ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠨᠣᠳᠤᠭ ᠪᠡᠯᠴᠢᠭᠡᠷ ᠤᠨ ᠬᠠᠥᠯᠢ
ᠨᠡᠶᠢᠲᠡᠯᠡᠭᠰᠡᠨ ᠴᠠᠭ᠄
2016/12/20

ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠨᠣᠳᠤᠭ ᠪᠡᠯᠴᠢᠭᠡᠷ ᠤᠨ ᠬᠠᠥᠯᠢ

       ︵1995 ᠣᠨ ᠤ 6 ᠰᠠᠷ᠎ᠠ ᠶᠢᠨ 18 ᠤ ᠡᠳᠣᠷ ᠵᠢᠷᠭᠤᠳᠣᠭᠠᠷ ᠬᠤᠭᠤᠴᠠᠭᠠᠨ ᠤ ᠪᠦᠬᠦ ᠤᠯᠤᠰ ᠤᠨ

ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ

ᠬᠤᠷᠠᠯᠳᠤᠭᠠᠨ ᠠᠴᠠ ᠪᠠᠲᠦᠯᠠᠪᠠ᠂ 2002 ᠣᠨ ᠤ 12 ᠰᠠᠷ᠎ᠠ ᠶᠢᠨ 28 ᠤ ᠡᠳᠦᠷ ᠶᠢᠰᠦᠳᠦᠭᠡᠷ ᠬᠤᠭᠤᠴᠠᠭᠠᠨ ᠤ

ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ

ᠨᠢᠭᠡᠳᠦᠭᠡᠷ ᠬᠤᠷᠠᠯᠳᠣᠭᠠᠨ ᠠᠴᠠ ᠵᠠᠰᠠᠪᠣᠷᠢ ᠣᠷᠣᠭᠤᠯᠪᠠ︶

       ᠨᠢᠭᠡᠳᠦᠭᠡᠷ ᠪᠦᠯᠦᠭ ᠶᠡᠷᠥᠩᠭᠡᠢ ᠳᠦᠷᠢᠮ

       ᠨᠢᠭᠡᠳᠦᠭᠡᠷ ᠵᠦᠢᠯ ᠨᠣᠲᠤᠭ ᠪᠡᠯᠴᠢᠭᠡᠷ ᠢ ᠬᠠᠮᠠᠭᠠᠯᠠᠬᠤ᠂ ᠪᠦᠳᠦᠭᠡᠨ ᠪᠠᠶᠢᠭᠤᠯᠬᠤ ᠪᠠ ᠵᠦᠢ ᠵᠣᠬᠢᠰᠲᠠᠢ ᠪᠠᠷ

ᠠᠰᠢᠭᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠣᠨ᠎ᠠ᠂ ᠠᠮᠢᠳᠤ ᠪᠣᠳᠠᠰ ᠤᠨ ᠣᠯᠠᠨ

ᠶᠠᠩᠵᠢᠳᠣ ᠴᠢᠨᠠᠷ ᠢ ᠬᠠᠮᠠᠭᠠᠯᠠᠵᠣ᠂ ᠣᠳᠣᠬᠢᠴᠢᠯᠠᠭᠰᠠᠨ ᠮᠠᠯ ᠠᠵᠤ ᠠᠬᠤᠢ ᠶᠢ ᠬᠦᠭᠵᠢᠭᠦᠯᠦᠨ᠂ ᠠᠵᠤ ᠠᠬᠤᠢ ᠪᠠ

ᠨᠡᠶᠢᠭᠡᠮ ᠤᠨ ᠦᠷᠭᠦᠯᠵᠢᠯᠡᠬᠦ ᠬᠦᠭᠵᠢᠯᠳᠠ ᠶᠢ ᠠᠬᠢᠭᠤᠯᠬᠤ ᠶᠢᠨ ᠲᠦᠯᠤᠭᠡ ᠲᠣᠰ ᠬᠠᠣᠯᠢ ᠶᠢ ᠲᠣᠭᠳᠠᠭᠠᠪᠠ᠃

       ᠬᠤᠶᠠᠳᠤᠭᠠᠷ ᠵᠦᠢᠯ ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠨᠣᠳᠤᠭ ᠲᠡᠪᠢᠰᠭᠡᠷ ᠲᠤ

ᠨᠣᠳᠤᠭ ᠪᠡᠯᠴᠢᠭᠡᠷ ᠤᠨ ᠲᠦᠯᠦᠪᠵᠢᠭᠦᠯᠭᠡ ᠬᠢᠭᠦ᠂ ᠬᠠᠮᠠᠭᠠᠯᠠᠬᠤ᠂ ᠪᠦᠲᠦᠭᠡᠨ ᠪᠠᠶᠢᠭᠤᠯᠬᠤ᠂ ᠠᠰᠢᠭᠯᠠᠬᠤ ᠪᠠ

ᠬᠠᠮᠢᠶᠠᠷᠬᠤ ᠠᠵᠢᠯᠯᠠᠭ᠎ᠠ ᠳᠤ ᠲᠣᠰ ᠬᠠᠥᠯᠢ ᠶᠢ ᠬᠡᠷᠡᠭᠯᠡᠨ᠎ᠡ᠃ ᠲᠣᠰ ᠬᠠᠥᠯᠢ ᠳᠤ ᠬᠡᠯᠡᠵᠦ ᠪᠠᠶᠢᠭ᠎ᠠ ᠨᠣᠳᠤᠭ ᠪᠡᠯᠴᠢᠭᠡᠷ

ᠭᠡᠳᠡᠭ ᠪᠤᠯ ᠪᠠᠶᠢᠭᠠᠯᠢ ᠶᠢᠨ ᠪᠡᠯᠴᠢᠭᠡᠷ ᠪᠠ ᠲᠠᠷᠢᠮᠠᠯ ᠪᠡᠯᠴᠢᠭᠡᠷ ᠢ ᠬᠡᠯᠡᠵᠦ ᠪᠠᠶᠢᠨ᠎ᠠ᠃

       ᠭᠤᠷᠪᠠᠳᠣᠭᠠᠷ ᠵᠦᠢᠯ ᠤᠯᠤᠰ ᠠᠴᠠ ᠨᠣᠳᠤᠭ ᠪᠡᠯᠴᠢᠭᠡᠷ ᠲᠤ ᠰᠢᠨᠵᠢᠯᠡᠬᠦ ᠣᠬᠠᠭᠠᠨᠴᠢ ᠲᠦᠯᠦᠪᠵᠢᠬᠦᠯᠭᠡ

ᠬᠢᠬᠦ᠂ ᠪᠦᠬᠦ ᠲᠠᠯ᠎ᠠ ᠪᠠᠷ ᠬᠠᠮᠠᠭᠠᠯᠠᠬᠤ᠂ ᠭᠤᠦᠯᠳᠠᠯᠭ᠎ᠠ ᠲᠠᠢ ᠪᠠᠷ ᠪᠦᠲᠦᠭᠡᠨ ᠪᠠᠶᠢᠭᠤᠯᠬᠤ᠂ ᠵᠦᠢ ᠵᠤᠬᠢᠰᠲᠠᠢ ᠪᠠᠷ

ᠠᠰᠢᠭᠯᠠᠬᠤ ᠴᠢᠭᠯᠡᠯᠳᠡ ᠶᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠦᠷᠬᠦᠯᠵᠢᠯᠡᠬᠦ ᠠᠰᠢᠭᠯᠠᠯᠳᠠ ᠪᠠ ᠠᠮᠢ ᠠᠬᠤᠢ᠂

ᠠᠵᠦ ᠠᠬᠤᠢ᠂ ᠨᠡᠶᠢᠭᠡᠮ ᠤᠨ ᠵᠣᠬᠢᠴᠠᠩᠭᠤᠢ ᠬᠦᠭᠵᠢᠯᠲᠡ ᠶᠢ ᠠᠬᠢᠭᠤᠯᠤᠨ᠎ᠠ᠃

       ᠲᠦᠷᠪᠡᠳᠦᠭᠡᠷ ᠵᠦᠢᠯ ᠡᠯ᠎ᠡ ᠱᠠᠳᠤᠨ ᠤ ᠠᠷᠠᠳ ᠤᠨ ᠵᠠᠰᠠᠭ ᠤᠨ ᠣᠷᠳᠣᠨ ᠠᠴᠠ ᠨᠣᠳᠤᠭ ᠪᠡᠯᠴᠢᠭᠡᠷ ᠢ

ᠬᠠᠮᠠᠭᠠᠯᠠᠬᠤ᠂ ᠪᠦᠲᠦᠭᠡᠨ ᠪᠠᠶᠢᠭᠤᠯᠬᠤ ᠪᠠ ᠠᠰᠢᠭᠯᠠᠬᠤ ᠬᠠᠮᠢᠶᠠᠷᠤᠯᠳᠠ ᠪᠠᠨ ᠴᠢᠩᠭᠠᠳᠬᠠᠵᠤ᠂ ᠨᠤᠲᠤᠭ

ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠣᠯᠲᠠ ᠪᠠ ᠠᠰᠢᠭᠯᠠᠯᠳᠠ ᠶᠢ ᠣᠯᠣᠰ ᠠᠷᠠᠳ ᠤᠨ ᠠᠵᠤ ᠠᠬᠤᠢ

ᠪᠠ ᠨᠡᠶᠢᠭᠡᠮ ᠤᠨ ᠬᠦᠭᠵᠢᠯᠲᠡ ᠶᠢᠨ ᠲᠦᠯᠦᠪᠯᠡᠭᠡᠨ ᠳᠤ ᠣᠷᠣᠭᠤᠯᠬᠤ ᠬᠡᠷᠡᠭᠲᠠᠢ᠃

       ᠲᠠᠪᠤᠳᠤᠭᠠᠷ ᠵᠦᠢᠯ ᠶᠠᠮᠠᠷᠪᠠ ᠨᠢᠭᠡᠴᠢ ᠪᠣᠯᠤᠨ ᠬᠤᠪᠢ ᠬᠦᠮᠦᠨ ᠪᠦᠷᠢ ᠨᠤᠲᠤᠭ ᠪᠡᠯᠴᠢᠭᠡᠷ ᠤᠨ ᠬᠠᠣᠯᠢ

ᠴᠠᠭᠠᠵᠠ ᠬᠠᠥᠯᠢ ᠲᠣᠭᠲᠠᠭᠠᠯ ᠢ ᠵᠢᠷᠤᠮᠯᠠᠨ ᠰᠠᠬᠢᠬᠤ᠂ ᠨᠣᠳᠤᠭ ᠪᠡᠯᠴᠢᠭᠡᠷ ᠢ ᠬᠠᠮᠠᠭᠠᠯᠠᠬᠤ ᠡᠭᠦᠷᠭᠡ ᠲᠠᠢ᠂ ᠡᠬᠦᠨ ᠤ

ᠬᠠᠮᠲᠤ ᠨᠤᠲᠤᠭ ᠪᠡᠯᠴᠢᠭᠡᠷ ᠤᠨ ᠬᠠᠥᠯᠢ ᠴᠠᠭᠠᠵᠠ ᠬᠠᠥᠯᠢ ᠲᠤᠭᠲᠠᠭᠠᠯ ᠢ ᠵᠦᠷᠢᠴᠡᠭᠰᠡᠨ᠂ ᠨᠣᠲᠤᠭ ᠪᠡᠯᠴᠢᠭᠡᠷ ᠢ

ᠡᠪᠳᠡᠭᠰᠡᠨ ᠠᠵᠢᠯᠯᠠᠭ᠎ᠠ ᠶᠢ ᠬᠢᠨᠠᠬᠤ᠂ ᠢᠯᠡᠴᠢᠯᠡᠬᠦ ᠪᠠ ᠵᠠᠭᠠᠯᠳᠤᠬᠤ ᠡᠷᠬᠡ ᠶᠢ ᠡᠳ᠋ᠯᠡᠨ᠎ᠡ᠃

       ᠵᠢᠷᠭᠤᠳᠣᠭᠠᠷ ᠵᠦᠢᠯ ᠣᠯᠣᠰ ᠠᠴᠠ ᠨᠤᠳᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠣᠯᠲᠠ᠂

ᠠᠰᠢᠭᠯᠠᠯᠲᠠ ᠪᠠ ᠬᠢᠨᠠᠨ ᠬᠡᠮᠵᠢᠯᠲᠡ ᠶᠢᠨ ᠲᠠᠯ᠎ᠠ ᠶᠢᠨ ᠰᠢᠨᠵᠢᠯᠡᠬᠦ ᠣᠬᠠᠭᠠᠨ ᠤ ᠰᠤᠳᠤᠯᠭᠠᠨ ᠦᠷᠨᠢᠭᠦᠯᠭᠦ ᠶᠢ

ᠵᠣᠷᠢᠭᠵᠢᠭᠤᠯᠣᠨ ᠲᠡᠮᠵᠢᠵᠤ᠂ ᠲᠧᠭᠨᠢᠭ ᠮᠡᠷᠭᠡᠵᠢᠯ ᠪᠠ ᠲᠡᠷᠢᠭᠦᠨ ᠤ ᠦᠷ᠎ᠡ ᠪᠦᠲᠦᠭᠡᠯ ᠢ ᠲᠡᠯᠭᠡᠷᠡᠭᠦᠯᠵᠦ᠂ ᠰᠢᠨᠵᠢᠯᠡᠬᠦ

ᠣᠬᠠᠭᠠᠨ ᠲᠧᠭᠨᠢᠭ ᠮᠡᠷᠭᠡᠵᠢᠯ ᠤᠨ ᠴᠢᠳᠠᠪᠦᠷᠢᠲᠠᠨ ᠢ ᠬᠦᠮᠦᠵᠢᠭᠦᠯᠦᠨ᠎ᠡ᠃

       ᠲᠤᠯᠤᠳᠣᠭᠠᠷ ᠵᠦᠢᠯ ᠤᠯᠤᠰ ᠠᠴᠠ ᠨᠤᠳᠤᠭ ᠪᠡᠯᠴᠢᠭᠡᠷ ᠤᠨ ᠬᠠᠮᠢᠶᠠᠷᠣᠯᠲᠠ᠂ ᠬᠠᠮᠠᠭᠠᠯᠠᠯᠲᠠ᠂ ᠪᠦᠲᠦᠭᠡᠨ

ᠪᠠᠶᠢᠭᠤᠯᠣᠯᠲᠠ᠂ ᠵᠦᠢ ᠶᠣᠰᠣᠲᠠᠢ ᠪᠠᠷ ᠠᠰᠢᠭᠯᠠᠬᠤ ᠪᠠ ᠰᠢᠨᠵᠢᠯᠡᠬᠦ ᠣᠬᠠᠭᠠᠨ ᠤ ᠰᠤᠳᠤᠯᠭᠠᠨ ᠬᠢᠬᠦ ᠵᠡᠷᠭᠡ

ᠠᠵᠢᠯ ᠤᠨ ᠳᠣᠮᠳᠠ ᠢᠯᠡᠳᠲᠡ ᠠᠮᠵᠢᠯᠲᠠ ᠭᠠᠷᠭᠠᠭᠰᠠᠨ ᠨᠢᠭᠡᠴᠢ ᠪᠠ ᠬᠤᠪᠢ ᠬᠦᠮᠦᠨ ᠢ ᠬᠦᠬᠢᠭᠦᠯᠦᠨ ᠱᠠᠩᠨᠠᠨ᠎ᠠ᠃

       ᠨᠠᠢᠮᠠᠳᠤᠭᠠᠷ ᠵᠦᠢᠯ ᠲᠦᠷᠦ ᠶᠢᠨ ᠶᠠᠪᠣᠳᠠᠯ ᠤᠨ ᠬᠤᠷᠢᠶᠠᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ

ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠪᠦᠬᠦ ᠣᠯᠣᠰ ᠤᠨ ᠨᠤᠳᠤᠭ ᠪᠡᠯᠴᠢᠭᠡᠷ ᠤᠨ ᠬᠢᠨᠠᠯᠲᠠ

ᠬᠠᠮᠢᠶᠠᠷᠤᠯᠲᠠ ᠶᠢᠨ ᠠᠵᠢᠯ ᠢ ᠡᠷᠬᠢᠯᠡᠨ ᠬᠠᠮᠢᠶᠠᠷᠤᠨ᠎ᠠ᠃ ᠰᠢᠶᠠᠨ ᠤ ᠱᠠᠳᠤᠨ ᠠᠴᠠ ᠲᠡᠭᠡᠭᠰᠢᠬᠢ ᠣᠷᠣᠨ ᠨᠤᠲᠤᠭ ᠤᠨ

ᠠᠷᠠᠳ ᠤᠨ ᠵᠠᠰᠠᠭ ᠤᠨ ᠣᠷᠳᠣᠨ ᠤ ᠨᠤᠳᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ

ᠮᠦᠴᠢᠷ ᠠᠴᠠ ᠲᠣᠰ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠲᠣᠳᠣᠷᠠᠬᠢ ᠨᠤᠳᠤᠭ ᠪᠡᠯᠴᠢᠭᠡᠷ ᠢ ᠬᠢᠨᠠᠵᠦ

ᠬᠠᠮᠢᠶᠠᠷᠬᠤ ᠠᠵᠢᠯ ᠢ ᠡᠷᠬᠢᠯᠡᠨ ᠬᠠᠮᠢᠶᠠᠷᠤᠨ᠎ᠠ᠃ ᠰᠣᠮᠣ ︵ᠪᠠᠯᠭᠠᠰᠤ︶ ᠶᠢᠨ ᠠᠷᠠᠳ ᠤᠨ ᠵᠠᠰᠠᠭ ᠤᠨ ᠣᠷᠳᠣᠨ ᠠᠴᠠ

ᠲᠣᠰ ᠵᠠᠰᠠᠭ ᠵᠠᠬᠢᠷᠭᠠᠨ ᠤ ᠣᠷᠣᠨ ᠤ ᠲᠣᠳᠣᠷᠠᠬᠢ ᠨᠤᠳᠤᠭ ᠪᠡᠯᠴᠢᠭᠡᠷ ᠤᠨ ᠬᠠᠮᠠᠭᠠᠯᠠᠯᠳᠠ᠂ ᠪᠦᠲᠦᠭᠡᠨ

ᠪᠠᠶᠢᠭᠤᠯᠣᠯᠲᠠ ᠪᠠ ᠠᠰᠢᠭᠯᠠᠯᠲᠠ ᠶᠢᠨ ᠪᠠᠶᠢᠳᠠᠯ ᠢ ᠬᠢᠨᠠᠵᠦ ᠪᠠᠶᠢᠴᠠᠭᠠᠬᠤ ᠠᠵᠢᠯ ᠢ ᠴᠢᠩᠭᠠᠳᠬᠠᠬᠤ ᠬᠡᠷᠡᠭᠲᠠᠢ᠂

ᠬᠡᠷᠡᠭᠴᠡᠭᠡ ᠪᠠᠨ ᠦᠨᠳᠦᠰᠦᠯᠡᠵᠦ ᠪᠠᠶᠢᠭᠠᠳ ᠲᠣᠰᠭᠠᠢ ᠲᠣᠰᠢᠶᠠᠯ ᠤᠨ ᠪᠣᠶᠣ ᠲᠣᠰᠢᠶᠠᠯ ᠬᠠᠪᠰᠣᠷᠭᠠᠭᠰᠠᠨ ᠬᠦᠮᠦᠨ

ᠭᠠᠷᠭᠠᠵᠦ ᠪᠣᠳᠠᠳᠠᠢ ᠪᠠᠷ ᠬᠢᠨᠠᠵᠦ ᠪᠠᠶᠢᠴᠠᠭᠠᠬᠤ ᠠᠵᠢᠯ ᠢ ᠬᠠᠷᠢᠭᠤᠴᠠᠭᠤᠯᠵᠦ ᠪᠣᠯᠣᠨ᠎ᠠ᠃

       ᠬᠤᠶᠠᠳᠤᠭᠠᠷ ᠪᠦᠯᠦᠭ ᠨᠣᠳᠤᠭ ᠪᠡᠯᠴᠢᠭᠡᠷ ᠤᠨ ᠡᠷᠬᠡ ᠶᠢᠨ ᠬᠠᠷᠢᠶᠠᠯᠠᠯ

       ᠶᠢᠰᠦᠳᠦᠭᠡᠷ ᠵᠦᠢᠯ ᠨᠤᠳᠤᠭ ᠪᠡᠯᠴᠢᠭᠡᠷ ᠪᠣᠯ ᠣᠯᠤᠰ ᠲᠤ ᠦᠮᠴᠢᠯᠡᠭᠳᠡᠨ᠎ᠡ᠂ ᠬᠠᠮᠳᠣ ᠳᠤ ᠦᠮᠴᠢᠯᠡᠭᠳᠡᠨ᠎ᠡ

ᠭᠡᠵᠦ ᠬᠠᠣᠯᠢ ᠪᠠᠷ ᠲᠣᠭᠲᠠᠭᠠᠨᠰᠠᠨ ᠪᠠᠶᠢᠪᠠᠯ ᠡᠭᠦᠨ ᠳᠤ ᠪᠠᠭᠲᠠᠬᠤ ᠦᠭᠡᠢ᠃ ᠣᠯᠣᠰ ᠤᠨ ᠦᠮᠴᠢᠯᠡᠯ ᠤᠨ ᠨᠣᠳᠤᠭ

ᠪᠡᠯᠴᠢᠭᠡᠷ ᠲᠤ ᠲᠦᠷᠦ ᠶᠢᠨ ᠶᠠᠪᠣᠳᠠᠯ ᠤᠨ ᠬᠤᠷᠢᠶ᠎ᠠ ᠤᠯᠤᠰ ᠢ ᠲᠦᠯᠦᠭᠡᠯᠡᠨ ᠦᠮᠴᠢᠯᠡᠯ ᠤᠨ ᠡᠷᠬᠡ ᠶᠢ

ᠬᠡᠷᠡᠭᠵᠢᠭᠦᠯᠤᠨ᠎ᠡ᠃

       ᠠᠷᠪᠠᠳᠣᠭᠠᠷ ᠵᠦᠢᠯ ᠣᠯᠣᠰ ᠤᠨ ᠦᠮᠴᠢᠯᠡᠯ ᠤᠨ ᠨᠣᠳᠤᠭ ᠪᠡᠯᠴᠢᠭᠡᠷ ᠢ ᠬᠠᠣᠯᠢ ᠶᠣᠰᠣᠭᠠᠷ ᠠᠷᠠᠳ

ᠨᠡᠶᠢᠳᠡ ᠶᠢᠨ ᠦᠮᠴᠢᠯᠡᠯ ᠤᠨ ᠳᠦᠷᠢᠮᠲᠦ ᠨᠢᠭᠡᠴᠢ᠂ ᠬᠠᠮᠲᠦ ᠶᠢᠨ ᠠᠵᠦ ᠠᠬᠤᠢ ᠶᠢᠨ ᠵᠣᠬᠢᠶᠠᠨ ᠪᠠᠶᠢᠭᠤᠯᠣᠯᠲᠠ

ᠵᠡᠷᠭᠡ ᠳᠤ ᠬᠡᠷᠡᠭᠯᠡᠬᠦᠯᠬᠦ ᠪᠠᠷ ᠲᠣᠭᠳᠠᠭᠠᠵᠦ ᠪᠣᠯᠣᠨ᠎ᠠ᠃ ᠨᠤᠳᠤᠭ ᠪᠡᠯᠴᠢᠭᠡᠷ ᠬᠡᠷᠡᠭᠯᠡᠭᠰᠡᠨ ᠨᠢᠭᠡᠴᠢ ᠨᠢ ᠨᠣᠲᠤᠭ

ᠪᠡᠯᠴᠢᠭᠡᠷ ᠢ ᠬᠠᠮᠠᠭᠠᠯᠠᠬᠤ᠂ ᠪᠦᠲᠦᠭᠡᠨ ᠪᠠᠶᠢᠭᠤᠯᠬᠤ ᠪᠠ ᠵᠦᠢ ᠵᠣᠬᠢᠰᠲᠠᠢ ᠪᠠᠷ ᠠᠰᠢᠭᠯᠠᠬᠤ ᠡᠭᠦᠷᠭᠡ ᠶᠢ ᠭᠦᠢᠴᠡᠳᠭᠡᠬᠦ

ᠬᠡᠷᠡᠭᠳᠠᠢ᠃

       ᠠᠷᠪᠠᠨ ᠨᠢᠭᠡᠳᠦᠭᠡᠷ ᠵᠦᠢᠯ ᠠᠷᠠᠳ ᠨᠡᠶᠢᠳᠡ ᠶᠢᠨ ᠦᠮᠴᠢᠯᠡᠯ ᠤᠨ ᠳᠦᠷᠢᠮᠲᠦ ᠨᠢᠭᠡᠴᠢ᠂ ᠬᠠᠮᠲᠦ ᠶᠢᠨ

ᠠᠵᠦ ᠠᠬᠤᠢ ᠶᠢᠨ ᠵᠣᠬᠢᠶᠠᠨ ᠪᠠᠶᠢᠭᠤᠯᠣᠯᠲᠠ ᠵᠡᠷᠭᠡ ᠳᠤ ᠬᠡᠷᠡᠭᠯᠡᠬᠦᠯᠬᠦ ᠪᠠᠷ ᠲᠣᠭᠲᠠᠭᠠᠭᠰᠨ ᠣᠯᠣᠰ ᠤᠨ

ᠦᠮᠴᠢᠯᠡᠯ ᠤᠨ ᠨᠣᠲᠤᠭ ᠪᠡᠯᠴᠢᠭᠡᠷ ᠢ ᠰᠢᠶᠠᠨ ᠤ ᠱᠠᠲᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ

ᠲᠠᠩᠰᠠᠯᠠᠵᠦ᠂ ᠬᠡᠷᠡᠭᠯᠡᠬᠦ ᠡᠷᠬᠡ ᠶᠢᠨ ᠦᠨᠡᠮᠯᠡᠯ ᠢ ᠬᠢᠨᠠᠨ ᠣᠯᠭᠤᠵᠦ᠂ ᠨᠣᠲᠤᠭ ᠪᠡᠯᠴᠢᠭᠡᠷ ᠤᠨ ᠬᠡᠷᠡᠭᠯᠡᠬᠦ ᠡᠷᠬᠡ ᠶᠢ

ᠮᠠᠭᠠᠳᠯᠠᠨ᠎ᠠ᠃ ᠬᠡᠷᠡᠭᠯᠡᠬᠦ ᠡᠷᠬᠡ ᠶᠢ ᠨᠢ ᠲᠣᠭᠲᠠᠭᠠᠲᠦᠢ ᠣᠯᠣᠰ ᠤᠨ ᠦᠮᠴᠢᠯᠡᠯ ᠤᠨ ᠨᠣᠲᠤᠭ ᠪᠡᠯᠴᠢᠭᠡᠷ ᠢ ᠰᠢᠶᠠᠨ ᠤ

ᠱᠠᠲᠣᠨ ᠠᠴᠠ ᠲᠡᠭᠡᠭᠰᠢ ᠠᠷᠠᠳ ᠤᠨ ᠵᠠᠰᠠᠭ ᠤᠨ ᠣᠷᠳᠣᠨ ᠠᠴᠠ ᠪᠦᠷᠢᠳᠭᠡᠨ ᠲᠠᠩᠰᠠᠯᠠᠬᠤ ᠶᠢᠨ ᠬᠠᠮᠳᠣ ᠬᠠᠮᠠᠭᠠᠯᠠᠵᠦ

ᠬᠠᠮᠢᠶᠠᠷᠠᠬᠤ ᠶᠢ ᠬᠠᠷᠢᠭᠤᠴᠠᠨ᠎ᠠ᠃ ᠬᠠᠮᠳᠣ ᠶᠢᠨ ᠦᠮᠴᠢᠯᠡᠯ ᠤᠨ ᠨᠤᠲᠤᠭ ᠪᠡᠯᠴᠢᠭᠡᠷ ᠢ ᠰᠢᠶᠠᠨ ᠤ ᠱᠠᠳᠤᠨ ᠤ

ᠠᠷᠠᠳ ᠤᠨ ᠵᠠᠰᠠᠭ ᠤᠨ ᠣᠷᠳᠣᠨ ᠠᠴᠠ ᠲᠠᠩᠰᠠᠯᠠᠵᠦ᠂ ᠦᠮᠴᠢᠯᠡᠯ ᠤᠨ ᠡᠷᠬᠡ ᠶᠢᠨ ᠦᠨᠡᠮᠯᠡᠯ ᠢ ᠬᠢᠨᠠᠨ ᠣᠯᠭᠤᠵᠦ᠂

ᠨᠣᠲᠤᠭ ᠪᠡᠯᠴᠢᠭᠡᠷ ᠤᠨ ᠦᠮᠴᠢᠯᠡᠯ ᠤᠨ ᠡᠷᠬᠡ ᠶᠢ ᠮᠠᠭᠠᠳᠯᠠᠨ᠎ᠠ᠃ ᠨᠣᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠢ

ᠬᠠᠥᠯᠢ ᠶᠣᠰᠣᠭᠠᠷ ᠬᠤᠪᠢᠷᠠᠭᠤᠯᠬᠤ ᠭᠡᠪᠡᠯ ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠢ ᠬᠤᠪᠢᠷᠠᠭᠤᠯᠬᠤ ᠪᠠᠷ

ᠲᠠᠩᠰᠠᠯᠠᠭᠤᠯᠬᠤ ᠭᠠᠷ ᠭᠦᠢᠴᠡᠳᠭᠡᠯ ᠬᠢᠬᠦ ᠬᠡᠷᠡᠭᠲᠠᠢ᠃

       ᠠᠷᠪᠠᠨ ᠬᠤᠶᠠᠳᠣᠭᠠᠷ ᠵᠦᠢᠯ ᠬᠠᠥᠯᠢ ᠶᠣᠰᠣᠭᠠᠷ ᠲᠠᠩᠰᠠᠯᠠᠭᠤᠯᠣᠭᠰᠠᠨ ᠨᠣᠲᠤᠭ ᠪᠡᠯᠴᠢᠭᠡᠷ ᠤᠨ ᠦᠮᠴᠢᠯᠡᠬᠦ

ᠡᠷᠬᠡ ᠪᠠ ᠬᠡᠷᠡᠭᠯᠡᠬᠦ ᠡᠷᠬᠡ ᠨᠢ ᠬᠠᠥᠯᠢ ᠪᠠᠷ ᠬᠠᠮᠠᠭᠠᠯᠠᠭᠳᠠᠨ᠎ᠠ᠂ ᠶᠠᠮᠠᠷᠪᠠ ᠨᠢᠭᠡᠴᠢ ᠪᠣᠶᠣ ᠬᠤᠪᠢ ᠬᠦᠮᠦᠨ ᠬᠠᠯᠳᠠᠵᠦ

ᠪᠣᠯᠬᠤ ᠦᠭᠡᠢ᠃

       ᠠᠷᠪᠠᠨ ᠭᠤᠷᠪᠠᠳᠣᠭᠠᠷ ᠵᠦᠢᠯ ᠬᠠᠮᠳᠣ ᠶᠢᠨ ᠦᠮᠴᠢᠯᠡᠯ ᠤᠨ ᠨᠤᠲᠤᠭ ᠪᠡᠯᠴᠢᠭᠡᠷ ᠪᠣᠶᠣ ᠬᠠᠤᠯᠢ ᠶᠤᠰᠤᠭᠠᠷ

ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠳᠤ ᠬᠡᠷᠡᠭᠯᠡᠬᠦᠯᠬᠦ ᠪᠠᠷ ᠳᠤᠭᠳᠠᠭᠠᠭᠰᠠᠨ ᠤᠯᠤᠰ ᠤᠨ

ᠦᠮᠴᠢᠯᠠᠯ ᠤᠨ ᠨᠤᠳᠤᠭ ᠪᠡᠯᠴᠢᠬᠡᠷ ᠢ ᠳᠤᠰ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ

ᠳᠤᠳᠤᠭᠠᠳᠤ ᠳᠠᠬᠢ ᠬᠡᠷ ᠪᠦᠯᠢ ᠪᠤᠶᠤ ᠬᠤᠯᠪᠤᠭ᠎ᠠ ᠡᠷᠦᠬᠡ ᠪᠠᠷ ᠳᠠᠭᠠᠭᠠᠴᠢᠯᠠᠭᠤᠯᠤᠨ ᠡᠵᠡᠩᠨᠡᠬᠦᠯᠵᠤ ᠪᠤᠯᠤᠨ᠎ᠠ᠃

ᠨᠣᠲᠤᠭ ᠪᠡᠯᠴᠢᠭᠡᠷ ᠢ ᠲᠠᠭᠠᠭᠠᠴᠢᠯᠠᠨ ᠡᠵᠡᠩᠨᠡᠵᠦ ᠪᠠᠶᠢᠬᠤ ᠬᠤᠭᠤᠴᠠᠭᠠᠨ ᠳᠤ᠂ ᠲᠠᠭᠠᠴᠢᠯᠠᠨ ᠡᠵᠡᠩᠨᠡᠭᠴᠢ ᠶᠢᠨ

ᠬᠡᠷᠡᠭᠯᠡᠵᠦ ᠪᠠᠶᠢᠭ᠎ᠠ ᠨᠣᠲᠤᠭ ᠪᠡᠯᠴᠢᠭᠡᠷ ᠲᠤ ᠲᠣᠬᠢᠷᠠᠭᠤᠯᠣᠯᠲᠠ ᠬᠢᠵᠦ ᠪᠣᠯᠬᠤ ᠦᠭᠡᠢ︔ ᠣᠨᠴᠠᠭᠠᠢ ᠵᠠᠷᠢᠮ

ᠲᠤᠬᠢᠷᠠᠭᠤᠯᠤᠯᠲᠠ ᠬᠢᠬᠦ ᠴᠢᠬᠤᠯᠠᠳᠠᠢ ᠶᠢ ᠨᠢ ᠡᠷᠬᠡᠪᠰᠢ ᠲᠣᠰ ᠬᠠᠮᠲᠣ ᠶᠢᠨ ᠠᠵᠦ ᠠᠬᠤᠢ ᠶᠢᠨ ᠵᠣᠬᠢᠶᠠᠨ

ᠪᠠᠶᠢᠭᠤᠯᠣᠯᠲᠠ ᠶᠢᠨ ᠪᠦᠷᠢᠯᠳᠦᠭᠦᠨ ᠪᠣᠯᠬᠤ ᠭᠠᠴᠠᠭᠠᠨ ᠤ ᠠᠷᠠᠳ ᠤᠨ ︵ᠮᠠᠯᠴᠢᠨ︶ ᠬᠤᠷᠠᠯᠳᠣᠭᠠᠨ ᠤ ᠭᠤᠷᠪᠠᠨ ᠤ

ᠬᠤᠶᠠᠷ ᠬᠤᠪᠢ ᠠᠴᠠ ᠲᠡᠭᠡᠭᠰᠢᠬᠢ ᠪᠦᠷᠢᠯᠳᠦᠭᠦᠨ ᠪᠣᠶᠣ ᠭᠤᠷᠪᠠᠨ ᠤ ᠬᠤᠶᠠᠷ ᠬᠤᠪᠢ ᠠᠴᠠ ᠲᠡᠭᠡᠭᠰᠢᠬᠢ ᠭᠠᠴᠠᠭᠠᠨ ᠤ

ᠠᠷᠠᠳ ᠤᠨ ︵ᠮᠠᠯᠴᠢᠨ︶ ᠲᠦᠯᠦᠭᠡᠯᠡᠭᠴᠢᠳ ᠤᠨ ᠵᠦᠪᠰᠢᠶᠡᠷᠡᠯ ᠢ ᠣᠯᠬᠤ ᠶᠢᠨ ᠬᠠᠮᠲᠣ᠂ ᠰᠤᠮᠤ ︵ᠪᠠᠯᠭᠠᠰᠤ︶ ᠶᠢᠨ

ᠠᠷᠠᠳ ᠤᠨ ᠵᠠᠰᠠᠭ ᠶᠢᠨ ᠤᠷᠳᠤᠨ ᠪᠣᠯᠥᠨ ᠰᠢᠶᠠᠨ ᠤ ᠱᠠᠳᠣᠨ ᠤ ᠠᠷᠠᠳ ᠤᠨ ᠵᠠᠰᠠᠭ ᠶᠢᠨ ᠣᠷᠳᠣᠨ ᠤ ᠨᠣᠳᠤᠭ

ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠦᠨ ᠵᠦᠪᠰᠢᠶᠡᠷᠡᠭᠦᠯᠬᠦ

ᠬᠡᠷᠡᠭᠲᠡᠢ᠃ ᠬᠠᠮᠲᠤ ᠶᠢᠨ ᠦᠮᠴᠢᠯᠡᠯ ᠤᠨ ᠨᠤᠲᠤᠭ ᠪᠡᠯᠴᠢᠭᠡᠷ ᠪᠤᠶᠤ ᠬᠠᠥᠯᠢ ᠶᠤᠰᠣᠭᠠᠷ ᠬᠠᠮᠲᠣ ᠶᠢᠨ ᠠᠵᠦ

ᠠᠬᠤᠢ ᠶᠢᠨ ᠵᠤᠬᠢᠶᠠᠨ ᠪᠠᠶᠢᠭᠤᠯᠣᠯᠲᠠ ᠳᠤ ᠬᠡᠷᠡᠭᠯᠡᠬᠦᠯᠬᠦ ᠪᠠᠷ ᠲᠤᠭᠲᠠᠭᠠᠭᠰᠠᠨ ᠣᠯᠣᠰ ᠤᠨ ᠦᠮᠴᠢᠯᠡᠯ ᠤᠨ ᠨᠤᠲᠤᠭ

ᠪᠡᠯᠴᠢᠭᠡᠷ ᠢ ᠲᠤᠰ ᠬᠠᠮᠲᠣ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠲᠠ ᠠᠴᠠ ᠭᠠᠳᠠᠨᠠᠬᠢ ᠨᠢᠭᠡᠴᠢ ᠪᠤᠶᠤ

ᠬᠤᠪᠢ ᠬᠦᠮᠦᠨ ᠲᠠᠭᠠᠴᠢᠯᠠᠨ ᠡᠵᠡᠩᠨᠡᠬᠦ ᠳᠤ ᠬᠦᠷᠪᠡᠯ᠂ ᠡᠷᠬᠡᠪᠰᠢ ᠲᠤᠰ ᠬᠠᠮᠲᠤ ᠶᠢᠨ ᠠᠵᠦ ᠠᠬᠤᠢ ᠶᠢᠨ ᠵᠤᠬᠢᠶᠠᠨ

ᠪᠠᠶᠢᠭᠤᠯᠣᠯᠲᠠ ᠶᠢᠨ ᠪᠦᠷᠢᠯᠳᠦᠭᠦᠨ ᠪᠤᠯᠬᠤ ᠭᠠᠴᠠᠭᠠᠨ ᠤ ᠠᠷᠠᠳ ᠤᠨ ︵ᠮᠠᠯᠴᠢᠨ︶ ᠬᠤᠷᠠᠯᠳᠤᠭᠠᠨ ᠤ ᠭᠤᠷᠪᠠᠨ ᠤ

ᠬᠤᠶᠠᠷ ᠬᠤᠪᠢ ᠠᠴᠠ ᠲᠡᠭᠡᠭᠰᠢᠬᠢ ᠪᠦᠷᠢᠯᠳᠦᠭᠦᠨ ᠪᠤᠶᠤ ᠭᠤᠷᠪᠠᠨ ᠤ ᠬᠤᠶᠠᠷ ᠬᠤᠪᠢ ᠠᠴᠠ ᠲᠡᠭᠡᠭᠰᠢᠬᠢ ᠭᠠᠴᠠᠭᠠᠨ ᠤ

ᠠᠷᠠᠳ ᠤᠨ ︵ᠮᠠᠯᠴᠢᠨ︶ ᠲᠦᠯᠦᠭᠡᠯᠡᠭᠴᠢᠳ ᠤᠨ ᠵᠦᠪᠰᠢᠶᠡᠷᠡᠯ ᠢ ᠣᠯᠬᠤ ᠶᠢᠨ ᠬᠠᠮᠲᠣ᠂ ᠰᠣᠮᠣ ︵ᠪᠠᠯᠭᠠᠰᠤ︶ ᠶᠢᠨ

ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠦᠪᠰᠢᠶᠡᠷᠡᠭᠦᠯᠬᠦ ᠬᠡᠷᠡᠭᠲᠠᠢ᠃

       ᠠᠷᠪᠠᠨ ᠳᠦᠷᠪᠡᠳᠦᠭᠡᠷ ᠵᠦᠢᠯ ᠨᠤᠲᠤᠭ ᠪᠡᠯᠴᠢᠭᠡᠷ ᠢ ᠲᠠᠭᠠᠭᠠᠴᠢᠯᠠᠨ ᠡᠵᠡᠩᠨᠡᠬᠦ ᠳᠤ᠂

ᠲᠠᠭᠠᠭᠠᠴᠢᠯᠠᠭᠤᠯᠤᠭᠴᠢ ᠪᠠ ᠲᠠᠭᠠᠭᠠᠴᠢᠯᠠᠭᠴᠢ ᠨᠢ ᠪᠢᠴᠢᠭ ᠤᠨ ᠭᠡᠷ᠎ᠡ ᠲᠣᠭᠲᠠᠭᠠᠬᠤ ᠬᠡᠷᠡᠭᠲᠠᠢ᠃ ᠨᠤᠲᠤᠭ

ᠪᠡᠯᠴᠢᠭᠡᠷ ᠤᠨ ᠲᠠᠭᠠᠭᠠᠴᠢᠯᠠᠯᠲᠠ ᠶᠢᠨ ᠭᠡᠷ᠎ᠡ ᠳᠤ ᠬᠤᠶᠠᠷ ᠲᠠᠯ᠎ᠠ ᠶᠢᠨ ᠡᠷᠬᠡ ᠪᠣᠯᠣᠨ ᠡᠭᠦᠷᠭᠡ᠂ ᠲᠠᠭᠠᠭᠠᠴᠢᠯᠠᠬᠤ

ᠨᠤᠲᠤᠭ ᠪᠡᠯᠴᠢᠭᠡᠷ ᠤᠨ ᠲᠦᠷᠪᠡᠨ ᠲᠠᠯ᠎ᠠ ᠶᠢᠨ ᠬᠦᠪᠡᠭᠡ ᠬᠢᠵᠠᠭᠠᠷ᠂ ᠲᠠᠯᠠᠪᠠᠢ ᠪᠤᠯᠤᠨ ᠵᠡᠷᠭᠡ ᠲᠠᠰ᠂

ᠲᠠᠭᠠᠭᠠᠴᠢᠯᠠᠯᠲᠠ ᠶᠢᠨ ᠬᠤᠭᠤᠴᠠᠭ᠎ᠠ ᠪᠠ ᠡᠬᠢᠯᠡᠵᠦ ᠲᠠᠭᠤᠰᠬᠤ ᠡᠳᠦᠷ ᠬᠤᠭᠤᠴᠠᠭ᠎ᠠ᠂ ᠨᠤᠲᠤᠭ ᠪᠡᠯᠴᠢᠭᠡᠷ

ᠲᠠᠭᠠᠭᠠᠴᠢᠯᠠᠬᠤ ᠬᠡᠷᠡᠭᠯᠡᠯᠲᠡ ᠪᠠ ᠭᠡᠷ᠎ᠡ ᠠᠴᠠ ᠵᠦᠷᠢᠴᠡᠭᠰᠠᠨ ᠬᠠᠷᠢᠭᠤᠴᠠᠯᠭ᠎ᠠ ᠵᠡᠷᠭᠡ ᠠᠭᠤᠯᠭ᠎ᠠ ᠶᠢ ᠪᠠᠭᠳᠠᠭᠠᠭᠰᠠᠨ

ᠪᠠᠶᠢᠬᠤ ᠭᠡᠷᠡᠭᠲᠡᠢ︔ ᠲᠠᠭᠠᠭᠠᠴᠢᠯᠠᠯᠲᠠ ᠶᠢᠨ ᠬᠤᠭᠤᠴᠠᠭ᠎ᠠ ᠲᠠᠭᠤᠰᠬᠤ ᠳᠤ᠂ ᠣᠣᠯ ᠤᠨ ᠲᠠᠭᠠᠭᠠᠴᠢᠯᠠᠨ

ᠡᠵᠡᠩᠨᠡᠭᠴᠢ ᠨᠢ ᠠᠳᠠᠯᠢ ᠨᠦᠭᠦᠴᠡᠯ ᠤᠨ ᠲᠣᠥᠷ᠎ᠠ ᠣᠷᠢᠳ ᠢᠶᠠᠷ ᠲᠠᠭᠠᠭᠠᠴᠢᠯᠠᠬᠤ ᠡᠷᠭᠡ ᠶᠢ ᠡᠳ᠋ᠯᠡᠨ᠎ᠡ᠃ ᠨᠤᠲᠤᠭ

ᠪᠡᠯᠴᠢᠭᠡᠷ ᠢ ᠲᠠᠭᠠᠭᠠᠴᠢᠯᠠᠨ ᠡᠵᠡᠩᠨᠡᠬᠦ ᠨᠢᠭᠡᠴᠢ ᠪᠠ ᠬᠤᠪᠢ ᠬᠦᠮᠦᠨ ᠨᠢ ᠨᠤᠲᠤᠭ ᠪᠡᠯᠴᠢᠭᠡᠷ ᠢ ᠬᠠᠮᠠᠭᠠᠯᠠᠬᠤ᠂

ᠪᠦᠲᠦᠭᠡᠨ ᠪᠠᠶᠢᠭᠤᠯᠬᠤ ᠪᠠ ᠲᠠᠭᠠᠭᠠᠴᠢᠯᠠᠯᠳᠠ ᠶᠢᠨ ᠭᠡᠷ᠎ᠡ ᠳᠤ ᠪᠤᠯᠵᠤᠨ ᠲᠣᠭᠲᠠᠭᠰᠠᠨ ᠭᠡᠷᠡᠯᠡᠯᠲᠡ ᠶᠢᠨ ᠶᠣᠰᠤᠭᠠᠷ

ᠨᠤᠲᠤᠭ ᠪᠡᠯᠴᠢᠭᠡᠷ ᠢ ᠵᠦᠢ ᠵᠤᠬᠢᠰᠲᠠᠢ ᠪᠠᠷ ᠠᠰᠢᠭᠯᠠᠬᠤ ᠡᠭᠦᠷᠭᠡ ᠶᠢ ᠭᠦᠢᠴᠡᠳᠭᠡᠬᠦ ᠭᠡᠷᠡᠭᠲᠡᠢ᠃

       ᠠᠷᠪᠠᠨ ᠲᠠᠪᠦᠳᠤᠭᠠᠷ ᠵᠦᠢᠯ ᠨᠤᠲᠤᠭ ᠪᠡᠯᠴᠢᠭᠡᠷ ᠢ ᠲᠠᠭᠠᠭᠠᠴᠢᠯᠠᠨ ᠡᠵᠡᠩᠨᠡᠭᠦ ᠡᠷᠬᠡ ᠶᠢ ᠬᠠᠥᠯᠢ ᠪᠠᠷ

ᠬᠠᠮᠠᠭᠠᠯᠠᠵᠤ᠂ ᠰᠠᠶᠢᠨ ᠲᠤᠷ᠎ᠠ ᠶᠢᠨ ᠦᠨ᠎ᠡ ᠲᠦᠯᠦᠪᠦᠷᠢ ᠲᠠᠢ ᠪᠠᠶᠢᠬᠤ ᠵᠠᠷᠴᠢᠮ ᠢᠶᠠᠷ ᠬᠠᠤᠯᠢ ᠶᠤᠰᠤᠭᠠᠷ

ᠰᠢᠯᠵᠢᠬᠦᠯᠦᠨ ᠦᠭᠴᠦ ᠪᠤᠯᠤᠨ᠎ᠠ᠃ ᠨᠤᠲᠤᠭ ᠪᠡᠯᠴᠢᠭᠡᠷ ᠢ ᠲᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠬᠦᠯᠦᠨ

ᠦᠭᠬᠦ ᠳᠤ ᠬᠦᠯᠢᠶᠡᠨ ᠠᠪᠤᠭᠴᠢ ᠨᠢ ᠡᠷᠬᠡᠪᠰᠢ ᠮᠠᠯ ᠠᠵᠦ ᠠᠬᠤᠢ ᠶᠢᠨ ᠦᠢᠯᠡᠳᠪᠦᠷᠢᠯᠡᠯ ᠡᠷᠬᠢᠯᠡᠬᠦ ᠴᠢᠳᠠᠪᠦᠷᠢ ᠲᠠᠢ

ᠪᠠᠶᠢᠬᠤ ᠬᠡᠷᠡᠭᠲᠡᠢ ᠪᠦᠭᠡᠳ ᠨᠤᠲᠤᠭ ᠪᠡᠯᠴᠢᠭᠡᠷ ᠢ ᠬᠠᠮᠠᠭᠠᠯᠠᠬᠤ᠂ ᠪᠦᠲᠦᠭᠡᠨ ᠪᠠᠶᠢᠭᠤᠯᠬᠤ ᠪᠠ ᠲᠠᠭᠠᠭᠠᠴᠢᠯᠠᠯᠳᠠ ᠶᠢᠨ

ᠭᠡᠷ᠎ᠡ ᠳᠤ ᠪᠤᠯᠵᠤᠨ ᠲᠤᠭᠳᠠᠭᠰᠠᠨ ᠬᠡᠷᠡᠭᠯᠡᠯᠲᠡ ᠶᠢᠨ ᠶᠣᠰᠣᠭᠠᠷ ᠨᠤᠲᠤᠭ ᠪᠡᠯᠴᠢᠭᠡᠷ ᠢ ᠵᠦᠢ ᠵᠣᠬᠢᠰᠳᠠᠢ ᠪᠠᠷ

ᠠᠰᠢᠭᠯᠠᠬᠤ ᠡᠭᠦᠷᠭᠡ ᠶᠢ ᠭᠦᠢᠴᠡᠳᠭᠡᠬᠦ ᠬᠡᠷᠡᠭᠲᠡᠢ᠃ ᠨᠤᠲᠤᠭ ᠪᠡᠯᠴᠢᠭᠡᠷ ᠤᠨ ᠲᠠᠭᠠᠭᠠᠴᠢᠯᠠᠠ ᠡᠵᠡᠩᠨᠡᠬᠦ ᠡᠷᠬᠡ ᠶᠢ

ᠰᠢᠯᠵᠢᠭᠦᠯᠦᠨ ᠦᠭᠬᠦ ᠳᠡᠭᠡᠨ ᠲᠠᠭᠠᠭᠠᠴᠢᠯᠠᠭᠤᠯᠤᠭᠴᠢ ᠪᠠᠷ ᠵᠦᠪᠰᠢᠶᠡᠷᠡᠬᠦᠯᠬᠦ ᠬᠡᠷᠡᠭᠲᠡᠢ᠃ ᠲᠠᠭᠠᠭᠠᠴᠢᠯᠠᠭᠴᠢ ᠬᠢᠭᠡᠳ

ᠬᠦᠯᠢᠶᠡᠨ ᠠᠪᠤᠭᠴᠢ ᠨᠢ ᠰᠢᠯᠵᠢᠬᠦᠯᠦᠨ ᠦᠭᠬᠦ ᠭᠡᠷ᠎ᠡ ᠳᠤ ᠪᠤᠯᠵᠤᠨ ᠲᠤᠭᠲᠠᠭᠰᠠᠨ ᠰᠢᠯᠵᠢᠭᠦᠯᠦᠨ ᠦᠭᠬᠦ

ᠬᠤᠭᠤᠴᠠᠭ᠎ᠠ ᠪᠠᠨ ᠤᠥᠯ ᠲᠠᠭᠠᠭᠠᠴᠢᠯᠠᠯᠲᠠ ᠶᠢᠨ ᠭᠡᠷ᠎ᠡ ᠶᠢᠨ ᠦᠯᠡᠳᠡᠭᠰᠡᠨ ᠬᠤᠭᠤᠴᠠᠭ᠎ᠠ ᠠᠴᠠ ᠬᠡᠲᠤᠷᠡᠭᠦᠯᠵᠦ ᠪᠤᠯᠬᠤ

ᠦᠭᠡᠢ᠃

       ᠠᠷᠪᠠᠨ ᠵᠢᠷᠭᠤᠳᠤᠭᠠᠷ ᠵᠦᠢᠯ ᠨᠤᠲᠤᠭ ᠪᠡᠯᠴᠢᠭᠡᠷ ᠤᠨ ᠦᠮᠴᠢᠯᠡᠬᠦ ᠡᠷᠭᠡ᠂ ᠬᠡᠷᠡᠭᠯᠡᠬᠦ ᠡᠷᠭᠡ ᠶᠢᠨ

ᠲᠠᠯ᠎ᠠ ᠶᠢᠨ ᠮᠠᠷᠭᠤᠭᠠᠨ ᠢ ᠪᠣᠯ ᠲᠤᠬᠠᠢ ᠶᠢᠨ ᠬᠦᠮᠦᠨ ᠨᠢ ᠵᠦᠪᠳᠡᠯᠴᠡᠵᠦ ᠪᠠᠶᠢᠭᠠᠳ ᠰᠢᠢᠳᠪᠦᠷᠢᠯᠡᠨ᠎ᠡ︔

ᠵᠦᠪᠳᠡᠯᠴᠡᠭᠡᠳ ᠰᠢᠢᠳᠪᠦᠷᠢᠯᠡᠵᠦ ᠲᠡᠶᠢᠯᠬᠦ ᠦᠭᠡᠢ ᠪᠣᠯ ᠬᠤᠯᠪᠤᠭᠳᠠᠯ ᠪᠦᠬᠦᠢ ᠠᠷᠠᠳ ᠤᠨ ᠵᠠᠰᠠᠭ ᠤᠨ

ᠤᠷᠳᠤᠨ ᠠᠴᠠ ᠰᠢᠢᠳᠪᠦᠷᠢᠯᠡᠨ᠎ᠡ᠃ ᠨᠢᠭᠡᠴᠢ ᠶᠢᠨ ᠬᠤᠭᠤᠷᠤᠨᠳᠤᠬᠢ ᠮᠠᠷᠭᠤᠭᠠᠨ ᠢ ᠰᠢᠶᠠᠨ ᠤ ᠱᠠᠳᠣᠨ ᠠᠴᠠ

ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠰᠢᠢᠳᠪᠦᠷᠢᠯᠡᠨ᠎ᠡ᠃ ᠬᠤᠪᠢ ᠬᠦᠮᠦᠨ ᠤ ᠬᠤᠭᠤᠷᠤᠨᠳᠤᠬᠢ᠂

ᠬᠤᠪᠢ ᠬᠦᠮᠦᠨ ᠬᠢᠬᠡᠳ ᠨᠢᠬᠡᠴᠢ ᠶᠢᠨ ᠬᠤᠭᠤᠷᠤᠨᠳᠡᠬᠢ ᠮᠠᠷᠭᠤᠭᠠᠨ ᠢ ᠰᠣᠮᠣ ︵ᠪᠠᠯᠭᠠᠰᠣ︶ ᠶᠢᠨ ᠠᠷᠠᠳ ᠤᠨ

ᠵᠠᠰᠠᠭ ᠤᠨ ᠣᠷᠳᠣᠨ ᠪᠤᠶᠤ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ

ᠰᠢᠢᠳᠪᠦᠷᠢᠯᠡᠨ᠎ᠡ᠃ ᠲᠤᠬᠠᠢ ᠶᠢᠨ ᠬᠦᠮᠦᠨ ᠨᠢ ᠬᠤᠯᠪᠤᠭᠳᠠᠯ ᠪᠦᠬᠦᠢ ᠠᠷᠠᠳ ᠤᠨ ᠵᠠᠰᠠᠭ ᠤᠨ ᠣᠷᠳᠣᠨ ᠤ

ᠰᠢᠢᠳᠪᠦᠷᠢᠯᠡᠭᠰᠡᠨ ᠲᠤᠭᠳᠠᠭᠠᠯ ᠢ ᠬᠦᠯᠢᠶᠡᠬᠦ ᠦᠬᠡᠢ ᠪᠠᠶᠢᠪᠠᠯ ᠬᠠᠤᠯᠢ ᠶᠣᠰᠣᠭᠠᠷ ᠠᠷᠠᠳ ᠤᠨ ᠰᠢᠬᠦᠬᠦ ᠬᠤᠷᠢᠶᠠᠨ ᠳᠤ

ᠵᠠᠭᠠᠯᠳᠣᠯᠭ᠎ᠠ ᠭᠠᠷᠭᠠᠵᠦ ᠪᠤᠯᠤᠨ᠎ᠠ᠃ ᠨᠤᠳᠤᠭ ᠪᠡᠯᠴᠢᠬᠡᠷ ᠤᠨ ᠡᠷᠭᠡ ᠶᠢᠨ ᠬᠠᠷᠢᠶᠠᠯᠠᠯ ᠤᠨ ᠲᠤᠬᠠᠢ ᠮᠠᠷᠭᠤᠭᠠᠨ ᠢ

ᠰᠢᠢᠳᠪᠦᠷᠢᠯᠡᠬᠦ ᠠᠴᠠ ᠡᠮᠦᠨ᠎ᠡ᠂ ᠠᠯᠢ ᠨᠢᠬᠡ ᠲᠠᠯ᠎ᠠ ᠨᠢ ᠴᠣ᠋ ᠭᠡᠳ ᠨᠤᠳᠤᠭ ᠪᠡᠯᠴᠢᠬᠡᠷ ᠤᠨ ᠠᠰᠢᠭᠯᠠᠯᠳᠠ ᠤᠨ

ᠣᠳᠣᠬᠢ ᠪᠠᠶᠢᠳᠠᠯ ᠢ ᠬᠤᠪᠢᠷᠠᠭᠤᠯᠵᠦ ᠪᠤᠯᠬᠤ ᠦᠬᠡᠢ᠂ ᠨᠣᠳᠤᠭ ᠪᠡᠯᠴᠢᠬᠡᠷ ᠪᠠ ᠨᠣᠳᠤᠭ ᠪᠡᠯᠴᠢᠬᠡᠷ ᠲᠡᠭᠡᠷᠡᠬᠢ

ᠲᠦᠬᠦᠬᠡᠷᠦᠮᠵᠢ ᠶᠢ ᠡᠪᠳᠡᠨ ᠰᠦᠢᠳᠬᠡᠵᠦ ᠪᠤᠯᠬᠤ ᠦᠬᠡᠢ᠃

       ᠭᠤᠷᠪᠠᠳᠣᠭᠠᠷ ᠪᠦᠯᠦᠭ ᠲᠦᠯᠦᠪᠵᠢᠬᠦᠯᠬᠦ

       ᠠᠷᠪᠠᠨ ᠲᠤᠯᠤᠳᠣᠭᠠᠷ ᠵᠦᠢᠯ ᠣᠯᠣᠰ ᠠᠴᠠ ᠨᠣᠳᠤᠭ ᠪᠡᠯᠴᠢᠭᠡᠷ ᠤᠨ ᠬᠠᠮᠠᠭᠠᠯᠠᠯᠳᠠ᠂ ᠪᠦᠳᠦᠬᠡᠨ

ᠪᠠᠶᠢᠭᠤᠯᠤᠯᠳᠠ᠂ ᠠᠰᠢᠭᠯᠠᠯᠳᠠ ᠳᠤ ᠨᠢᠬᠡᠳᠣᠯᠳᠡᠢ ᠲᠦᠯᠦᠪᠵᠢᠬᠦᠯᠬᠡ ᠬᠢᠬᠦ ᠲᠦᠷᠢᠮ ᠢ ᠬᠡᠷᠡᠭᠵᠢᠬᠦᠯᠦᠨ᠎ᠡ᠃

ᠲᠦᠷᠦ ᠶᠢᠨ ᠶᠠᠪᠤᠳᠠᠯ ᠤᠨ ᠬᠤᠷᠢᠶᠠᠨ ᠤ ᠨᠣᠳᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ

ᠮᠦᠴᠢᠷ ᠨᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠣᠷᠠᠵᠦ

ᠪᠠᠶᠢᠭᠠᠳ ᠪᠦᠬᠦ ᠣᠯᠣᠰ ᠤᠨ ᠨᠣᠳᠤᠭ ᠪᠡᠯᠴᠢᠭᠡᠷ ᠤᠨ ᠬᠠᠮᠠᠭᠠᠯᠠᠯᠳᠠ᠂ ᠪᠦᠳᠦᠬᠡᠨ ᠪᠠᠶᠢᠭᠤᠯᠤᠯᠳᠠ᠂

ᠠᠰᠢᠭᠯᠠᠯᠳᠠ ᠶᠢᠨ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠵᠦ᠂ ᠲᠦᠷᠦ ᠶᠢᠨ ᠶᠠᠪᠤᠳᠠᠯ ᠤᠨ ᠬᠤᠷᠢᠶᠠᠨ ᠳᠤ

ᠮᠡᠳᠡᠬᠦᠯᠵᠦ ᠵᠦᠪᠰᠢᠶᠠᠷᠡᠬᠦᠯᠦᠭᠰᠡᠨ ᠤ ᠲᠠᠷᠠᠭ᠎ᠠ ᠭᠡᠷᠡᠭᠵᠢᠬᠦᠯᠦᠨ᠎ᠡ᠃ ᠰᠢᠶᠠᠨ ᠤ ᠱᠠᠳᠣᠨ ᠠᠴᠠ ᠲᠡᠭᠡᠭᠰᠢᠬᠢ ᠣᠷᠣᠨ

ᠨᠣᠳᠤᠭ ᠤᠨ ᠠᠷᠠᠳ ᠤᠨ ᠵᠠᠰᠠᠭ ᠤᠨ ᠣᠷᠳᠣᠨ ᠤ ᠨᠤᠳᠤᠭ ᠪᠡᠯᠴᠢᠬᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ

ᠰᠠᠯᠠᠭ᠎ᠠ ᠮᠦᠴᠢᠷ ᠨᠢ ᠠᠳᠠᠯᠢ ᠱᠠᠳᠣᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠣᠷᠠᠵᠦ ᠪᠠᠶᠢᠭᠠᠳ

ᠲᠡᠭᠡᠷ᠎ᠡ ᠨᠢᠬᠡ ᠱᠠᠳᠣᠨ ᠤ ᠨᠣᠳᠤᠭ ᠪᠡᠯᠴᠢᠭᠡᠷ ᠤᠨ ᠬᠠᠮᠠᠭᠠᠯᠠᠯᠳᠠ᠂ ᠪᠦᠳᠦᠬᠡᠨ ᠪᠠᠶᠢᠭᠤᠯᠤᠯᠳᠠ᠂ ᠠᠰᠢᠭᠯᠠᠯᠳᠠ ᠶᠢᠨ

ᠲᠦᠯᠦᠪᠵᠢᠬᠦᠯᠬᠡ ᠶᠢ ᠦᠨᠳᠦᠰᠦᠯᠡᠨ ᠲᠤᠰ ᠵᠠᠰᠠᠭ ᠵᠠᠬᠢᠷᠭᠠᠨ ᠤ ᠣᠷᠣᠨ ᠤ ᠨᠣᠳᠤᠭ ᠪᠡᠯᠴᠢᠬᠡᠷ ᠤᠨ ᠬᠠᠮᠠᠭᠠᠯᠠᠯᠳᠠ᠂

ᠪᠦᠳᠦᠬᠡᠨ ᠪᠠᠶᠢᠭᠤᠯᠤᠯᠳᠠ᠂ ᠠᠰᠢᠭᠯᠠᠯᠳᠠ ᠶᠢᠨ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠵᠦ᠂ ᠲᠣᠰ ᠱᠠᠳᠣᠨ ᠤ

ᠠᠷᠠᠳ ᠤᠨ ᠵᠠᠰᠠᠭ ᠤᠨ ᠣᠷᠳᠣᠨ ᠳᠤ ᠮᠡᠳᠡᠬᠦᠯᠵᠦ ᠵᠦᠪᠰᠢᠶᠡᠷᠡᠬᠦᠯᠦᠭᠰᠡᠨ ᠤ ᠲᠠᠷᠠᠭ᠎ᠠ ᠬᠡᠷᠡᠭᠵᠢᠬᠦᠯᠦᠨ᠎ᠡ᠃ ᠨᠢᠬᠡᠨᠳᠡ

ᠵᠦᠪᠰᠢᠶᠡᠷᠡᠬᠦᠯᠦᠭᠰᠡᠨ ᠨᠣᠳᠤᠭ ᠪᠡᠯᠴᠢᠬᠡᠷ ᠤᠨ ᠬᠠᠮᠠᠭᠠᠯᠠᠯᠳᠠ᠂ ᠪᠦᠳᠦᠬᠡᠨ ᠪᠠᠶᠢᠭᠤᠯᠤᠯᠳᠠ᠂ ᠠᠰᠢᠭᠯᠠᠯᠳᠠ ᠶᠢᠨ

ᠲᠦᠯᠦᠪᠵᠢᠬᠦᠯᠬᠡ ᠶᠢ ᠦᠨᠡᠬᠡᠷ ᠲᠤᠬᠢᠷᠠᠭᠤᠯᠬᠤ ᠪᠤᠶᠤ ᠵᠠᠰᠠᠪᠤᠷᠢ ᠣᠷᠣᠭᠤᠯᠬᠤ ᠴᠢᠬᠤᠯᠠᠳᠠᠢ ᠦᠶ᠎ᠡ ᠳᠤ᠂ ᠡᠷᠬᠡᠪᠰᠢ

ᠣᠣᠯ ᠵᠦᠪᠰᠢᠶᠡᠷᠡᠭᠦᠯᠦᠭᠰᠡᠨ ᠪᠠᠶᠢᠭᠤᠯᠭ᠎ᠠ ᠪᠠᠷ ᠵᠦᠪᠰᠢᠶᠡᠷᠡᠬᠦᠯᠬᠦ ᠬᠡᠷᠡᠭᠳᠡᠢ᠃

       ᠠᠷᠪᠠᠨ ᠨᠠᠢᠮᠠᠳᠣᠭᠠᠷ ᠵᠦᠢᠯ ᠨᠣᠳᠤᠭ ᠪᠡᠯᠴᠢᠬᠡᠷ ᠤᠨ ᠬᠠᠮᠠᠭᠠᠯᠠᠯᠳᠠ᠂ ᠪᠦᠳᠦᠬᠡᠨ ᠪᠠᠶᠢᠭᠤᠯᠤᠯᠳᠠ᠂

ᠠᠰᠢᠭᠯᠠᠯᠳᠠ ᠶᠢᠨ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠬᠤ ᠳᠠᠭᠠᠨ ᠣᠯᠣᠰ ᠠᠷᠠᠳ ᠤᠨ ᠠᠵᠦ ᠠᠬᠤᠢ

ᠪᠤᠯᠤᠨ ᠨᠡᠶᠢᠭᠡᠮ ᠤᠨ ᠬᠦᠭᠵᠢᠯᠳᠡ ᠶᠢᠨ ᠲᠦᠯᠦᠪᠵᠢᠬᠦᠯᠬᠡ ᠶᠢ ᠦᠨᠳᠦᠰᠦᠯᠡᠬᠦ ᠶᠢᠨ ᠬᠠᠮᠳᠣ ᠲᠤᠤᠷ᠎ᠠ ᠵᠢᠬᠰᠠᠭᠠᠭᠰᠠᠨ

ᠵᠠᠷᠴᠢᠮ ᠤᠳ ᠢ ᠵᠢᠷᠣᠮᠯᠠᠬᠤ ᠬᠡᠷᠡᠭᠳᠡᠢ᠄ ︵ᠨᠢᠬᠡ︶ ᠠᠮᠢ ᠠᠬᠤᠢ ᠶᠢᠨ ᠣᠷᠴᠢᠨ ᠲᠤᠭᠤᠷᠢᠨ ᠢ ᠰᠠᠶᠢᠵᠢᠷᠠᠭᠤᠯᠤᠨ᠂

ᠠᠮᠢᠳᠣ ᠪᠣᠳᠠᠰ ᠤᠨ ᠣᠯᠠᠨ ᠶᠠᠩᠵᠣᠳᠣ ᠴᠢᠨᠠᠷ ᠢ ᠬᠠᠮᠠᠭᠠᠯᠠᠵᠦ᠂ ᠨᠣᠳᠤᠭ ᠪᠡᠯᠴᠢᠬᠡᠷ ᠤᠨ ᠦᠷᠬᠦᠯᠵᠢᠯᠡᠨ

ᠠᠰᠢᠭᠯᠠᠬᠤ ᠶᠢ ᠠᠬᠢᠭᠤᠯᠬᠤ︔ ︵ᠬᠤᠶᠠᠷ︶ ᠣᠳᠣ ᠪᠠᠶᠢᠭ᠎ᠠ ᠨᠣᠳᠤᠭ ᠪᠡᠯᠴᠢᠬᠡᠷ ᠢᠶᠠᠷ ᠰᠠᠭᠤᠷᠢ ᠪᠤᠯᠭᠠᠵᠦ᠂ ᠭᠠᠵᠠᠷ

ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠨᠢᠬᠡᠳᠦᠯᠳᠡᠢ ᠲᠦᠯᠦᠪᠵᠢᠬᠦᠯᠵᠦ᠂ ᠲᠦᠷᠦᠯ ᠬᠤᠪᠢᠶᠠᠨ ᠵᠢᠯᠤᠭᠤᠳᠬᠤ

︔ ︵ᠭᠤᠷᠪᠠ︶ ᠬᠠᠮᠠᠭᠠᠯᠠᠬᠤ ᠪᠠᠷ ᠭᠤᠤᠯ ᠪᠤᠯᠭᠠᠵᠦ᠂ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠦ᠂ ᠬᠡᠰᠡᠭ

ᠬᠤᠪᠢᠶᠠᠨ ᠰᠠᠶᠢᠵᠢᠷᠠᠭᠤᠯᠤᠨ᠂ ᠵᠦᠢ ᠵᠤᠬᠢᠰᠳᠠᠢ ᠠᠰᠢᠭᠯᠠᠬᠤ︔ ︵ᠲᠦᠷᠪᠡ︶ ᠠᠮᠢ ᠠᠬᠤᠢ ᠶᠢᠨ ᠦᠷ᠎ᠡ ᠠᠰᠢᠭ᠂

ᠠᠵᠦ ᠠᠬᠤᠢ ᠶᠢᠨ ᠦᠷ᠎ᠡ ᠠᠰᠢᠭ᠂ ᠨᠡᠶᠢᠬᠡᠮ ᠤᠨ ᠦᠷ᠎ᠡ ᠠᠰᠢᠭ ᠢ ᠣᠶᠠᠯᠳᠣᠭᠤᠯᠬᠤ᠃

       ᠠᠷᠪᠠ ᠶᠢᠰᠦᠳᠦᠬᠡᠷ ᠵᠦᠢᠯ ᠨᠣᠳᠤᠭ ᠪᠡᠯᠴᠢᠬᠡᠷ ᠤᠨ ᠬᠠᠮᠠᠭᠠᠯᠠᠯᠳᠠ᠂ ᠪᠦᠳᠦᠬᠡᠨ ᠪᠠᠶᠢᠭᠤᠯᠤᠯᠳᠠ᠂

ᠠᠰᠢᠭᠯᠠᠯᠳᠠ ᠶᠢᠨ ᠲᠦᠯᠦᠪᠵᠢᠬᠦᠯᠬᠡ ᠳᠤ᠄ ᠨᠣᠳᠤᠭ ᠪᠡᠯᠴᠢᠬᠡᠷ ᠤᠨ ᠬᠠᠮᠠᠭᠠᠯᠠᠯᠳᠠ᠂ ᠪᠦᠳᠦᠬᠡᠨ ᠪᠠᠶᠢᠭᠤᠯᠤᠯᠳᠠ᠂

ᠠᠰᠢᠭᠯᠠᠯᠳᠠ ᠶᠢᠨ ᠬᠠᠷᠠᠯᠳᠠ ᠪᠠ ᠠᠷᠭ᠎ᠠ ᠬᠡᠮᠵᠢᠶ᠎ᠠ᠂ ᠨᠣᠳᠤᠭ ᠪᠡᠯᠴᠢᠬᠡᠷ ᠤᠨ ᠣᠶᠠᠯᠳᠣᠯ ᠴᠢᠳᠠᠪᠤᠷᠢ ᠶᠢᠨ ᠠᠩᠬᠢᠯᠠᠯ

ᠪᠠ ᠡᠯ᠎ᠡ ᠲᠦᠷᠦᠯ ᠤᠨ ᠪᠦᠳᠦᠬᠡᠨ ᠪᠠᠶᠢᠭᠤᠯᠤᠯᠳᠠ ᠶᠢᠨ ᠶᠡᠷᠦᠩᠬᠡᠢ ᠪᠠᠶᠢᠷᠢᠯᠠᠭᠤᠯᠤᠯᠳᠠ᠂ ᠡᠯ᠎ᠡ ᠲᠦᠷᠦᠯ ᠤᠨ

ᠲᠣᠰᠬᠠᠢ ᠲᠦᠯᠦᠪᠵᠢᠬᠦᠯᠬᠡ ᠵᠡᠷᠭᠡ ᠶᠢ ᠪᠠᠭᠳᠠᠭᠠᠬᠤ ᠭᠡᠷᠡᠭᠳᠡᠢ᠃

       ᠬᠤᠷᠢᠳᠣᠭᠠᠷ ᠵᠦᠢᠯ ᠨᠣᠳᠤᠭ ᠪᠡᠯᠴᠢᠬᠡᠷ ᠤᠨ ᠬᠠᠮᠠᠭᠠᠯᠠᠯᠳᠠ᠂ ᠪᠦᠳᠦᠬᠡᠨ ᠪᠠᠶᠢᠭᠤᠯᠤᠯᠳᠠ᠂

ᠠᠰᠢᠭᠯᠠᠯᠳᠠ ᠶᠢᠨ ᠲᠦᠯᠦᠪᠵᠢᠬᠦᠯᠬᠡ ᠶᠢ ᠭᠠᠵᠠᠷ ᠰᠢᠷᠣᠢ ᠶᠢᠨ ᠠᠰᠢᠭᠯᠠᠯᠳᠠ ᠶᠢᠨ ᠶᠡᠷᠦᠩᠬᠡᠢ ᠲᠦᠯᠦᠪᠵᠢᠬᠦᠯᠬᠡ ᠲᠠᠢ

ᠬᠤᠯᠪᠤᠭᠳᠠᠭᠤᠯᠵᠦ᠂ ᠣᠷᠴᠢᠨ ᠠᠬᠤᠢ ᠶᠢᠨ ᠬᠠᠮᠠᠭᠠᠯᠠᠯᠳᠠ ᠶᠢᠨ ᠲᠦᠯᠦᠪᠵᠢᠬᠦᠯᠬᠡ᠂ ᠬᠤᠳᠠ ᠶᠢᠨ ᠶᠡᠷᠦᠩᠬᠡᠢ

ᠲᠦᠯᠦᠪᠵᠢᠬᠦᠯᠬᠡ᠂ ᠠᠶᠢᠯ ᠲᠣᠰᠬᠤᠨ ᠪᠠ ᠴᠣᠭᠯᠠᠭ᠎ᠠ ᠪᠠᠯᠭᠠᠰᠣ ᠶᠢᠨ ᠲᠦᠯᠦᠪᠵᠢᠬᠦᠯᠬᠡ ᠬᠢᠬᠡᠳ ᠪᠣᠰᠣᠳ

ᠲᠦᠯᠦᠪᠵᠢᠬᠦᠯᠬᠡ ᠲᠠᠢ ᠵᠤᠬᠢᠴᠠᠭᠤᠯᠬᠤ ᠬᠡᠷᠡᠭᠳᠡᠢ᠃

       ᠬᠤᠷᠢᠨ ᠨᠢᠬᠡᠳᠣᠭᠡᠷ ᠵᠦᠢᠯ ᠨᠣᠳᠤᠭ ᠪᠡᠯᠴᠢᠬᠡᠷ ᠤᠨ ᠬᠠᠮᠠᠭᠠᠯᠠᠯᠳᠠ᠂ ᠪᠦᠳᠦᠬᠡᠨ ᠪᠠᠶᠢᠭᠤᠯᠤᠯᠳᠠ᠂

ᠠᠰᠢᠭᠯᠠᠯᠳᠠ ᠶᠢᠨ ᠲᠦᠯᠦᠪᠵᠢᠬᠦᠯᠬᠡ ᠵᠦᠪᠰᠢᠶᠡᠷᠡᠭᠳᠡᠪᠡᠯ ᠡᠷᠭᠡᠪᠰᠢ ᠡᠷᠡᠰ ᠴᠢᠩᠭ᠎ᠠ ᠪᠠᠷ ᠬᠡᠷᠡᠭᠵᠢᠬᠦᠯᠬᠦ ᠭᠡᠷᠡᠭᠳᠡᠢ᠃

       ᠬᠤᠷᠢᠨ ᠬᠤᠶᠠᠳᠣᠭᠠᠷ ᠵᠦᠢᠯ ᠣᠯᠣᠰ ᠠᠴᠠ ᠨᠣᠳᠤᠭ ᠪᠡᠯᠴᠢᠬᠡᠷ ᠢ ᠪᠠᠶᠢᠴᠠᠭᠠᠬᠤ ᠲᠦᠷᠢᠮ ᠢ ᠪᠠᠶᠢᠭᠤᠯᠤᠨ᠎ᠠ

᠃ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠤᠨ ᠨᠣᠳᠤᠭ ᠪᠡᠯᠴᠢᠬᠡᠷ ᠤᠨ ᠵᠠᠰᠠᠭ

ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠨᠣᠳᠤᠭ ᠪᠡᠯᠴᠢᠬᠡᠷ ᠤᠨ ᠪᠠᠶᠢᠴᠠᠭᠠᠯᠳᠠ ᠶᠢᠨ ᠦᠷ᠎ᠡ ᠳ᠋ᠦᠩ

᠂ ᠨᠣᠳᠤᠭ ᠪᠡᠯᠴᠢᠬᠡᠷ ᠤᠨ ᠶᠠᠰᠣ ᠴᠢᠨᠠᠷ ᠢ ᠦᠨᠳᠦᠰᠦᠯᠡᠵᠦ᠂ ᠨᠣᠳᠤᠭ ᠪᠡᠯᠴᠢᠬᠡᠷ ᠢ ᠦᠨᠡᠯᠡᠨ ᠲᠤᠭᠳᠠᠭᠠᠬᠤ

ᠪᠠᠷᠢᠮᠵᠢᠶ᠎ᠠ ᠶᠣᠰᠣᠭᠠᠷ ᠨᠣᠳᠤᠭ ᠪᠡᠯᠴᠢᠭᠡᠷ ᠤᠨ ᠵᠡᠷᠬᠡ ᠲᠡᠰ ᠢ ᠦᠨᠡᠯᠡᠨ᠎ᠡ᠃

       ᠬᠤᠷᠢᠨ ᠭᠤᠷᠪᠠᠳᠣᠭᠠᠷ ᠵᠦᠢᠯ ᠲᠦᠷᠦ ᠶᠢᠨ ᠶᠠᠪᠣᠳᠠᠯ ᠤᠨ ᠬᠤᠷᠢᠶᠠᠨ ᠤ ᠨᠣᠳᠤᠭ ᠪᠡᠯᠴᠢᠬᠡᠷ ᠤᠨ ᠵᠠᠰᠠᠭ

ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠲᠦᠷᠦ ᠶᠢᠨ ᠶᠠᠪᠣᠳᠠᠯ ᠤᠨ ᠬᠤᠯᠪᠤᠭᠳᠠᠯ ᠪᠦᠬᠦᠢ ᠰᠠᠯᠠᠭ᠎ᠠ

ᠮᠦᠴᠢᠷ ᠲᠠᠢ ᠬᠠᠮᠳᠣᠷᠠᠵᠦ ᠪᠠᠶᠢᠭᠠᠳ ᠪᠦᠬᠦ ᠣᠯᠣᠰ ᠤᠨ ᠨᠣᠳᠤᠭ ᠪᠡᠯᠴᠢᠬᠡᠷ ᠤᠨ ᠵᠡᠷᠭᠡ ᠲᠡᠰ ᠢ ᠦᠨᠡᠯᠡᠨ

ᠲᠤᠭᠳᠠᠭᠠᠬᠤ ᠪᠠᠷᠢᠮᠵᠢᠶ᠎ᠠ ᠶᠢ ᠲᠣᠭᠳᠠᠭᠠᠨ᠎ᠠ᠃ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ

ᠣᠷᠳᠣᠨ ᠤ ᠨᠣᠳᠤᠭ ᠪᠡᠯᠴᠢᠬᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠨᠣᠳᠤᠭ

ᠪᠡᠯᠴᠢᠬᠡᠷ ᠤᠨ ᠪᠠᠶᠢᠴᠠᠭᠠᠯᠳᠠ ᠶᠢᠨ ᠦᠷ᠎ᠡ ᠳ᠋ᠦᠩ᠂ ᠨᠣᠳᠤᠭ ᠪᠡᠯᠴᠢᠬᠡᠷ ᠤᠨ ᠶᠠᠰᠣ ᠴᠢᠨᠠᠷ ᠢ ᠦᠨᠳᠦᠰᠦᠯᠡᠵᠦ᠂

ᠨᠣᠳᠤᠭ ᠪᠡᠯᠴᠢᠭᠡᠷ ᠢ ᠦᠨᠡᠯᠡᠨ ᠲᠤᠭᠳᠠᠭᠠᠬᠤ ᠪᠠᠷᠢᠮᠵᠢᠶ᠎ᠠ ᠶᠣᠰᠣᠭᠠᠷ ᠨᠣᠳᠤᠭ ᠪᠡᠯᠴᠢᠬᠡᠷ ᠤᠨ ᠵᠠᠷᠭᠡ ᠲᠡᠰ ᠢ

ᠦᠨᠡᠯᠡᠨ᠎ᠡ᠃

       ᠬᠤᠷᠢᠨ ᠲᠦᠷᠪᠡᠳᠦᠬᠡᠷ ᠵᠦᠢᠯ ᠣᠯᠣᠰ ᠠᠴᠠ ᠨᠣᠳᠤᠭ ᠪᠡᠯᠴᠢᠬᠡᠷ ᠢ ᠪᠦᠷᠢᠳᠬᠡᠬᠦ ᠲᠦᠷᠢᠮ ᠢ ᠪᠠᠶᠢᠭᠤᠯᠤᠨ᠎ᠠ

᠃ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠣᠳᠤᠭ ᠪᠡᠯᠴᠢᠬᠡᠷ ᠤᠨ ᠵᠠᠰᠠᠭ

ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠯᠤᠨ ᠠᠳᠠᠯᠢ ᠱᠠᠳᠣᠨ ᠤ ᠪᠦᠷᠢᠳᠬᠡᠯ ᠤᠨ ᠰᠠᠯᠠᠭ᠎ᠠ ᠮᠦᠴᠢᠷ

ᠬᠠᠮᠳᠣᠷᠠᠵᠦ ᠪᠠᠶᠢᠭᠠᠳ ᠨᠣᠳᠤᠭ ᠪᠡᠯᠴᠢᠬᠡᠷ ᠢ ᠪᠦᠷᠢᠳᠬᠡᠨ ᠪᠠᠶᠢᠴᠠᠭᠠᠬᠤ ᠠᠷᠭ᠎ᠠ ᠶᠢ ᠲᠤᠭᠳᠠᠭᠠᠵᠦ᠂ ᠨᠣᠳᠤᠭ

ᠪᠡᠯᠴᠢᠬᠡᠷ ᠤᠨ ᠲᠠᠯᠠᠪᠠᠢ᠂ ᠵᠡᠷᠭᠡ ᠲᠡᠰ᠂ ᠡᠪᠡᠰᠦᠨ ᠤ ᠣᠨᠠᠯᠳᠠ᠂ ᠪᠡᠯᠴᠢᠬᠡᠷ ᠤᠨ ᠲᠠᠭᠠᠭᠠᠴᠠ ᠵᠠᠷᠭᠡ ᠶᠢ ᠬᠠᠣᠯᠢ

ᠶᠣᠰᠣᠭᠠᠷ ᠪᠦᠷᠢᠳᠬᠡᠵᠦ᠂ ᠲᠤᠭᠳᠠᠭᠰᠠᠨ ᠬᠤᠭᠤᠴᠠᠭ᠎ᠠ ᠲᠠᠢ ᠪᠠᠷ ᠨᠣᠳᠤᠭ ᠪᠡᠯᠴᠢᠬᠡᠷ ᠤᠨ ᠪᠦᠷᠢᠳᠬᠡᠯ ᠤᠨ

ᠮᠠᠲ᠋ᠧᠷᠢᠶᠠᠯ ᠢ ᠨᠡᠶᠢᠳᠡᠯᠡᠨ᠎ᠡ᠃ ᠨᠣᠳᠤᠭ ᠪᠡᠯᠴᠢᠬᠡᠷ ᠤᠨ ᠪᠦᠷᠢᠳᠬᠡᠯ ᠤᠨ ᠮᠠᠲ᠋ᠧᠷᠢᠶᠠᠯ ᠪᠤᠯ ᠡᠯ᠎ᠡ ᠱᠠᠳᠣᠨ ᠤ

ᠠᠷᠠᠳ ᠤᠨ ᠵᠠᠰᠠᠭ ᠤᠨ ᠣᠷᠳᠣᠨ ᠤ ᠨᠣᠳᠤᠭ ᠪᠡᠯᠴᠢᠬᠡᠷ ᠤᠨ ᠬᠠᠮᠠᠭᠠᠯᠠᠯᠠᠳᠠ᠂ ᠪᠦᠳᠦᠬᠡᠨ ᠪᠠᠶᠢᠭᠤᠯᠤᠯᠳᠠ᠂

ᠠᠰᠢᠭᠯᠠᠯᠳᠠ ᠶᠢᠨ ᠲᠦᠯᠦᠪᠵᠢᠬᠦᠯᠬᠡ ᠶᠢ ᠨᠡᠶᠢᠷᠠᠭᠤᠯᠤᠨ ᠵᠤᠬᠢᠶᠠᠬᠤ ᠶᠢᠨ ᠦᠨᠳᠦᠰᠦ ᠪᠠᠷᠢᠮᠳᠠ ᠮᠦᠨ᠃

       ᠬᠤᠷᠢᠨ ᠲᠠᠪᠤᠳᠣᠭᠠᠷ ᠵᠦᠢᠯ ᠣᠯᠣᠰ ᠠᠴᠠ ᠨᠣᠳᠤᠭ ᠪᠡᠯᠴᠢᠬᠡᠷ ᠤᠨ ᠦᠢᠯᠡᠳᠪᠦᠷᠢᠯᠡᠯ᠂ ᠠᠮᠢ ᠠᠬᠤᠢ ᠶᠢᠨ

ᠬᠢᠨᠡᠨ ᠬᠡᠮᠵᠢᠯᠳᠡ ᠶᠢ ᠣᠷᠢᠳᠴᠢᠯᠠᠨ ᠰᠡᠷᠡᠮᠵᠢᠬᠦᠯᠬᠦ ᠰᠢᠰᠲ᠋ᠧᠮ ᠢ ᠪᠠᠶᠢᠭᠤᠯᠤᠨ᠎ᠠ᠃ ᠰᠢᠶᠠᠨ ᠤ ᠱᠠᠳᠣᠨ ᠠᠴᠠ

ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠣᠳᠤᠭ ᠪᠡᠯᠴᠢᠬᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ

ᠰᠠᠯᠠᠭ᠎ᠠ ᠮᠦᠴᠢᠷ ᠠᠴᠠ ᠨᠣᠳᠤᠭ ᠪᠡᠯᠴᠢᠭᠡᠷ ᠤᠨ ᠲᠠᠯᠠᠪᠠᠢ᠂ ᠵᠡᠷᠭᠡ ᠲᠡᠰ᠂ ᠣᠷᠭᠤᠮᠠᠯ ᠤᠨ ᠨᠦᠮᠦᠷᠬᠡ ᠶᠢᠨ ᠪᠦᠳᠦᠴᠠ

᠂ ᠦᠢᠯᠡᠳᠪᠦᠷᠢᠯᠠᠯ ᠤᠨ ᠴᠢᠳᠠᠪᠦᠷᠢ᠂ ᠪᠠᠶᠢᠭᠠᠯᠢ ᠶᠢᠨ ᠭᠠᠮᠰᠢᠭ᠂ ᠠᠮᠢᠳᠣ ᠪᠣᠳᠠᠰ ᠤᠨ ᠭᠠᠮᠰᠢᠭ ᠵᠡᠷᠭᠡ ᠨᠣᠳᠤᠭ

ᠪᠡᠯᠴᠢᠭᠡᠷ ᠤᠨ ᠦᠨᠳᠦᠰᠦᠨ ᠪᠠᠶᠢᠳᠠᠯ ᠳᠤ ᠬᠦᠳᠡᠯᠦᠩᠬᠦᠢ ᠪᠠᠶᠢᠳᠠᠯ ᠤᠨ ᠬᠢᠨᠠᠨ ᠬᠡᠮᠵᠢᠯᠳᠡ ᠶᠢᠨ ᠪᠠ ᠣᠷᠢᠳᠴᠢᠯᠠᠨ

ᠰᠡᠷᠡᠮᠵᠢᠬᠦᠯᠬᠦ ᠮᠡᠳᠡᠭᠡ ᠵᠠᠩᠬᠢ ᠶᠢᠨ ᠦᠢᠯᠡᠴᠢᠯᠡᠭᠡ ᠶᠢ ᠬᠠᠩᠭᠠᠨ᠎ᠠ᠃

       ᠲᠦᠷᠪᠡᠳᠦᠬᠡᠷ ᠪᠦᠯᠦᠭ ᠪᠦᠳᠦᠬᠡᠨ ᠪᠠᠶᠢᠭᠤᠯᠬᠤ

       ᠬᠤᠷᠢᠨ ᠵᠢᠷᠭᠤᠳᠣᠭᠠᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ

ᠨᠣᠳᠤᠭ ᠪᠡᠯᠴᠢᠬᠡᠷ ᠤᠨ ᠪᠦᠳᠦᠬᠡᠨ ᠪᠠᠶᠢᠭᠤᠯᠤᠯᠳᠠ ᠶᠢᠨ ᠣᠷᠣᠭᠤᠯᠣᠯᠳᠠ ᠶᠢ ᠨᠡᠮᠡᠭᠳᠡᠬᠦᠯᠵᠦ᠂ ᠨᠣᠳᠤᠭ ᠪᠡᠯᠴᠢᠬᠡᠷ ᠤᠨ

ᠪᠦᠳᠦᠬᠡᠨ ᠪᠠᠶᠢᠭᠤᠯᠤᠯᠳᠠ ᠶᠢ ᠲᠡᠮᠵᠢᠬᠦ ᠭᠡᠷᠡᠭᠳᠡᠢ᠃ ᠣᠯᠣᠰ ᠠᠴᠠ ᠨᠢᠬᠡᠴᠢ ᠪᠠ ᠬᠤᠪᠢ ᠬᠦᠮᠦᠨ ᠨᠣᠳᠤᠭ

ᠪᠡᠯᠴᠢᠬᠡᠷ ᠤᠨ ᠪᠦᠳᠦᠬᠡᠨ ᠪᠠᠶᠢᠭᠤᠯᠤᠯᠳᠠ ᠳᠤ ᠪᠡᠯᠡ ᠣᠷᠣᠭᠤᠯᠬᠤ ᠶᠢ ᠵᠣᠷᠢᠭᠵᠢᠭᠤᠯᠵᠦ᠂ ᠬᠡᠨ ᠪᠡᠯᠡ

ᠣᠷᠣᠭᠤᠯᠣᠭᠰᠠᠨ ᠪᠤᠯ ᠬᠡᠨ ᠠᠰᠢᠭ ᠬᠦᠷᠳᠡᠬᠦ ᠵᠠᠷᠴᠢᠮ ᠢᠶᠠᠷ ᠨᠣᠳᠤᠭ ᠪᠡᠯᠴᠢᠬᠡᠷ ᠲᠤ ᠪᠡᠯᠡ ᠣᠷᠣᠭᠤᠯᠣᠭᠰᠠᠨ

ᠪᠦᠳᠦᠬᠡᠨ ᠪᠠᠶᠢᠭᠤᠯᠤᠭᠴᠢᠳ ᠤᠨ ᠬᠠᠣᠯᠢ ᠶᠣᠰᠣᠨ ᠤ ᠡᠷᠭᠡ ᠠᠰᠢᠭ ᠢ ᠬᠠᠮᠠᠭᠠᠯᠠᠨ᠎ᠠ᠃

       ᠬᠤᠷᠢᠨ ᠲᠤᠯᠤᠳᠣᠭᠠᠷ ᠵᠦᠢᠯ ᠣᠯᠣᠰ ᠠᠴᠠ ᠲᠠᠷᠢᠮᠠᠯ ᠪᠡᠯᠴᠢᠬᠡᠷ ᠢ ᠪᠦᠳᠦᠬᠡᠨ ᠪᠠᠶᠢᠭᠤᠯᠬᠤ᠂

ᠪᠠᠶᠢᠭᠠᠯᠢ ᠶᠢᠨ ᠨᠣᠳᠤᠭ ᠪᠡᠯᠴᠢᠭᠡᠷ ᠢ ᠰᠠᠶᠢᠵᠢᠷᠠᠭᠤᠯᠬᠤ ᠪᠠ ᠡᠪᠡᠰᠦ ᠪᠤᠷᠳᠤᠭ᠎ᠠ ᠶᠢᠨ ᠰᠠᠭᠤᠷᠢᠨ ᠭᠠᠵᠠᠷ ᠢ ᠪᠦᠳᠦᠬᠡᠨ

ᠪᠠᠶᠢᠭᠤᠯᠬᠤ ᠠᠵᠢᠯ ᠢ ᠵᠤᠷᠢᠭᠵᠢᠭᠤᠯᠤᠨ ᠲᠡᠮᠵᠢᠵᠦ᠂ ᠨᠣᠳᠤᠭ ᠪᠡᠯᠴᠢᠬᠡᠷ ᠤᠨ ᠦᠢᠯᠡᠳᠪᠦᠷᠢᠯᠡᠯ ᠤᠨ ᠴᠢᠳᠠᠪᠤᠷᠢ ᠶᠢ

ᠲᠤᠭᠳᠠᠪᠤᠷᠢᠵᠢᠭᠤᠯᠤᠨ ᠲᠡᠭᠡᠭᠰᠢᠯᠡᠬᠦᠯᠦᠨ᠎ᠡ᠃

       ᠬᠤᠷᠢᠨ ᠨᠠᠢᠮᠠᠳᠣᠭᠠᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ

ᠣᠷᠳᠣᠨ ᠠᠴᠠ ᠲᠠᠷᠢᠶᠠᠴᠢᠨ ᠮᠠᠯᠴᠢᠳ ᠤᠨ ᠨᠣᠳᠤᠭ ᠪᠡᠯᠴᠢᠭᠡᠷ ᠤᠨ ᠲᠤᠤᠷ ᠬᠦᠷᠢᠶ᠎ᠠ ᠲᠠᠳᠠᠬᠤ᠂ ᠲᠡᠵᠢᠬᠡᠯ ᠡᠪᠡᠰᠦ᠂

ᠲᠡᠵᠢᠬᠡᠯ ᠪᠣᠷᠳᠤᠭ᠎ᠠ ᠨᠦᠬᠡᠴᠡᠯᠡᠬᠦ᠂ ᠮᠠᠯ ᠤᠨ ᠬᠠᠰᠢᠶ᠎ᠠ ᠰᠠᠷᠠᠪᠴᠢ ᠪᠠᠷᠢᠬᠤ᠂ ᠮᠠᠯᠴᠢᠳ ᠤᠨ ᠰᠠᠭᠤᠷᠢᠰᠢᠭᠰᠠᠨ

ᠣᠷᠣᠨ ᠢ ᠪᠠᠶᠢᠭᠤᠯᠬᠤ ᠵᠡᠷᠭᠡ ᠦᠢᠯᠡᠳᠪᠦᠷᠢᠯᠡᠯ ᠠᠮᠢᠳᠣᠷᠠᠯ ᠤᠨ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ

ᠲᠠᠮᠵᠢᠨ ᠵᠣᠷᠢᠭᠵᠢᠭᠤᠯᠵᠦ᠂ ᠬᠦᠳᠦᠯᠦᠨ ᠵᠢᠯᠤᠭᠤᠳᠣᠨ᠎ᠠ᠃ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ

ᠵᠠᠰᠠᠭ ᠤᠨ ᠣᠷᠳᠣᠨ ᠠᠴᠠ ᠨᠣᠳᠤᠭ ᠪᠡᠯᠴᠢᠭᠡᠷ ᠤᠨ ᠣᠰᠣᠨ ᠠᠰᠢᠭᠯᠠᠯᠳᠠ ᠶᠢᠨ ᠲᠦᠬᠦᠬᠡᠷᠦᠮᠵᠢ ᠶᠢᠨ ᠪᠦᠳᠦᠬᠡᠨ

ᠪᠠᠶᠢᠭᠤᠯᠤᠯᠳᠠ ᠶᠢ ᠲᠠᠮᠵᠢᠵᠦ᠂ ᠨᠣᠳᠤᠭ ᠤᠨ ᠪᠡᠯᠴᠢᠬᠡᠷ ᠤᠨ ᠣᠰᠣᠨ ᠳᠤ ᠭᠠᠮᠳᠠᠢ ᠣᠰᠣᠯᠠᠯᠳᠠ ᠶᠢ ᠬᠦᠭᠵᠢᠬᠦᠯᠵᠦ᠂

ᠬᠦᠮᠦᠨ ᠮᠠᠯ ᠤᠨ ᠣᠰᠣ ᠣᠮᠳᠠ ᠶᠢᠨ ᠨᠦᠬᠦᠴᠠᠯ ᠢ ᠰᠠᠶᠢᠵᠢᠷᠠᠭᠤᠯᠬᠤ ᠭᠡᠷᠡᠭᠳᠡᠢ᠃

       ᠬᠤᠷᠢ ᠶᠢᠰᠦᠳᠦᠭᠡᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ

ᠨᠣᠳᠤᠭ ᠪᠡᠯᠴᠢᠭᠡᠷ ᠤᠨ ᠬᠠᠮᠠᠭᠠᠯᠡᠯᠳᠠ᠂ ᠪᠦᠳᠦᠭᠡᠨ ᠪᠠᠶᠢᠭᠤᠯᠤᠯᠳᠠ᠂ ᠠᠰᠢᠭᠯᠠᠯᠳᠠ ᠶᠢᠨ ᠲᠦᠯᠦᠪᠵᠢᠭᠦᠯᠭᠡ ᠶᠢᠨ

ᠶᠣᠰᠣᠭᠠᠷ ᠡᠪᠡᠰᠦᠨ ᠤ ᠡᠭᠦᠯᠳᠡᠷ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂

ᠰᠢᠯᠢᠳᠡᠭ ᠰᠠᠶᠢᠨ ᠡᠪᠡᠰᠦᠨ ᠡᠭᠦᠯᠳᠡᠷ ᠢ ᠰᠤᠩᠭᠤᠨ ᠪᠤᠶᠢᠵᠢᠭᠤᠯᠬᠤ᠂ ᠤᠷᠣᠭᠤᠯᠬᠤ᠂ ᠲᠡᠯᠭᠡᠷᠡᠭᠦᠯᠬᠦ ᠶᠢ

ᠵᠤᠷᠢᠭᠵᠢᠭᠤᠯᠬᠤ ᠬᠡᠷᠡᠭᠲᠡᠢ᠃ ᠰᠢᠨ᠎ᠡ ᠡᠪᠡᠰᠦᠨ ᠡᠭᠦᠯᠳᠡᠷ ᠢ ᠡᠷᠬᠡᠪᠰᠢ ᠪᠦᠬᠦ ᠣᠯᠣᠰ ᠤᠨ ᠡᠪᠡᠰᠦᠨ ᠡᠭᠦᠯᠳᠡᠷ ᠤᠨ

ᠬᠢᠨᠠᠨ ᠲᠣᠭᠳᠠᠭᠠᠬᠤ ᠺᠤᠮᠢᠰ ᠢᠶᠠᠷ ᠬᠢᠨᠠᠨ ᠲᠣᠭᠳᠠᠭᠠᠯᠭᠠᠵᠤ᠂ ᠲᠦᠷᠦ ᠶᠢᠨ ᠶᠠᠪᠣᠳᠠᠯ ᠤᠨ ᠬᠤᠷᠢᠶᠠᠨ ᠤ ᠨᠤᠳᠤᠭ

ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠠᠭᠰᠠᠨ ᠤ ᠲᠠᠷᠠᠭ᠎ᠠ ᠰᠠᠶ᠋ᠢ

ᠲᠡᠯᠭᠡᠷᠡᠭᠦᠯᠵᠤ ᠪᠤᠯᠤᠨ᠎ᠠ᠃ ᠬᠢᠯᠢ ᠶᠢᠨ ᠭᠠᠳᠠᠨ᠎ᠠ ᠠᠴᠠ ᠡᠪᠡᠰᠦᠨ ᠡᠭᠦᠯᠳᠡᠷ ᠢ ᠤᠷᠤᠭᠤᠯᠬᠤ ᠳᠤ ᠡᠷᠬᠡᠪᠰᠢ ᠬᠠᠤᠯᠢ

ᠶᠣᠰᠣᠭᠠᠷ ᠬᠢᠨᠠᠨ ᠵᠦᠪᠰᠢᠶᠡᠷᠡᠭᠦᠯᠬᠦ ᠬᠡᠷᠡᠭᠲᠡᠢ᠃ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ

ᠣᠷᠳᠣᠨ ᠤ ᠨᠣᠳᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠡᠪᠡᠰᠦᠨ

ᠡᠬᠦᠯᠳᠡᠷ ᠢ ᠦᠢᠯᠡᠳᠪᠦᠷᠢᠯᠡᠬᠦ᠂ ᠪᠤᠯᠪᠠᠰᠣᠷᠠᠭᠤᠯᠬᠤ᠂ ᠬᠢᠵᠢᠭ ᠢ ᠪᠠᠶᠢᠴᠠᠭᠠᠬᠤ᠂ ᠰᠢᠯᠭᠠᠨ ᠪᠠᠶᠢᠴᠠᠭᠠᠬᠤ ᠶᠢᠨ ᠬᠢᠨᠡᠯᠳᠡ

ᠬᠠᠮᠢᠶᠠᠷᠣᠯᠳᠠ ᠶᠢ ᠬᠠᠣᠯᠢ ᠶᠣᠰᠣᠭᠠᠷ ᠴᠢᠩᠭᠠᠳᠬᠠᠵᠦ᠂ ᠡᠪᠡᠰᠦᠨ ᠡᠬᠦᠯᠳᠡᠷ ᠤᠨ ᠴᠢᠨᠠᠷ ᠢ ᠪᠠᠳᠣᠯᠠᠬᠤ ᠭᠡᠷᠡᠭᠳᠡᠢ᠃

       ᠭᠤᠴᠢᠳᠣᠭᠠᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ

ᠭᠠᠯ ᠤᠨ ᠠᠶᠣᠯ ᠢ ᠬᠢᠨᠡᠨ ᠬᠡᠮᠵᠢᠬᠦ᠂ ᠭᠠᠯ ᠰᠡᠷᠬᠡᠶᠢᠯᠡᠬᠦ ᠡᠳ᠋ ᠪᠤᠳᠠᠰ ᠢ ᠨᠦᠬᠡᠴᠡᠯᠡᠬᠦ᠂ ᠲᠦᠢᠮᠡᠷ ᠰᠡᠷᠬᠡᠶᠢᠯᠡᠬᠦ ᠪᠦᠰᠡ

ᠵᠡᠷᠭᠡ ᠨᠣᠳᠤᠭ ᠪᠡᠯᠴᠢᠬᠡᠷ ᠤᠨ ᠭᠠᠯ ᠠᠴᠠ ᠰᠡᠷᠬᠡᠶᠢᠯᠡᠬᠦ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ

ᠲᠦᠯᠦᠪᠯᠡᠭᠡ ᠲᠠᠢ ᠪᠠᠷ ᠬᠢᠵᠦ᠂ ᠭᠠᠯ ᠰᠡᠷᠬᠡᠶᠢᠯᠡᠬᠦ ᠭᠡᠷᠡᠭᠴᠡᠭᠡ ᠶᠢ ᠦᠨᠡᠨ ᠬᠦ ᠪᠠᠳᠣᠯᠠᠬᠤ ᠭᠡᠷᠡᠭᠳᠡᠢ᠃

       ᠭᠤᠴᠢᠨ ᠨᠢᠬᠡᠳᠦᠬᠡᠷ ᠵᠦᠢᠯ ᠲᠠᠴᠢᠷᠳᠠᠭᠰᠠᠨ᠂ ᠡᠯᠡᠰᠦᠷᠬᠡᠭᠵᠢᠭᠰᠡᠨ᠂ ᠬᠤᠵᠢᠷᠰᠢᠭᠰᠠᠨ᠂ ᠬᠠᠶᠢᠷᠰᠢᠵᠦ

ᠴᠢᠯᠠᠭᠤᠵᠢᠭᠰᠠᠨ ᠪᠠ ᠬᠦᠷᠦᠰᠦ ᠰᠢᠷᠤᠢ ᠢᠳᠡᠭᠳᠡᠭᠰᠡᠨ ᠨᠣᠳᠤᠭ ᠪᠡᠯᠴᠢᠬᠡᠷ ᠢ ᠣᠷᠣᠨ ᠨᠣᠳᠤᠭ ᠤᠨ ᠡᠯ᠎ᠡ ᠱᠠᠳᠣᠨ ᠤ

ᠠᠷᠠᠳ ᠤᠨ ᠵᠠᠰᠠᠭ ᠤᠨ ᠣᠷᠳᠣᠨ ᠠᠴᠠ ᠨᠣᠳᠤᠭ ᠪᠡᠯᠴᠢᠬᠡᠷ ᠤᠨ ᠬᠠᠮᠠᠭᠠᠯᠠᠯᠳᠠ᠂ ᠪᠦᠳᠦᠬᠡᠨ ᠪᠠᠶᠢᠭᠤᠯᠤᠯᠳᠠ᠂

ᠠᠰᠢᠭᠯᠠᠯᠳᠠ ᠶᠢᠨ ᠲᠦᠯᠦᠪᠵᠢᠬᠦᠯᠬᠡ ᠶᠣᠰᠣᠭᠠᠷ ᠵᠠᠰᠠᠬᠤ ᠣᠷᠣᠨ ᠲᠤᠭᠤᠷᠢᠭ ᠢ ᠵᠠᠭᠠᠭᠯᠠᠨ ᠲᠤᠭᠳᠠᠭᠠᠵᠦ ᠪᠠᠶᠢᠭᠠᠳ

ᠲᠤᠰᠬᠠᠶᠢᠯᠠᠨ ᠵᠠᠰᠠᠬᠤ ᠠᠵᠢᠯ ᠢ ᠵᠤᠬᠢᠶᠠᠨ ᠪᠠᠶᠢᠭᠤᠯᠬᠤ ᠭᠡᠷᠡᠭᠳᠡᠢ᠃ ᠨᠣᠳᠤᠭ ᠪᠡᠯᠴᠢᠬᠡᠷ ᠢ ᠶᠡᠭᠡ ᠬᠡᠪᠴᠢᠶ᠎ᠠ ᠪᠠᠷ

ᠶᠡᠷᠦᠩᠬᠡᠶᠢᠯᠡᠨ ᠵᠠᠰᠠᠬᠤ ᠶᠠᠪᠣᠳᠠᠯ ᠢ ᠣᠯᠣᠰ ᠤᠨ ᠨᠣᠳᠤᠭ ᠲᠡᠪᠢᠰᠬᠡᠷ ᠢ ᠡᠮᠬᠢᠯᠡᠨ ᠵᠠᠰᠠᠬᠤ ᠲᠦᠯᠦᠪᠯᠡᠭᠡ ᠳᠤ

ᠵᠢᠬᠰᠠᠭᠠᠨ ᠤᠷᠤᠭᠤᠯᠤᠨ᠎ᠠ᠃

       ᠭᠤᠴᠢᠨ ᠬᠤᠶᠠᠳᠣᠭᠠᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ

ᠣᠷᠳᠣᠨ ᠠᠴᠠ ᠨᠣᠳᠤᠭ ᠪᠡᠯᠴᠢᠬᠡᠷ ᠤᠨ ᠬᠠᠮᠠᠭᠠᠯᠠᠯᠳᠠ᠂ ᠪᠦᠳᠦᠬᠡᠨ ᠪᠠᠶᠢᠭᠤᠯᠤᠯᠳᠠ᠂ ᠠᠰᠢᠭᠯᠠᠯᠳᠠ ᠶᠢᠨ

ᠲᠦᠯᠦᠪᠵᠢᠬᠦᠯᠬᠡ ᠶᠢ ᠦᠨᠳᠦᠰᠦᠯᠡᠨ᠂ ᠲᠣᠰ ᠱᠠᠳᠣᠨ ᠤ ᠣᠯᠣᠰ ᠠᠷᠠᠳ ᠤᠨ ᠠᠵᠦ ᠠᠬᠤᠢ ᠪᠤᠯᠤᠨ ᠨᠡᠶᠢᠬᠡᠮ

ᠬᠦᠭᠵᠢᠯᠳᠡ ᠶᠢᠨ ᠲᠦᠯᠦᠪᠯᠡᠬᠡᠨ ᠳᠤ ᠨᠣᠳᠤᠭ ᠪᠡᠯᠴᠢᠬᠡᠷ ᠢ ᠰᠠᠶᠢᠵᠢᠷᠠᠭᠤᠯᠬᠤ᠂ ᠬᠦᠮᠦᠨ ᠤ ᠬᠦᠴᠦ ᠪᠠᠷ ᠡᠪᠡᠰᠦ

ᠲᠠᠷᠢᠬᠤ ᠪᠠ ᠡᠪᠡᠰᠦᠨ ᠤ ᠦᠷ᠎ᠡ ᠦᠢᠯᠡᠳᠪᠦᠷᠢᠯᠡᠬᠦ ᠳᠤ ᠬᠡᠷᠡᠭᠯᠡᠬᠦ ᠪᠡᠯᠡ ᠮᠦᠩᠬᠦ ᠲᠤᠬᠢᠷᠠᠭᠤᠯᠬᠤ ᠭᠡᠷᠡᠭᠳᠡᠢ᠂ ᠶᠠᠮᠠᠷᠪᠠ

ᠨᠢᠬᠡᠴᠢ ᠪᠤᠶᠤ ᠬᠤᠪᠢ ᠬᠦᠮᠦᠨ ᠲᠤᠮᠳᠠ ᠠᠴᠠ ᠨᠢ ᠦᠯᠡᠳᠡᠬᠡᠵᠦ᠂ ᠰᠢᠯᠵᠢᠬᠦᠯᠦᠨ ᠭᠡᠷᠡᠭᠯᠡᠵᠦ ᠪᠤᠯᠬᠤ ᠦᠬᠡᠢ︔

ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ

ᠪᠤᠯᠤᠨ ᠬᠢᠨᠡᠨ ᠪᠣᠳᠣᠬᠤ ᠰᠠᠯᠠᠭ᠎ᠠ ᠮᠦᠴᠢᠷ ᠨᠢ ᠬᠢᠨᠡᠯᠳᠡ ᠬᠠᠮᠢᠶᠠᠷᠣᠯᠳᠠ ᠪᠠᠨ ᠴᠢᠩᠭᠠᠳᠬᠠᠬᠤ ᠭᠡᠷᠡᠭᠳᠡᠢ᠃

       ᠲᠠᠪᠤᠳᠣᠭᠠᠷ ᠪᠦᠯᠦᠭ ᠠᠰᠢᠭᠯᠠᠬᠤ

       ᠭᠤᠴᠢᠨ ᠭᠤᠷᠪᠠᠳᠣᠭᠠᠷ ᠵᠦᠢᠯ ᠨᠣᠳᠤᠭ ᠪᠡᠯᠴᠢᠭᠡᠷ ᠤᠨ ᠲᠠᠭᠠᠭᠠᠴᠢᠯᠠᠨ ᠡᠵᠡᠩᠨᠡᠭᠴᠢ ᠨᠢ ᠨᠣᠳᠤᠭ

ᠪᠡᠯᠴᠢᠬᠡᠷ ᠢ ᠵᠦᠢ ᠵᠤᠬᠢᠰᠳᠠᠢ ᠠᠰᠢᠭᠯᠠᠬᠤ ᠭᠡᠷᠡᠭᠳᠡᠢ᠂ ᠨᠣᠳᠤᠭ ᠪᠡᠯᠴᠢᠬᠡᠷ ᠤᠨ ᠵᠠᠰᠠᠭ ᠵᠠᠬᠢᠷᠭᠠᠨ ᠤ ᠡᠷᠬᠢᠯᠡᠨ

ᠬᠠᠮᠢᠶᠠᠷᠬᠤ ᠰᠠᠯᠠᠭ᠎ᠠ ᠮᠦᠴᠢᠷ ᠤᠨ ᠬᠢᠨᠠᠨ ᠲᠤᠭᠳᠠᠭᠠᠭᠰᠠᠨ ᠪᠡᠯᠴᠢᠬᠡᠷ ᠤᠨ ᠲᠠᠭᠠᠭᠠᠴᠠ ᠠᠴᠠ ᠭᠡᠳᠦᠷᠡᠬᠦᠯᠵᠦ ᠪᠤᠯᠬᠤ

ᠦᠬᠡᠢ︔ ᠨᠣᠳᠤᠭ ᠪᠡᠯᠴᠢᠭᠡᠷ ᠲᠠᠭᠠᠭᠠᠴᠢᠯᠠᠨ ᠡᠵᠡᠩᠨᠡᠭᠴᠢ ᠨᠢ ᠲᠡᠵᠢᠬᠡᠯ ᠡᠪᠡᠰᠦ ᠲᠡᠵᠢᠬᠡᠯ ᠪᠤᠷᠳᠤᠭ᠎ᠠ ᠲᠠᠷᠢᠵᠦ

ᠨᠦᠬᠡᠴᠡᠯᠡᠬᠦ᠂ ᠲᠡᠵᠢᠬᠡᠯ ᠡᠪᠡᠰᠦ ᠲᠡᠵᠢᠬᠡᠯ ᠪᠤᠷᠳᠤᠭ᠎ᠠ ᠶᠢᠨ ᠬᠠᠩᠭᠠᠯᠳᠠ ᠶᠢᠨ ᠬᠡᠮᠵᠢᠶ᠎ᠠ ᠶᠢ ᠨᠡᠮᠡᠭᠳᠡᠭᠦᠯᠬᠦ᠂ ᠠᠳᠣᠭᠤ

ᠮᠠᠯ ᠢ ᠲᠤᠬᠢᠷᠠᠭᠤᠯᠤᠨ ᠰᠢᠢᠳᠪᠦᠷᠢᠯᠡᠬᠦ᠂ ᠮᠠᠯ ᠤᠨ ᠰᠦᠷᠦᠭ ᠪᠦᠳᠦᠴᠠ ᠶᠢ ᠰᠢᠯᠢᠳᠡᠭᠵᠢᠬᠦᠯᠬᠦ᠂ ᠪᠤᠷᠤᠯᠠᠭᠤᠯᠬᠤ

ᠨᠤᠷᠮ᠎ᠠ ᠶᠢ ᠲᠡᠭᠡᠭᠰᠢᠯᠡᠬᠦᠯᠬᠦ ᠵᠡᠷᠭᠡ ᠠᠷᠭ᠎ᠠ ᠬᠡᠮᠵᠢᠶ᠎ᠡ ᠠᠪᠴᠦ ᠪᠠᠶᠢᠭᠠᠳ ᠪᠡᠯᠴᠢᠬᠡᠷ ᠪᠠ ᠮᠠᠯ ᠢ ᠲᠡᠩᠴᠡᠬᠦᠷᠢ ᠲᠠᠢ

ᠪᠠᠶᠢᠬᠤ ᠶᠢ ᠪᠠᠳᠣᠯᠠᠬᠤ ᠬᠡᠷᠡᠭᠳᠡᠢ᠃ ᠨᠣᠳᠤᠭ ᠪᠡᠯᠴᠢᠭᠡᠷ ᠤᠨ ᠲᠠᠭᠠᠭᠠᠴᠠ ᠶᠢᠨ ᠪᠠᠷᠢᠮᠵᠢᠶ᠎ᠠ ᠪᠠ ᠪᠡᠯᠴᠢᠬᠡᠷ ᠮᠠᠯ ᠢ

ᠲᠡᠩᠴᠡᠬᠦᠷᠢ ᠲᠠᠢ ᠪᠠᠶᠢᠯᠭᠠᠬᠤ ᠶᠢ ᠬᠠᠮᠢᠶᠠᠷᠬᠤ ᠠᠷᠭ᠎ᠠ ᠶᠢ ᠲᠦᠷᠦ ᠶᠢᠨ ᠶᠠᠪᠣᠳᠠᠯ ᠤᠨ ᠬᠤᠷᠢᠶᠠᠨ ᠤ ᠨᠣᠳᠤᠭ

ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠨ᠎ᠠ᠃

       ᠭᠤᠴᠢᠨ ᠳᠦᠷᠪᠡᠳᠦᠭᠡᠷ ᠵᠦᠢᠯ ᠮᠠᠯᠵᠢᠬᠤ ᠣᠷᠣᠨ ᠤ ᠨᠤᠲᠤᠭ ᠪᠡᠯᠴᠢᠭᠡᠷ ᠤᠨ ᠲᠠᠭᠠᠭᠠᠴᠢᠯᠠᠨ

ᠡᠵᠡᠩᠨᠡᠴᠢ ᠨᠢ ᠣᠷᠣᠨ ᠲᠣᠭᠤᠷᠢᠭ ᠬᠤᠪᠢᠶᠠᠨ ᠡᠭᠡᠯᠵᠢᠯᠡᠨ ᠮᠠᠯᠵᠢᠬᠤ ᠠᠷᠭ᠎ᠠ ᠶᠢ ᠬᠡᠷᠡᠭᠵᠢᠭᠦᠯᠵᠦ᠂ ᠮᠠᠯ

ᠰᠦᠷᠦᠭ ᠢᠶᠠᠨ ᠵᠦᠢ ᠵᠤᠬᠢᠰᠲᠠᠢ ᠪᠠᠷ ᠪᠠᠶᠢᠷᠢᠯᠠᠭᠤᠯᠤᠨ᠂ ᠨᠤᠲᠤᠭ ᠪᠡᠯᠴᠢᠭᠡᠷ ᠢ ᠲᠡᠩᠴᠡᠬᠦᠷᠢ ᠲᠠᠢ ᠠᠰᠢᠭᠯᠠᠬᠤ

ᠭᠡᠷᠡᠭᠲᠠᠢ᠃

       ᠭᠤᠴᠢᠨ ᠲᠠᠪᠤᠳᠤᠭᠠᠷ ᠵᠦᠢᠯ ᠣᠯᠣᠰ ᠠᠴᠠ ᠲᠠᠷᠢᠶᠠᠯᠠᠬᠤ ᠣᠷᠣᠨ᠂ ᠬᠠᠭᠠᠰ ᠲᠠᠷᠢᠶᠠᠯᠠᠬᠤ ᠬᠠᠭᠠᠰ

ᠮᠠᠯᠵᠢᠬᠤ ᠤᠷᠤᠨ ᠪᠤᠯᠤᠨ ᠨᠦᠭᠦᠴᠡᠯ ᠲᠠᠢ ᠮᠠᠯᠵᠢᠬᠤ ᠣᠷᠣᠨ ᠳᠤ ᠮᠠᠯ ᠢ ᠬᠠᠰᠢᠶᠠᠯᠠᠨ ᠲᠡᠵᠢᠭᠡᠬᠦ ᠶᠢ ᠰᠠᠨᠠᠭᠠᠴᠢᠯᠠᠨ᠎ᠠ᠃

ᠨᠤᠲᠤᠭ ᠪᠡᠯᠴᠢᠭᠡᠷ ᠢ ᠲᠠᠭᠠᠭᠠᠴᠢᠯᠠᠨ ᠡᠵᠡᠩᠨᠡᠭᠴᠢ ᠨᠢ ᠮᠠᠯ ᠲᠡᠵᠢᠭᠡᠪᠦᠷᠢ ᠶᠢᠨ ᠲᠦᠷᠦᠯ ᠵᠦᠢᠯ ᠪᠤᠯᠤᠨ ᠲᠤᠭ᠎ᠠ

ᠬᠡᠮᠵᠢᠶ᠎ᠡ ᠶᠢ ᠦᠨᠳᠦᠰᠦᠯᠡᠵᠦ ᠪᠠᠶᠢᠭᠠᠳ ᠲᠡᠵᠢᠭᠡᠯ ᠡᠪᠡᠰᠦ ᠲᠡᠵᠢᠭᠡᠯ ᠪᠤᠷᠳᠤᠭ᠎ᠠ ᠪᠠᠨ ᠲᠣᠬᠢᠷᠠᠭᠤᠯᠤᠨ ᠨᠦᠭᠡᠴᠡᠯᠡᠵᠦ᠂

ᠪᠤᠷᠳᠤᠭ᠎ᠠ ᠶᠢ ᠨᠤᠭᠤᠭᠠᠨ ᠢᠶᠠᠷ ᠬᠠᠳᠠᠭᠠᠯᠠᠬᠤ ᠪᠠ ᠡᠪᠡᠰᠦ ᠪᠤᠷᠳᠤᠭ᠎ᠠ ᠶᠢ ᠪᠤᠯᠪᠠᠰᠤᠷᠠᠭᠤᠯᠬᠤ ᠵᠡᠷᠭᠡ ᠰᠢᠨ᠎ᠡ

ᠮᠡᠷᠭᠡᠵᠢᠯ ᠢ ᠬᠡᠷᠡᠭᠯᠡᠵᠦ᠂ ᠪᠠᠶᠢᠭᠠᠯᠢ ᠶᠢᠨ ᠡᠪᠡᠰᠦ ᠪᠡᠯᠴᠢᠭᠡᠷ ᠲᠤ ᠲᠦᠰᠢᠭᠯᠡᠨ ᠮᠠᠯ ᠮᠠᠯᠵᠢᠬᠤ ᠦᠢᠯᠡᠳᠪᠦᠷᠢᠯᠡᠯ ᠤᠨ

ᠠᠷᠭ᠎ᠠ ᠮᠠᠶ᠋ᠢᠭ ᠢ ᠠᠯᠬᠤᠮ ᠠᠯᠬᠤᠮ ᠢᠶᠠᠷ ᠬᠤᠪᠢᠷᠠᠭᠤᠯᠬᠤ ᠬᠡᠷᠡᠭᠳᠡᠢ᠃

       ᠭᠤᠴᠢᠨ ᠵᠢᠷᠭᠤᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠣᠷᠣᠨ ᠨᠣᠲᠤᠭ ᠤᠨ ᠠᠷᠠᠳ ᠤᠨ

ᠵᠠᠰᠠᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠠᠬᠤ ᠰᠠᠯᠠᠭ᠎ᠠ ᠮᠦᠴᠢᠷ ᠠᠴᠠ

ᠬᠠᠳᠤᠯᠠᠩ ᠪᠠ ᠵᠡᠷᠯᠢᠭ ᠡᠪᠡᠰᠦᠨ ᠤ ᠦᠷ᠎ᠡ ᠶᠢᠨ ᠰᠠᠭᠤᠷᠢᠨ ᠭᠠᠵᠠᠷ ᠲᠤ ᠵᠦᠢ ᠵᠣᠬᠢᠰᠲᠠᠢ ᠬᠠᠳᠤᠯᠠᠩ ᠤᠨ

ᠬᠤᠭᠤᠴᠠᠭ᠎ᠠ᠂ ᠦᠷ᠎ᠡ ᠲᠡᠭᠦᠭᠦ ᠬᠤᠭᠤᠴᠠᠭ᠎ᠠ ᠬᠢᠭᠡᠳ ᠭᠤᠤᠷᠰᠣ ᠦᠯᠡᠳᠡᠭᠡᠬᠦ ᠦᠨᠳᠦᠷ ᠤᠨ ᠬᠡᠮᠵᠢᠶ᠎ᠡ ᠪᠤᠯᠤᠨ

ᠬᠠᠳᠣᠵᠤ ᠲᠡᠭᠦᠭᠦ ᠬᠦᠴᠦᠯᠡᠴᠡ ᠶᠢ ᠲᠣᠭᠳᠠᠭᠠᠵᠤ᠂ ᠡᠭᠡᠯᠵᠢᠯᠡᠨ ᠬᠠᠳᠣᠵᠣ ᠡᠭᠡᠯᠵᠢᠯᠡᠨ ᠲᠡᠭᠦᠭᠦ ᠠᠷᠭ᠎ᠠ ᠶᠢ

ᠬᠡᠷᠡᠭᠵᠢᠭᠦᠯᠭᠦ ᠬᠡᠷᠡᠭᠲᠡᠢ᠃

       ᠭᠤᠴᠢᠨ ᠲᠣᠯᠣᠳᠣᠭᠠᠷ ᠵᠦᠢᠯ ᠪᠠᠶᠢᠭᠠᠯᠢ ᠶᠢᠨ ᠭᠠᠮᠰᠢᠭ ᠵᠡᠷᠭᠡ ᠣᠨᠴᠠᠭᠠᠢ ᠪᠠᠶᠢᠳᠠᠯ ᠲᠣᠬᠢᠶᠠᠯᠳᠤᠬᠤ

ᠦᠶ᠎ᠡ ᠳᠤ ᠲᠦᠷ ᠴᠠᠭ ᠨᠤᠲᠤᠭ ᠪᠡᠯᠴᠢᠭᠡᠷ ᠢ ᠲᠣᠬᠢᠷᠠᠭᠤᠯᠣᠨ ᠬᠡᠷᠡᠭᠯᠡᠬᠦ ᠴᠢᠬᠤᠯᠠ ᠲᠠᠢ ᠪᠣᠯ᠂ ᠰᠠᠶᠢᠨ ᠲᠤᠷ᠎ᠠ ᠶᠢᠨ

ᠪᠦᠭᠡᠳ ᠬᠠᠷᠢᠯᠴᠠᠨ ᠠᠰᠢᠭᠲᠠᠢ ᠪᠠᠶᠢᠬᠤ ᠵᠠᠷᠴᠢᠮ ᠢᠶᠠᠷ ᠬᠤᠶᠠᠷ ᠡᠲᠡᠭᠡᠳ ᠢᠶᠠᠷ ᠢᠶᠠᠨ ᠵᠦᠪᠳᠡᠯᠴᠡᠵᠦ ᠪᠠᠶᠢᠭᠠᠳ

ᠰᠢᠢᠳᠪᠦᠷᠢᠯᠡᠨ᠎ᠡ᠃ ᠰᠢᠶᠠᠨ ᠰᠣᠨᠳᠠᠯᠠᠵᠦ ᠲᠦᠷ ᠴᠠᠭ ᠨᠤᠲᠤᠭ ᠪᠡᠯᠴᠢᠭᠡᠷ ᠲᠤᠬᠢᠷᠠᠭᠤᠯᠤᠨ ᠬᠡᠷᠡᠭᠯᠡᠬᠦ ᠴᠢᠬᠤᠯᠠ ᠲᠠᠢ

ᠪᠣᠯ ᠬᠤᠯᠪᠣᠭᠳᠠᠯ ᠪᠦᠬᠦᠢ ᠰᠢᠶᠠᠨ ᠤ ᠱᠠᠳᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠠᠮᠲᠤ ᠶᠢᠨ ᠲᠡᠭᠡᠳᠦ

ᠱᠠᠲᠤᠨ ᠤ ᠠᠷᠠᠳ ᠤᠨ ᠵᠠᠰᠠᠭ ᠤᠨ ᠤᠷᠳᠤᠨ ᠠᠴᠠ ᠵᠤᠬᠢᠶᠠᠨ ᠪᠠᠶᠢᠭᠤᠯᠤᠨ ᠵᠦᠪᠳᠡᠯᠴᠡᠵᠦ ᠪᠠᠶᠢᠭᠠᠳ

ᠰᠢᠢᠳᠪᠦᠷᠢᠯᠡᠨ᠎ᠡ᠃

       ᠭᠤᠴᠢᠨ ᠨᠠᠢᠮᠠᠳᠣᠭᠠᠷ ᠵᠦᠢᠯ ᠠᠭᠤᠷᠬᠠᠢ ᠶᠢᠨ ᠪᠤᠯᠠᠭᠳᠠᠴᠠ ᠶᠢ ᠨᠡᠬᠡᠭᠡᠨ ᠮᠠᠯᠳᠠᠬᠤ ᠪᠠ ᠪᠠᠷᠢᠯᠭ᠎ᠠ ᠶᠢᠨ

ᠪᠦᠲᠦᠭᠡᠨ ᠪᠠᠶᠢᠭᠤᠯᠤᠯᠲᠠ ᠬᠢᠬᠦ ᠳᠤ ᠨᠣᠲᠤᠭ ᠪᠡᠯᠴᠢᠭᠡᠷ ᠢ ᠡᠵᠡᠯᠡᠬᠦ ᠦᠭᠡᠢ ᠪᠤᠶᠤ ᠪᠠᠭ᠎ᠠ ᠡᠵᠡᠯᠡᠬᠦ ᠬᠡᠷᠡᠭᠲᠡᠢ︔

ᠦᠨᠡᠬᠡᠷ ᠨᠤᠲᠤᠭ ᠪᠡᠯᠴᠢᠭᠡᠷ ᠢ ᠲᠠᠳᠠᠪᠣᠷᠢᠯᠠᠨ ᠬᠡᠷᠡᠭᠯᠡᠬᠦ ᠪᠤᠶᠤ ᠬᠡᠷᠡᠭᠯᠡᠬᠦ ᠴᠢᠬᠤᠯᠠ ᠲᠠᠢ ᠪᠣᠯ ᠡᠷᠬᠡᠪᠰᠢ ᠮᠤᠵᠢ ᠶᠢᠨ

ᠱᠠᠳᠤᠨ ᠠᠴᠠ ᠲᠡᠭᠡᠭᠰᠢᠬᠢ ᠠᠷᠠᠳ ᠤᠨ ᠵᠠᠰᠭ ᠤᠨ ᠤᠷᠳᠤᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ

ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ ᠵᠦᠪᠰᠢᠶᠡᠷᠡᠭᠦᠯᠦᠭᠡᠳ ᠭᠠᠵᠠᠷ ᠰᠢᠷᠤᠢ ᠶᠢᠨ ᠬᠠᠮᠢᠶᠠᠷᠤᠯᠲᠠ ᠶᠢᠨ

ᠬᠤᠯᠪᠤᠭᠳᠠᠯ ᠪᠦᠬᠦᠢ ᠬᠠᠥᠯᠢ ᠴᠠᠭᠠᠵᠠ᠂ ᠵᠠᠰᠠᠭ ᠵᠠᠬᠢᠷᠭᠠᠨ ᠤ ᠬᠠᠥᠯᠢ ᠲᠣᠭᠲᠠᠭᠠᠯ ᠶᠤᠰᠥᠭᠠᠷ ᠪᠦᠲᠦᠭᠡᠨ

ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠦᠪᠰᠢᠶᠡᠷᠡᠭᠦᠯᠬᠦ ᠭᠠᠷ ᠭᠦᠢᠴᠡᠳᠭᠡᠯ ᠬᠢᠬᠦ ᠬᠡᠷᠡᠭᠲᠡᠢ᠃

       ᠭᠤᠴᠢᠨ ᠶᠢᠰᠦᠳᠦᠭᠡᠷ ᠵᠦᠢᠯ ᠪᠦᠲᠦᠭᠡᠨ ᠪᠠᠶᠢᠭᠤᠯᠤᠯᠲᠠ ᠳᠤ ᠬᠠᠮᠲᠤ ᠶᠢᠨ ᠦᠮᠴᠢᠯᠡᠯ ᠤᠨ ᠨᠤᠲᠤᠭ

ᠪᠡᠯᠴᠢᠭᠡᠷ ᠢ ᠲᠠᠳᠠᠪᠤᠷᠢᠯᠠᠨ ᠬᠡᠷᠡᠭᠯᠡᠬᠦ ᠳᠤ ᠬᠦᠷᠪᠡᠯ᠂ ︽ᠪᠦᠭᠦᠳᠡ ᠨᠠᠶᠢᠷᠠᠮᠳᠠᠬᠤ ᠲᠣᠮᠳᠠᠳᠣ ᠠᠷᠠᠳ ᠤᠯᠤᠰ ᠤᠨ

ᠭᠠᠵᠠᠷ ᠰᠢᠷᠤᠢ ᠶᠢᠨ ᠬᠠᠮᠢᠶᠠᠷᠤᠯᠲᠠ ᠶᠢᠨ ᠬᠠᠥᠯᠢ︾ ᠶᠢᠨ ᠲᠤᠭᠲᠠᠭᠠᠯ ᠶᠣᠰᠤᠭᠠᠷ ᠨᠦᠬᠦᠪᠦᠷᠢ ᠦᠭᠬᠦ ᠬᠡᠷᠡᠭᠲᠠᠢ᠃

ᠪᠦᠲᠦᠭᠡᠨ ᠪᠠᠶᠢᠭᠤᠯᠤᠯᠲᠠ ᠳᠤ ᠨᠤᠲᠤᠭ ᠪᠡᠯᠴᠢᠭᠡᠷ ᠢ ᠲᠠᠳᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠳᠤ ᠬᠦᠷᠪᠡᠯ᠂

ᠨᠤᠲᠤᠭ ᠪᠡᠯᠴᠢᠭᠡᠷ ᠤᠨ ᠤᠷᠭᠤᠮᠡᠯ ᠤᠨ ᠨᠦᠮᠦᠷᠭᠡ ᠶᠢ ᠰᠡᠷᠭᠦᠭᠡᠬᠦ ᠰᠦᠢᠳᠭᠡᠯ ᠲᠤᠰᠢᠶᠠᠬᠤ ᠬᠡᠷᠡᠭᠲᠠᠢ᠃ ᠨᠤᠲᠤᠭ

ᠪᠡᠯᠴᠢᠭᠡᠷ ᠤᠨ ᠤᠷᠭᠤᠮᠡᠯ ᠤᠨ ᠨᠦᠮᠦᠷᠭᠡ ᠶᠢ ᠰᠡᠷᠭᠦᠭᠡᠬᠦ ᠰᠦᠢᠳᠭᠡᠯ ᠤᠨ ᠲᠤᠰᠬᠠᠢ ᠵᠤᠭᠤᠰ ᠢ ᠲᠣᠰᠬᠠᠢ ᠬᠡᠷᠡᠭᠯᠡᠵᠦ᠂

ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠯ ᠶᠤᠰᠤᠭᠠᠷ

ᠨᠤᠲᠤᠭ ᠪᠡᠯᠴᠢᠭᠡᠷ ᠤᠨ ᠤᠷᠭᠤᠮᠡᠯ ᠤᠨ ᠨᠦᠮᠦᠷᠭᠡ ᠶᠢ ᠰᠡᠷᠭᠦᠭᠡᠬᠦ ᠳᠤ ᠬᠡᠷᠡᠭᠯᠡᠬᠦ ᠬᠡᠷᠡᠭᠲᠠᠢ᠂ ᠶᠠᠮᠠᠷᠪᠠ ᠨᠢᠭᠡᠴᠢ ᠪᠠ

ᠬᠤᠪᠢ ᠬᠦᠮᠦᠨ ᠲᠤᠮᠳᠠ ᠠᠴᠠ ᠨᠢ ᠦᠯᠡᠳᠡᠭᠡᠵᠦ᠂ ᠰᠢᠯᠵᠢᠬᠦᠯᠤᠨ ᠬᠡᠷᠡᠭᠯᠡᠵᠦ ᠪᠤᠯᠬᠤ ᠦᠭᠡᠢ᠃ ᠨᠤᠲᠤᠭ

ᠪᠡᠯᠴᠢᠭᠡᠷ ᠤᠨ ᠤᠷᠭᠤᠮᠡᠯ ᠤᠨ ᠨᠦᠮᠦᠷᠭᠡ ᠶᠢ ᠰᠡᠷᠭᠦᠭᠡᠬᠦ ᠰᠦᠢᠳᠭᠡᠯ ᠢ ᠲᠠᠳᠠᠪᠤᠷᠢᠯᠠᠨ ᠬᠤᠷᠢᠶᠠᠬᠤ᠂ ᠬᠡᠷᠡᠭᠯᠡᠬᠦ ᠪᠠ

ᠬᠠᠮᠢᠶᠠᠷᠬᠤ ᠠᠷᠭ᠎ᠠ ᠶᠢ ᠲᠦᠷᠦ ᠶᠢᠨ ᠶᠠᠪᠣᠳᠠᠯ ᠤᠨ ᠬᠤᠷᠢᠶᠠᠨ ᠤ ᠦᠨ᠎ᠡ ᠬᠠᠩᠰᠢ ᠶᠢ ᠡᠷᠬᠢᠯᠡᠨ ᠬᠠᠮᠢᠶᠠᠷᠬᠤ ᠰᠠᠯᠠᠭ᠎ᠠ

ᠮᠦᠴᠢᠷ ᠪᠤᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠲᠦᠷᠦ ᠶᠢᠨ

ᠶᠠᠪᠤᠳᠠᠯ ᠤᠨ ᠬᠤᠷᠢᠶᠠᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ

ᠮᠦᠴᠢᠷ ᠲᠠᠢ ᠬᠠᠮᠲᠣᠷᠠᠵᠦ ᠪᠠᠶᠢᠭᠠᠳ ᠲᠤᠭᠳᠠᠭᠠᠨ᠎ᠠ᠃

       ᠲᠦᠴᠢᠳᠤᠭᠡᠷ ᠵᠦᠢᠯ ᠨᠣᠲᠤᠭ ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠬᠦ ᠴᠢᠬᠤᠯᠠᠳᠠᠢ ᠪᠣᠯ ᠰᠢᠶᠠᠨ ᠤ

ᠱᠠᠲᠣᠨ ᠠᠴᠠ ᠲᠡᠭᠡᠭᠰᠢᠬᠢ ᠤᠷᠥᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ

ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ ᠰᠢᠯᠭᠠᠭᠤᠯᠵᠦ ᠵᠦᠪᠰᠢᠶᠡᠷᠡᠬᠦᠯᠬᠦ ᠬᠡᠷᠡᠭᠲᠡᠢ᠃

ᠨᠤᠲᠤᠭ ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠬᠦ ᠬᠤᠭᠤᠴᠠᠭ᠎ᠠ ᠶᠢ ᠬᠤᠶᠠᠷ ᠵᠢᠯ ᠠᠴᠠ ᠬᠡᠲᠤᠷᠡᠭᠦᠯᠵᠦ ᠪᠤᠯᠬᠤ

ᠦᠭᠡᠢ ᠪᠦᠭᠡᠳ ᠲᠦᠷ ᠴᠠᠭ ᠡᠵᠡᠯᠡᠨ ᠬᠡᠷᠡᠭᠯᠡᠭᠰᠡᠨ ᠨᠤᠲᠤᠭ ᠪᠡᠯᠴᠢᠭᠡᠷ ᠳᠡᠭᠡᠷ᠎ᠡ ᠡᠭᠦᠷᠢᠳᠡ ᠶᠢᠨ ᠴᠢᠨᠠᠷ ᠲᠠᠢ

ᠪᠠᠷᠢᠯᠭ᠎ᠠ ᠶᠢᠨ ᠵᠦᠢᠯᠡᠰ᠂ ᠪᠠᠷᠢᠯᠭ᠎ᠠ ᠪᠠᠷᠢᠵᠦ ᠪᠤᠯᠬᠤ ᠦᠭᠡᠢ︔ ᠡᠵᠡᠯᠡᠨ ᠬᠡᠷᠡᠭᠯᠡᠭᠰᠡᠨ ᠬᠤᠭᠤᠴᠠᠭ᠎ᠠ ᠲᠠᠭᠤᠰᠪᠠᠯ᠂

ᠭᠠᠵᠠᠷ ᠬᠡᠷᠡᠭᠯᠡᠭᠰᠡᠨ ᠨᠢᠭᠡᠴᠢ ᠨᠢ ᠡᠷᠬᠡᠪᠰᠢ ᠨᠤᠲᠤᠭ ᠪᠡᠯᠴᠢᠭᠡᠷ ᠤᠨ ᠤᠷᠭᠤᠮᠠᠯ ᠤᠨ ᠨᠦᠮᠦᠷᠭᠡ ᠶᠢ ᠰᠡᠷᠭᠦᠭᠡᠭᠦ ᠶᠢᠨ

ᠬᠠᠮᠲᠤ ᠬᠠᠮᠲᠤ ᠴᠠᠭ ᠲᠤᠬᠠᠢ ᠳᠤᠨᠢ ᠪᠤᠴᠠᠭᠠᠬᠤ ᠬᠡᠷᠡᠭᠲᠠᠢ᠃

       ᠳᠦᠴᠢᠨ ᠨᠢᠭᠡᠳᠦᠭᠡᠷ ᠵᠦᠢᠯ ᠨᠤᠲᠤᠭ ᠪᠡᠯᠴᠢᠭᠡᠷ ᠢ ᠬᠠᠮᠠᠭᠠᠯᠠᠬᠤ ᠪᠠ ᠮᠠᠯ ᠠᠵᠦ ᠠᠬᠤᠢ ᠶᠢᠨ

ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠪᠠᠷᠢᠯᠭ᠎ᠠ ᠲᠦᠬᠦᠭᠡᠷᠤᠮᠵᠢ ᠶᠢ ᠨᠤᠲᠤᠭ ᠪᠡᠯᠴᠢᠭᠡᠷ ᠲᠡᠭᠡᠷ᠎ᠡ

ᠪᠠᠶᠢᠭᠤᠯᠬᠤ ᠳᠤ ᠨᠤᠲᠤᠭ ᠪᠡᠯᠴᠢᠭᠡᠷ ᠢ ᠬᠡᠷᠡᠭᠯᠡᠬᠦ ᠴᠢᠬᠤᠯᠠᠲᠠᠢ ᠪᠣᠯ᠂ ᠰᠢᠶᠠᠨ ᠤ ᠱᠠᠲᠤᠨ ᠠᠴᠠ ᠲᠡᠭᠡᠭᠰᠢᠬᠢ

ᠠᠷᠠᠳ ᠤᠨ ᠵᠠᠰᠠᠭ ᠤᠨ ᠤᠷᠳᠤᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ

ᠮᠦᠴᠢᠷ ᠢᠶᠠᠷ ᠵᠦᠪᠰᠢᠶᠡᠷᠡᠭᠦᠯᠬᠦ ᠬᠡᠷᠡᠭᠲᠡᠢ︔ ᠪᠤᠰᠥᠳ ᠪᠠᠷᠢᠯᠭ᠎ᠠ ᠪᠠᠶᠢᠭᠤᠯᠬᠤ ᠳᠤ ᠨᠤᠲᠤᠭ ᠪᠡᠯᠴᠢᠭᠡᠷ ᠢ ᠮᠠᠯ ᠠᠵᠤ

ᠠᠬᠤᠢ ᠶᠢᠨ ᠦᠢᠯᠡᠳᠪᠦᠷᠢᠯᠡᠯ ᠳᠤ ᠦᠯᠦ ᠬᠡᠷᠡᠭᠯᠡᠬᠦ ᠭᠠᠵᠠᠷ ᠪᠤᠯᠭᠠᠨ ᠬᠤᠪᠢᠷᠠᠭᠤᠯᠬᠤ ᠭᠡᠪᠡᠯ ᠡᠷᠬᠡᠪᠰᠢ ᠬᠠᠤᠯᠢ

ᠶᠤᠰᠤᠭᠠᠷ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠦᠪᠰᠢᠶᠡᠷᠡᠭᠦᠯᠬᠦ ᠭᠠᠷ ᠭᠦᠢᠴᠡᠳᠭᠡᠯ ᠬᠢᠬᠦ

ᠬᠡᠷᠡᠭᠲᠠᠢ᠃ ᠡᠮᠤᠨᠡᠬᠢ ᠪᠠᠳᠠᠭ ᠲᠤ ᠬᠡᠯᠡᠵᠦ ᠪᠠᠶᠢᠭ᠎ᠠ ᠨᠤᠲᠤᠭ ᠪᠡᠯᠴᠢᠭᠡᠷ ᠢ ᠬᠠᠮᠠᠭᠠᠯᠠᠬᠤ ᠪᠠ ᠮᠠᠯ ᠠᠵᠤ ᠠᠬᠤᠢ ᠶᠢᠨ

ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠪᠠᠷᠢᠯᠭ᠎ᠠ ᠲᠦᠬᠦᠭᠡᠷᠤᠮᠵᠢ ᠭᠡᠳᠡᠭ ᠪᠣᠯ᠄ ︵ᠨᠢᠭᠡ︶ ᠡᠪᠡᠰᠤᠨ ᠦᠷ᠎ᠡ

ᠪᠠ ᠲᠡᠵᠢᠭᠡᠯ ᠡᠪᠡᠰᠦ ᠲᠡᠵᠢᠭᠡᠯ ᠪᠤᠷᠳᠤᠭ᠎ᠠ ᠶᠢ ᠦᠢᠯᠡᠳᠪᠦᠷᠢᠯᠡᠬᠦ᠂ ᠬᠠᠳᠠᠭᠠᠯᠠᠬᠤ ᠲᠦᠬᠦᠭᠡᠷᠦᠮᠵᠢ︔ ︵ᠬᠤᠶᠠᠷ︶

ᠮᠠᠯ ᠤᠨ ᠬᠠᠰᠢᠶ᠎ᠠ ᠰᠠᠷᠠᠪᠴᠢ᠂ ᠬᠡᠬᠡᠯᠲᠤᠭᠦᠯᠬᠦ ᠭᠠᠵᠠᠷ᠂ ᠨᠤᠤᠰᠤ ᠬᠠᠶᠢᠴᠢᠯᠠᠬᠤ ᠭᠠᠵᠠᠷ᠂ ᠡᠮᠲᠦ ᠤᠬᠢᠶᠠᠯᠭ᠎ᠠ ᠶᠢᠨ

ᠤᠩᠭᠤᠴᠠ᠂ ᠬᠦᠮᠦᠨ ᠮᠠᠯ ᠤᠨ ᠣᠰᠤ ᠤᠮᠳᠠ ᠶᠢᠨ ᠲᠦᠬᠦᠭᠡᠷᠦᠮᠵᠢ︔ ︵ᠭᠤᠷᠪᠠ︶ ᠰᠢᠨᠵᠢᠯᠡᠬᠦ ᠣᠬᠠᠭᠠᠨ ᠤ

ᠰᠤᠳᠤᠯᠤᠯ᠂ ᠲᠤᠷᠰᠢᠯᠲᠠ᠂ ᠦᠯᠢᠭᠡᠷ ᠵᠢᠱᠶ᠎ᠡ ᠦᠵᠡᠭᠦᠯᠭᠦ ᠭᠠᠵᠠᠷ︔ ︵ᠲᠦᠷᠪᠡ︶ ᠨᠤᠲᠤᠭ ᠪᠡᠯᠴᠢᠭᠡᠷ ᠤᠨ ᠭᠠᠯ ᠢ

ᠰᠡᠷᠭᠡᠶᠢᠯᠡᠬᠦ ᠪᠠ ᠣᠰᠤᠯᠠᠯᠲᠠ ᠶᠢᠨ ᠲᠦᠬᠦᠭᠡᠷᠤᠮᠵᠢ ᠶᠢ ᠵᠢᠭᠠᠵᠦ ᠪᠠᠶᠢᠨ᠎ᠠ᠃ ᠵᠢᠷᠭᠤᠳᠣᠭᠠᠷ ᠪᠦᠯᠦᠭ ᠬᠠᠮᠠᠭᠠᠯᠠᠬᠤ

       ᠲᠦᠴᠢᠨ ᠬᠤᠶᠠᠳᠤᠭᠠᠷ ᠵᠦᠢᠯ ᠣᠯᠣᠰ ᠠᠴᠠ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ

ᠲᠦᠷᠢᠮ ᠢ ᠬᠡᠷᠡᠭᠵᠢᠬᠦᠯᠦᠨ᠎ᠡ᠃ ᠲᠤᠤᠷ᠎ᠠ ᠵᠢᠭᠰᠠᠭᠠᠭᠰᠠᠨ ᠨᠤᠲᠤᠭ ᠪᠡᠯᠴᠢᠭᠡᠷ ᠤᠳ ᠢ ᠦᠨᠳᠦᠰᠦᠨ ᠨᠤᠲᠤᠭ

ᠪᠡᠯᠴᠢᠭᠡᠷ ᠢᠶᠠᠷ ᠠᠩᠭᠢᠯᠠᠵᠦ ᠴᠢᠩᠭ᠎ᠠ ᠬᠠᠮᠢᠶᠠᠷᠤᠯᠲᠠ ᠶᠠᠪᠦᠭᠤᠯᠦᠨ᠎ᠠ᠄ ︵ᠨᠢᠭᠡ︶ ᠮᠠᠯ ᠮᠠᠯᠵᠢᠬᠤ ᠴᠢᠬᠤᠯᠠ ᠪᠡᠯᠴᠢᠭᠡᠷ

︔ ︵ᠬᠤᠶᠠᠷ︶ ᠬᠠᠳᠤᠯᠠᠩ︔ ︵ᠭᠤᠷᠪᠠ︶ ᠮᠠᠯ ᠠᠵᠦ ᠠᠬᠤᠢ ᠶᠢᠨ ᠦᠢᠯᠡᠳᠪᠦᠷᠢᠯᠡᠯ ᠳᠤ ᠬᠡᠷᠡᠭᠯᠡᠬᠦ ᠲᠠᠷᠢᠮᠠᠯ

ᠡᠪᠡᠰᠤᠨ ᠭᠠᠵᠠᠷ᠂ ᠲᠠᠷᠢᠶᠠᠯᠠᠬᠤ ᠶᠢ ᠵᠤᠭᠰᠤᠭᠠᠵᠤ ᠡᠪᠡᠰᠦ ᠪᠡᠯᠴᠢᠭᠡᠷ ᠢ ᠰᠡᠷᠭᠦᠭᠡᠭᠰᠡᠨ ᠭᠠᠵᠠᠷ᠂ ᠡᠪᠡᠰᠤᠨ

ᠦᠷ᠎ᠡ ᠶᠢᠨ ᠰᠠᠭᠤᠷᠢᠨ ᠭᠠᠵᠠᠷ︔ ︵ᠲᠦᠷᠪᠡ︶ ᠠᠭᠤᠷ ᠠᠮᠢᠰᠭᠤᠯ ᠢ ᠲᠣᠬᠢᠷᠠᠭᠤᠯᠬᠤ᠂ ᠣᠰᠣᠨ ᠰᠤᠷᠪᠤᠯᠵᠢ ᠶᠢ

ᠬᠠᠳᠠᠭᠠᠯᠠᠬᠤ᠂ ᠬᠦᠷᠦᠰᠦ ᠰᠢᠷᠤᠢ ᠶᠢ ᠬᠠᠮᠠᠭᠠᠯᠠᠬᠤ᠂ ᠰᠠᠯᠬᠢ ᠶᠢ ᠬᠠᠯᠬᠠᠯᠠᠵᠤ ᠡᠯᠡᠰᠦ ᠶᠢ ᠲᠤᠭᠲᠠᠭᠠᠬᠤ ᠳᠤ

ᠣᠨᠴᠠᠭᠠᠢ ᠦᠢᠯᠡᠳᠦᠯ ᠲᠠᠢ ᠨᠤᠲᠤᠭ ᠪᠡᠯᠴᠢᠭᠡᠷ︔ ︵ᠲᠠᠪᠦ︶ ᠣᠯᠣᠰ ᠤᠨ ᠭᠤᠤᠯᠳᠠᠯᠭ᠎ᠠ ᠲᠠᠢ ᠬᠠᠮᠠᠭᠠᠯᠠᠯᠲᠠ ᠶᠢᠨ

ᠭᠡᠭᠡᠷ᠎ᠡ ᠶᠢᠨ ᠠᠮᠢᠲᠠᠨ ᠣᠷᠭᠤᠮᠡᠯ ᠤᠨ ᠣᠷᠤᠰᠢᠬᠤ ᠣᠷᠴᠢᠨ ᠲᠤᠭᠤᠷᠢᠨ ᠪᠤᠯᠬᠤ ᠨᠤᠲᠤᠭ ᠪᠡᠯᠴᠢᠭᠡᠷ︔ ︵ᠵᠢᠷᠭᠤᠭ᠎ᠠ

︶ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠤ ᠰᠤᠳᠤᠯᠤᠯ᠂ ᠵᠢᠭᠠᠨ ᠰᠤᠷᠭᠠᠯᠲᠠ ᠶᠢᠨ ᠲᠣᠷᠰᠢᠯᠲᠠ ᠬᠢᠬᠦ

ᠰᠠᠭᠤᠷᠢᠨ ᠭᠠᠵᠠᠷ︔ ︵ᠳᠤᠯᠤᠭ᠎ᠠ︶ ᠲᠦᠷᠦ ᠶᠢᠨ ᠶᠠᠪᠤᠳᠠᠯ ᠤᠨ ᠬᠤᠷᠢᠶᠠᠨ ᠠᠴᠠ ᠲᠣᠭᠲᠠᠭᠠᠭᠰᠠᠨ ᠦᠨᠳᠦᠰᠦᠨ

ᠨᠤᠲᠤᠭ ᠪᠡᠯᠴᠢᠭᠡᠷ ᠲᠤ ᠠᠩᠬᠢᠯᠠᠵᠦ ᠣᠷᠣᠭᠤᠯᠬᠤ ᠶᠣᠰᠤᠲᠠᠢ ᠪᠤᠰᠤᠳ ᠨᠤᠲᠤᠭ ᠪᠡᠯᠴᠢᠭᠡᠷ᠃ ᠦᠨᠳᠦᠰᠦᠨ ᠨᠤᠲᠤᠭ

ᠪᠡᠯᠴᠢᠭᠡᠷ ᠤᠨ ᠬᠠᠮᠠᠭᠠᠯᠠᠯᠲᠠ ᠪᠤᠯᠤᠨ ᠬᠠᠮᠢᠶᠠᠷᠤᠯᠲᠠ ᠶᠢᠨ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ

ᠲᠣᠭᠳᠠᠭᠠᠨ᠎ᠠ᠃

       ᠲᠦᠴᠢᠨ ᠭᠤᠷᠪᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠨᠤᠲᠤᠭ ᠪᠡᠯᠴᠢᠭᠡᠷ ᠤᠨ ᠵᠠᠰᠠᠭ

ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ

ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠨᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ

ᠬᠠᠮᠢᠶᠠᠷᠤᠯᠲᠠ ᠶᠢᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠲᠣᠣᠷ᠎ᠠ ᠵᠢᠭᠰᠠᠭᠠᠭᠰᠠᠨ ᠭᠠᠵᠠᠷ ᠤᠷᠤᠨ ᠳᠤ

ᠨᠤᠲᠤᠭ ᠪᠡᠯᠴᠢᠭᠡᠷ ᠤᠨ ᠪᠠᠶᠢᠭᠠᠯᠢ ᠶᠢᠨ ᠤᠷᠤᠨ ᠪᠠᠶᠢᠭᠤᠯᠵᠤ ᠪᠤᠯᠤᠨ᠎ᠠ᠄ ︵ᠨᠢᠭᠡ︶ ᠲᠦᠯᠦᠭᠡᠯᠡᠬᠦ ᠴᠢᠨᠠᠷ ᠲᠠᠢ

ᠲᠦᠷᠦᠯ ᠬᠡᠯᠪᠡᠷᠢ ᠪᠦᠬᠦᠢ ᠨᠤᠲᠤᠭ ᠪᠡᠯᠴᠢᠭᠡᠷ︔ ︵ᠬᠤᠶᠠᠷ︶ ᠬᠤᠪᠤᠷ ᠨᠠᠨᠳᠢᠨ ᠣᠭ ᠨᠢ ᠲᠠᠰᠤᠷᠬᠤ ᠰᠢᠬᠠᠭᠰᠠᠨ

ᠬᠡᠬᠡᠷ᠎ᠡ ᠶᠢᠨ ᠠᠮᠢᠳᠠᠨ ᠤᠷᠭᠤᠮᠡᠯ ᠤᠨ ᠲᠠᠷᠬᠠᠯᠲᠠ ᠶᠢᠨ ᠣᠷᠣᠨ︔ ︵ᠭᠤᠷᠪᠠ︶ ᠴᠢᠬᠤᠯᠠ ᠠᠮᠢ ᠠᠬᠤᠢ ᠰᠢᠨᠵᠢᠯᠡᠬᠦ

ᠤᠬᠠᠭᠠᠨ ᠤ ᠰᠣᠳᠣᠯᠤᠯ ᠤᠨ ᠦᠨ᠎ᠡ ᠦᠷᠲᠡᠭ ᠲᠠᠢ ᠨᠤᠲᠤᠭ ᠪᠡᠯᠴᠢᠭᠡᠷ᠃

       ᠲᠦᠴᠢᠨ ᠲᠦᠷᠪᠡᠳᠦᠭᠡᠷ ᠵᠦᠢᠯ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ

ᠣᠷᠳᠣᠨ ᠠᠴᠠ ᠨᠤᠲᠤᠭ ᠪᠡᠯᠴᠢᠭᠡᠷ ᠲᠡᠭᠡᠷᠡᠬᠢ ᠬᠤᠪᠤᠷ ᠨᠠᠨᠳᠢᠨ ᠣᠭ ᠨᠢ ᠲᠠᠰᠤᠷᠠᠬᠤ ᠰᠢᠬᠠᠭᠰᠠᠨ ᠭᠡᠭᠡᠷ᠎ᠡ ᠶᠢᠨ

ᠠᠮᠢᠲᠠᠨ

       ᠣᠷᠭᠤᠮᠡᠯ ᠪᠠ ᠦᠷ᠎ᠡ ᠶᠢᠨ ᠴᠢᠨᠠᠷ ᠲᠠᠢ ᠡᠭᠢ ᠪᠠᠶᠠᠯᠢᠭ ᠢ ᠬᠠᠮᠠᠭᠠᠯᠠᠵᠤ ᠬᠠᠮᠢᠶᠠᠷᠬᠤ ᠠᠵᠢᠯ ᠢ ᠬᠠᠤᠯᠢ

ᠶᠣᠰᠣᠭᠠᠷ ᠴᠢᠩᠭᠠᠳᠬᠠᠬᠤ ᠭᠡᠷᠡᠭᠲᠡᠢ᠃

       ᠲᠦᠴᠢᠨ ᠲᠠᠪᠤᠳᠤᠭᠠᠷ ᠵᠦᠢᠯ ᠤᠯᠤᠰ ᠠᠴᠠ ᠨᠤᠲᠤᠭ ᠪᠡᠯᠴᠢᠭᠡᠷ ᠲᠤ ᠡᠪᠡᠰᠦ ᠪᠡᠯᠴᠢᠭᠡᠷ ᠤᠨ ᠬᠡᠮᠵᠢᠶ᠎ᠡ ᠪᠠᠷ

ᠮᠠᠯ ᠤᠨ ᠲᠤᠭ᠎ᠠ ᠶᠢ ᠲᠤᠭᠲᠠᠭᠠᠵᠤ᠂ ᠪᠡᠯᠴᠢᠭᠡᠷ ᠮᠠᠯ ᠢ ᠲᠡᠩᠴᠡᠭᠦᠯᠭᠦ ᠲᠦᠷᠢᠮ ᠢ ᠬᠡᠷᠡᠭᠵᠢᠭᠦᠯᠤᠨ᠎ᠡ᠃ ᠰᠢᠶᠠᠨ ᠤ

ᠱᠠᠳᠤᠨ ᠠᠴᠠ ᠲᠡᠭᠡᠭᠰᠢᠬᠢ ᠣᠷᠤᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ

ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠦᠷᠦ ᠶᠢᠨ ᠶᠡᠪᠤᠳᠠᠯ ᠤᠨ ᠬᠤᠷᠢᠶᠠᠨ ᠤ ᠨᠤᠲᠤᠭ

ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠲᠠᠭᠠᠭᠰᠠᠨ ᠨᠤᠲᠤᠭ

ᠪᠡᠯᠴᠢᠭᠡᠷ ᠤᠨ ᠲᠠᠭᠠᠭᠠᠴᠠ ᠶᠢᠨ ᠬᠡᠮᠵᠢᠶ᠎ᠠ ᠶᠢᠨ ᠪᠠᠷᠢᠮᠵᠢᠶ᠎ᠠ ᠶᠢ ᠦᠳᠦᠰᠦᠯᠡᠨ᠂ ᠲᠤᠬᠠᠢ ᠶᠢᠨ ᠭᠠᠵᠠᠷ ᠤᠨ ᠪᠤᠲᠠᠲᠠᠢ

ᠪᠠᠶᠢᠳᠠᠯ ᠲᠠᠢ ᠪᠠᠨ ᠤᠶᠠᠯᠳᠤᠭᠤᠯᠵᠤ ᠪᠠᠶᠢᠭᠠᠳ ᠲᠤᠭᠳᠠᠭᠰᠠᠨ ᠬᠤᠭᠤᠴᠠᠭ᠎ᠠ ᠲᠠᠢ ᠪᠠᠷ ᠨᠤᠲᠤᠭ ᠪᠡᠯᠴᠢᠭᠡᠷ ᠤᠨ

ᠲᠠᠭᠠᠭᠠᠴᠠ ᠶᠢᠨ ᠬᠡᠮᠵᠢᠶ᠎ᠡ ᠶᠢ ᠬᠢᠨᠠᠨ ᠲᠤᠭᠲᠠᠭᠠᠬᠤ ᠬᠡᠷᠡᠭᠲᠡᠢ᠃ ᠡᠯ᠎ᠡ ᠱᠠᠳᠤᠨ ᠤ ᠠᠷᠠᠳ ᠤᠨ ᠵᠠᠰᠠᠭ ᠤᠨ

ᠣᠷᠳᠣᠨ ᠠᠴᠠ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠲᠠᠭᠠᠭᠠᠴᠠ ᠠᠴᠠ ᠬᠡᠲᠤᠷᠡᠭᠦᠯᠦᠨ ᠮᠠᠯᠵᠢᠬᠤ ᠶᠢ

ᠰᠡᠷᠭᠡᠶᠢᠯᠡᠬᠦ ᠬᠡᠷᠡᠭᠲᠡᠢ᠃

       ᠲᠦᠴᠢᠨ ᠵᠢᠷᠭᠤᠳᠤᠭᠠᠷ ᠵᠦᠢᠯ ᠨᠤᠲᠤᠭ ᠪᠡᠯᠴᠢᠭᠡᠷ ᠢ ᠬᠠᠭᠠᠯᠪᠤᠷᠢᠯᠠᠬᠤ ᠶᠢ ᠴᠠᠭᠠᠵᠠᠯᠠᠨ᠎ᠠ᠃ ᠬᠦᠷᠦᠰᠦ

ᠰᠢᠷᠦᠢ ᠭᠦᠨᠳᠦ ᠰᠦᠷᠡᠬᠡᠢ ᠢᠳᠡᠭᠳᠡᠭᠰᠡᠨ᠂ ᠡᠯᠡᠰᠤᠵᠢᠬᠦ ᠬᠠᠨᠳᠣᠰᠢ ᠲᠠᠢ ᠪᠤᠯᠤᠭᠰᠠᠨ᠂ ᠠᠮᠢ ᠠᠬᠤᠢ ᠶᠢᠨ ᠤᠷᠴᠢᠨ

ᠲᠤᠭᠤᠷᠢᠨ ᠢ ᠰᠠᠶᠢᠵᠢᠷᠠᠭᠤᠯᠬᠤ ᠴᠢᠬᠤᠯᠲᠠᠢ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠲᠤ ᠲᠦᠯᠤᠪᠯᠡᠭᠡᠲᠡᠢ᠂

ᠠᠯᠬᠤᠮ ᠲᠠᠷᠠᠭ᠎ᠠ ᠲᠠᠢ ᠪᠠᠷ ᠲᠠᠷᠢᠶᠠᠯᠠᠬᠤ ᠶᠢ ᠵᠤᠭᠰᠤᠭᠠᠵᠦ ᠡᠪᠡᠰᠦ ᠪᠡᠯᠴᠢᠭᠡᠷ ᠢ ᠰᠡᠷᠭᠦᠭᠡᠬᠦ ᠬᠡᠷᠡᠭᠲᠡᠢ︔ ᠨᠢᠭᠡᠨᠲᠡ

ᠡᠯᠡᠰᠤᠷᠬᠡᠭᠵᠢᠭᠰᠡᠨ᠂ ᠬᠤᠵᠢᠷᠰᠢᠭᠰᠡᠨ᠂ ᠬᠠᠶᠢᠷᠰᠢᠵᠤ ᠴᠢᠯᠠᠭᠤᠵᠢᠭᠰᠠᠨ ᠪᠠᠶᠢᠪᠡᠯ ᠬᠤᠭᠤᠴᠠᠭ᠎ᠠ ᠲᠤᠭᠳᠠᠭᠠᠨ ᠵᠠᠰᠠᠬᠤ

ᠬᠡᠷᠡᠭᠲᠡᠢ᠃

       ᠲᠦᠴᠢᠨ ᠲᠤᠯᠤᠳᠤᠭᠠᠷ ᠵᠦᠢᠯ ᠬᠦᠨᠳᠦ ᠰᠦᠷᠡᠭᠡᠢ ᠲᠠᠴᠢᠷᠳᠡᠭ᠌ᠰᠡᠨ᠂ ᠡᠯᠡᠰᠤᠷᠬᠡᠭᠵᠢᠭᠰᠡᠨ᠂

ᠬᠤᠵᠢᠷᠰᠢᠭᠰᠡᠨ᠂ ᠬᠠᠶᠢᠷᠰᠢᠵᠤ ᠴᠢᠯᠠᠭᠤᠵᠢᠭᠰᠠᠨ ᠨᠤᠲᠤᠭ ᠪᠡᠯᠴᠢᠭᠡᠷ ᠪᠠ ᠠᠮᠢ ᠠᠬᠤᠢ ᠪᠠᠷ ᠬᠡᠪᠡᠷᠡᠭ ᠣᠷᠣᠨ ᠳᠠᠬᠢ

ᠨᠤᠲᠤᠭ ᠪᠡᠯᠴᠢᠭᠡᠷ ᠲᠤ ᠮᠠᠯᠵᠢᠬᠤ ᠶᠢ ᠴᠠᠭᠠᠵᠠᠯᠠᠬᠤ᠂ ᠦᠷᠡᠵᠢᠭᠦᠯᠦ        

 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号