ᠡᠷᠡᠮᠵᠢᠯᠡᠯ ᠳᠠᠮᠵᠢᠨ ᠢᠶᠠᠷ ᠨᠡᠶᠢᠳᠡᠯᠡᠬᠦ ᠲᠤ ᠠᠩᠬᠠᠷᠬᠤ ᠵᠦᠢᠯ
ᠨᠡᠶᠢᠲᠡᠯᠡᠭᠰᠡᠨ ᠴᠠᠭ᠄
2017/8/3
            ᠠᠷᠠᠳ ᠢᠷᠭᠡᠳ᠂ ᠬᠠᠤᠯᠢ ᠶᠢᠨ ᠡᠷᠬᠡᠳᠡᠨ ᠪᠠ ᠪᠤᠰᠤᠳ ᠵᠣᠬᠢᠶᠠᠨ ᠪᠠᠶᠢᠭᠤᠯᠤᠯᠲᠠ ᠦᠢᠯᠡᠳᠪᠦᠷᠢᠯᠡᠯ᠂ ᠠᠵᠤ ᠠᠮᠢᠳᠤᠷᠠᠯ᠂ ᠰᠢᠨᠵᠢᠯᠡᠬᠦ ᠤᠬᠠᠭᠠᠨ ᠤ ᠰᠣᠳᠤᠯᠤᠯ ᠵᠡᠷᠭᠡ ᠣᠨᠴᠠᠭᠠᠢ ᠬᠡᠷᠡᠭᠴᠡᠭᠡ ᠠᠴᠠ ᠪᠣᠯᠵᠤ᠂ ᠲᠤᠰ ᠪᠠᠶᠢᠭᠤᠯᠤᠯᠭ᠎ᠠ ᠶᠢᠨ ᠰᠠᠨᠠᠭᠠᠴᠢᠯᠠᠭ᠎ᠠ ᠠᠴᠠ ᠪᠠᠨ ᠨᠡᠶᠢᠳᠡᠯᠡᠬᠦ ᠠᠴᠠ ᠭᠠᠳᠠᠨᠠᠬᠢ ᠵᠠᠰᠠᠭ ᠤᠨ ᠣᠷᠲᠦᠨ ᠤ ᠮᠡᠳᠡᠭᠡ ᠵᠠᠩᠭᠢ ᠢ ᠬᠡᠷᠡᠭᠯᠡᠬᠦ ᠴᠢᠬᠤᠯᠲᠠᠢ ᠪᠣᠯ ᠨᠡᠶᠢᠳᠡᠯᠡᠭᠦᠯᠬᠦ ᠪᠠᠷ ᠡᠷᠡᠮᠵᠢᠯᠡᠵᠦ ᠪᠣᠯᠤᠨ᠎ᠠ᠃            ︵ᠨᠢᠭᠡ︶ ᠬᠦᠯᠢᠶᠡᠨ ᠠᠪᠬᠤ ᠪᠠᠶᠢᠭᠤᠯᠤᠯᠭ᠎ᠠ᠄ ᠲᠤᠭᠤᠷᠢᠭ ᠤᠨ ᠵᠠᠰᠠᠭ ᠤᠨ ᠣᠷᠲᠦᠨ ᠨᠢ 2008 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠨ ᠵᠠᠰᠠᠭ ᠤᠨ ᠣᠷᠲᠦᠨ ᠤ ᠮᠡᠳᠡᠭᠡ ᠵᠠᠩᠭᠢ ᠶᠢ ᠨᠡᠶᠢᠳᠡᠯᠡᠬᠦ ᠡᠷᠡᠮᠵᠢᠯᠡᠯ ᠢ ᠬᠦᠯᠢᠶᠡᠨ ᠠᠪᠴᠤ ᠰᠢᠢᠳᠪᠦᠷᠢᠯᠡᠵᠠᠢ ︵ᠬᠠᠤᠯᠢ ᠳᠤ ᠲᠤᠭᠲᠠᠭᠰᠠᠨ ᠠᠮᠠᠷᠠᠯᠲᠠ ᠶᠢᠨ ᠡᠳᠦᠷ ᠠᠴᠠ ᠭᠠᠳᠠᠨ᠎ᠠ︶᠂ ᠪᠣᠲᠠᠲᠠᠢ ᠬᠦᠯᠢᠶᠡᠨ ᠠᠪᠬᠤ ᠭᠠᠵᠠᠷ ᠨᠢ ᠲᠤᠭᠤᠷᠢᠭ ᠤᠨ ᠵᠠᠰᠠᠭ ᠤᠨ ᠣᠷᠲᠦᠨ ᠤ ᠠᠯᠪᠠᠨ ᠭᠡᠷ ᠤᠨ ᠬᠠᠤᠯᠢ ᠬᠡᠷᠡᠭᠵᠢᠭᠦᠯᠬᠦ ᠬᠡᠯᠲᠡᠰ᠂ ᠠᠯᠪᠠᠯᠠᠬᠤ ᠭᠠᠵᠠᠷ ᠨᠢ ᠰᠥᠩ ᠱᠠᠨ ᠲᠣᠭᠤᠷᠢᠭ ᠤᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ 930 ᠳ᠋ᠤᠭᠠᠷ ᠠᠯᠪᠠᠨ ᠭᠡᠷ ᠳᠤ ᠪᠣᠢ᠂ ᠬᠠᠷᠢᠯᠴᠠᠬᠤ ᠤᠲᠠᠰᠤ᠄ 0476-8466506᠂ ᠰᠢᠤᠳᠠᠨ ᠳ᠋ᠤᠭᠠᠷ 024005᠃            ︵ᠬᠤᠶᠠᠷ︶ ᠡᠷᠡᠮᠵᠢᠯᠡᠬᠦ ᠬᠡᠯᠪᠡᠷᠢ᠄ ᠲᠤᠰ ᠪᠠᠶᠢᠭᠤᠯᠤᠯᠭ᠎ᠠ ᠳᠤ ᠮᠡᠳᠡᠭᠡ ᠵᠠᠩᠭᠢ ᠶᠢ ᠣᠯᠬᠤ ᠪᠠᠷ ᠡᠷᠡᠮᠵᠢᠯᠡᠨ᠂ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠲᠦᠨ ᠤ ᠠᠯᠪᠠᠨ ᠲᠢᠩᠬᠢᠮ ᠤᠨ ᠮᠡᠳᠡᠭᠡ ᠵᠠᠩᠭᠢ ᠨᠡᠶᠢᠳᠡᠯᠡᠬᠦ ᠡᠷᠡᠮᠵᠢᠯᠡᠯ ᠤᠨ ᠬᠦᠰᠦᠨᠦᠭ︾ ︵ᠬᠦᠰᠦᠨᠦᠭᠲᠦ ᠶᠢᠨ ᠵᠠᠭᠪᠤᠷ ᠢ ᠳᠠᠭᠠᠯᠳᠤᠭᠤᠯᠤᠯ ᠳᠤ ᠦᠵᠡ᠂ ᠲᠤᠤᠷ᠎ᠠ ᠲᠣᠪᠴᠢ ᠨᠡᠷ᠎ᠡ ᠨᠢ ︽ᠡᠷᠡᠮᠵᠢᠯᠡᠯ ᠤᠨ ᠬᠦᠰᠦᠨᠦᠭ︾ ᠪᠣᠯᠤᠨ᠎ᠠ︶ ᠶᠢ ᠲᠠᠭᠯᠠᠵᠤ ᠪᠢᠴᠢᠭ ᠤᠨ ᠬᠡᠯᠪᠡᠷᠢ ᠶᠢᠨ ᠡᠷᠡᠮᠵᠢᠯᠡᠯ ᠲᠤᠰᠢᠶᠠᠨ᠎ᠠ᠃ ︽ᠡᠷᠡᠮᠵᠢᠯᠡᠯ ᠤᠨ ᠬᠦᠰᠦᠨᠦᠭ︾ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠲᠦᠨ ᠤ ᠰᠦᠯᠵᠢᠶᠡᠨ ᠠᠴᠠ ᠪᠠᠭᠤᠯᠭᠠᠨ ᠠᠪᠴᠤ ᠪᠤᠯᠤᠨ᠎ᠠ᠃ ᠲᠤᠤᠷᠠᠬᠢ ᠠᠷᠭ᠎ᠠ ᠬᠡᠯᠪᠡᠷᠢ ᠪᠠᠷ ᠳᠠᠮᠵᠢᠨ ᠡᠷᠡᠮᠵᠢᠯᠡᠯ ᠲᠤᠷᠠᠳᠴᠦ ᠪᠤᠯᠤᠨ᠎ᠠ᠄            ︵1︶ ᠲᠣᠣᠷ ᠰᠦᠯᠵᠢᠶ᠎ᠡ ᠢᠶᠠᠷ ᠳᠠᠮᠵᠢᠨ ᠡᠷᠡᠮᠵᠢᠯᠡᠵᠦ ᠪᠤᠯᠤᠨ᠎ᠠ᠃ ᠡᠷᠡᠮᠵᠢᠯᠡᠬᠦ ᠬᠦᠮᠦᠨ ᠨᠢ ︽ᠡᠷᠡᠮᠵᠢᠯᠡᠯ ᠤᠨ ᠬᠦᠰᠦᠨᠦᠭᠲᠦ︾ ᠶᠢ ᠲᠠᠭᠯᠠᠭᠰᠠᠨ ᠤ ᠰᠡᠭᠦᠯᠡᠷ᠂ ᠰᠦᠯᠵᠢᠶ᠎ᠡ ᠪᠠᠷ ᠳᠠᠮᠵᠢᠨ ᠲᠤᠰᠢᠶᠠᠪᠠᠯ ᠪᠣᠯᠴᠢᠬᠠᠨ᠎ᠠ᠃            ︵2︶ ᠵᠠᠬᠢᠳᠠᠯ ᠰᠣᠷᠪᠤᠯᠵᠢᠯᠠᠭ᠎ᠠ᠂ ᠴᠠᠬᠢᠯᠭᠠᠨ ᠮᠡᠳᠡᠭᠡ᠂ ᠹᠠᠺᠡᠰ ᠵᠡᠷᠭᠡ ᠠᠷᠭ᠎ᠠ ᠬᠡᠯᠪᠡᠷᠢ ᠪᠠᠷ ᠡᠷᠡᠮᠵᠢᠯᠡᠬᠦ᠃ ᠡᠷᠡᠮᠵᠢᠯᠡᠬᠦ ᠬᠦᠮᠦᠨ ᠨᠢ ᠵᠠᠬᠢᠳᠠᠯ ᠰᠣᠷᠪᠤᠯᠵᠢᠯᠠᠭ᠎ᠠ ᠪᠠᠷ ᠳᠠᠮᠵᠢᠨ ᠡᠷᠡᠮᠵᠢᠯᠡᠪᠡᠯ᠂ ᠵᠠᠬᠢᠳᠠᠯ ᠤᠨ ᠲᠤᠬᠠᠲᠠᠢ ᠶᠢᠨ ᠵᠡᠭᠦᠨ ᠲᠤᠤᠷ᠎ᠠ ᠦᠨᠴᠦᠭ ᠳᠤ ︽ᠵᠠᠰᠠᠭ ᠤᠨ ᠣᠷᠲᠦᠨ ᠤ ᠮᠡᠳᠡᠭᠡ ᠵᠠᠩᠭᠢ ᠤᠨ ᠨᠡᠶᠢᠳᠡᠯᠡᠯᠳᠡ ᠶᠢᠨ ᠡᠷᠡᠮᠵᠢᠯᠡᠯ︾ ᠬᠡᠮᠡᠨ ᠲᠤᠲᠤᠷᠬᠠᠶᠢᠯᠠᠨ ᠪᠢᠴᠢᠭᠡᠷᠡᠢ᠃ ᠴᠠᠬᠢᠯᠭᠠᠨ ᠮᠡᠳᠡᠭᠡ᠂ ᠹᠠᠺᠡᠰ ᠵᠡᠷᠭᠡ ᠠᠷᠭ᠎ᠠ ᠬᠡᠯᠪᠡᠷᠢ ᠢᠶᠠᠷ ᠳᠠᠮᠵᠢᠨ ᠡᠷᠡᠮᠵᠢᠯᠡᠪᠡᠯ᠂ ︽ᠵᠠᠰᠠᠭ ᠤᠨ ᠣᠷᠲᠦᠨ ᠤ ᠮᠡᠳᠡᠭᠡ ᠵᠠᠩᠭᠢ ᠤᠨ ᠨᠡᠶᠢᠳᠡᠯᠡᠯᠳᠡ ᠶᠢᠨ ᠡᠷᠡᠮᠵᠢᠯᠡᠯ︾ ᠬᠡᠮᠡᠨ ᠲᠤᠲᠤᠷᠬᠠᠶᠢᠯᠠᠨ ᠪᠢᠴᠢᠭᠡᠷᠡᠢ᠃            ︵3︶ ᠨᠢᠭᠤᠷᠳᠠᠨ ᠡᠷᠡᠮᠵᠢᠯᠡᠬᠦ᠃ ᠡᠷᠡᠮᠵᠢᠯᠡᠬᠦ ᠬᠦᠮᠦᠨ ᠨᠢ ᠬᠦᠯᠢᠶᠡᠨ ᠠᠪᠬᠤ ᠪᠠᠶᠢᠭᠤᠯᠤᠯᠭ᠎ᠠ ᠳᠤ ᠤᠴᠢᠵᠦ᠂ ᠲᠤᠬᠠᠢ ᠶᠢᠨ ᠲᠠᠯᠠᠪᠤᠷ ᠲᠤ ᠨᠢ ᠡᠷᠡᠮᠵᠢᠯᠡᠬᠦ ᠪᠠᠷ ᠲᠤᠷᠠᠳᠴᠤ ᠪᠤᠯᠤᠨ᠎ᠠ᠃            ᠲᠤᠰ ᠪᠠᠶᠢᠭᠤᠯᠤᠯᠭ᠎ᠠ ᠨᠢ ᠤᠲᠠᠰᠤ ᠶᠢᠨ ᠬᠡᠯᠪᠡᠷᠢ ᠶᠢᠨ ᠡᠷᠡᠮᠵᠢᠯᠡᠯ ᠶᠢ ᠬᠦᠯᠢᠶᠡᠨ ᠠᠪᠬᠤ ᠦᠭᠡᠢ᠂ ᠭᠡᠪᠡᠴᠦ ᠡᠷᠡᠮᠵᠢᠯᠡᠬᠦ ᠬᠦᠮᠦᠨ ᠨᠢ ᠤᠲᠠᠰᠤ ᠪᠠᠷ ᠳᠠᠮᠵᠢᠨ ᠬᠠᠮᠢᠶ᠎ᠠ ᠪᠦᠭᠦᠢ ᠦᠢᠯᠡᠴᠢᠯᠡᠯᠭᠡᠨ ᠤ ᠵᠦᠢᠯᠡᠰ ᠢ ᠠᠰᠠᠭᠤᠨ ᠯᠠᠪᠯᠠᠵᠦ ᠪᠤᠯᠤᠨ᠎ᠠ᠃            3᠂ ᠡᠷᠡᠮᠵᠢᠯᠡᠯ ᠢ ᠰᠢᠢᠳᠪᠦᠷᠢᠯᠡᠬᠦ᠃            ᠲᠤᠰ ᠪᠠᠶᠢᠭᠤᠯᠤᠯᠭ᠎ᠠ ᠨᠢ ᠲᠤᠬᠠᠢ ᠶᠢᠨ ᠲᠠᠯᠠᠪᠤᠷ ᠲᠤ ᠨᠢ ᠬᠠᠷᠢᠭᠤ ᠦᠭᠴᠦ ᠳᠡᠶᠢᠯᠪᠡᠯ ᠲᠤᠬᠠᠢ ᠶᠢᠨ ᠲᠠᠯᠠᠪᠤᠷ ᠲᠤ ᠨᠢ ᠬᠠᠷᠢᠭᠤ ᠥᠭᠬᠦ ᠬᠡᠷᠡᠭᠲᠡᠢ᠃ ᠲᠤᠬᠠᠢ ᠶᠢᠨ ᠲᠠᠯᠠᠪᠤᠷ ᠲᠤ ᠨᠢ ᠬᠠᠷᠢᠭᠤ ᠥᠭᠴᠦ ᠲᠡᠶᠢᠯᠬᠦ ᠦᠭᠡᠢ ᠪᠣᠯ ᠡᠷᠡᠮᠵᠢᠯᠡᠯ ᠢ ᠲᠣᠰᠤᠨ ᠣᠯᠣᠭᠰᠠᠨ ᠡᠳᠦᠷ ᠠᠴᠠ ᠡᠬᠢᠯᠡᠨ 15 ᠠᠵᠢᠯ ᠤᠨ ᠡᠳᠦᠷ ᠤᠨ ᠳᠤᠲᠤᠷ᠎ᠠ ᠬᠠᠷᠢᠭᠤᠯᠲᠠ ᠦᠭᠭᠦ ᠬᠡᠷᠡᠭᠲᠡᠢ᠃ ᠬᠡᠷᠪᠡ ᠬᠠᠷᠢᠭᠤ ᠥᠭᠬᠦ ᠬᠤᠭᠤᠴᠠᠭ᠎ᠠ ᠶᠢ ᠬᠤᠶᠢᠰᠢᠯᠠᠭᠤᠯᠬᠤ ᠴᠢᠬᠤᠯᠠᠲᠠᠢ ᠪᠣᠯ ᠡᠷᠡᠮᠵᠢᠯᠡᠭᠰᠡᠨ ᠬᠦᠮᠦᠨ ᠳᠤ ᠮᠡᠳᠡᠭᠳᠡᠬᠦ ᠬᠡᠷᠡᠭᠲᠡᠢ᠃ ᠬᠠᠷᠢᠭᠤ ᠥᠭᠬᠦ ᠬᠤᠶᠢᠰᠢᠯᠠᠭᠤᠯᠬᠤ ᠬᠤᠭᠤᠴᠠᠭ᠎ᠠ ᠶᠢ ᠬᠠᠮᠤᠭ ᠤᠷᠳᠤ ᠳᠤ ᠪᠠᠨ 15 ᠠᠵᠢᠯ ᠤᠨ ᠡᠳᠦᠷ ᠠᠴᠠ ᠬᠡᠳᠦᠷᠡᠭᠦᠯᠵᠦ ᠪᠣᠯᠬᠤ ᠦᠭᠡᠢ᠃            ᠨᠡᠶᠢᠳᠡᠯᠡᠭᠦᠯᠬᠦ ᠪᠠᠷ ᠡᠷᠡᠮᠵᠢᠯᠡᠭᠰᠡᠨ ᠵᠠᠰᠠᠭ ᠤᠨ ᠣᠷᠲᠦᠨ ᠤ ᠮᠡᠳᠡᠭᠡ ᠵᠠᠩᠭᠢ ᠨᠢ ᠭᠤᠷᠪᠠᠲᠤᠭᠠᠷ ᠡᠳᠡᠭᠡᠳ ᠤᠨ ᠡᠷᠬᠡ ᠠᠰᠢᠭ ᠲᠠᠢ ᠬᠤᠯᠪᠤᠭᠳᠠᠭᠰᠠᠨ ᠪᠠᠶᠢᠪᠠᠯ᠂ ᠲᠤᠰ ᠪᠠᠶᠢᠭᠤᠯᠤᠯᠭ᠎ᠠ ᠶᠢᠨ ᠭᠤᠷᠪᠠᠳᠤᠭᠠᠷ ᠡᠳᠡᠭᠡᠳ ᠠᠴᠠ ᠰᠠᠨᠠᠯ ᠠᠪᠬᠤ ᠬᠤᠭᠤᠴᠠᠭ᠎ᠠ ᠶᠢ ᠲᠤᠰ ᠵᠦᠢᠯ ᠤᠨ ᠬᠤᠶᠠᠳᠤᠭᠠᠷ ᠵᠣᠷᠪᠤᠰ ᠳᠤ ᠲᠣᠭᠲᠠᠭᠠᠭᠰᠠᠨ ᠴᠠᠭ ᠤᠨ ᠬᠢᠵᠠᠭᠠᠷᠯᠠᠯ ᠳᠤ ᠪᠤᠳᠤᠵᠤ ᠣᠷᠤᠭᠤᠯᠬᠤ ᠦᠭᠡᠢ᠃            ᠲᠤᠰ ᠪᠠᠶᠢᠭᠤᠯᠤᠯᠭ᠎ᠠ ᠨᠢ ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠭᠦᠯᠬᠦ ᠡᠷᠡᠮᠵᠢᠯᠡᠯ ᠳᠤ ᠬᠢᠨᠠᠯᠲᠠ ᠬᠢᠭᠰᠡᠨ ᠤ ᠳᠠᠷᠠᠭ᠎ᠠ᠂ ᠠᠳᠠᠯᠢ ᠪᠣᠰᠤ ᠪᠠᠶᠢᠳᠠᠯ ᠢ ᠦᠨᠳᠦᠰᠦᠯᠡᠵᠦ ᠲᠤᠰ ᠲᠤᠰ ᠳᠣᠣᠷᠠᠬᠢ ᠪᠣᠲᠠᠲᠠᠢ ᠬᠠᠷᠢᠭᠤ ᠢ ᠥᠭᠪᠡᠯ ᠵᠣᠬᠢᠨ᠎ᠠ᠄            ︵1︶ ᠬᠡᠷᠪᠡ ᠨᠡᠶᠢᠳᠡᠯᠡᠭᠦᠯᠬᠦ ᠪᠠᠷ ᠡᠷᠡᠮᠵᠢᠯᠡᠭᠰᠡᠨ ᠮᠡᠳᠡᠭᠡ ᠵᠠᠩᠭᠢ ᠨᠢ ᠲᠤᠭᠤᠷᠢᠭ ᠤᠨ ᠨᠢᠭᠡᠨᠳᠡ ᠰᠠᠨᠠᠭᠠᠴᠢᠯᠠᠭ᠎ᠠ ᠠᠴᠠ ᠪᠠᠨ ᠨᠡᠶᠢᠳᠡᠯᠡᠭᠰᠡᠨ ᠮᠡᠳᠡᠭᠡ ᠵᠠᠩᠭᠢ ᠳᠤ ᠬᠠᠷᠢᠶᠠᠯᠠᠭᠳᠠᠪᠠᠯ᠂ ᠬᠦᠯᠢᠶᠡᠨ ᠠᠪᠬᠤ ᠪᠠᠶᠢᠭᠤᠯᠤᠯᠭ᠎ᠠ ᠠᠴᠠ ᠡᠷᠡᠮᠵᠢᠯᠡᠯ ᠢ ᠬᠦᠯᠢᠶᠡᠨ ᠠᠪᠬᠤ ᠶᠠᠪᠤᠴᠠ ᠪᠠᠨ ᠲᠣᠷᠭᠠᠨ ᠵᠤᠭᠰᠤᠭᠠᠵᠤ᠂ ᠡᠷᠡᠮᠵᠢᠯᠡᠭᠰᠡᠨ ᠬᠦᠮᠦᠨ ᠳᠤ ᠬᠡᠷᠬᠢᠨ ᠮᠡᠳᠡᠭᠡ ᠵᠠᠩᠬᠢ ᠶᠢ ᠣᠯᠬᠤ ᠲᠤᠬᠠᠢ ᠠᠷᠭ᠎ᠠ ᠵᠠᠮ ᠢ ᠬᠡᠯᠡᠵᠦ ᠥᠭᠭᠦᠨ᠎ᠡ᠃            ︵2︶ ᠬᠡᠷᠪᠡ ᠪᠦᠷᠢᠮᠦᠰᠦᠨ ᠨᠡᠶᠢᠳᠡᠯᠡᠵᠦ ᠪᠣᠯᠬᠤ ᠦᠭᠡᠢ ᠵᠠᠰᠠᠭ ᠤᠨ ᠣᠷᠲᠦᠨ ᠤ ᠮᠡᠳᠡᠭᠡ ᠵᠠᠩᠭᠢ ᠳᠤ ᠬᠠᠷᠢᠶᠠᠯᠠᠭᠳᠠᠪᠠᠯ᠂ ᠡᠷᠡᠮᠵᠢᠯᠡᠭᠰᠡᠨ ᠬᠦᠮᠦᠨ ᠳᠤ ᠰᠢᠯᠲᠠᠭᠠᠨ ᠢ ᠨᠢ ᠬᠡᠯᠡᠵᠦ ᠥᠭᠭᠦᠨ᠎ᠡ᠃            ︵3︶ ᠬᠡᠷᠪᠡ ᠵᠠᠰᠠᠭ ᠤᠨ ᠣᠷᠲᠦᠨ ᠤ ᠮᠡᠳᠡᠭᠡ ᠵᠠᠩᠭᠢ ᠤᠨ ᠨᠡᠶᠢᠳᠡᠯᠡᠬᠦ ᠬᠦᠷᠢᠶ᠎ᠡ ᠬᠡᠪᠴᠢᠶᠡᠨ ᠳᠤ ᠪᠠᠭᠲᠠᠬᠤ ᠦᠭᠡᠢ ᠪᠤᠶᠤ ᠲᠤᠰ ᠮᠡᠳᠡᠭᠡ ᠵᠠᠩᠭᠢ ᠨᠢ ᠣᠷᠤᠰᠢᠬᠤ ᠦᠭᠡᠢ ᠪᠠᠶᠢᠳᠠᠯ ᠤᠨ ᠳᠤᠤᠷ᠎ᠠ᠂ ᠡᠷᠡᠮᠵᠢᠯᠡᠭᠰᠡᠨ ᠬᠦᠮᠦᠨ ᠳᠤ ᠴᠠᠭ ᠲᠤᠬᠠᠢ ᠳᠤ ᠨᠢ ᠮᠡᠳᠡᠭᠳᠡᠬᠦ ᠬᠡᠷᠡᠭᠲᠡᠢ᠃ ᠬᠡᠷᠪᠡ ᠲᠤᠰ ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠪᠠᠶᠢᠭᠤᠯᠤᠯᠭ᠎ᠠ ᠶᠢ ᠮᠡᠳᠡᠪᠡᠯ᠂ ᠡᠷᠡᠮᠵᠢᠯᠡᠭᠰᠡᠨ ᠬᠦᠮᠦᠨ ᠳᠤ ᠨᠡᠶᠢᠳᠡᠯᠡᠬᠦ ᠪᠠᠶᠢᠭᠤᠯᠤᠯᠭ᠎ᠠ ᠶᠢᠨ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠶᠢ ᠬᠡᠯᠡᠵᠦ ᠥᠭᠬᠦ ᠬᠡᠷᠡᠭᠲᠡᠢ᠃            ︵4︶ ᠡᠷᠡᠮᠵᠢᠯᠡᠭᠰᠡᠨ ᠠᠭᠤᠯᠭ᠎ᠠ ᠨᠢ ᠲᠣᠳᠤᠷᠬᠠᠢ ᠪᠣᠰᠤ ᠪᠣᠯ ᠡᠷᠡᠮᠵᠢᠯᠡᠭᠰᠡᠨ ᠬᠦᠮᠦᠨ ᠳᠤ ᠨᠦᠬᠦᠪᠦᠷᠢᠯᠡᠬᠦ ᠪᠠᠷ ᠮᠡᠳᠡᠭᠳᠡᠬᠦ ᠬᠡᠷᠡᠭᠲᠡᠢ᠂ ᠡᠷᠡᠮᠵᠢᠯᠡᠭᠰᠡᠨ ᠬᠦᠮᠦᠨ ᠲᠣᠭᠲᠠᠭᠰᠠᠨ ᠬᠤᠭᠤᠴᠠᠭᠠᠨ ᠳᠤ ᠨᠦᠬᠦᠪᠦᠷᠢᠯᠡᠬᠦ ᠦᠭᠡᠢ ᠪᠣᠯ ᠡᠷᠡᠮᠵᠢᠯᠡᠯ ᠢ ᠲᠠᠶᠠᠭᠳᠠᠭᠰᠠᠨ ᠢᠶᠠᠷ ᠦᠵᠡᠨ᠎ᠡ᠃            ︵5︶ ᠲᠤᠰ ᠪᠠᠶᠢᠭᠤᠯᠤᠯᠭ᠎ᠠ ᠨᠢ ᠨᠡᠶᠢᠳᠡᠯᠡᠭᠦᠯᠬᠦ ᠪᠠᠷ ᠡᠷᠡᠮᠵᠢᠯᠡᠭᠰᠡᠨ ᠵᠠᠰᠠᠭ ᠤᠨ ᠣᠷᠲᠦᠨ ᠤ ᠮᠡᠳᠡᠭᠡ ᠵᠠᠩᠭᠢ ᠨᠢ ᠬᠤᠳᠠᠯᠳᠤᠭᠠᠨ ᠤ ᠨᠢᠭᠤᠴᠠ᠂ ᠬᠤᠪᠢ ᠬᠦᠮᠦᠨ ᠤ ᠨᠢᠭᠤᠴᠠ ᠲᠠᠢ ᠬᠤᠯᠪᠤᠭᠳᠠᠵᠤ᠂ ᠨᠡᠶᠢᠳᠡᠯᠡᠭᠰᠡᠨ ᠤ ᠰᠡᠭᠦᠯᠡᠷ ᠭᠤᠷᠪᠠᠳᠤᠭᠠᠷ ᠡᠳᠡᠭᠡᠳ ᠤᠨ ᠬᠠᠤᠯᠢ ᠶᠣᠰᠤᠨ ᠤ ᠡᠷᠬᠡ ᠠᠰᠢᠭ ᠢ ᠬᠤᠬᠢᠷᠠᠭᠤᠯᠬᠤ ᠮᠠᠭᠠᠳ ᠬᠡᠮᠡᠨ ᠦᠵᠡᠪᠡᠯ᠂ ᠪᠢᠴᠢᠭ ᠤᠨ ᠬᠡᠯᠪᠡᠷᠢ ᠪᠠᠷ ᠭᠤᠷᠪᠠᠳᠤᠭᠠᠷ ᠡᠳᠡᠭᠡᠳ ᠤᠨ ᠰᠠᠨᠠᠯ ᠢ ᠠᠪᠤᠨ᠎ᠠ᠂ ᠭᠤᠷᠪᠠᠳᠤᠭᠠᠷ ᠡᠳᠡᠭᠡᠳ ᠨᠡᠶᠢᠳᠡᠯᠡᠬᠦ ᠶᠢ ᠵᠦᠪᠰᠢᠶᠡᠷᠡᠬᠦ ᠦᠭᠡᠢ ᠪᠣᠯ᠂ ᠨᠡᠶᠢᠳᠡᠯᠡᠵᠦ ᠪᠣᠯᠬᠤ ᠦᠭᠡᠢ᠃ ᠭᠡᠪᠡᠴᠦ ᠲᠤᠰ ᠪᠠᠶᠢᠭᠤᠯᠤᠯᠭ᠎ᠠ ᠨᠢ ᠨᠡᠶᠢᠳᠡᠯᠡᠬᠦ ᠦᠭᠡᠢ ᠪᠣᠯ ᠣᠯᠠᠨ ᠨᠡᠶᠢᠲᠡ ᠶᠢᠨ ᠠᠰᠢᠭ ᠲᠤᠰᠠ ᠳᠤ ᠬᠦᠨᠳᠦ ᠶᠡᠭᠡ ᠨᠦᠯᠦᠭᠡ ᠤᠴᠠᠷᠠᠭᠤᠯᠬᠤ ᠪᠣᠯᠤᠯᠴᠠᠭ᠎ᠠ ᠲᠠᠢ ᠬᠡᠮᠡᠨ ᠦᠵᠡᠪᠡᠯ᠂ ᠨᠡᠶᠢᠳᠡᠯᠡᠬᠦ ᠬᠡᠷᠡᠭᠲᠡᠢ᠂ ᠲᠡᠶᠢᠮᠦ ᠮᠦᠷᠳᠡᠭᠡᠨ ᠨᠡᠶᠢᠳᠡᠯᠡᠬᠦ ᠪᠠᠷ ᠲᠣᠭᠲᠠᠭᠰᠠᠨ ᠵᠠᠰᠠᠭ ᠤᠨ ᠣᠷᠲᠦᠨ ᠤ ᠮᠡᠳᠡᠭᠡ ᠵᠠᠩᠬᠢ ᠶᠢᠨ ᠠᠭᠤᠯᠭ᠎ᠠ ᠪᠠ ᠰᠢᠯᠲᠠᠭᠠᠨ ᠢ ᠭᠤᠷᠪᠠᠲᠤᠭᠠᠷ ᠡᠳᠡᠭᠡᠳ ᠲᠤ ᠪᠢᠴᠢᠭ ᠤᠨ ᠬᠡᠯᠪᠡᠷᠢ ᠪᠠᠷ ᠮᠡᠳᠡᠭᠳᠡᠨ᠎ᠡ᠃            ︵6︶ ᠨᠡᠶᠢᠳᠡᠯᠡᠭᠦᠯᠬᠦ ᠪᠠᠷ ᠡᠷᠡᠮᠵᠢᠯᠡᠭᠰᠡᠨ ᠵᠠᠰᠠᠭ ᠵᠠᠬᠢᠷᠭᠠᠨ ᠤ ᠮᠡᠳᠡᠭᠡ ᠵᠠᠩᠭᠢ ᠶᠢᠨ ᠳᠤᠲᠤᠷ᠎ᠠ ᠨᠡᠶᠢᠳᠡᠯᠡᠬᠦ ᠳᠤ ᠵᠣᠬᠢᠰ ᠦᠭᠡᠢ ᠠᠭᠤᠯᠭ᠎ᠠ᠂ ᠭᠡᠪᠡᠴᠦ ᠢᠯᠭᠠᠭ᠎ᠠ ᠲᠠᠢ ᠰᠢᠢᠳᠪᠦᠷᠢᠯᠡᠵᠦ ᠳᠡᠶᠢᠯᠪᠡᠯ ᠡᠷᠡᠮᠵᠢᠯᠡᠭᠰᠡᠨ ᠬᠦᠮᠦᠨ ᠳᠤ ᠬᠡᠰᠡᠭ ᠪᠦᠯᠦᠭ ᠢ ᠨᠢ ᠨᠡᠶᠢᠳᠡᠯᠡᠵᠦ ᠪᠣᠯᠬᠤ ᠶᠢ ᠬᠡᠯᠡᠵᠦ ᠥᠭᠬᠦ ᠪᠦᠭᠡᠳ ᠣᠯᠬᠤ ᠠᠷᠭ᠎ᠠ ᠵᠠᠮ ᠢ ᠬᠡᠯᠡᠵᠦ ᠥᠭᠬᠦ ᠬᠡᠷᠡᠭᠲᠡᠢ᠂ ᠨᠡᠶᠢᠳᠡᠯᠡᠵᠦ ᠪᠣᠯᠬᠤ ᠦᠭᠡᠢ ᠠᠭᠤᠯᠭ᠎ᠠ ᠶᠢᠨ ᠰᠢᠯᠳᠠᠭᠠᠨ ᠢ ᠨᠢ ᠬᠡᠯᠡᠵᠦ ᠲᠣᠳᠤᠷᠬᠠᠶᠢᠯᠠᠬᠤ ᠬᠡᠷᠡᠭᠲᠡᠢ            ︵7︶ ᠨᠢᠭᠡᠯᠡ ᠬᠦᠮᠦᠨ ᠨᠢᠭᠡᠯᠡ ᠵᠠᠰᠠᠭ ᠤᠨ ᠮᠡᠳᠡᠭᠡ ᠵᠠᠩᠭᠢ ᠢ ᠲᠤᠰ ᠪᠠᠶᠢᠭᠤᠯᠤᠯᠭ᠎ᠠ ᠳᠤ ᠲᠠᠬᠢᠨ ᠳᠠᠪᠲᠠᠨ ᠡᠷᠡᠮᠵᠢᠯᠡᠭᠰᠡᠨ ᠪᠠᠶᠢᠪᠠᠯ᠂ ᠨᠢᠭᠡᠨᠳᠡ ᠬᠠᠷᠢᠭᠤ ᠥᠭᠭᠦᠭᠰᠡᠨ ᠪᠠᠶᠢᠳᠠᠯ ᠤᠨ ᠳᠤᠤᠷ᠎ᠠ᠂ ᠲᠠᠬᠢᠨ ᠳᠠᠪᠲᠠᠨ ᠬᠠᠷᠢᠭᠤ ᠥᠭᠬᠦ ᠦᠭᠡᠢ᠃            ᠲᠤᠰ ᠪᠠᠶᠢᠭᠤᠯᠤᠯᠭ᠎ᠠ ᠨᠢ ᠡᠷᠡᠮᠵᠢᠯᠡᠯ ᠢᠶᠠᠷ ᠳᠠᠮᠵᠢᠨ ᠵᠠᠰᠠᠭ ᠤᠨ ᠣᠷᠲᠦᠨ ᠤ ᠮᠡᠳᠡᠭᠡ ᠵᠠᠩᠭᠢ ᠢ ᠬᠠᠩᠭᠠᠬᠤ ᠶᠠᠪᠤᠴᠠ ᠶᠢᠨ ᠳᠣᠮᠳᠠ ᠡᠭᠦᠰᠦᠭᠰᠡᠨ ᠺᠣᠫᠢᠳᠠᠬᠤ᠂ ᠰᠢᠤᠳᠠᠨ ᠢᠶᠠᠷ ᠢᠯᠡᠭᠡᠬᠦ᠂ ᠮᠡᠳᠡᠭᠡᠯᠡᠯ ᠡᠷᠢᠬᠦ ᠵᠡᠷᠭᠡ ᠵᠠᠷᠤᠳᠠᠯ᠂ ᠰᠦᠢᠳᠬᠡᠯ ᠬᠤᠷᠢᠶᠠᠬᠤ ᠲᠦᠷᠦᠯ ᠵᠦᠢᠯ ᠪᠠ ᠪᠠᠷᠢᠮᠵᠢᠶ᠎ᠠ ᠨᠢ ᠬᠤᠲᠠ ᠶᠢᠨ ᠬᠦᠭᠵᠢᠭᠦᠯᠦᠯᠳᠡ ᠥᠭᠡᠷᠡᠴᠢᠯᠡᠯᠳᠡ ᠶᠢᠨ ᠵᠦᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠬᠠᠮᠲᠤᠷᠠᠨ ᠬᠢᠨᠠᠨ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠪᠠᠷ ᠬᠡᠷᠡᠭᠵᠢᠭᠦᠯᠦᠨ᠎ᠡ᠃                        ᠨᠢᠭᠡᠨᠳᠡ ᠬᠠᠮᠢᠶ᠎ᠠ ᠪᠦᠭᠦᠢ ᠲᠣᠭᠲᠠᠭᠠᠯ ᠢ ᠣᠩᠰᠢᠪᠠ
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号