ᠭᠤᠤᠯ ᠡᠭᠦᠷᠭᠡ ᠬᠠᠷᠢᠭᠤᠴᠠᠯᠭ᠎ᠠ | ᠨᠢᠭᠡ᠂ ᠤᠯᠤᠰ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠲᠠ ᠬᠤᠲᠠ ᠶᠢᠨ ᠣᠯᠤᠰ ᠠᠷᠠᠳ ᠤᠨ ᠠᠵᠦ | ᠠᠬᠤᠢ ᠪᠠ ᠨᠡᠶᠢᠭᠡᠮ ᠤᠨ ᠭᠦᠭᠵᠢᠯᠲᠠ ᠶᠢᠨ ᠲᠤᠬᠠᠢ ᠪᠠᠶᠢᠯᠳᠤᠬᠤ ᠪᠤᠳᠤᠯᠭ᠎ᠠ᠂ ᠴᠢᠭᠯᠡᠯᠲᠡ ᠲᠦᠷᠦ ᠶᠢᠨ | ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠲᠤᠭᠤᠷᠢᠭ ᠤᠨ ᠤᠯᠤᠰ ᠠᠷᠠᠳ ᠤᠨ ᠠᠵᠦ ᠠᠬᠤᠢ ᠪᠠ | ᠨᠡᠶᠢᠭᠡᠮ ᠤᠨ ᠭᠦᠭᠵᠢᠯᠲᠡ ᠶᠢᠨ ᠳᠤᠮᠳᠠ ᠤᠷᠳᠦ ᠬᠤᠭᠤᠴᠠᠭᠠᠨ ᠤ ᠲᠦᠯᠦᠪᠵᠢᠭᠦᠯᠭᠡ ᠪᠠ ᠤᠨ ᠤ ᠲᠦᠯᠦᠪᠯᠡᠭᠡ ᠶᠢ | ᠨᠡᠶᠢᠷᠡᠭᠤᠯᠤᠨ ᠲᠤᠭᠲᠠᠭᠠᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠠᠵᠦ ᠠᠬᠤᠢ ᠨᠡᠶᠢᠭᠡᠮ ᠤᠨ | ᠭᠦᠭᠵᠢᠯᠲᠡ ᠶᠢ ᠨᠢᠬᠡᠳᠦᠯᠲᠡᠢ ᠲᠦᠯᠦᠪᠯᠡᠨ ᠵᠤᠬᠢᠴᠠᠭᠤᠯᠵᠦ᠂ ᠲᠤᠭᠤᠷᠢᠭ ᠤᠨ ᠳᠤᠳᠤᠨ᠎ᠠ ᠭᠠᠳᠠᠨᠠᠬᠢ ᠠᠵᠦ | ᠠᠬᠤᠢ ᠶᠢᠨ ᠪᠠᠶᠢᠳᠠᠯ ᠢ ᠰᠤᠳᠤᠯᠤᠨ ᠵᠠᠳᠠᠯᠵᠦ᠂ ᠪᠦᠬᠦ ᠲᠤᠭᠤᠷᠢᠭ ᠤᠨ ᠤᠯᠤᠰ ᠠᠷᠠᠳ ᠤᠨ ᠠᠵᠦ ᠠᠬᠤᠢ ᠶᠢᠨ | ᠭᠦᠭᠵᠢᠯᠲᠡ᠂ ᠦᠨ᠎ᠡ ᠶᠢᠨ ᠲᠤᠬᠢᠷᠡᠭᠤᠯᠤᠯᠲᠡ ᠡᠵᠡᠮᠰᠢᠯ ᠪᠠ ᠠᠵᠦ ᠠᠬᠤᠢ ᠶᠢᠨ ᠪᠦᠳᠦᠴᠡ ᠶᠢ ᠰᠢᠯᠢᠳᠡᠭᠵᠢᠭᠦᠯᠬᠦ | ᠬᠠᠷᠠᠯᠲᠠ᠂ ᠲᠦᠷᠦ ᠶᠢᠨ ᠪᠤᠳᠤᠯᠭ᠎ᠠ ᠰᠠᠨᠠᠭᠤᠯᠭ᠎ᠠ ᠪᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠦ᠂ ᠡᠯ᠎ᠡ ᠵᠦᠢᠯ ᠤᠨ | ᠠᠵᠦ ᠠᠬᠤᠢ ᠶᠢᠨ ᠠᠷᠭ᠎ᠠ ᠪᠠᠷᠢᠯ ᠪᠠ ᠲᠦᠷᠦ ᠶᠢᠨ ᠪᠤᠳᠤᠯᠭ᠎ᠠ ᠶᠢ ᠶᠡᠷᠦᠩᠭᠡᠶᠢᠯᠡᠨ ᠬᠡᠷᠡᠭᠯᠡᠬᠦ ᠰᠠᠨᠠᠭᠤᠯᠭ᠎ᠠ ᠳᠤᠷᠠᠳᠤᠨ᠂ | ᠲᠤᠭᠤᠷᠢᠭ ᠤᠨ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠳᠤ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠭᠦᠭᠵᠢᠯᠲᠡ ᠶᠢᠨ ᠲᠦᠯᠦᠪᠯᠡᠭᠡ ᠶᠢᠨ | ᠮᠡᠳᠡᠭᠦᠯᠦᠯᠲᠡ ᠶᠢ ᠲᠤᠰᠢᠶᠠᠨ᠎ᠠ᠃ | ᠬᠤᠶᠠᠷ᠂ ᠪᠦᠬᠦ ᠲᠤᠭᠤᠷᠢᠭ ᠤᠨ ᠬᠤᠷᠸ᠎ᠠ ᠠᠵᠦ ᠠᠬᠤᠢ ᠪᠠ ᠨᠡᠶᠢᠭᠡᠮ ᠤᠨ ᠭᠦᠭᠵᠢᠯᠲᠠ ᠶᠢᠨ ᠪᠠᠶᠢᠳᠠᠯ᠂ | ᠤᠷᠢᠳᠴᠢᠯᠡᠨ ᠵᠢᠱᠢᠭᠰᠡᠨ ᠰᠡᠷᠡᠮᠵᠢ᠂ ᠰᠤᠷᠠᠭ ᠵᠠᠩᠬᠢ ᠶᠢᠨ ᠵᠢᠭᠠᠨ ᠵᠢᠯᠦᠭᠤᠳᠤᠯᠭ᠎ᠠ ᠶᠢ ᠬᠢᠨᠡᠨ ᠬᠡᠮᠵᠢᠬᠦ | ᠬᠠᠷᠢᠭᠤᠴᠠᠯᠭ᠎ᠠ ᠶᠢ ᠡᠭᠦᠷᠭᠡᠯᠡᠨ᠎ᠡ︔ ᠪᠦᠬᠦ ᠲᠤᠭᠤᠷᠢᠭ ᠤᠨ ᠠᠵᠦ ᠠᠬᠤᠢ ᠶᠢᠨ ᠡᠷᠬᠢᠯᠲᠡ᠂ ᠶᠡᠷᠦᠩᠭᠡᠢ ᠬᠡᠮᠵᠢᠶᠡᠨ ᠤ | ᠲᠡᠩᠴᠡᠭᠦᠷᠢ᠂ ᠠᠵᠦ ᠠᠬᠤᠢ ᠶᠢᠨ ᠠᠮᠤᠷ ᠲᠦᠪᠰᠢᠨ ᠪᠠ ᠠᠵᠦ ᠦᠢᠯᠡᠰ ᠤᠨ ᠠᠮᠤᠷ ᠲᠦᠪᠰᠢᠨ ᠵᠡᠷᠭᠡ ᠴᠢᠬᠤᠯᠠ | ᠠᠰᠠᠭᠤᠳᠠᠯ ᠢ ᠰᠤᠳᠤᠯᠬᠤ ᠶᠢᠨ ᠬᠠᠮᠳᠦ ᠲᠤᠬᠢᠷᠠᠭᠤᠯᠤᠨ ᠡᠵᠡᠮᠳᠡᠬᠦ ᠲᠦᠷᠦ ᠶᠢᠨ ᠪᠤᠳᠤᠯᠭ᠎ᠠ ᠰᠠᠨᠠᠭᠤᠯᠭ᠎ᠠ ᠳᠤᠷᠠᠳᠤᠨ᠎ᠠ | ︔ ᠠᠵᠦ ᠠᠬᠤᠢ ᠶᠢᠨ ᠡᠷᠬᠢᠯᠲᠡ ᠳᠤᠮᠳᠠᠬᠢ ᠴᠢᠬᠤᠯᠨ ᠶᠡᠭᠡ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠬᠦ ᠶᠢ | ᠬᠠᠷᠢᠭᠤᠴᠠᠵᠦ᠂ ᠠᠵᠦ ᠠᠬᠤᠢ ᠶᠢᠨ ᠡᠷᠬᠢᠯᠲᠡ ᠶᠢ ᠲᠤᠬᠢᠷᠠᠭᠤᠯᠵᠦ᠂ ᠴᠢᠬᠤᠯᠨ ᠡᠳ᠋ ᠪᠠᠷᠠᠭᠠᠨ ᠤ ᠪᠠᠴᠢᠮ | ᠲᠤᠬᠢᠷᠠᠭᠤᠯᠤᠯᠲᠠ ᠶᠢ ᠵᠤᠬᠢᠶᠠᠨ ᠪᠠᠶᠢᠭᠤᠯᠬᠤ ᠪᠠ ᠵᠠᠮ ᠬᠠᠷᠢᠯᠴᠠᠭᠠᠨ ᠤ ᠲᠡᠭᠡᠭᠡᠪᠦᠷᠢ ᠶᠢᠨ ᠵᠤᠬᠢᠴᠠᠭᠤᠯᠤᠯ ᠢ | ᠬᠠᠷᠢᠭᠤᠴᠠᠨ᠎ᠠ︔ | ᠭᠤᠷᠪᠠ᠂ ᠪᠦᠬᠦ ᠲᠤᠭᠤᠷᠢᠭ ᠤᠨ ᠡᠳ᠋ ᠤᠨ ᠵᠠᠰᠠᠭ᠂ ᠮᠦᠩᠭᠦᠨ ᠭᠦᠢᠯᠭᠡᠭᠡᠨ ᠵᠡᠷᠭᠡ ᠲᠡᠯ᠎ᠡ ᠶᠢᠨ ᠪᠠᠶᠢᠳᠠᠯ ᠢ | ᠬᠤᠷᠢᠶᠠᠩᠭᠤᠶᠢᠯᠡᠨ ᠵᠠᠳᠠᠯᠬᠤ ᠶᠢ ᠬᠠᠷᠢᠭᠤᠴᠠᠨ᠎ᠠ︔ ᠡᠳ᠋ ᠤᠨ ᠵᠠᠰᠠᠭ᠂ ᠮᠦᠩᠭᠦᠨ ᠭᠦᠢᠯᠭᠡᠭᠡᠨ᠂ ᠭᠠᠵᠠᠷ ᠰᠢᠷᠦᠢ | ᠶᠢᠨ ᠲᠦᠷᠦ ᠶᠢᠨ ᠪᠤᠳᠤᠯᠭ᠎ᠠ ᠲᠤᠭᠲᠠᠭᠠᠬᠤ ᠳᠤ ᠤᠷᠤᠯᠴᠠᠵᠦ᠂ ᠡᠳ᠋ ᠤᠨ ᠵᠠᠰᠠᠭ᠂ ᠮᠦᠩᠭᠦᠨ ᠭᠦᠢᠯᠭᠡᠭᠡᠨ᠂ ᠭᠠᠵᠠᠷ | ᠰᠢᠷᠦᠢ ᠶᠢᠨ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠭᠳᠡᠭᠰᠡᠨ ᠦᠷ᠎ᠡ ᠪᠦᠳᠦᠮᠵᠢ ᠶᠢ ᠶᠡᠷᠦᠩᠭᠡᠶᠢᠯᠡᠨ ᠵᠠᠳᠠᠯᠤᠨ | ᠰᠢᠨᠵᠢᠯᠡᠨ᠎ᠡ︔ ᠪᠦᠬᠦ ᠲᠤᠭᠤᠷᠢᠭ ᠤᠨ ᠠᠯᠢᠪᠠ ᠤᠷᠤᠯᠭ᠎ᠠ ᠶᠢᠨ ᠭᠠᠳᠠᠭᠠᠳᠦ ᠦᠭᠴᠢᠭᠡ ᠶᠢᠨ ᠶᠡᠷᠦᠩᠭᠡᠢ ᠬᠡᠮᠵᠢᠶ᠎ᠡ ᠶᠢᠨ | ᠡᠵᠡᠮᠳᠡᠯ᠂ ᠪᠦᠳᠦᠴᠡ ᠶᠢᠨ ᠰᠢᠯᠢᠳᠡᠭᠵᠢᠭᠦᠯᠦᠯᠲᠡ ᠪᠠ ᠬᠢᠨᠡᠨ ᠬᠡᠮᠵᠢᠯᠲᠡ ᠶᠢᠨ ᠠᠵᠢᠯ ᠢ ᠬᠠᠷᠢᠭᠤᠴᠠᠨ᠎ᠠ᠃ | ᠳᠦᠷᠪᠡ᠂ ᠤᠯᠤᠰ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠲᠠ ᠬᠤᠲᠠ ᠶᠢᠨ ᠦᠨ᠎ᠡ ᠬᠠᠩᠰᠢ ᠵᠠᠷᠤᠳᠠᠯ | ᠬᠤᠷᠢᠶᠠᠬᠤ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠲᠤᠭᠤᠷᠢᠭ ᠤᠨ ᠦᠨ᠎ᠡ | ᠬᠠᠩᠰᠢ ᠶᠢᠨ ᠲᠤᠬᠢᠷᠠᠭᠤᠯᠤᠯᠲᠠ ᠡᠵᠡᠮᠰᠢᠯ ᠤᠨ ᠬᠠᠷᠠᠯᠲᠠ ᠶᠢ ᠳᠤᠷᠠᠳᠤᠨ᠎ᠠ︔ ᠪᠦᠬᠦ ᠲᠤᠭᠤᠷᠢᠭ ᠤᠨ ᠬᠠᠮᠢᠶᠠᠷᠴᠤ | ᠪᠦᠭᠦᠢ ᠲᠠᠸᠠᠷ ᠤᠨ ᠦᠢᠯᠡᠴᠢᠯᠡᠭᠡᠨ ᠪᠠ ᠵᠠᠷᠤᠳᠠᠯ ᠬᠤᠷᠢᠶᠠᠬᠤ ᠪᠠᠷᠢᠮᠵᠢᠶ᠎ᠠ ᠶᠢ ᠲᠤᠭᠲᠠᠭᠠᠬᠤ ᠪᠠ ᠲᠤᠬᠢᠷᠠᠭᠤᠯᠬᠤ ᠶᠢ | ᠵᠤᠬᠢᠶᠠᠨ ᠪᠠᠶᠢᠭᠤᠯᠤᠨ᠎ᠠ︔ ᠦᠨ᠎ᠡ ᠬᠠᠩᠰᠢ ᠶᠢᠨ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠳᠤ ᠬᠢᠨᠡᠯᠲᠡ | ᠲᠠᠯᠪᠢᠨ ᠬᠠᠮᠢᠶᠠᠷᠬᠤ ᠶᠢ ᠬᠠᠷᠢᠭᠤᠴᠠᠵᠦ᠂ ᠪᠦᠬᠦ ᠲᠤᠭᠤᠷᠢᠭ ᠤᠨ ᠦᠨ᠎ᠡ ᠬᠠᠩᠰᠢ ᠶᠢ ᠵᠦᠷᠢᠴᠡᠭᠰᠡᠨ ᠠᠵᠢᠯᠯᠠᠭ᠎ᠠ ᠪᠠ | ᠦᠨ᠎ᠡ ᠬᠠᠩᠰᠢ ᠶᠢ ᠭᠠᠭᠴᠠᠭᠠᠷ ᠡᠵᠡᠮᠰᠢᠬᠦ ᠠᠵᠢᠯᠯᠠᠭ᠎ᠠ ᠵᠡᠷᠭᠡ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠨ᠎ᠡ᠃ | | ᠲᠠᠪᠤ᠂ ᠪᠦᠬᠦ ᠲᠤᠭᠤᠷᠢᠭ ᠤᠨ ᠠᠵᠦ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠵᠢᠭᠠᠨ | ᠵᠢᠯᠦᠭᠤᠳᠴᠤ ᠠᠬᠢᠭᠤᠯᠬᠤ ᠪᠠ ᠶᠡᠷᠦᠩᠭᠡᠶᠢᠯᠡᠨ ᠵᠤᠬᠢᠴᠠᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠠᠵᠦ | ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠪᠠ ᠭᠠᠳᠠᠭᠠᠳᠦ ᠨᠡᠭᠡᠭᠡᠯᠲᠡ ᠶᠢᠨ ᠴᠢᠬᠤᠯᠨ ᠶᠡᠭᠡ ᠠᠰᠠᠭᠤᠳᠠᠯ ᠢ | ᠰᠤᠳᠤᠯᠤᠨ᠎ᠠ︔ ᠶᠡᠷᠦᠩᠭᠡᠶᠢᠯᠡᠭᠰᠡᠨ ᠴᠢᠨᠡᠷᠲᠡᠢ ᠠᠵᠦ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ | ᠲᠦᠰᠦᠯ ᠢ ᠵᠤᠬᠢᠶᠠᠨ ᠪᠠᠶᠢᠭᠤᠯᠤᠨ ᠨᠠᠶᠢᠷᠡᠭᠤᠯᠤᠨ ᠲᠤᠭᠲᠠᠭᠠᠵᠦ᠂ ᠬᠠᠮᠢᠶ᠎ᠠ ᠪᠦᠭᠦᠢ ᠲᠤᠰᠬᠠᠢ ᠲᠦᠷᠦᠯ ᠤᠨ ᠠᠵᠦ | ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠲᠦᠰᠦᠯ ᠢ ᠵᠤᠬᠢᠴᠠᠭᠤᠯᠵᠦ᠂ ᠬᠠᠮᠢᠶ᠎ᠠ ᠪᠦᠭᠦᠢ ᠰᠠᠯᠠᠭ᠎ᠠ | ᠮᠦᠴᠢᠷ ᠲᠠᠢ ᠬᠠᠮᠵᠢᠯᠴᠠᠨ ᠲᠤᠰᠬᠠᠢ ᠲᠦᠷᠦᠯ ᠤᠨ ᠠᠵᠦ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ | ᠬᠤᠭᠤᠷᠤᠨᠳᠦᠬᠢ ᠵᠤᠯᠭᠠᠯᠳᠤᠯ ᠢ ᠰᠠᠶᠢᠳᠦᠷ ᠬᠢᠨ᠎ᠡ︔ ᠠᠵᠦ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ | ᠲᠤᠷᠰᠢᠯᠲᠠ ᠶᠢᠨ ᠴᠢᠭ ᠤᠨ ᠠᠵᠢᠯ ᠢ ᠵᠢᠭᠠᠨ ᠵᠢᠯᠦᠭᠤᠳᠤᠨ᠎ᠠ᠃ | ᠵᠢᠷᠭᠤᠭ᠎ᠠ᠂ ᠪᠦᠬᠦ ᠲᠤᠭᠤᠷᠢᠭ ᠤᠨ ᠴᠢᠬᠤᠯᠨ ᠶᠡᠭᠡ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠠ | ᠦᠢᠯᠡᠳᠪᠦᠷᠢᠯᠡᠯ ᠤᠨ ᠭᠦᠴᠦᠨ ᠢ ᠲᠦᠯᠦᠪᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠵᠦ᠂ ᠪᠦᠬᠦ ᠨᠡᠶᠢᠭᠡᠮ ᠤᠨ | ᠲᠤᠭᠲᠠᠮᠠᠯ ᠭᠦᠷᠦᠩᠭᠡ ᠶᠢᠨ ᠪᠡᠯᠨ ᠤᠷᠤᠭᠤᠯᠤᠯᠲᠠ ᠶᠢᠨ ᠶᠡᠷᠦᠩᠭᠡᠢ ᠬᠡᠪᠴᠢᠶ᠎ᠡ ᠪᠠ ᠪᠡᠯᠨ ᠤᠷᠤᠭᠤᠯᠤᠯᠲᠠ ᠶᠢᠨ | ᠪᠦᠳᠦᠴᠡ ᠶᠢ ᠲᠤᠬᠢᠷᠠᠭᠤᠯᠤᠨ ᠡᠵᠡᠮᠳᠡᠬᠦ ᠬᠠᠷᠠᠯᠲᠠ᠂ ᠲᠦᠷᠦ ᠶᠢᠨ ᠪᠤᠳᠤᠯᠭ᠎ᠠ ᠵᠢᠴᠢ ᠠᠷᠭ᠎ᠠ ᠬᠡᠮᠵᠢᠶ᠎ᠡ ᠶᠢ | ᠲᠦᠯᠦᠪᠯᠡᠨ ᠲᠤᠭᠲᠠᠭᠠᠵᠦ᠂ ᠵᠠᠰᠠᠭ ᠤᠨ ᠤᠷᠳᠤᠨ ᠤ ᠪᠡᠯᠨ ᠤᠷᠤᠭᠤᠯᠤᠯᠲᠠ ᠶᠢ ᠲᠤᠬᠢᠷᠠᠭᠤᠯᠬᠤ ᠴᠢᠬᠤᠯᠠᠲᠡᠢ ᠪᠤᠯᠤᠨ | ᠴᠢᠬᠤᠯᠨ ᠶᠡᠭᠡ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠬᠤᠯᠪᠤᠭᠳᠠᠬᠤ ᠲᠤᠰᠬᠠᠢ ᠲᠦᠷᠦᠯ ᠤᠨ | ᠲᠦᠯᠦᠪᠵᠢᠭᠦᠯᠭᠡ ᠶᠢ ᠵᠤᠯᠭᠠᠯᠳᠤᠭᠤᠯᠤᠨ ᠲᠡᠩᠴᠡᠭᠦᠷᠢᠰᠢᠭᠦᠯᠦᠨ᠎ᠡ︔ ᠤᠯᠤᠰ᠂ ᠦᠪᠡᠷᠲᠡᠭᠡᠨ ᠵᠠᠰᠠᠬᠤ ᠤᠷᠤᠨ᠂ | ᠤᠯᠠᠭᠠᠨᠬᠠᠲᠠ ᠬᠤᠲᠠ ᠶᠢᠨ ᠬᠢᠨᠡᠨ ᠵᠦᠪᠰᠢᠶᠡᠷᠡᠭᠰᠡᠨ ︵ᠬᠠᠷᠭᠤᠭᠤᠯᠤᠨ ᠵᠦᠪᠰᠢᠶᠡᠷᠡᠭᠰᠡᠨ︶ ᠴᠢᠬᠤᠯᠨ ᠶᠡᠭᠡ | ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠡᠨ ᠬᠠᠷᠭᠤᠭᠤᠯᠬᠤ ᠶᠢᠨ ᠬᠠᠮᠳᠦ ᠳᠡᠭᠡᠭᠰᠢ ᠮᠡᠳᠡᠭᠦᠯᠬᠦ ᠶᠢ | ᠬᠠᠷᠢᠭᠤᠴᠠᠨ᠎ᠠ︔ ᠲᠤᠭᠲᠠᠭᠰᠡᠨ ᠡᠷᠬᠡ ᠬᠢᠵᠠᠭᠠᠷᠯᠠᠯ ᠶᠤᠰᠤᠭᠠᠷ ᠴᠢᠬᠤᠯᠨ ᠶᠡᠭᠡ ᠪᠦᠳᠦᠭᠡᠨ ᠪᠠᠶᠢᠭᠤᠯᠤᠯᠲᠠ ᠶᠢᠨ | ᠲᠦᠷᠦᠯ ᠵᠦᠢᠯ᠂ ᠴᠢᠬᠤᠯᠨ ᠶᠡᠭᠡ ᠭᠠᠳᠠᠭᠠᠳᠦ ᠳᠤ ᠬᠤᠯᠪᠤᠭᠳᠠᠬᠤ ᠲᠦᠷᠦᠯ ᠵᠦᠢᠯ ᠪᠠ ᠶᠡᠭᠡ ᠬᠡᠮᠵᠢᠶᠡᠨ ᠤ | ᠭᠤᠪᠢᠭᠤᠯᠭ᠎ᠠ ᠳᠤ ᠬᠡᠷᠡᠭᠯᠡᠬᠦ ᠪᠡᠯᠨ ᠤᠷᠤᠭᠤᠯᠤᠯᠲᠠ ᠶᠢᠨ ᠲᠦᠷᠦᠯ ᠵᠦᠢᠯ ᠢ ᠬᠢᠨᠡᠨ ᠵᠦᠪᠰᠢᠶᠡᠷᠡᠵᠦ᠂ ᠬᠠᠷᠭᠤᠭᠤᠯᠤᠨ | ᠵᠦᠪᠰᠢᠶᠡᠷᠡᠵᠦ᠂ ᠬᠢᠨᠡᠨ ᠬᠠᠷᠭᠤᠭᠤᠯᠵᠦ᠂ ᠳᠠᠩᠰᠠᠨ᠎ᠠ ᠲᠡᠮᠳᠡᠭᠯᠡᠨ᠎ᠡ︔ ᠪᠦᠬᠦ ᠲᠤᠭᠤᠷᠢᠭ ᠤᠨ ᠤᠯᠤᠰ ᠤᠨ ᠭᠠᠳᠠᠨᠠᠬᠢ | ᠵᠢᠭᠡᠯᠡᠯᠭᠡ ᠶᠢᠨ ᠪᠦᠳᠦᠭᠡᠨ ᠪᠠᠶᠢᠭᠤᠯᠤᠯᠲᠠ ᠶᠢᠨ ᠪᠡᠯᠨ ᠮᠦᠩᠭᠦ ᠶᠢᠨ ᠬᠡᠷᠡᠭᠯᠡᠯᠲᠡ ᠳᠤ ᠵᠢᠭᠠᠨ ᠵᠢᠯᠦᠭᠤᠳᠤᠯᠭ᠎ᠠ ᠪᠠ | ᠬᠢᠨᠡᠯᠲᠡ ᠲᠠᠯᠪᠢᠵᠦ᠂ ᠠᠷᠠᠳ ᠤᠨ ᠳᠤᠮᠳᠠᠬᠢ ᠪᠡᠯᠨ ᠤᠷᠤᠭᠤᠯᠤᠯᠲᠠ ᠶᠢᠨ ᠴᠢᠭᠯᠡᠯ ᠢ ᠭᠦᠳᠦᠯᠦᠨ ᠵᠢᠯᠦᠭᠤᠳᠴᠤ᠂ | ᠭᠠᠳᠠᠭᠠᠳᠦ ᠪᠡᠯᠨ ᠶᠢ ᠠᠰᠢᠭᠯᠠᠬᠤ ᠪᠠ ᠬᠢᠯᠢ ᠶᠢᠨ ᠭᠠᠳᠠᠨᠠᠬᠢ ᠪᠡᠯᠨ ᠤᠷᠤᠭᠤᠯᠤᠯᠲᠠ ᠶᠢᠨ ᠲᠦᠯᠦᠪᠵᠢᠭᠦᠯᠭᠡ᠂ | ᠶᠡᠷᠦᠩᠭᠡᠢ ᠬᠡᠮᠵᠢᠶᠡᠨ ᠤ ᠲᠡᠩᠴᠡᠭᠦᠷᠢᠰᠢᠯ ᠪᠠ ᠪᠦᠳᠦᠴᠡ ᠶᠢᠨ ᠰᠢᠯᠢᠳᠡᠭᠵᠢᠭᠦᠯᠦᠯᠲᠡ ᠶᠢᠨ ᠬᠠᠷᠠᠯᠲᠠ ᠵᠢᠴᠢ | ᠲᠦᠷᠦ ᠶᠢᠨ ᠪᠤᠳᠤᠯᠭ᠎ᠠ ᠰᠠᠨᠠᠭᠤᠯᠭ᠎ᠠ ᠰᠤᠳᠤᠯᠤᠨ ᠳᠤᠷᠠᠳᠤᠨ᠎ᠠ︔ ᠢᠨᠵᠧᠨᠧᠷᠢᠩ ᠤᠨ ᠯᠠᠪᠯᠠᠯᠭ᠎ᠠ ᠶᠢᠨ ᠦᠢᠯᠡᠰ ᠤᠨ | ᠭᠦᠭᠵᠢᠯᠲᠡ ᠶᠢ ᠵᠢᠭᠠᠨ ᠵᠢᠯᠦᠭᠤᠳᠤᠨ᠎ᠠ᠃ | ᠳᠤᠯᠤᠭ᠎ᠠ᠂ ᠪᠦᠬᠦ ᠲᠤᠭᠤᠷᠢᠭ ᠤᠨ ᠠᠵᠦ ᠠᠬᠤᠢ ᠶᠢᠨ ᠪᠦᠳᠦᠴᠡ ᠶᠢᠨ ᠲᠤᠬᠢᠷᠠᠭᠤᠯᠤᠯᠲᠠ ᠶᠢ ᠠᠬᠢᠭᠤᠯᠵᠦ᠂ | ᠶᠡᠷᠦᠩᠭᠡᠶᠢᠯᠡᠭᠰᠡᠨ ᠴᠢᠨᠡᠷᠲᠡᠢ ᠠᠵᠦ ᠦᠢᠯᠡᠰ ᠤᠨ ᠲᠦᠷᠦ ᠶᠢᠨ ᠪᠤᠳᠤᠯᠭ᠎ᠠ ᠨᠡᠶᠢᠷᠡᠭᠤᠯᠤᠨ ᠲᠤᠭᠲᠠᠭᠠᠬᠤ ᠶᠢ ᠵᠤᠬᠢᠶᠠᠨ | ᠪᠠᠶᠢᠭᠤᠯᠤᠨ᠎ᠠ︔ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠦ ᠦᠢᠯᠡᠰ ᠤᠨ ᠭᠦᠭᠵᠢᠯᠲᠡ ᠶᠢᠨ ᠴᠢᠬᠤᠯᠨ | ᠶᠡᠭᠡ ᠠᠰᠠᠭᠤᠳᠠᠯ ᠢ ᠵᠤᠬᠢᠴᠠᠭᠤᠯᠬᠤ ᠶᠢᠨ ᠬᠠᠮᠳᠦ ᠬᠠᠮᠢᠶ᠎ᠠ ᠪᠦᠭᠦᠢ ᠭᠦᠭᠵᠢᠯᠲᠠ ᠶᠢᠨ ᠲᠦᠯᠦᠪᠵᠢᠭᠦᠯᠭᠡ ᠪᠠ | ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠵᠤᠯᠭᠠᠯᠳᠤᠭᠤᠯᠤᠨ ᠲᠡᠩᠴᠡᠭᠦᠷᠢᠰᠢᠭᠦᠯᠬᠦ ᠶᠢ ᠬᠠᠷᠢᠭᠤᠴᠠᠨ᠎ᠠ᠃ | ᠨᠠᠶᠢᠮᠠ᠂ ᠭᠤᠤᠯ ᠴᠤᠭᠴᠠᠳᠦ ᠴᠢᠳᠠᠪᠬᠢ ᠶᠢᠨ ᠤᠷᠤᠨ ᠤ ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ | ᠨᠡᠶᠢᠷᠡᠭᠤᠯᠤᠨ ᠲᠤᠭᠲᠠᠭᠠᠬᠤ ᠶᠢᠨ ᠬᠠᠮᠳᠦ ᠵᠤᠬᠢᠴᠠᠭᠤᠯᠤᠨ ᠬᠡᠷᠡᠭᠵᠢᠭᠦᠯᠬᠦ ᠶᠢ ᠡᠭᠦᠷᠭᠡᠯᠡᠨ᠎ᠡ᠃ | ᠶᠢᠰᠦ᠂ ᠴᠢᠬᠤᠯᠨ ᠲᠠᠸᠠᠷ ᠤᠨ ᠶᠡᠷᠦᠩᠭᠡᠢ ᠬᠡᠮᠵᠢᠶᠡᠨ ᠤ ᠲᠡᠩᠴᠡᠭᠦᠷᠢᠰᠢᠯ ᠪᠠ ᠲᠤᠬᠢᠷᠠᠭᠤᠯᠤᠨ ᠡᠵᠡᠮᠳᠡᠬᠦ | ᠬᠠᠷᠢᠭᠤᠴᠠᠯᠭ᠎ᠠ ᠶᠢ ᠡᠭᠦᠷᠭᠡᠯᠡᠵᠦ᠂ ᠴᠢᠬᠤᠯᠨ ᠲᠡᠷᠢᠶᠡᠯᠡᠩ ᠤᠨ ᠪᠦᠳᠦᠭᠡᠭᠳᠡᠭᠦᠨ᠂ ᠠᠵᠦ ᠦᠢᠯᠡᠳᠪᠦᠷᠢ ᠶᠢᠨ | ᠪᠦᠳᠦᠭᠡᠭᠳᠡᠭᠦᠨ ᠪᠠ ᠲᠦᠭᠦᠭᠡᠢ ᠮᠠᠲ᠋ᠧᠷᠢᠶᠡᠯ ᠢ ᠤᠷᠤᠭᠤᠯᠵᠦ ᠭᠠᠷᠭᠠᠬᠤ ᠶᠡᠷᠦᠩᠭᠡᠢ ᠬᠡᠮᠵᠢᠶᠡᠨ ᠤ ᠲᠦᠯᠦᠪᠯᠡᠭᠡ ᠶᠢ | ᠨᠡᠶᠢᠷᠡᠭᠤᠯᠤᠨ ᠲᠤᠭᠲᠠᠭᠠᠬᠤ ᠶᠢᠨ ᠬᠠᠮᠳᠦ ᠬᠢᠨᠡᠯᠲᠡ ᠲᠠᠯᠪᠢᠨ ᠬᠡᠷᠡᠭᠵᠢᠭᠦᠯᠵᠦ᠂ ᠠᠵᠦ ᠠᠬᠤᠢ ᠶᠢᠨ ᠡᠷᠬᠢᠯᠲᠡ ᠶᠢᠨ | ᠪᠠᠶᠢᠳᠠᠯ ᠢ ᠦᠨᠳᠦᠰᠦᠯᠡᠨ ᠤᠷᠤᠭᠤᠯᠵᠦ ᠭᠠᠷᠭᠠᠬᠤ ᠶᠡᠷᠦᠩᠭᠡᠢ ᠬᠡᠮᠵᠢᠶᠡᠨ ᠤ ᠲᠦᠯᠦᠪᠯᠡᠭᠡ ᠳᠤ ᠲᠤᠬᠢᠷᠠᠭᠤᠯᠤᠯᠲᠠ | ᠬᠢᠵᠦ᠂ ᠪᠠᠶᠢᠯᠳᠤᠬᠤ ᠪᠤᠳᠤᠯᠭ᠎ᠠ ᠶᠢᠨ ᠡᠳ᠋ ᠪᠠᠷᠠᠭᠠᠨ ᠤ ᠬᠠᠳᠠᠭᠠᠯᠠᠮᠵᠢ ᠶᠢᠨ ᠲᠦᠯᠦᠪᠵᠢᠭᠦᠯᠭᠡ ᠶᠢ ᠲᠦᠯᠦᠪᠯᠡᠨ | ᠲᠤᠭᠲᠠᠭᠠᠵᠦ᠂ ᠪᠠᠶᠢᠯᠳᠤᠬᠤ ᠪᠤᠳᠤᠯᠭ᠎ᠠ ᠶᠢᠨ ᠡᠳ᠋ ᠪᠠᠷᠠᠭ᠎ᠠ ᠶᠢ ᠬᠤᠷᠢᠶᠠᠨ ᠬᠠᠳᠠᠭᠠᠯᠠᠬᠤ᠂ ᠭᠦᠳᠡᠯᠭᠡᠨ ᠬᠡᠷᠡᠭᠯᠡᠬᠦ᠂ | ᠰᠤᠯᠢᠬᠤ ᠪᠠ ᠬᠠᠮᠢᠶᠠᠷᠬᠤ ᠶᠢ ᠵᠤᠬᠢᠶᠠᠨ ᠪᠠᠶᠢᠭᠤᠯᠤᠨ ᠬᠠᠷᠢᠭᠤᠴᠠᠨ᠎ᠠ᠃ | ᠠᠷᠪᠠ᠂ ᠪᠦᠬᠦ ᠲᠤᠭᠤᠷᠢᠭ ᠤᠨ ᠨᠡᠶᠢᠭᠡᠮ ᠤᠨ ᠭᠦᠭᠵᠢᠯᠲᠡ ᠪᠠ ᠤᠯᠤᠰ ᠠᠷᠠᠳ ᠤᠨ ᠠᠵᠦ ᠠᠬᠤᠢ ᠶᠢᠨ | ᠭᠦᠭᠵᠢᠯᠲᠡ ᠶᠢᠨ ᠲᠦᠷᠦ ᠶᠢᠨ ᠪᠤᠳᠤᠯᠭ᠎ᠠ ᠶᠢᠨ ᠵᠤᠯᠭᠠᠯᠳᠤᠯ ᠢ ᠬᠠᠷᠢᠭᠤᠴᠠᠵᠦ᠂ ᠨᠡᠶᠢᠭᠡᠮ ᠤᠨ ᠭᠦᠭᠵᠢᠯᠲᠠ ᠶᠢᠨ | ᠪᠠᠶᠢᠯᠳᠤᠬᠤ ᠪᠤᠳᠤᠯᠭ᠎ᠠ᠂ ᠲᠦᠯᠦᠪᠵᠢᠭᠦᠯᠭᠡ ᠪᠠ ᠤᠨ ᠤ ᠲᠦᠯᠦᠪᠯᠡᠭᠡ ᠶᠢ ᠲᠦᠯᠦᠪᠯᠡᠨ ᠲᠤᠭᠲᠠᠭᠠᠬᠤ ᠶᠢ ᠵᠤᠬᠢᠶᠠᠨ | ᠪᠠᠶᠢᠭᠤᠯᠤᠨ᠎ᠠ︔ ᠪᠦᠬᠦ ᠲᠤᠭᠤᠷᠢᠭ ᠤᠨ ᠨᠡᠶᠢᠢᠭᠡᠮ ᠤᠨ ᠭᠦᠭᠵᠢᠯᠲᠠ ᠶᠢᠨ ᠲᠦᠷᠦ ᠶᠢᠨ ᠪᠤᠳᠤᠯᠭ᠎ᠠ ᠠᠷᠭ᠎ᠠ | ᠬᠡᠮᠵᠢᠶ᠎ᠡ ᠶᠢ ᠲᠦᠯᠦᠪᠯᠡᠨ ᠲᠤᠭᠲᠠᠭᠠᠬᠤ ᠳᠤ ᠤᠷᠤᠯᠴᠠᠵᠦ᠂ ᠪᠦᠬᠦ ᠲᠤᠭᠤᠷᠢᠭ ᠤᠨ ᠠᠵᠢᠯ ᠤᠯᠭᠤᠯᠲᠠ ᠶᠢ | ᠠᠬᠢᠭᠤᠯᠬᠤ᠂ ᠤᠷᠤᠯᠭ᠎ᠠ ᠶᠢᠨ ᠬᠤᠪᠢᠶᠠᠷᠢᠯᠡᠯᠲᠡ ᠶᠢ ᠲᠤᠬᠢᠷᠠᠭᠤᠯᠬᠤ᠂ ᠨᠠᠶᠢᠭᠡᠮ ᠤᠨ ᠪᠠᠳᠤᠯᠠᠭ᠎ᠠ ᠶᠢ | ᠲᠡᠭᠦᠯᠳᠡᠷᠵᠢᠭᠦᠯᠬᠦ ᠪᠠ ᠠᠵᠦ ᠠᠬᠤᠢ ᠶᠢᠨ ᠵᠤᠬᠢᠴᠠᠩᠭᠤᠢ ᠭᠦᠭᠵᠢᠯᠲᠠ ᠶᠢᠨ ᠲᠦᠷᠦ ᠶᠢᠨ ᠪᠤᠳᠤᠯᠭ᠎ᠠ ᠰᠠᠨᠠᠭᠤᠯᠭ᠎ᠠ ᠶᠢ | ᠰᠤᠳᠤᠯᠤᠨ ᠳᠤᠷᠠᠳᠴᠤ᠂ ᠨᠡᠶᠢᠭᠡᠮ ᠤᠨ ᠦᠢᠯᠡᠰ ᠤᠨ ᠭᠦᠭᠵᠢᠯᠲᠡ ᠪᠠ ᠦᠭᠡᠷᠡᠴᠢᠯᠡᠯᠲᠡ ᠶᠢᠨ ᠳᠤᠮᠳᠠᠬᠢ ᠴᠢᠬᠤᠯᠨ | ᠶᠡᠭᠡ ᠠᠰᠠᠭᠤᠳᠠᠯ ᠢ ᠵᠤᠬᠢᠴᠠᠭᠤᠯᠤᠨ᠎ᠠ᠃ | ᠠᠷᠪᠠᠨ ᠨᠢᠭᠡ᠂ ᠡᠨᠧᠷᠬᠢ ᠨᠡᠭᠡᠭᠡᠨ ᠠᠰᠢᠭᠯᠠᠬᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠬᠠᠷᠢᠭᠤᠴᠠᠵᠦ᠂ | ᠡᠨᠧᠷᠬᠢ ᠶᠢᠨ ᠭᠦᠭᠵᠢᠭᠦᠯᠦᠯᠲᠡ ᠶᠢᠨ ᠲᠦᠯᠦᠪᠵᠢᠭᠦᠯᠭᠡ ᠲᠦᠯᠦᠪᠯᠡᠭᠡ ᠶᠢ ᠲᠦᠯᠦᠪᠯᠡᠨ ᠲᠤᠭᠲᠠᠭᠠᠵᠦ᠂ ᠡᠨᠧᠷᠬᠢ ᠶᠢᠨ | ᠨᠡᠭᠡᠭᠡᠨ ᠭᠦᠭᠵᠢᠭᠦᠯᠦᠯᠲᠡ ᠶᠢᠨ ᠪᠠᠶᠢᠯᠳᠤᠬᠤ ᠪᠤᠳᠤᠯᠭ᠎ᠠ ᠪᠠ ᠴᠢᠬᠤᠯᠨ ᠶᠡᠭᠡ ᠲᠦᠷᠦ ᠶᠢᠨ ᠪᠤᠳᠤᠯᠭ᠎ᠠ ᠳᠤᠷᠠᠳᠤᠨ᠎ᠠ︔ | ᠴᠢᠯᠠᠭᠤᠨ ᠲᠤᠰᠤ᠂ ᠪᠠᠶᠢᠭᠠᠯᠢ ᠶᠢᠨ ᠰᠢᠲᠠᠮᠠᠬᠠᠢ ᠬᠡᠢ᠂ ᠨᠡᠭᠦᠷᠡᠰᠦ᠂ ᠴᠠᠬᠢᠯᠭᠠᠨ ᠭᠦᠴᠦᠨ᠂ ᠰᠢᠨ᠎ᠡ ᠡᠨᠧᠷᠬᠢ ᠪᠠ | ᠨᠡᠭᠦᠷᠡᠰᠦ ᠪᠠᠷ ᠦᠢᠯᠡᠳᠦᠭᠰᠡᠨ ᠰᠢᠲᠠᠮᠠᠬᠠᠢ ᠮᠡᠲ᠋ᠧᠷᠢᠶᠡᠯ ᠵᠡᠷᠭᠡ ᠡᠨᠧᠷᠬᠢ ᠶᠢᠨ ᠨᠡᠭᠡᠭᠡᠨ ᠭᠦᠭᠵᠢᠭᠦᠯᠦᠯᠲᠡ ᠶᠢᠨ | ᠬᠠᠮᠢᠶᠠᠷᠤᠯᠲᠠ ᠶᠢ ᠬᠡᠷᠡᠭᠵᠢᠭᠦᠯᠵᠦ᠂ ᠬᠠᠮᠢᠶ᠎ᠠ ᠪᠦᠭᠦᠢ ᠪᠠᠷᠢᠮᠵᠢᠶ᠎ᠡ ᠲᠤᠭᠲᠠᠭᠠᠨ᠂ ᠡᠨᠧᠷᠬᠢ ᠶᠢᠨ ᠨᠡᠭᠡᠭᠡᠨ | ᠭᠦᠭᠵᠢᠭᠦᠯᠦᠯᠲᠡ ᠳᠤᠮᠳᠠᠬᠢ ᠴᠢᠬᠤᠯᠨ ᠶᠡᠭᠡ ᠠᠰᠠᠭᠤᠳᠠᠯ ᠢ ᠵᠤᠬᠢᠴᠠᠭᠤᠯᠤᠨ᠎ᠠ︔ ᠡᠨᠧᠷᠬᠢ ᠶᠢᠨ ᠡᠬᠢ ᠪᠠᠶᠠᠯᠢᠭ ᠢ | ᠲᠤᠬᠢᠷᠠᠭᠤᠯᠬᠤ ᠰᠠᠨᠠᠯ ᠵᠢᠴᠢ ᠡᠨᠧᠷᠬᠢ ᠠᠷᠪᠢᠯᠠᠬᠤ᠂ ᠶᠡᠷᠦᠩᠭᠡᠶᠢᠯᠡᠨ ᠠᠰᠢᠭᠯᠠᠬᠤ᠂ ᠰᠢᠨ᠎ᠡ ᠡᠨᠧᠷᠬᠢ ᠶᠢ ᠭᠦᠭᠵᠢᠭᠦᠯᠬᠦ | ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠬᠠᠮᠢᠶ᠎ᠠ ᠪᠦᠭᠦᠢ ᠴᠢᠬᠤᠯᠨ ᠶᠡᠭᠡ ᠪᠦᠳᠦᠭᠡᠨ | ᠪᠠᠶᠢᠭᠤᠯᠤᠯᠲᠠ ᠶᠢᠨ ᠲᠦᠷᠦᠯ ᠵᠦᠢᠯ ᠢ ᠬᠢᠨᠨᠡ ᠬᠠᠷᠭᠤᠭᠤᠯᠵᠦ᠂ ᠪᠦᠬᠦ ᠲᠤᠭᠤᠷᠢᠭ ᠤᠨ ᠡᠨᠧᠷᠬᠢ ᠶᠢᠨ | ᠪᠠᠶᠢᠭᠤᠯᠤᠮᠵᠢ ᠶᠢᠨ ᠦᠭᠡᠷᠡᠴᠢᠯᠡᠯᠲᠡ ᠶᠢ ᠠᠬᠢᠭᠤᠯᠤᠨ᠎ᠠ᠃ | ᠠᠷᠪᠠᠨ ᠬᠤᠶᠠᠷ᠂ ᠰᠦᠩ ᠱᠠᠨ ᠲᠤᠭᠤᠷᠢᠭ ᠤᠨ ᠪᠦᠬᠦ ᠨᠡᠶᠢᠭᠡᠮ ᠤᠨ ᠡᠨᠧᠷᠬᠢ ᠠᠷᠪᠢᠯᠠᠵᠦ ᠪᠤᠬᠢᠷᠳᠦᠯ ᠢ | ᠭᠠᠳᠠᠭᠰᠢᠯᠠᠭᠤᠯᠬᠤ ᠢ ᠵᠤᠬᠢᠴᠠᠭᠤᠯᠬᠤ ᠠᠵᠢᠯ ᠪᠠ ᠲᠤᠭᠲᠠᠮᠠᠯ ᠭᠦᠷᠦᠩᠭᠡ ᠶᠢᠨ ᠪᠡᠯᠨ ᠤᠷᠤᠭᠤᠯᠤᠯᠲᠠ ᠶᠢᠨ ᠲᠦᠷᠦᠯ | ᠵᠦᠢᠯ ᠤᠨ ᠡᠨᠧᠷᠬᠢ ᠠᠷᠪᠢᠯᠠᠬᠤ ᠶᠢ ᠬᠢᠨᠡᠨ ᠪᠠᠶᠢᠴᠠᠭᠠᠬᠤ ᠠᠵᠢᠯ ᠢ ᠬᠠᠷᠢᠭᠤᠴᠠᠵᠦ᠂ ᠪᠦᠬᠦ ᠲᠤᠭᠤᠷᠢᠭ ᠤᠨ | ᠤᠷᠴᠢᠯᠲᠦ ᠠᠵᠦ ᠠᠬᠤᠢ ᠶᠢ ᠭᠦᠭᠵᠢᠭᠦᠯᠬᠦ᠂ ᠪᠦᠬᠦ ᠨᠡᠶᠢᠭᠡᠮ ᠤᠨ ᠡᠨᠧᠷᠬᠢ ᠶᠢᠨ ᠡᠬᠢ ᠪᠠᠶᠠᠯᠢᠭ ᠢ ᠠᠷᠪᠢᠯᠠᠬᠤ ᠪᠠ | ᠶᠡᠷᠦᠩᠭᠡᠶᠢᠯᠡᠨ ᠠᠰᠢᠭᠯᠠᠬᠤ ᠲᠦᠯᠦᠪᠵᠢᠭᠦᠯᠭᠡ ᠵᠢᠴᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠵᠤᠬᠢᠶᠠᠨ | ᠪᠠᠶᠢᠭᠤᠯᠤᠨ ᠲᠦᠯᠦᠪᠯᠡᠨ ᠲᠤᠭᠲᠠᠭᠠᠬᠤ ᠶᠢᠨ ᠬᠠᠮᠳᠦ ᠵᠤᠬᠢᠴᠠᠭᠤᠯᠤᠨ ᠬᠡᠷᠡᠭᠵᠢᠭᠦᠯᠦᠨ᠎ᠡ︔ ᠪᠦᠬᠦ ᠲᠤᠭᠤᠷᠢᠭ ᠤᠨ | ᠠᠮᠢ ᠠᠬᠤᠢ ᠶᠢᠨ ᠪᠦᠳᠦᠭᠡᠨ ᠪᠠᠶᠢᠭᠤᠯᠤᠯᠲᠠ᠂ ᠤᠷᠴᠢᠨ ᠲᠤᠭᠤᠷᠢᠨ ᠢ ᠬᠠᠮᠠᠭᠠᠯᠠᠬᠤ ᠲᠦᠯᠦᠪᠵᠢᠭᠦᠯᠭᠡ | ᠨᠡᠶᠢᠷᠠᠭᠤᠯᠤᠨ ᠲᠤᠭᠲᠠᠭᠠᠬᠤ ᠳᠤ ᠤᠷᠤᠯᠴᠠᠵᠦ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ᠂ ᠡᠨᠧᠷᠬᠢ ᠶᠢᠨ ᠡᠬᠢ | ᠪᠠᠶᠠᠯᠢᠭ ᠢ ᠠᠷᠪᠢᠯᠠᠬᠤ ᠪᠠ ᠶᠡᠷᠦᠩᠭᠡᠶᠢᠯᠡᠨ ᠠᠰᠢᠭᠯᠠᠬᠤ ᠴᠢᠬᠤᠯᠨ ᠶᠡᠭᠡ ᠠᠰᠠᠭᠤᠳᠠᠯ ᠢ ᠵᠤᠬᠢᠴᠠᠭᠤᠯᠵᠦ᠂ ᠪᠦᠬᠦ | ᠲᠤᠭᠤᠷᠢᠭ ᠤᠨ ᠤᠷᠴᠢᠨ ᠲᠤᠭᠤᠷᠢᠨ ᠢ ᠬᠠᠮᠠᠭᠠᠯᠠᠬᠤ ᠠᠵᠦ ᠦᠢᠯᠡᠰ ᠪᠠ ᠴᠡᠪᠡᠷ ᠦᠢᠯᠡᠳᠪᠦᠷᠢᠯᠡᠯ ᠤᠨ ᠠᠬᠢᠯᠲᠠ ᠶᠢᠨ | ᠬᠠᠮᠢᠶ᠎ᠠ ᠪᠦᠭᠦᠢ ᠠᠵᠢᠯ ᠢ ᠶᠡᠷᠦᠩᠭᠡᠶᠢᠯᠡᠨ ᠵᠤᠬᠢᠴᠠᠭᠤᠯᠤᠨ᠎ᠠ᠃ | ᠠᠷᠪᠠᠨ ᠭᠤᠷᠪᠠ᠂ ᠪᠦᠬᠦ ᠲᠤᠭᠤᠷᠢᠭ ᠤᠨ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠭᠦᠭᠵᠢᠯᠲᠠ᠂ | ᠠᠵᠦ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠪᠠ ᠭᠠᠳᠠᠭᠠᠳᠦ ᠨᠡᠭᠡᠭᠡᠯᠲᠡ ᠶᠢᠨ ᠬᠠᠮᠢᠶ᠎ᠠ ᠪᠦᠭᠦᠢ ᠳᠦᠷᠢᠮ | ᠲᠤᠭᠲᠠᠭᠠᠯ ᠵᠢᠴᠢ ᠪᠤᠰᠤᠳ ᠳᠦᠷᠢᠮᠵᠢᠯ ᠤᠨ ᠴᠢᠨᠡᠷᠲᠡᠢ ᠪᠢᠴᠢᠭ ᠮᠠᠲ᠋ᠧᠷᠢᠶᠡᠯ ᠤᠨ ᠡᠬᠡ ᠪᠢᠴᠢᠭ ᠢ ᠵᠤᠬᠢᠶᠠᠨ᠎ᠠ︔ | ᠲᠤᠭᠲᠠᠭᠠᠯ ᠶᠤᠰᠤᠭᠠᠷ ᠪᠦᠬᠦ ᠲᠤᠭᠤᠷᠢᠭ ᠤᠨ ᠳᠠᠭᠠᠭᠠᠴᠢᠯᠠᠯᠲᠡ ᠵᠠᠷᠯᠠᠵᠦ ᠳᠠᠭᠠᠭᠠᠴᠢᠯᠠᠯᠲᠠ ᠡᠯᠰᠡᠬᠦ ᠠᠵᠢᠯ ᠢ ᠵᠢᠭᠠᠨ | ᠵᠢᠯᠦᠭᠤᠳᠬᠤ ᠪᠠ ᠵᠤᠬᠢᠴᠠᠭᠤᠯᠤᠨ᠎ᠠ︔ ᠤᠯᠤᠰ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠲᠠ ᠬᠤᠲᠠ ᠶᠢᠨ | ᠤᠯᠤᠰ ᠠᠷᠠᠳ ᠤᠨ ᠠᠵᠦ ᠠᠬᠤᠢ ᠶᠢᠨ ᠳᠠᠶᠢᠴᠢᠯᠠᠯᠲᠠ ᠶᠢᠨ ᠲᠦᠷᠦ ᠶᠢᠨ ᠪᠤᠳᠤᠯᠭ᠎ᠠ᠂ ᠲᠦᠯᠦᠪᠵᠢᠭᠦᠯᠭᠡ | ᠲᠦᠯᠦᠪᠯᠡᠭᠡ ᠶᠢ ᠲᠤᠤᠱᠯᠠᠭᠤᠯᠤᠨ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠵᠤᠬᠢᠶᠠᠨ ᠪᠠᠶᠢᠭᠤᠯᠤᠨ ᠲᠦᠯᠦᠪᠯᠡᠨ | ᠲᠤᠭᠲᠠᠭᠠᠵᠦ᠂ ᠪᠦᠬᠦ ᠲᠤᠭᠤᠷᠢᠭ ᠤᠨ ᠤᠯᠤᠰ ᠠᠷᠠᠳ ᠤᠨ ᠠᠵᠦ ᠠᠬᠤᠢ ᠶᠢᠨ ᠳᠠᠶᠢᠴᠢᠯᠡᠯᠲᠡ ᠶᠢᠨ ᠬᠠᠮᠢᠶ᠎ᠠ ᠪᠦᠭᠦᠢ | ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠠᠷᠪᠠᠨ ᠲᠥᠷᠪᠡ᠂ ᠴᠢᠬᠤᠯᠨ ᠶᠡᠭᠡ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠪᠠᠶᠢᠴᠠᠭᠠᠬᠤ | ᠬᠠᠷᠢᠭᠤᠴᠠᠯᠭ᠎ᠠ ᠶᠢ ᠡᠭᠦᠷᠭᠡᠯᠡᠵᠦ᠂ ᠬᠠᠮᠢᠶ᠎ᠠ ᠪᠦᠭᠦᠢ ᠠᠵᠢᠯ ᠲᠦᠷᠦᠯ ᠪᠤᠯᠤᠨ ᠭᠠᠵᠠᠷ ᠤᠷᠤᠨ ᠤ ᠤᠯᠤᠰ᠂ | ᠦᠪᠡᠷᠲᠡᠭᠡᠨ ᠵᠠᠰᠠᠬᠤ ᠤᠷᠤᠨ᠂ ᠤᠯᠠᠭᠠᠨᠬᠠᠲᠠ ᠬᠤᠲᠠ ᠶᠢᠨ ᠪᠡᠯᠨ ᠤᠷᠤᠭᠤᠯᠤᠯᠲᠠ ᠶᠢᠨ ᠲᠦᠷᠦ ᠶᠢᠨ ᠪᠤᠳᠤᠯᠭ᠎ᠠ | ᠪᠠ ᠲᠤᠭᠲᠠᠭᠠᠯ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠳᠤ ᠮᠦᠷᠳᠡᠨ ᠪᠠᠶᠢᠴᠠᠭᠠᠯᠲᠠ ᠬᠢᠨ᠎ᠡ︔ ᠲᠦᠪ | ᠬᠤᠷᠢᠶ᠎ᠠ᠂ ᠦᠪᠡᠷᠲᠡᠭᠡᠨ ᠵᠠᠰᠠᠬᠤ ᠤᠷᠤᠨ ᠪᠠ ᠤᠯᠠᠭᠠᠨᠬᠠᠲᠠ ᠬᠤᠲᠠ ᠶᠢᠨ ᠡᠳ᠋ ᠤᠨ ᠵᠠᠰᠠᠭ ᠤᠨ ᠴᠢᠨᠡᠷᠲᠡᠢ | ᠪᠦᠳᠦᠭᠡᠨ ᠪᠠᠶᠢᠭᠤᠯᠤᠯᠲᠠ ᠶᠢᠨ ᠪᠡᠯᠨ ᠮᠦᠩᠭᠦ ᠶᠢᠨ ᠪᠡᠯᠨ ᠤᠷᠤᠭᠤᠯᠤᠯᠲᠠ ᠶᠢ ᠲᠤᠬᠢᠷᠠᠭᠤᠯᠤᠨ ᠬᠡᠷᠡᠭᠵᠢᠭᠦᠯᠦᠭᠰᠡᠨ | ᠪᠠᠶᠢᠳᠠᠯ ᠳᠤ ᠬᠢᠨᠡᠯᠲᠡ ᠲᠠᠯᠪᠢᠨ ᠪᠠᠶᠢᠴᠠᠭᠠᠬᠤ ᠶᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃ | ᠠᠷᠪᠠᠨ ᠲᠠᠪᠤ᠂ ᠰᠦᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ᠂ ᠤᠯᠠᠭᠠᠨᠬᠠᠳᠠ ᠬᠤᠲᠠ ᠶᠢᠨ | ᠦᠭᠡᠷᠡᠴᠢᠯᠡᠯᠲᠡ ᠭᠦᠭᠵᠢᠭᠦᠯᠦᠯᠲᠠ ᠶᠢᠨ ᠵᠦᠪᠯᠡᠯ ᠤᠨ ᠲᠤᠰᠢᠶᠠᠨ ᠭᠦᠢᠴᠡᠳᠭᠡᠯᠭᠡᠬᠦ ᠪᠤᠰᠤᠳ ᠶᠠᠪᠤᠳᠠᠯ ᠤᠴᠢᠷ ᠢ | ᠡᠭᠦᠷᠭᠡᠯᠡᠨ᠎ᠡ᠃ | |