ᠭᠤᠤᠯ ᠡᠭᠦᠷᠭᠡ ᠬᠠᠷᠢᠭᠤᠴᠠᠯᠭ᠎ᠠ᠄ | ᠨᠢᠭᠡ᠂ ᠨᠡᠮ ᠪᠠ ᠲᠦᠷᠤ ᠶᠢᠨ ᠬᠠᠮᠢᠶ᠎ᠠ ᠪᠦᠭᠦᠢ ᠠᠵᠦ ᠦᠢᠯᠡᠳᠪᠦᠷᠢ᠂ ᠰᠤᠷᠠᠭ ᠵᠠᠩᠬᠢᠵᠢᠯᠲᠠ ᠶᠢᠨ | ᠭᠦᠭᠵᠢᠯᠲᠠ ᠶᠢᠨ ᠴᠢᠭᠯᠡᠯᠲᠡ ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠳᠦᠷᠢᠮ ᠢ ᠲᠤᠤᠱᠯᠠᠭᠤᠯᠤᠨ | ᠬᠡᠷᠡᠭᠵᠢᠭᠦᠯᠦᠨ᠎ᠠ︔ ᠪᠦᠬᠦ ᠲᠤᠭᠤᠷᠢᠭ ᠤᠨ ᠠᠵᠦ ᠦᠢᠯᠡᠳᠪᠦᠷᠢ ᠰᠤᠷᠠᠭ ᠵᠠᠩᠬᠢᠵᠢᠯᠲᠠ ᠶᠢᠨ ᠭᠦᠭᠵᠢᠯᠲᠠ ᠶᠢᠨ | ᠲᠦᠯᠦᠪᠵᠢᠭᠦᠯᠭᠡ ᠶᠢ ᠰᠤᠳᠤᠯᠤᠨ ᠲᠤᠭᠲᠠᠭᠠᠨ᠎ᠠ︔ ᠪᠦᠬᠦ ᠲᠤᠭᠤᠷᠢᠭ ᠤᠨ ᠰᠢᠨ᠎ᠡ ᠬᠡᠯᠪᠡᠷᠢ ᠶᠢᠨ ᠠᠵᠦ | ᠦᠢᠯᠡᠳᠪᠦᠷᠢᠵᠢᠭᠰᠡᠨ ᠠᠬᠢᠴᠠ ᠳᠤᠮᠳᠠᠬᠢ ᠴᠢᠬᠤᠯᠨ ᠶᠡᠭᠡ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠵᠦ᠂ ᠠᠵᠦ | ᠦᠢᠯᠡᠰ ᠤᠨ ᠪᠦᠳᠦᠴᠡ ᠶᠢᠨ ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠤᠯᠲᠠ ᠪᠠ ᠰᠢᠯᠢᠳᠡᠭᠵᠢᠭᠦᠯᠦᠨ ᠳᠡᠰ | ᠳᠠᠪᠰᠢᠬᠤ ᠶᠢ ᠠᠬᠢᠭᠤᠯᠤᠨ᠎ᠠ︔ ᠠᠵᠦ ᠦᠢᠯᠡᠳᠪᠦᠷᠢᠵᠢᠭᠦᠯᠦᠯᠲᠠ ᠪᠠ ᠰᠤᠷᠠᠭ ᠵᠠᠩᠬᠢᠵᠢᠯᠲᠠ ᠶᠢᠨ ᠠᠭᠤᠰᠤᠯᠴᠠᠯ ᠢ | ᠠᠬᠢᠭᠤᠯᠤᠨ᠎ᠠ᠃ | ᠬᠤᠶᠠᠷ᠂ ᠪᠦᠬᠦ ᠲᠤᠭᠤᠷᠢᠭ ᠤᠨ ᠠᠵᠦ ᠦᠢᠯᠡᠳᠪᠦᠷᠢ ᠶᠢᠨ ᠠᠵᠦ ᠠᠬᠤᠢ ᠶᠢᠨ ᠡᠷᠬᠢᠯᠲᠠ ᠶᠢᠨ ᠪᠠᠶᠢᠳᠠᠯ ᠢ | ᠬᠢᠨᠡᠨ ᠬᠡᠮᠵᠢᠵᠦ ᠵᠠᠳᠠᠯᠤᠨ ᠰᠢᠨᠵᠢᠯᠡᠵᠦ᠂ ᠬᠠᠮᠢᠶ᠎ᠠ ᠪᠦᠭᠦᠢ ᠰᠤᠷᠠᠭ ᠵᠠᠩᠬᠢ ᠶᠢ ᠪᠦᠷᠢᠳᠬᠡᠬᠦ ᠪᠠ ᠨᠡᠶᠢᠳᠡᠯᠡᠵᠦ᠂ | ᠵᠢᠱᠢᠨ ᠰᠡᠷᠡᠮᠵᠢᠯᠡᠭᠦᠯᠬᠦ᠂ ᠰᠤᠷᠠᠭ ᠵᠠᠩᠬᠢ ᠨᠡᠶᠢᠳᠡᠯᠡᠬᠦ ᠪᠠ ᠰᠤᠷᠠᠭ ᠵᠠᠩᠬᠢ ᠶᠢᠨ ᠵᠢᠯᠦᠭᠤᠳᠤᠯᠭ᠎ᠠ ᠬᠢᠨ᠎ᠠ︔ ᠠᠵᠢᠯ | ᠲᠦᠷᠦᠯ ᠤᠨ ᠡᠷᠬᠢᠯᠲᠡ ᠭᠦᠭᠵᠢᠯᠲᠡ ᠳᠤᠮᠳᠠᠬᠢ ᠬᠠᠮᠢᠶ᠎ᠠ ᠪᠦᠭᠦᠢ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠬᠦ ᠶᠢᠨ | ᠬᠠᠮᠳᠦ ᠲᠦᠷᠦ ᠶᠢᠨ ᠪᠤᠳᠤᠯᠭ᠎ᠠ ᠰᠠᠨᠠᠭᠤᠯᠭ᠎ᠠ ᠳᠤᠷᠠᠳᠤᠨ᠎ᠠ︔ ᠡᠮ ᠡᠮᠨᠡᠯᠭᠡ ᠶᠢᠨ ᠬᠠᠳᠠᠭᠠᠯᠠᠮᠵᠢ ᠶᠢᠨ ᠠᠵᠢᠯ ᠢ | ᠵᠤᠬᠢᠴᠠᠭᠤᠯᠬᠤ ᠶᠢ ᠬᠠᠷᠢᠭᠤᠴᠠᠨ᠎ᠠ︔ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠨ ᠪᠠᠶᠢᠭᠠᠯᠢ ᠶᠢᠨ | ᠭᠠᠮᠰᠢᠭ ᠢ ᠠᠷᠭᠠᠴᠠᠬᠤ ᠵᠡᠷᠭᠡ ᠳᠤ ᠬᠡᠷᠡᠭᠯᠡᠬᠦ ᠭᠠᠮᠰᠢᠭ ᠠᠴᠠ ᠠᠪᠤᠷᠠᠬᠤ ᠡᠳ᠋ ᠪᠤᠳᠠᠰ ᠢ ᠦᠢᠯᠡᠳᠪᠦᠷᠢᠯᠡᠬᠦ᠂ | ᠬᠠᠳᠠᠭᠠᠯᠠᠬᠤ᠂ ᠲᠤᠬᠢᠷᠠᠭᠤᠯᠤᠨ ᠵᠦᠭᠡᠭᠡᠪᠦᠷᠢᠯᠡᠬᠦ ᠶᠢ ᠰᠠᠶᠢᠳᠦᠷ ᠬᠢᠨ᠎ᠠ︔ ᠠᠵᠦ ᠦᠢᠯᠡᠳᠪᠦᠷᠢ ᠠᠵᠦ ᠠᠬᠤᠶᠢᠯᠡᠯ ᠤᠨ | ᠴᠢᠬᠤᠯᠨ ᠤᠨᠴᠠ ᠶᠡᠭᠡ ᠠᠮᠤᠷ ᠲᠦᠪᠰᠢᠨ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠵᠦ ᠠᠪᠤᠷᠠᠨ | ᠲᠤᠰᠠᠯᠠᠬᠤ ᠠᠵᠢᠯ ᠢ ᠬᠠᠪᠰᠤᠷᠤᠨ ᠭᠦᠢᠴᠡᠳᠬᠡᠨ᠎ᠡ᠃ | ᠭᠤᠷᠪᠠ᠂ ᠪᠦᠬᠦ ᠲᠤᠭᠤᠷᠢᠭ ᠤᠨ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠭᠦᠭᠵᠢᠯᠲᠠ ᠶᠢᠨ | ᠶᠡᠷᠦᠩᠭᠡᠢ ᠲᠦᠯᠦᠪᠵᠢᠭᠦᠯᠭᠡ ᠵᠢᠴᠢ ᠠᠵᠦ ᠦᠢᠯᠡᠰ ᠤᠨ ᠭᠦᠭᠵᠢᠯᠲᠡ ᠶᠢᠨ ᠤᠳᠤᠷᠢᠳᠦᠮᠵᠢ ᠪᠠ ᠲᠦᠷᠦ ᠶᠢᠨ | ᠪᠤᠳᠤᠯᠭ᠎ᠠ ᠶᠢ ᠦᠨᠳᠦᠰᠦᠯᠡᠨ᠂ ᠠᠵᠦ ᠦᠢᠯᠡᠰ ᠤᠨ ᠪᠦᠳᠦᠴᠡ ᠶᠢ ᠲᠤᠬᠢᠷᠠᠭᠤᠯᠬᠤ ᠰᠠᠨᠠᠯ ᠳᠤᠷᠠᠳᠤᠨ᠎ᠠ︔ ᠠᠵᠦ | ᠦᠢᠯᠡᠳᠪᠦᠷᠢ ᠶᠢᠨ ᠭᠦᠷᠢᠶᠡᠨ ᠳᠠᠬᠢ ᠠᠵᠢᠯ ᠲᠦᠷᠦᠯ ᠤᠨ ᠬᠠᠨᠮᠢᠶᠠᠷᠤᠯᠲᠠ ᠶᠢ ᠬᠠᠷᠢᠭᠤᠴᠠᠵᠦ᠂ ᠠᠵᠦ | ᠦᠢᠯᠡᠳᠪᠦᠷᠢ ᠶᠢᠨ ᠠᠵᠢᠯ ᠲᠦᠷᠦᠯ ᠤᠨ ᠲᠦᠯᠦᠪᠵᠢᠭᠦᠯᠭᠡ ᠶᠢ ᠲᠦᠯᠦᠪᠯᠡᠨ ᠲᠤᠭᠲᠠᠭᠠᠵᠦ᠂ ᠭᠤᠤᠯᠳᠠᠯᠭ᠎ᠠ ᠲᠠᠢ | ᠠᠵᠢᠯ ᠲᠦᠷᠦᠯ ᠤᠨ ᠵᠠᠬ᠎ᠠ ᠳᠤ ᠤᠷᠤᠬᠤ ᠶᠢ ᠵᠦᠪᠰᠢᠶᠡᠷᠡᠬᠦ ᠳᠦᠷᠢᠮ᠂ ᠠᠵᠦ ᠦᠢᠯᠡᠳᠪᠦᠷᠢ ᠶᠢᠨ ᠪᠠᠶᠢᠷᠢᠰᠢᠯᠲᠡ | ᠲᠤᠬᠢᠷᠠᠭᠤᠯᠤᠯᠲᠠ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠴᠠᠬᠢᠯᠭᠠᠨ ᠭᠦᠴᠦᠨ ᠤ ᠠᠵᠢᠯ ᠲᠦᠷᠦᠯ ᠤᠨ | ᠡᠷᠬᠢᠯᠲᠡ ᠶᠢᠨ ᠬᠠᠮᠢᠶᠠᠷᠤᠯᠲᠠ ᠶᠢ ᠵᠤᠬᠢᠴᠠᠭᠤᠯᠤᠨ ᠡᠭᠦᠷᠭᠡᠯᠡᠨ᠎ᠡ᠃ | ᠳᠥᠷᠪᠡ᠂ ᠪᠦᠬᠦ ᠲᠤᠭᠤᠷᠢᠭ ᠤᠨ ᠲᠤᠨᠤᠭᠯᠠᠯ ᠦᠢᠯᠡᠳᠬᠦ ᠦᠢᠯᠡᠰ ᠤᠨ ᠮᠠᠨᠳᠤᠨ ᠭᠦᠭᠵᠢᠬᠦ ᠶᠢ ᠵᠤᠬᠢᠶᠠᠨ | ᠪᠠᠶᠢᠭᠤᠯᠤᠨ ᠵᠤᠬᠢᠴᠠᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠴᠢᠬᠤᠯᠨ ᠶᠡᠭᠡ ᠮᠡᠷᠭᠡᠵᠢᠯ ᠤᠨ ᠲᠤᠨᠤᠭᠯᠠᠯ ᠤᠨ | ᠭᠦᠭᠵᠢᠯᠲᠠ ᠪᠠ ᠪᠠᠶ᠎ᠠ ᠪᠠᠨ ᠳᠠᠭᠠᠭᠠᠵᠦ ᠰᠢᠨ᠎ᠡ ᠶᠢ ᠡᠭᠦᠳᠬᠦ ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ | ᠲᠦᠯᠦᠪᠯᠡᠨ ᠲᠤᠭᠲᠠᠭᠠᠨ᠎ᠠ︔ ᠭᠤᠤᠯᠳᠠᠯᠭ᠎ᠠ ᠲᠠᠢ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠳᠤ ᠲᠦᠰᠢᠭᠯᠡᠨ | ᠬᠠᠮᠢᠶ᠎ᠠ ᠪᠦᠭᠦᠢ ᠴᠢᠬᠤᠯᠨ ᠶᠡᠭᠡ ᠲᠤᠰᠬᠠᠢ ᠵᠦᠢᠯ ᠢ ᠬᠡᠷᠡᠭᠵᠢᠭᠦᠯᠬᠦ ᠶᠢ ᠵᠤᠬᠢᠴᠠᠭᠤᠯᠵᠦ᠂ ᠴᠢᠬᠤᠯᠨ ᠶᠡᠭᠡ ᠮᠡᠷᠭᠡᠵᠢᠯ | ᠲᠤᠨᠤᠭᠯᠠᠯ ᠢ ᠤᠷᠤᠭᠤᠯᠤᠨ ᠠᠪᠴᠢᠷᠠᠬᠤ᠂ ᠰᠢᠩᠭᠡᠭᠡᠬᠦ ᠪᠠ ᠰᠢᠨ᠎ᠡ ᠶᠢ ᠡᠭᠦᠳᠬᠦ ᠶᠢ ᠠᠬᠢᠭᠤᠯᠤᠨ᠎ᠠ᠃ | ᠲᠠᠪᠤ᠂ ᠠᠵᠢᠯ ᠲᠦᠷᠦᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠷᠭᠡᠵᠢᠯ ᠤᠨ ᠳᠠᠪᠰᠢᠯᠲᠡ ᠶᠢ ᠵᠢᠭᠠᠨ | ᠵᠢᠯᠦᠭᠤᠳᠤᠨ ᠬᠤᠪᠢᠳᠠᠨ ᠬᠠᠮᠢᠶᠠᠷᠬᠤ ᠶᠢ ᠬᠠᠷᠢᠭᠤᠴᠠᠵᠦ᠂ ᠮᠡᠷᠭᠡᠵᠢᠯ ᠤᠨ ᠦᠭᠡᠷᠡᠴᠢᠯᠡᠯᠲᠡ ᠶᠢ ᠠᠬᠢᠭᠤᠯᠤᠨ᠂ | ᠲᠡᠷᠢᠭᠦᠨ ᠤ ᠮᠡᠷᠭᠡᠵᠢᠯ ᠢᠶᠠᠷ ᠤᠯᠠᠮᠵᠢᠯᠠᠯᠲᠦ ᠠᠵᠦ ᠦᠢᠯᠡᠰ ᠢ ᠦᠭᠡᠷᠡᠴᠢᠯᠡᠨ ᠳᠡᠭᠡᠭᠰᠢᠯᠡᠭᠦᠯᠦᠨ᠎ᠡ︔ ᠬᠠᠮᠢᠶ᠎ᠠ ᠪᠦᠭᠦᠢ | ᠤᠯᠤᠰ᠂ ᠭᠠᠵᠠᠷ ᠤᠷᠤᠨ ᠤ ᠠᠵᠦ ᠦᠢᠯᠡᠳᠪᠦᠷᠢ ᠪᠠ ᠰᠤᠷᠠᠭ ᠵᠠᠩᠬᠢ ᠶᠢᠨ ᠠᠵᠦ ᠦᠢᠯᠡᠰ ᠤᠨ ᠰᠢᠨᠵᠢᠯᠡᠭᠡ | ᠮᠡᠷᠭᠡᠵᠢᠯ ᠤᠨ ᠴᠢᠬᠤᠯᠨ ᠶᠡᠭᠡ ᠲᠤᠰᠬᠠᠢ ᠲᠦᠷᠦᠯ ᠢ ᠵᠤᠬᠢᠴᠠᠭᠤᠯᠵᠦ ᠵᠤᠬᠢᠶᠠᠨ ᠪᠠᠶᠢᠭᠤᠯᠤᠨ ᠬᠡᠷᠡᠭᠵᠢᠭᠦᠯᠵᠦ᠂ | ᠬᠠᠮᠢᠶ᠎ᠠ ᠪᠦᠭᠦᠢ ᠰᠢᠨᠵᠢᠯᠡᠭᠡ ᠰᠤᠳᠤᠯᠭᠠᠨ ᠤ ᠦᠷ᠎ᠡ ᠪᠦᠳᠦᠭᠡᠯ ᠤᠨ ᠠᠵᠦ ᠦᠢᠯᠡᠰᠵᠢᠯᠲᠡ ᠶᠢ ᠠᠬᠢᠭᠤᠯᠤᠨ᠎ᠠ︔ | ᠤᠯᠤᠰ ᠪᠠ ᠭᠠᠵᠠᠷ ᠤᠷᠤᠨ ᠤ ᠮᠡᠷᠭᠡᠵᠢᠯ ᠤᠨ ᠪᠠᠷᠢᠮᠵᠢᠶ᠎ᠠ ᠶᠢ ᠵᠤᠬᠢᠴᠠᠭᠤᠯᠵᠦ ᠵᠤᠬᠢᠶᠠᠨ ᠪᠠᠶᠢᠭᠤᠯᠤᠨ | ᠬᠡᠷᠡᠭᠵᠢᠭᠦᠯᠦᠨ᠎ᠠ︔ ᠵᠦᠭᠡᠯᠡᠨ ᠲᠤᠨᠤᠭ ᠤᠨ ᠦᠢᠯᠡᠰ᠂ ᠰᠤᠷᠠᠭ ᠵᠠᠩᠬᠢ ᠶᠢᠨ ᠦᠢᠯᠡᠴᠢᠯᠡᠭᠡᠨ ᠤ ᠦᠢᠯᠡᠰ ᠪᠠ | ᠰᠢᠨ᠎ᠠ ᠪᠠᠷ ᠮᠠᠨᠳᠤᠭᠰᠡᠨ ᠠᠵᠦ ᠦᠢᠯᠡᠰ ᠤᠨ ᠭᠦᠭᠵᠢᠯᠲᠠ ᠶᠢ ᠠᠬᠢᠭᠤᠯᠵᠦ᠂ ᠰᠤᠷᠠᠭ ᠵᠠᠩᠬᠢᠵᠢᠯᠲᠠ ᠪᠠ ᠠᠵᠦ | ᠦᠢᠯᠡᠰᠵᠢᠯᠲᠡ ᠶᠢᠨ ᠠᠭᠤᠰᠤᠯᠴᠠᠯ ᠢ ᠠᠬᠢᠭᠤᠯᠤᠨ᠎ᠠ᠃ | ᠵᠢᠷᠭᠤᠭ᠎ᠠ᠂ ᠪᠦᠬᠦ ᠲᠤᠭᠤᠷᠢᠭ ᠤᠨ ᠠᠵᠦ ᠦᠢᠯᠡᠳᠪᠦᠷᠢ ᠶᠢᠨ ᠠᠵᠦ ᠠᠬᠤᠢ ᠶᠢᠨ ᠡᠨᠧᠷᠬᠢ ᠠᠷᠪᠢᠯᠠᠬᠤ ᠪᠠ | ᠡᠬᠢ ᠪᠠᠶᠠᠯᠢᠭ ᠢ ᠶᠡᠷᠦᠩᠭᠡᠶᠢᠯᠡᠨ ᠠᠰᠢᠭᠯᠠᠬᠤ᠂ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠲᠦᠷᠦ ᠶᠢᠨ | ᠪᠤᠳᠤᠯᠭ᠎ᠠ ᠪᠠ ᠲᠦᠯᠦᠪᠵᠢᠭᠦᠯᠭᠡ ᠶᠢ ᠲᠦᠯᠦᠪᠯᠡᠨ ᠲᠤᠭᠲᠠᠭᠠᠬᠤ ᠶᠢᠨ ᠬᠠᠮᠳᠦ ᠵᠤᠬᠢᠶᠠᠨ ᠪᠠᠶᠢᠭᠤᠯᠤᠨ | ᠬᠡᠷᠡᠭᠵᠢᠭᠦᠯᠦᠨ᠎ᠠ︔ ᠠᠵᠦ ᠦᠢᠯᠡᠳᠪᠦᠷᠢ ᠶᠢᠨ ᠤᠷᠴᠢᠨ ᠲᠤᠭᠤᠷᠢᠨ ᠢ ᠬᠠᠮᠠᠭᠠᠯᠠᠬᠤ᠂ ᠠᠵᠦ ᠦᠢᠯᠡᠳᠪᠦᠷᠢ ᠶᠢᠨ | ᠠᠭᠤᠷᠬᠠᠢ ᠶᠢᠨ ᠡᠬᠢ ᠪᠠᠶᠠᠯᠢᠭ ᠪᠠ ᠠᠵᠦ ᠦᠢᠯᠡᠳᠪᠦᠷᠢ ᠶᠢᠨ ᠤᠰᠤᠨ ᠤ ᠡᠬᠢ ᠪᠠᠶᠠᠯᠢᠭ ᠢ ᠨᠡᠭᠡᠭᠡᠨ ᠭᠦᠭᠵᠢᠭᠦᠯᠵᠦ | ᠠᠰᠢᠭᠯᠠᠬᠤ ᠶᠢ ᠵᠤᠬᠢᠶᠠᠨ ᠪᠠᠶᠢᠭᠤᠯᠵᠦ ᠵᠤᠬᠢᠴᠠᠭᠤᠯᠤᠨ᠎ᠠ︔ ᠬᠠᠮᠢᠶ᠎ᠠ ᠪᠦᠭᠦᠢ ᠴᠢᠬᠤᠯᠨ ᠶᠡᠭᠡ ᠵᠢᠱᠢᠶ᠎ᠡ ᠦᠵᠡᠭᠦᠯᠬᠦ | ᠢᠨᠵᠧᠨᠧᠷᠢᠩ ᠪᠠ ᠰᠢᠨ᠎ᠡ ᠪᠦᠳᠦᠭᠡᠭᠳᠡᠭᠦᠨ᠂ ᠰᠢᠨ᠎ᠡ ᠮᠡᠷᠭᠡᠵᠢᠯ᠂ ᠰᠢᠨ᠎ᠡ ᠲᠦᠭᠦᠭᠡᠷᠦᠮᠵᠢ᠂ ᠰᠢᠨ᠎ᠡ ᠮᠠᠲ᠋ᠧᠷᠢᠶᠡᠯ ᠢ | ᠳᠡᠯᠭᠡᠷᠡᠭᠦᠯᠦᠨ ᠬᠡᠷᠡᠭᠯᠡᠬᠦ ᠶᠢ ᠵᠤᠬᠢᠶᠠᠨ ᠪᠠᠶᠢᠭᠤᠯᠵᠦ ᠵᠤᠬᠢᠴᠠᠭᠤᠯᠤᠨ᠎ᠠ᠃ | ᠳᠣᠯᠤᠭ᠎ᠠ᠂ ᠬᠠᠮᠢᠶ᠎ᠠ ᠪᠦᠭᠦᠢ ᠤᠯᠤᠰ ᠤᠨ ᠪᠠᠳᠤᠯᠠᠨ ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ᠤᠨ ᠠᠵᠦ | ᠦᠢᠯᠡᠳᠪᠦᠷᠢ ᠶᠢᠨ ᠴᠢᠭᠯᠡᠯᠲᠡ᠂ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ᠂ ᠬᠠᠤᠯᠢ ᠳᠦᠷᠢᠮ ᠢ | ᠲᠤᠤᠱᠯᠠᠭᠤᠯᠤᠨ ᠬᠡᠷᠡᠭᠵᠢᠭᠦᠯᠦᠨ᠎ᠠ︔ ᠪᠦᠬᠦ ᠲᠤᠭᠤᠷᠢᠭ ᠤᠨ ᠠᠷᠠᠳ ᠤᠨ ᠬᠡᠷᠡᠭᠯᠡᠭᠡᠨ ᠤ ᠳᠡᠯᠪᠡᠴᠡᠬᠦ ᠡᠳ᠋ ᠤᠨ | ᠦᠢᠯᠡᠳᠪᠦᠷᠢᠯᠡᠯ ᠡᠵᠡᠩᠨᠡᠯᠲᠡ ᠶᠢᠨ ᠠᠵᠢᠯ ᠢ ᠬᠠᠷᠢᠭᠤᠴᠠᠵᠦ᠂ ᠪᠦᠬᠦ ᠲᠤᠭᠤᠷᠢᠭ ᠤᠨ ᠠᠷᠠᠳ ᠤᠨ ᠬᠡᠷᠡᠭᠯᠡᠭᠡᠨ ᠤ | ᠡᠳ᠋ ᠤᠨ ᠪᠤᠷᠤᠯᠠᠭᠤᠯᠬᠤ ᠠᠴᠠ ᠡᠮᠤᠨᠡᠬᠢ ᠬᠤᠷᠢᠶᠠᠨ ᠬᠠᠳᠠᠭᠠᠯᠠᠬᠤ ᠠᠮᠤᠷ ᠲᠦᠪᠰᠢᠨ ᠦᠢᠯᠡᠳᠪᠦᠷᠢᠯᠡᠯ ᠤᠨ | ᠬᠠᠷᠢᠭᠤᠴᠠᠯᠭ᠎ᠠ ᠶᠢ ᠡᠭᠦᠷᠭᠡᠯᠡᠨ᠎ᠡ︔ ᠠᠵᠦ ᠦᠢᠯᠡᠳᠪᠦᠷᠢ ᠪᠠ ᠰᠤᠷᠠᠭ ᠵᠠᠩᠬᠢ ᠶᠢᠨ ᠠᠵᠦ ᠦᠢᠯᠡᠰ ᠤᠨ ᠪᠠᠴᠢᠮ | ᠪᠠᠶᠢᠳᠠᠯ ᠢ ᠠᠷᠭᠠᠴᠠᠵᠦ ᠠᠪᠤᠷᠠᠨ ᠲᠤᠰᠠᠯᠠᠬᠤ ᠠᠵᠢᠯ ᠢ ᠵᠢᠭᠠᠨ ᠵᠢᠯᠦᠭᠤᠳᠤᠨ᠎ᠠ︔ ᠭᠤᠤᠯᠳᠠᠯᠭ᠎ᠠ ᠲᠠᠢ ᠠᠵᠢᠯ | ᠲᠦᠷᠦᠯ ᠤᠨ ᠠᠮᠤᠷ ᠲᠦᠪᠰᠢᠨ ᠦᠢᠯᠡᠳᠪᠦᠷᠢᠯᠡᠯ ᠤᠨ ᠬᠠᠮᠢᠶᠠᠷᠤᠯᠲᠠ ᠪᠠᠨ ᠴᠢᠩᠭᠠᠳᠬᠠᠬᠤ ᠶᠢ ᠵᠢᠭᠠᠨ ᠵᠢᠯᠦᠭᠤᠳᠤᠨ᠎ᠠ | ᠃ | ᠨᠠᠶᠢᠮᠠ᠂ ᠪᠦᠬᠦ ᠲᠤᠭᠤᠷᠢᠭ ᠤᠨ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠭᠦᠭᠵᠢᠯᠲᠠ ᠶᠢᠨ | ᠶᠡᠷᠦᠩᠭᠡᠢ ᠲᠦᠯᠦᠪᠵᠢᠭᠦᠯᠭᠡ ᠶᠢ ᠦᠨᠳᠦᠰᠦᠯᠡᠨ᠂ ᠠᠵᠦ ᠦᠢᠯᠡᠳᠪᠦᠷᠢ ᠶᠢᠨ ᠠᠵᠦ ᠠᠬᠤᠢ ᠪᠠ ᠦᠢᠯᠡᠳᠪᠦᠷᠢᠯᠡᠯ ᠤᠨ | ᠬᠡᠯᠪᠡᠷᠢᠲᠦ ᠦᠢᠯᠡᠴᠢᠯᠡᠭᠡᠨ ᠤ ᠦᠢᠯᠡᠰ ᠤᠨ ᠭᠦᠭᠵᠢᠯᠲᠠ ᠶᠢᠨ ᠤᠨ ᠤ ᠲᠦᠯᠦᠪᠯᠡᠭᠡ ᠶᠢ ᠲᠦᠯᠦᠪᠯᠡᠨ | ᠲᠤᠭᠲᠠᠭᠠᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ︔ ᠠᠵᠦ ᠦᠢᠯᠡᠳᠪᠦᠷᠢ ᠶᠢᠨ ᠠᠵᠦ ᠠᠬᠤᠢ ︵ | ᠡᠨᠧᠷᠬᠢ ᠶᠢᠨ ᠠᠵᠦ ᠦᠢᠯᠡᠳᠪᠦᠷᠢ ᠠᠴᠠ ᠭᠠᠳᠠᠨ᠎ᠠ︶ ᠶᠢᠨ ᠪᠠᠶᠢᠷᠢᠯᠠᠭᠤᠯᠤᠯᠲᠠ ᠪᠠ ᠪᠦᠳᠦᠴᠡ ᠶᠢᠨ | ᠲᠤᠬᠢᠷᠠᠭᠤᠯᠤᠯᠲᠠ ᠶᠢᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ᠎ᠠ︔ ᠤᠯᠤᠰ ᠤᠨ ᠠᠵᠦ | ᠦᠢᠯᠡᠰ ᠤᠨ ᠲᠦᠷᠦ ᠶᠢᠨ ᠪᠤᠳᠤᠯᠭ᠎ᠠ ᠪᠠ ᠭᠠᠵᠠᠷ ᠤᠷᠤᠨ ᠤ ᠠᠵᠦ ᠦᠢᠯᠡᠰ ᠤᠨ ᠭᠦᠭᠵᠢᠯᠲᠠ ᠶᠢᠨ | ᠲᠦᠯᠦᠪᠵᠢᠭᠦᠯᠭᠡ ᠶᠢ ᠦᠨᠳᠦᠰᠦᠯᠡᠵᠦ᠂ ᠭᠠᠵᠠᠷ ᠤᠷᠤᠨ ᠤ ᠠᠵᠦ ᠦᠢᠯᠡᠰ ᠤᠨ ᠲᠦᠷᠦ ᠶᠢᠨ ᠪᠤᠳᠤᠯᠭ᠎ᠠ ᠪᠠ | ᠪᠠᠷᠢᠮᠵᠢᠶ᠎ᠠ ᠶᠢ ᠲᠦᠯᠦᠪᠯᠡᠨ ᠲᠤᠭᠲᠠᠭᠠᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠦ ᠦᠢᠯᠡᠳᠪᠦᠷᠢ | ᠪᠠ ᠰᠤᠷᠠᠭ ᠵᠠᠩᠬᠢ ᠶᠢᠨ ᠠᠵᠦ ᠦᠢᠯᠡᠰ ᠤᠨ ᠭᠦᠭᠵᠢᠯᠲᠠ ᠶᠢ ᠭᠦᠳᠦᠯᠦᠨ ᠵᠢᠯᠦᠭᠤᠳᠬᠤ ᠪᠠ ᠳᠡᠳᠭᠦᠨ ᠳᠡᠮᠵᠢᠨ᠎ᠡ᠃ | | ᠶᠢᠰᠦ᠂ ᠰᠤᠷᠠᠭ ᠵᠠᠩᠬᠢ ᠶᠢᠨ ᠡᠬᠢ ᠪᠠᠶᠠᠯᠢᠭ ᠢ ᠨᠡᠭᠡᠭᠡᠨ ᠭᠦᠭᠵᠢᠭᠦᠯᠵᠦ ᠠᠰᠢᠭᠯᠠᠬᠤ᠂ ᠠᠵᠦ ᠠᠬᠤᠶᠢᠯᠡᠯ ᠤᠨ | ᠰᠤᠷᠠᠭ ᠵᠠᠩᠬᠢᠵᠢᠯᠲᠠ᠂ ᠡᠯᠧᠺᠳ᠋ᠷᠤᠨ ᠵᠠᠰᠠᠭ ᠤᠨ ᠶᠠᠪᠤᠳᠠᠯ ᠤᠨ ᠭᠦᠭᠵᠢᠯᠲᠠ ᠪᠠ ᠡᠯᠧᠺᠳ᠋ᠷᠤᠨ ᠵᠠᠰᠠᠭ ᠤᠨ ᠶᠠᠪᠤᠳᠠᠯ ᠢ | ᠳᠡᠯᠭᠡᠷᠡᠭᠦᠯᠬᠦ ᠵᠢᠴᠢ ᠨᠡᠶᠢᠭᠡᠮ ᠪᠠ ᠠᠵᠦ ᠠᠬᠤᠢ ᠶᠢᠨ ᠡᠯ᠎ᠡ ᠭᠦᠷᠢᠶᠡᠨ ᠤ ᠰᠤᠷᠠᠭ ᠵᠠᠩᠬᠢᠵᠢᠯᠲᠠ ᠶᠢᠨ ᠬᠡᠷᠡᠭᠯᠡᠭᠡᠨ ᠢ | ᠲᠦᠯᠬᠢᠨ ᠠᠬᠢᠭᠤᠯᠬᠤ ᠠᠵᠢᠯ ᠢ ᠵᠤᠬᠢᠴᠠᠭᠤᠯᠤᠨ ᠵᠢᠯᠦᠭᠤᠳᠤᠨ᠎ᠠ︔ ᠨᠡᠶᠢᠭᠡᠮ ᠤᠨ ᠤᠯᠠᠨ ᠨᠡᠶᠢᠳᠡ ᠶᠢᠨ ᠰᠤᠷᠠᠭ | ᠵᠠᠩᠬᠢ ᠶᠢᠨ ᠡᠬᠢ ᠪᠠᠶᠠᠯᠢᠭ ᠢ ᠬᠠᠮᠳᠦᠪᠡᠷ ᠡᠳ᠋ᠯᠡᠬᠦ ᠶᠢ ᠵᠤᠬᠢᠴᠠᠭᠤᠯᠬᠤ ᠶᠢ ᠬᠠᠷᠢᠭᠤᠴᠠᠵᠦ᠂ ᠰᠠᠯᠠᠭ᠎ᠠ ᠮᠦᠴᠢᠷ | ᠠᠯᠤᠰᠯᠠᠭᠰᠡᠨ᠂ ᠠᠵᠢᠯ ᠲᠦᠷᠦᠯ ᠠᠯᠤᠰᠯᠠᠭᠰᠡᠨ᠂ ᠤᠷᠤᠨ ᠭᠦᠷᠢᠶ᠎ᠡ ᠠᠯᠤᠰᠯᠠᠭᠰᠡᠨ ᠰᠤᠷᠠᠭ ᠵᠠᠩᠬᠢᠵᠢᠯᠲᠠ ᠶᠢᠨ | ᠬᠡᠷᠡᠭᠯᠡᠭᠡᠨ ᠢ ᠵᠤᠬᠢᠶᠠᠨ ᠪᠠᠶᠢᠭᠤᠯᠵᠦ ᠵᠤᠬᠢᠴᠠᠭᠤᠯᠤᠨ᠎ᠠ᠃ | ᠠᠷᠪᠠ᠂ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠨ ᠴᠢᠮᠡᠭᠡ ᠬᠠᠷᠢᠯᠴᠠᠭᠠᠨ ᠤ ᠬᠤᠭᠤᠯᠠᠢ ᠤᠳᠠᠰᠤ᠂ | ᠤᠯᠠᠨ ᠨᠡᠶᠢᠲᠡ ᠶᠢᠨ ᠴᠢᠮᠡᠭᠡ ᠬᠠᠷᠢᠯᠴᠠᠭᠠᠨ ᠤ ᠲᠤᠤᠷ᠂ ᠲᠤᠰᠬᠠᠢ ᠬᠡᠷᠡᠭᠯᠡᠬᠦ ᠰᠤᠷᠠᠭ ᠵᠠᠩᠬᠢ ᠶᠢᠨ ᠲᠤᠤᠷ ᠤᠨ | ᠲᠦᠯᠦᠪᠵᠢᠭᠦᠯᠭᠡ ᠶᠢ ᠲᠤᠭᠲᠠᠭᠠᠨ᠎ᠠ︔ ᠴᠠᠬᠢᠯᠭᠠᠨ ᠮᠡᠳᠡᠭᠡ ᠶᠢᠨ ᠵᠠᠬ᠎ᠠ ᠶᠢᠨ ᠨᠡᠶᠢᠭᠡᠮ ᠤᠨ ᠤᠯᠠᠨ ᠨᠡᠶᠢᠲᠡ ᠶᠢᠨ | ᠠᠰᠢᠭ ᠲᠤᠰᠠ ᠳᠤ ᠬᠤᠯᠪᠤᠭᠳᠠᠬᠤ ᠴᠢᠬᠤᠯᠨ ᠶᠡᠭᠡ ᠬᠡᠷᠡᠭ ᠤᠴᠢᠷ ᠢ ᠵᠤᠬᠢᠴᠠᠭᠤᠯᠤᠨ᠎ᠠ︔ ᠠᠵᠢᠯ ᠲᠦᠷᠦᠯ | ᠠᠯᠤᠰᠯᠠᠨ᠂ ᠰᠠᠯᠠᠭ᠎ᠠ ᠮᠦᠴᠢᠷ ᠠᠯᠤᠰᠯᠠᠨ ᠨᠡᠶᠢᠭᠡᠮ ᠤᠨ ᠦᠢᠯᠡᠴᠢᠯᠡᠭᠡᠨ ᠤ ᠲᠤᠤᠷ ᠰᠦᠯᠵᠢᠶᠡᠨ ᠳᠤ ᠬᠠᠨᠳᠦᠵᠦ | ᠬᠠᠷᠢᠯᠴᠠᠨ ᠬᠤᠯᠪᠤᠭᠠᠯᠠᠨ ᠬᠠᠷᠢᠯᠴᠠᠨ ᠨᠡᠪᠳᠡᠷᠡᠯᠴᠡᠬᠦ ᠶᠢ ᠬᠠᠷᠢᠭᠤᠴᠠᠵᠦ᠂ ᠪᠦᠬᠦ ᠲᠤᠭᠤᠷᠢᠭ ᠤᠨ ᠵᠦᠭᠡᠯᠡᠨ | ᠲᠤᠨᠤᠭ ᠤᠨ ᠦᠢᠯᠡᠰ ᠤᠨ ᠭᠦᠭᠵᠢᠯᠲᠠ ᠶᠢ ᠵᠢᠭᠠᠨ ᠵᠢᠯᠦᠭᠤᠳᠤᠨ᠎ᠠ︔ ᠡᠯᠧᠺᠳ᠋ᠷᠤᠨ ᠰᠤᠷᠠᠭ ᠵᠠᠩᠬᠢ ᠶᠢᠨ | ᠪᠦᠳᠦᠭᠡᠭᠳᠡᠭᠦᠨ ᠦᠢᠯᠡᠳᠬᠦ ᠦᠢᠯᠡᠰ ᠠᠵᠢᠯ ᠲᠦᠷᠦᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠠ᠃ | ᠠᠷᠪᠠᠨ ᠨᠢᠭᠡ᠂ ᠪᠦᠬᠦ ᠲᠤᠭᠤᠷᠢᠭ ᠤᠨ ᠰᠤᠷᠠᠭ ᠵᠠᠩᠬᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠬᠠᠪᠰᠤᠷᠤᠨ ᠡᠭᠦᠷᠭᠡᠯᠡᠵᠦ᠂ ᠰᠤᠷᠠᠭ ᠵᠠᠩᠬᠢ ᠶᠢᠨ ᠠᠮᠤᠷ ᠲᠦᠪᠰᠢᠨ ᠪᠠᠳᠤᠯᠠᠭ᠎ᠠ ᠶᠢᠨ ᠰᠢᠰᠲ᠋ᠧᠮ | ᠪᠠᠶᠢᠭᠤᠯᠬᠤ ᠶᠢ ᠵᠤᠬᠢᠶᠠᠨ ᠪᠠᠶᠢᠭᠤᠯᠵᠦ ᠵᠤᠬᠢᠴᠠᠭᠤᠯᠤᠨ᠎ᠠ︔ ᠰᠤᠷᠠᠭ ᠵᠠᠩᠬᠢ ᠶᠢᠨ ᠠᠮᠤᠷ ᠲᠦᠪᠰᠢᠨ ᠢ ᠰᠡᠷᠭᠡᠶᠢᠯᠡᠬᠦ | ᠠᠵᠢᠯ ᠢ ᠵᠢᠯᠦᠭᠤᠳᠬᠤ ᠪᠠ ᠵᠤᠬᠢᠴᠠᠭᠤᠯᠬᠤ ᠶᠢ ᠬᠠᠷᠢᠭᠤᠴᠠᠵᠦ᠂ ᠲᠤᠤᠷ ᠰᠦᠯᠵᠢᠶ᠎ᠡ ᠪᠠ ᠰᠤᠷᠠᠭ ᠵᠠᠩᠬᠢ ᠶᠢᠨ ᠠᠮᠤᠷ | ᠲᠦᠪᠰᠢᠨ ᠤ ᠴᠢᠬᠤᠯᠨ ᠶᠡᠭᠡ ᠬᠡᠷᠡᠭ ᠢ ᠵᠤᠬᠢᠴᠠᠭᠤᠯᠤᠨ ᠰᠢᠢᠳᠪᠦᠷᠢᠯᠡᠨ᠎ᠡ︔ ᠬᠠᠮᠢᠶ᠎ᠠ ᠪᠦᠭᠦᠢ ᠰᠠᠯᠠᠭ᠎ᠠ | ᠮᠦᠴᠴᠢᠷ ᠲᠠᠢ ᠬᠠᠮᠵᠢᠯᠴᠠᠨ ᠰᠤᠷᠠᠭ ᠵᠠᠩᠬᠢ ᠶᠢᠨ ᠲᠤᠤᠷ ᠰᠦᠯᠵᠢᠶᠡᠨ ᠤ ᠠᠮᠤᠷ ᠲᠦᠪᠰᠢᠨ ᠮᠡᠷᠭᠡᠵᠢᠯ᠂ | ᠲᠦᠭᠦᠭᠡᠷᠦᠮᠵᠢ ᠪᠠ ᠪᠦᠳᠦᠭᠡᠭᠳᠡᠭᠦᠨ ᠳᠤ ᠬᠢᠨᠡᠯᠲᠡ ᠬᠠᠮᠢᠶᠠᠷᠤᠯᠲᠠ ᠪᠠᠨ ᠴᠢᠩᠭᠠᠳᠬᠠᠨ᠎ᠠ᠃ | ᠠᠷᠪᠠᠨ ᠬᠤᠶᠠᠷ᠂ ᠪᠦᠬᠦ ᠲᠤᠭᠤᠷᠢᠭ ᠤᠨ ᠳᠤᠮᠳᠠ ᠪᠠᠭ᠎ᠠ ᠠᠵᠦ ᠠᠬᠤᠶᠢᠯᠡᠯ ᠵᠢᠴᠢ ᠨᠡᠶᠢᠲᠡ ᠶᠢᠨ ᠪᠤᠰᠤ ᠠᠵᠦ | ᠠᠬᠤᠢ ᠶᠢᠨ ᠭᠦᠭᠵᠢᠯᠲᠠ ᠶᠢ ᠵᠢᠭᠠᠨ ᠵᠢᠯᠦᠭᠤᠳᠴᠤ᠂ ᠵᠤᠬᠢᠴᠠᠭᠤᠯᠬᠤ᠂ ᠠᠬᠢᠭᠤᠯᠬᠤ ᠶᠢ ᠬᠠᠷᠢᠭᠤᠴᠠᠵᠦ᠂ ᠳᠤᠮᠳᠠ | ᠪᠠᠭ᠎ᠠ ᠠᠵᠦ ᠠᠬᠤᠶᠢᠡᠯᠡᠯ ᠵᠢᠴᠢ ᠨᠡᠶᠢᠲᠡ ᠶᠢᠨ ᠪᠤᠰᠤ ᠠᠵᠦ ᠠᠬᠤᠢ ᠶᠢᠨ ᠭᠦᠭᠵᠢᠯᠲᠠ ᠶᠢ ᠠᠬᠢᠭᠤᠯᠬᠤ ᠲᠦᠷᠦ ᠶᠢᠨ | ᠪᠤᠳᠤᠯᠭ᠎ᠠ ᠠᠷᠭ᠎ᠠ ᠬᠡᠮᠵᠢᠶ᠎ᠠ ᠵᠢᠴᠢ ᠲᠦᠯᠦᠪᠵᠢᠭᠦᠯᠭᠡ ᠶᠢ ᠰᠤᠳᠤᠯᠵᠦ ᠲᠦᠯᠦᠪᠯᠡᠨ ᠲᠤᠭᠲᠠᠭᠠᠵᠦ᠂ ᠳᠤᠮᠳᠠ ᠪᠠᠭ᠎ᠠ | ᠠᠵᠦ ᠠᠬᠤᠶᠢᠯᠡᠯ ᠵᠢᠴᠢ ᠨᠡᠶᠢᠲᠡ ᠶᠢᠨ ᠪᠤᠰᠤ ᠠᠵᠦ ᠠᠬᠤᠢ ᠶᠢᠨ ᠭᠦᠭᠵᠢᠯᠲᠠ ᠶᠢᠨ ᠳᠤᠮᠳᠠᠬᠢ ᠴᠢᠬᠤᠯᠨ ᠶᠡᠭᠡ | ᠠᠰᠠᠭᠤᠳᠠᠯ ᠢ ᠵᠤᠬᠢᠴᠠᠭᠤᠯᠤᠨ᠎ᠠ︔ ᠳᠤᠮᠳᠠ ᠪᠠᠭ᠎ᠠ ᠠᠵᠦ ᠠᠬᠤᠶᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠶᠢ ᠵᠢᠭᠠᠨ ᠵᠢᠯᠦᠭᠤᠳᠤᠨ᠎ᠠ᠃ | ᠠᠷᠪᠠᠨ ᠭᠤᠷᠪᠠ᠂ ᠬᠠᠤᠯᠢ ᠳᠤ ᠲᠤᠭᠲᠠᠭᠰᠡᠨ ᠳᠠᠷᠠᠭᠠᠯᠠᠯ ᠶᠤᠰᠤᠭᠠᠷ ᠠᠵᠦ ᠠᠬᠤᠶᠢᠯᠡᠯ ᠤᠨ | ᠬᠠᠷᠢᠭᠤᠴᠠᠯᠭᠠᠲᠠᠨ ᠢ ᠬᠢᠨᠡᠨ ᠰᠢᠯᠭᠠᠵᠦ᠂ ᠬᠢᠨᠡᠨ ᠰᠢᠯᠭᠠᠬᠤ ᠪᠠᠷᠢᠮᠵᠢᠶ᠎ᠠ ᠲᠦᠯᠦᠪᠯᠡᠨ ᠲᠤᠭᠲᠠᠭᠠᠨ᠎ᠠ︔ ᠤᠯᠤᠰ ᠤᠨ | ᠭᠦᠷᠦᠩᠭᠡ ᠶᠢᠨ ᠪᠡᠯᠨ ᠭᠠᠷᠭᠠᠭᠴᠢ ᠶᠢᠨ ᠡᠷᠬᠡ ᠠᠰᠢᠭ ᠢ ᠬᠠᠮᠠᠭᠠᠯᠠᠨ᠎ᠠ︔ ᠤᠯᠤᠰ ᠤᠨ ᠦᠮᠴᠢᠯᠡᠯᠲᠦ ᠠᠵᠦ | ᠠᠬᠤᠶᠢᠯᠡᠯ ᠤᠨ ᠤᠳᠤᠷᠢᠳᠬᠤ ᠺᠠᠳ᠋ᠷ ᠤᠨ ᠴᠢᠭᠡᠴᠢ ᠵᠠᠰᠠᠭ ᠰᠠᠬᠢᠯᠭ᠎ᠠ ᠰᠠᠬᠢᠬᠤ ᠠᠵᠢᠯ ᠢ ᠡᠭᠦᠷᠭᠡᠯᠡᠨ᠎ᠡ᠃ | ᠠᠷᠪᠠᠨ ᠲᠥᠷᠪᠡ᠂ ᠰᠦᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠠ ᠤᠯᠠᠭᠠᠨᠬᠠᠲᠠ | ᠬᠤᠲᠠ ᠶᠢᠨ ᠠᠵᠦ ᠠᠬᠤᠢ ᠪᠠ ᠰᠤᠷᠠᠭ ᠵᠠᠩᠬᠢᠴᠢᠯᠠᠯᠲᠠ ᠶᠢᠨ ᠵᠦᠪᠯᠡᠯ ᠵᠡᠷᠭᠡ ᠳᠡᠭᠡᠳᠦ ᠱᠠᠳᠤᠨ ᠤ ᠰᠠᠯᠠᠭ᠎ᠠ | ᠮᠦᠴᠢᠷ ᠤᠨ ᠲᠤᠰᠢᠶᠠᠨ ᠭᠦᠢᠴᠡᠳᠬᠡᠯᠭᠡᠬᠦ ᠪᠤᠰᠤᠳ ᠶᠠᠪᠤᠳᠠᠯ ᠢ ᠡᠭᠦᠷᠭᠡᠯᠡᠨ ᠭᠦᠢᠴᠡᠳᠬᠡᠨ᠎ᠡ᠃ | |