ᠭᠤᠤᠯ ᠡᠭᠦᠷᠭᠡ ᠬᠠᠷᠢᠭᠤᠴᠠᠯᠭ᠎ᠠ᠄ | ᠨᠢᠭᠡ᠂ ᠤᠯᠤᠰ ᠤᠨ ᠲᠤᠭ᠎ᠠ ᠪᠦᠷᠢᠳᠬᠡᠯ ᠤᠨ ᠠᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ᠂ ᠬᠠᠤᠯᠢ | ᠴᠠᠭᠠᠵᠠ᠂ ᠬᠠᠤᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠡ︔ ᠪᠦᠬᠦ ᠲᠤᠭᠤᠷᠢᠭ ᠤᠨ ᠲᠤᠭ᠎ᠠ ᠪᠦᠷᠢᠳᠬᠡᠯ ᠤᠨ | ᠦᠭᠡᠷᠡᠴᠢᠯᠡᠯᠲᠡ᠂ ᠲᠤᠭ᠎ᠠ ᠪᠦᠷᠢᠳᠬᠡᠯ ᠤᠨ ᠪᠦᠳᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ ᠵᠢᠴᠢ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢᠨ ᠲᠦᠯᠦᠪᠵᠢᠭᠦᠯᠭᠡ ᠶᠢ ᠲᠦᠯᠦᠪᠯᠡᠨ ᠲᠤᠭᠲᠠᠭᠠᠨ᠎ᠠ︔ ᠡᠯ᠎ᠡ ᠰᠢᠶᠠᠩ ᠪᠠᠯᠭᠠᠰᠤ᠂ | ᠵᠡᠭᠡᠯᠢ ᠭᠤᠳᠤᠮᠵᠢ ᠵᠢᠴᠢ ᠡᠯ᠎ᠡ ᠰᠠᠯᠠᠭ᠎ᠠ ᠮᠦᠴᠢᠷ ᠤᠨ ᠲᠤᠭ᠎ᠠ ᠪᠦᠷᠢᠳᠬᠡᠯ ᠪᠠ ᠤᠯᠤᠰ ᠠᠷᠠᠳ ᠤᠨ ᠠᠵᠦ | ᠠᠬᠤᠢ ᠶᠢᠨ ᠲᠤᠭᠠᠴᠢᠭ᠎ᠠ ᠬᠢᠬᠦ ᠠᠵᠢᠯ ᠢ ᠵᠤᠬᠢᠶᠠᠨ ᠪᠠᠶᠢᠭᠤᠯᠤᠨ ᠤᠳᠤᠷᠢᠳᠬᠤ ᠪᠠ ᠬᠢᠨᠡᠯᠲᠡ ᠲᠠᠯᠪᠢᠨ ᠪᠠᠶᠢᠴᠠᠭᠠᠨ᠎ᠠ︔ | ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠳᠦᠷᠢᠮ ᠤᠨ ᠬᠡᠷᠡᠭᠵᠢᠭᠦᠯᠦᠯᠲᠡ ᠳᠤ ᠬᠢᠨᠡᠯᠲᠡ ᠲᠠᠯᠪᠢᠨ | ᠪᠠᠶᠢᠴᠭᠠᠨᠠ᠃ | ᠬᠤᠶᠠᠷ᠂ ᠤᠯᠤᠰ ᠠᠷᠠᠳ ᠤᠨ ᠠᠵᠦ ᠠᠬᠤᠢ ᠶᠢᠨ ᠲᠤᠭᠠᠴᠢᠭ᠎ᠠ ᠬᠢᠬᠦ ᠰᠢᠰᠲ᠋ᠧᠮ ᠪᠠ ᠲᠤᠭ᠎ᠠ ᠪᠦᠷᠢᠳᠬᠡᠯ ᠤᠨ | ᠭᠦᠢᠴᠡᠳᠬᠡᠯ ᠲᠤᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠤᠯᠤᠰ ᠪᠠ ᠦᠪᠡᠷᠲᠡᠭᠡᠨ ᠵᠠᠰᠠᠬᠤ | ᠤᠷᠤᠨ ᠤ ᠦᠨᠳᠦᠰᠦᠨ ᠲᠤᠭ᠎ᠠ ᠪᠦᠷᠢᠳᠬᠡᠯ ᠤᠨ ᠳᠦᠷᠢᠮ ᠢ ᠲᠤᠤᠱᠯᠠᠭᠤᠯᠤᠨ ᠬᠡᠷᠡᠭᠵᠢᠭᠦᠯᠵᠦ᠂ ᠪᠦᠬᠦ | ᠲᠤᠭᠤᠷᠢᠭ ᠤᠨ ᠲᠤᠭ᠎ᠠ ᠪᠦᠷᠢᠳᠬᠡᠯ ᠤᠨ ᠳᠦᠷᠢᠮ ᠢ ᠲᠤᠭᠲᠠᠭᠠᠨ᠎ᠠ︔ ᠲᠤᠭᠲᠠᠭᠰᠡᠨ ᠡᠷᠬᠡ ᠬᠢᠵᠠᠭᠠᠷᠯᠠᠯ ᠶᠤᠰᠤᠭᠠᠷ | ᠪᠦᠬᠦ ᠲᠤᠭᠤᠷᠢᠭ ᠤᠨ ᠲᠤᠭ᠎ᠠ ᠪᠦᠷᠢᠳᠬᠡᠯ ᠤᠨ ᠪᠠᠷᠢᠮᠵᠢᠶ᠎ᠠ᠂ ᠰᠠᠠᠯᠠᠭᠠ ᠮᠦᠴᠢᠷ ᠤᠨ ᠲᠤᠭ᠎ᠠ ᠪᠦᠷᠢᠳᠬᠡᠯ ᠤᠨ | ᠪᠠᠷᠢᠮᠵᠢᠶ᠎ᠠ ᠶᠢ ᠲᠦᠯᠦᠪᠯᠡᠨ ᠲᠤᠭᠲᠠᠭᠠᠨ᠎ᠠ︔ ᠪᠦᠬᠦ ᠲᠤᠭᠤᠷᠢᠭ ᠤᠨ ᠲᠤᠭ᠎ᠠ ᠪᠦᠷᠢᠳᠬᠡᠯ ᠤᠨ ᠪᠠᠶᠢᠴᠠᠭᠠᠨ | ᠰᠤᠳᠤᠯᠤᠭᠰᠡᠨ ᠲᠦᠷᠦᠯ ᠵᠦᠢᠯ ᠢ ᠵᠤᠬᠢᠶᠠᠨ ᠪᠠᠶᠢᠭᠤᠯᠤᠨ ᠬᠠᠮᠢᠶᠠᠷᠴᠤ᠂ ᠪᠦᠬᠦ ᠲᠤᠭᠤᠷᠢᠭ ᠤᠨ ᠰᠠᠯᠠᠭ᠎ᠠ | ᠮᠦᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠨ ᠰᠤᠳᠤᠯᠤᠭᠰᠡᠨ ᠲᠦᠯᠦᠪᠯᠡᠭᠡ᠂ ᠪᠠᠶᠢᠴᠠᠭᠠᠨ ᠰᠤᠳᠤᠯᠤᠭᠰᠡᠨ | ᠲᠦᠰᠦᠯ ᠢ ᠬᠢᠨᠡᠨ ᠵᠦᠪᠰᠢᠶᠡᠷᠡᠨ᠎ᠡ᠃ | ᠭᠤᠷᠪᠠ᠂ ᠤᠯᠤᠰ ᠪᠠ ᠦᠪᠡᠷᠲᠡᠭᠡᠨ ᠵᠠᠰᠠᠬᠤ ᠤᠷᠤᠨ ᠤ ᠨᠡᠶᠢᠳᠡᠮ ᠪᠠᠶᠢᠴᠠᠭᠠᠯᠲᠠ ᠶᠢᠨ ᠲᠦᠰᠦᠯ ᠶᠤᠰᠤᠭᠠᠷ᠂ | ᠴᠢᠬᠤᠯᠨ ᠶᠡᠭᠡ ᠲᠤᠭᠤᠷᠢᠭ ᠤᠨ ᠪᠠᠶᠢᠳᠠᠯ ᠲᠤᠭᠤᠷᠢᠭ ᠤᠨ ᠭᠦᠴᠦᠨ ᠤ ᠨᠡᠶᠢᠳᠡᠮ ᠪᠠᠶᠢᠴᠠᠭᠠᠯᠲᠠ ᠶᠢᠨ ᠲᠦᠯᠦᠪᠯᠡᠭᠡ ᠶᠢ | ᠰᠤᠳᠤᠯᠤᠨ ᠳᠤᠷᠠᠳᠴᠤ᠂ ᠵᠦᠪᠰᠢᠶᠡᠷᠡᠯᠲᠡ ᠶᠢ ᠳᠠᠮᠵᠢᠭᠰᠡᠨ ᠤ ᠳᠠᠷᠠᠭ᠎ᠠ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ | ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠪᠠ ᠡᠯ᠎ᠡ ᠰᠠᠯᠠᠭ᠎ᠠ ᠮᠦᠴᠢᠷ ᠤᠨ ᠨᠡᠶᠢᠭᠡᠮ ᠠᠵᠦ ᠠᠬᠤᠢ ᠶᠢᠨ | ᠪᠠᠶᠢᠴᠠᠭᠠᠨ ᠰᠤᠳᠤᠯᠤᠯᠲᠠ ᠶᠢ ᠨᠢᠬᠡᠳᠦᠯᠲᠡᠢ ᠵᠤᠬᠢᠶᠠᠨ ᠪᠠᠶᠢᠭᠤᠯᠵᠦ᠂ ᠪᠦᠬᠦ ᠲᠤᠭᠤᠷᠢᠭ ᠤᠨ ᠦᠨᠳᠦᠰᠦᠨ ᠲᠤᠭ᠎ᠠ | ᠪᠦᠷᠢᠳᠬᠡᠯ ᠤᠨ ᠮᠠᠲ᠋ᠧᠷᠢᠶᠡᠯ ᠢ ᠬᠤᠷᠢᠶᠠᠩᠭᠤᠶᠢᠯᠡᠨ ᠳ᠋ᠦᠩᠨᠡᠵᠦ ᠡᠮᠬᠢᠯᠡᠨ᠎ᠡ︔ ᠤᠯᠤᠰ ᠠᠷᠠᠳ ᠤᠨ ᠠᠵᠦ ᠠᠬᠤᠢ᠂ | ᠰᠢᠨᠵᠢᠯᠡᠭᠡ ᠮᠡᠷᠭᠡᠵᠢᠯ ᠤᠨ ᠳᠠᠪᠰᠢᠯᠲᠡ ᠪᠠ ᠨᠡᠶᠢᠭᠡᠮ ᠤᠨ ᠭᠦᠭᠵᠢᠯᠲᠡ ᠵᠡᠷᠭᠡ ᠪᠠᠶᠢᠳᠠᠯ ᠳᠤ ᠲᠤᠭ᠎ᠠ ᠪᠦᠷᠢᠳᠬᠡᠯ ᠤᠨ | ᠵᠠᠳᠠᠯᠤᠯᠲᠠ᠂ ᠲᠤᠭ᠎ᠠ ᠪᠦᠷᠢᠳᠬᠡᠯ ᠤᠨ ᠵᠢᠱᠢᠯᠲᠠ ᠪᠠ ᠲᠤᠭ᠎ᠠ ᠪᠦᠷᠢᠳᠬᠡᠯ ᠤᠨ ᠬᠢᠨᠡᠯᠲᠡ ᠲᠠᠯᠪᠢᠵᠦ᠂ ᠲᠤᠭᠤᠷᠢᠭ ᠤᠨ | ᠨᠡᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠤᠷᠳᠤᠨ ᠵᠢᠴᠢ ᠬᠠᠮᠢᠶ᠎ᠠ ᠪᠦᠭᠦᠢ ᠰᠠᠯᠠᠭ᠎ᠠ ᠮᠦᠴᠢᠷ ᠲᠤ ᠲᠤᠭ᠎ᠠ | ᠪᠦᠷᠢᠳᠬᠡᠯ ᠤᠨ ᠰᠤᠷᠠᠭ ᠵᠠᠩᠬᠢ ᠪᠠ ᠯᠠᠪᠯᠠᠭ᠎ᠠ ᠰᠠᠨᠠᠭᠤᠯᠭ᠎ᠠ ᠬᠠᠩᠭᠠᠨ᠎ᠠ᠃ | ᠳᠦᠷᠪᠡ᠂ ᠪᠦᠬᠦ ᠲᠤᠭᠤᠷᠢᠭ ᠤᠨ ᠴᠢᠨᠡᠷᠲᠡᠢ ᠦᠨᠳᠦᠰᠦᠨ ᠲᠤᠭ᠎ᠠ ᠪᠦᠷᠢᠳᠬᠡᠯ ᠤᠨ ᠮᠠᠲ᠋ᠧᠷᠢᠶᠡᠯ ᠢ ᠨᠢᠬᠡᠳᠦᠯᠲᠡᠢ | ᠬᠠᠮᠢᠶᠠᠷᠴᠤ᠂ ᠤᠯᠠᠨ ᠳᠤ ᠨᠡᠶᠢᠳᠡᠯᠡᠨ᠂ ᠲᠤᠭᠲᠠᠭᠰᠡᠨ ᠬᠤᠭᠤᠴᠠᠭ᠎ᠠ ᠲᠠᠢ ᠪᠠᠷ ᠨᠡᠶᠢᠭᠡᠮ ᠤᠯᠠᠨ ᠲᠦᠮᠡᠨ ᠳᠤ ᠪᠦᠬᠦ | ᠲᠤᠭᠤᠷᠢᠭ ᠤᠨ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠭᠦᠭᠵᠢᠯᠲᠡ ᠶᠢᠨ ᠪᠠᠶᠢᠳᠠᠯ ᠤᠨ ᠲᠤᠭ᠎ᠠ | ᠪᠦᠷᠢᠳᠬᠡᠯ ᠤᠨ ᠰᠤᠷᠠᠭ ᠵᠠᠩᠬᠢ ᠶᠢ ᠨᠡᠶᠢᠳᠡᠯᠡᠨ᠎ᠡ᠃ | ᠲᠠᠪᠤ᠂ ᠪᠦᠬᠦ ᠲᠤᠭᠤᠷᠢᠭ ᠤᠨ ᠲᠤᠭ᠎ᠠ ᠪᠦᠷᠢᠳᠬᠡᠯ ᠤᠨ ᠰᠤᠷᠠᠭ ᠵᠠᠩᠭᠢᠴᠢᠯᠠᠭᠰᠡᠨ ᠪᠦᠳᠦᠭᠡᠨ ᠪᠠᠶᠢᠭᠤᠯᠤᠯᠲᠠ | ᠪᠠ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠲᠤᠭᠤᠷᠢᠭ ᠤᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ | ᠭᠦᠮᠦᠷᠭᠡ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠪᠦᠷᠢᠳᠬᠡᠯ ᠤᠨ ᠲᠤᠭ᠎ᠠ ᠪᠠᠷᠢᠮᠲᠡ ᠶᠢᠨ | ᠭᠦᠮᠦᠷᠭᠡ ᠶᠢᠨ ᠲᠤᠤᠷ ᠰᠦᠯᠵᠢᠶ᠎ᠡ ᠶᠢᠨ ᠦᠨᠳᠦᠰᠦᠨ ᠪᠠᠷᠢᠮᠵᠢᠶ᠎ᠠ ᠪᠠ ᠡᠷᠬᠢᠯᠲᠡ ᠶᠢᠨ ᠳᠦᠷᠢᠮ ᠲᠤᠭᠲᠠᠭᠠᠯ ᠢ | ᠨᠠᠶᠢᠳᠡᠪᠦᠷᠢᠵᠢᠭᠤᠯᠤᠨᠠ︔ ᠲᠤᠮᠤ ᠬᠡᠯᠪᠡᠷᠢ ᠶᠢᠨ ᠨᠡᠶᠢᠳᠡᠮ ᠪᠠᠶᠢᠴᠠᠭᠠᠯᠲᠠ᠂ ᠲᠦᠷ ᠴᠠᠭ ᠤᠨ ᠴᠢᠨᠡᠷᠲᠡᠢ ᠪᠠᠶᠢᠴᠠᠭᠠᠨ | ᠰᠤᠳᠤᠯᠤᠯᠲᠠ ᠶᠢᠨ ᠲᠤᠭ᠎ᠠ ᠪᠠᠷᠢᠮᠲᠡ ᠶᠢ ᠰᠢᠢᠳᠪᠦᠷᠢᠯᠡᠬᠦ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ | ᠲᠤᠭ᠎ᠠ ᠪᠦᠷᠢᠳᠬᠡᠯ ᠤᠨ ᠰᠤᠷᠠᠭ ᠵᠠᠩᠬᠢ ᠶᠢᠨ ᠬᠠᠮᠢᠶᠠᠷᠤᠯᠲᠠ᠂ ᠠᠮᠤᠷ ᠲᠦᠪᠰᠢᠨ ᠨᠢᠭᠤᠴᠠ ᠶᠢ ᠬᠠᠮᠠᠭᠠᠯᠠᠬᠤ ᠪᠠ | ᠬᠠᠯᠠᠨ ᠰᠢᠨᠡᠳᠬᠡᠵᠦ ᠬᠠᠮᠠᠭᠠᠯᠠᠬᠤ ᠠᠵᠢᠯ ᠢ ᠬᠠᠷᠢᠭᠤᠴᠠᠨ᠎ᠠ︔ ᠲᠤᠭ᠎ᠠ ᠪᠦᠷᠢᠳᠬᠡᠯ ᠤᠨ ᠤᠨ ᠤ ᠮᠡᠳᠡᠭᠦᠯᠦᠯᠲᠡ ᠪᠠ | ᠲᠤᠭᠲᠠᠭᠰᠡᠨ ᠬᠤᠭᠤᠴᠠᠭ᠎ᠠ ᠲᠠᠢ ᠮᠡᠳᠡᠭᠦᠯᠭᠦ ᠭᠦᠰᠦᠨᠦᠭᠲᠦ ᠶᠢᠨ ᠲᠤᠭ᠎ᠠ ᠪᠠᠷᠢᠮᠲᠠ ᠶᠢ ᠰᠢᠢᠳᠪᠦᠷᠢᠯᠡᠬᠦ ᠵᠢᠴᠢ | ᠵᠦᠭᠡᠯᠡᠨ ᠲᠤᠨᠤᠭ ᠢ ᠨᠡᠭᠡᠭᠡᠨ ᠭᠦᠭᠵᠢᠭᠦᠯᠬᠦ ᠠᠵᠢᠯ ᠢ ᠵᠢᠭᠠᠨ ᠵᠢᠯᠦᠭᠤᠳᠤᠨ᠎ᠠ᠃ | ᠵᠢᠷᠭᠤᠭ᠎ᠠ᠂ ᠰᠦᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠠ ᠤᠯᠠᠭᠠᠨᠬᠠᠲᠠ ᠬᠤᠲᠠ ᠶᠢᠨ | ᠲᠤᠭ᠎ᠠ ᠪᠦᠷᠢᠳᠬᠡᠯ ᠤᠨ ᠲᠤᠪᠴᠢᠶ᠎ᠠ ᠶᠢᠨ ᠲᠤᠰᠢᠶᠠᠨ ᠭᠦᠢᠴᠡᠳᠬᠡᠯᠭᠡᠬᠦ ᠪᠤᠰᠤᠳ ᠶᠠᠪᠤᠳᠠᠯ ᠢ ᠡᠭᠦᠷᠭᠡᠯᠡᠨ | ᠭᠦᠢᠴᠡᠳᠬᠡᠨ᠎ᠡ᠃ | |