ᠭᠤᠤᠯ ᠡᠭᠦᠷᠭᠡ ᠬᠠᠷᠢᠭᠤᠴᠠᠯᠭ᠎ᠠ᠄ | ᠨᠢᠭᠡ᠂ ᠰᠦᠩ ᠱᠠᠨ ᠲᠤᠭᠤᠷᠢᠭ ᠤᠨ ᠤᠷᠤᠨ ᠰᠠᠭᠤᠴᠠ ᠪᠠ ᠬᠤᠲᠠ ᠪᠠᠯᠭᠠᠰᠤᠨ ᠤ ᠪᠦᠳᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠡᠮᠬᠢ ᠲᠢᠭᠯᠢᠮ ᠢ ᠲᠦᠷᠢᠮᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ | ᠤᠯᠤᠰ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠲᠠ ᠬᠤᠲᠠ ᠶᠢᠨ ᠬᠠᠮᠢᠶ᠎ᠠ ᠪᠦᠭᠦᠢ ᠤᠷᠤᠨ ᠰᠠᠭᠤᠴᠠ ᠶᠢᠨ | ᠪᠠᠳᠤᠯᠠᠭ᠎ᠠ᠂ ᠪᠠᠷᠢᠯᠭ᠎ᠠ ᠪᠠᠶᠢᠭᠤᠯᠤᠯᠲᠠ᠂ ᠬᠤᠲᠠ ᠶᠢᠨ ᠪᠦᠳᠦᠭᠡᠨ ᠪᠠᠶᠢᠭᠤᠯᠤᠯᠲᠠ᠂ ᠲᠤᠰᠬᠤᠨ ᠪᠠᠯᠭᠠᠰᠤᠨ ᠤ | ᠪᠦᠳᠦᠭᠡᠨ ᠪᠠᠶᠢᠭᠤᠯᠤᠯᠲᠠ᠂ ᠪᠠᠷᠢᠯᠭ᠎ᠠ ᠶᠢᠨ ᠦᠢᠯᠡᠰ᠂ ᠭᠡᠷ ᠭᠠᠵᠠᠷ ᠭᠦᠷᠦᠩᠭᠡ ᠶᠢᠨ ᠦᠢᠯᠡᠰ᠂ ᠬᠠᠶᠢᠨ | ᠪᠠᠶᠢᠴᠠᠭᠠᠵᠦ ᠲᠦᠯᠦᠪᠯᠡᠨ ᠯᠠᠪᠯᠠᠬᠤ ᠦᠢᠯᠡᠰ᠂ ᠬᠤᠲᠠ ᠶᠢᠨ ᠶᠠᠪᠤᠳᠠᠯ ᠤᠨ ᠤᠯᠠᠨ ᠨᠡᠶᠢᠳᠡ ᠶᠢᠨ ᠦᠢᠯᠡᠰ ᠤᠨ | ᠪᠠᠷᠢᠯᠭ᠎ᠠ ᠶᠢᠨ ᠡᠨᠧᠷᠬᠢ ᠠᠷᠪᠢᠯᠠᠬᠤ ᠴᠢᠭᠯᠡᠯᠲᠡ ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠳᠦᠷᠢᠮ ᠢ | ᠲᠤᠤᠱᠯᠠᠭᠤᠯᠤᠨ ᠬᠡᠷᠡᠭᠵᠢᠭᠦᠯᠵᠦ᠂ ᠰᠦᠩ ᠱᠠᠨ ᠲᠤᠭᠤᠷᠢᠭ ᠤᠨ ᠤᠷᠤᠨ ᠰᠠᠭᠤᠴᠠ ᠪᠠ ᠬᠤᠲᠠ ᠪᠠᠯᠭᠠᠰᠤ ᠶᠢᠨ | ᠪᠦᠳᠦᠭᠡᠨ ᠪᠠᠶᠢᠭᠤᠯᠤᠯᠲᠠ ᠶᠢᠨ ᠬᠠᠮᠢᠶ᠎ᠠ ᠪᠦᠭᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠤᠤᠷᠠᠭᠯᠠᠨ | ᠵᠤᠬᠢᠶᠠᠨ᠎ᠠ︔ ᠰᠦᠩ ᠱᠠᠨ ᠲᠤᠭᠤᠷᠢᠭ ᠤᠨ ᠤᠷᠤᠨ ᠰᠠᠭᠤᠴᠠ ᠪᠠ ᠬᠤᠲᠠ ᠪᠠᠯᠭᠠᠰᠤᠨ ᠤ ᠪᠦᠳᠦᠭᠡᠨ | ᠪᠠᠶᠢᠭᠤᠯᠤᠯᠲᠠ ᠶᠢᠨ ᠴᠢᠬᠤᠯᠨ ᠠᠰᠠᠭᠤᠳᠠᠯ ᠤᠨ ᠲᠤᠬᠠᠢ ᠲᠦᠷᠦ ᠶᠢᠨ ᠪᠤᠳᠤᠯᠭ᠎ᠠ ᠰᠠᠨᠠᠭᠤᠯᠭ᠎ᠠ ᠳᠤᠷᠠᠳᠴᠤ᠂ ᠰᠦᠩ | ᠱᠠᠨ ᠲᠤᠭᠤᠷᠢᠭ ᠤᠨ ᠤᠷᠤᠨ ᠰᠠᠭᠤᠴᠠ ᠪᠠ ᠬᠤᠲᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢᠨ ᠦᠢᠯᠡᠰ ᠤᠨ | ᠭᠦᠭᠵᠢᠯᠲᠠ ᠶᠢᠨ ᠪᠠᠶᠢᠯᠳᠤᠬᠤ ᠪᠤᠳᠤᠯᠭ᠎ᠠ᠂ ᠳᠤᠮᠳᠠ ᠤᠷᠳᠤ ᠬᠤᠭᠤᠴᠠᠭᠠᠨ ᠤ ᠲᠦᠯᠦᠪᠵᠢᠭᠦᠯᠭᠡ ᠶᠢ ᠲᠦᠯᠦᠪᠯᠡᠨ | ᠲᠤᠭᠲᠠᠭᠠᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠠ᠃ | ᠬᠤᠶᠠᠷ᠂ ᠬᠤᠲᠠ ᠪᠠᠯᠭᠠᠰᠤᠨ ᠤ ᠳᠤᠤᠷ᠎ᠡ ᠤᠷᠤᠯᠭ᠎ᠠ ᠲᠠᠢ ᠡᠷᠦᠬᠡ ᠶᠢᠨ ᠤᠷᠤᠨ ᠰᠠᠭᠤᠴᠠ ᠶᠢ ᠪᠠᠳᠤᠯᠠᠬᠤ | ᠬᠠᠷᠢᠭᠤᠴᠠᠯᠭ᠎ᠠ ᠶᠢ ᠡᠭᠦᠷᠭᠡᠯᠡᠨ᠎ᠠ᠃ ᠰᠦᠩ ᠱᠠᠨ ᠲᠤᠭᠤᠷᠢᠭ ᠤᠨ ᠤᠷᠤᠨ ᠰᠠᠭᠤᠴᠠ ᠶᠢᠨ ᠪᠠᠳᠤᠯᠠᠭ᠎ᠠ ᠶᠢᠨ | ᠭᠦᠭᠵᠢᠭᠦᠯᠦᠯᠲᠠ ᠶᠢᠨ ᠲᠦᠯᠦᠪᠵᠢᠭᠦᠯᠭᠡ ᠪᠠ ᠤᠨ ᠤ ᠲᠦᠯᠦᠪᠯᠡᠭᠡ ᠶᠢ ᠲᠦᠯᠦᠪᠯᠡᠨ ᠲᠤᠭᠲᠠᠭᠠᠬᠤ ᠶᠢᠨ ᠬᠠᠮᠳᠦ | ᠬᠡᠷᠡᠭᠵᠢᠭᠦᠯᠬᠦ ᠶᠢ ᠵᠢᠭᠠᠨ ᠵᠢᠯᠦᠭᠤᠳᠤᠨ᠎ᠠ︔ ᠬᠢᠮᠳᠠ ᠲᠦᠷᠢᠶᠡᠰᠦᠨ ᠤᠷᠤᠨ ᠰᠠᠭᠤᠴᠠ ᠶᠢᠨ ᠲᠦᠷᠦ ᠶᠢᠨ ᠪᠤᠳᠤᠯᠭ᠎ᠠ | ᠲᠦᠯᠦᠪᠵᠢᠭᠦᠯᠭᠡ ᠶᠢ ᠲᠦᠯᠦᠪᠯᠡᠨ ᠲᠤᠭᠲᠠᠭᠠᠵᠦ᠂ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠨ ᠲᠦᠪ᠂ | ᠦᠪᠡᠷᠲᠡᠭᠡᠨ ᠵᠠᠰᠠᠬᠤ ᠤᠷᠤᠨ᠂ ᠤᠯᠠᠭᠠᠨᠬᠠᠲᠠ ᠬᠤᠲᠠ ᠪᠠ ᠰᠦᠩ ᠱᠠᠨ ᠲᠤᠭᠤᠷᠢᠭ ᠤᠨ ᠬᠠᠮᠢᠶ᠎ᠠ ᠪᠦᠭᠦᠢ ᠬᠢᠮᠲᠡ | ᠲᠦᠷᠢᠶᠡᠰᠦᠨ ᠤᠷᠤᠨ ᠰᠠᠭᠤᠴᠠ ᠶᠢᠨ ᠪᠡᠯᠨ ᠮᠦᠩᠭᠦ ᠶᠢ ᠲᠤᠬᠢᠷᠠᠭᠤᠯᠬᠤ ᠶᠢᠨ ᠬᠠᠮᠳᠦ ᠬᠢᠨᠡᠯᠲᠡ ᠲᠠᠯᠪᠢᠨ | ᠬᠡᠷᠡᠭᠵᠢᠭᠦᠯᠦᠨ᠎ᠠ᠃ | ᠭᠤᠷᠪᠠ᠂ ᠤᠷᠤᠨ ᠰᠠᠭᠤᠴᠠ ᠶᠢᠨ ᠳᠦᠷᠢᠮ ᠤᠨ ᠦᠭᠡᠷᠡᠴᠢᠯᠡᠯᠲᠡ ᠶᠢ ᠠᠬᠢᠭᠤᠯᠬᠤ ᠬᠠᠷᠢᠭᠤᠴᠠᠯᠭ᠎ᠠ ᠶᠢ | ᠡᠭᠦᠷᠭᠡᠯᠡᠨ᠎ᠠ᠃ ᠪᠦᠬᠦ ᠬᠤᠲᠠ ᠶᠢᠨ ᠤᠷᠤᠨ ᠰᠠᠭᠤᠴᠠ ᠶᠢᠨ ᠳᠦᠷᠢᠮ ᠤᠨ ᠦᠭᠡᠷᠡᠴᠢᠯᠡᠯᠲᠡ ᠶᠢᠨ | ᠲᠦᠯᠦᠪᠵᠢᠭᠦᠯᠭᠡ ᠶᠢ ᠲᠤᠤᠱᠯᠠᠭᠤᠯᠤᠨ ᠨᠡᠶᠢᠳᠡᠪᠦᠷᠢᠵᠢᠭᠤᠯᠵᠦ᠂ ᠰᠦᠩ ᠱᠠᠨ ᠲᠤᠭᠤᠷᠢᠭ ᠤᠨ ᠤᠷᠤᠨ | ᠰᠠᠭᠤᠴᠠ ᠶᠢᠨ ᠪᠦᠳᠦᠭᠡᠨ ᠪᠠᠶᠢᠭᠤᠯᠤᠯᠲᠠ ᠪᠠ ᠤᠷᠤᠨ ᠰᠠᠭᠤᠴᠠ ᠶᠢᠨ ᠳᠦᠷᠢᠮ ᠤᠨ ᠦᠭᠡᠷᠡᠴᠢᠯᠡᠯᠲᠡ ᠶᠢ ᠵᠢᠭᠠᠨ | ᠵᠢᠯᠦᠭᠤᠳᠤᠨ᠎ᠠ᠃ ᠰᠦᠩ ᠱᠠᠨ ᠲᠤᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠪᠠ ᠠᠳᠠᠯ ᠠᠬᠤᠢ ᠶᠢᠨ ᠠᠵᠦ | ᠠᠬᠤᠶᠢᠯᠡᠯ ᠤᠨ ᠬᠢᠷᠢ ᠭᠡᠮ ᠢ ᠠᠩᠬ᠎ᠠ ᠬᠢᠨᠡᠬᠤ ᠶᠢ ᠬᠠᠷᠢᠭᠤᠴᠠᠨ᠎ᠠ︔ ᠤᠷᠤᠨ ᠰᠠᠭᠤᠴᠠ ᠶᠢᠨ ᠲᠤᠰᠬᠠᠢ ᠲᠦᠷᠦᠯ ᠤᠨ | ᠰᠡᠯᠪᠢᠨ ᠵᠠᠰᠠᠬᠤ ᠰᠠᠭᠤᠷᠢ ᠮᠦᠩᠭᠦ ᠶᠢ ᠬᠤᠷᠢᠶᠠᠨ ᠠᠪᠬᠤ᠂ ᠬᠡᠷᠡᠭᠯᠡᠬᠦ᠂ ᠬᠢᠨᠡᠨ ᠬᠠᠮᠢᠶᠠᠷᠬᠤ ᠶᠢ ᠬᠠᠷᠢᠭᠤᠴᠠᠨ᠎ᠠ︔ | ᠭᠡᠷ ᠭᠦᠷᠦᠩᠭᠡ ᠶᠢᠨ ᠠᠵᠢᠯ ᠲᠦᠷᠦᠯ ᠳᠤ ᠬᠠᠤᠯᠢ ᠬᠡᠷᠡᠭᠵᠢᠭᠦᠯᠦᠨ ᠬᠢᠨᠡᠯᠲᠡ ᠲᠠᠯᠪᠢᠬᠤ ᠠᠵᠢᠯ ᠢ ᠬᠠᠷᠢᠭᠤᠴᠠᠨ᠎ᠠ᠃ | ᠳᠦᠷᠪᠡ᠂ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ ᠲᠤᠭᠲᠠᠭᠠᠯ ᠢ ᠲᠦᠯᠦᠪᠯᠡᠨ ᠲᠤᠭᠲᠠᠭᠠᠬᠤ ᠶᠢᠨ | ᠬᠠᠮᠳᠦ ᠬᠢᠨᠡᠯᠲᠡ ᠲᠠᠯᠪᠢᠨ ᠬᠡᠷᠡᠭᠵᠢᠭᠦᠯᠦᠨ᠎ᠠ | ᠲᠠᠪᠤ᠂ ᠪᠠᠷᠢᠯᠭ᠎ᠠ ᠪᠠᠶᠢᠭᠤᠯᠤᠯᠲᠠ ᠶᠢᠨ ᠪᠠᠷᠢᠮᠵᠢᠶ᠎ᠠ ᠳᠤ ᠬᠢᠨᠡᠯᠲᠡ ᠲᠠᠯᠪᠢᠨ ᠬᠡᠷᠡᠭᠵᠢᠭᠦᠯᠬᠦ ᠬᠠᠷᠢᠭᠤᠴᠠᠯᠭ᠎ᠠ ᠶᠢ | ᠡᠭᠦᠷᠭᠡᠯᠡᠨ᠎ᠠ᠃ | ᠵᠢᠷᠭᠤᠭ᠎ᠠ᠂ ᠪᠠᠷᠢᠯᠭ᠎ᠠ ᠶᠢᠨ ᠵᠠᠬ᠎ᠠ ᠳᠡᠯᠭᠡᠭᠦᠷ ᠢ ᠬᠢᠨᠡᠨ ᠬᠠᠮᠢᠶᠠᠷᠴᠤ᠂ ᠵᠠᠬ᠎ᠠ ᠳᠡᠯᠭᠡᠭᠦᠷ ᠤᠨ ᠡᠯ᠎ᠡ ᠭᠤᠤᠯ | ᠴᠤᠭᠴᠠ ᠶᠢᠨ ᠠᠵᠢᠯᠯᠠᠭᠠᠨ ᠢ ᠳᠦᠷᠢᠮᠵᠢᠭᠦᠯᠦᠨᠠ᠃ ᠰᠦᠩ ᠱᠠᠨ ᠲᠤᠭᠤᠷᠢᠭ ᠤᠨ ᠪᠠᠷᠢᠯᠭ᠎ᠠ ᠶᠢᠨ ᠠᠵᠢᠯᠯᠠᠭᠠᠨ ᠢ | ᠵᠢᠭᠠᠨ ᠵᠢᠯᠦᠭᠤᠳᠴᠤ᠂ ᠬᠠᠶᠢᠨ ᠪᠠᠶᠢᠴᠠᠭᠠᠭᠰᠡᠨ ᠲᠦᠯᠦᠪᠯᠡᠭᠡ᠂ ᠪᠠᠷᠢᠯᠭ᠎ᠠ ᠪᠠᠷᠢᠬᠤ᠂ ᠪᠠᠷᠢᠯᠭ᠎ᠠ ᠶᠢᠨ ᠵᠠᠰᠠᠨ | ᠴᠢᠮᠡᠭᠯᠡᠯᠲᠡ᠂ ᠪᠦᠳᠦᠭᠡᠨ ᠪᠠᠶᠢᠭᠤᠯᠤᠯᠲᠡ ᠶᠢᠨ ᠬᠢᠨᠡᠨ ᠪᠠᠶᠢᠴᠠᠭᠠᠬᠤ ᠲᠦᠷᠦ ᠶᠢᠨ ᠪᠤᠳᠤᠯᠭ᠎ᠠ ᠪᠠ ᠳᠦᠷᠢᠮ | ᠲᠤᠭᠲᠠᠭᠠᠯ ᠳᠤ ᠬᠢᠨᠡᠯᠲᠡ ᠲᠠᠯᠪᠢᠨ ᠬᠡᠷᠡᠭᠵᠢᠭᠦᠯᠦᠨ᠎ᠠ︔ ᠪᠠᠷᠢᠯᠭ᠎ᠠ ᠪᠠᠶᠢᠭᠤᠯᠤᠯᠲᠠ᠂ ᠪᠠᠷᠢᠯᠭ᠎ᠠ ᠶᠢᠨ ᠦᠢᠯᠡᠰ᠂ | ᠬᠠᠶᠢᠨ ᠪᠠᠶᠢᠴᠠᠭᠠᠭᠰᠡᠨ ᠲᠦᠯᠦᠪᠯᠡᠭᠡ ᠶᠢᠨ ᠠᠵᠢᠯ ᠲᠦᠷᠦᠯ ᠤᠨ ᠭᠦᠭᠵᠢᠯᠲᠠ ᠶᠢᠨ ᠪᠠᠶᠢᠯᠳᠤᠬᠤ ᠪᠤᠳᠤᠯᠭ᠎ᠠ ᠳᠤᠮᠳᠠ | ᠤᠷᠳᠤ ᠬᠤᠭᠤᠴᠠᠭᠠᠨ ᠤ ᠲᠦᠯᠦᠪᠵᠢᠭᠦᠯᠭᠡ᠂ ᠦᠭᠡᠷᠡᠴᠢᠯᠡᠯᠲᠡ ᠶᠢᠨ ᠲᠦᠰᠦᠯ᠂ ᠠᠵᠦ ᠦᠢᠯᠡᠰ ᠤᠨ ᠲᠦᠷᠦ ᠶᠢᠨ | ᠪᠤᠳᠤᠯᠭ᠎ᠠ ᠳᠦᠷᠢᠮ ᠲᠤᠭᠲᠠᠭᠠᠯ ᠢ ᠬᠢᠨᠡᠨ ᠬᠡᠷᠡᠭᠵᠢᠭᠦᠯᠦᠨ᠎ᠠ︔ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠡᠯ᠎ᠡ ᠭᠤᠤᠯ | ᠴᠤᠭᠴᠠ ᠶᠢᠨ ᠠᠵᠢᠯᠯᠠᠭᠠᠨ ᠢ ᠳᠦᠷᠢᠮᠵᠢᠭᠦᠯᠬᠦ ᠳᠦᠷᠢᠮ ᠲᠤᠭᠲᠠᠭᠠᠯ ᠢ ᠬᠢᠨᠡᠨ ᠬᠡᠷᠡᠭᠵᠢᠭᠦᠯᠬᠦ ᠶᠢᠨ ᠬᠠᠮᠳᠦ ᠪᠦᠳᠦᠭᠡᠨ | ᠪᠠᠶᠢᠭᠤᠯᠤᠯᠲᠠ ᠶᠢᠨ ᠢᠨᠵᠧᠨᠧᠷᠢᠩ ᠤᠨ ᠨᠡᠶᠢᠭᠡᠮ ᠤᠨ ᠪᠠᠳᠤᠯᠠᠭ᠎ᠠ ᠶᠢᠨ ᠵᠠᠷᠤᠳᠠᠯ ᠢ ᠴᠤᠭᠯᠠᠭᠤᠯᠬᠤ ᠬᠠᠮᠢᠶᠠᠷᠤᠯᠲᠠ ᠶᠢ | ᠬᠠᠷᠢᠭᠤᠴᠠᠵᠦ᠂ ᠪᠠᠷᠢᠯᠭ᠎ᠠ ᠶᠢᠨ ᠠᠵᠦ ᠠᠬᠤᠶᠢᠯᠡᠯ ᠤᠨ ᠭᠠᠳᠠᠭᠠᠳᠦ ᠳᠠᠭᠠᠭᠠᠯᠲᠠ᠂ ᠪᠠᠷᠢᠯᠭ᠎ᠠ ᠶᠢᠨ ᠭᠦᠳᠡᠯᠮᠦᠷᠢ | ᠭᠦᠴᠦᠨ ᠤ ᠬᠠᠮᠳᠤᠷᠠᠯᠴᠠᠭ᠎ᠠ ᠳᠤ ᠤᠷᠤᠯᠴᠠᠬᠤ ᠶᠢ ᠵᠤᠬᠢᠶᠠᠨ ᠪᠠᠶᠢᠭᠤᠯᠤᠨ ᠵᠤᠬᠢᠴᠠᠭᠤᠯᠤᠨ᠎ᠠ᠃ | ᠳᠤᠯᠤᠭ᠎ᠠ᠂ ᠬᠤᠲᠠ ᠶᠢᠨ ᠪᠦᠳᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠠᠵᠢᠯ ᠢ ᠵᠢᠭᠠᠨ ᠵᠢᠯᠦᠭᠤᠳᠤᠨ᠎ᠠ᠃ | ᠬᠤᠲᠠ ᠶᠢᠨ ᠶᠠᠪᠤᠳᠠᠯ ᠤᠨ ᠤᠯᠠᠨ ᠨᠡᠶᠢᠲᠡ ᠳᠤ ᠬᠡᠷᠡᠭᠯᠡᠬᠦ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠠᠮᠤᠷ | ᠲᠦᠪᠰᠢᠨ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠵᠢᠭᠠᠨ ᠵᠢᠯᠦᠭᠤᠳᠴᠤ᠂ ᠬᠤᠲᠠ ᠶᠢᠨ ᠤᠰᠤ | ᠬᠠᠩᠭᠠᠬᠤ᠂ ᠤᠰᠤ ᠭᠠᠳᠠᠭᠰᠢᠯᠠᠭᠤᠯᠬᠤ᠂ ᠪᠤᠵᠠᠷ ᠤᠰᠤ ᠶᠢ ᠰᠢᠢᠳᠪᠦᠷᠢᠯᠡᠬᠦ ᠵᠡᠷᠭᠡ ᠠᠵᠢᠯ ᠢ ᠵᠢᠭᠠᠨ ᠵᠢᠯᠦᠭᠤᠳᠤᠨ᠎ᠠ︔ | ᠰᠦᠩ ᠱᠠᠨ ᠲᠤᠭᠤᠷᠢᠭ ᠤᠨ ᠦᠵᠡᠮᠵᠢ ᠶᠢᠨ ᠨᠡᠷᠡᠲᠦ ᠤᠷᠤᠨ ᠤ ᠭᠦᠭᠵᠢᠭᠦᠯᠦᠯᠲᠡ ᠶᠢᠨ ᠲᠦᠯᠦᠪᠵᠢᠭᠦᠯᠭᠡ᠂ | ᠲᠦᠷᠦ ᠶᠢᠨ ᠪᠤᠳᠤᠯᠭ᠎ᠠ ᠶᠢ ᠲᠦᠯᠦᠪᠯᠡᠨ ᠲᠤᠭᠲᠠᠭᠠᠬᠤ ᠶᠢᠨ ᠬᠠᠮᠳᠦ ᠵᠢᠭᠠᠨ ᠵᠢᠯᠦᠭᠤᠳᠴᠤ ᠬᠡᠷᠡᠭᠵᠢᠭᠦᠯᠦᠨ᠎ᠠ︔ | ᠦᠵᠡᠮᠵᠢ ᠶᠢᠨ ᠨᠡᠷᠡᠲᠦ ᠤᠷᠤᠨ ᠢ ᠬᠢᠨᠡᠨ ᠪᠠᠶᠢᠴᠠᠭᠠᠵᠦ ᠮᠡᠳᠡᠭᠦᠯᠦᠨ ᠵᠦᠪᠰᠢᠶᠡᠷᠡᠭᠦᠯᠬᠦ ᠪᠠ ᠬᠢᠨᠡᠨ ᠬᠠᠮᠢᠶᠠᠷᠬᠤ ᠶᠢ | ᠬᠠᠷᠢᠭᠤᠴᠠᠵᠦ᠂ ᠳᠡᠯᠡᠬᠡᠢ ᠶᠢᠨ ᠪᠠᠶᠢᠭᠠᠯᠢ ᠶᠢᠨ ᠦᠪ ᠭᠦᠷᠦᠩᠭᠡ ᠶᠢ ᠭᠤᠶᠤᠴᠢᠯᠡᠨ ᠮᠡᠳᠡᠭᠦᠯᠬᠦ ᠶᠢ ᠵᠤᠬᠢᠶᠠᠨ | ᠪᠠᠶᠢᠭᠤᠯᠤᠨ ᠬᠢᠨᠡᠨ ᠬᠠᠷᠭᠤᠭᠤᠯᠵᠦ᠂ ᠲᠡᠦᠬᠡ ᠶᠢᠨ ᠲᠤᠷᠠᠰᠬᠠᠯᠲᠦ ᠵᠦᠢᠯ ᠵᠡᠷᠭᠡ ᠬᠠᠮᠢᠶ᠎ᠠ ᠪᠦᠭᠦᠢ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠲᠠᠢ ᠬᠠᠮᠵᠢᠯᠴᠠᠨ ᠳᠡᠯᠡᠬᠡᠢ ᠶᠢᠨ ᠪᠠᠶᠢᠭᠠᠯᠢ ᠪᠠ ᠰᠤᠶᠤᠯ ᠤᠨ ᠬᠤᠶᠠᠳᠠᠮᠠᠯ ᠦᠪ | ᠭᠦᠷᠦᠩᠭᠡ ᠶᠢ ᠭᠤᠶᠤᠴᠢᠯᠡᠨ ᠮᠡᠳᠡᠭᠦᠯᠬᠦ ᠶᠢ ᠵᠤᠬᠢᠶᠠᠨ ᠪᠠᠶᠢᠭᠤᠯᠵᠦ᠂ ᠲᠡᠦᠬᠡ ᠶᠢᠨ ᠲᠤᠷᠠᠰᠬᠠᠯᠲᠦ ᠵᠦᠢᠯ ᠢ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠲᠠᠢ ᠬᠠᠮᠵᠢᠯᠴᠠᠨ ᠲᠡᠦᠬᠡ ᠰᠤᠶᠤᠯ ᠤᠨ ᠨᠡᠷᠡᠲᠦ ᠬᠤᠲᠠ ︵ᠪᠠᠯᠭᠠᠰᠤ᠂ ᠲᠤᠰᠬᠤᠨ︶ | ᠶᠢ ᠬᠠᠮᠠᠭᠠᠯᠠᠬᠤ ᠪᠠ ᠬᠢᠨᠡᠨ ᠬᠠᠮᠢᠶᠠᠷᠬᠤ ᠠᠵᠢᠯ ᠢ ᠬᠠᠷᠢᠭᠤᠴᠠᠨ᠎ᠠ᠃ | ᠨᠠᠶᠢᠮᠨ᠂ ᠲᠤᠰᠬᠤᠨ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢ ᠳᠦᠷᠢᠮᠵᠢᠭᠦᠯᠬᠦ ᠪᠠ ᠵᠢᠭᠠᠨ ᠵᠢᠯᠦᠭᠤᠳᠬᠤ | ᠬᠠᠷᠢᠭᠤᠴᠠᠯᠭ᠎ᠠ ᠶᠢ ᠡᠭᠦᠷᠭᠡᠯᠡᠨ᠎ᠡ᠃ ᠠᠶᠢᠯ ᠲᠤᠰᠬᠤᠨ ᠪᠠ ᠵᠢᠵᠢᠭ ᠬᠤᠲᠠ ᠪᠠᠯᠭᠠᠰᠤᠨ ᠤ ᠪᠦᠳᠦᠭᠡᠨ | ᠪᠠᠶᠢᠭᠤᠯᠤᠯᠲᠠ ᠶᠢᠨ ᠲᠦᠷᠦ ᠶᠢᠨ ᠪᠤᠳᠤᠯᠭ᠎ᠠ ᠶᠢ ᠲᠦᠯᠦᠪᠯᠡᠨ ᠲᠤᠭᠲᠠᠭᠠᠬᠤ ᠶᠢᠨ ᠬᠠᠮᠳᠦ ᠵᠢᠭᠠᠨ ᠵᠢᠯᠦᠭᠤᠳᠤᠨ | ᠬᠡᠷᠡᠭᠵᠢᠭᠦᠯᠦᠨ᠎ᠠ︔ ᠪᠦᠬᠦ ᠲᠤᠭᠤᠷᠢᠭ ᠤᠨ ᠭᠦᠳᠡᠭᠡ ᠲᠤᠰᠬᠤᠨ ᠮᠠᠯᠵᠢᠬᠤ ᠤᠷᠤᠨ ᠤ ᠤᠷᠤᠨ ᠰᠠᠭᠤᠴᠠ ᠶᠢᠨ | ᠪᠠᠶᠢᠭᠤᠯᠤᠯᠲᠠ ᠪᠠ ᠠᠶᠤᠯᠲᠡᠢ ᠭᠡᠷ ᠪᠠᠶᠢᠰᠢᠩ ᠢ ᠦᠭᠡᠷᠡᠴᠢᠯᠡᠨ ᠵᠠᠰᠠᠬᠤ ᠶᠢ ᠵᠢᠭᠠᠨ ᠵᠢᠯᠤᠭᠤᠳᠤᠨ᠎ᠠ︔ ᠵᠢᠵᠢᠭ | ᠬᠤᠲᠠ ᠪᠠᠯᠭᠠᠰᠤ᠂ ᠠᠶᠢᠯ ᠲᠤᠰᠬᠤᠨ ᠤ ᠰᠠᠭᠤᠷᠢ ᠲᠦᠭᠦᠭᠡᠷᠦᠮᠵᠢ ᠪᠠ ᠭᠦᠮᠦᠨ ᠰᠠᠭᠤᠷᠢᠰᠢᠯ ᠤᠨ ᠠᠮᠢ ᠠᠬᠤᠢ ᠶᠢᠨ | ᠤᠷᠴᠢᠨ ᠲᠤᠭᠤᠷᠢᠨ ᠢ ᠦᠭᠡᠷᠡᠴᠢᠯᠡᠨ ᠰᠠᠶᠢᠵᠢᠷᠠᠭᠤᠯᠬᠤ ᠠᠵᠢᠯ ᠢ ᠵᠢᠭᠠᠨ ᠵᠢᠯᠦᠭᠤᠳᠤᠨ᠎ᠠ︔ ᠵᠢᠵᠢᠭ ᠬᠤᠲᠠ | ᠪᠠᠯᠭᠠᠰᠤᠨ ᠤ ᠪᠦᠳᠦᠭᠡᠨ ᠪᠠᠶᠢᠭᠤᠯᠤᠯᠲᠠ ᠪᠠ ᠲᠤᠰᠬᠤᠨ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢᠨ | ᠲᠤᠷᠰᠢᠯᠲᠠ ᠶᠢᠨ ᠴᠢᠭ ᠤᠨ ᠠᠵᠢᠯ ᠢ ᠬᠠᠷᠢᠭᠤᠴᠠᠵᠦ᠂ ᠰᠦᠩ ᠱᠠᠨ ᠲᠤᠭᠤᠷᠢᠭ ᠤᠨ ᠭᠤᠤᠯᠳᠠᠯᠭ᠎ᠠ ᠲᠠᠢ | ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢ ᠵᠢᠭᠠᠨ ᠵᠢᠯᠦᠭᠤᠳᠤᠨ᠎ᠠ᠃ | ᠶᠢᠰᠦ᠂ ᠪᠠᠷᠢᠯᠭ᠎ᠠ ᠶᠢᠨ ᠢᠨᠵᠧᠨᠧᠷᠢᠩ ᠤᠨ ᠶᠠᠰᠦ ᠴᠢᠨᠡᠷ ᠤᠨ ᠠᠮᠤᠷ ᠲᠦᠪᠰᠢᠨ ᠢ ᠬᠢᠨᠡᠨ ᠬᠠᠮᠢᠶᠠᠷᠬᠤ | ᠬᠠᠷᠢᠭᠤᠴᠠᠯᠭ᠎ᠠ ᠶᠢ ᠡᠭᠦᠷᠭᠡᠯᠡᠨ᠎ᠡ᠃ ᠪᠠᠨᠷᠢᠯᠭᠠ ᠶᠢᠨ ᠢᠨᠵᠧᠨᠧᠷᠢᠩ ᠤᠨ ᠶᠠᠰᠦ ᠴᠢᠨᠡᠷ᠂ ᠪᠠᠷᠢᠯᠭ᠎ᠠ ᠶᠢᠨ | ᠦᠢᠯᠡᠳᠪᠦᠷᠢᠯᠡᠯ ᠤᠨ ᠠᠮᠤᠷ ᠲᠦᠪᠰᠢᠨ ᠪᠠ ᠪᠠᠷᠢᠯᠭ᠎ᠠ ᠳᠠᠭᠤᠰᠴᠤ ᠰᠢᠯᠭᠠᠨ ᠠᠪᠴᠤ ᠳᠠᠩᠰᠠᠨ ᠳᠤ ᠲᠡᠮᠳᠡᠭᠯᠡᠬᠦ | ᠲᠦᠷᠦ ᠶᠢᠨ ᠪᠤᠳᠤᠯᠭ᠎ᠠ᠂ ᠳᠦᠷᠢᠮ ᠲᠤᠭᠲᠠᠭᠠᠯ ᠢ ᠬᠢᠨᠡᠨ ᠬᠡᠷᠡᠭᠵᠢᠭᠦᠯᠦᠨ᠎ᠠ︔ ᠢᠨᠵᠧᠨᠧᠷᠢᠩ ᠤᠨ ᠴᠢᠬᠤᠯᠨ ᠶᠡᠭᠡ | ᠶᠠᠰᠦ ᠴᠢᠨᠡᠷ᠂ ᠠᠮᠤᠷ ᠲᠦᠪᠰᠢᠨ ᠤ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠵᠤᠬᠢᠶᠠᠨ ᠪᠠᠶᠢᠭᠤᠯᠬᠤ ᠪᠠ | ᠤᠷᠤᠯᠴᠠᠵᠦ᠂ ᠪᠠᠷᠢᠯᠭ᠎ᠠ ᠶᠢᠨ ᠦᠢᠯᠡᠰ᠂ ᠢᠨᠵᠧᠨᠧᠷᠢᠩ ᠤᠨ ᠬᠠᠶᠢᠨ ᠪᠠᠶᠢᠴᠠᠭᠠᠵᠦ ᠲᠦᠯᠦᠪᠯᠡᠬᠦ ᠯᠠᠪᠯᠠᠬᠤ | ᠦᠢᠯᠡᠰ ᠤᠨ ᠮᠡᠷᠭᠡᠵᠢᠯ ᠤᠨ ᠲᠦᠷᠦ ᠶᠢᠨ ᠪᠤᠳᠤᠯᠭ᠎ᠠ ᠶᠢ ᠲᠦᠯᠦᠪᠯᠡᠨ ᠲᠤᠭᠲᠠᠭᠠᠬᠤ ᠶᠢᠨ ᠬᠠᠮᠳᠦ ᠵᠢᠭᠠᠨ | ᠵᠢᠯᠦᠭᠤᠳᠤᠨ ᠬᠡᠷᠡᠭᠵᠢᠭᠦᠯᠦᠨ᠎ᠠ᠃ | ᠠᠷᠪᠠ᠂ ᠪᠠᠷᠢᠯᠭ᠎ᠠ ᠶᠢᠨ ᠡᠨᠧᠷᠬᠢ ᠠᠷᠪᠢᠯᠠᠬᠤ᠂ ᠬᠤᠲᠠ ᠪᠠᠯᠭᠠᠰᠤᠨ ᠤ ᠪᠤᠬᠢᠷᠳᠦᠯ ᠢ ᠭᠠᠳᠠᠭᠰᠢᠯᠠᠭᠤᠯᠬᠤ ᠶᠢ | ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠠ᠃ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠨ ᠰᠦᠩ ᠱᠠᠨ | ᠲᠤᠭᠤᠷᠢᠭ ᠤᠨ ᠪᠠᠷᠢᠯᠭ᠎ᠠ ᠶᠢᠨ ᠡᠨᠧᠷᠬᠢ ᠠᠷᠪᠢᠯᠠᠬᠤ ᠲᠦᠷᠦ ᠶᠢᠨ ᠪᠤᠳᠤᠯᠭ᠎ᠠ᠂ ᠲᠦᠯᠦᠪᠵᠢᠭᠦᠯᠭᠡ ᠶᠢ ᠲᠦᠯᠦᠪᠯᠡᠨ | ᠲᠤᠭᠲᠠᠭᠠᠬᠤ ᠶᠢᠨ ᠬᠠᠮᠳᠦ ᠬᠢᠨᠡᠯᠲᠡ ᠲᠠᠯᠪᠢᠨ ᠬᠡᠷᠡᠭᠵᠢᠭᠦᠯᠦᠨ᠎ᠠ︔ ᠴᠢᠬᠤᠯᠨ ᠶᠡᠭᠡ ᠪᠠᠷᠢᠯᠭ᠎ᠠ ᠶᠢᠨ ᠡᠨᠧᠷᠬᠢ | ᠠᠷᠪᠢᠯᠠᠬᠤ ᠲᠦᠷᠦᠯ ᠵᠦᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠭᠡᠷ ᠪᠠᠶᠢᠰᠢᠩ ᠬᠡᠷᠡᠮ ᠬᠠᠨ᠎ᠠ ᠶᠢᠨ | ᠮᠠᠲ᠋ᠧᠷᠢᠶᠡᠯ ᠢ ᠰᠢᠨᠡᠳᠬᠡᠬᠦ ᠠᠵᠢᠯ ᠢ ᠵᠢᠭᠠᠨ ᠵᠢᠯᠦᠭᠤᠳᠤᠨ᠎ᠠ︔ ᠤᠷᠤᠨ ᠰᠠᠭᠤᠴᠠ ᠪᠠ ᠬᠤᠲᠠ ᠪᠠᠯᠭᠠᠰᠤᠨ ᠤ | ᠪᠦᠳᠦᠭᠡᠨ ᠪᠠᠶᠢᠭᠤᠯᠤᠯᠲᠠ ᠶᠢᠨ ᠭᠦᠷᠢᠶᠡᠨ ᠳᠠᠬᠢ ᠰᠢᠨᠵᠢᠯᠡᠭᠡ ᠮᠡᠷᠭᠡᠵᠢᠯ ᠤᠨ ᠲᠦᠷᠦ ᠶᠢᠨ ᠪᠤᠳᠤᠯᠭ᠎ᠠ ᠪᠠ | ᠭᠦᠭᠵᠢᠭᠦᠯᠦᠯᠲᠠ ᠶᠢᠨ ᠲᠦᠯᠦᠪᠵᠢᠭᠦᠯᠭᠡ ᠶᠢ ᠲᠦᠯᠦᠪᠯᠡᠨ ᠲᠤᠭᠲᠠᠭᠠᠵᠦ᠂ ᠴᠢᠬᠤᠯᠨ ᠶᠡᠭᠡ ᠰᠢᠨᠵᠢᠯᠡᠭᠡ ᠮᠡᠷᠭᠡᠵᠢᠯ ᠤᠨ | ᠲᠦᠷᠦᠯ ᠵᠦᠢᠯ ᠤᠨ ᠪᠤᠭᠤᠮᠲᠠ ᠰᠢᠪᠳᠤᠯᠬᠤ ᠪᠠ ᠰᠢᠨᠵᠢᠯᠡᠭᠡ ᠮᠡᠷᠭᠡᠵᠢᠯ ᠤᠨ ᠦᠷ᠎ᠡ ᠪᠦᠳᠦᠭᠡᠯ ᠤᠨ ᠤᠯᠠᠷᠢᠨ | ᠬᠤᠪᠢᠷᠠᠯᠲᠠ ᠶᠢ ᠵᠤᠬᠢᠶᠠᠨ ᠪᠠᠶᠢᠭᠤᠯᠤᠨ᠎ᠠ︔ ᠪᠠᠷᠢᠯᠭ᠎ᠠ ᠶᠢᠨ ᠡᠨᠧᠷᠬᠢ ᠠᠷᠪᠢᠯᠠᠬᠤ᠂ ᠬᠤᠲᠠ ᠪᠠᠯᠭᠠᠰᠤᠨ ᠤ | ᠪᠤᠬᠢᠷᠳᠦᠯ ᠢ ᠭᠠᠳᠠᠭᠰᠢᠯᠠᠭᠤᠯᠬᠤ ᠴᠢᠳᠠᠮᠵᠢ ᠶᠢ ᠬᠢᠨᠡᠨ ᠬᠠᠮᠢᠶᠠᠷᠬᠤ ᠶᠢ ᠬᠠᠷᠢᠭᠤᠴᠠᠨ᠎ᠠ᠃ | ᠠᠷᠪᠠᠨ ᠨᠢᠭᠡ᠂ ᠤᠷᠤᠨ ᠰᠠᠭᠤᠴᠠ ᠪᠠ ᠬᠤᠲᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢᠨ ᠲᠡᠯ᠎ᠡ ᠶᠢᠨ | ᠭᠠᠳᠠᠭᠠᠳᠦ ᠰᠤᠯᠢᠯᠴᠠᠭ᠎ᠠ ᠪᠠ ᠬᠠᠮᠳᠤᠷᠠᠯᠴᠠᠭ᠎ᠠ ᠶᠢ ᠦᠷᠨᠢᠭᠦᠯᠦᠨ᠎ᠠ᠃ | ᠠᠷᠪᠠᠨ ᠬᠤᠶᠠᠷ᠂ ᠰᠦᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠠ ᠤᠯᠠᠭᠠᠨᠬᠠᠲᠠ | ᠬᠤᠲᠠ ᠶᠢᠨ ᠤᠷᠤᠨ ᠰᠠᠭᠤᠴᠠ ᠪᠠ ᠬᠤᠲᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢᠨ ᠵᠦᠪᠯᠡᠯ ᠤᠨ ᠲᠤᠰᠢᠶᠠᠨ | ᠭᠦᠢᠴᠡᠳᠬᠡᠯᠬᠡᠬᠦ ᠪᠤᠰᠤᠳ ᠬᠡᠷᠡᠭ ᠤᠴᠢᠷ ᠢ ᠳᠠᠭᠠᠭᠠᠨ ᠭᠦᠢᠴᠡᠳᠬᠡᠨ᠎ᠡ᠃ | |