ᠪᠦᠬᠦ ᠲᠣᠭᠤᠷᠢᠭ ᠤᠨ ᠨᠡᠶᠢᠲᠡ ᠶᠢᠨ ᠡᠳ᠋ ᠤᠨ ᠵᠠᠰᠠᠭ ᠤᠨ ᠳᠦᠰᠦᠪ ᠤᠨ ᠣᠷᠤᠯᠭ᠎ᠠ ᠨᠢ 9.1 | ᠳ᠋ᠦᠩᠰᠢᠭᠤᠷ ᠳᠦᠭᠦᠷᠢᠭ ᠲᠤ ᠬᠦᠷᠴᠦ᠂ 8.5% ᠪᠠᠷ ᠨᠡᠮᠡᠭᠳᠡᠪᠡ᠂ ᠨᠡᠶᠢᠲᠡ ᠶᠢᠨ ᠡᠳ᠋ ᠤᠨ ᠵᠠᠰᠠᠭ ᠤᠨ | ᠳᠦᠰᠦᠪ ᠤᠨ ᠵᠠᠷᠤᠯᠭ᠎ᠠ ᠨᠢ 31.05 ᠳ᠋ᠦᠩᠰᠢᠭᠤᠷ ᠳᠦᠭᠦᠷᠢᠭ ᠲᠤ ᠬᠦᠷᠴᠦ᠂ 8% ᠪᠠᠷ ᠪᠠᠭᠤᠷᠠᠪᠠ᠃ | ᠪᠦᠬᠦ ᠲᠤᠭᠤᠷᠢᠭ ᠤᠨ ᠵᠢᠯ ᠤᠨ ᠡᠴᠦᠰ ᠤᠨ ᠪᠦᠬᠦ ᠮᠥᠩᠭᠦᠨ ᠭᠦᠢᠯᠭᠡᠭᠡ ᠤᠨ ᠪᠠᠶᠢᠭᠤᠯᠤᠮᠵᠢ ᠶᠢᠨ | ᠡᠯ᠎ᠡ ᠳᠦᠷᠦᠯ ᠤᠨ ᠬᠠᠳᠠᠭᠠᠯᠠᠮᠵᠢ ᠶᠢᠨ ᠦᠯᠡᠳᠡᠪᠦᠷᠢ ᠨᠢ 178.4 ᠳ᠋ᠦᠩᠰᠢᠭᠤᠷ ᠳᠦᠭᠦᠷᠢᠭ ᠪᠠᠶᠢᠵᠦ᠂ 23. | 13% ᠪᠠᠷ ᠨᠡᠮᠡᠭᠳᠡᠪᠡ᠂ ᠡᠭᠦᠨ ᠳᠤ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠠᠳᠠᠭᠠᠯᠠᠮᠵᠢ ᠶᠢᠨ | ᠦᠯᠡᠳᠡᠪᠦᠷᠢ ᠨᠢ 104.8 ᠳ᠋ᠦᠩᠰᠢᠭᠤᠷ ᠳᠦᠭᠦᠷᠢᠭ ᠪᠠᠶᠢᠵᠦ᠂ 4.1% ᠪᠠᠷ ᠨᠡᠮᠡᠭᠳᠡᠪᠡ᠃ ᠪᠦᠬᠦ ᠮᠥᠩᠭᠦᠨ | ᠭᠦᠢᠯᠭᠡᠭᠡ ᠤᠨ ᠪᠠᠶᠢᠭᠤᠯᠤᠮᠵᠢ ᠶᠢᠨ ᠡᠯ᠎ᠡ ᠳᠦᠷᠦᠯ ᠤᠨ ᠵᠢᠭᠡᠯᠡᠯᠭᠡ ᠶᠢᠨ ᠦᠯᠡᠳᠡᠪᠦᠷᠢ ᠨᠢ 110.7 ᠳ᠋ᠦᠩᠰᠢᠭᠤᠷ | ᠳᠦᠭᠦᠷᠢᠭ ᠪᠠᠶᠢᠵᠦ᠂ 32.4% ᠪᠠᠷ ᠨᠡᠮᠡᠭᠳᠡᠪᠡ᠃ | ᠪᠦᠬᠦ ᠵᠢᠯ ᠤᠨ ᠳᠠᠭᠠᠳᠬᠠᠯ ᠤᠨ ᠺᠣᠮᠫᠠᠨᠢ ᠶᠢᠨ ᠳᠠᠭᠠᠳᠬᠠᠯ ᠤᠨ ᠰᠦᠢᠳᠬᠡᠯ ᠤᠨ ᠣᠷᠤᠯᠭ᠎ᠠ ᠨᠢ | 2.04 ᠳ᠋ᠦᠩᠰᠢᠭᠤᠷ ᠳᠦᠭᠦᠷᠢᠭ ᠪᠠᠶᠢᠵᠦ᠂ 2.78% ᠪᠠᠷ ᠲᠣᠷᠤᠭᠰᠢᠯᠠᠪᠠ᠃ ᠡᠭᠦᠨ ᠳᠤ ᠠᠮᠢ ᠨᠠᠰᠦᠨ ᠤ | ᠳᠠᠭᠠᠳᠬᠠᠯ ᠤᠨ ᠰᠦᠢᠳᠬᠡᠯ ᠶᠢᠨ ᠣᠷᠤᠯᠭ᠎ᠠ ᠨᠢ 0.75 ᠳ᠋ᠦᠩᠰᠢᠭᠤᠷ ᠳᠦᠭᠦᠷᠢᠭ ᠳᠤ ᠬᠦᠷᠴᠦ᠂ 6% ᠪᠠᠷ | ᠨᠡᠮᠡᠭᠳᠡᠪᠡ᠂ ᠡᠳ᠋ ᠬᠥᠷᠥᠩᠭᠡ ᠶᠢᠨ ᠳᠠᠭᠠᠳᠬᠠᠯ ᠤᠨ ᠰᠦᠢᠳᠬᠡᠯ ᠶᠢᠨ ᠣᠷᠤᠯᠭ᠎ᠠ ᠨᠢ 1.29 ᠳ᠋ᠦᠩᠰᠢᠭᠤᠷ | ᠳᠦᠭᠦᠷᠢᠭ ᠪᠠᠶᠢᠵᠦ᠂ 8.85% ᠪᠠᠷ ᠲᠣᠷᠤᠭᠰᠢᠯᠠᠪᠠ᠃ ᠪᠦᠬᠦ ᠵᠢᠯ ᠤᠨ ᠳᠠᠭᠠᠳᠬᠠᠯ ᠤᠨ ᠦᠢᠯᠡᠰ ᠤᠨ | ᠵᠠᠷᠤᠯᠭ᠎ᠠ ᠨᠢ 0.69 ᠳ᠋ᠦᠩᠰᠢᠭᠤᠷ ᠳᠦᠭᠦᠷᠢᠭ ᠳᠤ ᠬᠦᠷᠴᠦ᠂ 6.14% ᠪᠠᠷ ᠨᠡᠮᠡᠭᠳᠡᠪᠡ᠃ |