ᠭᠤᠤᠯ ᠡᠭᠦᠷᠭᠡ ᠬᠠᠷᠢᠭᠤᠴᠠᠯᠭ᠎ᠠ᠄ | ᠨᠢᠭᠡ᠂ ᠨᠡᠮ ᠤᠨ ᠲᠦᠪ ᠬᠤᠷᠢᠶ᠎ᠠ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠲᠠ ᠬᠤᠲᠠ ᠶᠢᠨ ᠬᠠᠮᠢᠶ᠎ᠠ | ᠪᠦᠭᠦᠢ ᠠᠬᠠᠮᠠᠳ ᠺᠠᠳ᠋ᠷᠴᠤᠳ ᠤᠨ ᠠᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ | ᠨᠡᠶᠢᠳᠡᠪᠦᠷᠢᠵᠢᠭᠤᠯᠵᠦ᠂ ᠲᠤᠭᠤᠷᠢᠭ ᠤᠨ ᠨᠡᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠰᠦᠩ ᠱᠠᠨ | ᠲᠤᠭᠤᠷᠢᠭ ᠤᠨ ᠠᠬᠠᠮᠠᠳ ᠺᠠᠳ᠋ᠷᠴᠤᠳ ᠤᠨ ᠠᠵᠢᠯ ᠤᠨ ᠪᠤᠳᠠᠲᠠᠢ ᠲᠦᠷᠦ ᠶᠢᠨ ᠪᠤᠳᠤᠯᠭ᠎ᠠ᠂ ᠠᠷᠭ᠎ᠠ ᠶᠢ | ᠲᠤᠭᠲᠠᠭᠠᠬᠤ ᠳᠤ ᠦᠨᠳᠦᠰᠦᠯᠡᠯ ᠪᠠ ᠰᠠᠨᠠᠭᠤᠯᠭ᠎ᠠ ᠬᠠᠩᠭᠠᠨ᠎ᠠ᠃ | ᠬᠤᠶᠠᠷ᠂ ᠪᠦᠬᠦ ᠲᠤᠭᠤᠷᠢᠭ ᠤᠨ ᠠᠬᠠᠮᠠᠳ ᠺᠠᠳ᠋ᠷᠴᠤᠳ ᠤᠨ ᠤᠯᠤᠰ ᠲᠦᠷᠦ ᠶᠢᠨ ᠬᠠᠷᠠᠭᠠᠯᠵᠠᠯ᠂ | ᠠᠮᠢᠳᠤᠷᠠᠯ ᠤᠨ ᠬᠠᠷᠠᠭᠠᠯᠵᠠᠯ ᠤᠨ ᠨᠡᠶᠢᠳᠡᠪᠦᠷᠢᠵᠢᠭᠤᠯᠤᠯᠲᠠ ᠳᠤ ᠬᠢᠨᠡᠯᠲᠡ ᠲᠠᠯᠪᠢᠨ ᠪᠠᠶᠢᠴᠠᠭᠠᠨ ᠵᠢᠯᠤᠭᠤᠳᠤᠨ᠎ᠠ᠃ | ᠭᠤᠷᠪᠠ᠂ ᠲᠦᠷᠦ ᠶᠢᠨ ᠪᠤᠳᠤᠯᠭ᠎ᠠ ᠶᠢᠨ ᠲᠤᠭᠲᠠᠭᠠᠯ ᠶᠤᠰᠤᠭᠠᠷ ᠠᠬᠠᠮᠠᠳ ᠺᠠᠳ᠋ᠷᠴᠤᠳ ᠤᠨ ᠤᠯᠤᠰ | ᠲᠦᠷᠦ ᠶᠢᠨ ᠬᠠᠷᠠᠭᠠᠯᠵᠠᠯ᠂ ᠠᠮᠢᠳᠤᠷᠠᠯ ᠤᠨ ᠬᠠᠷᠠᠭᠠᠯᠵᠠᠯ ᠤᠨ ᠬᠠᠮᠢᠶ᠎ᠠ ᠪᠦᠭᠦᠢ ᠬᠡᠷᠡᠭ ᠤᠴᠢᠷ ᠢ ᠭᠦᠢᠴᠡᠳᠬᠡᠨ | ᠳᠡᠭᠡᠭᠰᠢ ᠮᠡᠳᠡᠭᠦᠯᠦᠨ᠎ᠡ᠃ | ᠳᠥᠷᠪᠡ᠂ ᠠᠬᠠᠮᠠᠳ ᠺᠠᠳ᠋ᠷᠴᠤᠳ ᠤᠨ ᠨᠡᠮ ᠤᠨ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠵᠢᠭᠠᠨ | ᠵᠢᠯᠦᠭᠤᠳᠴᠦ᠂ ᠠᠬᠠᠮᠠᠳ ᠺᠠᠳ᠋ᠷᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠠ ᠤᠶᠤᠨ ᠤ | ᠪᠤᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠢ ᠰᠠᠨᠠᠯ ᠰᠠᠨᠠᠭᠤᠯᠭ᠎ᠠ ᠶᠢ ᠴᠠᠭ | ᠲᠤᠬᠠᠢ ᠳᠤᠨᠢ ᠳᠤᠷᠠᠳᠤᠨ ᠭᠠᠷᠭᠠᠨ᠎ᠠ᠃ | ᠲᠠᠪᠤ᠂ ᠠᠬᠠᠮᠠᠳ ᠺᠠᠳ᠋ᠷᠴᠤᠳ ᠤᠨ ᠠᠵᠢᠯᠯᠠᠭᠠᠨ ᠤ ᠲᠠᠯᠠᠪᠤᠷ ᠤᠨ ᠲᠦᠯᠦᠪᠵᠢᠭᠦᠯᠭᠡ᠂ ᠪᠦᠳᠦᠭᠡᠨ | ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠰᠠᠶᠢᠳᠦᠷ ᠠᠳᠬᠤᠵᠦ᠂ ᠠᠬᠠᠮᠠᠳ ᠺᠠᠳ᠋ᠴᠤᠳ ᠢ ᠵᠤᠬᠢᠶᠠᠨ | ᠪᠠᠶᠢᠭᠤᠯᠤᠨ ᠡᠷᠡᠭᠦᠯ ᠴᠢᠬᠢᠷᠠᠭ ᠳᠠᠪᠰᠢᠩᠭᠤᠢ ᠰᠤᠶᠤᠯ ᠲᠠᠮᠢᠷ ᠤᠨ ᠠᠵᠢᠯᠯᠠᠭᠠᠨ ᠦᠷᠨᠢᠭᠦᠯᠦᠨ᠎ᠡ᠃ | ᠵᠢᠷᠭᠤᠭ᠎ᠠ᠂ ᠲᠤᠭᠤᠷᠢᠭ ᠤᠨ ᠨᠡᠮ ᠤᠨ ᠬᠤᠷᠢᠶ᠎ᠠ᠂ ᠵᠠᠰᠠᠭ ᠤᠨ ᠤᠷᠳᠤᠨ ᠤ ᠠᠵᠢᠯ ᠤᠨ ᠲᠦᠪ ᠪᠠ | ᠲᠤᠭᠤᠷᠢᠭ ᠤᠨ ᠨᠡᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ ᠪᠠᠶᠢᠷᠢᠯᠠᠭᠤᠯᠤᠯᠲᠠ ᠶᠢᠨ ᠲᠤᠭᠤᠷᠢᠨ ᠳᠤ | ᠂ ᠠᠬᠠᠮᠠᠳ ᠺᠠᠳ᠋ᠷᠴᠤᠳ ᠤᠨ ︽ᠬᠤᠶᠠᠷ ᠪᠤᠯᠪᠠᠰᠤᠨ︾ ᠤ ᠪᠦᠳᠦᠭᠡᠨ ᠪᠠᠶᠢᠭᠤᠯᠤᠯᠲᠠ ᠳᠤᠮᠳᠠᠬᠢ ᠦᠢᠯᠡᠳᠦᠯ ᠢᠶᠠᠨ | ᠪᠠᠳᠠᠷᠠᠭᠤᠯᠬᠤ ᠶᠢ ᠵᠤᠬᠢᠶᠠᠨ ᠪᠠᠶᠢᠭᠤᠯᠤᠨ ᠵᠢᠭᠠᠨ ᠵᠢᠯᠦᠭᠤᠳᠤᠨ᠎ᠠ᠃ | ᠲᠣᠯᠤᠭ᠎ᠠ᠂ ᠲᠤᠭᠤᠷᠢᠭ ᠤᠨ ᠨᠡᠮ ᠤᠨ ᠬᠤᠷᠢᠶ᠎ᠠ᠂ ᠵᠠᠰᠠᠭ ᠤᠨ ᠤᠷᠳᠤᠨ ᠤ ᠲᠤᠰᠢᠶᠠᠨ ᠭᠦᠢᠴᠡᠳᠬᠡᠯᠭᠡᠬᠦ | ᠪᠤᠰᠤᠳ ᠠᠵᠢᠯ ᠢ ᠪᠠᠶᠠᠯᠠᠭᠦᠯᠦᠨ᠎ᠡ᠃ | |