2016 ᠣᠨ ᠤ ᠡᠳ᠋ ᠤᠨ ᠵᠠᠰᠠᠭ᠂ ᠮᠥᠩᠭᠦᠨ ᠭᠦᠢᠯᠭᠡᠭᠡ ᠪᠠ ᠳᠠᠭᠠᠳᠬᠠᠯ ᠤᠨ ᠦᠢᠯᠡᠰ
ᠨᠡᠶᠢᠲᠡᠯᠡᠭᠰᠡᠨ ᠴᠠᠭ᠄
2017/8/3
         ᠪᠦᠬᠦ ᠲᠣᠭᠤᠷᠢᠭ ᠤᠨ ᠨᠡᠶᠢᠲᠡ ᠶᠢᠨ ᠡᠳ᠋ ᠤᠨ ᠵᠠᠰᠠᠭ ᠤᠨ ᠳᠦᠰᠦᠪ ᠤᠨ ᠣᠷᠤᠯᠭ᠎ᠠ ᠨᠢ 13 ᠳ᠋ᠦᠩᠰᠢᠭᠤᠷ ᠳᠦᠭᠦᠷᠢᠭ ᠲᠤ ᠬᠦᠷᠴᠦ᠂ 33.3% ᠪᠠᠷ ᠨᠡᠮᠡᠭᠳᠡᠪᠡ᠂ ᠨᠡᠶᠢᠲᠡ ᠶᠢᠨ ᠡᠳ᠋ ᠤᠨ ᠵᠠᠰᠠᠭ ᠤᠨ ᠳᠦᠰᠦᠪ ᠤᠨ ᠵᠠᠷᠤᠯᠭ᠎ᠠ ᠨᠢ 35 ᠳ᠋ᠦᠩᠰᠢᠭᠤᠷ ᠳᠦᠭᠦᠷᠢᠭ ᠲᠤ ᠬᠦᠷᠴᠦ᠂ 2.2% ᠪᠠᠷ ᠪᠠᠭᠤᠷᠠᠪᠠ᠃               ᠪᠦᠬᠦ ᠲᠤᠭᠤᠷᠢᠭ ᠤᠨ ᠵᠢᠯ ᠤᠨ ᠡᠴᠦᠰ ᠤᠨ ᠪᠦᠬᠦ ᠮᠥᠩᠭᠦᠨ ᠭᠦᠢᠯᠭᠡᠭᠡ ᠤᠨ ᠪᠠᠶᠢᠭᠤᠯᠤᠮᠵᠢ ᠶᠢᠨ ᠡᠯ᠎ᠡ ᠳᠦᠷᠦᠯ ᠤᠨ ᠬᠠᠳᠠᠭᠠᠯᠠᠮᠵᠢ ᠶᠢᠨ ᠦᠯᠡᠳᠡᠪᠦᠷᠢ ᠨᠢ 210.4 ᠳ᠋ᠦᠩᠰᠢᠭᠤᠷ ᠳᠦᠭᠦᠷᠢᠭ ᠪᠠᠶᠢᠵᠦ᠂ 14.8% ᠪᠠᠷ ᠨᠡᠮᠡᠭᠳᠡᠪᠡ᠂ ᠡᠭᠦᠨ ᠳᠤ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠠᠳᠠᠭᠠᠯᠠᠮᠵᠢ ᠶᠢᠨ ᠦᠯᠡᠳᠡᠪᠦᠷᠢ ᠨᠢ 135 ᠳ᠋ᠦᠩᠰᠢᠭᠤᠷ ᠳᠦᠭᠦᠷᠢᠭ ᠪᠠᠶᠢᠵᠦ᠂ 2.8% ᠪᠠᠷ ᠨᠡᠮᠡᠭᠳᠡᠪᠡ᠃ ᠪᠦᠬᠦ ᠮᠥᠩᠭᠦᠨ ᠭᠦᠢᠯᠭᠡᠭᠡ ᠤᠨ ᠪᠠᠶᠢᠭᠤᠯᠤᠮᠵᠢ ᠶᠢᠨ ᠡᠯ᠎ᠡ ᠳᠦᠷᠦᠯ ᠤᠨ ᠵᠢᠭᠡᠯᠡᠯᠭᠡ ᠶᠢᠨ ᠦᠯᠡᠳᠡᠪᠦᠷᠢ ᠨᠢ 162 ᠳ᠋ᠦᠩᠰᠢᠭᠤᠷ ᠳᠦᠭᠦᠷᠢᠭ ᠪᠠᠶᠢᠵᠦ᠂ 19.1% ᠪᠠᠷ ᠨᠡᠮᠡᠭᠳᠡᠪᠡ᠃ᠪᠦᠬᠦ ᠵᠢᠯ ᠤᠨ ᠳᠠᠭᠠᠳᠬᠠᠯ ᠤᠨ ᠺᠣᠮᠫᠠᠨᠢ ᠶᠢᠨ ᠳᠠᠭᠠᠳᠬᠠᠯ ᠤᠨ ᠰᠦᠢᠳᠬᠡᠯ ᠤᠨ ᠣᠷᠤᠯᠭ᠎ᠠ ᠨᠢ 2.1 ᠳ᠋ᠦᠩᠰᠢᠭᠤᠷ ᠳᠦᠭᠦᠷᠢᠭ ᠪᠠᠶᠢᠵᠦ᠂ 3.2% ᠪᠠᠷ ᠲᠣᠷᠤᠭᠰᠢᠯᠠᠪᠠ᠃ ᠡᠭᠦᠨ ᠳᠤ ᠠᠮᠢ ᠨᠠᠰᠦᠨ ᠤ ᠳᠠᠭᠠᠳᠬᠠᠯ ᠤᠨ ᠰᠦᠢᠳᠬᠡᠯ ᠶᠢᠨ ᠣᠷᠤᠯᠭ᠎ᠠ ᠨᠢ 0.9 ᠳ᠋ᠦᠩᠰᠢᠭᠤᠷ ᠳᠦᠭᠦᠷᠢᠭ ᠳᠤ ᠬᠦᠷᠴᠦ᠂ 18.4% ᠪᠠᠷ ᠨᠡᠮᠡᠭᠳᠡᠪᠡ᠂ ᠡᠳ᠋ ᠬᠥᠷᠥᠩᠭᠡ ᠶᠢᠨ ᠳᠠᠭᠠᠳᠬᠠᠯ ᠤᠨ ᠰᠦᠢᠳᠬᠡᠯ ᠶᠢᠨ ᠣᠷᠤᠯᠭ᠎ᠠ ᠨᠢ 1.2 ᠳ᠋ᠦᠩᠰᠢᠭᠤᠷ ᠳᠦᠭᠦᠷᠢᠭ ᠪᠠᠶᠢᠵᠦ᠂ 14.9% ᠪᠠᠷ ᠲᠣᠷᠤᠭᠰᠢᠯᠠᠪᠠ᠃ ᠪᠦᠬᠦ ᠵᠢᠯ ᠤᠨ ᠳᠠᠭᠠᠳᠬᠠᠯ ᠤᠨ ᠦᠢᠯᠡᠰ ᠤᠨ ᠵᠠᠷᠤᠯᠭ᠎ᠠ ᠨᠢ 0.84 ᠳ᠋ᠦᠩᠰᠢᠭᠤᠷ ᠳᠦᠭᠦᠷᠢᠭ ᠳᠤ ᠬᠦᠷᠴᠦ᠂ 12.4% ᠪᠠᠷ ᠨᠡᠮᠡᠭᠳᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号