ᠰᠦᠩ ᠱᠠᠨ ᠲᠣᠭᠤᠷᠢᠭ ᠤᠨ ᠲᠦᠢᠮᠤ ᠪᠠᠶᠢᠳᠠᠯ
ᠨᠡᠶᠢᠲᠡᠯᠡᠭᠰᠡᠨ ᠴᠠᠭ᠄
2017/8/29
     ᠤᠯᠠᠭᠠᠨᠬᠠᠳᠠ ᠬᠤᠲᠠ ᠶᠢᠨ ᠰᠦᠩ ᠱᠠᠨ ᠲᠣᠭᠤᠷᠢᠭ ᠨᠢ ᠤᠯᠠᠭᠠᠨᠬᠠᠳᠠ ᠬᠤᠲᠠ ᠶᠢᠨ ᠡᠮᠦᠨ᠎ᠡ ᠬᠡᠰᠡᠭ ᠲᠤ ᠪᠠᠶᠢᠷᠢᠯᠠᠵᠤ᠂ ᠴᠢᠯᠠᠭᠤᠲᠤ ᠠᠭᠤᠯᠠ᠂ ᠨᠢᠷᠤᠭᠤ ᠬᠠᠷᠠᠯᠠᠭ ᠠᠭᠤᠯᠠ᠂ ᠤᠯᠠᠭᠠᠨᠬᠠᠳᠠ ᠶᠢᠨ ᠰᠢᠷ᠎ᠠ ᠬᠦᠷᠦᠰᠦᠳᠤ ᠳᠣᠪᠣᠷᠬᠠᠭ ᠳᠡᠨᠵᠢ ᠶᠢᠨ ᠠᠭᠤᠯᠵᠠᠭᠤᠷ ᠬᠡᠰᠡᠭ᠂ ᠪᠠᠷᠠᠭᠤᠨ ᠯᠢᠶᠣᠤ ᠾᠧ ᠭᠤᠣᠯ ᠤᠨ ᠣᠰᠣᠨ ᠰᠢᠰᠲ᠋ᠧᠮ ᠤᠨ ᠳᠡᠭᠡᠳᠦ ᠤᠷᠤᠰᠬᠠᠯ ᠳᠤ ᠣᠷᠤᠰᠢᠨ᠎ᠠ᠃  ᠭᠠᠵᠠᠷ ᠵᠦᠢ ᠶᠢᠨ ᠪᠠᠶᠢᠷᠢᠰᠢᠯ ᠨᠢ ᠣᠮᠠᠷᠠᠲᠤ ᠦᠷᠭᠡᠷᠢᠭ ᠤᠨ 42 ̊ 01ʹ- 42 ̊ 43 ʹ᠂ ᠵᠡᠭᠦᠨ ᠤᠷᠲᠤᠷᠢᠭ ᠤᠨ 117 ̊ 47ʹ- 119 ̊ 39ʹ᠃ ᠰᠦᠩ ᠱᠠᠨ ᠲᠣᠭᠤᠷᠢᠭ ᠨᠢ ᠵᠡᠭᠦᠨ ᠦᠵᠦᠭᠦᠷ ᠨᠢ ᠬᠠᠷ᠎ᠠ ᠲᠣᠬᠤᠢ ᠪᠠᠯᠭᠠᠰᠤ ᠶᠢᠨ ᠠᠩᠴᠢᠨ ᠬᠠᠷᠠᠭ᠎ᠠ ᠠᠭᠤᠯᠠ ᠠᠴᠠ ᠵᠡᠭᠦᠨᠰᠢ 4.5 ᠺᠢᠯᠣᠮᠧᠲᠷ ᠳᠠᠬᠢ ᠯᠣᠤᠬ᠎ᠠ ᠶᠢᠨ ᠭᠤᠣᠯ ᠤᠨ ᠵᠡᠭᠦᠨ ᠡᠷᠭᠢ ᠬᠦᠷᠴᠦ᠂ ᠪᠠᠷᠠᠭᠤᠨ ᠦᠵᠦᠭᠦᠷ ᠨᠢ ᠳ᠋ᠠ ᠭᠤᠸᠠᠩ ᠳ᠋ᠢᠩ ᠽᠢ ᠠᠭᠤᠯᠠ ᠬᠦᠷᠴᠦ᠂ ᠡᠮᠦᠨ᠎ᠡ ᠦᠵᠦᠭᠦᠷ ᠨᠢ ᠯᠠᠥ ᠹᠦ᠋ ᠪᠠᠯᠭᠠᠰᠤ ᠶᠢᠨ ᠶᠠᠩ ᠱᠦ ᠸᠠᠨ ᠽᠢ ᠲᠤᠰᠬᠤᠨ ᠤ ᠡᠮᠦᠨ᠎ᠡ ᠲᠠᠯ᠎ᠠ ᠬᠦᠷᠦᠨ᠂ ᠬᠤᠶᠢᠳᠤ ᠦᠵᠦᠭᠦᠷ ᠨᠢ ᠬᠠᠷ᠎ᠠ ᠲᠣᠬᠤᠢ ᠪᠠᠯᠭᠠᠰᠤ ᠶᠢᠨ ᠲᠣᠭᠤᠭᠠᠴᠢ ᠶᠢᠨ ᠠᠶᠢᠯ ᠤᠨ ᠪᠧᠢ ᠱᠢ ᠮᠧᠨ ᠭᠤᠤ ᠬᠦᠷᠴᠦ᠂ ᠭᠠᠵᠠᠷ ᠵᠦᠢ ᠶᠢᠨ ᠵᠢᠷᠤᠭ ᠨᠢ ᠡᠮᠬᠢ ᠵᠢᠷᠤᠮ ᠦᠭᠡᠢ ᠣᠯᠠᠨ ᠲᠠᠯᠠᠲᠤ ᠴᠢᠨᠠᠷ ᠲᠠᠢ᠃ ᠵᠡᠭᠦᠨ ᠠᠴᠠ ᠪᠠᠷᠠᠭᠤᠨᠰᠢ ᠬᠠᠮᠤᠭ ᠤᠷᠲᠤ ᠳᠤ ᠪᠠᠨ 152.5 ᠺᠢᠯᠣᠮᠧᠲᠷ᠂ ᠡᠮᠦᠨ᠎ᠡ ᠠᠴᠠ ᠬᠤᠶᠢᠰᠢ ᠬᠠᠮᠤᠭ ᠤᠷᠲᠤ ᠳᠤ ᠪᠠᠨ 77 ᠺᠢᠯᠣᠮᠧᠲᠷ᠂ ᠶᠡᠷᠦᠩᠬᠡᠢ ᠲᠠᠯᠠᠪᠠᠢ ᠨᠢ 5618 ᠲᠡᠭᠰᠢ ᠲᠦᠷᠪᠡᠯᠵᠢᠨ ᠺᠢᠯᠣᠮᠧᠲᠷ ᠪᠣᠯᠤᠨ᠎ᠠ᠃ ᠵᠡᠭᠦᠨ ᠲᠠᠯ᠎ᠠ ᠪᠠᠷ ᠢᠶᠠᠨ ᠠᠤᠬᠠᠨ ᠬᠤᠰᠢᠭᠤ ᠲᠠᠢ ᠪᠠᠷᠠᠯᠠᠨ᠂ ᠪᠠᠷᠠᠭᠤᠨ ᠲᠠᠯ᠎ᠠ ᠪᠠᠷ ᠢᠶᠠᠨ ᠾᠧᠪᠧᠢ ᠮᠣᠵᠢ ᠶᠢᠨ ᠸᠧᠢ ᠴᠠᠩ ᠰᠢᠶᠠᠨ ᠲᠠᠢ ᠬᠦᠷᠰᠢᠯᠡᠵᠦ᠂ ᠪᠠᠷᠠᠭᠤᠨ ᠬᠤᠶᠢᠳᠤ ᠲᠠᠯ᠎ᠠ ᠪᠠᠷ ᠢᠶᠠᠨ ᠬᠡᠰᠢᠭᠳᠡᠨ ᠬᠤᠰᠢᠭᠤ ᠲᠠᠢ ᠵᠠᠬ᠎ᠠ ᠨᠡᠶᠢᠯᠡᠵᠦ᠂ ᠡᠮᠦᠨ᠎ᠡ ᠲᠠᠯ᠎ᠠ ᠪᠠᠷ ᠢᠶᠠᠨ ᠬᠠᠷᠠᠴᠢᠨ ᠬᠤᠰᠢᠭᠤ᠂ ᠶᠤᠸᠠᠨ ᠪᠣᠣ ᠱᠠᠨ ᠲᠣᠭᠤᠷᠢᠭ᠂ ᠬᠤᠩ ᠱᠠᠨ ᠲᠣᠭᠤᠷᠢᠭ ᠲᠠᠢ ᠵᠠᠯᠭᠠᠯᠳᠤᠵᠤ᠂ ᠬᠤᠶᠢᠳᠤ ᠲᠠᠯ᠎ᠠ ᠪᠠᠷ ᠢᠶᠠᠨ ᠣᠩᠨᠢᠭᠤᠳ ᠬᠤᠰᠢᠭᠤ ᠲᠠᠢ ᠬᠢᠯᠢ ᠨᠡᠶᠢᠯᠡᠵᠦ ᠪᠣᠢ᠃ ᠬᠠᠮᠤᠭ ᠤᠨ ᠦᠨᠳᠦᠷ ᠡᠷᠭᠦᠭᠳᠡᠴᠡ ᠨᠢ ᠲᠠᠷᠤᠢ ᠰᠦᠩ ᠱᠠᠨ ᠲᠤᠭᠤᠷᠢᠭ᠂ ᠬᠡᠰᠢᠭᠳᠡᠨ ᠬᠤᠰᠢᠭᠤ᠂ ᠾᠧᠪᠧᠢ ᠮᠣᠵᠢ ᠶᠢᠨ ᠸᠧᠢ ᠴᠠᠩ ᠰᠢᠶᠠᠨ ᠤ ᠬᠤᠭᠤᠷᠤᠨᠳᠤᠬᠢ ᠳ᠋ᠠ ᠭᠤᠸᠠᠩ ᠳ᠋ᠢᠩ ᠽᠢ ᠠᠭᠤᠯᠠ ᠪᠠᠶᠢᠵᠤ᠂ ᠲᠠᠯᠠᠢ ᠶᠢᠨ ᠲᠦᠪᠰᠢᠨ ᠠᠴᠠ ᠳᠡᠭᠡᠭᠰᠢ ᠡᠷᠭᠦᠭᠳᠡᠭᠰᠡᠨ ᠦᠨᠳᠦᠷ ᠨᠢ 2067 ᠮᠧᠳ᠋ᠷ᠂ ᠤᠯᠠᠭᠠᠨᠬᠠᠳᠠ ᠬᠤᠲᠠ ᠶᠢᠨ ᠬᠢᠯᠢ ᠶᠢᠨ ᠲᠣᠳᠤᠷᠠᠬᠢ ᠬᠠᠮᠤᠭ ᠤᠨ ᠦᠨᠳᠦᠷ ᠣᠷᠭᠢᠯ ᠪᠣᠯᠤᠨ᠎ᠠ᠃ ᠬᠠᠮᠤᠭ ᠤᠨ ᠳᠣᠣᠷ᠎ᠠ ᠭᠠᠵᠠᠷ ᠨᠢ ᠵᠡᠭᠦᠨ ᠬᠡᠰᠡᠭ ᠤᠨ ᠯᠣᠤᠬ᠎ᠠ ᠶᠢᠨ ᠭᠤᠣᠯ ᠤᠨ ᠬᠤᠶᠢᠳᠤ ᠡᠷᠭᠢ ᠶᠢᠨ ᠬᠤᠳᠤᠭᠤᠷ ᠭᠠᠵᠠᠷ ᠪᠠᠶᠢᠵᠤ᠂ ᠳᠠᠯᠠᠢ ᠶᠢᠨ ᠲᠦᠪᠰᠢᠨ ᠠᠴᠠ ᠳᠡᠭᠡᠭᠰᠢ ᠪᠠᠷᠤᠭ 436 ᠮᠧᠳ᠋ᠷ ᠦᠨᠳᠦᠷ ᠪᠠᠶᠢᠵᠤ᠂ ᠬᠠᠷᠢᠴᠠᠩᠭᠤᠢ ᠦᠨᠳᠦᠷ ᠤᠨ ᠵᠦᠷᠢᠶ᠎ᠡ ᠨᠢ 1631 ᠮᠧᠳ᠋ᠷ ᠪᠠᠶᠢᠨ᠎ᠠ᠃ ᠭᠠᠵᠠᠷ ᠤᠨ ᠪᠠᠶᠢᠴᠠ ᠨᠢ ᠪᠠᠷᠠᠭᠤᠨ ᠬᠤᠶᠢᠨ᠎ᠠ ᠪᠠᠨ ᠦᠨᠳᠦᠷ᠂ ᠵᠡᠭᠦᠨ ᠡᠮᠦᠨᠡᠰᠢ ᠪᠠᠨ ᠲᠣᠣᠷ᠎ᠠ᠂ ᠪᠠᠷᠠᠭᠤᠨ ᠬᠡᠰᠡᠭ ᠨᠢ ᠠᠭᠤᠯᠠᠷᠬᠠᠭ ᠣᠷᠣᠨ᠂ ᠵᠡᠭᠦᠨ᠂ ᠲᠣᠮᠳᠠ ᠬᠡᠰᠡᠭ ᠨᠢ ᠲᠡᠭᠰᠢ ᠲᠠᠯ᠎ᠠ ᠭᠠᠵᠠᠷ ᠲᠤ ᠬᠠᠷᠢᠶᠠᠯᠠᠭᠳᠠᠨ᠂ ᠵᠡᠭᠦᠨ ᠬᠤᠶᠢᠳᠤ ᠬᠡᠰᠡᠭ ᠨᠢ ᠲᠣᠪᠤᠷᠬᠠᠭ ᠣᠷᠤᠨ ᠪᠣᠯᠤᠨ᠎ᠠ᠃     ᠯᠢᠶᠣᠣ ᠤᠯᠤᠰ ᠤᠨ ᠺᠠᠢ ᠲᠠᠢ ᠶᠢᠨ ᠬᠤᠶᠠᠳᠤᠭᠠᠷ ᠣᠨ ︵1013 ᠣᠨ︶ ᠳᠤ ᠰᠦᠩ ᠱᠠᠨ ᠰᠢᠶᠠᠨ ᠢ ᠪᠠᠶᠢᠭᠤᠯᠵᠤ᠂ ᠰᠢᠶᠠᠨ ᠤ ᠵᠠᠰᠠᠭ ᠨᠢ ᠣᠳᠤ ᠶᠢᠨ ᠰᠦᠩ ᠱᠠᠨ ᠲᠣᠭᠤᠷᠢᠭ ᠤᠨ ᠴᠧᠩ ᠽᠢ ᠰᠢᠶᠠᠩ ᠤᠨ ᠴᠧᠩ ᠽᠢ ᠲᠤᠰᠬᠤᠨ ᠳᠤ ᠪᠠᠶᠢᠷᠢᠰᠢᠵᠤ᠂ ᠬᠤᠵᠢᠮ ᠨᠢ ᠠᠯᠲᠠᠨ ᠤᠯᠤᠰ᠂ ᠶᠤᠸᠠᠨ ᠤᠯᠤᠰ᠂ ᠮᠢᠩ ᠤᠯᠤᠰ ᠭᠤᠷᠪᠠᠨ ᠲᠦᠷᠦ ᠶᠢ ᠡᠯᠡᠭᠡᠵᠠᠢ᠃ ᠴᠢᠩ ᠤᠯᠤᠰ ᠤᠨ ᠳᠡᠭᠷᠢ ᠳᠡᠳᠬᠡᠭᠴᠢ ᠶᠢᠨ ᠲᠦᠴᠢᠨ ᠭᠤᠷᠪᠠᠳᠤᠭᠠᠷ ᠣᠨ ︵1778 ᠣᠨ︶ ᠳᠤ ᠤᠯᠠᠭᠠᠨᠬᠠᠳᠠ ᠰᠢᠶᠠᠨ ᠢ ᠪᠠᠶᠢᠭᠤᠯᠵᠤ᠂ 1983 ᠣᠨ ᠳᠤ ᠤᠯᠠᠭᠠᠨᠬᠠᠳᠠ ᠬᠤᠲᠠ ᠶᠢᠨ ᠬᠤᠲᠠ ᠶᠢᠨ ᠳᠡᠭᠦᠷᠭᠡ ᠪᠣᠯᠭᠠᠨ ᠬᠤᠪᠢᠷᠠᠭᠤᠯᠵᠤ᠂ 1993 ᠣᠨ ᠳᠤ᠂ ᠯᠢᠶᠣᠣ ᠤᠯᠤᠰ ᠤᠨ ᠦᠶ᠎ᠡ ᠶᠢᠨ ᠰᠦᠩ ᠱᠠᠨ ᠰᠢᠶᠠᠨ ᠢ ᠰᠦᠩ ᠱᠠᠨ ᠲᠣᠭᠤᠷᠢᠭ ᠬᠡᠮᠡᠨ ᠨᠡᠷ᠎ᠡ ᠶᠢ ᠨᠢ ᠦᠭᠡᠷᠡᠴᠢᠯᠡᠵᠠᠢ᠃     ᠰᠦᠩ ᠱᠠᠨ ᠲᠤᠭᠤᠷᠢᠭ ᠨᠢ ᠬᠤᠩ ᠱᠠᠨ ᠤ ᠰᠣᠶᠣᠯ ᠤᠨ ᠲᠠᠷᠬᠠᠯᠲᠠ ᠶᠢᠨ ᠭᠤᠣᠯ ᠣᠷᠤᠨ ᠫᠦᠰᠡ ᠪᠣᠯᠤᠨ᠎ᠠ᠂ ︽ᠰᠢᠶᠠ ᠵᠢᠶᠠ ᠳ᠋ᠢᠶᠠᠨ ᠤ ᠳᠡᠭᠡᠳᠦ ᠲᠠᠪᠬᠤᠷᠭ᠎ᠠ ᠶᠢᠨ ᠰᠣᠶᠤᠯ︾᠂ ︽ᠰᠢᠶᠠ ᠵᠢᠶᠠ ᠳ᠋ᠢᠶᠠᠨ ᠤ ᠲᠣᠣᠷᠠᠳᠤ ᠲᠠᠪᠬᠤᠷᠭ᠎ᠠ ᠶᠢᠨ ᠰᠣᠶᠤᠯ︾ ᠢ ᠨᠡᠷᠡᠶᠢᠳᠦᠭᠰᠡᠨ ᠭᠠᠵᠠᠷ ᠪᠠᠶᠢᠵᠤ᠂ ᠤᠷᠲᠤ ᠤᠳᠠᠭᠠᠨ ᠳᠡᠦᠬᠡ ᠪᠠ ᠭᠡᠷᠡᠯ ᠰᠠᠴᠤᠷᠠᠩᠭᠤᠢ ᠰᠣᠶᠤᠯ ᠲᠠᠢ ᠪᠠᠶᠢᠳᠠᠭ᠃ ᠮᠦᠨᠴᠦ ᠠᠮᠤ ᠪᠤᠳᠠᠭᠠᠨ ᠤ ᠭᠠᠷᠤᠯᠲᠠ ᠶᠢᠨ ᠶᠡᠭᠡ ᠣᠷᠤᠨ᠂ ᠣᠢ ᠰᠢᠭᠤᠢ ᠶᠢᠨ ᠦᠢᠯᠡᠰ ᠤᠨ ᠶᠡᠭᠡ ᠣᠷᠤᠨ᠂ ᠠᠭᠤᠷᠬᠠᠢ ᠶᠢᠨ ᠦᠢᠯᠡᠰ ᠤᠨ ᠬᠦᠴᠦᠷᠬᠡᠭ ᠣᠷᠤᠨ ᠢᠶᠠᠷ ᠢᠶᠠᠨ ᠪᠦᠬᠦ ᠤᠯᠤᠰ ᠲᠤ ᠠᠯᠳᠠᠷᠰᠢᠵᠠᠢ᠃     ᠰᠦᠩ ᠱᠠᠨ ᠲᠣᠭᠤᠷᠢᠭ ᠨᠢ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠲᠤᠨ ᠤ ᠪᠠᠶᠢᠷᠢᠰᠢᠵᠤ ᠪᠠᠶᠢᠭ᠎ᠠ ᠭᠠᠵᠠᠷ ᠪᠠᠶᠢᠵᠤ᠂ ᠪᠦᠬᠦ ᠬᠤᠲᠠ ᠶᠢᠨ ᠤᠯᠤᠰ ᠲᠦᠷᠦ ᠰᠣᠶᠤᠯ ᠤᠨ ᠲᠦᠪ ᠪᠣᠯᠤᠨ᠎ᠠ᠃ ᠬᠢᠯᠢ ᠶᠢᠨ ᠲᠣᠳᠤᠷ᠎ᠠ᠂ ᡂᠢ ᠶᠢᠨ᠂ ᠵᠢᠩ ᠲᠦᠩ᠂ ᡂᠢ ᠱᠧᠨ᠂ ᡂᠢ ᠳ᠋ᠠ ᠪᠠᠢ ︵ᠤᠯᠠᠭᠠᠨᠬᠠᠳᠠ - ᠳ᠋ᠠᠪᠠᠨ - ᠪᠠᠶᠠᠨᠬᠤᠸᠠ︶ ᠲᠡᠮᠦᠷ ᠵᠠᠮ ᠤᠨ ᠠᠭᠤᠯᠵᠠᠭᠤᠷ ᠪᠠᠶᠢᠵᠤ᠂ 111᠂ 305᠂ 306 ᠤᠯᠤᠰ ᠤᠨ ᠵᠠᠮ ᠱᠣᠭᠤᠮ ᠪᠠ ᠳ᠋ᠠᠨ ᠰᠢ᠂ ᠳ᠋ᠠ ᠭᠤᠸᠠᠩ ᠦᠨᠳᠦᠷ ᠬᠤᠷᠳᠤᠴᠠᠳᠤ ᠵᠠᠰᠠᠮᠠᠯ ᠵᠠᠮ ᠨᠡᠪᠲᠡᠷᠡᠯᠴᠡᠭᠡ ᠲᠠᠢ ᠪᠠᠶᠢᠵᠤ᠂ ᠵᠡᠭᠦᠨ ᠬᠤᠶᠢᠳᠤ ᠪᠠ ᠤᠮᠠᠷᠠᠳᠤ ᠬᠤᠶᠠᠷ ᠶᠡᠭᠡ ᠠᠵᠤ ᠠᠬᠤᠢ ᠤᠨ ᠣᠷᠤᠨ ᠶᠢ ᠬᠤᠯᠪᠤᠭᠰᠠᠨ ᠵᠠᠮ ᠬᠠᠷᠢᠯᠴᠠᠭᠠᠨ ᠤ ᠭᠤᠣᠯ ᠰᠢᠵᠢᠮ ᠪᠣᠯᠤᠨ᠎ᠠ᠃     ᠪᠦᠬᠦ ᠲᠣᠭᠤᠷᠢᠭ ᠨᠢ 9 ᠪᠠᠯᠭᠠᠰᠤ 5 ᠰᠢᠶᠠᠩ᠂ 7 ᠵᠡᠭᠡᠯᠢ ᠭᠤᠳᠤᠮᠵᠢ ᠤᠨ ᠬᠡᠷᠡᠭ ᠡᠷᠬᠢᠯᠡᠬᠦ ᠭᠠᠵᠠᠷ᠂ 244 ᠵᠠᠰᠠᠭ ᠵᠠᠬᠢᠷᠭᠠᠨ ᠤ ᠲᠤᠰᠬᠤᠨ᠂ 48 ᠬᠤᠲᠠ ᠶᠢᠨ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ᠂ 3 ᠬᠤᠲᠠ ᠪᠠᠯᠭᠠᠰᠤ ᠶᠢᠨ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ᠂ 1 ᠬᠦᠳᠡᠭᠡ ᠲᠤᠰᠬᠤᠨ ᠤ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠶᠢ ᠪᠠᠭᠲᠠᠭᠠᠨ᠎ᠠ᠃ ᠰᠦᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠣᠷᠲᠤᠨ ᠨᠢ ᠮᠦ ᠵᠢᠶᠠ ᠶᠢᠩᠽᠢ ᠪᠠᠯᠭᠠᠰᠤᠨ ᠳᠤ ᠪᠠᠶᠢᠷᠢᠰᠢᠵᠤ ᠪᠠᠶᠢᠨ᠎ᠠ᠃ ᠰᠢᠶᠠᠩ ᠤᠨ ᠳᠡᠰ ᠤᠨ ᠪᠠᠶᠢᠭᠤᠯᠤᠮᠵᠢ ᠨᠢ ᠪᠣᠲᠠᠲᠠᠢ ᠪᠠᠷ᠄ ᠮᠦ ᠵᠢᠶᠠ ᠶᠢᠩᠽᠢ᠂ ᠯᠠᠥ ᠹᠦ᠋᠂ ᠴᠢᠳᠬᠤᠯᠠᠩ᠂ ᠲᠠᠢ ᠫᠢᠩ ᠳ᠋ᠢ᠂ ᠸᠠᠩ ᠤᠨ ᠬᠤᠷᠢᠶ᠎ᠠ᠂ ᠳ᠋ᠠ ᠮᠢᠶᠣᠣ᠂ ᠠᠩᠴᠢᠨ᠂ ᠬᠠᠷ᠎ᠠ ᠲᠣᠬᠤᠢ᠂ ᠱᠠᠩ ᠭᠤᠸᠠᠨ ᠳ᠋ᠢ ᠪᠠᠯᠭᠠᠰᠤ︔ ᠰᠢᠶᠠ ᠵᠢᠶᠠ ᠳ᠋ᠢᠶᠠᠨ᠂ ᠳ᠋ᠠᠩ ᠫᠦ᠋ ᠳ᠋ᠢ ᠮᠠᠨᠵᠤ ᠦᠨᠳᠦᠰᠦᠳᠡᠨ ᠤ ᠰᠢᠶᠠᠩ᠂ ᠭᠠᠩ ᠽᠢ᠂ ᠳ᠋ᠠᠢ ᠹᠦ᠋ ᠶᠢᠩᠽᠢ ᠰᠢᠶᠠᠩ︔ ᠰᠢᠶᠠᠩ ᠶᠠᠩ᠂ ᠵᠧᠨ ᠰᠢᠩ᠂ ᠰᠦᠩ ᠵᠧᠦ᠂ ᠲᠢᠶᠧ ᠳᠦᠩ᠂ ᠢᠦᠢ ᠯᠥᠩ᠂ ᠬᠢᠩᠭᠠᠨ᠂ ᠴᠢᠤᠸᠠᠨ ᠨᠢᠩ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ ᠶᠢᠨ ᠪᠠᠭᠲᠠᠭᠠᠨ᠎ᠠ᠃    
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号