ᠭᠤᠤᠯ ᠡᠭᠦᠷᠭᠡ ᠬᠠᠷᠢᠭᠤᠴᠠᠯᠭ᠎ᠠ᠄ | ᠨᠢᠭᠡ᠂ ᠨᠡᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠦᠪᠡᠷᠲᠡᠭᠡᠨ ᠵᠠᠰᠠᠬᠤ ᠤᠷᠤᠨ᠂ | ᠤᠯᠠᠭᠠᠨᠬᠠᠲᠠ ᠬᠤᠲᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠦᠮᠵᠢ ᠪᠠ ᠤᠷᠤᠨ ᠲᠤᠭ᠎ᠠ ᠶᠢᠨ | ᠦᠭᠡᠷᠡᠴᠢᠯᠡᠯᠲᠡ᠂ ᠪᠠᠶᠢᠭᠤᠯᠤᠮᠵᠢ ᠶᠢᠨ ᠤᠷᠤᠨ ᠲᠤᠭ᠎ᠠ ᠶᠢᠨ ᠬᠠᠮᠢᠶᠠᠷᠤᠯᠲᠠ ᠶᠢᠨ ᠲᠤᠬᠠᠢ ᠴᠢᠭᠯᠡᠯᠲᠡ᠂ ᠲᠦᠷᠦ ᠶᠢᠨ | ᠪᠤᠳᠤᠯᠭ᠎ᠠ᠂ ᠬᠠᠤᠯᠢ ᠴᠠᠭᠠᠵᠠ᠂ ᠬᠠᠤᠯᠢ ᠳᠦᠷᠢᠮ ᠢ ᠲᠤᠭᠤᠰᠢᠯᠠᠭᠤᠯᠤᠨ ᠨᠠᠶᠢᠳᠡᠪᠦᠷᠢᠵᠢᠭᠤᠯᠤᠨᠠ︔ ᠰᠦᠩ ᠱᠠᠨ | ᠲᠤᠭᠤᠷᠢᠭ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠦᠮᠵᠢ ᠪᠠ ᠤᠷᠤᠨ ᠲᠤᠭ᠎ᠠ ᠶᠢᠨ ᠦᠭᠡᠷᠡᠴᠢᠯᠡᠯᠲᠡ | ᠵᠢᠴᠢ ᠪᠠᠶᠢᠭᠤᠯᠤᠮᠵᠢ ᠶᠢᠨ ᠤᠷᠤᠨ ᠲᠤᠭ᠎ᠠ ᠶᠢᠨ ᠬᠠᠮᠢᠶᠠᠷᠤᠯᠲᠠ ᠶᠢᠨ ᠲᠤᠬᠠᠢ ᠲᠦᠷᠦ ᠶᠢᠨ ᠪᠤᠳᠤᠯᠭ᠎ᠠ᠂ ᠬᠠᠤᠯᠢ | ᠳᠦᠷᠢᠮ᠂ ᠵᠤᠷᠪᠤᠰ ᠳᠦᠷᠢᠮ᠂ ᠠᠷᠭ᠎ᠠ ᠵᠡᠷᠭᠡ ᠶᠢ ᠰᠤᠳᠤᠯᠤᠨ ᠵᠤᠬᠢᠶᠠᠬᠤ ᠶᠢᠨ ᠬᠠᠮᠲᠦ ᠬᠢᠨᠠᠯᠲᠠ ᠲᠠᠯᠪᠢᠨ | ᠬᠡᠷᠡᠭᠵᠢᠭᠦᠯᠦᠨ᠎ᠡ︔ ᠪᠦᠬᠦ ᠲᠤᠭᠤᠷᠢᠭ ᠤᠨ ᠪᠠᠶᠢᠭᠤᠯᠤᠮᠵᠢ ᠶᠢᠨ ᠤᠷᠤᠨ ᠲᠤᠭ᠎ᠠ ᠶᠢᠨ ᠠᠵᠢᠯ ᠤᠨ ᠳᠤᠮᠳᠠ ᠤᠷᠳᠤ | ᠬᠤᠭᠤᠴᠠᠭᠠᠨ ᠤ ᠲᠦᠯᠦᠪᠵᠢᠭᠦᠯᠭᠡ ᠪᠠ ᠤᠨ ᠤ ᠠᠵᠢᠯ ᠤᠨ ᠲᠦᠯᠦᠪᠯᠡᠭᠡ ᠶᠢ ᠰᠤᠳᠤᠯᠤᠨ ᠲᠤᠭᠲᠠᠭᠠᠬᠤ ᠶᠢᠨ ᠬᠠᠮᠳᠦ | ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠰᠦᠩ ᠱᠠᠨ ᠲᠤᠭᠤᠷᠢᠭ ᠤᠨ ᠡᠯ᠎ᠡ ᠱᠠᠳᠤᠨ ᠤ ᠨᠡᠮ ᠵᠠᠰᠠᠭ ᠤᠨ | ᠪᠠᠶᠢᠭᠤᠯᠭ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ᠂ ᠰᠢᠭᠦᠬᠦ | ᠬᠤᠷᠢᠶ᠎ᠠ᠂ ᠪᠠᠶᠢᠴᠠᠭᠠᠬᠤ ᠬᠤᠷᠢᠶ᠎ᠠ᠂ ᠡᠯ᠎ᠡ ᠠᠷᠠᠳᠴᠢᠯᠠᠭᠰᠡᠨ ᠨᠡᠮ ᠪᠦᠯᠦᠭ ᠢ ᠨᠢᠭᠡᠳᠦᠯᠲᠡᠢ ᠬᠠᠮᠢᠶᠠᠷᠤᠨ᠎ᠠ︔ | ᠠᠷᠠᠳ ᠤᠨ ᠪᠦᠯᠭᠦᠮ ᠤᠨ ᠪᠠᠶᠢᠭᠤᠯᠭ᠎ᠠ ᠵᠢᠴᠢ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠮᠵᠢ ᠶᠢᠨ ᠤᠷᠤᠨ | ᠲᠤᠭ᠎ᠠ ᠶᠢᠨ ᠠᠵᠢᠯ ᠢ ᠬᠠᠷᠢᠭᠤᠴᠠᠨ᠎ᠠ᠃ | ᠬᠤᠶᠠᠷ᠂ ᠪᠦᠬᠦ ᠲᠤᠭᠤᠷᠢᠭ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠤᠮᠵᠢ ᠪᠠ | ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠶᠡᠷᠦᠩᠭᠡᠢ ᠲᠦᠰᠦᠯ ᠢ ᠰᠤᠳᠤᠯᠤᠨ ᠵᠤᠬᠢᠶᠠᠨ᠎ᠠ︔ ᠰᠦᠩ ᠱᠠᠨ | ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠪᠠ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠨᠡᠮ ᠵᠠᠰᠠᠭ ᠤᠨ | ᠪᠠᠶᠢᠭᠤᠯᠭ᠎ᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠲᠦᠰᠦᠯ ᠢ ᠰᠤᠳᠤᠯᠤᠨ ᠵᠤᠬᠢᠶᠠᠨ᠎ᠠ︔ ᠰᠦᠩ ᠱᠠᠨ | ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠰᠠᠯᠠᠭ᠎ᠠ ᠮᠦᠴᠢᠷ ᠤᠨ ᠡᠭᠦᠷᠭᠡ ᠴᠢᠳᠠᠮᠵᠢ ᠶᠢᠨ | ᠪᠠᠶᠢᠷᠢᠯᠠᠭᠤᠯᠤᠯᠲᠠ᠂ ᠳᠤᠳᠤᠭᠠᠳᠦ ᠶᠢᠨ ᠪᠠᠶᠢᠭᠤᠯᠤᠮᠵᠢ᠂ ᠠᠵᠢᠯᠲᠠᠨ ᠤ ᠤᠷᠤᠨ ᠲᠤᠭ᠎ᠠ ᠶᠢᠨ ᠲᠤᠭᠲᠠᠭᠠᠯ ︵ | ᠲᠦᠰᠦᠯ︶ ᠪᠠ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠲᠦᠰᠦᠯ ᠢ | ᠬᠢᠨᠡᠨ ᠬᠠᠷᠭᠤᠭᠤᠯᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠲᠤᠭᠤᠷᠢᠭ ᠤᠨ ᠡᠯ᠎ᠡ | ᠱᠠᠳᠤᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ᠂ ᠪᠠᠶᠢᠭᠤᠯᠤᠮᠵᠢ ᠶᠢᠨ | ᠦᠭᠡᠷᠡᠴᠢᠯᠡᠯᠲᠡ ᠵᠢᠴᠢ ᠪᠠᠶᠢᠭᠤᠯᠤᠮᠵᠢ ᠶᠢᠨ ᠤᠷᠤᠨ ᠲᠤᠭ᠎ᠠ ᠶᠢᠨ ᠬᠠᠮᠢᠶᠠᠷᠤᠯᠲᠠ ᠶᠢᠨ ᠠᠵᠢᠯ ᠢ ᠵᠢᠭᠠᠨ ᠵᠢᠯᠦᠭᠤᠳᠤᠨ | ᠵᠤᠬᠢᠴᠠᠭᠤᠯᠤᠨ᠎ᠠ᠃ | ᠭᠤᠷᠪᠠ᠂ ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠠᠵᠢᠯ ᠤᠨ ᠰᠠᠯᠠᠭ᠎ᠠ ᠮᠦᠴᠢᠷ ᠤᠨ | ᠡᠭᠦᠷᠭᠡ ᠴᠢᠳᠠᠮᠵᠢ ᠶᠢᠨ ᠪᠠᠶᠢᠷᠢᠯᠠᠭᠤᠯᠤᠯᠲᠠ ᠵᠢᠴᠢ ᠲᠤᠬᠢᠷᠠᠭᠤᠯᠤᠯᠲᠠ ᠶᠢᠨ ᠠᠵᠢᠯ ᠢ ᠬᠠᠮᠢᠶᠠᠷᠴᠤ᠂ ᠡᠯ᠎ᠡ ᠰᠠᠯᠠᠭ᠎ᠠ | ᠮᠦᠴᠢᠷ ᠤᠨ ᠬᠤᠭᠤᠷᠤᠨᠳᠤᠬᠢ᠂ ᠡᠯ᠎ᠡ ᠰᠠᠯᠠᠭ᠎ᠠ ᠮᠦᠴᠢᠷ ᠪᠠ ᠰᠢᠶᠠᠩ ᠪᠠᠯᠭᠠᠰᠤ ᠵᠡᠭᠡᠯᠢ ᠭᠤᠳᠤᠮᠵᠢ ᠶᠢᠨ | ᠬᠤᠭᠤᠷᠤᠨᠳᠤᠬᠢ ᠡᠷᠬᠡ ᠮᠡᠳᠡᠯ ᠵᠢᠴᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠡᠯ ᠢ ᠵᠤᠬᠢᠴᠠᠭᠤᠯᠤᠨ᠎ᠠ᠃ | ᠳᠦᠷᠪᠡ᠂ ᠤᠯᠠᠭᠠᠨᠬᠠᠲᠠ ᠬᠤᠲᠠ ᠶᠢᠨ ᠳᠤᠷᠤᠭᠰᠢ ᠪᠠᠭᠤᠯᠭᠠᠭᠰᠡᠨ ᠵᠠᠰᠠᠭ ᠵᠠᠬᠢᠷᠭᠠᠨ ᠤ ᠤᠷᠤᠨ ᠲᠤᠭ᠎ᠠ ᠶᠢᠨ | ᠶᠡᠷᠦᠩᠭᠡᠢ ᠲᠤᠭ᠎ᠠ ᠶᠢ ᠦᠨᠳᠦᠰᠦᠯᠡᠵᠦ᠂ ᠲᠤᠭᠤᠷᠢᠭ ᠤᠨ ᠳᠡᠰ ᠤᠨ ᠵᠠᠰᠠᠭ ᠵᠠᠬᠢᠷᠭᠠᠨ ᠤ ᠤᠷᠤᠨ ᠲᠤᠭ᠎ᠠ ᠶᠢ | ᠬᠤᠪᠢᠶᠠᠷᠢᠯᠡᠨ ᠬᠡᠷᠡᠭᠯᠡᠬᠦ ᠲᠦᠰᠦᠯ ᠢ ᠰᠤᠳᠤᠯᠤᠨ ᠵᠤᠬᠢᠶᠠᠵᠦ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠵᠠᠰᠠᠭ | ᠵᠠᠬᠢᠷᠭᠠᠨ ᠤ ᠤᠷᠤᠨ ᠲᠤᠭ᠎ᠠ ᠶᠢᠨ ᠶᠡᠷᠦᠩᠭᠡᠢ ᠲᠤᠭ᠎ᠠ ᠶᠢ ᠬᠠᠮᠢᠶᠠᠷᠤᠨ ᠬᠤᠪᠢᠶᠠᠷᠢᠯᠡᠨᠡ︔ ᠳ᠋ᠠᠩ ᠵᠢᠭᠰᠠᠭᠠᠭᠰᠡᠨ | ᠤᠷᠤᠨ ᠲᠤᠭ᠎ᠠ ᠵᠢᠴᠢ ᠡᠯ᠎ᠡ ᠲᠦᠷᠦᠯ ᠤᠨ ᠲᠤᠰᠬᠠᠢ ᠲᠦᠷᠦᠯ ᠤᠨ ᠤᠷᠤᠨ ᠲᠤᠭ᠎ᠠ ᠶᠢᠨ ᠬᠤᠪᠢᠶᠠᠷᠢᠯᠡᠯᠲᠡ ᠪᠠ | ᠬᠠᠮᠢᠶᠠᠷᠤᠯᠲᠠ ᠶᠢ ᠬᠠᠷᠢᠭᠤᠴᠠᠨ᠎ᠠ᠃ | ᠲᠠᠪᠤ᠂ ᠲᠤᠭᠤᠷᠢᠭ ᠤᠨ ᠨᠡᠮ ᠵᠠᠰᠠᠭ ᠤᠯᠠᠨ ᠲᠦᠮᠡᠨᠴᠢ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢ | ᠪᠠᠶᠢᠭᠤᠯᠬᠤ᠂ ᠬᠠᠰᠤᠨ ᠨᠡᠶᠢᠯᠡᠭᠦᠯᠬᠦ᠂ ᠨᠡᠷ᠎ᠡ ᠰᠤᠯᠢᠬᠤ᠂ ᠫᠠᠶᠢᠰᠠ ᠡᠯᠬᠦᠬᠦ ᠪᠠ ᠪᠠᠶᠢᠭᠤᠯᠤᠮᠵᠢ ᠶᠢᠨ ᠳᠡᠰ ᠢᠯᠭᠠᠯ᠂ | ᠬᠡᠪᠴᠢᠶ᠎ᠡ ᠶᠢ ᠲᠤᠭᠲᠠᠭᠠᠬᠤ ᠵᠡᠷᠭᠡ ᠬᠡᠷᠡᠭ ᠤᠴᠢᠷ ᠢ ᠨᠢᠭᠡᠳᠦᠯᠲᠡᠢ ᠳᠠᠭᠠᠭᠠᠴᠢᠯᠡᠨ ᠭᠦᠢᠴᠡᠳᠬᠡᠨ᠎ᠡ︔ ᠲᠤᠭᠤᠷᠢᠭ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ᠂ ᠰᠦᠭᠦᠬᠦ ᠬᠤᠷᠢᠶ᠎ᠠ᠂ | ᠪᠠᠶᠢᠴᠠᠭᠠᠬᠤ ᠬᠤᠷᠢᠶ᠎ᠠ ᠶᠢᠨ ᠳᠤᠳᠤᠭᠠᠳᠦ ᠪᠠᠶᠢᠭᠤᠯᠤᠮᠵᠢ ᠶᠢᠨ ᠲᠤᠬᠢᠷᠠᠭᠤᠯᠤᠯᠲᠠ ᠬᠤᠪᠢᠷᠠᠯᠲᠠ ᠶᠢᠨ ᠬᠡᠷᠡᠭ ᠤᠴᠢᠷ ᠢ | ᠳᠠᠭᠠᠭᠠᠴᠢᠯᠡᠨ ᠭᠦᠢᠴᠡᠳᠬᠡᠨ᠎ᠡ︔ ᠪᠦᠬᠦ ᠲᠤᠭᠤᠷᠢᠭ ᠤᠨ ᠡᠯ᠎ᠡ ᠱᠠᠳᠤᠨ ᠤ ᠪᠠᠶᠢᠭᠤᠯᠭ᠎ᠠ ᠶᠢᠨ ᠲᠠᠰᠤᠭ ᠤᠨ ᠳᠡᠰ ᠤᠨ | ᠪᠠᠶᠢᠭᠤᠯᠤᠮᠵᠢ ᠵᠢᠴᠢ ᠠᠳᠠᠯᠢᠬᠠᠨ ᠳᠡᠰ ᠤᠨ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠭᠳᠠᠬᠤ᠂ ᠬᠠᠰᠤᠨ | ᠨᠡᠶᠢᠯᠡᠭᠦᠯᠬᠦ᠂ ᠨᠡᠷ᠎ᠡ ᠰᠤᠯᠢᠬᠤ᠂ ᠫᠠᠶᠢᠰᠠ ᠨᠡᠮᠡᠵᠦ ᠡᠯᠬᠦᠭᠦ ᠪᠠ ᠬᠡᠪᠴᠢᠶ᠎ᠡ ᠲᠤᠭᠲᠠᠭᠠᠬᠤ ᠠᠵᠢᠯ ᠢ ᠬᠢᠨᠡᠨ | ᠵᠦᠪᠰᠢᠶᠠᠷᠠᠬᠦ ᠶᠢ ᠬᠠᠷᠢᠭᠤᠴᠠᠨ᠎ᠠ᠃ | ᠵᠢᠷᠭᠤᠭ᠎ᠠ᠂ ᠰᠦᠩ ᠱᠠᠨ ᠲᠤᠭᠤᠷᠢᠭ ᠤᠨ ᠡᠯ᠎ᠡ ᠰᠠᠯᠠᠭ᠎ᠠ ᠮᠦᠴᠢᠷ᠂ ᠡᠯ᠎ᠡ ᠰᠢᠶᠠᠩ ᠪᠠᠯᠭᠠᠰᠤ᠂ ᠵᠡᠭᠡᠯᠢ | ᠭᠤᠳᠤᠮᠵᠢ ᠶᠢᠨ ᠰᠠᠯᠠᠭᠠᠨ ᠳᠡᠰ ᠲᠠᠢ ᠠᠳᠠᠯᠢᠬᠠᠨ ᠠᠵᠢᠯ ᠦᠢᠯᠡᠰ ᠤᠨ ᠨᠢᠭᠡᠴᠡ ᠶᠢᠨ ᠵᠢᠩᠬᠢᠨᠢ ᠳᠡᠳ᠋ ᠰᠠᠯᠠᠭᠠᠨ ᠳᠡᠰ | ᠤᠨ ᠤᠳᠤᠷᠢᠳᠬᠤ ᠲᠤᠰᠢᠶᠠᠯ ᠤᠨ ᠲᠤᠭ᠎ᠠ ᠶᠢ ᠬᠠᠮᠢᠶᠠᠷᠬᠤ ᠪᠠ ᠬᠢᠨᠡᠨ ᠬᠠᠷᠭᠤᠭᠤᠯᠬᠤ ᠶᠢ ᠬᠠᠷᠢᠭᠤᠴᠠᠨ᠎ᠠ᠃ | ᠳᠤᠯᠤᠭ᠎ᠠ᠂ ᠪᠦᠬᠦ ᠲᠤᠭᠤᠷᠢᠭ ᠤᠨ ᠠᠵᠢᠯ ᠦᠢᠯᠡᠰ ᠤᠨ ᠨᠢᠭᠡᠴᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ | ᠦᠭᠡᠷᠡᠴᠢᠯᠡᠯᠲᠡ ᠪᠠ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠳᠦᠰᠦᠯ ᠢ ᠰᠤᠳᠤᠯᠤᠨ ᠵᠤᠬᠢᠶᠠᠬᠤ ᠶᠢᠨ ᠬᠠᠮᠳᠦ | ᠵᠤᠬᠢᠶᠠᠨ ᠪᠠᠶᠢᠭᠤᠯᠤᠨ ᠬᠢᠨᠡᠯᠲᠡ ᠲᠠᠯᠪᠢᠨ ᠬᠡᠷᠡᠭᠵᠢᠭᠦᠯᠦᠨ᠎ᠡ︔ ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ | ᠵᠢᠴᠢ ᠡᠯ᠎ᠡ ᠰᠠᠯᠠᠭ᠎ᠠ ᠮᠦᠴᠢᠷ ᠤᠨ ᠬᠠᠷᠢᠶᠠᠯᠠᠭᠳᠠᠬᠤ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠮᠵᠢ ᠶᠢᠨ ᠤᠷᠤᠨ | ᠲᠤᠭ᠎ᠠ ᠶᠢ ᠬᠢᠨᠡᠨ ᠵᠦᠪᠰᠢᠶᠠᠷᠠᠨᠡ︔ ᠤᠯᠤᠰ᠂ ᠦᠪᠡᠷᠲᠡᠭᠡᠨ ᠵᠠᠰᠠᠬᠤ ᠤᠷᠤᠨ ᠪᠠ ᠤᠯᠠᠭᠠᠨᠬᠠᠲᠠ ᠬᠤᠲᠠ ᠶᠢᠨ | ᠱᠠᠭᠠᠷᠳᠠᠯᠭ᠎ᠠ ᠶᠤᠰᠤᠭᠠᠷ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠨ ᠠᠵᠢᠯ ᠦᠢᠯᠡᠰ ᠤᠨ ᠨᠢᠭᠡᠴᠡ ᠶᠢᠨ | ᠤᠷᠤᠨ ᠲᠤᠭ᠎ᠠ ᠲᠤᠭᠲᠠᠭᠠᠬᠤ ᠪᠠᠷᠢᠮᠵᠢᠶ᠎ᠠ ᠶᠢ ᠰᠤᠳᠤᠯᠤᠨ ᠵᠤᠬᠢᠶᠠᠨ᠎ᠠ︔ ᠪᠦᠬᠦ ᠲᠤᠭᠤᠷᠢᠭ ᠤᠨ ᠠᠵᠢᠯ ᠦᠢᠯᠡᠰ ᠤᠨ | ᠤᠷᠤᠨ ᠲᠤᠭ᠎ᠠ ᠶᠢᠨ ᠶᠡᠷᠦᠩᠭᠡᠢ ᠲᠤᠭ᠎ᠠ ᠶᠢ ᠬᠠᠮᠢᠶᠠᠷᠤᠨ᠎ᠠ︔ ᠲᠤᠭᠤᠷᠢᠭ ᠤᠨ ᠰᠢᠭᠤᠳ ᠬᠠᠷᠢᠶ᠎ᠠ ᠵᠢᠴᠢ ᠡᠯ᠎ᠡ | ᠰᠠᠯᠠᠭ᠎ᠠ ᠮᠦᠴᠢᠷ ᠤᠨ ᠬᠠᠷᠢᠶᠠᠯᠠᠭᠳᠠᠬᠤ ᠠᠵᠢᠯ ᠦᠢᠯᠡᠰ ᠤᠨ ᠨᠢᠭᠡᠴᠡ ᠶᠢᠨ ︽ᠲᠠᠪᠤ ᠶᠢ ᠲᠤᠭᠲᠠᠭᠠᠬᠤ︾ ᠠᠵᠢᠯ ᠢ | ᠬᠠᠷᠢᠭᠤᠴᠠᠨ᠎ᠠ᠂ ᠳᠠᠷᠦᠢ ᠪᠠᠶᠢᠭᠤᠯᠤᠮᠵᠢ ᠶᠢᠨ ᠬᠡᠪᠴᠢᠶ᠎ᠡ ᠶᠢ ᠲᠤᠭᠲᠠᠭᠠᠬᠤ᠂ ᠳᠤᠳᠤᠭᠠᠳᠦ ᠪᠠᠶᠢᠭᠤᠯᠤᠮᠵᠢ ᠶᠢ | ᠲᠤᠭᠲᠠᠭᠠᠬᠤ᠂ ᠤᠷᠤᠨ ᠲᠤᠭ᠎ᠠ ᠲᠤᠭᠲᠠᠭᠠᠬᠤ᠂ ᠠᠵᠢᠯᠲᠡᠨ ᠤ ᠪᠦᠳᠦᠴᠡ ᠶᠢ ᠲᠤᠭᠲᠠᠭᠠᠬᠤ ᠪᠠ ᠠᠯᠪᠠᠨ | ᠵᠠᠷᠤᠳᠠᠯ ᠤᠨ ᠢᠷᠡᠯᠲᠡ ᠶᠢ ᠲᠤᠭᠲᠠᠭᠠᠬᠤ ᠪᠤᠯᠤᠨ᠎ᠠ᠃ | ᠨᠠᠶᠢᠮᠨ᠂ ᠪᠦᠬᠦ ᠲᠤᠭᠤᠷᠢᠭ ᠤᠨ ᠡᠯ᠎ᠡ ᠱᠠᠳᠤᠨ ᠤ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ | ᠪᠠᠶᠢᠭᠤᠯᠤᠮᠵᠢ ᠶᠢᠨ ᠤᠷᠤᠨ ᠲᠤᠭ᠎ᠠ ᠶᠢᠨ ᠠᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ ᠪᠠ ᠬᠠᠮᠢᠶ᠎ᠠ ᠪᠦᠭᠦᠢ | ᠲᠤᠭᠲᠠᠭᠠᠯ ᠢ ᠨᠡᠶᠢᠳᠡᠪᠦᠷᠢᠵᠢᠭᠤᠯᠤᠨ ᠬᠡᠷᠡᠭᠵᠢᠭᠦᠯᠦᠭᠰᠡᠨ ᠪᠠᠶᠢᠳᠠᠯ ᠢ ᠬᠢᠨᠡᠯᠲᠡ ᠲᠠᠯᠪᠢᠨ ᠪᠠᠶᠢᠴᠠᠭᠠᠵᠦ᠂ ᠳᠦᠷᠢᠮ | ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ︔ ᠪᠦᠬᠦ ᠲᠤᠭᠤᠷᠢᠭ ᠤᠨ ᠪᠠᠶᠢᠭᠤᠯᠭ᠎ᠠ᠂ ᠠᠵᠢᠯ | ᠦᠢᠯᠡᠰ ᠤᠨ ᠨᠢᠭᠡᠴᠡ ᠶᠢᠨ ᠪᠠᠶᠢᠭᠤᠯᠤᠮᠵᠢ ᠶᠢᠨ ᠤᠷᠤᠨ ᠲᠤᠭ᠎ᠠ ᠶᠢᠨ ᠬᠠᠮᠢᠶᠠᠷᠤᠯᠲᠠ ᠶᠢᠨ ᠳᠡᠪᠲᠡᠷ ᠢ ᠵᠠᠬᠢᠶᠠᠯᠠᠨ | ᠦᠢᠯᠡᠳᠬᠦ ᠵᠢᠴᠢ ᠵᠤᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ | ᠶᠢᠰᠦ᠂ ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠬᠡᠷᠡᠭᠯᠡᠬᠦ | ᠬᠤᠭᠤᠰᠤᠨ ᠤᠷᠤᠨ ᠲᠤᠭ᠎ᠠ ᠶᠢ ᠬᠢᠨᠡᠨ ᠵᠦᠪᠰᠢᠶᠡᠷᠡᠬᠦ ᠠᠵᠢᠯ ᠢ ᠬᠠᠷᠢᠭᠤᠴᠠᠵᠦ᠂ ᠬᠠᠮᠢᠶ᠎ᠠ ᠪᠦᠭᠦᠢ ᠰᠠᠯᠠᠭ᠎ᠠ | ᠮᠦᠴᠢᠷ ᠲᠠᠢ ᠬᠠᠮᠵᠢᠯᠴᠡᠨ ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ | ᠤᠷᠤᠨ ᠲᠤᠭ᠎ᠠ ᠪᠠᠷ ᠦᠨᠳᠦᠰᠦᠯᠡᠯ ᠪᠤᠯᠭᠠᠨ ᠭᠦᠮᠦᠨ ᠨᠡᠮᠡᠭᠳᠡᠭᠦᠯᠬᠦ ᠲᠦᠯᠦᠪᠯᠡᠭᠡ ᠶᠢ ᠲᠤᠭᠲᠠᠭᠠᠨ᠎ᠠ︔ ᠪᠦᠬᠦ | ᠲᠤᠭᠤᠷᠢᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠮᠵᠢ ᠶᠢᠨ ᠤᠷᠤᠨ ᠲᠤᠭ᠎ᠠ ᠪᠠ | ᠠᠵᠢᠯᠲᠡᠨ ᠤ ᠵᠢᠯ ᠤᠨ ᠪᠦᠷᠢᠳᠬᠡᠯ ᠤᠨ ᠠᠵᠢᠯ ᠢ ᠬᠠᠷᠢᠭᠤᠴᠠᠨ᠎ᠠ᠃ | ᠠᠷᠪᠠ᠂ ᠤᠯᠤᠰ ᠤᠨ ᠠᠵᠢᠯ ᠦᠢᠯᠡᠰ ᠤᠨ ᠨᠢᠭᠡᠴᠡ ᠶᠢ ᠳᠠᠩᠰᠠᠯᠠᠨ ᠬᠠᠮᠢᠶᠠᠷᠬᠤ ᠲᠦᠷ ᠬᠡᠷᠡᠭᠵᠢᠭᠦᠯᠬᠦ | ᠵᠤᠷᠪᠤᠰ ᠢ ᠲᠤᠭᠤᠰᠢᠯᠠᠭᠤᠯᠤᠨ ᠬᠡᠷᠡᠭᠵᠢᠭᠦᠯᠬᠦ ᠶᠢᠨ ᠬᠠᠮᠳᠦ ᠠᠵᠢᠯ ᠦᠢᠯᠡᠰ ᠤᠨ ᠨᠢᠭᠡᠴᠡ ᠶᠢᠨ ᠬᠠᠤᠯᠢ ᠶᠢᠨ | ᠡᠷᠬᠡᠲᠡᠨ ᠢ ᠳᠠᠩᠰᠠᠯᠠᠨ ᠬᠠᠮᠢᠶᠠᠷᠬᠤ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠠᠷᠪᠠᠨ ᠨᠢᠭᠡ᠂ ᠪᠦᠬᠦ ᠲᠤᠭᠤᠷᠢᠭ ᠤᠨ ᠡᠯ᠎ᠡ ᠱᠠᠳᠤᠨ ᠤ ᠪᠠᠶᠢᠭᠤᠯᠤᠮᠵᠢ ᠶᠢᠨ ᠦᠭᠡᠷᠡᠴᠢᠯᠡᠯᠲᠡ᠂ | ᠪᠠᠶᠢᠭᠤᠯᠤᠮᠵᠢ ᠶᠢᠨ ᠤᠷᠤᠨ ᠲᠤᠭ᠎ᠠ ᠶᠢᠨ ᠬᠠᠮᠢᠶᠠᠷᠤᠯᠲᠠ ᠪᠠ ᠠᠵᠢᠯ ᠦᠢᠯᠡᠰ ᠤᠨ ᠨᠢᠭᠡᠴᠡ ᠶᠢ ᠳᠠᠩᠰᠠᠯᠠᠨ | ᠬᠠᠮᠢᠶᠠᠷᠬᠤ ᠠᠵᠢᠯ ᠢ ᠵᠢᠯᠦᠭᠤᠳᠤᠨ᠎ᠠ᠃ | ᠠᠷᠪᠠᠨ ᠬᠤᠶᠠᠷ᠂ ᠲᠤᠭᠤᠷᠢᠭ ᠤᠨ ᠨᠡᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠤᠷᠳᠤᠨ᠂ | ᠲᠤᠭᠤᠷᠢᠭ ᠤᠨ ᠪᠠᠶᠢᠭᠤᠯᠤᠮᠵᠢ ᠶᠢᠨ ᠤᠷᠤᠨ ᠲᠤᠭ᠎ᠠ ᠶᠢᠨ ᠵᠦᠪᠯᠡᠯ ᠪᠠ ᠳᠡᠭᠡᠳᠦ ᠱᠠᠳᠤᠨ ᠤ ᠪᠠᠶᠢᠭᠤᠯᠤᠮᠵᠢ ᠶᠢᠨ | ᠤᠷᠤᠨ ᠲᠤᠭ᠎ᠠ ᠶᠢᠨ ᠠᠯᠪᠠᠨ ᠭᠡᠷ ᠤᠨ ᠲᠤᠰᠢᠶᠠᠨ ᠭᠦᠢᠴᠡᠳᠬᠡᠯᠭᠡᠬᠦ ᠪᠤᠰᠤᠳ ᠡᠭᠦᠷᠭᠡ ᠶᠢ ᠡᠭᠦᠷᠭᠡᠯᠡᠨ᠎ᠡ᠃ | |