1-11 ᠰᠠᠷ᠎ᠠ ᠶᠢᠨ ᠰᠥᠩ ᠱᠠᠨ ᠲᠣᠭᠤᠷᠢᠭ ᠤᠨ ᠬᠡᠪᠴᠢᠶᠡᠨ ᠠᠴᠠ ᠳᠡᠭᠡᠭᠰᠢᠬᠢ 60 ᠠᠵᠤ ᠦᠢᠯᠡᠳᠪᠦᠷᠢ ᠠᠵᠤ ᠠᠬᠤᠶᠢᠯᠠᠯ ᠨᠢ 139.06 ᠳ᠋ᠦᠩᠰᠢᠭᠤᠷ ᠲᠦᠭᠦᠷᠢᠭ ᠤᠨ ᠦᠢᠯᠡᠳᠪᠦᠷᠢ ᠶᠢᠨ ᠪᠦᠳᠦᠭᠡᠭᠳᠡᠭᠦᠨ ᠤ ᠶᠡᠷᠦᠩᠬᠡᠢ ᠥᠷᠳᠡᠭ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2017/8/3
           2016 ᠣᠨ ᠤ 1-11 ᠰᠠᠷ᠎ᠠ ᠳᠤ᠂ ᠰᠥᠩ ᠱᠠᠨ ᠲᠣᠭᠤᠷᠢᠭ ᠤᠨ ᠬᠡᠪᠴᠢᠶᠡᠨ ᠠᠴᠠ ᠳᠡᠭᠡᠭᠰᠢᠬᠢ 60 ᠠᠵᠤ ᠦᠢᠯᠡᠳᠪᠦᠷᠢ ᠠᠵᠤ ᠠᠬᠤᠶᠢᠯᠠᠯ ᠨᠢ 139.06 ᠳ᠋ᠦᠩᠰᠢᠭᠤᠷ ᠲᠦᠭᠦᠷᠢᠭ ᠤᠨ ᠦᠢᠯᠡᠳᠪᠦᠷᠢ ᠶᠢᠨ ᠪᠦᠳᠦᠭᠡᠭᠳᠡᠭᠦᠨ ᠤ ᠶᠡᠷᠦᠩᠬᠡᠢ ᠥᠷᠳᠡᠭ ᠢ ᠪᠡᠶᠡᠯᠡᠭᠦᠯᠦᠨ᠂ ᠨᠡᠶᠢᠲᠡ 1.3% ᠪᠠᠷ ᠨᠡᠮᠡᠭᠳᠡᠪᠡ᠃               ᠬᠦᠨᠳᠦ ᠬᠦᠩᠭᠡᠨ ᠠᠵᠤ ᠦᠢᠯᠡᠰ ᠢᠶᠠᠷ ᠠᠪᠴᠦ ᠦᠵᠡᠪᠡᠯ᠂ 1-11 ᠰᠠᠷ᠎ᠠ ᠶᠢᠨ ᠬᠦᠩᠭᠡᠨ ᠠᠵᠤ ᠦᠢᠯᠡᠳᠪᠦᠷᠢ ᠶᠢᠨ ᠪᠦᠳᠦᠭᠡᠭᠳᠡᠭᠦᠨ ᠤ ᠦᠷᠲᠡᠭ ᠨᠢ 6.72 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠠᠴᠠ ᠪᠠᠨ 38.6% ᠢᠶᠠᠷ ᠲᠣᠷᠤᠭᠰᠢᠯᠠᠪᠠ᠃ ᠬᠦᠨᠳᠦ ᠠᠵᠤ ᠦᠢᠯᠡᠳᠪᠦᠷᠢ ᠤᠨ ᠪᠦᠳᠦᠭᠡᠭᠳᠡᠭᠦᠨ ᠤ ᠦᠷᠲᠡᠭ ᠨᠢ 132.34 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠠᠴᠠ ᠪᠠᠨ 3.5% ᠢᠶᠠᠷ ᠨᠡᠮᠡᠭᠳᠡᠪᠡ᠃ ᠠᠵᠤ ᠠᠬᠤᠢ ᠤᠨ ᠲᠦᠷᠦᠯ ᠵᠦᠢᠯ ᠠᠪᠴᠦ ᠦᠵᠡᠪᠡᠯ᠂ 1-11 ᠰᠠᠷ᠎ᠠ ᠶᠢᠨ ᠤᠯᠤᠰ ᠤᠨ ᠥᠮᠴᠢᠯᠡᠯᠳᠦ ᠠᠵᠤ ᠠᠬᠤᠶᠢᠯᠠᠯ ᠤᠨ ᠪᠦᠳᠦᠭᠡᠭᠳᠡᠭᠦᠨ ᠤ ᠦᠷᠲᠡᠭ ᠨᠢ 2.16 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠠᠴᠠ ᠪᠠᠨ 3.8% ᠢᠶᠠᠷ ᠨᠡᠮᠡᠭᠳᠡᠪᠡ᠃ ᠬᠤᠪᠢᠴᠠᠭᠠᠳᠤ ᠠᠵᠤ ᠠᠬᠤᠶᠢᠯᠠᠯ ᠤᠨ ᠪᠦᠳᠦᠭᠡᠭᠳᠡᠭᠦᠨ ᠤ ᠦᠷᠲᠡᠭ ᠨᠢ 129.4 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠠᠴᠠ ᠪᠠᠨ 3.8% ᠢᠶᠠᠷ ᠨᠡᠮᠡᠭᠳᠡᠪᠡ᠃ 1-11 ᠰᠠᠷ᠎ᠠ ᠶᠢᠨ᠂ ᠠᠵᠤ ᠦᠢᠯᠡᠳᠪᠦᠷᠢ ᠠᠵᠤ ᠠᠬᠤᠶᠢᠯᠠᠯ ᠤᠨ ᠪᠣᠷᠤᠯᠠᠭᠤᠯᠭ᠎ᠠ ᠶᠢᠨ ᠪᠦᠳᠦᠭᠡᠭᠳᠡᠭᠦᠨ ᠤ ᠦᠷᠲᠡᠭ ᠨᠢ 139.64 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠠᠴᠠ ᠪᠠᠨ 2.1% ᠢᠶᠠᠷ ᠨᠡᠮᠡᠭᠳᠡᠪᠡ᠃ ᠠᠵᠤ ᠦᠢᠯᠡᠳᠪᠦᠷᠢ ᠠᠵᠤ ᠠᠬᠤᠶᠢᠯᠠᠯ ᠤᠨ ᠪᠦᠳᠦᠭᠡᠭᠳᠡᠭᠦᠨ ᠤ ᠪᠣᠷᠤᠯᠠᠭᠤᠯᠭ᠎ᠠ ᠶᠢᠨ ᠨᠣᠷᠮ᠎ᠠ ᠨᠢ 100.4% ᠳᠤ ᠬᠦᠷᠴᠦ ᠂ ᠠᠳᠠᠯᠢ ᠬᠤᠭᠤᠴᠠᠭᠠᠨ ᠤ ᠠᠴᠠ ᠪᠠᠨ 0.8 ᠵᠠᠭᠤᠨ ᠤ ᠬᠤᠪᠢ ᠶᠢᠨ ᠴᠡᠭ ᠢᠶᠠᠷ ᠨᠡᠮᠡᠭᠳᠡᠪᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号