ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠤᠷᠳᠤᠨ ᠤ ᠮᠡᠳᠡᠭᠡ ᠵᠠᠩᠬᠢ ᠶᠢ | ᠢᠯᠡ ᠪᠤᠯᠭᠠᠬᠤ ᠳᠦᠷᠢᠮ | | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ | 492 ᠳ᠋ᠤᠭᠠᠷ ᠲᠤᠭᠠᠲᠤ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠤᠷᠳᠤᠨ ᠤ ᠮᠡᠳᠡᠭᠡ ᠵᠠᠩᠬᠢ ᠶᠢ | ᠢᠯᠡ ᠪᠤᠯᠭᠠᠬᠤ ᠳᠦᠷᠢᠮ︾ ᠢ 2007 ᠤᠨ ᠤ 1 ᠰᠠᠷ᠎ᠠ ᠶᠢᠨ 17 ᠤ ᠡᠳᠦᠷ ᠲᠦᠷᠦ ᠶᠢᠨ ᠶᠠᠪᠤᠳᠠᠯ ᠤᠨ | ᠬᠤᠷᠢᠶᠠᠨ ᠤ 165 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠢᠶᠠᠷ ᠪᠠᠲᠤᠯᠠᠭᠠᠳ ᠤᠳᠤ | ᠨᠡᠶᠢᠲᠡᠯᠡᠪᠡ᠂ 2008 ᠤᠨ ᠤ 5 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠶᠡᠷᠦᠩᠬᠡᠢ ᠰᠠᠶᠢᠳ ᠸᠧᠨ ᠵᠢᠶᠠ ᠪᠤᠤ 2007 ᠤᠨ ᠤ 4 ᠰᠠᠷ᠎ᠠ ᠶᠢᠨ 5 ᠤ ᠡᠳᠦᠷ | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠯᠤᠨ ᠪᠤᠰᠤᠳ ᠵᠤᠬᠢᠶᠠᠨ | ᠪᠠᠶᠢᠭᠤᠯᠤᠯᠲᠠ ᠶᠢᠨ ᠬᠠᠤᠯᠢ ᠶᠤᠰᠤᠭᠠᠷ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠤᠯᠵᠤ᠂ ᠵᠠᠰᠠᠭ ᠤᠨ | ᠤᠷᠳᠤᠨ ᠤ ᠠᠵᠢᠯ ᠤᠨ ᠢᠯᠡ ᠲᠤᠳᠤ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠬᠠᠤᠯᠢ ᠶᠤᠰᠤᠭᠠᠷ ᠵᠠᠰᠠᠭ | ᠶᠠᠪᠤᠭᠤᠯᠬᠤ ᠶᠢ ᠠᠬᠢᠭᠤᠯᠵᠤ᠂ ᠠᠷᠠᠳ ᠤᠯᠠᠨ ᠤ ᠦᠢᠯᠡᠳᠪᠦᠷᠢᠯᠡᠯ᠂ ᠠᠮᠢᠳᠤᠷᠠᠯ ᠪᠠ ᠠᠵᠤ ᠠᠬᠤᠢ ᠨᠡᠶᠢᠭᠡᠮ ᠤᠨ | ᠠᠵᠢᠯᠯᠠᠭ᠎ᠠ ᠳᠤ ᠦᠵᠡᠭᠦᠯᠬᠦ ᠵᠠᠰᠠᠭ ᠤᠨ ᠤᠷᠳᠤᠨ ᠤ ᠮᠡᠳᠡᠭᠡ ᠵᠠᠩᠬᠢ ᠶᠢᠨ ᠦᠢᠯᠡᠴᠢᠯᠡᠭᠡᠨ ᠤ ᠦᠢᠯᠡᠳᠦᠯ ᠢ | ᠭᠦᠢᠴᠡᠳ ᠪᠠᠳᠠᠷᠠᠭᠤᠯᠬᠤ ᠶᠢᠨ ᠲᠤᠰᠠᠲᠠ ᠲᠤᠰ ᠳᠦᠷᠢᠮ ᠢ ᠲᠤᠭᠲᠠᠭᠠᠪᠠ᠃ | ᠬᠤᠶᠠᠳᠤᠭᠠᠷ ᠵᠦᠢᠯ ᠲᠤᠰ ᠳᠦᠷᠢᠮ ᠳᠤ ᠬᠡᠯᠡᠵᠦ ᠪᠠᠶᠢᠭ᠎ᠠ ᠵᠠᠰᠠᠭ ᠤᠨ ᠤᠷᠳᠤᠨ ᠤ ᠮᠡᠳᠡᠭᠡ ᠵᠠᠩᠬᠢ | ᠭᠡᠳᠡᠭ ᠨᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ | ᠦᠢᠯᠡᠳᠦᠭᠰᠡᠨ ᠪᠤᠶᠤ ᠤᠯᠤᠭᠰᠠᠨ᠂ ᠵᠤᠬᠢᠬᠤ ᠬᠡᠯᠪᠡᠷᠢ ᠪᠠᠷ ᠲᠡᠮᠳᠡᠭᠯᠡᠵᠦ ᠬᠠᠳᠠᠭᠠᠯᠠᠭᠰᠠᠨ ᠮᠡᠳᠡᠭᠡ ᠵᠠᠩᠬᠢ ᠶᠢ ᠵᠢᠭᠠᠵᠤ | ᠪᠠᠶᠢᠨ᠎ᠠ᠃ | ᠭᠤᠷᠪᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠵᠠᠰᠠᠭ ᠤᠨ | ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠠᠵᠢᠯ ᠢ ᠵᠤᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ | ᠶᠤᠰᠤᠲᠠᠢ᠃ | ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠪᠤᠯ ᠪᠦᠬᠦ ᠤᠯᠤᠰ ᠤᠨ ᠵᠠᠰᠠᠭ ᠤᠨ | ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠠᠵᠢᠯ ᠢ ᠭᠤᠤᠯᠯᠠᠨ ᠬᠠᠮᠢᠶᠠᠷᠠᠬᠤ ᠰᠠᠯᠠᠭ᠎ᠠ ᠮᠦᠴᠢᠷ ᠮᠦᠨ᠂ ᠪᠦᠬᠦ | ᠤᠯᠤᠰ ᠤᠨ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠠᠵᠢᠯ ᠢ ᠠᠬᠢᠭᠤᠯᠬᠤ᠂ ᠵᠢᠯᠤᠭᠤᠳᠬᠤ᠂ | ᠵᠤᠬᠢᠴᠠᠭᠤᠯᠬᠤ᠂ ᠬᠢᠨᠠᠬᠤ ᠶᠢ ᠬᠠᠷᠢᠭᠤᠴᠠᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ | ᠲᠢᠩᠬᠢᠮ ︵ᠲᠠᠰᠤᠭ︶ ᠪᠤᠶᠤ ᠰᠢᠶᠠᠨ ᠤ ᠱᠠᠲᠤᠨ ᠠᠴᠠ ᠳᠡᠭᠡᠭᠰᠢᠬᠢ ᠤᠷᠤᠨ ᠨᠤᠲᠤᠭ ᠤᠨ ᠠᠷᠠᠳ ᠤᠨ ᠵᠠᠰᠠᠭ ᠤᠨ | ᠤᠷᠳᠤᠨ ᠤ ᠲᠤᠭᠲᠠᠭᠠᠭᠰᠠᠨ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠠᠵᠢᠯ ᠢ ᠭᠤᠤᠯᠯᠠᠨ | ᠬᠠᠮᠢᠶᠠᠷᠠᠬᠤ ᠪᠤᠰᠤᠳ ᠰᠠᠯᠠᠭ᠎ᠠ ᠮᠦᠴᠢᠷ ᠠᠴᠠ ᠲᠤᠰ ᠵᠠᠰᠠᠭ ᠵᠠᠬᠢᠷᠭᠠᠨ ᠤ ᠤᠷᠤᠨ ᠤ ᠬᠡᠪᠴᠢᠶᠡᠨ ᠳᠠᠬᠢ ᠵᠠᠰᠠᠭ ᠤᠨ | ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠠᠵᠢᠯ ᠢ ᠠᠬᠢᠭᠤᠯᠬᠤ᠂ ᠵᠢᠯᠤᠭᠤᠳᠬᠤ᠂ ᠵᠤᠬᠢᠴᠠᠭᠤᠯᠬᠤ᠂ | ᠬᠢᠨᠠᠬᠤ ᠶᠢ ᠬᠠᠷᠢᠭᠤᠴᠠᠨ᠎ᠠ᠃ | ᠳᠦᠷᠪᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠪᠤᠯᠤᠨ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠠᠵᠢᠯ ᠤᠨ ᠳᠦᠷᠢᠮ ᠢ ᠪᠠᠶᠢᠭᠤᠯᠤᠨ | ᠲᠡᠭᠦᠯᠳᠡᠷᠵᠢᠭᠦᠯᠬᠦ ᠶᠢᠨ ᠬᠠᠮᠲᠤ ᠪᠠᠶᠢᠭᠤᠯᠤᠮᠵᠢ ᠶᠢ ᠵᠢᠭᠠᠨ ᠲᠤᠭᠲᠠᠭᠠᠵᠤ ︵ᠳᠤᠷᠤᠭᠰᠢ ᠵᠠᠰᠠᠭ ᠤᠨ ᠤᠷᠳᠤᠨ ᠤ | ᠮᠡᠳᠡᠭᠡ ᠵᠠᠩᠬᠢ ᠶᠢ ᠢᠯᠡ ᠪᠤᠯᠭᠠᠬᠤ ᠠᠵᠢᠯ ᠤᠨ ᠪᠠᠶᠢᠭᠤᠯᠤᠮᠵᠢ ᠬᠡᠮᠡᠨ ᠶᠡᠷᠦᠩᠬᠡᠬᠢᠯᠡᠨ ᠨᠡᠷᠡᠶᠢᠳᠦᠨ᠎ᠡ︶ ᠲᠤᠰ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠡᠳᠦᠷ ᠲᠤᠭᠳᠤᠮ ᠤᠨ | ᠠᠵᠢᠯ ᠢ ᠬᠠᠷᠢᠭᠤᠴᠠᠭᠤᠯᠬᠤ ᠶᠤᠰᠤᠲᠠᠢ᠃ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠠᠵᠢᠯ ᠤᠨ | ᠪᠠᠶᠢᠭᠤᠯᠤᠮᠵᠢ ᠶᠢᠨ ᠪᠤᠳᠠᠲᠠᠢ ᠡᠭᠦᠷᠭᠡ ᠬᠠᠷᠢᠭᠤᠴᠠᠯᠭ᠎ᠠ ᠪᠤᠯ᠄ | ︵ᠨᠢᠭᠡ︶ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠤᠷᠤᠨ ᠤ ᠮᠡᠳᠡᠭᠡ ᠵᠠᠩᠬᠢ ᠶᠢ ᠢᠯᠡ | ᠪᠤᠯᠭᠠᠬᠤ ᠬᠡᠷᠡᠭ ᠶᠠᠪᠤᠳᠠᠯ ᠢ ᠪᠤᠳᠠᠲᠠᠢ ᠪᠠᠷ ᠳᠠᠭᠠᠭᠠᠵᠤ ᠡᠷᠬᠢᠯᠡᠨ᠎ᠡ︔ | ︵ᠬᠤᠶᠠᠷ︶ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠢᠯᠡ ᠪᠤᠯᠭᠠᠭᠰᠠᠨ ᠵᠠᠰᠠᠭ ᠤᠨ ᠤᠷᠤᠨ ᠤ | ᠮᠡᠳᠡᠭᠡ ᠵᠠᠩᠬᠢ ᠶᠢ ᠬᠠᠮᠠᠭᠠᠯᠠᠬᠤ ᠪᠦᠭᠡᠳ ᠰᠢᠨᠡᠳᠬᠡᠨ᠎ᠡ︔ | ︵ᠭᠤᠷᠪᠠ︶ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠢᠯᠡ ᠪᠤᠯᠭᠠᠭᠰᠠᠨ ᠵᠠᠰᠠᠭ ᠤᠨ ᠤᠷᠤᠨ ᠤ | ᠮᠡᠳᠡᠭᠡ ᠵᠠᠩᠬᠢ ᠶᠢ ᠢᠯᠡ ᠪᠤᠯᠭᠠᠬᠤ ᠵᠦᠭᠯᠡᠭᠦᠷ᠂ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ | ᠲᠤᠪᠶᠤᠭ ᠪᠠ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠠᠵᠢᠯ ᠤᠨ ᠤᠨ ᠤ ᠮᠡᠳᠡᠭᠦᠯᠦᠯᠲᠡ ᠶᠢ | ᠨᠠᠶᠢᠷᠠᠭᠤᠯᠤᠨ ᠵᠤᠬᠢᠶᠠᠬᠤ ᠠᠵᠢᠯ ᠢ ᠪᠠᠶᠢᠭᠤᠯᠤᠨ᠎ᠠ︔ | ︵ᠳᠦᠷᠪᠡ︶ ᠢᠯᠡ ᠪᠤᠯᠭᠠᠬᠤ ᠪᠠᠷ ᠪᠠᠶᠢᠭ᠎ᠠ ᠵᠠᠰᠠᠭ ᠤᠨ ᠤᠷᠳᠤᠨ ᠤ ᠮᠡᠳᠡᠭᠡ ᠵᠠᠩᠬᠢ ᠳᠤ ᠨᠢᠭᠤᠴᠠ ᠶᠢ | ᠬᠠᠮᠠᠭᠠᠯᠠᠬᠤ ᠬᠢᠨᠠᠨ ᠪᠠᠶᠢᠴᠠᠭᠠᠯᠲᠠ ᠬᠢᠨ᠎ᠡ︔ | ︵ᠲᠠᠪᠤ︶ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠭᠲᠠᠭᠠᠭᠰᠠᠨ ᠵᠠᠰᠠᠭ ᠤᠨ ᠤᠷᠳᠤᠨ ᠤ ᠮᠡᠳᠡᠭᠡ | ᠵᠠᠩᠬᠢ ᠶᠢ ᠢᠯᠡ ᠪᠤᠯᠭᠠᠬᠤ ᠯᠤᠭ᠎ᠠ ᠬᠤᠯᠪᠤᠭᠳᠠᠬᠤ ᠪᠤᠰᠤᠳ ᠡᠭᠦᠷᠭᠡ ᠬᠠᠷᠢᠭᠤᠴᠠᠯᠭ᠎ᠠ ᠨᠤᠭᠤᠳ︔ | ᠲᠠᠪᠤᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠤᠷᠤᠨ ᠤ ᠮᠡᠳᠡᠭᠡ ᠵᠠᠩᠬᠢ ᠶᠢ | ᠢᠯᠡ ᠪᠤᠯᠭᠠᠬᠤ ᠳᠤ ᠲᠦᠪ ᠴᠢᠭᠡᠴᠢ᠂ ᠲᠦᠪ ᠭᠤᠤᠯᠴᠢ᠂ ᠠᠷᠠᠳ ᠲᠤ ᠳᠦᠭᠦᠮ ᠪᠠᠶᠢᠬᠤ ᠵᠠᠷᠴᠢᠮ ᠢ ᠵᠢᠷᠤᠮᠯᠠᠬᠤ | ᠶᠤᠰᠤᠲᠠᠢ᠃ | ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠴᠠᠭ | ᠲᠤᠬᠠᠢ ᠳᠤᠨᠢ᠂ ᠤᠨᠤᠪᠴᠢᠲᠠᠢ ᠪᠠᠷ ᠢᠯᠡ ᠪᠤᠯᠭᠠᠬᠤ ᠶᠤᠰᠤᠲᠠᠢ᠃ ᠵᠠᠰᠠᠭ ᠵᠠᠬᠢᠷᠭᠠᠨ ᠤ ᠪᠠᠶᠢᠭᠤᠯᠭ᠎ᠠ ᠨᠢ | ᠨᠡᠶᠢᠭᠡᠮ ᠤᠨ ᠲᠤᠭᠲᠠᠭᠤᠨ ᠪᠠᠶᠢᠳᠠᠯ ᠢ ᠨᠦᠯᠦᠭᠡᠯᠡᠭᠰᠡᠨ ᠪᠤᠶᠤ ᠨᠦᠯᠦᠭᠡᠯᠡᠵᠦ ᠮᠡᠳᠡᠬᠦ᠂ ᠨᠡᠶᠢᠭᠡᠮ ᠤᠨ | ᠬᠠᠮᠢᠶᠠᠷᠤᠯᠲᠠ ᠶᠢᠨ ᠡᠮᠬᠢ ᠵᠢᠷᠤᠮ ᠢ ᠰᠠᠮᠠᠭᠤᠷᠠᠭᠤᠯᠤᠭᠰᠠᠨ ᠬᠤᠳᠠᠯ ᠬᠠᠭᠤᠷᠮᠠᠭ ᠪᠤᠶᠤ ᠪᠦᠷᠢᠨ ᠪᠦᠲᠦᠨ ᠪᠢᠰᠢ | ᠮᠡᠳᠡᠭᠡ ᠵᠠᠩᠬᠢ ᠶᠢ ᠤᠯᠵᠤ ᠮᠡᠳᠡᠪᠡᠯ᠂ ᠡᠭᠦᠷᠭᠡ ᠬᠠᠷᠢᠭᠤᠴᠠᠯᠭ᠎ᠠ ᠶᠢᠨ ᠢᠶᠠᠨ ᠬᠡᠪᠴᠢᠶᠡᠨ ᠲᠤᠲᠤᠷ᠎ᠠ ᠵᠠᠰᠠᠭ ᠤᠨ | ᠤᠷᠳᠤᠨ ᠤ ᠤᠨᠤᠪᠴᠢᠲᠠᠢ ᠮᠡᠳᠡᠭᠡ ᠵᠠᠩᠬᠢ ᠶᠢ ᠨᠡᠶᠢᠲᠡᠯᠡᠵᠦ ᠢᠯᠭᠠᠷᠠᠭᠤᠯᠬᠤ ᠶᠤᠰᠤᠲᠠᠢ᠃ | ᠳᠤᠯᠤᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠤᠨ ᠤᠷᠳᠤᠨ ᠤ ᠮᠡᠳᠡᠭᠡ ᠵᠠᠩᠬᠢ ᠶᠢ | ᠨᠡᠶᠢᠲᠡᠯᠡᠬᠦ ᠠᠵᠢᠯ ᠢ ᠵᠤᠬᠢᠴᠠᠭᠤᠯᠬᠤ ᠲᠤᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠤᠰᠤᠲᠠᠢ᠃ ᠵᠠᠰᠠᠭ | ᠵᠠᠬᠢᠷᠭᠠᠨ ᠤ ᠪᠠᠶᠢᠭᠤᠯᠭ᠎ᠠ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠨᠡᠶᠢᠲᠡᠯᠡᠬᠦ ᠳᠤ ᠵᠠᠰᠠᠭ ᠵᠠᠬᠢᠷᠭᠠᠨ ᠤ ᠪᠤᠰᠤᠳ | ᠪᠠᠶᠢᠭᠤᠯᠭ᠎ᠠ ᠳᠤ ᠬᠤᠯᠪᠤᠭᠳᠠᠬᠤ ᠳᠤ ᠬᠦᠷᠪᠡᠯ᠂ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠯᠤᠭ᠎ᠠ | ᠪᠠᠶᠢᠳᠠᠯ ᠢᠶᠠᠨ ᠨᠡᠪᠲᠡᠷᠡᠯᠴᠡᠨ ᠮᠠᠭᠠᠳᠯᠠᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠡᠶᠢᠲᠡᠯᠡᠭᠰᠡᠨ ᠵᠠᠰᠠᠭ ᠤᠨ | ᠤᠷᠳᠤᠨ ᠤ ᠮᠡᠳᠡᠭᠡ ᠵᠠᠩᠬᠢ ᠶᠢᠨ ᠤᠨᠤᠪᠴᠢᠲᠠᠢ ᠨᠢᠭᠡᠲᠦᠯᠲᠡᠢ ᠪᠠᠶᠢᠬᠤ ᠶᠢ ᠪᠠᠲᠤᠯᠠᠬᠤ ᠶᠤᠰᠤᠲᠠᠢ᠃ | ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠨᠡᠶᠢᠲᠡᠯᠡᠬᠦ ᠳᠤ ᠤᠯᠤᠰ ᠤᠨ | ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠵᠦᠪᠰᠢᠶᠡᠷᠡᠭᠦᠯᠬᠦ ᠬᠡᠷᠡᠭᠲᠡᠢ ᠪᠠᠶᠢᠪᠠᠯ᠂ ᠵᠦᠪᠰᠢᠶᠡᠷᠡᠯ ᠦᠭᠡᠢ ᠪᠠᠷ | ᠨᠡᠶᠢᠲᠡᠯᠡᠵᠦ ᠪᠤᠯᠬᠤ ᠦᠭᠡᠢ᠃ ᠨᠠᠢᠮᠠᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠤᠨ ᠤᠷᠳᠤᠨ ᠤ | ᠮᠡᠳᠡᠭᠡ ᠵᠠᠩᠬᠢ ᠶᠢ ᠨᠡᠶᠢᠲᠡᠯᠡᠬᠦ ᠳᠡᠭᠡᠨ ᠤᠯᠤᠰ ᠤᠷᠤᠨ ᠤ ᠠᠮᠤᠷ ᠲᠦᠪᠰᠢᠨ᠂ ᠤᠯᠠᠨ ᠨᠡᠶᠢᠲᠡ ᠶᠢᠨ ᠠᠮᠤᠷ | ᠲᠦᠪᠰᠢᠨ᠂ ᠠᠵᠤ ᠠᠬᠤᠢ ᠶᠢᠨ ᠠᠮᠤᠷ ᠲᠦᠪᠰᠢᠨ ᠪᠠ ᠨᠡᠶᠢᠭᠡᠮ ᠤᠨ ᠲᠤᠭᠲᠠᠭᠤᠨ ᠪᠠᠶᠢᠳᠠᠯ ᠳᠤ ᠬᠤᠬᠢᠷᠠᠯ | ᠤᠴᠠᠷᠠᠭᠤᠯᠵᠤ ᠪᠤᠯᠬᠤ ᠦᠭᠡᠢ᠃ | | ᠬᠤᠶᠠᠳᠤᠭᠠᠷ ᠪᠦᠯᠦᠭ ᠢᠯᠡ ᠪᠤᠯᠭᠠᠬᠤ ᠬᠡᠪᠴᠢᠶ᠎ᠡ | ᠶᠢᠰᠦᠳᠦᠭᠡᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠳᠤᠤᠷ᠎ᠠ ᠵᠢᠭᠰᠠᠭᠠᠭᠰᠠᠨ ᠦᠨᠳᠦᠰᠦᠨ | ᠱᠠᠭᠠᠷᠳᠠᠯᠭ᠎ᠠ ᠨᠤᠭᠤᠳ ᠤᠨ ᠨᠢᠭᠡ ᠳᠤ ᠨᠡᠶᠢᠴᠡᠬᠦ ᠵᠠᠰᠠᠭ ᠤᠨ ᠤᠷᠳᠤᠨ ᠤ ᠮᠡᠳᠡᠭᠡ ᠵᠠᠩᠬᠢ ᠶᠢ | ᠰᠠᠨᠠᠭᠠᠴᠢᠯᠠᠭ᠎ᠠ ᠲᠠᠢ ᠪᠠᠷ ᠢᠯᠡ ᠪᠤᠯᠭᠠᠬᠤ ᠶᠤᠰᠤᠲᠠᠢ᠄ | ︵ᠨᠢᠭᠡ︶ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠤᠬᠢᠶᠠᠨ ᠪᠠᠶᠢᠭᠤᠯᠤᠯᠲᠠ ᠶᠢᠨ ᠠᠮᠢ | ᠪᠡᠶ᠎ᠡ ᠶᠢᠨ ᠠᠰᠢᠭ ᠲᠤᠰᠠ ᠳᠤ ᠬᠤᠯᠪᠤᠭᠳᠠᠭᠰᠠᠨ︔ | ︵ᠬᠤᠶᠠᠷ︶ ᠨᠡᠶᠢᠭᠡᠮ ᠨᠡᠶᠢᠲᠡ ᠳᠤ ᠦᠷᠭᠡᠨ ᠢᠶᠠᠷ ᠮᠡᠳᠡᠭᠳᠡᠬᠦ ᠴᠢᠬᠤᠯᠠ ᠲᠠᠢ ᠪᠤᠶᠤ ᠨᠡᠶᠢᠭᠡᠮ ᠨᠡᠶᠢᠲᠡ ᠶᠢᠨ | ᠤᠷᠤᠯᠴᠠᠬᠤ ᠶᠢ ᠱᠠᠭᠠᠷᠳᠠᠵᠤ ᠪᠠᠶᠢᠬᠤ︔ | ︵ᠭᠤᠷᠪᠠ︶ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ | ᠡᠭᠦᠷᠭᠡ ᠴᠢᠳᠠᠪᠤᠷᠢ᠂ ᠬᠡᠷᠡᠭ ᠡᠷᠬᠢᠯᠡᠬᠦ ᠵᠢᠷᠤᠮ ᠵᠡᠷᠭᠡ ᠪᠠᠶᠢᠳᠠᠯ ᠢ ᠲᠤᠰᠬᠠᠭᠰᠠᠨ︔ | ︵ᠳᠦᠷᠪᠡ︶ ᠬᠠᠤᠯᠢ ᠴᠠᠭᠠᠵᠠ᠂ ᠬᠠᠤᠯᠢ ᠳᠦᠷᠢᠮ ᠪᠠ ᠤᠯᠤᠰ ᠤᠨ ᠬᠤᠯᠪᠤᠭᠳᠠᠯ ᠪᠦᠬᠦᠢ ᠲᠤᠭᠲᠠᠭᠠᠯ | ᠶᠤᠰᠤᠭᠠᠷ ᠰᠠᠨᠠᠭᠠᠴᠢᠯᠠᠭ᠎ᠠ ᠲᠠᠢ ᠪᠠᠷ ᠪᠤᠯᠭᠠᠬᠤ ᠶᠤᠰᠤᠲᠠᠢ ᠪᠤᠰᠤᠳ ᠵᠦᠢᠯ ᠤᠳ᠃ | ᠠᠷᠪᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ | ᠤᠷᠳᠤᠨ ᠪᠤᠯᠤᠨ ᠲᠡᠭᠦᠨ ᠤ ᠰᠠᠯᠠᠭ᠎ᠠ ᠮᠦᠴᠢᠷ ᠤᠳ ᠲᠤᠰ ᠳᠦᠷᠢᠮ ᠤᠨ ᠶᠢᠰᠦᠳᠦᠭᠡᠷ ᠵᠦᠢᠯ ᠤᠨ ᠲᠤᠭᠲᠠᠭᠠᠯ ᠢ | ᠦᠨᠳᠦᠰᠦᠯᠡᠨ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠬᠡᠪᠴᠢᠶᠡᠨ ᠲᠤᠲᠤᠷ᠎ᠠ ᠵᠠᠰᠠᠭ ᠤᠨ | ᠤᠷᠳᠤᠨ ᠤ ᠮᠡᠳᠡᠭᠡ ᠵᠠᠩᠬᠢ ᠶᠢ ᠰᠠᠨᠠᠭᠠᠴᠢᠯᠠᠭ᠎ᠠ ᠲᠠᠢ ᠪᠠᠷ ᠢᠯᠡ ᠪᠤᠯᠭᠠᠬᠤ ᠪᠤᠳᠠᠲᠠᠢ ᠠᠭᠤᠯᠭ᠎ᠠ ᠶᠢ | ᠲᠤᠭᠲᠠᠭᠠᠬᠤ ᠶᠢᠨ ᠬᠠᠮᠲᠤ ᠳᠤᠤᠷ᠎ᠠ ᠵᠢᠭᠰᠠᠭᠠᠭᠰᠠᠨ ᠵᠠᠰᠠᠭ ᠤᠨ ᠤᠷᠳᠤᠨ ᠤ ᠮᠡᠳᠡᠭᠡ ᠵᠠᠩᠬᠢ ᠶᠢ | ᠭᠤᠤᠯᠳᠠᠯᠭ᠎ᠠ ᠲᠠᠢ ᠪᠠᠷ ᠢᠯᠡ ᠪᠤᠯᠭᠠᠬᠤ ᠶᠤᠰᠤᠲᠠᠢ᠄ | ︵ᠨᠢᠭᠡ︶ ᠵᠠᠰᠠᠭ ᠵᠠᠬᠢᠷᠭᠠᠨ ᠤ ᠬᠠᠤᠯᠢ ᠳᠦᠷᠢᠮ᠂ ᠳᠦᠷᠢᠮ ᠪᠠ ᠵᠢᠷᠤᠮᠵᠢᠭᠰᠠᠨ ᠴᠢᠨᠠᠷᠲᠠᠢ ᠪᠢᠴᠢᠭ | ᠮᠠᠲ᠋ᠧᠷᠢᠶᠠᠯ︔ | ︵ᠬᠤᠶᠠᠷ︶ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ ᠲᠦᠯᠦᠪᠵᠢᠭᠦᠯᠭᠡ᠂ | ᠲᠤᠰᠬᠠᠢ ᠲᠦᠯᠦᠪᠵᠢᠭᠦᠯᠭᠡ᠂ ᠤᠷᠤᠨ ᠤ ᠬᠡᠪᠴᠢᠶᠡᠨ ᠤ ᠲᠦᠯᠦᠪᠵᠢᠭᠦᠯᠭᠡ ᠪᠤᠯᠤᠨ ᠬᠤᠯᠪᠤᠭᠳᠠᠯ ᠪᠦᠬᠦᠢ | ᠲᠦᠷᠦ ᠶᠢᠨ ᠪᠤᠳᠤᠯᠭ᠎ᠠ︔ | ︵ᠭᠤᠷᠪᠠ︶ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ ᠪᠦᠷᠢᠳᠭᠡᠯ ᠤᠨ | ᠮᠡᠳᠡᠭᠡ ᠵᠠᠩᠬᠢ︔ | ︵ᠳᠦᠷᠪᠡ︶ ᠡᠳ᠋ ᠤᠨ ᠵᠠᠰᠠᠭ ᠤᠨ ᠲᠦᠰᠦᠪ᠂ ᠲᠦᠰᠦᠪ ᠤᠨ ᠭᠦᠢᠴᠡᠳᠭᠡᠯ ᠤᠨ ᠮᠡᠳᠡᠭᠦᠯᠦᠯᠲᠡ︔ | ︵ᠲᠠᠪᠤ︶ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠭᠡᠯ ᠬᠤᠷᠢᠶᠠᠬᠤ ᠲᠦᠷᠦᠯ ᠵᠦᠢᠯ᠂ | ᠦᠨᠳᠦᠰᠦ ᠪᠠᠷᠢᠮᠲᠠ᠂ ᠪᠠᠷᠢᠮᠵᠢᠶ᠎ᠠ︔ | ︵ᠵᠢᠷᠭᠤᠭ᠎ᠠ︶ ᠵᠠᠰᠠᠭ ᠤᠨ ᠤᠷᠳᠤᠨ ᠤ ᠲᠦᠪᠯᠡᠷᠡᠭᠦᠯᠦᠨ ᠬᠤᠳᠠᠯᠳᠤᠨ ᠠᠪᠬᠤ ᠲᠦᠷᠦᠯ ᠵᠦᠢᠯ ᠤᠨ | ᠲᠤᠪᠶᠤᠭ᠂ ᠪᠠᠷᠢᠮᠵᠢᠶ᠎ᠠ ᠬᠢᠭᠡᠳ ᠬᠡᠷᠡᠭᠵᠢᠭᠦᠯᠦᠭᠰᠡᠨ ᠪᠠᠶᠢᠳᠠᠯ︔ | ︵ᠳᠤᠯᠤᠭ᠎ᠠ︶ ᠵᠠᠰᠠᠭ ᠵᠠᠬᠢᠷᠭᠠᠨ ᠤ ᠵᠦᠪᠰᠢᠶᠡᠷᠡᠯ ᠤᠨ ᠵᠦᠢᠯᠡᠰ᠂ ᠦᠨᠳᠦᠰᠦ ᠪᠠᠷᠢᠮᠲᠠ᠂ ᠨᠦᠬᠦᠴᠡᠯ᠂ | ᠲᠤᠭ᠎ᠠ ᠬᠡᠮᠵᠢᠶ᠎ᠡ᠂ ᠵᠢᠷᠤᠮ᠂ ᠬᠤᠭᠤᠴᠠᠭ᠎ᠠ ᠬᠢᠵᠠᠭᠠᠷ ᠪᠤᠯᠤᠨ ᠵᠠᠰᠠᠭ ᠵᠠᠬᠢᠷᠭᠠᠨ ᠤ ᠵᠦᠪᠰᠢᠶᠡᠷᠡᠯ ᠢ | ᠭᠤᠶᠤᠴᠢᠯᠠᠬᠤ ᠳᠤ ᠳᠡᠪᠰᠢᠭᠦᠯᠦᠨ ᠲᠤᠰᠢᠶᠠᠬᠤ ᠴᠢᠬᠤᠯᠠᠲᠠᠢ ᠪᠦᠬᠦ ᠮᠠᠲ᠋ᠧᠷᠢᠶᠠᠯ ᠤᠨ ᠲᠤᠪᠶᠤᠭ ᠵᠢᠴᠢ | ᠰᠢᠢᠳᠪᠦᠷᠢᠯᠡᠭᠰᠡᠨ ᠪᠠᠶᠢᠳᠠᠯ︔ | ︵ᠨᠠᠢᠮᠠ︶ ᠴᠢᠬᠤᠯᠠ ᠶᠡᠭᠡ ᠪᠦᠲᠦᠭᠡᠨ ᠪᠠᠶᠢᠭᠤᠯᠬᠤ ᠵᠦᠢᠯᠡᠰ ᠢ ᠵᠦᠪᠰᠢᠶᠡᠷᠡᠭᠰᠡᠨ ᠪᠠ ᠬᠡᠷᠡᠭᠵᠢᠭᠦᠯᠦᠭᠰᠡᠨ | ᠪᠠᠶᠢᠳᠠᠯ︔ | ︵ᠶᠢᠰᠦ︶ ᠶᠠᠳᠠᠭᠤ ᠶᠢ ᠳᠡᠳᠬᠦᠬᠦ᠂ ᠰᠤᠷᠭᠠᠨ ᠬᠦᠮᠦᠵᠢᠯ᠂ ᠡᠮ ᠡᠮᠨᠡᠯᠭᠡ᠂ ᠨᠡᠶᠢᠭᠡᠮ ᠤᠨ ᠪᠠᠲᠤᠯᠭ᠎ᠠ᠂ | ᠠᠵᠢᠯ ᠤᠯᠭᠤᠯᠲᠠ ᠵᠡᠷᠭᠡ ᠲᠠᠯ᠎ᠠ ᠶᠢᠨ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠡ ᠪᠤᠯᠤᠨ ᠲᠡᠳᠡᠭᠡᠷ ᠢ | ᠬᠡᠷᠡᠭᠵᠢᠭᠦᠯᠦᠭᠰᠡᠨ ᠪᠠᠶᠢᠳᠠᠯ︔ | ︵ᠠᠷᠪᠠ︶ ᠭᠡᠨᠡᠳᠲᠡ ᠭᠠᠷᠬᠤ ᠤᠯᠠᠨ ᠨᠡᠶᠢᠲᠡ ᠶᠢᠨ ᠬᠡᠷᠡᠭ ᠢ ᠪᠠᠴᠢᠮ ᠠᠷᠭᠠᠴᠠᠭᠠᠬᠤ ᠲᠦᠰᠦᠪᠯᠡᠯ᠂ | ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠬᠢ ᠪᠤᠯᠤᠨ ᠠᠷᠭᠠᠴᠠᠭᠰᠠᠨ ᠪᠠᠶᠢᠳᠠᠯ︔ | ︵ᠠᠷᠪᠠᠨ ᠨᠢᠭᠡ︶ ᠤᠷᠴᠢᠨ ᠠᠬᠤᠢ ᠶᠢᠨ ᠬᠠᠮᠠᠭᠠᠯᠠᠯᠲᠠ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ | ᠠᠶᠤᠯᠭᠦᠢ ᠦᠢᠯᠡᠳᠪᠦᠷᠢᠯᠡᠯ᠂ ᠢᠳᠡᠭᠡᠨ ᠤ ᠵᠦᠢᠯ ᠡᠮ ᠤᠨ ᠵᠦᠢᠯ᠂ ᠦᠢᠯᠡᠳᠬᠦᠨ ᠤ ᠶᠠᠰᠤ ᠴᠢᠨᠠᠷ ᠢ ᠬᠢᠨᠠᠨ | ᠪᠠᠶᠢᠴᠠᠭᠠᠭᠰᠠᠨ ᠪᠠᠶᠢᠳᠠᠯ᠃ | ᠠᠷᠪᠠᠨ ᠨᠢᠭᠡᠳᠦᠭᠡᠷ ᠵᠦᠢᠯ ᠲᠤᠭᠤᠷᠢᠭ ᠲᠠᠢ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠤᠷᠳᠤᠨ᠂ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠤᠷᠳᠤᠨ ᠪᠤᠯᠤᠨ ᠲᠡᠭᠦᠨ ᠤ ᠰᠠᠯᠠᠭ᠎ᠠ ᠮᠦᠴᠢᠷ ᠤᠨ | ᠭᠤᠤᠯᠳᠠᠯᠭ᠎ᠠ ᠲᠠᠢ ᠪᠠᠷ ᠢᠯᠡ ᠪᠤᠯᠭᠠᠬᠤ ᠵᠠᠰᠠᠭ ᠤᠨ ᠤᠷᠳᠤᠨ ᠤ ᠮᠡᠳᠡᠭᠡ ᠵᠠᠩᠬᠢ ᠳᠤ ᠪᠠᠰᠠ ᠳᠤᠤᠷ᠎ᠠ ᠵᠢᠭᠰᠠᠭᠠᠭᠰᠠᠨ | ᠠᠭᠤᠯᠭ᠎ᠠ ᠨᠤᠭᠤᠳ ᠢ ᠪᠠᠭᠲᠠᠭᠠᠭᠰᠠᠨ ᠪᠠᠶᠢᠬᠤ ᠶᠤᠰᠤᠲᠠᠢ᠄ | ︵ᠨᠢᠭᠡ︶ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠴᠢᠬᠤᠯᠠ ᠶᠡᠭᠡ | ᠵᠦᠢᠯᠡᠰ︔ | ︵ᠬᠤᠶᠠᠷ︶ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠦᠲᠦᠭᠡᠨ ᠪᠠᠶᠢᠭᠤᠯᠤᠯᠲᠠ ᠶᠢᠨ | ᠪᠠᠶᠢᠳᠠᠯ︔ | ︵ᠭᠤᠷᠪᠠ︶ ᠭᠠᠵᠠᠷ ᠰᠢᠷᠤᠢ ᠶᠢ ᠲᠠᠲᠠᠪᠤᠷᠢᠯᠠᠭᠰᠠᠨ ᠪᠤᠶᠤ ᠲᠠᠲᠠᠪᠤᠷᠢᠯᠠᠨ ᠬᠡᠷᠡᠭᠯᠡᠭᠰᠡᠨ᠂ ᠭᠡᠷ ᠪᠠᠶᠢᠰᠢᠩ ᠢ | ᠨᠤᠷᠠᠭᠠᠵᠤ ᠨᠡᠭᠦᠯᠭᠡᠭᠰᠡᠨ ᠵᠢᠴᠢ ᠲᠦᠯᠦᠪᠦᠷᠢ᠂ ᠨᠦᠬᠦᠪᠦᠷᠢ ᠶᠢᠨ ᠰᠦᠢᠳᠭᠡᠯ ᠦᠭᠭᠦᠭᠰᠡᠨ ᠪᠠ ᠬᠡᠷᠡᠭᠯᠡᠭᠰᠡᠨ ᠪᠠᠶᠢᠳᠠᠯ︔ | | ︵ᠳᠦᠷᠪᠡ︶ ᠠᠶᠤᠯ ᠭᠠᠮᠰᠢᠭ ᠠᠴᠠ ᠠᠪᠤᠷᠠᠬᠤ᠂ ᠬᠠᠷᠠᠭᠠᠯᠵᠠᠯ ᠦᠵᠡᠭᠦᠯᠬᠦ᠂ ᠲᠡᠳᠬᠦᠨ ᠲᠤᠰᠠᠯᠠᠬᠤ᠂ | ᠨᠡᠶᠢᠭᠡᠮ ᠤᠨ ᠪᠡᠯᠡᠭᠯᠡᠨ ᠲᠤᠰᠠᠯᠠᠬᠤ ᠵᠡᠷᠭᠡ ᠵᠤᠭᠤᠰ ᠪᠤᠳᠠᠰ ᠤᠨ ᠬᠠᠮᠢᠶᠠᠷᠤᠯᠲᠠ᠂ ᠬᠡᠷᠡᠭᠯᠡᠯᠲᠡ ᠪᠠ | ᠬᠤᠪᠢᠶᠠᠷᠢᠯᠠᠯᠲᠠ ᠶᠢᠨ ᠪᠠᠶᠢᠳᠠᠯ᠃ | ᠠᠷᠪᠠᠨ ᠬᠤᠶᠠᠳᠤᠭᠠᠷ ᠵᠦᠢᠯ ᠰᠢᠶᠠᠩ ︵ᠪᠠᠯᠭᠠᠰᠤ︶ ᠤᠨ ᠠᠷᠠᠳ ᠤᠨ ᠵᠠᠰᠠᠭ ᠤᠨ ᠤᠷᠳᠤᠨ ᠲᠤᠰ | ᠳᠦᠷᠢᠮ ᠤᠨ ᠶᠢᠰᠦᠳᠦᠭᠡᠷ ᠵᠦᠢᠯ ᠤᠨ ᠲᠤᠭᠲᠠᠭᠠᠯ ᠢ ᠦᠨᠳᠦᠰᠦᠯᠡᠨ᠂ ᠡᠭᠦᠷᠭᠡ ᠬᠠᠷᠢᠭᠤᠴᠠᠯᠭ᠎ᠠ ᠶᠢᠨ ᠢᠶᠠᠨ | ᠬᠡᠪᠴᠢᠶᠡᠨ ᠲᠤᠲᠤᠷ᠎ᠠ ᠰᠠᠨᠠᠭᠠᠴᠢᠯᠠᠭ᠎ᠠ ᠲᠠᠢ ᠪᠠᠷ ᠢᠯᠡ ᠪᠤᠯᠭᠠᠬᠤ ᠵᠠᠰᠠᠭ ᠤᠨ ᠤᠷᠳᠤᠨ ᠤ ᠮᠡᠳᠡᠭᠡ ᠵᠠᠩᠬᠢ ᠶᠢᠨ | ᠪᠤᠳᠠᠲᠠᠢ ᠠᠭᠤᠯᠭ᠎ᠠ ᠶᠢ ᠲᠤᠭᠲᠠᠭᠠᠬᠤ ᠶᠢᠨ ᠬᠠᠮᠲᠤ ᠳᠤᠤᠷ᠎ᠠ ᠵᠢᠭᠰᠠᠭᠠᠭᠰᠠᠨ ᠵᠠᠰᠠᠭ ᠤᠨ ᠤᠷᠳᠤᠨ ᠤ ᠮᠡᠳᠡᠭᠡ | ᠵᠠᠩᠬᠢ ᠨᠤᠭᠤᠳ ᠢ ᠭᠤᠤᠯᠳᠠᠯᠭ᠎ᠠ ᠲᠠᠢ ᠪᠠᠷ ᠢᠯᠡ ᠪᠤᠯᠭᠠᠬᠤ ᠶᠤᠰᠤᠲᠠᠢ᠄ | ︵ᠨᠢᠭᠡ︶ ᠬᠦᠳᠡᠭᠡ ᠲᠤᠰᠬᠤᠨ ᠤ ᠠᠵᠢᠯ ᠤᠨ ᠲᠤᠬᠠᠢ ᠤᠯᠤᠰ ᠤᠨ ᠲᠦᠷᠦ ᠶᠢᠨ ᠪᠤᠳᠤᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ︔ | ︵ᠬᠤᠶᠠᠷ︶ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ᠂ ᠡᠯ᠎ᠡ ᠲᠦᠷᠦᠯ ᠤᠨ ᠲᠤᠰᠬᠠᠢ ᠪᠡᠯᠡ | ᠮᠦᠩᠬᠦ ᠶᠢᠨ ᠬᠠᠮᠢᠶᠠᠷᠤᠯᠲᠠ ᠪᠠ ᠬᠡᠷᠡᠭᠯᠡᠯᠲᠡ ᠶᠢᠨ ᠪᠠᠶᠢᠳᠠᠯ︔ | ︵ᠭᠤᠷᠪᠠ︶ ᠰᠢᠶᠠᠩ ︵ᠪᠠᠯᠭᠠᠰᠤ︶ ᠤᠨ ᠭᠠᠵᠠᠷ ᠰᠢᠷᠤᠢ ᠶᠢᠨ ᠠᠰᠢᠭᠯᠠᠯᠲᠠ ᠶᠢᠨ ᠶᠡᠷᠦᠩᠬᠡᠢ | ᠲᠦᠯᠦᠪᠵᠢᠭᠦᠯᠭᠡ᠂ ᠤᠷᠤᠨ ᠰᠠᠭᠤᠴᠠ ᠶᠢᠨ ᠰᠠᠭᠤᠷᠢᠨ ᠭᠠᠵᠠᠷ ᠤᠨ ᠬᠡᠷᠡᠭᠯᠡᠯᠲᠡ ᠶᠢ ᠬᠢᠨᠠᠨ ᠬᠠᠷᠭᠤᠭᠤᠯᠤᠭᠰᠠᠨ | ᠪᠠᠶᠢᠳᠠᠯ︔ | ︵ᠳᠦᠷᠪᠡ︶ ᠭᠠᠵᠠᠷ ᠰᠢᠷᠤᠢ ᠶᠢ ᠲᠠᠲᠠᠪᠤᠷᠢᠯᠠᠭᠰᠠᠨ ᠪᠤᠶᠤ ᠲᠠᠲᠠᠪᠤᠷᠢᠯᠠᠨ ᠬᠡᠷᠡᠭᠯᠡᠭᠰᠡᠨ᠂ ᠭᠡᠷ ᠪᠠᠶᠢᠰᠢᠩ ᠢ | ᠨᠤᠷᠠᠭᠠᠵᠤ ᠨᠡᠭᠦᠯᠭᠡᠭᠰᠡᠨ ᠵᠢᠴᠢ ᠲᠦᠯᠦᠪᠦᠷᠢ᠂ ᠨᠦᠬᠦᠪᠦᠷᠢ ᠶᠢᠨ ᠰᠦᠢᠳᠭᠡᠯ ᠦᠭᠭᠦᠭᠰᠡᠨ ᠪᠠ ᠬᠡᠷᠡᠭᠯᠡᠭᠰᠡᠨ ᠪᠠᠶᠢᠳᠠᠯ︔ | | ︵ᠲᠠᠪᠤ︶ ᠰᠢᠶᠠᠩ ︵ᠪᠠᠯᠭᠠᠰᠤ︶ ᠤᠨ ᠠᠪᠴᠠᠭ᠎ᠠ ᠦᠭᠴᠡᠭᠡ᠂ ᠪᠡᠯᠡ ᠮᠦᠩᠬᠦ ᠴᠤᠭᠯᠠᠭᠤᠯᠵᠤ | ᠬᠦᠳᠡᠯᠮᠦᠷᠢ ᠶᠢᠨ ᠬᠦᠴᠦᠨ ᠴᠤᠭᠯᠠᠭᠤᠯᠤᠭᠰᠠᠨ ᠪᠠᠶᠢᠳᠠᠯ︔ | ︵ᠵᠢᠷᠭᠤᠭ᠎ᠠ︶ ᠠᠶᠤᠯ ᠭᠠᠮᠰᠢᠭ ᠠᠴᠠ ᠠᠪᠤᠷᠠᠬᠤ᠂ ᠬᠠᠷᠠᠭᠠᠯᠵᠠᠯ ᠦᠵᠡᠭᠦᠯᠬᠦ᠂ ᠲᠡᠳᠬᠦᠨ ᠲᠤᠰᠠᠯᠠᠬᠤ᠂ | ᠨᠡᠶᠢᠭᠡᠮ ᠤᠨ ᠪᠡᠯᠡᠭᠯᠡᠨ ᠲᠤᠰᠠᠯᠠᠬᠤ ᠵᠡᠷᠭᠡ ᠵᠤᠭᠤᠰ ᠪᠤᠳᠠᠰ ᠦᠭᠭᠦᠭᠰᠡᠨ ᠪᠠᠶᠢᠳᠠᠯ︔ | ︵ᠳᠤᠯᠤᠭ᠎ᠠ︶ ᠰᠢᠶᠠᠩ ᠪᠠᠯᠭᠠᠰᠤᠨ ᠤ ᠬᠠᠮᠲᠤ ᠶᠢᠨ ᠠᠵᠤ ᠠᠬᠤᠶᠢᠯᠠᠯ ᠪᠤᠯᠤᠨ ᠪᠤᠰᠤᠳ ᠰᠢᠶᠠᠩ | ᠪᠠᠯᠭᠠᠰᠤᠨ ᠤ ᠠᠵᠤ ᠠᠬᠤᠢ ᠶᠢᠨ ᠪᠤᠳᠠᠲᠤ ᠴᠤᠭᠴᠠ ᠶᠢᠨ ᠳᠠᠭᠠᠭᠠᠴᠢᠯᠠᠭᠰᠠᠨ᠂ ᠲᠦᠷᠢᠶᠡᠰᠦᠯᠡᠭᠰᠡᠨ᠂ ᠦᠨ᠎ᠡ | ᠬᠠᠶᠠᠯᠴᠠᠵᠤ ᠬᠤᠳᠠᠯᠳᠤᠭᠰᠠᠨ ᠪᠠᠶᠢᠳᠠᠯ︔ | ︵ᠨᠠᠢᠮᠠ︶ ᠲᠦᠯᠦᠪᠯᠡᠭᠡᠲᠦ ᠦᠷᠡᠵᠢᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠪᠠᠶᠢᠳᠠᠯ᠃ | ᠠᠷᠪᠠᠨ ᠭᠤᠷᠪᠠᠳᠤᠭᠠᠷ ᠵᠦᠢᠯ ᠲᠤᠰ ᠳᠦᠷᠢᠮ ᠤᠨ ᠶᠢᠰᠦᠳᠦᠭᠡᠷ ᠵᠦᠢᠯ᠂ ᠠᠷᠪᠠᠳᠤᠭᠠᠷ ᠵᠦᠢᠯ᠂ ᠠᠷᠪᠠᠨ | ᠨᠢᠭᠡᠳᠦᠭᠡᠷ ᠵᠦᠢᠯ᠂ ᠠᠷᠪᠠᠨ ᠬᠤᠶᠠᠳᠤᠭᠠᠷ ᠵᠦᠢᠯ ᠤᠨ ᠲᠤᠭᠲᠠᠭᠠᠯ ᠳᠤ ᠲᠤᠭᠲᠠᠭᠠᠭᠰᠠᠨ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠰᠠᠨᠠᠭᠠᠴᠢᠯᠠᠭ᠎ᠠ ᠲᠠᠢ ᠪᠠᠷ ᠢᠯᠡ ᠪᠤᠯᠭᠠᠭᠰᠠᠨ ᠵᠠᠰᠠᠭ ᠤᠨ ᠤᠷᠳᠤᠨ ᠤ ᠮᠡᠳᠡᠭᠡ ᠵᠠᠩᠬᠢ ᠠᠴᠠ | ᠭᠠᠳᠠᠨ᠎ᠠ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠤᠬᠢᠶᠠᠨ ᠪᠠᠶᠢᠭᠤᠯᠤᠯᠲᠠ ᠪᠠᠰᠠ ᠠᠮᠢ | ᠪᠡᠶ᠎ᠡ ᠶᠢᠨ ᠦᠢᠯᠡᠳᠪᠦᠷᠢᠯᠡᠯ᠂ ᠠᠮᠢᠳᠤᠷᠠᠯ᠂ ᠰᠢᠨᠵᠢᠯᠡᠬᠦ ᠤᠬᠠᠭᠠᠨ ᠤ ᠰᠤᠳᠤᠯᠭᠠᠨ ᠵᠡᠷᠭᠡ ᠤᠨᠴᠠᠭᠠᠢ ᠬᠡᠷᠡᠭᠴᠡᠭᠡ ᠪᠠᠨ | ᠦᠨᠳᠦᠰᠦᠯᠡᠨ᠂ ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠦᠴᠢᠷ᠂ ᠤᠷᠤᠨ ᠨᠤᠲᠤᠭ ᠤᠨ ᠡᠯ᠎ᠡ | ᠱᠠᠲᠤᠨ ᠤ ᠠᠷᠠᠳ ᠤᠨ ᠵᠠᠰᠠᠭ ᠤᠨ ᠤᠷᠳᠤᠨ ᠪᠤᠯᠤᠨ ᠰᠢᠶᠠᠨ ᠤ ᠱᠠᠲᠤᠨ ᠠᠴᠠ ᠳᠡᠭᠡᠭᠰᠢᠬᠢ ᠤᠷᠤᠨ ᠨᠤᠲᠤᠭ ᠤᠨ | ᠠᠷᠠᠳ ᠤᠨ ᠵᠠᠰᠠᠭ ᠤᠨ ᠤᠷᠳᠤᠨ ᠤ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠵᠤ ᠵᠠᠰᠠᠭ ᠤᠨ ᠤᠷᠳᠤᠨ ᠤ ᠮᠡᠳᠡᠭᠡ | ᠵᠠᠩᠬᠢ ᠶᠢ ᠤᠯᠵᠤ ᠪᠤᠯᠤᠨ᠎ᠠ᠃ | ᠠᠷᠪᠠᠨ ᠳᠦᠷᠪᠡᠳᠦᠭᠡᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠤᠷᠳᠤᠨ ᠤ ᠮᠡᠳᠡᠭᠡ | ᠵᠠᠩᠬᠢ ᠶᠢ ᠨᠡᠶᠢᠲᠡᠯᠡᠬᠦ ᠶᠢᠨ ᠨᠢᠭᠤᠴᠠ ᠶᠢ ᠬᠠᠮᠠᠭᠠᠯᠠᠬᠤ ᠠᠵᠢᠯ ᠤᠨ ᠬᠢᠨᠠᠨ ᠪᠠᠶᠢᠴᠠᠭᠠᠬᠤ ᠲᠤᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠬᠢᠨᠠᠨ ᠪᠠᠶᠢᠴᠠᠭᠠᠬᠤ ᠵᠢᠷᠤᠮ ᠪᠠ ᠬᠠᠷᠢᠭᠤᠴᠠᠯᠭ᠎ᠠ ᠶᠢ ᠲᠤᠳᠤᠷᠬᠠᠶᠢᠯᠠᠬᠤ ᠶᠤᠰᠤᠲᠠᠢ᠃ | ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠠᠴᠠ | ᠡᠮᠦᠨ᠎ᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ | ᠬᠠᠤᠯᠢ︾ ᠪᠤᠯᠤᠨ ᠪᠤᠰᠤᠳ ᠬᠠᠤᠯᠢ ᠴᠠᠭᠠᠵᠠ᠂ ᠬᠠᠤᠯᠢ ᠳᠦᠷᠢᠮ ᠪᠠ ᠤᠯᠤᠰ ᠤᠨ ᠬᠤᠯᠪᠤᠭᠳᠠᠯ ᠪᠦᠬᠦᠢ | ᠲᠤᠭᠲᠠᠭᠠᠯ ᠢ ᠦᠨᠳᠦᠰᠦᠯᠡᠨ᠂ ᠢᠯᠡ ᠪᠤᠯᠭᠠᠬᠤ ᠪᠠᠷ ᠪᠠᠶᠢᠭ᠎ᠠ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠬᠢᠨᠠᠨ | ᠪᠠᠶᠢᠴᠠᠭᠠᠬᠤ ᠶᠤᠰᠤᠲᠠᠢ᠃ | ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠵᠤ ᠪᠤᠯᠬᠤ | ᠡᠰᠡᠬᠦ ᠲᠤᠬᠠᠢ ᠲᠤᠭᠲᠠᠭᠠᠵᠤ ᠳᠡᠶᠢᠯᠬᠦ ᠦᠭᠡᠢ ᠦᠶ᠎ᠡ ᠳᠤ᠂ ᠬᠠᠤᠯᠢ ᠴᠠᠭᠠᠵᠠ᠂ ᠬᠠᠤᠯᠢ ᠳᠦᠷᠢᠮ ᠪᠠ ᠤᠯᠤᠰ ᠤᠨ | ᠬᠤᠯᠪᠤᠭᠳᠠᠯ ᠪᠦᠬᠦᠢ ᠲᠤᠭᠲᠠᠭᠠᠯ ᠢ ᠦᠨᠳᠦᠰᠦᠯᠡᠨ ᠬᠠᠮᠢᠶ᠎ᠠ ᠪᠦᠬᠦᠢ ᠭᠤᠤᠯᠯᠠᠨ ᠬᠠᠮᠢᠶᠠᠷᠠᠬᠤ ᠰᠠᠯᠠᠭ᠎ᠠ ᠮᠦᠴᠢᠷ | ᠪᠤᠶᠤ ᠠᠳᠠᠯᠢ ᠱᠠᠲᠤᠨ ᠤ ᠨᠢᠭᠤᠴᠠ ᠶᠢ ᠬᠠᠮᠠᠭᠠᠯᠠᠬᠤ ᠰᠠᠯᠠᠭ᠎ᠠ ᠮᠦᠴᠢᠷ ᠲᠤ ᠮᠡᠳᠡᠭᠦᠯᠦᠨ ᠲᠤᠭᠲᠠᠭᠠᠯᠭᠠᠬᠤ ᠶᠤᠰᠤᠲᠠᠢ | ᠃ | ᠵᠠᠰᠠᠭ ᠵᠠᠬᠢᠷᠭᠠᠨ ᠤ ᠪᠠᠶᠢᠭᠤᠯᠭ᠎ᠠ ᠤᠯᠤᠰ ᠤᠷᠤᠨ ᠤ ᠨᠢᠭᠤᠴᠠ᠂ ᠬᠤᠳᠠᠯᠳᠤᠭᠠᠨ ᠤ ᠨᠢᠭᠤᠴᠠ᠂ | ᠬᠤᠪᠢ ᠶᠢᠨ ᠨᠢᠭᠤᠴᠠ ᠳᠤ ᠬᠤᠯᠪᠤᠭᠳᠠᠬᠤ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠵᠤ ᠪᠤᠯᠬᠤ | ᠦᠭᠡᠢ᠃ ᠭᠡᠪᠡᠴᠦ ᠡᠷᠬᠡᠲᠦ ᠬᠦᠮᠦᠨ ᠤ ᠢᠯᠡ ᠪᠤᠯᠭᠠᠬᠤ ᠵᠦᠪᠰᠢᠶᠡᠷᠡᠯ ᠢ ᠤᠯᠤᠭᠰᠠᠨ ᠪᠤᠶᠤ ᠵᠠᠰᠠᠭ ᠵᠠᠬᠢᠷᠭᠠᠨ ᠤ | ᠪᠠᠶᠢᠭᠤᠯᠭ᠎ᠠ ᠠᠴᠠ ᠢᠯᠡ ᠪᠤᠯᠭᠠᠬᠤ ᠦᠭᠡᠢ ᠪᠤᠯ ᠤᠯᠠᠨ ᠨᠡᠶᠢᠲᠡ ᠶᠢᠨ ᠠᠰᠢᠭ ᠲᠤᠰᠠ ᠳᠤ ᠬᠦᠨᠳᠦ ᠶᠡᠭᠡ ᠨᠦᠯᠦᠭᠡ | ᠤᠴᠠᠷᠠᠭᠤᠯᠵᠤ ᠮᠡᠳᠡᠨ᠎ᠡ ᠭᠡᠵᠦ ᠦᠵᠡᠭᠰᠡᠨ ᠬᠤᠳᠠᠯᠳᠤᠭᠠᠨ ᠤ ᠨᠢᠭᠤᠴᠠ᠂ ᠬᠤᠪᠢ ᠬᠦᠮᠦᠨ ᠤ ᠨᠢᠭᠤᠴᠠ ᠳᠤ | ᠬᠤᠯᠪᠤᠭᠳᠠᠬᠤ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠵᠤ ᠪᠤᠯᠤᠨ᠎ᠠ᠃ | | ᠭᠤᠷᠪᠠᠳᠤᠭᠠᠷ ᠪᠦᠯᠦᠭ ᠢᠯᠡ ᠪᠤᠯᠭᠠᠬᠤ ᠠᠷᠭ᠎ᠠ ᠮᠠᠶ᠋ᠢᠭ ᠪᠠ ᠵᠢᠷᠤᠮ | ᠠᠷᠪᠠᠨ ᠲᠠᠪᠤᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠰᠠᠨᠠᠭᠠᠴᠢᠯᠠᠭ᠎ᠠ ᠲᠠᠢ ᠪᠠᠷ ᠢᠯᠡ ᠪᠤᠯᠭᠠᠬᠤ | ᠵᠠᠰᠠᠭ ᠤᠨ ᠤᠷᠳᠤᠨ ᠤ ᠮᠡᠳᠡᠭᠡ ᠵᠠᠩᠬᠢ ᠶᠢ ᠵᠠᠰᠠᠭ ᠤᠨ ᠤᠷᠳᠤᠨ ᠤ ᠠᠯᠪᠠᠨ ᠮᠡᠳᠡᠭᠡ᠂ ᠵᠠᠰᠠᠭ ᠤᠨ ᠤᠷᠳᠤᠨ ᠤ | ᠰᠦᠯᠵᠢᠶ᠎ᠡ ᠶᠢᠨ ᠴᠡᠭ᠂ ᠰᠤᠨᠢᠨ ᠮᠡᠳᠡᠭᠡ ᠨᠡᠶᠢᠲᠡᠯᠡᠬᠦ ᠬᠤᠷᠠᠯ ᠪᠤᠯᠤᠨ ᠰᠤᠨᠢᠨ ᠰᠡᠳᠬᠦᠯ᠂ ᠷᠠᠳᠢᠤ᠋ ᠨᠡᠪᠲᠡᠷᠡᠭᠦᠯᠭᠡ᠂ | ᠲᠧᠯᠸᠢᠰ ᠵᠡᠷᠭᠡ ᠤᠯᠠᠨ ᠨᠡᠶᠢᠲᠡ ᠳᠤ ᠮᠡᠳᠡᠭᠳᠡᠬᠦ ᠳᠤ ᠠᠮᠠᠷᠬᠠᠨ ᠪᠠᠶᠢᠳᠠᠭ ᠠᠷᠭ᠎ᠠ ᠮᠠᠶ᠋ᠢᠭ ᠢᠶᠠᠷ ᠢᠯᠡ ᠪᠤᠯᠭᠠᠬᠤ | ᠶᠤᠰᠤᠲᠠᠢ᠃ | ᠠᠷᠪᠠᠨ ᠵᠢᠷᠭᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠤᠯᠤᠰ ᠤᠨ ᠳᠠᠩᠰᠠ | ᠡᠪᠬᠡᠮᠡᠯ ᠤᠨ ᠭᠠᠵᠠᠷ᠂ ᠤᠯᠠᠨ ᠨᠡᠶᠢᠲᠡ ᠶᠢᠨ ᠨᠤᠮ ᠤᠨ ᠰᠠᠩ ᠳᠤ ᠵᠠᠰᠠᠭ ᠤᠨ ᠤᠷᠳᠤᠨ ᠤ ᠮᠡᠳᠡᠭᠡ ᠵᠠᠩᠬᠢ ᠶᠢ | ᠪᠠᠶᠢᠴᠠᠭᠠᠵᠤ ᠦᠵᠡᠬᠦ ᠲᠠᠯᠠᠪᠤᠷ ᠭᠠᠵᠠᠷ ᠭᠠᠷᠭᠠᠬᠤ ᠶᠢᠨ ᠬᠠᠮᠲᠤ ᠵᠤᠬᠢᠴᠠᠩᠭᠤᠢ ᠲᠤᠨᠤᠭ ᠲᠦᠬᠦᠭᠡᠷᠦᠮᠵᠢ | ᠲᠠᠭᠠᠷᠠᠭᠤᠯᠵᠤ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠤᠬᠢᠶᠠᠨ ᠪᠠᠶᠢᠭᠤᠯᠤᠯᠲᠠ ᠶᠢᠨ | ᠵᠠᠰᠠᠭ ᠤᠨ ᠤᠷᠳᠤᠨ ᠤ ᠮᠡᠳᠡᠭᠡ ᠵᠠᠩᠬᠢ ᠶᠢ ᠤᠯᠬᠤ ᠳᠤ ᠳᠦᠭᠦᠮ ᠦᠵᠡᠭᠦᠯᠬᠦ ᠶᠤᠰᠤᠲᠠᠢ᠃ | ᠵᠠᠰᠠᠭ ᠵᠠᠬᠢᠷᠭᠠᠨ ᠤ ᠪᠠᠶᠢᠭᠤᠯᠭ᠎ᠠ ᠬᠡᠷᠡᠭᠴᠡᠭᠡ ᠪᠠᠨ ᠦᠨᠳᠦᠰᠦᠯᠡᠨ ᠤᠯᠠᠨ ᠨᠡᠶᠢᠲᠡ ᠶᠢᠨ ᠪᠠᠶᠢᠴᠠᠭᠠᠵᠤ | ᠦᠵᠡᠬᠦ ᠲᠠᠰᠤᠭ᠂ ᠮᠠᠲ᠋ᠧᠷᠢᠶᠠᠯ ᠤᠯᠵᠤ ᠠᠪᠬᠤ ᠭᠠᠵᠠᠷ᠂ ᠮᠡᠳᠡᠭᠡ ᠵᠠᠩᠬᠢ ᠶᠢᠨ ᠠᠯᠪᠠᠨ ᠵᠠᠷ ᠤᠨ ᠪᠤᠯᠤᠩ᠂ | ᠡᠯᠧᠺᠲᠷᠤᠨ ᠮᠡᠳᠡᠭᠡ ᠵᠠᠩᠬᠢ ᠶᠢᠨ ᠳᠡᠯᠭᠡᠴᠡ ᠵᠡᠷᠭᠡ ᠲᠠᠯᠠᠪᠤᠷ ᠭᠠᠵᠠᠷ᠂ ᠲᠤᠨᠤᠭ ᠲᠦᠬᠦᠭᠡᠷᠦᠮᠵᠢ ᠶᠢ ᠪᠠᠶᠢᠷᠢᠯᠠᠭᠤᠯᠵᠤ | ᠂ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠵᠤ ᠪᠤᠯᠤᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ | ᠤᠯᠤᠰ ᠤᠨ ᠳᠠᠩᠰᠠ ᠡᠪᠬᠡᠮᠡᠯ ᠤᠨ ᠭᠠᠵᠠᠷ᠂ ᠤᠯᠠᠨ ᠨᠡᠶᠢᠲᠡ ᠶᠢᠨ ᠨᠤᠮ ᠤᠨ ᠰᠠᠩ ᠰᠠᠨᠠᠭᠠᠴᠢᠯᠠᠭ᠎ᠠ ᠲᠠᠢ ᠪᠠᠷ ᠢᠯᠡ | ᠪᠤᠯᠭᠠᠬᠤ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠴᠠᠭ ᠲᠤᠬᠠᠢ ᠳᠤᠨᠢ ᠬᠠᠩᠭᠠᠬᠤ ᠶᠤᠰᠤᠲᠠᠢ᠃ | ᠠᠷᠪᠠᠨ ᠳᠤᠯᠤᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠤᠬᠢᠶᠠᠭᠰᠠᠨ ᠵᠠᠰᠠᠭ ᠤᠨ ᠤᠷᠳᠤᠨ ᠤ | ᠮᠡᠳᠡᠭᠡ ᠵᠠᠩᠬᠢ ᠶᠢ ᠪᠤᠯ ᠲᠤᠰ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠵᠤᠬᠢᠶᠠᠭᠰᠠᠨ ᠵᠠᠰᠠᠭ ᠵᠠᠬᠢᠷᠭᠠᠨ ᠤ | ᠪᠠᠶᠢᠭᠤᠯᠭ᠎ᠠ ᠠᠴᠠ ᠬᠠᠷᠢᠭᠤᠴᠠᠵᠤ ᠢᠯᠡ ᠪᠤᠯᠭᠠᠨ᠎ᠠ︔ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠷᠠᠳ ᠢᠷᠭᠡᠨ᠂ | ᠬᠠᠤᠯᠢ ᠶᠢᠨ ᠡᠷᠬᠡᠲᠡᠨ ᠪᠤᠶᠤ ᠪᠤᠰᠤᠳ ᠵᠤᠬᠢᠶᠠᠨ ᠪᠠᠶᠢᠭᠤᠯᠤᠯᠲᠠ ᠠᠴᠠ ᠤᠯᠤᠭᠰᠠᠨ ᠵᠠᠰᠠᠭ ᠤᠨ ᠤᠷᠳᠤᠨ ᠤ ᠮᠡᠳᠡᠭᠡ | ᠵᠠᠩᠬᠢ ᠶᠢ ᠪᠤᠯ ᠲᠤᠰ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠬᠠᠳᠠᠭᠠᠯᠠᠵᠤ ᠪᠠᠶᠢᠭ᠎ᠠ ᠵᠠᠰᠠᠭ ᠵᠠᠬᠢᠷᠭᠠᠨ ᠤ | ᠪᠠᠶᠢᠭᠤᠯᠭ᠎ᠠ ᠠᠴᠠ ᠬᠠᠷᠢᠭᠤᠴᠠᠵᠤ ᠢᠯᠡ ᠪᠤᠯᠭᠠᠨ᠎ᠠ᠃ ᠬᠠᠤᠯᠢ ᠴᠠᠭᠠᠵᠠ᠂ ᠬᠠᠤᠯᠢ ᠳᠦᠷᠢᠮ ᠳᠤ ᠵᠠᠰᠠᠭ ᠤᠨ | ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠡᠷᠬᠡ ᠮᠡᠳᠡᠯ ᠤᠨ ᠬᠡᠪᠴᠢᠶ᠎ᠡ ᠶᠢᠨ ᠲᠤᠬᠠᠢ ᠠᠰᠲᠠᠭᠠᠨ | ᠲᠤᠭᠲᠠᠭᠠᠯ ᠲᠠᠢ ᠪᠠᠶᠢᠪᠠᠯ᠂ ᠲᠡᠷᠡ ᠬᠦ ᠲᠤᠭᠲᠠᠭᠠᠯ ᠢ ᠵᠢᠷᠤᠮᠯᠠᠨ᠎ᠠ᠃ | ᠠᠷᠪᠠᠨ ᠨᠠᠢᠮᠠᠳᠤᠭᠠᠷ ᠵᠦᠢᠯ ᠰᠠᠨᠠᠭᠠᠴᠢᠯᠠᠭ᠎ᠠ ᠲᠠᠢ ᠪᠠᠷ ᠢᠯᠡ ᠪᠤᠯᠭᠠᠬᠤ ᠵᠠᠰᠠᠭ ᠤᠨ ᠤᠷᠳᠤᠨ ᠤ ᠮᠡᠳᠡᠭᠡ | ᠵᠠᠩᠬᠢ ᠳᠤ ᠲᠤᠭᠠᠴᠢᠭᠳᠠᠵᠤ ᠪᠠᠶᠢᠪᠠᠯ᠂ ᠲᠤᠰ ᠵᠠᠰᠠᠭ ᠤᠨ ᠤᠷᠳᠤᠨ ᠤ ᠮᠡᠳᠡᠭᠡ ᠵᠠᠩᠬᠢ ᠪᠤᠢ ᠪᠤᠯᠤᠭᠰᠠᠨ ᠪᠤᠶᠤ | ᠬᠤᠪᠢᠷᠠᠭᠰᠠᠨ ᠡᠳᠦᠷ ᠠᠴᠠ ᠡᠬᠢᠯᠡᠨ 20 ᠠᠵᠢᠯ ᠤᠨ ᠡᠳᠦᠷ ᠲᠤᠲᠤᠷ᠎ᠠ ᠢᠯᠡ ᠪᠤᠯᠭᠠᠬᠤ ᠶᠤᠰᠤᠲᠠᠢ᠃ ᠬᠠᠤᠯᠢ | ᠴᠠᠭᠠᠵᠠ᠂ ᠬᠠᠤᠯᠢ ᠳᠦᠷᠢᠮ ᠳᠤ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠬᠤᠭᠤᠴᠠᠭ᠎ᠠ | ᠬᠢᠵᠠᠭᠠᠷ ᠤᠨ ᠲᠤᠬᠠᠢ ᠠᠰᠲᠠᠭᠠᠨ ᠲᠤᠭᠲᠠᠭᠠᠯ ᠲᠠᠢ ᠪᠠᠶᠢᠪᠠᠯ᠂ ᠲᠡᠷᠡ ᠬᠦ ᠲᠤᠭᠲᠠᠭᠠᠯ ᠢ ᠵᠢᠷᠤᠮᠯᠠᠨ᠎ᠠ᠃ | ᠠᠷᠪᠠ ᠶᠢᠰᠦᠳᠦᠭᠡᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠤᠨ ᠤᠷᠳᠤᠨ ᠤ ᠮᠡᠳᠡᠭᠡ ᠵᠠᠩᠬᠢ ᠶᠢ | ᠢᠯᠡ ᠪᠤᠯᠭᠠᠬᠤ ᠵᠦᠭᠯᠡᠭᠦᠷ ᠪᠠ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠲᠤᠪᠶᠤᠭ ᠢ | ᠨᠠᠶᠢᠷᠠᠭᠤᠯᠤᠨ ᠵᠤᠬᠢᠶᠠᠵᠤ ᠨᠡᠶᠢᠲᠡᠯᠡᠬᠦ ᠶᠢᠨ ᠬᠠᠮᠲᠤ ᠴᠠᠭ ᠲᠤᠬᠠᠢ ᠳᠤᠨᠢ ᠰᠢᠨᠡᠳᠭᠡᠬᠦ ᠶᠤᠰᠤᠲᠠᠢ᠃ | ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠵᠦᠭᠯᠡᠭᠦᠷ ᠲᠤ ᠵᠠᠰᠠᠭ ᠤᠨ ᠤᠷᠳᠤᠨ ᠤ | ᠮᠡᠳᠡᠭᠡ ᠵᠠᠩᠬᠢ ᠶᠢᠨ ᠠᠩᠭᠢᠯᠠᠯ᠂ ᠨᠠᠶᠢᠷᠠᠭᠤᠯᠤᠨ ᠵᠢᠭᠰᠠᠭᠠᠬᠤ ᠰᠢᠰᠲ᠋ᠧᠮ᠂ ᠤᠯᠬᠤ ᠠᠷᠭ᠎ᠠ ᠮᠠᠶ᠋ᠢᠭ᠂ ᠵᠠᠰᠠᠭ ᠤᠨ | ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠠᠵᠢᠯ ᠤᠨ ᠪᠠᠶᠢᠭᠤᠯᠤᠮᠵᠢ ᠤᠨ ᠨᠡᠷᠡᠶᠢᠳᠦᠯ᠂ ᠠᠵᠢᠯᠯᠠᠬᠤ | ᠭᠠᠵᠠᠷ ᠤᠨ ᠬᠠᠶ᠋ᠢᠭ᠂ ᠠᠵᠢᠯᠯᠠᠬᠤ ᠴᠠᠭ᠂ ᠬᠠᠷᠢᠯᠴᠠᠬᠤ ᠤᠲᠠᠰᠤ᠂ ᠹᠠᠺᠰ ᠤᠨ ᠨᠤᠮᠧᠷ᠂ ᠡᠯᠧᠺᠲᠷᠤᠨ ᠰᠢᠤᠳᠠᠨ | ᠬᠠᠶᠢᠷᠴᠠᠭ ᠵᠡᠷᠭᠡ ᠠᠭᠤᠯᠭ᠎ᠠ ᠶᠢ ᠪᠠᠭᠲᠠᠭᠠᠭᠰᠠᠨ ᠪᠠᠶᠢᠬᠤ ᠶᠤᠰᠤᠲᠠᠢ᠃ | ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠲᠤᠪᠶᠤᠭ ᠲᠤ ᠵᠠᠰᠠᠭ ᠤᠨ ᠤᠷᠳᠤᠨ ᠤ | ᠮᠡᠳᠡᠭᠡ ᠵᠠᠩᠬᠢ ᠶᠢᠨ ᠬᠡᠯᠬᠢᠶᠡᠰᠦ᠂ ᠨᠡᠷᠡᠶᠢᠳᠦᠯ᠂ ᠠᠭᠤᠯᠭ᠎ᠠ ᠶᠢᠨ ᠲᠤᠶᠢᠮᠤᠴᠢᠯᠠᠯ᠂ ᠪᠤᠢ ᠪᠤᠯᠤᠭᠰᠠᠨ ᠡᠳᠦᠷ | ᠬᠤᠭᠤᠴᠠᠭ᠎ᠠ ᠵᠡᠷᠭᠡ ᠠᠭᠤᠯᠭ᠎ᠠ ᠶᠢ ᠪᠠᠭᠲᠠᠭᠠᠭᠰᠠᠨ ᠪᠠᠶᠢᠬᠤ ᠶᠤᠰᠤᠲᠠᠢ᠃ | ᠬᠤᠷᠢᠳᠤᠭᠠᠷ ᠵᠦᠢᠯ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠤᠬᠢᠶᠠᠨ | ᠪᠠᠶᠢᠭᠤᠯᠤᠯᠲᠠ ᠶᠢᠨ ᠲᠤᠰ ᠳᠦᠷᠢᠮ ᠤᠨ ᠠᠷᠪᠠᠨ ᠭᠤᠷᠪᠠᠳᠤᠭᠠᠷ ᠵᠦᠢᠯ ᠤᠨ ᠲᠤᠭᠲᠠᠭᠠᠯ ᠶᠤᠰᠤᠭᠠᠷ ᠵᠠᠰᠠᠭ ᠤᠨ | ᠤᠷᠳᠤᠨ ᠤ ᠮᠡᠳᠡᠭᠡ ᠵᠠᠩᠬᠢ ᠤᠯᠬᠤ ᠪᠠᠷ ᠵᠠᠰᠠᠭ ᠵᠠᠬᠢᠷᠭᠠᠨ ᠤ ᠪᠠᠶᠢᠭᠤᠯᠭ᠎ᠠ ᠳᠤ ᠭᠤᠶᠤᠴᠢᠯᠠᠬᠤ ᠳᠤ ᠬᠦᠷᠪᠡᠯ᠂ | ᠪᠢᠴᠢᠭ ᠤᠨ ᠬᠡᠯᠪᠡᠷᠢ ︵ᠳ᠋ᠠᠶᠢᠲ᠋ᠠ ᠴᠠᠬᠢᠯᠭᠠᠨ ᠮᠡᠳᠡᠭᠡ ᠶᠢᠨ ᠬᠡᠯᠪᠡᠷᠢ ᠪᠠᠭᠲᠠᠨ᠎ᠠ︶ ᠠᠪᠬᠤ ᠶᠤᠰᠤᠲᠠᠢ︔ ᠪᠢᠴᠢᠭ ᠤᠨ | ᠬᠡᠯᠪᠡᠷᠢ ᠠᠪᠬᠤ ᠳᠤ ᠦᠨᠡᠬᠡᠷ ᠪᠡᠷᠬᠡᠲᠡᠢ ᠪᠤᠯ᠂ ᠭᠤᠶᠤᠴᠢᠯᠠᠭᠴᠢ ᠶᠠᠷᠢᠶᠠᠨ ᠤ ᠬᠡᠯᠪᠡᠷᠢ ᠪᠠᠷ ᠳᠤᠷᠠᠳᠤᠨ ᠭᠠᠷᠭᠠᠵᠤ᠂ | ᠲᠤᠰ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠵᠠᠰᠠᠭ ᠵᠠᠬᠢᠷᠭᠠᠨ ᠤ ᠪᠠᠶᠢᠭᠤᠯᠭ᠎ᠠ ᠲᠡᠭᠦᠨ ᠢ ᠤᠷᠤᠯᠠᠨ | ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠭᠤᠶᠤᠴᠢᠯᠠᠯ ᠢ ᠤᠷᠤᠯᠠᠨ ᠪᠢᠴᠢᠵᠦ ᠪᠤᠯᠤᠨ᠎ᠠ᠃ | ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠭᠤᠶᠤᠴᠢᠯᠠᠯ ᠳᠤ ᠳᠤᠤᠷ᠎ᠠ ᠵᠢᠭᠰᠠᠭᠠᠭᠰᠠᠨ | ᠠᠭᠤᠯᠭ᠎ᠠ ᠶᠢ ᠪᠠᠭᠲᠠᠭᠠᠭᠰᠠᠨ ᠪᠠᠶᠢᠬᠤ ᠶᠤᠰᠤᠲᠠᠢ᠄ | ︵ᠨᠢᠭᠡ︶ ᠭᠤᠶᠤᠴᠢᠯᠠᠭᠴᠢ ᠶᠢᠨ ᠤᠪᠤᠭ ᠨᠡᠷ᠎ᠡ ᠪᠤᠶᠤ ᠨᠡᠷ᠎ᠡ ᠨᠡᠷᠡᠶᠢᠳᠦᠯ᠂ ᠬᠠᠷᠢᠯᠴᠠᠬᠤ ᠠᠷᠭ᠎ᠠ ᠮᠠᠶ᠋ᠢᠭ︔ | | ︵ᠬᠤᠶᠠᠷ︶ ᠢᠯᠡ ᠪᠤᠯᠭᠠᠬᠤ ᠪᠠᠷ ᠭᠤᠶᠤᠴᠢᠯᠠᠭᠰᠠᠨ ᠵᠠᠰᠠᠭ ᠤᠨ ᠤᠷᠳᠤᠨ ᠤ ᠮᠡᠳᠡᠭᠡ ᠵᠠᠩᠬᠢ ᠶᠢᠨ | ᠠᠭᠤᠯᠭ᠎ᠠ ᠶᠢᠨ ᠳᠦᠷᠰᠦᠯᠡᠨ ᠲᠤᠭᠠᠴᠢᠯᠲᠠ︔ | ︵ᠭᠤᠷᠪᠠ︶ ᠢᠯᠡ ᠪᠤᠯᠭᠠᠬᠤ ᠪᠠᠷ ᠭᠤᠶᠤᠴᠢᠯᠠᠭᠰᠠᠨ ᠵᠠᠰᠠᠭ ᠤᠨ ᠤᠷᠳᠤᠨ ᠤ ᠮᠡᠳᠡᠭᠡ ᠵᠠᠩᠬᠢ ᠶᠢᠨ | ᠬᠡᠯᠪᠡᠷᠢ ᠶᠢᠨ ᠱᠠᠭᠠᠷᠳᠠᠯᠭ᠎ᠠ᠃ | ᠬᠤᠷᠢᠨ ᠨᠢᠭᠡᠳᠦᠭᠡᠷ ᠵᠦᠢᠯ ᠢᠯᠡ ᠪᠤᠯᠭᠠᠬᠤ ᠪᠠᠷ ᠭᠤᠶᠤᠴᠢᠯᠠᠭᠰᠠᠨ ᠵᠠᠰᠠᠭ ᠤᠨ ᠤᠷᠳᠤᠨ ᠤ ᠮᠡᠳᠡᠭᠡ | ᠵᠠᠩᠬᠢ ᠶᠢᠨ ᠲᠤᠬᠠᠢ᠂ ᠵᠠᠰᠠᠭ ᠵᠠᠬᠢᠷᠭᠠᠨ ᠤ ᠪᠠᠶᠢᠭᠤᠯᠭ᠎ᠠ ᠳᠤᠤᠷ᠎ᠠ ᠵᠢᠭᠰᠠᠭᠠᠭᠰᠠᠨ ᠪᠠᠶᠢᠳᠠᠯ ᠤᠳ ᠢ ᠦᠨᠳᠦᠰᠦᠯᠡᠨ | ᠲᠤᠰ ᠲᠤᠰ ᠬᠠᠷᠢᠭᠤᠯᠲᠠ ᠦᠭᠭᠦᠨ᠎ᠡ᠄ | ︵ᠨᠢᠭᠡ︶ ᠢᠯᠡ ᠪᠤᠯᠭᠠᠬᠤ ᠬᠡᠪᠴᠢᠶᠡᠨ ᠳᠤ ᠲᠤᠭᠠᠴᠢᠭᠳᠠᠵᠤ ᠪᠠᠶᠢᠪᠠᠯ᠂ ᠲᠤᠰ ᠵᠠᠰᠠᠭ ᠤᠨ ᠤᠷᠳᠤᠨ ᠤ | ᠮᠡᠳᠡᠭᠡ ᠵᠠᠩᠬᠢ ᠶᠢ ᠤᠯᠬᠤ ᠠᠷᠭ᠎ᠠ ᠮᠠᠶ᠋ᠢᠭ ᠪᠠ ᠠᠷᠭ᠎ᠠ ᠵᠠᠮ ᠢ ᠭᠤᠶᠤᠴᠢᠯᠠᠭᠴᠢ ᠳᠤ ᠮᠡᠳᠡᠭᠳᠡᠬᠦ ᠶᠤᠰᠤᠲᠠᠢ︔ | ︵ᠬᠤᠶᠠᠷ︶ ᠢᠯᠡ ᠪᠤᠯᠭᠠᠬᠤ ᠦᠭᠡᠢ ᠬᠡᠪᠴᠢᠶᠡᠨ ᠳᠤ ᠲᠤᠭᠠᠴᠢᠭᠳᠠᠵᠤ ᠪᠠᠶᠢᠪᠠᠯ᠂ ᠭᠤᠶᠤᠴᠢᠯᠠᠭᠴᠢ ᠳᠤ | ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠤᠳᠤᠷᠬᠠᠶᠢᠯᠠᠬᠤ ᠶᠤᠰᠤᠲᠠᠢ︔ | ︵ᠭᠤᠷᠪᠠ︶ ᠬᠠᠤᠯᠢ ᠶᠤᠰᠤᠭᠠᠷ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠢᠯᠡ ᠪᠤᠯᠭᠠᠬᠤ | ᠬᠡᠪᠴᠢᠶᠡᠨ ᠳᠤ ᠲᠤᠭᠠᠴᠢᠭᠳᠠᠬᠤ ᠦᠭᠡᠢ ᠪᠤᠶᠤ ᠲᠤᠰ ᠵᠠᠰᠠᠭ ᠤᠨ ᠤᠷᠳᠤᠨ ᠤ ᠮᠡᠳᠡᠭᠡ ᠵᠠᠩᠬᠢ ᠭᠡᠵᠦ ᠪᠠᠶᠢᠬᠤ ᠦᠭᠡᠢ | ᠪᠤᠯ᠂ ᠭᠤᠶᠤᠴᠢᠯᠠᠭᠴᠢ ᠳᠤ ᠮᠡᠳᠡᠭᠳᠡᠵᠦ᠂ ᠲᠤᠰ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ | ᠪᠠᠶᠢᠭᠤᠯᠭ᠎ᠠ ᠶᠢ ᠮᠠᠭᠠᠳᠯᠠᠨ ᠲᠤᠭᠲᠠᠭᠠᠵᠤ ᠳᠡᠶᠢᠯᠪᠡᠯ᠂ ᠲᠡᠷᠡ ᠬᠦ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠡᠷᠡᠶᠢᠳᠦᠯ᠂ | ᠬᠠᠷᠢᠯᠴᠠᠬᠤ ᠠᠷᠭ᠎ᠠ ᠮᠠᠶ᠋ᠢᠭ ᠢ ᠭᠤᠶᠤᠴᠢᠯᠠᠭᠴᠢ ᠳᠤ ᠮᠡᠳᠡᠭᠳᠡᠬᠦ ᠶᠤᠰᠤᠲᠠᠢ᠃ | ︵ᠳᠦᠷᠪᠡ︶ ᠭᠤᠶᠤᠴᠢᠯᠠᠭᠰᠠᠨ ᠠᠭᠤᠯᠭ᠎ᠠ ᠨᠢ ᠲᠤᠳᠤᠷᠬᠠᠢ ᠦᠭᠡᠢ ᠪᠤᠯ᠂ ᠬᠠᠯᠠᠨ ᠦᠭᠡᠷᠡᠴᠢᠯᠡᠭᠦᠯᠬᠦ᠂ | ᠨᠦᠬᠦᠪᠦᠷᠢᠯᠡᠭᠦᠯᠬᠦ ᠪᠠᠷ ᠭᠤᠶᠤᠴᠢᠯᠠᠭᠴᠢ ᠳᠤ ᠮᠡᠳᠡᠭᠳᠡᠬᠦ ᠶᠤᠰᠤᠲᠠᠢ᠃ | ᠬᠤᠷᠢᠨ ᠬᠤᠶᠠᠳᠤᠭᠠᠷ ᠵᠦᠢᠯ ᠢᠯᠡ ᠪᠤᠯᠭᠠᠬᠤ ᠪᠠᠷ ᠭᠤᠶᠤᠴᠢᠯᠠᠭᠰᠠᠨ ᠵᠠᠰᠠᠭ ᠤᠨ ᠤᠷᠳᠤᠨ ᠤ ᠮᠡᠳᠡᠭᠡ | ᠵᠠᠩᠬᠢ ᠳᠤ ᠢᠯᠡ ᠪᠤᠯᠭᠠᠬᠤ ᠦᠭᠡᠢ ᠪᠠᠶᠢᠪᠠᠯ ᠵᠤᠬᠢᠬᠤ ᠠᠭᠤᠯᠭ᠎ᠠ ᠲᠠᠢ ᠪᠠᠶᠢᠪᠠᠴᠤ ᠢᠯᠭᠠᠨ ᠰᠢᠢᠳᠪᠦᠷᠢᠯᠡᠵᠦ | ᠳᠡᠶᠢᠯᠪᠡᠯ᠂ ᠵᠠᠰᠠᠭ ᠵᠠᠬᠢᠷᠭᠠᠨ ᠤ ᠪᠠᠶᠢᠭᠤᠯᠭ᠎ᠠ ᠢᠯᠡ ᠪᠤᠯᠭᠠᠵᠤ ᠪᠤᠯᠬᠤ ᠮᠡᠳᠡᠭᠡ ᠵᠠᠩᠬᠢ ᠶᠢᠨ ᠠᠭᠤᠯᠭ᠎ᠠ ᠶᠢ | ᠭᠤᠶᠤᠴᠢᠯᠠᠭᠴᠢ ᠳᠤ ᠬᠠᠩᠭᠠᠬᠤ ᠶᠤᠰᠤᠲᠠᠢ᠃ | ᠬᠤᠷᠢᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠢᠯᠡ ᠪᠤᠯᠭᠠᠬᠤ ᠪᠠᠷ | ᠭᠤᠶᠤᠴᠢᠯᠠᠭᠰᠠᠨ ᠵᠠᠰᠠᠭ ᠤᠨ ᠤᠷᠳᠤᠨ ᠤ ᠮᠡᠳᠡᠭᠡ ᠵᠠᠩᠬᠢ ᠨᠢ ᠬᠤᠳᠠᠯᠳᠤᠭᠠᠨ ᠤ ᠨᠢᠭᠤᠴᠠ᠂ ᠬᠤᠪᠢ ᠶᠢᠨ | ᠨᠢᠭᠤᠴᠠ ᠳᠤ ᠬᠤᠯᠪᠤᠭᠳᠠᠵᠤ᠂ ᠢᠯᠡ ᠪᠤᠯᠭᠠᠪᠠᠯ ᠭᠤᠷᠪᠠᠳᠤᠭᠠᠷ ᠡᠲᠡᠭᠡᠳ ᠤᠨ ᠬᠠᠤᠯᠢ ᠶᠤᠰᠤᠨ ᠤ ᠠᠰᠢᠭ | ᠲᠤᠰᠠ ᠳᠤ ᠬᠤᠬᠢᠷᠠᠯ ᠤᠴᠠᠷᠠᠭᠤᠯᠵᠤ ᠮᠡᠳᠡᠨ᠎ᠡ ᠭᠡᠵᠦ ᠦᠵᠡᠪᠡᠯ᠂ ᠭᠤᠷᠪᠠᠳᠤᠭᠠᠷ ᠡᠲᠡᠭᠡᠳ ᠤᠨ ᠰᠠᠨᠠᠯ ᠢ | ᠪᠢᠴᠢᠭ ᠤᠨ ᠬᠡᠯᠪᠡᠷᠢ ᠪᠠᠷ ᠠᠪᠬᠤ ᠶᠤᠰᠤᠲᠠᠢ︔ ᠢᠯᠡ ᠪᠤᠯᠭᠠᠬᠤ ᠶᠢ ᠭᠤᠷᠪᠠᠳᠤᠭᠠᠷ ᠡᠲᠡᠭᠡᠳ ᠵᠦᠪᠰᠢᠶᠡᠷᠡᠬᠦ ᠦᠭᠡᠢ | ᠪᠠᠶᠢᠪᠠᠯ᠂ ᠢᠯᠡ ᠪᠤᠯᠭᠠᠵᠤ ᠪᠤᠯᠬᠤ ᠦᠭᠡᠢ᠃ ᠭᠡᠪᠡᠴᠦ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠢᠯᠡ ᠪᠤᠯᠭᠠᠬᠤ | ᠦᠭᠡᠢ ᠪᠤᠯ ᠤᠯᠠᠨ ᠨᠡᠶᠢᠲᠡ ᠶᠢᠨ ᠠᠰᠢᠭ ᠲᠤᠰᠠ ᠳᠤ ᠬᠦᠨᠳᠦ ᠶᠡᠭᠡ ᠨᠦᠯᠦᠭᠡ ᠦᠵᠡᠭᠦᠯᠵᠦ ᠮᠡᠳᠡᠨ᠎ᠡ ᠭᠡᠵᠦ | ᠦᠵᠡᠪᠡᠯ᠂ ᠢᠯᠡ ᠪᠤᠯᠭᠠᠬᠤ ᠶᠤᠰᠤᠲᠠᠢ᠂ ᠡᠭᠦᠨ ᠤ ᠵᠡᠷᠭᠡᠴᠡᠭᠡᠪᠡᠷ ᠢᠯᠡ ᠪᠤᠯᠭᠠᠬᠤ ᠪᠠᠷ ᠲᠤᠭᠲᠠᠭᠠᠭᠰᠠᠨ ᠵᠠᠰᠠᠭ ᠤᠨ | ᠤᠷᠳᠤᠨ ᠤ ᠮᠡᠳᠡᠭᠡ ᠵᠠᠩᠬᠢ ᠶᠢᠨ ᠠᠭᠤᠯᠭ᠎ᠠ ᠪᠠ ᠤᠴᠢᠷ ᠰᠢᠯᠲᠠᠭᠠᠨ ᠢ ᠪᠢᠴᠢᠭ ᠤᠨ ᠬᠡᠯᠪᠡᠷᠢ ᠪᠠᠷ ᠭᠤᠷᠪᠠᠳᠤᠭᠠᠷ | ᠡᠲᠡᠭᠡᠳ ᠲᠤ ᠮᠡᠳᠡᠭᠳᠡᠬᠦ ᠶᠤᠰᠤᠲᠠᠢ᠃ | ᠬᠤᠷᠢᠨ ᠳᠦᠷᠪᠡᠳᠦᠭᠡᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠤᠨ ᠤᠷᠳᠤᠨ ᠤ ᠮᠡᠳᠡᠭᠡ | ᠵᠠᠩᠬᠢ ᠶᠢ ᠢᠯᠡ ᠪᠤᠯᠭᠠᠬᠤ ᠭᠤᠶᠤᠴᠢᠯᠠᠯ ᠢ ᠤᠯᠤᠭᠰᠠᠨ ᠤ ᠳᠠᠷᠠᠭ᠎ᠠ ᠲᠡᠷᠡ ᠳᠠᠷᠤᠢ ᠳᠤᠨᠢ ᠬᠠᠷᠢᠭᠤᠯᠲᠠ ᠦᠭᠴᠦ | ᠳᠡᠶᠢᠯᠪᠡᠯ᠂ ᠲᠡᠷᠡ ᠳᠠᠷᠤᠢ ᠳᠤᠨᠢ ᠬᠠᠷᠢᠭᠤᠯᠲᠠ ᠦᠭᠬᠦ ᠶᠤᠰᠤᠲᠠᠢ᠃ | ᠵᠠᠰᠠᠭ ᠵᠠᠬᠢᠷᠭᠠᠨ ᠤ ᠪᠠᠶᠢᠭᠤᠯᠭ᠎ᠠ ᠲᠡᠷᠡ ᠳᠠᠷᠤᠢ ᠳᠤᠨᠢ ᠬᠠᠷᠢᠭᠤᠯᠲᠠ ᠦᠭᠴᠦ ᠳᠡᠶᠢᠯᠬᠦ ᠦᠭᠡᠢ ᠪᠤᠯ᠂ | ᠭᠤᠶᠤᠴᠢᠯᠠᠯ ᠢ ᠤᠯᠤᠭᠰᠠᠨ ᠡᠳᠦᠷ ᠠᠴᠠ ᠡᠬᠢᠯᠡᠨ 15 ᠠᠵᠢᠯ ᠤᠨ ᠡᠳᠦᠷ ᠤᠨ ᠲᠤᠲᠤᠷ᠎ᠠ ᠬᠠᠷᠢᠭᠤᠯᠲᠠ ᠦᠭᠬᠦ | ᠶᠤᠰᠤᠲᠠᠢ︔ ᠬᠠᠷᠢᠭᠤᠯᠲᠠ ᠦᠭᠬᠦ ᠬᠤᠭᠤᠴᠠᠭ᠎ᠠ ᠶᠢ ᠤᠷᠲᠤᠳᠬᠠᠬᠤ ᠴᠢᠬᠤᠯᠠᠲᠠᠢ ᠪᠠᠶᠢᠪᠠᠯ᠂ ᠵᠠᠰᠠᠭ ᠤᠨ ᠤᠷᠳᠤᠨ ᠤ | ᠮᠡᠳᠡᠭᠡ ᠵᠠᠩᠬᠢ ᠶᠢ ᠢᠯᠡ ᠪᠤᠯᠭᠠᠬᠤ ᠠᠵᠢᠯ ᠤᠨ ᠪᠠᠶᠢᠭᠤᠯᠤᠮᠵᠢ ᠪᠠᠷ ᠵᠦᠪᠰᠢᠶᠡᠷᠡᠭᠦᠯᠬᠦ ᠶᠢᠨ ᠬᠠᠮᠲᠤ | ᠭᠤᠶᠤᠴᠢᠯᠠᠭᠴᠢ ᠳᠤ ᠮᠡᠳᠡᠭᠳᠡᠬᠦ ᠶᠤᠰᠤᠲᠠᠢ᠂ ᠬᠠᠷᠢᠭᠤᠯᠲᠠ ᠦᠭᠬᠦ ᠬᠤᠭᠤᠴᠠᠭ᠎ᠠ ᠶᠢ ᠤᠷᠲᠤᠳᠬᠠᠬᠤ ᠬᠤᠭᠤᠴᠠᠭ᠎ᠠ | ᠬᠢᠵᠠᠭᠠᠷ ᠨᠢ ᠬᠠᠮᠤᠭ ᠤᠷᠲᠤ ᠳᠠᠭᠠᠨ 15 ᠠᠵᠢᠯ ᠤᠨ ᠡᠳᠦᠷ ᠠᠴᠠ ᠬᠡᠲᠦᠷᠡᠵᠦ ᠪᠤᠯᠬᠤ ᠦᠭᠡᠢ᠃ | ᠢᠯᠡ ᠪᠤᠯᠭᠠᠬᠤ ᠪᠠᠷ ᠭᠤᠶᠤᠴᠢᠯᠠᠭᠰᠠᠨ ᠵᠠᠰᠠᠭ ᠤᠨ ᠤᠷᠳᠤᠨ ᠤ ᠮᠡᠳᠡᠭᠡ ᠵᠠᠩᠬᠢ ᠨᠢ ᠭᠤᠷᠪᠠᠳᠤᠭᠠᠷ | ᠡᠲᠡᠭᠡᠳ ᠤᠨ ᠡᠷᠬᠡ ᠠᠰᠢᠭ ᠲᠤ ᠬᠤᠯᠪᠤᠭᠳᠠᠵᠤ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠤᠷᠪᠠᠳᠤᠭᠠᠷ | ᠡᠲᠡᠭᠡᠳ ᠤᠨ ᠰᠠᠨᠠᠯ ᠢ ᠬᠤᠷᠢᠶᠠᠬᠤ ᠳᠤ ᠬᠡᠷᠡᠭᠰᠡᠬᠦ ᠴᠠᠭ ᠬᠤᠭᠤᠴᠠᠭ᠎ᠠ ᠶᠢ ᠲᠤᠰ ᠵᠦᠢᠯ ᠤᠨ ᠬᠤᠶᠠᠳᠤᠭᠠᠷ | ᠪᠠᠳᠠᠭ ᠤᠨ ᠲᠤᠭᠲᠠᠭᠠᠯ ᠳᠠᠬᠢ ᠬᠤᠭᠤᠴᠠᠭ᠎ᠠ ᠬᠢᠵᠠᠭᠠᠷ ᠲᠤ ᠪᠤᠳᠤᠵᠤ ᠤᠷᠤᠭᠤᠯᠬᠤ ᠦᠭᠡᠢ᠃ ᠬᠤᠷᠢᠨ ᠲᠠᠪᠤᠳᠤᠭᠠᠷ | ᠵᠦᠢᠯ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠤᠬᠢᠶᠠᠨ ᠪᠠᠶᠢᠭᠤᠯᠤᠯᠲᠠ ᠠᠮᠢ ᠪᠡᠶ᠎ᠡ ᠲᠠᠢ ᠨᠢ | ᠬᠤᠯᠪᠤᠭᠳᠠᠬᠤ ᠭᠠᠶᠢᠯᠢ ᠰᠦᠢᠳᠭᠡᠯ ᠤᠨ ᠲᠤᠰᠢᠶᠠᠯᠲᠠ᠂ ᠨᠡᠶᠢᠭᠡᠮ ᠤᠨ ᠪᠠᠲᠤᠯᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ | ᠵᠡᠷᠭᠡ ᠵᠠᠰᠠᠭ ᠤᠨ ᠤᠷᠳᠤᠨ ᠤ ᠮᠡᠳᠡᠭᠡ ᠵᠠᠩᠬᠢ ᠬᠠᠩᠭᠠᠯᠭᠠᠬᠤ ᠪᠠᠷ ᠵᠠᠰᠠᠭ ᠵᠠᠬᠢᠷᠭᠠᠨ ᠤ ᠪᠠᠶᠢᠭᠤᠯᠭ᠎ᠠ ᠳᠤ | ᠭᠤᠶᠤᠴᠢᠯᠠᠯ ᠭᠠᠷᠭᠠᠪᠠᠯ᠂ ᠬᠦᠴᠦᠨ ᠲᠠᠢ ᠪᠡᠶ᠎ᠡ ᠶᠢᠨ ᠦᠨᠡᠮᠯᠡᠯ ᠪᠤᠶᠤ ᠭᠡᠷᠡᠴᠢ ᠪᠢᠴᠢᠭ ᠮᠠᠲ᠋ᠧᠷᠢᠶᠠᠯ ᠢᠶᠠᠨ ᠦᠵᠡᠭᠦᠯᠬᠦ | ᠶᠤᠰᠤᠲᠠᠢ᠃ | ᠠᠷᠠᠳ ᠢᠡᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠤᠬᠢᠶᠠᠨ ᠪᠠᠶᠢᠭᠤᠯᠤᠯᠲᠠ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠬᠠᠩᠭᠠᠭᠰᠠᠨ ᠠᠮᠢ ᠪᠡᠶ᠎ᠡ ᠲᠠᠢ ᠨᠢ ᠬᠤᠯᠪᠤᠭᠳᠠᠬᠤ ᠵᠠᠰᠠᠭ ᠤᠨ ᠤᠷᠳᠤᠨ ᠤ ᠮᠡᠳᠡᠭᠡ ᠵᠠᠩᠬᠢ ᠶᠢᠨ | ᠲᠡᠮᠳᠡᠭᠯᠡᠯ ᠨᠢ ᠤᠨᠤᠪᠴᠢ ᠦᠭᠡᠢ ᠭᠡᠳᠡᠭ ᠢ ᠭᠡᠷᠡᠴᠢᠯᠡᠵᠦ ᠳᠡᠶᠢᠯᠬᠦ ᠭᠡᠷᠡᠴᠢ ᠪᠠᠷᠢᠮᠲᠠ ᠲᠠᠢ ᠪᠠᠶᠢᠪᠠᠯ᠂ | ᠵᠠᠯᠠᠭᠤᠷᠠᠭᠤᠯᠬᠤ ᠪᠠᠷ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠳᠤ ᠱᠠᠭᠠᠷᠳᠠᠬᠤ ᠡᠷᠬᠡ ᠲᠠᠢ᠃ ᠲᠤᠰ ᠵᠠᠰᠠᠭ | ᠵᠠᠬᠢᠷᠭᠠᠨ ᠤ ᠪᠠᠶᠢᠭᠤᠯᠭ᠎ᠠ ᠳᠤ ᠵᠠᠯᠠᠷᠠᠭᠤᠯᠬᠤ ᠡᠷᠬᠡ ᠪᠠᠶᠢᠬᠤ ᠦᠭᠡᠢ ᠪᠤᠯ᠂ ᠵᠠᠯᠠᠷᠠᠭᠤᠯᠬᠤ ᠡᠷᠬᠡ ᠲᠠᠢ ᠵᠠᠰᠠᠭ | ᠵᠠᠬᠢᠷᠭᠠᠨ ᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠬᠦ ᠶᠢᠨ ᠬᠠᠮᠲᠤ ᠭᠤᠶᠤᠴᠢᠯᠠᠭᠴᠢ ᠳᠤ | ᠮᠡᠳᠡᠭᠳᠡᠬᠦ ᠶᠤᠰᠤᠲᠠᠢ᠃ | ᠬᠤᠷᠢᠨ ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠯ ᠶᠤᠰᠤᠭᠠᠷ ᠵᠠᠰᠠᠭ ᠤᠨ | ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠳᠤ᠂ ᠭᠤᠶᠤᠴᠢᠠᠯᠭᠴᠢ ᠶᠢᠨ ᠱᠠᠭᠠᠷᠳᠠᠭᠰᠠᠨ ᠬᠡᠯᠪᠡᠷᠢ ᠶᠤᠰᠤᠭᠠᠷ | ᠬᠠᠩᠭᠠᠬᠤ ᠶᠤᠰᠤᠲᠠᠢ︔ ᠭᠤᠶᠤᠴᠢᠯᠠᠭᠴᠢ ᠶᠢᠨ ᠱᠠᠭᠠᠷᠳᠠᠭᠰᠠᠨ ᠬᠡᠯᠪᠡᠷᠢ ᠶᠤᠰᠤᠭᠠᠷ ᠬᠠᠩᠭᠠᠬᠤ ᠠᠷᠭ᠎ᠠ ᠦᠭᠡᠢ ᠪᠤᠯ᠂ | ᠭᠤᠶᠤᠴᠢᠯᠠᠭᠴᠢ ᠶᠢ ᠲᠤᠬᠢᠷᠠᠭᠤᠯᠤᠨ ᠬᠤᠯᠪᠤᠭᠳᠠᠯ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠭᠦᠯᠬᠦ᠂ ᠪᠠᠭᠤᠯᠭᠠᠪᠤᠷᠢ | ᠬᠠᠩᠭᠠᠬᠤ ᠪᠤᠶᠤ ᠪᠤᠰᠤᠳ ᠵᠤᠬᠢᠰᠲᠠᠢ ᠬᠡᠯᠪᠡᠷᠢ ᠪᠠᠷ ᠬᠠᠩᠭᠠᠵᠤ ᠪᠤᠯᠤᠨ᠎ᠠ᠃ | ᠬᠤᠷᠢᠨ ᠳᠤᠯᠤᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠯ ᠶᠤᠰᠤᠭᠠᠷ ᠵᠠᠰᠠᠭ ᠤᠨ | ᠤᠷᠳᠤᠨ ᠤ ᠮᠡᠳᠡᠭᠡ ᠵᠠᠩᠬᠢ ᠶᠢ ᠬᠠᠩᠭᠠᠬᠤ ᠳᠤ᠂ ᠪᠠᠶᠢᠴᠠᠭᠠᠨ ᠡᠷᠢᠭᠰᠡᠨ᠂ ᠪᠠᠭᠤᠯᠭᠠᠭᠰᠠᠨ᠂ ᠰᠢᠤᠳᠠᠨ ᠢᠶᠠᠷ | ᠢᠯᠡᠭᠡᠭᠰᠡᠨ ᠦᠪᠡᠷ ᠤᠨ ᠦᠷᠲᠡᠭ ᠤᠨ ᠰᠦᠢᠳᠭᠡᠯ ᠬᠤᠷᠢᠶᠠᠵᠤ ᠪᠤᠯᠬᠤ ᠶᠢ ᠭᠠᠷᠭᠠᠪᠠᠯ᠂ ᠪᠤᠰᠤᠳ ᠰᠦᠢᠳᠭᠡᠯ | ᠬᠤᠷᠢᠶᠠᠵᠤ ᠪᠤᠯᠬᠤ ᠦᠭᠡᠢ᠃ ᠵᠠᠰᠠᠭ ᠵᠠᠬᠢᠷᠭᠠᠨ ᠤ ᠪᠠᠶᠢᠭᠤᠯᠭ᠎ᠠ ᠨᠢ ᠪᠤᠰᠤᠳ ᠵᠤᠬᠢᠶᠠᠨ ᠪᠠᠶᠢᠭᠤᠯᠤᠯᠲᠠ ᠪᠠ ᠬᠤᠪᠢ | ᠬᠦᠮᠦᠨ ᠤ ᠲᠦᠯᠦᠪᠦᠷᠢ ᠲᠠᠢ ᠦᠢᠯᠡᠴᠢᠯᠡᠭᠡ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ ᠵᠠᠰᠠᠭ ᠤᠨ ᠤᠷᠳᠤᠨ ᠤ | ᠮᠡᠳᠡᠭᠡ ᠵᠠᠩᠬᠢ ᠶᠢ ᠬᠠᠩᠭᠠᠵᠤ ᠪᠤᠯᠬᠤ ᠦᠭᠡᠢ᠃ | ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠪᠠᠶᠢᠴᠠᠭᠠᠨ ᠡᠷᠢᠬᠦ᠂ ᠪᠠᠭᠤᠯᠭᠠᠬᠤ᠂ ᠰᠢᠤᠳᠠᠨ ᠢᠶᠠᠷ ᠢᠯᠡᠭᠡᠬᠦ | ᠦᠪᠡᠷ ᠤᠨ ᠦᠷᠲᠡᠭ ᠤᠨ ᠰᠤᠶᠢᠳᠭᠡᠯ ᠬᠤᠷᠢᠶᠠᠬᠤ ᠪᠠᠷᠢᠮᠵᠢᠶ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠦᠨ᠎ᠡ | ᠬᠠᠩᠰᠢ ᠶᠢ ᠭᠤᠤᠯᠯᠠᠨ ᠬᠠᠮᠢᠶᠠᠷᠠᠬᠤ ᠰᠠᠯᠠᠭ᠎ᠠ ᠮᠦᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ | ᠵᠠᠰᠠᠭ ᠤᠨ ᠰᠠᠯᠠᠭ᠎ᠠ ᠮᠦᠴᠢᠷ ᠲᠠᠢ ᠬᠠᠮᠲᠤᠷᠠᠨ ᠲᠤᠭᠲᠠᠭᠠᠨ᠎ᠠ᠃ | ᠬᠤᠷᠢᠨ ᠨᠠᠢᠮᠠᠳᠤᠭᠠᠷ ᠵᠦᠢᠯ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠪᠠᠷ | ᠭᠤᠶᠤᠴᠢᠯᠠᠭᠰᠠᠨ ᠠᠷᠠᠳ ᠢᠷᠭᠡᠨ ᠦᠨᠡᠬᠡᠷ ᠠᠵᠤ ᠠᠬᠤᠢ ᠶᠢᠨ ᠬᠦᠴᠢᠷᠳᠡᠯᠲᠡᠢ ᠪᠠᠶᠢᠪᠠᠯ᠂ ᠬᠤᠪᠢ ᠬᠦᠮᠦᠨ | ᠭᠤᠶᠤᠴᠢᠯᠠᠵᠤ᠂ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠠᠵᠢᠯ ᠤᠨ ᠪᠠᠶᠢᠭᠤᠯᠤᠮᠵᠢ ᠶᠢᠨ | ᠬᠠᠷᠢᠭᠤᠴᠠᠯᠭᠠᠲᠠᠨ ᠬᠢᠨᠠᠨ ᠬᠠᠷᠭᠤᠭᠤᠯᠤᠭᠠᠳ ᠵᠦᠪᠰᠢᠶᠡᠷᠡᠪᠡᠯ᠂ ᠬᠤᠯᠪᠤᠭᠳᠠᠯ ᠪᠦᠬᠦᠢ ᠰᠦᠢᠳᠭᠡᠯ ᠬᠤᠷᠢᠶᠠᠬᠤ ᠶᠢ | ᠬᠠᠰᠤᠵᠤ ᠬᠡᠯᠲᠦᠷᠢᠭᠦᠯᠵᠦ ᠪᠤᠯᠤᠨ᠎ᠠ᠃ | ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠪᠠᠷ ᠭᠤᠶᠤᠴᠢᠯᠠᠭᠰᠠᠨ ᠠᠷᠠᠳ ᠢᠷᠭᠡᠨ | ᠦᠵᠡᠵᠦ ᠤᠩᠰᠢᠬᠤ ᠳᠤ ᠪᠡᠷᠬᠡᠲᠡᠢ ᠪᠤᠶᠤ ᠬᠠᠷᠠᠵᠤ ᠰᠤᠨᠤᠰᠬᠤ ᠳᠤ ᠬᠠᠷᠰᠢ ᠰᠠᠭᠠᠳ ᠲᠠᠢ ᠪᠠᠶᠢᠪᠠᠯ᠂ ᠵᠠᠰᠠᠭ | ᠵᠠᠬᠢᠷᠭᠠᠨ ᠤ ᠪᠠᠶᠢᠭᠤᠯᠭ᠎ᠠ ᠲᠡᠭᠦᠨ ᠳᠤ ᠴᠢᠬᠤᠯᠠ ᠪᠦᠬᠦᠢ ᠬᠠᠪᠰᠤᠷᠤᠮᠵᠢ ᠦᠵᠡᠭᠦᠯᠬᠦ ᠶᠤᠰᠤᠲᠠᠢ᠃ | | ᠳᠦᠷᠪᠡᠳᠦᠭᠡᠷ ᠪᠦᠯᠦᠭ ᠬᠢᠨᠠᠯᠲᠠ ᠪᠠ ᠪᠠᠲᠤᠯᠠᠭ᠎ᠠ | ᠬᠤᠷᠢ ᠶᠢᠰᠦᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠡ ᠵᠠᠩᠬᠢ ᠶᠢ | ᠢᠯᠡ ᠪᠤᠯᠭᠠᠬᠤ ᠠᠵᠢᠯ ᠢ ᠬᠢᠨᠠᠨ ᠰᠢᠯᠭᠠᠬᠤ ᠳᠦᠷᠢᠮ᠂ ᠨᠡᠶᠢᠭᠡᠮ ᠤᠨ ᠦᠨᠡᠯᠡᠬᠦ ᠳᠦᠷᠢᠮ ᠪᠠ ᠬᠠᠷᠢᠭᠤᠴᠠᠯᠭ᠎ᠠ | ᠨᠡᠬᠡᠮᠵᠢᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ | ᠪᠤᠯᠭᠠᠬᠤ ᠠᠵᠢᠯ ᠢ ᠲᠤᠭᠲᠠᠭᠰᠠᠨ ᠬᠤᠭᠤᠴᠠᠭ᠎ᠠ ᠲᠠᠢ ᠪᠠᠷ ᠬᠢᠨᠠᠨ ᠰᠢᠯᠭᠠᠵᠤ ᠦᠨᠡᠯᠡᠬᠦ ᠶᠤᠰᠤᠲᠠᠢ᠃ | ᠭᠤᠴᠢᠳᠤᠭᠠᠷ ᠵᠦᠢᠯ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠠᠵᠢᠯ ᠢ ᠭᠤᠤᠯᠯᠠᠨ | ᠬᠠᠮᠢᠶᠠᠷᠠᠬᠤ ᠰᠠᠯᠠᠭ᠎ᠠ ᠮᠦᠴᠢᠷ ᠪᠠ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ | ᠪᠠᠶᠢᠴᠠᠭᠠᠯᠲᠠ ᠬᠢᠨ᠎ᠠ᠃ | ᠭᠤᠴᠢᠨ ᠨᠢᠭᠡᠳᠦᠭᠡᠷ ᠵᠦᠢᠯ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠵᠢᠯ ᠪᠦᠷᠢ ᠶᠢᠨ 3 | ᠰᠠᠷ᠎ᠠ ᠶᠢᠨ 31 ᠤ ᠡᠳᠦᠷ ᠠᠴᠠ ᠡᠮᠦᠨ᠎ᠡ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠤᠷᠳᠤᠨ ᠤ | ᠮᠡᠳᠡᠭᠡ ᠵᠠᠩᠬᠢ ᠶᠢ ᠢᠯᠡ ᠪᠤᠯᠭᠠᠭᠰᠠᠨ ᠠᠵᠢᠯ ᠤᠨ ᠤᠨ ᠤ ᠮᠡᠳᠡᠭᠦᠯᠦᠯᠲᠡ ᠶᠢ ᠨᠡᠶᠢᠲᠡᠯᠡᠬᠦ ᠶᠤᠰᠤᠲᠠᠢ᠃ | ᠭᠤᠴᠢᠨ ᠬᠤᠶᠠᠳᠤᠭᠠᠷ ᠵᠦᠢᠯ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠭᠰᠠᠨ ᠠᠵᠢᠯ ᠤᠨ | ᠤᠨ ᠤ ᠮᠡᠳᠡᠭᠦᠯᠦᠯᠲᠡ ᠳᠤ ᠳᠤᠤᠷ᠎ᠠ ᠵᠢᠭᠰᠠᠭᠠᠭᠰᠠᠨ ᠠᠭᠤᠯᠭ᠎ᠠ ᠤᠭᠤᠳ ᠢ ᠪᠠᠭᠲᠠᠭᠠᠭᠰᠠᠨ ᠪᠠᠶᠢᠬᠤ ᠶᠤᠰᠤᠲᠠᠢ᠄ | ︵ᠨᠢᠭᠡ︶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠰᠠᠨᠠᠭᠠᠴᠢᠯᠠᠭ᠎ᠠ ᠲᠠᠢ ᠪᠠᠷ ᠵᠠᠰᠠᠭ ᠤᠨ ᠤᠷᠳᠤᠨ ᠤ | ᠮᠡᠳᠡᠭᠡ ᠵᠠᠩᠬᠢ ᠶᠢ ᠢᠯᠡ ᠪᠤᠯᠭᠠᠭᠰᠠᠨ ᠪᠠᠶᠢᠳᠠᠯ︔ | ︵ᠬᠤᠶᠠᠷ︶ ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠯ ᠶᠤᠰᠤᠭᠠᠷ ᠵᠠᠰᠠᠭ ᠤᠨ ᠤᠷᠳᠤᠨ ᠤ ᠮᠡᠳᠡᠭᠡ | ᠵᠠᠩᠬᠢ ᠶᠢ ᠢᠯᠡ ᠪᠤᠯᠭᠠᠭᠰᠠᠨ ᠪᠠ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠭᠰᠠᠨ ᠦᠭᠡᠢ ᠪᠠᠶᠢᠳᠠᠯ︔ | | ︵ᠭᠤᠷᠪᠠ︶ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠶᠢᠨ ᠰᠦᠢᠳᠭᠡᠯ ᠬᠤᠷᠢᠶᠠᠭᠰᠠᠨ | ᠪᠠ ᠰᠦᠢᠳᠭᠡᠯ ᠬᠤᠷᠢᠶᠠᠬᠤ ᠶᠢ ᠬᠠᠰᠤᠵᠤ ᠬᠡᠯᠲᠦᠷᠢᠭᠦᠯᠦᠭᠰᠡᠨ ᠪᠠᠶᠢᠳᠠᠯ︔ | ︵ᠳᠦᠷᠪᠡ︶ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠭᠰᠠᠨ ᠠᠴᠠ ᠪᠤᠯᠤᠭᠠᠳ ᠵᠠᠰᠠᠭ | ᠵᠠᠬᠢᠷᠭᠠᠨ ᠢᠶᠠᠷ ᠳᠠᠬᠢᠨ ᠵᠦᠪᠯᠡᠭᠦᠯᠬᠦ ᠪᠠᠷ ᠭᠤᠶᠤᠴᠢᠯᠠᠭᠰᠠᠨ᠂ ᠵᠠᠰᠠᠭ ᠵᠠᠬᠢᠷᠭᠠᠨ ᠤ ᠵᠠᠷᠭᠤ ᠬᠢᠭᠰᠡᠨ ᠪᠠᠶᠢᠳᠠᠯ︔ | ︵ᠲᠠᠪᠤ︶ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠠᠵᠢᠯ ᠳᠤ ᠤᠷᠤᠰᠢᠵᠤ ᠪᠠᠶᠢᠭ᠎ᠠ | ᠭᠤᠤᠯ ᠠᠰᠠᠭᠤᠳᠠᠯ ᠬᠢᠭᠡᠳ ᠬᠠᠯᠠᠨ ᠰᠠᠶᠢᠵᠢᠷᠠᠭᠤᠯᠤᠭᠰᠠᠨ ᠪᠠᠶᠢᠳᠠᠯ︔ | ︵ᠵᠢᠷᠭᠤᠭ᠎ᠠ︶ ᠮᠡᠳᠡᠭᠦᠯᠬᠦ ᠴᠢᠬᠤᠯᠠ ᠲᠠᠢ ᠪᠤᠰᠤᠳ ᠵᠦᠢᠯᠡᠰ᠃ | ᠭᠤᠴᠢᠨ ᠭᠤᠷᠪᠠᠳᠤᠭᠠᠷ ᠵᠦᠢᠯ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠤᠬᠢᠶᠠᠨ | ᠪᠠᠶᠢᠭᠤᠯᠤᠯᠲᠠ ᠠᠴᠠ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ | ᠪᠤᠯᠭᠠᠬᠤ ᠡᠭᠦᠷᠭᠡ ᠶᠢ ᠬᠠᠤᠯᠢ ᠶᠤᠰᠤᠭᠠᠷ ᠭᠦᠢᠴᠡᠳᠬᠡᠭᠰᠡᠨ ᠦᠭᠡᠢ ᠭᠡᠵᠦ ᠦᠵᠡᠪᠡᠯ᠂ ᠳᠡᠭᠡᠳᠦ ᠱᠠᠲᠤᠨ ᠤ ᠵᠠᠰᠠᠭ | ᠵᠠᠬᠢᠷᠭᠠᠨ ᠤ ᠪᠠᠶᠢᠭᠤᠯᠭ᠎ᠠ᠂ ᠬᠢᠨᠠᠨ ᠪᠠᠶᠢᠴᠠᠭᠠᠬᠤ ᠪᠠᠶᠢᠭᠤᠯᠭ᠎ᠠ ᠪᠤᠶᠤ ᠵᠠᠰᠠᠭ ᠤᠨ ᠤᠷᠳᠤᠨ ᠤ ᠮᠡᠳᠡᠭᠡ ᠵᠠᠩᠬᠢ ᠶᠢ | ᠢᠯᠡ ᠪᠤᠯᠭᠠᠬᠤ ᠠᠵᠢᠯ ᠢ ᠭᠤᠤᠯᠯᠠᠨ ᠬᠠᠮᠢᠶᠠᠷᠠᠬᠤ ᠰᠠᠯᠠᠭ᠎ᠠ ᠮᠦᠴᠢᠷ ᠲᠤ ᠢᠯᠡᠴᠢᠯᠡᠨ ᠮᠡᠳᠡᠭᠦᠯᠵᠦ ᠪᠤᠯᠤᠨ᠎ᠠ᠃ | ᠢᠯᠡᠴᠢᠯᠡᠨ ᠮᠡᠳᠡᠭᠦᠯᠦᠯᠲᠡ ᠶᠢ ᠤᠯᠤᠭᠰᠠᠨ ᠪᠠᠶᠢᠭᠤᠯᠭ᠎ᠠ ᠪᠠᠶᠢᠴᠠᠭᠠᠨ ᠰᠢᠢᠳᠪᠦᠷᠢᠯᠡᠬᠦ ᠶᠤᠰᠤᠲᠠᠢ᠃ | ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠤᠬᠢᠶᠠᠨ ᠪᠠᠶᠢᠭᠤᠯᠤᠯᠲᠠ ᠠᠴᠠ ᠵᠠᠰᠠᠭ ᠤᠨ | ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠠᠵᠢᠯ ᠤᠨ ᠳᠤᠮᠳᠠᠬᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠪᠤᠳᠠᠲᠠᠢ ᠵᠠᠰᠠᠭ ᠵᠠᠬᠢᠷᠭᠠᠨ ᠤ ᠠᠵᠢᠯᠯᠠᠭ᠎ᠠ ᠨᠢ ᠲᠡᠳᠡᠨ ᠤ ᠬᠠᠤᠯᠢ ᠶᠤᠰᠤᠨ ᠤ ᠡᠷᠬᠡ ᠠᠰᠢᠭ ᠲᠤ ᠬᠠᠯᠳᠠᠭᠰᠠᠨ ᠭᠡᠵᠦ | ᠦᠵᠡᠪᠡᠯ᠂ ᠬᠠᠤᠯᠢ ᠶᠤᠰᠤᠭᠠᠷ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ | ᠵᠠᠬᠢᠷᠭᠠᠨ ᠤ ᠵᠠᠷᠭᠤ ᠬᠢᠵᠦ ᠪᠤᠯᠤᠨ᠎ᠠ᠃ | ᠭᠤᠴᠢᠨ ᠳᠦᠷᠪᠡᠳᠦᠭᠡᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠲᠤᠰ ᠳᠦᠷᠢᠮ ᠤᠨ ᠲᠤᠭᠲᠠᠭᠠᠯ ᠢ | ᠵᠦᠷᠢᠴᠡᠵᠦ᠂ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠨᠡᠶᠢᠲᠡᠯᠡᠬᠦ ᠶᠢᠨ ᠨᠢᠭᠤᠴᠠ ᠶᠢ ᠬᠠᠮᠠᠭᠠᠯᠠᠬᠤ ᠠᠵᠢᠯ ᠤᠨ | ᠬᠢᠨᠠᠨ ᠪᠠᠶᠢᠴᠠᠭᠠᠬᠤ ᠲᠤᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠭᠰᠡᠨ ᠦᠭᠡᠢ ᠪᠤᠯ᠂ ᠬᠢᠨᠠᠨ ᠪᠠᠶᠢᠴᠠᠭᠠᠬᠤ | ᠪᠠᠶᠢᠭᠤᠯᠭ᠎ᠠ᠂ ᠳᠡᠭᠡᠷ᠎ᠡ ᠨᠢᠭᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠨ᠎ᠠ︔ | ᠦᠢᠯᠡ ᠪᠠᠶᠢᠳᠠᠯ ᠨᠢ ᠬᠦᠨᠳᠦ ᠨᠤᠴᠢᠲᠠᠢ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠤᠤᠯ | ᠬᠠᠷᠢᠭᠤᠴᠠᠯᠭᠠᠲᠠᠨ ᠳᠤ ᠬᠠᠤᠯᠢ ᠶᠤᠰᠤᠭᠠᠷ ᠰᠢᠢᠳᠭᠡᠯ ᠦᠭᠭᠦᠨ᠎ᠡ᠃ | ᠭᠤᠴᠢᠨ ᠲᠠᠪᠤᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠲᠤᠰ ᠳᠦᠷᠢᠮ ᠤᠨ ᠲᠤᠭᠲᠠᠭᠠᠯ ᠢ | ᠵᠦᠷᠢᠴᠡᠵᠦ᠂ ᠳᠤᠤᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠢᠨᠠᠨ ᠪᠠᠶᠢᠴᠠᠭᠠᠬᠤ ᠪᠠᠶᠢᠭᠤᠯᠭ᠎ᠠ᠂ | ᠳᠡᠭᠡᠷ᠎ᠡ ᠨᠢᠭᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠨ᠎ᠠ︔ ᠦᠢᠯᠡ | ᠪᠠᠶᠢᠳᠠᠯ ᠨᠢ ᠬᠦᠨᠳᠦ ᠨᠤᠴᠢᠲᠠᠢ ᠪᠠᠶᠢᠪᠠᠯ᠂ ᠵᠠᠰᠠᠭ ᠵᠠᠶᠢᠷᠭᠠᠨ ᠤ ᠪᠠᠶᠢᠭᠤᠯᠭ᠎ᠠ ᠶᠢᠨ ᠰᠢᠭᠤᠳ ᠬᠠᠮᠢᠶᠠᠷᠴᠤ ᠪᠠᠶᠢᠭ᠎ᠠ | ᠭᠤᠤᠯ ᠬᠠᠮᠢᠶᠠᠷᠤᠭᠴᠢ ᠪᠤᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠰᠢᠢᠳᠭᠡᠯ | ᠦᠭᠭᠦᠨ᠎ᠡ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠄ | ︵ᠨᠢᠭᠡ︶ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠡᠭᠦᠷᠭᠡ ᠶᠢ ᠬᠠᠤᠯᠢ ᠶᠤᠰᠤᠭᠠᠷ | ᠭᠦᠢᠴᠡᠳᠭᠡᠭᠰᠡᠨ ᠦᠭᠡᠢ ᠪᠠᠶᠢᠬᠤ︔ | ︵ᠬᠤᠶᠠᠷ︶ ᠢᠯᠡ ᠪᠤᠯᠭᠠᠭᠰᠠᠨ ᠵᠠᠰᠠᠭ ᠤᠨ ᠤᠷᠳᠤᠨ ᠤ ᠮᠡᠳᠡᠭᠡ ᠵᠠᠩᠬᠢ ᠶᠢᠨ ᠠᠭᠤᠯᠭ᠎ᠠ᠂ ᠵᠠᠰᠠᠭ ᠤᠨ | ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠵᠦᠭᠯᠡᠭᠦᠷ ᠪᠠ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ | ᠪᠤᠯᠭᠠᠬᠤ ᠲᠤᠪᠶᠤᠭ ᠢ ᠴᠠᠭ ᠲᠤᠬᠠᠢ ᠳᠤᠨᠢ ᠰᠢᠨᠡᠳᠬᠡᠭᠰᠡᠨ ᠦᠭᠡᠢ ᠪᠠᠶᠢᠬᠤ︔ | ︵ᠭᠤᠷᠪᠠ︶ ᠲᠤᠭᠲᠠᠭᠠᠯ ᠠᠴᠠ ᠵᠦᠷᠢᠴᠡᠵᠦ ᠰᠦᠢᠳᠭᠡᠯ ᠬᠤᠷᠢᠶᠠᠭᠰᠠᠨ︔ | ︵ᠳᠦᠷᠪᠡ︶ ᠪᠤᠰᠤᠳ ᠵᠤᠬᠢᠶᠠᠨ ᠪᠠᠶᠢᠭᠤᠯᠤᠯᠲᠠ ᠪᠠ ᠬᠤᠪᠢ ᠬᠦᠮᠦᠨ ᠤ ᠲᠦᠯᠦᠪᠦᠷᠢ ᠲᠠᠢ | ᠦᠢᠯᠡᠴᠢᠯᠡᠭᠡ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ ᠵᠠᠰᠠᠭ ᠤᠨ ᠤᠷᠳᠤᠨ ᠤ ᠮᠡᠳᠡᠭᠡ ᠵᠠᠩᠬᠢ ᠬᠠᠩᠭᠠᠭᠰᠠᠨ︔ | ︵ᠲᠠᠪᠤ︶ ᠢᠯᠡ ᠪᠤᠯᠭᠠᠬᠤ ᠦᠭᠡᠢ ᠪᠠᠶᠢᠪᠠᠯ ᠵᠤᠬᠢᠬᠤ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ | ᠪᠤᠯᠭᠠᠭᠰᠠᠨ︔ | ︵ᠵᠢᠷᠭᠤᠭ᠎ᠠ︶ ᠲᠤᠰ ᠳᠦᠷᠢᠮ ᠤᠨ ᠲᠤᠭᠲᠠᠭᠠᠯ ᠠᠴᠠ ᠵᠦᠷᠢᠴᠡᠭᠰᠡᠨ ᠪᠤᠰᠤᠳ ᠠᠵᠢᠯᠯᠠᠭ᠎ᠠ ᠨᠤᠭᠤᠳ᠃ | | ᠲᠠᠪᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠭᠤᠴᠢᠨ ᠵᠢᠷᠭᠤᠳᠤᠭᠠᠷ ᠵᠦᠢᠯ ᠬᠠᠤᠯᠢ ᠴᠠᠭᠠᠵᠠ᠂ ᠬᠠᠤᠯᠢ ᠳᠦᠷᠢᠮ ᠠᠴᠠ ᠡᠷᠬᠡ ᠤᠯᠭᠤᠭᠰᠠᠨ ᠤᠯᠠᠨ | ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠠᠬᠤ ᠡᠭᠦᠷᠭᠡ ᠴᠢᠳᠠᠪᠤᠷᠢ ᠲᠠᠢ ᠵᠤᠬᠢᠶᠠᠨ ᠪᠠᠶᠢᠭᠤᠯᠤᠯᠲᠠ ᠶᠢᠨ ᠵᠠᠰᠠᠭ ᠤᠨ | ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠠᠵᠢᠯᠯᠠᠭ᠎ᠠ ᠨᠢ ᠲᠤᠰ ᠳᠦᠷᠢᠮ ᠢ ᠬᠡᠷᠡᠭᠯᠡᠬᠦ ᠳᠤ ᠲᠤᠬᠢᠷᠠᠨ᠎ᠠ᠃ | ᠭᠤᠴᠢᠨ ᠳᠤᠯᠤᠳᠤᠭᠠᠷ ᠵᠦᠢᠯ ᠰᠤᠷᠭᠠᠨ ᠬᠦᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠲᠦᠯᠦᠪᠯᠡᠭᠡᠲᠦ | ᠦᠷᠡᠵᠢᠯ᠂ ᠤᠰᠤᠨ ᠤ ᠬᠠᠩᠭᠠᠯᠭ᠎ᠠ᠂ ᠴᠠᠬᠢᠯᠭᠠᠨ ᠬᠠᠩᠭᠠᠯᠭ᠎ᠠ᠂ ᠭᠡᠢ ᠶᠢᠨ ᠬᠠᠩᠭᠠᠯᠭ᠎ᠠ᠂ ᠢᠯᠴᠢ ᠶᠢᠨ ᠬᠠᠩᠭᠠᠯᠭ᠎ᠠ᠂ | ᠤᠷᠴᠢᠨ ᠠᠬᠤᠢ᠂ ᠤᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠠᠷᠠᠳ ᠤᠯᠠᠨ ᠤ ᠠᠰᠢᠭ ᠲᠤᠰᠠ ᠯᠤᠭ᠎ᠠ ᠨᠢᠭᠲᠠ | ᠬᠤᠯᠪᠤᠭ᠎ᠠ ᠲᠠᠢ ᠤᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠨᠡᠶᠢᠭᠡᠮ ᠨᠡᠶᠢᠲᠡ ᠶᠢᠨ | ᠦᠢᠯᠡᠴᠢᠯᠡᠭᠡ ᠬᠠᠩᠭᠠᠬᠤ ᠶᠠᠪᠤᠴᠠ ᠳᠤ ᠵᠤᠬᠢᠶᠠᠭᠰᠠᠨ ᠪᠠ ᠤᠯᠭᠤᠭᠰᠠᠨ ᠮᠡᠳᠡᠭᠡ ᠵᠠᠩᠬᠢ ᠶᠢ ᠢᠯᠡ ᠪᠤᠯᠭᠠᠬᠤ | ᠶᠠᠪᠤᠳᠠᠯ ᠢ ᠲᠤᠰ ᠳᠦᠷᠢᠮ ᠢᠶᠠᠷ ᠯᠠᠪᠯᠠᠯᠲᠠ ᠪᠤᠯᠭᠠᠨ ᠬᠡᠷᠡᠭᠵᠢᠭᠦᠯᠦᠨ᠎ᠡ᠂ ᠪᠤᠳᠠᠲᠠᠢ ᠠᠷᠭ᠎ᠠ ᠲᠦᠷᠦ ᠶᠢᠨ ᠶᠠᠪᠤᠳᠠᠯ ᠤᠨ | ᠬᠤᠷᠢᠶᠠᠨ ᠤ ᠬᠤᠯᠪᠤᠭᠳᠠᠯ ᠪᠦᠬᠦᠢ ᠭᠤᠤᠯᠯᠠᠨ ᠬᠠᠮᠢᠶᠠᠷᠠᠬᠤ ᠰᠠᠯᠠᠭ᠎ᠠ ᠮᠦᠴᠢᠷ ᠪᠤᠶᠤ ᠪᠠᠶᠢᠭᠤᠯᠤᠮᠵᠢ ᠠᠴᠠ | ᠲᠤᠭᠲᠠᠭᠠᠨ᠎ᠠ᠃ | ᠭᠤᠴᠢᠨ ᠨᠠᠢᠮᠠᠳᠤᠭᠠᠷ ᠵᠦᠢᠯ ᠲᠤᠰ ᠳᠦᠷᠢᠮ ᠢ 2008 ᠤᠨ ᠤ 5 ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | | |