2015 ᠣᠨ ᠤ ᠡᠳ᠋ ᠤᠨ ᠵᠠᠰᠠᠭ᠂ ᠮᠥᠩᠭᠦᠨ ᠭᠦᠢᠯᠭᠡᠭᠡ ᠪᠠ ᠳᠠᠭᠠᠳᠬᠠᠯ ᠤᠨ ᠦᠢᠯᠡᠰ
ᠨᠡᠶᠢᠲᠡᠯᠡᠭᠰᠡᠨ ᠴᠠᠭ᠄
2017/8/3
           ᠪᠦᠬᠦ ᠲᠣᠭᠤᠷᠢᠭ ᠤᠨ ᠨᠡᠶᠢᠲᠡ ᠶᠢᠨ ᠡᠳ᠋ ᠤᠨ ᠵᠠᠰᠠᠭ ᠤᠨ ᠳᠦᠰᠦᠪ ᠤᠨ ᠣᠷᠤᠯᠭ᠎ᠠ ᠨᠢ 9.77 ᠳ᠋ᠦᠩᠰᠢᠭᠤᠷ ᠳᠦᠭᠦᠷᠢᠭ ᠲᠤ ᠬᠦᠷᠴᠦ᠂ 7% ᠪᠠᠷ ᠨᠡᠮᠡᠭᠳᠡᠪᠡ᠂ ᠨᠡᠶᠢᠲᠡ ᠶᠢᠨ ᠡᠳ᠋ ᠤᠨ ᠵᠠᠰᠠᠭ ᠤᠨ ᠳᠦᠰᠦᠪ ᠤᠨ ᠵᠠᠷᠤᠯᠭ᠎ᠠ ᠨᠢ 35.8 ᠳ᠋ᠦᠩᠰᠢᠭᠤᠷ ᠳᠦᠭᠦᠷᠢᠭ ᠲᠤ ᠬᠦᠷᠴᠦ᠂ 15.3% ᠪᠠᠷ ᠪᠠᠭᠤᠷᠠᠪᠠ᠃                ᠪᠦᠬᠦ ᠲᠤᠭᠤᠷᠢᠭ ᠤᠨ ᠵᠢᠯ ᠤᠨ ᠡᠴᠦᠰ ᠤᠨ ᠪᠦᠬᠦ ᠮᠥᠩᠭᠦᠨ ᠭᠦᠢᠯᠭᠡᠭᠡ ᠤᠨ ᠪᠠᠶᠢᠭᠤᠯᠤᠮᠵᠢ ᠶᠢᠨ ᠡᠯ᠎ᠡ ᠳᠦᠷᠦᠯ ᠤᠨ ᠬᠠᠳᠠᠭᠠᠯᠠᠮᠵᠢ ᠶᠢᠨ ᠦᠯᠡᠳᠡᠪᠦᠷᠢ ᠨᠢ 183.3 ᠳ᠋ᠦᠩᠰᠢᠭᠤᠷ ᠳᠦᠭᠦᠷᠢᠭ ᠪᠠᠶᠢᠵᠦ᠂ 8.8% ᠪᠠᠷ ᠨᠡᠮᠡᠭᠳᠡᠪᠡ᠂ ᠡᠭᠦᠨ ᠳᠤ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠠᠳᠠᠭᠠᠯᠠᠮᠵᠢ ᠶᠢᠨ ᠦᠯᠡᠳᠡᠪᠦᠷᠢ ᠨᠢ 131.3 ᠳ᠋ᠦᠩᠰᠢᠭᠤᠷ ᠳᠦᠭᠦᠷᠢᠭ ᠪᠠᠶᠢᠵᠦ᠂ 6.9% ᠪᠠᠷ ᠨᠡᠮᠡᠭᠳᠡᠪᠡ᠃ ᠪᠦᠬᠦ ᠮᠥᠩᠭᠦᠨ ᠭᠦᠢᠯᠭᠡᠭᠡ ᠤᠨ ᠪᠠᠶᠢᠭᠤᠯᠤᠮᠵᠢ ᠶᠢᠨ ᠡᠯ᠎ᠡ ᠳᠦᠷᠦᠯ ᠤᠨ ᠵᠢᠭᠡᠯᠡᠯᠭᠡ ᠶᠢᠨ ᠦᠯᠡᠳᠡᠪᠦᠷᠢ ᠨᠢ 136 ᠳ᠋ᠦᠩᠰᠢᠭᠤᠷ ᠳᠦᠭᠦᠷᠢᠭ ᠪᠠᠶᠢᠵᠦ᠂ 22.8% ᠪᠠᠷ ᠨᠡᠮᠡᠭᠳᠡᠪᠡ᠃               ᠪᠦᠬᠦ ᠵᠢᠯ ᠤᠨ ᠳᠠᠭᠠᠳᠬᠠᠯ ᠤᠨ ᠺᠣᠮᠫᠠᠨᠢ ᠶᠢᠨ ᠳᠠᠭᠠᠳᠬᠠᠯ ᠤᠨ ᠰᠦᠢᠳᠬᠡᠯ ᠤᠨ ᠣᠷᠤᠯᠭ᠎ᠠ ᠨᠢ 2.2 ᠳ᠋ᠦᠩᠰᠢᠭᠤᠷ ᠳᠦᠭᠦᠷᠢᠭ ᠪᠠᠶᠢᠵᠦ᠂ 6.2% ᠪᠠᠷ ᠲᠣᠷᠤᠭᠰᠢᠯᠠᠪᠠ᠃ ᠡᠭᠦᠨ ᠳᠤ ᠠᠮᠢ ᠨᠠᠰᠦᠨ ᠤ ᠳᠠᠭᠠᠳᠬᠠᠯ ᠤᠨ ᠰᠦᠢᠳᠬᠡᠯ ᠶᠢᠨ ᠣᠷᠤᠯᠭ᠎ᠠ ᠨᠢ 0.76 ᠳ᠋ᠦᠩᠰᠢᠭᠤᠷ ᠳᠦᠭᠦᠷᠢᠭ ᠳᠤ ᠬᠦᠷᠴᠦ᠂ 1.3% ᠪᠠᠷ ᠨᠡᠮᠡᠭᠳᠡᠪᠡ᠂ ᠡᠳ᠋ ᠬᠥᠷᠥᠩᠭᠡ ᠶᠢᠨ ᠳᠠᠭᠠᠳᠬᠠᠯ ᠤᠨ ᠰᠦᠢᠳᠬᠡᠯ ᠶᠢᠨ ᠣᠷᠤᠯᠭ᠎ᠠ ᠨᠢ 1.4 ᠳ᠋ᠦᠩᠰᠢᠭᠤᠷ ᠳᠦᠭᠦᠷᠢᠭ ᠪᠠᠶᠢᠵᠦ᠂ 9.3% ᠪᠠᠷ ᠲᠣᠷᠤᠭᠰᠢᠯᠠᠪᠠ᠃ ᠪᠦᠬᠦ ᠵᠢᠯ ᠤᠨ ᠳᠠᠭᠠᠳᠬᠠᠯ ᠤᠨ ᠦᠢᠯᠡᠰ ᠤᠨ ᠵᠠᠷᠤᠯᠭ᠎ᠠ ᠨᠢ 0.75 ᠳ᠋ᠦᠩᠰᠢᠭᠤᠷ ᠳᠦᠭᠦᠷᠢᠭ ᠳᠤ ᠬᠦᠷᠴᠦ᠂ 8.9% ᠪᠠᠷ ᠨᠡᠮᠡᠭᠳᠡᠪᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号