ᠭᠤᠤᠯ ᠡᠭᠦᠷᠭᠡ ᠬᠠᠷᠢᠭᠤᠴᠠᠯᠭ᠎ᠠ᠄ | ᠨᠢᠭᠡ᠂ ᠤᠰᠤᠨ ᠤ ᠡᠬᠢ ᠪᠠᠶᠠᠯᠢᠭ ᠢ ᠵᠤᠬᠢᠰᠲᠡᠢ ᠨᠡᠭᠡᠭᠡᠨ ᠭᠦᠭᠵᠢᠭᠦᠯᠵᠦ ᠠᠰᠢᠭᠯᠠᠬᠤ ᠪᠠᠳᠤᠯᠠᠭ᠎ᠠ ᠶᠢ | ᠬᠠᠷᠢᠭᠤᠴᠠᠵᠦ᠂ ᠪᠦᠬᠦ ᠲᠤᠭᠤᠷᠢᠭ ᠤᠨ ᠤᠰᠤᠨ ᠠᠰᠢᠭᠯᠠᠯᠲᠠ᠂ ᠵᠢᠭᠠᠰᠤᠨ ᠦᠢᠯᠡᠰ ᠤᠨ ᠲᠦᠯᠦᠪᠵᠢᠭᠦᠯᠭᠡ ᠪᠠ | ᠬᠡᠷᠡᠭᠵᠢᠭᠦᠯᠬᠦ ᠠᠷᠭ᠎ᠠ ᠶᠢ ᠲᠦᠯᠦᠪᠯᠡᠨ ᠲᠤᠭᠲᠠᠭᠠᠵᠦ᠂ ᠪᠦᠬᠦ ᠲᠤᠭᠤᠷᠢᠭ ᠤᠨ ᠴᠢᠬᠤᠯᠨ ᠭᠤᠤᠯ ᠮᠦᠷᠡᠨ ᠤ | ᠤᠷᠤᠰᠬᠠᠯ ᠤᠨ ᠤᠷᠤᠨ ᠤ ᠶᠡᠷᠦᠩᠭᠡᠶᠢᠯᠡᠭᠰᠡᠨ ᠲᠦᠯᠦᠪᠵᠢᠭᠦᠯᠭᠡ᠂ ᠦᠶᠡᠷ ᠢ ᠰᠡᠷᠭᠡᠶᠢᠯᠡᠬᠦ ᠲᠦᠯᠦᠪᠵᠢᠭᠦᠯᠭᠡ ᠵᠡᠷᠭᠡ | ᠴᠢᠬᠤᠯᠨ ᠶᠡᠭᠡ ᠤᠰᠤᠨ ᠠᠰᠢᠭᠯᠠᠯᠲᠠ ᠶᠢᠨ ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ ᠨᠡᠶᠢᠷᠡᠭᠤᠯᠤᠨ | ᠲᠤᠭᠲᠠᠭᠠᠨ᠎ᠠ᠃ ᠲᠤᠭᠲᠠᠭᠠᠯ ᠶᠤᠰᠤᠭᠠᠷ ᠪᠦᠬᠦ ᠲᠤᠭᠤᠷᠢᠭ ᠤᠨ ᠴᠢᠨᠡᠷᠲᠡᠢ ᠤᠰᠤᠨ ᠠᠰᠢᠭᠯᠠᠯᠲᠠ ᠶᠢᠨ ᠪᠠᠷᠢᠯᠭ᠎ᠠ | ᠪᠠᠶᠢᠭᠤᠯᠤᠯᠲᠠ ᠶᠢᠨ ᠬᠠᠮᠢᠶ᠎ᠠ ᠪᠦᠭᠦᠢ ᠳᠦᠷᠢᠮ ᠢ ᠲᠤᠭᠲᠠᠭᠠᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠵᠦ᠂ | ᠪᠦᠬᠦ ᠲᠤᠭᠤᠷᠢᠭ ᠤᠨ ᠤᠰᠤᠨ ᠠᠰᠢᠭᠯᠠᠯᠲᠠ ᠶᠢᠨ ᠲᠤᠭᠲᠠᠮᠠᠯ ᠭᠦᠷᠦᠩᠭᠡ ᠶᠢᠨ ᠪᠡᠯᠨ ᠤᠷᠤᠭᠤᠯᠤᠯᠲᠠ ᠶᠢᠨ ᠴᠢᠭᠯᠡᠯ | ᠪᠠ ᠬᠡᠪᠴᠢᠶ᠎ᠡ᠂ ᠳᠡᠭᠡᠳᠦ ᠱᠠᠳᠤ ᠪᠠ ᠲᠤᠭᠤᠷᠢᠭ ᠤᠨ ᠱᠠᠳᠤᠨ ᠤ ᠡᠳ᠋ ᠤᠨ ᠵᠠᠰᠠᠭ ᠤᠨ ᠴᠢᠨᠡᠷᠲᠡᠢ ᠪᠡᠯᠨ ᠮᠦᠩᠭᠦᠨ ᠤ | ᠲᠤᠬᠢᠷᠠᠭᠤᠯᠤᠯᠲᠠ ᠶᠢᠨ ᠰᠠᠨᠠᠯ ᠳᠤᠷᠠᠳᠬᠤ ᠶᠢ ᠬᠠᠷᠢᠭᠤᠴᠠᠵᠦ᠂ ᠲᠤᠭᠲᠠᠭᠰᠡᠨ ᠡᠷᠬᠡ ᠬᠢᠵᠠᠭᠠᠷᠯᠠᠯ ᠶᠤᠰᠤᠭᠠᠷ | ᠲᠦᠯᠦᠪᠵᠢᠭᠦᠯᠭᠡ ᠳᠤᠳᠤᠷᠡᠬᠢ ᠪᠠ ᠤᠨ ᠤ ᠲᠦᠯᠦᠪᠯᠡᠭᠡ ᠶᠢᠨ ᠬᠡᠪᠴᠢᠶᠡᠨ ᠳᠤᠳᠤᠷᠡᠬᠢ ᠲᠤᠭᠲᠠᠮᠠᠯ ᠭᠦᠷᠦᠩᠭᠡ ᠶᠢᠨ | ᠪᠡᠯᠨ ᠤᠷᠤᠭᠤᠯᠤᠯᠲᠠ ᠶᠢᠨ ᠲᠦᠷᠦᠯ ᠵᠦᠢᠯ ᠢ ᠬᠢᠨᠡᠨ ᠵᠦᠪᠰᠢᠶᠡᠷᠡᠵᠦ ᠬᠢᠨᠡᠨ ᠬᠠᠷᠭᠤᠭᠤᠯᠤᠨ᠎ᠠ︔ ᠲᠤᠭᠤᠷᠢᠭ ᠤᠨ | ᠤᠰᠤᠨ ᠠᠰᠢᠭᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠪᠡᠯᠨ ᠮᠦᠩᠭᠦ ᠶᠢ ᠲᠤᠬᠢᠷᠠᠭᠤᠯᠬᠤ ᠰᠠᠨᠠᠭᠤᠯᠭ᠎ᠠ | ᠳᠤᠷᠠᠳᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ᠃ | ᠬᠤᠶᠠᠷ᠂ ᠲᠤᠭᠲᠠᠭᠰᠡᠨ ᠡᠷᠬᠡ ᠬᠢᠵᠠᠭᠠᠷᠯᠠᠯ ᠶᠤᠰᠤᠭᠠᠷ ᠠᠮᠢᠳᠤᠷᠠᠯ᠂ ᠦᠢᠯᠡᠳᠪᠦᠷᠢᠯᠡᠯ ᠡᠵᠡᠩᠨᠡᠯᠲᠡ ᠪᠠ ᠠᠮᠢ | ᠠᠬᠤᠢ ᠶᠢᠨ ᠤᠷᠴᠢᠨ ᠲᠤᠭᠤᠷᠢᠨ ᠳᠤ ᠬᠡᠷᠡᠭᠯᠡᠬᠦ ᠤᠰᠤ ᠶᠢ ᠨᠢᠭᠡᠳᠦᠯᠲᠡᠢ ᠲᠦᠯᠦᠪᠯᠡᠵᠦ ᠨᠡᠶᠢᠳᠡᠮ ᠬᠠᠷᠠᠭᠠᠯᠵᠠᠬᠤ ᠪᠠ | ᠪᠠᠳᠤᠯᠠᠬᠤ ᠶᠢ ᠬᠠᠷᠢᠭᠤᠴᠠᠵᠦ᠂ ᠤᠰᠤᠨ ᠤ ᠡᠬᠢ ᠪᠠᠶᠠᠯᠢᠭ ᠢ ᠨᠢᠭᠡᠳᠦᠯᠲᠡᠢ ᠬᠢᠨᠡᠨ ᠬᠠᠮᠢᠶᠠᠷᠬᠤ ᠶᠢ ᠬᠡᠷᠡᠭᠵᠢᠭᠦᠯᠵᠦ᠂ | ᠪᠦᠬᠦ ᠲᠤᠭᠤᠷᠢᠭ ᠤᠨ ᠳᠤᠮᠳᠠ ᠤᠷᠲᠦ ᠬᠤᠭᠤᠴᠠᠭᠠᠨ ᠤ ᠤᠰᠤᠨ ᠤ ᠬᠠᠩᠭᠠᠯᠭ᠎ᠠ ᠬᠡᠷᠡᠭᠴᠡᠭᠡ ᠶᠢᠨ ᠲᠦᠯᠦᠪᠵᠢᠭᠦᠯᠭᠡ | ᠂ ᠤᠰᠤᠨ ᠬᠡᠮᠵᠢᠶ᠎ᠡ ᠶᠢᠨ ᠬᠤᠪᠢᠶᠠᠷᠢᠯᠡᠯᠲᠡ ᠶᠢᠨ ᠲᠦᠰᠦᠯ ᠢ ᠲᠦᠯᠦᠪᠯᠡᠨ ᠲᠤᠭᠲᠠᠭᠠᠬᠤ ᠶᠢᠨ ᠬᠠᠮᠳᠦ ᠬᠢᠨᠡᠯᠲᠡ | ᠲᠠᠯᠪᠢᠨ ᠬᠡᠷᠡᠭᠵᠢᠭᠦᠯᠦᠨ᠎ᠠ︔ ᠤᠰᠤᠨ ᠤ ᠡᠬᠢ ᠪᠠᠶᠠᠯᠢᠭ ᠤᠨ ᠪᠠᠶᠢᠴᠠᠭᠠᠨ ᠰᠤᠳᠤᠯᠤᠯᠲᠠ ᠦᠨᠡᠯᠡᠯᠲᠡ ᠶᠢᠨ ᠠᠵᠢᠯ ᠢ | ᠵᠤᠬᠢᠶᠠᠨ ᠪᠠᠶᠢᠭᠤᠯᠤᠨ ᠦᠷᠨᠢᠭᠦᠯᠵᠦ᠂ ᠲᠤᠭᠲᠠᠭᠠᠯ ᠶᠤᠰᠤᠭᠠᠷ ᠤᠰᠤᠨ ᠡᠨᠧᠷᠬᠢ ᠤᠰᠤᠨ ᠰᠤᠷᠪᠤᠯᠵᠢ ᠶᠢᠨ | ᠪᠠᠶᠢᠴᠠᠭᠠᠨ ᠰᠤᠳᠤᠯᠤᠯᠲᠠ ᠶᠢᠨ ᠠᠵᠢᠯ ᠢ ᠦᠷᠨᠢᠭᠦᠯᠦᠨ᠎ᠠ︔ ᠲᠤᠭᠲᠠᠭᠰᠡᠨ ᠡᠷᠬᠡ ᠬᠢᠵᠠᠭᠠᠷᠯᠠᠯ ᠶᠤᠰᠤᠭᠠᠷ ᠪᠦᠬᠦ | ᠲᠤᠭᠤᠷᠢᠭ ᠤᠨ ᠴᠢᠬᠤᠯᠨ ᠤᠷᠤᠰᠬᠠᠯ ᠰᠠᠪᠠ ᠭᠠᠵᠠᠷ᠂ ᠤᠷᠤᠨ ᠪᠦᠰᠡ ᠵᠢᠴᠢ ᠴᠢᠬᠤᠯᠨ ᠶᠡᠭᠡ ᠤᠰᠤ ᠲᠤᠬᠢᠷᠠᠭᠤᠯᠬᠤ | ᠢᠨᠵᠧᠨᠧᠷᠢᠩ ᠤᠨ ᠤᠰᠤᠨ ᠰᠤᠷᠪᠤᠯᠵᠢ ᠶᠢ ᠲᠤᠬᠢᠷᠠᠭᠤᠯᠬᠤ ᠶᠢ ᠬᠠᠷᠢᠭᠤᠴᠠᠵᠦ᠂ ᠤᠰᠤ ᠠᠪᠬᠤ ᠵᠦᠪᠰᠢᠶᠡᠷᠡᠯ᠂ | ᠤᠰᠤᠨ ᠡᠬᠢ ᠰᠤᠷᠪᠤᠯᠵᠢ ᠶᠢᠨ ᠲᠦᠯᠦᠪᠦᠷᠢ ᠲᠠᠢ ᠬᠡᠷᠡᠭᠯᠡᠯᠲᠡ ᠶᠢᠨ ᠳᠦᠷᠢᠮ ᠪᠠ ᠤᠰᠤᠨ ᠡᠬᠢ ᠰᠤᠷᠪᠤᠯᠵᠢ ᠶᠢᠨ | ᠨᠤᠲᠠᠯᠠᠯᠲᠠ᠂ ᠦᠶᠡᠷ ᠢ ᠰᠡᠷᠭᠡᠶᠢᠯᠡᠬᠦ ᠨᠤᠲᠠᠯᠠᠯᠲᠠ ᠶᠢᠨ ᠳᠦᠷᠢᠮ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ︔ | ᠲᠤᠭᠲᠠᠭᠰᠡᠨ ᠡᠷᠬᠡ ᠬᠢᠵᠠᠭᠠᠷᠯᠠᠯ ᠶᠤᠰᠤᠭᠠᠷ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠤᠰᠤ ᠬᠠᠩᠭᠠᠬᠤ ᠪᠠ | ᠭᠦᠳᠡᠭᠡ ᠲᠤᠰᠬᠤᠨ ᠤ ᠤᠰᠤ ᠬᠠᠩᠭᠠᠬᠤ ᠠᠵᠢᠯ ᠢ ᠵᠢᠭᠠᠨ ᠵᠢᠯᠦᠭᠤᠳᠤᠨ᠎ᠠ᠃ | ᠭᠤᠷᠪᠠ᠂ ᠤᠰᠤᠨ ᠡᠬᠢ ᠰᠤᠷᠪᠤᠯᠵᠢ ᠶᠢ ᠬᠠᠮᠠᠭᠠᠯᠠᠬᠤ ᠠᠵᠢᠯ ᠢ ᠬᠠᠷᠢᠭᠤᠴᠠᠵᠦ᠂ ᠤᠰᠤᠨ ᠡᠬᠢ | ᠰᠤᠷᠪᠤᠯᠵᠢ ᠶᠢ ᠬᠠᠮᠠᠭᠠᠯᠠᠬᠤ ᠲᠦᠯᠦᠪᠵᠢᠭᠦᠯᠭᠡ ᠶᠢ ᠨᠡᠶᠢᠷᠡᠭᠤᠯᠤᠨ ᠲᠤᠭᠲᠠᠭᠠᠬᠤ ᠶᠢ ᠵᠤᠬᠢᠶᠠᠨ ᠪᠠᠶᠢᠭᠤᠯᠵᠦ᠂ | ᠴᠢᠬᠤᠯᠨ ᠭᠤᠤᠯ ᠮᠦᠷᠡᠨ ᠨᠠᠭᠤᠷ ᠴᠦᠭᠦᠷᠦᠮ ᠤᠨ ᠤᠰᠤᠨ ᠴᠢᠳᠠᠮᠵᠢ ᠶᠢᠨ ᠤᠷᠤᠨ ᠤ ᠲᠦᠯᠦᠪᠵᠢᠭᠦᠯᠭᠡ ᠶᠢ | ᠲᠦᠯᠦᠪᠯᠡᠨ ᠲᠤᠭᠲᠠᠭᠠᠬᠤ ᠶᠢ ᠵᠤᠬᠢᠶᠠᠨ ᠪᠠᠶᠢᠭᠤᠯᠬᠤ ᠶᠢᠨ ᠬᠠᠮᠳᠦ ᠬᠢᠨᠡᠯᠲᠡ ᠲᠠᠯᠪᠢᠨ ᠬᠡᠷᠡᠭᠵᠢᠭᠦᠯᠦᠨ᠎ᠠ︔ | ᠤᠰᠤᠨ ᠤ ᠭᠦᠨᠴᠡ ᠶᠢᠨ ᠪᠤᠬᠢᠷᠳᠦᠯ ᠬᠤᠷᠢᠶᠠᠨ ᠠᠪᠬᠤ ᠴᠢᠳᠠᠪᠦᠷᠢ ᠶᠢ ᠬᠢᠨᠡᠨ ᠲᠤᠭᠲᠠᠭᠠᠵᠦ᠂ ᠪᠤᠬᠢᠷᠳᠦᠯ | ᠭᠠᠳᠠᠭᠰᠢᠯᠠᠭᠤᠯᠬᠤ ᠶᠡᠷᠦᠩᠭᠡᠢ ᠬᠡᠮᠵᠢᠶ᠎ᠡ ᠶᠢ ᠬᠢᠵᠠᠭᠠᠷᠯᠠᠬᠤ ᠰᠠᠨᠠᠭᠤᠯᠭ᠎ᠠ ᠳᠤᠷᠠᠳᠤᠨ᠎ᠠ︔ ᠲᠤᠭᠲᠠᠭᠰᠡᠨ ᠡᠷᠬᠡ | ᠬᠢᠵᠠᠭᠠᠷᠯᠠᠯ ᠶᠤᠰᠤᠭᠠᠷ ᠤᠤᠭᠤᠬᠤ ᠤᠰᠤᠨ ᠤ ᠤᠰᠤᠨ ᠰᠤᠷᠪᠤᠯᠵᠢ ᠶᠢ ᠬᠠᠮᠠᠭᠠᠯᠠᠬᠤ ᠠᠵᠢᠯ ᠢ ᠵᠢᠭᠠᠨ ᠵᠢᠯᠦᠭᠤᠳᠴᠤ | ᠂ ᠭᠠᠵᠠᠷ ᠳᠤᠤᠷᠡᠬᠢ ᠤᠰᠤ ᠶᠢ ᠨᠡᠭᠡᠭᠡᠨ ᠭᠦᠭᠵᠢᠭᠦᠯᠵᠦ ᠠᠰᠢᠭᠯᠠᠬᠤ ᠪᠠ ᠬᠤᠲᠠ ᠶᠢᠨ ᠲᠦᠯᠦᠪᠵᠢᠭᠦᠯᠭᠡ ᠶᠢᠨ | ᠤᠷᠤᠨ ᠤ ᠭᠠᠵᠠᠷ ᠳᠤᠤᠷᠡᠬᠢ ᠤᠰᠤᠨ ᠰᠤᠷᠪᠤᠯᠵᠢ ᠶᠢ ᠬᠠᠮᠢᠶᠠᠷᠴᠤ ᠬᠠᠮᠠᠭᠠᠯᠠᠬᠤ ᠠᠵᠢᠯ ᠢ ᠵᠢᠭᠠᠨ ᠵᠢᠯᠦᠭᠤᠳᠴᠤ᠂ | ᠪᠦᠬᠦ ᠲᠤᠭᠤᠷᠢᠭ ᠤᠨ ᠤᠰᠤᠨ ᠰᠤᠷᠪᠤᠯᠵᠢ ᠶᠢᠨ ᠠᠯᠪᠠᠨ ᠮᠡᠳᠡᠭᠡ ᠶᠢ ᠨᠡᠶᠢᠳᠡᠯᠡᠨ᠎ᠠ᠃ | ᠳᠦᠷᠪᠡ᠂ ᠤᠰᠤ ᠭᠠᠩ ᠤᠨ ᠭᠠᠮᠰᠢᠭ ᠢ ᠰᠡᠷᠭᠡᠶᠢᠯᠡᠨ ᠵᠠᠰᠠᠬᠤ ᠶᠢ ᠬᠠᠷᠢᠭᠤᠴᠠᠵᠦ᠂ ᠲᠤᠭᠤᠷᠢᠭ ᠤᠨ ᠭᠠᠩ ᠢ | ᠡᠰᠡᠷᠭᠦᠴᠡᠨ ᠦᠶᠡᠷ ᠢ ᠰᠡᠷᠭᠡᠶᠢᠯᠡᠬᠦ ᠵᠢᠯᠦᠭᠤᠳᠬᠤ ᠭᠠᠵᠠᠷ ᠤᠨ ᠪᠤᠲᠠᠲᠠᠢ ᠠᠵᠢᠯ ᠢ ᠡᠭᠦᠷᠭᠡᠯᠡᠨ᠎ᠠ᠃ ᠪᠦᠬᠦ | ᠲᠤᠭᠤᠷᠢᠭ ᠤᠨ ᠭᠠᠩ ᠢ ᠡᠰᠡᠷᠭᠦᠴᠡᠨ ᠦᠶᠡᠷ ᠢ ᠰᠡᠷᠭᠡᠶᠢᠯᠡᠬᠦ ᠠᠵᠢᠯ ᠢ ᠵᠤᠬᠢᠶᠠᠨ ᠪᠠᠶᠢᠭᠤᠯᠤᠨ ᠵᠤᠬᠢᠴᠠᠭᠤᠯᠵᠦ | ᠬᠢᠨᠡᠯᠲᠡ ᠲᠠᠯᠪᠢᠨ ᠵᠢᠭᠠᠨ ᠵᠢᠯᠦᠭᠤᠳᠤᠨ᠎ᠠ︔ ᠲᠤᠭᠲᠠᠭᠰᠡᠨ ᠡᠷᠬᠡ ᠬᠢᠵᠠᠭᠠᠷᠯᠠᠯ ᠶᠤᠰᠤᠭᠠᠷ ᠴᠢᠬᠤᠯᠨ ᠭᠤᠤᠯ ᠮᠦᠷᠡᠨ | ᠪᠠ ᠴᠢᠬᠤᠯᠨ ᠤᠰᠤᠨ ᠤ ᠢᠨᠵᠧᠨᠧᠷᠢᠩ ᠳᠤ ᠭᠠᠩ ᠢ ᠡᠰᠡᠷᠭᠦᠴᠡᠨ ᠦᠶᠡᠷ ᠢ ᠰᠡᠷᠭᠡᠶᠢᠯᠡᠬᠦ ᠲᠤᠬᠢᠷᠠᠭᠤᠯᠤᠯᠲᠠ ᠪᠠ | ᠪᠠᠴᠢᠮ ᠪᠠᠶᠢᠳᠠᠯ ᠢ ᠠᠷᠭᠠᠴᠠᠬᠤ ᠤᠰᠤᠨ ᠬᠡᠮᠵᠢᠶ᠎ᠠ ᠶᠢᠨ ᠲᠤᠬᠢᠷᠠᠭᠤᠯᠤᠯᠲᠠ ᠬᠡᠷᠡᠭᠵᠢᠭᠦᠯᠦᠨ᠎ᠠ︔ ᠪᠦᠬᠦ | ᠲᠤᠭᠤᠷᠢᠭ ᠤᠨ ᠭᠠᠩ ᠢ ᠡᠰᠡᠷᠭᠦᠴᠡᠨ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠲᠦᠰᠦᠯ ᠢ | ᠨᠡᠶᠢᠷᠠᠭᠤᠯᠤᠨ ᠲᠤᠭᠲᠠᠭᠠᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ︔ ᠤᠰᠤᠨ ᠠᠰᠢᠭᠯᠠᠯᠲᠠ᠂ | ᠵᠢᠭᠠᠰᠤᠨ ᠦᠢᠯᠡᠰ ᠤᠨ ᠭᠡᠨᠡᠳᠲᠡ ᠡᠭᠦᠰᠬᠦ ᠤᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠠᠵᠢᠯ ᠢ ᠵᠢᠭᠠᠨ ᠵᠢᠯᠦᠭᠤᠳᠤᠨ᠎ᠠ᠃ | ᠲᠠᠪᠤ᠂ ᠤᠰᠤ ᠠᠷᠪᠢᠯᠠᠨ ᠬᠡᠷᠡᠭᠯᠡᠬᠦ ᠠᠵᠢᠯ ᠢ ᠬᠠᠷᠢᠭᠤᠴᠠᠵᠦ᠂ ᠤᠰᠤ ᠠᠷᠪᠢᠯᠠᠨ ᠬᠡᠷᠡᠭᠯᠡᠬᠦ ᠲᠦᠯᠦᠪᠵᠢᠭᠦᠯᠭᠡ | ᠨᠡᠶᠢᠷᠠᠭᠤᠯᠤᠨ ᠲᠤᠭᠲᠠᠭᠠᠵᠦ᠂ ᠠᠷᠪᠢᠯᠠᠨ ᠭᠠᠮᠨᠠᠬᠤ ᠬᠡᠯᠪᠡᠷᠢᠲᠦ ᠨᠡᠶᠢᠭᠡᠮ ᠢ ᠪᠦᠳᠦᠭᠡᠨ ᠪᠠᠶᠢᠭᠤᠯᠬᠤ ᠠᠵᠢᠯ ᠢ ᠵᠢᠭᠠᠨ | ᠵᠢᠯᠦᠭᠤᠳᠬᠤ ᠪᠠ ᠲᠦᠯᠬᠢᠨ ᠠᠬᠢᠭᠤᠯᠤᠨ᠎ᠠ᠃ | ᠵᠢᠷᠭᠤᠭ᠎ᠠ᠂ ᠤᠰᠤᠨ ᠠᠰᠢᠭᠯᠠᠯᠲᠠ ᠶᠢᠨ ᠲᠦᠭᠦᠭᠡᠷᠦᠮᠵᠢ᠂ ᠤᠰᠤᠨ ᠤᠷᠤᠨ ᠵᠢᠴᠢ ᠲᠡᠭᠦᠨ ᠤ ᠭᠦᠪᠡᠭᠡ | ᠬᠢᠵᠠᠭᠠᠷ ᠤᠨ ᠬᠠᠮᠢᠶᠠᠷᠤᠯᠲᠠ ᠪᠠ ᠬᠠᠮᠠᠭᠠᠯᠠᠯᠲᠠ ᠶᠢ ᠵᠢᠭᠠᠨ ᠵᠢᠯᠦᠭᠤᠳᠴᠤ᠂ ᠪᠦᠬᠦ ᠲᠤᠭᠤᠷᠢᠭ ᠤᠨ ᠴᠢᠬᠤᠯᠨ ᠭᠤᠤᠯ | ᠮᠦᠷᠡᠨ ᠵᠢᠴᠢ ᠭᠤᠤᠯ ᠤᠨ ᠡᠬᠢ ᠶᠢ ᠵᠠᠰᠠᠬᠤ ᠪᠠ ᠨᠡᠭᠡᠭᠡᠨ ᠭᠦᠭᠵᠢᠭᠦᠯᠬᠦ ᠶᠢ ᠬᠠᠷᠢᠭᠤᠴᠠᠨ᠎ᠠ︔ ᠤᠰᠤᠨ | ᠠᠰᠢᠭᠯᠠᠯᠲᠠ ᠶᠢᠨ ᠪᠠᠷᠢᠯᠭ᠎ᠠ ᠪᠠᠶᠢᠭᠤᠯᠤᠯᠲᠠ ᠪᠠ ᠡᠷᠬᠢᠯᠲᠠ ᠶᠢᠨ ᠬᠠᠮᠢᠶᠠᠷᠤᠯᠲᠠ ᠶᠢ ᠬᠠᠷᠢᠭᠤᠴᠠᠵᠦ᠂ ᠡᠵᠡᠮᠳᠡᠯ ᠤᠨ | ᠴᠢᠨᠡᠷᠲᠡᠢ ᠴᠢᠬᠤᠯᠨ ᠤᠰᠤᠨ ᠠᠰᠢᠭᠯᠠᠯᠲᠠ ᠶᠢᠨ ᠪᠠᠷᠢᠯᠭ᠎ᠠ ᠪᠠᠶᠢᠭᠤᠯᠤᠯᠲᠠ ᠪᠠ ᠡᠷᠬᠢᠯᠲᠠ ᠶᠢᠨ ᠬᠠᠮᠢᠶᠠᠷᠤᠯᠲᠠ ᠶᠢ | ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ᠃ | ᠲᠣᠯᠤᠭ᠎ᠠ᠂ ᠤᠰᠤ ᠭᠦᠷᠦᠰᠦ ᠶᠢᠨ ᠢᠳᠡᠭᠳᠡᠯ ᠢ ᠰᠡᠷᠭᠡᠶᠢᠯᠡᠨ ᠵᠠᠰᠠᠬᠤ ᠶᠢ ᠬᠠᠷᠢᠭᠤᠴᠠᠨ᠎ᠠ᠃ ᠤᠰᠤ | ᠭᠦᠷᠦᠰᠦ ᠶᠢ ᠪᠠᠳᠤᠯᠠᠬᠤ ᠲᠦᠯᠦᠪᠵᠢᠭᠦᠯᠭᠡ ᠶᠢ ᠲᠦᠯᠦᠪᠯᠡᠨ ᠲᠤᠭᠲᠠᠭᠠᠬᠤ ᠶᠢᠨ ᠬᠠᠮᠳᠦ ᠬᠢᠨᠡᠯᠲᠡ ᠲᠠᠯᠪᠢᠨ | ᠬᠡᠷᠡᠭᠵᠢᠭᠦᠯᠵᠦ᠂ ᠤᠰᠤ ᠭᠦᠷᠦᠰᠦ ᠶᠢᠨ ᠢᠳᠡᠭᠳᠡᠯ ᠢ ᠶᠡᠷᠦᠩᠭᠡᠶᠢᠯᠡᠨ ᠵᠠᠰᠠᠬᠤ ᠶᠢ ᠵᠤᠬᠢᠶᠠᠨ ᠪᠠᠶᠢᠭᠤᠯᠤᠨ | ᠬᠡᠷᠡᠭᠵᠢᠭᠦᠯᠦᠨ᠎ᠠ︔ ᠲᠤᠭᠤᠷᠢᠭ ᠤᠨ ᠲᠤᠰ ᠱᠠᠳᠤᠨ ᠤ ᠪᠠᠶᠢᠭᠤᠯᠤᠭᠰᠡᠨ ᠪᠦᠳᠦᠭᠡᠨ ᠪᠠᠶᠢᠭᠤᠯᠤᠯᠲᠠ ᠶᠢᠨ ᠲᠦᠷᠦᠯ | ᠵᠦᠢᠯ ᠤᠨ ᠤᠰᠤ ᠭᠦᠷᠦᠰᠦ ᠶᠢ ᠪᠠᠳᠤᠯᠠᠬᠤ ᠲᠦᠰᠦᠯ ᠢ ᠬᠢᠨᠡᠨ ᠵᠦᠪᠰᠢᠶᠡᠷᠡᠬᠦ᠂ ᠬᠢᠨᠡᠯᠲᠡ ᠲᠠᠯᠪᠢᠨ ᠬᠡᠷᠡᠭᠵᠢᠭᠦᠯᠬᠦ | ᠵᠢᠴᠢ ᠤᠰᠤ ᠭᠦᠷᠦᠰᠦ ᠶᠢ ᠪᠠᠳᠤᠯᠠᠬᠤ ᠲᠦᠭᠦᠭᠡᠷᠦᠮᠵᠢ ᠶᠢ ᠰᠢᠯᠭᠠᠨ ᠠᠪᠬᠤ ᠠᠵᠢᠯ ᠢ ᠬᠠᠷᠢᠭᠤᠴᠠᠵᠦ᠂ | ᠭᠤᠤᠯᠳᠠᠯᠭ᠎ᠠ ᠲᠠᠢ ᠤᠰᠤ ᠭᠦᠷᠦᠰᠦ ᠶᠢ ᠪᠠᠳᠤᠯᠠᠬᠤ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ | ᠬᠡᠷᠡᠭᠵᠢᠭᠦᠯᠦᠯᠲᠡ ᠶᠢ ᠵᠢᠭᠠᠨ ᠵᠢᠯᠦᠭᠤᠳᠤᠨ᠎ᠠ᠃ | ᠨᠠᠶᠢᠮᠠ᠂ ᠭᠦᠳᠡᠭᠡ ᠲᠤᠰᠬᠤᠨ ᠤ ᠤᠰᠤᠨ ᠠᠰᠢᠭᠯᠠᠯᠲᠠ ᠶᠢᠨ ᠠᠵᠢᠯ ᠢ ᠬᠠᠷᠢᠭᠤᠴᠠᠵᠦ᠂ ᠪᠦᠬᠦ | ᠲᠤᠭᠤᠷᠢᠭ ᠤᠨ ᠲᠡᠷᠢᠶᠡᠯᠡᠩ ᠤᠨ ᠤᠰᠤᠨ ᠠᠰᠢᠭᠯᠠᠯᠲᠠ ᠶᠢᠨ ᠦᠨᠳᠦᠰᠦᠨ ᠪᠦᠳᠦᠭᠡᠨ ᠪᠠᠶᠢᠭᠤᠯᠤᠯᠲᠠ ᠶᠢ ᠵᠤᠬᠢᠶᠠᠨ | ᠪᠠᠶᠢᠭᠤᠯᠤᠨ ᠵᠤᠬᠢᠴᠠᠭᠤᠯᠵᠦ᠂ ᠭᠦᠳᠡᠭᠡ ᠲᠤᠰᠬᠤᠨ ᠤ ᠤᠤᠭᠤᠬᠤ ᠤᠰᠤᠨ ᠤ ᠠᠮᠤᠷ ᠲᠦᠪᠰᠢᠨ᠂ ᠤᠰᠤ | ᠠᠷᠪᠢᠯᠠᠬᠤ ᠤᠰᠤᠯᠠᠯᠲᠠ ᠵᠡᠷᠭᠡ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ︔ ᠭᠦᠳᠡᠭᠡ ᠲᠤᠰᠬᠤᠨ ᠮᠠᠯᠵᠢᠬᠤ ᠤᠷᠤᠨ ᠤ ᠤᠰᠤᠨ ᠠᠰᠢᠭᠯᠠᠯᠲᠠ ᠶᠢᠨ ᠨᠡᠶᠢᠭᠡᠮᠴᠢᠯᠡᠭᠰᠡᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠵᠢᠭᠠᠨ ᠵᠢᠯᠦᠭᠤᠳᠤᠨ᠎ᠠ︔ ᠲᠤᠭᠲᠠᠭᠠᠯ ᠶᠤᠰᠤᠭᠠᠷ ᠭᠦᠳᠡᠭᠡ | ᠲᠤᠰᠬᠤᠨ ᠤ ᠤᠰᠤᠨ ᠤ ᠡᠨᠧᠷᠬᠢ ᠰᠤᠷᠪᠤᠯᠵᠢ ᠶᠢ ᠨᠡᠭᠡᠭᠡᠨ ᠭᠦᠭᠵᠢᠭᠦᠯᠬᠦ ᠬᠠᠮᠢᠶ᠎ᠠ ᠪᠦᠭᠦᠢ ᠠᠵᠢᠯ ᠢ ᠵᠢᠭᠠᠨ | ᠵᠢᠯᠦᠭᠤᠳᠤᠨ᠎ᠠ᠃ | ᠶᠢᠰᠦ᠂ ᠲᠤᠭᠲᠠᠭᠰᠡᠨ ᠡᠷᠬᠡ ᠬᠢᠵᠠᠭᠠᠷᠯᠠᠯ ᠶᠤᠰᠤᠭᠠᠷ ᠪᠦᠬᠦ ᠲᠤᠭᠤᠷᠢᠭ ᠤᠨ ᠴᠢᠬᠤᠯᠨ ᠶᠡᠭᠡ ᠤᠰᠤᠨ ᠤ | ᠶᠠᠪᠤᠳᠠᠯ ᠳᠤ ᠬᠤᠯᠪᠤᠭᠳᠠᠬᠤ ᠬᠠᠤᠯᠢ ᠶᠢ ᠵᠦᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠨ᠎ᠡ︔ ᠲᠤᠭᠲᠠᠭᠰᠡᠨ | ᠡᠷᠬᠡ ᠬᠢᠵᠠᠭᠠᠷᠯᠠᠯ ᠶᠤᠰᠤᠭᠠᠷ ᠤᠷᠤᠨ ᠬᠢᠵᠠᠭᠠᠷ ᠤᠨ ᠳᠤᠳᠤᠷᠡᠬᠢ ᠤᠰᠤᠨ ᠤ ᠶᠠᠪᠤᠳᠠᠯ ᠤᠨ ᠵᠢᠭᠤᠷᠠᠯᠳᠤᠭᠠᠨ ᠢ | ᠵᠤᠬᠢᠴᠠᠭᠤᠯᠵᠦ ᠰᠢᠢᠳᠪᠦᠷᠢᠯᠡᠨ᠂ ᠤᠰᠤᠨ ᠤ ᠶᠠᠪᠤᠳᠠᠯ᠂ ᠵᠢᠭᠠᠰᠤᠨ ᠤ ᠶᠠᠪᠤᠳᠠᠯ ᠤᠨ ᠬᠢᠨᠡᠨ ᠪᠠᠶᠢᠴᠠᠭᠠᠯᠲᠠ ᠪᠠ | ᠤᠰᠤᠨ ᠤ ᠵᠠᠰᠠᠭ ᠵᠠᠬᠢᠷᠭᠠᠨ᠂ ᠵᠢᠭᠠᠰᠤᠨ ᠤ ᠦᠢᠯᠡᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ | ᠬᠠᠷᠢᠭᠤᠴᠠᠨ᠎ᠠ︔ ᠤᠰᠤᠨ ᠠᠰᠢᠭᠯᠠᠯᠲᠠ᠂ ᠵᠢᠭᠠᠰᠤᠨ ᠤ ᠦᠢᠯᠡᠰ ᠤᠨ ᠠᠵᠢᠯ ᠲᠦᠷᠦᠯ ᠤᠨ ᠠᠮᠤᠷ ᠲᠦᠪᠰᠢᠨ | ᠦᠢᠯᠡᠳᠪᠦᠷᠢᠯᠡᠯ ᠤᠨ ᠠᠵᠢᠯ ᠢ ᠬᠠᠤᠯᠢ ᠶᠤᠰᠤᠭᠠᠷ ᠬᠠᠷᠢᠭᠤᠴᠠᠨ᠎ᠠ︔ ᠤᠰᠤᠨ ᠠᠰᠢᠭᠯᠠᠯᠲᠠ ᠶᠢᠨ ᠪᠦᠳᠦᠭᠡᠨ | ᠪᠠᠶᠢᠭᠤᠯᠤᠯᠲᠠ ᠶᠢᠨ ᠵᠠᠬ᠎ᠠ ᠶᠢᠨ ᠬᠢᠨᠡᠯᠲᠡ ᠬᠠᠮᠢᠶᠠᠷᠤᠯᠲᠠ ᠶᠢ ᠵᠢᠭᠠᠨ ᠵᠢᠯᠦᠭᠤᠳᠴᠤ᠂ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠬᠢᠨᠡᠯᠲᠡ ᠶᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ᠃ | ᠠᠷᠪᠠ᠂ ᠤᠰᠤᠨ ᠠᠰᠢᠭᠯᠠᠯᠲᠠ ᠶᠢᠨ ᠰᠢᠨᠵᠢᠯᠡᠭᠡ ᠮᠡᠷᠭᠡᠵᠢᠯ ᠤᠨ ᠠᠵᠢᠯ ᠢ ᠦᠷᠨᠢᠭᠦᠯᠵᠦ᠂ ᠤᠰᠤᠨ | ᠠᠰᠢᠭᠯᠠᠯᠲᠠ᠂ ᠵᠢᠭᠠᠰᠤᠨ ᠤ ᠦᠢᠯᠡᠰ ᠤᠨ ᠠᠵᠢᠯ ᠲᠦᠷᠦᠯ ᠤᠨ ᠰᠢᠨᠵᠢᠯᠡᠭᠡ ᠮᠡᠷᠭᠡᠵᠢᠯ ᠤᠨ ᠲᠦᠷᠦᠯ ᠵᠦᠢᠯ ᠤᠨ | ᠪᠤᠭᠤᠮᠲᠠ ᠰᠢᠪᠳᠤᠯᠬᠤ ᠪᠠ ᠰᠢᠨᠵᠢᠯᠡᠭᠡ ᠮᠡᠷᠭᠡᠵᠢᠯ ᠤᠨ ᠦᠷ᠎ᠡ ᠪᠦᠳᠦᠭᠡᠯ ᠢ ᠳᠡᠯᠭᠡᠷᠡᠭᠦᠯᠬᠦ ᠠᠵᠢᠯ ᠢ ᠵᠤᠬᠢᠶᠠᠨ | ᠪᠠᠶᠢᠭᠤᠯᠤᠨ ᠦᠷᠨᠢᠭᠦᠯᠦᠨ᠎ᠠ︔ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠶᠠᠰᠦ ᠴᠢᠨᠡᠷ ᠲᠤ ᠬᠢᠨᠡᠯᠲᠡ | ᠲᠠᠯᠪᠢᠬᠤ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠵᠦ᠂ ᠤᠰᠤᠨ ᠠᠰᠢᠭᠯᠠᠯᠲᠠ᠂ ᠵᠢᠭᠠᠰᠤᠨ ᠤ ᠦᠢᠯᠡᠰ ᠤᠨ | ᠪᠦᠷᠢᠳᠬᠡᠯ ᠤᠨ ᠠᠵᠢᠯ ᠢ ᠡᠭᠦᠷᠭᠡᠯᠡᠨ᠎ᠡ᠃ | ᠠᠷᠪᠠᠨ ᠨᠢᠭᠡ᠂ ᠰᠦᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠠ ᠤᠯᠠᠭᠠᠨᠬᠠᠲᠠ | ᠬᠤᠲᠠ ᠶᠢᠨ ᠤᠰᠤᠨ ᠠᠰᠢᠭᠯᠠᠯᠲᠠ ᠶᠢᠨ ᠲᠤᠪᠴᠢᠶ᠎ᠠ ᠶᠢᠨ ᠲᠤᠰᠢᠶᠠᠨ ᠭᠦᠢᠴᠡᠳᠬᠡᠯᠭᠡᠬᠦ ᠪᠤᠰᠤᠳ ᠶᠠᠪᠤᠳᠠᠯ ᠤᠴᠢᠷ ᠢ | ᠡᠭᠦᠷᠭᠡᠯᠡᠨ ᠭᠦᠢᠴᠡᠳᠬᠡᠨ᠎ᠡ᠃ |