ᠭᠤᠤᠯ ᠡᠭᠦᠷᠭᠡ ᠬᠠᠷᠢᠭᠤᠴᠠᠯᠭ᠎ᠠ᠄ | ᠨᠢᠭᠡ᠂ ᠤᠯᠤᠰ᠂ ᠦᠪᠠᠷᠲᠡᠭᠡᠨ ᠵᠠᠰᠠᠬᠤ ᠤᠷᠤᠨ᠂ ᠤᠯᠠᠭᠠᠨᠬᠠᠲᠠ ᠬᠤᠲᠠ ᠪᠠ ᠰᠦᠩ ᠱᠠᠨ ᠲᠤᠭᠤᠷᠢᠭ ᠤᠨ | ᠬᠠᠮᠢᠶ᠎ᠠ ᠪᠦᠭᠦᠢ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠴᠠᠭᠠᠵᠠ ᠬᠠᠤᠯᠢ ᠳᠦᠷᠢᠮ ᠪᠠ ᠬᠠᠮᠢᠶ᠎ᠠ ᠪᠦᠭᠦᠢ | ᠲᠦᠷᠦ ᠶᠢᠨ ᠪᠤᠳᠤᠯᠭ᠎ᠠ᠂ ᠪᠠᠷᠢᠮᠵᠢᠶ᠎ᠠ᠂ ᠲᠦᠯᠦᠪᠵᠢᠭᠦᠯᠭᠡ ᠶᠢ ᠲᠤᠤᠱᠯᠠᠭᠤᠯᠤᠨ ᠬᠡᠷᠡᠭᠵᠢᠭᠦᠯᠦᠨ᠎ᠠ︔ ᠪᠦᠭᠦ | ᠲᠤᠭᠤᠷᠢᠭ ᠤᠨ ᠵᠠᠮ ᠬᠠᠷᠢᠯᠴᠠᠭᠠᠨ ᠤ ᠭᠦᠭᠵᠢᠯᠲᠠ ᠶᠢᠨ ᠲᠦᠯᠦᠪᠵᠢᠭᠦᠯᠭᠡ᠂ ᠲᠦᠯᠦᠪᠯᠡᠭᠡ ᠶᠢ ᠵᠤᠬᠢᠶᠠᠨ ᠪᠠᠶᠢᠭᠤᠯᠤᠨ | ᠲᠦᠯᠦᠪᠯᠡᠨ ᠲᠤᠭᠲᠠᠭᠠᠬᠤ ᠶᠢᠨ ᠬᠠᠮᠳᠦ ᠬᠢᠨᠡᠯᠲᠡ ᠲᠠᠯᠪᠢᠨ ᠬᠡᠷᠡᠭᠵᠢᠭᠦᠯᠦᠨ᠎ᠠ︔ ᠵᠠᠮ ᠬᠠᠷᠢᠯᠴᠠᠭ᠎ᠠ ᠲᠡᠭᠡᠭᠡᠪᠦᠷᠢ ᠶᠢᠨ | ᠠᠵᠢᠯ ᠤᠨ ᠬᠠᠮᠢᠶ᠎ᠠ ᠪᠦᠭᠦᠢ ᠲᠦᠷᠦ ᠶᠢᠨ ᠪᠤᠳᠤᠯᠭ᠎ᠠ ᠪᠠ ᠪᠠᠷᠢᠮᠵᠢᠶ᠎ᠠ ᠶᠢ ᠰᠤᠳᠤᠯᠤᠨ ᠲᠤᠭᠲᠠᠭᠠᠨ᠂ ᠪᠠᠷᠠᠭᠠᠨ ᠤ | ᠭᠦᠢᠯᠭᠡᠭᠡᠨ ᠤ ᠦᠢᠯᠡᠰ ᠤᠨ ᠭᠦᠭᠵᠢᠯᠲᠠ ᠶᠢᠨ ᠪᠠᠶᠢᠯᠳᠤᠬᠤ ᠪᠤᠳᠤᠯᠭ᠎ᠠ ᠪᠠ ᠲᠦᠯᠦᠪᠵᠢᠭᠦᠯᠭᠡ ᠶᠢ ᠲᠦᠯᠦᠪᠯᠡᠨ | ᠲᠤᠭᠲᠠᠭᠠᠬᠤ ᠳᠤ ᠤᠷᠤᠯᠴᠠᠵᠦ᠂ ᠬᠠᠮᠢᠶ᠎ᠠ ᠪᠦᠭᠦᠢ ᠲᠦᠷᠦ ᠶᠢᠨ ᠪᠤᠳᠤᠯᠭ᠎ᠠ ᠪᠠ ᠪᠠᠷᠢᠮᠵᠢᠶ᠎ᠠ ᠶᠢ ᠲᠦᠯᠦᠪᠯᠡᠨ | ᠲᠤᠭᠲᠠᠭᠠᠬᠤ ᠶᠢᠨ ᠬᠠᠮᠳᠦ ᠬᠢᠨᠡᠯᠲᠡ ᠲᠠᠯᠪᠢᠨ ᠬᠡᠷᠡᠭᠵᠢᠭᠦᠯᠦᠨ᠎ᠠ︔ ᠵᠠᠮ ᠬᠠᠷᠢᠯᠴᠠᠭᠠᠨ ᠤ ᠠᠵᠢᠯ ᠲᠦᠷᠦᠯ ᠤᠨ | ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠠᠵᠢᠯ ᠢ ᠵᠢᠭᠠᠨ ᠵᠢᠯᠦᠭᠤᠳᠤᠨ᠎ᠠ᠃ | ᠬᠤᠶᠠᠷ᠂ ᠪᠦᠬᠦ ᠲᠤᠭᠤᠷᠢᠭ ᠤᠨ ᠶᠡᠷᠦᠩᠭᠡᠶᠢᠯᠡᠭᠰᠡᠨ ᠲᠡᠭᠡᠭᠡᠪᠦᠷᠢ ᠶᠢᠨ ᠰᠢᠰᠲ᠋ᠧᠮ ᠳᠤ ᠬᠤᠯᠪᠤᠭᠳᠠᠬᠤ | ᠲᠦᠯᠦᠪᠵᠢᠭᠦᠯᠭᠡ ᠶᠢ ᠵᠤᠬᠢᠴᠠᠭᠤᠯᠬᠤ ᠠᠵᠢᠯ ᠢ ᠡᠭᠦᠷᠭᠡᠯᠡᠵᠦ᠂ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠨ | ᠶᠡᠷᠦᠩᠭᠡᠶᠢᠯᠡᠭᠰᠡᠨ ᠲᠡᠭᠡᠭᠡᠪᠦᠷᠢ ᠶᠢᠨ ᠰᠢᠰᠲ᠋ᠧᠮ ᠤᠨ ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ ᠨᠡᠶᠢᠷᠡᠭᠤᠯᠵᠦ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠤᠯ ᠭᠦᠢᠰᠦ ᠶᠢᠨ ᠲᠦᠯᠦᠪᠵᠢᠭᠦᠯᠭᠡ ᠪᠠ ᠬᠠᠮᠢᠶᠠᠷᠤᠯᠲᠠ ᠶᠢ ᠵᠤᠬᠢᠶᠠᠨ | ᠪᠠᠶᠢᠭᠤᠯᠤᠨ᠎ᠠ᠃ | ᠭᠤᠷᠪᠠ᠂ ᠪᠦᠬᠦ ᠲᠤᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠬ᠎ᠠ ᠶᠢᠨ ᠬᠢᠨᠡᠯᠲᠡ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠡᠭᠦᠷᠭᠡᠯᠡᠵᠦ᠂ ᠵᠠᠰᠠᠮᠠᠯ ᠵᠠᠮ᠂ ᠤᠰᠤᠨ ᠵᠠᠮ ᠶᠢᠨ ᠲᠡᠭᠡᠭᠡᠪᠦᠷᠢ ᠶᠢᠨ ᠬᠠᠮᠢᠶ᠎ᠠ ᠪᠦᠭᠦᠢ ᠲᠦᠷᠦ ᠶᠢᠨ | ᠪᠤᠳᠤᠯᠭ᠎ᠠ᠂ ᠵᠠᠬ᠎ᠠ ᠳᠤ ᠤᠷᠤᠬᠤ ᠵᠦᠪᠰᠢᠶᠡᠷᠡᠯ ᠤᠨ ᠳᠦᠷᠢᠮ᠂ ᠮᠡᠷᠭᠡᠵᠢᠯ ᠤᠨ ᠪᠠᠷᠢᠮᠵᠢᠶ᠎ᠠ ᠪᠠ ᠲᠡᠭᠡᠭᠡᠪᠦᠷᠢ ᠶᠢᠨ | ᠡᠵᠡᠩᠨᠡᠯᠲᠡ ᠶᠢᠨ ᠳᠦᠷᠢᠮᠵᠢᠭᠰᠡᠨ ᠠᠷᠭ᠎ᠠ ᠬᠡᠮᠵᠢᠶ᠎ᠡ ᠶᠢ ᠵᠤᠬᠢᠶᠠᠨ ᠪᠠᠶᠢᠭᠤᠯᠤᠨ ᠲᠦᠯᠦᠪᠯᠡᠨ ᠲᠤᠭᠲᠠᠭᠠᠬᠤ ᠶᠢᠨ | ᠬᠠᠮᠳᠦ ᠬᠢᠨᠡᠯᠲᠡ ᠲᠠᠯᠪᠢᠨ ᠬᠡᠷᠡᠭᠵᠢᠭᠦᠯᠦᠨ᠎ᠠ︔ ᠬᠠᠮᠢᠶᠠᠷᠤᠯᠲᠠ ᠶᠢᠨ ᠡᠷᠬᠡ ᠬᠢᠵᠠᠭᠠᠷᠯᠠᠯ ᠶᠤᠰᠤᠭᠠᠷ ᠬᠤᠲᠠ | ᠪᠠᠯᠭᠠᠰᠤᠨ ᠤ ᠠᠶᠠᠨᠴᠢᠳ ᠤᠨ ᠵᠦᠭᠡᠭᠡᠪᠦᠷᠢ ᠶᠢᠨ ᠡᠵᠡᠩᠨᠡᠯᠲᠡ ᠶᠢᠨ ᠬᠠᠮᠢᠶᠠᠷᠤᠯᠲᠠ ᠶᠢ ᠬᠠᠷᠢᠭᠤᠴᠠᠵᠦ᠂ ᠬᠤᠲᠠ | ᠪᠠᠯᠭᠠᠰᠤᠨ ᠤ ᠠᠶᠠᠨᠴᠢᠳ ᠤᠨ ᠵᠦᠭᠡᠭᠡᠪᠦᠷᠢ ᠶᠢᠨ ᠬᠠᠮᠢᠶᠠᠷᠤᠯᠲᠠ ᠶᠢᠨ ᠲᠦᠯᠦᠪᠵᠢᠭᠦᠯᠭᠡ᠂ ᠲᠦᠷᠦ ᠶᠢᠨ ᠪᠤᠳᠤᠯᠭ᠎ᠠ᠂ | ᠳᠦᠷᠢᠮ ᠪᠠ ᠪᠠᠷᠢᠮᠵᠢᠶ᠎ᠠ ᠶᠢ ᠵᠤᠬᠢᠶᠠᠨ ᠪᠠᠶᠢᠭᠤᠯᠤᠨ ᠲᠦᠯᠦᠪᠯᠡᠨ ᠲᠤᠭᠲᠠᠭᠠᠬᠤ ᠶᠢᠨ ᠬᠠᠮᠳᠦ ᠬᠢᠨᠡᠯᠲᠡ ᠲᠠᠯᠪᠢᠨ | ᠬᠡᠷᠡᠭᠵᠢᠭᠦᠯᠦᠨ᠎ᠠ︔ ᠬᠠᠮᠢᠶᠠᠷᠤᠯᠲᠠ ᠶᠢᠨ ᠡᠷᠬᠡ ᠬᠢᠵᠠᠭᠠᠷᠯᠠᠯ ᠶᠤᠰᠤᠭᠠᠷ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ | ᠲᠦᠷᠦᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠪᠦᠬᠦ ᠲᠤᠭᠤᠷᠢᠭ ᠤᠨ ᠭᠤᠤᠯᠳᠠᠯᠭ᠎ᠠ ᠲᠠᠢ ᠡᠳ᠋ ᠪᠠᠷᠠᠭ᠎ᠠ | ᠵᠦᠭᠡᠭᠡᠪᠦᠷᠢᠯᠡᠬᠦ ᠪᠠ ᠠᠶᠠᠨᠴᠢᠳ᠂ ᠡᠳ᠋ ᠪᠠᠷᠠᠭ᠎ᠠ ᠵᠦᠭᠡᠭᠡᠪᠦᠷᠢᠯᠡᠬᠦ ᠪᠠᠴᠢᠮ ᠪᠠᠶᠢᠳᠠᠯ ᠳᠤ ᠡᠵᠡᠮᠰᠢᠯ ᠲᠤᠬᠢᠷᠠᠭᠤᠯᠭ᠎ᠠ | ᠭᠢᠬᠦ ᠶᠢ ᠬᠠᠷᠢᠭᠤᠴᠠᠨ᠎ᠠ᠃ | ᠳᠦᠷᠪᠠ᠂ ᠪᠦᠬᠦ ᠲᠤᠭᠤᠷᠢᠭ ᠤᠨ ᠵᠠᠰᠠᠮᠠᠯ ᠵᠠᠮ᠂ ᠤᠰᠤᠨ ᠵᠠᠮ ᠤᠨ ᠪᠦᠳᠦᠭᠡᠨ ᠪᠠᠶᠢᠭᠤᠯᠤᠯᠲᠠ ᠶᠢᠨ ᠵᠠᠬ᠎ᠠ | ᠳᠡᠯᠭᠡᠭᠦᠷ ᠤᠨ ᠬᠢᠨᠡᠯᠲᠡ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠵᠠᠮ ᠬᠠᠷᠢᠯᠴᠠᠭ᠎ᠠ ᠶᠢᠨ ᠪᠦᠳᠦᠭᠡᠨ | ᠪᠠᠶᠢᠭᠤᠯᠤᠯᠲᠠ᠂ ᠠᠷᠠᠴᠢᠯᠠᠵᠦ ᠬᠠᠮᠠᠭᠠᠯᠠᠬᠤ᠂ ᠵᠠᠮ ᠤᠨ ᠶᠠᠪᠤᠳᠠᠯ ᠤᠨ ᠬᠠᠮᠢᠶ᠎ᠠ ᠪᠦᠭᠦᠢ ᠲᠦᠷᠦ ᠶᠢᠨ ᠪᠤᠳᠤᠯᠭ᠎ᠠ᠂ | ᠳᠦᠷᠢᠮ ᠪᠠ ᠮᠡᠷᠭᠡᠵᠢᠯ ᠤᠨ ᠪᠠᠷᠢᠮᠵᠢᠶ᠎ᠠ ᠶᠢᠨ ᠠᠷᠭ᠎ᠠ ᠬᠡᠮᠵᠢᠶ᠎ᠡ ᠶᠢ ᠲᠦᠯᠪᠯᠡᠨ ᠲᠤᠭᠲᠠᠭᠠᠬᠤ ᠶᠢᠨ ᠬᠠᠮᠳᠦ ᠬᠢᠨᠡᠯᠲᠡ | ᠲᠠᠯᠪᠢᠨ ᠬᠡᠷᠡᠭᠵᠢᠭᠦᠯᠦᠨ᠎ᠠ︔ ᠵᠠᠮ ᠬᠠᠷᠢᠯᠴᠠᠭ᠎ᠠ ᠶᠢᠨ ᠭᠤᠤᠯᠳᠠᠯᠭ᠎ᠠ ᠲᠠᠢ ᠪᠠᠷᠢᠯᠭ᠎ᠠ ᠶᠢᠨ ᠪᠦᠳᠦᠭᠡᠨ | ᠪᠠᠶᠢᠭᠤᠯᠤᠯᠲᠠ ᠶᠢᠨ ᠪᠡᠯᠨ ᠮᠦᠩᠭᠦ ᠪᠠ ᠪᠠᠷᠢᠯᠭ᠎ᠠ ᠶᠢᠨ ᠶᠠᠰᠦ ᠴᠢᠨᠡᠷ᠂ ᠠᠶᠤᠯᠭᠦᠢ ᠦᠢᠯᠡᠳᠪᠦᠷᠢᠯᠡᠯ ᠤᠨ ᠬᠢᠨᠡᠯᠲᠡ | ᠬᠠᠮᠢᠶᠠᠷᠤᠯᠲᠠ ᠶᠢᠨ ᠠᠵᠢᠯ ᠢ ᠵᠤᠬᠢᠶᠠᠨ ᠪᠠᠶᠢᠭᠤᠯᠤᠨ᠎ᠠ︔ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠭᠤᠷᠢ | ᠲᠦᠭᠦᠭᠡᠷᠦᠮᠵᠢ ᠶᠢᠨ ᠬᠠᠮᠢᠶᠠᠷᠤᠯᠲᠠ ᠪᠠ ᠬᠠᠮᠠᠭᠠᠯᠠᠬᠤ ᠶᠢ ᠵᠢᠭᠠᠨ ᠵᠢᠯᠦᠭᠤᠳᠤᠨ᠎ᠠ᠃ | ᠲᠠᠪᠤ᠂ ᠵᠠᠮ ᠬᠠᠷᠢᠯᠴᠠᠭ᠎ᠠ ᠶᠢᠨ ᠦᠢᠯᠡᠰ ᠲᠤ ᠬᠡᠷᠡᠭᠯᠡᠬᠦ ᠡᠳ᠋ ᠤᠨ ᠵᠠᠰᠠᠭ ᠤᠨ ᠴᠢᠨᠡᠷᠲᠡᠢ ᠪᠡᠯᠨ ᠮᠦᠩᠭᠦ ᠪᠠ | ᠲᠤᠰᠬᠠᠢ ᠲᠦᠷᠦᠯ ᠤᠨ ᠪᠡᠯᠨ ᠮᠦᠩᠭᠦ ᠶᠢᠨ ᠤᠷᠤᠯᠭ᠎ᠠ ᠵᠠᠷᠤᠯᠭ᠎ᠠ ᠶᠢᠨ ᠲᠦᠰᠦᠪ ᠶᠢᠨ ᠲᠤᠬᠠᠢ ᠰᠠᠨᠠᠭᠤᠯᠭ᠎ᠠ | ᠰᠤᠳᠤᠯᠤᠨ ᠳᠤᠷᠠᠳᠤᠨ᠎ᠠ︔ ᠵᠠᠮ ᠬᠠᠷᠢᠯᠴᠠᠭ᠎ᠠ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ | ᠲᠤᠳᠤᠭᠠᠳᠦ ᠬᠢᠨᠡᠨ ᠪᠤᠳᠤᠯᠲᠠ ᠶᠢᠨ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ︔ ᠬᠠᠮᠢᠶ᠎ᠠ ᠪᠦᠭᠦᠢ ᠵᠠᠮ | ᠬᠠᠷᠢᠯᠴᠠᠭ᠎ᠠ ᠶᠢᠨ ᠲᠤᠭᠲᠠᠭᠠᠯ ᠰᠦᠢᠳᠬᠡᠯ ᠤᠨ ᠲᠦᠷᠦ ᠶᠢᠨ ᠪᠤᠳᠤᠯᠭ᠎ᠠ ᠲᠦᠯᠦᠪᠯᠡᠨ ᠲᠤᠭᠲᠠᠭᠠᠬᠤ ᠶᠢᠨ ᠬᠠᠮᠳᠦ | ᠬᠢᠨᠡᠯᠲᠡ ᠲᠠᠯᠪᠢᠨ ᠬᠡᠷᠡᠭᠵᠢᠭᠦᠯᠦᠨ᠎ᠠ︔ ᠬᠠᠮᠢᠶ᠎ᠠ ᠪᠦᠭᠦᠢ ᠡᠳ᠋ ᠤᠨ ᠵᠠᠰᠠᠭ᠂ ᠭᠠᠵᠠᠷ ᠰᠢᠷᠦᠢ᠂ ᠦᠨ᠎ᠡ ᠵᠡᠷᠭᠡ | ᠲᠡᠯ᠎ᠡ ᠶᠢᠨ ᠲᠦᠷᠦ ᠶᠢᠨ ᠪᠤᠳᠤᠯᠭ᠎ᠠ ᠰᠠᠨᠠᠭᠤᠯᠭ᠎ᠠ ᠳᠤᠷᠠᠳᠤᠨ᠎ᠠ᠃ | ᠵᠢᠷᠭᠤᠭ᠎ᠠ᠂ ᠤᠰᠤᠨ ᠵᠠᠮ ᠤᠨ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠬᠠᠮᠠᠭᠠᠯᠠᠯᠲᠠ ᠶᠢ | ᠵᠤᠬᠢᠶᠠᠨ ᠪᠠᠶᠢᠭᠤᠯᠤᠨ ᠵᠤᠬᠢᠴᠠᠭᠤᠯᠤᠨ᠎ᠠ︔ ᠪᠦᠬᠦ ᠲᠤᠭᠤᠷᠢᠭ ᠤᠨ ᠤᠰᠤᠨ ᠳᠡᠭᠡᠷᠡᠬᠢ ᠵᠠᠮ ᠬᠠᠷᠢᠯᠴᠠᠭ᠎ᠠ ᠶᠢᠨ ᠠᠮᠤᠷ | ᠲᠦᠪᠰᠢᠨ ᠢ ᠬᠢᠨᠡᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ︔ ᠤᠰᠤᠨ ᠳᠡᠭᠡᠷᠡᠬᠢ ᠵᠠᠮ ᠬᠠᠷᠢᠯᠴᠠᠭ᠎ᠠ ᠶᠢ | ᠬᠢᠨᠡᠨ ᠬᠠᠮᠢᠶᠠᠷᠬᠤ᠂ ᠤᠩᠭᠤᠴᠠ ᠰᠡᠯ ᠵᠢᠴᠢ ᠬᠠᠮᠢᠶ᠎ᠠ ᠪᠦᠭᠦᠢ ᠤᠰᠤᠨ ᠳᠡᠭᠡᠷᠡᠬᠢ ᠲᠦᠭᠦᠭᠡᠷᠦᠮᠵᠢ ᠶᠢ ᠰᠢᠯᠭᠠᠨ | ᠪᠠᠶᠢᠴᠠᠭᠠᠬᠤ᠂ ᠳᠠᠩᠰᠠᠯᠠᠬᠤ ᠪᠠ ᠪᠤᠬᠢᠷᠳᠦᠯ ᠢ ᠰᠡᠷᠭᠡᠶᠢᠯᠡᠬᠦ᠂ ᠠᠪᠤᠷᠠᠨ ᠲᠤᠰᠠᠯᠠᠵᠦ ᠱᠦᠭᠦᠭᠦ᠂ ᠴᠢᠮᠡᠭᠡ | ᠨᠡᠪᠳᠡᠷᠡᠭᠦᠯᠭᠡ ᠶᠢᠨ ᠵᠢᠯᠦᠭᠤᠳᠤᠮᠵᠢ᠂ ᠤᠩᠭᠤᠴᠠ ᠰᠡᠯ ᠪᠠ ᠭᠠᠷᠠᠮ ᠤᠨ ᠲᠦᠭᠦᠭᠡᠷᠦᠮᠵᠢ ᠶᠢᠨ ᠠᠮᠤᠷ ᠢ ᠬᠠᠮᠠᠭᠠᠯᠠᠬᠤ | ᠵᠢᠴᠢ ᠠᠶᠤᠯᠳᠦ ᠪᠤᠳᠠᠰ ᠢ ᠵᠦᠭᠡᠭᠡᠪᠦᠷᠢᠯᠡᠬᠦ ᠳᠤ ᠬᠢᠨᠡᠯᠲᠡ ᠬᠠᠮᠢᠶᠠᠷᠤᠯᠲᠠ ᠶᠠᠪᠤᠭᠤᠯᠬᠤ ᠵᠡᠷᠭᠡ ᠠᠵᠢᠯ ᠢ | ᠬᠠᠷᠢᠭᠤᠴᠠᠨ᠎ᠠ︔ ᠤᠩᠭᠤᠴᠠᠴᠢᠨ ᠤ ᠬᠠᠮᠢᠶ᠎ᠠ ᠪᠦᠭᠦᠢ ᠠᠵᠢᠯ ᠢ ᠬᠠᠷᠢᠭᠤᠴᠠᠨ᠎ᠠ᠃ | ᠲᠣᠯᠤᠭ᠎ᠠ᠂ ᠪᠦᠬᠦ ᠲᠤᠭᠤᠷᠢᠭ ᠤᠨ ᠵᠠᠮ ᠬᠠᠷᠢᠯᠴᠠᠭᠠᠨ ᠤ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ | ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠵᠤᠬᠢᠶᠠᠨ ᠪᠠᠶᠢᠭᠤᠯᠤᠨ ᠵᠤᠬᠢᠴᠠᠭᠤᠯᠤᠨ᠎ᠠ︔ | ᠠᠳᠡᠭᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠤᠯᠢ ᠶᠤᠰᠤᠭᠠᠷ ᠵᠤᠬᠢᠶᠠᠨ ᠪᠠᠶᠢᠭᠤᠯᠵᠦ ᠤᠷᠤᠯᠴᠠᠨ᠎ᠠ᠃ | ᠨᠠᠶᠢᠮᠠ᠂ ᠪᠦᠬᠦ ᠲᠤᠭᠤᠷᠢᠭ ᠤᠨ ᠵᠠᠰᠠᠮᠠᠯ ᠵᠠᠮ ᠤᠨ ᠲᠤᠤᠷ ᠤᠨ ᠡᠷᠬᠢᠯᠲᠡ ᠶᠢᠨ ᠪᠠᠶᠢᠳᠠᠯ ᠢ ᠬᠢᠨᠡᠨ ᠬᠡᠮᠵᠢᠬᠦ ᠪᠠ | ᠵᠤᠬᠢᠴᠠᠭᠤᠯᠬᠤ ᠶᠢ ᠬᠠᠷᠢᠭᠤᠴᠠᠨ᠎ᠠ︔ ᠵᠠᠮ ᠬᠠᠷᠢᠯᠴᠠᠭ᠎ᠠ ᠲᠡᠭᠡᠭᠡᠪᠦᠷᠢ ᠶᠢᠨ ᠰᠤᠷᠠᠭ ᠵᠠᠩᠬᠢᠴᠢᠯᠠᠭᠰᠡᠨ ᠪᠦᠳᠦᠭᠡᠨ | ᠪᠠᠶᠢᠭᠤᠯᠤᠯᠲᠠ ᠶᠢ ᠵᠢᠭᠠᠨ ᠵᠢᠯᠦᠭᠤᠳᠴᠤ᠂ ᠡᠷᠬᠢᠯᠲᠠ ᠶᠢᠨ ᠪᠠᠶᠢᠳᠠᠯ ᠢ ᠬᠢᠨᠡᠨ ᠬᠡᠮᠵᠢᠵᠦ ᠵᠠᠳᠠᠯᠤᠨ ᠰᠢᠨᠵᠢᠯᠡᠵᠦ | ᠬᠠᠮᠢᠶ᠎ᠠ ᠪᠦᠭᠦᠢ ᠪᠦᠷᠢᠳᠬᠡᠯ ᠤᠨ ᠠᠵᠢᠯ ᠢ ᠦᠷᠨᠢᠭᠦᠯᠵᠦ᠂ ᠬᠠᠮᠢᠶ᠎ᠠ ᠪᠦᠭᠦᠢ ᠰᠤᠷᠠᠭ ᠵᠠᠩᠬᠢ ᠶᠢ ᠨᠡᠶᠢᠳᠡᠯᠡᠨ᠎ᠡ︔ ᠵᠠᠮ | ᠬᠠᠷᠢᠯᠴᠠᠭᠠᠨ ᠤ ᠠᠵᠢᠯ ᠲᠦᠷᠦᠯ ᠤᠨ ᠤᠷᠴᠢᠨ ᠲᠤᠭᠤᠷᠢᠨ ᠤ ᠬᠠᠮᠠᠭᠠᠯᠠᠯᠲᠠ ᠪᠠ ᠡᠨᠧᠷᠬᠢ ᠠᠷᠪᠢᠯᠠᠵᠦ ᠪᠤᠬᠢᠷᠳᠦᠯ ᠢ | ᠭᠠᠳᠠᠭᠰᠢᠯᠠᠭᠤᠯᠬᠤ ᠠᠵᠢᠯ ᠢ ᠵᠢᠭᠠᠨ ᠵᠢᠯᠦᠭᠤᠳᠤᠨ᠎ᠠ᠃ | ᠶᠢᠰᠦ᠂ ᠰᠦᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠠ ᠤᠯᠠᠭᠠᠨᠬᠠᠲᠠ ᠬᠤᠲᠠ ᠶᠢᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ ᠶᠢᠨ ᠲᠤᠰᠢᠶᠠᠨ ᠭᠦᠢᠴᠡᠳᠬᠡᠯᠭᠡᠬᠦ ᠪᠤᠰᠤᠳ ᠶᠠᠪᠤᠳᠠᠯ ᠢ ᠡᠭᠦᠷᠭᠡᠯᠡᠨ | ᠭᠦᠢᠴᠡᠳᠬᠡᠨ᠎ᠡ᠃ | |