ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠮᠠᠯ ᠠᠵᠦ ᠠᠬᠤᠢ ᠶᠢᠨ ᠬᠠᠦᠯᠢ
ᠨᠡᠶᠢᠲᠡᠯᠡᠭᠰᠡᠨ ᠴᠠᠭ᠄
2016/12/20

ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠮᠠᠯ ᠠᠵᠦ ᠠᠬᠤᠢ ᠶᠢᠨ ᠬᠠᠦᠯᠢ

       ︿2005 ᠤᠨ ᠤ 12 ᠰᠠᠷ᠎ᠠ ᠶᠢᠨ 29 ᠤ ᠡᠳᠤᠷ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ

ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠ ᠶᠢᠰᠦᠳᠦᠭᠡᠷ

ᠬᠤᠷᠠᠯᠳᠤᠭᠠᠠ ᠠᠴᠠ ᠪᠠᠳᠤᠯᠠᠪᠠ﹀

       ᠨᠢᠭᠡᠳᠦᠭᠡᠷ ᠪᠦᠯᠦᠭ ᠶᠡᠷᠦᠩᠭᠡᠢ ᠲᠦᠷᠢᠮ

       ᠨᠢᠭᠡᠳᠦᠭᠡᠷ ᠵᠦᠢᠯ ᠮᠠᠯ ᠠᠵᠦ ᠠᠬᠤᠢ ᠶᠢᠨ ᠦᠢᠯᠡᠳᠪᠦᠷᠢᠯᠡᠯ ᠡᠵᠡᠩᠨᠡᠯᠳᠡ ᠶᠢᠨ ᠠᠵᠢᠯᠯᠠᠭ᠎ᠠ ᠶᠢ

ᠵᠢᠷᠤᠮᠵᠢᠭᠤᠯᠤᠨ᠂ ᠮᠠᠯ ᠵᠢᠬᠦᠷᠳᠡᠨ ᠤ ᠪᠦᠳᠦᠭᠡᠭᠳᠡᠬᠦᠨ ᠤ ᠶᠠᠰᠦ ᠴᠢᠨᠠᠷ ᠤᠨ ᠠᠶᠤᠯᠭᠦᠢ ᠪᠠᠶᠢᠬᠤ ᠶᠢ ᠪᠠᠳᠤᠯᠠᠵᠦ᠂ ᠮᠠᠯ

ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠤᠬᠢᠰᠳᠠᠢ ᠠᠰᠢᠬᠯᠠᠵᠦ᠂ ᠮᠠᠯ ᠠᠵᠦ

ᠠᠬᠤᠢ ᠶᠢᠨ ᠦᠢᠯᠡᠳᠪᠦᠷᠢᠯᠡᠭᠴᠢᠳ ᠡᠵᠡᠩᠨᠡᠭᠴᠢᠳ ᠤᠨ ᠬᠠᠦᠯᠢ ᠶᠤᠰᠤᠨ ᠤ ᠡᠷᠭᠡ ᠠᠰᠢᠭ ᠢ ᠬᠠᠮᠠᠭᠠᠯᠠᠨ᠂ ᠮᠠᠯ

ᠠᠵᠦ ᠠᠬᠤᠢ ᠶᠢᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠶᠢᠨ ᠲᠦᠯᠦᠭᠡ ᠲᠤᠰ ᠬᠠᠦᠯᠢ ᠶᠢ

ᠲᠤᠭᠳᠠᠭᠠᠪᠠ᠃

       ᠬᠤᠶᠠᠳᠤᠭᠠᠷ ᠵᠦᠢᠯ ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠬᠢᠯᠢ ᠶᠢᠨ ᠲᠤᠳᠤᠷ᠎ᠠ ᠮᠠᠯ

ᠵᠢᠭᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠵᠦ ᠠᠰᠢᠭᠯᠠᠬᠤ᠂ ᠪᠤᠶᠢᠵᠢᠭᠤᠯᠤᠨ ᠦᠷᠡᠵᠢᠬᠦᠯᠬᠦ᠂

ᠠᠷᠠᠴᠢᠯᠠᠨ ᠲᠡᠵᠢᠭᠡᠬᠦ᠂ ᠡᠵᠡᠩᠨᠡᠬᠦ᠂ ᠵᠦᠭᠡᠭᠡᠪᠦᠷᠢᠯᠡᠬᠦ ᠵᠡᠷᠭᠡ ᠠᠵᠢᠯᠯᠠᠭ᠎ᠠ ᠬᠢᠬᠦ ᠳᠤ ᠲᠤᠰ ᠬᠠᠦᠯᠢ ᠶᠢ ᠬᠡᠷᠡᠭᠯᠡᠨ᠎ᠠ᠃

ᠲᠤᠰ ᠬᠠᠦᠯᠢ ᠳᠤ ᠬᠡᠯᠡᠵᠦ ᠪᠠᠶᠢᠭ᠎ᠠ ᠮᠠᠯ ᠵᠢᠬᠦᠷᠳᠡᠨ ᠭᠡᠳᠡᠭ ᠪᠤᠯ ᠲᠤᠰ ᠬᠠᠦᠯᠢ ᠶᠢᠨ ᠠᠷᠪᠠᠨ ᠨᠢᠭᠡᠳᠦᠭᠡᠷ ᠵᠦᠢᠯ ᠤᠨ

ᠲᠤᠭᠳᠠᠭᠠᠯ ᠶᠤᠰᠤᠭᠠᠷ ᠨᠡᠶᠢᠳᠡᠯᠡᠭᠰᠠᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠭᠠᠷᠴᠠᠭ ᠲᠤ

ᠤᠷᠤᠭᠤᠯᠤᠭᠰᠠᠨ ᠮᠠᠯ ᠵᠢᠬᠦᠷᠳᠡᠨ ᠢ ᠬᠡᠯᠡᠵᠦ ᠪᠠᠶᠢᠨ᠎ᠠ᠃ ᠵᠦᠬᠡᠢ᠂ ᠬᠦᠷᠢ ᠶᠢᠨ ᠡᠬᠢ ᠪᠠᠶᠠᠯᠢᠭ ᠢ ᠬᠠᠮᠠᠭᠠᠯᠠᠵᠦ

ᠠᠰᠢᠭᠯᠠᠬᠤ ᠪᠤᠯᠤᠨ ᠦᠢᠯᠡᠳᠪᠦᠷᠢᠯᠡᠵᠦ ᠡᠵᠡᠩᠨᠡᠬᠦ ᠳᠤ ᠲᠤᠰ ᠬᠠᠦᠯᠢ ᠶᠢᠨ ᠬᠤᠯᠪᠤᠭᠳᠠᠯ ᠪᠦᠬᠦᠢ ᠲᠤᠭᠳᠠᠭᠠᠯ ᠢ

ᠬᠡᠷᠡᠭᠯᠡᠨ᠎ᠠ᠃

       ᠭᠤᠷᠪᠠᠳᠤᠭᠠᠷ ᠵᠦᠢᠯ ᠤᠯᠤᠰ ᠠᠴᠠ ᠮᠠᠯ ᠠᠵᠦ ᠠᠬᠤᠢ ᠶᠢᠨ ᠬᠦᠭᠵᠢᠯᠳᠡ ᠶᠢ ᠲᠡᠮᠵᠢᠵᠦ᠂ ᠲᠠᠷᠢᠶᠠᠯᠠᠩ᠂

ᠬᠦᠳᠡᠭᠡ ᠲᠤᠰᠬᠤᠨ ᠤ ᠠᠵᠦ ᠠᠬᠤᠢ ᠶᠢ ᠬᠦᠭᠵᠢᠬᠦᠯᠬᠦ ᠪᠠ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠳᠤ ᠮᠠᠯ

ᠠᠵᠦ ᠠᠬᠤᠢ ᠶᠢᠨ ᠦᠵᠡᠬᠦᠯᠬᠦ ᠦᠢᠯᠡᠳᠦᠯ ᠢ ᠪᠠᠳᠠᠷᠠᠭᠤᠯᠤᠨ᠎ᠠ᠃ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ

ᠵᠠᠰᠠᠭ ᠤᠨ ᠤᠷᠳᠤᠨ ᠨᠤᠭᠤᠳ ᠠᠷᠭ᠎ᠠ ᠬᠡᠮᠵᠢᠶ᠎ᠠ ᠠᠪᠴᠦ ᠪᠠᠶᠢᠭᠠᠳ ᠮᠠᠯ ᠠᠵᠦ ᠠᠬᠤᠢ ᠶᠢᠨ ᠰᠠᠭᠤᠷᠢ

ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠬᠡᠪᠴᠢᠶᠡᠵᠢᠬᠦᠯᠦᠨ ᠲᠡᠵᠢᠭᠡᠵᠦ ᠦᠷᠡᠵᠢᠭᠦᠯᠬᠦ

ᠦᠢᠯᠡᠰ ᠤᠨ ᠬᠦᠭᠵᠢᠯᠳᠠ ᠶᠢ ᠵᠤᠷᠢᠬᠵᠢᠭᠤᠯᠤᠨ ᠲᠡᠳᠬᠦᠵᠦ᠂ ᠮᠠᠯ ᠠᠵᠦ ᠠᠬᠤᠢ ᠶᠢᠨ ᠠᠵᠦ ᠦᠢᠯᠡᠰᠵᠢᠭᠰᠡᠨ

ᠡᠵᠡᠩᠨᠡᠯᠳᠡ ᠶᠢ ᠠᠬᠢᠭᠤᠯᠵᠦ᠂ ᠮᠠᠯ ᠠᠵᠦ ᠠᠬᠤᠢ ᠶᠢᠨ ᠶᠡᠷᠦᠩᠭᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ

ᠲᠡᠭᠡᠭᠰᠢᠯᠡᠬᠦᠯᠵᠦ᠂ ᠴᠢᠨᠠᠷ ᠰᠠᠶᠢᠳᠠᠢ᠂ ᠦᠨᠳᠦᠷ ᠦᠷ᠎ᠠ ᠠᠰᠢᠭᠳᠠᠢ᠂ ᠠᠮᠢ ᠠᠬᠤᠢ ᠶᠢᠨ᠂ ᠠᠶᠤᠯᠬᠦᠢ ᠮᠠᠯ ᠠᠵᠦ

ᠠᠬᠤᠢ ᠶᠢ ᠬᠦᠭᠵᠢᠬᠦᠯᠬᠦ ᠭᠡᠷᠡᠭᠳᠠᠢ᠃ ᠤᠯᠤᠰ ᠠᠴᠠ ᠴᠦᠬᠡᠨ ᠲᠤᠭᠠᠳᠦ ᠦᠨᠳᠦᠰᠦᠳᠡᠨ ᠤ ᠭᠠᠵᠠᠷ ᠤᠷᠤᠨ᠂

ᠶᠠᠳᠠᠭᠤ ᠬᠦᠴᠢᠷᠳᠡᠯ ᠲᠠᠢ ᠭᠠᠵᠠᠷ ᠤᠷᠤᠨ ᠤ ᠮᠠᠯ ᠠᠵᠦ ᠠᠬᠤᠢ ᠶᠢ ᠬᠦᠭᠵᠢᠬᠦᠯᠵᠦ᠂ ᠨᠤᠳᠤᠭ ᠪᠡᠯᠴᠢᠭᠡᠷ ᠢ

ᠬᠠᠮᠠᠭᠠᠯᠠᠬᠤ ᠪᠠ ᠵᠦᠢ ᠵᠤᠬᠢᠰᠳᠠᠢ ᠠᠰᠢᠬᠯᠠᠬᠤ᠂ ᠮᠠᠯ ᠠᠵᠦ ᠠᠬᠤᠢ ᠶᠢᠨ ᠦᠢᠯᠡᠳᠪᠦᠷᠢᠯᠡᠯ ᠤᠨ ᠨᠦᠬᠦᠴᠡᠯ ᠢ

ᠰᠠᠶᠢᠵᠢᠷᠠᠭᠤᠯᠬᠤ ᠶᠢ ᠬᠠᠪᠰᠤᠷᠤᠨ ᠲᠡᠳᠬᠦᠨ᠎ᠠ᠃

       ᠲᠦᠷᠪᠡᠳᠦᠭᠡᠷ ᠵᠦᠢᠯ ᠤᠯᠤᠰ ᠠᠴᠠ ᠠᠷᠭ᠎ᠠ ᠬᠡᠮᠵᠢᠶ᠎ᠠ ᠠᠪᠴᠦ ᠪᠠᠶᠢᠭᠠᠳ ᠮᠠᠯ ᠠᠵᠦ ᠠᠬᠤᠢ ᠮᠠᠯ

ᠡᠮᠨᠡᠯᠭᠡ ᠶᠢᠨ ᠲᠤᠰᠬᠠᠢ ᠮᠡᠷᠭᠡᠵᠢᠯ ᠤᠨ ᠴᠢᠳᠠᠪᠤᠷᠢᠳᠠᠨ ᠢ ᠬᠦᠮᠦᠵᠢᠬᠦᠯᠦᠨ᠂ ᠮᠠᠯ ᠠᠵᠦ ᠠᠬᠤᠢ ᠮᠠᠯ ᠡᠮᠨᠡᠯᠭᠡ ᠶᠢᠨ

ᠰᠢᠨᠵᠢᠯᠡᠬᠦ ᠤᠬᠠᠭᠠᠨ ᠮᠡᠷᠭᠡᠵᠢᠯ ᠢ ᠰᠤᠳᠤᠯᠬᠤ ᠪᠠ ᠲᠡᠯᠭᠡᠷᠡᠬᠦᠯᠬᠦ ᠦᠢᠯᠡᠰ ᠢ ᠬᠦᠭᠵᠢᠬᠦᠯᠵᠦ᠂ ᠮᠠᠯ ᠠᠵᠦ ᠠᠬᠤᠢ ᠮᠠᠯ

ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢᠨ ᠬᠦᠮᠦᠵᠢᠯ ᠤᠬᠠᠭᠤᠯᠭ᠎ᠠ ᠶᠢᠨ ᠠᠵᠢᠯ ᠪᠤᠯᠤᠨ ᠮᠠᠯ

ᠠᠵᠦ ᠠᠬᠤᠢ ᠮᠠᠯ ᠡᠮᠨᠡᠯᠭᠡ ᠶᠢᠨ ᠮᠡᠳᠡᠭᠡ ᠵᠠᠩᠭᠢ ᠶᠢᠨ ᠦᠢᠯᠡᠴᠢᠯᠡᠭᠡ ᠶᠢ ᠦᠷᠨᠢᠬᠦᠯᠵᠦ᠂ ᠮᠠᠯ ᠠᠵᠦ ᠠᠬᠤᠢ ᠶᠢᠨ

ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢ ᠠᠬᠢᠭᠤᠯᠤᠨ᠎ᠠ᠃

       ᠲᠠᠪᠤᠳᠤᠭᠠᠷ ᠵᠦᠢᠯ ᠮᠠᠯ ᠠᠵᠦ ᠠᠬᠤᠢ ᠶᠢᠨ ᠦᠢᠯᠡᠳᠪᠦᠷᠢᠯᠡᠭᠴᠢᠳ ᠡᠵᠡᠩᠨᠡᠭᠴᠢᠳ ᠰᠠᠶᠢᠨ

ᠲᠤᠷ᠎ᠠ ᠠᠴᠠ ᠪᠠᠨ ᠬᠠᠦᠯᠢ ᠶᠤᠰᠤᠭᠠᠷ ᠠᠵᠢᠯ ᠲᠦᠷᠦᠯ ᠤᠨ ᠨᠡᠶᠢᠭᠡᠮᠯᠢᠭ ᠢ ᠪᠠᠶᠢᠭᠤᠯᠵᠦ᠂ ᠪᠦᠷᠢᠯᠳᠦᠬᠦᠨ ᠳᠡᠭᠡᠨ

ᠮᠡᠳᠡᠭᠡ ᠵᠠᠩᠭᠢ᠂ ᠮᠡᠷᠭᠡᠵᠢᠯ᠂ ᠡᠵᠡᠩᠨᠡᠯᠳᠡ᠂ ᠪᠤᠷᠤᠯᠠᠭᠤᠯᠭ᠎ᠠ᠂ ᠪᠤᠯᠪᠠᠰᠤᠷᠠᠭᠤᠯᠤᠯ ᠵᠡᠷᠭᠡ ᠳᠠᠯ᠎ᠠ ᠶᠢᠨ ᠦᠢᠯᠡᠴᠢᠯᠡᠭᠡ

ᠬᠠᠨᠭ᠍ᠭᠠᠵᠦ᠂ ᠠᠵᠢᠯ ᠲᠦᠷᠤᠯ ᠤᠨ ᠦᠪᠡᠷ ᠢ ᠪᠠᠨ ᠱᠠᠭᠠᠷᠳᠠᠬᠤ ᠶᠢ ᠴᠢᠩᠭᠠᠳᠬᠠᠵᠦ᠂ ᠪᠦᠷᠢᠯᠳᠦᠬᠦᠨ ᠪᠠ ᠠᠵᠢᠯ

ᠲᠦᠷᠦᠯ ᠤᠨ ᠢᠶᠠᠨ ᠠᠰᠢᠭ ᠲᠤᠰᠠ ᠶᠢ ᠬᠠᠮᠠᠭᠠᠯᠠᠵᠦ ᠪᠤᠯᠤᠨ᠎ᠠ᠃

       ᠵᠢᠷᠭᠤᠳᠤᠭᠠᠷ ᠵᠦᠢᠯ ᠮᠠᠯ ᠠᠵᠦ ᠠᠬᠤᠢ ᠶᠢᠨ ᠦᠢᠯᠡᠳᠪᠦᠷᠢᠯᠡᠭᠴᠢᠳ ᠡᠵᠡᠩᠨᠡᠭᠴᠢᠳ ᠠᠮᠢᠳᠠᠨ ᠤ ᠬᠢᠵᠢᠭ ᠢ

ᠰᠡᠷᠭᠡᠶᠢᠯᠡᠬᠦ ᠪᠠ ᠤᠷᠴᠢᠨ ᠠᠬᠤᠢ ᠶᠢ ᠬᠠᠮᠠᠭᠠᠯᠠᠬᠤ ᠡᠬᠦᠷᠭᠡ ᠪᠠᠨ ᠬᠠᠦᠯᠢ ᠶᠤᠰᠤᠭᠠᠷ ᠬᠦᠢᠴᠡᠳᠭᠡᠵᠦ᠂ ᠬᠤᠯᠪᠤᠭᠳᠠᠯ

ᠪᠦᠭᠦᠢ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠬᠠᠦᠯᠢ ᠶᠤᠰᠤᠭᠠᠷ ᠶᠠᠪᠤᠭᠤᠯᠬᠤ ᠬᠢᠨᠠᠯᠳᠠ ᠪᠠᠶᠢᠴᠠᠭᠠᠯᠳᠠ ᠶᠢ

ᠬᠦᠯᠢᠶᠡᠬᠦ ᠬᠡᠷᠡᠭᠳᠠᠢ᠃

       ᠲᠤᠯᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ

ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠪᠦᠬᠦ ᠤᠯᠤᠰ ᠤᠨ ᠮᠠᠯ ᠠᠵᠦ ᠠᠬᠤᠢ ᠶᠢᠨ

ᠬᠢᠨᠠᠯᠳᠠ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ ᠰᠢᠶᠠᠨ ᠤ ᠱᠠᠳᠤᠨ ᠠᠴᠠ ᠲᠡᠭᠡᠭᠰᠢᠬᠢ ᠤᠷᠤᠨ

ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ

ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠲᠤᠰ ᠵᠠᠰᠠᠭ ᠵᠠᠬᠢᠷᠭᠠᠨ ᠤ ᠤᠷᠤᠨ ᠤ ᠪᠠᠨ ᠲᠤᠳᠤᠷᠠᠬᠢ ᠮᠠᠯ ᠠᠵᠦ

ᠠᠬᠤᠢ ᠶᠢᠨ ᠬᠢᠨᠠᠯᠳᠠ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ ᠰᠢᠶᠠᠠ ᠤ ᠱᠠᠳᠤᠨ ᠠᠴᠠ ᠲᠡᠭᠡᠭᠰᠢᠬᠢ

ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠲᠤᠰ

ᠲᠤᠰ ᠤᠨ ᠡᠬᠦᠷᠭᠡ ᠬᠠᠷᠢᠭᠤᠴᠠᠯᠭ᠎ᠠ ᠶᠢᠨ ᠬᠡᠪᠴᠢᠶᠠᠨ ᠳᠡᠭᠡᠨ ᠮᠠᠯ ᠠᠵᠦ ᠠᠬᠤᠢ ᠶᠢᠨ ᠬᠦᠭᠵᠢᠯᠳᠠ ᠶᠢ ᠠᠬᠢᠭᠤᠯᠬᠤ

ᠬᠤᠯᠪᠤᠭᠳᠠᠯ ᠪᠦᠭᠦᠢ ᠠᠵᠢᠯ ᠢ ᠬᠠᠷᠢᠭᠤᠴᠠᠨ᠎ᠠ᠃

       ᠨᠠᠢᠮᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ

ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠮᠠᠯ ᠠᠵᠦ ᠠᠬᠤᠢ ᠶᠢᠨ ᠦᠢᠯᠡᠳᠪᠦᠷᠢᠯᠡᠭᠴᠢᠳ

ᠡᠵᠡᠩᠨᠡᠭᠴᠢᠳ ᠢ ᠵᠢᠯᠤᠭᠤᠳᠴᠦ ᠪᠠᠶᠢᠭᠠᠳ ᠮᠠᠯ ᠵᠢᠬᠦᠷᠳᠡᠨ ᠢ ᠪᠤᠶᠢᠵᠢᠭᠤᠯᠤᠨ ᠦᠷᠡᠵᠢᠬᠦᠯᠬᠦ᠂ ᠠᠷᠠᠴᠢᠯᠠᠨ ᠲᠡᠵᠢᠭᠡᠬᠦ᠂

ᠵᠦᠭᠡᠭᠡᠪᠦᠷᠢᠯᠡᠬᠦ ᠨᠦᠬᠦᠴᠡᠯ ᠪᠤᠯᠤᠨ ᠤᠷᠴᠢᠨ ᠲᠤᠭᠤᠷᠢᠨ ᠢ ᠨᠢ ᠰᠠᠶᠢᠵᠢᠷᠠᠭᠤᠯᠬᠤ ᠬᠡᠷᠡᠭᠳᠠᠢ᠃

       ᠬᠤᠶᠠᠳᠤᠭᠠᠷ ᠪᠦᠯᠦᠭ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ

       ᠶᠢᠰᠦᠳᠦᠭᠡᠷ ᠵᠦᠢᠯ ᠤᠯᠤᠰ ᠠᠴᠠ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ

ᠲᠦᠷᠢᠮ ᠢ ᠲᠤᠭᠳᠠᠭᠠᠨ᠎ᠠ᠃ ᠡᠯ᠎ᠠ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠠᠷᠭ᠎ᠠ ᠬᠡᠮᠵᠢᠶ᠎ᠠ ᠠᠪᠴᠦ

ᠪᠠᠶᠢᠭᠠᠳ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠳᠠ ᠶᠢ ᠴᠢᠩᠭᠠᠳᠬᠠᠵᠦ᠂ ᠮᠠᠯ

ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠵᠠᠷᠤᠳᠠᠯ ᠢ ᠡᠳ᠋ ᠤᠨ ᠵᠠᠰᠠᠭ ᠤᠨ ᠲᠦᠰᠦᠪ ᠲᠡᠭᠡᠨ

ᠤᠷᠤᠭᠤᠯᠬᠤ ᠬᠡᠷᠡᠭᠳᠠᠢ᠃ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠳᠠ ᠨᠢ

ᠤᠯᠤᠰ ᠤᠨ ᠬᠢ ᠪᠠᠷ ᠭᠤᠤᠯ ᠪᠤᠯᠭᠠᠨ᠂ ᠬᠤᠯᠪᠤᠭᠳᠠᠯ ᠪᠦᠬᠦᠢ ᠨᠢᠭᠡᠴᠢ᠂ ᠬᠤᠪᠢ ᠬᠦᠮᠦᠨ ᠤ ᠮᠠᠯ ᠵᠢᠬᠦᠷᠳᠡᠨ ᠤ

ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠦᠢᠯᠡᠰ ᠢ ᠬᠠᠤᠯᠢ ᠶᠤᠰᠤᠭᠠᠷ ᠬᠦᠭᠵᠢᠬᠦᠯᠬᠦ ᠶᠢ ᠵᠤᠷᠢᠬᠵᠢᠭᠤᠯᠤᠨ

ᠲᠡᠮᠵᠢᠨ᠎ᠠ᠃

       ᠠᠷᠪᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ

ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠰᠬᠠᠢ ᠮᠡᠷᠭᠡᠵᠢᠯ ᠤᠨ ᠠᠵᠢᠯᠳᠠᠡ ᠢᠶᠠᠷ ᠪᠦᠷᠢᠯᠳᠦᠭᠰᠡᠨ

ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠺᠤᠮᠢᠰ ᠢ ᠪᠠᠶᠢᠭᠤᠯᠵᠦ᠂ ᠮᠠᠯ ᠵᠢᠬᠦᠷᠳᠡᠨ ᠤ

ᠤᠳᠤᠮᠯᠠᠯ ᠤᠨ ᠡᠬᠢ ᠪᠠᠶᠠᠯᠢᠭ ᠢ ᠰᠢᠯᠭᠠᠨ ᠲᠤᠭᠳᠠᠭᠠᠬᠤ᠂ ᠦᠨᠡᠯᠡᠨ ᠵᠢᠱᠢᠬᠦ ᠪᠠ ᠮᠠᠯ ᠵᠢᠬᠦᠷᠳᠡᠨ ᠤ ᠰᠢᠨ᠎ᠠ ᠡᠬᠦᠯᠳᠡᠷ

᠂ ᠲᠦᠬᠦᠷᠵᠢᠭᠰᠡᠨ ᠤᠳᠤᠮ ᠢ ᠬᠢᠨᠠᠨ ᠲᠤᠭᠳᠠᠭᠠᠬᠤ ᠠᠵᠢᠯ ᠢ ᠬᠠᠷᠢᠭᠤᠴᠠᠨ᠂ ᠮᠠᠯ ᠵᠢᠬᠦᠷᠳᠡᠨ ᠤ ᠤᠳᠤᠮᠯᠠᠯ ᠤᠨ ᠡᠬᠢ

ᠪᠠᠶᠠᠯᠢᠭ ᠢ ᠬᠠᠮᠠᠭᠠᠯᠠᠨ ᠠᠰᠢᠬᠯᠠᠬᠤ ᠲᠦᠯᠦᠪᠵᠢᠬᠦᠯᠬᠡ ᠶᠢ ᠨᠤᠳᠠᠯᠠᠬᠤ ᠵᠢᠴᠢ ᠮᠠᠯ ᠵᠢᠭᠦᠷᠳᠡᠨ ᠤ ᠤᠳᠤᠮᠯᠠᠯ ᠤᠨ ᠡᠬᠢ

ᠪᠠᠶᠠᠯᠢᠭ ᠢ ᠬᠠᠮᠠᠭᠠᠯᠠᠬᠤ ᠲᠤᠬᠠᠢ ᠬᠤᠯᠪᠤᠬᠳᠠᠯ ᠪᠦᠬᠦᠢ ᠵᠦᠪᠯᠡᠯᠭᠡ ᠦᠭᠬᠦ ᠠᠵᠢᠯ ᠢ ᠡᠬᠦᠷᠭᠡᠯᠡᠨ᠎ᠠ᠃

       ᠠᠷᠪᠠᠨ ᠨᠢᠭᠡᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ

ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠮᠠᠯ ᠵᠢᠬᠦᠷᠳᠡᠨ ᠤ ᠤᠳᠤᠮᠯᠠᠯ ᠤᠨ ᠡᠬᠢ

ᠪᠠᠶᠠᠯᠢᠭ ᠤᠨ ᠪᠠᠶᠢᠴᠠᠭᠠᠯᠳᠠ ᠶᠢᠨ ᠠᠵᠢᠯ ᠢ ᠵᠤᠬᠢᠶᠠᠨ ᠪᠠᠶᠢᠭᠤᠯᠬᠤ᠂ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ

ᠡᠬᠢ ᠪᠠᠶᠠᠯᠢᠭ ᠤᠨ ᠪᠠᠶᠢᠳᠠᠯ ᠤᠨ ᠲᠤᠬᠠᠢ ᠮᠡᠳᠡᠬᠦᠯᠦᠯᠳᠠ ᠶᠢ ᠨᠡᠶᠢᠳᠡᠯᠡᠬᠦ᠂ ᠲᠦᠷᠦ ᠶᠢᠨ ᠶᠠᠪᠤᠳᠠᠯ ᠤᠨ ᠬᠤᠷᠢᠶ᠎ᠠ ᠪᠠᠷ

ᠵᠦᠪᠰᠢᠶᠡᠷᠡᠭᠦᠯᠦᠭᠰᠡᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠭᠠᠷᠴᠠᠭ ᠢ ᠨᠡᠶᠢᠳᠡᠯᠡᠬᠦ ᠠᠵᠢᠯ ᠢ

ᠬᠠᠷᠢᠭᠤᠴᠠᠨ᠎ᠠ᠃

       ᠠᠷᠪᠠᠨ ᠬᠤᠶᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ

ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠮᠠᠯ ᠵᠢᠬᠦᠷᠳᠡᠨ ᠤ ᠤᠳᠤᠮᠯᠠᠯ ᠤᠨ

ᠡᠬᠢ ᠪᠠᠶᠠᠯᠢᠭ ᠤᠨ ᠲᠠᠷᠬᠠᠴᠠ ᠶᠢᠨ ᠪᠠᠶᠢᠳᠠᠯ ᠢ ᠦᠨᠳᠦᠰᠦᠯᠡᠡ᠂ ᠪᠦᠬᠦ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ

ᠡᠬᠢ ᠪᠠᠶᠠᠯᠢᠭ ᠢ ᠬᠠᠮᠠᠭᠠᠯᠠᠠ ᠠᠰᠢᠬᠯᠠᠬᠤ ᠲᠦᠯᠦᠪᠵᠢᠬᠦᠯᠭᠡ ᠶᠢ ᠲᠤᠭᠳᠠᠭᠠᠵᠦ᠂ ᠤᠯᠤᠰ ᠤᠨ ᠲᠡᠰ ᠤᠨ ᠮᠠᠯ

ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠳᠠ ᠶᠢᠨ ᠲᠤᠪᠶᠤᠭ ᠢ ᠲᠤᠭᠳᠠᠭᠠᠨ ᠨᠡᠶᠢᠳᠡᠯᠡᠵᠦ᠂ ᠮᠠᠨ ᠤ

ᠤᠯᠤᠰ ᠤᠨ ᠤᠭ ᠭᠠᠷᠤᠯ ᠲᠠᠢ ᠦᠨᠡᠳᠦ᠂ ᠬᠤᠪᠤᠷ ᠴᠤᠬᠠᠭ᠂ ᠰᠦᠨᠦᠬᠦ ᠰᠢᠬᠠᠭᠰᠠᠨ ᠮᠠᠯ ᠵᠢᠬᠦᠷᠳᠡᠡ ᠤ

ᠤᠳᠤᠮᠯᠠᠯ ᠤᠨ ᠡᠬᠢ ᠪᠠᠶᠠᠯᠢᠭ ᠢ ᠭᠤᠤᠯᠳᠠᠯᠭ᠎ᠠ ᠲᠠᠢ ᠪᠠᠷ ᠬᠠᠮᠠᠭᠠᠯᠠᠨ᠎ᠠ᠃ ᠮᠤᠵᠢ ᠶᠢᠨ ᠱᠠᠳᠤᠨ ᠤ ᠠᠷᠠᠳ ᠤᠨ

ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ

ᠮᠦᠴᠢᠷ ᠤᠳ ᠪᠦᠬᠦ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠨ ᠠᠰᠢᠬᠯᠠᠬᠤ

ᠲᠦᠯᠦᠪᠵᠢᠬᠦᠯᠭᠡ ᠵᠢᠴᠢ ᠲᠤᠰ ᠵᠠᠰᠠᠭ ᠵᠠᠬᠢᠷᠭᠠᠨ ᠤ ᠤᠷᠤᠨ ᠤ ᠪᠠᠨ ᠲᠤᠳᠤᠷᠠᠬᠢ ᠮᠠᠯ ᠵᠢᠬᠦᠷᠳᠡᠨ ᠤ ᠤᠳᠤᠮᠯᠠᠯ ᠤᠨ

ᠡᠬᠢ ᠪᠠᠶᠠᠯᠢᠭ ᠤᠨ ᠪᠠᠶᠢᠳᠠᠯ ᠢ ᠦᠨᠳᠦᠰᠦᠯᠡᠵᠦ᠂ ᠮᠤᠵᠢ ᠶᠢᠨ ᠱᠠᠳᠤᠨ ᠤ ᠮᠠᠯ ᠵᠢᠬᠦᠷᠳᠡᠨ ᠤ ᠤᠳᠤᠮᠯᠠᠯ ᠤᠨ ᠡᠬᠢ

ᠪᠠᠶᠠᠯᠢᠭ ᠤᠨ ᠬᠠᠮᠠᠭᠠᠯᠠᠯᠳᠠ ᠶᠢᠨ ᠲᠤᠪᠶᠤᠭ ᠢ ᠲᠤᠭᠳᠠᠭᠠᠨ ᠨᠡᠶᠢᠳᠡᠯᠡᠬᠦ ᠶᠢᠨ ᠬᠠᠮᠳᠦ ᠲᠦᠷᠦ ᠶᠢᠨ ᠶᠠᠪᠤᠳᠠᠯ ᠤᠨ

ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ

ᠮᠡᠳᠡᠬᠦᠯᠤᠨ ᠲᠠᠩᠰᠠᠯᠠᠭᠤᠯᠤᠨ᠎ᠠ᠃

       ᠠᠷᠪᠠᠨ ᠭᠤᠷᠪᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ

ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠪᠦᠬᠦ ᠤᠯᠤᠰ ᠤᠨ ᠮᠠᠯ ᠵᠢᠬᠦᠷᠳᠡᠨ ᠤ

ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠨ ᠠᠰᠢᠬᠯᠠᠬᠤ ᠲᠦᠯᠦᠪᠵᠢᠬᠦᠯᠭᠡ ᠵᠢᠴᠢ ᠤᠯᠤᠰ ᠤᠨ ᠲᠡᠰ ᠤᠨ ᠮᠠᠯ

ᠵᠢᠬᠦᠷᠳᠡᠡ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠳᠠ ᠶᠢᠨ ᠲᠤᠪᠶᠤᠭ ᠢ ᠦᠨᠳᠦᠰᠦᠯᠡᠨ᠂ ᠮᠤᠵᠢ ᠶᠢᠨ

ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ

ᠬᠠᠮᠢᠶᠠᠷᠬᠤ ᠰᠠᠯᠠᠭ᠎ᠠ ᠮᠦᠴᠢᠷ ᠨᠢ ᠮᠤᠵᠢ ᠶᠢᠨ ᠱᠠᠳᠤᠨ ᠤ ᠮᠠᠯ ᠵᠢᠬᠦᠷᠳᠡᠡ ᠤ ᠤᠳᠤᠮᠯᠠᠯ ᠤᠨ ᠡᠬᠢ ᠪᠠᠶᠠᠯᠢᠭ ᠤᠨ

ᠬᠠᠮᠠᠭᠠᠯᠠᠯᠳᠠ ᠶᠢᠨ ᠲᠤᠪᠶᠤᠭ ᠢ ᠦᠨᠳᠦᠰᠦᠯᠡᠵᠦ᠂ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠦᠷ᠎ᠠ ᠶᠢᠨ

ᠬᠠᠮᠠᠭᠠᠯᠠᠯᠳᠠ ᠶᠢᠨ ᠲᠠᠯᠠᠪᠠᠢ᠂ ᠬᠠᠮᠠᠭᠠᠯᠠᠯᠳᠠ ᠶᠢᠨ ᠤᠷᠤᠨ ᠪᠠ ᠭᠧᠨ ᠤ ᠬᠦᠮᠦᠷᠭᠡ ᠶᠢ ᠲᠤᠰ ᠲᠤᠰ ᠪᠠᠶᠢᠭᠤᠯᠬᠤ

ᠪᠤᠶᠤ ᠲᠤᠭᠳᠠᠭᠠᠵᠦ᠂ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠡᠬᠦᠷᠭᠡ ᠶᠢ ᠡᠬᠦᠷᠭᠡᠯᠡᠨ᠎ᠠ᠃

ᠲᠦᠪ ᠤᠨ ᠪᠠ ᠮᠤᠵᠢ ᠶᠢᠨ ᠱᠠᠳᠤᠨ ᠤ ᠡᠳ᠋ ᠤᠨ ᠵᠠᠰᠠᠭ ᠤᠨ ᠪᠡᠯᠡ ᠮᠦᠡᠭᠭᠦᠨ ᠤ ᠲᠡᠮᠵᠢᠯᠭᠡ ᠶᠢ ᠬᠦᠷᠳᠡᠵᠦ ᠪᠠᠶᠢᠭ᠎ᠠ

ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠦᠷ᠎ᠠ ᠶᠢᠨ ᠬᠠᠮᠠᠭᠠᠯᠠᠯᠳᠠ ᠶᠢᠨ ᠲᠠᠯᠠᠪᠠᠢ᠂ ᠬᠠᠮᠠᠭᠠᠯᠠᠯᠳᠠ ᠶᠢᠨ

ᠤᠷᠤᠨ ᠪᠠ ᠭᠧᠨ ᠤ ᠬᠦᠮᠦᠷᠭᠡ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ

ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠮᠤᠵᠢ ᠶᠢᠨ ᠱᠠᠳᠤᠨ ᠤ ᠠᠷᠠᠳ ᠤᠨ ᠵᠠᠰᠠᠭ ᠤᠨ

ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ

ᠵᠦᠪᠰᠢᠶᠠᠷᠡᠯ ᠦᠬᠡᠢ ᠪᠠᠷ ᠬᠠᠮᠠᠭᠠᠯᠠᠯᠳᠠ ᠳᠤ ᠪᠠᠶᠢᠭ᠎ᠠ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ

ᠲᠤᠷ᠎ᠠ ᠪᠠᠷ ᠢᠶᠠᠨ ᠰᠢᠢᠳᠪᠦᠷᠢᠯᠡᠵᠦ ᠪᠤᠯᠬᠤ ᠦᠭᠡᠢ᠃ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠭᠧᠨ ᠤ

ᠬᠦᠮᠦᠷᠭᠡ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ

ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ

ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠯ

ᠶᠤᠰᠤᠭᠠᠷ᠂ ᠮᠠᠯ ᠵᠢᠬᠦᠷᠳᠡᠨ ᠤ ᠤᠳᠤᠮᠯᠠᠯ ᠤᠨ ᠮᠠᠲ᠋ᠧᠷᠢᠶᠠᠯ ᠢ ᠲᠤᠭᠳᠠᠮᠠᠯ ᠬᠤᠭᠤᠴᠠᠭ᠎ᠠ ᠲᠠᠢ ᠪᠠᠷ ᠴᠤᠬᠯᠠᠭᠤᠯᠤᠨ

ᠰᠢᠨᠡᠳᠭᠡᠬᠦ ᠭᠡᠷᠡᠭᠳᠠᠢ᠃ ᠬᠤᠯᠪᠤᠬᠳᠠᠯ ᠪᠦᠬᠦᠢ ᠨᠢᠭᠡᠴᠢ᠂ ᠬᠤᠪᠢ ᠬᠦᠮᠦᠨ ᠮᠠᠯ ᠵᠢᠬᠦᠷᠳᠡᠨ ᠤ ᠤᠳᠤᠮᠯᠠᠯ ᠤᠨ ᠡᠬᠢ

ᠪᠠᠶᠠᠯᠢᠭ ᠤᠨ ᠭᠧᠨ ᠤ ᠬᠦᠮᠦᠷᠭᠡ ᠯᠦᠭᠡ ᠬᠠᠮᠵᠢᠯᠴᠠᠨ ᠮᠠᠯ ᠵᠢᠬᠦᠷᠳᠡᠨ ᠤ ᠤᠳᠤᠮᠯᠠᠯ ᠤᠨ ᠮᠠᠲ᠋ᠧᠷᠢᠶᠠᠯ ᠢ

ᠴᠤᠬᠯᠠᠭᠤᠯᠬᠤ ᠶᠢᠨ ᠬᠠᠮᠳᠦ ᠵᠤᠬᠢᠬᠤ ᠬᠡᠮᠵᠢᠶᠠᠨ ᠤ ᠠᠵᠦ ᠠᠬᠤᠢ ᠶᠢᠨ ᠨᠦᠬᠦᠪᠦᠷᠢ ᠤᠯᠬᠤ ᠡᠷᠭᠡ ᠲᠠᠢ ᠮᠠᠯ

ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠦᠷ᠎ᠠ ᠶᠢᠨ ᠬᠠᠮᠠᠭᠠᠯᠠᠯᠳᠠ ᠶᠢᠨ ᠲᠠᠯᠠᠪᠠᠢ᠂ ᠬᠠᠮᠠᠭᠠᠯᠠᠯᠳᠠ ᠶᠢᠨ

ᠤᠷᠤᠨ ᠪᠠ ᠭᠧᠨ ᠤ ᠬᠦᠮᠦᠷᠭᠡ ᠶᠢᠨ ᠬᠠᠮᠢᠶᠠᠷᠤᠯᠳᠠ ᠶᠢᠨ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ

ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠨ᠎ᠠ᠃

       ᠠᠷᠪᠠᠨ ᠲᠦᠷᠪᠡᠳᠦᠭᠡᠷ ᠵᠦᠢᠯ ᠰᠢᠨ᠎ᠠ ᠪᠠᠷ ᠢᠯᠡᠷᠡᠬᠦᠯᠦᠭᠰᠡᠨ ᠮᠠᠯ ᠵᠢᠬᠦᠷᠳᠡᠨ ᠤ ᠤᠳᠤᠮᠯᠠᠯ ᠤᠨ ᠡᠬᠢ

ᠪᠠᠶᠠᠯᠢᠭ ᠢ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠺᠤᠮᠢᠰ ᠰᠢᠯᠭᠠᠨ ᠲᠤᠭᠳᠠᠭᠠᠬᠤ ᠠᠴᠠ

ᠡᠮᠦᠨ᠎ᠠ᠂ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ

ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠬᠠᠮᠠᠭᠠᠯᠠᠯᠳᠠ ᠶᠢᠨ ᠲᠦᠰᠦᠯ ᠲᠤᠭᠳᠠᠭᠠᠵᠦ᠂ ᠲᠦᠷ

ᠴᠠᠭ ᠤᠨ ᠬᠠᠮᠠᠭᠠᠯᠠᠯᠳᠠ ᠶᠢᠨ ᠠᠷᠭ᠎ᠠ ᠬᠡᠮᠵᠢᠶ᠎ᠠ ᠠᠪᠬᠤ ᠶᠢᠨ ᠬᠠᠮᠳᠦ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ

ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ

ᠲᠠᠩᠰᠠᠯᠠᠭᠤᠯᠬᠤ ᠬᠡᠷᠡᠭᠳᠠᠢ᠃

       ᠠᠷᠪᠠᠨ ᠲᠠᠪᠤᠳᠤᠭᠠᠷ ᠵᠦᠢᠯ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠢᠯᠢ ᠶᠢᠨ ᠭᠠᠳᠠᠨ᠎ᠠ ᠠᠴᠠ

ᠤᠷᠤᠭᠤᠯᠵᠦ ᠢᠷᠡᠬᠦ ᠳᠤ ᠬᠦᠷᠪᠡᠯ᠂ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ

ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠬᠤ

ᠭᠡᠷᠡᠭᠳᠠᠢ︔ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠠᠨ ᠠᠪᠤᠭᠰᠠᠨ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ

ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠬᠢᠨᠠᠨ ᠪᠠᠶᠢᠴᠠᠭᠠᠭᠠᠳ᠂ ᠲᠦᠷᠦ ᠶᠢᠨ ᠶᠠᠪᠤᠳᠠᠯ ᠤᠨ

ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ

ᠮᠡᠳᠡᠬᠦᠯᠤᠨ ᠦᠨᠡᠯᠡᠨ ᠨᠤᠳᠠᠯᠠᠭᠤᠯᠤᠭᠰᠠᠨ ᠤ ᠲᠠᠷᠠᠭ᠎ᠠ ᠵᠦᠪᠰᠢᠶᠡᠷᠡᠨ᠎ᠠ᠃ ᠵᠦᠪᠰᠢᠶᠠᠷᠡᠭᠰᠡᠨ ᠪᠠᠶᠢᠪᠠᠯ᠂ ︽ᠪᠦᠬᠦᠳᠡ

ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠬᠢᠯᠢ ᠪᠠᠷ ᠤᠷᠤᠭᠤᠯᠵᠦ ᠭᠠᠷᠭᠠᠬᠤ ᠠᠮᠢᠳᠠᠨ ᠤᠷᠭᠤᠮᠠᠯ ᠤᠨ ᠬᠢᠵᠢᠭ ᠢ

ᠪᠠᠶᠢᠴᠠᠭᠠᠬᠤ ᠬᠠᠦᠯᠢ︾ ᠶᠢᠨ ᠲᠤᠭᠳᠠᠭᠠᠯ ᠶᠤᠰᠤᠭᠠᠷ ᠬᠤᠯᠪᠤᠭᠳᠠᠯ ᠪᠦᠬᠦᠢ ᠭᠠᠷ ᠬᠦᠢᠴᠡᠳᠭᠡᠯ ᠢ ᠬᠢᠬᠦ ᠶᠢᠨ ᠬᠠᠮᠳᠦ

ᠬᠢᠵᠢᠭ ᠤᠨ ᠪᠠᠶᠢᠴᠠᠭᠠᠯᠳᠠ ᠬᠢᠨ᠎ᠠ᠃ ᠬᠢᠯᠢ ᠶᠢᠨ ᠭᠠᠳᠠᠨ᠎ᠠ ᠠᠴᠠ ᠤᠷᠤᠭᠤᠯᠤᠬᠰᠠᠨ ᠮᠠᠯ ᠵᠢᠬᠦᠷᠳᠡᠨ ᠤ ᠤᠳᠤᠮᠯᠠᠯ ᠤᠨ

ᠡᠬᠢ ᠪᠠᠶᠠᠯᠢᠭ ᠨᠢ ᠬᠢᠯᠢ ᠶᠢᠨ ᠲᠤᠳᠤᠷᠠᠬᠢ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ᠂ ᠠᠮᠢ ᠠᠬᠤᠢ ᠶᠢᠨ

ᠤᠷᠴᠢᠨ ᠲᠤᠭᠤᠷᠢᠨ ᠳᠤ ᠬᠤᠤᠷ ᠬᠦᠨᠦᠭᠡᠯ ᠤᠴᠠᠷᠠᠭᠤᠯᠬᠤ ᠪᠤᠶᠤ ᠬᠤᠤᠷ ᠬᠦᠨᠦᠭᠡᠯ ᠤᠴᠠᠷᠠᠭᠤᠯᠬᠤ ᠪᠤᠯᠤᠮᠵᠢ ᠲᠠᠢ

ᠪᠠᠶᠢᠬᠤ ᠶᠢ ᠤᠯᠵᠦ ᠮᠡᠳᠡᠪᠠᠯ᠂ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ

ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠬᠤᠯᠪᠤᠬᠳᠠᠯ ᠪᠦᠬᠦᠢ ᠰᠠᠯᠠᠭ᠎ᠠ ᠮᠦᠴᠢᠷ ᠯᠦᠭᠡ ᠵᠦᠪᠳᠡᠵᠦ

ᠪᠠᠶᠢᠭᠠᠳ ᠠᠶᠤᠯᠬᠦᠢ ᠶᠢᠨ ᠬᠢᠵᠠᠭᠠᠷᠯᠠᠬᠤ ᠵᠤᠬᠢᠴᠠᠩᠭᠤᠢ ᠠᠷᠭ᠎ᠠ ᠬᠡᠮᠵᠢᠶ᠎ᠠ ᠠᠪᠬᠤ ᠭᠡᠷᠡᠭᠳᠠᠢ᠃

       ᠠᠷᠪᠠᠨ ᠵᠢᠷᠭᠤᠳᠤᠭᠠᠷ ᠵᠦᠢᠯ ᠬᠠᠮᠠᠭᠠᠯᠠᠯᠳᠠ ᠶᠢᠨ ᠲᠤᠪᠶᠤᠭ ᠲᠤ ᠤᠷᠤᠭᠤᠯᠤᠬᠰᠠᠨ ᠮᠠᠯ ᠵᠢᠬᠦᠷᠳᠡᠨ ᠤ

ᠤᠳᠤᠮᠯᠠᠯ ᠤᠨ ᠡᠬᠢ ᠪᠠᠶᠠᠯᠢᠭ ᠢ ᠬᠢᠯᠢ ᠶᠢᠨ ᠭᠠᠳᠠᠨ᠎ᠠ ᠭᠠᠷᠭᠠᠬᠤ ᠪᠤᠶᠤ ᠬᠢᠯᠢ ᠶᠢᠨ ᠲᠤᠳᠤᠷ᠎ᠠ ᠬᠢᠯᠢ ᠶᠢᠨ ᠭᠠᠳᠠᠨᠠᠬᠢ

ᠪᠠᠶᠢᠭᠤᠯᠤᠮᠵᠢ᠂ ᠬᠤᠪᠢ ᠬᠦᠮᠦᠨ ᠲᠠᠢ ᠬᠤᠷᠰᠢᠵᠦ ᠰᠤᠳᠤᠯᠤᠨ ᠠᠰᠢᠬᠯᠠᠬᠤ ᠳᠤ᠂ ᠮᠤᠵᠢ ᠶᠢᠨ ᠱᠠᠳᠤᠨ ᠤ

ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ

ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠬᠤ ᠶᠢᠨ ᠬᠠᠮᠳᠦ ᠠᠰᠢᠭ ᠲᠤᠰᠠ ᠶᠢ ᠤᠯᠤᠰ ᠤᠷᠤᠨ ᠬᠠᠮᠳᠦ ᠪᠠᠷ

ᠬᠦᠷᠳᠡᠬᠦ ᠲᠦᠰᠦᠯ ᠢ ᠲᠤᠷᠠᠳᠬᠤ ᠭᠡᠷᠡᠭᠳᠠᠢ︔ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠠᠨ ᠠᠪᠤᠭᠰᠠᠨ ᠮᠠᠯ ᠠᠵᠦ

ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠬᠢᠨᠠᠨ ᠪᠠᠶᠢᠴᠠᠭᠠᠭᠠᠳ

ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ

ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠤᠨ ᠵᠦᠪᠰᠢᠶᠠᠷᠡᠬᠦᠯᠦᠨ᠎ᠠ᠃ ᠮᠠᠯ ᠵᠢᠬᠦᠷᠳᠡᠨ ᠤ ᠤᠳᠤᠮᠯᠠᠯ ᠤᠨ ᠡᠬᠢ

ᠪᠠᠶᠠᠯᠢᠭ ᠢ ᠬᠢᠯᠢ ᠶᠢᠨ ᠭᠠᠳᠠᠨ᠎ᠠ ᠭᠠᠷᠭᠠᠬᠤ ᠳᠤ ᠬᠦᠷᠪᠠᠯ᠂ ᠪᠠᠰᠠ ︽ᠪᠦᠬᠦᠳᠡ ᠨᠠᠶᠢᠷᠠᠮᠳᠠᠬᠤ ᠲᠤᠮᠳᠠᠳᠦ ᠠᠷᠠᠳ

ᠤᠯᠤᠰ ᠤᠨ ᠬᠢᠯᠢ ᠪᠠᠷ ᠤᠷᠤᠭᠤᠯᠵᠦ ᠭᠠᠷᠭᠠᠬᠤ ᠠᠮᠢᠳᠠᠨ ᠤᠷᠭᠤᠮᠠᠯ ᠤᠨ ᠬᠢᠵᠢᠭ ᠢ ᠪᠠᠶᠢᠴᠠᠭᠠᠬᠤ ᠬᠠᠦᠯᠢ︾ ᠶᠢᠨ

ᠲᠤᠭᠳᠠᠭᠠᠯ ᠶᠤᠰᠤᠭᠠᠷ ᠬᠤᠯᠪᠤᠬᠳᠠᠯ ᠪᠦᠬᠦᠢ ᠭᠠᠷ ᠬᠦᠢᠴᠡᠳᠭᠡᠯ ᠢ ᠬᠢᠬᠦ ᠶᠢᠨ ᠬᠠᠮᠳᠦ ᠬᠢᠵᠢᠭ ᠤᠨ ᠪᠠᠶᠢᠴᠠᠭᠠᠯᠳᠠ

ᠬᠢᠬᠦ ᠬᠡᠷᠡᠭᠳᠠᠢ᠃ ᠰᠢᠨ᠎ᠠ ᠪᠠᠷ ᠢᠯᠡᠷᠡᠬᠦᠯᠦᠭᠰᠡᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠤᠯᠤᠰ ᠤᠨ ᠮᠠᠯ

ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠺᠤᠮᠢᠰ ᠬᠢᠨᠠᠨ ᠲᠤᠭᠳᠠᠭᠠᠬᠤ ᠠᠴᠠ ᠡᠮᠦᠨ᠎ᠠ ᠬᠢᠯᠢ ᠶᠢᠨ ᠭᠠᠳᠠᠨ᠎ᠠ

ᠭᠠᠷᠭᠠᠵᠦ ᠪᠤᠯᠬᠤ ᠦᠭᠡᠢ᠂ ᠬᠢᠯᠢ ᠶᠢᠨ ᠭᠠᠳᠠᠨᠠᠬᠢ ᠪᠠᠶᠢᠭᠤᠯᠤᠮᠵᠢ᠂ ᠬᠤᠪᠢ ᠬᠦᠮᠦᠨ ᠲᠠᠢ ᠬᠠᠮᠳᠤᠷᠠᠨ ᠲᠡᠬᠦᠨ ᠢ

ᠰᠤᠳᠤᠯᠤᠨ ᠠᠰᠢᠬᠯᠠᠵᠦ ᠪᠤᠯᠬᠤ ᠦᠬᠡᠢ᠃

       ᠠᠷᠪᠠᠨ ᠲᠤᠯᠤᠳᠤᠭᠠᠷ ᠵᠦᠢᠯ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠢᠯᠢ ᠪᠠᠷ ᠤᠷᠤᠭᠤᠯᠵᠦ

ᠭᠠᠷᠭᠠᠬᠤ ᠪᠠ ᠭᠠᠳᠠᠭᠠᠳᠦ ᠲᠠᠢ ᠬᠤᠷᠰᠢᠵᠦ ᠰᠤᠳᠤᠯᠤᠨ ᠠᠰᠢᠬᠯᠠᠬᠤ ᠶᠢ ᠬᠢᠨᠠᠨ ᠵᠦᠪᠰᠢᠶᠡᠷᠡᠬᠦ ᠠᠷᠭ᠎ᠠ ᠶᠢ

ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠤᠭᠳᠠᠭᠠᠨ᠎ᠠ᠃

       ᠭᠤᠷᠪᠠᠳᠤᠭᠠᠷ ᠪᠦᠯᠦᠭ ᠦᠷ᠎ᠠ ᠶᠢᠨ ᠮᠠᠯ ᠵᠢᠬᠦᠷᠳᠡᠨ ᠤ ᠡᠬᠦᠯᠳᠡᠷ ᠢ ᠰᠤᠩᠭᠤᠨ ᠪᠤᠶᠢᠵᠢᠭᠤᠯᠬᠤ ᠪᠠ

ᠦᠢᠯᠡᠳᠪᠦᠷᠢᠯᠡᠵᠦ ᠡᠵᠡᠩᠨᠡᠬᠦ

       ᠠᠷᠪᠠᠨ ᠨᠠᠢᠮᠠᠳᠤᠭᠠᠷ ᠵᠦᠢᠯ ᠤᠯᠤᠰ ᠠᠴᠠ ᠮᠠᠯ ᠵᠢᠬᠦᠷᠳᠡᠨ ᠤ ᠡᠬᠦᠯᠳᠡᠷ ᠢ ᠰᠤᠩᠭᠤᠨ ᠪᠤᠶᠢᠵᠢᠭᠤᠯᠬᠤ ᠪᠠ

ᠰᠠᠶᠢᠨ ᠡᠬᠦᠯᠳᠡᠷ ᠢ ᠲᠡᠯᠭᠡᠷᠡᠬᠦᠯᠤᠨ ᠬᠡᠷᠡᠭᠯᠡᠬᠦ ᠶᠢ ᠲᠡᠳᠬᠦᠵᠦ᠂ ᠠᠵᠦ ᠠᠬᠤᠢᠢᠯᠠᠯ᠂ ᠲᠡᠭᠡᠳᠦ ᠰᠤᠷᠭᠠᠭᠤᠯᠢ᠂

ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠬᠢᠭᠡᠳ ᠮᠡᠷᠬᠡᠵᠢᠯ ᠲᠡᠯᠭᠡᠷᠡᠬᠦᠯᠬᠦ ᠨᠢᠭᠡᠴᠢ ᠶᠢᠨ ᠬᠢᠨ

ᠬᠤᠯᠪᠤᠭᠠᠯᠠᠵᠦ ᠪᠠᠶᠢᠭᠠᠳ ᠦᠷ᠎ᠠ ᠪᠤᠶᠢᠵᠢᠭᠤᠯᠬᠤ ᠠᠵᠢᠯ ᠢ ᠦᠷᠨᠢᠬᠦᠯᠦᠨ᠂ ᠮᠠᠯ ᠵᠢᠬᠦᠷᠳᠡᠨ ᠤ ᠰᠠᠶᠢᠨ ᠡᠬᠦᠯᠳᠡᠷ ᠢ

ᠦᠷᠡᠵᠢᠬᠦᠯᠦᠨ ᠪᠤᠶᠢᠵᠢᠭᠤᠯᠬᠤ ᠰᠢᠰᠲ᠋ᠧᠮ ᠪᠠᠶᠢᠭᠤᠯᠬᠤ ᠶᠢ ᠲᠡᠮᠵᠢᠨ᠎ᠠ᠃

       ᠠᠷᠪᠠ ᠶᠢᠰᠦᠳᠦᠭᠡᠷ ᠵᠦᠢᠯ ᠪᠤᠶᠢᠵᠢᠭᠤᠯᠤᠬᠰᠠᠨ ᠮᠠᠯ ᠵᠢᠬᠦᠷᠳᠡᠨ ᠤ ᠰᠢᠨ᠎ᠠ ᠡᠬᠦᠯᠳᠡᠷ᠂ ᠲᠦᠭᠦᠷᠵᠢᠭᠰᠡᠨ

ᠤᠳᠤᠮ ᠬᠢᠭᠡᠳ ᠰᠢᠨ᠎ᠠ ᠪᠠᠷ ᠢᠯᠡᠷᠡᠬᠦᠯᠦᠭᠰᠡᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ

ᠲᠡᠯᠭᠡᠷᠡᠬᠦᠯᠬᠦ ᠠᠴᠠ ᠡᠮᠦᠨ᠎ᠠ᠂ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠺᠤᠮᠢᠰ ᠢᠶᠠᠷ ᠬᠢᠨᠠᠨ

ᠲᠤᠭᠳᠠᠭᠠᠯᠭᠠᠬᠤ ᠪᠤᠶᠤ ᠰᠢᠯᠭᠠᠨ ᠲᠤᠭᠳᠠᠭᠠᠯᠭᠠᠬᠤ ᠶᠢᠨ ᠬᠠᠮᠳᠦ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ

ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠠᠨ ᠨᠡᠶᠢᠳᠡᠯᠡᠬᠦ

ᠬᠡᠷᠡᠭᠳᠠᠢ᠃ ᠮᠠᠯ ᠵᠢᠬᠦᠷᠳᠡᠨ ᠤ ᠰᠢᠨ᠎ᠠ ᠡᠬᠦᠯᠳᠡᠷ᠂ ᠲᠦᠬᠦᠷᠵᠢᠭᠰᠡᠨ ᠤᠳᠤᠮ ᠢ ᠬᠢᠨᠠᠨ ᠲᠤᠭᠳᠠᠭᠠᠬᠤ ᠠᠷᠭ᠎ᠠ ᠪᠠ ᠮᠠᠯ

ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠰᠢᠯᠭᠠᠨ ᠲᠤᠭᠳᠠᠭᠠᠬᠤ ᠠᠷᠭ᠎ᠠ ᠶᠢ ᠲᠦᠷᠦ ᠶᠢᠨ ᠶᠠᠪᠤᠳᠠᠯ ᠤᠨ

ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ

ᠮᠦᠴᠢᠷ ᠠᠴᠠ ᠲᠤᠭᠳᠠᠭᠠᠨ᠎ᠠ᠃ ᠬᠢᠨᠠᠨ ᠲᠤᠭᠳᠠᠭᠠᠬᠤ ᠪᠤᠶᠤ ᠰᠢᠯᠭᠠᠨ ᠲᠤᠭᠳᠠᠭᠠᠬᠤ ᠳᠤ ᠬᠡᠷᠡᠭᠰᠡᠬᠦ ᠲᠤᠷᠰᠢᠯᠳᠠ ᠬᠢᠬᠦ

᠂ ᠰᠢᠯᠭᠠᠨ ᠬᠡᠮᠵᠢᠬᠦ ᠵᠠᠷᠭᠡ ᠶᠢᠨ ᠵᠠᠷᠤᠳᠠᠯ ᠰᠦᠢᠳᠭᠡᠯ ᠢ ᠭᠤᠶᠤᠴᠢᠯᠠᠭᠴᠢ ᠲᠠᠭᠠᠭᠠᠨ᠎ᠠ᠂ ᠵᠠᠷᠤᠳᠠᠯ ᠬᠤᠷᠢᠶᠠᠬᠤ

ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ᠂ ᠦᠨ᠎ᠠ ᠬᠠᠨᠭ᠍ᠰᠢ ᠶᠢᠨ ᠰᠠᠯᠠᠭ᠎ᠠ

ᠮᠦᠴᠢᠷ ᠤᠨ ᠬᠢᠨ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ

ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠤᠷᠠᠠ ᠲᠤᠭᠳᠠᠭᠠᠨ᠎ᠠ᠃ ᠮᠠᠯ ᠵᠢᠬᠦᠷᠳᠡᠨ ᠤ ᠰᠢᠨ᠎ᠠ

ᠡᠬᠦᠯᠳᠡᠷ᠂ ᠲᠦᠬᠦᠷᠵᠢᠭᠰᠡᠨ ᠤᠳᠤᠮ ᠢ ᠪᠤᠶᠢᠵᠢᠭᠤᠯᠬᠤ ᠶᠠᠪᠤᠴᠠ ᠲᠤᠮᠳᠠᠬᠢ ᠲᠤᠷᠰᠢᠯᠳᠠ ᠶᠢ ᠬᠢᠬᠦ ᠳᠤ ᠲᠤᠷᠰᠢᠯᠳᠠ

ᠬᠢᠵᠦ ᠪᠠᠶᠢᠭ᠎ᠠ ᠭᠠᠵᠠᠷ ᠤᠷᠤᠨ ᠤ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ

ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠠᠷᠡᠬᠦᠯᠬᠦ ᠭᠡᠷᠡᠭᠳᠠᠢ᠃

ᠮᠠᠯ ᠵᠢᠬᠦᠷᠳᠡᠨ ᠤ ᠰᠢᠨ᠎ᠠ ᠡᠬᠦᠯᠳᠡᠷ᠂ ᠲᠦᠬᠦᠷᠵᠢᠭᠰᠡᠨ ᠤᠳᠤᠮ ᠢ ᠪᠤᠶᠢᠵᠢᠭᠤᠯᠤᠭᠰᠡᠳ ᠤᠨ ᠬᠠᠦᠯᠢ ᠶᠤᠰᠤᠨ ᠤ

ᠡᠷᠭᠡ ᠠᠰᠢᠭ ᠢ ᠬᠠᠤᠯᠢ ᠪᠠᠷ ᠬᠠᠮᠠᠭᠠᠯᠠᠨ᠎ᠠ᠃

       ᠬᠤᠷᠢᠳᠤᠭᠠᠷ ᠵᠦᠢᠯ ᠭᠧᠨ ᠰᠢᠯᠵᠢᠬᠦᠯᠦᠭᠰᠠᠨ ᠮᠠᠯ ᠵᠢᠬᠦᠷᠳᠡᠨ ᠤ ᠡᠬᠦᠯᠳᠡᠷ ᠢ ᠪᠤᠶᠢᠵᠢᠭᠤᠯᠬᠤ᠂ ᠲᠤᠷᠰᠢᠯᠳᠠ

ᠬᠢᠬᠦ᠂ ᠬᠢᠨᠠᠨ ᠲᠤᠭᠳᠠᠭᠠᠬᠤ ᠪᠠ ᠲᠡᠯᠭᠡᠷᠡᠬᠦᠯᠬᠦ ᠳᠤ ᠤᠯᠤᠰ ᠤᠨ ᠲᠠᠷᠢᠶᠠᠯᠠᠩ ᠤᠨ ᠭᠧᠨ ᠰᠢᠯᠵᠢᠬᠦᠯᠬᠦ ᠠᠮᠢᠳᠦ

ᠪᠤᠳᠠᠰ ᠤᠨ ᠬᠠᠮᠢᠶᠠᠷᠤᠯᠳᠠ ᠶᠢᠨ ᠬᠤᠯᠪᠤᠭᠳᠠᠯ ᠪᠦᠬᠦᠢ ᠲᠤᠭᠳᠠᠭᠠᠯ ᠳᠤ ᠨᠡᠶᠢᠴᠡᠭᠰᠡᠨ ᠪᠠᠶᠢᠬᠤ ᠭᠡᠷᠡᠭᠳᠠᠢ᠃

       ᠬᠤᠷᠢᠨ ᠨᠢᠭᠡᠳᠦᠭᠡᠷ ᠵᠦᠢᠯ ᠮᠤᠵᠢ ᠶᠢᠨ ᠱᠠᠳᠤᠨ ᠠᠴᠠ ᠲᠡᠭᠡᠭᠰᠢᠬᠢ ᠮᠠᠯ ᠠᠵᠦ ᠠᠬᠤᠢ ᠮᠠᠯ ᠡᠮᠨᠡᠯᠭᠡ ᠶᠢᠨ

ᠮᠡᠷᠭᠡᠵᠢᠯ ᠲᠡᠯᠭᠡᠷᠡᠬᠦᠯᠬᠦ ᠪᠠᠶᠢᠭᠤᠯᠤᠮᠵᠢ ᠨᠤᠭᠤᠳ ᠦᠷ᠎ᠠ ᠶᠢᠨ ᠮᠠᠯ ᠤᠨ ᠰᠢᠯᠢᠳᠡᠭ ᠪᠤᠳᠠᠭᠠᠯᠢ ᠪᠠᠶ᠎ᠠ ᠶᠢ ᠲᠠᠩᠰᠠᠯᠠᠵᠦ᠂

ᠰᠢᠯᠢᠳᠡᠭ ᠦᠷ᠎ᠠ ᠶᠢᠨ ᠮᠠᠯ ᠢ ᠨᠡᠶᠢᠭᠡᠮ ᠨᠡᠶᠢᠳᠡ ᠳᠤ ᠲᠠᠨᠢᠯᠴᠠᠭᠤᠯᠬᠤ ᠠᠵᠢᠯ ᠢ ᠵᠤᠬᠢᠶᠠᠨ ᠪᠠᠶᠢᠭᠤᠯᠤᠨ ᠦᠷᠨᠢᠬᠦᠯᠵᠦ

ᠪᠤᠯᠤᠨ᠎ᠠ᠃ ᠰᠢᠯᠢᠳᠡᠭ ᠦᠷ᠎ᠠ ᠶᠢᠨ ᠮᠠᠯ ᠢ ᠲᠠᠩᠰᠠᠯᠠᠬᠤ ᠲᠦᠷᠢᠮ ᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ

ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠨ᠎ᠠ᠃

       ᠬᠤᠷᠢᠨ ᠬᠤᠶᠠᠳᠤᠭᠠᠷ ᠵᠦᠢᠯ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠪᠤᠶᠤ

ᠲᠠᠸᠠᠷ ᠤᠨ ᠲᠦᠯ ᠮᠠᠯ᠂ ᠵᠢᠬᠦᠷᠳᠡᠨ ᠤ ᠴᠤᠷᠪᠠᠭ᠎ᠠ ᠶᠢ ᠪᠤᠶᠢᠵᠢᠭᠤᠯᠤᠨ ᠦᠢᠯᠡᠳᠪᠦᠷᠢᠯᠡᠬᠦ ᠠᠵᠢᠯ ᠢ ᠡᠷᠬᠢᠯᠡᠵᠦ ᠪᠠᠶᠢᠭ᠎ᠠ

ᠨᠢᠭᠡᠴᠢ᠂ ᠬᠤᠪᠢ ᠬᠦᠮᠦᠨ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠠᠷᠡᠯ ᠤᠨ

ᠦᠨᠡᠮᠯᠡᠯ ᠢ ᠤᠯᠤᠬᠰᠠᠨ ᠪᠠᠶᠢᠬᠤ ᠭᠡᠷᠡᠭᠳᠠᠢ᠃ ᠭᠤᠶᠤᠴᠢᠯᠠᠬᠴᠢᠳ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ

ᠡᠵᠡᠩᠨᠡᠬᠦ ᠵᠦᠪᠰᠢᠶᠠᠷᠡᠯ ᠤᠨ ᠦᠨᠡᠮᠯᠡᠯ ᠢᠶᠠᠨ ᠠᠪᠴᠦ ᠦᠢᠯᠡᠳᠪᠦᠷᠢ ᠬᠤᠳᠠᠯᠳᠤᠭ᠎ᠠ ᠶᠢᠨ ᠬᠠᠮᠢᠶᠠᠷᠤᠯᠳᠠ ᠶᠢᠨ ᠰᠠᠯᠠᠭ᠎ᠠ

ᠮᠦᠴᠢᠷ ᠲᠤ ᠬᠠᠦᠯᠢ ᠶᠤᠰᠤᠭᠠᠷ ᠲᠠᠩᠰᠠᠯᠠᠭᠤᠯᠵᠦ᠂ ᠡᠵᠡᠩᠨᠡᠯᠳᠡ ᠶᠢᠨ ᠦᠨᠡᠮᠯᠡᠯ ᠢ ᠤᠯᠤᠬᠰᠠᠨ ᠤ ᠪᠠᠨ ᠲᠠᠷᠠᠭ᠎ᠠ

ᠰᠠᠶ᠋ᠢ ᠦᠢᠯᠡᠳᠪᠦᠷᠢᠯᠡᠵᠦ ᠡᠵᠡᠩᠨᠡᠬᠦ ᠠᠵᠢᠯᠯᠠᠭ᠎ᠠ ᠬᠢᠵᠦ ᠪᠤᠯᠤᠨ᠎ᠠ᠃ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ

ᠡᠵᠡᠩᠨᠡᠬᠦ ᠵᠦᠪᠰᠢᠶᠠᠷᠡᠯ ᠤᠨ ᠦᠨᠡᠮᠯᠡᠯ ᠤᠯᠬᠤ ᠪᠠᠷ ᠭᠤᠶᠤᠴᠢᠯᠠᠬᠤ ᠳᠤ ᠲᠤᠤᠷ᠎ᠠ ᠵᠢᠬᠰᠠᠭᠠᠭᠰᠠᠨ ᠨᠦᠬᠦᠴᠡᠯ ᠤᠳ ᠢ

ᠪᠦᠷᠢᠯᠳᠦᠬᠦᠯᠦᠭᠰᠡᠨ ᠪᠠᠶᠢᠬᠤ ᠭᠡᠷᠡᠭᠳᠠᠢ᠄ ︵ᠨᠢᠭᠡ︶ ᠦᠢᠯᠡᠳᠪᠦᠷᠢᠯᠡᠵᠦ ᠡᠵᠡᠩᠨᠡᠬᠦ ᠦᠷ᠎ᠠ ᠶᠢᠨ ᠮᠠᠯ ᠵᠢᠬᠦᠷᠳᠡᠨ ᠨᠢ

ᠡᠷᠭᠡᠪᠰᠢ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠺᠤᠮᠢᠰ ᠢᠶᠠᠷ ᠬᠢᠨᠠᠨ ᠲᠤᠭᠳᠠᠭᠠᠯᠭᠠᠭᠰᠠᠨ

ᠪᠤᠶᠤ ᠰᠢᠯᠭᠠᠨ ᠲᠤᠭᠳᠠᠭᠠᠯᠭᠠᠭᠰᠠᠨ ᠡᠬᠦᠯᠳᠡᠷ᠂ ᠲᠦᠬᠦᠷᠵᠢᠭᠰᠡᠨ ᠤᠳᠤᠮ ᠪᠠᠶᠢᠬᠤ ᠭᠡᠷᠡᠭᠳᠡᠢ᠂ ᠡᠰᠡᠬᠦᠯ᠎ᠠ

ᠵᠦᠪᠰᠢᠶᠡᠷᠡᠬᠦᠯᠦᠭᠡᠳ ᠤᠷᠤᠭᠤᠯᠵᠦ ᠢᠷᠡᠭᠰᠠᠨ ᠬᠢᠯᠢ ᠶᠢᠨ ᠭᠠᠳᠠᠨᠠᠬᠢ ᠡᠬᠦᠯᠳᠡᠷ᠂ ᠲᠦᠬᠦᠷᠵᠢᠭᠰᠡᠨ ᠤᠳᠤᠮ ᠪᠠᠶᠢᠬᠤ

ᠬᠡᠷᠡᠭᠳᠠᠢ︔ ︵ᠬᠤᠶᠠᠷ︶ ᠦᠢᠯᠡᠳᠪᠦᠷᠢᠯᠡᠵᠦ ᠡᠵᠡᠩᠨᠡᠬᠦ ᠬᠡᠪᠴᠢᠶ᠎ᠠ ᠳᠡᠭᠡᠨ ᠲᠤᠬᠢᠷᠠᠭᠰᠠᠨ ᠮᠠᠯ ᠠᠵᠦ ᠠᠬᠤᠢ ᠮᠠᠯ

ᠡᠮᠨᠡᠯᠭᠡ ᠶᠢᠨ ᠮᠡᠷᠭᠡᠵᠢᠯ ᠤᠨ ᠠᠵᠢᠯᠳᠠᠨ ᠲᠠᠢ ᠪᠠᠶᠢᠬᠤ︔ ︵ᠭᠤᠷᠪᠠ︶ ᠦᠢᠯᠡᠳᠪᠦᠷᠢᠯᠡᠵᠦ ᠡᠵᠡᠩᠨᠡᠬᠦ

ᠬᠡᠪᠴᠢᠶ᠎ᠠ ᠳᠡᠭᠡᠨ ᠲᠤᠬᠢᠷᠠᠭᠰᠠᠨ ᠦᠷᠡᠵᠢᠬᠦᠯᠦᠨ ᠪᠤᠶᠢᠵᠢᠭᠤᠯᠬᠤ ᠪᠡᠯᠡᠳᠬᠡᠮᠵᠢ ᠲᠤᠨᠤᠭ ᠲᠦᠬᠦᠬᠡᠷᠤᠮᠵᠢ ᠲᠠᠢ ᠪᠠᠶᠢᠬᠤ︔

︵ᠲᠦᠷᠪᠡ︶ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠳᠤᠭᠳᠠᠭᠠᠯ ᠬᠢᠭᠡᠳ ᠲᠦᠷᠦ ᠶᠢᠨ ᠶᠠᠪᠤᠳᠠᠯ ᠤᠨ

ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ

ᠲᠤᠭᠳᠠᠭᠠᠭᠰᠠᠨ ᠦᠷ᠎ᠠ ᠶᠢᠨ ᠮᠠᠯ ᠵᠢᠬᠦᠷᠳᠡᠨ ᠤ ᠬᠢᠵᠢᠭ ᠰᠡᠷᠬᠡᠶᠢᠯᠡᠬᠦ ᠨᠦᠬᠦᠴᠡᠯ ᠢ ᠪᠦᠷᠢᠯᠳᠦᠬᠦᠯᠦᠭᠰᠡᠨ ᠪᠠᠶᠢᠬᠤ︔ ︵

ᠲᠠᠪᠤ︶ ᠪᠦᠷᠢᠨ ᠲᠡᠬᠦᠯᠳᠡᠷ ᠶᠠᠰᠦ ᠴᠢᠨᠠᠷ ᠤᠨ ᠬᠠᠮᠢᠶᠠᠷᠤᠯᠳᠠ ᠪᠠ ᠦᠷ᠎ᠠ ᠪᠤᠶᠢᠵᠢᠭᠤᠯᠬᠤ ᠲᠡᠮᠳᠡᠭᠯᠡᠯ ᠤᠨ

ᠲᠦᠷᠢᠮ ᠲᠠᠢ ᠪᠠᠶᠢᠬᠤ︔ ︵ᠵᠢᠷᠭᠤᠭ᠎ᠠ︶ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠳᠤᠭᠳᠠᠭᠠᠯ ᠳᠤ

ᠲᠤᠭᠳᠠᠭᠠᠨᠰᠠᠨ ᠪᠤᠰᠤᠳ ᠨᠦᠬᠦᠴᠡᠯ ᠤᠳ ᠢ ᠪᠦᠷᠢᠯᠳᠦᠬᠦᠯᠦᠭᠰᠡᠨ ᠪᠠᠶᠢᠬᠤ᠃

       ᠬᠤᠷᠢᠨ ᠭᠤᠷᠪᠠᠳᠤᠭᠠᠷ ᠵᠦᠢᠯ ᠭᠡᠷ ᠤᠨ ᠲᠡᠵᠢᠭᠡᠪᠦᠷᠢ ᠶᠢᠨ ᠦᠨᠳᠡᠭᠡᠨ ᠡᠰ᠂ ᠢᠴᠡᠭᠡᠯ ᠦᠷ᠎ᠠ᠂ ᠬᠦᠪᠤᠷᠡᠯ

ᠵᠡᠷᠭᠡ ᠤᠳᠤᠮᠯᠠᠯ ᠤᠨ ᠮᠠᠲ᠋ᠧᠷᠢᠶᠠᠯ ᠢ ᠦᠢᠯᠡᠳᠪᠦᠷᠢᠯᠡᠬᠦ ᠦᠢᠯᠡᠳᠪᠦᠷᠢᠯᠡᠯ ᠡᠵᠡᠩᠨᠡᠯᠳᠠ ᠶᠢᠨ ᠵᠦᠪᠰᠢᠶᠡᠷᠡᠯ ᠤᠨ

ᠦᠨᠡᠮᠯᠡᠯ ᠤᠯᠬᠤ ᠪᠠᠷ ᠭᠤᠶᠤᠴᠢᠯᠠᠬᠤ ᠳᠤ ᠬᠦᠷᠪᠡᠯ᠂ ᠲᠤᠰ ᠬᠠᠦᠯᠢ ᠶᠢᠨ ᠬᠤᠷᠢᠨ ᠬᠤᠶᠠᠳᠤᠭᠠᠷ ᠵᠦᠢᠯ ᠤᠨ

ᠬᠤᠶᠠᠳᠤᠭᠠᠷ ᠪᠠᠳᠠᠭ ᠲᠤ ᠲᠤᠭᠳᠠᠭᠠᠭᠰᠠᠨ ᠨᠦᠬᠦᠴᠡᠯ ᠳᠤ ᠨᠡᠶᠢᠴᠡᠬᠦ ᠠᠴᠠ ᠭᠠᠳᠠᠨ᠎ᠠ ᠪᠠᠰᠠ ᠲᠤᠤᠷ᠎ᠠ ᠵᠢᠬᠰᠠᠭᠠᠬᠰᠠᠨ

ᠨᠦᠬᠦᠴᠡᠯ ᠤᠳ ᠢ ᠪᠦᠷᠢᠯᠳᠦᠬᠦᠯᠦᠭᠰᠡᠨ ᠪᠠᠶᠢᠬᠤ ᠬᠡᠷᠡᠭᠳᠠᠢ᠄ ︵ᠨᠢᠭᠡ︶ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ

ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ

ᠲᠤᠷᠰᠢᠯᠳᠠ ᠶᠢᠨ ᠲᠠᠰᠤᠭ᠂ ᠬᠠᠳᠠᠭᠠᠯᠠᠬᠤ ᠪᠠ ᠵᠦᠭᠡᠭᠡᠪᠦᠷᠢᠯᠡᠬᠦ ᠨᠦᠬᠦᠴᠡᠯ ᠳᠤ ᠨᠡᠶᠢᠴᠡᠭᠰᠡᠨ ᠪᠠᠶᠢᠬᠤ︔ ︵ᠬᠤᠶᠠᠷ︶

ᠲᠦᠷᠦ ᠶᠢᠨ ᠶᠠᠪᠤᠳᠠᠯ ᠤᠨ ᠬᠤᠷᠢᠶᠠᠠ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ

ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ ᠦᠷ᠎ᠠ ᠶᠢᠨ ᠮᠠᠯ ᠤᠨ ᠲᠤᠭ᠎ᠠ ᠲᠤᠯᠤᠭᠠᠢ ᠪᠤᠯᠤᠨ ᠶᠠᠰᠦ

ᠴᠢᠨᠠᠷ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ︔ ︵ᠭᠤᠷᠪᠠ︶ ᠪᠡᠶ᠎ᠠ ᠶᠢᠨ ᠭᠠᠳᠠᠨ᠎ᠠ ᠦᠷ᠎ᠠ ᠲᠤᠭᠳᠠᠭᠠᠵᠦ

ᠤᠯᠤᠭᠰᠠᠨ ᠬᠦᠪᠤᠷᠡᠯ᠂ ᠬᠡᠷᠡᠭᠯᠡᠭᠰᠡᠨ ᠦᠨᠳᠡᠭᠡᠨ ᠡᠰ ᠤᠨ ᠢᠷᠡᠯᠳᠡ ᠨᠢ ᠲᠤᠳᠤᠷᠬᠠᠢ ᠪᠠᠶᠢᠵᠦ᠂ ᠦᠷ᠎ᠠ ᠲᠤᠭᠳᠠᠭᠠᠬᠤ

ᠮᠠᠯ ᠨᠢ ᠤᠯᠤᠰ ᠤᠨ ᠲᠤᠭᠳᠠᠭᠠᠭᠰᠠᠨ ᠦᠷ᠎ᠠ ᠶᠢᠨ ᠮᠠᠯ ᠤᠨ ᠡᠷᠡᠬᠦᠯ ᠤᠨ ᠪᠠᠷᠢᠮᠵᠢᠶ᠎ᠠ ᠪᠤᠯᠤᠨ ᠶᠠᠰᠦ ᠴᠢᠨᠠᠷ ᠤᠨ

ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ︔ ︵ᠲᠦᠷᠪᠡ︶ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ

ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ

ᠪᠤᠰᠤᠳ ᠮᠠᠷᠭᠡᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ᠃

       ᠬᠤᠷᠢᠨ ᠲᠦᠷᠪᠡᠳᠦᠭᠡᠷ ᠵᠦᠢᠯ ᠭᠡᠷ ᠤᠨ ᠲᠡᠵᠢᠭᠡᠪᠤᠷᠢ ᠶᠢᠨ ᠦᠨᠳᠡᠭᠡᠨ ᠡᠰ᠂ ᠢᠴᠡᠭᠡᠯ ᠦᠷ᠎ᠠ᠂ ᠬᠦᠪᠦᠷᠡᠯ

ᠵᠡᠷᠭᠡ ᠤᠳᠤᠮᠯᠠᠯ ᠤᠨ ᠡᠬᠢ ᠪᠠᠶᠠᠯᠢᠭ ᠤᠨ ᠮᠠᠲ᠋ᠧᠷᠢᠶᠠᠯ ᠢ ᠦᠢᠯᠡᠳᠪᠦᠷᠢᠯᠡᠬᠦ ᠦᠢᠯᠡᠳᠪᠦᠷᠢᠯᠡᠯ ᠡᠵᠡᠩᠨᠡᠯᠳᠠ ᠶᠢᠨ

ᠵᠦᠪᠰᠢᠶᠡᠷᠡᠯ ᠤᠨ ᠦᠨᠡᠮᠯᠡᠯ ᠤᠯᠬᠤ ᠪᠠᠷ ᠭᠤᠶᠤᠴᠢᠯᠠᠬᠤ ᠳᠤ ᠬᠦᠷᠪᠡᠯ᠂ ᠮᠤᠵᠢ ᠶᠢᠨ ᠱᠠᠳᠤᠨ ᠤ ᠠᠷᠠᠳ ᠤᠨ

ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ

ᠮᠦᠴᠢᠷ ᠲᠤ ᠭᠤᠶᠤᠴᠢᠯᠠᠯ ᠭᠠᠷᠭᠠᠬᠤ ᠬᠡᠷᠡᠭᠳᠠᠢ᠃ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠠᠨ ᠠᠪᠤᠭᠰᠠᠨ ᠮᠠᠯ

ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠭᠤᠶᠤᠴᠢᠯᠠᠯ ᠢ

ᠤᠯᠤᠭᠰᠠᠨ ᠡᠳᠦᠷ ᠠᠴᠠ ᠡᠬᠢᠯᠡᠭᠡᠳ ᠭᠤᠴᠢᠨ ᠠᠵᠢᠯ ᠤᠨ ᠡᠳᠦᠷ ᠤᠨ ᠲᠤᠳᠤᠷ᠎ᠠ ᠬᠢᠨᠠᠨ ᠪᠠᠶᠢᠴᠠᠭᠠᠵᠦ

ᠲᠠᠭᠤᠰᠬᠠᠬᠤ ᠶᠢᠨ ᠬᠠᠮᠳᠦ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ

ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ ᠬᠢᠨᠠᠨ ᠵᠦᠪᠰᠢᠶᠠᠷᠡᠬᠦᠯᠬᠦ ᠭᠡᠷᠡᠭᠳᠠᠢ︔

ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ

ᠬᠠᠮᠢᠶᠠᠷᠬᠤ ᠰᠠᠯᠠᠭ᠎ᠠ ᠮᠦᠴᠢᠷ ᠭᠤᠶᠤᠴᠢᠯᠠᠯ ᠢ ᠤᠯᠤᠭᠰᠠᠨ ᠡᠳᠦᠷ ᠠᠴᠠ ᠡᠬᠢᠯᠡᠵᠦ ᠵᠢᠷᠠᠨ ᠠᠵᠢᠯ ᠤᠨ ᠡᠳᠦᠷ ᠤᠨ

ᠲᠤᠳᠤᠷ᠎ᠠ᠂ ᠦᠢᠯᠡᠳᠪᠦᠷᠢᠯᠡᠯ ᠡᠵᠡᠩᠨᠡᠯᠳᠠ ᠶᠢᠨ ᠵᠦᠪᠰᠢᠶᠠᠷᠡᠯ ᠤᠨ ᠦᠨᠡᠮᠯᠡᠯ ᠢ ᠤᠯᠭᠤᠬᠤ ᠡᠰᠡᠬᠦ ᠶᠢ ᠬᠠᠦᠯᠢ

ᠶᠤᠰᠤᠭᠠᠷ ᠲᠤᠭᠳᠠᠭᠠᠬᠤ ᠭᠡᠷᠡᠭᠳᠠᠢ᠃ ᠪᠤᠰᠤᠳ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ

ᠵᠦᠪᠰᠢᠶᠡᠷᠡᠯ ᠤᠨ ᠦᠨᠡᠮᠯᠡᠯ ᠢ ᠰᠢᠶᠠᠨ ᠤ ᠱᠠᠳᠤᠨ ᠠᠴᠠ ᠲᠠᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ

ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ

ᠬᠢᠨᠠᠨ ᠪᠠᠶᠢᠴᠠᠭᠠᠵᠦ ᠤᠯᠭᠤᠨ᠎ᠠ᠂ ᠬᠢᠨᠠᠨ ᠪᠠᠶᠢᠴᠠᠭᠠᠵᠦ ᠤᠯᠭᠤᠬᠤ ᠪᠤᠳᠠᠳᠠᠢ ᠠᠷᠭ᠎ᠠ ᠶᠢ ᠮᠤᠵᠢ ᠶᠢᠨ ᠱᠠᠳᠤᠨ ᠤ

ᠠᠷᠠᠳ ᠤᠨ ᠵᠠᠰᠠᠭ ᠤᠨ ᠤᠷᠳᠤᠨ ᠠᠴᠠ ᠲᠤᠭᠳᠠᠭᠠᠨ᠎ᠠ᠃ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ

ᠡᠵᠡᠩᠨᠡᠬᠦ ᠵᠦᠪᠰᠢᠶᠡᠷᠡᠯ ᠤᠨ ᠦᠨᠡᠮᠯᠡᠯ ᠤᠨ ᠦᠯᠢᠭᠡᠷ ᠶᠠᠩᠵᠦ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ

ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠨ᠎ᠠ᠂

ᠵᠦᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠭᠤᠷᠪᠠᠨ ᠵᠢᠯ ᠪᠤᠯᠤᠨ᠎ᠠ᠃ ᠦᠷ᠎ᠠ ᠶᠢᠨ ᠮᠠᠯ

ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠢ ᠤᠯᠭᠤᠬᠤ ᠳᠤ ᠬᠦᠯᠦᠰᠦ ᠦᠷᠳᠡᠭ ᠤᠨ

ᠵᠠᠷᠤᠳᠠᠯ ᠬᠤᠷᠢᠶᠠᠵᠦ ᠪᠤᠯᠤᠨ᠎ᠠ᠂ ᠵᠠᠷᠤᠳᠠᠯ ᠬᠤᠷᠢᠶᠠᠬᠤ ᠪᠤᠳᠠᠳᠠᠢ ᠬᠠᠮᠢᠶᠠᠷᠤᠯᠳᠠ ᠶᠢᠨ ᠠᠷᠭ᠎ᠠ ᠶᠢ ᠲᠦᠷᠦ ᠶᠢᠨ

ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ᠂ ᠦᠨ᠎ᠠ ᠬᠠᠨᠭ᠍ᠰᠢ ᠶᠢᠨ ᠰᠠᠯᠠᠭ᠎ᠠ ᠮᠦᠴᠢᠷ ᠠᠴᠠ ᠲᠤᠭᠳᠠᠭᠠᠨ᠎ᠠ᠃

       ᠬᠤᠷᠢᠨ ᠲᠠᠪᠤᠳᠤᠭᠠᠷ ᠵᠦᠢᠯ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ

ᠵᠦᠪᠰᠢᠶᠡᠷᠡᠯ ᠤᠨ ᠦᠨᠡᠮᠯᠡᠯ ᠳᠤ ᠦᠢᠯᠡᠳᠪᠦᠷᠢᠯᠡᠵᠦ ᠡᠵᠡᠩᠨᠡᠭᠴᠢ ᠶᠢᠨ ᠨᠡᠷᠡᠶᠢᠳᠤᠯ᠂ ᠲᠠᠯᠠᠪᠠᠢ ︵ᠦᠢᠯᠡᠳᠪᠤᠷᠢ︶ ᠶᠢᠨ

ᠬᠠᠶ᠋ᠢᠭ᠂ ᠦᠢᠯᠡᠳᠪᠦᠷᠢᠯᠡᠵᠦ ᠡᠵᠡᠩᠨᠡᠬᠦ ᠬᠡᠪᠴᠢᠶ᠎ᠠ ᠵᠢᠴᠢ ᠵᠦᠪᠰᠢᠶᠡᠷᠡᠯ ᠤᠨ ᠦᠨᠡᠮᠯᠡᠯ ᠤᠨ ᠬᠦᠴᠦᠨ ᠲᠠᠢ

ᠬᠤᠭᠤᠴᠠᠭ᠎ᠠ ᠶᠢᠨ ᠡᠬᠢᠯᠡᠵᠦ ᠳᠠᠭᠤᠰᠬᠤ ᠡᠳᠦᠷ ᠬᠤᠭᠤᠴᠠᠭ᠎ᠠ ᠵᠡᠷᠭᠡ ᠶᠢ ᠲᠤᠳᠤᠷᠬᠠᠢᠢᠯᠠᠬᠤ ᠬᠡᠷᠡᠭᠳᠠᠢ᠃ ᠶᠠᠮᠠᠷᠪᠠ

ᠨᠢᠭᠡᠴᠢ᠂ ᠬᠤᠪᠢ ᠬᠦᠮᠦᠨ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ

ᠦᠭᠡᠢ ᠪᠤᠶᠤ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠳᠠᠬᠢ

ᠲᠤᠭᠳᠠᠭᠠᠯ ᠢ ᠵᠦᠷᠢᠴᠡᠵᠦ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠶᠢ ᠴᠠᠭᠠᠵᠠᠯᠠᠨ᠎ᠠ᠃

ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠢ ᠬᠠᠭᠤᠷᠮᠠᠬᠯᠠᠨ ᠵᠤᠬᠢᠶᠠᠬᠤ

᠂ ᠦᠭᠡᠷᠡᠳᠡᠬᠦᠯᠦᠨ ᠵᠤᠬᠢᠶᠠᠬᠤ᠂ ᠰᠢᠯᠵᠢᠬᠦᠯᠦᠨ ᠦᠭᠬᠦ᠂ ᠲᠦᠷᠢᠶᠡᠰᠦᠯᠡᠬᠦᠯᠵᠦ ᠵᠢᠭᠡᠯᠡᠬᠦᠯᠬᠦ ᠶᠢ ᠴᠠᠭᠠᠵᠠᠯᠠᠨ᠎ᠠ᠃

       ᠬᠤᠷᠢᠨ ᠵᠢᠷᠭᠤᠳᠤᠭᠠᠷ ᠵᠦᠢᠯ ᠲᠠᠷᠢᠶᠠᠴᠢᠨ ᠡᠷᠦᠭᠡ ᠶᠢᠨ ᠠᠷᠠᠴᠢᠯᠠᠨ ᠲᠡᠵᠢᠭᠡᠭᠰᠡᠨ ᠦᠷ᠎ᠠ ᠶᠢᠨ ᠮᠠᠯ

ᠵᠢᠬᠦᠷᠳᠡᠨ ᠢᠶᠠᠨ ᠦᠪᠡᠷ ᠢᠶᠠᠨ ᠦᠷᠡᠵᠢᠬᠦᠯᠦᠨ ᠲᠡᠵᠢᠭᠡᠬᠦ ᠪᠠ ᠦᠯᠡᠬᠦᠳᠡᠭᠰᠡᠨ ᠴᠦᠬᠡᠪᠤᠷᠢ ᠲᠦᠯ ᠮᠠᠯ᠂ ᠵᠢᠬᠦᠷᠳᠡᠨ ᠤ

ᠴᠤᠷᠪᠠᠭ᠎ᠠ ᠪᠠᠨ ᠬᠤᠳᠠᠯᠳᠤᠬᠤ ᠳᠤ᠂ ᠲᠠᠷᠢᠶᠠᠴᠢᠨ ᠡᠷᠦᠭᠡ ᠬᠡᠬᠡᠯᠳᠦᠬᠦᠯᠦᠭᠴᠢ ᠮᠠᠯ ᠲᠡᠵᠢᠬᠡᠭᠡᠳ ᠳᠤᠰᠠᠯᠠᠯᠴᠠᠬᠤ

ᠬᠡᠬᠡᠯᠳᠦᠬᠦᠯᠭᠡ ᠬᠢᠬᠦ ᠳᠤ ᠬᠦᠷᠪᠡᠯ᠂ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ

ᠦᠨᠡᠮᠯᠡᠯ ᠠᠪᠬᠤ ᠭᠡᠷᠡᠭ ᠦᠭᠡᠢ᠃

       ᠬᠤᠷᠢᠨ ᠲᠤᠯᠤᠳᠤᠭᠠᠷ ᠵᠦᠢᠯ ᠲᠤᠰᠬᠠᠢᠢᠯᠠᠨ ᠭᠡᠷ ᠤᠨ ᠲᠡᠵᠢᠬᠡᠪᠤᠷᠢ ᠶᠢᠨ ᠭᠠᠷ ᠬᠡᠬᠡᠯᠳᠦᠬᠦᠯᠭᠡ᠂ ᠬᠦᠪᠦᠷᠡᠯ

ᠰᠢᠯᠵᠢᠬᠦᠯᠬᠦ ᠵᠡᠷᠭᠡ ᠦᠷᠡᠵᠢᠬᠦᠯᠬᠦ ᠠᠵᠢᠯ ᠢ ᠬᠢᠵᠦ ᠪᠠᠶᠢᠭ᠎ᠠ ᠠᠵᠢᠯᠳᠠᠨ᠂ ᠤᠯᠤᠰ ᠤᠨ ᠠᠵᠢᠯ ᠮᠡᠷᠬᠡᠵᠢᠯ ᠤᠨ

ᠵᠤᠬᠢᠴᠠᠩᠭᠤᠢ ᠬᠢᠷᠢ ᠬᠡᠮ ᠤᠨ ᠦᠨᠡᠮᠯᠡᠯ ᠢ ᠤᠯᠤᠭᠰᠠᠨ ᠪᠠᠶᠢᠬᠤ ᠭᠡᠷᠡᠭᠳᠠᠢ᠃

       ᠬᠤᠷᠢᠨ ᠨᠡᠢᠮᠠᠳᠤᠭᠠᠷ ᠵᠦᠢᠯ ᠦᠷ᠎ᠠ ᠶᠢᠨ ᠮᠠᠯ ᠵᠢᠬᠦᠷᠳᠡᠨ ᠤ ᠲᠤᠬᠠᠢ ᠵᠠᠷ ᠨᠡᠶᠢᠳᠡᠯᠡᠬᠦ ᠳᠤ ᠬᠦᠷᠪᠡᠯ᠂ ᠵᠠᠷ

ᠨᠡᠶᠢᠳᠡᠯᠡᠬᠦᠯᠦᠭᠴᠢ ᠨᠢ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ

ᠪᠤᠯᠤᠨ ᠡᠵᠡᠩᠨᠡᠯᠳᠡ ᠶᠢᠨ ᠦᠨᠡᠮᠯᠡᠯ ᠢᠶᠠᠨ ᠬᠠᠨᠭ᠍ᠭᠠᠬᠤ ᠭᠡᠷᠡᠭᠳᠠᠢ᠃ ᠵᠠᠷ ᠤᠨ ᠠᠭᠤᠯᠭ᠎ᠠ ᠨᠢ ᠬᠤᠯᠪᠤᠭᠳᠠᠯ ᠪᠦᠬᠦᠢ

ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠲᠦᠷᠢᠮ ᠤᠨ ᠲᠤᠭᠳᠠᠭᠠᠯ ᠳᠤ ᠨᠡᠶᠢᠴᠡᠭᠰᠡᠨ ᠪᠠᠶᠢᠬᠤ ᠬᠡᠷᠡᠭᠳᠠᠢ

ᠪᠦᠭᠡᠳ ᠦᠷ᠎ᠠ ᠶᠢᠨ ᠮᠠᠯ ᠵᠢᠬᠦᠷᠳᠡᠨ ᠤ ᠡᠬᠦᠯᠳᠡᠷ᠂ ᠲᠦᠬᠦᠷᠵᠢᠭᠰᠡᠨ ᠤᠳᠤᠮ ᠤᠨ ᠬᠢᠨᠠᠨ ᠲᠤᠭᠳᠠᠭᠠᠯᠳᠠ ᠪᠤᠶᠤ

ᠰᠢᠯᠭᠠᠨ ᠲᠤᠭᠳᠠᠭᠠᠯᠳᠠ ᠶᠢᠨ ᠨᠡᠷ᠎ᠠ ᠶᠢ ᠲᠤᠳᠤᠷᠬᠠᠢᠢᠯᠠᠨ ᠲᠡᠮᠳᠡᠭᠯᠡᠭᠰᠡᠨ ᠪᠠᠶᠢᠬᠤ ᠭᠡᠷᠡᠭᠳᠠᠢ︔ ᠭᠤᠤᠯ ᠰᠢᠨᠵᠢ

ᠪᠠᠶᠢᠳᠠᠯ ᠤᠨ ᠲᠤᠬᠠᠢ ᠲᠦᠷᠰᠦᠯᠡᠨ ᠲᠤᠭᠠᠴᠢᠬᠰᠠᠨ ᠨᠢ ᠲᠤᠰ ᠡᠬᠦᠯᠳᠡᠷ᠂ ᠲᠦᠬᠦᠷᠵᠢᠭᠰᠡᠨ ᠤᠳᠤᠮ ᠤᠨ

ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠭᠡᠷᠡᠭᠳᠠᠢ᠃

       ᠬᠤᠷᠢ ᠶᠢᠰᠦᠳᠦᠭᠡᠷ ᠵᠦᠢᠯ ᠪᠤᠷᠤᠯᠠᠭᠤᠯᠬᠤ ᠦᠷ᠎ᠠ ᠶᠢᠨ ᠮᠠᠯ ᠵᠢᠬᠦᠷᠳᠡᠨ ᠪᠠ ᠭᠡᠷ ᠤᠨ ᠲᠡᠵᠢᠬᠡᠪᠤᠷᠢ ᠶᠢᠨ

ᠬᠡᠬᠡᠯᠳᠦᠬᠦᠯᠭᠡ ᠶᠢᠨ ᠦᠷᠳᠡᠭᠡ ︵ᠴᠡᠭ︶ ᠳᠤ ᠬᠡᠷᠡᠭᠯᠡᠵᠦ ᠪᠠᠶᠢᠭ᠎ᠠ ᠬᠡᠬᠡᠯᠳᠦᠬᠦᠯᠦᠭᠴᠢ ᠮᠠᠯ ᠨᠢ ᠡᠷᠬᠡᠪᠰᠢ

ᠭᠡᠭᠡᠯᠳᠦᠬᠦᠯᠭᠡ ᠳᠤ ᠬᠡᠷᠡᠭᠯᠡᠬᠦ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠭᠡᠷᠡᠭᠳᠠᠢ᠃ ᠦᠷ᠎ᠠ ᠶᠢᠨ ᠮᠠᠯ ᠵᠢᠬᠦᠷᠳᠡᠨ ᠢ

ᠪᠤᠷᠤᠯᠠᠭᠤᠯᠬᠤ ᠦᠶ᠎ᠠ ᠳᠤ᠂ ᠦᠷ᠎ᠠ ᠶᠢᠨ ᠮᠠᠯ ᠵᠢᠬᠦᠷᠳᠡᠨ ᠤ ᠲᠠᠯᠠᠪᠠᠢ ᠠᠴᠠ ᠭᠠᠷᠭᠠᠵᠦ ᠦᠭᠬᠦᠭᠰᠡᠨ ᠦᠷ᠎ᠠ ᠶᠢᠨ ᠮᠠᠯ

ᠵᠢᠬᠦᠷᠳᠡᠨ ᠤ ᠬᠢᠷᠢ ᠲᠡᠩᠴᠡᠭᠰᠡᠨ ᠬᠡᠷᠡᠴᠢ᠂ ᠠᠮᠢᠳᠡᠠ ᠤ ᠬᠢᠵᠢᠭ ᠢ ᠰᠡᠷᠬᠡᠶᠢᠯᠡᠨ ᠬᠢᠨᠠᠬᠤ ᠪᠠᠶᠢᠭᠤᠯᠤᠮᠵᠢ ᠠᠴᠠ

ᠭᠠᠷᠭᠠᠵᠦ ᠦᠭᠬᠦᠭᠰᠡᠨ ᠬᠢᠵᠢᠭ ᠤᠨ ᠪᠠᠶᠢᠴᠠᠭᠠᠯᠳᠠ ᠳᠤ ᠬᠢᠷᠢ ᠲᠡᠩᠴᠡᠭᠰᠡᠨ ᠭᠡᠷᠡᠴᠢ ᠶᠢ ᠲᠠᠭᠠᠯᠳᠤᠭᠤᠯᠤᠭᠰᠠᠨ ᠪᠠᠶᠢᠬᠤ

ᠭᠡᠷᠡᠭᠳᠠᠢ᠂ ᠪᠤᠷᠤᠯᠠᠭᠤᠯᠬᠤ ᠦᠷ᠎ᠠ ᠶᠢᠨ ᠮᠠᠯ ᠳᠤ ᠪᠠᠰᠠ ᠦᠷ᠎ᠠ ᠶᠢᠨ ᠮᠠᠯ ᠵᠢᠬᠦᠷᠳᠡᠨ ᠤ ᠲᠠᠯᠠᠪᠠᠢ ᠠᠴᠠ ᠭᠠᠷᠭᠠᠵᠦ

ᠦᠭᠬᠦᠭᠰᠡᠨ ᠭᠡᠷ ᠤᠨ ᠲᠡᠵᠢᠬᠡᠪᠦᠷᠢ ᠶᠢᠨ ᠤᠳᠤᠮ ᠤᠨ ᠲᠡᠮᠳᠡᠭᠯᠡᠯ ᠢ ᠲᠠᠭᠠᠯᠳᠤᠭᠤᠯᠤᠭᠰᠠᠨ ᠪᠠᠶᠢᠬᠤ ᠭᠡᠷᠡᠭᠳᠠᠢ᠃

ᠭᠡᠷ ᠤᠨ ᠲᠡᠵᠢᠭᠡᠪᠤᠷᠢ ᠶᠢᠨ ᠦᠨᠳᠡᠭᠡᠨ ᠡᠰ᠂ ᠢᠴᠡᠭᠡᠯ ᠦᠷ᠎ᠠ᠂ ᠬᠦᠪᠦᠷᠡᠯ ᠵᠠᠷᠭᠡ ᠤᠳᠤᠮᠯᠠᠯ ᠤᠨ ᠮᠠᠲ᠋ᠧᠷᠢᠶᠠᠯ ᠢ

ᠦᠢᠯᠡᠳᠪᠦᠷᠢᠯᠡᠬᠦ ᠳᠡᠭᠡᠨ ᠦᠷ᠎ᠠ ᠠᠪᠤᠭᠰᠠᠨ᠂ ᠪᠤᠷᠤᠯᠠᠭᠤᠯᠤᠭᠰᠠᠨ᠂ ᠰᠢᠯᠵᠢᠬᠦᠯᠵᠦ ᠰᠠᠭᠤᠯᠭᠠᠭᠰᠠᠨ ᠵᠡᠷᠭᠡ ᠲᠠᠯ᠎ᠠ ᠶᠢᠨ

ᠪᠦᠷᠢᠨ ᠪᠦᠳᠦᠨ ᠲᠡᠮᠳᠡᠭᠯᠡᠯ ᠲᠠᠢ ᠪᠠᠶᠢᠵᠦ᠂ ᠲᠡᠮᠳᠡᠭᠯᠡᠯ ᠢᠶᠠᠨ ᠬᠤᠶᠠᠷ ᠵᠢᠯ ᠬᠠᠳᠠᠭᠠᠯᠠᠬᠤ ᠭᠡᠷᠡᠭᠳᠠᠢ᠃

       ᠭᠤᠴᠢᠳᠤᠭᠠᠷ ᠵᠦᠢᠯ ᠦᠷ᠎ᠠ ᠶᠢᠨ ᠮᠠᠯ ᠵᠢᠬᠦᠷᠳᠡᠨ ᠢ ᠪᠤᠷᠤᠯᠠᠭᠤᠯᠬᠤ ᠳᠠᠭᠠᠨ ᠲᠤᠤᠷ᠎ᠠ ᠵᠢᠭᠰᠠᠭᠠᠭᠰᠠᠨ

ᠠᠵᠢᠯᠯᠠᠭ᠎ᠠ ᠨᠤᠭᠤᠳ ᠢ ᠬᠢᠵᠦ ᠪᠤᠯᠬᠤ ᠦᠭᠡᠢ᠄ ︵ᠨᠢᠭᠡ︶ ᠪᠤᠰᠤᠳ ᠮᠠᠯ ᠵᠢᠬᠦᠷᠳᠡᠨ ᠤ ᠡᠬᠦᠯᠳᠡᠷ᠂ ᠲᠦᠬᠦᠷᠵᠢᠭᠰᠡᠨ

ᠤᠳᠤᠮ ᠢᠶᠠᠷ ᠪᠤᠷᠤᠯᠠᠭᠤᠯᠤᠨ ᠬᠤᠳᠠᠯᠳᠤᠵᠦ ᠪᠠᠶᠢᠭ᠎ᠠ ᠦᠷ᠎ᠠ ᠶᠢᠨ ᠮᠠᠯ ᠵᠢᠬᠦᠷᠳᠡᠨ ᠤ ᠡᠬᠦᠯᠳᠡᠷ᠂ ᠲᠦᠬᠦᠷᠵᠢᠭᠰᠡᠨ

ᠤᠳᠤᠮ ᠢ ᠬᠠᠭᠤᠷᠮᠠᠭᠯᠠᠨ ᠤᠷᠤᠯᠠᠭᠤᠯᠬᠤ︔ ︵ᠬᠤᠶᠠᠷ︶ ᠪᠤᠭᠤᠨᠢ ᠦᠶ᠎ᠠ ᠲᠠᠢ ᠤᠨᠳᠤᠤ ᠲᠦᠷᠦᠯ ᠤᠨ ᠦᠷ᠎ᠠ ᠶᠢᠨ

ᠮᠠᠯ ᠵᠢᠬᠦᠷᠳᠡᠨ ᠢᠶᠠᠷ ᠦᠨᠳᠦᠷ ᠦᠶ᠎ᠠ ᠲᠠᠢ ᠤᠨᠳᠤᠤ ᠲᠦᠷᠦᠯ ᠤᠨ ᠦᠷ᠎ᠠ ᠶᠢᠨ ᠮᠠᠯ ᠵᠢᠬᠦᠷᠳᠡᠨ ᠢ ᠬᠠᠭᠤᠷᠮᠠᠭᠯᠠᠨ

ᠤᠷᠤᠯᠠᠭᠤᠯᠬᠤ︔ ︵ᠭᠤᠷᠪᠠ︶ ᠭᠡᠭᠡᠯᠳᠦᠬᠦᠯᠭᠡ ᠳᠤ ᠭᠡᠷᠡᠭᠯᠡᠬᠦ ᠪᠠᠷᠢᠮᠵᠢᠶ᠎ᠠ ᠳᠤ ᠦᠯᠦ ᠨᠡᠶᠢᠴᠡᠬᠦ ᠮᠠᠯ ᠵᠢᠬᠦᠷᠳᠡᠨ ᠢᠶᠠᠷ

ᠦᠷ᠎ᠠ ᠶᠢᠨ ᠮᠠᠯ ᠵᠢᠬᠦᠷᠳᠡᠨ ᠢ ᠬᠠᠭᠤᠷᠮᠠᠭᠯᠠᠨ ᠤᠷᠤᠯᠠᠭᠤᠯᠬᠤ︔ ︵ᠲᠦᠷᠪᠡ︶ ᠭᠠᠳᠠᠭᠠᠳᠦ ᠠᠴᠠ ᠤᠷᠤᠭᠤᠯᠬᠤ

ᠵᠦᠪᠰᠢᠶᠡᠷᠡᠯ ᠠᠪᠤᠭᠰᠠᠨ ᠦᠭᠡᠢ ᠦᠷ᠎ᠠ ᠶᠢᠨ ᠮᠠᠯ ᠵᠢᠬᠦᠷᠳᠡᠨ ᠢ ᠪᠤᠷᠤᠯᠠᠭᠤᠯᠬᠤ︔ ︵ᠲᠠᠪᠤ︶ ᠲᠤᠰ ᠬᠠᠦᠯᠢ ᠶᠢᠨ

ᠬᠤᠷᠢ ᠶᠢᠰᠦᠳᠦᠭᠡᠷ ᠵᠦᠢᠯ ᠳᠤ ᠲᠤᠭᠳᠠᠭᠠᠭᠰᠠᠨ ᠦᠷ᠎ᠠ ᠶᠢᠨ ᠮᠠᠯ ᠵᠢᠬᠦᠷᠳᠡᠨ ᠤ ᠬᠢᠷᠢ ᠲᠡᠩᠴᠡᠭᠰᠡᠨ ᠬᠡᠷᠡᠴᠢ᠂

ᠬᠢᠵᠢᠭ ᠤᠨ ᠪᠠᠶᠢᠴᠠᠭᠠᠯᠳᠠ ᠳᠤ ᠬᠢᠷᠢ ᠲᠡᠩᠴᠡᠭᠰᠡᠨ ᠬᠡᠷᠡᠴᠢ ᠶᠢ ᠲᠠᠭᠠᠯᠳᠤᠭᠤᠯᠤᠭᠰᠠᠨ ᠦᠭᠡᠢ ᠦᠷ᠎ᠠ ᠶᠢᠨ ᠮᠠᠯ

ᠵᠢᠬᠦᠷᠳᠡᠨ ᠪᠤᠶᠤ ᠭᠡᠷ ᠤᠨ ᠲᠡᠵᠢᠬᠡᠪᠤᠷᠢ ᠶᠢᠨ ᠤᠳᠤᠮ ᠤᠨ ᠲᠡᠮᠳᠡᠭᠯᠡᠯ ᠢ ᠲᠠᠭᠠᠯᠳᠤᠭᠤᠯᠤᠭᠰᠠᠨ ᠦᠭᠡᠢ ᠦᠷ᠎ᠠ ᠶᠢᠨ

ᠮᠠᠯ ᠢ ᠪᠤᠷᠤᠯᠠᠭᠤᠯᠬᠤ︔ ︵ᠵᠢᠷᠭᠤᠭ᠎ᠠ︶ ᠬᠢᠨᠠᠨ ᠲᠤᠭᠳᠠᠭᠠᠯᠳᠠ ᠪᠤᠶᠤ ᠰᠢᠯᠭᠠᠨ ᠲᠤᠭᠳᠠᠭᠠᠯᠳᠠ ᠶᠢ ᠦᠡᠭᠭᠡᠷᠡᠭᠡᠭᠰᠡᠨ

ᠦᠬᠡᠢ ᠦᠷ᠎ᠠ ᠶᠢᠨ ᠮᠠᠯ ᠵᠢᠬᠦᠷᠳᠡᠨ ᠤ ᠡᠬᠦᠯᠳᠡᠷ᠂ ᠲᠦᠬᠦᠷᠵᠢᠭᠰᠡᠨ ᠤᠳᠤᠮ ᠢ ᠪᠤᠷᠤᠯᠠᠭᠤᠯᠬᠤ᠃

       ᠭᠤᠴᠢᠨ ᠨᠢᠬᠡᠳᠦᠭᠡᠷ ᠵᠦᠢᠯ ᠦᠷ᠎ᠠ ᠶᠢᠨ ᠮᠠᠯ ᠵᠢᠬᠦᠷᠳᠡᠨ ᠢ ᠭᠠᠳᠠᠭᠠᠳᠦ ᠠᠴᠠ ᠤᠷᠤᠭᠤᠯᠬᠤ ᠪᠠᠷ

ᠭᠤᠶᠤᠴᠢᠯᠠᠬᠤ ᠳᠤ ᠬᠦᠷᠪᠡᠯ᠂ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ

ᠦᠨᠡᠮᠯᠡᠯ ᠪᠠᠶᠢᠬᠤ ᠭᠡᠷᠡᠭᠳᠠᠢ᠃ ᠦᠷ᠎ᠠ ᠶᠢᠨ ᠮᠠᠯ ᠵᠢᠬᠦᠷᠳᠡᠨ ᠢ ᠭᠠᠳᠠᠭᠠᠳᠦ ᠠᠴᠠ ᠤᠷᠤᠭᠤᠯᠬᠤ ᠶᠢ ᠵᠦᠪᠰᠢᠶᠡᠷᠡᠭᠰᠡᠨ

ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠨᠢ ᠵᠢᠷᠭᠤᠭᠠᠨ ᠰᠠᠷ᠎ᠠ ᠪᠤᠯᠤᠨ᠎ᠠ᠃ ᠭᠠᠳᠠᠭᠠᠳᠦ ᠠᠴᠠ

ᠤᠷᠤᠭᠤᠯᠬᠤ ᠦᠷ᠎ᠠ ᠶᠢᠨ ᠮᠠᠯ ᠵᠢᠬᠦᠷᠳᠡᠨ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ

ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ ᠮᠡᠷᠬᠡᠵᠢᠯ ᠤᠨ

ᠱᠠᠭᠠᠷᠳᠠᠯᠭ᠎ᠠ ᠳᠤ ᠨᠡᠶᠢᠴᠡᠬᠦ ᠭᠡᠷᠡᠭᠳᠠᠢ᠃ ᠠᠩᠬ᠎ᠠ ᠤᠳᠠᠭ᠎ᠠ ᠭᠠᠳᠠᠭᠠᠳᠦ ᠠᠴᠠ ᠤᠷᠤᠭᠤᠯᠬᠤ ᠦᠷ᠎ᠠ ᠶᠢᠨ ᠮᠠᠯ

ᠵᠢᠬᠦᠷᠳᠡᠨ ᠳᠤ ᠪᠠᠰᠨ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠺᠤᠮᠢᠰ ᠠᠴᠠ

ᠬᠡᠭᠡᠯᠳᠦᠬᠦᠯᠭᠡ ᠳᠤ ᠭᠡᠷᠡᠭᠯᠡᠬᠦ ᠴᠢᠳᠠᠪᠬᠢ ᠶᠢᠨ ᠦᠨᠡᠯᠡᠯᠳᠠ ᠬᠢᠨ᠎ᠠ᠃ ᠦᠷ᠎ᠠ ᠶᠢᠨ ᠮᠠᠯ ᠵᠢᠬᠦᠷᠳᠡᠨ ᠢ ᠭᠠᠳᠠᠭᠠᠳᠦ ᠠᠴᠠ

ᠤᠷᠤᠭᠤᠯᠵᠦ ᠭᠠᠳᠠᠭᠠᠳᠦ ᠳᠤ ᠭᠠᠷᠭᠠᠬᠤ ᠬᠠᠮᠢᠶᠠᠷᠤᠯᠳᠠ ᠳᠤ ᠡᠮᠤᠨᠡᠬᠢ ᠬᠤᠶᠠᠷ ᠪᠠᠳᠠᠭ ᠤᠨ ᠲᠤᠭᠳᠠᠭᠠᠯ ᠢ

ᠬᠡᠷᠡᠭᠯᠡᠬᠦ ᠠᠴᠠ ᠭᠠᠳᠠᠨ᠎ᠠ᠂ ᠪᠠᠰᠠ ᠲᠤᠰ ᠬᠠᠦᠯᠢ ᠶᠢᠨ ᠠᠷᠪᠠᠨ ᠲᠠᠪᠤᠳᠤᠭᠠᠷ ᠵᠦᠢᠯ ᠪᠤᠯᠤᠨ ᠠᠷᠪᠠᠨ ᠵᠢᠷᠭᠤᠳᠤᠭᠠᠷ

ᠵᠦᠢᠯ ᠤᠨ ᠬᠤᠯᠪᠤᠭᠳᠠᠯ ᠪᠦᠬᠦᠢ ᠲᠤᠭᠳᠠᠭᠠᠯ ᠢ ᠬᠡᠷᠡᠭᠯᠡᠨ᠎ᠠ᠃ ᠤᠯᠤᠰ ᠠᠴᠠ ᠮᠠᠯ ᠵᠢᠬᠦᠷᠳᠡᠨ ᠢ ᠲᠡᠵᠢᠭᠡᠨ

ᠦᠷᠡᠵᠢᠬᠦᠯᠦᠭᠴᠢᠳ ᠤᠨ ᠭᠠᠳᠠᠭᠠᠳᠦ ᠠᠴᠠ ᠤᠷᠤᠭᠤᠯᠤᠬᠰᠠᠨ ᠮᠠᠯ ᠵᠢᠬᠦᠷᠳᠡᠨ ᠳᠤ ᠰᠢᠨ᠎ᠠ ᠡᠬᠦᠯᠳᠡᠷ᠂

ᠲᠦᠬᠦᠷᠵᠢᠭᠰᠡᠨ ᠤᠳᠤᠮ ᠰᠤᠩᠭᠤᠨ ᠪᠤᠶᠢᠵᠢᠭᠤᠯᠬᠤ ᠶᠢ ᠵᠤᠷᠢᠬᠵᠢᠭᠤᠯᠤᠨ᠎ᠠ︔ ᠰᠤᠩᠭᠤᠨ ᠪᠤᠶᠢᠵᠢᠭᠤᠯᠤᠭᠰᠠᠨ

ᠰᠢᠨ᠎ᠠ ᠡᠬᠦᠯᠳᠡᠷ᠂ ᠲᠦᠬᠦᠷᠵᠢᠭᠰᠡᠨ ᠤᠳᠤᠮ ᠢ ᠲᠡᠯᠭᠡᠷᠡᠬᠦᠯᠬᠦ ᠠᠴᠠ ᠡᠮᠦᠨ᠎ᠠ᠂ ᠤᠯᠤᠰ ᠤᠨ ᠮᠠᠯ ᠵᠢᠬᠦᠷᠳᠡᠨ ᠤ

ᠤᠳᠤᠮᠯᠠᠯ ᠤᠨ ᠡᠬᠢ ᠪᠠᠶᠠᠯᠢᠭ ᠤᠨ ᠺᠤᠮᠢᠰ ᠢᠶᠠᠷ ᠬᠢᠨᠠᠨ ᠲᠤᠭᠳᠠᠭᠠᠯᠭᠠᠬᠤ ᠭᠡᠷᠡᠭᠳᠠᠢ᠃

       ᠭᠤᠴᠢᠨ ᠬᠤᠶᠠᠳᠤᠭᠠᠷ ᠵᠦᠢᠯ ᠦᠷ᠎ᠠ ᠶᠢᠨ ᠮᠠᠯ ᠵᠢᠬᠦᠷᠳᠡᠨ ᠤ ᠲᠠᠯᠠᠪᠠᠢ ᠪᠠ ᠨᠡᠪᠴᠢᠭᠡᠬᠦ ᠲᠠᠯᠠᠪᠠᠢ ︵

ᠦᠢᠯᠡᠳᠪᠦᠷᠢ︶ ᠲᠠᠸᠠᠷ ᠤᠨ ᠲᠦᠯ ᠮᠠᠯ᠂ ᠵᠢᠬᠦᠷᠳᠡᠨ ᠤ ᠴᠤᠷᠪᠠᠭ᠎ᠠ ᠶᠢ ᠪᠤᠷᠤᠯᠠᠭᠤᠯᠬᠤ ᠳᠤ ᠬᠦᠷᠪᠡᠯ᠂ ᠬᠤᠳᠠᠯᠳᠤᠨ

ᠠᠪᠤᠭᠴᠢ ᠳᠤ ᠪᠤᠷᠤᠯᠠᠭᠤᠯᠬᠤ ᠲᠦᠯ ᠮᠠᠯ᠂ ᠵᠢᠬᠦᠷᠳᠡᠨ ᠤ ᠴᠤᠷᠪᠠᠭ᠎ᠠ ᠶᠢᠨ ᠢᠶᠠᠨ ᠦᠢᠯᠡᠳᠪᠦᠷᠢᠯᠡᠯ ᠤᠨ

ᠴᠢᠳᠠᠪᠤᠷᠢ ᠶᠢᠨ ᠭᠤᠤᠯ ᠭᠦᠢᠴᠡᠳᠬᠡᠬᠦ ᠲᠤᠭ᠎ᠠ᠂ ᠴᠠᠷᠤᠯᠳᠠ ᠶᠢᠨ ᠪᠠᠶᠢᠳᠠᠯ᠂ ᠠᠷᠠᠴᠢᠯᠠᠵᠦ ᠲᠡᠵᠢᠭᠡᠬᠦ ᠮᠡᠷᠬᠡᠵᠢᠯ ᠤᠨ

ᠱᠠᠭᠠᠷᠳᠠᠯᠭ᠎ᠠ ᠪᠤᠯᠤᠨ ᠬᠤᠯᠪᠤᠭᠳᠠᠯ ᠪᠦᠬᠦᠢ ᠵᠦᠪᠯᠡᠯᠭᠡ ᠦᠭᠬᠦ ᠦᠢᠯᠡᠴᠢᠯᠡᠭᠡ ᠵᠠᠷᠭᠡ ᠶᠢ ᠬᠠᠨᠭ᠍ᠭᠠᠬᠤ ᠶᠢᠨ ᠬᠠᠮᠳᠦ

ᠠᠮᠢᠳᠠᠨ ᠤ ᠬᠢᠵᠢᠭ ᠢ ᠰᠡᠷᠭᠡᠶᠢᠯᠡᠨ ᠬᠢᠨᠠᠬᠤ ᠪᠠᠶᠢᠭᠤᠯᠤᠮᠵᠢ ᠠᠴᠠ ᠭᠠᠷᠭᠠᠵᠦ ᠦᠭᠬᠦᠭᠰᠡᠨ ᠬᠢᠵᠢᠭ ᠤᠨ

ᠪᠠᠶᠢᠴᠠᠭᠠᠯᠳᠠ ᠳᠤ ᠬᠢᠷᠢ ᠲᠡᠩᠴᠡᠭᠰᠡᠨ ᠬᠡᠷᠡᠴᠢ ᠶᠢ ᠲᠠᠭᠠᠯᠳᠤᠭᠤᠯᠤᠭᠰᠠᠨ ᠪᠠᠶᠢᠬᠤ ᠭᠡᠷᠡᠭᠳᠠᠢ᠃ ᠦᠷ᠎ᠠ ᠶᠢᠨ ᠮᠠᠯ

ᠵᠢᠬᠦᠷᠳᠡᠨ ᠪᠠ ᠲᠠᠸᠠᠷ ᠤᠨ ᠲᠦᠯ ᠮᠠᠯ᠂ ᠵᠢᠬᠦᠷᠳᠡᠨ ᠤ ᠴᠤᠷᠪᠠᠭ᠎ᠠ ᠶᠢ ᠪᠤᠷᠤᠯᠠᠭᠤᠯᠤᠭᠠᠳ᠂ ᠶᠠᠰᠦ ᠴᠢᠨᠠᠷ ᠤᠨ

ᠠᠰᠠᠭᠤᠳᠠᠯ ᠠᠴᠠ ᠪᠤᠯᠵᠦ ᠮᠠᠯ ᠵᠢᠬᠦᠷᠳᠡᠨ ᠢ ᠲᠡᠵᠢᠭᠡᠨ ᠦᠷᠡᠵᠢᠬᠦᠯᠦᠭᠴᠢᠳ ᠲᠤ ᠬᠤᠬᠢᠷᠠᠯ ᠤᠴᠠᠷᠠᠭᠤᠯᠤᠭᠰᠠᠨ

ᠪᠠᠶᠢᠪᠠᠯ᠂ ᠬᠠᠦᠯᠢ ᠶᠤᠰᠤᠭᠠᠷ ᠬᠤᠬᠢᠷᠠᠯ ᠢ ᠨᠢ ᠲᠦᠯᠦᠬᠦ ᠭᠡᠷᠡᠭᠳᠠᠢ᠃

       ᠭᠤᠴᠢᠨ ᠭᠤᠷᠪᠠᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ

ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠦᠷ᠎ᠠ ᠶᠢᠨ

ᠮᠠᠯ ᠵᠢᠬᠦᠷᠳᠡᠡ ᠤ ᠶᠠᠰᠦ ᠴᠢᠨᠠᠷ ᠤᠨ ᠠᠶᠤᠯᠬᠦᠢ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠦᠷ᠎ᠠ ᠶᠢᠨ ᠮᠠᠯ

ᠵᠢᠬᠦᠷᠳᠡᠨ ᠤ ᠶᠠᠰᠦ ᠴᠢᠨᠠᠷ ᠤᠨ ᠠᠶᠤᠯᠬᠦᠢ ᠶᠢᠨ ᠬᠢᠨᠠᠯᠳᠠ ᠪᠠᠶᠢᠴᠠᠭᠠᠯᠳᠠ ᠶᠢ ᠬᠠᠦᠯᠢ ᠪᠠᠷ ᠲᠤᠭᠳᠠᠭᠠᠭᠰᠠᠨ ᠬᠢᠷᠢ ᠬᠡᠮ

ᠪᠦᠬᠦᠢ ᠦᠷ᠎ᠠ ᠶᠢᠨ ᠮᠠᠯ ᠵᠢᠬᠦᠷᠳᠡᠨ ᠤ ᠶᠠᠰᠦ ᠴᠢᠨᠠᠷ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠨᠠᠶᠢᠳᠠᠵᠦ ᠬᠢᠯᠭᠡᠬᠦ

ᠭᠡᠷᠡᠭᠳᠠᠢ︔ ᠰᠢᠯᠭᠠᠨ ᠪᠠᠶᠢᠴᠠᠭᠠᠬᠤ ᠳᠤ ᠭᠡᠷᠡᠭᠰᠡᠬᠦ ᠵᠠᠷᠤᠳᠠᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠲᠤᠭᠳᠠᠭᠠᠯ

ᠶᠤᠰᠤᠭᠠᠷ ᠭᠠᠷᠭᠠᠵᠦ᠂ ᠰᠢᠯᠭᠠᠨ ᠪᠠᠶᠢᠴᠠᠭᠠᠯᠭᠠᠭᠴᠢ ᠠᠴᠠ ᠬᠤᠷᠢᠶᠠᠵᠦ ᠪᠤᠯᠬᠤ ᠦᠭᠡᠢ᠃

       ᠭᠤᠴᠢᠨ ᠲᠦᠷᠪᠡᠳᠦᠭᠡᠷ ᠵᠦᠢᠯ ᠬᠦᠷᠢ ᠶᠢᠨ ᠦᠷ᠎ᠠ ᠶᠢᠨ ᠡᠬᠢ ᠪᠠᠶᠠᠯᠢᠭ ᠢ ᠬᠠᠮᠠᠭᠠᠯᠠᠬᠤ᠂ ᠰᠢᠨ᠎ᠠ

ᠡᠬᠦᠯᠳᠡᠷ ᠢ ᠰᠤᠩᠭᠤᠨ ᠪᠤᠶᠢᠵᠢᠭᠤᠯᠬᠤ᠂ ᠦᠢᠯᠡᠳᠪᠦᠷᠢᠯᠡᠵᠦ ᠡᠵᠡᠩᠨᠡᠬᠦ ᠪᠠ ᠲᠡᠯᠭᠡᠷᠡᠬᠦᠯᠬᠦ ᠳᠤ ᠲᠤᠰ ᠬᠠᠦᠯᠢ ᠶᠢᠨ

ᠬᠤᠯᠪᠤᠭᠳᠠᠯ ᠪᠦᠬᠦᠢ ᠲᠤᠭᠳᠠᠭᠠᠯ ᠢ ᠭᠡᠷᠡᠭᠯᠡᠨ᠎ᠠ᠂ ᠪᠤᠳᠠᠳᠠᠢ ᠬᠠᠮᠢᠶᠠᠷᠤᠯᠳᠠ ᠶᠢᠨ ᠠᠷᠭ᠎ᠠ ᠶᠢ ᠲᠦᠷᠦ ᠶᠢᠨ

ᠶᠠᠪᠤᠳᠠᠯ ᠤᠨ ᠬᠤᠷᠢᠶᠠᠨ ᠤ ᠲᠠᠷᠢᠶᠠᠯᠠᠩ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ

ᠲᠤᠭᠳᠠᠭᠠᠨ᠎ᠠ᠃

       ᠲᠦᠷᠪᠡᠳᠦᠭᠡᠷ ᠪᠦᠯᠦᠭ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ

       ᠭᠤᠴᠢᠨ ᠲᠠᠪᠤᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ

ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠯᠠᠭ᠎ᠠ ᠮᠦᠴᠢᠷ ᠤᠳ ᠮᠠᠯ ᠠᠵᠦ

ᠠᠬᠤᠢ ᠶᠢᠨ ᠬᠦᠭᠵᠢᠯᠳᠠ ᠶᠢᠨ ᠲᠦᠯᠦᠪᠵᠢᠬᠦᠯᠭᠡ ᠪᠤᠯᠤᠨ ᠵᠠᠬ᠎ᠠ ᠲᠡᠯᠭᠡᠬᠦᠷ ᠤᠨ ᠭᠡᠷᠡᠭᠴᠡᠭᠡ ᠶᠢ ᠦᠨᠳᠦᠰᠦᠯᠡᠵᠦ᠂

ᠮᠠᠯ ᠠᠵᠦ ᠠᠬᠤᠢ ᠶᠢᠨ ᠪᠦᠳᠦᠴᠠ ᠶᠢ ᠲᠤᠬᠢᠷᠠᠭᠤᠯᠬᠤ᠂ ᠲᠠᠪᠠᠭᠤᠯᠢᠭ ᠮᠠᠯ ᠵᠢᠬᠦᠷᠳᠡᠨ ᠤ ᠦᠢᠯᠡᠳᠪᠦᠷᠢᠯᠡᠯ ᠢ

ᠬᠦᠭᠵᠢᠬᠦᠯᠬᠦ᠂ ᠮᠠᠯ ᠵᠢᠬᠦᠷᠳᠡᠨ ᠤ ᠪᠦᠳᠦᠭᠡᠭᠳᠡᠬᠦᠨ ᠤ ᠵᠠᠬ᠎ᠠ ᠲᠡᠯᠭᠡᠬᠦᠷ ᠲᠠᠬᠢ ᠦᠷᠢᠰᠦᠯᠳᠦᠬᠦ ᠬᠦᠴᠦᠨ ᠢ

ᠲᠡᠭᠡᠭᠰᠢᠯᠡᠬᠦᠯᠬᠦ ᠶᠢ ᠵᠢᠯᠤᠭᠤᠳᠤᠨ ᠲᠡᠮᠵᠢᠬᠦ ᠬᠡᠷᠡᠭᠳᠠᠢ᠃ ᠤᠯᠤᠰ ᠠᠴᠠ ᠲᠠᠯ᠎ᠠ ᠨᠤᠳᠤᠭ ᠤᠨ ᠮᠠᠯᠵᠢᠬᠤ ᠤᠷᠤᠨ ᠤ

ᠨᠤᠳᠤᠭ ᠪᠡᠯᠴᠢᠭᠡᠷ ᠢ ᠬᠦᠷᠢᠶᠠᠯᠡᠨ ᠬᠠᠮᠠᠭᠠᠯᠠᠬᠤ᠂ ᠨᠤᠳᠤᠭ ᠪᠡᠯᠴᠢᠭᠡᠷ ᠤᠨ ᠤᠰᠤᠨ ᠠᠰᠢᠭᠯᠠᠯᠳᠠ᠂ ᠨᠤᠳᠤᠭ

ᠪᠡᠯᠴᠢᠭᠡᠷ ᠢ ᠰᠠᠶᠢᠵᠢᠷᠠᠭᠤᠯᠬᠤ᠂ ᠡᠪᠡᠰᠦ ᠪᠤᠷᠳᠤᠭᠠᠨ ᠤ ᠰᠠᠭᠤᠷᠢᠨ ᠵᠠᠷᠭᠡ ᠨᠤᠳᠤᠭ ᠪᠡᠯᠴᠢᠭᠡᠷ ᠤᠨ ᠦᠨᠳᠤᠰᠦᠨ

ᠪᠦᠳᠦᠭᠡᠨ ᠪᠠᠶᠢᠭᠤᠯᠤᠯᠳᠠ ᠬᠢᠬᠦ ᠶᠢ ᠳᠡᠮᠵᠢᠵᠦ᠂ ᠮᠠᠯ ᠰᠦᠷᠦᠭ ᠤᠨ ᠪᠦᠳᠦᠴᠠ ᠶᠢ ᠰᠢᠯᠢᠳᠡᠭᠵᠢᠬᠦᠯᠦᠨ᠂ ᠮᠠᠯ ᠤᠨ

ᠡᠬᠦᠯᠳᠡᠷ ᠢ ᠰᠠᠶᠢᠵᠢᠷᠠᠭᠤᠯᠵᠦ᠂ ᠦᠢᠯᠡᠳᠪᠦᠷᠢᠯᠡᠯ ᠤᠨ ᠠᠷᠭ᠎ᠠ ᠬᠡᠯᠪᠡᠷᠢ ᠪᠠᠨ ᠬᠤᠪᠢᠷᠠᠭᠤᠯᠵᠦ᠂ ᠬᠠᠰᠢᠶᠠᠯᠠᠨ

ᠲᠡᠵᠢᠭᠡᠵᠦ ᠠᠷᠠᠴᠢᠯᠠᠬᠤ᠂ ᠪᠡᠯᠴᠢᠭᠡᠷ ᠬᠤᠪᠢᠶᠠᠨ ᠡᠬᠡᠯᠵᠢᠯᠡᠨ ᠮᠠᠯᠵᠢᠬᠤ ᠶᠢ ᠬᠦᠭᠵᠢᠬᠦᠯᠵᠦ᠂ ᠮᠠᠯ ᠪᠤᠯᠤᠨ

ᠪᠡᠯᠴᠢᠬᠡᠷ ᠤᠨ ᠲᠡᠩᠴᠡᠬᠦᠷᠢ ᠶᠢ ᠠᠯᠬᠤᠮ ᠠᠯᠬᠤᠮ ᠢᠶᠠᠷ ᠪᠡᠶᠡᠯᠡᠬᠦᠯᠵᠦ᠂ ᠨᠤᠳᠤᠭ ᠪᠡᠯᠴᠢᠭᠡᠷ ᠤᠨ ᠠᠮᠢ ᠠᠬᠤᠢ ᠶᠢᠨ

 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号