ᠵᠠᠮᠳᠡᠭᠴᠤᠳ ᠤᠨ ᠬᠤᠯᠪᠤᠭ᠎ᠠ
ᠨᠡᠶᠢᠲᠡᠯᠡᠭᠰᠡᠨ ᠴᠠᠭ᠄
2017/8/28
ᠭᠤᠤᠯ ᠡᠭᠦᠷᠭᠡ ᠬᠠᠷᠢᠭᠤᠴᠠᠯᠭ᠎ᠠ᠄     ᠨᠢᠭᠡ᠂ ᠵᠡᠮᠳᠡᠭᠴᠤᠳ ᠢ ᠡᠷᠡᠭᠦᠯᠵᠢᠭᠦᠯᠬᠦ᠂ ᠰᠤᠷᠭᠠᠨ ᠭᠦᠮᠦᠵᠢᠭᠦᠯᠬᠦ᠂ ᠭᠦᠳᠡᠯᠮᠤᠷᠢ ᠶᠢᠨ ᠠᠵᠢᠯ ᠤᠯᠭᠤᠯᠲᠠ᠂ ᠰᠤᠶᠤᠯ ᠤᠨ ᠠᠵᠢᠯᠯᠠᠭᠠᠨ᠂ ᠠᠰᠠᠷᠠᠮᠵᠢ᠂ ᠨᠡᠶᠢᠭᠡᠮ ᠤᠨ ᠦᠢᠯᠡᠴᠢᠯᠡᠭᠡᠨ ᠪᠠ ᠵᠡᠮᠳᠡᠭ ᠲᠤᠷᠭᠤᠨ ᠢ ᠤᠷᠢᠳᠴᠢᠯᠡᠨ ᠰᠡᠷᠭᠡᠶᠢᠯᠡᠬᠦ ᠠᠵᠢᠯ ᠢ ᠦᠷᠨᠢᠭᠦᠯᠬᠦ ᠪᠠ ᠠᠬᠢᠭᠤᠯᠵᠦ᠂ ᠵᠡᠮᠳᠡᠭᠴᠤᠳ ᠤᠨ ᠨᠡᠶᠢᠭᠡᠮ ᠤᠨ ᠠᠮᠢᠳᠤᠷᠠᠯ ᠳᠤ ᠤᠷᠤᠯᠴᠠᠬᠤ ᠤᠷᠴᠢᠨ ᠲᠤᠭᠤᠷᠢᠨ ᠪᠠ ᠨᠦᠭᠦᠴᠡᠯ ᠢ ᠰᠠᠶᠢᠵᠢᠷᠠᠭᠤᠯᠤᠨ᠎ᠠ᠃     ᠬᠤᠶᠠᠷ᠂ ᠵᠠᠮᠳᠡᠭᠴᠤᠳ ᠢ ᠪᠦᠯᠭᠦᠮᠳᠡᠭᠦᠯᠦᠨ ᠭᠦᠮᠦᠵᠢᠭᠦᠯᠵᠦ᠂ ᠬᠠᠤᠯᠢ ᠴᠠᠭᠠᠵᠠ ᠶᠢ ᠵᠢᠷᠦᠮᠯᠡᠨ᠂ ᠭᠦᠢᠴᠡᠳᠬᠡᠪᠡᠰᠦ ᠵᠤᠬᠢᠬᠤ ᠡᠭᠦᠷᠭᠡ ᠪᠠᠨ ᠭᠦᠢᠴᠡᠳᠬᠡᠵᠦ᠂ ᠪᠠᠶᠠᠰᠤᠩᠭᠤᠢ ᠤᠷᠤᠭᠰᠢᠯᠡᠨ ᠳᠠᠪᠰᠢᠬᠤ ᠵᠤᠷᠢᠭ ᠰᠠᠨᠠᠭ᠎ᠠ ᠶᠢ ᠪᠠᠳᠠᠷᠠᠭᠤᠯᠵᠦ᠂ ᠦᠪᠡᠷ ᠢ ᠪᠠᠨ ᠭᠦᠨᠳᠦᠳᠬᠡᠵᠦ᠂ ᠦᠪᠡᠷ ᠢ ᠪᠠᠨ ᠢᠲᠡᠭᠡᠵᠦ᠂ ᠦᠪᠡᠷ ᠢ ᠪᠠᠨ ᠭᠦᠴᠦᠷᠬᠡᠭᠵᠢᠭᠦᠯᠵᠦ᠂ ᠦᠪᠡᠷ ᠢᠶᠠᠨ ᠦᠢᠯᠡᠰ ᠪᠤᠰᠬᠠᠨ᠂ ᠤᠳᠤᠬᠢᠴᠢᠯᠡᠯᠲᠡ ᠶᠢᠨ ᠪᠦᠳᠦᠭᠡᠨ ᠪᠠᠶᠢᠭᠤᠯᠤᠯᠲᠠ ᠳᠤ ᠬᠤᠪᠢ ᠨᠡᠮᠡᠷᠢ ᠦᠵᠡᠭᠦᠯᠦᠨ᠎ᠡ᠃     ᠭᠤᠷᠪᠠ᠂ ᠵᠠᠰᠠᠭ ᠤᠨ ᠤᠷᠳᠤᠨ᠂ ᠨᠡᠶᠢᠭᠡᠮ ᠪᠠ ᠵᠠᠮᠳᠡᠭ ᠭᠦᠮᠦᠰ ᠤᠨ ᠬᠤᠭᠤᠷᠤᠨᠳᠤᠬᠢ ᠬᠠᠷᠢᠯᠴᠠᠭ᠎ᠠ ᠶᠢ ᠨᠡᠪᠳᠡᠷᠡᠭᠦᠯᠦᠨ᠎ᠡ᠃ ᠵᠡᠮᠳᠡᠭᠴᠤᠳ ᠤᠨ ᠦᠢᠯᠡᠰ ᠢ ᠤᠬᠠᠭᠤᠯᠵᠦ᠂ ᠨᠡᠶᠢᠭᠡᠮ ᠢ ᠳᠠᠶᠢᠴᠢᠯᠡᠨ ᠵᠡᠮᠳᠡᠭᠴᠤᠳ ᠢ ᠦᠢᠯᠡᠭᠠᠨ ᠭᠦᠨᠳᠦᠳᠭᠡᠵᠦ᠂ ᠬᠠᠯᠠᠮᠵᠢᠯᠡᠨ ᠬᠠᠪᠰᠤᠷᠤᠭᠤᠯᠤᠨ᠎ᠠ᠃     ᠳᠦᠷᠪᠡ᠂ ᠵᠠᠮᠳᠡᠭ ᠭᠦᠮᠦᠰ ᠲᠠᠢ ᠨᠢᠭᠲᠠ ᠬᠠᠷᠢᠯᠴᠠᠨ᠂ ᠵᠡᠮᠳᠡᠭ ᠭᠦᠮᠦᠰ ᠤᠨ ᠰᠠᠨᠠᠯ ᠢ ᠰᠤᠨᠤᠰᠤᠨ᠂ ᠵᠡᠮᠳᠡᠭ ᠭᠦᠮᠦᠰ ᠤᠨ ᠱᠠᠭᠠᠷᠳᠠᠯᠭ᠎ᠠ ᠶᠢ ᠲᠤᠰᠬᠠᠨ᠂ ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠵᠡᠮᠳᠡᠭ ᠭᠦᠮᠦᠰ ᠲᠤ ᠦᠢᠯᠡᠴᠢᠯᠡᠨ᠎ᠡ᠃     ᠲᠠᠪᠤ᠂ ᠵᠠᠰᠠᠭ ᠤᠨ ᠤᠷᠳᠤᠨ ᠢ ᠬᠠᠪᠰᠤᠷᠤᠨ ᠵᠡᠮᠳᠡᠭᠴᠤᠳ ᠤᠨ ᠦᠢᠯᠡᠰ ᠤᠨ ᠬᠠᠤᠯᠢ ᠳᠦᠷᠢᠮ᠂ ᠲᠦᠷᠦ ᠶᠢᠨ ᠪᠤᠳᠤᠯᠭ᠎ᠠ᠂ ᠲᠦᠯᠦᠪᠵᠢᠭᠦᠯᠭᠡ ᠪᠠ ᠲᠦᠯᠦᠪᠯᠡᠭᠡ ᠶᠢ ᠰᠤᠳᠤᠯᠵᠦ ᠲᠤᠭᠲᠠᠭᠠᠬᠤ ᠪᠠ ᠬᠡᠷᠡᠭᠵᠢᠭᠦᠯᠦᠨ᠂ ᠶᠡᠷᠦᠩᠭᠡᠶᠢᠯᠡᠭᠰᠡᠨ᠂ ᠵᠤᠬᠢᠴᠠᠩᠭᠤᠢ᠂ ᠯᠠᠪᠯᠠᠭ᠎ᠠ᠂ ᠦᠢᠯᠡᠴᠢᠯᠡᠭᠡᠨ ᠤ ᠦᠢᠯᠡᠳᠦᠯ ᠢ ᠪᠠᠳᠠᠷᠠᠭᠤᠯᠤᠨ᠂ ᠬᠠᠮᠢᠶ᠎ᠠ ᠪᠦᠭᠦᠢ ᠲᠤᠬᠠᠶᠢᠯᠠᠭᠰᠡᠨ ᠠᠵᠢᠯ ᠤᠨ ᠭᠦᠷᠢᠶ᠎ᠡ ᠬᠡᠪᠴᠢᠶᠡᠨ ᠳᠠᠬᠢ ᠠᠵᠢᠯ ᠳᠤ ᠬᠠᠮᠢᠶᠠᠷᠤᠯᠲᠠ ᠪᠠ ᠵᠢᠯᠦᠭᠤᠳᠤᠯᠭ᠎ᠠ ᠬᠢᠨ᠎ᠠ᠃     ᠵᠢᠷᠭᠤᠭ᠎ᠠ᠂ ᠵᠠᠰᠠᠭ ᠤᠨ ᠤᠷᠳᠤᠨ ᠤ ᠵᠡᠮᠳᠡᠭᠴᠤᠳ ᠤᠨ ᠠᠵᠢᠯ ᠤᠨ ᠵᠤᠬᠢᠴᠠᠭᠤᠯᠬᠤ ᠵᠦᠪᠯᠡᠯ ᠤᠨ ᠡᠳᠦᠷ ᠳᠤᠳᠤᠮ ᠤᠨ ᠠᠵᠢᠯ ᠢ ᠡᠭᠦᠷᠭᠡᠯᠡᠨ᠎ᠡ᠃     ᠳᠤᠯᠤᠭ᠎ᠠ᠂ ︽ᠪᠦᠭᠦᠳᠡ ᠨᠠᠶᠢᠷᠠᠮᠲᠠᠬᠤ ᠳᠤᠮᠳᠠᠳᠦ ᠠᠷᠠᠳ ᠤᠯᠤᠰ ᠤᠨ ᠵᠡᠮᠳᠡᠭᠴᠤᠳ ᠤᠨ ᠦᠨᠡᠮᠯᠡᠯ︾ ᠢ ᠬᠠᠮᠢᠶᠠᠷᠬᠤ ᠪᠠ ᠲᠠᠷᠬᠠᠭᠠᠨ᠎ᠠ᠃     ᠨᠠᠢᠮᠨ᠂ ᠡᠯ᠎ᠡ ᠲᠦᠷᠦᠯ ᠤᠨ ᠵᠡᠮᠳᠡᠭᠴᠤᠳ ᠤᠨ ᠠᠵᠢᠯᠲᠡᠨ ᠲᠠᠢ ᠬᠠᠷᠢᠯᠴᠠᠵᠦ᠂ ᠵᠢᠭᠠᠨ ᠵᠢᠯᠦᠭᠤᠳᠤᠨ᠎ᠠ᠃     ᠶᠢᠰᠦ᠂ ᠤᠯᠠᠨ ᠤᠯᠤᠰ ᠤᠨ ᠰᠤᠯᠢᠯᠴᠠᠭ᠎ᠠ ᠪᠠ ᠬᠠᠮᠳᠤᠷᠠᠨ ᠠᠵᠢᠯᠯᠠᠬᠤ ᠶᠢ ᠦᠷᠨᠢᠭᠦᠯᠦᠨ᠎ᠡ᠃     ᠠᠷᠪᠠ᠂ ᠲᠤᠭᠤᠷᠢᠭ ᠤᠨ ᠨᠡᠮ ᠤᠨ ᠬᠤᠷᠢᠶ᠎ᠠ᠂ ᠵᠠᠰᠠᠭ ᠤᠨ ᠤᠷᠳᠤᠨ ᠤ ᠲᠤᠰᠢᠶᠠᠭᠰᠡᠨ ᠪᠤᠰᠤᠳ ᠠᠵᠢᠯ ᠡᠭᠦᠷᠭᠡ ᠶᠢ ᠪᠠᠶᠠᠯᠡᠭᠦᠯᠦᠨ᠎ᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号