᠢᠳ ᠤᠨ ᠰᠠᠶᠢᠨ ᠲᠤᠷ᠎ᠠ ᠠᠴᠠ ᠪᠠᠨ ᠵᠤᠬᠢᠶᠠᠨ ᠪᠠᠶᠢᠭᠤᠯᠤᠯᠴᠠᠵᠤ ᠠᠵᠢᠯ ᠲᠠᠢ | ᠪᠤᠯᠬᠤ ᠪᠠ ᠬᠤᠪᠢ ᠶᠢᠨ ᠡᠵᠡᠩᠨᠡᠯᠲᠠ ᠶᠢ ᠡᠷᠬᠢᠯᠡᠨ ᠠᠵᠢᠯ ᠲᠠᠢ ᠪᠤᠯᠬᠤ ᠶᠢ ᠵᠤᠷᠢᠭᠵᠢᠭᠤᠯᠤᠨ᠎ᠠ᠃ | ᠠᠷᠪᠠᠨ ᠨᠢᠭᠡᠳᠦᠭᠡᠷ ᠵᠦᠢᠯ ᠣᠷᠤᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ | ᠠᠷᠭ᠎ᠠ ᠬᠡᠮᠵᠢᠶ᠎ᠡ ᠠᠪᠴᠤ ᠠᠵᠢᠯ ᠲᠠᠨᠢᠯᠴᠠᠭᠤᠯᠬᠤ ᠤᠯᠠᠨ ᠬᠡᠯᠪᠡᠷᠢ ᠶᠢᠨ ᠪᠠᠶᠢᠭᠤᠯᠤᠮᠵᠢ ᠶᠢ ᠬᠦᠭᠵᠢᠭᠦᠯᠦᠨ᠂ ᠠᠵᠢᠯ | ᠤᠯᠭᠤᠬᠤ ᠦᠢᠯᠡᠴᠢᠯᠡᠭᠡ ᠬᠠᠩᠭᠠᠬᠤ ᠬᠡᠷᠡᠭᠲᠠᠢ᠃ | ᠠᠷᠪᠠᠨ ᠬᠤᠶᠠᠳᠤᠭᠠᠷ ᠵᠦᠢᠯ ᠬᠦᠳᠡᠯᠮᠦᠷᠢᠴᠢᠨ ᠠᠵᠢᠯ ᠤᠯᠬᠤ ᠳᠠᠭᠠᠨ ᠦᠨᠳᠦᠰᠦᠲᠡᠨ᠂ ᠶᠠᠰᠤᠲᠠᠨ᠂ | ᠴᠢᠨᠠᠷ ᠤᠨ ᠢᠯᠭᠠᠯ᠂ ᠱᠠᠰᠢᠨ ᠰᠢᠲᠤᠯᠭᠡ ᠠᠳᠠᠯᠢ ᠦᠭᠡᠢ ᠶᠢᠨ ᠬᠠᠷᠠᠭ᠎ᠠ ᠪᠠᠷ ᠭᠠᠳᠠᠷᠭᠤᠴᠢᠯᠠᠭᠳᠠᠬᠤ ᠦᠭᠡᠢ᠃ | ᠠᠷᠪᠠᠨ ᠭᠤᠷᠪᠠᠳᠤᠭᠠᠷ ᠵᠦᠢᠯ ᠡᠮᠡᠭᠲᠠᠶᠢᠴᠤᠳ ᠡᠷᠡᠭᠲᠠᠶᠢᠴᠣᠳ ᠲᠠᠢ ᠡᠷᠭᠡ ᠲᠡᠭᠰᠢ ᠪᠠᠷ ᠠᠵᠢᠯ ᠤᠯᠬᠤ | ᠡᠷᠬᠡ ᠶᠢ ᠡᠳ᠋ᠯᠡᠨ᠎ᠡ᠃ ᠠᠵᠢᠯᠲᠠᠨ ᠠᠵᠢᠯᠴᠢᠨ ᠢ ᠡᠯᠰᠡᠵᠤ ᠠᠪᠬᠤ ᠳᠠᠭᠠᠨ ᠡᠮᠡᠭᠲᠠᠶᠢᠴᠤᠳ ᠲᠤ ᠲᠤᠬᠢᠷᠠᠬᠤ ᠦᠭᠡᠢ | ᠭᠡᠵᠤ ᠤᠯᠤᠰ ᠠᠴᠠ ᠲᠤᠭᠲᠠᠭᠠᠭᠰᠠᠨ ᠠᠵᠢᠯ ᠲᠦᠷᠦᠯ ᠪᠤᠶᠤ ᠠᠵᠢᠯ ᠤᠨ ᠪᠠᠶᠢᠷᠢ ᠶᠢ ᠭᠠᠷᠭᠠᠪᠠᠯ ᠴᠢᠨᠠᠷ ᠤᠨ | ᠢᠯᠭᠠᠯ ᠢᠶᠠᠷ ᠰᠢᠯᠳᠠᠭ ᠪᠤᠯᠭᠠᠨ ᠡᠮᠡᠭᠲᠠᠶᠢᠴᠤᠳ ᠢ ᠡᠯᠰᠡᠵᠤ ᠠᠪᠬᠤ ᠦᠭᠡᠢ ᠪᠤᠶᠤ ᠡᠮᠡᠭᠲᠠᠶᠢᠴᠣᠳ ᠢ ᠡᠯᠰᠡᠵᠤ ᠠᠪᠬᠤ | ᠪᠠᠷᠢᠮᠵᠢᠶ᠎ᠠ ᠶᠢ ᠲᠡᠭᠡᠭᠰᠢᠯᠡᠭᠦᠯᠵᠤ ᠪᠤᠯᠬᠤ ᠦᠭᠡᠢ᠃ | ᠠᠷᠪᠠᠨ ᠲᠦᠷᠪᠡᠳᠦᠭᠡᠷ ᠵᠦᠢᠯ ᠵᠡᠮᠳᠡᠭᠴᠤᠳ᠂ ᠴᠦᠬᠡᠨ ᠲᠤᠭᠠᠲᠤ ᠦᠨᠳᠦᠰᠦᠲᠡᠨ ᠤ ᠬᠦᠮᠦᠰ᠂ ᠵᠢᠩᠬᠢᠨᠢ | ᠠᠯᠪᠠᠨ ᠠᠴᠠ ᠪᠠᠭᠤᠭᠰᠠᠨ ᠴᠡᠷᠢᠭ ᠤᠨ ᠬᠦᠮᠦᠨ ᠠᠵᠢᠯ ᠤᠯᠬᠤ ᠳᠤ ᠬᠠᠤᠯᠢ ᠴᠠᠭᠠᠵᠠ ᠬᠠᠤᠯᠢ ᠲᠤᠭᠲᠠᠭᠠᠯ ᠳᠤ | ᠤᠨᠴᠠᠭᠠᠢ ᠲᠤᠭᠲᠠᠭᠠᠯ ᠲᠠᠢ ᠪᠠᠶᠢᠪᠠᠯ ᠲᠡᠷᠡ ᠲᠤᠭᠲᠠᠭᠠᠯ ᠶᠤᠰᠤᠭᠠᠷ ᠬᠡᠷᠡᠭᠵᠢᠭᠦᠯᠦᠨ᠎ᠡ᠃ | ᠠᠷᠪᠠᠨ ᠲᠠᠪᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠶᠢᠨ ᠪᠦᠬᠦᠯᠢ ᠠᠷᠪᠠᠨ ᠵᠢᠷᠭᠤᠭᠠᠨ ᠨᠠᠰᠤ | ᠬᠦᠷᠦᠭᠡᠳᠦᠢ ᠨᠠᠰᠤᠨ ᠳᠤ ᠦᠯᠦ ᠬᠦᠷᠦᠭᠰᠡᠳ ᠢ ᠡᠯᠰᠡᠵᠤ ᠬᠡᠷᠡᠭᠯᠡᠬᠦ ᠶᠢ ᠴᠠᠭᠠᠵᠠᠯᠠᠨ᠎ᠠ᠃ | ᠤᠳᠬ᠎ᠠ ᠤᠷᠠᠯᠢᠭ᠂ ᠪᠡᠶ᠎ᠡ ᠶᠢᠨ ᠲᠠᠮᠢᠷ ᠪᠠ ᠣᠨᠴᠠᠭᠠᠢ ᠲᠦᠷᠦᠯ ᠤᠨ ᠤᠷᠠᠨ ᠮᠡᠷᠭᠡᠰᠢᠯ ᠤᠨ ᠨᠢᠭᠡᠴᠢ | ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳᠦᠢ ᠨᠠᠰᠤᠨ ᠳᠤ ᠦᠯᠦ ᠬᠦᠷᠦᠭᠰᠡᠳ ᠢ ᠡᠯᠰᠡᠵᠤ ᠬᠡᠷᠡᠭᠯᠡᠬᠦ ᠳᠡᠭᠡᠨ | ᠡᠷᠬᠡᠪᠰᠢ ᠤᠯᠤᠰ ᠤᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠬᠢᠨᠠᠨ ᠵᠦᠪᠰᠢᠶᠡᠷᠡᠭᠦᠯᠬᠦ ᠭᠠᠷ ᠭᠦᠢᠴᠡᠳᠭᠡᠯ ᠢ | ᠬᠦᠢᠴᠡᠳᠭᠡᠬᠦ ᠬᠡᠷᠡᠭᠲᠠᠢ ᠪᠦᠭᠡᠳ ᠲᠡᠲᠡ ᠨᠠᠷ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠲᠡᠬᠦ ᠡᠷᠬᠡ | ᠠᠰᠢᠭ ᠢ ᠪᠠᠲᠤᠯᠠᠬᠤ ᠬᠡᠷᠡᠭᠲᠠᠢ᠃ | ᠭᠤᠷᠪᠠᠳᠤᠭᠠᠷ ᠪᠦᠯᠦᠭ ᠬᠦᠳᠡᠯᠮᠦᠷᠢ ᠶᠢᠨ ᠭᠡᠷ᠎ᠡ ᠪᠠ ᠬᠠᠮᠲᠤ ᠶᠢᠨ ᠭᠡᠷ᠎ᠡ | ᠠᠷᠪᠠᠨ ᠵᠢᠷᠭᠤᠳᠤᠭᠠᠷ ᠵᠦᠢᠯ ᠬᠦᠳᠡᠯᠮᠦᠷᠢ ᠶᠢᠨ ᠭᠡᠷ᠎ᠡ ᠪᠤᠯ ᠬᠦᠳᠡᠯᠮᠦᠷᠢᠴᠢᠨ ᠬᠢᠭᠡᠳ ᠬᠦᠮᠦᠨ ᠬᠡᠷᠡᠭᠯᠡᠬᠦ | ᠨᠢᠭᠡᠴᠢ ᠶᠢᠨ ᠬᠦᠳᠡᠯᠮᠦᠷᠢ ᠶᠢᠨ ᠬᠠᠷᠢᠴᠠᠭ᠎ᠠ ᠪᠠᠶᠢᠭᠤᠯᠬᠤ᠂ ᠬᠤᠶᠠᠷ ᠡᠲᠡᠭᠡᠳ ᠤᠨ ᠡᠷᠬᠡ ᠪᠠ ᠡᠭᠦᠷᠭᠡ ᠪᠠᠨ | ᠲᠤᠳᠤᠷᠬᠠᠶᠢᠯᠠᠬᠤ ᠬᠡᠯᠡᠯᠴᠡᠭᠡᠷ ᠮᠦᠨ᠃ ᠬᠦᠳᠡᠯᠮᠦᠷᠢ ᠶᠢᠨ ᠬᠠᠷᠢᠴᠠᠭ᠎ᠠ ᠪᠠᠶᠢᠭᠤᠯᠬᠤ ᠳᠤ ᠬᠦᠳᠡᠯᠮᠦᠷᠢ ᠶᠢᠨ ᠭᠡᠷ᠎ᠡ | ᠪᠠᠶᠢᠭᠤᠯᠬᠤ ᠬᠡᠷᠡᠭᠲᠠᠢ᠃ | ᠠᠷᠪᠠᠨ ᠲᠤᠯᠤᠳᠤᠭᠠᠷ ᠵᠦᠢᠯ ᠬᠦᠳᠡᠯᠮᠦᠷᠢ ᠶᠢᠨ ᠭᠡᠷ᠎ᠡ ᠶᠢ ᠲᠤᠭᠲᠠᠭᠠᠬᠤ ᠪᠠ ᠬᠤᠪᠢᠷᠠᠭᠤᠯᠬᠤ ᠳᠠᠭᠠᠨ ᠡᠷᠬᠡ | ᠲᠡᠭᠰᠢ ᠰᠠᠶᠢᠨ ᠲᠤᠷ᠎ᠠ ᠶᠢᠨ᠂ ᠵᠦᠪᠳᠡᠯᠴᠡᠨ ᠨᠢᠭᠡᠳᠬᠦ ᠵᠠᠷᠴᠢᠮ ᠢ ᠵᠢᠷᠤᠮᠯᠡᠬᠤ ᠬᠡᠷᠡᠭᠲᠠᠢ᠂ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠦᠷᠢᠮ ᠤᠨ ᠲᠤᠭᠳᠠᠭᠠᠯ ᠠᠴᠠ ᠵᠦᠷᠢᠴᠡᠵᠤ ᠪᠤᠯᠬᠤ ᠦᠭᠡᠢ᠃ | ᠬᠦᠳᠡᠯᠮᠦᠷᠢ ᠶᠢᠨ ᠭᠡᠷ᠎ᠡ ᠨᠢ ᠬᠠᠤᠯᠢ ᠶᠤᠰᠤᠭᠠᠷ ᠲᠤᠭᠲᠠᠭᠠᠭᠳᠠᠮᠠᠭᠴᠠ ᠬᠠᠤᠯᠢ ᠴᠠᠭᠠᠵᠠ ᠶᠢᠨ ᠬᠢᠵᠠᠭᠠᠷᠯᠠᠬᠤ | ᠬᠦᠴᠦᠨ ᠲᠠᠢ ᠪᠤᠯᠤᠨ᠎ᠠ᠂ ᠬᠦᠳᠡᠯᠮᠦᠷᠢ ᠶᠢᠨ ᠭᠡᠷ᠎ᠡ ᠳᠤ ᠲᠤᠭᠲᠠᠭᠠᠭᠰᠠᠨ ᠡᠭᠦᠷᠭᠡ ᠶᠢ ᠲᠤᠬᠠᠢ ᠶᠢᠨ ᠬᠦᠮᠦᠨ ᠡᠷᠬᠡᠪᠰᠢ | ᠬᠦᠢᠴᠡᠳᠭᠡᠬᠦ ᠬᠡᠷᠡᠭᠲᠠᠢ᠃ | ᠠᠷᠪᠠᠨ ᠨᠠᠢᠮᠠᠳᠤᠭᠠᠷ ᠵᠦᠢᠯ ᠲᠤᠤᠷ᠎ᠠ ᠵᠢᠭᠰᠠᠭᠠᠭᠰᠠᠨ ᠬᠦᠳᠡᠯᠮᠦᠷᠢ ᠶᠢᠨ ᠭᠡᠷ᠎ᠡ ᠬᠦᠴᠦᠨ ᠦᠭᠡᠢ᠄ | ︵ᠨᠢᠭᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠠᠴᠠ ᠵᠦᠷᠢᠴᠡᠭᠰᠡᠨ | ᠬᠦᠳᠡᠯᠮᠦᠷᠢ ᠶᠢᠨ ᠭᠡᠷ᠎ᠡ︔ | ︵ᠬᠤᠶᠠᠷ︶ ᠮᠡᠬᠡᠯᠡᠨ ᠬᠢᠬᠠᠬᠤ᠂ ᠰᠦᠷᠳᠡᠭᠦᠯᠬᠦ ᠵᠡᠷᠭᠡ ᠠᠷᠭ᠎ᠠ ᠪᠠᠷᠢᠯ ᠢ ᠬᠡᠷᠡᠭᠯᠡᠨ ᠲᠤᠭᠲᠠᠭᠠᠭᠰᠠᠨ | ᠬᠦᠳᠡᠯᠮᠦᠷᠢ ᠶᠢᠨ ᠭᠡᠷ᠎ᠡ︔ | ᠬᠦᠴᠦᠨ ᠦᠭᠡᠢ ᠬᠦᠳᠡᠯᠮᠦᠷᠢ ᠶᠢᠨ ᠭᠡᠷ᠎ᠡ ᠨᠢ ᠲᠤᠭᠲᠠᠭᠠᠭᠳᠠᠭᠰᠠᠨ ᠴᠠᠭ ᠠᠴᠠ ᠪᠠᠨ ᠡᠬᠢᠯᠡᠭᠡᠳ ᠬᠠᠤᠯᠢ | ᠴᠠᠭᠠᠵᠠ ᠶᠢᠨ ᠬᠢᠵᠠᠭᠠᠷᠯᠠᠬᠤ ᠬᠦᠴᠦᠨ ᠦᠭᠡᠢ᠃ ᠬᠦᠳᠡᠯᠮᠦᠷᠢ ᠶᠢᠨ ᠭᠡᠷ᠎ᠡ ᠶᠢᠨ ᠨᠢᠭᠡ ᠬᠡᠰᠡᠭ ᠨᠢ ᠬᠦᠴᠦᠨ ᠦᠭᠡᠢ | ᠭᠡᠵᠤ ᠨᠤᠲᠠᠯᠠᠭᠳᠠᠭᠰᠠᠨ ᠪᠤᠯᠪᠠᠴᠤ ᠲᠡᠷᠡ ᠨᠢ ᠪᠤᠰᠤᠳ ᠬᠡᠰᠡᠭ ᠤᠨ ᠬᠦᠴᠦᠨ ᠢ ᠨᠦᠯᠦᠭᠡᠯᠡᠬᠦ ᠦᠭᠡᠢ ᠪᠤᠯ ᠪᠤᠰᠤᠳ | ᠬᠡᠰᠡᠭ ᠨᠢ ᠮᠦᠨ ᠬᠦ ᠬᠦᠴᠦᠨ ᠲᠠᠢ᠃ | ᠬᠦᠳᠡᠯᠮᠦᠷᠢ ᠶᠢᠨ ᠭᠡᠷ᠎ᠡ ᠶᠢᠨ ᠬᠦᠴᠦᠨ ᠦᠭᠡᠢ ᠪᠤᠯᠬᠤ ᠶᠢ ᠬᠦᠳᠡᠯᠮᠦᠷᠢ ᠶᠢᠨ ᠮᠠᠷᠭᠤᠭᠠᠨ ᠤ | ᠬᠦᠨᠳᠡᠯᠡᠨ ᠠᠴᠠ ᠲᠠᠰᠤᠯᠬᠤ ᠺᠤᠮᠢᠰ ᠪᠤᠶᠤ ᠠᠷᠠᠳ ᠤᠨ ᠰᠢᠭᠦᠬᠦ ᠬᠤᠷᠢᠶᠠᠨ ᠠᠴᠠ ᠨᠤᠲᠠᠯᠠᠨ ᠲᠣᠭᠲᠠᠭᠠᠨ᠎ᠠ᠃ | ᠠᠷᠪᠠ ᠶᠢᠰᠤᠳᠦᠭᠡᠷ ᠵᠦᠢᠯ ᠬᠦᠳᠡᠯᠮᠦᠷᠢ ᠶᠢᠨ ᠭᠡᠷ᠎ᠡ ᠶᠢ ᠪᠢᠴᠢᠭ ᠢᠶᠠᠷ ᠲᠤᠭᠲᠠᠭᠠᠬᠤ ᠬᠡᠷᠡᠭᠲᠠᠢ ᠪᠦᠭᠡᠳ | ᠲᠤᠤᠷᠠᠬᠢ ᠵᠦᠢᠯ ᠪᠠᠳᠠᠭ ᠢ ᠪᠦᠷᠢᠯᠳᠤᠭᠦᠯᠦᠭᠰᠡᠨ ᠪᠠᠶᠢᠬᠤ ᠬᠡᠷᠡᠭᠲᠠᠢ᠄ | ︵ᠨᠢᠭᠡ︶ ᠬᠦᠳᠡᠯᠮᠦᠷᠢ ᠶᠢᠨ ᠭᠡᠷ᠎ᠡ ᠶᠢᠨ ᠴᠠᠭ ᠬᠤᠭᠤᠴᠠᠭᠠᠨ ᠤ ᠬᠢᠵᠠᠭᠠᠷ︔ | ︵ᠬᠤᠶᠠᠷ︶ ᠠᠵᠢᠯ ᠤᠨ ᠠᠭᠤᠯᠭ᠎ᠠ︔ | ︵ᠭᠤᠷᠪᠠ︶ ᠬᠦᠳᠡᠯᠮᠦᠷᠢ ᠶᠢᠨ ᠬᠠᠮᠠᠭᠠᠯᠠᠯᠲᠠ ᠪᠠ ᠬᠦᠳᠡᠯᠮᠦᠷᠢ ᠶᠢᠨ ᠨᠦᠬᠦᠴᠡᠯ︔ | ︵ᠲᠦᠷᠪᠡ︶ ᠬᠦᠳᠡᠯᠮᠦᠷᠢ ᠶᠢᠨ ᠬᠦᠯᠦᠰᠤ ᠤᠯᠭᠤᠮᠵᠢ︔ | ︵ᠲᠠᠪᠤ︶ ᠬᠦᠳᠡᠯᠮᠦᠷᠢ ᠶᠢᠨ ᠰᠠᠬᠢᠯᠭ᠎ᠠ ᠪᠠᠲᠤ︔ | ︵ᠵᠢᠷᠭᠤᠭ᠎ᠠ︶ ᠬᠦᠳᠡᠯᠮᠦᠷᠢ ᠶᠢᠨ ᠭᠡᠷ᠎ᠡ ᠶᠢ ᠲᠠᠭᠤᠰᠬᠠᠬᠤ ᠨᠦᠬᠦᠴᠡᠯ︔ | ︵ᠲᠤᠯᠤᠭ᠎ᠠ︶ ᠬᠦᠳᠡᠯᠮᠦᠷᠢ ᠶᠢᠨ ᠭᠡᠷ᠎ᠡ ᠠᠴᠠ ᠵᠦᠷᠢᠴᠡᠭᠰᠡᠨ ᠬᠠᠷᠢᠭᠤᠴᠠᠯᠭ᠎ᠠ᠃ | ᠬᠦᠳᠡᠯᠮᠦᠷᠢ ᠶᠢᠨ ᠭᠡᠷ᠎ᠡ ᠳᠤ ᠡᠮᠦᠨᠡᠬᠢ ᠪᠠᠳᠠᠭ ᠲᠤ ᠲᠤᠭᠲᠠᠭᠠᠭᠰᠠᠨ ᠡᠷᠬᠡᠪᠰᠢ ᠪᠦᠷᠢᠯᠳᠦᠭᠦᠯᠬᠦ ᠬᠡᠷᠡᠭᠲᠠᠢ | ᠵᠦᠢᠯ ᠪᠠᠶᠢᠳᠠᠭ ᠠᠴᠠ ᠭᠠᠳᠠᠨ᠎ᠠ ᠲᠤᠬᠠᠢ ᠶᠢᠨ ᠬᠦᠮᠦᠨ ᠨᠢ ᠪᠤᠰᠤᠳ ᠠᠭᠤᠯᠭ᠎ᠠ ᠶᠢ ᠵᠦᠪᠳᠡᠯᠴᠡᠨ ᠲᠤᠭᠲᠠᠭᠠᠵᠤ | ᠪᠤᠯᠤᠨ᠎ᠠ᠃ | ᠬᠤᠷᠢᠳᠤᠭᠠᠷ ᠵᠦᠢᠯ ᠬᠦᠳᠡᠯᠮᠦᠷᠢ ᠶᠢᠨ ᠭᠡᠷ᠎ᠡ ᠶᠢᠨ ᠴᠠᠭ ᠬᠤᠭᠤᠴᠠᠭᠠᠨ ᠤ ᠬᠢᠵᠠᠭᠠᠷ ᠢ ᠲᠤᠭᠳᠠᠮᠠᠯ ᠴᠠᠭ | ᠬᠤᠭᠤᠴᠠᠭᠠᠨ ᠤ ᠬᠢᠵᠠᠭᠠᠷ ᠲᠠᠢ᠂ ᠲᠤᠭᠲᠠᠮᠠᠯ ᠴᠠᠭ ᠬᠤᠭᠤᠴᠠᠭᠠᠨ ᠤ ᠬᠢᠵᠠᠭᠠᠷ ᠦᠭᠡᠢ᠂ ᠵᠤᠬᠢᠬᠤ ᠠᠵᠢᠯ ᠢ | ᠪᠡᠶᠡᠯᠡᠭᠦᠯᠬᠦ ᠪᠠᠷ ᠴᠠᠭ ᠬᠤᠭᠤᠴᠠᠭᠠᠨ ᠤ ᠬᠢᠵᠠᠭᠠᠷ ᠪᠤᠯᠭᠠᠭᠰᠠᠨ ᠭᠡᠵᠤ ᠬᠤᠪᠢᠶᠠᠨ᠎ᠠ᠃ | ᠬᠦᠳᠡᠯᠮᠦᠷᠢᠴᠢᠨ ᠬᠦᠮᠦᠨ ᠬᠡᠷᠡᠭᠯᠡᠬᠦ ᠨᠢᠭᠡᠴᠢ ᠳᠤ ᠵᠠᠯᠭᠠᠭᠠᠪᠡᠷ ᠠᠷᠪᠠᠨ ᠵᠢᠯ ᠠᠴᠠ ᠲᠡᠭᠡᠭᠰᠢ ᠠᠵᠢᠯᠯᠠᠭᠠᠳ | ᠬᠤᠶᠠᠷ ᠲᠠᠯ᠎ᠠ ᠶᠢᠨ ᠲᠤᠬᠠᠢ ᠶᠢᠨ | ᠬᠦᠮᠦᠨ ᠬᠦᠳᠡᠯᠮᠦᠷᠢ ᠶᠢᠨ ᠭᠡᠷ᠎ᠡ ᠶᠢ ᠦᠷᠭᠦᠯᠵᠢᠯᠡᠬᠦᠯᠬᠦ ᠶᠢ ᠵᠦᠪᠰᠢᠶᠡᠷᠡᠵᠤ᠂ ᠬᠦᠳᠡᠯᠮᠦᠷᠢᠴᠢᠨ ᠠᠴᠠ | ᠲᠤᠭᠲᠠᠮᠠᠯ ᠴᠠᠭ ᠬᠤᠭᠤᠴᠠᠭᠠᠨ ᠤ ᠬᠢᠵᠠᠭᠠᠷ ᠦᠭᠡᠢ ᠬᠦᠳᠡᠯᠮᠦᠷᠢ ᠶᠢᠨ ᠭᠡᠷ᠎ᠡ ᠲᠤᠭᠲᠠᠭᠠᠬᠤ ᠪᠠᠷ ᠲᠤᠷᠠᠳᠤᠭᠰᠠᠨ | ᠪᠠᠶᠢᠪᠠᠯ ᠲᠤᠭᠲᠠᠭᠰᠠᠨ ᠴᠠᠭ ᠬᠤᠭᠤᠴᠠᠭᠠᠨ ᠤ ᠬᠢᠵᠠᠭᠠᠷ ᠦᠭᠡᠢ ᠬᠦᠳᠡᠯᠮᠦᠷᠢ ᠶᠢᠨ ᠭᠡᠷ᠎ᠡ ᠲᠤᠭᠲᠠᠭᠠᠬᠤ ᠬᠡᠷᠡᠭᠲᠠᠢ᠃ | ᠬᠤᠷᠢᠨ ᠨᠢᠭᠡᠳᠦᠭᠡᠷ ᠵᠦᠢᠯ ᠬᠦᠳᠡᠯᠮᠦᠷᠢ ᠶᠢᠨ ᠭᠡᠷ᠎ᠡ ᠳᠤ ᠲᠤᠷᠰᠢᠨ ᠬᠡᠷᠡᠭᠯᠡᠬᠦ ᠬᠤᠭᠤᠴᠠᠭ᠎ᠠ ᠲᠤᠭᠲᠠᠭᠠᠵᠤ | ᠪᠤᠯᠤᠨ᠎ᠠ᠃ ᠲᠤᠷᠰᠢᠨ ᠬᠡᠷᠡᠭᠯᠡᠬᠦ ᠬᠤᠭᠤᠴᠠᠭ᠎ᠠ ᠨᠢ ᠬᠠᠮᠤᠭ ᠤᠷᠲᠤ ᠳᠠᠭᠠᠨ ᠵᠢᠷᠭᠤᠭᠠᠨ ᠰᠠᠷ᠎ᠠ ᠠᠴᠠ ᠬᠡᠲᠤᠷᠡᠵᠤ | ᠪᠤᠯᠬᠤ ᠦᠭᠡᠢ᠃ | ᠬᠤᠷᠢᠨ ᠬᠤᠶᠠᠳᠤᠭᠠᠷ ᠵᠦᠢᠯ ᠬᠦᠳᠡᠯᠮᠦᠷᠢ ᠶᠢᠨ ᠭᠡᠷ᠎ᠡ ᠶᠢᠨ ᠲᠤᠬᠠᠢ ᠶᠢᠨ ᠬᠦᠮᠦᠨ ᠬᠦᠳᠡᠯᠮᠦᠷᠢ ᠶᠢᠨ | ᠭᠡᠷ᠎ᠡ ᠳᠡᠭᠡᠨ ᠬᠦᠮᠦᠨ ᠬᠡᠷᠡᠭᠯᠡᠬᠦ ᠨᠢᠭᠡᠴᠢ ᠶᠢᠨ ᠬᠤᠳᠠᠯᠳᠣᠭᠠᠨ ᠤ ᠨᠢᠭᠤᠴᠠ ᠶᠢ ᠬᠠᠮᠠᠭᠠᠯᠠᠬᠤ ᠲᠤᠬᠠᠢ ᠬᠤᠯᠪᠤᠭᠳᠠᠯ | ᠪᠦᠬᠦᠢ ᠤᠴᠢᠷ ᠶᠠᠪᠤᠳᠠᠯ ᠢ ᠲᠤᠭᠲᠠᠭᠠᠵᠤ ᠪᠤᠯᠤᠨ᠎ᠠ᠃ | ᠬᠤᠷᠢᠨ ᠭᠤᠷᠪᠠᠳᠤᠭᠠᠷ ᠵᠦᠢᠯ ᠬᠦᠳᠡᠯᠮᠦᠷᠢ ᠶᠢᠨ ᠭᠡᠷ᠎ᠡ ᠶᠢᠨ ᠬᠤᠭᠤᠴᠠᠭ᠎ᠠ ᠨᠢ ᠲᠦᠭᠦᠷᠦᠭᠰᠡᠨ ᠪᠤᠶᠤ | ᠲᠤᠬᠠᠢ ᠶᠢᠨ ᠬᠦᠮᠦᠨ ᠤ ᠲᠤᠭᠲᠠᠭᠠᠭᠰᠠᠨ ᠬᠦᠳᠡᠯᠮᠦᠷᠢ ᠶᠢᠨ ᠭᠡᠷ᠎ᠡ ᠶᠢ ᠲᠠᠭᠤᠰᠬᠠᠬᠤ ᠨᠦᠬᠦᠴᠡᠯ ᠭᠠᠷᠤᠭᠰᠠᠨ ᠪᠠᠶᠢᠪᠠᠯ | ᠬᠦᠳᠡᠯᠮᠦᠷᠢ ᠶᠢᠨ ᠭᠡᠷ᠎ᠡ ᠶᠢ ᠲᠠᠷᠤᠢ ᠳᠤᠨᠢ ᠲᠠᠭᠤᠰᠬᠠᠨ᠎ᠠ᠃ | ᠬᠤᠷᠢᠨ ᠲᠦᠷᠪᠡᠳᠦᠭᠡᠷ ᠵᠦᠢᠯ ᠬᠦᠳᠡᠯᠮᠦᠷᠢ ᠶᠢᠨ ᠭᠡᠷ᠎ᠡ ᠶᠢᠨ ᠲᠤᠬᠠᠢ ᠶᠢᠨ ᠬᠦᠮᠦᠨ ᠵᠦᠪᠳᠡᠯᠴᠡᠭᠡᠳ ᠰᠠᠨᠠᠯ | ᠨᠢᠭᠡᠳᠪᠡᠯ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠃ | ᠬᠤᠷᠢᠨ ᠲᠠᠪᠤᠳᠤᠭᠠᠷ ᠵᠦᠢᠯ ᠬᠦᠳᠡᠯᠮᠦᠷᠢᠴᠢᠨ ᠳᠤ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ | ᠪᠠᠶᠢᠪᠠᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠄ | ︵ᠨᠢᠭᠡ︶ ᠡᠯᠰᠡᠵᠤ ᠬᠡᠷᠡᠭᠯᠡᠬᠦ ᠨᠦᠬᠦᠴᠡᠯ ᠳᠤ ᠨᠡᠶᠢᠴᠡᠬᠦ ᠦᠭᠡᠢ ᠭᠡᠳᠡᠭ ᠨᠢ ᠲᠤᠷᠰᠢᠨ ᠬᠡᠷᠡᠭᠯᠡᠬᠦ | ᠬᠤᠭᠤᠴᠠᠭᠠᠨ ᠳᠤ ᠭᠡᠷᠡᠴᠢᠯᠡᠭᠳᠡᠭᠰᠡᠨ︔ | ︵ᠬᠤᠶᠠᠷ︶ ᠬᠦᠳᠡᠯᠮᠦᠷᠢ ᠶᠢᠨ ᠰᠠᠬᠢᠯᠭ᠎ᠠ ᠪᠠᠲᠤ ᠪᠤᠶᠤ ᠬᠦᠮᠦᠨ ᠬᠡᠷᠡᠭᠯᠡᠬᠦ ᠨᠢᠭᠡᠴᠢ ᠶᠢᠨ ᠲᠦᠷᠢᠮ | ᠲᠤᠭᠲᠠᠭᠠᠯ ᠠᠴᠠ ᠬᠦᠨᠳᠤ ᠨᠤᠴᠢᠲᠠᠢ ᠵᠦᠷᠢᠴᠡᠭᠰᠡᠨ︔ | ︵ᠭᠤᠷᠪᠠ︶ ᠡᠭᠦᠷᠭᠡ ᠬᠠᠷᠢᠭᠤᠴᠠᠯᠭ᠎ᠠ ᠪᠠᠨ ᠬᠦᠨᠳᠤ ᠰᠦᠷᠡᠬᠡᠢ ᠠᠯᠳᠠᠵᠤ᠂ ᠠᠷᠭ᠎ᠠ ᠵᠠᠯᠢ ᠬᠡᠷᠡᠭᠯᠡᠨ | ᠠᠮᠢᠨ ᠳᠠᠭᠠᠨ ᠲᠠᠲᠠᠭᠠᠳ ᠬᠦᠮᠦᠨ ᠬᠡᠷᠡᠭᠯᠡᠬᠦ ᠨᠢᠭᠡᠴᠢ ᠶᠢᠨ ᠠᠰᠢᠭ ᠲᠤᠰᠠ ᠳᠤ ᠬᠦᠨᠳᠤ ᠶᠡᠭᠡ ᠬᠤᠬᠢᠷᠠᠯ | ᠤᠴᠠᠷᠠᠭᠤᠯᠤᠭᠰᠠᠨ︔ | ︵ᠲᠦᠷᠪᠡ︶ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠳᠡᠭᠰᠡᠨ᠃ | ᠬᠤᠷᠢᠨ ᠵᠢᠷᠭᠤᠳᠤᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠦᠮᠦᠨ ᠬᠡᠷᠡᠭᠯᠡᠬᠦ | ᠨᠢᠭᠡᠴᠢ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠂ ᠭᠡᠭᠦ ᠳᠡᠭᠡᠨ ᠡᠭᠦᠨ ᠢᠶᠠᠨ ᠭᠤᠴᠢ | ᠬᠤᠨᠤᠭ ᠤᠨ ᠡᠮᠦᠨ᠎ᠡ ᠬᠦᠳᠡᠯᠮᠦᠷᠢᠴᠢᠨ ᠲᠤᠰ ᠬᠦᠮᠦᠨ ᠳᠤ ᠪᠢᠴᠢᠭ ᠢᠶᠠᠷ ᠮᠡᠳᠡᠭᠳᠡᠬᠦ ᠬᠡᠷᠡᠭᠲᠠᠢ᠄ | ︵ᠨᠢᠭᠡ︶ ᠬᠦᠳᠡᠯᠮᠦᠷᠢᠴᠢᠨ ᠡᠪᠡᠳᠴᠢᠯᠡᠭᠰᠡᠨ ᠪᠤᠶᠤ ᠠᠵᠢᠯ ᠤᠨ ᠪᠤᠰᠤ ᠰᠢᠯᠲᠠᠭᠠᠨ ᠢᠶᠠᠷ ᠰᠢᠷᠬᠠᠲᠤᠭᠠᠳ | ᠡᠮᠴᠢᠯᠡᠭᠦᠯᠬᠦ ᠬᠤᠭᠤᠴᠠᠭ᠎ᠠ ᠨᠢ ᠲᠦᠭᠦᠷᠦᠭᠰᠡᠨ ᠤ ᠲᠠᠷᠠᠭ᠎ᠠ ᠤᠤᠯ ᠤᠨ ᠠᠵᠢᠯ ᠢᠶᠠᠨ ᠬᠢᠵᠤ ᠴᠢᠳᠠᠬᠤ ᠦᠭᠡᠢ | ᠪᠤᠯᠤᠭᠰᠠᠨ ᠪᠦᠭᠡᠳ ᠬᠦᠮᠦᠨ ᠬᠡᠷᠡᠭᠯᠡᠬᠦ ᠨᠢᠭᠡᠴᠢ ᠠᠴᠠ ᠠᠰ ᠲᠤᠨᠢ ᠲᠤᠬᠢᠷᠠᠭᠤᠯᠤᠭᠰᠠᠨ ᠠᠵᠢᠯ ᠢ ᠴᠤ ᠬᠢᠵᠤ ᠴᠢᠳᠠᠬᠤ | ᠦᠭᠡᠢ ᠪᠤᠯᠤᠭᠰᠠᠨ︔ | ︵ᠬᠤᠶᠠᠷ︶ ᠬᠦᠳᠡᠯᠮᠦᠷᠢᠴᠢᠨ ᠠᠵᠢᠯ ᠢᠶᠠᠨ ᠬᠢᠵᠤ ᠲᠡᠶᠢᠯᠬᠦ ᠦᠭᠡᠢ᠂ ᠪᠤᠯᠪᠠᠰᠤᠷᠠᠯ ᠬᠢᠯᠭᠡᠬᠦ ᠪᠤᠶᠤ | ᠠᠵᠢᠯ ᠤᠨ ᠪᠠᠶᠢᠷᠢ ᠳᠤᠨᠢ ᠲᠤᠬᠢᠷᠠᠭᠤᠯᠤᠯᠲᠠ ᠬᠢᠬᠦ ᠪᠠᠷ ᠲᠠᠮᠵᠢᠭᠠᠳ ᠪᠠᠰᠠ ᠠᠵᠢᠯ ᠢᠶᠠᠨ ᠬᠢᠵᠤ ᠲᠡᠶᠢᠯᠬᠦ ᠦᠭᠡᠢ | ᠪᠠᠶᠢᠬᠤ︔ | ︵ᠭᠤᠷᠪᠠ︶ ᠬᠦᠳᠡᠯᠮᠦᠷᠢ ᠶᠢᠨ ᠭᠡᠷ᠎ᠡ ᠶᠢ ᠲᠤᠭᠲᠠᠭᠠᠬᠤ ᠦᠶ᠎ᠡ ᠳᠤ ᠡᠰᠢ ᠪᠠᠷᠢᠮᠳᠠ ᠪᠤᠯᠭᠠᠭᠰᠠᠨ | ᠪᠤᠰᠤᠳᠴᠢ ᠪᠠᠶᠢᠳᠠᠯ ᠳᠤ ᠴᠢᠬᠤᠯᠠ ᠶᠡᠭᠡ ᠬᠤᠪᠢᠷᠠᠯᠲᠠ ᠭᠠᠷᠤᠭᠠᠳ ᠤᠤᠯ ᠬᠦᠳᠡᠯᠮᠦᠷᠢ ᠶᠢᠨ ᠭᠡᠷ᠎ᠡ ᠶᠢ | ᠬᠡᠷᠡᠭᠵᠢᠭᠦᠯᠬᠦ ᠶᠢᠨ ᠠᠷᠭ᠎ᠠ ᠦᠭᠡᠢ ᠪᠤᠯᠵᠤ᠂ ᠲᠤᠬᠠᠢ ᠶᠢᠨ ᠬᠦᠮᠦᠰ ᠵᠦᠪᠳᠡᠯᠴᠡᠭᠡᠳ ᠬᠦᠳᠡᠯᠮᠦᠷᠢ ᠶᠢᠨ ᠭᠡᠷ᠎ᠡ ᠶᠢ | ᠬᠤᠪᠢᠷᠠᠭᠤᠯᠬᠤ ᠲᠤᠬᠠᠢ ᠬᠡᠯᠡᠯᠴᠡᠭᠡᠷ ᠲᠤᠬᠢᠷᠠᠵᠤ ᠴᠢᠳᠠᠬᠤ ᠦᠭᠡᠢ ᠪᠤᠯᠤᠭᠰᠠᠨ᠃ | ᠬᠤᠷᠢᠨ ᠲᠤᠯᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠠᠮᠪᠠᠷᠠᠬᠤ ᠰᠢᠬᠠᠭᠠᠳ ᠬᠠᠤᠯᠢ ᠶᠤᠰᠤᠭᠠᠷ | ᠴᠡᠭᠴᠡᠯᠡᠬᠦ ᠬᠤᠭᠤᠴᠠᠭᠠᠨ ᠳᠤ ᠪᠠᠶᠢᠬᠤ ᠪᠤᠶᠤ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠳᠤᠨᠢ ᠬᠦᠨᠳᠤ ᠬᠡᠴᠡᠭᠦᠦ | ᠬᠦᠴᠢᠷᠳᠡᠯ ᠭᠠᠷᠤᠭᠠᠳ ᠦᠨᠡᠬᠡᠷ ᠬᠦᠮᠦᠨ ᠬᠠᠰᠤᠬᠤ ᠴᠢᠬᠤᠯᠠ ᠲᠠᠢ ᠪᠠᠶᠢᠪᠠᠯ᠂ ᠭᠤᠴᠢ ᠬᠤᠨᠤᠭ ᠤᠨ ᠡᠮᠦᠨ᠎ᠡ | ᠠᠵᠢᠯᠴᠢᠨ ᠤ ᠡᠪᠯᠡᠯ ᠪᠤᠶᠤ ᠪᠦᠬᠦ ᠠᠵᠢᠯᠲᠠᠨ ᠠᠵᠢᠯᠴᠢᠨ ᠳᠤ ᠪᠠᠶᠢᠳᠠᠯ ᠢᠶᠠᠨ ᠲᠤᠳᠤᠷᠬᠠᠶᠢᠯᠠᠨ ᠦᠭᠴᠤ ᠠᠵᠢᠯᠴᠢᠨ ᠤ | ᠡᠪᠯᠡᠯ ᠪᠤᠶᠤ ᠠᠵᠢᠯᠲᠠᠨ ᠠᠵᠢᠯᠴᠢᠨ ᠤ ᠰᠠᠨᠠᠯ ᠢ ᠰᠣᠨᠤᠰᠴᠤ᠂ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠲᠤ ᠮᠡᠳᠡᠭᠦᠯᠦᠭᠰᠡᠨ ᠤ ᠲᠠᠷᠠᠭ᠎ᠠ ᠬᠦᠮᠦᠨ ᠬᠠᠰᠤᠵᠤ ᠪᠤᠯᠤᠨ᠎ᠠ᠃ | ᠬᠦᠮᠦᠨ ᠬᠡᠷᠡᠭᠯᠡᠬᠦ ᠨᠢᠭᠡᠴᠢ ᠲᠤᠰ ᠵᠦᠢᠯ ᠤᠨ ᠲᠤᠭᠲᠠᠭᠠᠯ ᠶᠤᠰᠤᠭᠠᠷ ᠬᠦᠮᠦᠨ ᠬᠠᠰᠤᠭᠠᠳ ᠵᠢᠷᠭᠤᠭᠠᠨ | ᠰᠠᠷ᠎ᠠ ᠶᠢᠨ ᠲᠤᠲᠤᠷ᠎ᠠ ᠬᠦᠮᠦᠨ ᠡᠯᠰᠡᠵᠤ ᠬᠡᠷᠡᠭᠯᠡᠪᠡᠯ ᠬᠠᠰᠤᠭᠳᠠᠭᠰᠠᠨ ᠬᠦᠮᠦᠰ ᠢ ᠣᠷᠢᠳ ᠢᠶᠠᠷ ᠡᠯᠰᠡᠵᠤ ᠬᠡᠷᠡᠭᠯᠡᠬᠦ | ᠬᠡᠷᠡᠭᠲᠠᠢ᠃ | ᠬᠤᠷᠢᠨ ᠨᠠᠢᠮᠠᠳᠣᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠶᠢᠨ ᠬᠤᠷᠢᠨ ᠲᠦᠷᠪᠡᠳᠦᠭᠡᠷ ᠵᠦᠢᠯ | ᠂ ᠬᠤᠷᠢᠨ ᠵᠢᠷᠭᠤᠳᠤᠭᠠᠷ ᠵᠦᠢᠯ᠂ ᠬᠤᠷᠢᠨ ᠲᠤᠯᠤᠳᠤᠭᠠᠷ ᠵᠦᠢᠯ ᠤᠨ ᠲᠤᠭᠲᠠᠭᠠᠯ ᠢ ᠦᠨᠳᠤᠰᠦᠯᠡᠨ ᠬᠦᠳᠡᠯᠮᠦᠷᠢ ᠶᠢᠨ | ᠭᠡᠷ᠎ᠡ ᠶᠢ ᠬᠦᠴᠦᠨ ᠦᠭᠡᠢ ᠪᠤᠯᠭᠠᠭᠰᠠᠨ ᠪᠠᠶᠢᠪᠠᠯ ᠤᠯᠤᠰ ᠤᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠠᠵᠤ | ᠠᠬᠤᠢ ᠶᠢᠨ ᠲᠦᠯᠦᠪᠦᠷᠢ ᠤᠯᠭᠤᠬᠤ ᠬᠡᠷᠡᠭᠲᠠᠢ᠃ | ᠬᠤᠷᠢ ᠶᠢᠰᠤᠳᠦᠭᠡᠷ ᠵᠦᠢᠯ ᠬᠦᠳᠡᠯᠮᠦᠷᠢᠴᠢᠳ ᠳᠤ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ | ᠪᠠᠶᠢᠪᠠᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠶᠢᠨ ᠬᠤᠷᠢᠨ ᠵᠢᠷᠭᠤᠳᠤᠭᠠᠷ ᠵᠦᠢᠯ᠂ ᠬᠤᠷᠢᠨ ᠲᠤᠯᠤᠳᠤᠭᠠᠷ | ᠵᠦᠢᠯ ᠤᠨ ᠲᠤᠭᠲᠠᠭᠠᠯ ᠢᠶᠠᠷ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠬᠤ ᠦᠭᠡᠢ᠄ | ︵ᠨᠢᠭᠡ︶ ᠠᠵᠢᠯ ᠤᠨ ᠴᠢᠨᠠᠷᠲᠠᠢ ᠡᠪᠡᠳᠴᠢᠨ ᠤᠯᠤᠭᠰᠠᠨ ᠪᠤᠶᠤ ᠠᠵᠢᠯ ᠤᠨ ᠬᠠᠷᠠᠭ᠎ᠠ ᠪᠠᠷ ᠰᠢᠷᠬᠠᠲᠤᠭᠠᠳ | ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠪᠤᠶᠤ ᠬᠡᠰᠡᠭ ᠲᠠᠯ᠎ᠠ ᠪᠠᠷ ᠠᠯᠳᠠᠭᠰᠠᠨ ᠭᠡᠵᠤ ᠲᠤᠳᠤᠯᠠᠭᠳᠠᠭᠰᠠᠨ︔ | ︵ᠬᠤᠶᠠᠷ︶ ᠡᠪᠡᠳᠴᠢᠯᠡᠭᠰᠡᠨ ᠪᠤᠶᠤ ᠰᠢᠷᠬᠠᠲᠤᠭᠠᠳ ᠲᠤᠭᠲᠠᠭᠰᠠᠨ ᠡᠮᠨᠡᠭᠦᠯᠬᠦ ᠬᠤᠭᠤᠴᠠᠭᠠᠨ ᠳᠤ ᠪᠠᠶᠢᠬᠤ | ︔ | ︵ᠭᠤᠷᠪᠠ︶ ᠡᠮᠡᠭᠲᠠᠢ ᠠᠵᠢᠯᠲᠠᠨ ᠠᠵᠢᠯᠴᠢᠨ ᠵᠢᠷᠮᠦᠰᠦᠨ ᠬᠤᠭᠤᠴᠠᠭ᠎ᠠ᠂ ᠬᠦᠩᠭᠡᠵᠢᠬᠦ ᠬᠤᠭᠤᠴᠠᠭ᠎ᠠ᠂ | ᠬᠦᠬᠦᠭᠦᠯᠬᠦ ᠬᠤᠭᠤᠴᠠᠭᠠᠨ ᠳᠠᠭᠠᠨ ᠪᠠᠶᠢᠬᠤ︔ | ︵ᠲᠦᠷᠪᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠳᠤ ᠲᠤᠭᠲᠠᠭᠠᠭᠰᠠᠨ ᠪᠤᠰᠤᠳ | ᠪᠠᠶᠢᠳᠠᠯ ᠤᠳ᠃ | ᠭᠤᠴᠢᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ | ᠪᠤᠯᠭᠠᠬᠤ ᠳᠤ ᠠᠵᠢᠯᠴᠢᠨ ᠤ ᠡᠪᠯᠡᠯ ᠲᠤᠬᠢᠷᠠᠮᠵᠢ ᠦᠭᠡᠢ ᠭᠡᠵᠤ ᠦᠵᠡᠪᠡᠯ ᠰᠠᠨᠠᠯ ᠭᠠᠷᠭᠠᠬᠤ ᠡᠷᠬᠡ ᠲᠠᠢ᠃ ᠬᠡᠷᠪᠡ | ᠬᠦᠮᠦᠨ ᠬᠡᠷᠡᠭᠯᠡᠬᠦ ᠨᠢᠭᠡᠴᠢ ᠬᠠᠤᠯᠢ ᠴᠠᠭᠠᠵᠠ ᠬᠠᠤᠯᠢ ᠲᠤᠭᠲᠠᠭᠠᠯ ᠪᠤᠶᠤ ᠬᠦᠳᠡᠯᠮᠦᠷᠢ ᠶᠢᠨ ᠭᠡᠷ᠎ᠡ ᠠᠴᠠ ᠵᠦᠷᠢᠴᠡᠭᠰᠡᠨ | ᠪᠠᠶᠢᠪᠠᠯ ᠠᠵᠢᠯᠴᠢᠨ ᠤ ᠡᠪᠯᠡᠯ ᠲᠠᠬᠢᠵᠤ ᠰᠢᠢᠳᠪᠦᠷᠢᠯᠡᠭᠦᠯᠬᠦ ᠪᠠᠷ ᠱᠠᠭᠠᠷᠳᠠᠬᠤ ᠡᠷᠬᠡ ᠲᠠᠢ᠃ ᠬᠦᠳᠡᠯᠮᠦᠷᠢᠴᠢᠨ | ᠬᠦᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠭᠰᠠᠨ ᠪᠤᠶᠤ ᠵᠠᠭᠠᠯᠳᠤᠯᠭ᠎ᠠ ᠭᠠᠷᠭᠠᠭᠰᠠᠨ ᠪᠠᠶᠢᠪᠠᠯ ᠠᠵᠢᠯᠴᠢᠨ ᠤ | ᠡᠪᠯᠡᠯ ᠬᠠᠤᠯᠢ ᠶᠤᠰᠤᠭᠠᠷ ᠲᠠᠮᠵᠢᠵᠤ ᠬᠠᠪᠰᠤᠷᠬᠤ ᠬᠡᠷᠡᠭᠲᠠᠢ᠃ | ᠭᠤᠴᠢᠨ ᠨᠢᠭᠡᠳᠦᠭᠡᠷ ᠵᠦᠢᠯ ᠬᠦᠳᠡᠯᠮᠦᠷᠢᠴᠢᠨ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ | ᠭᠡᠪᠡᠯ ᠭᠤᠴᠢ ᠬᠤᠨᠤᠭ ᠤᠨ ᠡᠮᠦᠨ᠎ᠡ ᠬᠦᠮᠦᠨ ᠬᠡᠷᠡᠭᠯᠡᠬᠦ ᠨᠢᠭᠡᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠠᠢ᠃ | ᠭᠤᠴᠢᠨ ᠬᠤᠶᠠᠳᠤᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠦᠳᠡᠯᠮᠦᠷᠢᠴᠢᠨ | ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠪᠠᠷ ᠬᠦᠮᠦᠨ ᠬᠡᠷᠡᠭᠯᠡᠬᠦ ᠨᠢᠭᠡᠴᠢ ᠳᠤ ᠴᠠᠭ ᠲᠤᠬᠠᠢ ᠳᠤᠨᠢ | ᠮᠡᠳᠡᠭᠳᠡᠵᠤ ᠪᠤᠯᠤᠨ᠎ᠠ᠄ | ︵ᠨᠢᠭᠡ︶ ᠲᠤᠷᠰᠢᠨ ᠬᠡᠷᠡᠭᠯᠡᠬᠦ ᠬᠤᠭᠤᠴᠠᠭᠠᠨ ᠳᠤ ᠪᠠᠶᠢᠬᠤ︔ | ︵ᠬᠤᠶᠠᠷ︶ ᠬᠦᠮᠦᠨ ᠬᠡᠷᠡᠭᠯᠡᠬᠦ ᠨᠢᠭᠡᠴᠢ ᠬᠦᠴᠦᠷᠬᠡᠭᠯᠡᠯ᠂ ᠰᠦᠷᠳᠡᠭᠦᠯᠦᠯ ᠪᠤᠶᠤ ᠬᠦᠮᠦᠨ ᠤ ᠪᠡᠶ᠎ᠡ ᠶᠢᠨ | ᠡᠷᠬᠡ ᠴᠢᠯᠦᠭᠡ ᠶᠢ ᠬᠠᠤᠯᠢ ᠪᠤᠰᠤ ᠪᠠᠷ ᠬᠢᠵᠠᠭᠠᠷᠯᠠᠬᠤ ᠠᠷᠭ᠎ᠠ ᠪᠠᠷᠢᠯ ᠢᠶᠠᠷ ᠠᠯᠪᠠᠳᠠᠨ ᠬᠦᠳᠡᠯᠮᠦᠷᠢᠯᠡᠭᠦᠯᠦᠭᠰᠡᠨ︔ | ︵ᠭᠤᠷᠪᠠ︶ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ ᠭᠡᠷ᠎ᠡ ᠶᠢᠨ ᠲᠤᠭᠲᠠᠭᠠᠯ ᠶᠤᠰᠤᠭᠠᠷ | ᠬᠦᠳᠡᠯᠮᠦᠷᠢ ᠶᠢᠨ ᠬᠦᠯᠦᠰᠦ ᠣᠯᠭᠤᠮᠵᠢ ᠤᠯᠭᠤᠭᠰᠨ ᠦᠭᠡᠢ ᠪᠤᠶᠤ ᠬᠦᠳᠡᠯᠮᠦᠷᠢᠯᠡᠬᠦ ᠨᠦᠬᠦᠴᠡᠯ ᠦᠯᠦ ᠬᠠᠩᠭᠠᠭᠰᠠᠨ᠃ | | ᠭᠤᠴᠢᠨ ᠭᠤᠷᠪᠠᠳᠤᠭᠠᠷ ᠵᠦᠢᠯ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠲᠠᠯ᠎ᠠ ᠪᠠ ᠠᠵᠤ | ᠠᠬᠤᠶᠢᠯᠠᠯ ᠬᠤᠭᠤᠷᠤᠨᠳᠤ ᠪᠠᠨ ᠬᠦᠳᠡᠯᠮᠦᠷᠢ ᠶᠢᠨ ᠬᠦᠯᠦᠰᠤ ᠤᠯᠭᠤᠮᠵᠢ᠂ ᠠᠵᠢᠯᠯᠠᠬᠤ ᠴᠠᠭ᠂ ᠠᠮᠠᠷᠠᠬᠤ᠂ | ᠠᠮᠠᠷᠠᠯᠲᠠ ᠶᠢᠨ ᠴᠢᠯᠦᠭᠡ ᠠᠪᠬᠤ᠂ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ᠂ ᠲᠠᠭᠠᠳᠬᠠᠯ | ᠠᠰᠠᠷᠠᠮᠵᠢ ᠵᠡᠷᠭᠡ ᠤᠴᠢᠷ ᠶᠠᠪᠤᠳᠠᠯ ᠤᠨ ᠲᠤᠬᠠᠢ ᠬᠠᠮᠲᠤ ᠶᠢᠨ ᠭᠡᠷ᠎ᠡ ᠲᠤᠭᠲᠠᠭᠠᠵᠤ ᠪᠤᠯᠤᠨ᠎ᠠ᠃ ᠬᠠᠮᠲᠤ ᠶᠢᠨ | ᠭᠡᠷ᠎ᠡ ᠶᠢᠨ ᠲᠦᠰᠦᠯ ᠢ ᠠᠵᠢᠯᠲᠠᠨ ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ ᠪᠤᠶᠤ ᠪᠦᠬᠦ ᠠᠵᠢᠯᠲᠠᠨ | ᠠᠵᠢᠯᠴᠢᠨ ᠳᠤ ᠲᠡᠪᠰᠢᠭᠦᠯᠦᠨ ᠶᠠᠷᠢᠯᠴᠠᠭᠤᠯᠵᠤ ᠪᠠᠲᠤᠯᠠᠭᠤᠯᠬᠤ ᠬᠡᠷᠡᠭᠲᠠᠢ᠃ | ᠬᠠᠮᠲᠤ ᠶᠢᠨ ᠭᠡᠷ᠎ᠡ ᠶᠢ ᠠᠵᠢᠯᠴᠢᠨ ᠤ ᠡᠪᠯᠡᠯ ᠠᠴᠠ ᠠᠵᠢᠯᠲᠠᠨ ᠠᠵᠢᠯᠴᠢᠨ ᠢ ᠲᠦᠯᠦᠭᠡᠯᠡᠨ ᠠᠵᠤ | ᠠᠬᠤᠶᠢᠯᠠᠯ ᠯᠤᠭ᠎ᠠ ᠲᠤᠭᠲᠠᠭᠠᠨ᠎ᠠ︔ ᠠᠵᠢᠯᠴᠢᠨ ᠤ ᠡᠪᠯᠡᠯ ᠪᠠᠶᠢᠭᠤᠯᠤᠭᠰᠠᠨ ᠦᠭᠡᠢ ᠠᠵᠤ ᠠᠬᠤᠶᠢᠯᠠᠯ ᠳᠤ ᠪᠤᠯ | ᠠᠵᠢᠯᠲᠠᠨ ᠠᠵᠢᠯᠴᠢᠨ ᠤ ᠰᠤᠩᠭᠤᠭᠰᠠᠨ ᠲᠦᠯᠦᠭᠡᠯᠡᠭᠴᠢ ᠠᠵᠤ ᠠᠬᠤᠶᠢᠯᠠᠯ ᠯᠤᠭ᠎ᠠ ᠲᠤᠭᠲᠠᠭᠠᠨ᠎ᠠ᠃ | ᠭᠤᠴᠢᠨ ᠲᠦᠷᠪᠡᠳᠦᠭᠡᠷ ᠵᠦᠢᠯ ᠬᠠᠮᠲᠤ ᠶᠢᠨ ᠭᠡᠷ᠎ᠡ ᠶᠢ ᠲᠤᠭᠲᠠᠭᠠᠭᠰᠠᠨ ᠤ ᠲᠠᠷᠠᠭ᠎ᠠ ᠬᠦᠳᠡᠯᠮᠦᠷᠢ ᠶᠢᠨ | ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠮᠡᠳᠡᠭᠦᠯᠦᠨ ᠲᠡᠪᠰᠢᠭᠦᠯᠬᠦ ᠬᠡᠷᠡᠭᠲᠠᠢ︔ ᠬᠦᠳᠡᠯᠮᠦᠷᠢ ᠶᠢᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠨᠢ ᠬᠠᠮᠲᠤ ᠶᠢᠨ ᠭᠡᠷ᠎ᠡ ᠶᠢᠨ ᠪᠢᠴᠢᠭ ᠢ ᠤᠯᠵᠤ ᠠᠪᠤᠭᠰᠠᠨ ᠡᠳᠦᠷ ᠠᠴᠠ ᠡᠬᠢᠯᠡᠨ | ᠠᠷᠪᠠᠨ ᠲᠠᠪᠤᠨ ᠬᠤᠨᠤᠭ ᠤᠨ ᠲᠤᠲᠤᠷ᠎ᠠ ᠤᠨᠳᠤᠤ ᠰᠠᠨᠠᠯ ᠭᠠᠷᠭᠠᠭᠰᠠᠨ ᠦᠭᠡᠢ ᠪᠠᠶᠢᠪᠠᠯ ᠬᠠᠮᠲᠤ ᠶᠢᠨ ᠭᠡᠷ᠎ᠡ ᠲᠠᠷᠤᠢ | ᠬᠦᠴᠦᠨ ᠲᠠᠢ ᠪᠤᠯᠤᠨ᠎ᠠ᠃ | ᠭᠤᠴᠢᠨ ᠲᠠᠪᠤᠳᠤᠭᠠᠷ ᠵᠦᠢᠯ ᠬᠠᠤᠯᠢ ᠶᠤᠰᠤᠭᠠᠷ ᠲᠤᠭᠲᠠᠭᠠᠭᠰᠠᠨ ᠬᠠᠮᠲᠤ ᠶᠢᠨ ᠭᠡᠷ᠎ᠡ ᠨᠢ ᠠᠵᠤ | ᠠᠬᠤᠶᠢᠯᠠᠯ ᠪᠠ ᠠᠵᠤ ᠠᠬᠤᠶᠢᠯᠠᠯ ᠤᠨ ᠪᠦᠬᠦ ᠠᠵᠢᠯᠲᠠᠨ ᠠᠵᠢᠯᠴᠢᠨ ᠳᠤ ᠬᠢᠵᠠᠭᠠᠷᠯᠠᠬᠤ ᠬᠦᠴᠦᠨ ᠲᠠᠢ᠃ ᠠᠵᠢᠯᠲᠠᠨ | ᠠᠵᠢᠯᠴᠢᠨ ᠬᠤᠪᠢ ᠬᠦᠮᠦᠨ ᠢᠶᠠᠷ ᠢᠶᠠᠨ ᠠᠵᠤ ᠠᠬᠤᠶᠢᠯᠠᠯ ᠯᠤᠭ᠎ᠠ ᠲᠤᠭᠲᠠᠭᠠᠭᠰᠠᠨ ᠬᠦᠳᠡᠯᠮᠦᠷᠢ ᠶᠢᠨ ᠭᠡᠷ᠎ᠡ ᠶᠢᠨ | ᠲᠤᠲᠤᠷᠠᠬᠢ ᠬᠦᠳᠡᠯᠮᠦᠷᠢ ᠶᠢᠨ ᠨᠦᠬᠦᠴᠡᠯ ᠪᠠ ᠬᠦᠳᠡᠯᠮᠦᠷᠢ ᠶᠢᠨ ᠬᠦᠯᠦᠰᠦ ᠤᠯᠭᠤᠮᠵᠢ ᠵᠡᠷᠭᠡ ᠪᠠᠷᠢᠮᠵᠢᠶ᠎ᠠ ᠨᠢ | ᠬᠠᠮᠲᠤ ᠶᠢᠨ ᠭᠡᠷ᠎ᠡ ᠶᠢᠨ ᠲᠤᠭᠲᠠᠭᠠᠯ ᠠᠴᠠ ᠲᠤᠤᠷ᠎ᠠ ᠪᠠᠶᠢᠵᠤ ᠪᠤᠯᠬᠤ ᠦᠭᠡᠢ᠃ | ᠲᠦᠷᠪᠡᠳᠦᠭᠡᠷ ᠪᠦᠯᠦᠭ ᠠᠵᠢᠯᠯᠠᠬᠤ ᠴᠠᠭ ᠪᠠ ᠠᠮᠠᠷᠠᠬᠤ᠂ ᠠᠮᠠᠷᠠᠯᠲᠠ ᠶᠢᠨ ᠴᠢᠯᠦᠭᠡ | ᠭᠤᠴᠢᠨ ᠵᠢᠷᠭᠤᠳᠤᠭᠠᠷ ᠵᠦᠢᠯ ᠤᠯᠤᠰ ᠠᠴᠠ ᠬᠦᠳᠡᠯᠮᠦᠷᠢᠴᠢᠳ ᠤᠨ ᠡᠳᠦᠷ ᠪᠦᠷᠢ ᠶᠢᠨ ᠠᠵᠢᠯᠯᠠᠬᠤ | ᠴᠠᠭ ᠢ ᠨᠠᠢᠮᠠᠨ ᠴᠠᠭ ᠠᠴᠠ ᠦᠯᠦ ᠬᠡᠲᠦᠷᠡᠭᠦᠯᠬᠦ᠂ ᠭᠠᠷᠠᠭ ᠪᠦᠷᠢ ᠶᠢᠨ ᠳᠤᠮᠳᠠᠴᠢ ᠠᠵᠢᠯᠯᠠᠬᠤ ᠴᠠᠭ ᠢ ᠲᠦᠴᠢᠨ | ᠲᠦᠷᠪᠡᠨ ᠴᠠᠭ ᠠᠴᠠ ᠦᠯᠦ ᠬᠡᠲᠦᠷᠡᠭᠦᠯᠬᠦ ᠠᠵᠢᠯ ᠤᠨ ᠴᠠᠭ ᠤᠨ ᠲᠦᠷᠢᠮ ᠢ ᠬᠡᠷᠡᠭᠵᠢᠭᠦᠯᠦᠨ᠎ᠠ᠃ | ᠭᠤᠴᠢᠨ ᠲᠤᠯᠤᠳᠤᠭᠠᠷ ᠵᠦᠢᠯ ᠲᠤᠭᠠᠴᠠᠭᠠᠯᠠᠨ ᠪᠤᠳᠤᠬᠤ ᠠᠵᠢᠯ ᠬᠢᠵᠤ ᠪᠠᠶᠢᠭ᠎ᠠ ᠬᠦᠳᠡᠯᠮᠦᠷᠢᠴᠢᠳ ᠲᠤ | ᠪᠤᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠶᠢᠨ ᠭᠤᠴᠢᠨ ᠵᠢᠷᠭᠤᠳᠤᠭᠠᠷ ᠵᠦᠢᠯ ᠳᠤ ᠲᠤᠭᠲᠠᠭᠠᠭᠰᠠᠨ ᠠᠵᠢᠯ ᠤᠨ | ᠴᠠᠭ ᠤᠨ ᠲᠦᠷᠢᠮ ᠢ ᠦᠨᠳᠤᠰᠤᠯᠡᠨ ᠬᠦᠳᠡᠯᠮᠦᠷᠢ ᠶᠢᠨ ᠲᠤᠭ᠎ᠠ ᠨᠤᠷᠮ᠎ᠠ ᠪᠠ ᠲᠤᠭᠠᠴᠠᠭᠠᠯᠠᠨ ᠪᠤᠳᠤᠬᠤ ᠬᠦᠯᠦᠰᠤ | ᠤᠯᠭᠤᠮᠵᠢ ᠶᠢᠨ ᠪᠠᠷᠢᠮᠵᠢᠶ᠎ᠠ ᠶᠢ ᠵᠦᠢ ᠵᠤᠬᠢᠰᠲᠠᠢ ᠪᠠᠷ ᠲᠤᠭᠲᠠᠭᠠᠬᠤ ᠬᠡᠷᠡᠭᠲᠠᠢ᠃ | ᠭᠤᠴᠢᠨ ᠨᠠᠢᠮᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢᠴᠢᠳ ᠤᠨ ᠭᠠᠷᠠᠭ ᠪᠦᠷᠢ | ᠠᠳᠠᠭ ᠲᠠᠭᠠᠨ ᠨᠢᠭᠡ ᠡᠳᠦᠷ ᠠᠮᠠᠷᠠᠬᠤ ᠶᠢ ᠪᠠᠲᠤᠯᠠᠬᠤ ᠬᠡᠷᠡᠭᠲᠠᠢ᠃ | ᠭᠤᠴᠢ ᠶᠢᠰᠤᠳᠦᠭᠡᠷ ᠵᠦᠢᠯ ᠠᠵᠤ ᠠᠬᠤᠶᠢᠯᠠᠯ ᠨᠢ ᠦᠢᠯᠡᠳᠪᠦᠷᠢᠯᠡᠯ ᠤᠨ ᠤᠨᠴᠠᠯᠢᠭ ᠠᠴᠠ ᠪᠠᠨ ᠪᠤᠯᠵᠤ | ᠲᠤᠰ ᠬᠠᠤᠯᠢ ᠶᠢᠨ ᠭᠤᠴᠢᠨ ᠵᠢᠷᠭᠤᠳᠤᠭᠠᠷ ᠵᠦᠢᠯ᠂ ᠭᠤᠴᠢᠨ ᠨᠠᠢᠮᠠᠳᠤᠭᠠᠷ ᠵᠦᠢᠯ ᠤᠨ ᠲᠤᠭᠲᠠᠭᠠᠯ ᠢ ᠬᠡᠷᠡᠭᠵᠢᠭᠦᠯᠵᠤ | ᠲᠡᠶᠢᠯᠬᠦ ᠦᠭᠡᠢ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠦᠭᠡᠳ | ᠪᠤᠰᠤᠳ ᠵᠦᠢᠯ ᠤᠨ ᠠᠵᠢᠯᠯᠠᠬᠤ ᠪᠠ ᠠᠮᠠᠷᠠᠬᠤ ᠠᠷᠭ᠎ᠠ ᠶᠢ ᠬᠡᠷᠡᠭᠵᠢᠭᠦᠯᠵᠤ ᠪᠤᠯᠤᠨ᠎ᠠ᠃ | ᠳᠦᠴᠢᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠲᠤᠤᠷ᠎ᠠ ᠵᠢᠭᠰᠠᠭᠠᠭᠰᠠᠨ ᠪᠠᠶᠠᠷ ᠤᠨ ᠡᠳᠦᠷ ᠤᠨ | ᠬᠤᠭᠤᠴᠠᠭᠠᠨ ᠳᠤ ᠬᠦᠳᠡᠯᠮᠦᠷᠢᠴᠢᠳ ᠲᠤ ᠬᠠᠤᠯᠢ ᠶᠤᠰᠤᠭᠠᠷ ᠠᠮᠠᠷᠠᠯᠲᠠ ᠶᠢᠨ ᠴᠢᠯᠦᠭᠡ ᠲᠤᠬᠢᠷᠠᠭᠤᠯᠵᠤ ᠦᠭᠬᠦ | ᠬᠡᠷᠡᠭᠲᠠᠢ᠄ | ︵ᠨᠢᠭᠡ︶ ᠰᠢᠨ᠎ᠡ ᠵᠢᠯ ᠤᠨ ᠰᠢᠨ᠎ᠡ ᠶᠢᠨ ᠨᠢᠭᠡᠨ︔ | ︵ᠬᠤᠶᠠᠷ︶ ᠴᠠᠭᠠᠨ ᠰᠠᠷ᠎ᠠ ᠶᠢᠨ ᠪᠠᠶᠠᠷ︔ | ︵ᠭᠤᠷᠪᠠ︶ ᠲᠡᠯᠡᠬᠡᠢ ᠶᠢᠨ ᠬᠦᠳᠡᠯᠮᠦᠷᠢᠴᠢᠳ ᠤᠨ ᠪᠠᠶᠠᠷ︔ | ︵ᠲᠦᠷᠪᠡ︶ ᠤᠯᠤᠰ ᠤᠨ ᠪᠠᠶᠠᠷ︔ | ︵ᠲᠠᠪᠤ︶ ᠬᠠᠤᠯᠢ ᠴᠠᠭᠠᠵᠠ᠂ ᠬᠠᠤᠯᠢ ᠲᠤᠭᠲᠠᠭᠠᠯ ᠳᠤ ᠠᠮᠠᠷᠠᠯᠲᠠ ᠶᠢᠨ ᠴᠢᠯᠦᠭᠡ ᠲᠠᠯᠪᠢᠬᠤ ᠪᠠᠷ | ᠲᠤᠭᠲᠠᠭᠠᠭᠰᠠᠨ ᠪᠤᠰᠤᠳ ᠪᠠᠶᠠᠷ ᠤᠨ ᠡᠳᠦᠷ᠃ | ᠲᠦᠴᠢᠨ ᠨᠢᠭᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠦᠢᠯᠡᠳᠪᠦᠷᠢᠯᠡᠯ ᠡᠵᠡᠩᠨᠡᠯᠲᠡ ᠳᠤᠨᠢ | ᠬᠡᠷᠡᠭᠴᠡᠭᠡ ᠲᠠᠢ ᠪᠤᠯᠪᠠᠯ ᠠᠵᠢᠯᠴᠢᠨ ᠤ ᠡᠪᠯᠡᠯ ᠪᠠ ᠬᠦᠳᠡᠯᠮᠦᠷᠢᠴᠢᠨ ᠲᠠᠢ ᠵᠦᠪᠳᠡᠯᠴᠡᠭᠰᠡᠨ ᠤ ᠲᠠᠷᠠᠭ᠎ᠠ ᠠᠵᠢᠯᠯᠠᠬᠤ | ᠴᠠᠭ ᠢ ᠣᠷᠲᠤᠳᠬᠠᠵᠤ ᠪᠤᠯᠤᠨ᠎ᠠ᠂ ᠭᠡᠬᠦ ᠳᠡᠭᠡᠨ ᠡᠩ ᠤᠨ ᠪᠠᠶᠢᠳᠠᠯ ᠤᠨ ᠲᠤᠤᠷ᠎ᠠ ᠡᠳᠦᠷ ᠪᠦᠷᠢ ᠨᠢᠭᠡ ᠴᠠᠭ ᠠᠴᠠ | ᠬᠡᠳᠦᠷᠡᠭᠦᠯᠵᠤ ᠪᠤᠯᠬᠤ ᠦᠭᠡᠢ︔ ᠤᠨᠴᠠᠭᠠᠢ ᠰᠢᠯᠲᠠᠭᠠᠨ ᠠᠴᠠ ᠪᠤᠯᠤᠭᠠᠳ ᠠᠵᠢᠯᠯᠠᠬᠤ ᠴᠠᠭ ᠢ ᠣᠷᠲᠤᠳᠬᠠᠬᠤ | ᠴᠢᠬᠤᠯᠠ ᠲᠠᠢ ᠪᠠᠶᠢᠪᠠᠯ ᠬᠦᠳᠡᠯᠮᠦᠷᠢᠴᠢᠳ ᠤᠨ ᠪᠡᠶ᠎ᠡ ᠶᠢᠨ ᠡᠷᠡᠭᠦᠯ ᠴᠢᠬᠢᠷᠠᠭ ᠢ ᠪᠠᠲᠤᠯᠠᠬᠤ ᠨᠦᠬᠦᠴᠡᠯ ᠲᠤᠤᠷ᠎ᠠ | ᠤᠷᠲᠤᠳᠬᠠᠬᠤ ᠠᠵᠢᠯ ᠤᠨ ᠴᠠᠭ ᠢ ᠡᠳᠦᠷ ᠪᠦᠷᠢ ᠭᠤᠷᠪᠠᠨ ᠴᠠᠭ ᠠᠴᠠ ᠬᠡᠲᠦᠷᠡᠭᠦᠯᠵᠤ ᠪᠤᠯᠬᠤ ᠦᠭᠡᠢ᠂ ᠭᠡᠪᠡᠴᠤ | ᠰᠠᠷ᠎ᠠ ᠪᠦᠷᠢ ᠳᠤ ᠭᠤᠴᠢᠨ ᠵᠢᠷᠭᠤᠭᠠᠨ ᠴᠠᠭ ᠠᠴᠠ ᠬᠡᠲᠦᠷᠡᠭᠦᠯᠵᠤ ᠪᠤᠯᠬᠤ ᠦᠭᠡᠢ᠃ | ᠲᠦᠴᠢᠨ ᠬᠤᠶᠠᠳᠤᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠠᠵᠢᠯᠯᠠᠬᠤ | ᠴᠠᠭ ᠢ ᠤᠷᠲᠤᠳᠬᠠᠬᠤ ᠳᠤ ᠲᠤᠰ ᠬᠠᠤᠯᠢ ᠶᠢᠨ ᠲᠦᠴᠢᠨ ᠨᠢᠭᠡᠳᠦᠭᠡᠷ ᠵᠦᠢᠯ ᠤᠨ ᠲᠤᠭᠲᠠᠭᠠᠯ ᠳᠤ ᠬᠢᠵᠠᠭᠠᠷᠯᠠᠭᠳᠠᠬᠤ | ᠦᠭᠡᠢ᠄ | ︵ᠨᠢᠭᠡ︶ ᠪᠠᠶᠢᠭᠠᠯᠢ ᠶᠢᠨ ᠭᠠᠮᠰᠢᠭ᠂ ᠭᠡᠨᠡᠳᠡᠯ ᠭᠠᠷᠤᠭᠰᠠᠨ ᠪᠤᠶᠤ ᠪᠤᠰᠤᠳ ᠰᠢᠯᠲᠠᠭᠠᠨ ᠠᠴᠠ ᠪᠤᠯᠵᠤ | ᠬᠦᠳᠡᠯᠮᠦᠷᠢᠴᠢᠳ ᠤᠨ ᠠᠮᠢ ᠨᠠᠰᠤ ᠡᠷᠡᠭᠦᠯ ᠴᠢᠬᠢᠷᠠᠭ ᠪᠠ ᠡᠳ᠋ ᠬᠦᠷᠦᠩᠭᠡ ᠶᠢᠨ ᠠᠮᠤᠷ ᠲᠦᠪᠰᠢᠨ ᠰᠦᠷᠳᠡᠭᠦᠯᠦᠯ ᠳᠤ | ᠤᠴᠠᠷᠠᠭᠠᠳ ᠪᠠᠴᠢᠮ ᠰᠢᠢᠳᠪᠦᠷᠢᠯᠡᠬᠦ ᠴᠢᠬᠤᠯᠠ ᠲᠠᠢ ᠪᠤᠯᠤᠭᠰᠠᠨ︔ | ︵ᠬᠤᠶᠠᠷ︶ ᠦᠢᠯᠡᠳᠪᠦᠷᠢᠯᠡᠯ ᠤᠨ ᠲᠦᠬᠦᠭᠡᠷᠤᠮᠵᠢ᠂ ᠵᠠᠮ ᠬᠠᠷᠢᠯᠴᠠᠭᠠᠨ ᠤ ᠲᠡᠭᠡᠭᠡᠪᠦᠷᠢ ᠶᠢᠨ ᠱᠤᠭᠤᠮ᠂ | ᠤᠯᠠᠨ ᠨᠡᠶᠢᠲᠡ ᠶᠢᠨ ᠪᠡᠯᠡᠳᠭᠡᠯ ᠲᠦᠬᠦᠭᠡᠷᠦᠮᠵᠢ ᠳᠤ ᠬᠠᠷᠰᠢ ᠰᠠᠭᠠᠳ ᠭᠠᠷᠴᠤ ᠦᠢᠯᠡᠳᠪᠦᠷᠢᠯᠡᠯ ᠪᠠ ᠤᠯᠠᠨ | ᠨᠡᠶᠢᠲᠡ ᠶᠢᠨ ᠠᠰᠢᠭ ᠲᠤᠰᠠ ᠶᠢ ᠨᠦᠯᠦᠭᠡᠯᠡᠭᠡᠳ ᠡᠷᠬᠡᠪᠰᠢ ᠴᠠᠭ ᠲᠤᠬᠠᠢ ᠳᠤᠨᠢ ᠱᠠᠯᠠᠪᠳᠠᠨ ᠵᠠᠰᠠᠬᠤ ᠴᠢᠬᠤᠯᠠ ᠲᠠᠢ | ᠪᠤᠯᠤᠭᠰᠠᠨ︔ | ︵ᠭᠤᠷᠪᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠳᠤ ᠲᠤᠭᠲᠠᠭᠠᠭᠰᠠᠨ ᠪᠤᠰᠤᠳ | ᠪᠠᠶᠢᠳᠠᠯ ᠤᠳ᠃ | ᠲᠦᠴᠢᠨ ᠭᠤᠷᠪᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠶᠢᠨ ᠲᠤᠭᠲᠠᠭᠠᠯ ᠢ ᠵᠦᠷᠢᠴᠡᠵᠤ | ᠬᠦᠳᠡᠯᠮᠦᠷᠢᠴᠢᠳ ᠤᠨ ᠠᠵᠢᠯᠯᠠᠬᠤ ᠴᠠᠭ ᠢ ᠣᠷᠲᠤᠳᠬᠠᠵᠤ ᠪᠤᠯᠬᠤ ᠦᠭᠡᠢ᠃ | ᠲᠦᠴᠢᠨ ᠲᠦᠷᠪᠡᠳᠦᠭᠡᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠦᠮᠦᠨ | ᠬᠡᠷᠡᠭᠯᠡᠬᠦ ᠨᠢᠭᠡᠴᠢ ᠲᠤᠤᠷᠠᠬᠢ ᠪᠠᠷᠢᠮᠵᠢᠶ᠎ᠠ ᠶᠤᠰᠤᠭᠠᠷ ᠬᠦᠳᠡᠯᠮᠦᠷᠢᠴᠢᠳ ᠲᠤ ᠶᠡᠷᠤ ᠶᠢᠨ ᠠᠵᠢᠯᠯᠠᠬᠤ ᠴᠠᠭ ᠤᠨ | ᠴᠠᠯᠢᠩ ᠠᠴᠠ ᠲᠡᠭᠡᠭᠦᠷ ᠴᠠᠯᠢᠩ ᠬᠦᠯᠦᠰᠤ ᠤᠯᠭᠤᠬᠤ ᠬᠡᠷᠡᠭᠲᠠᠢ᠄ | ︵ᠨᠢᠭᠡ︶ ᠬᠦᠳᠡᠯᠮᠦᠷᠢᠴᠢᠳ ᠤᠨ ᠠᠵᠢᠯᠯᠠᠬᠤ ᠴᠠᠭ ᠢ ᠤᠷᠲᠤᠳᠬᠠᠬᠤ ᠪᠠᠷ ᠲᠤᠬᠢᠷᠠᠭᠤᠯᠤᠭᠰᠠᠨ ᠪᠠᠶᠢᠪᠠᠯ | ᠴᠠᠯᠢᠩ ᠤᠨ ᠬᠢᠨᠢ ᠵᠠᠭᠤᠨ ᠤ ᠲᠠᠪᠢᠨ ᠬᠤᠪᠢ ᠠᠴᠠ ᠲᠤᠤᠷ᠎ᠠ ᠦᠭᠡᠢ ᠴᠠᠯᠢᠩ ᠬᠦᠯᠦᠰᠤ ᠤᠯᠭᠤᠨ᠎ᠠ︔ | ︵ᠬᠤᠶᠠᠷ︶ ᠬᠦᠳᠡᠯᠮᠦᠷᠢᠴᠢᠳ ᠢ ᠠᠮᠠᠷᠠᠯᠲᠠ ᠶᠢᠨ ᠡᠳᠦᠷ ᠠᠵᠢᠯᠯᠠᠬᠤ ᠪᠠᠷ ᠲᠤᠬᠢᠷᠠᠭᠤᠯᠤᠭᠰᠠᠨ ᠪᠦᠭᠡᠳ | ᠨᠦᠬᠦᠪᠦᠷᠢ ᠠᠮᠠᠷᠠᠯᠲᠠ ᠲᠤᠬᠢᠷᠠᠭᠤᠯᠵᠤ ᠴᠢᠳᠠᠬᠤ ᠦᠭᠡᠢ ᠪᠠᠶᠢᠪᠠᠯ ᠴᠠᠯᠢᠩ ᠤᠨ ᠬᠢᠨᠢ ᠵᠠᠭᠤᠨ ᠤ ᠬᠤᠶᠠᠷ ᠵᠠᠭᠤᠨ | ᠬᠤᠪᠢ ᠠᠴᠠ ᠲᠤᠤᠷ᠎ᠠ ᠦᠭᠡᠢ ᠴᠠᠯᠢᠩ ᠬᠦᠯᠦᠰᠤ ᠤᠯᠭᠤᠨ᠎ᠠ︔ | ︵ᠭᠤᠷᠪᠠ︶ ᠬᠠᠤᠯᠢ ᠪᠠᠷ ᠲᠤᠭᠲᠠᠭᠠᠭᠰᠠᠨ ᠠᠮᠠᠷᠠᠯᠲᠠ ᠶᠢᠨ ᠡᠳᠦᠷ ᠬᠦᠳᠡᠯᠮᠦᠷᠢᠴᠢᠳ ᠢ ᠠᠵᠢᠯᠯᠠᠬᠤ ᠪᠠᠷ | ᠲᠤᠬᠢᠷᠠᠭᠤᠯᠤᠭᠰᠠᠨ ᠪᠠᠶᠢᠪᠠᠯ ᠴᠠᠯᠢᠩ ᠤᠨ ᠬᠢᠨᠢ ᠵᠠᠭᠤᠨ ᠤ ᠭᠤᠷᠪᠠᠨ ᠵᠠᠭᠤᠨ ᠬᠤᠪᠢ ᠠᠴᠠ ᠲᠤᠤᠷ᠎ᠠ ᠦᠭᠡᠢ ᠴᠠᠯᠢᠩ | ᠬᠦᠯᠦᠰᠤ ᠤᠯᠭᠤᠨ᠎ᠠ᠃ | ᠲᠦᠴᠢᠨ ᠲᠠᠪᠤᠳᠤᠭᠠᠷ ᠵᠦᠢᠯ ᠤᠯᠤᠰ ᠠᠴᠠ ᠴᠠᠯᠢᠩ ᠲᠠᠢ ᠪᠠᠷ ᠵᠢᠯ ᠤᠨ ᠠᠮᠠᠷᠠᠯᠲᠠ ᠶᠢᠨ ᠴᠢᠯᠦᠭᠡ ᠠᠪᠬᠤ | ᠲᠦᠷᠢᠮ ᠢ ᠬᠡᠷᠡᠭᠵᠢᠭᠦᠯᠦᠨ᠎ᠡ᠃ ᠬᠦᠳᠡᠯᠮᠦᠷᠢᠴᠢᠨ ᠵᠠᠯᠭᠠᠭᠠᠪᠠᠷ ᠨᠢᠭᠡ ᠵᠢᠯ ᠠᠴᠠ ᠲᠡᠭᠡᠭᠰᠢ ᠠᠵᠢᠯᠯᠠᠭᠰᠠᠨ ᠪᠠᠶᠢᠪᠠᠯ | ᠴᠠᠯᠢᠩ ᠲᠠᠢ ᠪᠠᠷ ᠵᠢᠯ ᠤᠨ ᠠᠮᠠᠷᠠᠯᠲᠠ ᠶᠢᠨ ᠴᠢᠯᠦᠭᠡ ᠠᠪᠴᠤ ᠪᠤᠯᠤᠨ᠎ᠠ᠃ ᠪᠤᠲᠠᠲᠠᠢ ᠲᠦᠷᠢᠮ ᠢ ᠲᠦᠷᠦ ᠶᠢᠨ | ᠶᠠᠪᠤᠳᠠᠯ ᠤᠨ ᠬᠤᠷᠢᠶ᠎ᠠ ᠠᠴᠠ ᠲᠤᠭᠲᠠᠭᠠᠨ᠎ᠠ᠃ | ᠲᠠᠪᠤᠳᠤᠭᠠᠷ ᠪᠦᠯᠦᠭ ᠴᠠᠯᠢᠩ | ᠲᠦᠴᠢᠨ ᠵᠢᠷᠭᠤᠳᠤᠭᠠᠷ ᠵᠦᠢᠯ ᠴᠠᠯᠢᠩ ᠤᠨ ᠬᠤᠪᠢᠶᠠᠷᠢᠯᠠᠯᠲᠠ ᠳᠤ ᠬᠦᠳᠡᠯᠮᠦᠷᠢᠯᠡᠭᠰᠡᠨ ᠤ ᠬᠢᠷᠢ ᠪᠠᠷ | ᠬᠤᠪᠢᠶᠠᠷᠢᠯᠠᠬᠤ ᠵᠠᠷᠴᠢᠮ ᠢ ᠵᠢᠷᠤᠮᠯᠠᠨ ᠠᠳᠠᠯᠢ ᠠᠵᠢᠯ ᠳᠤ ᠠᠳᠠᠯᠢ ᠬᠦᠯᠦᠰᠤ ᠤᠯᠭᠤᠮᠵᠢ ᠤᠯᠭᠤᠬᠤ ᠬᠡᠷᠡᠭᠲᠠᠢ᠃ | ᠴᠠᠯᠢᠩ ᠤᠨ ᠬᠢᠷᠢ ᠬᠡᠮᠵᠢᠶ᠎ᠡ ᠶᠢ ᠠᠵᠤ ᠠᠬᠤᠢ ᠶᠢᠨ ᠬᠦᠭᠵᠢᠯᠲᠡ ᠶᠢᠨ ᠰᠠᠭᠤᠷᠢᠨ ᠲᠡᠭᠡᠷ᠎ᠡ ᠠᠯᠬᠤᠮ | ᠠᠯᠬᠤᠮ ᠢᠶᠠᠷ ᠲᠡᠭᠡᠭᠰᠢᠯᠡᠭᠦᠯᠦᠨ᠎ᠡ᠃ ᠣᠯᠣᠰ ᠠᠴᠠ ᠴᠠᠯᠢᠩ ᠤᠨ ᠶᠡᠷᠤᠩᠬᠡᠢ ᠬᠡᠮᠵᠢᠶ᠎ᠡ ᠳᠤ ᠬᠤᠷᠸ᠎ᠠ ᠲᠤᠬᠢᠷᠠᠭᠤᠯᠤᠯ | ᠡᠵᠡᠮᠳᠡᠯ ᠶᠠᠪᠤᠭᠤᠯᠤᠨ᠎ᠠ᠃ | ᠲᠦᠴᠢᠨ ᠲᠤᠯᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠤᠰ ᠨᠢᠭᠡᠴᠢ ᠶᠢᠨ ᠢᠶᠠᠨ ᠦᠢᠯᠡᠳᠪᠦᠷᠢᠯᠡᠯ | ᠡᠵᠡᠩᠨᠡᠯᠲᠡ ᠶᠢᠨ ᠤᠨᠴᠠᠯᠢᠭ ᠪᠠ ᠠᠵᠤ ᠠᠬᠤᠢ ᠶᠢᠨ ᠦᠷ᠎ᠡ ᠠᠰᠢᠭ ᠢ ᠦᠨᠳᠤᠰᠦᠯᠡᠨ ᠲᠤᠰ ᠨᠢᠭᠡᠴᠢ ᠶᠢᠨ ᠢᠶᠠᠨ | ᠴᠠᠯᠢᠩ ᠤᠨ ᠬᠤᠪᠢᠶᠠᠷᠢᠯᠠᠯᠲᠠ ᠶᠢᠨ ᠬᠡᠯᠪᠡᠷᠢ ᠪᠠ ᠴᠠᠯᠢᠩ ᠤᠨ ᠬᠢᠷᠢ ᠬᠡᠮᠵᠢᠶ᠎ᠡ ᠶᠢ ᠬᠠᠤᠯᠢ ᠶᠤᠰᠤᠭᠠᠷ ᠪᠡᠶ᠎ᠡ ᠪᠠᠨ | ᠲᠠᠭᠠᠭᠠᠵᠤ ᠲᠤᠭᠲᠠᠭᠠᠨ᠎ᠠ᠃ | ᠲᠦᠴᠢᠨ ᠨᠠᠢᠮᠠᠳᠣᠭᠠᠷ ᠵᠦᠢᠯ ᠤᠯᠤᠰ ᠠᠴᠠ ᠬᠠᠮᠤᠭ ᠲᠣᠣᠷ᠎ᠠ ᠴᠠᠯᠢᠩ ᠤᠨ ᠪᠠᠲᠤᠯᠭ᠎ᠠ ᠶᠢᠨ ᠲᠦᠷᠢᠮ ᠢ | ᠬᠡᠷᠡᠭᠵᠢᠭᠦᠯᠦᠨ᠎ᠡ᠃ ᠬᠠᠮᠤᠭ ᠲᠤᠤᠷ᠎ᠠ ᠴᠠᠯᠢᠩ ᠤᠨ ᠪᠣᠲᠠᠲᠠᠢ ᠪᠠᠷᠢᠮᠵᠢᠶ᠎ᠠ ᠶᠢ ᠮᠤᠵᠢ᠂ ᠦᠪᠡᠷᠲᠡᠭᠡᠨ ᠵᠠᠰᠠᠬᠤ ᠤᠷᠤᠨ᠂ | ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠤᠷᠲᠤᠨ ᠲᠤᠭᠲᠠᠭᠠᠵᠤ ᠲᠦᠷᠦ ᠶᠢᠨ ᠶᠠᠪᠤᠳᠠᠯ ᠤᠨ | ᠬᠤᠷᠢᠶ᠎ᠠ ᠳᠤ ᠮᠡᠳᠡᠭᠦᠯᠦᠨ ᠲᠠᠩᠰᠠᠯᠠᠭᠤᠯᠬᠤ ᠬᠡᠷᠡᠭᠲᠠᠢ᠃ | ᠬᠦᠮᠦᠨ ᠬᠡᠷᠡᠭᠯᠡᠬᠦ ᠨᠢᠭᠡᠴᠢ ᠠᠴᠠ ᠬᠦᠳᠡᠯᠮᠦᠷᠢᠴᠢᠳ ᠲᠤ ᠤᠯᠭᠤᠬᠤ ᠴᠠᠯᠢᠩ ᠨᠢ ᠲᠤᠬᠠᠢ ᠶᠢᠨ ᠭᠠᠵᠠᠷ ᠤᠨ | ᠬᠠᠮᠤᠭ ᠤᠨ ᠲᠤᠤᠷ᠎ᠠ ᠴᠠᠯᠢᠩ ᠤᠨ ᠪᠠᠷᠢᠮᠵᠢᠶ᠎ᠠ ᠠᠴᠠ ᠲᠤᠤᠷ᠎ᠠ ᠪᠠᠶᠢᠵᠤ ᠪᠤᠯᠬᠤ ᠦᠭᠡᠢ᠃ | ᠲᠦᠴᠢ ᠶᠢᠰᠤᠳᠦᠭᠡᠷ ᠵᠦᠢᠯ ᠬᠠᠮᠤᠭ ᠲᠤᠤᠷ᠎ᠠ ᠴᠠᠯᠢᠩ ᠤᠨ ᠪᠠᠷᠢᠮᠵᠢᠶ᠎ᠠ ᠶᠢ ᠲᠤᠭᠲᠠᠭᠠᠬᠤ ᠪᠠ ᠲᠡᠭᠦᠨ ᠳᠤ | ᠲᠤᠬᠢᠷᠠᠭᠤᠯᠤᠯᠲᠠ ᠬᠢᠬᠦ ᠳᠡᠭᠡᠨ ᠲᠤᠤᠷ᠎ᠠ ᠵᠢᠭᠰᠠᠭᠠᠭᠰᠠᠨ ᠬᠦᠴᠦᠨ ᠵᠦᠢᠯ ᠢᠶᠠᠷ ᠶᠡᠷᠦᠩᠬᠡᠢ ᠯᠠᠪᠯᠠᠯᠲᠠ ᠪᠤᠯᠭᠠᠬᠤ | ᠬᠡᠷᠡᠭᠲᠠᠢ᠄ | ︵ᠨᠢᠭᠡ︶ ᠬᠦᠳᠡᠯᠮᠦᠷᠢᠴᠢᠨ ᠲᠤᠰ ᠬᠦᠮᠦᠨ ᠵᠢᠴᠢ ᠲᠡᠭᠦᠨ ᠤ ᠠᠰᠠᠷᠠᠨ ᠲᠡᠵᠢᠭᠡᠬᠦ ᠲᠤᠮᠳᠠᠴᠢ ᠬᠦᠮᠦᠨ | ᠠᠮᠠ ᠶᠢᠨ ᠠᠮᠢᠳᠤᠷᠠᠯ ᠤᠨ ᠬᠠᠮᠤᠭ ᠤᠨ ᠨᠠᠭᠠᠲᠤ ᠵᠠᠬ᠎ᠠ ᠶᠢᠨ ᠵᠠᠷᠤᠳᠠᠯ︔ | ︵ᠬᠤᠶᠠᠷ︶ ᠨᠡᠶᠢᠭᠡᠮ ᠤᠨ ᠳᠤᠮᠳᠠᠴᠢ ᠴᠠᠯᠢᠩ ᠤᠨ ᠬᠢᠷᠢ ᠬᠡᠮᠵᠢᠶ᠎ᠡ︔ | ︵ᠭᠤᠷᠪᠠ︶ ᠬᠦᠳᠡᠯᠮᠦᠷᠢ ᠶᠢᠨ ᠦᠢᠯᠡᠳᠪᠦᠷᠢᠯᠡᠬᠦ ᠪᠦᠲᠦᠭᠡᠯ︔ | ︵ᠲᠦᠷᠪᠡ︶ ᠠᠵᠢᠯ ᠤᠯᠭᠤᠭᠰᠠᠨ ᠪᠠᠶᠢᠳᠠᠯ︔ | ︵ᠲᠠᠪᠤ︶ ᠭᠠᠵᠠᠷ ᠤᠷᠤᠨ ᠤ ᠬᠤᠭᠤᠷᠤᠨᠳᠤᠬᠢ ᠠᠵᠤ ᠠᠬᠤᠢ ᠶᠢᠨ ᠬᠦᠭᠵᠢᠯᠲᠡ ᠶᠢᠨ ᠬᠢᠷᠢ ᠬᠡᠮᠵᠢᠶᠡᠨ ᠤ | ᠵᠦᠷᠢᠶ᠎ᠡ᠃ | ᠲᠠᠪᠢᠳᠤᠭᠠᠷ ᠵᠦᠢᠯ ᠴᠠᠯᠢᠩ ᠢ ᠵᠤᠭᠤᠰ ᠤᠨ ᠬᠡᠯᠪᠡᠷᠢ ᠪᠠᠷ ᠬᠦᠳᠡᠯᠮᠦ᠋ᠢᠷᠴᠢᠨ ᠬᠤᠪᠢ ᠬᠦᠮᠦᠨ ᠳᠤ ᠰᠠᠷ᠎ᠠ | ᠲᠠᠷᠠᠭᠠᠯᠠᠨ ᠤᠯᠭᠤᠬᠤ ᠬᠡᠷᠡᠭᠲᠠᠢ᠃ ᠬᠦᠳᠡᠯᠮᠦᠷᠢᠴᠢᠳ ᠤᠨ ᠴᠠᠯᠢᠩ ᠢ ᠬᠠᠰᠤᠬᠤ ᠪᠤᠶᠤ ᠤᠴᠢᠷ ᠰᠢᠯᠲᠠᠭᠠᠨ | ᠦᠭᠡᠢ ᠪᠠᠷ ᠬᠠᠰᠤᠵᠤ ᠪᠤᠯᠬᠤ ᠦᠭᠡᠢ᠃ | ᠲᠠᠪᠢᠨ ᠨᠢᠭᠡᠳᠦᠭᠡᠷ ᠵᠦᠢᠯ ᠬᠦᠳᠡᠯᠮᠦᠷᠢᠴᠢᠳ ᠤᠨ ᠬᠠᠤᠯᠢ ᠪᠠᠷ ᠲᠤᠭᠲᠠᠭᠠᠭᠰᠠᠨ ᠠᠮᠠᠷᠠᠯᠲᠠ ᠶᠢᠨ ᠡᠳᠦᠷ | ᠪᠠ ᠤᠷᠤᠭ ᠬᠤᠷᠢᠮ᠂ ᠪᠤᠯᠪᠠᠰᠤᠷᠠᠯ ᠤᠨ ᠴᠢᠯᠦᠭᠡᠨ ᠤ ᠬᠤᠭᠤᠴᠠᠭ᠎ᠠ ᠵᠢᠴᠢ ᠬᠠᠤᠯᠢ ᠶᠤᠰᠤᠭᠠᠷ ᠨᠡᠶᠢᠭᠡᠮ ᠤᠨ | ᠠᠵᠢᠯᠯᠠᠭ᠎ᠠ ᠳᠤ ᠤᠷᠤᠯᠴᠠᠬᠤ ᠬᠤᠭᠤᠴᠠᠭ᠎ᠠ ᠳᠠᠬᠢ ᠴᠠᠯᠢᠩ ᠢ ᠬᠦᠮᠦᠨ ᠬᠡᠷᠡᠭᠯᠡᠬᠦ ᠨᠢᠭᠡᠴᠢ ᠬᠠᠤᠯᠢ ᠶᠤᠰᠤᠭᠠᠷ | ᠤᠯᠭᠤᠬᠤ ᠬᠡᠷᠡᠭᠲᠠᠢ᠃ | ᠵᠢᠷᠭᠤᠳᠤᠭᠠᠷ ᠪᠦᠯᠦᠭ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ | ᠲᠠᠪᠢᠨ ᠬᠤᠶᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠡᠷᠬᠡᠪᠰᠢ ᠬᠦᠳᠡᠯᠮᠦᠷᠢ ᠶᠢᠨ ᠠᠶᠤᠯᠭᠦᠢ ᠪᠠ | ᠡᠷᠡᠭᠦᠯ ᠬᠠᠮᠠᠭᠠᠯᠠᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠬᠦᠯᠵᠤ᠂ ᠣᠯᠣᠰ ᠤᠨ ᠬᠦᠳᠡᠯᠮᠦᠷᠢ ᠶᠢᠨ ᠠᠶᠤᠯᠬᠦᠢ | ᠪᠠᠶᠢᠬᠤ ᠪᠠ ᠡᠷᠡᠭᠦᠯ ᠬᠠᠮᠠᠭᠠᠯᠠᠯ ᠤᠨ ᠵᠢᠷᠤᠮ᠂ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠬᠦᠳᠡᠯᠮᠮᠦᠷᠢᠴᠢᠳ ᠲᠤ | ᠬᠦᠳᠡᠯᠮᠦᠷᠢ ᠶᠢᠨ ᠠᠶᠤᠯᠬᠦᠢ ᠪᠠᠶᠢᠬᠤ ᠪᠠ ᠡᠷᠡᠭᠦᠯ ᠬᠠᠮᠠᠭᠠᠯᠠᠯ ᠤᠨ ᠲᠤᠬᠠᠢ ᠬᠦᠮᠦᠵᠢᠯ ᠬᠢᠵᠤ᠂ ᠬᠦᠳᠡᠯᠮᠦᠷᠢ ᠶᠢᠨ | ᠶᠠᠪᠤᠳᠠᠯ ᠳᠠᠬᠢ ᠭᠡᠨᠡᠳᠡᠯ ᠬᠡᠷᠡᠭ ᠢ ᠰᠡᠷᠭᠡᠶᠢᠯᠡᠨ ᠠᠵᠢᠯ ᠤᠨ ᠴᠢᠨᠠᠷᠲᠠᠢ ᠬᠤᠤᠷ ᠤᠷᠰᠢᠭ ᠢ ᠪᠠᠭᠠᠰᠬᠠᠬᠤ ᠬᠡᠷᠡᠭᠲᠠᠢ᠃ | ᠲᠠᠪᠢᠨ ᠭᠤᠷᠪᠠᠳᠤᠭᠠᠷ ᠵᠦᠢᠯ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ ᠤᠨ | ᠲᠦᠭᠦᠭᠡᠷᠤᠮᠵᠢ ᠡᠷᠬᠡᠪᠰᠢ ᠤᠯᠤᠰ ᠤᠨ ᠲᠤᠭᠲᠠᠭᠠᠭᠰᠠᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠠᠢ᠃ | ᠡᠬᠢᠯᠡᠵᠤ ᠪᠠᠷᠢᠬᠤ᠂ ᠵᠠᠰᠠᠵᠤ ᠪᠠᠷᠢᠬᠤ᠂ ᠦᠷᠭᠡᠳᠭᠡᠵᠤ ᠪᠠᠷᠢᠬᠤ ᠪᠠᠷᠢᠯᠭ᠎ᠠ ᠶᠢᠨ ᠬᠦᠳᠡᠯᠮᠦᠷᠢ ᠶᠢᠨ | ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ ᠤᠨ ᠲᠦᠭᠦᠭᠡᠷᠦᠮᠵᠢ ᠶᠢ ᠡᠷᠬᠡᠪᠰᠢ ᠭᠤᠤᠯ ᠪᠠᠷᠢᠯᠭ᠎ᠠ ᠲᠠᠢ ᠬᠠᠮᠲᠤ ᠳᠤᠨᠢ | ᠵᠢᠷᠤᠵᠤ ᠲᠦᠯᠦᠪᠯᠡᠨ ᠬᠠᠮᠲᠤ ᠳᠤᠨᠢ ᠪᠠᠶᠢᠭᠤᠯᠵᠤ ᠬᠠᠮᠲᠤ ᠳᠤᠨᠢ ᠠᠰᠢᠭᠯᠠᠯᠲᠠ ᠳᠤ ᠤᠷᠤᠭᠤᠯᠵᠤ ᠬᠡᠷᠡᠭᠯᠡᠬᠦ ᠬᠡᠷᠡᠭᠲᠠᠢ᠃ | | ᠲᠠᠪᠢᠨ ᠲᠦᠷᠪᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠡᠷᠭᠡᠪᠰᠢ ᠬᠦᠳᠡᠯᠮᠦᠷᠢᠴᠢᠳ ᠲᠤ ᠤᠯᠤᠰ ᠤᠨ | ᠲᠤᠭᠲᠠᠭᠠᠯ ᠳᠤ ᠨᠡᠶᠢᠴᠡᠭᠰᠡᠨ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ ᠤᠨ ᠨᠦᠬᠦᠴᠡᠯ᠂ | ᠴᠢᠬᠤᠯᠠ ᠪᠦᠬᠦᠢ ᠬᠦᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠢ ᠬᠠᠩᠭᠠᠵᠤ᠂ ᠠᠵᠢᠯ ᠤᠨ ᠴᠢᠨᠠᠷᠲᠠᠢ ᠬᠤᠤᠷ | ᠤᠷᠰᠢᠭ ᠲᠠᠢ ᠠᠵᠢᠯ ᠬᠢᠳᠡᠭ ᠬᠦᠳᠡᠯᠮᠦᠷᠢᠴᠢᠳ ᠲᠤ ᠲᠤᠭᠲᠠᠮᠠᠯ ᠬᠤᠭᠤᠴᠠᠭ᠎ᠠ ᠲᠠᠢ ᠪᠠᠷ ᠡᠷᠡᠭᠦᠯ ᠮᠡᠨᠳᠤ ᠶᠢᠨ | ᠪᠠᠶᠢᠴᠠᠭᠠᠯᠲᠠ ᠬᠢᠬᠦ ᠬᠡᠷᠡᠭᠲᠠᠢ᠃ | ᠲᠠᠪᠢᠨ ᠲᠠᠪᠤᠳᠤᠭᠠᠷ ᠵᠦᠢᠯ ᠤᠨᠴᠠᠭᠠᠢ ᠲᠦᠷᠦᠯ ᠤᠨ ᠠᠵᠢᠯ ᠬᠢᠬᠦ ᠬᠦᠳᠡᠯᠮᠦᠷᠢᠴᠢᠳ ᠡᠷᠬᠡᠪᠰᠢ ᠲᠤᠰᠬᠠᠢ | ᠪᠤᠯᠪᠠᠰᠤᠷᠠᠯ ᠬᠦᠷᠲᠡᠬᠦ ᠶᠢᠨ ᠬᠠᠮᠲᠤ ᠤᠨᠴᠠᠭᠠᠢ ᠲᠦᠷᠦᠯ ᠤᠨ ᠠᠵᠢᠯ ᠬᠢᠬᠦ ᠬᠢᠷᠢ ᠬᠡᠮ ᠤᠯᠤᠭᠰᠠᠨ ᠪᠠᠶᠢᠬᠤ ᠬᠡᠷᠡᠭᠲᠠᠢ᠃ | | ᠲᠠᠪᠢᠨ ᠵᠢᠷᠭᠤᠳᠤᠭᠠᠷ ᠵᠦᠢᠯ ᠬᠦᠳᠡᠯᠮᠦᠷᠢᠴᠢᠳ ᠬᠦᠳᠡᠯᠮᠦᠷᠢᠯᠡᠬᠦ ᠶᠠᠪᠤᠴᠠ ᠳᠠᠭᠠᠨ ᠠᠶᠤᠯ ᠦᠭᠡᠢ ᠪᠠᠷ | ᠠᠵᠢᠯᠯᠠᠬᠤ ᠵᠢᠷᠤᠮ ᠢ ᠡᠷᠬᠡᠪᠰᠢ ᠴᠢᠩᠭ᠎ᠠ ᠵᠢᠷᠤᠮᠯᠠᠬᠤ ᠬᠡᠷᠡᠭᠲᠠᠢ᠃ | ᠬᠦᠮᠦᠨ ᠬᠡᠷᠡᠭᠯᠡᠬᠦ ᠨᠢᠭᠡᠴᠢ ᠶᠢᠨ ᠬᠠᠮᠢᠶᠠᠷᠤᠯᠲᠠ ᠶᠢᠨ ᠠᠵᠢᠯᠲᠠᠨ ᠲᠦᠷᠢᠮ ᠲᠤᠭᠲᠠᠭᠠᠯ ᠢ ᠵᠦᠷᠢᠴᠡᠨ | ᠵᠢᠯᠤᠭᠤᠳᠴᠤ ᠠᠶᠤᠯ ᠲᠦᠭᠰᠢᠭᠦᠷᠢ ᠲᠠᠢ ᠠᠵᠢᠯ ᠢ ᠠᠯᠪᠠᠲᠠᠨ ᠬᠢᠯᠭᠡᠬᠦ ᠭᠡᠪᠡᠯ ᠬᠦᠳᠡᠯᠮᠦᠷᠢᠴᠢᠳ ᠬᠡᠷᠡᠭᠵᠢᠭᠦᠯᠬᠦ ᠦᠭᠡᠢ | ᠪᠠᠶᠢᠬᠤ ᠡᠷᠬᠡ ᠲᠠᠢ︔ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠤ ᠳᠤ ᠬᠤᠤᠷ | ᠬᠦᠨᠤᠭᠡᠯ ᠲᠠᠢ ᠠᠵᠢᠯᠯᠠᠭ᠎ᠠ ᠶᠢ ᠰᠢᠭᠦᠮᠵᠢᠯᠡᠬᠦ᠂ ᠢᠯᠡᠴᠢᠯᠡᠬᠦ ᠪᠠ ᠵᠠᠭᠠᠯᠳᠤᠬᠤ ᠡᠷᠬᠡ ᠲᠠᠢ᠃ | ᠲᠠᠪᠢᠨ ᠲᠤᠯᠤᠳᠤᠭᠠᠷ ᠵᠦᠢᠯ ᠤᠯᠤᠰ ᠠᠴᠠ ᠦᠬᠦᠵᠤ ᠰᠢᠷᠬᠠᠲᠤᠭᠰᠠᠨ ᠭᠡᠨᠡᠳᠡᠯ ᠪᠠ ᠠᠵᠢᠯ ᠤᠨ ᠴᠢᠨᠠᠷᠲᠠᠢ | ᠡᠪᠡᠳᠴᠢᠨ ᠢ ᠪᠦᠷᠢᠳᠭᠡᠨ ᠮᠡᠳᠡᠭᠦᠯᠬᠦ᠂ ᠰᠢᠢᠳᠪᠦᠷᠢᠯᠡᠬᠦ ᠲᠦᠷᠢᠮ ᠢ ᠲᠤᠭᠲᠠᠭᠠᠨ᠎ᠠ᠃ ᠰᠢᠶᠠᠨ ᠤ ᠱᠠᠲᠤᠨ ᠠᠴᠠ | ᠲᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠤ ᠬᠦᠳᠡᠯᠮᠦᠷᠢ ᠶᠢᠨ ᠵᠠᠰᠠᠭ ᠤᠨ ᠣᠷᠳᠤᠨ ᠤ | ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠬᠦᠮᠦᠨ | ᠬᠡᠷᠡᠭᠯᠡᠬᠦ ᠨᠢᠭᠡᠴᠢ ᠨᠢ ᠬᠦᠳᠡᠯᠮᠦᠷᠢᠴᠢᠳ ᠤᠨ ᠬᠦᠳᠡᠯᠮᠦᠷᠢᠯᠡᠬᠦ ᠶᠠᠪᠤᠴᠠ ᠳᠤ ᠭᠠᠷᠤᠭᠰᠠᠨ ᠦᠬᠦᠵᠤ ᠰᠢᠷᠬᠠᠲᠤᠭᠰᠠᠨ | ᠭᠡᠨᠡᠳᠡᠯ ᠪᠠ ᠬᠦᠳᠡᠯᠮᠦᠷᠢᠴᠢᠳ ᠤᠨ ᠠᠵᠢᠯ ᠤᠨ ᠴᠢᠨᠠᠷᠲᠠᠢ ᠡᠪᠡᠳᠴᠢᠨ ᠤ ᠪᠠᠶᠢᠳᠠᠯ ᠢ ᠬᠠᠤᠯᠢ ᠶᠤᠰᠤᠭᠠᠷ ᠪᠦᠷᠢᠳᠭᠡᠨ | ᠮᠡᠳᠡᠭᠦᠯᠵᠤ ᠰᠢᠢᠳᠪᠦᠷᠢᠯᠡᠬᠦ ᠬᠡᠷᠡᠭᠲᠠᠢ᠃ | ᠲᠤᠯᠤᠳᠤᠭᠠᠷ ᠪᠦᠯᠦᠭ ᠡᠮᠡᠭᠲᠠᠢ ᠠᠵᠢᠯᠲᠠᠨ ᠠᠵᠢᠯᠴᠢᠨ ᠪᠠ ᠨᠠᠰᠤᠨ ᠳᠤ ᠬᠦᠷᠦᠭᠡᠳᠦᠢ ᠠᠵᠢᠯᠴᠢᠨ ᠤ | ᠤᠨᠴᠠᠭᠠᠢ ᠬᠠᠮᠠᠭᠠᠯᠠᠯᠲᠠ | ᠲᠠᠪᠢᠨ ᠨᠠᠢᠮᠠᠳᠣᠭᠠᠷ ᠵᠦᠢᠯ ᠣᠯᠣᠰ ᠠᠴᠠ ᠡᠮᠡᠭᠲᠠᠢ ᠠᠵᠢᠯᠲᠠᠨ ᠠᠵᠢᠯᠴᠢᠨ ᠪᠠ ᠨᠠᠰᠤᠨ ᠳᠤ ᠬᠦᠷᠦᠭᠡᠳᠦᠢ | ᠠᠵᠢᠯᠴᠢᠨ ᠳᠤ ᠬᠦᠳᠡᠯᠮᠦᠷᠢ ᠶᠢᠨ ᠤᠨᠴᠠᠭᠠᠢ ᠬᠠᠮᠠᠭᠠᠯᠠᠯᠲᠠ ᠬᠡᠷᠡᠭᠵᠢᠬᠦᠯᠦᠨ᠎ᠡ᠃ ᠨᠠᠰᠤᠨ ᠳᠤ ᠬᠦᠷᠦᠭᠡᠳᠦᠢ | ᠠᠵᠢᠯᠴᠢᠨ ᠭᠡᠵᠤ ᠪᠦᠬᠦᠯᠢ ᠠᠷᠪᠠᠨ ᠵᠢᠷᠭᠤᠭᠠᠨ ᠨᠠᠰᠣ ᠬᠦᠷᠴᠦ᠂ ᠪᠦᠬᠦᠯᠢ ᠠᠷᠪᠠᠨ ᠨᠠᠢᠮᠠᠨ ᠨᠠᠰᠤ ᠬᠦᠷᠦᠭᠡᠳᠦᠢ | ᠬᠦᠳᠡᠯᠮᠦᠷᠢᠴᠢᠨ ᠢ ᠬᠡᠯᠡᠵᠤ ᠪᠠᠶᠢᠨ᠎ᠠ᠃ | ᠲᠠᠪᠢ ᠶᠢᠰᠤᠳᠦᠭᠡᠷ ᠵᠦᠢᠯ ᠡᠮᠡᠭᠲᠠᠢ ᠠᠵᠢᠯᠲᠠᠨ ᠠᠵᠢᠯᠴᠢᠨ ᠢ ᠠᠭᠤᠷᠬᠠᠢ ᠶᠢᠨ ᠬᠤᠳᠳᠤᠭ ᠲᠤᠲᠤᠷ᠎ᠠ᠂ | ᠤᠯᠤᠰ ᠠᠴᠠ ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ ᠲᠦᠷᠪᠡᠳᠦᠭᠡᠷ ᠲᠡᠰ ᠤᠨ ᠡᠷᠴᠢᠮ ᠤᠨ ᠬᠦᠳᠡᠯᠮᠦᠷᠢ ᠪᠠ | ᠤᠨᠳᠤᠤ ᠴᠡᠭᠡᠷ ᠲᠠᠢ ᠬᠦᠳᠡᠯᠮᠦᠷᠢ ᠬᠢᠯᠭᠡᠬᠦ ᠪᠠᠷ ᠲᠤᠬᠢᠷᠠᠭᠤᠯᠬᠤ ᠶᠢ ᠴᠠᠭᠠᠵᠠᠯᠠᠨ᠎ᠠ᠃ | ᠵᠢᠷᠠᠳᠤᠭᠠᠷ ᠵᠦᠢᠯ ᠡᠮᠡᠭᠲᠠᠢ ᠠᠵᠢᠯᠲᠠᠨ ᠠᠵᠢᠯᠴᠢᠨ ᠢ ᠰᠠᠷ᠎ᠠ ᠶᠢᠨ ᠭᠬᠢᠷᠢ ᠤᠨ ᠬᠢᠨᠢ ᠬᠤᠭᠤᠴᠠᠭᠠᠨ ᠳᠤ | ᠦᠨᠳᠦᠷ ᠭᠠᠵᠠᠷ᠂ ᠭᠦᠢᠲᠡᠨ ᠭᠠᠵᠠᠷ᠂ ᠬᠦᠢᠲᠡᠨ ᠤᠰᠤᠨ ᠲᠤᠲᠤᠷ᠎ᠠ ᠠᠵᠢᠯᠯᠠᠭᠤᠯᠬᠤ ᠪᠠ ᠤᠯᠤᠰ ᠠᠴᠠ | ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ ᠭᠤᠷᠪᠠᠳᠤᠭᠠᠷ ᠲᠡᠰ ᠤᠨ ᠡᠷᠴᠢᠮ ᠤᠨ ᠬᠦᠳᠡᠯᠮᠦᠷᠢ ᠬᠢᠯᠭᠡᠬᠦ ᠪᠠᠷ | ᠲᠤᠬᠢᠷᠠᠭᠤᠯᠵᠤ ᠪᠤᠯᠬᠤ ᠦᠭᠡᠢ᠃ | ᠵᠢᠷᠠᠨ ᠨᠢᠭᠡᠳᠦᠭᠡᠷ ᠵᠦᠢᠯ ᠡᠮᠡᠭᠲᠠᠢ ᠠᠵᠢᠯᠲᠠᠨ ᠠᠵᠢᠯᠴᠢᠨ ᠢ ᠵᠢᠷᠮᠤᠰᠤᠨ ᠬᠤᠭᠤᠴᠠᠭᠠᠨ ᠳᠤᠨᠢ | ᠤᠯᠤᠰ ᠠᠴᠠ ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ ᠭᠤᠷᠪᠠᠳᠤᠭᠠᠷ ᠲᠡᠰ ᠤᠨ ᠡᠷᠴᠢᠮ ᠤᠨ ᠬᠦᠳᠡᠯᠮᠦᠷᠢ ᠪᠠ | ᠵᠢᠷᠮᠤᠰᠤᠨ ᠬᠤᠭᠤᠴᠠᠭᠠᠨ ᠳᠠᠬᠢ ᠴᠡᠭᠡᠷ ᠲᠠᠢ ᠬᠦᠳᠡᠯᠮᠦᠷᠢ ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠃ | ᠵᠢᠷᠮᠦᠰᠦᠯᠡᠭᠡᠳ ᠲᠤᠯᠤᠭᠠᠨ ᠰᠠᠷ᠎ᠠ ᠬᠡᠲᠤᠷᠡᠭᠰᠡᠨ ᠡᠮᠡᠭᠲᠠᠢ ᠠᠵᠢᠯᠴᠢᠨ ᠤ ᠠᠵᠢᠯᠯᠠᠬᠤ ᠴᠠᠭ ᠢ ᠨᠢ ᠤᠷᠲᠤᠳᠬᠠᠬᠤ ᠪᠠ | ᠲᠡᠲᠡ ᠨᠠᠷ ᠢ ᠰᠦᠨᠢ ᠶᠢᠨ ᠡᠭᠡᠯᠵᠢᠨ ᠤ ᠬᠦᠳᠡᠯᠮᠦᠷᠢ ᠬᠢᠯᠭᠡᠬᠦ ᠳᠤ ᠲᠤᠬᠢᠷᠠᠭᠤᠯᠵᠤ ᠪᠤᠯᠬᠤ ᠦᠭᠡᠢ᠃ | ᠵᠢᠷᠠᠨ ᠬᠤᠶᠠᠳᠤᠭᠠᠷ ᠵᠦᠢᠯ ᠡᠮᠡᠭᠲᠠᠢ ᠠᠵᠢᠯᠲᠠᠨ ᠠᠵᠢᠯᠴᠢᠨ ᠬᠦᠩᠭᠡᠵᠢᠭᠰᠡᠨ ᠤ ᠲᠠᠷᠠᠭ᠎ᠠ ᠶᠠᠷᠠᠨ | ᠡᠳᠦᠷ ᠠᠴᠠ ᠲᠤᠷᠤᠭᠰᠢ ᠦᠭᠡᠢ ᠬᠦᠩᠭᠡᠵᠢᠬᠦ ᠴᠢᠯᠦᠭᠡ ᠶᠢ ᠡᠳᠡᠯᠡᠨ᠎ᠡ᠃ | ᠵᠢᠷᠠᠨ ᠭᠤᠷᠪᠠᠳᠤᠭᠠᠷ ᠵᠦᠢᠯ ᠡᠮᠡᠭᠲᠠᠢ ᠠᠵᠢᠯᠲᠠᠨ ᠠᠵᠢᠯᠴᠢᠨ ᠢ ᠣᠢ ᠬᠦᠷᠦᠭᠡᠳᠦᠢ ᠨᠢᠯᠬ᠎ᠠ ᠬᠡᠤᠬᠡᠳ ᠢᠶᠠᠨ | ᠬᠦᠬᠦᠭᠦᠯᠵᠤ ᠪᠠᠶᠢᠭ᠎ᠠ ᠬᠤᠭᠤᠴᠠᠭᠠᠨ ᠳᠤᠨᠢ ᠤᠯᠤᠰ ᠠᠴᠠ ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ | ᠭᠤᠷᠪᠠᠳᠤᠭᠠᠷ ᠲᠡᠰ ᠤᠨ ᠡᠷᠴᠢᠮ ᠤᠨ ᠬᠦᠳᠡᠯᠮᠦᠷᠢ ᠪᠠ ᠬᠦᠬᠦᠭᠦᠯᠵᠤ ᠪᠠᠶᠢᠭ᠎ᠠ ᠬᠤᠭᠤᠴᠠᠭᠠᠨ ᠳᠠᠬᠢ ᠴᠡᠭᠡᠷ ᠲᠠᠢ | ᠪᠤᠰᠤᠳ ᠬᠦᠳᠡᠯᠮᠦᠷᠢ ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠂ ᠲᠡᠭᠦᠨ ᠤ ᠠᠵᠢᠯᠯᠠᠬᠤ ᠴᠠᠭ ᠢ ᠨᠢ | ᠤᠷᠲᠤᠳᠬᠠᠬᠤ ᠪᠠ ᠰᠦᠨᠢ ᠶᠢᠨ ᠡᠭᠡᠯᠵᠢᠨ ᠤ ᠬᠦᠳᠡᠯᠮᠦᠷᠢ ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠃ | ᠵᠢᠷᠠᠨ ᠲᠦᠷᠪᠡᠳᠦᠭᠡᠷ ᠵᠦᠢᠯ ᠨᠠᠰᠤᠨ ᠳᠤ ᠬᠦᠷᠦᠭᠡᠳᠦᠢ ᠠᠵᠢᠯᠴᠢᠨ ᠢ ᠠᠭᠤᠷᠬᠠᠢ ᠶᠢᠨ ᠬᠤᠳᠳᠤᠭ | ᠲᠤᠲᠤᠷ᠎ᠠ ᠠᠵᠢᠯᠯᠠᠭᠤᠯᠬᠤ᠂ ᠬᠤᠤᠷ ᠬᠦᠨᠦᠭᠡᠯ ᠲᠠᠢ ᠠᠵᠢᠯ ᠬᠢᠯᠭᠡᠬᠦ᠂ ᠤᠯᠤᠰ ᠠᠴᠠ ᠲᠤᠭᠲᠠᠭᠠᠭᠰᠠᠨ ᠪᠡᠶ᠎ᠡ ᠶᠢᠨ | ᠬᠦᠳᠡᠯᠮᠦᠷᠢ ᠶᠢᠨ ᠲᠦᠷᠪᠡᠳᠦᠭᠡᠷ ᠲᠡᠰ ᠤᠨ ᠡᠷᠴᠢᠮ ᠤᠨ ᠬᠦᠳᠡᠯᠮᠦᠷᠢ ᠪᠠ ᠪᠤᠰᠤᠳ ᠴᠡᠭᠡᠷ ᠲᠠᠢ ᠬᠦᠳᠡᠯᠮᠦᠷᠢ | ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠃ | ᠵᠢᠷᠠᠨ ᠲᠠᠪᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠨᠠᠰᠤᠨ ᠳᠤ ᠬᠦᠷᠦᠭᠡᠳᠦᠢ ᠠᠵᠢᠯᠲᠠᠨ | ᠠᠵᠢᠯᠴᠢᠨ ᠳᠤ ᠲᠤᠭᠲᠠᠮᠠᠯ ᠬᠤᠭᠤᠴᠠᠭ᠎ᠠ ᠲᠠᠢ ᠪᠠᠷ ᠡᠷᠡᠭᠦᠯ ᠮᠡᠨᠳᠤ ᠶᠢᠨ ᠪᠠᠶᠢᠴᠠᠭᠠᠯᠲᠠ ᠬᠢᠬᠦ ᠬᠡᠷᠡᠭᠲᠠᠢ᠃ | ᠨᠠᠢᠮᠠᠳᠣᠭᠠᠷ ᠪᠦᠯᠦᠭ ᠠᠵᠢᠯ ᠮᠡᠷᠭᠡᠵᠢᠯ ᠤᠨ ᠪᠤᠯᠪᠠᠰᠤᠷᠠᠯ | ᠵᠢᠷᠠᠨ ᠵᠢᠷᠭᠤᠳᠤᠭᠠᠷ ᠵᠦᠢᠯ ᠤᠯᠤᠰ ᠠᠴᠠ ᠡᠯ᠎ᠡ ᠵᠦᠢᠯ ᠤᠨ ᠠᠷᠭ᠎ᠠ ᠵᠠᠮ ᠢᠶᠠᠷ ᠣᠯᠠᠨ ᠵᠦᠢᠯ ᠤᠨ ᠠᠷᠭ᠎ᠠ | ᠬᠡᠮᠵᠢᠶ᠎ᠡ ᠠᠪᠴᠣ ᠠᠵᠢᠯ ᠮᠡᠷᠭᠡᠵᠢᠯ ᠤᠨ ᠪᠤᠯᠪᠠᠰᠤᠷᠠᠯ ᠤᠨ ᠦᠢᠯᠡᠰ ᠢ ᠬᠦᠭᠵᠢᠭᠦᠯᠵᠤ᠂ ᠬᠦᠳᠡᠯᠮᠦᠷᠢᠴᠢᠳ ᠤᠨ ᠠᠵᠢᠯ | ᠮᠡᠷᠭᠡᠵᠢᠯ ᠤᠨ ᠮᠡᠷᠭᠡᠰᠢᠯ ᠴᠢᠳᠠᠪᠤᠷᠢ ᠶᠢ ᠨᠠᠬᠡᠬᠡᠨ ᠨᠡᠮᠡᠭᠳᠡᠭᠦᠯᠵᠤ᠂ ᠬᠦᠳᠡᠯᠮᠦᠷᠢᠴᠢᠳ ᠤᠨ ᠬᠡᠪ ᠴᠢᠨᠠᠷ ᠢ | ᠲᠡᠭᠡᠭᠰᠢᠯᠡᠭᠦᠯᠵᠤ᠂ ᠬᠦᠳᠡᠯᠮᠦᠷᠢᠴᠢᠳ ᠤᠨ ᠠᠵᠢᠯ ᠤᠯᠬᠤ ᠴᠢᠳᠠᠪᠤᠷᠢ ᠪᠠ ᠠᠵᠢᠯ ᠤᠨ ᠴᠢᠳᠠᠪᠤᠷᠢ ᠶᠢ ᠨᠡᠮᠡᠭᠳᠡᠭᠦᠯᠦᠨ᠎ᠡ | ᠃ | ᠵᠢᠷᠠᠨ ᠲᠤᠯᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠠᠵᠢᠯ ᠮᠡᠷᠭᠡᠵᠢᠯ ᠤᠨ | ᠪᠤᠯᠪᠠᠰᠤᠷᠠᠯ ᠢ ᠭᠦᠭᠵᠢᠭᠦᠯᠬᠦ ᠶᠢ ᠨᠡᠶᠢᠭᠡᠮ ᠠᠵᠤ ᠠᠬᠤᠢ ᠶᠢᠨ ᠬᠦᠭᠵᠢᠯᠲᠡ ᠶᠢᠨ ᠲᠦᠯᠦᠪᠵᠢᠬᠦᠯᠭᠡ ᠳᠡᠭᠡᠨ | ᠣᠷᠣᠭᠤᠯᠵᠣ᠂ ᠨᠦᠬᠦᠴᠡᠯ ᠲᠠᠢ ᠠᠵᠤ ᠠᠬᠤᠶᠢᠯᠠᠯ᠂ ᠠᠵᠢᠯ ᠦᠢᠯᠡᠰ ᠤᠨ ᠵᠤᠬᠢᠶᠠᠨ ᠪᠠᠶᠢᠭᠤᠯᠤᠯᠲᠠ᠂ ᠨᠡᠶᠢᠭᠡᠮ ᠤᠨ | ᠪᠦᠯᠬᠦᠮ ᠪᠠ ᠬᠤᠪᠢ ᠬᠦᠮᠦᠨ ᠤ ᠡᠯ᠎ᠡ ᠵᠦᠢᠯ ᠤᠨ ᠬᠡᠯᠪᠡᠷᠢ ᠪᠠᠷ ᠠᠵᠢᠯ ᠮᠡᠷᠭᠡᠵᠢᠯ ᠤᠨ ᠪᠤᠯᠪᠠᠰᠤᠷᠠᠯ ᠬᠢᠬᠦ ᠶᠢ | ᠵᠤᠷᠢᠭᠵᠢᠭᠤᠯᠤᠨ ᠲᠡᠮᠵᠢᠬᠦ ᠬᠡᠷᠡᠭᠲᠠᠢ᠃ | ᠵᠢᠷᠠᠨ ᠨᠠᠢᠮᠠᠳᠣᠭᠠᠷ ᠵᠦᠢᠯ ᠬᠦᠮᠦᠨ ᠬᠡᠷᠡᠭᠯᠡᠬᠦ ᠨᠢᠭᠡᠴᠢ ᠠᠵᠢᠯ ᠮᠡᠷᠭᠡᠵᠢᠯ ᠤᠨ ᠪᠤᠯᠪᠠᠰᠤᠷᠠᠯ ᠤᠨ ᠲᠦᠷᠢᠮ ᠢ | ᠪᠠᠶᠢᠭᠤᠯᠵᠤ᠂ ᠤᠯᠤᠰ ᠤᠨ ᠲᠤᠭᠲᠠᠭᠠᠯ ᠶᠤᠰᠤᠭᠠᠷ ᠠᠵᠢᠯ ᠮᠡᠷᠭᠡᠵᠢᠯ ᠤᠨ ᠪᠤᠯᠪᠠᠰᠤᠷᠠᠯ ᠤᠨ ᠵᠠᠷᠤᠳᠠᠯ ᠢ ᠭᠠᠷᠭᠠᠨ | ᠠᠪᠬᠤ ᠪᠠ ᠬᠡᠷᠡᠭᠯᠡᠵᠤ᠂ ᠲᠤᠰ ᠨᠢᠭᠡᠴᠢ ᠶᠢᠨ ᠢᠶᠠᠨ ᠪᠣᠲᠠᠳᠤ ᠪᠠᠶᠢᠳᠠᠯ ᠢ ᠦᠨᠳᠦᠰᠦᠯᠡᠨ ᠬᠦᠳᠡᠯᠮᠦᠷᠢᠴᠢᠳ ᠢ | ᠲᠦᠯᠦᠪᠯᠡᠭᠡ ᠲᠠᠢ ᠪᠠᠷ ᠠᠵᠢᠯ ᠮᠡᠷᠭᠡᠵᠢᠯ ᠤᠨ ᠪᠤᠯᠪᠠᠰᠤᠷᠠᠯ ᠬᠢᠯᠭᠡᠬᠦ ᠬᠡᠷᠡᠭᠲᠠᠢ᠃ ᠮᠡᠷᠭᠡᠵᠢᠯ ᠤᠨ ᠲᠦᠷᠦᠯ ᠤᠨ ᠠᠵᠢᠯ | ᠬᠢᠬᠦ ᠬᠦᠳᠡᠯᠮᠦᠷᠢᠴᠢᠳ ᠠᠵᠢᠯ ᠤᠨ ᠪᠠᠶᠢᠷᠢ ᠳᠤ ᠭᠠᠷᠬᠤ ᠠᠴᠠ ᠪᠠᠨ ᠡᠮᠦᠨ᠎ᠡ ᠡᠷᠬᠡᠪᠰᠢ ᠪᠤᠯᠪᠠᠰᠤᠷᠠᠯ ᠬᠦᠷᠲᠡᠭᠦ | ᠬᠡᠷᠡᠭᠲᠠᠢ᠃ | ᠵᠢᠷᠠ ᠶᠢᠰᠤᠳᠦᠭᠡᠷ ᠵᠦᠢᠯ ᠣᠯᠣᠰ ᠠᠴᠠ ᠠᠵᠢᠯ ᠮᠡᠷᠭᠡᠵᠢᠯ ᠤᠨ ᠲᠦᠷᠦᠯ ᠬᠤᠪᠢᠶᠠᠷᠢ ᠶᠢ ᠲᠤᠭᠲᠠᠭᠠᠵᠤ᠂ | ᠲᠤᠭᠲᠠᠭᠠᠭᠰᠠᠨ ᠠᠵᠢᠯ ᠮᠡᠷᠭᠡᠵᠢᠯ ᠤᠨ ᠮᠠᠷᠬᠡᠰᠢᠯ ᠴᠢᠳᠠᠪᠤᠷᠢ ᠶᠢᠨ ᠪᠠᠷᠢᠮᠵᠢᠶ᠎ᠠ ᠲᠤᠭᠲᠠᠭᠠᠵᠤ᠂ ᠠᠵᠢᠯ ᠮᠡᠷᠭᠡᠵᠢᠯ ᠤᠨ | ᠬᠢᠷᠢ ᠬᠡᠮ ᠤᠨ ᠦᠨᠡᠮᠯᠡᠯ ᠤᠨ ᠳᠦᠷᠢᠮ ᠢ ᠬᠡᠷᠡᠭᠵᠢᠭᠦᠯᠦᠨ᠂ ᠵᠠᠰᠠᠭ ᠤᠨ ᠤᠷᠲᠤᠨ ᠢᠶᠠᠷ ᠵᠦᠪᠰᠢᠶᠡᠷᠡᠭᠦᠯᠦᠭᠰᠡᠨ ᠬᠢᠨᠠᠨ | ᠲᠤᠭᠲᠠᠭᠠᠬᠤ ᠪᠠᠶᠢᠭᠤᠯᠦᠮᠵᠢ ᠠᠴᠠ ᠬᠦᠳᠡᠯᠮᠦᠷᠢᠴᠢᠳ ᠲᠤ ᠠᠵᠢᠯ ᠮᠡᠷᠭᠡᠵᠢᠯ ᠤᠨ ᠮᠡᠷᠭᠡᠰᠢᠯ ᠴᠢᠳᠠᠪᠤᠷᠢ ᠶᠢᠨ ᠬᠢᠨᠠᠨ | ᠲᠤᠭᠲᠠᠭᠠᠯᠲᠠ ᠬᠢᠬᠦ ᠶᠢ ᠬᠠᠷᠢᠭᠤᠴᠠᠨ᠎ᠠ᠃ | ᠶᠢᠰᠤᠳᠦᠭᠡᠷ ᠪᠦᠯᠦᠭ ᠨᠡᠶᠢᠭᠡᠮ ᠤᠨ ᠲᠠᠭᠠᠳᠬᠠᠯ ᠪᠠ ᠠᠰᠠᠷᠠᠮᠵᠢ | ᠲᠠᠯᠠᠳᠤᠭᠠᠷ ᠵᠦᠢᠯ ᠤᠯᠤᠰ ᠠᠴᠠ ᠨᠡᠶᠢᠭᠡᠮ ᠤᠨ ᠲᠠᠭᠠᠳᠬᠠᠯ ᠤᠨ ᠦᠢᠯᠡᠰ ᠢ ᠬᠦᠭᠵᠢᠭᠦᠯᠦᠨ᠂ | ᠨᠡᠶᠢᠭᠡᠮ ᠤᠨ ᠲᠠᠭᠠᠳᠬᠠᠯ ᠤᠨ ᠲᠦᠷᠢᠮ ᠢ ᠪᠠᠶᠢᠭᠤᠯᠵᠤ᠂ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠭᠠᠷᠭᠠᠵᠤ᠂ | ᠬᠦᠳᠡᠯᠮᠦᠷᠢᠴᠢᠳ ᠤᠨ ᠦᠲᠡᠯᠬᠦ᠂ ᠡᠪᠡᠳᠴᠢᠯᠡᠬᠦ᠂ ᠠᠵᠢᠯ ᠤᠨ ᠬᠠᠷᠠᠭ᠎ᠠ ᠪᠠᠷ ᠰᠢᠷᠬᠠᠲᠤᠬᠤ᠂ ᠠᠵᠢᠯ ᠠᠯᠳᠠᠬᠤ᠂ | ᠬᠦᠩᠭᠡᠵᠢᠵᠤ ᠪᠤᠶᠢᠵᠢᠭᠤᠯᠬᠤ ᠵᠡᠷᠭᠡ ᠪᠠᠶᠢᠳᠠᠯ ᠲᠤᠤᠷ᠎ᠠ ᠬᠠᠪᠰᠤᠷᠤᠯᠭ᠎ᠠ ᠪᠠ ᠨᠦᠬᠦᠪᠦᠷᠢ ᠤᠯᠭᠤᠨ᠎ᠠ᠃ | ᠲᠠᠯᠠᠨ ᠨᠢᠭᠡᠳᠦᠭᠡᠷ ᠵᠦᠢᠯ ᠨᠡᠶᠢᠭᠡᠮ ᠤᠨ ᠲᠠᠭᠠᠳᠬᠠᠯ ᠤᠨ ᠬᠢᠷᠢ ᠬᠡᠮᠵᠢᠶ᠎ᠡ ᠨᠢ ᠨᠡᠶᠢᠭᠡᠮ ᠤᠨ ᠠᠵᠤ | ᠠᠬᠤᠢ ᠶᠢᠨ ᠬᠦᠭᠵᠢᠯᠲᠡ ᠶᠢᠨ ᠬᠢᠷᠢ ᠬᠡᠮᠵᠢᠶ᠎ᠡ ᠪᠠ ᠨᠡᠶᠢᠭᠡᠮ ᠤᠨ ᠡᠭᠦᠷᠭᠡᠯᠡᠨ ᠲᠠᠭᠠᠭᠠᠬᠤ ᠴᠢᠳᠠᠪᠤᠷᠢ ᠲᠠᠢ | ᠵᠤᠬᠢᠴᠠᠯᠳᠤᠬᠤ ᠬᠡᠷᠡᠭᠲᠠᠢ᠃ | ᠲᠠᠯᠠᠨ ᠬᠤᠶᠠᠳᠤᠭᠠᠷ ᠵᠦᠢᠯ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠶᠢ ᠪᠤᠯ ᠲᠠᠭᠠᠳᠬᠠᠯ ᠤᠨ | ᠲᠦᠷᠦᠯ ᠢ ᠨᠢ ᠦᠨᠳᠤᠰᠦᠯᠡᠨ ᠪᠡᠯᠡ ᠮᠦᠩᠭᠦᠨ ᠤ ᠢᠷᠡᠯᠲᠡ ᠶᠢ ᠨᠢ ᠲᠤᠭᠲᠠᠭᠠᠵᠤ᠂ ᠢᠳᠡᠭ ᠢᠳᠡᠭ ᠢᠶᠠᠷ ᠨᠡᠶᠢᠭᠡᠮ | ᠲᠡᠭᠡᠷ᠎ᠡ ᠠᠴᠠ ᠨᠢᠭᠡᠳᠦᠯᠲᠠᠢ ᠴᠣᠭᠯᠠᠭᠤᠯᠬᠤ ᠪᠤᠯᠭᠠᠨ᠎ᠠ᠃ ᠬᠦᠮᠦᠨ ᠬᠡᠷᠡᠭᠯᠡᠬᠦ ᠨᠢᠭᠡᠴᠢ ᠪᠠ ᠬᠦᠳᠡᠯᠮᠦᠷᠢᠴᠢᠳ ᠡᠷᠬᠡᠪᠰᠢ | ᠬᠠᠤᠯᠢ ᠶᠤᠰᠤᠭᠠᠷ ᠨᠡᠶᠢᠭᠡᠮ ᠤᠨ ᠲᠠᠭᠠᠳᠬᠠᠯ ᠳᠤ ᠤᠷᠤᠯᠴᠠᠵᠤ ᠨᠡᠶᠢᠭᠡᠮ ᠤᠨ ᠲᠠᠭᠠᠳᠬᠠᠯ ᠤᠨ ᠰᠦᠢᠳᠭᠡᠯ | ᠲᠤᠰᠢᠶᠠᠬᠤ ᠬᠡᠷᠡᠭᠲᠠᠢ᠃ | ᠲᠠᠯᠠᠨ ᠭᠤᠷᠪᠠᠳᠤᠭᠠᠷ ᠵᠦᠢᠯ ᠬᠦᠳᠡᠯᠮᠦᠷᠢᠴᠢᠳ ᠲᠤᠤᠷ᠎ᠠ ᠵᠢᠭᠰᠠᠭᠠᠭᠰᠠᠨ ᠪᠠᠶᠢᠳᠠᠯ ᠤᠨ ᠲᠤᠤᠷ᠎ᠠ | ᠨᠡᠶᠢᠭᠡᠮ ᠤᠨ ᠲᠠᠭᠠᠳᠬᠠᠯ ᠤᠨ ᠬᠠᠷᠠᠭᠠᠯᠵᠠᠯ ᠢ ᠬᠠᠤᠯᠢ ᠶᠤᠰᠤᠭᠠᠷ ᠬᠦᠷᠲᠡᠨ᠎ᠡ᠄ | ︵ᠨᠢᠭᠡ︶ ᠨᠠᠰᠤᠨ ᠤ ᠠᠮᠠᠷᠠᠯᠲᠠ ᠪᠠᠨ ᠠᠪᠤᠭᠰᠠᠨ︔ | ︵ᠬᠤᠶᠠᠷ︶ ᠡᠪᠡᠳᠴᠢᠯᠡᠭᠰᠡᠨ᠂ ᠰᠢᠷᠬᠠᠲᠤᠭᠰᠠᠨ︔ | ︵ᠭᠤᠷᠪᠠ︶ ᠠᠵᠢᠯ ᠤᠨ ᠬᠠᠷᠠᠭ᠎ᠠ ᠪᠠᠷ ᠰᠢᠷᠬᠠᠲᠤᠵᠤ ᠵᠡᠮᠳᠡᠭ ᠪᠤᠯᠤᠭᠰᠠᠨ ᠪᠤᠶᠤ ᠠᠵᠢᠯ ᠤᠨ ᠴᠢᠨᠠᠷᠲᠠᠢ | ᠡᠪᠡᠳᠴᠢᠨ ᠤᠯᠤᠭᠰᠠᠨ︔ | ︵ᠲᠦᠷᠪᠡ︶ ᠠᠵᠢᠯ ᠠᠯᠳᠠᠭᠰᠠᠨ︔ | ︵ᠲᠠᠪᠤ︶ ᠬᠦᠩᠭᠡᠵᠢᠭᠰᠡᠨ᠃ | ᠬᠦᠳᠡᠯᠮᠦᠷᠢᠴᠢᠨ ᠨᠠᠰᠤ ᠪᠠᠷᠠᠭᠰᠠᠨ ᠤ ᠲᠠᠷᠠᠭ᠎ᠠ ᠭᠡᠷ ᠪᠦᠯᠢ ᠶᠢᠨ ᠬᠢᠨ ᠬᠠᠤᠯᠢ ᠶᠤᠰᠤᠭᠠᠷ ᠭᠡᠷ | ᠪᠦᠯᠢ ᠶᠢᠨ ᠬᠢᠨ ᠤ ᠤᠯᠭᠤᠮᠵᠢ ᠬᠦᠷᠲᠡᠨ᠎ᠡ᠃ ᠬᠦᠳᠡᠯᠮᠦᠷᠢᠴᠢᠳ ᠤᠨ ᠨᠡᠶᠢᠭᠡᠮ ᠤᠨ ᠲᠠᠭᠠᠳᠬᠠᠯ ᠤᠨ ᠬᠠᠷᠠᠭᠠᠯᠵᠠᠯ | ᠬᠦᠷᠲᠡᠬᠦ ᠨᠦᠬᠦᠴᠡᠯ ᠪᠠ ᠪᠠᠷᠢᠮᠵᠢᠶ᠎ᠠ ᠶᠢ ᠬᠠᠤᠯ | | |