ᠤᠯᠠᠭᠠᠨᠬᠠᠳᠠ ᠬᠤᠲᠠ ᠶᠢᠨ ᠰᠥᠩ ᠱᠠᠨ ᠲᠣᠭᠤᠷᠢᠭ ᠤᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠤᠨ ᠲᠦᠷᠦᠯ ᠵᠦᠢᠯ ᠶᠢᠨ ᠭᠠᠷᠴᠠᠭ ᠤᠨ ᠵᠢᠭᠰᠠᠭᠠᠯᠲᠠ ᠢ ᠳᠠᠷᠤᠮᠠᠯᠠᠨ ᠲᠠᠷᠬᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2017/8/3
ᠡᠯ᠎ᠡ ᠰᠢᠶᠠᠩ ᠪᠠᠯᠭᠠᠰᠦ ᠶᠢᠨ ᠠᠷᠠᠳ ᠤᠨ ᠵᠠᠰᠠᠭ ᠤᠨ ᠣᠷᠲᠦᠨ ᠲᠣᠭᠤᠷᠢᠭ ᠤᠨ ᠡᠯ᠎ᠡ ᠵᠦᠪᠯᠡᠯ᠂ ᠠᠯᠪᠠᠨ ᠭᠡᠷ᠂ ᠲᠣᠪᠴᠢᠶ᠎ᠠ᠄             ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠬᠠᠮᠢᠶᠠᠷᠤᠯᠲᠠ ᠴᠢᠩᠭᠠᠳᠬᠠᠬᠤ ᠪᠠ ᠬᠠᠤᠯᠢ ᠶᠣᠰᠤᠭᠠᠷ ᠵᠠᠰᠠᠭ ᠶᠠᠪᠤᠭᠤᠯᠬᠤ ᠶᠢ ᠠᠬᠢᠭᠤᠯᠬᠤ ᠶᠢᠨ ᠲᠦᠯᠦᠭᠡ ︽ᠤᠠᠯᠠᠭᠠᠨᠬᠠᠳᠠ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠦᠭᠵᠢᠭᠦᠯᠦᠳᠡ ᠥᠭᠡᠷᠡᠴᠢᠯᠡᠯᠳᠡ ᠶᠢᠨ ᠵᠦᠪᠯᠡᠯ ᠠᠴᠠ ᠤᠯᠠᠭᠠᠨᠬᠠᠳᠠ ᠬᠤᠲᠠ ᠶᠢᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠤᠨ ᠲᠦᠷᠦᠯ ᠵᠦᠢᠯ ᠶᠢᠨ ᠭᠠᠷᠴᠠᠭ ᠤᠨ ᠵᠢᠭᠰᠠᠭᠠᠯᠲᠠ ᠢ ᠳᠠᠷᠤᠮᠠᠯᠠᠨ ᠲᠠᠷᠬᠠᠬᠤ ᠲᠤᠬᠠᠢ ᠮᠡᠳᠡᠭᠳᠡᠯ︾ ︵ᡂᠢ ᠼᠠᠢ ᠹᠧᠢ ᠱᠦᠢ ︵2017︶ 291 ᠨᠣᠮᠧᠷ︶ ᠮᠠᠨ ᠤ ᠲᠣᠭᠤᠷᠢᠭ ᠤᠨ ᠪᠣᠲᠠᠲᠠᠢ ᠪᠠᠶᠢᠳᠠᠯ ᠲᠠᠢ ᠪᠠᠨ ᠤᠶᠠᠯᠳᠤᠭᠤᠯᠵᠦ᠂ ︽ᠤᠯᠠᠭᠠᠨᠬᠠᠳᠠ ᠬᠤᠲᠠ ᠶᠢᠨ ᠰᠥᠩ ᠱᠠᠨ ᠲᠣᠭᠤᠷᠢᠭ ᠤᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠤᠨ ᠲᠦᠷᠦᠯ ᠵᠦᠢᠯ ᠶᠢᠨ ᠭᠠᠷᠴᠠᠭ ᠤᠨ ᠵᠢᠭᠰᠠᠭᠠᠯᠲᠠ ᠢ ᠳᠠᠷᠤᠮᠠᠯᠠᠨ ᠲᠠᠷᠬᠠᠬᠤ ᠲᠤᠬᠠᠢ ᠮᠡᠳᠡᠭᠳᠡᠯ︾ ︵ᠲᠦᠭᠦᠮᠴᠢᠯᠡᠪᠡᠯ ︽ᠭᠠᠷᠴᠠᠭ ᠤᠨ ᠵᠢᠭᠰᠠᠭᠠᠯᠲᠠ︾︶ ᠶᠢ ᠨᠡᠶᠢᠳᠡᠯᠡᠪᠡ᠂ ᠬᠠᠮᠢᠶ᠎ᠠ ᠪᠦᠬᠦᠢ ᠬᠡᠷᠡᠭ ᠶᠠᠪᠤᠳᠠᠯ ᠤᠨ ᠮᠡᠳᠡᠭᠳᠡᠯ ᠲᠤᠤᠷᠠᠬᠢ ᠮᠡᠲᠦ᠄                  ᠨᠢᠭᠡ᠂ ︽ᠭᠠᠷᠴᠠᠭ ᠤᠨ ᠵᠢᠭᠰᠠᠭᠠᠯᠲᠠ︾ ᠶᠢᠨ ᠲᠤᠲᠤᠷᠠᠬᠢ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠲᠦᠷᠦᠯ ᠵᠦᠢᠯ ᠪᠣᠯ ᠭᠤᠣᠯ ᠨᠢ ᠣᠳᠤᠬᠢ ᠪᠣᠯᠲᠠᠯᠠᠬᠢ ᠤᠯᠠᠭᠠᠨᠬᠠᠳᠠ ᠬᠤᠲᠠ ᠶᠢᠨ ᠰᠦᠩ ᠱᠠᠨ ᠲᠣᠭᠤᠷᠢᠭ ᠤᠨ ᠬᠡᠪᠴᠢᠶᠡᠨ ᠲᠣᠲᠤᠷᠠᠬᠢ ᠬᠡᠷᠡᠭᠵᠢᠭᠦᠯᠵᠦ ᠪᠠᠶᠢᠭ᠎ᠠ ᠲᠥᠪ ᠤᠨ ᠵᠢᠴᠢ ᠥᠪᠡᠷᠳᠡᠭᠡᠨ ᠵᠠᠰᠠᠬᠤ ᠣᠷᠤᠨ ᠤ ᠲᠣᠭᠲᠠᠭᠠᠭᠰᠠᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠲᠦᠷᠦᠯ ᠵᠦᠢᠯ ᠪᠣᠯᠤᠨ᠎ᠠ᠃ ᠪᠣᠲᠠᠲᠠᠢ ᠬᠤᠷᠢᠶᠠᠬᠤ ᠬᠡᠪᠴᠢᠶ᠎ᠡ᠂ ᠬᠤᠷᠢᠶᠠᠬᠤ ᠪᠠᠷᠢᠮᠵᠢᠶ᠎ᠠ ᠪᠠ ᠪᠡᠯᠡ ᠮᠥᠩᠬᠦ ᠶᠢᠨ ᠬᠠᠮᠢᠶᠠᠷᠤᠯᠲᠠ ᠶᠢᠨ ᠠᠷᠭ᠎ᠠ ᠬᠡᠯᠪᠡᠷᠢ ᠵᠡᠷᠭᠡ ᠶᠢ ︽ᠭᠠᠷᠴᠠᠭ ᠤᠨ ᠵᠢᠭᠰᠠᠭᠠᠯᠲᠠ︾ ᠶᠢᠨ ᠬᠠᠮᠢᠶ᠎ᠠ ᠪᠦᠭᠦᠢ ᠪᠢᠴᠢᠭ ᠮᠠᠲ᠋ᠧᠷᠢᠶᠠᠯ ᠤᠨ ᠶᠣᠰᠤᠭᠠᠷ ᠬᠡᠷᠡᠭᠵᠢᠭᠦᠯᠦᠨ᠎ᠡ᠃ ᠡᠭᠦᠨ ᠠᠴᠠ ᠬᠤᠶᠢᠰᠢ ᠤᠯᠠᠭᠠᠨᠬᠠᠳᠠ ᠬᠤᠲᠠ ᠶᠢᠨ ᠰᠦᠩ ᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠬᠦᠭᠵᠢᠭᠦᠯᠦᠳᠡ ᠥᠭᠡᠷᠡᠴᠢᠯᠡᠯᠳᠡ ᠶᠢᠨ ᠲᠣᠪᠴᠢᠶ᠎ᠠ ᠨᠢ ᠡᠭᠦᠳᠡᠨ ᠰᠦᠯᠵᠢᠶᠡᠨ ᠳᠡᠭᠡᠷ᠎ᠡ ︽ᠭᠠᠷᠴᠠᠭ ᠤᠨ ᠵᠢᠭᠰᠠᠭᠠᠯᠲᠠ︾ ᠶᠢ ᠴᠠᠭ ᠲᠤᠬᠠᠢ ᠳᠤ ᠨᠢ ᠰᠢᠨᠡᠳᠬᠡᠵᠦ᠂ ᠬᠦᠳᠡᠯᠭᠡᠭᠡᠨᠳᠦ ᠬᠠᠮᠢᠶᠠᠷᠤᠯᠲᠠ ᠶᠢᠨ ᠬᠡᠯᠪᠡᠷᠢ ᠶᠢ ᠬᠡᠷᠡᠭᠵᠢᠭᠦᠯᠵᠦ᠂ ᠲᠠᠬᠢᠵᠦ ᠪᠢᠴᠢᠭ ᠮᠠᠲ᠋ᠧᠷᠢᠶᠠᠯ ᠤᠨ ᠬᠡᠯᠪᠡᠷᠢ ᠶᠢᠨ ᠨᠡᠶᠢᠳᠡᠯᠡᠬᠦ ᠦᠭᠡᠢ᠃                  ᠬᠤᠶᠠᠷ᠂ ᠠᠷᠠᠳ ᠢᠷᠭᠡᠳ᠂ ᠬᠠᠤᠯᠢ ᠶᠢᠨ ᠡᠷᠬᠡᠲᠡᠨ᠂ ᠨᠡᠶᠢᠭᠡᠮ ᠤᠨ ᠪᠣᠰᠤᠳ ᠵᠣᠬᠢᠶᠠᠨ ᠪᠠᠶᠢᠭᠤᠯᠤᠯᠲᠠ ᠨᠢ ︽ᠭᠠᠷᠴᠠᠭ ᠤᠨ ᠵᠢᠭᠰᠠᠭᠠᠯᠲᠠ︾ ᠲᠤ ᠣᠷᠤᠭᠤᠯᠤᠭᠰᠠᠨ ᠦᠭᠡᠢ ᠵᠠᠰᠠᠭ ᠵᠠᠬᠢᠷᠭᠠᠨ ᠤ ᠠᠵᠢᠯ ᠦᠢᠯᠡᠰ ᠶᠢᠨ ᠴᠢᠨᠠᠷᠲᠠᠢ ᠰᠦᠢᠳᠬᠡᠯ ᠬᠤᠷᠢᠶᠠᠬᠤ ᠲᠦᠷᠦᠯ ᠵᠦᠢᠯ ᠶᠢᠨ ᠰᠦᠢᠳᠬᠡᠯ ᠬᠤᠷᠢᠶᠠᠬᠤ ᠶᠢ ᠳᠡᠪᠴᠢᠵᠦ ᠪᠤᠯᠤᠨ᠎ᠠ᠃                 ᠤᠯᠠᠭᠠᠨᠬᠠᠳᠠ ᠬᠤᠲᠠ ᠶᠢᠨ ᠰᠦᠩ ᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ                  ᠤᠯᠠᠭᠠᠨᠬᠠᠳᠠ ᠬᠤᠲᠠ ᠶᠢᠨ ᠰᠦᠩ ᠱᠠᠨ ᠲᠣᠭᠤᠷᠢᠭ ᠤᠨ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠲᠣᠪᠴᠢᠶ᠎ᠠ                  2017 ᠣᠨ ᠤ 6 ᠰᠠᠷ᠎ᠠ ᠶᠢᠨ 26 ᠤ ᠡᠳᠦᠷᠳᠠᠭᠠᠯᠳᠤᠪᠤᠷᠢ᠄ ᠤᠯᠠᠭᠠᠨᠬᠠᠳᠠ ᠬᠤᠲᠠ ᠶᠢᠨ ᠰᠥᠩ ᠱᠠᠨ ᠲᠣᠭᠤᠷᠢᠭ ᠤᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠤᠨ ᠲᠦᠷᠦᠯ ᠵᠦᠢᠯ ᠶᠢᠨ ᠭᠠᠷᠴᠠᠭ ᠤᠨ ᠵᠢᠭᠰᠠᠭᠠᠯᠲᠠ
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号