ᠲᠤᠰ ᠣᠨ ᠤ ᠮᠡᠳᠡᠭᠦᠯᠦᠯᠳᠡ ᠨᠢ ︽ᠪᠦᠭᠦᠳᠡ ᠨᠠᠶᠢᠷᠠᠮᠳᠠᠬᠤ ᠳᠣᠮᠳᠠᠲᠤ ᠠᠷᠠᠳ ᠤᠯᠤᠰ ᠤᠨ | ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠳᠦᠷᠢᠮ︾ ︵ᠲᠦᠭᠦᠮᠴᠢᠯᠡᠭᠡᠳ ︽ᠳᠦᠷᠢᠮ︾ ᠭᠡᠶ᠎ᠡ︶ | ᠵᠢᠴᠢ 2015 ᠣᠨ ᠤ ᠤᠯᠠᠭᠠᠨᠬᠠᠳᠠ ᠬᠤᠲᠠ ᠶᠢᠨ ᠰᠥᠩ ᠱᠠᠨ ᠲᠤᠭᠤᠷᠢᠭ ᠵᠠᠰᠠᠭ ᠤᠨ ᠣᠷᠲᠦᠨ ᠤ ᠮᠡᠳᠡᠭᠡ | ᠵᠠᠩᠬᠢ ᠨᠡᠶᠢᠳᠡᠯᠡᠭᠰᠡᠨ ᠪᠠᠶᠢᠳᠠᠯ ᠶᠢ ᠦᠨᠳᠦᠰᠦᠯᠡᠵᠦ ᠨᠠᠶᠢᠷᠠᠭᠤᠯᠤᠨ ᠵᠣᠬᠢᠶᠠᠪᠠ᠃ ᠲᠤᠰ ᠮᠡᠳᠡᠭᠦᠯᠦᠯᠳᠡ ᠶᠢᠨ ᠲᠤᠭ᠎ᠠ | ᠪᠠᠷᠢᠮᠲᠠ ᠨᠢ 2015 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ 2015 ᠣᠨ ᠤ 12 ᠰᠠᠷ᠎ᠠ ᠶᠢᠨ | 31 ᠤ ᠡᠳᠦᠷ ᠪᠣᠯᠲᠠᠯ᠎ᠠ ᠪᠦᠷᠢᠳᠬᠡᠭᠰᠡᠨ ᠲᠤᠭ᠎ᠠ ᠪᠠᠷᠢᠮᠲᠠ ᠪᠤᠯᠣᠨ᠎ᠠ᠃ ᠲᠤᠰ ᠮᠡᠳᠡᠭᠦᠯᠦᠯᠳᠡ ᠶᠢᠨ ᠡᠯᠧᠺᠳ᠋ᠷᠣᠨ | ᠬᠡᠪᠯᠡᠯ ᠨᠢ ᠲᠤᠰ ᠲᠤᠭᠤᠷᠢᠭ ᠤᠨ ᠵᠠᠰᠠᠭ ᠤᠨ ᠣᠷᠲᠦᠨ ᠤ ᠡᠭᠦᠳᠡᠨ ᠰᠦᠯᠵᠢᠶ᠎ᠡ ︵www.cfss.gov.cn︶ | ᠳᠡᠭᠡᠷ᠎ᠡ ᠨᠡᠶᠢᠳᠡᠯᠡᠵᠠᠢ᠂ ᠬᠡᠷᠪᠡ ᠲᠤᠰ ᠮᠡᠳᠡᠭᠦᠯᠦᠯᠳᠡ ᠳᠤ ᠶᠠᠮᠠᠷ ᠠᠰᠠᠭᠤᠳᠠᠯ ᠪᠠᠶᠢᠪᠠᠯ᠂ ᠰᠥᠩ ᠱᠠᠨ ᠲᠣᠭᠤᠷᠢᠭ ᠤᠨ | ᠵᠠᠰᠠᠭ ᠤᠨ ᠣᠷᠲᠦᠨ ᠤ ᠠᠯᠪᠠᠨ ᠭᠡᠷ ᠲᠠᠢ ᠬᠠᠷᠢᠴᠠᠭᠠᠷᠠᠢ ︵ᠤᠲᠠᠰᠤ᠄ 8466506᠂ ᠢᠮᠧᠯ᠄ | cfssfzk@163.com︶᠃ | ᠨᠢᠭᠡ᠂ ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠭᠰᠡᠨ ᠠᠵᠢᠯ ᠤᠨ ᠪᠠᠶᠢᠳᠠᠯ | ︵ᠨᠢᠭᠡ︶ ᠲᠠᠨᠢᠯᠲᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠬᠤ ᠤᠳᠤᠷᠢᠳᠤᠯᠭ᠎ᠠ ᠪᠠᠨ | ᠴᠢᠩᠭᠠᠳᠬᠠᠪᠠ | ᠨᠢᠭᠡ ᠵᠢᠯ ᠤᠨ ᠲᠤᠷᠰᠢ᠂ ᠮᠠᠨ ᠤ ᠲᠤᠭᠤᠷᠢᠭ ᠨᠢ ᠦᠨᠡᠨᠬᠦ ᠤᠲᠤᠷᠢᠲᠤᠯᠭ᠎ᠠ ᠪᠠᠨ ᠴᠢᠩᠭᠠᠳᠬᠠᠵᠦ᠂ | ᠪᠠᠶᠢᠭᠤᠯᠤᠮᠵᠢ ᠶᠢᠨ ᠪᠦᠷᠢᠨ ᠳᠡᠭᠦᠯᠳᠡᠷ ᠪᠠᠶᠢᠬᠤ ᠶᠢ ᠪᠠᠳᠤᠯᠠᠵᠤ᠂ ᠠᠵᠢᠯᠲᠠᠳ ᠤᠨ ᠡᠭᠦᠷᠭᠡ ᠬᠠᠷᠢᠭᠤᠴᠠᠯᠭ᠎ᠠ ᠨᠢ | ᠨᠠᠷᠢᠨ ᠲᠣᠳᠣᠷᠬᠠᠢ ᠪᠠᠶᠢᠵᠤ᠂ ᠤᠳᠤᠷᠢᠳᠤᠯᠭ᠎ᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠠᠢ᠃ ᠲᠡᠶᠢᠮᠦ ᠮᠦᠷᠳᠡᠭᠡᠨ | ᠠᠵᠢᠯ ᠶᠢᠨ ᠪᠣᠲᠠᠲᠠᠢ ᠪᠠᠶᠢᠳᠠᠯ ᠢᠶᠠᠨ ᠦᠨᠳᠦᠰᠦᠯᠡᠵᠦ᠂ ᠲᠤᠭᠤᠷᠢᠭ ᠤᠨ ᠵᠦᠪᠯᠡᠯ ᠤᠨ ᠪᠠᠶᠢᠩᠭᠤ ᠶᠢᠨ ᠬᠤᠷᠢᠶ᠎ᠠ᠂ | ᠲᠤᠭᠤᠷᠢᠭ ᠤᠨ ᠵᠠᠰᠠᠭ ᠤᠨ ᠣᠷᠲᠦᠨ ᠤ ᠪᠠᠶᠢᠩᠭᠤ ᠶᠢᠨ ᠳᠡᠳ᠋ ᠲᠤᠭᠤᠷᠢᠭ ᠤᠨ ᠳᠠᠷᠤᠭ᠎ᠠ ᠭᠤᠤᠯᠯᠠᠨ ᠬᠠᠮᠢᠶᠠᠷᠴᠦ᠂ | ᠵᠠᠰᠠᠭ ᠤᠨ ᠣᠷᠲᠦᠨ ᠤ ᠠᠯᠪᠠᠨ ᠭᠡᠷ ᠠᠴᠠ ᠪᠣᠲᠠᠲᠠᠢ ᠬᠠᠷᠢᠭᠤᠴᠠᠭᠰᠠᠨ ᠠᠵᠢᠯ ᠤᠨ ᠪᠠᠶᠢᠭᠤᠯᠤᠮᠵᠢ ᠶᠢ ᠪᠠᠶᠢᠭᠤᠯᠵᠤ᠂ | ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠠᠵᠢᠯ ᠪᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠢ | ᠯᠠᠪᠯᠠᠨ ᠠᠰᠠᠭᠤᠬᠤ ᠠᠵᠢᠯ ᠢ ᠱᠠᠭᠠᠷᠳᠠᠯᠭ᠎ᠠ ᠶᠣᠰᠣᠭᠠᠷ ᠪᠦᠬᠦ ᠲᠠᠯ᠎ᠠ ᠪᠠᠷ ᠦᠷᠨᠢᠭᠦᠯᠦᠨ᠂ ᠡᠭᠦᠨ ᠤ ᠬᠠᠮᠲᠦ | ᠵᠠᠷᠤᠳᠠᠯ ᠢ ᠢᠳᠡᠪᠬᠢᠲᠠᠢ ᠨᠠᠶᠢᠳᠠᠪᠤᠷᠢᠵᠢᠭᠤᠯᠵᠤ᠂ ᠲᠤᠰ ᠠᠵᠢᠯ ᠤᠨ ᠡᠷᠴᠢᠮᠲᠠᠢ ᠶᠠᠪᠤᠭᠳᠠᠬᠤ ᠶᠢ ᠪᠠᠲᠤᠯᠠᠵᠠᠢ᠃ | ︵ᠬᠤᠶᠠᠷ︶ ︽ᠵᠠᠰᠠᠭ ᠤᠨ ᠣᠷᠳᠦᠨ ᠤ ᠮᠡᠳᠡᠭᠡ ᠵᠠᠩᠬᠢ ᠶᠢ ᠨᠡᠶᠢᠳᠡᠯᠡᠬᠦ ᠤᠳᠤᠷᠢᠮᠳᠦᠵᠢ︾ ᠪᠠ ︽ | ᠵᠠᠰᠠᠭ ᠤᠨ ᠣᠷᠳᠦᠨ ᠤ ᠮᠡᠳᠡᠭᠡ ᠵᠠᠩᠬᠢ ᠶᠢ ᠨᠡᠶᠢᠳᠡᠯᠡᠬᠦ ᠯᠠᠪᠯᠠᠯᠲᠠ︾ ᠶᠢ ᠰᠢᠨᠡᠴᠢᠯᠡᠵᠦ ᠳᠡᠭᠦᠯᠳᠡᠷᠵᠢᠭᠦᠯᠦᠨ᠎ᠡ᠃ | ᠱᠠᠭᠠᠷᠳᠠᠯᠭ᠎ᠠ ᠶᠤᠰᠤᠭᠠᠷ᠂ ︽ᠵᠠᠰᠠᠭ ᠤᠨ ᠣᠷᠳᠦᠨ ᠤ ᠮᠡᠳᠡᠭᠡ ᠵᠠᠩᠬᠢ ᠶᠢ ᠨᠡᠶᠢᠳᠡᠯᠡᠬᠦ ᠤᠳᠤᠷᠢᠮᠳᠦᠵᠢ︾ ᠪᠠ ︽ | ᠵᠠᠰᠠᠭ ᠤᠨ ᠣᠷᠳᠦᠨ ᠤ ᠮᠡᠳᠡᠭᠡ ᠵᠠᠩᠬᠢ ᠶᠢ ᠨᠡᠶᠢᠳᠡᠯᠡᠬᠦ ᠯᠠᠪᠯᠠᠯᠲᠠ︾ ᠶᠢ ᠰᠢᠨᠡᠴᠢᠯᠡᠨ ᠳᠡᠭᠦᠯᠳᠡᠷᠵᠢᠭᠦᠯᠵᠦ᠂ ᠡᠭᠦᠨ ᠤ | ᠬᠠᠮᠲᠤ ᠵᠠᠰᠠᠭ ᠤᠨ ᠣᠷᠲᠦᠨ ᠤ ᠡᠭᠦᠲᠡᠨ ᠰᠦᠯᠵᠢᠶ᠎ᠡ ᠵᠡᠷᠭᠡ ᠠᠷᠭ᠎ᠠ ᠵᠠᠮ ᠢᠶᠠᠷ ᠳᠠᠮᠵᠢᠵᠦ ᠨᠡᠶᠢᠳᠡᠯᠡᠨ᠂ ᠠᠷᠠᠳ | ᠢᠷᠭᠡᠳ᠂ ᠬᠠᠤᠯᠢ ᠶᠢᠨ ᠡᠷᠬᠡᠲᠡᠨ ᠪᠤᠶᠤ ᠪᠣᠰᠤᠳ ᠵᠣᠬᠢᠶᠠᠨ ᠪᠠᠶᠢᠭᠤᠯᠤᠯᠲᠠ ᠤᠨ ᠠᠰᠠᠭᠤᠨ ᠯᠠᠪᠯᠠᠯᠲᠠ ᠳᠤ ᠳᠦᠭᠦᠮ | ᠦᠵᠡᠭᠦᠯᠵᠠᠢ᠃ | ︵ᠭᠤᠷᠪᠠ︶ ᠳᠦᠷᠢᠮ ᠲᠣᠭᠲᠠᠭᠠᠯ ᠪᠠᠶᠢᠭᠤᠯᠵᠤ ᠳᠦᠷᠢᠮᠵᠢᠭᠰᠡᠨ ᠪᠦᠳᠦᠭᠡᠨ ᠪᠠᠶᠢᠭᠤᠯᠤᠯᠲᠠ ᠶᠢ | ᠴᠢᠩᠭᠠᠳᠬᠠᠨ᠎ᠠ᠃ | ︽ᠳᠦᠷᠢᠮ ᠲᠣᠭᠲᠠᠭᠠᠯ︾ ᠪᠠ ᠲᠤᠰ ᠲᠤᠭᠤᠷᠢᠭ ᠤᠨ ᠪᠣᠲᠠᠲᠤ ᠪᠠᠶᠢᠳᠠᠯ ᠢᠶᠠᠨ ᠦᠨᠳᠦᠰᠦᠯᠡᠵᠦ᠂ | ᠵᠠᠰᠠᠭ ᠤᠨ ᠣᠷᠳᠦᠨ ᠤ ᠮᠡᠳᠡᠭᠡ ᠵᠠᠩᠬᠢ ᠶᠢ ᠨᠡᠶᠢᠳᠡᠯᠡᠬᠦ ᠠᠵᠢᠯ᠂ ᠵᠠᠰᠠᠭ ᠤᠨ ᠣᠷᠳᠦᠨ ᠤ ᠮᠡᠳᠡᠭᠡ ᠵᠠᠩᠬᠢ ᠶᠢ | ᠡᠷᠡᠮᠵᠢᠯᠡᠯ ᠢᠶᠠᠷ ᠳᠠᠮᠵᠢᠨ ᠨᠡᠶᠢᠳᠡᠯᠡᠬᠦ ᠠᠵᠢᠯ᠂ ᠵᠠᠰᠠᠭ ᠤᠨ ᠣᠷᠳᠦᠨ ᠤ ᠮᠡᠳᠡᠭᠡ ᠵᠠᠩᠬᠢ ᠶᠢ ᠢᠯᠡ ᠪᠠᠷ ᠨᠡᠶᠢᠳᠡᠯᠡᠬᠦ᠂ | ᠵᠠᠰᠠᠭ ᠤᠨ ᠣᠷᠳᠦᠨ ᠤ ᠮᠡᠳᠡᠭᠡ ᠵᠠᠩᠬᠢ ᠤᠨ ᠨᠢᠭᠤᠴᠠ ᠶᠢ ᠬᠠᠮᠠᠭᠠᠯᠠᠬᠤ ᠪᠠᠶᠢᠴᠠᠭᠠᠯᠲᠠ ᠵᠡᠷᠭᠡ ᠨᠢᠭᠡ ᠰᠢᠷᠢᠰ ᠬᠠᠮᠢᠶ᠎ᠠ | ᠪᠦᠭᠦᠢ ᠳᠦᠷᠢᠮ ᠲᠣᠭᠲᠠᠭᠠᠯ ᠢ ᠪᠠᠶᠢᠭᠤᠯᠤᠨ᠂ ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠠᠵᠢᠯ ᠢ | ᠳᠦᠷᠢᠮᠵᠢᠭᠦᠯᠵᠠᠢ᠃ ᠡᠭᠦᠨ ᠤ ᠬᠠᠮᠲᠦ ᠬᠤᠲᠠ ᠶᠢᠨ ᠵᠠᠰᠠᠭ ᠤᠨ ᠣᠷᠲᠦᠨ ᠤ ᠲᠣᠭᠲᠠᠭᠠᠭᠰᠠᠨ ᠬᠠᠮᠢᠶ᠎ᠠ ᠪᠦᠭᠦᠢ | ᠵᠠᠰᠠᠭ ᠶᠢᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠡᠯ᠎ᠡ ᠵᠦᠢᠯ ᠤᠨ ᠳᠦᠷᠢᠮ ᠳᠤᠭᠲᠠᠭᠠᠯ ᠢ ᠴᠢᠩᠭ᠎ᠠ ᠰᠠᠬᠢᠵᠦ᠂ | ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠠᠵᠢᠯ ᠤᠨ ᠳᠦᠷᠢᠮᠵᠢᠬᠦ ᠪᠠ ᠬᠡᠯᠪᠡᠷᠢᠵᠢᠬᠦ ᠶᠢ ᠪᠠᠳᠤᠯᠠᠵᠠᠢ᠃ | ︵ᠲᠦᠷᠪᠡ︶ ᠤᠬᠠᠭᠤᠯᠤᠯᠭᠠ ᠪᠠ ᠳᠠᠳᠤᠯᠭᠠᠵᠢᠭᠤᠯᠤᠯᠲᠠ ᠶᠢᠨ ᠠᠵᠢᠯ ᠢ ᠴᠢᠩᠭᠠᠳᠬᠠᠪᠠ | ᠨᠡᠶᠢᠭᠡᠮ ᠤᠨ ᠣᠯᠠᠨ ᠨᠡᠶᠢᠲᠡ ᠶᠢᠨ ᠬᠠᠯᠠᠮᠵᠢᠯᠠᠯ ᠪᠠ ᠬᠠᠤᠯᠢ ᠶᠣᠰᠤᠭᠠᠷ ᠦᠷ᠎ᠡ ᠠᠰᠢᠭ ᠲᠠᠢ ᠪᠠᠷ | ᠵᠠᠰᠠᠭ ᠤᠨ ᠣᠷᠳᠦᠨ ᠤ ᠮᠡᠳᠡᠭᠡ ᠵᠠᠩᠭᠢ ᠢ ᠨᠡᠶᠢᠳᠡᠯᠡᠬᠦ ᠠᠵᠢᠯ ᠳᠤ ᠣᠷᠤᠯᠴᠠᠬᠤ ᠶᠢ ᠤᠳᠤᠷᠢᠳᠬᠤ ᠶᠢᠨ ᠲᠦᠯᠦᠭᠡ᠂ | ᠵᠠᠰᠠᠭ ᠤᠨ ᠣᠷᠲᠦᠨ ᠤ ᠲᠣᠣᠷ ᠰᠦᠯᠵᠢᠶ᠎ᠡ᠂ ᠬᠡᠪᠯᠡᠯ ᠰᠡᠳᠭᠦᠯ᠂ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠣᠯᠠᠨ | ᠠᠷᠭ᠎ᠠ ᠵᠠᠮ ᠢᠶᠠᠷ ᠳᠠᠮᠵᠢᠨ ︽ᠳᠦᠷᠢᠮ ᠲᠣᠭᠲᠠᠭᠠᠯ︾ ᠤᠨ ᠬᠠᠤᠯᠢ ᠲᠣᠭᠲᠠᠭᠠᠬᠤ ᠵᠣᠷᠢᠭ ᠰᠠᠨᠠᠭ᠎ᠠ᠂ ᠭᠤᠣᠯ | ᠠᠭᠤᠯᠭ᠎ᠠ᠂ ᠭᠤᠣᠯ ᠠᠴᠢ ᠬᠤᠯᠪᠤᠭᠳᠠᠯ ᠵᠢᠴᠢ ᠬᠠᠮᠢᠶ᠎ᠠ ᠪᠦᠭᠦᠢ ᠢᠵᠢ ᠪᠦᠷᠢᠨ ᠳᠦᠷᠢᠮ ᠲᠣᠭᠲᠠᠭᠠᠯ ᠳᠤ | ᠥᠷᠭᠡᠨ ᠢᠶᠠᠷ ᠤᠬᠠᠭᠤᠯᠤᠯᠭᠠ ᠬᠢᠵᠠᠢ᠃ ᠦᠨᠳᠦᠰᠦᠨ ᠱᠠᠲᠦᠨ ᠤ ᠵᠠᠰᠠᠭ ᠤᠨ ᠣᠷᠲᠦᠨ ᠤ ᠮᠡᠳᠡᠭᠡ ᠵᠠᠩᠭᠢ ᠢ | ᠨᠡᠶᠢᠳᠡᠯᠡᠬᠦ ᠠᠵᠢᠯᠲᠠᠳ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠳᠦᠯᠦᠭᠡ᠂ ᠪᠦᠬᠦ | ᠵᠢᠯ ᠳᠤ ᠬᠤᠶᠠᠷ ᠤᠳᠠᠭ᠎ᠠ ᠲᠤᠰᠬᠠᠢ ᠰᠡᠳᠥᠪᠳᠦ ᠳᠠᠳᠤᠯᠭᠠᠵᠢᠭᠤᠯᠤᠯᠲᠠ ᠶᠢᠨ ᠠᠩᠬᠢ ᠨᠡᠬᠡᠭᠡᠵᠦ᠂ 600 ᠢᠯᠡᠭᠦᠦ | ᠬᠦᠮᠦᠨ ᠪᠣᠯᠪᠠᠰᠤᠷᠠᠯ ᠳᠤ ᠣᠷᠤᠯᠴᠠᠭᠰᠠᠨ ᠪᠠᠶᠢᠨ᠎ᠠ᠃ | ᠬᠤᠶᠠᠷ᠂ ᠰᠠᠨᠠᠭᠠᠴᠢᠯᠠᠭ᠎ᠠ ᠠᠴᠠ ᠪᠠᠨ ᠨᠡᠶᠢᠳᠡᠯᠡᠬᠦ ᠵᠠᠰᠠᠭ ᠤᠨ ᠣᠷᠲᠦᠨ ᠤ ᠮᠡᠳᠡᠭᠡ ᠵᠠᠩᠭᠢ ᠶᠢᠨ | ᠪᠠᠶᠢᠳᠠᠯ | ︵ᠨᠢᠭᠡ︶ 2015 ᠣᠨ ᠤ ᠪᠦᠬᠦ ᠲᠣᠭᠤᠷᠢᠭ ᠤᠨ ᠰᠠᠨᠠᠭᠠᠴᠢᠯᠠᠭ᠎ᠠ ᠠᠴᠠ ᠪᠠᠨ ᠨᠡᠶᠢᠳᠡᠯᠡᠭᠰᠡᠨ | ᠵᠠᠰᠠᠭ ᠤᠨ ᠣᠷᠲᠦᠨ ᠤ ᠮᠡᠳᠡᠭᠡ ᠵᠠᠩᠭᠢ ᠨᠢ 1580 ᠵᠣᠷᠪᠣᠰ ᠲᠤ ᠬᠦᠷᠴᠦ᠂ ᠡᠭᠦᠨ ᠤ ᠳᠣᠮᠳᠠ᠂ | ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠳᠦᠷᠦᠯ ᠤᠨ ᠮᠡᠳᠡᠭᠡ ᠵᠠᠩᠭᠢ 52 ᠵᠣᠷᠪᠤᠰ᠂ ᠬᠠᠤᠯᠢ ᠳᠦᠷᠢᠮ ᠤᠨ | ᠪᠢᠴᠢᠭ ᠮᠠᠲ᠋ᠧᠷᠢᠶᠠᠯ ᠤᠨ ᠳᠦᠷᠦᠯ ᠤᠨ ᠮᠡᠳᠡᠭᠡ ᠵᠠᠩᠭᠢ 186 ᠵᠣᠷᠪᠤᠰ᠂ ᠳᠦᠯᠦᠪᠵᠢᠭᠦᠯᠭᠡ ᠲᠦᠯᠦᠪᠯᠡᠭᠡ ᠶᠢᠨ | ᠳᠦᠷᠦᠯ ᠤᠨ ᠮᠡᠳᠡᠭᠡ ᠵᠠᠩᠭᠢ 131 ᠵᠣᠷᠪᠤᠰ᠂ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢᠨ ᠳᠦᠷᠦᠯ ᠤᠨ ᠮᠡᠳᠡᠭᠡ | ᠵᠠᠩᠭᠢ 67 ᠵᠣᠷᠪᠤᠰ᠂ ᠲᠤᠬᠠᠶᠢᠯᠠᠭᠰᠠᠨ ᠠᠵᠢᠯ ᠤᠨ ᠬᠠᠨᠳᠤᠰᠢ ᠶᠢᠨ ᠳᠦᠷᠦᠯ ᠤᠨ ᠮᠡᠳᠡᠭᠡ ᠵᠠᠩᠭᠢ 825 ᠵᠣᠷᠪᠤᠰ᠂ | ᠠᠵᠢᠯᠲᠠᠨ ᠤ ᠥᠭᠡᠷᠡᠴᠢᠯᠡᠯᠲᠡ ᠶᠢᠨ ᠳᠦᠷᠦᠯ ᠤᠨ ᠮᠡᠳᠡᠭᠡ ᠵᠠᠩᠭᠢ 15 ᠵᠣᠷᠪᠤᠰ᠂ ᠡᠳ᠋ ᠤᠨ ᠵᠠᠰᠠᠭ ᠤᠨ | ᠳᠦᠷᠦᠯ ᠤᠨ ᠮᠡᠳᠡᠭᠡ ᠵᠠᠩᠭᠢ 246 ᠵᠣᠷᠪᠤᠰ᠂ ᠪᠣᠰᠤᠳ ᠳᠦᠷᠦᠯ ᠤᠨ ᠮᠡᠳᠡᠭᠡ ᠵᠠᠩᠭᠢ 58 ᠵᠣᠷᠪᠤᠰ | ᠨᠡᠶᠢᠳᠡᠯᠡᠭᠰᠡᠨ ᠪᠠᠶᠢᠨ᠎ᠠ᠃ | ︵ᠬᠤᠶᠠᠷ︶ 2015 ᠣᠨ ᠳᠤ᠂ ᠮᠠᠨ ᠤ ᠲᠣᠭᠤᠷᠢᠭ ᠨᠢ ᠲᠣᠭᠤᠷᠢᠭ ᠤᠨ ᠡᠭᠦᠳᠡᠨ | ᠰᠦᠯᠵᠢᠶ᠎ᠡ ᠪᠠᠷ ᠮᠡᠳᠡᠭᠡ ᠵᠠᠩᠭᠢ ᠢ ᠨᠡᠶᠢᠳᠡᠯᠡᠬᠦ ᠨᠢᠭᠡᠳᠦᠭᠡᠷ ᠳᠠᠪᠴᠠᠩ ᠪᠣᠯᠭᠠᠨ᠂ ᠡᠯ᠎ᠡ ᠵᠦᠢᠯ ᠤᠨ ᠮᠡᠳᠡᠭᠡ ᠵᠠᠩᠭᠢ ᠢ | 1362 ᠵᠣᠷᠪᠤᠰ ᠨᠡᠶᠢᠳᠡᠯᠡᠭᠰᠡᠨ ᠪᠠᠶᠢᠨ᠎ᠠ᠃ ᠵᠠᠰᠠᠭ ᠤᠨ ᠣᠷᠳᠦᠨ ᠡᠭᠦᠳᠡᠨ ᠰᠦᠯᠵᠢᠶ᠎ᠡ ᠠᠴᠠ ᠭᠠᠳᠠᠨ᠎ᠠ᠂ ᠰᠥᠩ | ᠱᠠᠨ ᠲᠧᠯᠸᠢᠰ ᠬᠤᠷᠢᠶ᠎ᠠ ᠶᠢᠨ ︽ᠥᠨᠥᠳᠦᠷ ᠤᠨ ᠰᠥᠩ ᠱᠠᠨ︾ ᠨᠡᠪᠳᠡᠷᠡᠭᠦᠯᠭᠡ ᠨᠢ ᠰᠥᠩ ᠱᠠᠨ ᠲᠣᠭᠤᠷᠢᠭ ᠤᠨ | ᠵᠠᠰᠠᠭ ᠤᠨ ᠣᠷᠲᠦᠨ ᠤ ᠰᠦᠯᠵᠢᠶ᠎ᠡ ᠲᠠᠢ ᠰᠢᠭᠤᠳ ᠬᠤᠯᠪᠤᠭᠳᠠᠵᠤ᠂ ᠴᠢᠮᠡᠭᠡ ᠵᠠᠩᠬᠢ ᠶᠢ ᠨᠡᠶᠢᠳᠡᠯᠡᠬᠦ ᠴᠢᠬᠤᠯᠠ | ᠳᠠᠪᠴᠢᠩ ᠪᠣᠯᠣᠭᠰᠠᠨ ᠪᠠᠶᠢᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠯᠭᠡᠨ ᠤ ᠲᠢᠩᠬᠢᠮ ᠪᠠ ᠰᠢᠶᠠᠩ ᠪᠠᠯᠭᠠᠰᠤ | ᠵᠡᠭᠡᠯᠢ ᠭᠤᠳᠤᠮᠵᠢ ᠤᠨ ᠠᠷᠠᠳ ᠲᠤ ᠳᠦᠭᠦᠮ ᠦᠵᠡᠭᠦᠯᠬᠦ ᠦᠢᠯᠡᠴᠢᠯᠡᠯᠭᠡᠨ ᠤ ᠲᠥᠪ ᠤᠨ ᠪᠦᠳᠦᠭᠡᠨ ᠪᠠᠶᠢᠭᠤᠯᠤᠯᠲᠠ | ᠵᠡᠷᠭᠡ ᠪᠠᠷ ᠳᠠᠮᠵᠢᠨ ᠵᠠᠰᠠᠭ ᠤᠨ ᠣᠷᠲᠦᠨ ᠤ ᠮᠡᠳᠡᠭᠡ ᠵᠠᠩᠭᠢ ᠶᠢ ᠨᠡᠶᠢᠳᠡᠯᠡᠬᠦ ᠠᠷᠭ᠎ᠠ ᠵᠠᠮ ᠢ ᠦᠷ᠎ᠡ ᠪᠦᠲᠦᠮᠵᠢᠲᠡᠢ ᠪᠠᠷ | ᠥᠷᠭᠡᠳᠬᠡᠭᠰᠡᠨ ᠪᠠᠶᠢᠨ᠎ᠠ᠃ | ︵ᠭᠤᠷᠪᠠ︶ ᠪᠦᠬᠦ ᠵᠢᠯ ᠤᠨ ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠠᠬᠤᠢ | ᠲᠠᠯᠠᠪᠠᠢ ᠳᠤ ᠯᠠᠪᠯᠠᠨ ᠣᠩᠰᠢᠭᠰᠠᠨ ᠤᠳᠠᠭᠠᠨ ᠤ ᠳᠤᠭ᠎ᠠ ᠨᠢ 120000 ᠬᠦᠮᠦᠨ ᠤᠳᠠᠭ᠎ᠠ ᠳᠤ ᠬᠦᠷᠴᠦ᠂ | ᠵᠠᠰᠠᠭ ᠤᠨ ᠣᠷᠲᠦᠨ ᠤ ᠰᠦᠯᠵᠢᠶ᠎ᠡ ᠶᠢᠨ ᠮᠡᠳᠡᠭᠡ ᠵᠠᠩᠭᠢ ᠢ ᠨᠡᠶᠢᠳᠡᠯᠡᠬᠦ ᠲᠤᠰᠬᠠᠢ ᠳᠠᠪᠴᠢᠩ ᠪᠠᠷ 15684 ᠬᠦᠮᠦᠨ | ᠤᠳᠠᠭ᠎ᠠ ᠯᠠᠪᠯᠠᠨ ᠦᠵᠡᠭᠰᠡᠨ ᠪᠠᠶᠢᠨ᠎ᠠ᠃ | ᠭᠤᠷᠪᠠ᠂ ᠡᠷᠡᠮᠵᠢᠯᠡᠯ ᠢᠶᠠᠷ ᠳᠠᠮᠵᠢᠨ ᠮᠡᠳᠡᠭᠡ ᠵᠠᠩᠭᠢ ᠢ ᠨᠡᠶᠢᠳᠡᠯᠡᠬᠦ ᠠᠵᠢᠯ ᠤᠨ ᠪᠠᠶᠢᠳᠠᠯ | ︵ᠨᠢᠭᠡ︶ ᠡᠷᠡᠮᠵᠢᠯᠡᠯ ᠢᠶᠠᠷ ᠳᠠᠮᠵᠢᠨ ᠮᠡᠳᠡᠭᠡ ᠵᠠᠩᠭᠢ ᠢ ᠨᠡᠶᠢᠳᠡᠯᠡᠬᠦ ᠶᠢ ᠬᠦᠯᠢᠶᠡᠨ ᠠᠪᠤᠭᠰᠠᠨ | ᠪᠠᠶᠢᠳᠠᠯ᠃ 2015 ᠣᠨ ᠳᠤ᠂ ᠮᠠᠨ ᠤ ᠲᠤᠭᠤᠷᠢᠭ ᠨᠢ ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ | ᠡᠷᠡᠮᠵᠢᠯᠡᠯ ᠢ 6 ᠤᠳᠠᠭ᠎ᠠ ᠲᠤᠰᠴᠦ᠂ ᠡᠭᠦᠨ ᠳᠤ᠂ ᠨᠢᠭᠤᠷᠳᠠᠨ ᠡᠷᠡᠮᠵᠢᠯᠡᠭᠰᠡᠨ ᠨᠢ 2 ᠤᠳᠠᠭ᠎ᠠ ᠪᠠᠶᠢᠵᠦ᠂ 33. | 3% ᠶᠢ ᠡᠵᠡᠯᠡᠨ᠎ᠡ᠂ ᠹᠠᠺᠡᠰ ᠢᠶᠠᠷ ᠳᠠᠮᠵᠢᠨ ᠡᠷᠡᠮᠵᠢᠯᠡᠭᠰᠡᠨ ᠨᠢ 0 ᠤᠳᠠᠭ᠎ᠠ᠂ ᠵᠠᠬᠢᠳᠠᠯ ᠰᠣᠷᠪᠤᠯᠵᠢᠯᠠᠭ᠎ᠠ ᠶᠢᠨ | ᠬᠡᠯᠪᠡᠷᠢ ᠪᠠᠷ ᠳᠠᠮᠵᠢᠨ ᠡᠷᠡᠮᠵᠢᠯᠡᠭᠰᠡᠨ ᠨᠢ 4 ᠤᠳᠠᠭ᠎ᠠ᠂ 66.7% ᠶᠢ ᠡᠵᠡᠯᠡᠨ᠎ᠡ᠃ ᠡᠷᠡᠮᠵᠢᠯᠡᠯ ᠢᠶᠠᠷ ᠳᠠᠮᠵᠢᠨ | ᠨᠡᠶᠢᠳᠡᠯᠡᠭᠰᠡᠨ ᠮᠡᠳᠡᠭᠡ ᠵᠠᠩᠭᠢ ᠤᠨ ᠳᠦᠷᠦᠯ ᠵᠦᠢᠯ ᠢᠶᠠᠷ ᠨᠢ ᠠᠩᠬᠢᠯᠠᠪᠠᠯ᠂ ᠲᠠᠲᠠᠪᠤᠷᠢ ᠶᠢᠨ ᠳᠦᠷᠦᠯ ᠤᠨ ᠡᠷᠡᠮᠵᠢᠯᠡᠯ | 5 ᠪᠠᠶᠢᠵᠦ᠂ ᠠᠷᠠᠳ ᠤᠨ ᠠᠮᠢᠳᠤᠷᠠᠯ ᠤᠨ ᠳᠦᠷᠦᠯ ᠤᠨ ᠶᠠᠪᠤᠳᠠᠯ 1 ᠪᠠᠶᠢᠵᠦ᠂ ᠲᠤᠰ ᠲᠤᠰ ᠡᠷᠡᠮᠵᠢᠯᠡᠯ ᠢᠶᠠᠷ | ᠳᠠᠮᠵᠢᠨ ᠨᠡᠶᠢᠳᠡᠯᠡᠬᠦ ᠵᠠᠰᠠᠭ ᠤᠨ ᠣᠷᠲᠦᠨ ᠤ ᠮᠡᠳᠡᠭᠡ ᠵᠠᠩᠭᠢ ᠤᠨ ᠪᠦᠬᠦ ᠬᠡᠮᠵᠢᠶᠡᠨ ᠤ 83.3% ᠪᠠ 16.7% ᠶᠢ | ᠡᠵᠡᠯᠡᠨ᠎ᠡ᠃ | ︵ᠬᠤᠶᠠᠷ︶ ᠡᠷᠡᠮᠵᠢᠯᠡᠯ ᠢᠶᠠᠷ ᠳᠠᠮᠵᠢᠨ ᠮᠡᠳᠡᠭᠡ ᠵᠠᠩᠭᠢ ᠢ ᠨᠡᠶᠢᠳᠡᠯᠡᠬᠦ ᠠᠵᠢᠯ ᠤᠨ ᠰᠢᠢᠳᠪᠦᠷᠢᠯᠡᠭᠰᠡᠨ | ᠪᠠᠶᠢᠳᠠᠯ᠃ 2015 ᠣᠨ ᠳᠤ᠂ ᠮᠠᠨ ᠤ ᠲᠤᠭᠤᠷᠢᠭ ᠨᠢ ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ | ᠡᠷᠡᠮᠵᠢᠯᠡᠯ ᠢ 6 ᠤᠳᠠᠭ᠎ᠠ ᠲᠤᠰᠴᠦ᠂ ᠲᠤᠰ ᠵᠢᠯ ᠳᠤ ᠪᠠᠨ ᠪᠦᠬᠦᠨ ᠢ ᠬᠠᠷᠢᠭᠤ ᠥᠭᠴᠦ ᠰᠢᠢᠳᠪᠦᠷᠢᠯᠡᠭᠰᠡᠨ ᠪᠠᠶᠢᠨ᠎ᠠ᠃ | ᠨᠢᠭᠡᠨᠳᠡ ᠬᠠᠷᠢᠭᠤᠯᠤᠭᠰᠠ ᠡᠷᠡᠮᠵᠢᠯᠡᠯ ᠤᠨ ᠳᠣᠲᠤᠷ᠎ᠠ᠂ ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ | ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠵᠦ᠂ ︽ᠨᠡᠶᠢᠳᠡᠯᠡᠬᠦ ᠶᠢ ᠵᠦᠪᠰᠢᠶᠡᠷᠡᠭᠰᠡᠨ︾ ᠨᠢ 3 ᠡᠷᠡᠮᠵᠢᠯᠡᠯ ᠪᠠᠶᠢᠵᠦ᠂ | 50% ᠶᠢ ᠡᠵᠡᠯᠡᠨ᠎ᠡ᠃ ︽ᠬᠡᠰᠡᠭ ᠪᠦᠯᠦᠭ ᠢ ᠨᠡᠶᠢᠳᠡᠯᠡᠬᠦ ᠶᠢ ᠵᠦᠪᠰᠢᠶᠡᠷᠡᠭᠰᠡᠨ︾ ᠨᠢ 2 ᠡᠷᠡᠮᠵᠢᠯᠡᠯ ᠪᠠᠶᠢᠵᠦ᠂ | 33.3% ᠶᠢ ᠡᠵᠡᠯᠡᠨ᠎ᠡ᠂ ︽ᠵᠠᠰᠠᠭ ᠤᠨ ᠣᠷᠲᠦᠨ ᠤ ᠪᠣᠰᠤ ᠮᠡᠳᠡᠭᠡ ᠵᠠᠩᠭᠢ᠂ ᠵᠠᠰᠠᠭ ᠤᠨ ᠣᠷᠲᠦᠨ ᠤ ᠮᠡᠳᠡᠭᠡ | ᠵᠠᠩᠭᠢ ᠨᠢ ᠣᠷᠤᠰᠢᠬᠤ ᠦᠭᠡᠢ᠂ ᠲᠤᠰ ᠪᠠᠶᠢᠭᠤᠯᠤᠯᠭ᠎ᠠ ᠶᠢᠨ ᠵᠠᠰᠠᠭ ᠤᠨ ᠣᠷᠲᠦᠨ ᠤ ᠮᠡᠳᠡᠭᠡ ᠵᠠᠩᠭᠢ ᠪᠢᠰᠢ︾ | ᠪᠣᠯᠬᠤ ᠨᠢ 1 ᠡᠷᠡᠮᠵᠢᠯᠡᠯ ᠪᠠᠶᠢᠵᠦ᠂ 16.7% ᠶᠢ ᠡᠵᠡᠯᠡᠨ᠎ᠡ᠃ | ︵ᠭᠤᠷᠪᠠ︶ ︽ᠨᠡᠶᠢᠳᠡᠯᠡᠬᠦ ᠶᠢ ᠵᠦᠪᠰᠢᠶᠡᠷᠡᠬᠦ ᠦᠭᠡᠢ︾ ᠵᠠᠰᠠᠭ ᠤᠨ ᠣᠷᠲᠦᠨ ᠤ ᠮᠡᠳᠡᠭᠡ | ᠵᠠᠩᠭᠢ ᠤᠨ ᠪᠠᠶᠢᠳᠠᠯ᠃ ︽ᠨᠡᠶᠢᠳᠡᠯᠡᠬᠦ ᠶᠢ ᠵᠦᠪᠰᠢᠶᠡᠷᠡᠬᠦ ᠦᠭᠡᠢ︾ ᠵᠠᠰᠠᠭ ᠤᠨ ᠣᠷᠲᠦᠨ ᠤ ᠮᠡᠳᠡᠭᠡ ᠵᠠᠩᠭᠢ ᠤᠨ | ᠠᠭᠤᠯᠭ᠎ᠠ ᠨᠢ ᠭᠤᠣᠯ ᠨᠢ ᠡᠯ᠎ᠡ ᠪᠠᠶᠢᠭᠤᠯᠭ᠎ᠠ ᠶᠢᠨ ᠬᠠᠷᠬᠠᠨ ᠦᠷ᠎ᠡ ᠳ᠋ᠦᠩ ᠲᠠᠢ ᠪᠣᠯᠤᠭ᠎ᠠ ᠦᠭᠡᠢ ᠮᠡᠳᠡᠭᠡ | ᠵᠠᠩᠭᠢ ᠲᠠᠢ ᠬᠤᠯᠪᠤᠭᠳᠠᠭᠰᠠᠨ ᠵᠠᠰᠠᠭ ᠤᠨ ᠣᠷᠲᠦᠨ ᠤ ᠮᠡᠳᠡᠭᠡ ᠵᠠᠩᠭᠢ ᠢ ᠡᠷᠡᠮᠵᠢᠯᠡᠨ ᠨᠡᠶᠢᠳᠡᠯᠡᠭᠦᠯᠬᠦ ᠶᠢ ᠵᠢᠭᠠᠨ᠎ᠠ᠃ | ︽ᠨᠡᠶᠢᠳᠡᠯᠡᠬᠦ ᠶᠢ ᠵᠦᠪᠰᠢᠶᠡᠷᠡᠬᠦ ᠦᠭᠡᠢ︾ ᠶᠢᠨ ᠭᠤᠣᠯ ᠰᠢᠯᠲᠠᠭᠠᠨ᠄ ᠶᠠᠭ ᠳᠣᠲᠤᠭᠠᠳᠤ ᠳᠤ ᠪᠠᠨ ᠶᠠᠷᠢᠯᠴᠠᠨ | ᠰᠤᠳᠤᠯᠤᠵᠦ ᠪᠠᠶᠢᠭ᠎ᠠ ᠪᠣᠶᠤ ᠬᠢᠨᠠᠨ ᠵᠦᠪᠯᠡᠬᠦ ᠶᠠᠪᠤᠴᠠ ᠳᠤ ᠪᠠᠨ ᠪᠠᠶᠢᠬᠤ᠂ ᠡᠰᠡᠭᠦᠯ᠎ᠡ ᠬᠤᠪᠢ ᠬᠦᠮᠦᠨ ᠤ | ᠨᠢᠭᠤᠴᠠ ᠳᠤ ᠬᠤᠯᠪᠤᠭᠳᠠᠭᠰᠠᠨ ᠵᠡᠷᠭᠡ ᠰᠢᠯᠲᠠᠭᠠᠨ ᠠᠴᠠ ᠡᠷᠡᠮᠵᠢᠯᠡᠭᠰᠡᠨ ᠮᠡᠳᠡᠭᠡ ᠵᠠᠩᠭᠢ ᠢ ᠨᠡᠶᠢᠳᠡᠯᠡᠵᠦ ᠪᠣᠯᠬᠤ | ᠦᠭᠡᠢ᠃ | 2015 ᠣᠨ ᠳᠤ᠂ ᠮᠡᠳᠡᠭᠡ ᠵᠠᠩᠭᠢ ᠢ ᠨᠡᠶᠢᠳᠡᠯᠡᠬᠦ ᠵᠠᠰᠠᠭ ᠵᠠᠬᠢᠷᠭᠠᠨ ᠤ ᠲᠠᠬᠢᠨ ᠬᠢᠨᠠᠨ ᠵᠦᠪᠯᠡᠯᠳᠡ | ᠲᠤᠬᠠᠢ ᠡᠷᠡᠮᠵᠢᠯᠡᠯ ᠪᠠᠶᠢᠬᠤ ᠦᠭᠡᠢ᠂ ᠪᠦᠬᠦ ᠵᠢᠯ ᠳᠤ ᠨᠢᠭᠡ ᠤᠳᠠᠭ᠎ᠠ ᠮᠡᠳᠡᠭᠡ ᠵᠠᠩᠭᠢ ᠢ ᠨᠡᠶᠢᠳᠡᠯᠡᠬᠦ ᠵᠠᠰᠠᠭ | ᠵᠠᠬᠢᠷᠭᠠᠨ ᠤ ᠵᠠᠷᠭᠤ ᠡᠭᠦᠰᠴᠦ᠂ ᠲᠤᠬᠠᠶᠢᠯᠠᠪᠠᠯ᠂ ᠴᠧᠨ ᠰᠢᠤᠸᠠᠢ ᠴᠢᠤᠸᠠᠨ᠂ ᠵᠣᠣ ᠶᠢᠨ ᠤ ᠡᠷᠡᠮᠵᠢᠯᠡᠭᠰᠡᠨ 2006 | ᠣᠨ ᠸᠠᠨ ᠯᠢ ᠹᠧᠩ ᠭᠠᠯᠠᠭᠤᠨ ᠤ ᠦᠢᠯᠡᠰ ᠤᠨ ᠬᠢᠵᠠᠭᠠᠷᠲᠣ ᠺᠣᠮᠫᠠᠨᠢ ᠬᠢᠭᠡᠳ ᠳᠠᠩ ᠫᠦ᠋ ᠳ᠋ᠠᠢ ᠮᠠᠨᠵᠦ | ᠦᠨᠳᠦᠰᠦᠳᠡᠨ ᠤ ᠰᠢᠶᠠᠩ ᠤᠨ ᠳ᠋ᠠ ᠰᠢᠩ ᠯᠥᠩ ᠲᠤᠰᠬᠤᠨ ᠤ ᠵᠦᠪᠯᠡᠯ ᠤᠨ ᠭᠠᠵᠠᠷ ᠲᠦᠷᠢᠶᠡᠰᠦᠯᠡᠬᠦ ᠨᠦᠬᠦᠪᠦᠷᠢ | ᠮᠥᠩᠭᠦ ᠲᠤᠬᠠᠢ ᠬᠡᠷᠡᠭ ᠪᠣᠯᠣᠨ᠎ᠠ᠂ ᠰᠢᠭᠦᠬᠦ ᠬᠤᠷᠢᠶᠠᠨ ᠤ ᠲᠠᠰᠤᠯᠠᠯᠲᠠ ᠶᠢ ᠦᠨᠳᠦᠰᠦᠯᠡᠵᠦ ᠬᠠᠮᠢᠶ᠎ᠠ ᠪᠦᠭᠦᠢ ᠮᠡᠳᠡᠭᠡ | ᠵᠠᠩᠭᠢ ᠢ ᠡᠷᠡᠮᠵᠢᠯᠡᠭᠰᠡᠨ ᠬᠦᠮᠦᠨ ᠳᠤ ᠨᠢᠭᠡᠨᠳᠡ ᠨᠡᠶᠢᠳᠡᠯᠡᠵᠠᠢ᠃ | ᠪᠦᠬᠦ ᠵᠢᠯ ᠤᠨ ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠠᠵᠢᠯ ᠤᠨ ᠲᠤᠬᠠᠢ | ᠭᠤᠮᠤᠳᠠᠯ ᠲᠣᠭᠠᠴᠠᠭᠰᠠᠨ ᠪᠠᠶᠢᠳᠠᠯ ᠦᠭᠡᠢ ᠪᠠᠶᠢᠵᠦ᠂ ᠡᠷᠡᠮᠵᠢᠯᠡᠭᠰᠡᠨ ᠡᠳᠡᠭᠡᠳ ᠠᠴᠠ ᠶᠠᠮᠠᠷᠴᠦ ᠵᠠᠷᠤᠳᠠᠯ | ᠬᠤᠷᠢᠶᠠᠭᠰᠠᠨ ᠦᠭᠡᠢ᠃ | ᠲᠦᠷᠪᠡ᠂ ᠣᠷᠤᠰᠢᠵᠦ ᠪᠠᠶᠢᠭ᠎ᠠ ᠭᠤᠣᠯ ᠠᠰᠠᠭᠤᠳᠠᠯ ᠪᠠ ᠵᠠᠰᠠᠨ ᠰᠠᠶᠢᠵᠢᠷᠠᠭᠤᠯᠬᠤ ᠠᠷᠭ᠎ᠠ ᠠᠪᠴᠠᠯ | | ︵ᠨᠢᠭᠡ︶ ᠣᠷᠤᠰᠢᠵᠦ ᠪᠠᠶᠢᠭ᠎ᠠ ᠠᠰᠠᠭᠤᠳᠠᠯ | 1᠂ ᠡᠷᠡᠮᠵᠢᠯᠡᠯ ᠢᠶᠠᠷ ᠳᠠᠮᠵᠢᠨ ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠠᠵᠢᠯ ᠤᠨ | ᠲᠠᠨᠢᠯᠲᠠ ᠶᠢᠨ ᠲᠠᠯ᠎ᠠ ᠪᠠᠷ ᠮᠦᠨ ᠳᠡᠭᠡᠭᠰᠢᠯᠡᠭᠦᠯᠬᠦ ᠴᠢᠬᠤᠯᠲᠠᠢ ᠪᠠᠶᠢᠨ᠎ᠠ᠃ ᠵᠠᠷᠢᠮ ᠪᠠᠶᠢᠭᠤᠯᠤᠯᠭ᠎ᠠ ᠨᠢ ᠲᠤᠰ | ᠠᠵᠢᠯ ᠤᠨ ᠬᠦᠨᠳᠦ ᠴᠢᠬᠤᠯᠠ ᠴᠢᠨᠠᠷ ᠤᠨ ᠲᠠᠯ᠎ᠠ ᠶᠢᠨ ᠲᠠᠨᠢᠯᠲᠠ ᠮᠦᠨ ᠲᠤᠲᠠᠮᠠᠭ ᠪᠠᠶᠢᠵᠦ᠂ ᠮᠡᠳᠡᠭᠡ ᠵᠠᠩᠭᠢ ᠢ | ᠨᠡᠶᠢᠳᠡᠯᠡᠬᠦ ᠳᠤ ᠨᠢᠭᠤᠵᠤ ᠬᠠᠪᠴᠢᠬᠤ᠂ ᠨᠡᠶᠢᠳᠡᠯᠡᠬᠦ ᠪᠠ ᠬᠠᠷᠢᠭᠤ ᠥᠭᠬᠦ ᠶᠢ ᠬᠤᠶᠢᠰᠢᠯᠠᠭᠤᠯᠬᠤ ᠵᠡᠷᠭᠡ ᠦᠵᠡᠭᠳᠡᠯ | ᠮᠦᠨ ᠣᠷᠤᠰᠢᠵᠦ ᠪᠠᠶᠢᠨ᠎ᠠ᠃ | 2᠂ ᠵᠠᠰᠠᠭ ᠤᠨ ᠣᠷᠲᠦᠨ ᠤ ᠮᠡᠳᠡᠭᠡ ᠵᠠᠩᠭᠢ ᠨᠡᠶᠢᠳᠡᠯᠡᠬᠦ ᠡᠩᠨᠡᠭᠡ ᠶᠢᠨ ᠪᠦᠳᠦᠭᠡᠨ | ᠪᠠᠶᠢᠭᠤᠯᠤᠯᠲᠠ ᠶᠢ ᠨᠡᠩ ᠴᠢᠨᠠᠭᠰᠢᠲᠠ ᠴᠢᠩᠭᠠᠳᠬᠠᠬᠤ ᠴᠢᠬᠤᠯᠲᠠᠢ᠃ ᠪᠦᠬᠦ ᠲᠤᠭᠤᠷᠢᠭ ᠤᠨ ᠬᠡᠰᠡᠭ | ᠪᠠᠶᠢᠭᠤᠯᠤᠯᠭ᠎ᠠ ᠶᠢᠨ ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠠᠵᠢᠯᠲᠠᠨ ᠨᠢ ᠮᠦᠨ ᠲᠤᠰᠢᠶᠠᠯ | ᠬᠠᠪᠰᠤᠷᠭᠠᠭᠰᠠᠨ ᠠᠵᠢᠯᠲᠠᠨ ᠪᠠᠶᠢᠵᠦ᠂ ᠦᠷᠭᠦᠯᠵᠢ ᠬᠦᠮᠦᠨ ᠰᠣᠯᠢᠭᠳᠠᠵᠤ᠂ ᠵᠠᠰᠠᠭ ᠤᠨ ᠣᠷᠲᠦᠨ ᠤ ᠮᠡᠳᠡᠭᠡ | ᠵᠠᠩᠭᠢ ᠢ ᠨᠡᠶᠢᠳᠡᠯᠡᠬᠦ ᠠᠵᠢᠯ ᠢ ᠥᠷᠨᠢᠭᠦᠯᠬᠦ ᠳᠤ ᠠᠰᠢᠭ ᠦᠭᠡᠢ᠃ | ︵ᠬᠤᠶᠠᠷ︶ ᠵᠠᠰᠠᠨ ᠰᠠᠶᠢᠵᠢᠷᠠᠭᠤᠯᠬᠤ ᠠᠷᠭ᠎ᠠ ᠠᠪᠴᠠᠯ | 1᠂ ᠬᠢᠨᠠᠨ ᠭᠦᠢᠴᠡᠳᠬᠡᠬᠦ ᠶᠢ ᠴᠢᠩᠭᠠᠳᠬᠠᠨ᠎ᠠ᠃ ᠬᠢᠨᠠᠨ ᠭᠦᠢᠴᠡᠳᠬᠡᠬᠦ ᠶᠢ ᠴᠢᠩᠭᠠᠳᠬᠠᠬᠤ ᠪᠠᠷ | ᠳᠠᠮᠵᠢᠨ᠂ ᠡᠯ᠎ᠡ ᠳᠡᠰ ᠤᠨ ᠡᠯ᠎ᠡ ᠰᠠᠯᠠᠭ᠎ᠠ ᠮᠦᠴᠢᠷ ᠨᠢ ᠵᠠᠰᠠᠭ ᠤᠨ ᠣᠷᠲᠦᠨ ᠤ ᠮᠡᠳᠡᠭᠡ ᠵᠠᠩᠭᠢ ᠶᠢ ᠨᠡᠶᠢᠳᠡᠯᠡᠬᠦ | ᠠᠵᠢᠯ ᠢ ᠨᠡᠩ ᠬᠦᠨᠳᠦᠳᠬᠡᠨ ᠦᠵᠡᠬᠦ ᠪᠣᠯᠭᠠᠵᠦ᠂ ᠨᠡᠶᠢᠳᠡᠯᠡᠬᠦ ᠠᠵᠢᠯ ᠤᠨ ᠠᠯᠬᠤᠮ ᠪᠦᠷᠢ ᠶᠢ ᠨᠠᠷᠢᠨ ᠬᠢᠨᠠᠮᠠᠭᠠᠢ | ᠠᠳᠬᠤᠵᠤ᠂ ᠢᠳᠡᠪᠬᠢᠲᠠᠢ ᠬᠦᠲᠡᠯᠦᠩᠭᠦᠢ ᠪᠠᠷ ᠡᠯ᠎ᠡ ᠵᠦᠢᠯ ᠤᠨ ᠠᠵᠢᠯ ᠢ ᠲᠦᠯᠬᠢᠨ ᠠᠬᠢᠭᠤᠯᠵᠤ᠂ | ᠦᠢᠯᠡᠴᠢᠯᠡᠯᠭᠡ ᠶᠢ ᠤᠯᠠᠮ ᠴᠢᠨᠠᠭᠰᠢᠲᠠ ᠰᠢᠯᠢᠳᠡᠭᠵᠢᠭᠦᠯᠵᠦ᠂ ᠬᠢᠨᠠᠨ ᠭᠦᠢᠴᠡᠳᠬᠡᠬᠦ ᠶᠢ ᠤᠯᠠᠮ ᠴᠢᠨᠠᠭᠰᠢᠲᠠ | ᠴᠢᠩᠭᠠᠳᠬᠠᠬᠤ᠂ ᠠᠵᠢᠯ ᠤᠨ ᠬᠤᠷᠳᠤᠴᠠ ᠶᠢ ᠤᠯᠠᠮ ᠲᠦᠷᠭᠡᠳᠬᠡᠬᠦ ᠶᠢ ᠪᠡᠶᠡᠯᠡᠭᠦᠯᠬᠦ ᠬᠡᠷᠡᠭᠲᠡᠢ᠃ | 2᠂ ᠪᠠᠶᠢᠭᠤᠯᠤᠮᠵᠢ ᠪᠠᠨ ᠳᠡᠭᠦᠯᠳᠡᠷᠵᠢᠭᠦᠯᠦᠨ᠎ᠡ᠃ ᠵᠠᠰᠠᠭ ᠤᠨ ᠣᠷᠲᠦᠨ ᠤ ᠮᠡᠳᠡᠭᠡ ᠵᠠᠩᠭᠢ ᠢ | ᠨᠡᠶᠢᠳᠡᠯᠡᠬᠦ ᠤᠳᠤᠷᠢᠲᠤᠮᠵᠢ ᠶᠢ ᠨᠡᠶᠢᠳᠡᠯᠡᠵᠦ᠂ ᠡᠯ᠎ᠡ ᠪᠠᠶᠢᠭᠤᠯᠤᠯᠭ᠎ᠠ ᠶᠢ ᠱᠠᠭᠠᠷᠳᠠᠨ᠂ ᠪᠠᠶᠢᠭᠤᠯᠤᠮᠵᠢ ᠪᠠᠨ | ᠳᠡᠭᠦᠯᠳᠡᠷᠵᠢᠭᠦᠯᠵᠦ᠂ ᠡᠩᠨᠡᠭᠡ ᠪᠠᠨ ᠰᠢᠯᠢᠳᠡᠭᠵᠢᠭᠦᠯᠦᠨ᠂ ᠪᠣᠯᠪᠠᠰᠤᠷᠠᠯ ᠢᠶᠠᠨ ᠴᠢᠩᠭᠠᠳᠬᠠᠵᠦ᠂ ᠵᠠᠰᠠᠭ ᠤᠨ | ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠴᠠᠭ ᠤᠨ ᠬᠢᠵᠠᠭᠠᠷᠯᠠᠯ᠂ ᠬᠡᠯᠪᠡᠷᠢ᠂ ᠠᠭᠤᠯᠭ᠎ᠠ᠂ ᠶᠠᠪᠤᠴᠠ ᠪᠠ | ᠠᠵᠢᠯᠯᠠᠭᠠᠨ ᠤ ᠳᠦᠷᠢᠮ ᠢ ᠤᠯᠠᠮ ᠨᠢᠭᠡ ᠠᠯᠬᠤᠮ ᠳᠦᠷᠢᠮᠵᠢᠭᠦᠯᠦᠨ᠂ ᠡᠭᠦᠨ ᠤ ᠬᠠᠮᠳᠤ ᠮᠡᠳᠡᠭᠡ ᠵᠠᠩᠭᠢ ᠢ | ᠨᠡᠶᠢᠳᠡᠯᠡᠬᠦ ᠰᠢᠨ᠎ᠡ ᠠᠷᠭ᠎ᠠ ᠵᠠᠮ ᠢ ᠰᠦᠪᠡᠭᠴᠢᠯᠡᠨ᠂ ᠪᠦᠷᠭᠡ᠂ ᠸᠡᠶᠢᠴᠠᠲ ᠵᠡᠷᠭᠡ ᠠᠷᠭ᠎ᠠ ᠬᠡᠯᠪᠡᠷᠢ ᠶᠢ ᠲᠤᠷᠰᠢᠨ | ᠬᠡᠷᠡᠭᠯᠡᠵᠦ᠂ ᠵᠠᠰᠠᠭ ᠤᠨ ᠣᠷᠲᠦᠨ ᠢ ᠡᠯ᠎ᠡ ᠵᠦᠢᠯ ᠤᠨ ᠮᠡᠳᠡᠭᠡ ᠵᠠᠩᠭᠢ ᠢ ᠰᠠᠨᠠᠭᠠᠴᠢᠯᠠᠯᠭᠠ ᠠᠴᠠ ᠨᠡᠶᠢᠳᠡᠯᠡᠨ᠎ᠡ᠃ | 3᠂ ᠤᠬᠠᠭᠤᠯᠤᠯᠭᠠ ᠪᠠᠨ ᠥᠷᠭᠡᠳᠬᠡᠨ᠎ᠡ᠃ ︽ᠵᠠᠰᠠᠭ ᠤᠨ ᠣᠷᠲᠦᠨ ᠤ ᠮᠡᠳᠡᠭᠡ ᠵᠠᠩᠬᠢ ᠶᠢ | ᠨᠡᠶᠢᠳᠡᠯᠡᠬᠦ ᠳᠦᠷᠢᠮ ᠳᠣᠭᠲᠠᠭᠠᠯ︾ ᠪᠠ ︽ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠵᠠᠰᠠᠭ ᠤᠨ | ᠣᠷᠲᠦᠨ ᠤ ᠮᠡᠳᠡᠭᠡ ᠵᠠᠩᠭᠢ ᠢ ᠡᠷᠡᠮᠵᠢᠯᠡᠯ ᠢᠶᠠᠷ ᠳᠠᠮᠵᠢᠨ ᠨᠡᠶᠢᠳᠡᠯᠡᠬᠦ ᠠᠷᠭ᠎ᠠ︾ ᠵᠡᠷᠭᠡ ᠬᠠᠤᠯᠢ ᠳᠦᠷᠢᠮ ᠶᠢ ᠶᠡᠭᠡ ᠪᠠᠷ | ᠤᠬᠠᠭᠤᠯᠤᠨ᠂ ᠠᠵᠢᠯ ᠤᠨ ᠦᠷ᠎ᠡ ᠪᠦᠲᠦᠮᠵᠢ ᠨᠡᠯᠢᠶᠡᠳ ᠰᠠᠶᠢᠨ ᠪᠠᠶᠢᠭᠤᠯᠤᠯᠭ᠎ᠠ ᠳᠤ ᠤᠬᠠᠭᠤᠯᠤᠯᠭᠠ ᠬᠢᠵᠦ᠂ | ᠵᠢᠱᠢᠶ᠎ᠡ ᠦᠵᠡᠭᠦᠯᠬᠦ ᠦᠢᠯᠡᠳᠦᠯ ᠢ ᠨᠢ ᠪᠠᠳᠠᠷᠠᠭᠤᠯᠤᠨ᠂ ᠡᠯ᠎ᠡ ᠪᠠᠶᠢᠭᠤᠯᠤᠯᠭ᠎ᠠ ᠶᠢᠨ ᠤᠳᠤᠷᠢᠳᠤᠯᠭ᠎ᠠ ᠶᠢ ᠬᠦᠳᠦᠯᠦᠨ | ᠲᠤᠰ ᠠᠵᠢᠯ ᠢ ᠬᠦᠨᠳᠦᠳᠬᠡᠨ ᠦᠵᠡᠵᠦ᠂ ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠠᠵᠢᠯ ᠤᠨ | ᠤᠷᠤᠭᠰᠢᠲᠠᠢ ᠶᠠᠪᠤᠭᠳᠠᠬᠤ ᠶᠢ ᠠᠬᠢᠭᠤᠯᠤᠨ᠎ᠠ᠃ | | |