ᠲᠤᠰ ᠣᠨ ᠤ ᠮᠡᠳᠡᠭᠦᠯᠦᠯᠳᠡ ᠨᠢ ︽ᠪᠦᠭᠦᠳᠡ ᠨᠠᠶᠢᠷᠠᠮᠳᠠᠬᠤ ᠳᠣᠮᠳᠠᠲᠤ ᠠᠷᠠᠳ ᠤᠯᠤᠰ ᠤᠨ ᠵᠠᠰᠠᠭ ᠤᠨ | ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠳᠦᠷᠢᠮ︾ ︵ᠲᠦᠭᠦᠮᠴᠢᠯᠡᠭᠡᠳ ︽ᠳᠦᠷᠢᠮ︾ ᠭᠡᠶ᠎ᠡ︶ ᠵᠢᠴᠢ 2016 | ᠣᠨ ᠤ ᠤᠯᠠᠭᠠᠨᠬᠠᠳᠠ ᠬᠤᠲᠠ ᠶᠢᠨ ᠰᠥᠩ ᠱᠠᠨ ᠲᠤᠭᠤᠷᠢᠭ ᠤᠨ ᠡᠯ᠎ᠡ ᠰᠢᠶᠠᠩ ᠪᠠᠯᠭᠠᠰᠤ ᠶᠢᠨ ᠵᠠᠰᠠᠭ ᠤᠨ | ᠣᠷᠲᠦᠨ ᠪᠠ ᠲᠤᠭᠤᠷᠢᠭ ᠤᠨ ᠵᠠᠰᠠᠭ ᠤᠨ ᠣᠷᠲᠦᠨ ᠤ ᠡᠯ᠎ᠡ ᠵᠦᠪᠯᠡᠯ᠂ ᠠᠯᠪᠠᠨ ᠭᠡᠷ᠂ ᠲᠣᠪᠴᠢᠶ᠎ᠠ᠂ ᠬᠠᠮᠢᠶ᠎ᠠ | ᠪᠦᠭᠦᠢ ᠪᠠᠶᠢᠭᠤᠯᠭ᠎ᠠ ᠶᠢᠨ ᠵᠠᠰᠠᠭ ᠤᠨ ᠣᠷᠲᠦᠨ ᠤ ᠮᠡᠳᠡᠭᠡ ᠵᠠᠩᠬᠢ ᠶᠢᠨ ᠨᠡᠶᠢᠳᠡᠯᠡᠯᠳᠡ ᠶᠢᠨ ᠣᠨ ᠤ | ᠮᠡᠳᠡᠭᠦᠯᠦᠯᠳᠡ ᠶᠢ ᠦᠨᠳᠦᠰᠦᠯᠡᠵᠦ ᠨᠠᠶᠢᠷᠠᠭᠤᠯᠤᠨ ᠵᠣᠬᠢᠶᠠᠪᠠ᠃ ᠲᠤᠰ ᠣᠨ ᠤ ᠮᠡᠳᠡᠭᠦᠯᠦᠯᠳᠡ ᠨᠢ ᠵᠠᠰᠠᠭ ᠤᠨ | ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠠᠵᠢᠯ ᠤᠨ ᠪᠠᠶᠢᠳᠠᠯ᠂ ᠰᠠᠨᠠᠭᠠᠴᠢᠯᠠᠭ᠎ᠠ ᠠᠴᠠ ᠪᠠᠨ ᠨᠡᠶᠢᠳᠡᠯᠡᠬᠦ ᠵᠠᠰᠠᠭ ᠤᠨ | ᠣᠷᠲᠦᠨ ᠤ ᠮᠡᠳᠡᠭᠡ ᠵᠠᠩᠭᠢ ᠶᠢᠨ ᠪᠠᠶᠢᠳᠠᠯ᠂ ᠡᠷᠡᠮᠵᠢᠯᠡᠯ ᠢᠶᠠᠷ ᠳᠠᠮᠵᠢᠨ ᠨᠡᠶᠢᠳᠡᠯᠡᠬᠦ ᠰᠢᠢᠳᠪᠦᠷᠢᠯᠡᠭᠰᠡᠨ ᠪᠠᠶᠢᠳᠠᠯ᠂ | ᠣᠷᠤᠰᠢᠵᠦ ᠪᠠᠶᠢᠭ᠎ᠠ ᠦᠨᠳᠦᠰᠦᠨ ᠠᠰᠠᠭᠤᠳᠠᠯ ᠪᠠ ᠥᠭᠡᠷᠡᠴᠢᠯᠡᠨ ᠰᠠᠶᠢᠵᠢᠷᠠᠭᠤᠯᠬᠤ ᠠᠷᠭ᠎ᠠ ᠪᠣᠲᠤᠯᠭ᠎ᠠ ᠵᠡᠷᠭᠡ | ᠬᠡᠰᠡᠭ ᠪᠦᠯᠦᠭ ᠠᠴᠠ ᠪᠦᠷᠢᠯᠳᠦᠪᠡ᠃ ᠲᠤᠰ ᠮᠡᠳᠡᠭᠦᠯᠦᠯᠳᠡ ᠶᠢᠨ ᠲᠤᠭ᠎ᠠ ᠪᠠᠷᠢᠮᠲᠠ ᠨᠢ 2016 ᠣᠨ ᠤ 1 | ᠰᠠᠷ᠎ᠠ ᠶᠢᠨ 1 ᠤ ᠡᠳᠦᠷ ᠠᠴᠠ ᠡᠬᠢᠯᠡᠨ 2016 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠪᠦᠷᠢᠳᠬᠡᠭᠰᠡᠨ | ᠲᠤᠭ᠎ᠠ ᠪᠠᠷᠢᠮᠲᠠ ᠪᠤᠯᠣᠨ᠎ᠠ᠃ | ᠨᠢᠭᠡ᠂ ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠭᠰᠡᠨ ᠠᠵᠢᠯ ᠤᠨ ᠪᠠᠶᠢᠳᠠᠯ | ︵ᠨᠢᠭᠡ︶ ᠲᠠᠨᠢᠯᠲᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠬᠤ ᠤᠳᠤᠷᠢᠳᠤᠯᠭ᠎ᠠ ᠪᠠᠨ ᠴᠢᠩᠭᠠᠳᠬᠠᠪᠠ | ᠨᠢᠭᠡ ᠵᠢᠯ ᠤᠨ ᠲᠤᠷᠰᠢ᠂ ᠮᠠᠨ ᠤ ᠲᠤᠭᠤᠷᠢᠭ ᠨᠢ ᠦᠨᠡᠨᠬᠦ ᠤᠲᠤᠷᠢᠲᠤᠯᠭ᠎ᠠ ᠪᠠᠨ ᠴᠢᠩᠭᠠᠳᠬᠠᠵᠦ᠂ | ᠪᠠᠶᠢᠭᠤᠯᠤᠮᠵᠢ ᠶᠢᠨ ᠪᠦᠷᠢᠨ ᠳᠡᠭᠦᠯᠳᠡᠷ ᠪᠠᠶᠢᠬᠤ ᠶᠢ ᠪᠠᠳᠤᠯᠠᠵᠤ᠂ ᠠᠵᠢᠯᠲᠠᠳ ᠤᠨ ᠡᠭᠦᠷᠭᠡ ᠬᠠᠷᠢᠭᠤᠴᠠᠯᠭ᠎ᠠ ᠨᠢ | ᠨᠠᠷᠢᠨ ᠲᠣᠳᠣᠷᠬᠠᠢ ᠪᠠᠶᠢᠵᠤ᠂ ᠤᠳᠤᠷᠢᠳᠤᠯᠭ᠎ᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠠᠢ᠃ ᠲᠡᠶᠢᠮᠦ ᠮᠦᠷᠳᠡᠭᠡᠨ | ᠠᠵᠢᠯ ᠶᠢᠨ ᠪᠣᠲᠠᠲᠠᠢ ᠪᠠᠶᠢᠳᠠᠯ ᠢᠶᠠᠨ ᠦᠨᠳᠦᠰᠦᠯᠡᠵᠦ᠂ ᠲᠤᠭᠤᠷᠢᠭ ᠤᠨ ᠵᠦᠪᠯᠡᠯ ᠤᠨ ᠪᠠᠶᠢᠩᠭᠤ ᠶᠢᠨ ᠬᠤᠷᠢᠶ᠎ᠠ᠂ | ᠲᠤᠭᠤᠷᠢᠭ ᠤᠨ ᠵᠠᠰᠠᠭ ᠤᠨ ᠣᠷᠲᠦᠨ ᠤ ᠪᠠᠶᠢᠩᠭᠤ ᠶᠢᠨ ᠳᠡᠳ᠋ ᠲᠤᠭᠤᠷᠢᠭ ᠤᠨ ᠳᠠᠷᠤᠭ᠎ᠠ ᠭᠤᠤᠯᠯᠠᠨ ᠬᠠᠮᠢᠶᠠᠷᠴᠦ᠂ | ᠵᠠᠰᠠᠭ ᠤᠨ ᠣᠷᠲᠦᠨ ᠤ ᠠᠯᠪᠠᠨ ᠭᠡᠷ ᠠᠴᠠ ᠪᠣᠲᠠᠲᠠᠢ ᠬᠠᠷᠢᠭᠤᠴᠠᠭᠰᠠᠨ ᠠᠵᠢᠯ ᠤᠨ ᠪᠠᠶᠢᠭᠤᠯᠤᠮᠵᠢ ᠶᠢ ᠪᠠᠶᠢᠭᠤᠯᠵᠤ᠂ | ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠠᠵᠢᠯ ᠪᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠢ | ᠯᠠᠪᠯᠠᠨ ᠠᠰᠠᠭᠤᠬᠤ ᠠᠵᠢᠯ ᠢ ᠱᠠᠭᠠᠷᠳᠠᠯᠭ᠎ᠠ ᠶᠣᠰᠣᠭᠠᠷ ᠪᠦᠬᠦ ᠲᠠᠯ᠎ᠠ ᠪᠠᠷ ᠦᠷᠨᠢᠭᠦᠯᠦᠨ᠂ ᠡᠭᠦᠨ ᠤ ᠬᠠᠮᠲᠦ | ᠵᠠᠷᠤᠳᠠᠯ ᠢ ᠢᠳᠡᠪᠬᠢᠲᠠᠢ ᠨᠠᠶᠢᠳᠠᠪᠤᠷᠢᠵᠢᠭᠤᠯᠵᠤ᠂ ᠲᠤᠰ ᠠᠵᠢᠯ ᠤᠨ ᠡᠷᠴᠢᠮᠲᠠᠢ ᠶᠠᠪᠤᠭᠳᠠᠬᠤ ᠶᠢ ᠪᠠᠲᠤᠯᠠᠵᠠᠢ᠃ | ︵ᠬᠤᠶᠠᠷ︶ ︽ᠵᠠᠰᠠᠭ ᠤᠨ ᠣᠷᠳᠦᠨ ᠤ ᠮᠡᠳᠡᠭᠡ ᠵᠠᠩᠬᠢ ᠶᠢ ᠨᠡᠶᠢᠳᠡᠯᠡᠬᠦ ᠤᠳᠤᠷᠢᠮᠳᠦᠵᠢ︾ ᠪᠠ ︽ | ᠵᠠᠰᠠᠭ ᠤᠨ ᠣᠷᠳᠦᠨ ᠤ ᠮᠡᠳᠡᠭᠡ ᠵᠠᠩᠬᠢ ᠶᠢ ᠨᠡᠶᠢᠳᠡᠯᠡᠬᠦ ᠯᠠᠪᠯᠠᠯᠲᠠ︾ ᠶᠢ ᠰᠢᠨᠡᠴᠢᠯᠡᠵᠦ ᠳᠡᠭᠦᠯᠳᠡᠷᠵᠢᠭᠦᠯᠦᠨ᠎ᠡ᠃ | ᠱᠠᠭᠠᠷᠳᠠᠯᠭ᠎ᠠ ᠶᠤᠰᠤᠭᠠᠷ᠂ ︽ᠵᠠᠰᠠᠭ ᠤᠨ ᠣᠷᠳᠦᠨ ᠤ ᠮᠡᠳᠡᠭᠡ ᠵᠠᠩᠬᠢ ᠶᠢ ᠨᠡᠶᠢᠳᠡᠯᠡᠬᠦ ᠤᠳᠤᠷᠢᠮᠳᠦᠵᠢ︾ | ᠪᠠ ︽ᠵᠠᠰᠠᠭ ᠤᠨ ᠣᠷᠳᠦᠨ ᠤ ᠮᠡᠳᠡᠭᠡ ᠵᠠᠩᠬᠢ ᠶᠢ ᠨᠡᠶᠢᠳᠡᠯᠡᠬᠦ ᠯᠠᠪᠯᠠᠯᠲᠠ︾ ᠶᠢ ᠰᠢᠨᠡᠴᠢᠯᠡᠨ ᠳᠡᠭᠦᠯᠳᠡᠷᠵᠢᠭᠦᠯᠵᠦ᠂ | ᠡᠭᠦᠨ ᠤ ᠬᠠᠮᠲᠤ ᠵᠠᠰᠠᠭ ᠤᠨ ᠣᠷᠲᠦᠨ ᠤ ᠡᠭᠦᠲᠡᠨ ᠰᠦᠯᠵᠢᠶ᠎ᠡ ᠵᠡᠷᠭᠡ ᠠᠷᠭ᠎ᠠ ᠵᠠᠮ ᠢᠶᠠᠷ ᠳᠠᠮᠵᠢᠵᠦ ᠨᠡᠶᠢᠳᠡᠯᠡᠨ᠂ | ᠠᠷᠠᠳ ᠢᠷᠭᠡᠳ᠂ ᠬᠠᠤᠯᠢ ᠶᠢᠨ ᠡᠷᠬᠡᠲᠡᠨ ᠪᠤᠶᠤ ᠪᠣᠰᠤᠳ ᠵᠣᠬᠢᠶᠠᠨ ᠪᠠᠶᠢᠭᠤᠯᠤᠯᠲᠠ ᠤᠨ ᠠᠰᠠᠭᠤᠨ ᠯᠠᠪᠯᠠᠯᠲᠠ ᠳᠤ | ᠳᠦᠭᠦᠮ ᠦᠵᠡᠭᠦᠯᠵᠠᠢ᠃ | ︵ᠭᠤᠷᠪᠠ︶ ᠳᠦᠷᠢᠮ ᠲᠣᠭᠲᠠᠭᠠᠯ ᠪᠠᠶᠢᠭᠤᠯᠵᠤ ᠳᠦᠷᠢᠮᠵᠢᠭᠰᠡᠨ ᠪᠦᠳᠦᠭᠡᠨ ᠪᠠᠶᠢᠭᠤᠯᠤᠯᠲᠠ ᠶᠢ | ᠴᠢᠩᠭᠠᠳᠬᠠᠨ᠎ᠠ᠃ | ︽ᠳᠦᠷᠢᠮ ᠲᠣᠭᠲᠠᠭᠠᠯ︾ ᠪᠠ ᠲᠤᠰ ᠲᠤᠭᠤᠷᠢᠭ ᠤᠨ ᠪᠣᠲᠠᠲᠤ ᠪᠠᠶᠢᠳᠠᠯ ᠢᠶᠠᠨ ᠦᠨᠳᠦᠰᠦᠯᠡᠵᠦ᠂ | ᠵᠠᠰᠠᠭ ᠤᠨ ᠣᠷᠳᠦᠨ ᠤ ᠮᠡᠳᠡᠭᠡ ᠵᠠᠩᠬᠢ ᠶᠢ ᠨᠡᠶᠢᠳᠡᠯᠡᠬᠦ ᠠᠵᠢᠯ᠂ ᠵᠠᠰᠠᠭ ᠤᠨ ᠣᠷᠳᠦᠨ ᠤ ᠮᠡᠳᠡᠭᠡ ᠵᠠᠩᠬᠢ ᠶᠢ | ᠡᠷᠡᠮᠵᠢᠯᠡᠯ ᠢᠶᠠᠷ ᠳᠠᠮᠵᠢᠨ ᠨᠡᠶᠢᠳᠡᠯᠡᠬᠦ ᠠᠵᠢᠯ᠂ ᠵᠠᠰᠠᠭ ᠤᠨ ᠣᠷᠳᠦᠨ ᠤ ᠮᠡᠳᠡᠭᠡ ᠵᠠᠩᠬᠢ ᠶᠢ ᠢᠯᠡ ᠪᠠᠷ ᠨᠡᠶᠢᠳᠡᠯᠡᠬᠦ᠂ | ᠵᠠᠰᠠᠭ ᠤᠨ ᠣᠷᠳᠦᠨ ᠤ ᠮᠡᠳᠡᠭᠡ ᠵᠠᠩᠬᠢ ᠤᠨ ᠨᠢᠭᠤᠴᠠ ᠶᠢ ᠬᠠᠮᠠᠭᠠᠯᠠᠬᠤ ᠪᠠᠶᠢᠴᠠᠭᠠᠯᠲᠠ ᠵᠡᠷᠭᠡ ᠨᠢᠭᠡ ᠰᠢᠷᠢᠰ ᠬᠠᠮᠢᠶ᠎ᠠ | ᠪᠦᠭᠦᠢ ᠳᠦᠷᠢᠮ ᠲᠣᠭᠲᠠᠭᠠᠯ ᠢ ᠪᠠᠶᠢᠭᠤᠯᠤᠨ᠂ ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠠᠵᠢᠯ ᠢ | ᠳᠦᠷᠢᠮᠵᠢᠭᠦᠯᠵᠠᠢ᠃ ᠡᠭᠦᠨ ᠤ ᠬᠠᠮᠲᠦ ᠬᠤᠲᠠ ᠶᠢᠨ ᠵᠠᠰᠠᠭ ᠤᠨ ᠣᠷᠲᠦᠨ ᠤ ᠲᠣᠭᠲᠠᠭᠠᠭᠰᠠᠨ ᠬᠠᠮᠢᠶ᠎ᠠ ᠪᠦᠭᠦᠢ | ᠵᠠᠰᠠᠭ ᠶᠢᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠡᠯ᠎ᠡ ᠵᠦᠢᠯ ᠤᠨ ᠳᠦᠷᠢᠮ ᠳᠤᠭᠲᠠᠭᠠᠯ ᠢ ᠴᠢᠩᠭ᠎ᠠ ᠰᠠᠬᠢᠵᠦ᠂ | ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠠᠵᠢᠯ ᠤᠨ ᠳᠦᠷᠢᠮᠵᠢᠬᠦ ᠪᠠ ᠬᠡᠯᠪᠡᠷᠢᠵᠢᠬᠦ ᠶᠢ ᠪᠠᠳᠤᠯᠠᠵᠠᠢ᠃ | ︵ᠲᠦᠷᠪᠡ︶ ᠤᠬᠠᠭᠤᠯᠤᠯᠭᠠ ᠪᠠ ᠳᠠᠳᠤᠯᠭᠠᠵᠢᠭᠤᠯᠤᠯᠲᠠ ᠶᠢᠨ ᠠᠵᠢᠯ ᠢ ᠴᠢᠩᠭᠠᠳᠬᠠᠪᠠ | ᠨᠡᠶᠢᠭᠡᠮ ᠤᠨ ᠣᠯᠠᠨ ᠨᠡᠶᠢᠲᠡ ᠶᠢᠨ ᠬᠠᠯᠠᠮᠵᠢᠯᠠᠯ ᠪᠠ ᠬᠠᠤᠯᠢ ᠶᠣᠰᠤᠭᠠᠷ ᠦᠷ᠎ᠡ ᠠᠰᠢᠭ ᠲᠠᠢ ᠪᠠᠷ ᠵᠠᠰᠠᠭ ᠤᠨ | ᠣᠷᠳᠦᠨ ᠤ ᠮᠡᠳᠡᠭᠡ ᠵᠠᠩᠭᠢ ᠢ ᠨᠡᠶᠢᠳᠡᠯᠡᠬᠦ ᠠᠵᠢᠯ ᠳᠤ ᠣᠷᠤᠯᠴᠠᠬᠤ ᠶᠢ ᠤᠳᠤᠷᠢᠳᠬᠤ ᠶᠢᠨ ᠲᠦᠯᠦᠭᠡ᠂ ᠵᠠᠰᠠᠭ ᠤᠨ | ᠣᠷᠲᠦᠨ ᠤ ᠲᠣᠣᠷ ᠰᠦᠯᠵᠢᠶ᠎ᠡ᠂ ᠬᠡᠪᠯᠡᠯ ᠰᠡᠳᠭᠦᠯ᠂ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠣᠯᠠᠨ ᠠᠷᠭ᠎ᠠ | ᠵᠠᠮ ᠢᠶᠠᠷ ᠳᠠᠮᠵᠢᠨ ︽ᠳᠦᠷᠢᠮ ᠲᠣᠭᠲᠠᠭᠠᠯ︾ ᠤᠨ ᠬᠠᠤᠯᠢ ᠲᠣᠭᠲᠠᠭᠠᠬᠤ ᠵᠣᠷᠢᠭ ᠰᠠᠨᠠᠭ᠎ᠠ᠂ ᠭᠤᠣᠯ ᠠᠭᠤᠯᠭ᠎ᠠ᠂ | ᠭᠤᠣᠯ ᠠᠴᠢ ᠬᠤᠯᠪᠤᠭᠳᠠᠯ ᠵᠢᠴᠢ ᠬᠠᠮᠢᠶ᠎ᠠ ᠪᠦᠭᠦᠢ ᠢᠵᠢ ᠪᠦᠷᠢᠨ ᠳᠦᠷᠢᠮ ᠲᠣᠭᠲᠠᠭᠠᠯ ᠳᠤ ᠥᠷᠭᠡᠨ ᠢᠶᠠᠷ | ᠤᠬᠠᠭᠤᠯᠤᠯᠭᠠ ᠬᠢᠵᠠᠢ᠃ ᠦᠨᠳᠦᠰᠦᠨ ᠱᠠᠲᠦᠨ ᠤ ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ | ᠠᠵᠢᠯᠲᠠᠳ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠳᠦᠯᠦᠭᠡ᠂ ᠪᠦᠬᠦ ᠵᠢᠯ ᠳᠤ | ᠬᠤᠶᠠᠷ ᠤᠳᠠᠭ᠎ᠠ ᠲᠤᠰᠬᠠᠢ ᠰᠡᠳᠥᠪᠳᠦ ᠳᠠᠳᠤᠯᠭᠠᠵᠢᠭᠤᠯᠤᠯᠲᠠ ᠶᠢᠨ ᠠᠩᠬᠢ ᠨᠡᠬᠡᠭᠡᠵᠦ᠂ 600 ᠢᠯᠡᠭᠦᠦ ᠬᠦᠮᠦᠨ | ᠪᠣᠯᠪᠠᠰᠤᠷᠠᠯ ᠳᠤ ᠣᠷᠤᠯᠴᠠᠭᠰᠠᠨ ᠪᠠᠶᠢᠨ᠎ᠠ᠃ | ᠬᠤᠶᠠᠷ᠂ ᠰᠠᠨᠠᠭᠠᠴᠢᠯᠠᠭ᠎ᠠ ᠠᠴᠠ ᠪᠠᠨ ᠨᠡᠶᠢᠳᠡᠯᠡᠬᠦ ᠵᠠᠰᠠᠭ ᠤᠨ ᠣᠷᠲᠦᠨ ᠤ ᠮᠡᠳᠡᠭᠡ ᠵᠠᠩᠭᠢ ᠶᠢᠨ ᠪᠠᠶᠢᠳᠠᠯ | ︵ᠨᠢᠭᠡ︶ 2016 ᠣᠨ ᠤ ᠪᠦᠬᠦ ᠲᠣᠭᠤᠷᠢᠭ ᠤᠨ ᠰᠠᠨᠠᠭᠠᠴᠢᠯᠠᠭ᠎ᠠ ᠠᠴᠠ ᠪᠠᠨ ᠨᠡᠶᠢᠳᠡᠯᠡᠭᠰᠡᠨ ᠵᠠᠰᠠᠭ ᠤᠨ | ᠣᠷᠲᠦᠨ ᠤ ᠮᠡᠳᠡᠭᠡ ᠵᠠᠩᠭᠢ ᠨᠢ 1799 ᠵᠣᠷᠪᠣᠰ ᠲᠤ ᠬᠦᠷᠴᠦ᠂ ᠡᠭᠦᠨ ᠤ ᠳᠣᠮᠳᠠ᠂ ᠪᠠᠶᠢᠭᠤᠯᠤᠮᠵᠢ ᠶᠢᠨ ᠡᠭᠦᠷᠭᠡ | ᠴᠢᠳᠠᠪᠤᠷᠢ ᠶᠢᠨ ᠳᠦᠷᠦᠯ ᠤᠨ ᠮᠡᠳᠡᠭᠡ ᠵᠠᠩᠭᠢ 56 ᠵᠣᠷᠪᠤᠰ᠂ ᠬᠠᠤᠯᠢ ᠳᠦᠷᠢᠮ ᠤᠨ ᠪᠢᠴᠢᠭ ᠮᠠᠲ᠋ᠧᠷᠢᠶᠠᠯ ᠤᠨ | ᠳᠦᠷᠦᠯ ᠤᠨ ᠮᠡᠳᠡᠭᠡ ᠵᠠᠩᠭᠢ 268 ᠵᠣᠷᠪᠤᠰ᠂ ᠳᠦᠯᠦᠪᠵᠢᠭᠦᠯᠭᠡ ᠲᠦᠯᠦᠪᠯᠡᠭᠡ ᠶᠢᠨ ᠳᠦᠷᠦᠯ ᠤᠨ ᠮᠡᠳᠡᠭᠡ ᠵᠠᠩᠭᠢ | 152 ᠵᠣᠷᠪᠤᠰ᠂ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢᠨ ᠳᠦᠷᠦᠯ ᠤᠨ ᠮᠡᠳᠡᠭᠡ ᠵᠠᠩᠭᠢ 89 ᠵᠣᠷᠪᠤᠰ᠂ | ᠲᠤᠬᠠᠶᠢᠯᠠᠭᠰᠠᠨ ᠠᠵᠢᠯ ᠤᠨ ᠬᠠᠨᠳᠤᠰᠢ ᠶᠢᠨ ᠳᠦᠷᠦᠯ ᠤᠨ ᠮᠡᠳᠡᠭᠡ ᠵᠠᠩᠭᠢ 892 ᠵᠣᠷᠪᠤᠰ᠂ ᠠᠵᠢᠯᠲᠠᠨ ᠤ | ᠥᠭᠡᠷᠡᠴᠢᠯᠡᠯᠲᠡ ᠶᠢᠨ ᠳᠦᠷᠦᠯ ᠤᠨ ᠮᠡᠳᠡᠭᠡ ᠵᠠᠩᠭᠢ 19 ᠵᠣᠷᠪᠤᠰ᠂ ᠡᠳ᠋ ᠤᠨ ᠵᠠᠰᠠᠭ ᠤᠨ ᠳᠦᠷᠦᠯ ᠤᠨ ᠮᠡᠳᠡᠭᠡ | ᠵᠠᠩᠭᠢ 265 ᠵᠣᠷᠪᠤᠰ᠂ ᠪᠣᠰᠤᠳ ᠳᠦᠷᠦᠯ ᠤᠨ ᠮᠡᠳᠡᠭᠡ ᠵᠠᠩᠭᠢ 58 ᠵᠣᠷᠪᠤᠰ ᠨᠡᠶᠢᠳᠡᠯᠡᠭᠰᠡᠨ ᠪᠠᠶᠢᠨ᠎ᠠ᠃ | ︵ᠬᠤᠶᠠᠷ︶ 2016 ᠣᠨ ᠳᠤ᠂ ᠮᠠᠨ ᠤ ᠲᠣᠭᠤᠷᠢᠭ ᠨᠢ ᠲᠣᠭᠤᠷᠢᠭ ᠤᠨ ᠡᠭᠦᠳᠡᠨ ᠰᠦᠯᠵᠢᠶ᠎ᠡ ᠪᠠᠷ | ᠮᠡᠳᠡᠭᠡ ᠵᠠᠩᠭᠢ ᠢ ᠨᠡᠶᠢᠳᠡᠯᠡᠬᠦ ᠨᠢᠭᠡᠳᠦᠭᠡᠷ ᠳᠠᠪᠴᠠᠩ ᠪᠣᠯᠭᠠᠨ᠂ ᠡᠯ᠎ᠡ ᠵᠦᠢᠯ ᠤᠨ ᠮᠡᠳᠡᠭᠡ ᠵᠠᠩᠭᠢ ᠢ 1568 | ᠵᠣᠷᠪᠤᠰ ᠨᠡᠶᠢᠳᠡᠯᠡᠭᠰᠡᠨ ᠪᠠᠶᠢᠨ᠎ᠠ᠃ ᠵᠠᠰᠠᠭ ᠤᠨ ᠣᠷᠳᠦᠨ ᠡᠭᠦᠳᠡᠨ ᠰᠦᠯᠵᠢᠶ᠎ᠡ ᠠᠴᠠ ᠭᠠᠳᠠᠨ᠎ᠠ᠂ ᠰᠥᠩ ᠱᠠᠨ | ᠲᠧᠯᠸᠢᠰ ᠬᠤᠷᠢᠶ᠎ᠠ ᠶᠢᠨ ︽ᠥᠨᠥᠳᠦᠷ ᠤᠨ ᠰᠥᠩ ᠱᠠᠨ︾ ᠨᠡᠪᠳᠡᠷᠡᠭᠦᠯᠭᠡ ᠨᠢ ᠰᠥᠩ ᠱᠠᠨ ᠲᠣᠭᠤᠷᠢᠭ ᠤᠨ | ᠵᠠᠰᠠᠭ ᠤᠨ ᠣᠷᠲᠦᠨ ᠤ ᠰᠦᠯᠵᠢᠶ᠎ᠡ ᠲᠠᠢ ᠰᠢᠭᠤᠳ ᠬᠤᠯᠪᠤᠭᠳᠠᠵᠤ᠂ ᠴᠢᠮᠡᠭᠡ ᠵᠠᠩᠬᠢ ᠶᠢ ᠨᠡᠶᠢᠳᠡᠯᠡᠬᠦ ᠴᠢᠬᠤᠯᠠ | ᠳᠠᠪᠴᠢᠩ ᠪᠣᠯᠣᠭᠰᠠᠨ ᠪᠠᠶᠢᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠯᠭᠡᠨ ᠤ ᠲᠢᠩᠬᠢᠮ ᠪᠠ ᠰᠢᠶᠠᠩ ᠪᠠᠯᠭᠠᠰᠤ | ᠵᠡᠭᠡᠯᠢ ᠭᠤᠳᠤᠮᠵᠢ ᠤᠨ ᠠᠷᠠᠳ ᠲᠤ ᠳᠦᠭᠦᠮ ᠦᠵᠡᠭᠦᠯᠬᠦ ᠦᠢᠯᠡᠴᠢᠯᠡᠯᠭᠡᠨ ᠤ ᠲᠥᠪ ᠤᠨ ᠪᠦᠳᠦᠭᠡᠨ ᠪᠠᠶᠢᠭᠤᠯᠤᠯᠲᠠ | ᠵᠡᠷᠭᠡ ᠪᠠᠷ ᠳᠠᠮᠵᠢᠨ ᠵᠠᠰᠠᠭ ᠤᠨ ᠣᠷᠲᠦᠨ ᠤ ᠮᠡᠳᠡᠭᠡ ᠵᠠᠩᠭᠢ ᠶᠢ ᠨᠡᠶᠢᠳᠡᠯᠡᠬᠦ ᠠᠷᠭ᠎ᠠ ᠵᠠᠮ ᠢ ᠦᠷ᠎ᠡ ᠪᠦᠲᠦᠮᠵᠢᠲᠡᠢ ᠪᠠᠷ | ᠥᠷᠭᠡᠳᠬᠡᠭᠰᠡᠨ ᠪᠠᠶᠢᠨ᠎ᠠ᠃ | ︵ᠭᠤᠷᠪᠠ︶ ᠪᠦᠬᠦ ᠵᠢᠯ ᠤᠨ ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠠᠬᠤᠢ ᠲᠠᠯᠠᠪᠠᠢ ᠳᠤ | ᠯᠠᠪᠯᠠᠨ ᠣᠩᠰᠢᠭᠰᠠᠨ ᠤᠳᠠᠭᠠᠨ ᠤ ᠳᠤᠭ᠎ᠠ ᠨᠢ 120000 ᠬᠦᠮᠦᠨ ᠤᠳᠠᠭ᠎ᠠ ᠳᠤ ᠬᠦᠷᠴᠦ᠂ ᠵᠠᠰᠠᠭ ᠤᠨ | ᠣᠷᠲᠦᠨ ᠤ ᠰᠦᠯᠵᠢᠶ᠎ᠡ ᠶᠢᠨ ᠮᠡᠳᠡᠭᠡ ᠵᠠᠩᠭᠢ ᠢ ᠨᠡᠶᠢᠳᠡᠯᠡᠬᠦ ᠲᠤᠰᠬᠠᠢ ᠳᠠᠪᠴᠢᠩ ᠪᠠᠷ 18266 ᠬᠦᠮᠦᠨ ᠤᠳᠠᠭ᠎ᠠ | ᠯᠠᠪᠯᠠᠨ ᠦᠵᠡᠭᠰᠡᠨ ᠪᠠᠶᠢᠨ᠎ᠠ᠃ | ᠭᠤᠷᠪᠠ᠂ ᠡᠷᠡᠮᠵᠢᠯᠡᠯ ᠢᠶᠠᠷ ᠳᠠᠮᠵᠢᠨ ᠮᠡᠳᠡᠭᠡ ᠵᠠᠩᠭᠢ ᠢ ᠨᠡᠶᠢᠳᠡᠯᠡᠬᠦ ᠠᠵᠢᠯ ᠤᠨ ᠪᠠᠶᠢᠳᠠᠯ | ︵ᠨᠢᠭᠡ︶ ᠡᠷᠡᠮᠵᠢᠯᠡᠯ ᠢᠶᠠᠷ ᠳᠠᠮᠵᠢᠨ ᠮᠡᠳᠡᠭᠡ ᠵᠠᠩᠭᠢ ᠢ ᠨᠡᠶᠢᠳᠡᠯᠡᠬᠦ ᠶᠢ ᠬᠦᠯᠢᠶᠡᠨ ᠠᠪᠤᠭᠰᠠᠨ ᠪᠠᠶᠢᠳᠠᠯ᠃ | 2016 ᠣᠨ ᠳᠤ᠂ ᠮᠠᠨ ᠤ ᠲᠤᠭᠤᠷᠢᠭ ᠨᠢ ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠡᠷᠡᠮᠵᠢᠯᠡᠯ ᠢ | 13 ᠤᠳᠠᠭ᠎ᠠ ᠲᠤᠰᠴᠦ᠂ ᠡᠭᠦᠨ ᠳᠤ᠂ ᠨᠢᠭᠤᠷᠳᠠᠨ ᠡᠷᠡᠮᠵᠢᠯᠡᠭᠰᠡᠨ ᠨᠢ 4 ᠤᠳᠠᠭ᠎ᠠ ᠪᠠᠶᠢᠵᠦ᠂ 30.77% ᠶᠢ | ᠡᠵᠡᠯᠡᠨ᠎ᠡ᠂ ᠹᠠᠺᠡᠰ ᠢᠶᠠᠷ ᠳᠠᠮᠵᠢᠨ ᠡᠷᠡᠮᠵᠢᠯᠡᠭᠰᠡᠨ ᠨᠢ 0 ᠤᠳᠠᠭ᠎ᠠ᠂ ᠵᠠᠬᠢᠳᠠᠯ ᠰᠣᠷᠪᠤᠯᠵᠢᠯᠠᠭ᠎ᠠ ᠶᠢᠨ ᠬᠡᠯᠪᠡᠷᠢ ᠪᠠᠷ | ᠳᠠᠮᠵᠢᠨ ᠡᠷᠡᠮᠵᠢᠯᠡᠭᠰᠡᠨ ᠨᠢ 9 ᠤᠳᠠᠭ᠎ᠠ᠂ 69.23% ᠶᠢ ᠡᠵᠡᠯᠡᠨ᠎ᠡ᠃ ᠡᠷᠡᠮᠵᠢᠯᠡᠯ ᠢᠶᠠᠷ ᠳᠠᠮᠵᠢᠨ ᠨᠡᠶᠢᠳᠡᠯᠡᠭᠰᠡᠨ | ᠮᠡᠳᠡᠭᠡ ᠵᠠᠩᠭᠢ ᠤᠨ ᠳᠦᠷᠦᠯ ᠵᠦᠢᠯ ᠢᠶᠠᠷ ᠨᠢ ᠠᠩᠬᠢᠯᠠᠪᠠᠯ᠂ ᠲᠠᠲᠠᠪᠤᠷᠢ ᠶᠢᠨ ᠳᠦᠷᠦᠯ ᠤᠨ ᠡᠷᠡᠮᠵᠢᠯᠡᠯ 9 ᠪᠠᠶᠢᠵᠦ᠂ | ᠠᠷᠠᠳ ᠤᠨ ᠠᠮᠢᠳᠤᠷᠠᠯ ᠤᠨ ᠳᠦᠷᠦᠯ ᠤᠨ ᠶᠠᠪᠤᠳᠠᠯ 4 ᠪᠠᠶᠢᠵᠦ᠂ ᠲᠤᠰ ᠲᠤᠰ ᠡᠷᠡᠮᠵᠢᠯᠡᠯ ᠢᠶᠠᠷ ᠳᠠᠮᠵᠢᠨ ᠨᠡᠶᠢᠳᠡᠯᠡᠬᠦ | ᠵᠠᠰᠠᠭ ᠤᠨ ᠣᠷᠲᠦᠨ ᠤ ᠮᠡᠳᠡᠭᠡ ᠵᠠᠩᠭᠢ ᠤᠨ ᠪᠦᠬᠦ ᠬᠡᠮᠵᠢᠶᠡᠨ ᠤ 69.23% ᠪᠠ 7.69% ᠶᠢ ᠡᠵᠡᠯᠡᠨ᠎ᠡ᠃ | ︵ᠬᠤᠶᠠᠷ︶ ᠡᠷᠡᠮᠵᠢᠯᠡᠯ ᠢᠶᠠᠷ ᠳᠠᠮᠵᠢᠨ ᠮᠡᠳᠡᠭᠡ ᠵᠠᠩᠭᠢ ᠢ ᠨᠡᠶᠢᠳᠡᠯᠡᠬᠦ ᠠᠵᠢᠯ ᠤᠨ ᠰᠢᠢᠳᠪᠦᠷᠢᠯᠡᠭᠰᠡᠨ | ᠪᠠᠶᠢᠳᠠᠯ᠃ 2016 ᠣᠨ ᠳᠤ᠂ ᠮᠠᠨ ᠤ ᠲᠤᠭᠤᠷᠢᠭ ᠨᠢ ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ | ᠡᠷᠡᠮᠵᠢᠯᠡᠯ ᠢ 13 ᠤᠳᠠᠭ᠎ᠠ ᠲᠤᠰᠴᠦ᠂ ᠲᠤᠰ ᠵᠢᠯ ᠳᠤ ᠪᠠᠨ ᠪᠦᠬᠦᠨ ᠢ ᠬᠠᠷᠢᠭᠤ ᠥᠭᠴᠦ ᠰᠢᠢᠳᠪᠦᠷᠢᠯᠡᠭᠰᠡᠨ | ᠪᠠᠶᠢᠨ᠎ᠠ᠃ ᠨᠢᠭᠡᠨᠳᠡ ᠬᠠᠷᠢᠭᠤᠯᠤᠭᠰᠠ ᠡᠷᠡᠮᠵᠢᠯᠡᠯ ᠤᠨ ᠳᠣᠲᠤᠷ᠎ᠠ᠂ ᠵᠠᠰᠠᠭ ᠤᠨ ᠣᠷᠲᠦᠨ ᠤ ᠮᠡᠳᠡᠭᠡ ᠵᠠᠩᠭᠢ ᠢ | ᠨᠡᠶᠢᠳᠡᠯᠡᠬᠦ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠵᠦ᠂ ︽ᠨᠡᠶᠢᠳᠡᠯᠡᠬᠦ ᠶᠢ ᠵᠦᠪᠰᠢᠶᠡᠷᠡᠭᠰᠡᠨ︾ ᠨᠢ 10 | ᠡᠷᠡᠮᠵᠢᠯᠡᠯ ᠪᠠᠶᠢᠵᠦ᠂ 76.92% ᠶᠢ ᠡᠵᠡᠯᠡᠨ᠎ᠡ᠃ ︽ᠬᠡᠰᠡᠭ ᠪᠦᠯᠦᠭ ᠢ ᠨᠡᠶᠢᠳᠡᠯᠡᠬᠦ ᠶᠢ ᠵᠦᠪᠰᠢᠶᠡᠷᠡᠭᠰᠡᠨ︾ ᠨᠢ | 2 ᠡᠷᠡᠮᠵᠢᠯᠡᠯ ᠪᠠᠶᠢᠵᠦ᠂ 15.38% ᠶᠢ ᠡᠵᠡᠯᠡᠨ᠎ᠡ᠂ ︽ᠵᠠᠰᠠᠭ ᠤᠨ ᠣᠷᠲᠦᠨ ᠤ ᠪᠣᠰᠤ ᠮᠡᠳᠡᠭᠡ ᠵᠠᠩᠭᠢ᠂ | ᠵᠠᠰᠠᠭ ᠤᠨ ᠣᠷᠲᠦᠨ ᠤ ᠮᠡᠳᠡᠭᠡ ᠵᠠᠩᠭᠢ ᠨᠢ ᠣᠷᠤᠰᠢᠬᠤ ᠦᠭᠡᠢ᠂ ᠲᠤᠰ ᠪᠠᠶᠢᠭᠤᠯᠤᠯᠭ᠎ᠠ ᠶᠢᠨ ᠵᠠᠰᠠᠭ ᠤᠨ | ᠣᠷᠲᠦᠨ ᠤ ᠮᠡᠳᠡᠭᠡ ᠵᠠᠩᠭᠢ ᠪᠢᠰᠢ︾ ᠪᠣᠯᠬᠤ ᠨᠢ 1 ᠡᠷᠡᠮᠵᠢᠯᠡᠯ ᠪᠠᠶᠢᠵᠦ᠂ 7.69% ᠶᠢ ᠡᠵᠡᠯᠡᠨ᠎ᠡ᠃ | ︵ᠭᠤᠷᠪᠠ︶ ︽ᠨᠡᠶᠢᠳᠡᠯᠡᠬᠦ ᠶᠢ ᠵᠦᠪᠰᠢᠶᠡᠷᠡᠬᠦ ᠦᠭᠡᠢ︾ ᠵᠠᠰᠠᠭ ᠤᠨ ᠣᠷᠲᠦᠨ ᠤ ᠮᠡᠳᠡᠭᠡ ᠵᠠᠩᠭᠢ ᠤᠨ | ᠪᠠᠶᠢᠳᠠᠯ᠃ ︽ᠨᠡᠶᠢᠳᠡᠯᠡᠬᠦ ᠶᠢ ᠵᠦᠪᠰᠢᠶᠡᠷᠡᠬᠦ ᠦᠭᠡᠢ︾ ᠵᠠᠰᠠᠭ ᠤᠨ ᠣᠷᠲᠦᠨ ᠤ ᠮᠡᠳᠡᠭᠡ ᠵᠠᠩᠭᠢ ᠭᠡᠳᠡᠭ ᠨᠢ | ᠭᠤᠣᠯ ᠨᠢ ︽ᠵᠠᠰᠠᠭ ᠤᠨ ᠣᠷᠲᠦᠨ ᠤ ᠮᠡᠳᠡᠭᠡ ᠵᠠᠩᠭᠢ ᠶᠢᠨ ᠨᠡᠶᠢᠳᠡᠯᠡᠬᠦ ᠳᠦᠷᠢᠮ ᠲᠣᠭᠲᠠᠭᠠᠯ︾ ᠢ | ᠶᠠᠪᠤᠭᠳᠠᠭᠤᠯᠬᠤ ᠠᠴᠠ ᠡᠮᠦᠨᠡᠬᠢ ᠵᠠᠰᠠᠭ ᠤᠨ ᠣᠷᠲᠦᠨ ᠤ ᠮᠡᠳᠡᠭᠡ ᠵᠠᠩᠭᠢ ᠢ ᠡᠷᠡᠮᠵᠢᠯᠡᠨ ᠨᠡᠶᠢᠳᠡᠯᠡᠭᠦᠯᠬᠦ ᠶᠢ ᠵᠢᠭᠠᠨ᠎ᠠ᠃ | ︽ᠨᠡᠶᠢᠳᠡᠯᠡᠬᠦ ᠶᠢ ᠵᠦᠪᠰᠢᠶᠡᠷᠡᠬᠦ ᠦᠭᠡᠢ︾ ᠶᠢᠨ ᠭᠤᠣᠯ ᠰᠢᠯᠲᠠᠭᠠᠨ ᠨᠢ᠄ ︽ᠵᠠᠰᠠᠭ ᠤᠨ ᠣᠷᠲᠦᠨ ᠤ ᠮᠡᠳᠡᠭᠡ | ᠵᠠᠩᠭᠢ ᠶᠢᠨ ᠨᠡᠶᠢᠳᠡᠯᠡᠬᠦ ᠳᠦᠷᠢᠮ ᠲᠣᠭᠲᠠᠭᠠᠯ︾ ᠨᠢ 2008 ᠣᠨ ᠤ 5 ᠰᠠᠷ᠎ᠠ ᠶᠢᠨ 1 ᠤ ᠡᠳᠦᠷ ᠠᠴᠠ | ᠬᠡᠷᠡᠭᠵᠢᠭᠦᠯᠵᠦ᠂ ᠡᠷᠡᠮᠵᠢᠯᠡᠭᠰᠡᠨ ᠬᠦᠮᠦᠨ ᠤ ᠡᠷᠡᠮᠵᠢᠯᠡᠭᠰᠡᠨ ᠠᠭᠤᠯᠭ᠎ᠠ ᠨᠢ 2006 ᠣᠨ ᠤ ᠭᠠᠵᠠᠷ ᠲᠠᠲᠠᠪᠤᠷᠢᠯᠠᠬᠤ | ᠶᠠᠪᠤᠳᠠᠯ ᠲᠠᠢ ᠬᠤᠯᠪᠤᠭᠳᠠᠭᠰᠠᠨ ᠬᠠᠮᠢᠶ᠎ᠠ ᠪᠦᠭᠦᠢ ᠮᠡᠳᠡᠭᠡ ᠵᠠᠩᠭᠢ ᠶᠢ ᠬᠠᠤᠯᠢ ᠶᠢᠨ ᠵᠠᠷᠴᠢᠮ ᠢ ᠦᠨᠳᠦᠰᠦᠯᠡᠨ ᠲᠤᠰ | ᠮᠡᠳᠡᠭᠡ ᠵᠠᠩᠭᠢ ᠢ ᠨᠡᠶᠢᠳᠡᠯᠡᠬᠦ ᠪᠠᠷ ᠡᠷᠡᠮᠵᠢᠯᠡᠵᠦ ᠪᠤᠯᠤᠨ᠎ᠠ ᠬᠡᠮᠡᠨ ᠦᠵᠡᠵᠦ᠂ ᠡᠷᠡᠮᠵᠢᠯᠡᠭᠰᠡᠨ ᠮᠡᠳᠡᠭᠡ ᠵᠠᠩᠭᠢ ᠢ | ᠨᠡᠶᠢᠳᠡᠯᠡᠵᠦ ᠪᠣᠯᠬᠤ ᠦᠭᠡᠢ᠃ | 2016 ᠣᠨ ᠳᠤ᠂ ᠮᠡᠳᠡᠭᠡ ᠵᠠᠩᠭᠢ ᠢ ᠨᠡᠶᠢᠳᠡᠯᠡᠬᠦ ᠵᠠᠰᠠᠭ ᠵᠠᠬᠢᠷᠭᠠᠨ ᠤ ᠲᠠᠬᠢᠨ ᠬᠢᠨᠠᠨ ᠵᠦᠪᠯᠡᠯᠳᠡ ᠲᠤᠬᠠᠢ | ᠡᠷᠡᠮᠵᠢᠯᠡᠯ ᠪᠠᠶᠢᠬᠤ ᠦᠭᠡᠢ᠂ ᠪᠦᠬᠦ ᠵᠢᠯ ᠳᠤ ᠨᠢᠭᠡ ᠤᠳᠠᠭ᠎ᠠ ᠮᠡᠳᠡᠭᠡ ᠵᠠᠩᠭᠢ ᠢ ᠨᠡᠶᠢᠳᠡᠯᠡᠬᠦ ᠵᠠᠰᠠᠭ ᠵᠠᠬᠢᠷᠭᠠᠨ ᠤ | ᠵᠠᠷᠭᠤ ᠡᠭᠦᠰᠴᠦ᠂ ᠲᠤᠬᠠᠶᠢᠯᠠᠪᠠᠯ᠂ ᠴᠧᠨ ᠰᠢᠤᠸᠠᠢ ᠴᠢᠤᠸᠠᠨ᠂ ᠵᠣᠣ ᠶᠢᠨ ᠤ ᠡᠷᠡᠮᠵᠢᠯᠡᠭᠰᠡᠨ 2006 ᠣᠨ ᠸᠠᠨ | ᠯᠢ ᠹᠧᠩ ᠭᠠᠯᠠᠭᠤᠨ ᠤ ᠦᠢᠯᠡᠰ ᠤᠨ ᠬᠢᠵᠠᠭᠠᠷᠲᠣ ᠺᠣᠮᠫᠠᠨᠢ ᠬᠢᠭᠡᠳ ᠳᠠᠩ ᠫᠦ᠋ ᠳ᠋ᠠᠢ ᠮᠠᠨᠵᠦ ᠦᠨᠳᠦᠰᠦᠳᠡᠨ ᠤ | ᠰᠢᠶᠠᠩ ᠤᠨ ᠳ᠋ᠠ ᠰᠢᠩ ᠯᠥᠩ ᠲᠤᠰᠬᠤᠨ ᠤ ᠵᠦᠪᠯᠡᠯ ᠤᠨ ᠭᠠᠵᠠᠷ ᠲᠦᠷᠢᠶᠡᠰᠦᠯᠡᠬᠦ ᠨᠦᠬᠦᠪᠦᠷᠢ ᠮᠥᠩᠭᠦ ᠲᠤᠬᠠᠢ | ᠬᠡᠷᠡᠭ ᠪᠣᠯᠣᠨ᠎ᠠ᠂ ᠰᠢᠭᠦᠬᠦ ᠬᠤᠷᠢᠶᠠᠨ ᠤ ᠲᠠᠰᠤᠯᠠᠯᠲᠠ ᠶᠢ ᠦᠨᠳᠦᠰᠦᠯᠡᠵᠦ ᠬᠠᠮᠢᠶ᠎ᠠ ᠪᠦᠭᠦᠢ ᠮᠡᠳᠡᠭᠡ ᠵᠠᠩᠭᠢ ᠢ | ᠡᠷᠡᠮᠵᠢᠯᠡᠭᠰᠡᠨ ᠬᠦᠮᠦᠨ ᠳᠤ ᠨᠢᠭᠡᠨᠳᠡ ᠨᠡᠶᠢᠳᠡᠯᠡᠵᠠᠢ᠃ | ᠪᠦᠬᠦ ᠵᠢᠯ ᠤᠨ ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠠᠵᠢᠯ ᠤᠨ ᠲᠤᠬᠠᠢ ᠭᠤᠮᠤᠳᠠᠯ | ᠲᠣᠭᠠᠴᠠᠭᠰᠠᠨ ᠪᠠᠶᠢᠳᠠᠯ ᠦᠭᠡᠢ ᠪᠠᠶᠢᠵᠦ᠂ ᠡᠷᠡᠮᠵᠢᠯᠡᠭᠰᠡᠨ ᠡᠳᠡᠭᠡᠳ ᠠᠴᠠ ᠶᠠᠮᠠᠷᠴᠦ ᠵᠠᠷᠤᠳᠠᠯ ᠬᠤᠷᠢᠶᠠᠭᠰᠠᠨ ᠦᠭᠡᠢ᠃ | | ᠲᠦᠷᠪᠡ᠂ ᠣᠷᠤᠰᠢᠵᠦ ᠪᠠᠶᠢᠭ᠎ᠠ ᠭᠤᠣᠯ ᠠᠰᠠᠭᠤᠳᠠᠯ ᠪᠠ ᠵᠠᠰᠠᠨ ᠰᠠᠶᠢᠵᠢᠷᠠᠭᠤᠯᠬᠤ ᠠᠷᠭ᠎ᠠ ᠠᠪᠴᠠᠯ | ︵ᠨᠢᠭᠡ︶ ᠣᠷᠤᠰᠢᠵᠦ ᠪᠠᠶᠢᠭ᠎ᠠ ᠠᠰᠠᠭᠤᠳᠠᠯ | 1᠂ ᠡᠷᠡᠮᠵᠢᠯᠡᠯ ᠢᠶᠠᠷ ᠳᠠᠮᠵᠢᠨ ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠠᠵᠢᠯ ᠤᠨ | ᠲᠠᠨᠢᠯᠲᠠ ᠶᠢᠨ ᠲᠠᠯ᠎ᠠ ᠪᠠᠷ ᠮᠦᠨ ᠳᠡᠭᠡᠭᠰᠢᠯᠡᠭᠦᠯᠬᠦ ᠴᠢᠬᠤᠯᠲᠠᠢ ᠪᠠᠶᠢᠨ᠎ᠠ᠃ ᠵᠠᠷᠢᠮ ᠪᠠᠶᠢᠭᠤᠯᠤᠯᠭ᠎ᠠ ᠨᠢ ᠲᠤᠰ | ᠠᠵᠢᠯ ᠤᠨ ᠬᠦᠨᠳᠦ ᠴᠢᠬᠤᠯᠠ ᠴᠢᠨᠠᠷ ᠤᠨ ᠲᠠᠯ᠎ᠠ ᠶᠢᠨ ᠲᠠᠨᠢᠯᠲᠠ ᠮᠦᠨ ᠲᠤᠲᠠᠮᠠᠭ ᠪᠠᠶᠢᠵᠦ᠂ ᠮᠡᠳᠡᠭᠡ ᠵᠠᠩᠭᠢ ᠢ | ᠨᠡᠶᠢᠳᠡᠯᠡᠬᠦ ᠳᠤ ᠨᠢᠭᠤᠵᠤ ᠬᠠᠪᠴᠢᠬᠤ᠂ ᠨᠡᠶᠢᠳᠡᠯᠡᠬᠦ ᠪᠠ ᠬᠠᠷᠢᠭᠤ ᠥᠭᠬᠦ ᠶᠢ ᠬᠤᠶᠢᠰᠢᠯᠠᠭᠤᠯᠬᠤ ᠵᠡᠷᠭᠡ ᠦᠵᠡᠭᠳᠡᠯ | ᠮᠦᠨ ᠣᠷᠤᠰᠢᠵᠦ ᠪᠠᠶᠢᠨ᠎ᠠ᠃ | 2᠂ ᠵᠠᠰᠠᠭ ᠤᠨ ᠣᠷᠲᠦᠨ ᠤ ᠮᠡᠳᠡᠭᠡ ᠵᠠᠩᠭᠢ ᠨᠡᠶᠢᠳᠡᠯᠡᠬᠦ ᠡᠩᠨᠡᠭᠡ ᠶᠢᠨ ᠪᠦᠳᠦᠭᠡᠨ ᠪᠠᠶᠢᠭᠤᠯᠤᠯᠲᠠ ᠶᠢ ᠨᠡᠩ | ᠴᠢᠨᠠᠭᠰᠢᠲᠠ ᠴᠢᠩᠭᠠᠳᠬᠠᠬᠤ ᠴᠢᠬᠤᠯᠲᠠᠢ᠃ ᠪᠦᠬᠦ ᠲᠤᠭᠤᠷᠢᠭ ᠤᠨ ᠬᠡᠰᠡᠭ ᠪᠠᠶᠢᠭᠤᠯᠤᠯᠭ᠎ᠠ ᠶᠢᠨ ᠵᠠᠰᠠᠭ ᠤᠨ | ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠠᠵᠢᠯᠲᠠᠨ ᠨᠢ ᠮᠦᠨ ᠲᠤᠰᠢᠶᠠᠯ ᠬᠠᠪᠰᠤᠷᠭᠠᠭᠰᠠᠨ ᠠᠵᠢᠯᠲᠠᠨ ᠪᠠᠶᠢᠵᠦ᠂ | ᠦᠷᠭᠦᠯᠵᠢ ᠬᠦᠮᠦᠨ ᠰᠣᠯᠢᠭᠳᠠᠵᠤ᠂ ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠠᠵᠢᠯ ᠢ ᠥᠷᠨᠢᠭᠦᠯᠬᠦ ᠳᠤ | ᠠᠰᠢᠭ ᠦᠭᠡᠢ᠃ | ︵ᠬᠤᠶᠠᠷ︶ ᠵᠠᠰᠠᠨ ᠰᠠᠶᠢᠵᠢᠷᠠᠭᠤᠯᠬᠤ ᠠᠷᠭ᠎ᠠ ᠠᠪᠴᠠᠯ | 1᠂ ᠬᠢᠨᠠᠨ ᠭᠦᠢᠴᠡᠳᠬᠡᠬᠦ ᠶᠢ ᠴᠢᠩᠭᠠᠳᠬᠠᠨ᠎ᠠ᠃ ᠬᠢᠨᠠᠨ ᠭᠦᠢᠴᠡᠳᠬᠡᠬᠦ ᠶᠢ ᠴᠢᠩᠭᠠᠳᠬᠠᠬᠤ ᠪᠠᠷ ᠳᠠᠮᠵᠢᠨ᠂ | ᠡᠯ᠎ᠡ ᠳᠡᠰ ᠤᠨ ᠡᠯ᠎ᠡ ᠰᠠᠯᠠᠭ᠎ᠠ ᠮᠦᠴᠢᠷ ᠨᠢ ᠵᠠᠰᠠᠭ ᠤᠨ ᠣᠷᠲᠦᠨ ᠤ ᠮᠡᠳᠡᠭᠡ ᠵᠠᠩᠭᠢ ᠶᠢ ᠨᠡᠶᠢᠳᠡᠯᠡᠬᠦ ᠠᠵᠢᠯ ᠢ ᠨᠡᠩ | ᠬᠦᠨᠳᠦᠳᠬᠡᠨ ᠦᠵᠡᠬᠦ ᠪᠣᠯᠭᠠᠵᠦ᠂ ᠨᠡᠶᠢᠳᠡᠯᠡᠬᠦ ᠠᠵᠢᠯ ᠤᠨ ᠠᠯᠬᠤᠮ ᠪᠦᠷᠢ ᠶᠢ ᠨᠠᠷᠢᠨ ᠬᠢᠨᠠᠮᠠᠭᠠᠢ ᠠᠳᠬᠤᠵᠤ᠂ | ᠢᠳᠡᠪᠬᠢᠲᠠᠢ ᠬᠦᠲᠡᠯᠦᠩᠭᠦᠢ ᠪᠠᠷ ᠡᠯ᠎ᠡ ᠵᠦᠢᠯ ᠤᠨ ᠠᠵᠢᠯ ᠢ ᠲᠦᠯᠬᠢᠨ ᠠᠬᠢᠭᠤᠯᠵᠤ᠂ ᠦᠢᠯᠡᠴᠢᠯᠡᠯᠭᠡ ᠶᠢ ᠤᠯᠠᠮ | ᠴᠢᠨᠠᠭᠰᠢᠲᠠ ᠰᠢᠯᠢᠳᠡᠭᠵᠢᠭᠦᠯᠵᠦ᠂ ᠬᠢᠨᠠᠨ ᠭᠦᠢᠴᠡᠳᠬᠡᠬᠦ ᠶᠢ ᠤᠯᠠᠮ ᠴᠢᠨᠠᠭᠰᠢᠲᠠ ᠴᠢᠩᠭᠠᠳᠬᠠᠬᠤ᠂ ᠠᠵᠢᠯ ᠤᠨ | ᠬᠤᠷᠳᠤᠴᠠ ᠶᠢ ᠤᠯᠠᠮ ᠲᠦᠷᠭᠡᠳᠬᠡᠬᠦ ᠶᠢ ᠪᠡᠶᠡᠯᠡᠭᠦᠯᠬᠦ ᠬᠡᠷᠡᠭᠲᠡᠢ᠃ | 2᠂ ᠪᠠᠶᠢᠭᠤᠯᠤᠮᠵᠢ ᠪᠠᠨ ᠳᠡᠭᠦᠯᠳᠡᠷᠵᠢᠭᠦᠯᠦᠨ᠎ᠡ᠃ ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ | ᠤᠳᠤᠷᠢᠲᠤᠮᠵᠢ ᠶᠢ ᠨᠡᠶᠢᠳᠡᠯᠡᠵᠦ᠂ ᠡᠯ᠎ᠡ ᠪᠠᠶᠢᠭᠤᠯᠤᠯᠭ᠎ᠠ ᠶᠢ ᠱᠠᠭᠠᠷᠳᠠᠨ᠂ ᠪᠠᠶᠢᠭᠤᠯᠤᠮᠵᠢ ᠪᠠᠨ ᠳᠡᠭᠦᠯᠳᠡᠷᠵᠢᠭᠦᠯᠵᠦ᠂ | ᠡᠩᠨᠡᠭᠡ ᠪᠠᠨ ᠰᠢᠯᠢᠳᠡᠭᠵᠢᠭᠦᠯᠦᠨ᠂ ᠪᠣᠯᠪᠠᠰᠤᠷᠠᠯ ᠢᠶᠠᠨ ᠴᠢᠩᠭᠠᠳᠬᠠᠵᠦ᠂ ᠵᠠᠰᠠᠭ ᠤᠨ ᠣᠷᠲᠦᠨ ᠤ ᠮᠡᠳᠡᠭᠡ ᠵᠠᠩᠭᠢ ᠢ | ᠨᠡᠶᠢᠳᠡᠯᠡᠬᠦ ᠴᠠᠭ ᠤᠨ ᠬᠢᠵᠠᠭᠠᠷᠯᠠᠯ᠂ ᠬᠡᠯᠪᠡᠷᠢ᠂ ᠠᠭᠤᠯᠭ᠎ᠠ᠂ ᠶᠠᠪᠤᠴᠠ ᠪᠠ ᠠᠵᠢᠯᠯᠠᠭᠠᠨ ᠤ ᠳᠦᠷᠢᠮ ᠢ ᠤᠯᠠᠮ ᠨᠢᠭᠡ | ᠠᠯᠬᠤᠮ ᠳᠦᠷᠢᠮᠵᠢᠭᠦᠯᠦᠨ᠂ ᠡᠭᠦᠨ ᠤ ᠬᠠᠮᠳᠤ ᠮᠡᠳᠡᠭᠡ ᠵᠠᠩᠭᠢ ᠢ ᠨᠡᠶᠢᠳᠡᠯᠡᠬᠦ ᠰᠢᠨ᠎ᠡ ᠠᠷᠭ᠎ᠠ ᠵᠠᠮ ᠢ ᠰᠦᠪᠡᠭᠴᠢᠯᠡᠨ᠂ | ᠪᠦᠷᠭᠡ᠂ ᠸᠡᠶᠢᠴᠠᠲ ᠵᠡᠷᠭᠡ ᠠᠷᠭ᠎ᠠ ᠬᠡᠯᠪᠡᠷᠢ ᠶᠢ ᠲᠤᠷᠰᠢᠨ ᠬᠡᠷᠡᠭᠯᠡᠵᠦ᠂ ᠵᠠᠰᠠᠭ ᠤᠨ ᠣᠷᠲᠦᠨ ᠢ ᠡᠯ᠎ᠡ ᠵᠦᠢᠯ ᠤᠨ | ᠮᠡᠳᠡᠭᠡ ᠵᠠᠩᠭᠢ ᠢ ᠰᠠᠨᠠᠭᠠᠴᠢᠯᠠᠯᠭᠠ ᠠᠴᠠ ᠨᠡᠶᠢᠳᠡᠯᠡᠨ᠎ᠡ᠃ | 3᠂ ᠤᠬᠠᠭᠤᠯᠤᠯᠭᠠ ᠪᠠᠨ ᠥᠷᠭᠡᠳᠬᠡᠨ᠎ᠡ᠃ ︽ᠵᠠᠰᠠᠭ ᠤᠨ ᠣᠷᠲᠦᠨ ᠤ ᠮᠡᠳᠡᠭᠡ ᠵᠠᠩᠬᠢ ᠶᠢ ᠨᠡᠶᠢᠳᠡᠯᠡᠬᠦ | ᠳᠦᠷᠢᠮ ᠳᠣᠭᠲᠠᠭᠠᠯ︾ ᠪᠠ ︽ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠵᠠᠰᠠᠭ ᠤᠨ ᠣᠷᠲᠦᠨ ᠤ | ᠮᠡᠳᠡᠭᠡ ᠵᠠᠩᠭᠢ ᠢ ᠡᠷᠡᠮᠵᠢᠯᠡᠯ ᠢᠶᠠᠷ ᠳᠠᠮᠵᠢᠨ ᠨᠡᠶᠢᠳᠡᠯᠡᠬᠦ ᠠᠷᠭ᠎ᠠ︾ ᠵᠡᠷᠭᠡ ᠬᠠᠤᠯᠢ ᠳᠦᠷᠢᠮ ᠶᠢ ᠶᠡᠭᠡ ᠪᠠᠷ | ᠤᠬᠠᠭᠤᠯᠤᠨ᠂ ᠠᠵᠢᠯ ᠤᠨ ᠦᠷ᠎ᠡ ᠪᠦᠲᠦᠮᠵᠢ ᠨᠡᠯᠢᠶᠡᠳ ᠰᠠᠶᠢᠨ ᠪᠠᠶᠢᠭᠤᠯᠤᠯᠭ᠎ᠠ ᠳᠤ ᠤᠬᠠᠭᠤᠯᠤᠯᠭᠠ ᠬᠢᠵᠦ᠂ | ᠵᠢᠱᠢᠶ᠎ᠡ ᠦᠵᠡᠭᠦᠯᠬᠦ ᠦᠢᠯᠡᠳᠦᠯ ᠢ ᠨᠢ ᠪᠠᠳᠠᠷᠠᠭᠤᠯᠤᠨ᠂ ᠡᠯ᠎ᠡ ᠪᠠᠶᠢᠭᠤᠯᠤᠯᠭ᠎ᠠ ᠶᠢᠨ ᠤᠳᠤᠷᠢᠳᠤᠯᠭ᠎ᠠ ᠶᠢ ᠬᠦᠳᠦᠯᠦᠨ | ᠲᠤᠰ ᠠᠵᠢᠯ ᠢ ᠬᠦᠨᠳᠦᠳᠬᠡᠨ ᠦᠵᠡᠵᠦ᠂ ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠠᠵᠢᠯ ᠤᠨ | ᠤᠷᠤᠭᠰᠢᠲᠠᠢ ᠶᠠᠪᠤᠭᠳᠠᠬᠤ ᠶᠢ ᠠᠬᠢᠭᠤᠯᠤᠨ᠎ᠠ᠃ | | |