ᠪᠦᠬᠦ ᠲᠤᠭᠤᠷᠢᠭ ᠤᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠤᠭᠠᠷ ᠵᠠᠰᠠᠭ ᠶᠠᠪᠤᠭᠤᠯᠬᠤ | ᠦᠨᠳᠦᠰᠦᠨ ᠱᠠᠭᠠᠷᠳᠤᠯᠭ᠎ᠠ ᠶᠢ ᠨᠠᠶᠢᠳᠠᠪᠤᠷᠢᠵᠢᠭᠤᠯᠤᠨ ᠲᠤᠤᠱᠠᠯᠠᠭᠤᠯᠬᠤ ᠶᠢ ᠲᠦᠯᠬᠢᠨ ᠠᠬᠢᠭᠤᠯᠬᠤ ᠪᠠ ᠬᠢᠨᠠᠨ | ᠬᠠᠮᠢᠶᠠᠷᠠᠬᠤ ᠶᠢᠨ ᠳᠦᠯᠦᠭᠡ᠂ ᠵᠠᠰᠠᠭ ᠤᠨ ᠤᠷᠲᠦᠨ ᠤ ᠮᠡᠳᠡᠭᠡ ᠵᠠᠩᠭᠢ ᠢ ᠨᠡᠶᠢᠳᠡᠯᠡᠬᠦ ᠠᠵᠢᠯ ᠢ ᠨᠡᠩ ᠰᠠᠶᠢᠨ ᠢᠶᠠᠷ | ᠦᠷᠨᠢᠭᠦᠯᠬᠦ ᠶᠢᠨ ᠲᠦᠯᠦᠭᠡ᠂ ᠠᠷᠠᠳ ᠢᠷᠭᠡᠳ᠂ ᠬᠠᠤᠯᠢ ᠶᠢᠨ ᠡᠷᠬᠡᠳᠡᠨ ᠪᠠ ᠪᠤᠰᠤᠳ ᠵᠣᠬᠢᠶᠠᠨ ᠪᠠᠶᠢᠭᠤᠯᠤᠯᠲᠠ | ᠵᠠᠰᠠᠭ ᠤᠨ ᠤᠷᠳᠤᠨ ᠤ ᠮᠡᠳᠡᠭᠡ ᠵᠠᠩᠭᠢ ᠢ ᠡᠷᠢᠬᠦ ᠳᠤ ᠨᠡᠩ ᠳᠦᠭᠦᠮ ᠲᠦᠳᠡ ᠪᠤᠯᠭᠠᠬᠤ ᠶᠢᠨ ᠲᠦᠯᠦᠭᠡ᠂ ᠮᠦᠨᠴᠦ | ᠪᠠᠶᠢᠳᠠᠯ ᠢ ᠮᠡᠳᠡᠬᠦ ᠡᠷᠬᠡ᠂ ᠤᠷᠤᠯᠴᠠᠬᠤ ᠡᠷᠬᠡ ᠪᠠ ᠠᠪᠤᠷᠠᠨ ᠲᠣᠰᠠᠯᠠᠬᠤ ᠡᠷᠬᠡ ᠶᠢ ᠬᠠᠤᠯᠢ ᠶᠣᠰᠤᠭᠠᠷ | ᠪᠠᠳᠤᠯᠠᠬᠤ ᠶᠢᠨ ᠳᠦᠯᠦᠭᠡ ᠣᠨᠴᠠᠭᠠᠶᠢᠯᠠᠨ ᠲᠤᠰ ︽ᠤᠳᠤᠷᠢᠮᠳᠣᠵᠢ︾ ᠶᠢ ᠨᠠᠶᠢᠷᠠᠭᠤᠯᠤᠨ ᠳᠤᠭᠲᠠᠭᠠᠪᠠ᠃ | ︽ᠤᠳᠤᠷᠢᠮᠳᠣᠵᠢ︾ ᠨᠢ ᠵᠢᠯ ᠪᠤᠯᠭᠠᠨ ᠨᠢᠭᠡ ᠤᠳᠠᠭ᠎ᠠ ᠰᠢᠨᠡᠴᠢᠯᠡᠭᠳᠡᠬᠦ ᠪᠦᠭᠡᠳ ᠤᠯᠠᠭᠠᠨᠬᠠᠳᠠ | ᠬᠤᠳᠠ ᠶᠢᠨ ᠰᠥᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠦᠨ ᠤ ᠡᠭᠦᠳᠡᠨ ᠰᠦᠯᠵᠢᠶ᠎ᠡ ᠳᠡᠭᠡᠷ᠎ᠡ ᠠᠴᠠ | ᠪᠠᠶᠢᠴᠠᠭᠠᠨ ᠣᠩᠰᠢᠬᠤ ᠪᠤᠶᠤ ᠲᠤᠭᠤᠷᠢᠭ ᠤᠨ ᠵᠠᠰᠠᠭ ᠤᠨ ᠤᠷᠳᠦᠨ ᠤ ᠬᠢᠨᠠᠨ ᠪᠠᠶᠢᠴᠠᠭᠠᠬᠤ ᠬᠠᠤᠯᠢ | ᠬᠡᠷᠡᠭᠵᠢᠭᠦᠯᠦᠯᠳᠡ ᠶᠢᠨ ᠰᠤᠷᠠᠭ ᠵᠠᠩᠬᠢ ᠶᠢᠨ ᠬᠡᠯᠲᠡᠰ ᠠᠴᠠ ᠠᠪᠴᠦ ᠬᠡᠷᠡᠭᠯᠡᠵᠦ ᠪᠤᠯᠤᠨ᠎ᠠ᠃ | ᠨᠢᠭᠡ᠂ ᠮᠡᠳᠡᠭᠡ ᠵᠠᠩᠬᠢ ᠶᠢ ᠨᠡᠶᠢᠳᠡᠯᠡᠬᠦ ᠠᠭᠤᠯᠭ᠎ᠠ | ︵ᠨᠢᠭᠡ︶ ᠰᠠᠨᠠᠭᠠᠴᠢᠯᠠᠭ᠎ᠠ ᠠᠴᠠ ᠪᠠᠨ ᠨᠡᠶᠢᠳᠡᠯᠡᠬᠦ ᠮᠡᠳᠡᠭᠡ ᠵᠠᠩᠭᠢ᠄ | 1᠂ ᠬᠡᠯᠪᠡᠷᠢᠵᠢᠭᠰᠡᠨ ᠴᠢᠨᠠᠷᠲᠠᠢ ᠮᠠᠲ᠋ᠧᠷᠢᠶᠠᠯ ᠵᠢᠴᠢ ᠨᠡᠶᠢᠭᠡᠮ ᠤᠨ ᠬᠠᠮᠢᠶᠠᠷᠤᠯᠲᠠ ᠪᠠ ᠨᠡᠶᠢᠲᠡ ᠶᠢᠨ | ᠦᠢᠯᠡᠴᠢᠯᠡᠯᠭᠡᠨ ᠤ ᠬᠠᠮᠢᠶ᠎ᠠ ᠪᠦᠭᠦᠢ ᠪᠣᠰᠣᠳ ᠪᠢᠴᠢᠭ ᠮᠠᠲ᠋ᠧᠷᠢᠶᠠᠯ | 2᠂ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ ᠶᠡᠷᠥᠩᠬᠡᠢ ᠲᠦᠯᠦᠪᠵᠢᠭᠦᠯᠭᠡ᠂ ᠲᠦᠯᠦᠪᠯᠡᠭᠡ | ᠪᠠ ᠪᠣᠰᠤᠳ ᠬᠡᠷᠡᠭᠵᠢᠭᠦᠯᠬᠦ ᠪᠠᠶᠢᠳᠠᠯ | 3᠂ ᠬᠤᠲᠠ ᠪᠠᠯᠭᠠᠰᠦ ᠶᠢᠨ ᠲᠦᠯᠦᠪᠵᠢᠭᠦᠯᠭᠡ᠂ ᠭᠠᠵᠠᠷ ᠱᠢᠷᠦᠢ ᠶᠢᠨ ᠠᠰᠢᠭᠯᠠᠯᠲᠠ ᠶᠢᠨ | ᠲᠦᠯᠦᠪᠵᠢᠭᠦᠯᠭᠡ᠂ ᠪᠤᠰᠤᠳ ᠲᠤᠰᠬᠠᠢ ᠲᠤᠯᠤᠪᠵᠢᠭᠦᠯᠭᠡ ᠵᠢᠴᠢ ᠬᠡᠷᠡᠭᠵᠢᠭᠦᠯᠦᠯᠲᠡ ᠶᠢᠨ ᠪᠠᠶᠢᠳᠠᠯ | 4᠂ ᠬᠦᠮᠦᠨ ᠠᠮᠠ᠂ ᠡᠬᠢ ᠪᠠᠶᠠᠯᠢᠭ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠪᠠᠶᠢᠳᠠᠯ | 5᠂ ᠵᠠᠰᠠᠭ ᠤᠨ ᠣᠷᠲᠦᠨ ᠤ ᠡᠳ᠋ ᠶᠢᠨ ᠵᠠᠰᠠᠭ ᠤᠨ ᠤᠷᠢᠳᠴᠢᠯᠠᠭᠰᠠᠨ ᠲᠦᠰᠦᠪ᠂ ᠪᠦᠷᠢᠳᠭᠡᠵᠢᠯᠳᠡ | ᠵᠢᠴᠢ ᠬᠢᠨᠠᠨ ᠪᠠᠶᠢᠴᠠᠭᠠᠭᠰᠠᠨ ᠪᠠᠶᠢᠳᠠᠯ | 6᠂ ᠵᠠᠰᠠᠭ ᠤᠨ ᠪᠠᠶᠢᠭᠤᠯᠭ᠎ᠠ ᠪᠠ ᠨᠠᠶᠢᠳᠡ ᠶᠢᠨ ᠦᠢᠯᠡᠴᠢᠯᠡᠯᠭᠡᠨ ᠤ ᠵᠤᠬᠢᠶᠠᠨ ᠪᠠᠶᠢᠭᠤᠯᠤᠯᠲᠠ ᠶᠢᠨ | ᠪᠠᠶᠢᠷᠢᠯᠠᠭᠤᠯᠤᠯᠲᠠ᠂ ᠴᠢᠳᠠᠮᠵᠢ ᠶᠢᠨ ᠲᠤᠬᠢᠷᠠᠭᠤᠯᠤᠯᠲᠠ ᠶᠢᠨ ᠪᠠᠶᠢᠳᠠᠯ | 7᠂ ᠬᠦᠨᠳᠦ ᠶᠡᠭᠡ ᠬᠢᠵᠢᠭ ᠤᠨ ᠪᠠᠶᠢᠳᠠᠯ᠂ ᠭᠠᠮᠰᠢᠭ ᠤᠨ ᠪᠠᠶᠢᠳᠠᠯ ᠵᠢᠴᠢ ᠪᠣᠰᠣᠳ ᠭᠡᠨᠡᠳᠲᠡ ᠶᠢᠨ | ᠪᠠᠶᠢᠳᠠᠯ ᠤᠨ ᠤᠷᠢᠳᠴᠢᠯᠠᠭᠰᠠᠨ ᠮᠡᠳᠡᠭᠳᠡᠯ᠂ ᠡᠭᠦᠰᠦᠭᠰᠡᠨ ᠪᠠ ᠰᠢᠢᠳᠪᠦᠷᠢᠯᠡᠭᠰᠡᠨ ᠪᠠᠶᠢᠳᠠᠯ | 8᠂ ᠵᠠᠰᠠᠭ ᠤᠨ ᠣᠷᠳᠦᠨ ᠤ ᠭᠤᠤᠯᠳᠠᠯᠭ᠎ᠠ ᠲᠠᠢ ᠲᠦᠷᠦᠯ ᠵᠦᠢᠯ ᠤᠨ ᠬᠡᠷᠡᠭᠵᠢᠭᠦᠯᠦᠯᠳᠡ ᠶᠢᠨ | ᠠᠬᠢᠴᠠ ᠶᠢᠨ ᠪᠠᠶᠢᠳᠠᠯ | 9᠂ ᠵᠠᠰᠠᠭ ᠤᠨ ᠣᠷᠳᠦᠨ ᠤ ᠬᠤᠳᠠᠯᠳᠤᠨ ᠠᠪᠬᠤ ᠯᠠᠪᠯᠠᠯᠲᠠ᠂ ᠬᠢᠵᠠᠭᠠᠷᠯᠠᠯ ᠤᠨ ᠪᠠᠷᠢᠮᠵᠢᠶ᠎ᠠ ᠪᠠ | ᠬᠤᠳᠠᠯᠳᠤᠨ ᠠᠪᠤᠭᠰᠠᠨ ᠦᠷ᠎ᠡ ᠳ᠋ᠦᠩ | 10᠂ ᠵᠠᠰᠠᠭ ᠵᠠᠬᠢᠷᠭᠠᠨ ᠤ ᠬᠦᠬᠢᠭᠦᠯᠦᠯ ᠵᠢᠴᠢ ᠠᠯᠪᠠᠲᠠᠨ ᠡᠯᠰᠡᠬᠦ ᠰᠢᠯᠭᠠᠯᠲᠠ᠂ ᠡᠯᠰᠡᠨ ᠬᠡᠷᠡᠭᠯᠡᠬᠦ | ᠬᠡᠷᠡᠭ ᠤᠴᠢᠷ | 11᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠰᠠᠨᠠᠭᠠᠴᠢᠯᠠᠭ᠎ᠠ ᠠᠴᠠ ᠢᠯᠡᠴᠢᠯᠡᠬᠦ | ᠪᠤᠰᠣᠳ ᠬᠡᠷᠡᠭ ᠤᠴᠢᠷ | ︵ᠬᠤᠶᠠᠷ︶ ᠬᠠᠣᠯᠢ ᠳᠤ ᠲᠣᠭᠲᠠᠭᠰᠠᠨ ᠡᠭᠦᠷᠭᠡ ᠴᠢᠳᠠᠮᠵᠢ ᠶᠤᠰᠤᠭᠠᠷ᠂ ᠮᠠᠨ ᠤ ᠲᠤᠭᠤᠷᠢᠭ ᠤᠨ | ᠪᠣᠲᠠᠲᠠᠢ ᠪᠠᠶᠢᠳᠠᠯ ᠲᠠᠢ ᠣᠶᠠᠯᠳᠣᠭᠤᠯᠵᠣ᠂ ᠮᠡᠳᠡᠭᠡ ᠵᠠᠩᠭᠢ ᠢ ᠨᠡᠶᠢᠳᠡᠯᠡᠬᠦ ᠯᠠᠪᠯᠠᠯᠲᠠ ᠶᠢ ᠨᠠᠶᠢᠷᠠᠭᠤᠯᠤᠨ ᠵᠤᠬᠢᠶᠠᠵᠦ᠂ | ᠬᠦᠳᠡᠯᠡᠩᠭᠦᠢ ᠴᠢᠨᠠᠷᠲᠠᠢ ᠮᠡᠳᠡᠭᠡ ᠵᠠᠩᠬᠢ ᠶᠢᠨ ᠯᠠᠪᠯᠠᠯᠲᠠ ᠶᠢ ᠴᠠᠭ ᠦᠷᠭᠦᠯᠵᠢ ᠲᠤᠬᠢᠷᠠᠭᠤᠯᠤᠨ ᠰᠢᠨᠡᠳᠬᠡᠬᠦ ᠬᠡᠷᠡᠭᠲᠡᠢ᠃ | | ︵ᠭᠤᠷᠪᠠ︶ ᠠᠷᠠᠳ ᠢᠷᠭᠡᠳ᠂ ᠬᠠᠤᠯᠢ ᠶᠢᠨ ᠡᠷᠬᠡᠳᠡᠨ ᠪᠠ ᠪᠤᠰᠤᠳ ᠵᠣᠬᠢᠶᠠᠨ | ᠪᠠᠶᠢᠭᠤᠯᠤᠯᠲᠠ ᠠᠴᠠ ᠵᠠᠰᠠᠭ ᠵᠠᠬᠢᠷᠭᠠᠨ ᠤ ᠪᠠᠶᠢᠭᠤᠯᠭ᠎ᠠ ᠳᠤ ᠡᠷᠡᠮᠵᠢᠯᠡᠭᠰᠡᠨ ᠪᠤᠰᠤᠳ ᠨᠡᠶᠢᠳᠡᠯᠡᠬᠦ ᠴᠢᠬᠤᠯᠲᠠᠢ ᠵᠠᠰᠠᠭ | ᠵᠠᠬᠢᠷᠭᠠᠨ ᠤ ᠮᠡᠳᠡᠭᠡ ᠵᠠᠩᠭᠢ᠃ | ︵ᠲᠦᠷᠪᠡ︶ ᠲᠤᠰ ᠱᠠᠲᠤᠨ ᠤ ᠨᠠᠮ ᠤᠨ ᠬᠤᠷᠢᠶ᠎ᠠ᠂ ᠡᠷᠬᠡᠲᠦ ᠪᠠᠶᠢᠭᠤᠯᠭ᠎ᠠ᠂ ᠳᠡᠭᠡᠲᠦ ᠱᠠᠳᠦᠨ ᠤ | ᠵᠠᠰᠠᠭ ᠵᠠᠬᠢᠷᠭᠠᠨ ᠤ ᠪᠠᠶᠢᠭᠤᠯᠭ᠎ᠠ᠂ ᠵᠠᠰᠠᠭ ᠤᠨ ᠣᠷᠲᠦᠨ ᠤ ᠮᠡᠳᠡᠭᠡ ᠵᠠᠩᠬᠢ ᠶᠢᠨ ᠬᠤᠯᠪᠤᠭᠠᠯᠠᠭᠰᠠᠨ ᠬᠤᠷᠠᠯ ᠪᠠ | ᠵᠠᠰᠠᠭ ᠤᠨ ᠣᠷᠳᠦᠨ ᠤ ᠠᠯᠪᠠᠨ ᠭᠡᠷ᠂ ᠬᠢᠨᠠᠯᠲᠠ ᠰᠢᠯᠭᠠᠯᠲᠠ ᠶᠢᠨ ᠲᠣᠪᠴᠢᠶ᠎ᠠ ᠠᠴᠠ ᠨᠡᠶᠢᠳᠡᠯᠡᠬᠦ ᠪᠠᠷ ᠵᠢᠭᠠᠨ | ᠲᠣᠭᠲᠠᠭᠠᠭᠰᠠᠨ ᠮᠡᠳᠡᠭᠡ ᠵᠠᠩᠬᠢ ᠶᠢ ᠵᠠᠪᠠᠯ ᠨᠡᠶᠢᠳᠡᠯᠡᠨ᠎ᠡ᠃ | ᠬᠤᠶᠠᠷ᠂ ᠮᠡᠳᠡᠭᠡ ᠵᠠᠩᠬᠢ ᠶᠢ ᠨᠡᠶᠢᠳᠡᠯᠡᠬᠦ ᠠᠷᠭ᠎ᠠ ᠬᠡᠯᠪᠡᠷᠢ | ︵ᠨᠢᠭᠡ︶ ︽ᠰᠥᠩ ᠱᠠᠨ ᠲᠤᠭᠤᠷᠢᠭ ᠤᠨ ᠵᠠᠰᠠᠭ ᠤᠨ ᠣᠷᠲᠦᠨ︾ ᠤ ᠡᠭᠦᠲᠡᠨ ᠰᠦᠯᠵᠢᠶ᠎ᠡ ︵ | ᠪᠠᠶᠢᠭᠤᠯᠵᠦ ᠪᠤᠢ︶ | ︵ᠬᠤᠶᠠᠷ︶ ᠰᠥᠩ ᠱᠠᠨ ᠴᠠᠭ ᠤᠨ ᠪᠠᠶᠢᠳᠠᠯ᠂ ᠰᠥᠩ ᠱᠠᠨ ᠲᠧᠯᠸᠢᠰ ᠬᠤᠷᠢᠶ᠎ᠠ ᠵᠡᠷᠭᠡ ᠰᠣᠨᠢᠨ | ᠮᠡᠳᠡᠭᠡᠨ ᠤ ᠵᠢᠭᠤᠴᠢᠯᠠᠪᠤᠷᠢ ᠪᠠ ᠲᠣᠭᠤᠷᠢᠭ ᠤᠨ ᠵᠠᠰᠠᠭ ᠤᠨ ᠣᠷᠳᠦᠨ ᠤ 416 ᠳ᠋ᠤᠭᠠᠷ ᠠᠯᠪᠠᠨ ᠭᠡᠷ ᠲᠤ | ᠲᠣᠭᠲᠠᠮᠠᠯ ᠲᠦᠬᠦᠭᠡᠷᠦᠮᠵᠢ ᠤᠭᠰᠠᠷᠠᠬᠤ ᠵᠡᠷᠭᠡ ᠣᠯᠠᠨ ᠠᠷᠭ᠎ᠠ ᠬᠡᠯᠪᠡᠷᠢ ᠪᠠᠷ ᠳᠠᠮᠵᠢᠨ ᠨᠡᠶᠢᠲᠡᠯᠡᠨ᠎ᠡ ᠃ | ᠭᠤᠷᠪᠠ᠂ ᠮᠡᠳᠡᠭᠡ ᠵᠠᠩᠬᠢ ᠶᠢ ᠨᠡᠶᠢᠳᠡᠯᠡᠬᠦ ᠶᠠᠪᠤᠴᠠ | ︵ᠨᠢᠭᠡ︶ ᠨᠡᠶᠢᠳᠡᠯᠡᠬᠦ ᠴᠢᠬᠤᠯᠲᠠᠢ ᠮᠡᠳᠡᠭᠡ ᠵᠠᠩᠬᠢ ᠶᠢᠨ ᠳᠤᠮᠳᠠ᠂ ᠠᠷᠠᠳ ᠢᠷᠭᠡᠳ᠂ ᠬᠠᠤᠯᠢ ᠶᠢᠨ | ᠡᠷᠬᠡᠳᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠦᠨᠳᠦ ᠶᠡᠭᠡ ᠠᠰᠢᠭ ᠳᠤᠰᠠ ᠪᠤᠶᠤ ᠨᠡᠶᠢᠭᠡᠮ ᠳᠤ ᠬᠦᠨᠳᠦ | ᠶᠡᠭᠡ ᠨᠦᠯᠦᠭᠡ ᠲᠠᠢ ᠵᠠᠰᠠᠭ ᠵᠠᠬᠢᠷᠭᠠᠨ ᠤ ᠰᠢᠢᠳᠪᠦᠷᠢᠳᠦ ᠪᠤᠲᠤᠯᠭ᠎ᠠ ᠶᠢ ᠨᠡᠶᠢᠳᠡᠮ ᠬᠠᠮᠤᠷᠠᠭᠰᠠᠨ ᠵᠡᠷᠭᠡ ᠬᠡᠷᠡᠭ | ᠤᠴᠢᠷ ᠢ ᠨᠡᠶᠢᠭᠡᠮ ᠨᠡᠶᠢᠲᠡ ᠳᠤ ᠨᠡᠶᠢᠳᠡᠯᠡᠨ᠎ᠡ᠃ | ︵ᠬᠤᠶᠠᠷ︶ ᠵᠠᠰᠠᠭ ᠵᠠᠬᠢᠷᠭᠠᠨ ᠤ ᠪᠤᠰᠤ ᠰᠢᠢᠳᠪᠦᠷᠢᠳᠦ ᠪᠣᠲᠤᠯᠭ᠎ᠠ ᠶᠢᠨ ᠴᠢᠨᠠᠷᠲᠠᠢ ᠵᠠᠰᠠᠭ ᠤᠨ | ᠣᠷᠳᠦᠨ ᠤ ᠮᠡᠳᠡᠭᠡ ᠵᠠᠩᠭᠢ ᠢ ᠮᠡᠳᠡᠭᠡ ᠵᠠᠩᠭᠢ ᠡᠭᠦᠰᠦᠭᠰᠡᠨ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠨᠡᠶᠢᠳᠡᠯᠡᠨ᠎ᠡ᠃ | ︵ᠭᠤᠷᠪᠠ︶ ᠬᠤᠶᠠᠷ ᠠᠴᠠ ᠳᠡᠭᠡᠭᠰᠢ ᠡᠭᠦᠷᠭᠡ ᠴᠢᠳᠠᠮᠵᠢᠲᠦ ᠭᠠᠵᠠᠷ ᠠᠴᠠ ᠬᠤᠯᠪᠣᠭᠠᠯᠠᠨ | ᠪᠦᠷᠢᠯᠳᠦᠭᠰᠡᠨ ᠵᠠᠰᠠᠭ ᠤᠨ ᠣᠷᠳᠦᠨ ᠤ ᠮᠡᠳᠡᠭᠡ ᠵᠠᠩᠭᠢ ᠢ ᠭᠤᠤᠯᠯᠠᠨ ᠡᠷᠬᠢᠯᠡᠭᠰᠡᠨ ᠭᠠᠵᠠᠷ ᠪᠠ ᠬᠤᠯᠪᠤᠭᠠᠯᠠᠨ | ᠡᠷᠬᠢᠯᠡᠭᠰᠡᠨ ᠭᠠᠵᠠᠷ ᠶᠢᠨ ᠬᠠᠷᠢᠭᠤᠴᠠᠯᠭᠠᠲᠠᠨ ᠠᠴᠠ ᠵᠦᠪᠯᠡᠨ ᠲᠣᠭᠲᠠᠭᠰᠠᠨ ᠤ ᠰᠡᠭᠦᠯᠡᠷ ᠨᠡᠶᠢᠳᠡᠯᠡᠨ᠎ᠡ᠃ | ︵ᠲᠦᠷᠪᠡ︶ ᠠᠷᠠᠳ ᠢᠷᠭᠡᠳ᠂ ᠬᠠᠤᠯᠢ ᠶᠢᠨ ᠡᠷᠬᠡᠳᠡᠨ ᠪᠠ ᠪᠤᠰᠤᠳ ᠵᠣᠬᠢᠶᠠᠨ | ᠪᠠᠶᠢᠭᠤᠯᠤᠯᠲᠠ ᠠᠴᠠ ᠵᠠᠰᠠᠭ ᠤᠨ ᠣᠷᠲᠦᠨ ᠤ ᠰᠠᠨᠠᠭᠠᠴᠢᠯᠠᠭ᠎ᠠ ᠠᠴᠠ ᠪᠠᠨ ᠨᠡᠶᠢᠳᠡᠯᠡᠬᠦ ᠠᠴᠠ ᠭᠠᠳᠠᠨᠠᠬᠢ ᠵᠠᠰᠠᠭ ᠤᠨ | ᠣᠷᠲᠦᠨ ᠤ ᠮᠡᠳᠡᠭᠡ ᠵᠠᠩᠭᠢ ᠢ ᠬᠡᠷᠡᠭᠯᠡᠬᠦ ᠴᠢᠬᠤᠯᠲᠠᠢ ᠪᠣᠯ ᠨᠡᠶᠢᠳᠡᠯᠡᠭᠦᠯᠬᠦ ᠪᠠᠷ ᠡᠷᠡᠮᠵᠢᠯᠡᠵᠦ ᠪᠣᠯᠤᠨ᠎ᠠ᠃ | 1᠂ ᠬᠦᠯᠢᠶᠡᠨ ᠠᠪᠬᠤ ᠪᠠᠶᠢᠭᠤᠯᠤᠯᠭ᠎ᠠ᠄ ᠲᠤᠭᠤᠷᠢᠭ ᠤᠨ ᠵᠠᠰᠠᠭ ᠤᠨ ᠣᠷᠲᠦᠨ ᠨᠢ 2008 ᠣᠨ ᠤ | 5 ᠰᠠᠷ᠎ᠠ ᠶᠢᠨ 1 ᠤ ᠡᠳᠦᠷ ᠠᠴᠠ ᠡᠬᠢᠯᠡᠨ ᠵᠠᠰᠠᠭ ᠤᠨ ᠣᠷᠲᠦᠨ ᠤ ᠮᠡᠳᠡᠭᠡ ᠵᠠᠩᠭᠢ ᠶᠢ ᠨᠡᠶᠢᠳᠡᠯᠡᠬᠦ ᠡᠷᠡᠮᠵᠢᠯᠡᠯ ᠢ | ᠬᠦᠯᠢᠶᠡᠨ ᠠᠪᠴᠤ ᠰᠢᠢᠳᠪᠦᠷᠢᠯᠡᠵᠠᠢ᠂ ᠪᠣᠲᠠᠲᠠᠢ ᠬᠦᠯᠢᠶᠡᠨ ᠠᠪᠬᠤ ᠭᠠᠵᠠᠷ ᠨᠢ ᠲᠤᠭᠤᠷᠢᠭ ᠤᠨ ᠵᠠᠰᠠᠭ ᠤᠨ | ᠣᠷᠲᠦᠨ ᠤ 416 ᠳ᠋ᠤᠭᠠᠷ ᠠᠯᠪᠠᠨ ᠭᠡᠷ ᠳᠤ ᠪᠠᠶᠢᠵᠦ᠂ ᠠᠯᠪᠠᠯᠠᠬᠤ ᠴᠠᠭ ᠨᠢ ᠭᠠᠷᠠᠭ ᠪᠦᠷᠢ ᠶᠢᠨ ᠭᠠᠷᠠᠭ | ᠨᠢᠭᠡᠨ ᠠᠴᠠ ᠭᠠᠷᠠᠭ ᠤᠨ ᠲᠠᠪᠤᠨ ︵ᠬᠠᠤᠯᠢ ᠳᠤ ᠲᠤᠭᠲᠠᠭᠰᠠᠨ ᠠᠮᠠᠷᠠᠯᠲᠠ ᠶᠢᠨ ᠡᠳᠦᠷ ᠠᠴᠠ ᠭᠠᠳᠠᠨ᠎ᠠ︶᠂ ᠡᠳᠦᠷ | ᠪᠦᠷᠢ ᠶᠢᠨ 9᠄ 00-11᠄ 30᠂ 14᠄ 30-17᠄ 00︔ ᠬᠠᠷᠢᠯᠴᠠᠬᠤ ᠤᠲᠠᠰᠤ 0476-8467184᠂ | ᠰᠢᠤᠳᠠᠨ ᠳ᠋ᠤᠭᠠᠷ 024005᠂ ᠡᠯᠧᠺᠳ᠋ᠷᠣᠨ ᠰᠢᠤᠳᠠᠨ ᠭᠤᠪᠢᠭᠤᠯᠭ᠎ᠠ ᠤᠨ ᠭᠠᠵᠠᠷ᠄ cfhj02@163.com | ᠃ | 2᠂ ᠡᠷᠡᠮᠵᠢᠯᠡᠬᠦ ᠬᠡᠯᠪᠡᠷᠢ᠄ ᠲᠤᠭᠤᠷᠢᠭ ᠤᠨ ᠵᠠᠰᠠᠭ ᠤᠨ ᠣᠷᠲᠦᠨ ᠳᠤ ᠮᠡᠳᠡᠭᠡ ᠵᠠᠩᠭᠢ ᠶᠢ | ᠠᠪᠬᠤ ᠪᠠᠷ ᠡᠷᠡᠮᠵᠢᠯᠡᠨ᠂ ︽ᠲᠤᠭᠤᠷᠢᠭ ᠤᠨ ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠡᠷᠡᠮᠵᠢᠯᠡᠯ ᠤᠨ | ᠬᠦᠰᠦᠨᠦᠭ︾ ︵ᠳᠠᠭᠠᠯᠳᠤᠭᠤᠯᠤᠯ 2 ᠳᠤ ᠦᠵᠡ︶ ᠶᠢ ᠲᠠᠭᠯᠠᠭᠠᠷᠠᠢ᠃ ᠺᠣᠫᠢᠳᠠᠭᠰᠠᠨ ᠬᠦᠰᠦᠨᠦᠭ ᠨᠢ ᠴᠦ ᠮᠦᠨ | ᠬᠦᠴᠦᠨ ᠲᠠᠢ᠂ ᠬᠦᠯᠢᠶᠡᠨ ᠠᠪᠬᠤ ᠪᠠᠶᠢᠭᠤᠯᠤᠯᠭ᠎ᠠ ᠳᠤ ᠬᠦᠷᠴᠦ ᠲᠤᠰ ᠬᠦᠰᠦᠨᠦᠭ ᠢ ᠠᠪᠤᠭᠰᠠᠨ ᠴᠦ ᠪᠤᠯᠤᠨ᠎ᠠ᠂ | ᠡᠰᠡᠪᠡᠯ ᠲᠤᠰ ᠪᠠᠶᠢᠭᠤᠯᠭ᠎ᠠ ᠶᠢᠨ ᠰᠦᠯᠵᠢᠶᠡᠨ ᠠᠴᠠ ᠪᠠᠭᠤᠯᠭᠠᠨ ᠠᠪᠴᠤ ᠪᠤᠯᠤᠨ᠎ᠠ᠃ ᠲᠤᠤᠷᠠᠬᠢ ᠠᠷᠭ᠎ᠠ | ᠬᠡᠯᠪᠡᠷᠢ ᠪᠠᠷ ᠳᠠᠮᠵᠢᠨ ᠡᠷᠡᠮᠵᠢᠯᠡᠯ ᠲᠤᠷᠠᠳᠴᠦ ᠪᠤᠯᠤᠨ᠎ᠠ᠄ | ︵1︶ ᠲᠣᠣᠷ ᠰᠦᠯᠵᠢᠶ᠎ᠡ ᠢᠶᠠᠷ ᠳᠠᠮᠵᠢᠨ ᠡᠷᠡᠮᠵᠢᠯᠡᠵᠦ ᠪᠤᠯᠤᠨ᠎ᠠ᠃ ᠡᠷᠡᠮᠵᠢᠯᠡᠬᠦ ᠬᠦᠮᠦᠨ ᠨᠢ ︽ | ᠡᠷᠡᠮᠵᠢᠯᠡᠯ ᠤᠨ ᠬᠦᠰᠦᠨᠦᠭᠲᠦ︾ ᠶᠢ ᠲᠠᠭᠯᠠᠭᠰᠠᠨ ᠤ ᠰᠡᠭᠦᠯᠡᠷ᠂ ᠰᠦᠯᠵᠢᠶ᠎ᠡ ᠪᠠᠷ ᠳᠠᠮᠵᠢᠨ ᠲᠤᠰᠢᠶᠠᠪᠠᠯ ᠪᠣᠯᠴᠢᠬᠠᠨ᠎ᠠ᠃ | | ︵2︶ ᠵᠠᠬᠢᠳᠠᠯ ᠰᠣᠷᠪᠤᠯᠵᠢᠯᠠᠭ᠎ᠠ᠂ ᠴᠠᠬᠢᠯᠭᠠᠨ ᠮᠡᠳᠡᠭᠡ᠂ ᠹᠠᠺᠡᠰ ᠵᠡᠷᠭᠡ ᠠᠷᠭ᠎ᠠ ᠬᠡᠯᠪᠡᠷᠢ ᠪᠠᠷ | ᠡᠷᠡᠮᠵᠢᠯᠡᠬᠦ᠃ ᠡᠷᠡᠮᠵᠢᠯᠡᠬᠦ ᠬᠦᠮᠦᠨ ᠨᠢ ᠵᠠᠬᠢᠳᠠᠯ ᠰᠣᠷᠪᠤᠯᠵᠢᠯᠠᠭ᠎ᠠ ᠪᠠᠷ ᠳᠠᠮᠵᠢᠨ ᠡᠷᠡᠮᠵᠢᠯᠡᠪᠡᠯ᠂ ᠵᠠᠬᠢᠳᠠᠯ ᠤᠨ | ᠲᠤᠬᠠᠲᠠᠢ ᠶᠢᠨ ᠵᠡᠭᠦᠨ ᠲᠤᠤᠷ᠎ᠠ ᠦᠨᠴᠦᠭ ᠳᠤ ︽ᠵᠠᠰᠠᠭ ᠤᠨ ᠣᠷᠲᠦᠨ ᠤ ᠮᠡᠳᠡᠭᠡ ᠵᠠᠩᠭᠢ ᠤᠨ ᠨᠡᠶᠢᠳᠡᠯᠡᠯᠳᠡ ᠶᠢᠨ | ᠡᠷᠡᠮᠵᠢᠯᠡᠯ︾ ᠬᠡᠮᠡᠨ ᠲᠤᠲᠤᠷᠬᠠᠶᠢᠯᠠᠨ ᠪᠢᠴᠢᠭᠡᠷᠡᠢ᠃ ᠴᠠᠬᠢᠯᠭᠠᠨ ᠮᠡᠳᠡᠭᠡ᠂ ᠹᠠᠺᠡᠰ ᠵᠡᠷᠭᠡ ᠠᠷᠭ᠎ᠠ ᠬᠡᠯᠪᠡᠷᠢ ᠢᠶᠠᠷ | ᠳᠠᠮᠵᠢᠨ ᠡᠷᠡᠮᠵᠢᠯᠡᠪᠡᠯ᠂ ︽ᠵᠠᠰᠠᠭ ᠤᠨ ᠣᠷᠲᠦᠨ ᠤ ᠮᠡᠳᠡᠭᠡ ᠵᠠᠩᠭᠢ ᠤᠨ ᠨᠡᠶᠢᠳᠡᠯᠡᠯᠳᠡ ᠶᠢᠨ ᠡᠷᠡᠮᠵᠢᠯᠡᠯ︾ ᠬᠡᠮᠡᠨ | ᠲᠤᠲᠤᠷᠬᠠᠶᠢᠯᠠᠨ ᠪᠢᠴᠢᠭᠡᠷᠡᠢ᠃ | ︵3︶ ᠨᠢᠭᠤᠷᠳᠠᠨ ᠡᠷᠡᠮᠵᠢᠯᠡᠬᠦ᠃ ᠡᠷᠡᠮᠵᠢᠯᠡᠬᠦ ᠬᠦᠮᠦᠨ ᠨᠢ ᠬᠦᠯᠢᠶᠡᠨ ᠠᠪᠬᠤ ᠪᠠᠶᠢᠭᠤᠯᠤᠯᠭ᠎ᠠ ᠳᠤ | ᠤᠴᠢᠵᠦ᠂ ᠲᠤᠬᠠᠢ ᠶᠢᠨ ᠲᠠᠯᠠᠪᠤᠷ ᠲᠤ ᠨᠢ ᠡᠷᠡᠮᠵᠢᠯᠡᠬᠦ ᠪᠠᠷ ᠲᠤᠷᠠᠳᠴᠤ ᠪᠤᠯᠤᠨ᠎ᠠ᠃ | ︵4︶ ᠣᠨᠴᠠᠭᠠᠢ ᠠᠯᠬᠤᠮ ᠢᠶᠠᠷ ᠡᠷᠡᠮᠵᠢᠯᠡᠬᠦ᠃ ᠡᠷᠡᠮᠵᠢᠯᠡᠬᠦ ᠬᠦᠮᠦᠨ ᠨᠢ ᠥᠪᠡᠷ ᠤᠨ | ᠪᠡᠶ᠎ᠡ ᠲᠠᠢ ᠪᠠᠨ ᠢᠶᠠᠨ ᠬᠠᠮᠢᠶᠠᠲᠠᠢ ᠵᠠᠰᠠᠭ ᠤᠨ ᠤᠷᠳᠦᠨ ᠤ ᠮᠡᠳᠡᠭᠡ ᠵᠠᠩᠭᠢ ᠢ ᠡᠷᠡᠮᠵᠢᠯᠡᠬᠦ ᠳᠤ᠂ ᠶᠤᠰᠤᠨ ᠳᠤ ᠪᠠᠨ | ᠬᠦᠴᠦᠨ ᠲᠠᠢ ᠪᠦᠬᠦᠢ ᠪᠡᠶ᠎ᠡ ᠶᠢᠨ ᠭᠡᠷᠡᠴᠢ ᠦᠨᠡᠮᠯᠡᠯ ᠢᠶᠠᠨ ᠠᠪᠴᠦ᠂ ᠬᠦᠯᠢᠶᠡᠨ ᠠᠪᠬᠤ ᠪᠠᠶᠢᠭᠤᠯᠤᠯᠭ᠎ᠠ ᠳᠤ | ᠪᠢᠴᠢᠭ ᠤᠨ ᠡᠷᠡᠮᠵᠢᠯᠡᠯ ᠢᠶᠠᠨ ᠨᠢᠭᠤᠷᠳᠠᠨ ᠲᠤᠰᠢᠶᠠᠪᠡᠯ ᠵᠤᠬᠢᠨ᠎ᠠ᠃ | ᠲᠤᠭᠤᠷᠢᠭ ᠤᠨ ᠵᠠᠰᠠᠭ ᠤᠨ ᠣᠷᠲᠦᠨ ᠨᠢ ᠤᠲᠠᠰᠤ ᠶᠢᠨ ᠬᠡᠯᠪᠡᠷᠢ ᠶᠢᠨ ᠡᠷᠡᠮᠵᠢᠯᠡᠯ ᠶᠢ ᠬᠦᠯᠢᠶᠡᠨ | ᠠᠪᠬᠤ ᠦᠭᠡᠢ᠂ ᠭᠡᠪᠡᠴᠦ ᠡᠷᠡᠮᠵᠢᠯᠡᠬᠦ ᠬᠦᠮᠦᠨ ᠨᠢ ᠤᠲᠠᠰᠤ ᠪᠠᠷ ᠳᠠᠮᠵᠢᠨ ᠬᠠᠮᠢᠶ᠎ᠠ ᠪᠦᠭᠦᠢ ᠦᠢᠯᠡᠴᠢᠯᠡᠯᠭᠡᠨ ᠤ | ᠵᠦᠢᠯᠡᠰ ᠢ ᠠᠰᠠᠭᠤᠨ ᠯᠠᠪᠯᠠᠵᠦ ᠪᠤᠯᠤᠨ᠎ᠠ᠃ | 3᠂ ᠡᠷᠡᠮᠵᠢᠯᠡᠯ ᠢ ᠰᠢᠢᠳᠪᠦᠷᠢᠯᠡᠬᠦ᠃ ᠡᠷᠡᠮᠵᠢᠯᠡᠯ ᠢ ᠲᠣᠰᠤᠨ ᠣᠯᠣᠭᠰᠠᠨ ᠡᠳᠦᠷ ᠠᠴᠠ ᠡᠬᠢᠯᠡᠨ 15 | ᠠᠵᠢᠯ ᠤᠨ ᠡᠳᠦᠷ ᠤᠨ ᠳᠤᠲᠤᠷ᠎ᠠ ᠬᠠᠷᠢᠭᠤᠯᠲᠠ ᠦᠭᠭᠦ ᠬᠡᠷᠡᠭᠲᠡᠢ᠃ ᠬᠡᠷᠪᠡ ᠬᠠᠷᠢᠭᠤ ᠥᠭᠬᠦ ᠬᠤᠭᠤᠴᠠᠭ᠎ᠠ ᠶᠢ | ᠬᠤᠶᠢᠰᠢᠯᠠᠭᠤᠯᠬᠤ ᠴᠢᠬᠤᠯᠠᠲᠠᠢ ᠪᠣᠯ ᠡᠷᠡᠮᠵᠢᠯᠡᠭᠰᠡᠨ ᠬᠦᠮᠦᠨ ᠳᠤ ᠮᠡᠳᠡᠭᠳᠡᠬᠦ ᠬᠡᠷᠡᠭᠲᠡᠢ᠃ ᠬᠠᠷᠢᠭᠤ ᠥᠭᠬᠦ | ᠬᠤᠶᠢᠰᠢᠯᠠᠭᠤᠯᠬᠤ ᠬᠤᠭᠤᠴᠠᠭ᠎ᠠ ᠶᠢ ᠬᠠᠮᠤᠭ ᠤᠷᠳᠤ ᠳᠤ ᠪᠠᠨ 15 ᠠᠵᠢᠯ ᠤᠨ ᠡᠳᠦᠷ ᠠᠴᠠ ᠬᠡᠳᠦᠷᠡᠭᠦᠯᠵᠦ ᠪᠣᠯᠬᠤ | ᠦᠭᠡᠢ᠃ ᠡᠷᠡᠮᠵᠢᠯᠡᠯ ᠢ ᠬᠦᠯᠢᠶᠡᠨ ᠠᠪᠤᠭᠰᠠᠨ ᠡᠮᠦᠨ᠎ᠡ ᠬᠤᠶᠢᠨᠠᠬᠢ ᠲᠠᠷᠠᠭᠠᠯᠠᠯ ᠢᠶᠠᠷ ᠡᠷᠡᠮᠵᠢᠯᠡᠯ ᠢ ᠰᠢᠢᠳᠪᠦᠷᠢᠯᠡᠨ᠎ᠡ᠂ | ᠨᠢᠭᠡ ᠬᠤᠪᠢ ᠡᠷᠡᠮᠵᠢᠯᠡᠯ ᠳᠤ ᠬᠡᠷᠪᠡ ᠬᠡᠳᠦᠨ ᠲᠤᠰᠠᠭᠠᠷ ᠭᠤᠶᠤᠴᠢᠯᠠᠯ ᠪᠠᠶᠢᠪᠠᠯ᠂ ᠪᠦᠬᠦᠨ ᠢ ᠰᠢᠢᠳᠪᠦᠷᠢᠯᠡᠵᠦ | ᠪᠠᠷᠠᠭᠰᠠᠨ ᠬᠤᠶᠢᠨ᠎ᠠ ᠨᠢᠭᠡᠲᠦᠯᠲᠠᠢ ᠬᠠᠷᠢᠭᠤ ᠥᠭᠭᠦᠨ᠎ᠡ᠃ ᠰᠢᠢᠳᠪᠦᠷᠢᠯᠡᠬᠦ ᠦᠷ᠎ᠡ ᠪᠦᠲᠦᠮᠵᠢ ᠶᠢ | ᠲᠡᠭᠡᠭᠰᠢᠯᠡᠭᠦᠯᠬᠦ ᠶᠢᠨ ᠲᠤᠯᠠᠳᠠ᠂ ᠡᠷᠡᠮᠵᠢᠯᠡᠬᠦ ᠬᠦᠮᠦᠨ ᠢ ᠰᠠᠨᠠᠭᠤᠯᠬᠤ ᠨᠢ ᠠᠳᠠᠯᠢ ᠪᠤᠰᠤ ᠭᠤᠶᠤᠴᠢᠯᠠᠭ᠎ᠠ ᠶᠢ ᠲᠦᠷᠦᠯ | ᠬᠤᠪᠢᠶᠠᠨ ᠡᠷᠡᠮᠵᠢᠯᠡᠷᠠᠢ᠃ ᠬᠡᠷᠪᠡ ᠡᠷᠡᠮᠵᠢᠯᠡᠯ ᠶᠢᠨ ᠭᠤᠣᠯ ᠵᠦᠢᠯ ᠨᠢ ᠭᠦᠢᠴᠡᠳ ᠪᠤᠰᠤ᠂ ᠣᠨᠣᠪᠴᠢ ᠦᠭᠡᠢ᠂ | ᠪᠣᠲᠠᠲᠠᠢ ᠮᠡᠳᠡᠭᠡ ᠵᠠᠩᠭᠢ ᠤᠨ ᠠᠭᠤᠯᠭ᠎ᠠ ᠶᠢ ᠲᠣᠭᠲᠠᠭᠠᠬᠤ ᠳᠤ ᠬᠦᠴᠢᠷᠲᠠᠢ ᠪᠣᠯ᠂ ᠲᠤᠰ ᠪᠠᠶᠢᠭᠤᠯᠭ᠎ᠠ ᠨᠢ | ᠡᠷᠡᠮᠵᠢᠯᠡᠭᠰᠡᠨ ᠬᠦᠮᠦᠨ ᠶᠢ ᠲᠠᠬᠢᠨ ᠨᠦᠬᠦᠪᠦᠷᠢᠯᠡᠬᠦ ᠪᠤᠶᠤ ᠵᠠᠰᠠᠬᠤ ᠪᠠᠷ ᠱᠠᠭᠠᠷᠳᠠᠬᠤ ᠬᠡᠷᠡᠭᠲᠡᠢ᠃ ᠪᠣᠲᠠᠲᠠᠢ ᠬᠠᠷᠢᠭᠤ | ᠥᠭᠬᠦ ᠠᠷᠭ᠎ᠠ ᠬᠡᠯᠪᠡᠷᠢ ᠨᠢ ᠳᠣᠣᠷᠠᠬᠢ ᠮᠡᠨᠳᠦ᠄ | ︵1︶ ᠬᠡᠷᠪᠡ ᠨᠡᠶᠢᠳᠡᠯᠡᠭᠦᠯᠬᠦ ᠪᠠᠷ ᠡᠷᠡᠮᠵᠢᠯᠡᠭᠰᠡᠨ ᠮᠡᠳᠡᠭᠡ ᠵᠠᠩᠭᠢ ᠨᠢ ᠲᠤᠭᠤᠷᠢᠭ ᠤᠨ ᠨᠢᠭᠡᠨᠳᠡ | ᠰᠠᠨᠠᠭᠠᠴᠢᠯᠠᠭ᠎ᠠ ᠠᠴᠠ ᠪᠠᠨ ᠨᠡᠶᠢᠳᠡᠯᠡᠭᠰᠡᠨ ᠮᠡᠳᠡᠭᠡ ᠵᠠᠩᠭᠢ ᠳᠤ ᠬᠠᠷᠢᠶᠠᠯᠠᠭᠳᠠᠪᠠᠯ᠂ ᠬᠦᠯᠢᠶᠡᠨ ᠠᠪᠬᠤ | ᠪᠠᠶᠢᠭᠤᠯᠤᠯᠭ᠎ᠠ ᠠᠴᠠ ᠡᠷᠡᠮᠵᠢᠯᠡᠯ ᠢ ᠬᠦᠯᠢᠶᠡᠨ ᠠᠪᠬᠤ ᠶᠠᠪᠤᠴᠠ ᠪᠠᠨ ᠲᠣᠷᠭᠠᠨ ᠵᠤᠭᠰᠤᠭᠠᠵᠤ᠂ ᠡᠷᠡᠮᠵᠢᠯᠡᠭᠰᠡᠨ | ᠬᠦᠮᠦᠨ ᠳᠤ ᠬᠡᠷᠬᠢᠨ ᠮᠡᠳᠡᠭᠡ ᠵᠠᠩᠬᠢ ᠶᠢ ᠣᠯᠬᠤ ᠲᠤᠬᠠᠢ ᠠᠷᠭ᠎ᠠ ᠵᠠᠮ ᠢ ᠬᠡᠯᠡᠵᠦ ᠥᠭᠭᠦᠨ᠎ᠡ᠃ | ︵2︶ ᠬᠡᠷᠪᠡ ᠬᠡᠰᠡᠭ ᠪᠦᠯᠦᠭ ᠢ ᠨᠡᠶᠢᠳᠡᠯᠡᠵᠦ ᠪᠣᠯᠬᠤ ᠪᠤᠶᠤ ᠪᠦᠷᠢᠮᠦᠰᠦᠨ ᠨᠡᠶᠢᠳᠡᠯᠡᠵᠦ ᠪᠣᠯᠬᠤ | ᠦᠭᠡᠢ ᠵᠠᠰᠠᠭ ᠤᠨ ᠣᠷᠲᠦᠨ ᠤ ᠮᠡᠳᠡᠭᠡ ᠵᠠᠩᠭᠢ ᠳᠤ ᠬᠠᠷᠢᠶᠠᠯᠠᠭᠳᠠᠪᠠᠯ᠂ ᠡᠷᠡᠮᠵᠢᠯᠡᠭᠰᠡᠨ ᠬᠦᠮᠦᠨ ᠳᠤ | ᠰᠢᠯᠲᠠᠭᠠᠨ ᠢ ᠨᠢ ᠬᠡᠯᠡᠵᠦ ᠥᠭᠭᠦᠨ᠎ᠡ᠃ | ︵3︶ ᠬᠡᠷᠪᠡ ᠵᠠᠰᠠᠭ ᠤᠨ ᠣᠷᠲᠦᠨ ᠤ ᠮᠡᠳᠡᠭᠡ ᠵᠠᠩᠭᠢ ᠤᠨ ᠨᠡᠶᠢᠳᠡᠯᠡᠬᠦ ᠬᠦᠷᠢᠶ᠎ᠡ ᠬᠡᠪᠴᠢᠶᠡᠨ ᠳᠤ | ᠪᠠᠭᠲᠠᠬᠤ ᠦᠭᠡᠢ ᠪᠤᠶᠤ ᠲᠤᠰ ᠮᠡᠳᠡᠭᠡ ᠵᠠᠩᠭᠢ ᠨᠢ ᠣᠷᠤᠰᠢᠬᠤ ᠦᠭᠡᠢ ᠪᠠᠶᠢᠳᠠᠯ ᠤᠨ ᠳᠤᠤᠷ᠎ᠠ᠂ ᠡᠷᠡᠮᠵᠢᠯᠡᠭᠰᠡᠨ | ᠬᠦᠮᠦᠨ ᠳᠤ ᠴᠠᠭ ᠲᠤᠬᠠᠢ ᠳᠤ ᠨᠢ ᠮᠡᠳᠡᠭᠳᠡᠬᠦ ᠬᠡᠷᠡᠭᠲᠡᠢ᠃ | ︵ᠲᠠᠪᠤ︶ ᠠᠷᠠᠳ ᠢᠷᠭᠡᠳ᠂ ᠬᠠᠤᠯᠢ ᠶᠢᠨ ᠡᠷᠬᠡᠳᠡᠨ ᠪᠠ ᠪᠤᠰᠤᠳ ᠵᠣᠬᠢᠶᠠᠨ ᠪᠠᠶᠢᠭᠤᠯᠤᠯᠲᠠ ᠨᠢ | ᠵᠠᠰᠠᠭ ᠤᠨ ᠣᠷᠲᠦᠨ ᠤ ᠮᠡᠳᠡᠭᠡ ᠵᠠᠩᠭᠢ ᠤᠨ ᠨᠡᠶᠢᠳᠡᠯᠡᠯ ᠶᠢ ᠭᠦᠢᠴᠡᠳ ᠪᠣᠰᠤ᠂ ᠣᠨᠣᠪᠴᠢ ᠦᠭᠡᠢ᠂ ᠦᠨᠡᠨ | ᠪᠣᠲᠠᠲᠠᠢ ᠪᠢᠰᠢ ᠭᠡᠵᠦ ᠦᠵᠡᠵᠦ ᠪᠠᠶᠢᠪᠠᠯ᠂ ᠬᠠᠯᠠᠵᠦ ᠥᠭᠡᠷᠡᠴᠢᠯᠡᠬᠦ ᠶᠢ ᠱᠠᠭᠠᠷᠳᠠᠬᠤ ᠡᠷᠬᠡ ᠲᠠᠢ᠂ ᠲᠤᠭᠤᠷᠢᠭ ᠤᠨ | ᠵᠠᠰᠠᠭ ᠤᠨ ᠣᠷᠲᠦᠨ ᠨᠢ ᠥᠭᠡᠷᠡᠴᠢᠯᠡᠬᠦ ᠡᠷᠬᠡ ᠦᠭᠡᠢ ᠪᠠᠶᠢᠳᠠᠯ ᠤᠨ ᠳᠤᠤᠷ᠎ᠠ᠂ ᠰᠢᠢᠳᠪᠦᠷᠢᠯᠡᠬᠦ ᠡᠷᠬᠡ ᠲᠠᠢ | ᠪᠠᠶᠢᠭᠤᠯᠭ᠎ᠠ ᠳᠤ ᠰᠢᠯᠵᠢᠭᠦᠯᠦᠨ ᠥᠭᠴᠦ ᠰᠢᠢᠳᠪᠦᠷᠢᠯᠡᠭᠦᠯᠬᠦ ᠪᠦᠭᠡᠳ ᠱᠠᠭᠠᠷᠳᠤᠯᠭ᠎ᠠ ᠲᠤᠷᠠᠳᠤᠭᠰᠠᠨ ᠬᠦᠮᠦᠨ ᠳᠤ | ᠮᠡᠳᠡᠭᠳᠡᠨ᠎ᠡ᠃ | ᠲᠦᠷᠪᠡ᠂ ᠮᠡᠳᠡᠭᠡ ᠵᠠᠩᠭᠢ ᠢ ᠨᠡᠶᠢᠳᠡᠯᠡᠬᠦ ᠦᠷ᠎ᠡ ᠨᠥᠯᠦᠭᠡ | ︵ᠨᠢᠭᠡ︶ ᠲᠣᠭᠤᠷᠢᠭ ᠤᠨ ᠵᠠᠰᠠᠭ ᠤᠨ ᠣᠷᠲᠦᠨ ᠨᠢ ᠨᠡᠶᠢᠭᠡᠮ ᠤᠨ ᠣᠯᠠᠨ ᠨᠡᠶᠢᠲᠡ ᠳᠤ | ᠨᠡᠶᠢᠳᠡᠯᠡᠭᠰᠡᠨ ᠰᠠᠨᠠᠯ ᠬᠤᠷᠢᠶᠠᠬᠤ ᠴᠢᠨᠠᠷᠲᠠᠢ ᠪᠢᠴᠢᠭ ᠮᠠᠲ᠋ᠧᠷᠢᠶᠠᠯ᠂ ᠵᠠᠰᠠᠭ ᠵᠠᠬᠢᠷᠭᠠᠨ ᠤ ᠰᠢᠢᠳᠪᠦᠷᠢᠲᠦ | ᠪᠤᠲᠤᠯᠭ᠎ᠠ ᠶᠢᠨ ᠲᠦᠰᠦᠯ ᠵᠡᠷᠭᠡ ᠨᠢ ᠵᠢᠩᠬᠢᠨᠢ ᠪᠢᠴᠢᠪᠦᠷᠢ ᠪᠣᠯᠬᠤ ᠠᠴᠠ ᠡᠮᠦᠨ᠎ᠡ ᠵᠠᠰᠠᠭ ᠵᠠᠬᠢᠷᠭᠠᠨ ᠤ ᠦᠷ᠎ᠡ | ᠨᠦᠯᠦᠭᠡ ᠪᠠᠶᠢᠬᠤ ᠦᠭᠡᠢ᠂ ᠵᠦᠪᠬᠡᠨ ᠣᠯᠠᠨ ᠲᠦᠮᠡᠨ ᠤ ᠶᠠᠷᠢᠶ᠎ᠠ ᠬᠡᠯᠡᠯᠴᠡᠭᠡᠨ ᠳᠤ ᠣᠷᠤᠯᠴᠠᠬᠤ ᠪᠠ ᠵᠠᠰᠠᠪᠤᠷᠢ | ᠬᠢᠬᠦ ᠶᠢ ᠵᠦᠪᠰᠢᠶᠡᠷᠡᠨ᠎ᠡ᠃ | ︵ᠬᠤᠶᠠᠷ︶ ᠲᠤᠭᠤᠷᠢᠭ ᠤᠨ ᠵᠠᠰᠠᠭ ᠤᠨ ᠣᠷᠲᠦᠨ ᠠᠴᠠ ᠨᠡᠶᠢᠳᠡᠯᠡᠭᠰᠡᠨ ᠲᠦᠷᠢᠮᠵᠢᠭᠰᠡᠨ ᠴᠢᠨᠠᠷᠲᠠᠢ | ᠪᠢᠴᠢᠭ ᠮᠠᠲ᠋ᠧᠷᠢᠶᠠᠯ ᠵᠢᠴᠢ ᠪᠣᠰᠣᠳ ᠨᠡᠶᠢᠳᠡᠮ ᠬᠢᠵᠠᠭᠠᠷᠯᠠᠬᠤ ᠬᠦᠴᠦᠨ ᠲᠠᠢ ᠪᠢᠴᠢᠭ ᠮᠠᠲ᠋ᠧᠷᠢᠶᠠᠯ ᠨᠢ ᠨᠡᠶᠢᠭᠡᠮ ᠳᠤ | ᠨᠡᠶᠢᠲᠡᠯᠡᠵᠦ ᠬᠡᠷᠡᠭᠵᠢᠭᠦᠯᠦᠭᠰᠡᠨ ᠲᠡᠷᠡ ᠡᠲᠦᠷ ᠠᠴᠠ ᠡᠬᠢᠯᠡᠨ ᠵᠠᠰᠠᠭ ᠵᠠᠬᠢᠷᠭᠠᠨ ᠤ ᠦᠷ᠎ᠡ ᠨᠥᠯᠦᠭᠡ ᠲᠠᠢ ᠪᠣᠯᠤᠨ᠎ᠠ᠃ | ᠬᠠᠤᠯᠢ ᠶᠣᠰᠤᠭᠠᠷ ᠨᠡᠶᠢᠭᠡᠮ ᠳᠤ ᠨᠡᠶᠢᠳᠡᠯᠡᠬᠦ ᠶᠤᠰᠤᠲᠠᠢ ᠭᠡᠪᠡᠴᠦ ᠬᠠᠷᠠᠬᠠᠨ ᠨᠡᠶᠢᠳᠡᠯᠡᠭᠡ ᠦᠭᠡᠢ | ᠪᠢᠴᠢᠭ ᠮᠠᠲ᠋ᠧᠷᠢᠶᠠᠯ ᠨᠢ ᠵᠠᠰᠠᠭ ᠵᠠᠬᠢᠷᠭᠠᠨ ᠤ ᠦᠷ᠎ᠡ ᠨᠦᠯᠦᠭᠡ ᠡᠭᠦᠰᠬᠦ ᠦᠭᠡᠢ᠃ | ᠲᠤᠰ ᠱᠠᠳᠦᠨ ᠤ ᠡᠷᠬᠡᠳᠦ ᠪᠠᠶᠢᠭᠤᠯᠤᠯᠭ᠎ᠠ ᠪᠣᠶᠤ ᠳᠡᠭᠡᠲᠦ ᠱᠠᠲᠦᠨ ᠤ ᠵᠠᠰᠠᠭ ᠵᠠᠬᠢᠷᠭᠠᠨ ᠤ | ᠪᠠᠶᠢᠭᠤᠯᠤᠯᠭ᠎ᠠ ᠠᠴᠠ ᠬᠦᠴᠦᠨ ᠦᠭᠡᠢ ᠪᠣᠯᠭᠠᠭᠰᠠᠨ ᠪᠢᠴᠢᠭ ᠮᠠᠲ᠋ᠧᠷᠢᠶᠠᠯ ᠨᠢ ᠨᠡᠶᠢᠳᠡᠯᠡᠭᠳᠡᠭᠰᠡᠨ ᠡᠳᠦᠷ ᠠᠴᠠ ᠡᠬᠢᠯᠡᠨ | ᠵᠠᠰᠠᠭ ᠵᠠᠬᠢᠷᠭᠠᠨ ᠤ ᠦᠷ᠎ᠡ ᠨᠥᠯᠦᠭᠡ ᠡᠭᠦᠰᠬᠦ ᠦᠭᠡᠢ᠃ | ︵ᠭᠤᠷᠪᠠ︶ ᠲᠤᠭᠤᠷᠢᠭ ᠤᠨ ᠵᠠᠰᠠᠭ ᠤᠨ ᠣᠷᠲᠦᠨ ᠠᠴᠠ ᠨᠡᠶᠢᠳᠡᠯᠡᠭᠰᠡᠨ ᠮᠡᠳᠡᠭᠡ ᠵᠠᠩᠭᠢ ᠨᠢ | ᠨᠡᠶᠢᠭᠡᠮ ᠤᠨ ᠣᠯᠠᠨ ᠨᠡᠶᠢᠲᠡ ᠳᠤ ᠨᠡᠶᠢᠳᠡᠯᠡᠭᠰᠡᠨ ᠰᠠᠨᠠᠯ ᠬᠤᠷᠢᠶᠠᠬᠤ ᠴᠢᠨᠠᠷᠲᠠᠢ ᠪᠢᠴᠢᠭ ᠮᠠᠲ᠋ᠧᠷᠢᠶᠠᠯ᠂ ᠵᠠᠰᠠᠭ | ᠵᠠᠬᠢᠷᠭᠠᠨ ᠤ ᠰᠢᠢᠳᠪᠦᠷᠢᠲᠦ ᠪᠤᠲᠤᠯᠭ᠎ᠠ ᠶᠢᠨ ᠲᠦᠰᠦᠯ ᠵᠡᠷᠭᠡ ᠵᠦᠪᠬᠡᠨ ᠣᠯᠠᠨ ᠲᠦᠮᠡᠨ ᠤ ᠶᠠᠷᠢᠶ᠎ᠠ ᠬᠡᠯᠡᠯᠴᠡᠭᠡᠨ ᠳᠤ | ᠣᠷᠤᠯᠴᠠᠬᠤ ᠪᠠ ᠵᠠᠰᠠᠪᠤᠷᠢ ᠬᠢᠬᠦ ᠶᠢ ᠵᠦᠪᠰᠢᠶᠡᠷᠡᠬᠦ ᠪᠢᠴᠢᠭ ᠮᠠᠲ᠋ᠧᠷᠢᠶᠠᠯ ᠠᠴᠠ ᠭᠠᠳᠠᠨ᠎ᠠ᠂ ᠪᠣᠰᠤᠳ ᠵᠠᠰᠠᠭ ᠤᠨ | ᠣᠷᠲᠦᠨ ᠤ ᠮᠡᠳᠡᠭᠡ ᠵᠠᠩᠭᠢ ᠨᠢ ᠨᠡᠶᠢᠳᠡᠯᠡᠭᠳᠡᠭᠰᠡᠨ ᠡᠳᠦᠷ ᠠᠴᠠ ᠡᠬᠢᠯᠡᠨ ᠢᠳᠡᠭᠡᠭᠦᠯᠬᠦ ᠬᠦᠴᠦᠨ ᠲᠠᠢ ᠪᠣᠶᠤ | ᠭᠦᠢᠴᠡᠳᠬᠡᠬᠦ ᠬᠦᠴᠦᠨ ᠲᠠᠢ᠃ | ᠲᠠᠪᠤ᠂ ᠠᠵᠢᠯ ᠤᠨ ᠪᠠᠶᠢᠭᠤᠯᠤᠮᠵᠢ | ᠲᠤᠭᠤᠷᠢᠭ ᠤᠨ ᠵᠠᠰᠠᠭ ᠤᠨ ᠣᠷᠲᠦᠨ ᠤ ᠮᠡᠳᠡᠭᠡ ᠵᠠᠩᠭᠢ ᠨᠡᠶᠢᠳᠡᠯᠡᠬᠦ ᠪᠠᠶᠢᠭᠤᠯᠤᠮᠵᠢ᠄ ᠲᠤᠭᠤᠷᠢᠭ ᠤᠨ | ᠵᠠᠰᠠᠭ ᠤᠨ ᠣᠷᠲᠦᠨ ᠨᠢ ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠬᠠᠮᠳᠤᠷᠠᠭᠰᠠᠨ ᠬᠤᠷᠠᠯ ᠤᠨ | ᠲᠥᠷᠢᠮ ᠢ ᠳᠣᠭᠲᠠᠭᠠᠨ ︵ᠶᠠᠭ ᠲᠣᠭᠲᠠᠭᠠᠵᠤ ᠪᠣᠢ︶᠂ ᠲᠤᠭᠤᠷᠢᠭ ᠤᠨ ᠵᠠᠰᠠᠭ ᠤᠨ ᠣᠷᠳᠦᠨ ᠤ ᠠᠯᠪᠠᠨ ᠭᠡᠷ᠂ | ᠬᠢᠨᠠᠨ ᠪᠠᠶᠢᠴᠠᠭᠠᠬᠤ ᠲᠣᠪᠴᠢᠶ᠎ᠠ᠂ ᠲᠤᠭᠤᠷᠢᠭ ᠤᠨ ᠵᠠᠰᠠᠭ ᠤᠨ ᠣᠷᠲᠦᠨ ᠤ ᠴᠡᠭᠴᠡᠯᠡᠨ ᠪᠠᠶᠢᠴᠠᠭᠠᠬᠤ ᠮᠡᠳᠡᠭᠡ | ᠵᠠᠩᠭᠢ ᠤᠨ ᠬᠡᠯᠲᠡᠰ ᠵᠢᠴᠢ ᠵᠠᠰᠠᠭ ᠤᠨ ᠣᠷᠲᠦᠨ ᠤ ᠪᠣᠰᠤᠳ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠢᠶᠠᠷ | ᠪᠦᠷᠢᠯᠳᠦᠵᠦ᠂ ᠵᠠᠰᠠᠭ ᠤᠨ ᠣᠷᠲᠦᠨ ᠤ ᠮᠡᠳᠡᠭᠡ ᠵᠠᠩᠭᠢ ᠤᠨ ᠨᠡᠶᠢᠳᠡᠯᠡᠯᠳᠡ ᠶᠢᠨ ᠵᠣᠬᠢᠶᠠᠨ ᠪᠠᠶᠢᠭᠤᠯᠵᠤ | ᠶᠠᠪᠤᠭᠳᠠᠭᠤᠯᠬᠤ᠂ ᠶᠡᠷᠥᠩᠬᠡᠶᠢᠯᠡᠨ ᠲᠣᠬᠢᠷᠠᠭᠤᠯᠬᠤ ᠪᠠ ᠬᠢᠨᠠᠨ ᠪᠠᠶᠢᠴᠠᠭᠠᠬᠤ ᠶᠠᠪᠤᠳᠠᠯ ᠢ ᠬᠠᠷᠢᠭᠤᠴᠠᠨ᠎ᠠ᠃ ᠤᠲᠠᠰᠤ | ᠵᠢᠴᠢ ᠹᠠᠺᠡᠰ ᠤᠨ ᠳ᠋ᠤᠭᠠᠷ᠄ 8467184︔ ᠡᠯᠧᠺᠳ᠋ᠷᠣᠨ ᠰᠢᠤᠳᠠᠨ ᠬᠠᠶᠢᠷᠴᠠᠭ᠄ cfhj02@163.com︔ | ᠰᠢᠤᠳᠠᠨ ᠳ᠋ᠤᠭᠠᠷ᠄ 024005᠃ | ᠵᠢᠷᠭᠤᠭ᠎ᠠ᠂ ᠬᠢᠨᠠᠨ ᠪᠠᠶᠢᠴᠠᠭᠠᠬᠤ ᠠᠷᠭ᠎ᠠ ᠬᠡᠯᠪᠡᠷᠢ | ᠠᠷᠠᠳ ᠢᠷᠭᠡᠳ᠂ ᠬᠠᠤᠯᠢ ᠶᠢᠨ ᠡᠷᠬᠡᠳᠡᠨ ᠪᠠ ᠪᠤᠰᠤᠳ ᠵᠣᠬᠢᠶᠠᠨ ᠪᠠᠶᠢᠭᠤᠯᠤᠯᠲᠠ ᠨᠢ | ᠲᠤᠭᠤᠷᠢᠭ ᠤᠨ ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠬᠠᠮᠳᠤᠷᠠᠭᠰᠠᠨ ᠬᠤᠷᠠᠯ ᠤᠨ ᠶᠢᠨ ᠠᠯᠪᠠᠨ | ᠭᠡᠷ ᠲᠤ ᠭᠤᠮᠤᠳᠠᠯ ᠮᠡᠳᠡᠭᠦᠯᠵᠦ ᠪᠣᠯᠤᠨ᠎ᠠ᠃ ︵ᠬᠠᠷᠢᠯᠴᠠᠬᠤ ᠤᠲᠠᠰᠤ᠄ 8467184︶᠂ ᠡᠰᠡᠬᠦᠯ᠎ᠡ ᠬᠢᠨᠠᠨ | ᠪᠠᠶᠢᠴᠠᠭᠠᠬᠤ ᠪᠠᠶᠢᠭᠤᠯᠤᠯᠭ᠎ᠠ ᠳᠤ ᠢᠯᠡᠴᠢᠯᠡᠨ ᠮᠡᠳᠡᠭᠦᠯᠵᠦ ᠪᠣᠯᠤᠨ᠎ᠠ᠃ ᠪᠠᠰᠠ ᠵᠠᠰᠠᠭ ᠵᠠᠬᠢᠷᠭᠠᠨ ᠤ ᠲᠠᠬᠢᠨ ᠵᠦᠪᠯᠡᠬᠦ | ᠪᠣᠶᠤ ᠵᠠᠰᠠᠭ ᠵᠠᠬᠢᠷᠭᠠᠨ ᠤ ᠵᠠᠷᠭᠤ ᠵᠡᠷᠭᠡ ᠠᠷᠭ᠎ᠠ ᠬᠡᠯᠪᠡᠷᠢ ᠪᠠᠷ ᠰᠢᠢᠳᠪᠦᠷᠢᠯᠡᠵᠦ ᠪᠤᠯᠤᠨ᠎ᠠ᠃ | | | ᠤᠯᠠᠭᠠᠨᠬᠠᠳᠠ ᠬᠤᠲᠠ ᠶᠢᠨ ᠰᠥᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠦᠨ ᠤ | ᠠᠯᠪᠠᠨ ᠭᠡᠷ | 2014 ᠣᠨ 2 ᠰᠠᠷ᠎ᠠ 19 ᠤ ᠡᠳᠦᠷ ᠬᠡᠪᠯᠡᠨ ᠲᠠᠷᠬᠠᠪᠠ |