2017 ᠣᠨ ᠤ ᠬᠤᠶᠠᠳᠤᠭᠠᠷ ᠤᠯᠠᠷᠢᠯ ᠤᠨ ᠰᠥᠩ ᠱᠠᠨ ᠲᠣᠭᠤᠷᠢᠭ ᠤᠨ ᠳᠡᠵᠢᠭᠡᠯ ᠪᠣᠷᠲᠤᠭ᠎ᠠ ᠶᠢᠨ ᠭᠠᠷᠤᠯᠲᠠ ᠨᠢ ᠡᠮᠦᠨᠡᠬᠢ ᠬᠤᠭᠤᠴᠠᠭᠠᠨ ᠤ ᠠᠴᠠ ᠪᠠᠨ ᠰᠠᠶᠢᠨ ᠪᠠᠶᠢᠨ᠎ᠠ
ᠨᠡᠶᠢᠲᠡᠯᠡᠭᠰᠡᠨ ᠴᠠᠭ᠄
2017/8/3
                 2017 ᠣᠨ ᠤ ᠬᠤᠶᠠᠳᠤᠭᠠᠷ ᠤᠯᠠᠷᠢᠯ ᠤᠨ ᠰᠥᠩ ᠱᠠᠨ ᠲᠣᠭᠤᠷᠢᠭ ᠤᠨ ᠳᠡᠵᠢᠭᠡᠯ ᠪᠣᠷᠲᠤᠭ᠎ᠠ ᠶᠢᠨ᠂ ᠭᠠᠷᠤᠯᠲᠠ ᠨᠢ ᠡᠮᠦᠨᠡᠬᠢ ᠬᠤᠭᠤᠴᠠᠭᠠᠨ ᠤ ᠠᠴᠠ ᠪᠠᠨ ᠰᠠᠶᠢᠨ ᠪᠠᠶᠢᠨ᠎ᠠ᠂ ᠳᠡᠵᠢᠭᠡᠯ ᠪᠣᠷᠲᠤᠭ᠎ᠠ ᠶᠢᠨ ᠶᠡᠷᠦᠩᠬᠡᠢ ᠭᠠᠷᠤᠯᠲᠠ ᠶᠢᠨ ᠬᠡᠮᠵᠢᠶ᠎ᠡ ᠨᠢ 10183 ᠲᠤᠨ ᠪᠠᠶᠢᠵᠦ᠂ ᠡᠮᠦᠨᠡᠬᠢ ᠬᠤᠭᠤᠴᠠᠭᠠᠨ ᠤ ᠠᠴᠠ ᠪᠠᠨ 6.39% ᠢᠶᠠᠷ ᠨᠡᠮᠡᠭᠳᠡᠪᠡ᠂ ᠡᠭᠦᠨ ᠳᠤ ᠥᠳᠬᠡᠷᠡᠭᠦᠯᠦᠭᠰᠡᠨ ᠳᠡᠵᠢᠭᠡᠯ ᠪᠣᠷᠲᠤᠭ᠎ᠠ ᠨᠢ ᠡᠮᠦᠨᠡᠬᠢ ᠬᠤᠭᠤᠴᠠᠭᠠᠨ ᠤ ᠠᠴᠠ ᠪᠠᠨ 11.31% ᠢᠶᠠᠷ ᠨᠡᠮᠡᠭᠳᠡᠪᠡ᠃ ᠬᠠᠪᠰᠤᠷᠭᠠᠭᠰᠠᠨ ᠳᠡᠵᠢᠭᠡᠯ ᠪᠣᠷᠳᠤᠭ᠎ᠠ ᠤᠨ ᠲᠤᠮᠲᠠ ᠨᠠᠷᠢᠯᠢᠭ ᠪᠣᠷᠲᠤᠭᠤᠷ ᠤᠨ ᠨᠦᠬᠦᠪᠦᠷᠢ ᠳᠡᠵᠢᠭᠡᠯ ᠪᠣᠷᠳᠤᠭ᠎ᠠ ᠶᠢᠨ ᠭᠠᠷᠤᠯᠲᠠ ᠶᠢᠨ ᠬᠡᠮᠵᠢᠶ᠎ᠡ ᠶᠢᠨ ᠡᠮᠦᠨᠡᠬᠢ ᠬᠤᠭᠤᠴᠠᠭᠠᠨ ᠤ ᠨᠡᠮᠡᠭᠳᠡᠯ ᠤᠨ ᠬᠡᠮᠵᠢᠶ᠎ᠡ ᠨᠢ ᠬᠠᠮᠤᠭ ᠤᠨ ᠶᠡᠭᠡ ᠳᠤ ᠪᠠᠨ 9.79% ᠳᠤ ᠬᠦᠷᠴᠡᠢ᠂ ᠥᠳᠬᠡᠷᠡᠭᠦᠯᠦᠭᠰᠡᠨ ᠳᠡᠵᠢᠭᠡᠯ ᠪᠣᠷᠲᠤᠭ᠎ᠠ ᠶᠢᠨ ᠳᠣᠮᠳᠠ ᠬᠡᠪᠢᠬᠦ ᠳᠦᠷᠦᠯ ᠤᠨ ᠳᠡᠵᠢᠭᠡᠯ ᠪᠣᠷᠲᠤᠭ᠎ᠠ ᠨᠢ ᠡᠮᠦᠨᠡᠬᠢ ᠬᠤᠭᠤᠴᠠᠭᠠᠨ ᠤ ᠠᠴᠠ ᠪᠠᠨ 2.42% ᠢᠶᠠᠷ ᠨᠡᠮᠡᠭᠳᠡᠪᠡ᠃                 ᠳᠡᠵᠢᠭᠡᠯ ᠪᠣᠷᠳᠤᠭ᠎ᠠ ᠶᠢᠨ ᠭᠠᠷᠤᠯᠲᠠ ᠶᠢᠨ ᠳᠦᠷᠦᠯ ᠵᠦᠢᠯ ᠠᠴᠠ ᠠᠪᠴᠦ ᠦᠵᠡᠪᠡᠯ᠂ ᠥᠨᠳᠡᠭᠡᠯᠡᠬᠦ ᠵᠢᠭᠦᠷᠳᠡᠨ ᠤ ᠳᠦᠷᠦᠯ ᠤᠨ ᠳᠡᠵᠢᠭᠡᠯ ᠪᠣᠷᠳᠤᠭ᠎ᠠ ᠶᠢᠨ ᠭᠠᠷᠤᠯᠲᠠ ᠶᠢᠨ ᠬᠡᠮᠵᠢᠶ᠎ᠡ ᠨᠢ ᠡᠮᠦᠨᠡᠬᠢ ᠬᠤᠭᠤᠴᠠᠭᠠᠨ ᠤ ᠠᠴᠠ ᠪᠠᠨ 19.9% ᠢᠶᠠᠷ ᠨᠡᠮᠡᠭᠳᠡᠪᠡ᠂ ᠬᠡᠪᠢᠬᠦ ᠳᠦᠷᠦᠯ ᠤᠨ ᠳᠡᠵᠢᠭᠡᠯ ᠪᠣᠷᠳᠤᠭ᠎ᠠ ᠨᠢ ᠡᠮᠦᠨᠡᠬᠢ ᠬᠤᠭᠤᠴᠠᠭᠠᠨ ᠤ ᠠᠴᠠ ᠪᠠᠨ 5.10% ᠢᠶᠠᠷ ᠨᠡᠮᠡᠭᠳᠡᠪᠡ᠃ ᠬᠤᠶᠠᠳᠤᠭᠠᠷ ᠤᠯᠠᠷᠢᠯ ᠤᠨ ᠳᠡᠵᠢᠭᠡᠯ ᠪᠣᠷᠳᠤᠭ᠎ᠠ ᠶᠢᠨ ᠦᠢᠯᠡᠳᠪᠦᠷᠢᠯᠡᠯ ᠤᠨ ᠦᠢᠯᠡᠳᠭᠦᠨ ᠤ ᠪᠠᠶᠢᠳᠠᠯ ᠤᠨ ᠵᠠᠳᠠᠯᠤᠯᠲᠠ ᠶᠢ ᠦᠨᠳᠦᠰᠦᠯᠡᠪᠡᠯ᠂ ᠳᠡᠵᠢᠭᠡᠯ ᠪᠣᠷᠲᠤᠭ᠎ᠠ ᠶᠢᠨ ᠭᠠᠷᠤᠯᠲᠠ ᠶᠢᠨ ᠬᠡᠮᠵᠢᠶ᠎ᠡ ᠨᠡᠮᠡᠭᠳᠡᠭᠰᠡᠨ ᠤ ᠰᠢᠯᠲᠠᠭᠠᠨ ᠨᠢ᠂ ᠨᠢᠭᠡ ᠳᠤ ᠰᠥᠩ ᠱᠠᠨ ᠲᠣᠭᠤᠷᠢᠭ ᠤᠨ ᠠᠵᠤ ᠦᠢᠯᠡᠰᠵᠢᠯᠡᠯᠲᠡ ᠢ ᠲᠠᠰᠤᠷᠠᠯᠲᠠ ᠦᠭᠡᠢ ᠳᠦᠯᠬᠢᠨ ᠠᠬᠢᠭᠤᠯᠬᠤ ᠶᠢᠨ ᠳᠠᠭᠠᠤ᠂ ᠳᠡᠵᠢᠭᠡᠨ ᠦᠷᠡᠵᠢᠭᠦᠯᠬᠦ ᠦᠢᠯᠡᠰ ᠯᠠᠪᠳᠠᠭᠤᠨ ᠲᠣᠭᠲᠠᠭᠤᠨ ᠡᠷᠡᠭᠦᠯ ᠢᠶᠠᠷ ᠬᠦᠭᠵᠢᠨ᠂ ᠳᠡᠵᠢᠭᠡᠨ ᠦᠷᠡᠵᠢᠭᠦᠯᠬᠦ ᠡᠷᠦᠬᠡ ᠶᠢᠨ ᠢᠳᠡᠪᠬᠢ ᠴᠢᠨᠠᠷ ᠢ ᠳᠡᠭᠡᠰᠢᠯᠡᠭᠦᠯᠵᠠᠢ᠃ ᠬᠤᠶᠠᠷ ᠲᠤ 2017 ᠣᠨ ᠤ ᠬᠤᠶᠠᠳᠤᠭᠠᠷ ᠤᠯᠠᠷᠢᠯ ᠤᠨ ᠡᠷᠳᠡᠨᠢ ᠰᠢᠰᠢ ᠤᠨ ᠦᠨ᠎ᠡ ᠬᠠᠩᠰᠢ ᠨᠡᠯᠢᠶᠡᠳ ᠲᠣᠭᠲᠠᠪᠤᠷᠢᠲᠠᠢ ᠪᠠᠶᠢᠵᠦ᠂ 6 ᠰᠠᠷ᠎ᠠ ᠲᠤ ᠵᠢᠭᠠᠬᠠᠨ ᠳᠡᠭᠡᠭᠰᠢᠯᠡᠪᠡ᠃ ᠳᠡᠵᠢᠭᠡᠯ ᠪᠣᠷᠳᠤᠭ᠎ᠠ ᠶᠢᠨ ᠳᠦᠭᠦᠬᠡᠢ ᠮᠠᠲ᠋ᠧᠷᠢᠶᠠᠯ ᠪᠣᠯᠬᠤ ᠵᠢᠭᠠᠰᠤᠨ ᠨᠣᠨᠳᠤᠭ᠂ ᠪᠣᠷᠴᠠᠭ ᠤᠨ ᠰᠢᠭᠠᠷᠤ᠂ ᠬᠦᠪᠦᠩ ᠤᠨ ᠰᠢᠭᠠᠷᠤ ᠵᠡᠷᠭᠡ ᠶᠢᠨ ᠦᠨ᠎ᠡ ᠬᠠᠩᠰᠢ ᠨᠢ ᠦᠨᠳᠦᠰᠦᠨ ᠳᠤ ᠪᠠᠨ ᠲᠣᠭᠲᠠᠪᠤᠷᠢᠲᠠᠢ ᠪᠠᠶᠢᠭᠰᠠᠨ ᠠᠴᠠ᠂ ᠳᠡᠵᠢᠭᠡᠯ ᠪᠣᠷᠳᠤᠭ᠎ᠠ ᠶᠢᠨ ᠭᠠᠷᠤᠯᠲᠠ ᠨᠢ ᠡᠮᠦᠨᠡᠬᠢ ᠬᠤᠭᠤᠴᠠᠭᠠᠨ ᠤ ᠠᠴᠠ ᠪᠠᠨ ᠳᠡᠭᠡᠭᠰᠢᠯᠡᠬᠦ ᠬᠠᠨᠳᠤᠰᠢ ᠲᠠᠢ ᠪᠣᠯᠤᠭᠰᠠᠨ ᠪᠠᠶᠢᠨ᠎ᠠ᠃             ᠳᠦᠰᠦᠭᠡᠯᠡᠬᠦ ᠪᠠᠷ᠂ ᠭᠤᠷᠪᠠᠳᠤᠭᠠᠷ ᠤᠯᠠᠷᠢᠯ ᠤᠨ ᠡᠷᠳᠡᠨᠢ ᠰᠢᠰᠢ ᠤᠨ ᠦᠨ᠎ᠡ ᠬᠠᠩᠰᠢ ᠤᠨ ᠬᠤᠪᠢᠷᠠᠯᠲᠠ ᠶᠡᠭᠡ ᠪᠢᠰᠢ᠂ ᠳᠡᠵᠢᠭᠡᠯ ᠪᠣᠷᠳᠤᠭ᠎ᠠ ᠶᠢᠨ ᠳᠦᠭᠦᠬᠡᠢ ᠮᠠᠲ᠋ᠧᠷᠢᠶᠠᠯ ᠶᠢᠨ ᠦᠨ᠎ᠡ ᠬᠠᠩᠰᠢ ᠤᠨ ᠥᠰᠬᠦ ᠬᠡᠮᠵᠢᠶ᠎ᠡ ᠨᠢ ᠴᠦ ᠲᠡᠶᠢᠮᠦ ᠶᠡᠭᠡ ᠪᠢᠰᠢ᠂ ᠰᠥᠩ ᠱᠠᠨ ᠲᠤᠭᠤᠷᠢᠭ ᠤᠨ ᠳᠡᠵᠢᠭᠡᠨ ᠪᠣᠷᠳᠤᠬᠤ ᠭᠡᠷ ᠤᠨ ᠳᠡᠵᠢᠭᠡᠪᠦᠷᠢ ᠪᠠ ᠳᠡᠵᠢᠭᠡᠬᠦ ᠭᠠᠭ᠋ᠠᠢ᠂ ᠵᠢᠭᠦᠷᠳᠡᠨ ᠶᠢᠨ ᠲᠤᠭ᠎ᠠ ᠬᠡᠮᠵᠢᠶ᠎ᠡ ᠨᠢ ᠨᠡᠮᠡᠭᠳᠡᠨ᠂ ᠡᠭᠦᠨ ᠤ ᠳᠠᠭᠠᠤ ᠳᠡᠵᠢᠭᠡᠯ ᠪᠣᠷᠳᠤᠭ᠎ᠠ ᠶᠢᠨ ᠬᠡᠷᠡᠭᠴᠡᠭᠡ ᠨᠢ ᠳᠠᠭᠠᠯᠳᠤᠨ ᠶᠡᠬᠡᠰᠴᠦ᠂ ᠳᠡᠵᠢᠭᠡᠯ ᠪᠣᠷᠳᠤᠭ᠎ᠠ ᠶᠢᠨ ᠭᠠᠷᠤᠯᠲᠠ ᠨᠢ ᠦᠷᠭᠦᠯᠵᠢᠯᠡᠨ ᠨᠡᠮᠡᠭᠳᠡᠬᠦ ᠪᠣᠯᠣᠨ᠎ᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号