ᠭᠤᠤᠯ ᠡᠭᠦᠷᠭᠡ ᠬᠠᠷᠢᠭᠤᠴᠠᠯᠭ᠎ᠠ᠄ | ᠨᠢᠭᠡ᠂ ᠤᠯᠤᠰ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠲᠠ ᠬᠤᠲᠠ᠂ ᠰᠦᠩ ᠱᠠᠨ ᠲᠤᠭᠤᠷᠢᠭ ᠤᠨ | ᠲᠡᠷᠢᠶᠡᠯᠡᠩ ᠮᠠᠯ ᠠᠵᠦ ᠠᠬᠤᠢ ᠶᠢ ᠭᠦᠭᠵᠢᠭᠦᠯᠬᠦ᠂ ᠭᠦᠳᠡᠭᠡ ᠲᠤᠰᠬᠤᠨ ᠮᠠᠯᠵᠢᠬᠤ ᠤᠷᠤᠨ ᠤ ᠠᠵᠦ ᠠᠬᠤᠢ ᠶᠢᠨ | ᠠᠵᠢᠯ ᠪᠠ ᠶᠠᠳᠠᠭᠤ ᠶᠢ ᠳᠡᠳᠭᠦᠵᠦ ᠨᠡᠭᠡᠭᠡᠨ ᠭᠦᠭᠵᠢᠭᠦᠯᠬᠦ ᠠᠵᠢᠯ ᠤᠨ ᠲᠤᠬᠠᠢ ᠴᠢᠭᠯᠡᠯᠲᠡ ᠲᠦᠷᠦ ᠶᠢᠨ ᠪᠤᠳᠤᠯᠭ᠎ᠠ | ᠬᠠᠤᠯᠢ ᠴᠠᠭᠠᠵᠠ ᠬᠠᠤᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠨᠮᠳᠦ ᠬᠢᠨᠡᠯᠲᠡ ᠲᠠᠯᠪᠢᠨ | ᠬᠡᠷᠡᠭᠵᠢᠭᠦᠯᠦᠨ᠎ᠠ᠃ | ᠬᠤᠶᠠᠷ᠂ ᠪᠦᠬᠦ ᠲᠤᠭᠤᠷᠢᠭ ᠤᠨ ᠲᠡᠷᠢᠶᠡᠯᠡᠩ᠂ ᠮᠠᠯ ᠠᠵᠦ ᠠᠬᠤᠢ᠂ ᠲᠡᠷᠢᠶᠡᠯᠡᠩ ᠮᠠᠯ ᠠᠵᠦ ᠠᠬᠤᠢ ᠶᠢᠨ | ᠮᠠᠰᠢᠨᠴᠢᠯᠡᠯᠲᠡ᠂ ᠰᠢᠶᠠᠩ ᠪᠠᠯᠭᠠᠰᠤᠨ ᠤ ᠠᠵᠦ ᠠᠬᠤᠶᠢᠯᠡᠯ᠂ ᠶᠠᠳᠠᠭᠤ ᠶᠢ ᠳᠡᠳᠭᠦᠵᠦ ᠨᠡᠭᠡᠭᠡᠨ ᠭᠦᠭᠵᠢᠭᠦᠯᠬᠦ᠂ ᠴᠠᠭ | ᠠᠭᠤᠷ ᠪᠠ ᠭᠦᠳᠡᠭᠡ ᠲᠤᠰᠬᠤᠨ ᠤ ᠠᠵᠦ ᠠᠬᠤᠢ ᠶᠢᠨ ᠭᠦᠭᠵᠢᠯᠲᠠ ᠶᠢᠨ ᠴᠢᠭᠯᠡᠯᠲᠡ ᠲᠦᠷᠦ ᠶᠢᠨ ᠪᠤᠳᠤᠯᠭ᠎ᠠ᠂ | ᠭᠦᠭᠵᠢᠯᠲᠠ ᠶᠢᠨ ᠲᠦᠯᠦᠪᠵᠢᠭᠦᠯᠭᠡ᠂ ᠤᠨ ᠤ ᠲᠦᠯᠦᠪᠯᠡᠭᠡ ᠶᠢ ᠰᠤᠳᠤᠯᠤᠨ ᠲᠦᠯᠦᠪᠯᠡᠨ ᠲᠤᠭᠲᠠᠭᠠᠬᠤ ᠶᠢᠨ ᠬᠠᠮᠳᠦ | ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ︔ ᠲᠡᠷᠢᠶᠡᠯᠡᠩ ᠮᠠᠯ ᠠᠵᠦ ᠠᠬᠤᠢ ᠳᠤ ᠬᠤᠯᠪᠤᠭᠳᠠᠬᠤ ᠡᠳ᠋ ᠭᠠᠶᠢᠯᠢ᠂ | ᠦᠨ᠎ᠡ᠂ ᠮᠦᠩᠭᠦᠨ ᠭᠦᠢᠯᠭᠡᠭᠡᠨ ᠤ ᠳᠠᠭᠠᠳᠬᠠᠯ᠂ ᠤᠷᠤᠭᠤᠯᠵᠦ ᠭᠠᠷᠭᠠᠬᠤ ᠵᠡᠷᠭᠡ ᠲᠦᠷᠦ ᠶᠢᠨ ᠪᠤᠳᠤᠯᠭ᠎ᠠ ᠠᠷᠭ᠎ᠠ | ᠬᠡᠮᠵᠢᠶ᠎ᠠ ᠶᠢ ᠲᠤᠭᠲᠠᠭᠠᠬᠤ ᠳᠤ ᠤᠷᠤᠯᠴᠠᠨ᠎ᠠ᠃ | ᠭᠤᠷᠪᠠ᠂ ᠭᠦᠳᠡᠭᠡ ᠲᠤᠰᠬᠤᠨ ᠤ ᠡᠵᠡᠩᠨᠡᠯᠲᠡ ᠬᠠᠮᠢᠶᠠᠷᠤᠯᠲᠠ ᠶᠢᠨ ᠪᠠᠶᠢᠭᠤᠯᠤᠮᠵᠢ ᠶᠢ ᠳᠡᠭᠦᠯᠳᠡᠷᠵᠢᠭᠦᠯᠬᠦ | ᠬᠠᠷᠢᠭᠤᠴᠠᠯᠭ᠎ᠠ ᠶᠢ ᠡᠭᠦᠷᠭᠡᠯᠡᠨ᠎ᠡ᠃ ᠮᠡᠨ ᠤ ᠲᠤᠭᠤᠷᠢᠭ ᠤᠨ ᠬᠠᠮᠢᠶ᠎ᠠ ᠪᠦᠭᠦᠢ ᠲᠦᠷᠦ ᠶᠢᠨ ᠪᠤᠳᠤᠯᠭ᠎ᠠ ᠪᠠ ᠳᠦᠷᠢᠮ | ᠲᠤᠭᠲᠠᠭᠠᠯ ᠢ ᠰᠤᠳᠤᠯᠤᠨ ᠲᠦᠯᠦᠪᠯᠡᠨ ᠲᠤᠭᠲᠠᠭᠠᠨ᠎ᠠ︔ ᠲᠡᠷᠢᠶᠡᠯᠡᠩ ᠮᠠᠯ ᠠᠵᠦ ᠠᠬᠤᠢ ᠶᠢᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠰᠢᠰᠲ᠋ᠧᠮ ᠤᠨ ᠪᠦᠳᠦᠭᠡᠨ ᠪᠠᠶᠢᠭᠤᠯᠤᠯᠲᠠ ᠶᠢ ᠳᠡᠭᠦᠯᠳᠡᠷᠵᠢᠭᠦᠯᠦᠨ᠎ᠡ᠃ ᠲᠡᠷᠢᠶᠡᠯᠡᠩ ᠮᠠᠯ ᠠᠵᠦ | ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ᠂ ᠭᠦᠳᠡᠭᠡ ᠲᠤᠰᠬᠤᠨ ᠤ ᠬᠤᠷᠰᠢᠭᠰᠡᠨ ᠠᠵᠦ | ᠠᠬᠤᠢ ᠶᠢᠨ ᠵᠤᠬᠢᠶᠠᠨ ᠪᠠᠶᠢᠭᠤᠯᠤᠯᠲᠠ᠂ ᠲᠡᠷᠢᠶᠠᠴᠢᠳ ᠤᠨ ᠲᠤᠰᠬᠠᠶᠢᠵᠢᠭᠰᠡᠨ ᠬᠤᠷᠰᠢᠶ᠎ᠠ ᠪᠠ ᠲᠡᠷᠢᠶᠡᠡᠯᠡᠩ ᠮᠠᠯ ᠤᠨ | ᠠᠰᠢᠭ ᠰᠢᠮ᠎ᠡ ᠶᠢᠨ ᠪᠦᠳᠦᠭᠡᠭᠳᠡᠭᠦᠨ ᠤ ᠠᠵᠢᠯ ᠲᠦᠷᠦᠯ ᠤᠨ ᠨᠡᠶᠢᠭᠡᠮᠯᠢᠭ ᠤᠨ ᠪᠦᠳᠦᠭᠡᠨ ᠪᠠᠶᠢᠢᠭᠤᠯᠤᠯᠲᠠ ᠪᠠ | ᠭᠦᠭᠵᠢᠯᠲᠡ ᠶᠢ ᠵᠢᠭᠠᠨ ᠵᠢᠯᠦᠭᠤᠳᠤᠨ ᠳᠡᠳᠭᠦᠨ ᠳᠡᠮᠵᠢᠨ᠎ᠠ᠃ ᠭᠦᠳᠡᠭᠡ ᠲᠤᠰᠬᠤᠨ ᠤ ᠭᠠᠵᠠᠷ ᠰᠢᠷᠦᠢ ︵ᠪᠡᠯᠴᠢᠭᠡᠷ | ᠬᠠᠳᠤᠯᠠᠩ︶ ᠢ ᠳᠠᠭᠠᠭᠠᠴᠢᠯᠠᠬᠤ᠂ ᠲᠡᠷᠢᠶᠡᠨ ᠭᠠᠵᠠᠷ ᠤᠨ ᠬᠡᠷᠡᠭᠯᠡᠯᠲᠡ ᠶᠢᠨ ᠡᠷᠬᠡ ᠶᠢ ᠰᠢᠯᠵᠢᠭᠦᠯᠬᠦ ᠪᠠ | ᠳᠠᠭᠠᠭᠠᠴᠢᠯᠠᠯᠲᠠ ᠶᠢᠨ ᠵᠢᠭᠤᠷᠠᠯᠳᠤᠭᠠᠨ ᠢ ᠭᠦᠨᠳᠡᠯᠡᠨ ᠠᠴᠠ ᠲᠠᠰᠤᠯᠬᠤ ᠬᠠᠮᠢᠶᠠᠷᠤᠯᠲᠠ ᠶᠢ ᠵᠢᠭᠠᠨ ᠵᠢᠯᠦᠭᠤᠳᠤᠨ᠎ᠠ︔ | ᠲᠡᠷᠢᠶᠠᠴᠢᠳ ᠤᠨ ᠳᠠᠷᠤᠭᠠᠰᠤ ᠶᠢ ᠭᠦᠩᠭᠡᠷᠡᠭᠦᠯᠬᠦ ᠪᠠ ᠲᠡᠷᠢᠶᠠᠴᠢᠳ ᠤᠨ ᠪᠡᠯᠨ ᠴᠤᠭᠯᠠᠭᠤᠯᠬᠤ ᠭᠦᠳᠡᠯᠮᠦᠷᠢ ᠭᠦᠴᠦᠨ | ᠴᠤᠭᠯᠠᠭᠤᠯᠬᠤ ᠬᠠᠮᠢᠶᠠᠷᠤᠯᠲᠠ ᠶᠢᠨ ᠠᠵᠢᠯ ᠢ ᠵᠢᠭᠠᠨ ᠵᠢᠯᠦᠭᠤᠳᠤᠨ ᠬᠢᠨᠡᠯᠲᠡ ᠲᠠᠯᠪᠢᠵᠦ᠂ ᠭᠦᠳᠡᠭᠡ ᠲᠤᠰᠬᠤᠨ ᠤ | ᠬᠠᠮᠳᠦ ᠶᠢᠨ ᠡᠳ᠋ ᠭᠦᠷᠦᠩᠭᠡ ᠪᠠ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠵᠢᠭᠠᠨ ᠵᠢᠯᠦᠭᠤᠳᠤᠨ᠎ᠠ᠃ | ᠳᠦᠷᠪᠡ᠂ ᠠᠮᠤ ᠪᠤᠳᠠᠭ᠎ᠠ ᠵᠡᠷᠭᠡ ᠭᠤᠤᠯ ᠲᠡᠷᠢᠶᠡᠯᠡᠩ ᠤᠨ ᠪᠦᠳᠦᠭᠡᠭᠳᠡᠭᠦᠨ ᠤ ᠦᠢᠯᠡᠳᠪᠦᠷᠢᠯᠡᠯ ᠤᠨ | ᠭᠦᠭᠵᠢᠯᠲᠠ ᠶᠢ ᠠᠬᠢᠭᠤᠯᠬᠤ ᠲᠤᠬᠠᠢ ᠬᠠᠮᠢᠶ᠎ᠠ ᠪᠦᠭᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠵᠤᠬᠢᠶᠠᠨ | ᠪᠠᠶᠢᠭᠤᠯᠤᠨ ᠨᠡᠶᠢᠳᠡᠪᠦᠷᠢᠵᠢᠭᠤᠯᠵᠦ᠂ ᠲᠡᠷᠢᠶᠡᠯᠡᠩ ᠤᠨ ᠠᠵᠦ ᠦᠢᠯᠡᠰ ᠤᠨ ᠪᠦᠳᠦᠴᠡ ᠶᠢᠨ ᠲᠤᠬᠢᠷᠠᠭᠤᠯᠤᠯᠲᠠ ᠪᠠ | ᠪᠦᠳᠦᠭᠡᠭᠳᠡᠭᠦᠨ ᠤ ᠶᠠᠰᠦ ᠴᠢᠨᠡᠷ ᠢ ᠰᠠᠶᠢᠵᠢᠷᠠᠭᠤᠯᠬᠤ ᠶᠢ ᠭᠦᠳᠦᠯᠦᠨ ᠵᠢᠯᠦᠭᠤᠳᠤᠨ᠎ᠠ︔ ᠲᠤᠭᠲᠠᠭᠰᠡᠨ ᠡᠷᠬᠡ | ᠬᠢᠵᠠᠭᠠᠷᠯᠠᠯ ᠶᠤᠰᠤᠭᠠᠷ ᠰᠦᠩ ᠱᠠᠨ ᠲᠤᠭᠤᠷᠢᠭ ᠤᠨ ᠲᠦᠯᠦᠪᠵᠢᠭᠦᠯᠭᠡ ᠳᠤᠳᠤᠷᠡᠬᠢ ᠪᠠ ᠤᠨ ᠤ ᠲᠦᠯᠦᠪᠯᠡᠭᠡ ᠶᠢᠨ | ᠬᠡᠪᠴᠢᠶᠡᠨ ᠳᠠᠬᠢ ᠲᠤᠭᠲᠠᠮᠠᠯ ᠭᠦᠷᠦᠩᠭᠡ ᠶᠢᠨ ᠪᠡᠯᠨ ᠤᠷᠤᠭᠤᠯᠤᠯᠲᠠ ᠶᠢᠨ ᠲᠦᠷᠦᠯ ᠵᠦᠢᠯ ᠢ ᠬᠢᠨᠡᠨ ᠵᠦᠪᠰᠢᠶᠡᠷᠡᠵᠦ | ᠬᠠᠷᠭᠤᠭᠤᠯᠤᠨ᠂ ᠲᠡᠷᠢᠶᠡᠯᠡᠩ᠂ ᠭᠦᠳᠡᠭᠡ ᠲᠤᠰᠬᠤᠨ ᠤ ᠭᠦᠭᠵᠢᠯᠲᠡ ᠶᠢ ᠳᠡᠳᠭᠦᠨ ᠳᠡᠮᠵᠢᠬᠦ ᠲᠦᠷᠦ ᠶᠢᠨ ᠪᠤᠳᠤᠯᠭ᠎ᠠ | ᠪᠠ ᠲᠦᠷᠦᠯ ᠵᠦᠢᠯ ᠤᠨ ᠰᠠᠨᠠᠭᠤᠯᠭ᠎ᠠ ᠶᠢ ᠳᠤᠷᠠᠳᠤᠨ᠎ᠠ︔ ᠲᠡᠷᠢᠶᠡᠯᠡᠩ ᠢ ᠨᠡᠭᠡᠭᠡᠨ ᠭᠦᠭᠵᠢᠭᠦᠯᠬᠦ ᠲᠦᠯᠦᠪᠯᠡᠭᠡ ᠶᠢ | ᠲᠦᠯᠦᠪᠯᠡᠨ ᠲᠤᠭᠲᠠᠭᠠᠬᠤ ᠶᠢᠨ ᠬᠠᠮᠳᠦ ᠬᠢᠨᠡᠯᠲᠡ ᠲᠠᠯᠪᠢᠨ ᠬᠡᠷᠡᠭᠵᠢᠭᠦᠯᠦᠨ᠎ᠠ︔ ᠬᠠᠮᠢᠶ᠎ᠠ ᠪᠦᠭᠦᠢ ᠰᠠᠯᠠᠭ᠎ᠠ | ᠮᠦᠴᠢᠷ ᠲᠠᠢ ᠬᠠᠮᠵᠢᠯᠴᠠᠨ ᠲᠡᠷᠢᠶᠡᠯᠡᠩ ᠤᠨ ᠶᠡᠷᠦᠩᠭᠡᠶᠢᠯᠡᠭᠰᠡᠨ ᠨᠡᠭᠡᠭᠡᠨ ᠭᠦᠭᠵᠢᠭᠦᠯᠦᠯᠲᠠ ᠶᠢᠨ ᠲᠦᠷᠦᠯ ᠵᠦᠢᠯ ᠢ | ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ᠃ | ᠲᠠᠪᠤ᠂ ᠮᠠᠯ ᠠᠵᠦ ᠠᠬᠤᠢ ᠶᠢᠨ ᠦᠢᠯᠡᠳᠪᠦᠷᠢᠯᠡᠯ ᠤᠨ ᠭᠦᠭᠵᠢᠯᠲᠠ ᠶᠢ ᠠᠬᠢᠭᠤᠯᠬᠤ ᠬᠠᠮᠢᠶ᠎ᠠ ᠪᠦᠭᠦᠢ | ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠵᠤᠬᠢᠶᠠᠨ ᠪᠠᠶᠢᠭᠤᠯᠤᠨ ᠨᠡᠶᠢᠳᠡᠪᠦᠷᠢᠵᠢᠭᠤᠯᠵᠦ᠂ ᠮᠠᠯ ᠠᠵᠦ ᠠᠬᠤᠢ ᠶᠢᠨ | ᠠᠵᠦ ᠦᠢᠯᠡᠰ ᠤᠨ ᠪᠦᠳᠦᠴᠡ ᠶᠢᠨ ᠲᠤᠬᠢᠷᠠᠭᠤᠯᠤᠯᠲᠠ ᠪᠠ ᠭᠤᠤᠯ ᠪᠤᠯᠬᠤ ᠮᠠᠯ ᠤᠨ ᠠᠰᠢᠭ ᠰᠢᠮ᠎ᠡ ᠶᠢᠨ | ᠪᠦᠳᠦᠭᠡᠭᠳᠡᠭᠦᠨ ᠤ ᠶᠠᠰᠦ ᠴᠢᠨᠡᠷ ᠤᠨ ᠳᠡᠰ ᠳᠡᠪᠰᠢᠬᠦ ᠶᠢ ᠵᠢᠭᠠᠨ ᠵᠢᠯᠦᠭᠤᠳᠤᠨ᠎ᠠ︔ ᠬᠠᠮᠢᠶ᠎ᠠ ᠪᠦᠭᠦᠢ ᠰᠠᠯᠠᠭ᠎ᠠ | ᠮᠦᠴᠢᠷ ᠲᠠᠢ ᠬᠠᠮᠵᠢᠯᠴᠠᠨ ᠮᠠᠯ ᠠᠵᠦ ᠠᠬᠤᠢ ᠶᠢᠨ ᠰᠢᠯᠢᠳᠡᠭᠴᠢᠯᠡᠭᠰᠡᠨ ᠤᠷᠤᠨ ᠪᠦᠰᠡ ᠶᠢᠨ ᠪᠠᠶᠢᠷᠢᠰᠢᠯ ᠢ ᠵᠢᠭᠠᠨ | ᠵᠢᠯᠦᠭᠤᠳᠴᠤ᠂ ᠪᠠᠷᠢᠮᠵᠢᠶᠠᠵᠢᠭᠰᠡᠨ᠂ ᠬᠡᠪᠴᠢᠶᠡᠵᠢᠭᠰᠡᠨ ᠦᠢᠯᠡᠳᠪᠦᠷᠢᠯᠡᠯ ᠢ ᠵᠢᠭᠠᠨ ᠵᠢᠯᠦᠭᠤᠳᠴᠤ᠂ ᠰᠦᠨ ᠤ | ᠦᠢᠯᠡᠰ ᠤᠨ ᠦᠢᠯᠡᠳᠪᠦᠷᠢᠯᠡᠯ ᠤᠨ ᠬᠢᠨᠡᠯᠲᠡ ᠬᠠᠮᠢᠶᠠᠷᠤᠯᠲᠠ ᠶᠢ ᠬᠠᠷᠢᠭᠤᠴᠠᠨ᠎ᠠ︔ ᠮᠠᠯ ᠠᠵᠦ ᠠᠬᠤᠢ ᠶᠢᠨ | ᠦᠢᠯᠡᠰ ᠤᠨ ᠦᠢᠯᠡᠳᠪᠦᠷᠢᠯᠡᠯ ᠤᠨ ᠰᠡᠷᠡᠮᠵᠢ ᠶᠢ ᠬᠢᠨᠡᠨ ᠬᠡᠮᠵᠢᠬᠦ ᠵᠢᠴᠢ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠠᠵᠢᠯ ᠢ ᠬᠠᠷᠢᠭᠤᠴᠠᠨ᠎ᠠ᠃ | ᠵᠢᠷᠭᠤᠭ᠎ᠠ᠂ ᠲᠡᠷᠢᠶᠡᠯᠡᠩ ᠮᠠᠯ ᠠᠵᠦ ᠠᠬᠤᠢ ᠶᠢᠨ ᠠᠵᠦ ᠦᠢᠯᠡᠰᠵᠢᠭᠰᠡᠨ ᠡᠵᠡᠩᠨᠡᠯᠲᠡ ᠶᠢᠨ ᠲᠦᠷᠦ ᠶᠢᠨ | ᠪᠤᠳᠤᠯᠭ᠎ᠠ᠂ ᠲᠦᠯᠦᠪᠵᠢᠭᠦᠯᠭᠡ ᠶᠢ ᠲᠦᠯᠦᠪᠯᠡᠨ ᠲᠤᠭᠲᠠᠭᠠᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢ | ᠬᠠᠷᠢᠭᠤᠴᠠᠨ᠎ᠠ︔ ᠲᠡᠷᠢᠶᠡᠯᠡᠩ ᠮᠠᠯ ᠠᠵᠦ ᠠᠬᠤᠢ ᠶᠢᠨ ᠪᠦᠳᠦᠭᠡᠭᠳᠡᠭᠦᠨ ᠢ ᠪᠤᠯᠪᠠᠰᠤᠷᠠᠭᠤᠯᠬᠤ ᠦᠢᠯᠡᠰ ᠤᠨ | ᠪᠦᠳᠦᠴᠡ ᠶᠢᠨ ᠲᠤᠬᠢᠷᠠᠭᠤᠯᠤᠯᠲᠠ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢ ᠵᠢᠭᠠᠨ ᠵᠢᠯᠦᠭᠤᠳᠤᠨ᠎ᠠ︔ ᠶᠡᠭᠡ ᠬᠡᠮᠵᠢᠶᠡᠨ ᠤ ᠲᠡᠷᠢᠶᠡᠯᠡᠩ ᠮᠠᠯ ᠠᠵᠦ ᠠᠬᠤᠢ ᠶᠢᠨ | ᠪᠦᠳᠦᠭᠡᠭᠳᠡᠭᠦᠨ ᠤ ᠵᠠᠬ᠎ᠠ ᠶᠢᠨ ᠰᠢᠰᠲ᠋ᠧᠮ ᠤᠨ ᠪᠠᠶᠢᠭᠤᠯᠤᠯᠲᠠ ᠪᠠ ᠭᠦᠭᠵᠢᠯᠲᠠ ᠶᠢᠨ ᠲᠦᠯᠦᠪᠵᠢᠭᠦᠯᠭᠡ ᠶᠢ | ᠰᠤᠳᠤᠯᠤᠨ ᠲᠤᠭᠲᠠᠭᠠᠨ᠎ᠠ︔ ᠲᠡᠷᠢᠶᠡᠯᠡᠩ ᠮᠠᠯ ᠠᠵᠦ ᠠᠬᠤᠢ ᠶᠢᠨ ᠪᠦᠳᠦᠭᠡᠭᠳᠡᠭᠦᠨ ᠤ ᠨᠡᠷᠡᠲᠦ ᠲᠡᠮᠳᠡᠭ ᠢ | ᠪᠤᠶᠢᠵᠢᠭᠤᠯᠵᠦ᠂ ᠬᠠᠮᠠᠭᠠᠯᠠᠬᠤ ᠪᠠ ᠭᠦᠭᠵᠢᠭᠦᠯᠦᠨ᠎ᠠ᠃ ᠰᠢᠶᠠᠩ ᠪᠠᠯᠭᠠᠰᠤᠨ ᠤ ᠠᠵᠦ ᠠᠬᠤᠶᠢᠯᠡᠯ ᠤᠨ | ᠭᠦᠭᠵᠢᠯᠲᠠ ᠶᠢᠨ ᠲᠦᠯᠦᠪᠵᠢᠭᠦᠯᠭᠡ ᠲᠦᠯᠦᠪᠯᠡᠭᠡ ᠶᠢ ᠲᠤᠭᠲᠠᠭᠠᠵᠦ᠂ ᠰᠢᠶᠠᠩ ᠪᠠᠯᠭᠠᠰᠤᠨ ᠤ ᠠᠵᠦ ᠠᠬᠤᠶᠢᠯᠡᠯ ᠤᠨ | ᠲᠤᠬᠠᠶᠢᠯᠠᠭᠰᠡᠨ ᠠᠵᠢᠯ ᠤᠨ ᠤᠷ᠎ᠡ ᠴᠢᠳᠠᠪᠤᠷᠢ ᠶᠢ ᠨᠡᠭᠡᠭᠡᠨ ᠭᠦᠭᠵᠢᠭᠦᠯᠬᠦ ᠠᠵᠢᠯ ᠢ ᠵᠢᠭᠠᠨ ᠵᠢᠯᠦᠭᠤᠳᠤᠨ᠎ᠠ᠃ | ᠳᠤᠯᠤᠭ᠎ᠠ᠂ ᠲᠡᠷᠢᠶᠡᠯᠡᠩ ᠮᠠᠯ ᠠᠵᠦ ᠠᠬᠤᠢ ᠶᠢᠨ ᠪᠦᠳᠦᠭᠡᠭᠳᠡᠭᠦᠨ ᠤ ᠶᠠᠰᠦ ᠴᠢᠨᠡᠷ ᠤᠨ ᠠᠮᠤᠷ ᠲᠦᠪᠰᠢᠨ | ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ︔ ᠲᠡᠷᠢᠶᠡᠯᠡᠩ ᠮᠠᠯ ᠠᠵᠦ ᠠᠬᠤᠢ ᠶᠢᠨ | ᠪᠦᠳᠦᠭᠡᠭᠳᠡᠭᠦᠨ ᠤ ᠠᠮᠤᠷ ᠲᠦᠪᠰᠢᠨ ᠤ ᠲᠦᠭᠰᠢᠭᠦᠷᠢ ᠶᠢᠨ ᠦᠨᠡᠯᠡᠯᠲᠡ ᠶᠢ ᠬᠠᠤᠯᠢ ᠶᠤᠰᠤᠭᠠᠷ ᠦᠷᠨᠢᠭᠦᠯᠵᠦ᠂ | ᠲᠡᠷᠢᠶᠡᠯᠡᠩ ᠮᠠᠯ ᠠᠵᠦ ᠠᠬᠤᠢ ᠶᠢᠨ ᠪᠦᠳᠦᠭᠡᠭᠳᠡᠭᠦᠨ ᠤ ᠶᠠᠰᠦ ᠴᠢᠨᠡᠷ ᠤᠨ ᠠᠮᠤᠷ ᠲᠦᠪᠰᠢᠨ ᠤ ᠪᠠᠶᠢᠳᠠᠯ ᠤᠨ ᠰᠤᠷᠠᠭ | ᠵᠠᠩᠬᠢ ᠶᠢ ᠨᠡᠶᠢᠳᠡᠯᠡᠵᠦ᠂ ᠲᠡᠷᠢᠶᠡᠯᠡᠩ ᠮᠠᠯ ᠠᠵᠦ ᠠᠬᠤᠢ ᠶᠢᠨ ᠪᠦᠳᠦᠭᠡᠭᠳᠡᠭᠦᠨ ᠤ ᠠᠮᠤᠷ ᠲᠦᠪᠰᠢᠨ ᠢ ᠬᠢᠨᠡᠨ | ᠬᠡᠮᠵᠢᠬᠦ ᠶᠢ ᠬᠠᠷᠢᠭᠤᠴᠠᠨ᠎ᠠ︔ ᠲᠡᠷᠢᠶᠡᠯᠡᠩ ᠮᠠᠯ ᠠᠵᠦ ᠠᠬᠤᠢ ᠶᠢᠨ ᠭᠧᠨ ᠢ ᠬᠤᠪᠢᠷᠠᠭᠤᠯᠬᠤ ᠠᠮᠢᠳᠦ ᠪᠤᠳᠠᠰ ᠤᠨ | ᠦᠢᠯᠡᠳᠪᠦᠷᠢᠯᠡᠵᠦ ᠪᠤᠯᠪᠠᠰᠤᠷᠠᠭᠤᠯᠬᠤ ᠵᠦᠪᠰᠢᠶᠡᠷᠡᠯ ᠢ ᠬᠢᠨᠡᠨ ᠬᠠᠷᠭᠤᠭᠤᠯᠬᠤ ᠶᠢ ᠬᠠᠷᠢᠭᠤᠴᠠᠵᠦ᠂ ᠲᠡᠷᠢᠶᠡᠯᠡᠩ ᠮᠠᠯ | ᠠᠵᠦ ᠠᠬᠤᠢ ᠶᠢᠨ ᠭᠧᠨ ᠢ ᠬᠤᠪᠢᠷᠠᠭᠤᠯᠬᠤ ᠠᠮᠢᠳᠦ ᠪᠤᠳᠠᠰ ᠤᠨ ᠠᠮᠤᠷ ᠲᠦᠪᠰᠢᠨ ᠳᠤ ᠬᠢᠨᠡᠯᠲᠡ ᠲᠠᠯᠪᠢᠵᠦ | ᠬᠠᠮᠢᠶᠠᠷᠬᠤ ᠶᠢ ᠬᠠᠷᠢᠭᠤᠴᠠᠨ᠎ᠠ︔ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠨ ᠤᠯᠤᠰ ᠤᠨ ᠬᠠᠮᠢᠶ᠎ᠠ | ᠪᠦᠭᠦᠢ ᠲᠡᠷᠢᠶᠡᠯᠡᠩ ᠮᠠᠯ ᠠᠵᠦ ᠠᠬᠤᠢ ᠶᠢᠨ ᠪᠦᠳᠦᠭᠡᠭᠳᠡᠭᠦᠨ ᠤ ᠶᠠᠰᠦ ᠴᠢᠨᠡᠷ ᠤᠨ ᠠᠮᠤᠷ ᠲᠦᠪᠰᠢᠨ ᠤ | ᠦᠨᠡᠯᠡᠯᠲᠡ ᠶᠢᠨ ᠪᠠᠷᠢᠮᠵᠢᠶ᠎ᠠ ᠶᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ︔ ᠲᠡᠷᠢᠶᠡᠯᠡᠩ ᠮᠠᠯ ᠠᠵᠦ ᠠᠬᠤᠢ ᠶᠢᠨ | ᠦᠢᠯᠡᠰ ᠢ ᠰᠢᠯᠭᠠᠨ ᠬᠡᠮᠵᠢᠬᠦ ᠰᠢᠰᠲ᠋ᠧᠮ ᠤᠨ ᠪᠠᠶᠢᠭᠤᠯᠤᠯᠲᠠ ᠶᠢ ᠵᠢᠭᠠᠨ ᠵᠢᠯᠦᠭᠤᠳᠤᠨ᠎ᠠ︔ ᠠᠮᠤᠷ ᠲᠦᠪᠰᠢᠨ ᠤ | ᠪᠠᠷᠢᠮᠵᠢᠶ᠎ᠠ ᠳᠤ ᠨᠡᠶᠢᠴᠡᠬᠦ ᠲᠡᠷᠢᠶᠡᠯᠡᠩ ᠮᠠᠯ ᠠᠵᠦ ᠠᠬᠤᠢ ᠶᠢᠨ ᠪᠦᠳᠦᠭᠡᠭᠳᠡᠭᠦᠨ ᠢ ᠮᠠᠭᠠᠳᠯᠠᠨ ᠲᠤᠭᠲᠠᠭᠠᠬᠤ ᠪᠠ | ᠬᠢᠨᠡᠯᠲᠡ ᠲᠠᠯᠪᠢᠨ ᠬᠠᠮᠢᠶᠠᠷᠬᠤ ᠶᠢ ᠬᠠᠤᠯᠢ ᠶᠤᠰᠤᠭᠠᠷ ᠬᠡᠷᠡᠭᠵᠢᠭᠦᠯᠦᠨ᠎ᠠ᠃ | ᠨᠠᠶᠢᠮᠨ᠂ ᠲᠡᠷᠢᠶᠡᠯᠡᠩ ᠤᠨ ᠲᠡᠷᠢᠮᠠᠯ ᠤᠨ ᠦᠷ᠎ᠡ ︵ᠦᠷ᠎ᠡ ᠶᠢᠨ ᠴᠢᠬᠢ︶᠂ ᠡᠪᠡᠰᠦᠨ ᠦᠷ᠎ᠡ᠂ ᠡᠭᠦᠯᠳᠡᠷ ᠤᠨ | ᠮᠠᠯ ᠵᠢᠭᠦᠷᠲᠡᠨ᠂ ᠲᠡᠷᠢᠶᠡᠯᠡᠩ ᠤᠨ ᠡᠮ᠂ ᠮᠠᠯ ᠤᠨ ᠡᠮ᠂ ᠲᠡᠵᠢᠭᠡᠯ ᠪᠤᠷᠳᠤᠭ᠎ᠠ᠂ ᠲᠡᠵᠢᠭᠡᠯ ᠪᠤᠷᠳᠤᠭ᠎ᠠ ᠶᠢᠨ ᠨᠡᠮᠡᠯᠲᠡ | ᠡᠳ᠋ ᠤᠨ ᠦᠢᠯᠡᠳᠪᠦᠷᠢᠯᠡᠯ ᠪᠤᠷᠤᠯᠠᠭᠤᠯᠤᠯᠲᠠ ᠶᠢᠨ ᠵᠦᠪᠰᠢᠶᠡᠷᠡᠯ ᠪᠠ ᠬᠢᠨᠡᠯᠲᠡ ᠬᠠᠮᠢᠶᠠᠷᠤᠯᠲᠠ ᠶᠢ ᠬᠠᠤᠯᠢ ᠶᠤᠰᠤᠭᠠᠷ | ᠦᠷᠨᠢᠭᠦᠯᠦᠨ᠎ᠠ︔ ᠮᠠᠯ ᠤᠨ ᠡᠮ ᠡᠮᠨᠡᠯᠭᠡ ᠶᠢᠨ ᠪᠠᠭᠠᠵᠢ ᠬᠡᠷᠡᠭᠰᠡᠯ ᠪᠠ ᠬᠠᠮᠢᠶ᠎ᠠ ᠪᠦᠭᠦᠢ ᠪᠤᠷᠳᠤᠭᠤᠷ ᠳᠤ ᠬᠢᠨᠡᠯᠲᠡ | ᠲᠠᠯᠪᠢᠬᠤ ᠶᠢ ᠬᠠᠷᠢᠭᠤᠴᠠᠨ᠎ᠠ︔ ᠲᠡᠵᠢᠭᠡᠯ ᠪᠤᠷᠳᠤᠭ᠎ᠠ ᠶᠢᠨ ᠡᠬᠢ ᠰᠤᠷᠪᠤᠯᠵᠢ ᠶᠢ ᠬᠠᠮᠠᠭᠠᠯᠠᠬᠤ ᠪᠠ ᠵᠤᠬᠢᠰᠲᠡᠢ | ᠨᠡᠭᠡᠭᠡᠨ ᠭᠦᠭᠵᠢᠭᠦᠯᠵᠦ ᠠᠰᠢᠭᠯᠠᠬᠤ ᠠᠵᠢᠯ ᠢ ᠬᠠᠷᠢᠭᠤᠴᠠᠵᠦ᠂ ᠲᠡᠵᠢᠭᠡᠯ ᠪᠤᠷᠳᠤᠭ᠎ᠠ ᠶᠢᠨ ᠪᠦᠳᠦᠭᠡᠭᠳᠡᠭᠦᠨ ᠤ ᠶᠠᠰᠦ | ᠴᠢᠨᠡᠷ ᠤᠨ ᠠᠮᠤᠷ ᠲᠦᠪᠰᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠲᠡᠷᠢᠶᠡᠯᠡᠩ ᠮᠠᠯ ᠠᠵᠦ ᠠᠬᠤᠢ ᠶᠢᠨ | ᠮᠧᠬᠠᠨᠢᠭᠵᠢᠭᠰᠡᠨ ᠪᠦᠳᠦᠭᠡᠭᠳᠡᠭᠦᠨ ᠤ ᠶᠠᠰᠦ ᠴᠢᠨᠡᠷ ᠤᠨ ᠬᠢᠨᠡᠯᠲᠡ ᠬᠠᠮᠢᠶᠠᠷᠤᠯᠲᠠ ᠶᠢ ᠬᠠᠷᠢᠭᠤᠴᠠᠨ᠎ᠠ᠃ | ᠶᠢᠰᠦ᠂ ᠲᠡᠷᠢᠶᠡᠯᠡᠩ ᠤᠨ ᠲᠡᠷᠢᠮᠡᠯ ᠤᠨ ᠡᠪᠡᠳᠴᠢᠨ ᠬᠤᠷᠤᠬᠠᠢ ᠶᠢᠨ ᠭᠠᠮᠰᠢᠭ ᠪᠠ ᠮᠠᠯ ᠵᠢᠭᠦᠷᠲᠡᠨ ᠤ | ᠡᠪᠡᠳᠴᠢᠨ ᠡᠮᠬᠡᠭ ᠢ ᠰᠡᠷᠭᠡᠶᠢᠯᠡᠨ ᠵᠠᠰᠠᠬᠤ ᠶᠢ ᠬᠠᠷᠢᠭᠤᠴᠠᠨ᠎ᠠ︔ ᠠᠮᠢᠲᠠᠨ ᠤᠷᠭᠤᠮᠠᠯ ᠤᠨ ᠬᠢᠵᠢᠭ ᠢ ᠰᠡᠷᠭᠡᠶᠢᠯᠡᠬᠦ ᠪᠠ | ᠬᠢᠵᠢᠭ ᠢ ᠰᠢᠯᠭᠠᠨ ᠪᠠᠶᠢᠴᠠᠭᠠᠬᠤ ᠳᠦᠷᠢᠮᠵᠢᠭᠰᠡᠨ ᠴᠢᠨᠡᠷᠲᠡᠢ ᠪᠢᠴᠢᠭ ᠮᠠᠲ᠋ᠧᠷᠢᠶᠡᠯ ᠢ ᠨᠤᠤᠷᠠᠭᠯᠠᠬᠤ ᠶᠢ | ᠬᠠᠷᠢᠭᠤᠴᠠᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ︔ ᠠᠮᠢᠲᠠᠨ ᠤᠷᠭᠤᠮᠠᠯ ᠤᠨ ᠬᠢᠵᠢᠭ ᠢ | ᠰᠡᠷᠭᠡᠶᠢᠯᠡᠬᠦ ᠪᠠ ᠬᠢᠵᠢᠭ ᠢ ᠰᠢᠯᠭᠠᠨ ᠪᠠᠶᠢᠴᠠᠭᠠᠬᠤ ᠰᠢᠰᠲ᠋ᠧᠮ ᠤᠨ ᠪᠠᠶᠢᠭᠤᠯᠤᠯᠲᠠ ᠶᠢ ᠵᠢᠭᠠᠨ ᠵᠢᠯᠦᠭᠤᠳᠬᠤ ᠶᠢ | ᠬᠠᠷᠢᠭᠤᠴᠠᠵᠦ᠂ ᠪᠦᠬᠦ ᠲᠤᠭᠤᠷᠢᠭ ᠤᠨ ᠠᠮᠢᠲᠡᠨ ᠤᠷᠭᠤᠮᠠᠯ ᠤᠨ ᠬᠢᠵᠢᠭ ᠢ ᠰᠡᠷᠭᠡᠶᠢᠯᠡᠬᠦ ᠪᠠ ᠬᠢᠵᠢᠭ ᠢ ᠰᠢᠯᠭᠠᠨ | ᠪᠠᠶᠢᠴᠠᠭᠠᠬᠤ ᠠᠵᠢᠯ ᠢ ᠵᠤᠬᠢᠶᠠᠨ ᠪᠠᠶᠢᠭᠤᠯᠤᠨ ᠬᠢᠨᠡᠯᠲᠡ ᠲᠠᠯᠪᠢᠨ᠎ᠠ︔ ᠬᠢᠵᠢᠭ ᠤᠨ ᠪᠠᠶᠢᠳᠠᠯ ᠢ ᠨᠡᠶᠢᠳᠡᠯᠡᠬᠦ᠂ | ᠬᠢᠵᠢᠭ ᠢ ᠤᠰᠠᠳᠬᠠᠵᠦ ᠠᠷᠢᠯᠭᠠᠬᠤ ᠠᠵᠢᠯ ᠢ ᠬᠠᠷᠢᠭᠤᠴᠠᠨ᠎ᠠ︔ ᠤᠷᠭᠤᠮᠠᠯ ᠤᠨ ᠬᠢᠵᠢᠭ ᠢ ᠰᠢᠯᠭᠠᠨ ᠪᠠᠶᠢᠴᠠᠭᠠᠬᠤ | ᠴᠢᠨᠡᠷᠲᠡᠢ ᠬᠤᠤᠷᠠᠳᠦ ᠠᠮᠢᠳᠦ ᠪᠤᠳᠠᠰ ᠢ ᠨᠡᠶᠢᠳᠡᠮ ᠪᠠᠶᠢᠴᠠᠭᠠᠬᠤ ᠠᠵᠢᠯ ᠢ ᠵᠤᠬᠢᠶᠠᠨ ᠪᠠᠶᠢᠭᠤᠯᠬᠤ ᠶᠢ ᠬᠠᠷᠢᠭᠤᠴᠠᠨ᠎ᠠ︔ | ᠮᠠᠯ ᠤᠨ ᠡᠮᠴᠢ ᠶᠢᠨ ᠡᠮᠨᠡᠯᠭᠡ ᠶᠢᠨ ᠶᠠᠪᠤᠳᠠᠯ᠂ ᠮᠠᠯ ᠤᠨ ᠡᠮ ᠡᠮᠨᠡᠯᠭᠡ ᠶᠢᠨ ᠦᠭᠡᠷᠡᠴᠢᠯᠡᠯᠲᠡ ᠪᠠ ᠠᠮᠢᠳᠦ | ᠪᠤᠳᠠᠰ ᠤᠨ ᠠᠮᠤᠷ ᠲᠦᠪᠰᠢᠨ ᠤ ᠠᠵᠢᠯ ᠢ ᠬᠠᠷᠢᠭᠤᠴᠠᠵᠦ᠂ ᠠᠵᠢᠯ ᠡᠷᠬᠢᠯᠡᠵᠦ ᠪᠠᠶᠢᠭ᠎ᠠ ᠮᠠᠯ ᠤᠨ ᠡᠮᠴᠢ ᠤᠨ | ᠬᠠᠮᠢᠶᠠᠷᠤᠯᠲᠠ ᠶᠢ ᠬᠠᠷᠢᠭᠤᠴᠠᠨ᠎ᠠ᠃ | ᠠᠷᠪᠠ᠂ ᠲᠡᠷᠢᠶᠡᠯᠡᠩ ᠮᠠᠯ ᠠᠵᠦ ᠠᠬᠤᠢ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠬᠠᠷᠢᠭᠤᠴᠠᠯᠭ᠎ᠠ ᠶᠢ ᠡᠭᠦᠷᠭᠡᠯᠡᠨ᠎ᠡ︔ ᠲᠡᠷᠢᠶᠡᠯᠡᠩ ᠮᠠᠯ ᠠᠵᠦ ᠠᠬᠤᠢ ᠶᠢᠨ ᠭᠠᠮᠰᠢᠭ ᠤᠨ ᠪᠠᠶᠢᠳᠠᠯ ᠢ ᠬᠢᠨᠡᠨ ᠬᠡᠮᠵᠢᠵᠦ | ᠨᠡᠶᠢᠳᠡᠯᠡᠬᠦ ᠶᠢ ᠬᠠᠷᠢᠭᠤᠴᠠᠵᠦ᠂ ᠲᠡᠷᠢᠶᠡᠨ ᠦᠷ᠎ᠡ᠂ ᠬᠢᠮᠢ ᠶᠢᠨ ᠪᠤᠷᠳᠤᠭᠤᠷ ᠵᠡᠷᠭᠡ ᠭᠠᠮᠰᠢᠭ ᠠᠴᠠ ᠠᠪᠤᠷᠠᠬᠤ ᠡᠳ᠋ | ᠪᠤᠳᠠᠰ ᠢ ᠬᠠᠳᠠᠭᠠᠯᠠᠬᠤ ᠪᠠ ᠲᠤᠬᠢᠷᠠᠭᠤᠯᠤᠨ ᠰᠢᠯᠵᠢᠭᠦᠯᠬᠦ ᠶᠢ ᠵᠤᠬᠢᠶᠠᠨ ᠪᠠᠶᠢᠭᠤᠯᠤᠨ᠎ᠠ︔ ᠦᠢᠯᠡᠳᠪᠦᠷᠢᠯᠡᠯ ᠤᠨ | ᠭᠠᠮᠰᠢᠭ ᠠᠴᠠ ᠠᠪᠤᠷᠠᠬᠤ ᠪᠡᠯᠨ ᠮᠦᠩᠭᠦᠨ ᠤ ᠲᠤᠬᠢᠷᠠᠭᠤᠯᠤᠯᠲᠡ ᠬᠡᠷᠡᠭᠯᠡᠯᠲᠡ ᠳᠤ ᠰᠠᠨᠠᠭᠤᠯᠭ᠎ᠠ ᠳᠤᠷᠠᠳᠴᠤ᠂ | ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠪᠠ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠤᠨ ᠰᠡᠷᠭᠦᠭᠡᠯᠲᠡ ᠶᠢ | ᠵᠢᠭᠠᠨ ᠵᠢᠯᠦᠭᠤᠳᠤᠨ᠎ᠠ᠃ | ᠠᠷᠪᠠᠨ ᠨᠢᠭᠡ᠂ ᠲᠡᠷᠢᠶᠡᠯᠡᠩ ᠮᠠᠯ ᠠᠵᠦ ᠠᠬᠤᠢ ᠪᠠ ᠭᠦᠳᠡᠭᠡ ᠲᠤᠰᠠᠬᠤᠨ ᠤ ᠠᠵᠦ ᠠᠬᠤᠢ ᠶᠢᠨ ᠰᠤᠷᠠᠭ | ᠵᠠᠩᠬᠢ ᠶᠢᠨ ᠠᠵᠢᠯ ᠢ ᠬᠠᠮᠢᠶᠠᠷᠬᠤ ᠶᠢ ᠬᠠᠷᠢᠭᠤᠴᠠᠨ᠎ᠠ︔ ᠲᠡᠷᠢᠶᠡᠯᠡᠩ ᠮᠠᠯ ᠠᠵᠦ ᠠᠬᠤᠢ ᠶᠢᠨ ᠰᠤᠷᠠᠭ ᠵᠠᠩᠬᠢ ᠶᠢᠨ | ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠵᠦ᠂ ᠲᠡᠷᠢᠶᠡᠯᠡᠩ ᠮᠠᠯ ᠠᠵᠦ ᠠᠬᠤᠢ ᠪᠠ ᠭᠦᠳᠡᠭᠡ ᠲᠤᠰᠬᠤᠨ ᠤ | ᠠᠵᠦ ᠠᠬᠤᠢ ᠶᠢᠨ ᠡᠷᠬᠢᠯᠲᠡ ᠳᠤ ᠬᠢᠨᠡᠯᠲᠡ ᠬᠡᠮᠵᠢᠯᠲᠡ ᠵᠠᠳᠠᠯᠤᠨ ᠰᠢᠨᠵᠢᠯᠡᠯᠲᠡ ᠬᠢᠬᠦ ᠠᠵᠢᠯ ᠢ ᠡᠭᠦᠷᠭᠡᠯᠡᠵᠦ᠂ | ᠲᠡᠷᠢᠶᠡᠯᠡᠩ ᠮᠠᠯ ᠠᠵᠦ ᠠᠬᠤᠢ ᠶᠢᠨ ᠪᠦᠷᠢᠳᠬᠡᠯ ᠢ ᠦᠷᠨᠢᠭᠦᠯᠵᠦ᠂ ᠲᠡᠷᠢᠶᠡᠯᠡᠩ ᠮᠠᠯ ᠠᠵᠦ ᠠᠬᠤᠢ ᠪᠠ ᠭᠦᠳᠡᠭᠡ | ᠲᠤᠰᠬᠤᠨ ᠤ ᠠᠵᠦ ᠠᠬᠤᠢ ᠶᠢᠨ ᠰᠤᠷᠠᠭ ᠵᠠᠩᠬᠢ ᠶᠢ ᠨᠡᠶᠢᠳᠡᠯᠡᠵᠦ᠂ ᠲᠡᠷᠢᠶᠡᠯᠡᠩ ᠮᠠᠯ ᠠᠵᠦ ᠠᠬᠤᠢ ᠶᠢᠨ ᠰᠤᠷᠠᠭ | ᠵᠠᠩᠬᠢ ᠶᠢᠨ ᠦᠢᠯᠡᠴᠢᠯᠡᠭᠡᠨ ᠢ ᠴᠢᠩᠭᠠᠳᠬᠠᠨ᠎ᠠ᠃ | ᠠᠷᠪᠠᠨ ᠬᠤᠶᠠᠷ᠂ ᠮᠡᠨ ᠤ ᠲᠤᠭᠤᠷᠢᠭ ᠤᠨ ᠲᠡᠷᠢᠶᠡᠯᠡᠩ ᠮᠠᠯ ᠠᠵᠦ ᠠᠬᠤᠢ ᠶᠢᠨ ᠰᠢᠨᠵᠢᠯᠡᠭᠡ ᠰᠤᠳᠤᠯᠭᠠᠨ᠂ | ᠲᠡᠷᠢᠶᠡᠯᠡᠩ ᠮᠠᠯ ᠠᠵᠦ ᠠᠬᠤᠢ ᠶᠢᠨ ᠮᠡᠷᠭᠡᠵᠢᠯ ᠤᠨ ᠳᠡᠯᠭᠡᠷᠡᠭᠦᠯᠦᠯᠲᠡ ᠶᠢᠨ ᠲᠦᠯᠦᠪᠵᠢᠭᠦᠯᠭᠡ᠂ ᠲᠦᠯᠦᠪᠯᠡᠭᠡ ᠪᠠ | ᠬᠠᠮᠢᠶ᠎ᠠ ᠪᠦᠭᠦᠢ ᠲᠦᠷᠦ ᠶᠢᠨ ᠪᠤᠳᠤᠯᠭ᠎ᠠ ᠲᠤᠭᠲᠠᠭᠠᠬᠤ ᠶᠢ ᠬᠠᠷᠢᠭᠤᠴᠠᠵᠦ᠂ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ | ᠬᠠᠮᠵᠢᠯᠴᠠᠨ ᠲᠡᠷᠢᠶᠡᠯᠡᠩ ᠮᠠᠯ ᠠᠵᠦ ᠠᠬᠤᠢ ᠶᠢᠨ ᠰᠢᠨᠵᠢᠯᠡᠭᠡ ᠮᠡᠷᠭᠡᠵᠢᠯ ᠤᠨ ᠰᠢᠨ᠎ᠠ ᠶᠢ ᠡᠭᠦᠳᠬᠦ ᠰᠢᠰᠲ᠋ᠧᠮ ᠪᠠ | ᠲᠡᠷᠢᠶᠡᠯᠡᠩ ᠮᠠᠯ ᠠᠵᠦ ᠠᠬᠤᠢ ᠶᠢᠨ ᠠᠵᠦ ᠦᠢᠯᠡᠰ ᠤᠨ ᠮᠡᠷᠭᠡᠵᠢᠯ ᠤᠨ ᠰᠢᠰᠲ᠋ᠧᠮ ᠤᠨ ᠪᠦᠳᠦᠭᠡᠨ ᠪᠠᠶᠢᠭᠤᠯᠤᠯᠲᠠ ᠶᠢ | ᠵᠤᠬᠢᠶᠠᠨ ᠪᠠᠶᠢᠭᠤᠯᠤᠨ᠎ᠠ︔ ᠠᠵᠢᠯ ᠤᠨ ᠬᠤᠪᠢᠶᠠᠷᠢᠯᠡᠯ ᠶᠤᠰᠤᠭᠠᠷ ᠲᠡᠷᠢᠶᠡᠯᠡᠩ ᠮᠠᠯ ᠠᠵᠦ ᠠᠬᠤᠢ ᠶᠢᠨ ᠴᠢᠬᠤᠯᠨ | ᠶᠡᠭᠡ ᠲᠤᠰᠬᠠᠢ ᠲᠦᠷᠦᠯ ᠤᠨ ᠰᠢᠨᠵᠢᠯᠡᠭᠡ ᠮᠡᠷᠭᠡᠵᠢᠯ ᠤᠨ ᠰᠤᠳᠤᠯᠭᠠᠨ ᠢ ᠬᠡᠷᠡᠭᠵᠢᠭᠦᠯᠬᠦ ᠳᠤ ᠤᠷᠤᠯᠴᠠᠨ᠎ᠠ︔ | ᠲᠡᠷᠢᠶᠡᠯᠡᠩ ᠮᠠᠯ ᠠᠵᠦ ᠠᠬᠤᠢ ᠶᠢᠨ ᠭᠦᠷᠢᠶ᠎ᠡ ᠬᠡᠪᠴᠢᠶᠡᠨ ᠳᠠᠬᠢ ᠰᠢᠨᠵᠢᠯᠡᠭᠡ ᠮᠡᠷᠭᠡᠵᠢᠯ ᠤᠨ ᠦᠷ᠎ᠡ ᠪᠦᠳᠦᠭᠡᠯ ᠤᠨ | ᠤᠯᠠᠷᠢᠯᠲᠠ ᠪᠠ ᠮᠡᠷᠭᠡᠵᠢᠯ ᠤᠨ ᠳᠡᠯᠭᠡᠷᠡᠭᠦᠯᠦᠯᠲᠡ ᠶᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ᠃ ᠲᠡᠷᠢᠶᠡᠯᠡᠩ ᠮᠠᠯ | ᠠᠵᠦ ᠠᠬᠤᠢ ᠶᠢᠨ ᠰᠢᠨᠵᠢᠯᠡᠭᠡ ᠮᠡᠷᠭᠡᠵᠢᠯ ᠤᠨ ᠦᠷ᠎ᠡ ᠪᠦᠳᠦᠭᠡᠯ ᠪᠠ ᠰᠤᠳᠤᠯᠭᠠᠨ ᠤ ᠬᠤᠷᠠᠯ ︵ᠨᠡᠶᠢᠭᠡᠮᠯᠢᠭ︶ ᠤᠨ | ᠬᠠᠮᠢᠶᠠᠷᠤᠯᠲᠠ ᠶᠢ ᠬᠠᠷᠢᠭᠤᠴᠠᠨ᠎ᠠ︔ ᠤᠯᠤᠰ ᠤᠨ ᠳᠤᠳᠤᠭᠠᠳᠦ ᠭᠠᠳᠠᠭᠠᠳᠦ ᠶᠢᠨ ᠲᠡᠷᠢᠶᠡᠯᠡᠩ ᠮᠠᠯ ᠠᠵᠦ ᠠᠬᠤᠢ ᠶᠢᠨ | ᠲᠡᠷᠢᠭᠦᠨ ᠤ ᠮᠡᠷᠭᠡᠵᠢᠯ ᠢ ᠤᠷᠤᠭᠤᠯᠤᠨ ᠠᠪᠴᠢᠷᠠᠬᠤ ᠶᠢ ᠵᠤᠬᠢᠶᠠᠨ ᠪᠠᠶᠢᠭᠤᠯᠵᠦ᠂ ᠲᠡᠷᠢᠶᠡᠯᠡᠩ ᠮᠠᠯ ᠠᠵᠦ ᠠᠬᠤᠢ ᠶᠢᠨ | ᠠᠷᠠᠯᠵᠢᠶᠠᠨ ᠤ ᠠᠬᠢᠭᠤᠯᠤᠯᠲᠠ ᠪᠠ ᠬᠠᠮᠢᠶ᠎ᠠ ᠪᠦᠭᠦᠢ ᠠᠵᠦ ᠠᠬᠤᠢ᠂ ᠮᠡᠷᠭᠡᠵᠢᠯ ᠤᠨ ᠰᠤᠯᠢᠯᠴᠠᠭ᠎ᠠ ᠪᠠ | ᠬᠠᠮᠳᠤᠷᠠᠯᠴᠠᠭ᠎ᠠ ᠶᠢ ᠦᠷᠨᠢᠭᠦᠯᠦᠨ᠎ᠠ︔ ᠲᠡᠷᠢᠶᠡᠯᠡᠩ ᠮᠠᠯ ᠠᠵᠦ ᠠᠬᠤᠢ ᠶᠢᠨ ᠮᠡᠷᠭᠡᠵᠢᠯ ᠤᠨ ᠳᠡᠯᠭᠡᠷᠡᠭᠦᠯᠦᠯᠲᠡ ᠶᠢᠨ | ᠰᠢᠰᠲ᠋ᠧᠮ ᠤᠨ ᠦᠭᠡᠷᠡᠴᠢᠯᠡᠯᠲᠡ ᠪᠠ ᠪᠠᠶᠢᠭᠤᠯᠤᠯᠲᠠ ᠶᠢ ᠵᠤᠬᠢᠶᠠᠨ ᠪᠠᠶᠢᠭᠤᠯᠤᠨ ᠵᠢᠭᠠᠨ ᠵᠢᠯᠦᠭᠤᠳᠴᠤ᠂ ᠲᠡᠷᠢᠶᠡᠯᠡᠩ | ᠮᠠᠯ ᠠᠵᠦ ᠠᠬᠤᠢ ᠶᠢᠨ ᠰᠢᠨ᠎ᠡ ᠲᠦᠷᠦᠯ ᠵᠦᠢᠯ ᠤᠨ ᠬᠠᠮᠠᠭᠠᠯᠠᠯᠲᠠ ᠶᠢ ᠬᠠᠷᠢᠭᠤᠴᠠᠨ᠎ᠠ᠃ | ᠠᠷᠪᠠᠨ ᠭᠤᠷᠪᠠ᠂ ᠲᠡᠷᠢᠶᠡᠯᠡᠩ ᠮᠠᠯ ᠠᠵᠦ ᠠᠬᠤᠢ ᠶᠢᠨ ᠰᠤᠷᠭᠠᠨ ᠭᠦᠮᠦᠵᠢᠯ ᠪᠠ ᠲᠡᠷᠢᠶᠡᠯᠡᠩ ᠮᠠᠯ ᠠᠵᠦ | ᠠᠬᠤᠢ ᠶᠢᠨ ᠲᠤᠬᠠᠶᠢᠯᠠᠭᠰᠡᠨ ᠠᠵᠢᠯ ᠤᠨ ᠤᠷ᠎ᠡ ᠴᠢᠳᠠᠪᠤᠷᠢ ᠶᠢ ᠨᠡᠬᠡᠭᠡᠨ ᠭᠦᠭᠵᠢᠭᠦᠯᠬᠦ ᠠᠵᠢᠯ ᠢ ᠵᠤᠬᠢᠶᠠᠨ | ᠪᠠᠶᠢᠭᠤᠯᠤᠨ ᠵᠢᠭᠠᠨ ᠵᠢᠯᠦᠭᠤᠳᠴᠤ᠂ ᠭᠦᠳᠡᠭᠡ ᠲᠤᠰᠬᠤᠨ ᠤ ᠬᠡᠷᠡᠭᠯᠡᠭᠡᠨ ᠤ ᠴᠢᠳᠠᠪᠦᠷᠢᠲᠡᠨ ᠢ ᠪᠤᠯᠪᠠᠰᠤᠷᠠᠭᠤᠯᠬᠤ | ᠢᠨᠵᠧᠨᠧᠷᠢᠩ ᠢ ᠬᠡᠷᠡᠭᠵᠢᠭᠦᠯᠬᠦ ᠳᠤ ᠤᠷᠤᠯᠴᠠᠵᠦ᠂ ᠭᠦᠳᠡᠭᠡ ᠲᠤᠰᠬᠤᠨ ᠤ ᠭᠦᠳᠡᠯᠮᠦᠷᠢ ᠭᠦᠴᠦᠨ ᠢ ᠰᠢᠯᠵᠢᠭᠦᠯᠦᠨ | ᠠᠵᠢᠯ ᠤᠯᠭᠤᠵᠦ ᠪᠤᠯᠪᠠᠰᠤᠷᠠᠭᠤᠯᠬᠤ ᠠᠵᠢᠯ ᠢ ᠡᠭᠦᠷᠭᠡᠯᠡᠨ᠎ᠡ︔ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠨ | ᠭᠦᠳᠡᠭᠡ ᠲᠤᠰᠬᠤᠨ ᠤ ᠴᠢᠳᠠᠪᠦᠷᠢᠲᠡᠨ ᠤ ᠲᠤᠰᠬᠠᠢ ᠮᠡᠷᠭᠡᠵᠢᠯ ᠤᠨ ᠬᠢᠷᠢ ᠭᠡᠮ ᠪᠠᠨ ᠠᠵᠢᠯ ᠡᠷᠬᠢᠯᠡᠬᠦ ᠬᠢᠷᠢ ᠭᠡᠮ ᠤᠨ | ᠬᠠᠮᠢᠶᠠᠷᠤᠯᠲᠠ ᠶᠢ ᠬᠠᠤᠯᠢ ᠶᠤᠰᠤᠭᠠᠷ ᠬᠡᠷᠡᠭᠵᠢᠭᠦᠯᠦᠨ᠎ᠠ᠃ | ᠠᠷᠪᠠᠨ ᠳᠦᠷᠪᠡ᠂ ᠲᠡᠷᠢᠶᠡᠯᠡᠩ ᠮᠠᠯ ᠠᠵᠦ ᠠᠬᠤᠢ ᠶᠢᠨ ᠬᠡᠷᠡᠭᠯᠡᠬᠦ ᠭᠠᠵᠠᠷ᠂ ᠲᠡᠯ᠎ᠡ ᠨᠤᠳᠤᠭ᠂ ᠲᠡᠷᠢᠶᠡᠯᠠᠬᠤ | ᠮᠠᠯᠵᠢᠬᠤ ᠳᠤ ᠲᠤᠬᠢᠷᠠᠮᠵᠢᠲᠡᠢ ᠭᠤᠤᠯ ᠤᠨ ᠲᠠᠩ᠂ ᠲᠡᠷᠢᠶᠡᠯᠠᠬᠤ ᠮᠠᠯᠵᠢᠬᠤ ᠳᠤ ᠲᠤᠬᠢᠷᠠᠮᠵᠢᠲᠡᠢ ᠴᠢᠭᠢᠭᠯᠢᠭ ᠭᠠᠵᠠᠷ | ᠵᠢᠴᠢ ᠲᠡᠷᠢᠶᠡᠯᠡᠩ ᠮᠠᠯ ᠠᠵᠦ ᠠᠬᠤᠢ ᠶᠢᠨ ᠠᠮᠢᠳᠦ ᠪᠤᠳᠠᠰ ᠤᠨ ᠲᠦᠷᠦᠯ ᠤᠨ ᠡᠬᠢ ᠰᠤᠷᠪᠤᠯᠵᠢ ᠶᠢᠨ ᠬᠠᠮᠠᠭᠠᠯᠠᠯᠲᠠ | ᠪᠠ ᠬᠠᠮᠢᠶᠠᠷᠤᠯᠲᠠ ᠶᠢ ᠵᠢᠭᠠᠨ ᠵᠢᠯᠦᠭᠤᠳᠴᠤ᠂ ᠬᠡᠬᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠠᠵᠢᠯ ᠢ | ᠬᠠᠷᠢᠭᠤᠴᠠᠨ᠎ᠠ︔ ᠲᠡᠷᠢᠶᠡᠨ ᠭᠠᠵᠠᠷ ᠵᠢᠴᠢ ᠦᠨᠳᠦᠰᠦᠨ ᠲᠡᠷᠢᠶᠡᠯᠡᠩ ᠤᠨ ᠶᠠᠰᠦ ᠴᠢᠨᠡᠷ ᠢ ᠬᠠᠮᠠᠭᠠᠯᠠᠬᠤ ᠠᠷᠭ᠎ᠠ | ᠬᠡᠮᠵᠢᠶ᠎ᠡ ᠶᠢ ᠲᠦᠯᠦᠪᠯᠡᠨ ᠲᠤᠭᠲᠠᠭᠠᠬᠤ ᠶᠢᠨ ᠬᠠᠮᠳᠦ ᠬᠡᠷᠡᠭᠵᠢᠭᠦᠯᠬᠦ ᠶᠢ ᠵᠢᠭᠠᠨ ᠵᠢᠯᠦᠭᠤᠳᠴᠤ᠂ ᠲᠡᠷᠢᠶᠡᠨ | ᠭᠠᠵᠠᠷ ᠤᠨ ᠶᠠᠰᠦ ᠴᠢᠨᠡᠷ ᠢ ᠬᠠᠤᠯᠢ ᠶᠤᠰᠤᠭᠠᠷ ᠬᠠᠮᠢᠶᠠᠷᠤᠨ᠎ᠠ︔ ᠪᠠᠷᠢᠯᠭ᠎ᠠ ᠶᠢᠨ ᠲᠦᠭᠦᠭᠡᠷᠦᠮᠵᠢ᠂ ᠲᠡᠷᠢᠶᠡᠯᠡᠩ ᠤᠨ | ᠮᠡᠷᠭᠡᠵᠢᠯ᠂ ᠲᠡᠷᠢᠶᠡᠯᠡᠩ ᠤᠨ ᠮᠠᠰᠢᠨ᠂ ᠠᠮᠢᠳᠦ ᠪᠤᠳᠠᠰ ᠵᠡᠷᠭᠡ ᠠᠷᠭ᠎ᠠ ᠬᠡᠮᠵᠢᠶ᠎ᠡ ᠶᠢ ᠬᠡᠷᠡᠭᠯᠡᠨ ᠤᠰᠤ ᠠᠷᠪᠢᠯᠠᠬᠤ | ᠲᠡᠷᠢᠶᠡᠯᠡᠩ ᠢ ᠭᠦᠭᠵᠢᠭᠦᠯᠦᠨ᠎ᠠ᠃ | ᠠᠷᠪᠠᠨ ᠲᠠᠪᠤ᠂ ᠲᠡᠷᠢᠶᠡᠯᠡᠩ ᠮᠠᠯ ᠠᠵᠦ ᠠᠬᠤᠢ ᠶᠢᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ | ᠲᠦᠯᠦᠪᠵᠢᠭᠦᠯᠭᠡ᠂ ᠲᠡᠯ᠎ᠡ ᠨᠤᠳᠤᠭ ᠤᠨ ᠠᠮᠢ ᠠᠬᠤᠢ ᠶᠢ ᠬᠠᠮᠠᠭᠠᠯᠠᠬᠤ ᠪᠠ ᠪᠦᠳᠦᠭᠡᠨ ᠪᠠᠶᠢᠭᠤᠯᠬᠤ | ᠲᠦᠯᠦᠪᠵᠢᠭᠦᠯᠭᠡ ᠶᠢ ᠲᠤᠭᠲᠠᠭᠠᠨ ᠬᠡᠷᠡᠭᠵᠢᠭᠦᠯᠬᠦ ᠶᠢ ᠬᠠᠷᠢᠭᠤᠴᠠᠵᠦ᠂ ᠲᠡᠯ᠎ᠡ ᠨᠤᠳᠤᠭ ᠢ ᠬᠠᠮᠠᠭᠠᠯᠠᠬᠤ᠂ ᠪᠦᠳᠦᠭᠡᠨ | ᠪᠠᠶᠢᠭᠤᠯᠬᠤ ᠪᠠ ᠵᠤᠬᠢᠰᠲᠡᠢ ᠠᠰᠢᠭᠯᠠᠬᠤ᠂ ᠬᠢᠨᠡᠯᠲᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠭᠦᠳᠡᠭᠡ | ᠲᠤᠰᠬᠤᠨ ᠤ ᠲᠠᠬᠢᠨ ᠤᠷᠭᠤᠵᠦ ᠪᠤᠯᠬᠤ ᠡᠨᠧᠷᠬᠢ ᠶᠢ ᠶᠡᠷᠦᠩᠭᠡᠶᠢᠯᠡᠨ ᠨᠡᠭᠡᠭᠡᠨ ᠭᠦᠭᠵᠢᠭᠦᠯᠬᠦ ᠪᠠ ᠠᠰᠢᠭᠯᠠᠬᠤ ᠶᠢ | ᠵᠢᠭᠠᠨ ᠵᠢᠯᠦᠭᠤᠳᠤᠨ᠎ᠠ︔ ᠲᠡᠷᠢᠶᠡᠯᠡᠩ ᠮᠠᠯ ᠠᠵᠦ ᠠᠬᠤᠢ ᠶᠢᠨ ᠠᠮᠢᠳᠦ ᠪᠤᠳᠠᠰ ᠤᠨ ᠴᠢᠨᠡᠷᠲᠦ ᠠᠵᠦ ᠦᠢᠯᠡᠰ ᠤᠨ | ᠭᠦᠭᠵᠢᠯᠲᠠ ᠪᠠ ᠲᠡᠷᠢᠶᠡᠯᠡᠩ ᠮᠠᠯ ᠠᠵᠦ ᠠᠬᠤᠢ᠂ ᠭᠦᠳᠡᠭᠡ ᠲᠤᠰᠬᠤᠨ ᠤ ᠡᠨᠧᠷᠬᠢ ᠠᠷᠪᠢᠯᠠᠵᠦ ᠪᠤᠬᠢᠷᠳᠦᠯ | ᠭᠠᠳᠠᠭᠰᠢᠯᠠᠭᠤᠯᠬᠤ ᠶᠢ ᠵᠢᠭᠠᠨ ᠵᠢᠯᠦᠭᠤᠳᠴᠤ᠂ ᠲᠡᠷᠢᠶᠡᠯᠡᠩ ᠮᠠᠯ ᠠᠵᠦ ᠠᠬᠤᠢ ᠶᠢᠨ ᠤᠰᠤᠨ ᠰᠤᠷᠪᠤᠯᠵᠢ ᠶᠢ | ᠪᠤᠬᠢᠷᠳᠤᠭᠤᠯᠬᠤ ᠬᠠᠮᠢᠶ᠎ᠠ ᠪᠦᠭᠦᠢ ᠠᠵᠢᠯ ᠢ ᠡᠭᠦᠷᠭᠡᠯᠡᠨ᠎ᠠ︔ ᠠᠮᠢ ᠠᠬᠤᠢ ᠶᠢᠨ ᠲᠡᠷᠢᠶᠡᠯᠡᠩ ᠮᠠᠯ ᠠᠵᠦ ᠠᠬᠤᠢ | ᠤᠷᠴᠢᠯᠲᠦ ᠲᠡᠷᠢᠶᠡᠯᠡᠩ ᠮᠠᠯ ᠠᠵᠦ ᠠᠬᠤᠢ ᠶᠢᠨ ᠭᠦᠭᠵᠢᠯᠲᠠ ᠶᠢ ᠠᠬᠢᠭᠤᠯᠤᠨ᠎ᠠ᠃ | ᠠᠷᠪᠠᠨ ᠵᠢᠷᠭᠤᠭ᠎ᠠ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠲᠠ ᠬᠤᠲᠠ᠂ ᠰᠦᠩ ᠱᠠᠨ ᠲᠤᠭᠤᠷᠢᠭ ᠤᠨ | ᠶᠠᠳᠠᠭᠤ ᠶᠢ ᠳᠡᠳᠭᠦᠬᠦ ᠲᠦᠷᠦᠯ ᠵᠦᠢᠯ ᠢ ᠰᠢᠯᠢᠨ ᠰᠤᠩᠭᠤᠬᠤ᠂ ᠲᠤᠭᠲᠠᠭᠠᠬᠤ᠂ ᠭᠤᠶᠤᠴᠢᠯᠡᠨ ᠮᠡᠳᠡᠭᠦᠯᠬᠦ ᠪᠠ ᠬᠢᠨᠡᠨ | ᠵᠦᠪᠰᠢᠶᠡᠷᠡᠬᠦ ︵ᠰᠢᠯᠵᠢᠭᠦᠯᠦᠨ ᠵᠦᠪᠰᠢᠶᠡᠷᠡᠬᠦ︶᠂ ᠳᠣᠷᠤᠭᠰᠢ ᠪᠠᠭᠤᠯᠭᠠᠬᠤ ᠠᠵᠢᠯ ᠢ ᠬᠠᠷᠢᠭᠤᠴᠠᠨ᠎ᠠ︔ | ᠲᠤᠭᠤᠷᠢᠭ ᠤᠨ ᠳᠤᠳᠤᠷᠠᠬᠢ ᠶᠠᠳᠠᠭᠤ ᠶᠢ ᠳᠡᠳᠭᠦᠵᠦ ᠨᠡᠭᠡᠭᠨ ᠭᠦᠭᠵᠢᠭᠦᠯᠬᠦ ᠲᠦᠷᠦᠯ ᠵᠦᠢᠯ ᠢ ᠵᠤᠬᠢᠶᠠᠨ ᠪᠠᠶᠢᠭᠤᠯᠵᠦ | ᠬᠡᠷᠡᠭᠵᠢᠭᠦᠯᠬᠦ᠂ ᠰᠢᠯᠭᠠᠨ ᠪᠠᠶᠢᠴᠠᠭᠠᠵᠦ ᠰᠢᠯᠭᠠᠨ ᠬᠤᠷᠢᠶᠠᠬᠤ ᠠᠵᠢᠯ ᠢ ᠬᠠᠷᠢᠭᠤᠴᠠᠨ᠎ᠠ᠃ | ᠠᠷᠪᠠᠨ ᠳᠤᠯᠤᠭ᠎ᠠ᠂ ᠨᠡᠮ ᠵᠠᠰᠠᠭ ᠤᠨ ᠪᠠᠶᠢᠭᠤᠯᠭ᠎ᠠ᠂ ᠠᠵᠦ ᠠᠬᠤᠶᠢᠯᠡᠯ ᠠᠵᠢᠯ ᠦᠢᠯᠡᠰ ᠤᠨ ᠨᠢᠭᠡᠴᠡ ᠪᠠ | ᠨᠡᠶᠢᠭᠡᠮ ᠤᠨ ᠡᠯ᠎ᠡ ᠡᠲᠡᠭᠡᠳ ᠤᠨ ᠶᠠᠳᠠᠭᠤ ᠶᠢ ᠳᠡᠳᠭᠦᠵᠦ ᠨᠡᠭᠡᠭᠡᠨ ᠭᠦᠭᠵᠢᠭᠦᠯᠬᠦ ᠳᠤ ᠤᠷᠤᠯᠴᠠᠬᠤ ᠶᠢ ᠵᠤᠬᠢᠶᠠᠨ | ᠪᠠᠶᠢᠭᠤᠯᠤᠨ ᠵᠤᠬᠢᠴᠠᠭᠤᠯᠬᠤ ᠶᠢ ᠬᠠᠷᠢᠭᠤᠴᠠᠵᠦ᠂ ᠬᠠᠮᠢᠶ᠎ᠠ ᠪᠦᠭᠦᠢ ᠶᠠᠳᠠᠭᠤ ᠶᠢ ᠳᠡᠳᠭᠦᠬᠦ ᠲᠡᠯ᠎ᠡ ᠶᠢᠨ ᠤᠯᠤᠰ ᠤᠨ | ᠳᠤᠳᠤᠭᠠᠳᠦ᠂ ᠤᠯᠠᠨ ᠤᠯᠤᠰ ᠤᠨ ᠶᠠᠳᠠᠭᠤ ᠶᠢ ᠳᠡᠳᠭᠦᠬᠦ ᠰᠤᠯᠢᠯᠴᠠᠭ᠎ᠠ᠂ ᠬᠠᠮᠳᠤᠷᠠᠯᠴᠠᠭ᠎ᠠ ᠪᠠ ᠭᠦᠨᠳᠡᠯᠡᠨ ᠠᠵᠦ | ᠠᠬᠤᠢ ᠶᠢᠨ ᠵᠤᠬᠢᠴᠠᠭᠤᠯᠤᠯ ᠤᠨ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠦᠨ᠎ᠠ᠃ ᠨᠡᠭᠦᠳᠡᠯ ᠠᠷᠠᠳ ᠢ ᠨᠡᠭᠦᠯᠭᠡᠵᠦ | ᠰᠢᠯᠵᠢᠭᠦᠯᠬᠦ ᠲᠦᠷᠦᠯ ᠵᠦᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ | ᠠᠷᠪᠠᠨ ᠨᠠᠶᠢᠮᠠ᠂ ᠰᠦᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠠ ᠤᠯᠠᠭᠠᠨᠬᠠᠳᠠ | ᠬᠤᠲᠠ ᠶᠢᠨ ᠲᠡᠷᠢᠶᠡᠯᠡᠩ ᠮᠠᠯ ᠠᠵᠦ ᠠᠬᠤᠢ ᠶᠢᠨ ᠲᠤᠪᠴᠢᠶ᠎ᠠ ᠶᠢᠨ ᠲᠤᠰᠢᠶᠠᠨ ᠭᠦᠢᠴᠡᠳᠬᠡᠯᠭᠡᠬᠦ ᠪᠤᠰᠤᠳ ᠶᠠᠪᠤᠳᠠᠯ ᠢ | ᠡᠭᠦᠷᠭᠡᠯᠡᠨ ᠭᠦᠢᠴᠡᠳᠬᠡᠨ᠎ᠡ᠃ | |