ᠭᠦᠮᠦᠨ ᠤ ᠭᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠡ
ᠨᠡᠶᠢᠲᠡᠯᠡᠭᠰᠡᠨ ᠴᠠᠭ᠄
2017/8/28
ᠭᠤᠤᠯ ᠡᠭᠦᠷᠭᠡ ᠬᠠᠷᠢᠭᠤᠴᠠᠯᠭ᠎ᠠ᠄     ᠨᠢᠭᠡ᠂ ᠤᠯᠤᠰ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠲᠠ ᠬᠤᠲᠠ ᠶᠢᠨ ᠭᠦᠮᠦᠨ ᠤ ᠭᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠦᠢᠯᠡᠰ ᠤᠨ ᠭᠦᠭᠵᠢᠯᠲᠠ ᠶᠢᠨ ᠲᠦᠯᠦᠪᠵᠢᠭᠦᠯᠭᠡ᠂ ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠠ︔ ᠰᠦᠩ ᠱᠠᠨ ᠲᠤᠭᠤᠷᠢᠭ ᠤᠨ ᠭᠦᠮᠦᠨ ᠤ ᠭᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠦᠢᠯᠡᠰ ᠤᠨ ᠭᠦᠭᠵᠢᠯᠲᠠ ᠶᠢᠨ ᠲᠦᠯᠦᠪᠵᠢᠭᠦᠯᠭᠡ᠂ ᠲᠦᠰᠦᠯ ᠪᠠ ᠲᠦᠷᠦ ᠶᠢᠨ ᠪᠤᠳᠤᠯᠭ᠎ᠠ ᠶᠢ ᠲᠦᠯᠦᠪᠯᠡᠨ ᠲᠤᠭᠲᠠᠭᠠᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠡᠯᠲᠡ ᠲᠠᠯᠪᠢᠨ ᠪᠠᠶᠢᠴᠠᠭᠠᠨ᠎ᠠ᠃     ᠬᠤᠶᠠᠷ᠂ ᠰᠦᠩ ᠱᠠᠨ ᠲᠤᠭᠤᠷᠢᠭ ᠤᠨ ᠭᠦᠮᠦᠨ ᠤ ᠭᠦᠴᠦᠨ ᠤ ᠡᠬᠢ ᠪᠠᠶᠠᠯᠢᠭ ᠢ ᠨᠡᠭᠡᠭᠡᠨ ᠭᠦᠭᠵᠢᠭᠦᠯᠬᠦ ᠲᠦᠯᠦᠪᠵᠢᠭᠦᠯᠭᠡ ᠶᠢ ᠲᠦᠯᠦᠪᠯᠡᠨ ᠲᠤᠭᠲᠠᠭᠠᠵᠦ᠂ ᠴᠢᠳᠠᠪᠦᠷᠢᠲᠡᠨ ᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠵᠦ᠂ ᠴᠢᠳᠠᠪᠦᠷᠢᠲᠡᠨ ᠤ ᠬᠠᠳᠠᠭᠠᠯᠠᠮᠵᠢ ᠶᠢᠨ ᠳᠦᠷᠢᠮ ᠢ ᠲᠡᠭᠦᠯᠳᠡᠷᠵᠢᠭᠦᠯᠦᠨ᠎ᠠ︔ ᠪᠦᠬᠦ ᠲᠤᠭᠤᠷᠢᠭ ᠤᠨ ᠭᠦᠮᠦᠨ ᠤ ᠭᠦᠴᠦᠨ ᠤ ᠡᠬᠢ ᠪᠠᠶᠠᠯᠢᠭ ᠤᠨ ᠵᠠᠬ᠎ᠠ ᠶᠢᠨ ᠭᠦᠭᠵᠢᠭᠦᠯᠦᠯᠲᠠ ᠶᠢᠨ ᠲᠦᠯᠦᠪᠵᠢᠭᠦᠯᠭᠡ ᠶᠢ ᠲᠦᠯᠦᠪᠯᠡᠨ ᠲᠤᠭᠲᠠᠭᠠᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠲᠤᠭᠤᠷᠢᠭ ᠤᠨ ᠨᠢᠬᠡᠳᠦᠯᠲᠡᠢ ᠳᠦᠷᠢᠮᠵᠢᠭᠰᠡᠨ ᠭᠦᠮᠦᠨ ᠤ ᠭᠦᠴᠦᠨ ᠤ ᠡᠬᠢ ᠪᠠᠶᠠᠯᠢᠭ ᠤᠨ ᠵᠠᠬ᠎ᠠ ᠶᠢ ᠪᠠᠶᠢᠭᠤᠯᠵᠦ᠂ ᠭᠦᠮᠦᠨ ᠤ ᠭᠦᠴᠦᠨ ᠤ ᠡᠬᠢ ᠪᠠᠶᠠᠯᠢᠭ ᠤᠨ ᠵᠤᠬᠢᠰᠲᠡᠢ ᠰᠢᠯᠵᠢᠯᠲᠡ᠂ ᠪᠦᠳᠦᠮᠵᠢᠲᠡᠢ ᠲᠤᠬᠢᠷᠠᠭᠤᠯᠤᠯᠲᠠ ᠶᠢ ᠠᠬᠢᠭᠤᠯᠤᠨ᠎ᠠ᠃     ᠭᠤᠷᠪᠠ᠂ ᠬᠤᠲᠠ ᠪᠠᠯᠭᠠᠰᠤᠨ ᠤ ᠠᠵᠢᠯ ᠤᠯᠭᠤᠯᠲᠠ ᠶᠢ ᠨᠢᠬᠡᠳᠦᠯᠲᠡᠢ ᠲᠦᠯᠦᠪᠯᠡᠬᠦ ᠭᠦᠭᠵᠢᠯᠲᠠ ᠶᠢᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠰᠦᠩ ᠱᠠᠨ ᠲᠤᠭᠤᠷᠢᠭ ᠤᠨ ᠬᠤᠲᠠ ᠪᠠᠯᠭᠠᠰᠤᠨ ᠤ ᠠᠵᠢᠯ ᠤᠯᠭᠤᠯᠲᠠ ᠶᠢ ᠨᠢᠬᠡᠳᠦᠯᠲᠡᠢ ᠲᠦᠯᠦᠪᠯᠡᠬᠦ ᠭᠦᠭᠵᠢᠯᠲᠠ ᠶᠢᠨ ᠲᠦᠯᠦᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠲᠦᠯᠦᠪᠯᠡᠨ ᠲᠤᠭᠲᠠᠭᠠᠵᠦ᠂ ᠤᠯᠠᠨ ᠨᠡᠶᠢᠳᠡ ᠶᠢᠨ ᠠᠵᠢᠯ ᠤᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ︔ ᠠᠵᠢᠯ ᠤᠯᠭᠤᠯᠲᠠ ᠶᠢᠨ ᠲᠤᠰᠠᠯᠠᠨ ᠳᠡᠮᠵᠢᠬᠦ ᠳᠦᠷᠢᠮ ᠪᠠ ᠲᠤᠬᠠᠶᠢᠯᠠᠭᠰᠡᠨ ᠠᠵᠢᠯ ᠤᠨ ᠬᠢᠷᠢ ᠭᠡᠮ ᠤᠨ ᠳᠦᠷᠢᠮ ᠢ ᠵᠤᠬᠢᠶᠠᠨ ᠪᠠᠶᠢᠭᠤᠯᠤᠨ ᠨᠡᠶᠢᠳᠡᠪᠦᠷᠢᠵᠢᠭᠤᠯᠵᠦ᠂ ᠬᠤᠲᠠ ᠪᠠᠯᠭᠠᠰᠤᠨ ᠤ ᠭᠦᠳᠡᠯᠮᠦᠷᠢᠯᠡᠭᠴᠢᠳ ᠲᠤ ᠬᠠᠨᠳᠤᠭᠰᠡᠨ ᠲᠤᠬᠠᠶᠢᠯᠠᠭᠰᠡᠨ ᠠᠵᠢᠯ ᠤᠨ ᠪᠤᠯᠪᠠᠰᠤᠷᠠᠭᠤᠯᠤᠯ ᠤᠨ ᠳᠦᠷᠢᠮ ᠢ ᠨᠢᠭᠡᠳᠦᠯᠲᠡᠢ ᠲᠦᠯᠦᠪᠯᠡᠨ ᠪᠠᠶᠢᠭᠤᠯᠤᠨ᠎ᠠ︔ ᠳᠡᠭᠡᠳᠦ ᠰᠤᠷᠭᠠᠭᠤᠯᠢ ᠲᠡᠭᠦᠰᠦᠭᠰᠡᠨ ᠤᠶᠤᠳᠠᠳ ᠤᠨ ᠠᠵᠢᠯ ᠤᠯᠭᠤᠯᠲᠠ ᠶᠢᠨ ᠲᠦᠷᠦ ᠶᠢᠨ ᠪᠤᠳᠤᠯᠭ᠎ᠠ ᠶᠢ ᠲᠤᠯᠤᠭᠠᠶᠢᠯᠡᠨ ᠨᠡᠶᠢᠳᠡᠪᠦᠷᠢᠵᠢᠭᠤᠯᠵᠦ᠂ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠨ ᠡᠯ᠎ᠡ ᠲᠦᠷᠦᠯ ᠤᠨ ᠴᠢᠳᠠᠪᠦᠷᠢᠲᠡᠨ ᠢ ᠭᠦᠮᠦᠵᠢᠭᠦᠯᠬᠦ᠂ ᠤᠷᠢᠨ ᠠᠪᠴᠢᠷᠠᠬᠤ᠂ ᠬᠡᠷᠡᠭᠯᠡᠬᠦ᠂ ᠦᠨᠡᠯᠡᠬᠦ ᠪᠠ ᠵᠤᠷᠢᠭᠵᠢᠭᠤᠯᠬᠤ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠠ᠃     ᠳᠦᠷᠪᠡ᠂ ᠬᠤᠲᠠ ᠪᠠᠯᠭᠠᠰᠤᠨ ᠤ ᠨᠡᠶᠢᠭᠡᠮ ᠤᠨ ᠳᠠᠭᠠᠳᠬᠠᠯ ᠵᠢᠴᠢ ᠨᠦᠭᠦᠪᠦᠷᠢ ᠳᠠᠭᠠᠳᠬᠠᠯ ᠤᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠡᠶᠢᠳᠡᠪᠦᠷᠢᠵᠢᠭᠤᠯᠵᠦ᠂ ᠪᠦᠬᠦ ᠲᠤᠭᠤᠷᠢᠭ ᠤᠨ ᠬᠤᠲᠠ ᠪᠠᠯᠭᠠᠰᠤᠨ ᠤ ᠨᠡᠶᠢᠭᠡᠮ ᠤᠨ ᠳᠠᠭᠠᠳᠬᠠᠯ ᠵᠢᠴᠢ ᠨᠦᠭᠦᠪᠦᠷᠢ ᠳᠠᠭᠠᠳᠬᠠᠯ ᠤᠨ ᠪᠠᠷᠢᠮᠵᠢᠶ᠎ᠠ ᠶᠢ ᠲᠦᠯᠦᠪᠯᠡᠨ ᠲᠤᠭᠲᠠᠭᠠᠵᠦ ᠬᠡᠷᠡᠭᠵᠢᠭᠦᠯᠦᠨ᠎ᠠ︔ ᠪᠠᠶᠢᠭᠤᠯᠭ᠎ᠠ᠂ ᠠᠵᠦ ᠠᠬᠤᠶᠢᠯᠡᠯ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠨᠠᠰᠤᠵᠢᠯ ᠤᠨ ᠳᠠᠭᠠᠳᠬᠠᠯ ᠤᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠡᠶᠢᠳᠡᠪᠦᠷᠢᠵᠢᠭᠤᠯᠤᠨ᠎ᠠ︔ ᠤᠯᠤᠰ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠲᠠ ᠬᠤᠲᠠ ᠶᠢᠨ ᠨᠡᠶᠢᠭᠡᠮ ᠤᠨ ᠳᠠᠭᠠᠳᠬᠠᠯ ᠵᠢᠴᠢ ᠨᠦᠭᠦᠪᠦᠷᠢ ᠳᠠᠭᠠᠳᠬᠠᠯ ᠤᠨ ᠰᠠᠭᠤᠷᠢ ᠮᠦᠩᠭᠦ ᠶᠢᠨ ᠬᠠᠮᠢᠶᠠᠷᠤᠯᠲᠠ ᠪᠠ ᠬᠢᠨᠡᠯᠲᠡ ᠲᠠᠯᠪᠢᠬᠤ ᠳᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠠ︔ ᠪᠦᠬᠦ ᠲᠤᠭᠤᠷᠢᠭ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦ ᠶᠢᠨ ᠲᠦᠰᠦᠪ ᠲᠦᠰᠦᠪ ᠤᠨ ᠭᠦᠢᠴᠡᠳᠬᠡᠯ ᠤᠨ ᠲᠦᠰᠦᠯ ᠢ ᠨᠡᠶᠢᠷᠡᠭᠤᠯᠤᠨ ᠲᠤᠭᠲᠠᠭᠠᠨ᠎ᠠ᠃     ᠲᠠᠪᠤ᠂ ᠪᠦᠬᠦ ᠲᠤᠭᠤᠷᠢᠭ ᠤᠨ ᠠᠵᠢᠯ ᠤᠯᠭᠤᠯᠲᠠ᠂ ᠠᠵᠢᠯ ᠠᠯᠳᠠᠬᠤ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦ ᠶᠢᠨ ᠤᠷᠢᠳᠴᠢᠯᠡᠨ ᠵᠢᠱᠢᠭᠰᠡᠨ ᠰᠡᠷᠡᠮᠵᠢ ᠪᠠ ᠰᠤᠷᠠᠭ ᠵᠠᠩᠬᠢ ᠶᠢᠨ ᠭᠦᠳᠦᠯᠦᠨ ᠵᠢᠯᠦᠭᠤᠳᠤᠯᠭ᠎ᠠ ᠶᠢ ᠬᠠᠷᠢᠭᠤᠴᠠᠵᠦ᠂ ᠠᠷᠭᠠᠴᠠᠬᠤ ᠲᠦᠰᠦᠯ ᠲᠦᠯᠦᠪᠯᠡᠨ ᠲᠤᠭᠲᠠᠭᠠᠵᠦ᠂ ᠤᠷᠢᠳᠴᠢᠯᠡᠨ ᠰᠡᠷᠭᠡᠶᠢᠯᠡᠬᠦ᠂ ᠲᠤᠬᠢᠷᠠᠭᠤᠯᠬᠤ ᠪᠠ ᠡᠵᠡᠮᠰᠢᠯ ᠬᠢᠵᠦ᠂ ᠠᠵᠢᠯ ᠤᠯᠭᠤᠯᠲᠠ ᠶᠢᠨ ᠪᠠᠶᠢᠳᠠᠯ ᠤᠨ ᠲᠤᠭᠲᠠᠭᠤᠨ ᠪᠠ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦ ᠶᠢᠨ ᠪᠦᠭᠦᠯᠢ ᠴᠤᠭᠴᠠ ᠶᠢᠨ ᠤᠷᠤᠯᠭ᠎ᠠ ᠵᠠᠷᠤᠯᠭ᠎ᠠ ᠶᠢᠨ ᠲᠡᠩᠴᠡᠭᠦᠷᠢ ᠶᠢ ᠪᠠᠳᠤᠯᠠᠨ᠎ᠠ᠃     ᠵᠢᠷᠭᠤᠭ᠎ᠠ᠂ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠠᠵᠢᠯᠲᠡᠨ ᠤ ᠴᠠᠯᠢᠩ ᠤᠨ ᠤᠷᠤᠯᠭ᠎ᠠ ᠶᠢᠨ ᠬᠤᠪᠢᠶᠠᠷᠢᠯᠡᠯᠲᠡ ᠶᠢᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠡᠶᠢᠳᠡᠪᠦᠷᠢᠵᠢᠭᠤᠯᠵᠦ᠂ ᠪᠦᠬᠦ ᠲᠤᠭᠤᠷᠢᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠴᠠᠯᠢᠩ ᠠᠰᠠᠷᠠᠮᠵᠢ ᠪᠠ ᠠᠵᠢᠯᠲᠡᠳ ᠤᠨ ᠠᠵᠢᠯ ᠠᠴᠠ ᠪᠠᠨ ᠰᠠᠯᠵᠦ ᠠᠮᠠᠷᠠᠬᠤ ᠠᠵᠢᠯ ᠢ ᠶᠡᠷᠦᠩᠭᠡᠶᠢᠯᠡᠨ ᠬᠠᠮᠢᠶᠠᠷᠴᠤ᠂ ᠤᠯᠤᠰ᠂ ᠦᠪᠡᠷᠲᠡᠭᠡᠨ ᠵᠠᠰᠠᠬᠤ ᠤᠷᠤᠨ ᠤ ᠪᠠᠶᠢᠭᠤᠯᠭ᠎ᠠ ᠠᠵᠦ ᠠᠬᠤᠶᠢᠯᠡᠯ ᠠᠵᠢᠯ ᠦᠢᠯᠡᠰ ᠤᠨ ᠨᠢᠭᠡᠴᠡ ᠶᠢᠨ ᠠᠵᠢᠯᠲᠡᠨ ᠤ ᠠᠰᠠᠷᠠᠮᠵᠢ ᠪᠠ ᠠᠵᠢᠯ ᠠᠴᠠ ᠪᠠᠨ ᠰᠠᠯᠵᠦ ᠠᠮᠠᠷᠠᠬᠤ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠠ᠃     ᠲᠣᠯᠤᠭ᠎ᠠ᠂ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠨ ᠴᠡᠷᠢᠭ ᠠᠴᠠ ᠬᠠᠯᠠᠭᠳᠠᠭᠰᠡᠨ ᠺᠠᠳ᠋ᠷ ᠢ ᠲᠦᠪᠬᠢᠨᠡᠭᠦᠯᠬᠦ ᠲᠦᠷᠦ ᠶᠢᠨ ᠪᠤᠳᠤᠯᠭ᠎ᠠ ᠪᠠ ᠲᠦᠯᠦᠪᠯᠡᠭᠡ ᠶᠢ ᠨᠡᠶᠢᠳᠡᠪᠦᠷᠢᠵᠢᠭᠤᠯᠵᠦ᠂ ᠴᠡᠷᠢᠭ ᠠᠴᠠ ᠬᠠᠯᠠᠭᠳᠠᠭᠰᠡᠨ ᠺᠠᠳ᠋ᠷ ᠢ ᠰᠤᠷᠭᠠᠨ ᠭᠦᠮᠦᠵᠢᠭᠦᠯᠵᠦ ᠪᠤᠯᠪᠠᠰᠤᠷᠠᠭᠤᠯᠬᠤ ᠠᠵᠢᠯ ᠢ ᠬᠠᠷᠢᠭᠤᠴᠠᠵᠦ᠂ ᠬᠡᠰᠡᠭ ᠪᠦᠯᠦᠭ ᠠᠵᠦ ᠠᠬᠤᠶᠢᠯᠡᠯ ᠤᠨ ᠴᠡᠷᠢᠭ ᠠᠴᠠ ᠬᠠᠯᠠᠭᠳᠠᠭᠰᠡᠨ ᠺᠠᠳ᠋ᠷ ᠤᠨ ᠭᠦᠴᠢᠷᠳᠡᠯ ᠢ ᠰᠢᠢᠳᠪᠦᠷᠢᠯᠡᠬᠦ ᠪᠠ ᠲᠤᠭᠲᠠᠭᠤᠨ ᠪᠠᠶᠢᠯᠭᠠᠬᠤ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠠᠶ᠎ᠠ ᠪᠠᠨ ᠳᠠᠭᠠᠭᠠᠵᠦ ᠠᠵᠢᠯ ᠡᠷᠬᠢᠯᠡᠭᠰᠡᠨ ᠴᠡᠷᠢᠭ ᠠᠴᠠ ᠬᠠᠯᠠᠭᠳᠠᠭᠰᠡᠨ ᠺᠠᠳ᠋ᠷ ᠤᠨ ᠬᠠᠮᠢᠶᠠᠷᠤᠯᠲᠠ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃     ᠨᠠᠶᠢᠮᠠ᠂ ᠪᠦᠬᠦ ᠲᠤᠭᠤᠷᠢᠭ ᠤᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠯᠪᠠᠲᠠᠨ ᠵᠢᠴᠢ ︽ᠠᠯᠪᠠᠲᠠᠨ ᠤ ᠬᠠᠤᠯᠢ︾ ᠪᠠᠷ ᠯᠠᠪᠯᠠᠯᠲᠠ ᠪᠤᠯᠭᠠᠵᠦ ᠬᠠᠮᠢᠶᠠᠷᠤᠭᠰᠡᠨ ᠠᠵᠢᠯ ᠦᠢᠯᠡᠰ ᠤᠨ ᠨᠢᠭᠡᠴᠡ ᠶᠢᠨ ᠶᠡᠷᠦᠩᠭᠡᠶᠢᠯᠡᠭᠰᠡᠨ ᠬᠠᠮᠢᠶᠠᠷᠤᠯᠲᠠ ᠶᠢ ᠬᠠᠷᠢᠭᠤᠴᠠᠵᠦ᠂ ᠤᠯᠤᠰ᠂ ᠦᠪᠡᠷᠲᠡᠭᠡᠨ ᠵᠠᠰᠠᠬᠤ ᠤᠷᠤᠨ ᠤ ᠬᠠᠮᠢᠶ᠎ᠠ ᠪᠦᠭᠦᠢ ᠠᠵᠢᠯᠲᠡᠨ ᠢ ᠲᠤᠬᠢᠷᠠᠭᠤᠯᠬᠤ ᠲᠦᠷᠦ ᠶᠢᠨ ᠪᠤᠳᠤᠯᠭ᠎ᠠ ᠪᠠ ᠤᠨᠴᠠᠭᠠᠢ ᠭᠦᠮᠦᠰ ᠢ ᠲᠦᠪᠬᠢᠨᠡᠭᠦᠯᠬᠦ ᠠᠷᠭ᠎ᠠ ᠶᠢ ᠲᠤᠤᠱᠯᠠᠭᠤᠯᠤᠨ ᠨᠡᠶᠢᠳᠡᠪᠦᠷᠢᠵᠢᠭᠤᠯᠤᠨ᠎ᠠ︔ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠨ ᠤᠯᠤᠰ ᠤᠨ ᠢᠷᠠᠭᠤ ᠠᠯᠳᠠᠷ ᠤᠨ ᠳᠦᠷᠢᠮ ᠪᠠ ᠵᠠᠰᠠᠭ ᠤᠨ ᠤᠷᠳᠤᠨ ᠤ ᠱᠠᠩᠨᠠᠨ ᠵᠤᠷᠢᠭᠵᠢᠭᠤᠯᠬᠤ ᠳᠦᠷᠢᠮ ᠢ ᠲᠤᠤᠱᠯᠠᠭᠤᠯᠤᠨ ᠨᠡᠶᠢᠳᠡᠪᠦᠷᠢᠵᠢᠭᠤᠯᠵᠦ᠂ ᠵᠠᠰᠠᠭ ᠤᠨ ᠤᠷᠳᠤᠨ ᠤ ᠱᠠᠩᠨᠠᠨ ᠵᠤᠷᠢᠭᠵᠢᠭᠤᠯᠬᠤ ᠪᠠ ᠰᠠᠶᠢᠰᠢᠶᠠᠨ ᠭᠦᠬᠢᠭᠦᠯᠬᠦ ᠠᠵᠢᠯ ᠢ ᠶᠡᠷᠦᠩᠭᠡᠶᠢᠯᠡᠨ ᠬᠠᠮᠢᠶᠠᠷᠤᠨ᠎ᠠ᠃     ᠶᠢᠰᠦ᠂ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠨ ᠲᠡᠷᠢᠶᠠᠴᠢᠨ ᠮᠠᠯᠴᠢᠨ ᠠᠵᠢᠯᠴᠢᠨ ᠤ ᠶᠡᠷᠦᠩᠭᠡᠶᠢᠯᠡᠭᠰᠡᠨ ᠴᠢᠨᠡᠷᠲᠡᠢ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠡᠶᠢᠳᠡᠪᠦᠷᠢᠵᠢᠭᠤᠯᠵᠦ᠂ ᠪᠦᠬᠦ ᠲᠤᠭᠤᠷᠢᠭ ᠤᠨ ᠲᠡᠷᠢᠶᠡᠴᠢᠨ ᠮᠠᠯᠴᠢᠨ ᠠᠵᠢᠯᠴᠢᠨ ᠤ ᠠᠵᠢᠯ ᠤᠨ ᠲᠦᠯᠦᠪᠵᠢᠭᠦᠯᠭᠡ ᠶᠢ ᠲᠦᠯᠦᠪᠯᠡᠨ ᠲᠤᠭᠲᠠᠭᠠᠵᠦ ᠲᠡᠷᠢᠶᠠᠴᠢᠨ ᠮᠠᠯᠴᠢᠨ ᠠᠵᠢᠯᠴᠢᠨ ᠤ ᠬᠠᠮᠢᠶ᠎ᠠ ᠪᠦᠭᠦᠢ ᠲᠦᠷᠦ ᠶᠢᠨ ᠪᠤᠳᠤᠯᠭ᠎ᠠ ᠶᠢᠨ ᠨᠡᠶᠢᠳᠡᠪᠦᠷᠢᠵᠢᠯᠲᠠ ᠶᠢ ᠠᠬᠢᠭᠤᠯᠵᠦ᠂ ᠭᠤᠤᠯᠳᠠᠯᠭ᠎ᠠ ᠲᠠᠢ ᠭᠦᠴᠢᠷᠳᠡᠯ ᠲᠠᠢ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠵᠦ᠂ ᠲᠡᠷᠢᠶᠠᠴᠢᠨ ᠮᠠᠯᠴᠢᠨ ᠠᠵᠢᠯᠴᠢᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃     ᠠᠷᠪᠠ᠂ ᠭᠦᠳᠡᠯᠮᠦᠷᠢ᠂ ᠠᠵᠢᠯᠲᠡᠨ ᠤ ᠶᠠᠪᠤᠳᠠᠯ ᠤᠨ ᠵᠢᠭᠤᠷᠠᠯᠳᠤᠭᠠᠨ ᠢ ᠡᠶᠡᠳᠡᠭᠦᠯᠬᠦ ᠭᠦᠨᠳᠡᠯᠡᠨ ᠠᠴᠠ ᠲᠠᠰᠤᠯᠬᠤ ᠳᠦᠷᠢᠮ ᠪᠠ ᠭᠦᠳᠡᠡᠯᠮᠦᠷᠢ ᠶᠢᠨ ᠬᠠᠷᠢᠴᠠᠭᠠᠨ ᠤ ᠲᠦᠷᠦ ᠶᠢᠨ ᠪᠤᠳᠤᠯᠭ᠎ᠠ ᠶᠢ ᠨᠢᠭᠡᠳᠦᠯᠲᠡᠢ ᠲᠦᠯᠦᠪᠯᠡᠨ ᠬᠡᠷᠡᠭᠵᠢᠭᠦᠯᠵᠦ᠂ ᠭᠦᠳᠡᠯᠮᠦᠷᠢ ᠶᠢᠨ ᠬᠠᠷᠢᠴᠠᠭ᠎ᠠ ᠶᠢ ᠵᠤᠬᠢᠴᠠᠭᠤᠯᠬᠤ ᠵᠤᠬᠢᠴᠠᠮᠵᠢ ᠶᠢ ᠲᠡᠭᠦᠯᠳᠡᠷᠵᠢᠭᠦᠯᠦᠨ᠎ᠠ᠃ ᠠᠷᠪᠠᠨ ᠨᠢᠭᠡ᠂ ᠰᠦᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠠ ᠤᠯᠠᠭᠠᠨᠬᠠᠲᠠ ᠬᠤᠲᠠ ᠶᠢᠨ ᠭᠦᠮᠦᠨ ᠤ ᠭᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ ᠶᠢᠨ ᠲᠤᠰᠢᠶᠠᠨ ᠭᠦᠢᠴᠡᠳᠬᠡᠯᠬᠡᠬᠦ ᠪᠤᠰᠤᠳ ᠶᠠᠪᠤᠳᠠᠯ ᠤᠴᠢᠷ ᠢ ᠳᠠᠭᠠᠭᠠᠴᠢᠯᠠᠨ ᠭᠦᠢᠴᠡᠳᠬᠡᠨ᠎ᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号