ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2017/8/28
ᠭᠤᠤᠯ ᠡᠭᠦᠷᠭᠡ ᠬᠠᠷᠢᠭᠤᠴᠠᠯᠭ᠎ᠠ᠄     ᠨᠢᠭᠡ᠂ ᠰᠦᠩ ᠱᠠᠨ ᠲᠤᠭᠤᠷᠢᠭ ᠤᠨ ᠤᠷᠴᠢᠨ ᠲᠤᠭᠤᠷᠢᠨ ᠤ ᠪᠤᠬᠢᠷᠳᠦᠯ ᠢ ᠰᠡᠷᠭᠡᠶᠢᠯᠡᠨ ᠵᠠᠰᠠᠬᠤ ᠬᠢᠨᠡᠯᠲᠡ ᠬᠠᠮᠢᠶᠠᠷᠤᠯᠲᠠ ᠶᠢ ᠬᠠᠷᠢᠭᠤᠴᠠᠨ᠎ᠠ᠃ ᠬᠠᠮᠢᠶ᠎ᠠ ᠪᠦᠭᠦᠢ ᠰᠠᠯᠠᠭ᠎ᠠ ᠮᠦᠴᠢᠷ ᠠᠴᠠ ᠰᠦᠩ ᠱᠠᠨ ᠲᠤᠭᠤᠷᠢᠭ ᠤᠨ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯ ᠳᠤ ᠬᠢᠨᠡᠯᠲᠡ ᠬᠠᠮᠢᠶᠠᠷᠤᠯᠲᠠ ᠬᠢᠬᠦ ᠠᠵᠢᠯ ᠢ ᠲᠤᠯᠤᠭᠠᠶᠢᠯᠠᠨ ᠵᠤᠬᠢᠶᠠᠨ ᠪᠠᠶᠢᠭᠤᠯᠤᠨ᠎ᠠ᠃ ᠬᠤᠲᠠ ᠪᠠᠯᠭᠠᠰᠤᠨ ᠤ ᠤᠷᠴᠢᠨ ᠲᠤᠭᠤᠷᠢᠨ ᠢ ᠶᠡᠷᠦᠩᠭᠡᠶᠢᠯᠡᠨ ᠵᠠᠰᠠᠵᠦ ᠴᠡᠭᠴᠡᠯᠡᠬᠦ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠦᠨ᠎ᠠ᠃ ᠴᠠᠭ ᠠᠭᠤᠷ ᠤᠨ ᠬᠤᠪᠢᠷᠠᠯᠲᠠ ᠶᠢ ᠠᠷᠭᠠᠴᠠᠬᠤ ᠠᠵᠢᠯ ᠳᠤ ᠤᠷᠤᠯᠴᠠᠨ᠎ᠠ᠃ ᠤᠯᠤᠰ᠂ ᠦᠪᠡᠷᠲᠡᠭᠡᠨ ᠵᠠᠰᠠᠬᠤ ᠤᠷᠤᠨ ᠪᠠ ᠤᠯᠠᠭᠠᠨᠬᠠᠲᠠ ᠬᠤᠲᠠ ᠶᠢᠨ ᠤᠷᠴᠢᠨ ᠲᠤᠭᠤᠷᠢᠨ ᠢ ᠬᠠᠮᠠᠭᠠᠯᠠᠬᠤ ᠲᠤᠬᠠᠢ ᠬᠠᠤᠯᠢ ᠴᠠᠭᠠᠵᠠ᠂ ᠬᠠᠤᠯᠢ ᠳᠦᠷᠢᠮ᠂ ᠲᠦᠷᠦ ᠶᠢᠨ ᠪᠤᠳᠤᠯᠭ᠎ᠠ ᠪᠠ ᠦᠨᠳᠦᠰᠦᠨ ᠳᠦᠷᠢᠮ᠂ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠠ᠃     ᠬᠤᠶᠠᠷ᠂ ᠰᠦᠩ ᠱᠠᠨ ᠲᠤᠭᠤᠷᠢᠭ ᠤᠨ ᠭᠦᠨᠳᠦ ᠶᠡᠭᠡ ᠤᠷᠴᠢᠨ ᠲᠤᠭᠤᠷᠢᠨ ᠤ ᠠᠰᠠᠭᠤᠳᠠᠯ ᠢ ᠨᠢᠭᠡᠳᠦᠯᠲᠡᠢ ᠲᠦᠯᠦᠪᠯᠡᠨ ᠵᠤᠬᠢᠴᠠᠭᠤᠯᠬᠤ ᠪᠠ ᠬᠢᠨᠡᠨ ᠬᠠᠮᠢᠶᠠᠷᠬᠤ ᠶᠢ ᠬᠠᠷᠢᠭᠤᠴᠠᠨ᠎ᠠ᠃ ᠰᠦᠩ ᠱᠠᠨ ᠲᠤᠭᠤᠷᠢᠭ ᠤᠨ ᠭᠦᠨᠳᠦ ᠶᠡᠭᠡ ᠤᠷᠴᠢᠨ ᠲᠤᠭᠤᠷᠢᠨ ᠤ ᠪᠤᠬᠢᠷᠳᠦᠯ ᠤᠨ ᠬᠡᠷᠡᠭ ᠪᠠ ᠠᠮᠢ ᠠᠬᠤᠢ ᠶᠢ ᠡᠪᠳᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠲᠤᠯᠤᠭᠠᠶᠢᠯᠠᠨ ᠵᠤᠬᠢᠴᠠᠭᠤᠯᠵᠦ᠂ ᠰᠦᠩ ᠱᠠᠨ ᠲᠤᠭᠤᠷᠢᠭ ᠤᠨ ᠭᠡᠨᠡᠳᠲᠡ ᠡᠭᠦᠰᠬᠦ ᠤᠷᠴᠢᠨ ᠲᠤᠭᠤᠷᠢᠨ ᠤ ᠬᠡᠷᠡᠭ ᠢ ᠰᠢᠢᠳᠪᠦᠷᠢᠯᠡᠬᠦ ᠰᠡᠷᠡᠮᠵᠢ ᠪᠠ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠲᠤᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠠ᠃ ᠰᠦᠩ ᠱᠠᠨ ᠲᠤᠭᠤᠷᠢᠭ ᠤᠨ ᠭᠤᠤᠯᠳᠠᠯᠭ᠎ᠠ ᠲᠠᠢ ᠤᠷᠤᠨ ᠪᠦᠰᠡ ᠶᠢᠨ ᠪᠤᠬᠢᠷᠳᠦᠯ ᠢ ᠰᠡᠷᠭᠡᠶᠢᠯᠡᠨ ᠵᠠᠰᠠᠬᠤ ᠠᠵᠢᠯ ᠢ ᠨᠡᠶᠢᠳᠡᠪᠦᠷᠢᠵᠢᠭᠤᠯᠬᠤ ᠶᠢ ᠬᠠᠷᠢᠭᠤᠴᠠᠨ᠎ᠠ᠃ ᠤᠷᠴᠢᠨ ᠲᠤᠭᠤᠷᠢᠨ ᠢ ᠬᠢᠨᠡᠨ ᠪᠠᠶᠢᠴᠠᠭᠠᠬᠤ ᠪᠠ ᠤᠷᠴᠢᠨ ᠲᠤᠭᠤᠷᠢᠨ ᠤ ᠵᠠᠰᠠᠭ ᠵᠠᠬᠢᠷᠭᠠᠨ ᠤ ᠮᠦᠷᠳᠡᠨ ᠪᠠᠶᠢᠴᠠᠭᠠᠬᠤ ᠠᠵᠢᠯ ᠢ ᠬᠠᠷᠢᠭᠤᠴᠠᠨ᠎ᠠ᠃     ᠭᠤᠷᠪᠠ᠂ ᠰᠦᠩ ᠱᠠᠨ ᠲᠤᠭᠤᠷᠢᠭ ᠤᠨ ᠪᠤᠬᠢᠷᠳᠦᠯ ᠢ ᠭᠠᠳᠠᠭᠰᠢᠯᠠᠭᠤᠯᠬᠤ ᠬᠠᠷᠠᠯᠲᠠ ᠶᠢ ᠨᠡᠶᠢᠳᠡᠪᠦᠷᠢᠵᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠭᠤᠤᠯ ᠪᠤᠬᠢᠷᠳᠦᠯ ᠤᠨ ᠡᠳ᠋ ᠢ ᠭᠠᠳᠠᠭᠰᠢᠯᠠᠭᠤᠯᠬᠤ ᠶᠡᠷᠦᠩᠭᠡᠢ ᠬᠡᠮᠵᠢᠶ᠎ᠠ ᠶᠢᠨ ᠡᠵᠡᠮᠳᠡᠯ ᠪᠠ ᠭᠤᠤᠯ ᠪᠤᠬᠢᠷᠳᠦᠯ ᠡᠳ᠋ ᠢ ᠭᠠᠳᠠᠭᠰᠢᠯᠠᠭᠤᠯᠬᠤ ᠠᠵᠢᠯ ᠢ ᠬᠠᠷᠢᠭᠤᠴᠠᠨ᠎ᠠ᠃ ᠰᠦᠩ ᠱᠠᠨ ᠲᠤᠭᠤᠷᠢᠭ ᠤᠨ ᠭᠤᠤᠯ ᠪᠤᠬᠢᠷᠳᠦᠯ ᠤᠨ ᠡᠳ᠋ ᠢ ᠭᠠᠳᠠᠭᠰᠢᠯᠠᠭᠤᠯᠬᠤ ᠶᠡᠷᠦᠩᠭᠡᠢ ᠬᠡᠮᠵᠢᠶ᠎ᠠ ᠶᠢᠨ ᠡᠵᠡᠮᠳᠡᠯ ᠤᠨ ᠳᠦᠷᠢᠮ ᠪᠠ ᠪᠤᠬᠢᠷᠳᠦᠯ ᠢ ᠭᠠᠳᠠᠭᠰᠢᠯᠠᠭᠤᠯᠬᠤ ᠵᠦᠪᠰᠢᠶᠡᠷᠡᠯ ᠤᠨ ᠦᠨᠡᠮᠯᠡᠯ ᠤᠨ ᠳᠦᠷᠢᠮ ᠢ ᠲᠤᠭᠲᠠᠭᠠᠬᠤ ᠶᠢᠨ ᠬᠠᠮᠳᠦ ᠬᠡᠷᠡᠭᠵᠢᠭᠦᠯᠦᠨ᠎ᠠ︔ ᠤᠷᠴᠢᠨ ᠲᠤᠭᠤᠷᠢᠨ ᠢ ᠬᠠᠮᠠᠭᠠᠯᠠᠬᠤ ᠬᠠᠷᠠᠯᠲᠠ ᠬᠠᠷᠢᠭᠤᠴᠠᠯᠭ᠎ᠠ ᠶᠢᠨ ᠳᠦᠷᠢᠮ ᠪᠠ ᠭᠤᠤᠯ ᠪᠤᠬᠢᠷᠳᠦᠯ ᠡᠳ᠋ ᠭᠠᠳᠠᠭᠰᠢᠯᠠᠭᠤᠯᠬᠤ ᠶᠢ ᠬᠢᠨᠡᠨ ᠰᠢᠯᠭᠠᠬᠤ ᠶᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ᠃     ᠳᠥᠷᠪᠡ᠂ ᠰᠦᠩ ᠱᠠᠨ ᠲᠤᠭᠤᠷᠢᠭ ᠤᠨ ᠤᠷᠴᠢᠨ ᠲᠤᠭᠤᠷᠢᠨ ᠤ ᠪᠤᠬᠢᠷᠳᠦᠯ ᠪᠠ ᠤᠷᠴᠢᠨ ᠲᠤᠭᠤᠷᠢᠨ ᠤ ᠡᠪᠳᠡᠭᠳᠡᠯ ᠢ ᠡᠬᠢ ᠢᠷᠡᠯᠲᠡ ᠠᠴᠠ ᠨᠢ ᠤᠷᠢᠳᠴᠢᠯᠡᠨ ᠰᠡᠷᠭᠡᠶᠢᠯᠡᠵᠦ ᠡᠵᠡᠮᠳᠡᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠰᠦᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠨᠡᠶᠢᠳᠡᠯᠭ᠎ᠠ ᠪᠠᠷ᠂ ᠰᠦᠩ ᠱᠠᠨ ᠲᠤᠭᠤᠷᠢᠭ ᠤᠨ ᠴᠢᠬᠤᠯᠨ ᠶᠡᠭᠡ ᠠᠵᠦ ᠠᠬᠤᠢ ᠪᠠ ᠮᠡᠷᠭᠡᠵᠢᠯ ᠤᠨ ᠲᠦᠷᠦ ᠶᠢᠨ ᠪᠤᠳᠤᠯᠭ᠎ᠠ᠂ ᠭᠦᠭᠵᠢᠭᠦᠯᠦᠯᠲᠠ ᠶᠢᠨ ᠲᠦᠯᠦᠪᠵᠢᠭᠦᠯᠭᠡ ᠵᠢᠴᠢ ᠴᠢᠬᠤᠯᠨ ᠶᠡᠭᠡ ᠠᠵᠦ ᠠᠬᠤᠢ ᠶᠢᠨ ᠨᠡᠭᠡᠭᠡᠨ ᠭᠦᠭᠵᠢᠭᠦᠯᠦᠯᠲᠡ ᠶᠢᠨ ᠲᠦᠯᠦᠪᠯᠡᠭᠡ ᠳᠤ ᠤᠷᠴᠢᠨ ᠲᠤᠭᠤᠷᠢᠨ ᠤ ᠨᠦᠯᠦᠭᠡ ᠶᠢᠨ ᠦᠨᠡᠯᠡᠯᠲᠡ ᠬᠢᠬᠦ ᠶᠢ ᠬᠠᠷᠢᠭᠤᠴᠠᠨ᠎ᠠ︔ ᠤᠷᠴᠢᠨ ᠲᠤᠭᠤᠷᠢᠨ ᠤ ᠬᠠᠮᠠᠭᠠᠯᠠᠯᠲᠠ ᠳᠤ ᠬᠤᠯᠪᠤᠭᠳᠠᠬᠤ ᠲᠦᠷᠦ ᠶᠢᠨ ᠪᠤᠳᠤᠯᠭ᠎ᠠ ᠬᠠᠮᠢᠶᠠᠷᠤᠯᠲᠠ ᠶᠢᠨ ᠠᠷᠭ᠎ᠠ ᠳᠤ ᠬᠠᠮᠢᠶ᠎ᠠ ᠪᠦᠭᠦᠢ ᠤᠷᠴᠢᠨ ᠲᠤᠭᠤᠷᠢᠨ ᠢ ᠨᠦᠯᠦᠭᠡᠯᠡᠬᠦ ᠲᠡᠯ᠎ᠡ ᠶᠢᠨ ᠰᠠᠨᠠᠯ ᠳᠤᠷᠠᠳᠤᠨ᠎ᠠ᠃ ᠰᠦᠩ ᠱᠠᠨ ᠲᠤᠭᠤᠷᠢᠭ ᠤᠨ ᠡᠯ᠎ᠡ ᠲᠦᠷᠦᠯ ᠤᠨ ᠲᠦᠯᠦᠪᠵᠢᠭᠦᠯᠭᠡ ᠶᠢᠨ ᠤᠷᠴᠢᠨ ᠲᠤᠭᠤᠷᠢᠨ ᠤ ᠨᠦᠯᠦᠭᠡ ᠶᠢᠨ ᠦᠨᠡᠯᠡᠯᠲᠡ ᠶᠢᠨ ᠪᠢᠴᠢᠭ ᠮᠠᠲ᠋ᠧᠷᠢᠶᠡᠯ ᠢ ᠵᠤᠬᠢᠶᠠᠨ ᠪᠠᠶᠢᠭᠤᠯᠤᠨ ᠬᠢᠨᠡᠨ ᠪᠠᠶᠢᠴᠠᠭᠠᠨ᠎ᠠ︔ ᠰᠦᠩ ᠱᠠᠨ ᠲᠤᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠤᠷᠴᠢᠨ ᠲᠤᠭᠤᠷᠢᠨ ᠳᠤ ᠦᠵᠡᠭᠦᠯᠬᠦ ᠨᠦᠯᠦᠭᠡ ᠶᠢᠨ ᠦᠨᠡᠯᠡᠯᠲᠡ ᠶᠢᠨ ᠪᠢᠴᠢᠭ ᠮᠠᠲ᠋ᠧᠷᠢᠶᠡᠯ ᠢ ᠬᠢᠨᠡᠨ ᠵᠦᠪᠰᠢᠶᠡᠷᠡᠨ᠎ᠠ᠃     ᠲᠠᠪᠤ᠂ ᠰᠦᠩ ᠱᠠᠨ ᠲᠤᠭᠤᠷᠢᠭ ᠤᠨ ᠤᠷᠴᠢᠨ ᠲᠤᠭᠤᠷᠢᠨ ᠢ ᠬᠠᠮᠠᠭᠠᠯᠠᠬᠤ ᠲᠦᠷᠦ ᠶᠢᠨ ᠪᠤᠳᠤᠯᠭ᠎ᠠ ᠲᠦᠯᠦᠪᠵᠢᠭᠦᠯᠭᠡ ᠶᠢ ᠲᠦᠯᠦᠪᠯᠡᠨ ᠲᠤᠭᠲᠠᠭᠠᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ᠃ ᠰᠦᠩ ᠱᠠᠨ ᠲᠤᠭᠤᠷᠢᠭ ᠤᠨ ᠤᠷᠴᠢᠨ ᠲᠤᠭᠤᠷᠢᠨ ᠢ ᠬᠠᠮᠠᠭᠠᠯᠠᠬᠤ ᠳᠤ ᠬᠠᠮᠢᠶᠠᠲᠡᠢ ᠬᠠᠮᠢᠶᠠᠷᠤᠯᠲᠠ ᠶᠢᠨ ᠠᠷᠭ᠎ᠠ ᠪᠠ ᠴᠢᠬᠤᠯᠨ ᠶᠡᠭᠡ ᠠᠵᠦ ᠠᠬᠤᠢ ᠶᠢᠨ ᠲᠦᠷᠦ ᠶᠢᠨ ᠪᠤᠳᠤᠯᠭ᠎ᠠ᠂ ᠠᠵᠦ ᠠᠬᠤᠢ ᠨᠡᠶᠢᠭᠡᠮ ᠤᠨ ᠭᠦᠭᠵᠢᠯᠲᠠ ᠶᠢᠨ ᠳᠤᠮᠳᠠ ᠤᠷᠳᠤ ᠬᠤᠭᠤᠴᠠᠭᠠᠨ ᠤ ᠲᠦᠯᠦᠪᠵᠢᠭᠦᠯᠭᠡ᠂ ᠬᠠᠮᠢᠶ᠎ᠠ ᠪᠦᠭᠦᠢ ᠲᠤᠰᠬᠠᠢ ᠲᠦᠷᠦᠯ ᠤᠨ ᠲᠦᠯᠦᠪᠵᠢᠭᠦᠯᠭᠡ ᠵᠢᠴᠢ ᠭᠤᠤᠯ ᠴᠤᠭᠴᠠᠲᠦ ᠴᠢᠳᠠᠮᠵᠢ ᠶᠢ ᠤᠷᠤᠨ ᠬᠤᠪᠢᠶᠠᠬᠤ ᠶᠢ ᠲᠦᠯᠦᠪᠯᠡᠨ ᠲᠤᠭᠲᠠᠭᠠᠬᠤ ᠳᠤ ᠤᠷᠤᠯᠴᠠᠨ᠎ᠠ᠃     ᠵᠢᠷᠭᠤᠭ᠎ᠠ᠂ ᠰᠦᠩ ᠱᠠᠨ ᠲᠤᠭᠤᠷᠢᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ ᠵᠢᠭᠠᠨ ᠵᠢᠯᠦᠭᠤᠳᠴᠤ ᠵᠤᠬᠢᠴᠠᠭᠤᠯᠤᠨ ᠬᠢᠨᠡᠯᠲᠡ ᠲᠠᠯᠪᠢᠨ᠎ᠠ᠃ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠭᠦᠭᠵᠢᠭᠦᠯᠵᠦ ᠠᠰᠢᠭᠯᠠᠬᠤ᠂ ᠠᠮᠢ ᠠᠬᠤᠢ ᠶᠢᠨ ᠤᠷᠴᠢᠨ ᠲᠤᠭᠤᠷᠢᠨ ᠤ ᠪᠦᠳᠦᠭᠡᠨ ᠪᠠᠶᠢᠭᠤᠯᠤᠯᠲᠠ᠂ ᠠᠮᠢ ᠠᠬᠤᠢ ᠶᠢᠨ ᠡᠪᠳᠡᠯᠭᠡ ᠶᠢ ᠰᠡᠷᠭᠦᠭᠡᠬᠦ ᠪᠠ ᠠᠮᠢᠳᠦ ᠪᠤᠳᠠᠰ ᠤᠨ ᠮᠡᠷᠭᠡᠵᠢᠯ ᠤᠨ ᠤᠷᠴᠢᠨ ᠲᠤᠭᠤᠷᠢᠨ ᠤ ᠠᠮᠤᠷ ᠲᠦᠪᠰᠢᠨ ᠳᠤ ᠬᠢᠨᠡᠯᠲᠡ ᠲᠠᠯᠪᠢᠨ᠎ᠠ᠃ ᠰᠦᠩ ᠱᠠᠨ ᠲᠤᠭᠤᠷᠢᠭ ᠤᠨ ᠭᠦᠳᠡᠭᠡ ᠲᠤᠰᠬᠤᠨ ᠤ ᠤᠷᠴᠢᠨ ᠲᠤᠭᠤᠷᠢᠨ ᠤ ᠬᠠᠮᠠᠭᠠᠯᠠᠯᠲᠡ ᠶᠢᠨ ᠠᠵᠢᠯ ᠪᠠ ᠡᠯ᠎ᠡ ᠲᠦᠷᠦᠯ ᠬᠡᠯᠪᠡᠷᠢ ᠶᠢᠨ ᠪᠠᠶᠢᠭᠠᠯᠢ ᠶᠢᠨ ᠬᠠᠮᠠᠭᠠᠯᠠᠯᠲᠡ ᠶᠢᠨ ᠤᠷᠤᠨ᠂ ᠦᠵᠡᠮᠵᠢ ᠶᠢᠨ ᠨᠡᠷᠡᠲᠦ ᠤᠷᠤᠨ᠂ ᠤᠢ ᠰᠢᠭᠤᠢ ᠶᠢᠨ ᠴᠡᠴᠡᠷᠯᠢᠭ ᠤᠨ ᠤᠷᠴᠢᠨ ᠲᠤᠭᠤᠷᠢᠨ ᠤ ᠬᠠᠮᠠᠭᠠᠯᠠᠯᠲᠡ ᠶᠢᠨ ᠠᠵᠢᠯ ᠢ ᠵᠢᠭᠠᠨ ᠵᠢᠯᠦᠭᠤᠳᠴᠤ ᠵᠤᠬᠢᠴᠠᠭᠤᠯᠤᠨ ᠬᠢᠨᠡᠯᠲᠡ ᠲᠠᠯᠪᠢᠨ᠎ᠠ᠃ ᠰᠦᠩ ᠱᠠᠨ ᠲᠤᠭᠤᠷᠢᠭ ᠤᠨ ᠠᠮᠢᠲᠡᠨ ᠤᠷᠭᠤᠮᠠᠯ ᠤᠨ ᠬᠠᠮᠠᠭᠠᠯᠠᠯᠲᠡ᠂ ᠴᠢᠬᠢᠭᠯᠢᠭ ᠭᠠᠵᠠᠷ ᠤᠨ ᠤᠷᠴᠢᠨ ᠲᠤᠭᠤᠷᠢᠨ ᠤ ᠬᠠᠮᠠᠭᠠᠯᠠᠯᠲᠡ᠂ ᠡᠯᠡᠰᠦᠷᠬᠡᠭᠵᠢᠭᠦ ᠶᠢ ᠰᠡᠷᠭᠡᠶᠢᠯᠡᠨ ᠵᠠᠰᠠᠬᠤ ᠠᠵᠢᠯ ᠢ ᠵᠤᠬᠢᠴᠠᠭᠤᠯᠤᠨ ᠬᠢᠨᠡᠯᠲᠡ ᠲᠠᠯᠪᠢᠨ᠎ᠠ᠃ ᠠᠮᠢᠳᠦ ᠪᠤᠳᠠᠰ ᠤᠨ ᠲᠦᠷᠦᠯ ︵ᠤᠳᠤᠮᠯᠠᠯ ᠤᠨ ᠡᠬᠢ ᠪᠠᠶᠠᠯᠢᠭ ᠢ ᠪᠠᠭᠲᠠᠭᠠᠨ᠎ᠠ︶ ᠤᠨ ᠬᠠᠮᠠᠭᠠᠯᠠᠯᠲᠠ ᠶᠢᠨ ᠠᠵᠢᠯ ᠢ ᠲᠤᠯᠤᠭᠠᠶᠢᠯᠡᠨ ᠬᠠᠷᠢᠭᠤᠴᠠᠵᠦ᠂ ᠠᠮᠢᠳᠦ ᠪᠤᠳᠠᠰ ᠤᠨ ᠤᠯᠠᠨ ᠶᠠᠩᠵᠦᠳᠦ ᠴᠢᠨᠡᠷ ᠤᠨ ᠬᠠᠮᠠᠭᠠᠯᠠᠯᠲᠡ ᠶᠢ ᠵᠤᠬᠢᠶᠠᠨ ᠪᠠᠶᠢᠭᠤᠯᠤᠨ ᠵᠤᠬᠢᠴᠠᠭᠤᠯᠤᠨ᠎ᠠ᠃     ᠲᠣᠯᠤᠭ᠎ᠠ᠂ ᠪᠦᠬᠦ ᠲᠤᠭᠤᠷᠢᠭ ᠤᠨ ᠤᠷᠴᠢᠨ ᠲᠤᠭᠤᠷᠢᠨ ᠤ ᠪᠦᠷᠢᠳᠬᠡᠯ᠂ ᠤᠷᠴᠢᠨ ᠲᠤᠭᠤᠷᠢᠨ ᠢ ᠬᠢᠨᠡᠨ ᠬᠡᠮᠵᠢᠬᠦ᠂ ᠤᠷᠴᠢᠨ ᠲᠤᠭᠤᠷᠢᠨ ᠤ ᠶᠠᠰᠦ ᠴᠢᠨᠡᠷ ᠢ ᠵᠠᠳᠠᠯᠤᠨ ᠮᠠᠭᠠᠳᠯᠠᠬᠤ ᠪᠠ ᠰᠤᠷᠠᠭ ᠵᠠᠩᠬᠢ ᠨᠡᠶᠢᠳᠡᠯᠡᠬᠦ ᠶᠢ ᠬᠠᠷᠢᠭᠤᠴᠠᠨ᠎ᠠ᠃ ᠰᠦᠩ ᠱᠠᠨ ᠲᠤᠭᠤᠷᠢᠭ ᠤᠨ ᠤᠷᠴᠢᠨ ᠲᠤᠭᠤᠷᠢᠨ ᠤ ᠪᠦᠷᠢᠳᠬᠡᠯ᠂ ᠤᠷᠴᠢᠨ ᠲᠤᠭᠤᠷᠢᠨ ᠢ ᠬᠢᠨᠡᠨ ᠬᠡᠮᠵᠢᠬᠦ ᠪᠠ ᠰᠤᠷᠠᠭ ᠵᠠᠩᠬᠢ ᠨᠡᠶᠢᠳᠡᠯᠡᠬᠦ ᠳᠦᠷᠢᠮ ᠢ ᠲᠤᠭᠲᠠᠭᠠᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ᠃ ᠰᠦᠩ ᠱᠠᠨ ᠲᠤᠭᠤᠷᠢᠭ ᠤᠨ ᠤᠷᠴᠢᠨ ᠲᠤᠭᠤᠷᠢᠨ ᠢ ᠬᠢᠨᠡᠨ ᠬᠡᠮᠵᠢᠬᠦ ᠲᠤᠤᠷ ᠪᠠ ᠤᠷᠴᠢᠨ ᠲᠤᠭᠤᠷᠢᠨ ᠤ ᠰᠤᠷᠠᠭ ᠵᠠᠩᠬᠢ ᠶᠢᠨ ᠲᠤᠤᠷ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠤᠬᠢᠶᠠᠨ ᠪᠠᠶᠢᠭᠤᠯᠤᠨ᠎ᠠ᠃ ᠤᠷᠴᠢᠨ ᠲᠤᠭᠤᠷᠢᠨ ᠤ ᠶᠠᠰᠦ ᠴᠢᠨᠡᠷ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠦᠨᠡᠯᠡᠯᠲᠡ ᠬᠢᠬᠦ ᠶᠢ ᠵᠤᠬᠢᠶᠠᠨ ᠪᠠᠶᠢᠭᠤᠯᠤᠨ᠎ᠠ᠃     ᠨᠠᠶᠢᠮᠠ᠂ ᠰᠦᠩ ᠱᠠᠨ ᠲᠤᠭᠤᠷᠢᠭ ᠤᠨ ᠤᠷᠴᠢᠨ ᠲᠤᠭᠤᠷᠢᠨ ᠢ ᠬᠠᠮᠠᠭᠠᠯᠠᠬᠤ ᠰᠢᠨᠵᠢᠯᠡᠭᠡ ᠮᠡᠷᠭᠡᠵᠢᠯ ᠤᠨ ᠠᠵᠢᠯ ᠢ ᠬᠠᠷᠢᠭᠤᠴᠠᠨ᠎ᠠ᠃ ᠰᠦᠩ ᠱᠠᠨ ᠲᠤᠭᠤᠷᠢᠭ ᠤᠨ ᠤᠷᠴᠢᠨ ᠲᠤᠭᠤᠷᠢᠨ ᠢ ᠬᠠᠮᠠᠭᠠᠯᠠᠬᠤ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠢᠨᠵᠧᠨᠧᠷᠢᠩ ᠤᠨ ᠵᠢᠱᠢᠶ᠎ᠡ ᠦᠵᠡᠭᠦᠯᠭᠦ ᠶᠢ ᠵᠤᠬᠢᠶᠠᠨ ᠪᠠᠶᠢᠭᠤᠯᠤᠨ᠎ᠠ᠃ ᠤᠷᠴᠢᠨ ᠲᠤᠭᠤᠷᠢᠨ ᠢ ᠬᠠᠮᠠᠭᠠᠯᠠᠬᠤ ᠠᠵᠦ ᠦᠢᠯᠡᠰ ᠤᠨ ᠭᠦᠭᠵᠢᠯᠲᠠ ᠶᠢ ᠬᠠᠷᠢᠭᠤᠴᠠᠵᠦ᠂ ᠤᠷᠴᠢᠯᠲᠦ ᠠᠵᠦ ᠠᠬᠤᠢ ᠪᠠ ᠠᠷᠢᠭᠤᠨ ᠴᠡᠪᠡᠷ ᠦᠢᠯᠡᠳᠪᠦᠷᠢᠯᠡᠯ ᠤᠨ ᠠᠵᠢᠯ ᠳᠤ ᠤᠷᠤᠯᠴᠠᠬᠤ ᠪᠠ ᠵᠢᠭᠠᠨ ᠵᠢᠯᠦᠭᠤᠳᠤᠨ ᠠᠬᠢᠭᠤᠯᠤᠨ᠎ᠠ᠃ ᠰᠦᠩ ᠱᠠᠨ ᠲᠤᠭᠤᠷᠢᠭ ᠤᠨ ᠤᠷᠴᠢᠨ ᠲᠤᠭᠤᠷᠢᠨ ᠢ ᠬᠠᠮᠠᠭᠠᠯᠠᠬᠤ ᠤᠯᠠᠨ ᠤᠯᠤᠰ ᠤᠨ ᠬᠠᠮᠳᠤᠷᠠᠯᠴᠠᠭ᠎ᠠ ᠪᠠ ᠭᠠᠳᠠᠭᠠᠳᠦ ᠬᠠᠷᠢᠯᠴᠠᠭ᠎ᠠ ᠶᠢ ᠬᠠᠷᠢᠭᠤᠴᠠᠨ᠎ᠠ᠃     ᠶᠢᠰᠦ᠂ ᠰᠦᠩ ᠱᠠᠨ ᠲᠤᠭᠤᠷᠢᠭ ᠤᠨ ᠤᠷᠴᠢᠨ ᠲᠤᠭᠤᠷᠢᠨ ᠢ ᠬᠠᠮᠠᠭᠠᠯᠠᠬᠤ ᠤᠬᠠᠭᠤᠯᠤᠯ ᠭᠦᠮᠦᠵᠢᠯ ᠤᠨ ᠠᠵᠢᠯ ᠢ ᠵᠤᠬᠢᠶᠠᠨ ᠪᠠᠶᠢᠭᠤᠯᠵᠦ ᠵᠤᠬᠢᠴᠠᠭᠤᠯᠤᠨ᠎ᠠ᠃ ᠰᠦᠩ ᠱᠠᠨ ᠲᠤᠭᠤᠷᠢᠭ ᠤᠨ ᠤᠷᠴᠢᠨ ᠲᠤᠭᠤᠷᠢᠨ ᠢ ᠬᠠᠮᠠᠭᠠᠯᠠᠬᠤ ᠤᠬᠠᠭᠤᠯᠤᠯ ᠭᠦᠮᠦᠵᠢᠯ ᠤᠨ ᠲᠦᠯᠦᠪᠵᠢᠭᠦᠯᠭᠡ᠂ ᠲᠦᠯᠦᠪᠯᠡᠭᠡ ᠶᠢ ᠲᠦᠯᠦᠪᠯᠡᠨ ᠲᠤᠭᠲᠠᠭᠠᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠠᠨ ᠲᠦᠮᠡᠨ ᠪᠠ ᠨᠡᠶᠢᠭᠡᠮ ᠤᠨ ᠵᠤᠬᠢᠶᠠᠨ ᠪᠠᠶᠢᠭᠤᠯᠤᠯᠲᠡ ᠤᠷᠴᠢᠨ ᠲᠤᠭᠤᠷᠢᠨ ᠢ ᠬᠠᠮᠭᠠᠯᠠᠬᠤ ᠠᠵᠢᠯ ᠳᠤ ᠤᠷᠤᠯᠴᠠᠬᠤ ᠶᠢ ᠠᠬᠢᠭᠤᠯᠤᠨ᠎ᠠ᠃     ᠠᠷᠪᠠ᠂ ᠰᠦᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠠ ᠤᠯᠠᠭᠠᠨᠬᠠᠲᠠ ᠬᠤᠲᠠ ᠶᠢᠨ ᠤᠷᠴᠢᠨ ᠲᠤᠭᠤᠷᠢᠨ ᠢ ᠬᠠᠮᠠᠭᠠᠯᠠᠬᠤ ᠲᠤᠪᠴᠢᠶ᠎ᠡ ᠶᠢᠨ ᠲᠤᠰᠢᠶᠠᠨ ᠭᠦᠢᠴᠡᠳᠬᠡᠯᠬᠡᠬᠦ ᠪᠤᠰᠤᠳ ᠬᠡᠷᠡᠭ ᠤᠴᠢᠷ ᠢ ᠳᠠᠭᠠᠭᠠᠨ ᠭᠦᠢᠴᠡᠳᠬᠡᠨ᠎ᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号