2017 ᠣᠨ ᠤ ᠳᠡᠭᠡᠳᠦ ᠬᠠᠭᠠᠰ ᠵᠢᠯ ᠤᠨ ᠰᠥᠩ ᠱᠠᠨ ᠲᠣᠭᠤᠷᠢᠭ ᠤᠨ ᠭᠠᠭ᠋ᠠᠢ ᠶᠢᠨ ᠳᠡᠵᠢᠭᠡᠯ ᠪᠣᠷᠲᠤᠭ᠎ᠠ ᠶᠢᠨ ᠭᠠᠷᠣᠯᠲᠠ ᠤᠨ ᠲᠤᠬᠠᠢ ᠵᠠᠳᠠᠯᠤᠯᠲᠠ ᠪᠠ ᠲᠥᠰᠥᠯᠡᠯ
ᠨᠡᠶᠢᠲᠡᠯᠡᠭᠰᠡᠨ ᠴᠠᠭ᠄
2017/8/3
           2017 ᠣᠨ ᠤ ᠳᠡᠭᠡᠳᠦ ᠬᠠᠭᠠᠰ ᠵᠢᠯ ᠤᠨ ᠰᠥᠩ ᠱᠠᠨ ᠲᠣᠭᠤᠷᠢᠭ ᠤᠨ ᠭᠠᠭ᠋ᠠᠢ ᠶᠢᠨ ᠳᠡᠵᠢᠭᠡᠯ ᠪᠣᠷᠲᠤᠭ᠎ᠠ ᠶᠢᠨ ᠦᠢᠯᠡᠳᠪᠦᠷᠢᠯᠡᠯ ᠤᠨ ᠭᠠᠷᠣᠯᠲᠠ ᠶᠢᠨ ᠨᠡᠮᠡᠭᠳᠡᠯ ᠤᠨ ᠬᠤᠷᠳᠤᠴᠠ ᠨᠢ ᠢᠯᠡᠳᠲᠡ ᠲᠦᠷᠭᠡᠨ ᠪᠠᠶᠢᠵᠦ᠂ ᠭᠠᠷᠤᠯᠲᠠ ᠨᠢ 8006 ᠲᠣᠨ᠂ ᠠᠳᠠᠯᠢ ᠬᠤᠭᠤᠴᠠᠭᠠᠨ ᠤ ᠠᠴᠠ 2.08% ᠢᠶᠠᠷ ᠨᠡᠮᠡᠭᠳᠡᠪᠡ᠂ ᠡᠭᠦᠨ ᠳᠤ ᠪᠣᠷᠲᠤᠭᠠᠨ ᠤ ᠭᠠᠭ᠋ᠠᠢ ᠶᠢᠨ ᠳᠡᠵᠢᠭᠡᠯ ᠪᠣᠷᠲᠤᠭ᠎ᠠ ᠨᠢ ᠠᠳᠠᠯᠢ ᠬᠤᠭᠤᠴᠠᠭᠠᠨ ᠤ ᠠᠴᠠ 32.16% ᠢᠶᠠᠷ ᠨᠡᠮᠡᠭᠳᠡᠪᠡ᠃              ᠰᠥᠩ ᠱᠠᠨ ᠲᠣᠭᠤᠷᠢᠭ ᠤᠨ ᠭᠠᠭ᠋ᠠᠢ ᠶᠢᠨ ᠳᠡᠵᠢᠭᠡᠯ ᠪᠣᠷᠲᠤᠭ᠎ᠠ ᠶᠢᠨ ᠦᠢᠯᠡᠳᠪᠦᠷᠢᠯᠡᠯ ᠤᠨ ᠭᠠᠷᠣᠯᠲᠠ ᠨᠢ ᠨᠢᠭᠡᠲᠦᠭᠡᠷ ᠰᠠᠷ᠎ᠠ ᠠᠴᠠ ᠡᠬᠢᠯᠡᠨ ᠦᠢᠯᠡᠳᠪᠦᠷᠢᠯᠡᠯ ᠰᠠᠶᠢᠲᠠᠢ ᠪᠠᠶᠢᠵᠦ᠂ ᠨᠢᠭᠡᠳᠦᠭᠡᠷ ᠤᠯᠠᠷᠢᠯ ᠨᠢ ᠠᠳᠠᠯᠢ ᠬᠤᠭᠤᠴᠠᠭᠠᠨ ᠤ ᠠᠴᠠ ᠪᠠᠨ 2.36% ᠢᠶᠠᠷ ᠨᠡᠮᠡᠭᠳᠡᠵᠦ᠂ ᠬᠤᠶᠠᠳᠤᠭᠠᠷ ᠤᠯᠠᠷᠢᠯ ᠨᠢ ᠠᠳᠠᠯᠢ ᠬᠤᠭᠤᠴᠠᠭᠠᠨ ᠤ ᠠᠴᠠ ᠪᠠᠨ 1.79% ᠢᠶᠠᠷ ᠨᠡᠮᠡᠭᠳᠡᠨ᠂ ᠳᠡᠭᠡᠷ᠎ᠡ ᠬᠠᠭᠠᠰ ᠵᠢᠯ ᠤᠨ ᠭᠠᠭ᠋ᠠᠢ ᠶᠢᠨ ᠳᠡᠵᠢᠭᠡᠯ ᠪᠣᠷᠲᠤᠭ᠎ᠠ ᠶᠢᠨ ᠦᠢᠯᠡᠳᠪᠦᠷᠢᠯᠡᠯ ᠤᠨ ᠦᠢᠯᠡᠳᠭᠦᠨ ᠤ ᠪᠠᠶᠢᠳᠠᠯ ᠶᠢᠨ ᠵᠠᠳᠠᠯᠤᠯᠲᠠ ᠶᠢ ᠦᠨᠳᠦᠰᠦᠯᠡᠪᠡᠯ᠂ ᠭᠠᠭ᠋ᠠᠢ ᠶᠢᠨ ᠳᠡᠵᠢᠭᠡᠯ ᠪᠣᠷᠲᠤᠭ᠎ᠠ ᠶᠢᠨ ᠭᠠᠷᠣᠯᠲᠠ ᠤᠨ ᠨᠡᠮᠡᠭᠳᠡᠭᠰᠡᠨ ᠭᠤᠣᠯ ᠰᠢᠯᠲᠠᠭᠠᠨ ᠨᠢ᠂ ᠰᠥᠩ ᠱᠠᠨ ᠲᠤᠭᠤᠷᠢᠭ ᠨᠢ ᠭᠠᠭ᠋ᠠᠢ ᠳᠡᠵᠢᠭᠡᠬᠦ ᠠᠵᠤ ᠦᠢᠯᠡᠰᠵᠢᠯᠡᠯᠲᠡ ᠶᠢ ᠲᠦᠯᠬᠢᠨ ᠠᠬᠢᠭᠤᠯᠬᠤ ᠢ ᠳᠠᠭᠠᠯᠲᠤᠨ᠂ ᠣᠨᠴᠠᠭᠠᠶᠢᠯᠠᠨ ᠣᠷᠦ᠋ᠢᠯᠠᠭᠴᠢ ᠠᠵᠤ ᠠᠬᠤᠶᠢᠯᠠᠯ ᠤᠨ ᠳᠠᠶᠢᠴᠢᠯᠠᠯᠲᠠ ᠶᠢᠨ ᠲᠤᠤᠷ᠎ᠠ᠂ ᠭᠠᠭ᠋ᠠᠢ ᠳᠡᠵᠢᠭᠡᠬᠦ ᠦᠢᠯᠡᠰ ᠨᠢ ᠯᠠᠪᠳᠠᠭᠤᠨ ᠢᠶᠠᠷ ᠬᠦᠭᠵᠢᠵᠦ᠂ ᠴᠠᠭᠠᠨ ᠰᠠᠷ᠎ᠠ ᠥᠩᠭᠡᠷᠡᠭᠰᠡᠨ ᠤ ᠳᠠᠷᠠᠭ᠎ᠠ᠂ ᠭᠠᠭ᠋ᠠᠢ ᠳᠡᠵᠢᠭᠡᠬᠦ ᠡᠷᠦᠬᠡ ᠶᠢᠨ ᠢᠳᠡᠪᠬᠢ ᠴᠢᠨᠠᠷ ᠨᠢ ᠶᠠᠪᠤᠬᠤ ᠲᠣᠲᠤᠮ ᠳᠡᠭᠡᠭᠰᠢᠯᠡᠭᠰᠡᠨ ᠠᠴᠠ ᠭᠠᠭ᠋ᠠᠢ ᠶᠢᠨ ᠳᠡᠵᠢᠭᠡᠯ ᠪᠣᠷᠲᠤᠭ᠎ᠠ ᠶᠢᠨ ᠭᠠᠷᠤᠯᠲᠠ ᠨᠢ ᠠᠳᠠᠯᠢ ᠬᠤᠭᠤᠴᠠᠭᠠᠨ ᠤ ᠠᠴᠠ ᠪᠠᠨ ᠨᠡᠮᠡᠭᠳᠡᠬᠦ ᠬᠠᠨᠳᠤᠰᠢ ᠲᠠᠢ ᠪᠣᠯᠤᠭᠰᠠᠨ ᠪᠠᠶᠢᠨ᠎ᠠ᠃ ᠲᠥᠰᠦᠭᠡᠯᠡᠬᠦ ᠪᠠᠷ᠂ ᠲᠣᠣᠷ᠎ᠠ ᠬᠠᠭᠠᠰ ᠵᠢᠯ ᠳᠤ᠂ ᠵᠢᠶᠡ ᠢᠦᠢ ᠵᠦᠩ ᠵᠦ ᠪᠦᠯᠦᠭᠯᠡᠯ ᠤᠨ ᠰᠢᠨ᠎ᠡ ᠲᠠᠯᠠᠪᠡᠢ ᠶᠢᠨ ᠪᠦᠳᠦᠭᠡᠨ ᠪᠠᠶᠢᠭᠤᠯᠤᠯᠲᠠ ᠶᠢᠨ ᠳᠦᠷᠦᠯ ᠵᠦᠢᠯ ᠤᠨ ᠡᠬᠢᠯᠡᠬᠦ᠂ ᠸᠧᠨ ᠱᠢ ᠪᠦᠯᠦᠭᠯᠡᠯ ᠤᠨ ︽ᠺᠣᠮᠫᠠᠨᠢ + ᠭᠡᠷ ᠪᠦᠯᠢ ᠤᠨ ᠲᠠᠷᠢᠶᠠᠯᠠᠩ ᠤᠨ ᠲᠠᠯᠠᠪᠡᠢ︾ ᠬᠠᠮᠲᠤᠷᠠᠭᠰᠠᠨ ᠭᠠᠭ᠋ᠠᠢ ᠳᠡᠵᠢᠭᠡᠬᠦ ᠬᠡᠯᠪᠡᠷᠢ ᠶᠢᠨ ᠳᠡᠯᠭᠡᠷᠡᠭᠦᠯᠦᠯᠳᠡ ᠶᠢ ᠳᠠᠭᠠᠯᠲᠤᠨ᠂ ᠭᠠᠭ᠋ᠠᠢ ᠳᠡᠵᠢᠭᠡᠬᠦ ᠡᠷᠦᠬᠡ ᠶᠢᠨ ᠢᠳᠡᠪᠬᠢ ᠴᠢᠨᠠᠷ ᠢ ᠤᠯᠠᠮ ᠨᠢᠭᠡ ᠠᠯᠬᠤᠮ ᠴᠢᠩᠭᠠᠳᠬᠠᠵᠦ᠂ ᠳᠡᠵᠢᠭᠡᠵᠦ ᠪᠠᠶᠢᠭ᠎ᠠ ᠭᠠᠭ᠋ᠠᠢ ᠶᠢᠨ ᠲᠤᠭ᠎ᠠ ᠶᠢ ᠦᠷᠭᠦᠯᠵᠢᠯᠡᠨ ᠨᠡᠮᠡᠭᠳᠡᠭᠦᠯᠦᠨ ᠂ ᠡᠭᠦᠨ ᠤ ᠳᠠᠭᠠᠤ ᠳᠡᠵᠢᠭᠡᠯ ᠪᠣᠷᠳᠤᠭ᠎ᠠ ᠶᠢᠨ ᠬᠡᠷᠡᠭᠴᠡᠭᠡ ᠶᠢ ᠨᠡᠮᠡᠭᠳᠡᠭᠦᠯᠵᠦ᠂ ᠭᠠᠭ᠋ᠠᠢ ᠶᠢᠨ ᠳᠡᠵᠢᠭᠡᠯ ᠪᠣᠷᠲᠤᠭ᠎ᠠ ᠶᠢᠨ ᠭᠠᠷᠣᠯᠲᠠ ᠶᠢᠨ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠬᠦ ᠪᠣᠯᠤᠨ᠎ᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号