ᠤᠯᠠᠭᠠᠨᠬᠠᠳᠠ ᠬᠤᠲᠠ ᠶᠢᠨ ᠰᠥᠩ ᠱᠠᠨ ᠲᠣᠭᠤᠷᠢᠭ ᠤᠨ 2017 ᠣᠨ ᠤ ᠰᠢᠯᠵᠢᠭᠦᠯᠦᠨ ᠲᠦᠯᠦᠬᠦ᠂ᠵᠠᠰᠠᠭ ᠤᠨ ᠣᠷᠲᠦᠨ ᠤ ᠴᠢᠨᠠᠷᠲᠠᠢ ᠰᠠᠭᠤᠷᠢ ᠮᠥᠩᠭᠦ᠂ ᠭᠤᠷᠪᠠᠨ ᠠᠯᠪᠠᠨ ᠤ ᠵᠠᠷᠤᠳᠠᠯ᠂ ᠵᠠᠰᠠᠭ ᠤᠨ ᠤᠷᠲᠦᠨ ᠤ ᠴᠢᠨᠠᠷᠲᠠᠢ ᠥᠷᠢ ᠥᠭᠴᠡᠭᠡ᠂ ᠤᠯᠤᠰ ᠤᠨ ᠬᠦᠷᠦᠩᠭᠡ ᠶᠢᠨ ᠡᠵᠡᠩᠨᠡᠯᠲᠡ ᠵᠢᠴᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠤᠯᠭ᠎ᠠ ᠵᠠᠷᠤᠯᠭ᠎ᠠ ᠶᠢᠨ ᠲᠦᠰᠦᠪ ᠵᠡᠷᠭᠡ ᠪᠠᠶᠢᠳᠠᠯ ᠤᠨ ᠲᠤᠬᠠᠢ ᠲᠣᠲᠤᠷᠬᠠᠶᠢᠯᠠᠯᠲᠠ
ᠨᠡᠶᠢᠲᠡᠯᠡᠭᠰᠡᠨ ᠴᠠᠭ᠄
2017/8/3
              ᠨᠢᠭᠡ᠂ 2017 ᠣᠨ ᠤ ᠳᠡᠭᠡᠳᠦ ᠱᠠᠲᠤ ᠶᠢᠨ ᠪᠣᠴᠠᠭᠠᠬᠤ ᠵᠢᠴᠢ ᠰᠢᠯᠵᠢᠭᠦᠯᠦᠨ ᠲᠦᠯᠦᠬᠦ ᠪᠡᠯᠡ ᠮᠥᠩᠭᠦ ᠤᠨ ᠪᠠᠶᠢᠳᠠᠯ             2017 ᠣᠨ ᠤ ᠳᠡᠭᠡᠳᠦ ᠱᠠᠳᠤᠨ ᠤ ᠰᠢᠯᠵᠢᠭᠦᠯᠦᠨ ᠲᠦᠯᠦᠬᠦ ᠵᠢᠴᠢ ᠭᠠᠶᠢᠯᠢ ᠲᠠᠲᠠᠪᠤᠷᠢ ᠶᠢᠨ ᠪᠣᠴᠠᠭᠠᠯᠲᠠ ᠶᠢᠨ ᠤᠷᠢᠳᠴᠢᠯᠠᠨ ᠮᠡᠳᠡᠭᠳᠡᠬᠦ ᠪᠡᠯᠡ ᠮᠥᠩᠭᠦ ᠨᠢ ᠨᠡᠶᠢᠲᠡ 167169 ᠲᠦᠮᠡᠨ ᠲᠦᠭᠦᠷᠢᠭ ᠲᠤ ᠪᠠᠶᠢᠵᠦ᠂ ᠡᠭᠦᠨ ᠳᠤ ᠪᠣᠴᠠᠭᠠᠯᠲᠠ ᠶᠢᠨ ᠴᠢᠨᠠᠷᠲᠠᠢ ᠣᠷᠤᠯᠭ᠎ᠠ ᠨᠢ 12302 ᠲᠦᠮᠡᠨ ᠲᠦᠭᠦᠷᠢᠭ᠂ ᠲᠣᠬᠢᠷᠠᠭᠤᠯᠤᠭᠰᠠᠨ ᠵᠠᠷᠤᠯᠭ᠎ᠠ ᠨᠢ 12302 ᠲᠦᠮᠡᠨ ᠲᠦᠭᠦᠷᠢᠭ ᠪᠤᠯᠤᠨ᠎ᠠ᠃ ᠡᠩ ᠤᠨ ᠴᠢᠨᠠᠷᠲᠠᠢ ᠰᠢᠯᠵᠢᠭᠦᠯᠦᠨ ᠲᠦᠯᠦᠬᠦ ᠣᠷᠤᠯᠭ᠎ᠠ ᠨᠢ 133090 ᠲᠦᠮᠡᠨ ᠲᠦᠭᠦᠷᠢᠭ ᠪᠠᠶᠢᠵᠤ᠂ ᠲᠣᠬᠢᠷᠠᠭᠤᠯᠤᠭᠰᠠᠨ ᠵᠠᠷᠤᠯᠭ᠎ᠠ ᠨᠢ 133090 ᠲᠦᠮᠡᠨ ᠲᠦᠭᠦᠷᠢᠭ ᠪᠤᠯᠣᠨ᠎ᠠ᠃ ᠲᠤᠰᠬᠠᠢ ᠲᠦᠷᠦᠯ ᠤᠨ ᠰᠢᠯᠵᠢᠭᠦᠯᠦᠨ ᠲᠦᠯᠦᠬᠦ ᠣᠷᠤᠯᠭ᠎ᠠ ᠨᠢ 21777 ᠲᠦᠮᠡᠨ ᠲᠦᠭᠦᠷᠢᠭ ᠪᠠᠶᠢᠵᠤ᠂ ᠲᠣᠬᠢᠷᠠᠭᠤᠯᠤᠭᠰᠠᠨ ᠵᠠᠷᠤᠯᠭ᠎ᠠ ᠨᠢ 21777 ᠲᠦᠮᠡᠨ ᠲᠦᠭᠦᠷᠢᠭ ᠪᠣᠯᠤᠨ᠎ᠠ᠃              ᠬᠤᠶᠠᠷ᠂ 2017 ᠣᠨ ᠤ ᠵᠠᠰᠠᠭ ᠤᠨ ᠣᠷᠲᠦᠨ ᠤ ᠴᠢᠨᠠᠷᠲᠠᠢ ᠰᠠᠭᠤᠷᠢ ᠮᠥᠩᠭᠦ ᠶᠢᠨ ᠲᠦᠰᠦᠪ ᠤᠨ ᠪᠠᠶᠢᠳᠠᠯᠵᠠᠰᠠᠭ ᠤᠨ ᠣᠷᠲᠦᠨ ᠤ ᠴᠢᠨᠠᠷᠲᠠᠢ ᠰᠠᠭᠤᠷᠢ ᠮᠥᠩᠭᠦ ᠶᠢ 136856 ᠲᠦᠮᠡᠨ ᠲᠦᠭᠦᠷᠢᠭ ᠢᠶᠠᠷ ᠲᠣᠬᠢᠷᠠᠭᠤᠯᠵᠤ᠂ ᠡᠭᠦᠨ ᠳᠤ᠂ ᠲᠤᠰ ᠵᠢᠯ ᠤᠨ ᠣᠷᠤᠯᠭ᠎ᠠ ᠨᠢ 60330 ᠲᠦᠮᠡᠨ ᠲᠦᠭᠦᠷᠢᠭ᠂ ᠤᠷᠢᠳᠴᠢᠯᠠᠨ ᠪᠠᠭᠤᠯᠭᠠᠬᠤ ᠰᠢᠯᠵᠢᠭᠦᠯᠦᠨ ᠲᠦᠯᠦᠬᠦ ᠲᠤᠰᠬᠠᠢ ᠳᠦᠷᠦᠯ ᠤᠨ ᠵᠢᠭᠠᠯᠲᠠ ᠨᠢ 1568 ᠲᠦᠮᠡᠨ ᠳᠦᠭᠦᠷᠢᠭ ᠪᠠᠶᠢᠵᠦ᠂ ᠳᠡᠭᠡᠷ᠎ᠡ ᠵᠢᠯ ᠤᠨ ᠦᠯᠡᠳᠡᠭᠰᠡᠨ ᠨᠢ 74958 ᠲᠦᠮᠡᠨ ᠳᠦᠭᠦᠷᠢᠭ ᠪᠣᠯᠤᠨ᠎ᠠ᠃ᠭᠤᠷᠪᠠ᠂ 2017 ᠣᠨ ᠤ ᠡᠳ᠋ ᠤᠨ ᠵᠠᠰᠠᠭ ᠠᠴᠠ ᠭᠠᠷᠭᠠᠭᠰᠠᠨ ︽ᠭᠤᠷᠪᠠᠨ ᠠᠯᠪᠠᠨ︾ ᠤ ᠵᠠᠷᠤᠳᠠᠯ ᠤᠨ ᠲᠣᠬᠢᠷᠠᠭᠤᠯᠤᠯᠲᠠ ᠶᠢᠨ ᠪᠠᠶᠢᠳᠠᠯ              2017 ᠣᠨ ᠤ ︽ᠭᠤᠷᠪᠠᠨ ᠠᠯᠪᠠᠨ︾ ᠵᠠᠷᠤᠳᠠᠯ ᠢ 2466 ᠲᠦᠮᠡᠨ ᠳᠦᠭᠦᠷᠢᠭ ᠢᠶᠠᠷ ᠲᠣᠬᠢᠷᠠᠭᠤᠯᠬᠤ ᠪᠠᠷ ᠳᠦᠯᠦᠪᠯᠡᠵᠦ᠂ ᠠᠳᠠᠯᠢ ᠬᠤᠭᠤᠴᠠᠭᠠᠨ ᠤ ᠠᠴᠠ ᠪᠠᠨ 7 ᠲᠦᠮᠡᠨ ᠳᠦᠭᠦᠷᠢᠭ ᠬᠠᠰᠤᠭᠳᠠᠪᠠ᠂ ᠡᠭᠦᠨ ᠳᠤ᠂ ᠠᠯᠪᠠ ᠬᠡᠷᠡᠭ ᠢᠶᠠᠷ ᠭᠠᠳᠠᠭᠠᠳᠤ ᠳᠤ ᠭᠠᠷᠬᠤ ︵ᠬᠢᠯᠢ ᠭᠠᠷᠬᠤ︶ ᠵᠠᠷᠤᠳᠠᠯ ᠢ ᠲᠤᠬᠢᠷᠠᠭᠤᠯᠤᠭᠰᠠᠨ ᠦᠭᠡᠢ ᠂ ᠠᠯᠪᠠᠨ ᠶᠣᠰᠤᠨ ᠤ ᠳᠠᠶᠢᠯᠠᠯᠭ᠎ᠠ ᠶᠢᠨ ᠵᠠᠷᠤᠳᠠᠯ ᠶᠢ 400 ᠲᠦᠮᠡᠨ ᠳᠦᠭᠦᠷᠢᠭ ᠪᠠᠷ ᠲᠣᠬᠢᠷᠠᠭᠤᠯᠵᠤ᠂ ᠠᠳᠠᠯᠢ ᠬᠤᠭᠤᠴᠠᠭᠠᠨ ᠤ ᠬᠢ ᠲᠠᠢ ᠪᠠᠨ ᠠᠳᠠᠯᠢᠬᠠᠨ᠃ ᠠᠯᠪᠠᠨ ᠤ ᠲᠡᠷᠭᠡ ᠬᠤᠳᠠᠯᠳᠤᠨ ᠠᠪᠬᠤ ᠵᠢᠴᠢ ᠶᠠᠪᠤᠵᠤ ᠰᠠᠭᠤᠬᠤ ᠵᠠᠷᠤᠳᠠᠯ ᠢ 2066 ᠲᠦᠮᠡᠨ ᠳᠦᠭᠦᠷᠢᠭ ᠢᠶᠠᠷ ᠲᠣᠬᠢᠷᠠᠭᠤᠯᠵᠤ ︵ᠠᠯᠪᠠᠨ ᠤ ᠲᠡᠷᠭᠡ ᠶᠢᠨ ᠵᠠᠰᠠᠵᠤ ᠰᠡᠯᠪᠢᠬᠦ ᠵᠠᠷᠤᠳᠠᠯ 1929 ᠲᠦᠮᠡᠨ ᠳᠦᠭᠦᠷᠢᠭ ᠵᠢᠴᠢ ᠠᠯᠪᠠᠨ ᠤ ᠲᠡᠷᠭᠡ ᠬᠤᠳᠠᠯᠳᠤᠨ ᠠᠪᠬᠤ ᠵᠠᠷᠤᠳᠠᠯ 137 ᠲᠦᠮᠡᠨ ᠳᠦᠭᠦᠷᠢᠭ ᠢ ᠪᠠᠭᠲᠠᠭᠠᠨ᠎ᠠ︶᠃      ᠲᠦᠷᠪᠡ᠂ 2017 ᠣᠨ ᠤ ᠵᠢᠯ ᠤᠨ ᠡᠬᠢᠨ ᠤ ᠵᠠᠰᠠᠭ ᠤᠨ ᠤᠷᠲᠦᠨ ᠤ ᠴᠢᠨᠠᠷᠲᠠᠢ ᠥᠷᠢ ᠥᠭᠴᠡᠭᠡ ᠶᠢᠨ ᠪᠠᠶᠢᠳᠠᠯ          2017 ᠣᠨ ᠤ ᠵᠢᠯ ᠤᠨ ᠡᠬᠢᠨ ᠪᠣᠯᠲᠠᠯ᠎ᠠ᠂ ᠰᠥᠩ ᠱᠠᠨ ᠲᠤᠭᠤᠷᠢᠭ ᠤᠨ ᠡᠩ ᠤᠨ ᠥᠷᠢ ᠥᠭᠴᠡᠭᠡ ᠤᠨ ᠬᠢᠵᠠᠭᠠᠷᠯᠠᠭᠰᠠᠨ ᠬᠡᠮᠵᠢᠶ᠎ᠡ ᠨᠢ 122000 ᠲᠦᠮᠡᠨ ᠳᠦᠭᠦᠷᠢᠭ ᠪᠠᠶᠢᠵᠦ᠂ ᠡᠩ ᠤᠨ ᠥᠷᠢ ᠥᠭᠴᠡᠭᠡ ᠤᠨ ᠦᠯᠡᠳᠡᠪᠦᠷᠢ ᠮᠥᠩᠭᠦ ᠨᠢ 111900 ᠲᠦᠮᠡᠨ ᠳᠦᠭᠦᠷᠢᠭ ᠪᠣᠯᠣᠨ᠎ᠠ᠃ ᠲᠤᠰᠬᠠᠢ ᠲᠦᠷᠦᠯ ᠤᠨ ᠥᠷᠢ ᠥᠭᠴᠡᠭᠡ ᠤᠨ ᠬᠢᠵᠠᠭᠠᠷᠯᠠᠭᠰᠠᠨ ᠬᠡᠮᠵᠢᠶ᠎ᠡ ᠨᠢ 103500 ᠲᠦᠮᠡᠨ ᠲᠦᠭᠦᠷᠢᠭ ᠪᠠᠶᠢᠵᠦ᠂ ᠲᠤᠰᠬᠠᠢ ᠲᠦᠷᠦᠯ ᠤᠨ ᠥᠷᠢ ᠥᠭᠴᠡᠭᠡ ᠤᠨ ᠦᠯᠡᠳᠡᠪᠦᠷᠢ ᠮᠥᠩᠭᠦ ᠨᠢ 102500 ᠲᠦᠮᠡᠨ ᠳᠦᠭᠦᠷᠢᠭ ᠪᠣᠯᠣᠨ᠎ᠠ᠃ ᠪᠦᠬᠦ ᠲᠣᠭᠤᠷᠢᠭ ᠤᠨ ᠥᠷᠢ ᠥᠭᠴᠡᠭᠡ ᠤᠨ ᠦᠯᠡᠳᠡᠪᠦᠷᠢ ᠮᠥᠩᠭᠦ ᠨᠢ ᠥᠷᠢ ᠥᠭᠴᠡᠭᠡ ᠤᠨ ᠬᠢᠵᠠᠭᠠᠷᠯᠠᠯ ᠲᠣᠳᠤᠷ᠎ᠠ ᠪᠤᠢ᠃             ᠲᠠᠪᠤ᠂ 2017 ᠣᠨ ᠤ ᠤᠯᠤᠰ ᠤᠨ ᠬᠦᠷᠦᠩᠭᠡ ᠶᠢᠨ ᠡᠵᠡᠩᠨᠡᠯᠲᠡ ᠶᠢᠨ ᠲᠦᠰᠦᠪ ᠶᠢᠨ ᠣᠷᠤᠯᠭ᠎ᠠ ᠵᠠᠷᠤᠯᠭ᠎ᠠ ᠶᠢᠨ ᠪᠠᠶᠢᠳᠠᠯ                  ᠪᠦᠬᠦ ᠲᠣᠭᠤᠷᠢᠭ ᠤᠨ ᠤᠯᠤᠰ ᠤᠨ ᠬᠦᠷᠦᠩᠭᠡ ᠶᠢᠨ ᠡᠵᠡᠩᠨᠡᠯᠲᠡ ᠶᠢᠨ ᠲᠦᠰᠦᠪ ᠶᠢᠨ ᠣᠷᠤᠯᠭ᠎ᠠ ᠶᠢ 165 ᠲᠦᠮᠡᠨ ᠳᠦᠭᠦᠷᠢᠭ ᠢᠶᠠᠷ ᠳᠦᠯᠦᠪᠯᠡᠵᠦ᠂ ᠲᠣᠭᠤᠷᠢᠭ ᠤᠨ ᠲᠤᠰ ᠱᠠᠲᠤᠨ ᠤ ᠤᠯᠤᠰ ᠤᠨ ᠬᠦᠷᠦᠩᠭᠡ ᠶᠢᠨ ᠡᠵᠡᠩᠨᠡᠯᠲᠡ ᠶᠢᠨ ᠲᠦᠰᠦᠪ ᠶᠢᠨ ᠣᠷᠤᠯᠭ᠎ᠠ ᠶᠢ ᠵᠦᠢ ᠵᠣᠬᠢᠰᠲᠠᠢ ᠢᠶᠠᠷ ᠲᠣᠬᠢᠷᠠᠭᠤᠯᠤᠨ ᠵᠠᠷᠤᠴᠠᠭᠤᠯᠤᠨ᠎ᠠ᠃               ᠵᠢᠷᠭᠤᠭ᠎ᠠ᠂ 2017 ᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠦᠰᠦᠪ ᠶᠢᠨ ᠪᠠᠶᠢᠳᠠᠯ       ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠤᠯᠭ᠎ᠠ ᠨᠢ 53401 ᠲᠦᠮᠡᠨ ᠳᠦᠭᠦᠷᠢᠭ ᠪᠠᠶᠢᠵᠤ᠂ ᠳᠡᠭᠡᠷ᠎ᠡ ᠵᠢᠯ ᠤᠨ ᠠᠴᠠ 6127 ᠲᠦᠮᠡᠨ ᠳᠦᠭᠦᠷᠢᠭ ᠨᠡᠮᠡᠭᠳᠡᠨ᠂ 13.0% ᠢᠶᠠᠷ ᠨᠡᠮᠡᠭᠳᠡᠪᠡ᠃ ᠡᠭᠦᠨ ᠳᠤ᠂ ᠬᠤᠲᠠ ᠪᠠᠯᠭᠠᠰᠤ ᠶᠢᠨ ᠠᠵᠢᠯᠲᠠᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠤᠷᠣᠯᠭ᠎ᠠ ᠨᠢ 14822 ᠲᠦᠮᠡᠨ ᠳᠦᠭᠦᠷᠢᠭ᠂ ᠲᠦᠷᠦᠵᠦ ᠦᠷᠡᠵᠢᠬᠦ ᠳᠠᠭᠠᠳᠬᠠᠯ ᠤᠨ ᠰᠠᠭᠤᠷᠢ ᠮᠥᠩᠭᠦ ᠶᠢᠨ ᠣᠷᠤᠯᠭ᠎ᠠ ᠨᠢ 545 ᠲᠦᠮᠡᠨ ᠳᠦᠭᠦᠷᠢᠭ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠰᠠᠭᠤᠷᠢ ᠮᠥᠩᠭᠦ ᠶᠢᠨ ᠣᠷᠤᠯᠭ᠎ᠠ ᠨᠢ 29843 ᠲᠦᠮᠡᠨ ᠳᠦᠭᠦᠷᠢᠭ᠂ ᠬᠤᠲᠠ ᠰᠢᠶᠠᠩ ᠤᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠤᠯᠭ᠎ᠠ ᠨᠢ 7463 ᠲᠦᠮᠡᠨ ᠳᠦᠭᠦᠷᠢᠭ ᠪᠣᠯᠤᠨ᠎ᠠ᠃               2017 ᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠨᠢ 50494 ᠲᠦᠮᠡᠨ ᠳᠦᠭᠦᠷᠢᠭ ᠪᠠᠶᠢᠵᠤ᠂ ᠳᠡᠭᠡᠷ᠎ᠡ ᠵᠢᠯ ᠤᠨ ᠠᠴᠠ 1722 ᠲᠦᠮᠡᠨ ᠳᠦᠭᠦᠷᠢᠭ ᠨᠡᠮᠡᠭᠳᠡᠨ᠂ 3.5% ᠢᠶᠠᠷ ᠨᠡᠮᠡᠭᠳᠡᠪᠡ᠃ ᠡᠭᠦᠨ ᠳᠤ᠂ ᠬᠤᠲᠠ ᠪᠠᠯᠭᠠᠰᠤ ᠶᠢᠨ ᠠᠵᠢᠯᠲᠠᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠨᠢ 14822 ᠲᠦᠮᠡᠨ ᠳᠦᠭᠦᠷᠢᠭ᠂ ᠲᠦᠷᠦᠵᠦ ᠦᠷᠡᠵᠢᠬᠦ ᠳᠠᠭᠠᠳᠬᠠᠯ ᠤᠨ ᠰᠠᠭᠤᠷᠢ ᠮᠥᠩᠭᠦ ᠶᠢᠨ ᠵᠠᠷᠣᠯᠭ᠎ᠠ ᠨᠢ 312 ᠲᠦᠮᠡᠨ ᠳᠦᠭᠦᠷᠢᠭ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠰᠠᠭᠤᠷᠢ ᠮᠥᠩᠭᠦ ᠶᠢᠨ ᠵᠠᠷᠤᠯᠭ᠎ᠠ ᠨᠢ 28041 ᠲᠦᠮᠡᠨ ᠳᠦᠭᠦᠷᠢᠭ᠂ ᠬᠤᠲᠠ ᠰᠢᠶᠠᠩ ᠤᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠨᠢ 7319 ᠲᠦᠮᠡᠨ ᠳᠦᠭᠦᠷᠢᠭ ᠪᠣᠯᠤᠨ᠎ᠠ᠃              ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠨᠢ ᠲᠤᠰ ᠵᠢᠯ ᠳᠤ ᠪᠠᠨ 2907 ᠲᠦᠮᠡᠨ ᠳᠦᠭᠦᠷᠢᠭ ᠦᠯᠡᠳᠡᠵᠦ᠂ ᠭᠤᠣᠯ ᠨᠢ ᠰᠠᠭᠤᠭᠠᠯᠢ ᠠᠷᠠᠳ ᠤᠨ ᠨᠠᠰᠦᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠦᠯᠡᠳᠡᠪᠦᠷᠢ ᠪᠣᠯᠤᠨ᠎ᠠ᠃            ᠳᠠᠭᠠᠯᠳᠠᠭᠤᠯᠤᠯ᠄ ᠤᠯᠠᠭᠠᠨᠬᠠᠳᠠ ᠬᠤᠲᠠ ᠶᠢᠨ ᠰᠥᠩ ᠱᠠᠨ ᠲᠣᠭᠤᠷᠢᠭ ᠤᠨ 2017 ᠣᠨ ᠲᠤᠰ ᠱᠠᠲᠤᠨ ᠤ ᠲᠦᠰᠦᠪ ᠤᠨ ᠨᠡᠶᠢᠳᠡᠯᠡᠯᠳᠡ ᠶᠢᠨ ᠬᠦᠰᠦᠨᠦᠭᠳᠦ
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号