— ᠤᠯᠠᠭᠠᠨᠬᠠᠳᠠ ᠬᠤᠲᠠ ᠶᠢᠨ ᠰᠦᠩ ᠱᠠᠨ ᠲᠣᠭᠤᠷᠢᠭ ᠤᠨ ᠨᠠᠶᠢᠮᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ | ᠤᠯᠠᠭᠠᠨᠬᠠᠳᠠ ᠬᠤᠲᠠ ᠶᠢᠨ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ | ᠣᠷᠤᠯᠠᠭᠴᠢ ᠳᠠᠷᠤᠭ᠎ᠠ ᠵᠢᠶᠠᠩ ᠼᠦᠩ | ᠲᠥᠯᠥᠭᠡᠯᠡᠭᠴᠢᠳ ᠡ᠄ | ᠣᠳᠣ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠢ ᠲᠥᠯᠦᠭᠡᠯᠡᠵᠦ᠂ ᠶᠡᠭᠡ ᠬᠤᠷᠠᠯ ᠳᠤ | ᠠᠵᠢᠯ ᠤᠨ ᠢᠯᠡᠳᠬᠡᠯ ᠬᠢᠶ᠎ᠠ᠂ ᠬᠢᠨᠠᠨ ᠶᠠᠷᠢᠯᠴᠠᠬᠤ ᠪᠣᠯᠪᠠᠤ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠵᠤ ᠪᠠᠶᠢᠭ᠎ᠠ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | | 2016 ᠣᠨ ᠤ ᠠᠵᠢᠯ ᠤᠨ ᠲᠤᠬᠠᠶ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠬᠦᠨᠳᠦ ᠬᠡᠴᠡᠭᠦᠦ ᠲᠦᠪᠡᠭ ᠪᠤᠳᠤᠯᠢᠶᠠᠨᠲᠠᠶ ᠪᠠᠶᠢᠳᠠᠯ ᠪᠠ ᠠᠵᠤ ᠠᠬᠤᠶ ᠶᠢᠨ | ᠦᠷᠭᠦᠯᠵᠢᠯᠡᠨ ᠮᠠᠭᠤᠳᠠᠬᠤ ᠳᠠᠷᠤᠯᠲᠠ ᠳᠤ ᠲᠤᠯᠭᠠᠷᠠᠭᠰᠠᠨ ᠴᠦ᠂ ᠲᠣᠭᠤᠷᠢᠭ ᠤᠨ ᠨᠠᠮ ᠤᠨ ᠬᠤᠷᠢᠶᠠᠨ ᠤ ᠡᠷᠡᠰ | ᠴᠢᠩᠭ᠎ᠠ ᠤᠳᠤᠷᠢᠳᠤᠯᠭ᠎ᠠ ᠶᠢᠨ ᠳᠣᠣᠷ᠎ᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠲᠠᠯᠪᠢᠬᠤ ᠳᠡᠮᠵᠢᠯᠭᠡ ᠳᠣᠣᠷ᠎ᠠ᠂ ᠪᠦᠬᠦ | ᠣᠷᠣᠨ ᠢᠶᠠᠷ ᠢᠶᠠᠨ ᠰᠡᠳᠬᠢᠯ ᠨᠢᠭᠡᠳᠬᠡᠨ ᠬᠦᠴᠦ ᠪᠠᠨ ᠬᠠᠮᠲᠤᠳᠬᠠᠵᠤ᠂ ᠴᠠᠭ ᠲᠣᠬᠢᠶᠠᠯ ᠢ ᠠᠮᠵᠢᠨ ᠠᠳᠬᠤᠵᠤ᠂ | ᠬᠦᠴᠢᠷ ᠪᠡᠷᠬᠡᠰᠢᠶᠡᠯ ᠢ ᠢᠯᠠᠨ ᠳᠠᠪᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠪᠡᠶᠡᠯᠡᠭᠦᠯᠵᠦ᠂ | ᠯᠠᠪᠳᠠᠭᠤᠨ ᠢᠶᠠᠷ ᠦᠢᠯᠡᠰ ᠪᠦᠳᠦᠭᠡᠵᠦ᠂ ᠲᠣᠭᠲᠠᠭᠤᠨ ᠢᠶᠠᠷ ᠤᠷᠤᠭᠰᠢᠯᠠᠵᠠᠶ᠃ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ 270.14 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 8.3% ᠪᠠᠷ | ᠨᠡᠮᠡᠭᠳᠡᠪᠡ︔ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 13.03 ᠳ᠋ᠦᠩᠰᠢᠭᠤᠷ | ᠲᠥᠭᠦᠷᠢᠭ ᠲᠤ ᠬᠦᠷᠴᠦ᠂ 33.3% ᠪᠠᠷ ᠨᠡᠮᠡᠭᠳᠡᠪᠡ︔ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠨᠢ | 219.48 ᠳ᠋ᠦᠩᠰᠢᠭᠤᠷ ᠲᠥᠭᠦᠷᠢᠭ ᠪᠠᠶᠢᠵᠦ᠂ 17.1% ᠪᠠᠷ ᠨᠡᠮᠡᠭᠳᠡᠵᠡᠶ︔ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 119.83 ᠳ᠋ᠦᠩᠰᠢᠭᠤᠷ ᠲᠥᠭᠦᠷᠢᠭ ᠳᠤ ᠬᠦᠷᠴᠦ᠂ 10. | 1% ᠪᠠᠷ ᠨᠡᠮᠡᠭᠳᠡᠵᠡᠢ︔ ᠮᠥᠩᠭᠦᠨ ᠭᠦᠢᠯᠭᠡᠭᠡᠨ ᠤ ᠪᠠᠢᠭᠤᠯᠤᠮᠵᠢ ᠶᠢᠨ ᠬᠠᠳᠠᠭᠠᠯᠠᠮᠵᠢ ᠶᠢᠨ ᠦᠯᠡᠳᠡᠪᠦᠷᠢ 312.77 | ᠳ᠋ᠦᠩᠰᠢᠭᠤᠷ ᠲᠥᠭᠦᠷᠢᠭ ᠪᠠᠶᠢᠵᠦ᠂ 19.3% ᠪᠠᠷ ᠨᠡᠮᠡᠭᠳᠡᠪᠡ︔ ᠵᠢᠭᠡᠯᠡᠯᠭᠡ ᠶᠢᠨ ᠦᠯᠡᠳᠡᠪᠦᠷᠢ ᠲᠤᠭ᠎ᠠ 252.98 | ᠳ᠋ᠦᠩᠰᠢᠭᠤᠷ ᠲᠥᠭᠦᠷᠢᠭ ᠪᠠᠶᠢᠵᠦ᠂ 61.3% ᠪᠠᠷ ᠨᠡᠮᠡᠭᠳᠡᠵᠦ᠂ ᠬᠤᠲᠠ ᠪᠠᠯᠭᠠᠰᠤ ᠪᠣᠯᠤᠨ ᠬᠥᠳᠡᠭᠡ | ᠲᠣᠰᠬᠤᠨ ᠳᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ | ᠣᠷᠣᠯᠭ᠎ᠠ 28873 ᠳ᠋ᠦᠩᠰᠢᠭᠤᠷ ᠲᠥᠭᠦᠷᠢᠭ ᠪᠠ 12428 ᠳ᠋ᠦᠩᠰᠢᠭᠤᠷ ᠲᠥᠭᠦᠷᠢᠭ ᠲᠤ ᠬᠦᠷᠴᠦ᠂ ᠲᠤᠰ | ᠲᠤᠰ 8 .7 % ᠪᠠ 8.1% ᠪᠠᠷ ᠨᠡᠮᠡᠭᠳᠡᠵᠡᠢ᠃ ᠭᠤᠣᠯ ᠪᠣᠯᠬᠤ ᠠᠵᠤ ᠠᠬᠤᠶ ᠶᠢᠨ ᠭᠦᠢᠴᠡᠳᠬᠡᠬᠦ ᠲᠤᠭ᠎ᠠ ᠨᠢ | ᠪᠦᠬᠦ ᠬᠤᠲᠠ ᠶᠢᠨ ᠲᠡᠷᠢᠭᠦᠨ ᠤ ᠡᠩᠨᠡᠭᠡᠨ ᠳᠤ ᠶᠠᠪᠤᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠨᠢ ᠲᠣᠭᠲᠠᠭᠤᠨ | ᠪᠥᠭᠡᠳ ᠰᠠᠶᠢᠵᠢᠷᠠᠬᠤ ᠬᠠᠨᠳᠤᠰᠢ ᠶᠢ ᠪᠠᠲᠤᠯᠠᠵᠤ ᠪᠠᠶᠢᠨ᠎ᠠ᠃ | ︵ᠨᠢᠭᠡ︶ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ 30 ᠰᠠᠯᠠᠭ᠎ᠠ ᠮᠥᠴᠢᠷ 191 | ᠵᠦᠢᠯ ᠤᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠶᠢ ᠪᠦᠬᠦᠨ ᠢ ᠵᠠᠰᠠᠭ ᠶᠢᠨ ᠶᠠᠪᠤᠳᠠᠯ ᠤᠨ | ᠦᠢᠯᠡᠴᠢᠯᠡᠭᠡᠨ ᠤ ᠲᠥᠪ ᠳᠤ ᠣᠷᠤᠭᠤᠯᠵᠠᠢ᠃ ᠪᠦᠬᠦ ᠵᠢᠯ ᠤᠨ ᠡᠯ᠎ᠡ ᠲᠦᠷᠦᠯ ᠤᠨ ᠬᠦᠯᠢᠶᠡᠨ ᠠᠪᠴᠤ | ᠰᠢᠢᠳᠪᠦᠷᠢᠯᠡᠬᠦ ᠶᠠᠪᠤᠳᠠᠯ ᠨᠢ 12.8 ᠲᠦᠮᠡᠨ ᠤᠴᠢᠷ ᠳᠤ ᠬᠦᠷᠴᠠᠢ︔ ᠰᠢᠶᠠᠩ ᠪᠠᠯᠭᠠᠰᠤ ᠪᠣᠯᠤᠨ ᠵᠡᠭᠡᠯᠢ | ᠭᠤᠳᠤᠮᠵᠢ ᠶᠢᠨ 21 ᠦᠢᠯᠡᠴᠢᠯᠡᠭᠡᠨ ᠤ ᠲᠢᠩᠬᠢᠮ᠂ 299 ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ | ᠦᠷᠲᠡᠭᠡ ᠨᠢ ᠪᠦᠬᠦᠨ ᠢᠶᠠᠷ ᠢᠶᠠᠨ ᠡᠮᠬᠢ ᠵᠢᠷᠤᠮ ᠲᠠᠢ ᠠᠵᠢᠯᠯᠠᠭᠠᠨ ᠳᠤ ᠤᠷᠤᠵᠠᠢ᠂ ᠭᠠᠴᠠᠭᠠᠨ ᠤ ᠱᠠᠲᠤᠨ ᠤ | ᠣᠷᠣᠯᠠᠨ ᠭᠦᠢᠴᠡᠳᠬᠡᠬᠦ ᠦᠢᠯᠡᠴᠢᠯᠡᠭᠡᠨ ᠤ ᠶᠠᠪᠤᠳᠠᠯ ᠨᠢ 75 ᠳᠦᠷᠦᠯ ᠳᠤ ᠬᠦᠷᠴᠠᠢ︔ 3894 ᠵᠦᠢᠯ ᠤᠨ ᠡᠷᠬᠡ | ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠢ ᠪᠦᠬᠦ ᠲᠠᠯ᠎ᠠ ᠪᠠᠷ ᠡᠮᠬᠢᠯᠡᠨ ᠨᠡᠶᠢᠳᠡᠯᠡᠵᠦ᠂ ᠨᠡᠶᠢᠭᠡᠮ ᠤᠨ | ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠡ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ | ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ᠠᠵᠤ ᠠᠬᠤᠶᠢᠯᠠᠯ ᠤᠨ ︽ᠲᠠᠪᠤᠨ ᠦᠨᠡᠮᠯᠡᠯ ᠢ ᠨᠢᠭᠡᠳᠬᠡᠬᠦ︾ | ᠭᠡᠷᠡᠴᠢ ᠦᠨᠡᠮᠯᠡᠯ ᠶᠢ 1566 ᠬᠠᠭᠤᠳᠠᠰᠤ ᠣᠯᠭᠤᠨ᠂ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ | ᠡᠷᠦᠬᠡ ᠶᠢᠨ ︽ᠬᠤᠶᠠᠷ ᠦᠨᠡᠮᠯᠡᠯ ᠢ ᠨᠢᠭᠡᠳᠬᠡᠬᠦ︾ ᠡᠷᠬᠡ ᠶᠢᠨ ᠭᠡᠷᠡᠴᠢ ᠦᠨᠡᠮᠯᠡᠯ ᠢ 530 ᠬᠠᠭᠤᠳᠠᠰᠤ ᠣᠯᠭᠤᠯᠵᠤ | ᠂ ᠰᠢᠨ᠎ᠡ ᠪᠠᠷ ᠳᠠᠩᠰᠠᠯᠠᠭᠤᠯᠤᠭᠰᠠᠨ ᠵᠠᠬ᠎ᠠ ᠳᠡᠯᠭᠡᠭᠦᠷ ᠤᠨ ᠪᠡᠶᠡᠴᠢ ᠴᠣᠭᠴᠠ 9855 ᠡᠷᠦᠬᠡ ᠳᠤ ᠬᠦᠷᠦᠨ᠂ ᠪᠦᠬᠦ | ᠣᠷᠣᠨ ᠤ ᠵᠠᠬ᠎ᠠ ᠳᠡᠯᠭᠡᠭᠦᠷ ᠶᠢᠨ ᠭᠤᠣᠯ ᠴᠣᠭᠴᠠ ᠨᠢ 2.9 ᠲᠦᠮᠡᠨ ᠡᠷᠦᠬᠡ ᠢ ᠳᠠᠪᠠᠵᠠᠢ᠃ ᠬᠥᠳᠡᠭᠡ ᠲᠣᠰᠬᠤᠨ ᠤ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠵᠤ᠂ ᠬᠥᠳᠡᠭᠡ ᠲᠣᠰᠬᠤᠨ ᠳᠤ ᠡᠬᠢᠯᠡᠨ ᠭᠠᠵᠠᠷ ᠰᠢᠷᠣᠶ | ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠵᠦ᠂ ᠵᠢᠵᠢᠭ ᠬᠡᠯᠪᠡᠷᠢ ᠶᠢᠨ ᠤᠰᠤᠨ | ᠠᠰᠢᠭᠯᠠᠯᠲᠠ ᠶᠢᠨ ᠪᠠᠷᠢᠯᠭ᠎ᠠ ᠶᠢᠨ ᠥᠮᠴᠢᠯᠡᠯ ᠤᠨ ᠡᠷᠬᠡ ᠶᠢᠨ ᠲᠦᠷᠢᠮ ᠪᠠ ᠲᠠᠷᠢᠶᠠᠯᠠᠩ ᠤᠨ ᠤᠰᠤᠨ ᠤ ᠦᠨ᠎ᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠢᠵᠠᠢ︔ ᠤᠯᠤᠰ ᠤᠨ ᠥᠮᠴᠢᠯᠡᠯ ᠤᠨ ᠤᠢ ᠰᠢᠭᠤᠶ ᠶᠢᠨ ᠲᠠᠯᠠᠪᠠᠢ ᠶᠢᠨ | ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠶᠢ ᠨᠡᠶᠢᠲᠡᠯᠡᠵᠦ᠂ ᠬᠥᠷᠥᠩᠭᠡ ᠶᠢᠨ ᠬᠢᠨᠠᠨ ᠪᠣᠳᠣᠯᠲᠠ᠂ ᠣᠷᠣᠨ | ᠲᠤᠭ᠎ᠠ ᠶᠢᠨ ᠬᠢᠨᠠᠨ ᠲᠣᠭᠲᠠᠭᠠᠯᠲᠠ᠂ ᠠᠵᠢᠯ ᠤᠨ ᠪᠠᠶᠢᠷᠢ ᠶᠢᠨ ᠳᠤᠬᠢᠷᠠᠭᠤᠯᠤᠯᠳᠠ ᠵᠡᠷᠭᠡ ᠡᠮᠦᠨᠡᠬᠢ ᠬᠤᠭᠤᠴᠠᠭᠠᠨ ᠤ | ᠠᠵᠢᠯ ᠶᠢ ᠪᠡᠶᠡᠯᠡᠭᠦᠯᠦᠭᠰᠡᠨ ᠪᠠᠶᠢᠨ᠎ᠠ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠯᠠᠪᠳᠠᠭᠤᠨ ᠢᠶᠠᠷ ᠲᠦᠯᠬᠢᠨ ᠠᠬᠢᠭᠤᠯᠵᠤ᠂ ᠪᠥᠬᠦ ᠰᠢᠰᠲ᠋ᠧᠮ ᠤᠨ ᠲᠥᠰᠦᠪ ᠪᠠ ᠣᠷᠣᠨ ᠲᠣᠭᠠᠨ ᠤ ᠰᠢᠰᠲ᠋ᠧᠮ ᠢ | ᠪᠠᠶᠢᠭᠤᠯᠵᠤ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠡᠳ᠋ ᠤᠨ ᠵᠠᠰᠠᠭ ᠤᠨ ᠰᠢᠰᠲ᠋ᠧᠮ ᠢ ᠲᠣᠬᠢᠷᠠᠭᠤᠯᠬᠤ | ᠲᠥᠰᠦᠯ ᠢ ᠨᠡᠶᠢᠲᠡᠯᠡᠨ ᠬᠡᠷᠡᠭᠵᠢᠭᠦᠯᠵᠦ᠂ ︽ᠲᠣᠣᠷ ᠰᠦᠯᠵᠢᠶ᠎ᠡ + ᠶᠡᠷᠦᠩᠬᠡᠶᠢᠯᠡᠭᠰᠡᠨ ᠭᠠᠶᠢᠯᠢ ᠶᠢ ᠵᠠᠰᠠᠬᠤ︾ | ᠲᠠᠪᠴᠠᠩ ᠤᠨ ᠪᠠᠶᠢᠭᠤᠯᠤᠯᠲᠠ ᠶᠢ ᠪᠡᠶᠡᠯᠡᠭᠦᠯᠵᠠᠢ᠃ ᠪᠡᠯᠡ ᠣᠷᠣᠭᠤᠯᠬᠤ ᠪᠡᠯᠡ ᠲᠣᠬᠢᠷᠠᠭᠤᠯᠬᠤ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ PPP ᠲᠥᠷᠥᠯ ᠵᠦᠢᠯ ᠢ 10 ᠶᠢ ᠨᠡᠶᠢᠳᠠᠪᠤᠷᠢᠵᠢᠭᠤᠯᠵᠠᠢ᠂ | ᠨᠡᠶᠢᠭᠡᠮ ᠤᠨ ᠬᠦᠷᠦᠩᠭᠡ ᠶᠢ 16.28 ᠳ᠋ᠦᠩᠰᠢᠭᠤᠷ ᠲᠥᠭᠦᠷᠢᠭ ᠬᠦᠳᠡᠯᠭᠡᠵᠠᠢ︔ ᠭᠤᠤᠯᠳᠠᠯᠭ᠎ᠠ ᠲᠠᠢ ᠲᠥᠷᠥᠯ | ᠵᠦᠢᠯ ᠢ 95 ᠬᠡᠷᠡᠭᠵᠢᠭᠦᠯᠵᠦ᠂ 99.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠢ | ᠪᠡᠶᠡᠯᠡᠭᠦᠯᠦᠭᠰᠡᠨ ᠪᠠᠶᠢᠨ᠎ᠠ︔ 125 ᠠᠷᠠᠯᠵᠢᠶᠠᠴᠢᠨ ᠤᠷᠢᠬᠤ ᠲᠦᠷᠦᠯ ᠵᠦᠢᠯ ᠶᠢ ᠣᠷᠣᠭᠤᠯᠤᠨ ᠠᠪᠴᠢᠷᠠᠵᠤ | ᠬᠡᠷᠡᠭᠵᠢᠭᠦᠯᠦᠨ᠂ ᠪᠣᠳᠠᠲᠠᠶᠢᠵᠢᠭᠤᠯᠤᠭᠰᠠᠨ ᠪᠡᠯᠡ ᠮᠥᠩᠭᠦ ᠨᠢ 72.1 ᠳ᠋ᠦᠩᠰᠢᠭᠤᠷ ᠲᠥᠭᠦᠷᠢᠭ ᠪᠣᠯᠤᠨ᠎ᠠ᠃ | ᠠᠯᠪᠠᠨ ᠤ ᠬᠡᠷᠡᠭᠯᠡᠭᠡᠨ ᠤ ᠲᠡᠷᠭᠡ᠂ ᠡᠮ ᠡᠮᠨᠡᠯᠭᠡ ᠶᠢᠨ ᠡᠷᠡᠭᠦᠯ ᠬᠠᠮᠠᠭᠠᠯᠠᠯ᠂ ᠬᠠᠩᠭᠠᠨ ᠪᠣᠷᠣᠯᠠᠭᠤᠯᠬᠤ ᠵᠡᠷᠭᠡ | ᠬᠦᠷᠢᠶᠡᠨ ᠳᠠᠬᠢ ᠥᠭᠡᠷᠡᠴᠢᠯᠡᠯᠲᠡ ᠢ ᠪᠦᠬᠦ ᠲᠠᠯ᠎ᠠ ᠪᠠᠷ ᠲᠦᠯᠬᠢᠨ ᠠᠬᠢᠭᠤᠯᠵᠠᠢ᠃ | ︵ᠬᠤᠶᠠᠷ︶ ᠠᠵᠤ ᠦᠢᠯᠡᠳᠪᠦᠷᠢ ᠶᠢᠨ ᠠᠵᠤ ᠠᠬᠤᠶ ᠲᠣᠭᠲᠠᠭᠤᠨ ᠪᠠᠶᠢᠬᠤ ᠶᠢᠨ ᠳᠤᠮᠳᠠ ᠤᠷᠤᠭᠰᠢᠯᠠᠵᠠᠶ᠃ | ᠬᠡᠪᠴᠢᠶᠡᠵᠢᠭᠰᠡᠨ ᠠᠵᠤ ᠠᠬᠤᠶᠢᠯᠠᠯ ᠨᠢ 3 ᠡᠷᠦᠬᠡ ᠰᠢᠨ᠎ᠡ ᠪᠠᠷ ᠨᠡᠮᠡᠭᠳᠡᠵᠦ᠂ ᠶᠡᠷᠦᠩᠬᠡᠶ ᠲᠤᠭ᠎ᠠ ᠨᠢ 60 ᠡᠷᠦᠬᠡ | ᠪᠣᠯᠵᠠᠢ᠂ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 110.38 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ 8. | 2% ᠨᠡᠮᠡᠭᠳᠡᠪᠡ᠃ 32 ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠦᠷᠤᠯ ᠵᠦᠢᠯ ᠪᠦᠬᠦᠨ ᠢᠶᠠᠷ ᠢᠶᠠᠨ ᠠᠵᠢᠯ | ᠰᠡᠷᠭᠦᠭᠡᠨ᠂ ᠵᠦᠩ ᠯᠠᠢ ᠪᠦᠯᠦᠭᠯᠡᠯ ᠤᠨ ᠲᠠᠷᠢᠶᠠᠯᠠᠩ ᠭᠡᠷᠡᠯ ᠶᠢᠨ ᠬᠠᠷᠢᠯᠴᠠᠨ ᠨᠦᠬᠦᠪᠦᠷᠢᠯᠡᠯᠲᠡ᠂ ᠳ᠋ᠦᠩ ᠰᠢᠤᠢ | ᠪᠦᠯᠦᠭᠯᠡᠯ ᠤᠨ ᠬᠤᠤ ᠴᠢᠩ ᠰᠢᠨ᠎ᠡ ᠡᠨᠧᠷᠭᠢ ᠶᠢᠨ ᠰᠤᠷᠪᠤᠯᠵᠢ ᠶᠢᠨ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ᠂ | ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠢᠯᠴᠢ ᠴᠠᠬᠢᠯᠭᠠᠨ ᠢ ᠵᠡᠷᠭᠡᠪᠡᠷ | ᠭᠠᠷᠭᠠᠬᠤ ᠲᠦᠷᠦᠯ ᠵᠦᠢᠯ ᠪᠠ ᠰᠢᠨ᠎ᠡ ᠬᠤᠲᠠ ᠶᠢᠨ ᠹᠦ᠋ ᠯᠦᠩ ᠢᠯᠴᠢ ᠶᠢᠨ ᠬᠦᠴᠦᠨ ᠤ ᠴᠠᠬᠢᠯᠭᠠᠨ ᠭᠠᠷᠭᠠᠬᠤ | ᠦᠢᠯᠡᠳᠪᠦᠷᠢ ᠢ ᠲᠤᠷᠰᠢᠨ ᠠᠵᠢᠯᠯᠠᠭᠤᠯᠵᠤ᠂ ᠴᠠᠢ ᠬᠤ᠋ ᠯᠠᠨ ᠽᠢ ᠠᠯᠲᠠᠨ ᠠᠭᠤᠷᠬᠠᠶ ᠮᠠᠯᠲᠠᠬᠤ ᠮᠡᠷᠭᠡᠵᠢᠯ ᠶᠢᠨ | ᠥᠭᠡᠷᠡᠴᠢᠯᠡᠯᠲᠡ᠂ ᠬᠤᠸᠠ ᠲᠠᠢ ᠠᠭᠤᠷᠬᠠᠶ ᠰᠤᠩᠭᠤᠨ ᠮᠠᠯᠲᠠᠬᠤ ᠦᠢᠯᠡᠰ ᠶᠢ ᠥᠷᠭᠡᠳᠬᠡᠨ ᠪᠠᠶᠢᠭᠤᠯᠬᠤ᠂ ᠶᠤᠸᠠᠨ | ᠢ ᠠᠮᠢᠳᠤ ᠪᠣᠳᠠᠰ ᠤᠨ ᠪᠠᠶᠢᠭᠠᠯᠢ ᠶᠢᠨ ᠰᠢᠲᠠᠮᠠᠬᠠᠶ ᠬᠡᠢ ᠵᠡᠷᠭᠡ ᠲᠥᠷᠥᠯ ᠵᠦᠢᠯ ᠢ ᠡᠮᠬᠢ ᠵᠢᠷᠤᠮ ᠲᠠᠢ ᠪᠠᠷ ᠲᠦᠯᠬᠢᠨ | ᠠᠬᠢᠭᠤᠯᠪᠠ᠃ ᠠᠩᠴᠢᠨ ᠤ ᠠᠵᠤ ᠦᠢᠯᠡᠳᠪᠦᠷᠢ ᠶᠢᠨ ᠬᠦᠷᠢᠶᠡᠯᠡᠩ ᠤᠨ ᠳᠠᠭᠠᠭᠠᠴᠠ ᠶᠢᠨ ᠴᠢᠳᠠᠪᠤᠷᠢ ᠨᠢ ᠢᠯᠡᠳᠲᠡ | ᠳᠡᠭᠡᠭᠰᠢᠯᠡᠵᠦ᠂ ᠲᠤᠰ ᠬᠦᠷᠢᠶᠡᠯᠡᠩ ᠳᠤ ᠨᠢᠭᠡᠨᠳᠡ 33 ᠠᠵᠤ ᠠᠬᠤᠶᠢᠯᠠᠯ ᠰᠠᠭᠤᠷᠢᠰᠢᠵᠦ᠂ ᠵᠢᠯ ᠤᠨ ᠦᠢᠯᠡᠳᠬᠦᠨ ᠤ | ᠤᠢᠷᠳᠡᠭ ᠤᠨ ᠬᠡᠮᠵᠢᠶ᠎ᠡ ᠨᠢ 15 .7 ᠳ᠋ᠦᠩᠰᠢᠭᠤᠷ ᠲᠥᠭᠦᠷᠢᠭ ᠳᠤ ᠬᠦᠷᠴᠠᠢ︔ ᠳ᠋ᠠᠯᠢᠶᠠᠨ  ̄ ᠭᠤᠸᠠᠩᠵᠧᠦ | ᠥᠨᠳᠥᠷ ᠬᠤᠷᠳᠤᠴᠠᠲᠤ ᠬᠠᠷᠢᠯᠴᠠᠨ ᠨᠡᠪᠲᠡᠷᠡᠯᠴᠡᠬᠦ ᠵᠠᠮ ᠪᠠ ᠲᠡᠮᠦᠷ ᠵᠠᠮ ᠤᠨ ᠰᠢᠵᠢᠮ ᠪᠠᠷᠢᠯᠭ᠎ᠠ ᠶᠢ ᠵᠥᠪᠰᠢᠶᠡᠷᠡᠬᠦ | ᠲᠤᠬᠠᠶ ᠴᠣᠬᠤᠯᠠᠪᠤᠷᠢ ᠬᠠᠷᠢᠭᠤᠯᠲᠠ ᠤᠯᠵᠠᠢ︔ ᠪᠠᠷᠢᠮᠵᠢᠶᠠᠲᠤ ᠦᠢᠯᠡᠳᠪᠦᠷᠢ ᠶᠢᠨ ᠭᠡᠷ ᠶᠢᠨ ᠨᠢᠭᠡ᠂ ᠬᠤᠶᠠᠳᠤᠭᠠᠷ | ᠬᠤᠭᠤᠴᠠᠭ᠎ᠠ ᠨᠢᠭᠡᠨᠳᠡ ᠠᠰᠢᠭᠯᠠᠯᠲᠠ ᠳᠤ ᠣᠷᠤᠵᠠᠢ︔ ᠯᠦᠩ ᠽᠧ ᠤᠰᠤ ᠠᠷᠪᠢᠯᠠᠬᠤ᠂ ᠰᠢᠨ᠎ᠡ ᠰᠣᠷᠭᠤᠭ ᠠᠯᠠᠰᠢᠨ | ᠢᠮᠠᠭᠠᠨ ᠮᠢᠬ᠎ᠠ ᠶᠢ ᠡᠳ᠋ᠰᠢᠭᠦᠯᠬᠦ ᠲᠦᠷᠦᠯ ᠵᠦᠢᠯ ᠨᠢ ᠠᠰᠢᠭᠯᠠᠯᠲᠠ ᠳᠤ ᠣᠷᠤᠵᠦ᠂ ᠵᠦᠩ ᠢ ᠰᠢᠬᠢᠷ ᠤᠨ ᠦᠢᠯᠡᠰ᠂ | ᠰᠢᠩ ᠶᠤᠸᠠᠨ ᠤᠰᠤ ᠠᠷᠪᠢᠯᠠᠬᠤ᠂ ᠮᠧᠩ ᠴᠢᠨ ᠲᠠᠬᠢᠶᠠᠨ ᠮᠢᠬ᠎ᠠ ᠡᠳ᠋ᠰᠢᠭᠦᠯᠬᠦ ᠲᠦᠷᠦᠯ ᠵᠦᠢᠯ᠂ ᠳ᠋ᠠ ᠲᠠᠩ | ᠬᠠᠪᠴᠢᠮᠠᠯ ᠪᠣᠣᠪᠤ᠂ ᠪᠠᠢ ᠱᠧᠩ ᠡᠭᠦᠳᠡ ᠴᠣᠩᠬᠤ ᠵᠡᠷᠭᠡ ᠲᠦᠷᠦᠯ ᠵᠦᠢᠯ ᠨᠢ ᠤᠷᠤᠭᠰᠢᠲᠠᠶ ᠬᠡᠷᠡᠭᠵᠢᠭᠦᠯᠦᠭᠳᠡᠪᠡ᠃᠂ | ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠨᠢ ᠯᠠᠪᠳᠠᠭᠤᠨ ᠢᠶᠠᠷ | ᠬᠥᠭᠵᠢᠵᠦ᠂ ᠦ᠋ ᠵᠢᠶᠠ ᠸᠠᠨ ᠵᠢᠩ ᠪᠡᠶᠡᠴᠢ ᠴᠣᠭᠴᠠ ᠶᠢᠨ ᠪᠠᠷᠢᠯᠭ᠎ᠠ ᠶᠢᠨ ᠠᠵᠢᠯ ᠳᠠᠭᠤᠰᠤᠭᠠᠳ᠂ ᠠᠷᠠᠯᠵᠢᠶᠠᠴᠢᠨ | ᠤᠷᠢᠬᠤ ᠵᠢᠵᠢᠭ ᠠᠵᠤ ᠠᠬᠤᠶᠢᠯᠠᠯ 42 ᠡᠷᠦᠬᠡ ᠪᠤᠯᠵᠦ ᠪᠠᠶᠢᠨ᠎ᠠ᠃ ᠰᠢᠶᠠ ᠵᠢᠶᠠ ᠳ᠋ᠢᠶᠠᠨ ᠤ ᠳᠤᠮᠳᠠ ᠵᠢᠵᠢᠭ ᠠᠵᠤ | ᠠᠬᠤᠶᠢᠯᠠᠯ ᠤᠨ ᠦᠢᠯᠡᠰ ᠴᠣᠭᠴᠠᠯᠠᠬᠤ ᠬᠦᠷᠢᠶᠡᠯᠡᠩ ᠳᠤ 69 ᠠᠵᠤ ᠠᠬᠤᠶᠢᠯᠠᠯ ᠰᠠᠭᠤᠷᠢᠰᠢᠵᠦ᠂ 32 ᠡᠷᠦᠬᠡ | ᠠᠵᠤ ᠠᠬᠤᠶᠢᠯᠠᠯ ᠨᠢ ᠠᠰᠢᠭᠯᠠᠯᠲᠠ ᠳᠤ ᠤᠷᠤᠵᠤ᠂ ᠵᠢᠯ ᠤᠨ ᠦᠢᠯᠡᠳᠬᠦᠨ ᠤ ᠤᠢᠷᠳᠡᠭ ᠤᠨ ᠬᠡᠮᠵᠢᠶ᠎ᠡ ᠨᠢ 5 | ᠳ᠋ᠦᠩᠰᠢᠭᠤᠷ ᠲᠥᠭᠦᠷᠢᠭ ᠳᠤ ᠬᠦᠷᠴᠦ᠂ 1500 ᠬᠥᠮᠦᠨ ᠶᠢ ᠠᠵᠢᠯ ᠣᠯᠭᠤᠯᠵᠤ ᠲᠥᠪᠬᠢᠨᠡᠭᠦᠯᠪᠡ᠃ | ︵ᠭᠤᠷᠪᠠ︶ ︽ᠲᠠᠷᠢᠶᠠᠯᠠᠩ᠂ ᠬᠥᠳᠡᠭᠡ ᠲᠣᠰᠬᠤᠨ᠂ ᠲᠠᠷᠢᠶᠠᠴᠢᠨ︾ ᠤ ᠠᠵᠢᠯ ᠤᠨ ᠶᠠᠰᠤ ᠴᠢᠨᠠᠷ ᠢ | ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠪᠡ᠃ ︽3661︾ ᠢᠨᠵᠧᠨᠧᠷᠢᠩ ᠢᠯᠡᠳᠲᠡ ᠦᠷ᠎ᠡ ᠪᠦᠲᠦᠮᠵᠢ | ᠤᠯᠪᠠ᠃ ᠭᠠᠵᠠᠷ ᠰᠢᠷᠣᠶ ᠶᠢᠨ ᠡᠷᠭᠢᠯᠲᠡ ᠶᠢᠨ ᠨᠤᠷᠮ᠎ᠠ᠂ ᠬᠠᠮᠲᠤᠷᠠᠨ ᠠᠵᠢᠯᠯᠠᠬᠤ ᠵᠣᠬᠢᠶᠠᠨ ᠪᠠᠶᠢᠭᠤᠯᠤᠯᠲᠠ ᠶᠢᠨ | ᠪᠦᠷᠬᠦᠴᠡ ᠶᠢᠨ ᠨᠤᠷᠮ᠎ᠠ᠂ ᠴᠢᠨᠠᠷ ᠰᠠᠶᠢᠲᠠᠶ ᠲᠠᠷᠢᠶᠠᠯᠠᠩ ᠪᠠ ᠮᠠᠯ ᠶᠢᠨ ᠠᠰᠢᠭ ᠰᠢᠮ᠎ᠡ ᠶᠢᠨ ᠪᠣᠯᠪᠠᠰᠤᠷᠠᠭᠤᠯᠤᠨ | ᠬᠤᠪᠢᠷᠠᠭᠤᠯᠬᠤ ᠨᠤᠷᠮ᠎ᠠ ᠨᠢ ᠲᠤᠰ ᠲᠤᠰ 53 %᠂ 45% ᠪᠠ 48.5% ᠪᠠᠷ ᠳᠡᠭᠡᠭᠰᠢᠯᠡᠪᠡ᠂ 12 ᠲᠦᠮᠡᠨ | ᠮᠥ ᠡᠷᠳᠡᠨᠢ ᠰᠢᠰᠢ ᠶᠢ ᠰᠢᠬᠠᠨ ᠠᠭᠰᠢᠭᠠᠵᠤ᠂ ᠠᠵᠤ ᠠᠬᠤᠶ ᠶᠢᠨ ᠲᠠᠷᠢᠮᠠᠯ ᠶᠢ 8.3 ᠲᠦᠮᠡᠨ ᠮᠦ ᠪᠣᠯᠭᠠᠨ | ᠥᠷᠭᠡᠳᠬᠡᠵᠦ᠂ ᠠᠮᠤ ᠪᠤᠳᠠᠭᠠᠨ ᠤ ᠤᠨᠠᠯᠲᠠ ᠵᠠᠯᠭᠠᠯᠳᠤᠭᠠᠪᠠᠷ 14 ᠵᠢᠯ ᠪᠥᠬᠦ ᠬᠤᠲᠠ ᠶᠢᠨ ᠨᠢᠭᠡᠳᠦᠭᠡᠷ ᠳᠤ | ᠪᠠᠶᠢᠷᠢᠯᠠᠵᠠᠢ᠃ ᠰᠢᠨ᠎ᠡ ᠪᠠᠷ ᠨᠡᠮᠡᠭᠳᠡᠭᠰᠡᠨ ᠪᠡᠯᠡᠳᠬᠡᠮᠵᠢᠳᠦ ᠲᠠᠷᠢᠶᠠᠯᠠᠩ 4.8 ᠲᠦᠮᠡᠨ ᠮᠦ ᠳᠤ ᠬᠦᠷᠴᠦ᠂ | ᠭᠦᠩᠵᠦ ᠶᠢᠨ ᠤᠩᠭᠤᠨ᠂ ᠰᠢᠩ ᠯᠦᠩ ᠵᠡᠷᠭᠡ 10 ᠭᠠᠷᠤᠶ ᠲᠦᠮᠡᠨ ᠮᠦ ᠬᠦᠷᠢᠶᠡᠯᠡᠩ ᠪᠠ ᠴᠥ᠋ ᠳ᠋ᠦᠩ᠂ ᠹᠦ᠋ | ᠴᠧᠩ ᠵᠡᠷᠭᠡ 18 ᠮᠢᠩᠭᠠᠨ ᠮᠦ ᠣᠨᠴᠠᠯᠢᠭ ᠪᠦᠬᠦᠢ ᠬᠦᠷᠢᠶᠡᠯᠡᠩ ᠶᠢ ᠪᠠᠬᠢᠵᠢᠭᠦᠯᠦᠨ ᠰᠠᠶᠢᠵᠢᠷᠠᠭᠤᠯᠵᠤ᠂ | ᠪᠡᠯᠡᠳᠭᠡᠮᠵᠢᠳᠤ ᠲᠠᠷᠢᠶᠠᠯᠠᠩ ᠤᠨ ᠶᠡᠷᠦᠩᠬᠡᠶ ᠬᠡᠮᠵᠢᠶ᠎ᠡ 38 ᠲᠦᠮᠡᠨ ᠮᠦ ᠢ ᠳᠠᠪᠠᠵᠤ᠂ ᠪᠦᠬᠦ ᠬᠤᠲᠠ ᠶᠢᠨ ᠭᠤᠷᠪᠠᠨ ᠤ | ᠨᠢᠭᠡ ᠬᠤᠪᠢ ᠶᠢ ᠡᠵᠡᠯᠡᠵᠦ ᠪᠠᠶᠢᠨ᠎ᠠ︔ ᠲᠦᠮᠡᠨ ᠠᠮᠠ ᠭᠠᠭ᠋ᠠᠶ ᠲᠡᠵᠢᠭᠡᠬᠦ ᠲᠠᠯᠠᠪᠠᠢ 75 ᠰᠠᠭᠤᠷᠢ ᠪᠠᠶᠢᠭᠤᠯᠵᠤ᠂ | ᠮᠢᠩᠭᠠᠨ ᠠᠮᠠ ᠭᠠᠭ᠋ᠠᠢ ᠳᠡᠵᠢᠭᠡᠬᠦ ᠲᠠᠯᠠᠪᠠᠢ 340 ᠰᠠᠭᠤᠷᠢ ᠪᠠᠶᠢᠭᠤᠯᠵᠠᠢ᠂ ︽ᠳᠥᠷᠪᠡᠨ ᠨᠢᠭᠡᠳᠦᠯᠲᠡᠶ ᠨᠢᠭᠡ ᠶᠢ | ᠬᠠᠮᠠᠭᠠᠯᠠᠬᠤ︾ ᠬᠠᠮᠲᠤᠷᠠᠨ ᠭᠠᠭ᠋ᠠᠶ ᠲᠡᠵᠢᠭᠡᠬᠦ ᠲᠠᠯᠠᠪᠠᠢ 125 ᠰᠠᠭᠤᠷᠢ ᠶᠢ ᠬᠦᠭᠵᠢᠭᠦᠯᠵᠦ᠂ ᠵᠢᠯ ᠤᠨ | ᠭᠠᠷᠭᠠᠯᠲᠠ ᠶᠢᠨ ᠭᠠᠭ᠋ᠠᠶ ᠨᠢ 200 ᠲᠦᠮᠡᠨ ᠠᠮᠠ︔ 75 ᠲᠦᠮᠡᠨ ᠲᠣᠯᠤᠭᠠᠢ ᠠᠯᠠᠰᠢᠨ ᠬᠤᠨᠢ ᠳᠡᠵᠢᠭᠡᠵᠦ᠂ 25 | ᠲᠦᠮᠡᠨ ᠲᠣᠯᠤᠭᠠᠢ ᠠᠯᠠᠰᠢᠨ ᠦᠬᠡᠷ ᠪᠤᠷᠤᠯᠠᠭᠤᠯᠵᠢ︔ ᠠᠵᠤ ᠠᠬᠤᠶ ᠶᠢᠨ ᠤᠢ 1.5 ᠲᠦᠮᠡᠨ ᠮᠦ ᠰᠢᠨ᠎ᠡ ᠪᠠᠷ | ᠪᠠᠶᠢᠭᠤᠯᠵᠤ ᠥᠭᠡᠷᠡᠴᠢᠯᠡᠨ᠂ ᠶᠡᠷᠦᠩᠬᠡᠶ ᠲᠠᠯᠠᠪᠠᠶ ᠨᠢ 8.2 ᠲᠦᠮᠡᠨ ᠮᠥ ᠬᠦᠷᠴᠦ᠂ ᠶᠦᠩ ᠾᠧ ᠶᠢᠩ ᠬᠠᠨ ᠹᠦ᠋ | ᠠᠯᠮᠤᠷᠠᠳ᠂ ᠭᠤᠷᠪᠠᠨ ᠠᠯᠳᠡᠠ ᠬᠤᠨᠭ᠍ᠬᠤ ᠴᠢᠪᠠᠭ᠎ᠠ ᠵᠡᠷᠭᠡ ᠠᠵᠤ ᠠᠬᠤᠶ ᠶᠢᠨ ᠤᠢ ᠶᠢᠨ ᠵᠢᠱᠢᠶ᠎ᠡ ᠦᠵᠡᠭᠦᠯᠬᠦ | ᠬᠦᠷᠢᠶᠡᠯᠡᠩ ᠢ 14 ᠪᠠᠶᠢᠭᠤᠯᠵᠠᠢ᠃ ᠠᠮᠢ ᠠᠬᠤᠶ ᠪᠣᠯᠤᠨ ᠬᠥᠳᠡᠭᠡ ᠠᠵᠤ ᠠᠬᠤᠶ ᠶᠢᠨ ᠰᠠᠭᠤᠷᠢ ᠨᠥᠬᠦᠴᠡᠯ ᠢ | ᠲᠠᠰᠤᠷᠠᠯᠲᠠ ᠦᠭᠡᠢ ᠰᠠᠶᠢᠵᠢᠷᠠᠭᠤᠯᠪᠠ᠃ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ | ᠲᠠᠯᠠᠪᠠᠢ ᠨᠢ 7.07 ᠲᠦᠮᠡᠨ ᠮᠦ ᠬᠡᠷᠡᠭᠵᠢᠭᠦᠯᠵᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ | ᠬᠤᠶᠠᠳᠤᠭᠠᠷ ᠬᠤᠭᠤᠴᠠᠭᠠᠨ ᠤ ᠣᠶᠢᠵᠢᠭᠤᠯᠬᠤ ᠲᠠᠯᠠᠪᠠᠢ ᠨᠢ 2.3 ᠲᠦᠮᠡᠨ ᠮᠦ ᠪᠠᠶᠢᠵᠤ᠂ ᠤᠢ ᠰᠢᠭᠤᠶ ᠶᠢᠨ | ᠪᠦᠷᠬᠦᠴᠡ ᠶᠢᠨ ᠨᠤᠷᠮ᠎ᠠ ᠨᠢ 36.7% ᠳᠤ ᠬᠦᠷᠴᠠᠢ︔ 63.6 ᠲᠦᠮᠡᠨ ᠮᠥ ᠪᠦᠷᠬᠦᠭᠦᠯ ᠤᠨ ᠳᠣᠣᠷ᠎ᠠ | ᠳᠤᠰᠤᠯᠭᠠᠨ ᠤᠰᠤᠯᠠᠬᠤ ᠲᠠᠷᠢᠶᠠᠯᠠᠩ ᠂ 30.8 ᠲᠦᠮᠡᠨ ᠮᠦ ᠬᠠᠭᠤᠷᠠᠢ ᠭᠠᠵᠠᠷ ᠳᠤ ᠰᠦᠷᠴᠢᠨ ᠤᠰᠤᠯᠠᠬᠤ | ᠲᠠᠷᠢᠶᠠᠯᠠᠩ ᠶᠢ ᠨᠠᠶᠢᠳᠠᠪᠤᠷᠢᠵᠢᠭᠤᠯᠵᠤ᠂ 8 ᠲᠦᠮᠡᠨ ᠮᠦ ᠤᠯᠤᠰ ᠤᠨ ᠲᠡᠰ ᠤᠨ ᠡᠷᠯᠢᠰᠡᠵᠢᠭᠦᠯᠦᠭᠰᠡᠨ ᠡᠷᠳᠡᠨᠢ | ᠰᠢᠰᠢ ᠶᠢᠨ ᠦᠷ᠎ᠡ ᠶᠢᠨ ᠰᠠᠭᠤᠷᠢᠨ ᠭᠠᠵᠠᠷ ᠢ ᠬᠥᠭᠵᠢᠭᠦᠯᠪᠡ᠃ ᠲᠠᠷᠢᠶᠠᠯᠠᠩ ᠤᠨ ᠮᠠᠰᠢᠨ ᠤ ᠬᠤᠷᠰᠢᠶᠠᠵᠢᠯ 10 | ᠡᠷᠦᠬᠡ ᠶᠢ ᠰᠢᠨ᠎ᠡ ᠪᠠᠷ ᠬᠥᠭᠵᠢᠭᠦᠯᠵᠦ᠂᠂ ᠶᠡᠷᠦᠩᠬᠡᠶ ᠲᠤᠭ᠎ᠠ ᠨᠢ 63 ᠡᠷᠦᠬᠡ ᠪᠣᠯᠵᠠᠢ᠂ ᠲᠠᠷᠢᠶᠠᠯᠠᠩ ᠤᠨ ᠮᠠᠰᠢᠨ ᠤ | ᠶᠡᠷᠦᠩᠬᠡᠶᠢᠯᠡᠭᠰᠡᠨ ᠠᠵᠢᠯ ᠤᠨ ᠨᠣᠷᠮ᠎ᠠ ᠨᠢ 75.5% ᠳᠤ ᠬᠦᠷᠦᠭᠰᠡᠨ ᠪᠠᠶᠢᠨ᠎ᠠ︔ ᠮᠠᠨ ᠤ ᠣᠷᠣᠨ ᠨᠢ ᠪᠦᠬᠦ | ᠤᠯᠤᠰ ᠤᠨ ᠲᠠᠷᠢᠶᠠᠯᠠᠩ ᠤᠨ ᠮᠠᠰᠢᠨ ᠤ ᠲᠡᠷᠢᠭᠦᠨ ᠤ ᠨᠢᠭᠡᠴᠡ ᠪᠠᠷ ᠬᠦᠬᠢᠭᠦᠯᠦᠭᠳᠡᠨ ᠰᠠᠶᠢᠰᠢᠶᠠᠭᠳᠠᠪᠠ᠃ ᠠᠵᠤ | ᠦᠢᠯᠡᠰᠵᠢᠯᠲᠡ ᠶᠢᠨ ᠲᠦᠷᠦᠯ ᠵᠦᠢᠯ ᠢ ᠲᠦᠷᠭᠡᠪᠴᠢᠯᠡᠨ ᠠᠬᠢᠭᠤᠯᠪᠠ᠃ ᠪᠡᠭᠡᠵᠢᠩ ᠤᠨ ᠨᠠᠶᠢᠮᠠᠯᠵᠢ ᠶᠢᠨ ᠠᠷᠠᠯ | ᠭᠧᠷᠮᠠᠨ ᠤ ᠬᠤᠨ ᠭᠠᠯᠠᠭᠤ ᠨᠡᠷᠡᠮᠵᠢᠳᠦ ᠫᠢᠸᠤ᠋ ᠤᠨ ᠦᠢᠯᠡᠳᠪᠦᠷᠢᠯᠡᠯ ᠤᠨ ᠱᠤᠭᠤᠮ ᠢ ᠠᠰᠢᠭᠯᠠᠯᠲᠠ ᠳᠤ ᠣᠷᠣᠭᠤᠯᠵᠤ᠂ | ᠠᠮᠤ ᠲᠤᠰᠤ ᠪᠣᠯᠪᠠᠰᠤᠷᠠᠭᠤᠯᠬᠤ ᠵᠦᠢᠯᠡᠰ ᠤᠨ ᠦᠢᠯᠡᠳᠪᠦᠷᠢ ᠶᠢᠨ ᠭᠡᠷ ᠪᠠᠶᠢᠰᠢᠩ ᠢ ᠪᠦᠬᠦᠨ ᠶᠢ ᠪᠠᠶᠢᠭᠤᠯᠵᠤ | ᠳᠠᠭᠤᠰᠬᠠᠪᠠ᠃ ᠤᠯᠠᠭᠠᠨᠬᠠᠳᠠ ᠶᠢᠨ ᠡᠭᠦᠯᠳᠡᠷ ᠤᠨ ᠭᠠᠭ᠋ᠠᠶ ᠪᠤᠶᠢᠵᠢᠭᠤᠯᠬᠤ ᠬᠤᠶᠠᠳᠤᠭᠠᠷ ᠬᠤᠭᠤᠴᠠᠭᠠᠨ ᠤ ᠪᠦᠳᠤᠭᠡᠨ | ᠪᠠᠶᠢᠭᠤᠯᠤᠯᠲᠠ ᠶᠢ ᠪᠡᠶᠡᠯᠡᠭᠦᠯᠵᠦ᠂ ᠵᠢᠯ ᠤᠨ ᠪᠣᠷᠤᠯᠠᠭᠤᠯᠤᠭᠰᠠᠨ ᠡᠭᠦᠯᠳᠡᠷ ᠰᠠᠶᠢᠲᠠᠶ ᠪᠣᠷᠲᠣᠭᠠᠨ ᠭᠠᠭ᠋ᠠᠢ ᠨᠢ 5.5 | ᠲᠦᠮᠡᠨ ᠠᠮᠠᠨ ᠪᠣᠯᠤᠨ᠎ᠠ᠃ ᠸᠧᠨ ᠱᠢ ᠪᠦᠯᠦᠭᠯᠡᠯ ᠶᠢᠨ ᠠᠩᠴᠢᠨ ᠳᠠᠬᠢ ᠭᠠᠭ᠋ᠠᠶ ᠲᠡᠵᠢᠭᠡᠬᠦ ᠲᠠᠯᠠᠪᠠᠢ ᠶᠢᠨ ᠨᠢᠭᠡᠳᠦᠭᠡᠷ | ᠬᠤᠭᠤᠴᠠᠭ᠎ᠠ ᠪᠠᠨ ᠪᠡᠶᠡᠯᠡᠭᠦᠯᠵᠦ᠂ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ | 24 ᠲᠦᠮᠡᠨ ᠠᠮᠠ ᠲᠤᠷᠤᠢ ᠢ ᠪᠤᠶᠢᠵᠢᠭᠤᠯᠬᠤ ᠪᠠᠷ ᠲᠦᠯᠦᠪᠯᠡᠵᠦ ᠪᠠᠶᠢᠨ᠎ᠠ᠃ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠪᠠᠷ ᠲᠦᠯᠬᠢᠨ ᠤᠷᠤᠭᠰᠢᠯᠠᠭᠤᠯᠪᠠ᠃ 908 ᠠᠶᠢᠯ | ᠲᠣᠰᠬᠤᠨ ︽ᠠᠷᠪᠠ ᠶᠢ ᠪᠥᠷᠬᠦᠭᠦᠯᠬᠦ︾ ᠠᠵᠢᠯ ᠢ ᠪᠡᠶᠡᠯᠡᠭᠦᠯᠵᠦ᠂ ᠡᠭᠦᠨ ᠤ ᠳᠣᠲᠣᠷ᠎ᠠ 247 ᠵᠠᠰᠠᠭ ᠵᠠᠬᠢᠷᠭᠠᠨ ᠤ | ᠭᠠᠴᠠᠭ᠎ᠠ ᠶᠢᠨ ᠲᠠᠯᠠᠪᠤᠷ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ 661 ᠠᠶᠢᠯ ᠲᠣᠰᠬᠤᠨ ᠤ ᠬᠡᠪᠴᠢᠶ᠎ᠡ ᠶᠢ | ᠥᠷᠭᠡᠳᠬᠡᠵᠦ᠂ ᠶᠡᠷᠦᠩᠬᠡᠶᠢᠯᠡᠨ ᠰᠢᠯᠭᠠᠷᠠᠭᠤᠯᠤᠯᠲᠠ ᠳᠤ ᠪᠦᠬᠦ ᠬᠤᠲᠠ ᠶᠢᠨ ᠨᠢᠭᠡᠳᠦᠭᠡᠷ ᠳᠡᠭᠲᠡᠷ ᠤᠨ ᠠᠩᠬᠢ ᠲᠤ | ᠪᠠᠶᠢᠷᠢᠯᠠᠵᠠᠢ᠃ ᠶᠠᠳᠠᠭᠤ ᠠᠴᠠ ᠠᠩᠭᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠦᠷᠨᠢᠭᠦᠯᠵᠠᠢ᠃ ᠨᠢᠭᠡᠳᠬᠡᠭᠰᠡᠨ ᠪᠡᠯᠡ | ᠮᠥᠩᠭᠦ ᠶᠢᠨ ᠣᠷᠤᠯᠠᠭᠤᠯᠤᠯᠲᠠ ᠨᠢ 2.7 ᠳ᠋ᠦᠩᠰᠢᠭᠤᠷ ᠲᠦᠭᠦᠷᠢᠭ ᠪᠠᠶᠢᠵᠦ᠂ 39 ᠶᠠᠳᠠᠭᠤ ᠬᠦᠴᠢᠷᠳᠡᠯᠲᠡᠶ | ᠲᠣᠰᠬᠤᠨ ᠤᠬᠤᠷᠢᠨ ᠭᠠᠷᠴᠦ᠂ 1.14 ᠲᠦᠮᠡᠨ ᠬᠥᠮᠦᠨ ᠶᠠᠳᠠᠭᠤ ᠠᠴᠠ ᠲᠣᠭᠲᠠᠪᠤᠷᠢᠲᠠᠶ ᠠᠩᠬᠢᠵᠢᠷᠠᠵᠠᠢ᠃ | ︵ᠲᠦᠷᠪᠡ︶ ᠬᠤᠳᠠᠯᠳᠤᠭ᠎ᠠ ᠠᠷᠠᠯᠵᠢᠶᠠᠨ ᠤ ᠦᠢᠯᠡᠴᠢᠯᠡᠭᠡᠨ ᠤ ᠦᠢᠯᠡᠰ ᠤᠨ ᠠᠮᠢᠳᠤᠯᠢᠭ ᠬᠦᠴᠦᠨ | ᠴᠢᠩᠭᠠᠷᠠᠪᠠ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠨᠢ 95.48 ᠳ᠋ᠦᠩᠰᠢᠭᠤᠷ ᠲᠥᠭᠦᠷᠢᠭ ᠢ | ᠪᠡᠶᠡᠯᠡᠭᠦᠯᠵᠦ᠂ 10 .1 % ᠪᠠᠷ ᠨᠡᠮᠡᠭᠳᠡᠪᠡ᠃ ᠤᠯᠠᠭᠠᠨᠬᠠᠳᠠ ᠶᠢᠨ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ | ᠭᠦᠢᠯᠭᠡᠭᠡ ᠶᠢᠨ ᠬᠤᠲᠠ ᠨᠢ ᠥᠪᠡᠷᠲᠡᠭᠡᠨ ᠵᠠᠰᠠᠬᠤ ᠣᠷᠣᠨ ᠤ ᠲᠡᠰ ᠶᠢᠨ ᠬᠦᠷᠢᠶᠡᠯᠡᠩ ᠪᠣᠯᠵᠤ᠂ 17.9 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠢ ᠪᠡᠶᠡᠯᠡᠭᠦᠯᠵᠦ᠂ 6481 ᠮᠦ ᠭᠠᠵᠠᠷ ᠰᠢᠷᠣᠶ | ᠲᠠᠲᠠᠪᠤᠷᠢᠯᠠᠭᠰᠠᠨ ᠪᠦᠭᠡᠳ ᠭᠡᠷ ᠪᠠᠶᠢᠰᠢᠩ 346 ᠡᠷᠦᠬᠡ ᠳᠤ ᠬᠦᠷᠴᠠᠢ᠃ ᠳᠡᠭᠡᠳᠦ ᠲᠡᠰ ᠤᠨ ᠲᠣᠨᠣᠭᠯᠠᠯ | ᠦᠢᠯᠡᠳᠬᠦ ᠪᠠ ᠢᠳᠡᠭᠡᠨ ᠪᠣᠯᠪᠠᠰᠤᠷᠠᠭᠤᠯᠬᠤ ᠠᠵᠤ ᠦᠢᠯᠡᠰ ᠶᠢᠨ ᠬᠦᠷᠢᠶᠡᠯᠡᠩ ᠤᠨ ᠲᠥᠯᠥᠪᠵᠢᠭᠦᠯᠭᠡ ᠡᠬᠢᠯᠡᠵᠠᠢ᠃ | ︽ᠲᠦᠷᠪᠡᠨ ᠵᠠᠮ ᠭᠤᠷᠪᠠᠨ ᠬᠥᠭᠦᠷᠭᠡ ᠬᠤᠶᠠᠷ ᠳᠥᠪ ᠨᠢᠭᠡ ᠲᠠᠯᠠᠪᠠᠶ︾ ︵ᠰᠢᠨ ᠵᠢᠩ ᠵᠠᠮ᠂ ᠰᠢᠨ ᠵᠢᠩ ᠵᠡᠭᠦᠨ | ᠵᠠᠮ᠂ ᠲᠠᠪᠤᠨ ᠰᠠᠯᠠᠭ᠎ᠠ ᠵᠠᠮ ᠤᠨ ᠵᠡᠭᠦᠨ ᠵᠠᠮ᠂ ᠪᠢᠨ ᠾᠧ ᠵᠡᠭᠡᠯᠢ᠂ ᠢᠩᠵᠢᠨ ᠲᠡᠮᠦᠷ ᠵᠠᠮ ᠤᠨ ᠬᠥᠭᠦᠷᠭᠡ᠂ ᠳ᠋ᠦᠩ | ᠹᠠᠩ ᠬᠤᠩ ᠲᠡᠮᠦᠷ ᠵᠠᠮ ᠤᠨ ᠬᠥᠭᠦᠷᠭᠡ᠂ ᠢᠩᠵᠢᠨ ᠳᠡᠭᠡᠳᠦ ᠬᠤᠷᠳᠤᠴᠠᠲᠤ ᠵᠦᠷᠢᠯᠢᠭ ᠬᠥᠭᠦᠷᠭᠡ᠂ | ᠬᠤᠳᠠᠯᠳᠤᠭᠠᠨ ᠤ ᠶᠠᠪᠤᠳᠠᠯ ᠤᠨ ᠲᠥᠯᠥᠪᠵᠢᠭᠦᠯᠭᠡ ᠦᠵᠡᠭᠦᠯᠦᠯᠭᠡ ᠶᠢᠨ ᠲᠥᠪ᠂ ᠮᠡᠳᠡᠭᠡ ᠵᠠᠩᠭᠢ ᠶᠢᠨ | ᠦᠢᠯᠡᠴᠢᠯᠡᠭᠡᠨ ᠤ ᠲᠥᠪ᠂ ᠪᠠᠷᠠᠭ᠎ᠠ ᠶᠢᠨ ᠭᠦᠢᠯᠭᠡᠭᠡᠨ ᠤ ᠠᠭᠤᠳᠠᠮ ᠲᠠᠯᠠᠪᠠᠢ︶ ᠶᠢ ᠠᠰᠢᠭᠯᠠᠯᠲᠠ ᠳᠤ ᠣᠷᠣᠭᠤᠯᠪᠠ᠃ | ᠮᠧᠩ ᠳ᠋ᠦᠩ ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ᠂ ᠢ ᠺᠠᠩ ᠶᠤᠸᠠᠨ ᠨᠠᠰᠤᠵᠢᠯ ᠤᠨ ᠠᠰᠠᠷᠠᠮᠵᠢ ᠶᠢᠨ | ᠨᠡᠶᠢᠭᠡᠮ ᠲᠣᠭᠤᠷᠢᠭ᠂ ᠬᠤᠲᠠ ᠲᠣᠭᠤᠷᠢᠭ ᠬᠤᠶᠠᠷ ᠳᠡᠰ ᠤᠨ ᠨᠠᠰᠤᠲᠠᠨ ᠶᠢ ᠠᠰᠠᠷᠠᠵᠤ ᠰᠤᠪᠢᠯᠠᠬᠤ ᠬᠦᠷᠢᠶᠡᠯᠡᠩ | ᠵᠡᠷᠭᠡ 16 ᠲᠦᠷᠦᠯ ᠵᠦᠢᠯ ᠨᠢ ᠭᠡᠷ᠎ᠡ ᠲᠣᠭᠲᠠᠵᠣ ᠬᠦᠴᠦᠨ ᠲᠠᠢ ᠪᠣᠯᠤᠭᠰᠠᠨ ᠪᠠᠶᠢᠨ᠎ᠠ᠃ ᠰᠦᠩᠱᠠᠨ ᠪᠠᠷᠠᠭ᠎ᠠ ᠶᠢᠨ | ᠭᠦᠢᠯᠭᠡᠭᠡᠨ ᠤ ᠬᠦᠷᠢᠶᠡᠯᠡᠩ ᠨᠢ ᠨᠡᠶᠢᠲᠡ 38 ᠳ᠋ᠦᠩᠰᠢᠭᠤᠷ ᠲᠥᠭᠦᠷᠢᠭ ᠤᠨ ᠪᠡᠯᠨ ᠣᠷᠣᠭᠤᠯᠤᠨ᠂ ︽ᠳᠤᠯᠤᠭ᠎ᠠ ᠶᠢ | ᠨᠡᠪᠲᠡᠷᠡᠭᠦᠯᠵᠦ ᠨᠢᠭᠡ ᠶᠢ ᠲᠡᠭᠰᠢᠯᠡᠬᠦ︾ ᠶᠢ ᠦᠨᠳᠦᠰᠦᠨ ᠳᠡᠭᠡᠨ ᠪᠡᠶᠡᠯᠡᠭᠦᠯᠵᠦ᠂ ᠣᠷᠣᠵᠤ ᠰᠠᠭᠤᠷᠢᠰᠢᠭᠰᠠᠨ ᠠᠵᠤ | ᠠᠬᠤᠶᠢᠯᠠᠯ᠂ ᠬᠤᠳᠠᠯᠳᠤᠭᠠᠴᠢᠨ ᠡᠷᠦᠭᠡ ᠨᠢ 1000 ᠭᠠᠷᠤᠶ ᠡᠷᠦᠬᠡ ᠳᠤ ᠬᠦᠷᠴᠦ᠂ ᠵᠢᠯ ᠤᠨ ᠡᠵᠡᠩᠨᠡᠯᠲᠡ ᠶᠢᠨ | ᠨᠣᠷᠮ᠎ᠠ ᠨᠢ 42 ᠳ᠋ᠦᠡᠭᠰᠢᠭᠤᠷ ᠲᠥᠭᠦᠷᠢᠭ ᠪᠣᠯᠤᠨ᠎ᠠ︔ ᠲᠡᠮᠦᠷᠯᠢᠭ ᠮᠠᠰᠢᠨ ᠴᠠᠬᠢᠯᠭᠠᠨ ᠤ ᠬᠤᠲᠠ᠂ ᠢᠤᠢ ᠷᠦᠨ | ᠡᠳ᠋ ᠪᠠᠷᠠᠭᠠᠨ ᠤ ᠭᠦᠢᠯᠭᠡᠭᠡ᠂ ᠪᠸᠢ ᠴᠧᠨ ᠵᠠᠬ᠎ᠠ ᠳᠡᠯᠭᠡᠭᠦᠷ ᠵᠡᠷᠭᠡ ᠲᠦᠷᠦᠯ ᠵᠦᠢᠯ ᠤᠨ ᠡᠵᠡᠩᠨᠡᠯᠲᠡ ᠶᠢᠨ ᠪᠠᠶᠢᠳᠠᠯ | ᠰᠠᠶᠢᠨ ᠪᠠᠶᠢᠨ᠎ᠠ᠃ ᠶᠦᠩ ᠶᠧ᠂ ᠰᠢᠨ ᠲᠢᠶᠠᠨ ᠳ᠋ᠢ᠂ ᠵᠦᠩ ᠯᠢᠶᠠᠨ ᠵᠡᠷᠭᠡ ᠬᠤᠳᠠᠯᠳᠤᠭᠠᠨ ᠤ ᠬᠦᠷᠢᠶᠡᠨ ᠤ ᠬᠢᠨ | ᠠᠮᠢᠳᠤᠯᠢᠭ ᠬᠦᠴᠦᠨ ᠡᠳᠦᠷ ᠢᠷᠡᠬᠦᠶ᠎ᠡ ᠴᠢᠩᠭᠠᠷᠠᠵᠤ᠂ ᠴᠢᠩᠬᠤᠸᠠ ᠲᠦᠩ ᠹᠠᠩ ᠱᠠᠩᠬᠠᠢ ᠬᠤᠲᠠᠨ ᠳᠤ | ᠰᠠᠭᠤᠷᠢᠰᠢᠵᠤ᠂ ︽ᠼᠣᠣ ᠶᠤᠸᠠᠨ ᠬᠦᠢ︾ ᠣᠨᠴᠠᠯᠢᠭᠲᠤ ᠦᠢᠯᠡᠳᠬᠦᠨ ᠤ ᠳᠡᠯᠭᠡᠨ ᠪᠣᠷᠣᠯᠠᠭᠤᠯᠬᠤ ᠲᠥᠪ ᠨᠢ | ᠫᠠᠶᠢᠰᠠ ᠡᠯᠭᠦᠵᠦ ᠡᠵᠡᠩᠨᠡᠵᠦ ᠡᠬᠢᠯᠡᠵᠠᠢ᠃ ᠵᠤᠭᠠᠴᠠᠯ ᠤᠨ ᠠᠵᠤ ᠦᠢᠯᠡᠰ ᠶᠢ ᠠᠮᠵᠢᠯᠲᠠ ᠲᠠᠢ ᠪᠠᠷ ᠡᠬᠢᠯᠡᠵᠦ | ᠡᠷᠬᠢᠯᠡᠨ᠂ ᠵᠢᠭᠤᠯᠴᠢᠯᠠᠯ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠢ ᠨᠠᠶᠢᠷᠠᠭᠤᠯᠤᠨ ᠵᠣᠬᠢᠶᠠᠵᠤ᠂ | ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠨᠡᠶᠢᠲᠡᠯᠡᠨ ᠬᠡᠷᠡᠭᠵᠢᠭᠦᠯᠵᠦ᠂ ᠲᠦᠷᠪᠡᠨ ᠰᠣᠳᠣᠨ ᠵᠢᠭᠤᠯᠴᠢᠯᠠᠯ ᠤᠨ | ᠵᠠᠮ ᠱᠤᠭᠤᠮ ᠢ ᠠᠷᠭ᠎ᠠ ᠤᠬᠠᠭᠠᠨ ᠰᠦᠪᠡᠭᠴᠢᠯᠡᠵᠦ ᠪᠠᠶᠢᠭᠤᠯᠬᠤ ᠪᠠᠷ ᠪᠠᠶᠢᠨ᠎ᠠ︔ ᠥᠪᠡᠷᠲᠡᠭᠡᠨ ᠵᠠᠰᠠᠬᠤ ᠣᠷᠣᠨ ᠤ | ᠭᠤᠷᠪᠠᠳᠤᠭᠠᠷ ᠬᠤᠭᠤᠴᠠᠭᠠᠨ ᠤ ᠣᠯᠠᠨ ᠤᠯᠤᠰ ᠤᠨ ᠮᠣᠷᠢᠨ ᠮᠡᠷᠭᠡᠵᠢᠯ ᠤᠨ ᠨᠠᠶᠢᠷ ᠵᠢᠴᠢ ᠤᠯᠠᠭᠠᠨᠬᠠᠳᠠ ᠶᠢᠨ | ᠠᠩᠬᠠᠳᠤᠭᠠᠷ ᠬᠤᠭᠤᠴᠠᠭᠠᠨ ᠤ ᠮᠣᠷᠢᠨ ᠮᠡᠷᠭᠡᠵᠢᠯ ᠤᠨ ᠤᠷᠤᠯᠳᠤᠭᠠᠨ ᠢ ᠳᠠᠭᠠᠭᠠᠨ ᠠᠪᠴᠤ ᠡᠷᠬᠢᠯᠡᠨ᠂ ᠬᠤᠸᠠᠩ | ᠵᠢᠶᠠ ᠮᠠᠨ ᠳ᠋ᠢᠶᠠᠨ᠂ ᠱᠤᠸᠠᠩ ᠾᠧ ᠶᠢᠨ ᠰᠣᠶᠣᠯ ᠤᠨ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠠᠵᠤ ᠦᠢᠯᠡᠰ ᠤᠨ | ᠬᠦᠷᠢᠶᠡᠯᠡᠩ᠂ ᠶᠢᠨ ᠾᠧ ᠭᠦ᠋ ᠠᠮᠢ ᠠᠬᠤᠶ ᠶᠢᠨ ᠰᠡᠯᠡᠭᠦᠴᠡᠨ ᠲᠤᠭᠤᠷᠢᠬᠤ ᠭᠠᠵᠠᠷ ᠵᠡᠷᠭᠡ ᠦᠵᠡᠮᠵᠢᠲᠦ ᠣᠷᠣᠨ ᠪᠠ | ᠦᠵᠡᠮᠵᠢ ᠶᠢᠨ ᠭᠠᠵᠠᠷ ᠨᠢ ᠠᠩᠬ᠎ᠠ ᠠᠯᠬᠤᠮ ᠵᠤᠭᠠᠴᠠᠭᠰᠠᠳ ᠢ ᠬᠦᠯᠢᠶᠡᠨ ᠠᠪᠬᠤ ᠴᠢᠳᠠᠪᠤᠷᠢ ᠶᠢ ᠪᠦᠷᠢᠳᠦᠭᠦᠯᠵᠠᠢ᠃ | ︵ᠲᠠᠪᠤ︶ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠡᠮᠬᠢ | ᠵᠢᠷᠤᠮ ᠲᠠᠢ ᠪᠠᠷ ᠲᠦᠯᠬᠢᠨ ᠠᠬᠢᠭᠤᠯᠪᠠ᠃ ᠰᠦᠩ ᠪᠧᠢ ᠰᠢᠨ᠎ᠡ ᠬᠤᠲᠠ ᠨᠢ 5.6 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠤᠯᠲᠠ ᠶᠢ ᠪᠡᠶᠡᠯᠡᠭᠦᠯᠵᠦ᠂ 1720 ᠮᠦ ᠭᠠᠵᠠᠷ ᠰᠢᠷᠣᠶ ᠲᠠᠲᠠᠪᠤᠷᠢᠯᠠᠨ᠂ ᠭᠡᠷ ᠪᠠᠶᠢᠰᠢᠩ 102 | ᠡᠷᠦᠬᠡ ᠪᠣᠢ︔ ᠵᠤᠤ ᠤᠳᠠ ᠵᠠᠮ᠂ ᠴᠡᠴᠡᠷᠯᠢᠭ ᠤᠨ ᠵᠠᠮ᠂ ᠪᠠᠷᠠᠭᠤᠨ ᠥᠷᠳᠡᠭᠡᠨ ᠤ ᠶᠡᠭᠡ ᠵᠡᠭᠡᠯᠢ ᠶᠢᠨ ᠳᠤᠮᠳᠠ | ᠬᠡᠰᠡᠭ ᠤᠨ ᠵᠠᠮ ᠨᠢ ᠲᠣᠰᠣ ᠳᠡᠪᠰᠡᠵᠦ ᠲᠡᠷᠭᠡ ᠨᠡᠪᠲᠡᠷᠡᠵᠠᠢ᠂ ︽ᠳᠥᠷᠪᠡᠨ ᠵᠠᠮ ᠬᠤᠶᠠᠷ ᠬᠦᠷᠢᠶᠡᠯᠡᠩ︾ ︵ᠪᠠᠶᠠᠨ | ᠠᠭᠤᠯᠠᠨ ᠵᠠᠮ᠂ ᠭᠠᠵᠠᠷ ᠰᠢᠨᠵᠢᠯᠡᠭᠡᠨ ᠤ ᠵᠡᠭᠡᠯᠢ ᠶᠢᠨ ᠬᠤᠶᠢᠲᠤ ᠬᠡᠰᠡᠭ᠂ ᠲᠠᠯᠠᠪᠠᠢ ᠵᠠᠮ ᠤᠨ ᠳᠤᠮᠳᠠ ᠬᠡᠰᠡᠭ᠂ | ᠰᠦᠩ ᠰᠠᠨ ᠵᠠᠮ ᠤᠨ ᠡᠮᠦᠨ᠎ᠡ ᠬᠡᠰᠡᠭ᠂ ᠪᠢᠨ ᠾᠧ ᠴᠡᠴᠡᠷᠯᠢᠭ᠂ ᠲᠥᠪ ᠤᠨ ᠴᠡᠴᠡᠷᠯᠢᠭ︶ ᠵᠢᠴᠢ ᠵᠡᠭᠡᠯᠢ ᠵᠠᠮ ᠤᠨ | ᠨᠣᠭᠤᠭᠠᠷᠠᠭᠤᠯᠤᠯᠲᠠ ᠶᠢᠨ PPP ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠪᠡ︔ | ᠰᠦᠩ ᠵᠧᠦ ᠵᠠᠮ ᠤᠨ ᠡᠮᠦᠨ᠎ᠡ ᠬᠡᠰᠡᠭ᠂ ᠢᠩᠵᠢᠨ ᠵᠠᠮ ᠤᠨ ᠬᠤᠶᠢᠲᠤᠬᠢ ᠲᠠᠰᠤᠯᠪᠤᠷᠢ ᠬᠡᠰᠡᠭ ᠢ ᠵᠠᠰᠠᠨ᠂ ᠰᠢᠩ | ᠭᠤᠸᠠᠩ ᠲᠢᠶᠠᠨ ᠳ᠋ᠢ ᠪᠠᠭ᠎ᠠ ᠲᠣᠭᠤᠷᠢᠭ᠂ ᠶᠡᠷᠦᠩᠬᠡᠶᠢᠯᠡᠭᠰᠡᠨ ᠲᠠᠯᠠᠪᠤᠷ ᠣᠷᠳᠣᠨ᠂ ᠬᠤᠶᠠᠳᠤᠭᠠᠷ ᠤᠰᠤᠨ | ᠰᠤᠷᠪᠤᠯᠵᠢ ᠶᠢᠨ ᠭᠠᠵᠠᠷ ᠤᠨ ᠥᠭᠡᠷᠡᠴᠢᠯᠡᠨ ᠪᠠᠶᠢᠭᠤᠯᠬᠤ᠂ ᠤᠯᠠᠨ ᠲᠦᠮᠡᠨ ᠳᠤ ᠳᠦᠭᠦᠮ ᠦᠵᠡᠭᠦᠯᠬᠦ ᠵᠠᠬ᠎ᠠ | ᠳᠡᠯᠭᠡᠭᠦᠷ᠂ ᠨᠡᠶᠢᠲᠡ ᠶᠢᠨ ᠮᠠᠰᠢᠨ ᠲᠡᠷᠭᠡᠨ ᠤ ᠭᠤᠣᠯ ᠵᠠᠩᠭᠢᠯᠠᠭ᠎ᠠ ᠦᠷᠳᠡᠭᠡ ᠵᠡᠷᠭᠡ ᠲᠦᠷᠦᠯ ᠵᠦᠢᠯ ᠢ ᠡᠮᠬᠢ | ᠵᠢᠷᠤᠮ ᠲᠠᠢ ᠪᠠᠷ ᠲᠦᠯᠬᠢᠨ ᠠᠬᠢᠭᠤᠯᠪᠠ᠃ ᠡᠮᠦᠨ᠎ᠡ ᠬᠤᠲᠠ ᠶᠢᠨ ᠲᠣᠭᠤᠷᠢᠭᠨᠢ 6580 ᠲᠦᠮᠡᠨ ᠲᠥᠭᠦᠷᠢᠭ ᠤᠨ | ᠪᠡᠯᠡ ᠣᠷᠣᠭᠤᠯᠤᠯᠲᠠ ᠢ ᠪᠡᠶᠡᠯᠡᠭᠦᠯᠵᠦ᠂ 36.8 ᠲᠦᠮᠡᠨ ᠲᠡᠭᠰᠢ ᠳᠥᠷᠪᠡᠯᠵᠢᠨ ᠮᠧᠳ᠋ᠷ ᠬᠠᠭᠤᠴᠢᠨ ᠵᠢᠵᠢᠭ | ᠲᠣᠭᠤᠷᠢᠭ ᠢ ᠥᠭᠡᠷᠡᠴᠢᠯᠡᠨ᠂ 9 ᠵᠣᠷᠪᠤᠰ ᠵᠡᠭᠡᠯᠢ ᠭᠤᠳᠤᠮᠵᠢ ᠶᠢ ᠵᠠᠰᠠᠨ ᠰᠡᠯᠪᠢᠵᠠᠢ᠃ ᠥᠨᠳᠥᠷ ᠬᠤᠷᠳᠤᠴᠠᠲᠤ | ᠲᠡᠮᠦᠷ ᠵᠠᠮ ᠳᠠᠭᠠᠤ ᠶᠢᠨ ᠭᠡᠷ ᠪᠠᠶᠢᠰᠢᠩ ᠢ ᠲᠠᠲᠠᠪᠤᠷᠢᠯᠠᠬᠤ ᠠᠵᠢᠯ ᠢ ᠤᠷᠤᠭᠰᠢᠲᠠᠶ ᠪᠡᠶᠡᠯᠡᠭᠦᠯᠵᠦ᠂ ᠳᠡᠭᠡᠳᠦ | ᠬᠤᠷᠳᠤᠴᠠᠲᠤ ᠲᠡᠮᠦᠷ ᠵᠠᠮ ᠤᠨ ᠦᠷᠲᠡᠭᠡ᠂ ᠬᠤᠲᠠ ᠶᠢᠨ ᠲᠡᠭᠦᠷᠬᠡ ᠶᠢ ᠤᠰᠤᠨ ᠤ ᠰᠢᠰᠲ᠋ᠧᠮ ᠢ ᠵᠠᠰᠠᠬᠤ ᠠᠵᠢᠯ᠂ | 306 ᠤᠯᠤᠰ ᠤᠨ ᠵᠠᠮ ᠤᠨ ᠬᠤᠶᠢᠳᠤ ᠭᠠᠷᠬᠤ ᠵᠠᠮ ᠤᠨ ᠥᠭᠡᠷᠡᠴᠢᠯᠡᠯᠲᠠ ᠵᠡᠷᠭᠡ ᠬᠤᠲᠠ ᠲᠣᠭᠤᠷᠢᠭ ᠬᠤᠶᠠᠷ | ᠱᠠᠳᠤᠨ ᠤ ᠭᠤᠣᠯᠳᠤᠯᠭᠠ ᠲᠠᠢ ᠲᠦᠷᠦᠯ ᠵᠦᠢᠯ ᠤᠨ ᠫᠧᠩ ᠬᠤᠷᠢᠶᠠᠯᠠᠯ ᠢ ᠥᠭᠡᠷᠡᠴᠢᠯᠡᠨ ᠲᠠᠲᠠᠪᠤᠷᠢᠯᠠᠬᠤ ᠠᠵᠢᠯ ᠢ | ᠪᠦᠬᠦ ᠲᠠᠯ᠎ᠠ ᠪᠠᠷ ᠡᠬᠢᠯᠡᠭᠦᠯᠵᠠᠢ᠃ ᠰᠢᠨ᠎ᠡ ᠬᠠᠭᠤᠴᠢᠨ ᠬᠤᠲᠠ ᠲᠣᠭᠤᠷᠢᠭ ᠤᠨ ᠣᠷᠴᠢᠨ ᠲᠣᠭᠤᠷᠢᠨ ᠤ | ᠬᠠᠮᠠᠭᠠᠯᠠᠯᠲᠠ᠂ ᠬᠤᠳᠠ ᠶᠢᠨ ᠶᠠᠪᠤᠳᠠᠯ᠂ ᠴᠡᠴᠡᠷᠯᠢᠭ ᠤᠨ ᠲᠥᠬᠦᠭᠡᠷᠦᠮᠵᠢ ᠵᠡᠷᠭᠡ ᠶᠢ ᠲᠡᠭᠦᠯᠳᠡᠷᠵᠢᠭᠦᠯᠵᠦ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠪᠣᠯᠤᠨ ᠵᠡᠮ ᠤᠨ ᠵᠠᠬ᠎ᠠ ᠳᠡᠯᠭᠡᠭᠦᠷ ᠶᠢ ᠲᠥᠪᠯᠡᠷᠡᠭᠦᠯᠦᠨ ᠴᠡᠭᠴᠡᠯᠡᠨ ᠵᠠᠰᠠᠪᠠ᠃ | ᠪᠦᠬᠦ ᠲᠣᠭᠤᠷᠢᠭ ᠤᠨ ᠠᠶᠢᠯ ᠲᠣᠰᠬᠤᠨ ᠤ ᠪᠠᠶᠢᠷᠢᠰᠢᠯ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ 938 | ᠠᠶᠢᠯ ᠲᠣᠰᠬᠤᠨ ᠤ ᠲᠥᠯᠥᠪᠵᠢᠭᠦᠯᠭᠡ ᠢ ᠨᠠᠶᠢᠷᠠᠭᠤᠯᠤᠨ ᠵᠣᠬᠢᠶᠠᠵᠠᠢ᠃ 5628 ᠲᠦᠮᠡᠨ ᠲᠥᠭᠦᠷᠢᠭ ᠤᠨ ᠪᠡᠯᠡ | ᠣᠷᠣᠭᠤᠯᠤᠯᠲᠠ ᠢᠶᠠᠷ ᠳᠠᠮᠵᠢᠨ᠂ ᠰᠢᠷᠭ᠎ᠠ ᠶᠢᠨ ᠭᠤᠣᠯ ᠵᠢᠴᠢ ᠢᠩᠭᠡ ᠶᠢᠨ ᠭᠤᠣᠯ ᠤᠨ ᠲᠤᠮᠤ ᠳᠤᠮᠳᠠ ᠬᠡᠯᠪᠡᠷᠢ ᠶᠢᠨ | ᠤᠰᠤᠯᠠᠯᠲᠠ ᠶᠢᠨ ᠣᠷᠣᠨ ᠤ ᠦᠷᠭᠦᠯᠵᠢᠯᠡᠨ ᠪᠦᠲᠦᠭᠡᠨ ᠪᠠᠶᠢᠭᠤᠯᠬᠤ ᠢᠵᠢ ᠪᠦᠷᠢᠳᠦᠭᠦᠯᠬᠦ ᠬᠢᠭᠡᠳ ᠤᠰᠤ | ᠠᠷᠪᠢᠯᠠᠬᠤ ᠥᠭᠡᠷᠡᠴᠢᠯᠡᠯᠲᠡ᠂ ᠡᠯ ᠲᠤᠤ ᠾᠧ ᠭᠤᠣᠯ ᠤᠨ ᠤᠰᠤᠨ ᠴᠥᠭᠦᠷᠥᠮ ᠤᠨ ᠭᠠᠩ ᠲᠠᠢ ᠲᠡᠮᠡᠴᠡᠵᠦ ᠪᠠᠴᠢᠮ | ᠪᠠᠶᠢᠳᠠᠯ ᠢ ᠠᠷᠭᠠᠴᠠᠬᠤ ᠤᠰᠤᠨ ᠰᠤᠷᠪᠤᠯᠵᠢ᠂ ᠬᠡᠪᠴᠢᠶᠡᠵᠢᠭᠦᠯᠦᠭᠰᠡᠨ ᠤᠰᠤ ᠠᠷᠪᠢᠯᠠᠵᠤ ᠤᠰᠤᠯᠠᠬᠤ ᠵᠡᠷᠭᠡ | ᠢᠨᠵᠧᠨᠧᠷᠢᠩ ᠢ ᠬᠡᠷᠡᠭᠵᠢᠭᠦᠯᠵᠡᠢ᠃ 8 ᠳ᠋ᠦᠩᠰᠢᠭᠤᠷ ᠲᠥᠭᠦᠷᠢᠭ ᠶᠢᠨ ᠪᠡᠯᠡ ᠣᠷᠣᠭᠤᠯᠤᠯᠲᠠ ᠢᠶᠠᠷ ᠳᠠᠮᠵᠢᠵᠤ᠂ | 2242 ᠺᠢᠯᠣᠮᠧᠳ᠋ᠷ ᠵᠡᠭᠡᠯᠢ ᠭᠤᠳᠤᠮᠵᠢ ᠶᠢ ᠬᠠᠲᠠᠭᠤᠷᠠᠭᠤᠯᠬᠤ ᠶᠢ ᠪᠡᠶᠡᠯᠡᠭᠦᠯᠵᠦ᠂ 10 ᠰᠠᠭᠤᠷᠢ ᠠᠶᠤᠯᠲᠠᠶ | ᠬᠥᠭᠦᠷᠭᠡ ᠳᠤ ᠵᠠᠰᠠᠯᠲᠠ ᠬᠢᠵᠦ᠂ ᠲᠣᠰᠬᠤᠨ ᠳᠤ ᠨᠡᠪᠳᠡᠷᠡᠬᠦ ᠰᠢᠨ᠎ᠡ ᠴᠠᠷᠳᠠᠮᠠᠯ ᠵᠠᠮ ᠢ 33 ᠵᠣᠷᠪᠤᠰ 417 | ᠺᠢᠯᠣᠮᠧᠳ᠋ᠷ ᠰᠢᠨ᠎ᠡ ᠶᠢᠨ ᠵᠠᠰᠠᠵᠤ᠂ ᠨᠢᠭᠡ ᠵᠢᠯ ᠤᠷᠢᠳᠴᠢᠯᠠᠨ ᠪᠡᠶᠡᠯᠡᠭᠦᠯᠦᠭᠰᠡᠨ ᠵᠠᠰᠠᠭ ᠵᠠᠬᠢᠷᠭᠠᠨ ᠤ ᠲᠣᠰᠬᠤᠨ ᠳᠤ | ᠨᠡᠪᠲᠡᠷᠡᠬᠦ ᠴᠠᠷᠳᠠᠮᠠᠯ ᠵᠠᠮ ᠤᠨ ᠨᠤᠷᠮ᠎ᠠ ᠨᠢ 100 % ᠳᠤ ᠬᠦᠷᠴᠠᠢ᠃ ᠮᠤᠵᠢ ᠶᠢᠨ ᠵᠡᠮ ᠤᠨ 219 ᠱᠤᠭᠤᠮ | ᠳ᠋ᠧᠩᠯᠦ ᠾᠧ ᠽᠢ ᠠᠴᠠ ᠤᠯᠠᠭᠠᠨᠬᠠᠳᠠ ᠶᠢᠨ ᠵᠢᠭᠤᠯᠴᠢᠯᠠᠯ ᠤᠨ ᠵᠠᠰᠠᠮᠠᠯ ᠵᠠᠮ ᠬᠦᠷᠬᠦ ᠡᠮᠦᠨᠡᠬᠢ ᠬᠤᠭᠤᠴᠠᠭᠠᠨ ᠤ | ᠠᠵᠢᠯ ᠤᠷᠤᠭᠰᠢᠲᠠᠶ ᠶᠠᠪᠤᠭᠳᠠᠵᠤ ᠪᠠᠶᠢᠨ᠎ᠠ᠃ 6432 ᠲᠦᠮᠡᠨ ᠲᠥᠭᠦᠷᠢᠭ ᠤᠨ ᠪᠡᠯᠡ ᠣᠷᠤᠭᠤᠯᠵᠤ᠂ 3 ᠰᠠᠭᠤᠷᠢ | 66 ᠺᠠᠯᠢ ᠴᠠᠬᠢᠯᠭᠠᠨ ᠬᠦᠴᠦᠳᠡᠯ ᠥᠭᠡᠷᠡᠴᠢᠯᠡᠬᠦ ᠦᠷᠲᠡᠭᠡ ᠢ ᠰᠢᠨ᠎ᠡ ᠥᠭᠡᠷᠡᠴᠢᠯᠡᠨ ᠪᠠᠶᠢᠭᠤᠯᠵᠤ᠂ ᠥᠨᠳᠥᠷ | ᠳᠣᠣᠷ᠎ᠠ ᠬᠦᠴᠦᠳᠡᠯᠲᠦ ᠱᠤᠭᠤᠮ 127 ᠮᠢᠩᠭᠠᠨ ᠮᠧᠳ᠋ᠷ ᠢ ᠳᠡᠰ ᠳᠡᠪᠰᠢᠭᠦᠯᠵᠦ ᠥᠭᠡᠷᠡᠴᠢᠯᠡᠪᠡ᠂ ᠴᠠᠬᠢᠯᠭᠠᠨ | ᠬᠠᠩᠬᠠᠯᠭ᠎ᠠ ᠶᠢᠨ ᠪᠠᠲᠤᠯᠠᠪᠤᠷᠢ ᠶᠢᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠪᠠ᠃ | ︵ᠵᠢᠷᠭᠤᠭ᠎ᠠ︶ ᠠᠷᠠᠳ ᠤᠨ ᠠᠮᠢᠳᠤᠷᠠᠯ ᠪᠠ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠬᠥᠭᠵᠢᠪᠡ᠃ ᠪᠦᠬᠦ | ᠵᠢᠯ ᠳᠤ ᠠᠷᠠᠳ ᠤᠨ ᠠᠮᠢᠳᠤᠷᠠᠯ ᠤᠨ ᠵᠠᠷᠤᠯᠭ᠎ᠠ ᠨᠢ 30 ᠳ᠋ᠦᠩᠰᠢᠭᠤᠷ ᠲᠥᠭᠦᠷᠢᠭ ᠬᠦᠷᠴᠦ᠂ ᠡᠳ᠋ ᠤᠨ ᠵᠠᠰᠠᠭ ᠤᠨ | ᠪᠦ᠋ᠬᠦ ᠵᠠᠷᠤᠯᠭ᠎ᠠ ᠶᠢᠨ 79.6% ᠶᠢ ᠡᠵᠡᠯᠡᠵᠦ ᠪᠠᠶᠢᠨ᠎ᠠ᠃ ᠬᠤᠳᠠ ᠪᠠᠯᠭᠠᠰᠤᠨ ᠤ ᠰᠢᠨ᠎ᠡ ᠪᠠᠷ ᠠᠵᠢᠯ ᠣᠯᠤᠭᠰᠠᠨ | ᠬᠦᠮᠦᠨ 3204 ᠬᠥᠮᠦᠨ ᠳᠤ ᠬᠦᠷᠴᠦ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ | ᠨᠤᠷᠮ᠎ᠠ ᠶᠢ 2.25% ᠪᠠᠷ ᠬᠢᠵᠠᠭᠠᠷᠯᠠᠪᠠ᠃ ᠬᠤᠲᠠ ᠪᠠᠯᠭᠠᠰᠤᠨ ᠤ ᠠᠵᠢᠯᠲᠠᠨ ᠠᠵᠢᠯᠴᠢᠨ ᠪᠠ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠶᠢ 6.98 ᠳ᠋ᠦᠩᠰᠢᠭᠤᠷ | ᠲᠥᠭᠦᠷᠢᠭ ᠲᠠᠷᠬᠠᠵᠠᠢ︔ ᠳᠣᠣᠷ᠎ᠠ ᠠᠮᠢᠳᠤᠷᠠᠯ ᠤᠨ ᠪᠠᠳᠤᠯᠠᠭ᠎ᠠ ᠶᠢᠨ ᠮᠥᠩᠭᠦ ᠶᠢ 9445.93 ᠲᠦᠮᠡᠨ ᠲᠥᠭᠦᠷᠢᠭ | ᠲᠠᠷᠬᠠᠭᠠᠵᠤ᠂ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠰᠠᠷ᠎ᠠ ᠪᠦᠷᠢ | 41 ᠲᠥᠭᠦᠷᠢᠭ ᠪᠠ 25 ᠲᠥᠭᠦᠷᠢᠭ ᠳᠡᠭᠡᠭᠰᠢᠯᠡᠭᠦᠯᠦᠨ᠎ᠡ᠃ 7841 ᠡᠷᠦᠭᠡ ᠬᠥᠳᠡᠭᠡ ᠲᠣᠰᠬᠤᠨ ᠤ ᠨᠤᠷᠠᠬᠤ | ᠠᠶᠤᠯᠲᠠᠶ ᠭᠡᠷ ᠪᠠᠶᠢᠰᠢᠩ ᠶᠢ ᠥᠭᠡᠷᠡᠴᠢᠯᠡᠵᠠᠢ︔ ᠨᠡᠶᠢᠲᠡ ᠶᠢᠨ ᠲᠦᠷᠢᠶᠡᠰᠦᠨ ᠭᠡᠷ ᠢ 100 ᠰᠠᠭᠤᠷᠢ ᠬᠤᠪᠢᠶᠠᠷᠢᠯᠠᠨ | ᠲᠤᠬᠢᠷᠠᠭᠤᠯᠵᠤ᠂ ᠨᠡᠶᠢᠲᠡ 14.5 ᠲᠦᠮᠡ ᠲᠥᠭᠦᠷᠢᠭ ᠤᠨ ᠨᠡᠶᠢᠲᠡ ᠶᠢᠨ ᠲᠦᠷᠢᠶᠡᠰᠦᠨ ᠭᠡᠷ ᠤᠨ ᠨᠥᠬᠦᠪᠥᠷᠢ | ᠣᠯᠭᠤᠯᠵᠠᠢ᠃ ᠣᠷᠣᠯᠭ᠎ᠠ ᠪᠠᠭᠠᠲᠠᠶ ᠲᠠᠷᠢᠶᠠᠴᠢᠨ ᠡᠷᠦᠬᠡ ᠶᠢᠨ ᠳᠤᠯᠠᠭᠠᠯᠠᠯᠭ᠎ᠠ ᠲᠤ ᠬᠡᠷᠡᠭᠯᠡᠬᠦ ᠨᠡᠭᠦᠷᠡᠰᠦᠨ ᠤ | ᠨᠥᠬᠦᠪᠥᠷᠢ 4202 ᠲᠦᠮᠡᠨ ᠲᠥᠭᠦᠷᠢᠭ ᠣᠯᠭᠤᠯᠵᠤ᠂ ᠭᠠᠮᠰᠢᠭ ᠠᠴᠠ ᠠᠪᠤᠷᠠᠬᠤ ᠪᠡᠯᠡ ᠮᠥᠩᠭᠦ 1490 ᠲᠦᠮᠡᠨ | ᠳ᠋ᠦᠩᠰᠢᠭᠤᠷ ᠲᠥᠭᠦᠷᠢᠭ ᠲᠤ ᠬᠦᠷᠴᠦ᠂ ᠭᠠᠮᠰᠢᠭᠳᠠᠭᠰᠠᠨ ᠠᠷᠠᠳ ᠢ 9.1 ᠲᠦᠮᠡᠨ ᠬᠥᠮᠦᠨ ᠤᠳᠠᠭ᠎ᠠ ᠠᠪᠤᠷᠠᠨ | ᠲᠤᠰᠠᠯᠠᠵᠠᠢ᠃ ᠡᠷᠡᠭᠦᠯ ᠬᠠᠮᠠᠭᠠᠯᠠᠯ ᠶᠢᠨ ︽ᠭᠤᠷᠪᠠ ᠶᠢ ᠨᠢᠭᠡ ᠴᠤᠭᠴᠠᠵᠢᠭᠤᠯᠬᠤ︾ ᠪᠠ ᠰᠦᠩᠱᠠᠨ ᠡᠮᠨᠡᠯᠭᠡ ᠶᠢᠨ | ᠬᠤᠷᠢᠶᠠᠨ ᠤ ᠬᠤᠶᠠᠳᠤᠭᠠᠷ ᠬᠤᠭᠤᠴᠠᠭᠠᠨ ᠤ ᠪᠦᠳᠤᠭᠡᠨ ᠪᠠᠶᠢᠭᠤᠯᠤᠯᠲᠠ ᠢ ᠲᠦᠷᠭᠡᠳᠬᠡᠨ ᠠᠬᠢᠭᠤᠯᠵᠤ᠂ ᠠᠯᠤᠰ | ᠵᠠᠶ ᠶᠢᠨ ᠡᠮᠴᠢᠯᠡᠭᠡ᠂ ᠱᠠᠲᠤ ᠬᠤᠪᠢᠶᠠᠨ ᠣᠨᠣᠰᠢᠯᠠᠨ ᠡᠮᠨᠡᠬᠦ ᠪᠠ ᠬᠡᠷ ᠪᠦᠯᠢ ᠶᠢᠨ ᠡᠮᠴᠢ ᠲᠠᠢ ᠭᠡᠷ᠎ᠡ ᠪᠠᠶᠢᠭᠤᠯᠬᠤ | ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠢ ᠡᠬᠢᠯᠡᠨ ᠬᠡᠷᠡᠭᠵᠢᠭᠦᠯᠵᠦ︔ ᠬᠠᠭᠤᠴᠢᠨ ᠬᠤᠷᠤᠭ᠎ᠠ᠂ | ᠸᠠᠩ ᠤᠨ ᠣᠷᠳᠣᠨ᠂ ᠠᠩᠴᠢᠨ᠂ ᠴᠢᠳᠬᠤᠯᠠᠩ ᠳᠠᠬᠢ 4 ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠨᠢ ᠤᠯᠤᠰ ᠤᠨ | ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠠᠵᠢᠯ ᠤᠨ ᠬᠤᠷᠢᠶᠠᠨ ᠤ ︽ᠤᠯᠠᠨ ᠲᠦᠮᠡᠨ ᠤ ᠰᠡᠳᠬᠢᠯ | ᠬᠠᠨᠤᠮᠵᠢᠲᠠᠶ ᠪᠠᠶᠢᠭ᠎ᠠ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ︾ ᠪᠠᠷ ᠦᠨᠡᠯᠡᠭᠳᠡᠪᠡ︔ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠶᠢ ᠡᠮᠬᠢᠯᠡᠨ ᠨᠡᠶᠢᠯᠡᠭᠦᠯᠬᠦ ᠶᠢ ᠪᠡᠶᠡᠯᠡᠭᠦᠯᠵᠦ᠂ | ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠨᠣᠷᠮ᠎ᠠ ᠶᠢ 96.72% ᠳᠤ | ᠬᠦᠷᠭᠡᠵᠠᠢ᠂ ᠳᠠᠩᠰᠠ ᠲᠠᠶᠢᠯᠬᠤ ᠡᠮ ᠡᠮᠨᠡᠯᠭᠡ ᠶᠢᠨ ᠵᠠᠷᠤᠳᠠᠯ 1.77 ᠳ᠋ᠦᠩᠰᠢᠭᠤᠷ ᠲᠥᠭᠦᠷᠢᠭ ᠲᠤ ᠬᠦᠷᠴᠠᠢ︔ ︽ | ᠬᠤᠶᠠᠷ ᠬᠡᠦᠬᠡᠳ ᠠᠪᠴᠤ ᠪᠣᠯᠬᠤ︾ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠮᠡᠨᠳᠦᠯᠡᠬᠦ ᠬᠥᠮᠦᠨ | ᠠᠮᠠ ᠶᠢᠨ ᠴᠢᠨᠠᠷ ᠤᠨ ᠢᠯᠭᠠᠯ ᠤᠨ ᠬᠠᠷᠢᠴᠠᠯ ᠤᠨ ᠪᠠᠭᠤᠷᠠᠯᠲᠠ ᠨᠢ 108.44 ᠪᠤᠯᠤᠨ᠎ᠠ᠃ 3.8 ᠳ᠋ᠦᠩᠰᠢᠭᠤᠷ | ᠲᠦᠭᠦᠷᠢᠭ ᠤᠨ ᠪᠡᠯᠡ ᠣᠷᠤᠭᠤᠯᠵᠣ᠂ ᠰᠦᠩᠱᠠᠨ ᠮᠣᠩᠭᠤᠯ ᠦᠨᠳᠦᠰᠦᠳᠡᠨ ᠤ ᠲᠣᠮᠳᠠᠳᠤ ᠰᠤᠷᠭᠠᠭᠤᠯᠢ ᠵᠡᠷᠭᠡ 4 | ᠶᠡᠭᠡ ᠰᠤᠷᠭᠠᠭᠤᠯᠢ ᠶᠢᠨ ᠥᠭᠡᠷᠡᠴᠢᠯᠡᠨ ᠪᠠᠢᠭᠤᠯᠬᠤ ᠥᠷᠭᠡᠳᠬᠡᠨ ᠪᠠᠢᠭᠤᠯᠬᠤ ᠵᠦᠢᠯ ᠢ ᠪᠡᠶᠡᠯᠡᠭᠦᠯᠵᠦ᠂ ᠬᠤᠲᠠ ᠶᠢᠨ | ᠲᠣᠭᠤᠷᠢᠭ ᠤᠨ 8 ᠰᠤᠷᠭᠠᠭᠤᠯᠢ ᠶᠢᠨ EPC ᠵᠦᠢᠯᠡᠰ ᠪᠠ ᠬᠥᠳᠡᠭᠡ ᠲᠣᠰᠬᠤᠨ ᠤ ᠰᠤᠷᠭᠠᠭᠤᠯᠢ ᠶᠢᠨ ᠰᠤᠷᠭᠠᠭᠤᠯᠢ | ᠡᠷᠬᠢᠯᠡᠬᠦ ᠨᠥᠬᠦᠴᠡᠯ ᠢ ᠳᠡᠭᠡᠭᠰᠢᠯᠡᠭᠦᠯᠬᠦ ᠢᠨᠵᠧᠨᠧᠷᠢᠩ ᠳᠤ ᠬᠡᠷᠡᠭᠵᠢᠭᠦᠯᠪᠡ︔ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠤᠨ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠡᠷᠳᠡᠮ ᠤᠨ ᠴᠣᠯᠠ ᠶᠢᠨ ᠡᠵᠡᠯᠡᠬᠦ | ᠬᠤᠪᠢ ᠶᠢᠨ ᠵᠢᠩ ᠳᠡᠭᠡᠭᠰᠢᠯᠡᠭᠡᠳ 42.3% ᠳᠤ ᠬᠦᠷᠪᠡ︔ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ | ᠵᠢᠩᠬᠢᠨᠢ ᠠᠩᠭᠢ ᠳᠤ ᠰᠢᠯᠭᠠᠭᠠᠳ ᠤᠷᠤᠭᠰᠠᠨ ᠨᠣᠷᠮ᠎ᠠ ᠨᠢ 64.6% ᠳᠤ ᠬᠦᠷᠴᠦ᠂ 272 ᠪᠠᠭᠰᠢ ᠶᠢ ᠢᠯᠡ ᠪᠠᠷ | ᠤᠷᠢᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ 21 ᠲᠦᠷᠦᠯ ᠵᠦᠢᠯ ᠤᠨ 198 ᠲᠦᠮᠡᠨ | ᠲᠥᠭᠦᠷᠢᠭ ᠢ ᠲᠡᠮᠡᠴᠡᠨ ᠣᠯᠵᠤ᠂ 18 ᠵᠦᠢᠯ ᠤᠨ ᠲᠤᠰᠬᠠᠶ | ᠡᠷᠬᠡ ᠠᠰᠢᠭ ᠢ ᠡᠷᠡᠮᠵᠢᠯᠡᠪᠡ᠃ ᠪᠦᠬᠦ ᠤᠯᠤᠰ ᠤᠨ ᠭᠤᠷᠪᠠᠳᠤᠭᠠᠷ ᠤᠳᠠᠭᠠᠨ ᠤ ᠲᠠᠷᠢᠶᠠᠯᠠᠩ ᠤᠨ ᠨᠡᠶᠢᠳᠡᠮ | ᠪᠠᠶᠢᠴᠠᠭᠠᠯᠲᠠ ᠶᠢ ᠦᠷᠨᠢᠭᠦᠯᠪᠡ᠃ 7 ᠨᠡᠶᠢᠭᠡᠮ ᠲᠣᠭᠤᠷᠢᠭ ᠢ ᠰᠢᠨ᠎ᠡ ᠪᠠᠷ ᠪᠠᠶᠢᠭᠤᠯᠵᠤ᠂ ᠬᠤᠳᠠ ᠶᠢᠨ ᠨᠡᠶᠢᠭᠡᠮ | ᠲᠣᠭᠤᠷᠢᠭ 58 ᠬᠦᠷᠲᠡᠯ᠎ᠡ ᠨᠡᠮᠡᠭᠳᠡᠵᠦ᠂ ᠯᠢᠨ ᠬᠤᠸᠠᠩ ᠭᠡᠷ ᠣᠷᠣᠨ ᠨᠡᠶᠢᠭᠡᠮ ᠲᠣᠭᠤᠷᠢᠭ ᠨᠢ ᠲᠥᠪ ᠤᠨ | ᠤᠬᠠᠭᠤᠯᠬᠤ ᠬᠡᠯᠲᠡᠰ ᠳᠤ ︽ᠪᠥᠬᠦ ᠤᠯᠤᠰ ᠤᠨ ᠡᠷᠳᠡᠮᠲᠡᠳ ᠤᠨ ᠨᠡᠶᠢᠭᠡᠮ ᠲᠣᠭᠤᠷᠢᠭ ᠤᠨ ᠤᠬᠠᠭᠤᠯᠭ᠎ᠠ ᠦᠵᠡᠯ | ᠰᠠᠨᠠᠭ᠎ᠠ ᠰᠣᠶᠣᠯ ᠤᠨ ᠠᠵᠢᠯ ᠤᠨ ᠵᠢᠱᠢᠶ᠎ᠡ ᠦᠵᠡᠭᠦᠯᠬᠦ ᠴᠡᠭ︾ ᠢᠶᠠᠷ ᠦᠨᠡᠯᠡᠭᠳᠡᠪᠡ᠃ ᠠᠮᠤᠷ ᠲᠠᠶᠢᠪᠤᠩ ᠰᠦᠩᠱᠠᠨ | ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠤᠲᠠ ᠶᠢᠨ ᠲᠣᠭᠤᠷᠢᠭ ᠤᠨ ᠭᠤᠣᠯ ᠵᠡᠭᠡᠯᠢ ᠵᠠᠮ᠂ ᠰᠤᠷᠭᠠᠭᠤᠯᠢ᠂ | ᠲᠡᠷᠭᠡᠨ ᠦᠷᠳᠡᠭᠡ ᠵᠡᠷᠭᠡ ᠭᠤᠣᠯᠳᠠᠯᠭ᠎ᠠ ᠲᠠᠢ ᠣᠷᠣᠨ ᠤ ᠸᠢᠳᠢᠣ᠋ ᠲᠣᠬᠢᠶ᠎ᠠ ᠰᠦᠯᠵᠢᠶ᠎ᠡ ᠶᠢ ᠲᠡᠭᠦᠯᠳᠡᠷᠵᠢᠭᠦᠯᠵᠦ᠂ ᠪᠦᠬᠦ | ᠡᠳᠦᠷ ᠤᠨ᠂ ᠳᠡᠭᠡᠳᠦ ᠬᠡᠮᠵᠢᠶᠡᠨ ᠤ ᠲᠣᠳᠤᠷᠬᠠᠢ᠂ ᠪᠦᠬᠦᠨ ᠢ ᠬᠠᠮᠤᠷᠬᠤ ᠬᠢᠨᠠᠨ ᠵᠠᠬᠢᠷᠬᠤ ᠡᠵᠠᠮᠰᠢᠯ ᠢ ᠪᠡᠶᠡᠯᠡᠭᠦᠯᠬᠦ | ᠬᠡᠷᠡᠭᠲᠡᠶ᠃ ᠵᠠᠬᠢᠳᠠᠯ ᠰᠤᠷᠪᠤᠯᠵᠢᠯᠠᠭ᠎ᠠ ᠶᠢᠨ ᠱᠠᠳᠤ ᠬᠤᠪᠢᠶᠠᠨ ᠬᠠᠷᠢᠭᠤᠴᠠᠬᠤ᠂ ᠬᠠᠷᠢᠶ᠎ᠠ ᠭᠠᠵᠠᠷ ᠶᠢᠨ ᠠᠮᠤᠷ | ᠲᠦᠪᠰᠢᠨ ᠢ ᠲᠣᠭᠲᠠᠪᠤᠷᠢᠵᠢᠭᠤᠯᠬᠤ ᠪᠠ ᠭᠡᠨᠡᠳᠲᠡ ᠡᠭᠦᠰᠬᠦ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ | ᠲᠣᠭᠲᠠᠴᠠ ᠶᠢ ᠪᠠᠶᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠬᠡᠶ ᠬᠡᠮᠵᠢᠶ᠎ᠡ ᠨᠢ 33.4% ᠪᠠᠷ ᠪᠠᠭᠤᠷᠠᠪᠠ᠃ | ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠪᠠᠨ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠶ᠃ ᠠᠶᠤᠯᠭᠦᠶ ᠦᠢᠯᠡᠳᠪᠦᠷᠢᠯᠡᠯ ᠪᠠ ᠤᠯᠠᠨ ᠨᠡᠶᠢᠲᠡ ᠶᠢᠨ ᠠᠮᠤᠷ ᠲᠦᠪᠰᠢᠨ ᠤ ᠪᠠᠶᠢᠳᠠᠯ | ᠲᠣᠭᠲᠠᠭᠤᠨ ᠪᠠᠶᠢᠵᠤ᠂ ᠪᠦᠬᠦ ᠵᠢᠯ ᠳᠤ ᠬᠦᠨᠳᠦ ᠶᠡᠭᠡ ᠣᠨᠴᠠ ᠶᠡᠭᠡ ᠠᠶᠤᠯᠭᠦᠶ ᠶᠢᠨ ᠠᠳᠡᠯ ᠭᠠᠷᠤᠭᠰᠠᠨ ᠤᠢᠭᠡᠢ᠃ | ᠡᠷᠦᠭᠡ ᠶᠢᠨ ᠴᠡᠷᠢᠭ ᠤᠨ ᠪᠡᠯᠡᠳᠬᠡᠯ ᠴᠡᠷᠢᠭ ᠤᠨ ᠠᠯᠪᠠ ᠬᠠᠭᠠᠬᠤ ᠪᠠ ᠬᠤᠶᠠᠷ ᠢ ᠬᠦᠷᠢᠶᠡᠯᠡᠵᠦ ᠬᠠᠮᠲᠤ ᠪᠠᠷ | ᠪᠠᠶᠢᠭᠤᠯᠬᠤ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠷᠠᠳᠢᠣ᠋ ᠲᠧᠯᠸᠢᠰ᠂ ᠦᠨᠳᠦᠰᠦᠲᠡᠨ ᠤ ᠱᠠᠰᠢᠨ | ᠰᠤᠷᠲᠠᠬᠤᠨ᠂ ᠴᠥᠭᠦᠷᠥᠮ ᠤᠨ ᠣᠷᠣᠨ ᠤ ᠠᠷᠠᠳ ᠢ ᠨᠡᠭᠦᠯᠭᠡᠬᠦ᠂ ᠳᠠᠩᠰᠠ ᠡᠪᠬᠡᠮᠡᠯ᠂ ᠤᠯᠠᠭᠠᠨ ᠵᠠᠭᠠᠯᠮᠠᠶᠢᠲᠠᠨ ᠤ | ᠡᠪᠯᠡᠯ᠂ ᠥᠲᠡᠭᠦᠰ᠂ ᠡᠭᠡ ᠬᠡᠦᠬᠡᠳ᠂ ᠵᠡᠮᠳᠡᠭᠴᠦᠦᠯ᠂ ᠪᠠᠶᠢᠭᠤᠯᠤᠯᠭ᠎ᠠ ᠶᠢᠨ ᠶᠠᠪᠤᠳᠠᠯ ᠵᠡᠷᠭᠡ ᠡᠯ᠎ᠡ ᠲᠠᠯ᠎ᠠ ᠶᠢᠨ | ᠠᠵᠢᠯ ᠨᠢ ᠰᠢᠨ᠎ᠡ ᠠᠬᠢᠯᠲᠠ ᠲᠠᠢ ᠪᠣᠯᠪᠠ᠃ | ᠨᠢᠭᠡ ᠵᠢᠯ ᠤᠨ ᠲᠤᠷᠰᠢ᠂ ᠪᠢᠳᠡ ᠠᠷᠠᠳᠴᠢᠯᠠᠯ᠂ ᠬᠠᠤᠯᠢ ᠪᠠᠷ ᠵᠠᠰᠠᠬᠤ ᠪᠠ ᠰᠤᠷᠲᠠᠯ ᠤᠨ ᠪᠠᠶᠢᠭᠤᠯᠤᠯᠲᠠ ᠶᠢ | ᠠᠳᠬᠤᠬᠤ ᠶᠢ ᠯᠠᠪᠳᠠᠭᠤᠨ ᠪᠠᠲᠤᠲᠠᠶ ᠪᠠᠷ ᠲᠦᠯᠬᠢᠨ ᠠᠬᠢᠭᠤᠯᠵᠠᠢ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠪᠣᠯᠤᠨ ᠤᠯᠤᠰ ᠳᠦᠷᠦ ᠶᠢᠨ ᠵᠥᠪᠯᠡᠯᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠪᠦᠬᠦ ᠵᠢᠯ ᠳᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠵᠥᠪᠯᠡᠯᠭᠡ ᠶᠢ 46 | ᠬᠤᠪᠢ ᠰᠢᠢᠳᠪᠦᠷᠢᠯᠡᠵᠦ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ 65 ᠬᠤᠪᠢ | ᠰᠢᠢᠳᠪᠦᠷᠢᠯᠡᠨ᠂ ᠨᠢᠭᠡ ᠪᠦᠯᠦᠭ ᠦᠯᠡᠮᠵᠢ ᠤᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠪᠣᠳᠠᠲᠠᠶ | ᠠᠰᠠᠭᠤᠳᠠᠯ ᠢ ᠰᠢᠢᠳᠪᠦᠷᠢᠯᠡᠵᠠᠢ᠃ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠴᠢᠳ ᠤᠨ | ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠵᠢᠴᠢ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ | ᠪᠠ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠠᠷᠠᠳ ᠤᠨ ᠪᠦᠯᠬᠦᠮ ᠤᠨ ᠰᠠᠨᠠᠯ ᠢ ᠨᠠᠷᠢᠨ ᠬᠢᠨᠠᠮᠠᠭᠠᠶ | ᠰᠣᠨᠤᠰᠴᠠᠢ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠬᠡᠷᠡᠭᠵᠢᠭᠦᠯᠵᠦ᠂ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠤᠯᠢ ᠪᠠᠷ ᠣᠷᠣᠨ ᠢᠶᠠᠨ ᠵᠠᠰᠠᠬᠤ ᠶᠢ ᠪᠦᠬᠦ | ᠲᠠᠯ᠎ᠠ ᠪᠠᠷ ᠲᠦᠯᠬᠢᠨ ᠠᠬᠢᠭᠤᠯᠵᠠᠢ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ ᠪᠤᠲᠤᠬᠤ ᠬᠢᠨᠠᠯᠲᠠ | ᠲᠠᠯᠪᠢᠬᠤ ᠠᠵᠢᠯ ᠢ ᠴᠢᠩᠭᠠᠳᠬᠠᠨ᠂ ᠲᠦᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠨ᠎ᠡ᠃ ︽ᠬᠤᠶᠠᠷ ᠢ | ᠰᠤᠷᠤᠯᠴᠠᠵᠤ ᠨᠢᠭᠡ ᠶᠢ ᠬᠢᠬᠦ︾ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠦᠷᠭᠦᠯᠵᠢᠯᠡᠨ ᠴᠡᠭᠴᠡᠯᠡᠨ | ᠵᠠᠰᠠᠵᠤ᠂ ︽ᠲᠦᠷᠪᠡᠨ ᠰᠤᠷᠲᠠᠯ︾ ᠤᠨ ᠠᠰᠠᠭᠤᠳᠠᠯ ᠢ ᠲᠠᠰᠤᠷᠠᠯᠲᠠ ᠦᠭᠡᠢ ᠴᠡᠭᠴᠡᠯᠡᠨ᠂ ᠶᠡᠷᠦᠩᠬᠡᠢ ᠵᠣᠷᠢᠯᠲᠠ ᠳᠤ | ᠦᠢᠯᠡᠴᠢᠯᠡᠬᠦ ᠤᠬᠠᠮᠰᠠᠷ ᠢᠶᠠᠨ ᠴᠢᠩᠭᠠᠷᠠᠭᠤᠯᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ | ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠪᠠ ᠺᠠᠳ᠋ᠷ ᠤᠨ ᠣᠪᠣᠷ | ᠰᠤᠷᠲᠠᠯ ᠨᠢ ᠢᠯᠡᠳᠲᠡ ᠰᠠᠶᠢᠵᠢᠷᠠᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠰᠢᠨ᠎ᠡ ᠦᠷ᠎ᠡ | ᠪᠦᠲᠦᠮᠵᠢ ᠣᠯᠵᠠᠢ᠃ | ᠲᠥᠯᠥᠭᠡᠯᠡᠭᠴᠢᠳ ᠡ᠄ ᠥᠩᠭᠡᠷᠡᠭᠰᠡᠨ ᠨᠢᠭᠡ ᠵᠢᠯ ᠳᠤ᠂ ᠪᠢᠳᠡ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ᠂ ᠡᠷᠡᠯᠬᠡᠭᠯᠡᠨ ᠲᠡᠮᠡᠴᠡᠵᠦ᠂ ᠡᠷᠴᠢ ᠵᠣᠷᠢᠭ ᠢᠶᠠᠨ ᠬᠥᠪᠴᠢᠯᠡᠵᠦ ᠡᠭᠡ ᠤᠯᠤᠰ ᠢᠶᠠᠨ ᠵᠠᠰᠠᠬᠤ᠂ ᠡᠯ᠎ᠡ | ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ︽ᠠᠷᠪᠠᠨ ᠭᠤᠷᠪᠠᠳᠤᠭᠠᠷ ᠲᠠᠪᠤᠨ ᠵᠢᠯ︾ | ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠦᠭᠰᠡᠨ ᠪᠠᠶᠢᠨ᠎ᠠ᠃ ᠠᠮᠵᠢᠯᠲᠠ ᠣᠯᠤᠭᠰᠠᠨ ᠨᠢ ᠬᠢᠯᠪᠠᠷ ᠶᠠᠪᠤᠳᠠᠯ | ᠪᠢᠰᠢ ᠶᠤᠮ᠃ ᠡᠨᠡ ᠪᠣᠯ ᠬᠤᠲᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠡᠷᠡᠰ ᠴᠢᠩᠭ᠎ᠠ | ᠤᠳᠤᠷᠢᠳᠤᠯᠭ᠎ᠠ᠂ ᠬᠠᠯᠠᠮᠵᠢᠯᠠᠵᠤ ᠳᠡᠮᠵᠢᠭᠰᠡᠨ ᠤ ᠦᠷ᠎ᠡ ᠳ᠋ᠦᠩ ᠮᠥᠨ᠂ ᠲᠣᠭᠤᠷᠢᠭ ᠤᠨ ᠨᠠᠮ ᠤᠨ ᠬᠤᠷᠢᠶᠠᠨ ᠤ | ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠳᠦ ᠪᠤᠳᠤᠯᠭ᠎ᠠ | ᠲᠣᠭᠲᠠᠭᠠᠭᠰᠠᠨ ᠤ ᠦᠷ᠎ᠡ ᠳ᠋ᠦᠩ ᠪᠣᠯᠤᠨ᠎ᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠲᠠᠯᠪᠢᠬᠤ ᠳᠡᠮᠵᠢᠯᠭᠡ᠂ ᠦᠨᠡᠨ | ᠰᠡᠳᠬᠢᠯ ᠠᠴᠠ ᠪᠠᠨ ᠬᠠᠯᠠᠮᠵᠢᠯᠠᠭᠰᠠᠨ ᠤ ᠦᠷ᠎ᠡ ᠳ᠋ᠦᠩ ᠪᠣᠯᠤᠨ᠎ᠠ᠂ ᠪᠦᠬᠦ ᠣᠷᠣᠨ ᠤ ᠦᠨᠳᠦᠰᠦᠲᠡᠨ ᠨᠦᠭᠦᠳ ᠤᠨ | ᠺᠠᠳ᠋ᠷ ᠤᠯᠠᠨ ᠲᠦᠮᠡᠨ ᠤ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ | ᠳ᠋ᠦᠩ ᠮᠥᠨ᠃ ᠡ᠊ᠨᠳᠡ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠨ ᠲᠦᠯᠦᠭᠡᠯᠡᠵᠦ᠂ ᠪᠦᠬᠦ | ᠲᠣᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠰᠦᠩᠱᠠᠨ ᠲᠣᠭᠤᠷᠢᠭ ᠤᠨ ᠥᠭᠡᠷᠡᠴᠢᠯᠡᠯᠲᠡ | ᠬᠥᠭᠵᠢᠯᠲᠡ ᠪᠠ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢᠨ ᠲᠥᠯᠥᠭᠡ ᠬᠤᠪᠢ ᠨᠡᠮᠡᠷᠢ ᠪᠠᠨ ᠦᠵᠡᠭᠦᠯᠦᠭᠰᠡᠨ | ᠨᠥᠬᠦᠳ ᠪᠣᠯᠤᠨ ᠰᠦᠩᠱᠠᠨ ᠲᠣᠭᠤᠷᠢᠭ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠠᠶᠢᠵᠢ ᠨᠥᠬᠦᠳ ᠳᠤ ᠪᠠᠨ᠂ | ᠬᠠᠮᠤᠭ ᠤᠨ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ | ᠠᠮᠵᠢᠯᠲᠠ ᠪᠦᠲᠦᠮᠵᠢ ᠪᠠᠨ ᠨᠤᠲᠠᠯᠠᠬᠤ ᠶᠢᠨ ᠵᠡᠷᠭᠡᠴᠡᠭᠡᠪᠡᠷ᠂ ᠪᠢᠳᠡ ᠪᠠᠰᠠ ᠬᠥᠭᠵᠢᠯᠲᠡ ᠶᠢᠨ ᠵᠠᠮ ᠲᠣᠮᠳᠠ | ᠴᠥᠭᠡᠨ ᠪᠤᠰᠤ ᠬᠦᠴᠢᠷᠳᠡᠯ ᠪᠠ ᠠᠰᠠᠭᠤᠳᠠᠯ ᠣᠷᠤᠰᠢᠵᠤ ᠪᠠᠶᠢᠬᠤ ᠶᠢ ᠰᠡᠷᠭᠡᠭ ᠢᠶᠠᠷ ᠲᠠᠨᠢᠬᠤ ᠬᠡᠷᠡᠭᠲᠡᠢ᠂ ᠡᠭᠦᠨ ᠳᠤ | ᠭᠤᠣᠯᠳᠠᠭᠤ᠄ ᠠᠵᠤ ᠦᠢᠯᠡᠰ ᠤᠨ ᠪᠦᠲᠦᠴᠡ ᠶᠢᠨ ᠴᠢᠨᠠᠷᠲᠠᠶ ᠵᠥᠷᠢᠴᠡᠯ ᠲᠣᠪᠤᠶᠢᠮ᠎ᠠ ᠪᠠᠶᠢᠬᠤ᠂ ᠬᠥᠳᠡᠭᠡ ᠠᠵᠤ | ᠠᠬᠤᠶ ᠨᠢ ᠶᠡᠭᠡ ᠪᠣᠯᠪᠠᠴᠤ ᠭᠦᠴᠦᠷᠬᠡᠭ ᠪᠢᠰᠢ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠪᠠ ᠰᠢᠨ᠎ᠡ ᠪᠠᠷ | ᠬᠥᠭᠵᠢᠭᠰᠡᠨ ᠠᠵᠤ ᠦᠢᠯᠡᠰ ᠤᠨ ᠬᠥᠭᠵᠢᠯᠲᠡ ᠨᠢ ᠤᠳᠠᠭᠠᠰᠢᠷᠠᠭᠤᠯᠪᠠ︔ ᠠᠵᠤ ᠦᠢᠯᠡᠰ ᠤᠨ ᠬᠦᠷᠢᠶᠡᠯᠡᠩ ᠤᠨ | ᠲᠥᠪᠯᠡᠷᠡᠯ ᠤᠨ ᠳᠠᠭᠠᠭᠠᠴᠠ ᠶᠢᠨ ᠴᠢᠳᠠᠪᠤᠷᠢ ᠬᠦᠷᠦᠯᠴᠡᠬᠦ ᠦᠭᠡᠢ᠂ ᠲᠤᠮᠤ ᠲᠦᠷᠦᠯ ᠵᠦᠢᠯ᠂ ᠲᠤᠮᠤ ᠠᠵᠤ | ᠠᠬᠤᠶᠢᠯᠠᠯ ᠤᠨ ᠲᠤᠯᠭᠠᠭᠤᠷᠢ ᠳᠤᠲᠠᠭᠳᠠᠵᠤ᠂ ᠪᠡᠯᠡ ᠣᠷᠣᠭᠤᠯᠤᠯᠲᠠ ᠶᠢᠨ ᠵᠠᠯᠭᠠᠮᠵᠢ ᠨᠡᠮᠡᠭᠳᠡᠯ ᠨᠢ ᠬᠦᠴᠦ | ᠬᠤᠮᠰᠠᠳᠠᠵᠤ ᠪᠣᠢ︔ ᠰᠢᠨ᠎ᠡ ᠮᠠᠶ᠋ᠢᠭ ᠤᠨ ᠬᠤᠲᠠ ᠪᠠᠯᠭᠠᠰᠤᠵᠢᠭᠤᠯᠬᠤ ᠶᠠᠪᠤᠴᠠ ᠨᠢ ᠤᠳᠠᠭᠠᠨ ᠪᠠᠶᠢᠵᠤ᠂ | ᠬᠤᠳᠠ ᠶᠢᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ᠂ ᠬᠤᠳᠠ ᠬᠥᠳᠡᠭᠡ ᠶᠢᠨ | ᠬᠥᠭᠵᠢᠯᠲᠡ ᠶᠢ ᠨᠢᠭᠡᠳᠦᠯᠲᠡᠶ ᠲᠥᠯᠥᠪᠯᠡᠬᠦ ᠡᠭᠦᠷᠭᠡ ᠪᠡᠷᠬᠡ ᠬᠠᠲᠠᠭᠤᠵᠢᠯᠲᠠᠶ ᠪᠠᠶᠢᠨ᠎ᠠ︔ ᠡᠳ᠋ ᠤᠨ ᠵᠠᠰᠠᠭ ᠤᠨ | ᠣᠷᠣᠯᠭ᠎ᠠ ᠵᠠᠷᠤᠯᠭ᠎ᠠ ᠲᠡᠩᠴᠡᠭᠦᠷᠢ ᠦᠭᠡᠢ ᠪᠠᠶᠢᠬᠤ᠂ ᠪᠡᠯᠡ ᠮᠥᠩᠭᠦ ᠶᠢᠨ ᠪᠠᠲᠤᠯᠠᠭ᠎ᠠ ᠪᠠ ᠥᠷᠢ ᠥᠭᠴᠡᠭᠡᠨ ᠤ | ᠲᠦᠭᠰᠢᠭᠦᠷᠢ ᠶᠢ ᠰᠡᠷᠭᠡᠶᠢᠯᠡᠬᠦ ᠠᠵᠢᠯ ᠢ ᠴᠢᠩᠭᠠᠳᠬᠠᠬᠤ ᠴᠢᠬᠤᠯᠠ ᠲᠠᠢ ᠪᠠᠶᠢᠨ᠎ᠠ︔ ᠵᠠᠰᠠᠭ ᠤᠨ ᠣᠷᠳᠣᠨ ᠤ ᠡᠭᠦᠷᠭᠡ | ᠴᠢᠳᠠᠪᠤᠷᠢ ᠶᠢᠨ ᠬᠤᠪᠢᠷᠠᠭᠤᠯᠤᠯᠲᠠ ᠨᠢ ᠲᠦᠢᠯᠪᠤᠷᠢ ᠦᠭᠡᠢ᠂ ᠦᠵᠡᠯ ᠰᠠᠨᠠᠭᠠᠨ ᠤ ᠴᠢᠯᠥᠭᠡᠯᠡᠯᠲᠡ ᠭᠦᠢᠴᠡᠳ ᠦᠭᠡᠢ᠂ | ᠪᠠᠶᠢᠭᠤᠯᠤᠯ ᠲᠣᠭᠲᠠᠴᠠ ᠨᠢ ᠠᠮᠢᠳᠤᠯᠢᠭ ᠪᠤᠰᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠴᠢᠳᠠᠪᠤᠷᠢ | ᠬᠦᠷᠦᠯᠴᠡᠬᠦ ᠦᠭᠡᠢ︔ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠤᠯᠢ ᠶᠣᠰᠣᠭᠠᠷ ᠵᠠᠰᠠᠭ ᠶᠠᠪᠤᠭᠤᠯᠬᠤ | ᠴᠢᠳᠠᠪᠤᠷᠢ ᠴᠢᠩᠭ᠎ᠠ ᠪᠢᠰᠢ᠂ ᠵᠠᠰᠠᠭ ᠵᠠᠬᠢᠷᠭᠠᠨ ᠤ ᠦᠷ᠎ᠡ ᠠᠰᠢᠭ ᠨᠢ ᠥᠨᠳᠥᠷ ᠪᠢᠰᠢ᠂ ᠬᠡᠰᠡᠭ ᠺᠠᠳ᠋ᠷ ᠤᠨ | ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠳᠤᠲᠠᠮᠠᠭ᠂ ᠡᠰᠡ ᠦᠢᠯᠡᠳᠬᠦᠶ᠂ ᠤᠳᠠᠭᠠᠨ ᠦᠢᠯᠡᠳᠬᠦᠢ᠂ ᠳᠤᠷ᠎ᠠ ᠪᠠᠷ ᠢᠶᠠᠨ | ᠦᠢᠯᠡᠳᠬᠦ ᠵᠡᠷᠭᠡ ᠦᠵᠡᠭᠳᠡᠯ ᠮᠥᠨ ᠯᠡ ᠣᠷᠣᠰᠢᠭᠰᠠᠭᠠᠷ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠨᠠᠷᠢᠨ ᠬᠢᠨᠠᠮᠠᠭᠠᠶ ᠰᠢᠢᠳᠪᠦᠷᠢᠯᠡᠬᠦ ᠬᠡᠷᠡᠭᠲᠡᠶ᠃ | | | 2017 ᠣᠨ ᠤ ᠠᠵᠢᠯ ᠤᠨ ᠲᠣᠬᠢᠷᠠᠭᠤᠯᠤᠯᠲᠠ | ᠡᠨᠡ ᠵᠢᠯ ᠪᠣᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠵᠠᠩᠭᠢᠯᠠᠭ᠎ᠠ ᠶᠢᠨ ᠵᠢᠯ | ᠮᠥᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠡᠷᠬᠡ ᠰᠡᠳᠦᠪ ᠢ ᠰᠢᠢᠳᠪᠦᠷᠢᠯᠡᠬᠦ ᠣᠨ ᠮᠥᠨ᠃ | ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠵᠦ᠂ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠪᠣᠯᠤᠨ ᠠᠷᠪᠠᠨ | ᠨᠠᠶᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ᠂ ᠳᠥᠷᠪᠡᠳᠦᠭᠡᠷ ᠪᠥᠬᠦᠳᠡ | ᠬᠤᠷᠠᠯ᠂ ᠲᠠᠪᠤᠳᠤᠭᠠᠷ ᠪᠦᠭᠦᠳᠡ ᠬᠤᠷᠠᠯ᠂ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠢ ᠡᠷᠬᠡᠪᠰᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠤᠷᠢᠭ ᠤᠨ ᠨᠠᠢᠮᠠᠳᠤᠭᠠᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠨᠠᠮ ᠤᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ | ᠳᠥᠷᠪᠡᠳᠦᠭᠡᠷ ᠤᠳᠠᠭᠠᠨ ᠤ ᠪᠥᠬᠦᠳᠡ ᠬᠤᠷᠠᠯ ᠤᠨ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ | ᠤᠶᠠᠯᠳᠤᠭᠤᠯᠤᠨ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠪᠠᠷ ᠭᠤᠣᠯ ᠪᠣᠯᠭᠠᠵᠤ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠬᠤ ᠪᠠᠷ ᠰᠢᠵᠢᠮ ᠪᠣᠯᠭᠠᠨ᠂ | ᠦᠵᠡᠯ ᠰᠠᠨᠠᠭᠠᠨ ᠤ ᠶᠡᠭᠡ ᠴᠢᠯᠥᠭᠡᠯᠡᠯᠲᠡ ᠪᠠᠷ ᠳᠠᠮᠵᠢᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠬᠥᠭᠵᠢᠭᠡᠵᠦ᠂ | ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠳᠠᠮᠵᠢᠨ ᠠᠵᠤ ᠦᠢᠯᠡᠰ ᠤᠨ ᠶᠡᠭᠡ ᠬᠥᠭᠵᠢᠯᠲᠡ ᠶᠢ ᠪᠣᠢ ᠪᠣᠯᠭᠠᠨ᠎ᠠ᠂ | ᠤᠯᠠᠭᠠᠨᠬᠠᠳᠠ ᠶᠢᠨ ᠭᠤᠣᠯ ᠬᠤᠳᠠ ᠶᠢᠨ ᠲᠣᠭᠤᠷᠢᠭ ᠤᠨ ᠨᠢᠭᠡ ᠵᠣᠷᠢᠯᠲᠠ ᠶᠢ ᠲᠦᠷᠭᠡᠪᠴᠢᠯᠡᠨ ᠪᠡᠶᠡᠯᠡᠭᠦᠯᠵᠦ᠂ | ᠤᠶᠤᠨᠴᠢᠷ ᠬᠤᠳᠠ ᠪᠣᠯᠤᠨ ᠦᠵᠡᠰᠬᠦᠯᠡᠩᠲᠦ ᠰᠠᠢᠬᠠᠨ ᠬᠥᠳᠡᠭᠡ ᠲᠣᠰᠬᠤᠨ ᠤ ᠬᠤᠶᠠᠷ ᠪᠠᠶᠢᠷᠢ ᠶᠢᠨ | ᠲᠣᠭᠲᠠᠭᠠᠯᠲᠠ ᠶᠢ ᠴᠢᠩᠭᠠᠳᠬᠠᠵᠤ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ᠂ ᠲᠠᠷᠢᠶᠠᠯᠠᠩ ᠤᠨ | ᠣᠳᠣᠬᠢᠴᠢᠯᠠᠯᠲᠠ᠂ ᠦᠢᠯᠡᠴᠢᠯᠡᠭᠡᠨ ᠤ ᠦᠢᠯᠡᠰ ᠤᠨ ᠤᠯᠠᠨ ᠡᠰᠢᠴᠢᠯᠡᠯᠲᠡ ᠶᠢᠨ ᠭᠤᠷᠪᠠᠨ ᠬᠦᠴᠦᠯᠡᠬᠦ ᠴᠡᠭ ᠴᠢᠩᠭ᠎ᠠ | ᠠᠳᠬᠤᠵᠤ᠂ ᠪᠣᠳᠠᠲᠤ ᠬᠦᠴᠦᠨ᠂ ᠰᠠᠷᠠᠭᠤᠯ ᠲᠣᠳᠤᠷᠬᠠᠢ᠂ ᠡᠪ ᠨᠠᠶᠢᠷᠲᠠᠢ᠂ ᠲᠠᠲᠠᠬᠤ ᠬᠦᠴᠦᠨ ᠲᠠᠢ ᠰᠢᠨ᠎ᠡ | ᠰᠦᠩᠱᠠᠨ ᠢ ᠴᠢᠷᠮᠠᠶᠢᠨ ᠪᠠᠶᠢᠭᠤᠯᠬᠤ ᠬᠡᠷᠡᠭᠲᠡᠶ᠂ ᠡᠭᠦᠨ ᠤ ᠤᠯᠠᠮ ᠠᠴᠠ᠂ ᠰᠢᠯᠢᠳᠡᠭ ᠬᠢᠷᠢ ᠪᠦᠲᠦᠮᠵᠢ ᠪᠠᠷ | ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠪᠠ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ᠃ | ᠭᠤᠣᠯ ᠵᠢᠱᠢᠭᠰᠡᠨ ᠬᠠᠷᠠᠯᠲᠠ ᠨᠤᠭᠤᠳ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠶᠢ 8. | 5% ᠣᠷᠴᠢᠮ ᠨᠡᠮᠡᠭᠳᠡᠭᠦᠯᠦᠨ᠎ᠡ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢᠨ 4% | ᠣᠷᠴᠢᠮ ᠨᠡᠮᠡᠭᠳᠡᠭᠦᠯᠦᠨ᠎ᠡ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 20 % ᠣᠷᠴᠢᠮ | ᠨᠡᠮᠡᠭᠳᠡᠭᠦᠯᠦᠨ᠎ᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶ᠎ᠡ ᠶᠢ 12% | ᠣᠷᠴᠢᠮ ᠨᠡᠮᠡᠭᠳᠡᠭᠦᠯᠦᠨ᠎ᠡ᠂ ᠬᠤᠲᠠ ᠪᠠᠯᠭᠠᠰᠤ᠂ ᠬᠥᠳᠡᠭᠡ ᠲᠣᠰᠬᠤᠨ ᠳᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ ᠲᠤᠰ ᠲᠤᠰ 10% ᠪᠠ 11.5% | ᠣᠷᠴᠢᠮ ᠪᠠᠷ ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ | 4% ᠶᠢᠨ ᠳᠣᠲᠣᠷ᠎ᠠ ᠬᠢᠵᠠᠭᠠᠷᠯᠠᠬᠤ ᠬᠡᠷᠡᠭᠲᠡᠶ︔ ᠬᠤᠲᠠ ᠠᠴᠠ ᠪᠠᠭᠤᠯᠭᠠᠭᠰᠠᠨ ᠡᠯ᠎ᠡ ᠵᠦᠢᠯ ᠤᠨ ᠡᠨᠧᠷᠭᠢ | ᠠᠷᠪᠢᠯᠠᠵᠤ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ ᠪᠡᠶᠡᠯᠡᠭᠦᠯᠬᠦ ᠬᠡᠷᠡᠭᠲᠡᠶ᠃ | | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠵᠢᠷᠭᠤᠭᠠᠨ ᠲᠠᠯ᠎ᠠ ᠶᠢᠨ ᠠᠵᠢᠯ ᠢ ᠬᠦᠴᠦᠯᠡᠨ | ᠰᠠᠶᠢᠲᠤᠷ ᠠᠳᠬᠤᠬᠤ ᠬᠡᠷᠡᠭᠲᠡᠶ᠄ | ︵ᠨᠢᠭᠡ︶ ᠪᠦᠲᠦᠮᠵᠢᠲᠡᠶ ᠪᠡᠯᠡ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠵᠦ᠂ ᠭᠤᠣᠯᠳᠠᠯᠭ᠎ᠠ ᠲᠠᠢ | ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠢ ᠪᠦᠬᠦ ᠬᠦᠴᠦ ᠪᠠᠷ ᠢᠶᠠᠨ ᠠᠬᠢᠭᠤᠯᠬᠤ ᠬᠡᠷᠡᠭᠲᠡᠢ᠃ ᠣᠳᠣᠬᠠᠨ ᠤ | ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠨᠡᠮᠡᠭᠳᠡᠯ ᠢ ᠲᠣᠭᠲᠠᠪᠤᠷᠢᠵᠢᠭᠤᠯᠬᠤ ᠲᠦᠷᠦ ᠶᠢᠨ ᠪᠤᠳᠤᠯᠭ᠎ᠠ ᠶᠢᠨ ᠠᠵᠠ | ᠲᠣᠬᠢᠶᠠᠯ ᠠᠳᠬᠤᠨ᠂ ᠨᠡᠩ ᠬᠦᠴᠦᠲᠡᠶ ᠠᠷᠭ᠎ᠠ ᠬᠡᠮᠵᠢᠶ᠎ᠡ ᠭᠠᠷᠭᠠᠵᠤ᠂ ᠪᠡᠯᠡ ᠣᠷᠣᠭᠤᠯᠤᠯᠲᠠ ᠪᠣᠯᠤᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠦᠴᠦ ᠣᠷᠣᠭᠤᠯᠵᠤ᠂ ᠠᠵᠢᠯ ᠢᠶᠠᠨ ᠰᠠᠶᠢᠲᠤᠷ ᠬᠢᠬᠦ | ᠬᠡᠷᠡᠭᠲᠡᠶ᠃ | ᠪᠡᠯᠡ ᠣᠷᠣᠭᠤᠯᠤᠯᠲᠠ ᠪᠣᠯᠤᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠢ ᠲᠤᠪᠤᠶᠢᠮ᠎ᠠ ᠰᠠᠶᠢᠨ | ᠠᠳᠬᠤᠬᠤ ᠬᠡᠷᠡᠭᠲᠡᠢ᠃ ᠪᠡᠯᠡ ᠣᠷᠣᠭᠤᠯᠤᠯᠲᠠ ᠶᠢᠨ ᠤᠷᠤᠭᠰᠢ ᠲᠠᠲᠠᠬᠤ ᠨᠢ ᠬᠥᠭᠵᠢᠯᠲᠡ ᠶᠢ ᠲᠦᠷᠭᠡᠳᠬᠡᠬᠦ ᠪᠣᠯ | ᠪᠡᠶᠡᠯᠡᠭᠦᠯᠬᠦ᠂ ᠬᠥᠭᠡᠭᠡᠵᠦ ᠭᠦᠢᠴᠡᠬᠦ ᠪᠠ ᠳᠠᠪᠠᠵᠤ ᠭᠠᠷᠬᠤ ᠬᠠᠮᠤᠭ ᠤᠨ ᠪᠣᠳᠠᠲᠤ ᠠᠷᠭ᠎ᠠ ᠵᠠᠮ ᠮᠥᠨ᠃ ᠲᠦᠷᠤᠯ | ᠵᠦᠢᠯ ᠤᠨ ᠪᠦᠳᠤᠬᠡᠨ ᠪᠠᠶᠢᠭᠤᠯᠤᠯᠲᠠ ᠶᠢ ᠨᠢᠭᠡᠳᠦᠭᠡᠷ ᠭᠠᠷ ᠤᠨ ᠢᠨᠵᠧᠨᠧᠷᠢᠩ ᠪᠣᠯᠭᠠᠨ ᠠᠳᠬᠤᠬᠤ ᠶᠢ ᠪᠠᠷᠢᠮᠲᠠᠯᠠᠵᠤ | ᠂ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢᠨ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠪᠦᠬᠦ | ᠬᠦᠴᠦ ᠪᠠᠷ ᠢᠶᠠᠨ ᠠᠬᠢᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠵᠦᠢᠯᠡᠰ᠂ | ᠭᠤᠣᠯᠳᠠᠯᠭ᠎ᠠ ᠲᠠᠢ ᠠᠵᠢᠯ ᠤᠨ ᠰᠠᠷ᠎ᠠ ᠶᠢᠨ ᠲᠣᠭᠲᠠᠮᠠᠯ ᠬᠤᠷᠠᠯ ᠤᠨ ᠳᠦᠷᠢᠮ ᠢ ᠪᠠᠶᠢᠭᠤᠯᠵᠤ᠂ ᠤᠳᠤᠷᠢᠳᠤᠯᠭ᠎ᠠ ᠪᠠ | ᠺᠠᠳ᠋ᠷᠴᠤᠳ ᠤᠨ ᠬᠤᠯᠪᠣᠯᠳᠤᠭᠰᠠᠨ ᠬᠠᠷᠢᠭᠤᠴᠠᠯᠭ᠎ᠠ ᠶᠢᠨ ᠲᠦᠷᠢᠮ᠂ ᠲᠥᠷᠥᠯ ᠵᠦᠢᠯ ᠤᠨ ᠠᠬᠢᠴᠠ ᠶᠢ ᠮᠡᠳᠡᠭᠳᠡᠬᠦ | ᠲᠦᠷᠢᠮ ᠪᠠ ᠬᠦᠴᠢᠷ ᠲᠦᠪᠡᠭᠲᠡᠶ ᠠᠰᠠᠭᠤᠳᠠᠯ ᠢ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠶᠢ | ᠨᠠᠶᠢᠳᠠᠪᠤᠷᠢᠵᠢᠭᠤᠯᠵᠤ᠂ ᠳᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠦᠨᠡᠨᠬᠦ ᠠᠳᠬᠤᠵᠤ᠂ ᠪᠦᠲᠦᠮᠵᠢᠲᠡᠶ ᠪᠡᠯᠡ | ᠣᠷᠣᠭᠤᠯᠤᠯᠲᠠ ᠶᠢᠨ ᠬᠡᠪᠴᠢᠶ᠎ᠡ ᠶᠢ ᠥᠷᠭᠡᠳᠬᠡᠬᠦ ᠬᠡᠷᠡᠭᠲᠡᠶ᠃ ᠨᠢᠭᠡᠨᠲᠡ ᠲᠣᠭᠲᠠᠭᠠᠭᠰᠠᠨ 92 ᠪᠦᠯᠦᠭ ᠭᠤᠣᠯᠳᠠᠯᠭ᠎ᠠ | ᠪᠣᠯᠬᠤ ᠵᠦᠢᠯᠡᠰ ᠶᠢ ᠲᠦᠷᠭᠡᠪᠴᠢᠯᠡᠨ ᠠᠬᠢᠭᠤᠯᠵᠤ᠂ ᠲᠡᠭᠦᠨ ᠤ ᠳᠣᠲᠣᠷᠠᠬᠢ ᠪᠡᠯᠡ ᠣᠷᠣᠭᠤᠯᠤᠯᠲᠠ ᠨᠢ ᠳ᠋ᠦᠩᠰᠢᠭᠤᠷ | ᠲᠥᠭᠦᠷᠢᠭ ᠢ ᠳᠠᠪᠠᠭᠰᠠᠨ ᠵᠦᠢᠯᠡᠰ ᠨᠢ 69 ᠪᠠᠶᠢᠨ᠎ᠠ᠂ ᠪᠤᠢ ᠪᠦ᠋ᠬᠦᠢ ᠲᠦᠷᠦᠯ ᠵᠦᠢᠯ ᠨᠢ 4 ᠳ᠋ᠦ᠋ᠭᠡᠷ ᠰᠠᠷ᠎ᠠ ᠳᠤ ᠠᠵᠢᠯ | ᠰᠡᠷᠭᠦᠭᠡᠬᠦ ᠨᠥᠬᠦᠴᠡᠯ ᠢ ᠪᠦᠷᠢᠯᠳᠦᠭᠦᠯᠬᠦ ᠬᠡᠷᠡᠭᠲᠡᠶ᠂ ᠵᠢᠯ ᠤᠨ ᠳᠣᠲᠣᠷ᠎ᠠ ᠪᠡᠯᠡ ᠣᠷᠣᠭᠤᠯᠤᠯᠲᠠ ᠶᠢ 100 | ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠬᠦ ᠬᠡᠷᠡᠭᠲᠡᠢ︔ ᠠᠵᠤ ᠦᠢᠯᠡᠰ ᠤᠨ ᠬᠥᠭᠵᠢᠯᠲᠡ᠂ ᠰᠠᠭᠤᠷᠢ | ᠲᠥᠬᠦᠭᠡᠷᠦᠮᠵᠢ᠂ ᠠᠮᠢ ᠠᠬᠤᠶ ᠶᠢᠨ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠢᠨᠵᠧᠨᠧᠷᠢᠩ ᠵᠡᠷᠭᠡ | ᠭᠤᠣᠯᠳᠠᠯᠭ᠎ᠠ ᠲᠠᠢ ᠬᠦᠷᠢᠶ᠎ᠡ ᠲᠠᠢ ᠤᠶᠠᠯᠳᠤᠭᠤᠯᠤᠨ᠂ ᠭᠤᠷᠪᠠᠨ ᠰᠠᠷ᠎ᠠ ᠶᠢᠨ ᠰᠡᠭᠦᠯᠴᠢ ᠠᠴᠠ ᠡᠮᠦᠨ᠎ᠡ᠂ 100 ᠠᠴᠠ | ᠳᠡᠭᠡᠭᠰᠢ ᠮᠢᠩᠭᠠᠨ ᠲᠦᠮᠡᠨ ᠲᠥᠭᠦᠷᠢᠭ ᠠᠴᠠ ᠳᠠᠪᠠᠭᠰᠠᠨ ᠲᠦᠷᠦᠯ ᠵᠦᠢᠯ ᠳᠤ ᠴᠢᠨᠠᠷ ᠰᠠᠶᠢᠲᠠᠶ ᠪᠡᠯᠡ | ᠣᠷᠣᠭᠤᠯᠤᠯᠲᠠ ᠬᠢᠬᠦ ᠶᠢ ᠦᠨᠡᠨ ᠬᠦ ᠪᠠᠲᠤᠯᠠᠬᠤ ᠬᠡᠷᠡᠭᠲᠡᠶ᠂ ᠡᠭᠦᠨ ᠳᠤ ᠳ᠋ᠦᠩᠰᠢᠭᠤᠷ ᠲᠥᠭᠦᠷᠢᠭ ᠢ ᠳᠠᠪᠠᠭᠰᠠᠨ | ᠵᠦᠢᠯᠡᠰ ᠢ ᠭᠤᠷᠪᠠᠨ ᠤ ᠨᠢᠭᠡ ᠬᠤᠪᠢ ᠠᠴᠠ ᠳᠤᠲᠠᠭᠤ ᠪᠠᠶᠢᠯᠭᠠᠵᠤ ᠪᠣᠯᠬᠤ ᠤᠢᠭᠡᠢ᠃ | ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠭᠦᠨᠵᠡᠭᠡᠶ | ᠲᠦᠯᠬᠢᠨ ᠠᠬᠢᠭᠤᠯᠬᠤ ᠬᠡᠷᠡᠭᠲᠡᠢ᠃ ᠰᠦᠩᠱᠠᠨ ᠲᠣᠭᠤᠷᠢᠭ ᠨᠢ ᠦᠨᠡᠨ ᠠᠴᠠ ᠵᠥᠪ ᠢ ᠡᠷᠢᠬᠦ ᠵᠣᠷᠢᠭ ᠰᠠᠨᠠᠭᠠᠨ ᠳᠤ | ᠰᠠᠭᠤᠷᠢᠯᠠᠨ᠂ ᠪᠦᠬᠦ ᠲᠠᠯ᠎ᠠ ᠪᠠᠷ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠶᠠᠪᠤᠳᠠᠯ ᠢᠶᠠᠷ ᠮᠠᠨ ᠤ ᠬᠥᠭᠵᠢᠯᠲᠡ ᠶᠢᠨ | ᠠᠵᠠ ᠲᠣᠬᠢᠶᠠᠯ ᠢᠶᠠᠨ ᠪᠣᠯᠭᠠᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠤᠨ ᠠᠪᠴᠢᠷᠠᠬᠤ᠂ ᠣᠶᠣᠨ ᠮᠡᠳᠡᠯᠭᠡ | ᠣᠷᠣᠭᠤᠯᠵᠤ ᠠᠪᠴᠢᠷᠠᠬᠤ ᠶᠢ ᠨᠢ ᠮᠠᠨ ᠤ ᠬᠥᠭᠵᠢᠯᠲᠡ ᠪᠠᠨ ᠲᠦᠷᠭᠡᠳᠬᠡᠬᠦ ᠶᠢᠨ ᠬᠥᠳᠡᠯᠭᠡᠭᠴᠢ ᠬᠦᠴᠦ ᠪᠣᠯᠭᠠᠬᠤ | ᠬᠡᠷᠡᠭᠲᠡᠶ᠃ ᠪᠡᠭᠡᠵᠢᠩ ᠲᠢᠶᠠᠨᠵᠢᠨ ᠾᠧᠪᠧᠶ᠂ ᠬᠥᠬᠡᠮᠥᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ | ᠭᠤᠷᠪᠠᠯᠵᠢᠨ ᠬᠤᠶᠢᠭ᠂ ᠰᠢᠶᠠᠩᠭᠠᠩ᠂ ᠣᠣᠮᠧᠨ᠂ ᠲᠠᠶᠢᠸᠠᠨ᠂ ᠰᠧᠴᠤᠸᠠᠨ᠂ ᠴᠦᠩᠴᠢᠩ᠂ ᠳᠤᠮᠳᠠᠳᠤ ᠣᠷᠣᠨ᠂ | ᠵᠡᠭᠦᠨ ᠬᠤᠶᠢᠲᠤ ᠣᠷᠣᠨ ᠵᠡᠷᠭᠡ ᠣᠷᠣᠨ ᠪᠦᠰᠡ ᠲᠤ ᠭᠤᠣᠯᠳᠠᠯᠭ᠎ᠠ ᠲᠠᠢ ᠬᠠᠨᠳᠤᠭᠤᠯᠤᠨ᠂ ᠲᠣᠮᠣ ᠳ᠋ᠠᠶᠢᠲ᠋ᠠ᠂ | ᠡᠭᠦᠯᠡᠨ ᠪᠣᠳᠣᠯᠳᠠ᠂ ︽ᠢᠨᠲ᠋ᠤᠷ ᠰᠦᠯᠵᠢᠶ᠎ᠡ +︾᠂ ᠡᠯᠧᠺᠳ᠋ᠷᠣᠨ ᠬᠤᠳᠠᠯᠳᠤᠭ᠎ᠠ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠪᠣᠯᠪᠠᠰᠤᠷᠠᠭᠤᠯᠬᠤ᠂ ᠬᠦᠢᠳᠡᠨ ᠬᠡᠯᠬᠢᠶᠡᠲᠦ ᠡᠳ᠋ ᠪᠠᠷᠠᠭ᠎ᠠ ᠶᠢᠨ | ᠭᠦᠢᠯᠭᠡᠭᠡᠨ ᠵᠡᠷᠭᠡ ᠬᠦᠷᠢᠶ᠎ᠡ ᠳᠤ ᠠᠩᠬᠠᠷᠤᠯ ᠢᠶᠠᠨ ᠲᠠᠯᠪᠢᠵᠤ᠂ ︽ᠬᠤᠶᠠᠷ ᠬᠤᠲᠠ ᠳᠥᠷᠪᠡᠨ ᠬᠦᠷᠢᠶᠡᠯᠡᠩ︾ ᠳᠤ | ᠲᠦᠰᠢᠭᠯᠡᠨ᠂ ᠨᠢᠭᠡ ᠪᠦᠯᠦᠭ ᠣᠷᠣᠨ ᠨᠤᠲᠤᠭ ᠤᠨ ᠥᠪᠡᠷᠮᠢᠴᠡ ᠣᠨᠴᠠᠯᠢᠭ ᠪᠦᠬᠦᠢ ᠲᠤᠮᠤ ᠲᠤᠮᠤ ᠲᠦᠷᠦᠯ ᠵᠦᠢᠯ᠂ | ᠰᠠᠶᠢᠨ ᠲᠦᠷᠦᠯ ᠵᠦᠢᠯ ᠢ ᠤᠬᠠᠭᠠᠯᠠᠨ ᠲᠥᠰᠦᠪᠯᠡᠨ ᠪᠡᠯᠡᠳᠬᠡᠨ᠎ᠡ᠃ ᠲᠣᠮᠣ ᠠᠷᠠᠯᠵᠢᠶᠠᠴᠢᠨ ᠤᠷᠢᠬᠤ ᠠᠵᠢᠯ ᠤᠨ | ᠪᠠᠶᠢᠷᠢᠰᠢᠯ ᠢ ᠪᠦᠬᠦ ᠲᠠᠯ᠎ᠠ ᠪᠠᠷ ᠪᠠᠶᠢᠭᠤᠯᠵᠤ᠂ ᠪᠦᠭᠦ ᠣᠷᠣᠨ ᠪᠦᠰᠡ ᠶᠢᠨ ᠠᠷᠠᠯᠵᠢᠶᠠᠴᠢᠨ ᠤᠷᠢᠬᠤ ᠡᠯ᠎ᠡ ᠲᠠᠯ᠎ᠠ ᠶᠢᠨ | ᠢᠳᠡᠪᠬᠢ ᠬᠦᠴᠦᠨ ᠵᠦᠢᠯ ᠢ ᠭᠦᠢᠴᠡᠳ ᠳᠠᠶᠢᠴᠢᠯᠠᠵᠤ᠂ ᠡᠯ᠎ᠡ ᠲᠠᠯ᠎ᠠ ᠶᠢᠨ ᠬᠢᠨ ᠤ ᠬᠥᠮᠦᠨ ᠤ ᠬᠤᠭᠤᠷᠣᠨᠳᠣᠬᠢ | ᠬᠠᠷᠢᠴᠠᠭ᠎ᠠ ᠶᠢ ᠠᠰᠢᠭᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠤᠳᠠᠯᠳᠤᠭᠠᠴᠢᠨ ᠤᠷᠢᠵᠤ | ᠪᠡᠯᠡ ᠲᠠᠲᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠸᠧᠨ ᠱᠢ ᠶᠢᠨ ᠶᠡᠷᠦᠩᠬᠡᠶ ᠬᠡᠯᠲᠡᠰ ᠲᠠᠢ ᠮᠦᠷᠳᠡᠨ | ᠵᠠᠯᠭᠠᠵᠤ᠂ ᠵᠢᠱᠢᠶᠡᠯᠡᠪᠡᠯ ᠷᠦ᠋ ᠱᠧᠩ ᠠᠭᠤᠷᠬᠠᠶ ᠶᠢᠨ ᠦᠢᠯᠡᠰ᠂ ᠲᠠᠢ ᠫᠢᠩ ᠶᠠᠩ ᠴᠠᠬᠢᠯᠭᠠᠨ ᠳᠡᠭᠡᠰᠦ᠂ ᠳ᠋ᠦᠩ ᠧ | ᠴᠠᠪᠠᠤ ᠴᠠᠯᠴᠠᠬᠡᠢ᠂ ᠣᠨᠴᠠᠯᠢᠭ ᠪᠦᠬᠦᠢ ᠵᠢᠵᠢᠭ ᠪᠠᠯᠭᠠᠰᠤ ᠵᠡᠷᠭᠡ ᠲᠦᠷᠦᠯ ᠵᠦᠢᠯ᠂ ᠭᠤᠷᠪᠠᠨ ᠰᠠᠷ᠎ᠠ ᠶᠢᠨ | ᠰᠡᠭᠦᠯᠴᠢ ᠠᠴᠠ ᠡᠮᠦᠨ᠎ᠡ᠂ ᠪᠡᠯᠡ ᠣᠷᠣᠭᠤᠯᠤᠯᠲᠠ ᠨᠢ ᠮᠢᠩᠭᠠᠨ ᠲᠦᠮᠡᠨ ᠲᠥᠭᠦᠷᠢᠭ ᠠᠴᠠ ᠳᠠᠪᠠᠭᠰᠠᠨ ᠵᠦᠢᠯᠡᠰ | 20 ᠠᠴᠠ ᠳᠡᠭᠡᠭᠰᠢ ᠭᠡᠷ᠎ᠡ ᠲᠣᠭᠲᠠᠭᠰᠠᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠂ ᠡᠭᠦᠨ ᠳᠤ ᠳ᠋ᠦᠩᠰᠢᠭᠤᠷ | ᠲᠥᠭᠦᠷᠢᠭ ᠢ ᠳᠠᠪᠠᠭᠰᠠᠨ ᠵᠦᠢᠯᠡᠰ 12 ᠠᠴᠠ ᠳᠤᠲᠠᠭᠤ ᠪᠠᠶᠢᠵᠤ ᠪᠣᠯᠬᠤ ᠦᠭᠡᠢ᠂ ᠪᠦᠭᠦ ᠵᠢᠯ ᠳᠤ ᠶᠢᠨ | ᠪᠣᠳᠠᠲᠠᠶᠢᠵᠢᠭᠤᠯᠤᠭᠰᠠᠨ ᠪᠡᠯᠡ ᠮᠥᠩᠭᠦ ᠨᠢ 80 ᠳ᠋ᠦᠩᠰᠢᠭᠤᠷ ᠲᠥᠭᠦᠷᠢᠭ ᠶᠢ ᠰᠢᠪᠳᠤᠯᠤᠬᠤ ᠪᠣᠯᠤᠨ᠎ᠠ᠃ | ᠪᠡᠯᠡ ᠣᠷᠣᠭᠤᠯᠵᠤ ᠪᠡᠯᠡ ᠲᠣᠬᠢᠷᠠᠭᠤᠯᠬᠤ ᠠᠷᠭ᠎ᠠ ᠵᠠᠮ ᠶᠢ ᠰᠦᠪᠡᠭᠴᠢᠯᠡᠵᠦ ᠪᠠᠶᠢᠭᠠᠳ ᠥᠷᠭᠡᠵᠢᠭᠦᠯᠦᠨ᠎ᠡ᠃ | ᠤᠯᠤᠰ ᠤᠨ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ | ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ᠂ ᠠᠮᠢᠳᠤᠯᠢᠭ ᠢᠶᠠᠷ ᠬᠡᠷᠡᠭᠯᠡᠵᠦ᠂ ᠪᠠᠶᠢᠭᠤᠯᠤᠯ ᠲᠣᠭᠲᠠᠴᠠ ᠶᠢᠨ | ᠲᠠᠯ᠎ᠠ ᠪᠠᠷ ᠰᠢᠨ᠎ᠡ ᠶᠢ ᠡᠭᠦᠳᠴᠦ᠂ ᠪᠥᠬᠦ ᠵᠢᠯ ᠤᠨ ᠲᠣᠭᠲᠠᠮᠠᠯ ᠬᠥᠷᠥᠩᠭᠡ ᠤᠨ ᠪᠠᠯᠠ ᠣᠷᠣᠭᠤᠯᠤᠯᠲᠠ 260 | ᠳᠦᠩᠰᠢᠭᠤᠷ ᠲᠥᠭᠦᠷᠢᠭ ᠶᠢ ᠳᠠᠪᠠᠭ᠋ᠤ ᠶᠢ ᠦᠨᠡᠨ ᠬᠦ ᠪᠠᠳᠤᠯᠠᠬᠤ ᠬᠡᠷᠡᠭᠲᠡᠢ᠃ ᠤᠯᠤᠰ ᠤᠨ ᠪᠠᠯᠠ | ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠴᠠᠭ ᠲᠤᠬᠠᠶ ᠳᠤᠨᠢ ᠣᠨᠣᠪᠴᠢᠲᠠᠶ | ᠡᠵᠡᠮᠰᠢᠬᠦ ᠶᠢᠨ ᠬᠠᠮᠳᠤ ᠮᠥᠷᠳᠡᠨ ᠳᠠᠭᠠᠵᠤ ᠵᠣᠯᠭᠠᠭᠠᠭᠤᠯᠵᠤ᠂ ᠨᠡᠩ ᠠᠷᠪᠢᠨ ᠲᠥᠷᠥᠯ ᠵᠦᠢᠯ ᠶᠢ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ ᠲᠥᠯᠥᠪᠯᠡᠭᠡ ᠶᠢᠨ ︽ᠶᠡᠭᠡ ᠲᠠᠪᠠᠭ︾ ᠳᠤ | ᠣᠷᠤᠭᠤᠯᠬᠤ ᠪᠠᠷ ᠴᠢᠷᠮᠠᠶᠢᠨ ᠳᠡᠮᠡᠴᠡᠨ᠎ᠡ᠃ ᠲᠦᠷᠦ ᠶᠢᠨ ᠪᠤᠳᠤᠯᠭ᠎ᠠ ᠶᠢᠨ ᠴᠢᠨᠠᠷᠲᠠᠶ ᠪᠡᠯᠡ ᠮᠥᠩᠭᠦ ᠪᠠ ᠮᠥᠩᠭᠦᠨ | ᠭᠦᠢᠯᠭᠡᠭᠡᠨ ᠤ ᠪᠡᠯᠡ ᠮᠥᠩᠭᠦ ᠶᠢ ᠡᠩ ᠲᠡᠷᠢᠭᠦᠨ ᠳᠤ ᠲᠡᠮᠡᠴᠡᠨ ᠣᠯᠵᠤ᠂ ᠬᠤᠳᠠᠯᠳᠤᠭᠠᠨ ᠤ ᠮᠥᠩᠭᠦᠨ ᠭᠦᠢᠯᠭᠡᠭᠡᠨ ᠤ | ᠳᠡᠮᠵᠢᠯᠭᠡ ᠤᠯᠬᠤ ᠪᠠᠷ ᠢᠳᠡᠪᠬᠢᠲᠡᠶ ᠴᠢᠷᠮᠠᠶᠢᠵᠤ᠂ PPP ᠵᠠᠭᠪᠤᠷ ᠢ ᠵᠣᠬᠢᠰᠲᠠᠶ ᠬᠡᠷᠡᠭᠯᠡᠵᠦ᠂ ᠡᠳ᠋ ᠤᠨ ᠵᠠᠰᠠᠭ ᠂ | ᠲᠠᠷᠢᠶᠠᠯᠠᠩ ᠣᠢ ᠰᠢᠭᠤᠶ᠂ ᠵᠠᠮ ᠬᠠᠷᠢᠯᠴᠠᠭ᠎ᠠ᠂ ᠵᠢᠭᠤᠯᠴᠢᠯᠠᠯ ᠤᠨ ᠳᠥᠷᠪᠡᠨ ᠶᠡᠭᠡ ᠪᠡᠯᠡ ᠲᠣᠬᠢᠷᠠᠭᠤᠯᠬᠤ | ᠲᠠᠪᠴᠠᠩ ᠶᠢ ᠠᠰᠢᠭᠯᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠥᠲᠥᠯᠥᠨ ᠵᠢᠯᠣᠭᠤᠳᠬᠤ | ᠦᠢᠯᠡᠳᠦᠯ ᠢ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠡᠯᠡ ᠣᠷᠣᠭᠤᠯᠤᠯᠲᠠ ᠶᠢᠨ | ᠢᠳᠡᠪᠬᠢᠵᠢᠯ ᠶᠢ ᠳᠠᠶᠢᠴᠢᠯᠠᠬᠤ ᠬᠡᠷᠡᠭᠲᠡᠶ᠃ ︽ᠲᠤᠰᠠᠯᠠᠬᠤ ᠵᠢᠭᠡᠯᠡᠯᠭᠡ︾ ᠲᠠᠪᠴᠠᠩ ᠶᠢ ᠰᠠᠶᠢᠲᠤᠷ ᠠᠰᠢᠭᠯᠠᠵᠤ᠂ | ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠬᠦᠴᠢᠷ ᠠᠰᠠᠭᠤᠳᠠᠯ ᠶᠢ ᠨᠠᠮᠵᠢᠭᠤᠯᠪᠠ᠃ | ᠤᠯᠠᠨ ᠳᠡᠰ ᠳᠠᠪᠬᠤᠷᠭ᠎ᠠ ᠪᠦᠬᠦᠢ ᠬᠦᠷᠦᠩᠭᠡ ᠶᠢᠨ ᠵᠠᠬ᠎ᠠ ᠳᠡᠯᠭᠡᠭᠦᠷ ᠶᠢ ᠶᠡᠬᠡᠪᠡᠷ ᠬᠥᠭᠵᠢᠭᠦᠯᠵᠦ᠂ ᠤᠮᠠᠷᠠᠲᠤ | ᠣᠷᠣᠨ ᠤ ᠴᠠᠭ ᠦᠶ᠎ᠡ᠂ ᠵᠦᠩ ᠢ ᠰᠢᠬᠢᠷ ᠤᠨ ᠦᠢᠯᠡᠰ᠂ ᠮᠧᠩ ᠰᠡᠨ ᠰᠲ᠋ᠣᠺ ᠵᠡᠷᠭᠡ ᠠᠵᠤ ᠠᠬᠤᠶᠢᠯᠠᠯ ᠤᠨ ᠵᠠᠬ᠎ᠠ | ᠳᠡᠯᠭᠡᠭᠦᠷ ᠲᠤ ᠭᠠᠷᠴᠤ ᠪᠡᠯᠡ ᠲᠣᠬᠢᠷᠠᠭᠤᠯᠬᠤ ᠂ ᠵᠢᠭᠡᠯᠡᠯᠭᠡ ᠶᠢᠨ ᠲᠡᠮᠳᠡᠭ ᠤᠨ ᠪᠡᠯᠡ ᠲᠤᠬᠢᠷᠠᠭᠤᠯᠭ᠎ᠠ ᠢ ᠲᠡᠮᠵᠢᠵᠤ᠂ | ᠠᠷᠠᠳ ᠤᠨ ᠪᠡᠯᠡ ᠣᠷᠣᠭᠤᠯᠤᠯᠲᠠ ᠶᠢᠨ ᠳᠠᠯᠳᠠ ᠬᠦᠴᠦ ᠶᠢ ᠪᠠᠳᠠᠷᠠᠭᠤᠯᠵᠤ᠂ ᠪᠡᠯᠡ ᠣᠷᠣᠭᠤᠯᠤᠯᠲᠠ ᠶᠢᠨ | ᠦᠷᠡᠵᠢᠭᠦᠯᠬᠦ ᠦᠢᠯᠡᠳᠦᠯ ᠤᠨ ᠦᠷ᠎ᠡ ᠪᠦᠳᠦᠮᠵᠢ ᠶᠢ ᠲᠣᠮᠣᠷᠠᠭᠤᠯᠬᠤ ᠬᠡᠷᠡᠭᠲᠡᠢ᠃ | ︵ᠬᠤᠶᠠᠷ︶ ᠲᠣᠭᠲᠠᠪᠤᠷᠢᠲᠠᠢ ᠨᠡᠮᠡᠭᠳᠡᠯ ᠤᠨ ᠪᠦᠳᠦᠴᠡ ᠶᠢᠨ ᠲᠣᠬᠢᠷᠠᠭᠤᠯᠤᠯᠲᠠ ᠶᠢ ᠪᠠᠷᠢᠮᠲᠠᠯᠠᠨ᠂ ᠠᠵᠤ | ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠤᠨ᠎ᠠ᠃ ᠶᠡᠷᠦᠩᠬᠡᠶ ᠬᠡᠮᠵᠢᠶ᠎ᠡ ᠶᠢ | ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ ᠶᠠᠪᠤᠳᠠᠯ ᠢ ᠠᠵᠤ ᠠᠬᠤᠶ ᠶᠢᠨ ᠠᠵᠢᠯ ᠤᠨ ᠭᠤᠣᠯ ᠬᠥᠭ ᠠᠶᠠᠰ | ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢ ᠲᠦᠷᠭᠡᠳᠬᠡᠵᠦ᠂ | ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠤᠨ᠂ ᠠᠵᠤ ᠠᠬᠤᠢ ᠶᠢᠨ ᠪᠣᠳᠠᠲᠤ ᠴᠣᠭᠴᠠ ᠢ ᠬᠦᠴᠦᠯᠡᠨ | ᠬᠦᠭᠵᠢᠭᠦᠯᠦᠨ᠎ᠡ᠃ | ᠠᠵᠤ ᠦᠢᠯᠡᠳᠪᠦᠷᠢ ᠶᠢᠨ ᠭᠤᠣᠯᠯᠠᠬᠤ ᠪᠠᠶᠢᠷᠢ ᠰᠠᠭᠤᠷᠢ ᠶᠢ ᠴᠢᠩᠭᠠᠳᠬᠠᠨ᠎ᠠ᠃ ᠠᠵᠤ ᠦᠢᠯᠡᠳᠪᠦᠷᠢ ᠶᠢᠨ | ᠰᠠᠭᠤᠷᠢ ᠣᠷᠣᠨ ᠤ ᠭᠤᠣᠯᠯᠠᠬᠤ ᠪᠠᠶᠢᠷᠢ ᠰᠠᠭᠤᠷᠢ ᠶᠢ ᠭᠤᠶᠢᠪᠢᠰᠢ ᠦᠭᠡᠢ ᠪᠠᠷᠢᠮᠲᠠᠯᠠᠵᠤ᠂ 3000 ᠲᠦᠮᠡᠨ | ᠲᠥᠭᠦᠷᠢᠭ ᠤᠨ ᠲᠤᠰᠬᠠᠶ ᠪᠡᠯᠡ ᠮᠥᠩᠭᠦ ᠲᠣᠬᠢᠷᠠᠭᠤᠯᠵᠤ᠂ ᠰᠢᠨ᠎ᠡ ᠶᠢ ᠡᠭᠦᠳᠬᠦ ᠬᠥᠭᠵᠢᠯᠲᠡ ᠶᠢᠨ ᠪᠠᠶᠢᠯᠳᠤᠬᠤ | ᠪᠤᠳᠤᠯᠭ᠎ᠠ ᠶᠢ ᠬᠡᠷᠡᠭᠵᠢᠭᠦᠯᠵᠦ᠂ ᠠᠵᠤ ᠦᠢᠯᠡᠰ ᠤᠨ ᠬᠦᠷᠢᠶᠡᠯᠡᠩ ᠢᠶᠠᠷ ᠠᠴᠢᠶᠠᠯᠠᠪᠤᠷᠢ ᠪᠣᠯᠭᠠᠨ᠂ ᠳᠠᠪᠠᠭᠤᠯᠢᠭ ᠠᠵᠤ | ᠦᠢᠯᠡᠰ ᠢ ᠪᠤᠵᠠᠭᠠᠶᠢᠷᠠᠭᠤᠯᠵᠤ᠂ ᠰᠢᠨ᠎ᠡ ᠪᠠᠷ ᠪᠤᠢ ᠪᠣᠯᠤᠭᠰᠠᠨ ᠠᠵᠤ ᠦᠢᠯᠡᠰ ᠢ ᠬᠦᠭᠵᠢᠭᠦᠯᠦᠨ᠂ ᠠᠵᠤ | ᠦᠢᠯᠡᠳᠪᠦᠷᠢ ᠶᠢᠨ ᠤᠯᠠᠨ ᠡᠰᠢᠲᠦ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠬᠦᠷᠢᠶᠡᠯᠡᠩ ᠤᠨ ᠠᠵᠤ ᠠᠬᠤᠶ ᠢ | ᠶᠡᠬᠡᠪᠡᠷ ᠬᠥᠭᠵᠢᠭᠦᠯᠵᠦ᠂ ᠠᠵᠤ ᠦᠢᠯᠡᠳᠪᠦᠷᠢ ᠶᠢᠨ ︽ᠳᠤᠲᠠᠭᠤᠳᠠᠯ︾ ᠢ ᠲᠦᠷᠭᠡᠬᠡᠨ ᠨᠥᠬᠦᠵᠦ ᠭᠦᠢᠴᠡᠳᠬᠡᠬᠦ | ᠬᠡᠷᠡᠭᠲᠡᠶ᠃ ᠠᠨᠴᠢᠩ ᠤᠨ ᠠᠵᠤ ᠦᠢᠯᠡᠳᠪᠦᠷᠢ ᠶᠢᠨ ᠬᠦᠷᠢᠶᠡᠯᠡᠩ ᠤᠨ ᠳ᠋ᠠᠯᠢᠶᠠᠨ  ̄ ᠭᠤᠸᠠᠩᠵᠧᠦ ᠥᠨᠳᠥᠷ | ᠬᠤᠷᠳᠤᠴᠠᠲᠤ ᠬᠠᠷᠢᠯᠴᠠᠨ ᠨᠡᠪᠲᠡᠷᠡᠯᠴᠡᠬᠦ ᠵᠠᠮ ᠪᠠ ᠲᠡᠮᠦᠷ ᠵᠠᠮ ᠤᠨ ᠰᠢᠵᠢᠮ ᠢᠨᠵᠧᠨᠧᠷᠢᠩ ᠢ ᠡᠬᠢᠯᠡᠭᠦᠯᠵᠦ᠂ | ᠬᠤᠲᠠ ᠶᠢᠨ ᠵᠠᠬᠢᠷᠭ᠎ᠠ ᠶᠢᠨ ᠵᠠᠮ᠂ ᠪᠣᠬᠢᠷ ᠤᠰᠤ ᠶᠢ ᠰᠢᠢᠳᠪᠦᠷᠢᠯᠡᠬᠦ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠶᠢ | ᠲᠡᠭᠦᠯᠳᠡᠷᠵᠢᠭᠦᠯᠵᠦ᠂ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ︔ ᠪᠠᠷᠢᠮᠵᠢᠶᠠᠵᠢᠭᠤᠯᠤᠭᠰᠠᠨ | ᠦᠢᠯᠡᠳᠪᠦᠷᠢ ᠶᠢᠨ ᠭᠡᠷ ᠪᠠᠶᠢᠰᠢᠩ ᠤᠨ ᠭᠤᠷᠪᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠢ ᠡᠬᠢᠯᠡᠭᠦᠯᠵᠠᠢ︔ | ᠳᠦᠩ ᠰᠢᠤᠢ ᠨᠡᠷᠡᠨ ᠤ ᠡᠨᠧᠷᠭᠢ ᠶᠢᠨ ᠭᠡᠷᠡᠯ ᠤᠨ ᠨᠡᠶᠢᠯᠡᠯᠭᠡ ᠶᠢᠨ ᠲᠣᠨᠤᠭᠯᠠᠯᠲᠠ ᠶᠢ ᠲᠦᠯᠬᠢᠨ ᠠᠬᠢᠭᠤᠯᠵᠤ᠂ | ᠰᠢᠩ ᠶᠤᠸᠠᠨ ᠤᠰᠤ ᠠᠷᠪᠢᠯᠠᠬᠤ ᠮᠠᠲ᠋ᠧᠷᠢᠶᠠᠯ᠂ ᠯᠦᠩ ᠽᠧ ᠤᠰᠤ ᠠᠷᠪᠢᠯᠠᠬᠤ ᠬᠤᠶᠠᠳᠤᠭᠠᠷ ᠬᠤᠭᠤᠴᠠᠭ᠎ᠠ᠂ ᠮᠧᠩ | ᠴᠢᠨ ᠮᠢᠬᠠᠨ ᠳᠠᠬᠢᠶ᠎ᠠ ᠪᠣᠯᠪᠠᠰᠤᠷᠠᠭᠤᠯᠬᠤ᠂ ᠵᠦᠩ ᠢ ᠰᠢᠬᠢᠷ ᠤᠨ ᠦᠢᠯᠡᠰ ᠢ ᠨᠡᠭᠦᠯᠭᠡᠵᠦ ᠥᠭᠡᠷᠡᠴᠢᠯᠡᠨ | ᠰᠠᠶᠢᠵᠢᠷᠠᠭᠤᠯᠬᠤ᠂ ᠷᠦ᠋ ᠱᠧᠩ ᠠᠭᠤᠷᠬᠠᠶ ᠶᠢᠨ ᠦᠢᠯᠡᠰ᠂ ᠮᠧᠩ ᠰᠦ ᠬᠤᠭᠤᠯᠠᠶ ᠵᠡᠷᠭᠡ ᠲᠦᠷᠦᠯ ᠵᠦᠢᠯ ᠢ ᠵᠢᠯ ᠤᠨ | ᠳᠣᠲᠣᠷ᠎ᠠ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠤᠨ᠎ᠠ︔ ᠰᠢᠨ᠎ᠡ | ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠵᠦᠢᠯᠡᠰ ᠢ 20 ᠠᠴᠠ ᠳᠡᠭᠡᠭᠰᠢ ᠣᠷᠣᠭᠤᠯᠵᠤ ᠢᠷᠡᠬᠦ ᠪᠠᠷ ᠴᠢᠷᠮᠠᠶᠢᠵᠤ | ᠂ ᠶᠡᠷᠦᠩᠬᠡᠶ ᠲᠤᠭ᠎ᠠ ᠨᠢ 50 ᠶᠢ ᠳᠠᠪᠠᠵᠠᠢ᠂ ᠵᠢᠯ ᠤᠨ ᠦᠢᠯᠡᠳᠪᠦᠷᠢᠯᠡᠯ ᠤᠨ ᠦᠷᠲᠡᠭ ᠨᠢ 30 ᠳ᠋ᠦᠩᠰᠢᠭᠤᠷ | ᠲᠦᠭᠦᠷᠢᠭ ᠲᠤ ᠬᠦᠷᠦᠨ᠂ ᠤᠯᠠᠭᠠᠨᠬᠠᠳᠠ ᠶᠢᠨ ᠵᠡᠭᠦᠨ ᠬᠡᠰᠡᠭ ᠤᠨ ᠭᠠᠵᠠᠷ ᠣᠷᠣᠨ ᠤ ᠠᠵᠤ ᠦᠢᠯᠡᠳᠪᠦᠷᠢ ᠶᠢᠨ | ᠠᠵᠤ ᠠᠬᠤᠶ ᠶᠢᠨ ᠬᠤᠩᠭᠢᠯ ᠤᠨ ᠴᠢᠬᠤᠯᠠ ᠪᠠᠶᠢᠷᠢ ᠰᠠᠭᠤᠷᠢ ᠢ ᠳᠡᠭᠡᠭᠰᠢᠯᠡᠭᠦᠯᠦᠨ᠎ᠡ᠃ ᠤᠯᠠᠭᠠᠨᠬᠠᠳᠠ ᠶᠢᠨ ᠠᠷᠠᠯᠵᠢᠶ᠎ᠠ | ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡᠨ ᠤ ᠬᠤᠲᠠ ᠶᠢᠨ ᠶᠡᠷᠦᠩᠬᠡᠶ ᠲᠥᠷᠢᠮ ᠪᠠ ᠨᠢᠭᠡᠳᠦᠭᠡᠷ ᠬᠤᠭᠤᠴᠠᠭ᠎ᠠ ᠶᠢᠨ | ᠬᠢᠵᠠᠭᠠᠷᠯᠠᠬᠤ ᠴᠢᠨᠠᠷ ᠲᠠᠢ ᠨᠠᠷᠢᠨ ᠲᠥᠯᠥᠪᠯᠡᠭᠡ ᠶᠢ ᠲᠡᠭᠦᠯᠳᠡᠷᠵᠢᠭᠦᠯᠵᠦ᠂ ᠳᠡᠭᠡᠳᠦ ᠲᠡᠰ ᠤᠨ ᠲᠣᠨᠣᠭᠯᠠᠯ ᠦᠢᠯᠡᠳᠬᠦ | ᠬᠦᠷᠢᠶᠡᠯᠡᠩ ᠶᠢ ᠪᠦᠳᠦᠭᠡᠨ ᠪᠠᠶᠢᠭᠤᠯᠵᠤ᠂ ᠳᠡᠭᠡᠳᠦ ᠰᠢᠨ᠎ᠡ ᠮᠡᠷᠭᠡᠵᠢᠯ᠂ ᠥᠨᠳᠥᠷ ᠨᠡᠮᠡᠯᠲᠡ ᠦᠷᠳᠡᠭ ᠪᠦᠬᠦᠢ | ᠲᠦᠷᠦᠯ ᠵᠦᠢᠯ ᠢ ᠣᠷᠤᠭᠤᠯᠤᠨ᠎ᠠ︔ ᠪᠠᠷᠢᠮᠵᠢᠶᠠᠵᠢᠭᠤᠯᠬᠤ ᠦᠢᠯᠡᠳᠪᠦᠷᠢ ᠶᠢᠨ ᠭᠡᠷ ᠪᠠᠶᠢᠰᠢᠩ ᠬᠡᠪ ᠮᠠᠶ᠋ᠢᠭ ᠢ | ᠳᠡᠯᠭᠡᠷᠡᠭᠦᠯᠵᠦ᠂ ᠢᠳᠡᠭᠡᠨ ᠪᠣᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ ᠤᠨ ᠪᠥᠳᠥᠭᠡᠨ ᠪᠠᠶᠢᠭᠤᠯᠤᠯᠲᠠ ᠶᠢ | ᠳᠠᠭᠤᠰᠬᠠᠵᠤ᠂ ᠬᠤᠲᠠ ᠶᠢᠨ ᠲᠣᠭᠤᠷᠢᠭ ᠤᠨ ᠢᠳᠡᠭᠡᠨ ᠤ ᠠᠵᠤ ᠠᠬᠤᠶᠢᠯᠠᠯ ᠶᠢ ᠬᠥᠲᠥᠯᠥᠨ ᠵᠢᠯᠣᠭᠤᠳᠴᠤ | ᠪᠠᠶᠢᠭᠠᠳ ᠣᠷᠣᠵᠤ ᠰᠠᠭᠤᠷᠢᠰᠢᠬᠤ ᠶᠢ ᠵᠣᠷᠢᠭᠵᠢᠭᠤᠯᠤᠨ᠎ᠠ᠃ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠦ᠋ ᠵᠢᠶᠠ ᠸᠠᠨ ᠵᠢᠩ ᠲᠥᠷᠥᠯ ᠵᠦᠢᠯ ᠢ ᠠᠯᠢ ᠲᠦᠷᠭᠡᠨ ᠢᠶᠠᠷ | ᠲᠤᠰᠢᠶᠠᠨ ᠥᠭᠴᠦ ᠬᠡᠷᠡᠭᠯᠡᠭᠦᠯᠬᠦ ᠢ ᠲᠦᠯᠬᠢᠨ ᠠᠬᠢᠭᠤᠯᠵᠤ᠂ ᠡᠯᠧᠺᠳ᠋ᠷᠣᠨ ᠮᠡᠳᠡᠭᠡ ᠵᠠᠩᠭᠢ᠂ ᠪᠦᠲᠦᠭᠡᠯᠴᠢ | ᠦᠢᠯᠡᠴᠢᠯᠡᠭᠡ ᠵᠡᠷᠭᠡ ᠶᠢᠨ ᠠᠵᠤ ᠦᠢᠯᠡᠰ ᠢ ᠬᠥᠭᠵᠢᠭᠦᠯᠦᠨ᠎ᠡ᠃ ᠰᠢᠶᠠ ᠵᠢᠶᠠ ᠳ᠋ᠢᠶᠠᠨ ᠳᠤᠮᠳᠠ ᠵᠢᠵᠢᠭ ᠠᠵᠤ | ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠲᠥᠯᠥᠪᠵᠢᠭᠦᠯᠭᠡ ᠪᠣᠯᠤᠨ ᠢᠵᠢ ᠪᠦᠷᠢᠳᠦᠭᠦᠯᠬᠦ | ᠪᠡᠯᠡᠳᠬᠡᠮᠵᠢ ᠢ ᠲᠡᠭᠦᠯᠳᠡᠷᠵᠢᠭᠦᠯᠵᠦ᠂ ᠰᠢᠨ᠎ᠡ ᠮᠠᠶ᠋ᠢᠭ ᠤᠨ ᠪᠠᠷᠢᠯᠭ᠎ᠠ ᠶᠢᠨ ᠮᠠᠲ᠋ᠧᠷᠢᠶᠠᠯ ᠪᠣᠯᠪᠠᠰᠤᠷᠠᠭᠤᠯᠬᠤ ᠵᠡᠷᠭᠡ | ᠲᠦᠷᠦᠯ ᠵᠦᠢᠯ ᠶᠢ ᠵᠠᠯᠭᠠᠨ ᠠᠪᠴᠤ ᠣᠷᠣᠭᠤᠯᠵᠤ ᠢᠷᠡᠨ᠂ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ | ᠴᠣᠭᠴᠠᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠳᠥᠭᠡᠨ ᠪᠠᠶᠢᠭᠤᠯᠤᠨ᠎ᠠ᠃ ᠤᠯᠠᠮᠵᠢᠯᠠᠯᠲᠤ ᠠᠵᠤ | ᠦᠢᠯᠡᠰ ᠢ ᠲᠦᠷᠭᠡᠪᠴᠢᠯᠡᠨ ᠥᠭᠡᠷᠡᠴᠢᠯᠡᠵᠦ ᠪᠠᠶᠢᠭᠠᠳ ᠳᠡᠭᠡᠭᠰᠢᠯᠡᠭᠦᠯᠦᠨ᠎ᠡ᠃ ᠰᠢᠨ᠎ᠡ ᠡᠨᠧᠷᠭᠢ ᠶᠢᠨ ᠰᠤᠷᠪᠤᠯᠵᠢ᠂ | ᠰᠢᠨ᠎ᠡ ᠮᠠᠲ᠋ᠧᠷᠢᠶᠠᠯ᠂ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ᠂ ᠳᠡᠭᠡᠳᠦ ᠲᠡᠰ ᠤᠨ ᠲᠣᠨᠣᠭᠯᠠᠯ᠂ | ᠲᠤᠮᠤ ᠳ᠋ᠠᠶᠢᠲ᠋ᠠ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠬᠢᠲᠠᠳ ᠮᠣᠩᠭᠤᠯ ᠡᠮ ᠡᠮᠨᠡᠯᠭᠡ ᠵᠡᠷᠭᠡ | ᠰᠢᠨ᠎ᠡ ᠪᠠᠷ ᠬᠥᠭᠵᠢᠭᠰᠡᠨ ᠠᠵᠤ ᠦᠢᠯᠡᠰ ᠢ ᠶᠡᠬᠡᠪᠡᠷ ᠣᠷᠣᠭᠤᠯᠤᠨ ᠠᠪᠴᠢᠷᠠᠵᠤ᠂ ᠰᠢᠨ᠎ᠡ ᠲᠧᠭᠨᠢᠭ ᠮᠡᠷᠭᠡᠵᠢᠯ᠂ | ᠰᠢᠨ᠎ᠡ ᠡᠵᠡᠩᠨᠡᠯᠲᠡ ᠶᠢᠨ ᠬᠡᠯᠪᠡᠷᠢ ᠢ ᠬᠡᠷᠡᠭᠯᠡᠵᠦ᠂ ᠤᠯᠠᠮᠵᠢᠯᠠᠯᠲᠤ ᠠᠵᠤ ᠦᠢᠯᠡᠰ ᠢ ᠳᠡᠭᠡᠳᠦ ᠲᠡᠰᠴᠢᠯᠡᠯᠳᠡ᠂ | ᠤᠶᠤᠨᠴᠢᠯᠠᠭᠰᠠᠨ᠂ ᠪᠣᠬᠢᠷᠲᠤᠯ ᠦᠭᠡᠢ ᠪᠣᠯᠭᠠᠨ ᠬᠤᠪᠢᠷᠠᠭᠤᠯᠬᠤ ᠬᠡᠷᠡᠭᠲᠡᠶ᠃ ᠠᠵᠤ ᠦᠢᠯᠡᠳᠪᠦᠷᠢ ᠶᠢᠨ | ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠨ᠂ ᠦᠷ᠎ᠡ ᠪᠦᠲᠦᠮᠵᠢ ᠢ ᠲᠦᠯᠬᠢᠨ ᠠᠬᠢᠭᠤᠯᠵᠤ᠂ ᠠᠵᠤ | ᠠᠬᠤᠶᠢᠯᠠᠯ ᠪᠠ ᠲᠥᠷᠥᠯ ᠵᠦᠢᠯ ᠤᠨ ᠠᠰᠢᠭᠯᠠᠯᠲᠠ ᠳᠤ ᠣᠷᠣᠭᠤᠯᠬᠤ ᠬᠡᠷᠡᠭᠲᠡᠶ᠃ ᠡᠯ᠎ᠡ ᠵᠦᠢᠯ ᠤᠨ ᠲᠡᠳᠬᠦᠨ | ᠳᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠮᠢᠳᠤᠯᠢᠭ ᠢᠶᠠᠷ ᠬᠡᠷᠡᠭᠯᠡᠵᠦ᠂ ᠠᠵᠤ ᠠᠬᠤᠶᠢᠯᠠᠯ ᠶᠢ | ᠬᠠᠪᠰᠤᠷᠴᠤ ᠪᠠᠶᠢᠭᠠᠳ ᠬᠦᠯᠢᠶᠡᠰᠦ ᠶᠢ ᠨᠢ ᠰᠤᠯᠠᠯᠠᠨ ᠳᠠᠷᠤᠭᠠᠰᠤ ᠶᠢ ᠨᠢ ᠬᠥᠩᠭᠡᠷᠡᠭᠦᠯᠵᠦ᠂ ᠦᠢᠯᠡᠳᠪᠦᠷᠢᠯᠡᠯ ᠤᠨ | ᠲᠠᠯᠳᠠ ᠬᠦᠴᠦᠨ ᠲᠠᠢ ᠠᠵᠤ ᠠᠬᠤᠶᠢᠯᠠᠯ ᠤᠨ ᠠᠵᠢᠯ ᠰᠡᠷᠭᠦᠭᠡᠬᠦ ᠶᠢ ᠳᠡᠮᠵᠢᠨ᠎ᠡ︔ ᠬᠡᠪᠴᠢᠶᠡᠵᠢᠭᠰᠡᠨ ᠠᠵᠤ | ᠠᠬᠤᠶᠢᠯᠠᠯ ᠤᠨ ᠠᠵᠢᠯᠯᠠᠭᠠᠨ ᠳᠤ ᠵᠠᠳᠠᠯᠤᠯᠲᠠ ᠬᠢᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ | ᠲᠣᠬᠢᠷᠠᠭᠤᠯᠤᠨ ᠰᠢᠢᠳᠪᠦᠷᠢᠯᠡᠬᠦ ᠬᠡᠷᠡᠭᠲᠡᠶ︔ ᠲᠣᠮᠳᠠᠲᠤ ᠶᠢᠨ ᠴᠠᠬᠢᠯᠭᠠᠨ ᠬᠦᠴᠦᠨ ᠤ ᠢᠯᠴᠢ ᠴᠠᠬᠢᠯᠭᠠᠨ ᠢ ᠵᠡᠷᠭᠡᠪᠡᠷ | ᠭᠠᠷᠭᠠᠬᠤ᠂ ᠴᠠᠢ ᠬᠤ ᠯᠠᠨ ᠽᠢ ᠠᠯᠲᠠᠨ ᠠᠭᠤᠷᠬᠠᠶ ᠮᠠᠯᠲᠠᠬᠤ ᠰᠢᠯᠢᠬᠦ ᠮᠡᠷᠭᠡᠵᠢᠯ ᠤᠨ ᠥᠭᠡᠷᠡᠴᠢᠯᠡᠯᠲᠡ᠂ | ᠬᠤᠸᠠ ᠲᠠᠢ ᠠᠭᠤᠷᠬᠠᠶ ᠮᠠᠯᠲᠠᠵᠤ ᠰᠤᠩᠬᠤᠬᠤ ᠶᠢ ᠥᠷᠭᠡᠳᠬᠡᠨ ᠪᠠᠶᠢᠭᠤᠯᠬᠤ᠂ ᠬᠤᠸᠠ ᠷᠦᠨ ᠸᠠᠩ ᠤᠨ ᠬᠤᠷᠤᠭ᠎ᠠ | ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠵᠡᠷᠭᠡ ᠲᠥᠷᠥᠯ ᠵᠦᠢᠯ ᠢ ᠬᠤᠭᠤᠴᠠᠭ᠎ᠠ ᠶᠣᠰᠣᠭᠠᠷ ᠠᠰᠢᠭᠯᠠᠯᠲᠠ ᠳᠤ | ᠣᠷᠣᠭᠤᠯᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠶᠢ ᠥᠷᠭᠡᠳᠬᠡᠵᠦ᠂ ᠠᠵᠤ ᠠᠬᠤᠶ ᠶᠢᠨ | ᠲᠣᠭᠲᠠᠭᠤᠨ ᠨᠡᠮᠡᠭᠳᠡᠯ ᠢ ᠠᠬᠢᠭᠤᠯᠤᠨ᠎ᠠ᠃ | ᠣᠳᠤ ᠦᠶ᠎ᠡ ᠶᠢᠨ ᠲᠠᠷᠢᠶᠠᠯᠠᠩ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃ ᠲᠠᠷᠢᠶᠠᠯᠠᠩ ᠤᠨ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ | ᠪᠠᠷᠢᠮᠲᠠᠯᠠᠵᠤ᠂ ᠠᠮᠤ ᠪᠤᠳᠠᠭ᠎ᠠ᠂ ᠨᠣᠭᠤᠭ᠎ᠠ᠂ ᠠᠯᠠᠰᠢᠨ ᠭᠠᠭ᠋ᠠᠶ ᠵᠡᠷᠭᠡ ᠳᠠᠪᠠᠭᠤᠯᠢᠭ ᠠᠵᠤ ᠦᠢᠯᠡᠰ ᠤᠨ | ᠲᠣᠭᠤᠷᠢᠨ ᠳᠤ᠂ ᠲᠠᠷᠢᠶᠠᠯᠠᠩ ᠤᠨ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠶ ᠶᠢᠨ ᠳᠠᠪᠠᠭᠤᠯᠢᠭ ᠪᠣᠯᠭᠠᠨ | ᠬᠤᠪᠢᠷᠠᠭᠤᠯᠵᠤ᠂ ᠲᠣᠯᠣᠭᠠᠶᠢᠯᠠᠭᠴᠢ ᠠᠵᠤ ᠠᠬᠤᠶᠢᠯᠠᠯ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ | ᠲᠠᠷᠢᠶᠠᠴᠢᠳ ᠤᠨ ᠣᠷᠣᠯᠭ᠎ᠠ ᠶᠢ ᠲᠣᠭᠲᠠᠪᠤᠷᠢᠲᠠᠶ ᠪᠠᠷ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ︽3661︾ | ᠢᠨᠵᠧᠨᠧᠷᠢᠩ ᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠪᠦᠷᠬᠦᠭᠦᠯ ᠤᠨ ᠳᠣᠣᠷ᠎ᠠ ᠳᠤᠰᠤᠯᠭᠠᠨ ᠤᠰᠤᠯᠠᠬᠤ | ᠦᠷ᠎ᠡ ᠪᠦᠲᠦᠭᠡᠯ ᠢ ᠪᠠᠬᠢᠵᠢᠭᠦᠯᠵᠦ᠂ ᠡᠷᠳᠡᠨᠢ ᠰᠢᠰᠢ ᠲᠠᠷᠢᠬᠤ ᠲᠠᠯᠠᠪᠠᠢ ᠪᠠᠨ ᠲᠣᠬᠢᠷᠠᠭᠤᠯᠤᠨ ᠬᠠᠰᠤᠵᠤ᠂ ︽ᠠᠮᠤ | ᠪᠤᠳᠠᠭᠠᠨ ᠤ ᠬᠠᠩᠭᠠᠯᠭ᠎ᠠ ᠶᠢ ᠪᠠᠲᠤᠯᠠᠬᠤ ᠳᠤ ᠭᠠᠵᠠᠷ ᠰᠢᠷᠣᠶ ᠶᠢ ᠰᠠᠶᠢᠵᠢᠷᠠᠭᠤᠯᠬᠤ ᠳᠤ ᠲᠦᠰᠢᠭᠯᠡᠬᠦ᠂ ︽ᠠᠮᠤ | ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠳᠤ ᠰᠢᠨᠵᠢᠯᠡᠬᠦ ᠤᠬᠠᠭᠠᠨ ᠮᠡᠷᠭᠡᠵᠢᠯ ᠳᠤ ᠲᠦᠰᠢᠭᠯᠡᠬᠦ︾ ᠶᠢ | ᠨᠠᠶᠢᠳᠠᠪᠤᠷᠢᠵᠢᠭᠤᠯᠤᠨ᠂ ᠮᠠᠨ ᠤ ᠲᠣᠭᠤᠷᠢᠭ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢᠨ ᠪᠦᠬᠦ | ᠬᠤᠲᠠ ᠶᠢᠨ ᠲᠡᠷᠢᠭᠦᠨ ᠤ ᠪᠠᠶᠢᠷᠢ ᠰᠠᠭᠤᠷᠢ ᠪᠠᠨ ᠦᠨᠡᠨ ᠬᠦ ᠪᠠᠲᠤᠯᠠᠬᠤ ᠬᠡᠷᠡᠭᠲᠡᠶ︔ ᠶᠠᠳᠠᠭᠤ ᠶᠢ ᠳᠡᠳᠬᠡᠬᠦ ᠲᠠᠢ | ᠤᠶᠠᠯᠳᠤᠭᠤᠯᠤᠨ ᠪᠡᠯᠡᠳᠭᠡᠮᠵᠢᠳᠤ ᠲᠠᠷᠢᠶᠠᠯᠠᠩ ᠢ ᠲᠦᠯᠬᠢᠨ ᠠᠬᠢᠭᠤᠯᠵᠤ᠂ ᠲᠤᠰᠬᠠᠶ ᠵᠦᠢᠯ ᠢᠶᠠᠷ ᠲᠡᠳᠬᠦᠨ ᠳᠡᠮᠵᠢᠬᠦ | ᠪᠡᠯᠡ ᠮᠥᠩᠭᠦ 2000 ᠲᠦᠮᠡᠨ ᠲᠥᠭᠦᠷᠢᠭ ᠲᠣᠬᠢᠷᠠᠭᠤᠯᠵᠤ᠂ ᠲᠦᠷᠦᠭᠦᠦ ᠵᠢᠯ ᠤᠨ ᠬᠢ ᠠᠴᠠ 500 ᠲᠦᠮᠡᠨ | ᠲᠥᠭᠦᠷᠢᠭ ᠨᠡᠮᠡᠭᠳᠡᠭᠦᠯᠵᠦ᠂ ᠥᠨᠳᠥᠷ ᠪᠦᠲᠦᠮᠵᠢᠲᠡᠶ ᠪᠡᠯᠡᠳᠭᠡᠮᠵᠢᠳᠤ ᠢᠳᠡᠰᠢᠨ ᠨᠣᠭᠤᠭ᠎ᠠ 4.5 ᠲᠦᠮᠡᠨ ᠮᠦ ᠠᠴᠠ | ᠳᠡᠭᠡᠭᠰᠢ᠂ ᠵᠠᠳᠠᠭᠠᠶ ᠭᠠᠵᠠᠷ ᠤᠨ ᠢᠳᠡᠰᠢᠨ ᠨᠣᠭᠤᠭ᠎ᠠ ᠶᠢᠨ 20 ᠲᠦᠮᠡᠨ ᠮᠦ ᠠᠴᠠ ᠳᠡᠭᠡᠭᠰᠢ ᠪᠠᠶᠢᠯᠭᠠᠬᠤ ᠶᠢ | ᠪᠠᠳᠤᠯᠠᠬᠤ ᠬᠡᠷᠡᠭᠲᠡᠶ︔ ᠠᠵᠤ ᠠᠬᠤᠶ ᠶᠢᠨ ᠤᠢ ᠶᠢ 1.6 ᠲᠦᠮᠡᠨ ᠮᠦ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ | ᠶᠡᠷᠦᠩᠬᠡᠶ ᠲᠠᠯᠠᠪᠠᠶ ᠶᠢ ᠨᠢ 10 ᠲᠦᠮᠡᠨ ᠮᠦ ᠠᠴᠠ︔ ᠳᠡᠯᠭᠡᠷᠡᠭᠦᠯ᠊ ᠳᠠᠪᠠᠭᠤᠯᠬᠤ ᠪᠠᠷ ᠴᠢᠷᠮᠠᠶᠢᠨ᠎ᠠ᠃ ︽ᠳᠥᠷᠪᠡᠨ | ᠨᠢᠭᠡᠳᠦᠯᠲᠡᠶ︾ ᠪᠠ ︽ᠺᠣᠮᠫᠠᠨᠢ + ᠲᠠᠷᠢᠶᠠᠴᠢᠨ ᠡᠷᠦᠬᠡ + ᠪᠠᠩᠬᠢ + ᠳᠠᠭᠠᠳᠬᠠᠯ︾ ᠤᠨ ᠬᠠᠮᠲᠤᠷᠠᠯᠴᠠᠭᠠᠨ ᠤ | ᠲᠡᠵᠢᠭᠡᠨ ᠦᠷᠡᠵᠢᠭᠦᠯᠬᠦ ᠵᠠᠭᠪᠤᠷ ᠶᠢ ᠲᠦᠭᠡᠮᠡᠯᠵᠢᠭᠦᠯᠵᠦ᠂ ᠲᠠᠷᠢᠶᠠᠴᠢᠨ ᠡᠷᠦᠬᠡ ᠶᠢᠨ ᠲᠣᠭᠲᠠᠭᠤᠨ ᠠᠰᠢᠭ ᠭᠥᠷᠳᠡᠬᠦ ᠢ | ᠪᠠᠲᠤᠯᠠᠬᠤ ᠪᠣᠯᠤᠨ᠎ᠠ᠃ ᠲᠠᠷᠢᠶᠠᠯᠠᠩ ᠤᠨ ᠮᠠᠰᠢᠨ ᠤ ᠬᠤᠷᠰᠢᠶᠠᠵᠢᠯ ᠢ 10 ᠭᠠᠷᠤᠶ ᠰᠢᠨ᠎ᠡ ᠪᠠᠷ ᠬᠦᠭᠵᠢᠭᠦᠯᠵᠦ᠂ | ᠪᠥᠬᠦ ᠲᠣᠭᠤᠷᠢᠭ ᠤᠨ ᠲᠠᠷᠢᠶᠠᠯᠠᠩ ᠤᠨ ᠮᠠᠰᠢᠨ ᠤ ᠶᠡᠷᠦᠩᠬᠡᠶᠢᠯᠡᠭᠰᠡᠨ ᠠᠵᠢᠯ ᠤᠨ ᠨᠤᠷᠮ᠎ᠠ ᠶᠢ 80% ᠪᠣᠯᠲᠠᠯ᠎ᠠ | ᠳᠡᠭᠡᠭᠰᠢᠯᠡᠭᠦᠯᠦᠨ᠎ᠡ︔ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ | ᠲᠤᠰᠬᠠᠶ ᠠᠵᠢᠯ ᠤᠨ ᠲᠤᠮᠤ ᠡᠷᠤᠬᠡ᠂ ᠠᠵᠤ ᠦᠢᠯᠡᠰᠵᠢᠯᠲᠡ ᠶᠢᠨ ᠲᠠᠭᠠᠭᠤᠯᠤᠭᠴᠢ ᠠᠵᠤ ᠠᠬᠤᠶᠢᠯᠠᠯ ᠵᠡᠷᠭᠡ ᠰᠢᠨ᠎ᠡ | ᠮᠠᠶ᠋ᠢᠭ ᠤᠨ ᠡᠵᠡᠩᠨᠡᠯᠲᠡ ᠶᠢᠨ ᠪᠡᠶᠡᠴᠢ ᠴᠣᠭᠴᠠ ᠶᠡᠭᠡ ᠪᠠᠷ ᠪᠤᠶᠢᠵᠢᠭᠤᠯᠵᠤ᠂ ᠭᠠᠵᠠᠷ ᠰᠢᠷᠣᠶ ᠶᠢᠨ ᠡᠷᠭᠢᠯᠲᠡ ᠶᠢᠨ | ᠨᠣᠷᠮ᠎ᠠ ᠂ ᠬᠠᠮᠲᠤᠷᠠᠨ ᠠᠵᠢᠯᠯᠠᠬᠤ ᠵᠣᠬᠢᠶᠠᠨ ᠪᠠᠶᠢᠭᠤᠯᠤᠯᠲᠠ ᠶᠢᠨ ᠪᠦᠷᠬᠦᠴᠡ ᠶᠢᠨ ᠨᠤᠷᠮ᠎ᠠ᠂ ᠴᠢᠨᠠᠷ ᠰᠠᠶᠢᠲᠠᠶ | ᠲᠠᠷᠢᠶᠠᠯᠠᠩ ᠤᠨ ᠮᠠᠯᠵᠢᠯ ᠤᠨ ᠪᠦᠳᠦᠭᠡᠭᠳᠡᠭᠦᠨ ᠤ ᠪᠣᠯᠪᠠᠰᠤᠷᠠᠭᠤᠯᠤᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠠᠵᠤ | ᠦᠢᠯᠡᠰ ᠤᠨ ᠬᠢᠨᠵᠢ ᠢ ᠤᠷᠲᠤᠰᠤᠳᠬᠠᠵᠤ᠂ ᠠᠵᠤ ᠦᠢᠯᠡᠰ ᠤᠨ ᠠᠭᠤᠰᠤᠯᠳᠤᠨ ᠬᠥᠭᠵᠢᠬᠦ ᠶᠢ ᠠᠬᠢᠭᠤᠯᠬᠤ ᠬᠡᠷᠡᠭᠲᠡᠶ | ᠃ ᠢᠳᠡᠰᠢᠨ ᠨᠣᠭᠤᠭᠠᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠲᠡᠰ ᠳᠡᠪᠰᠢᠬᠦ ᠶᠢ ᠠᠬᠢᠭᠤᠯᠵᠤ᠂ | ᠪᠣᠳᠠᠲᠤ ᠬᠦᠴᠦᠨ ᠲᠠᠢ ᠠᠵᠤ ᠠᠬᠤᠶᠢᠯᠠᠯ ᠶᠢ ᠲᠡᠮᠵᠢᠵᠤ᠂ ᠬᠤᠷᠰᠢᠶᠠᠵᠢᠯ ᠨᠢ ᠰᠢᠨ᠎ᠡ ᠰᠣᠷᠭᠤᠭ ᠢᠶᠠᠷ ᠬᠠᠳᠠᠭᠠᠯᠠᠬᠤ | ᠬᠥᠮᠥᠷᠭᠡ ᠶᠢ ᠢᠵᠢ ᠪᠦᠷᠢᠳᠦᠭᠦᠯᠦᠨ ᠪᠦᠳᠦᠭᠡᠠ ᠪᠠᠶᠢᠭᠤᠯᠵᠤ᠂ ᠢᠳᠡᠰᠢᠨ ᠨᠣᠭᠤᠭ᠎ᠠ ᠶᠢ ᠡᠳ᠋ᠰᠢᠭᠦᠯᠬᠦ᠂ ᠬᠠᠳᠠᠭᠠᠯᠠᠵᠤ | ᠵᠥᠭᠡᠭᠡᠪᠦᠷᠢᠯᠡᠬᠦ᠂ ᠭᠦᠢᠯᠭᠡᠭᠡᠨ ᠤ ᠲᠦᠷᠦᠯ ᠵᠦᠢᠯ ᠵᠡᠷᠭᠡ ᠢ ᠭᠦᠭᠵᠢᠭᠦᠯᠦᠨ᠎ᠡ︔ ᠴᠥ᠋ ᠳ᠋ᠦᠩ᠂ ᠰᠢᠩ ᠯᠦᠩ | ᠵᠡᠷᠭᠡ ᠨᠢᠭᠡᠨᠲᠡ ᠬᠡᠪᠴᠢᠶᠡᠵᠢᠭᠰᠡᠨ ᠣᠨᠴᠠᠯᠢᠭᠳᠤ ᠬᠦᠷᠢᠶᠡᠯᠡᠩ ᠲᠤ ᠲᠦᠰᠢᠭᠯᠡᠨ᠂ ᠬᠤᠳᠠ ᠶᠢᠨ ᠰᠡᠯᠡᠭᠦᠴᠡᠯ᠂ | ᠦᠵᠡᠭᠦᠯᠦᠯᠭᠡ ᠶᠢᠨ ᠲᠠᠷᠢᠶᠠᠯᠠᠩ ᠤᠨ ᠬᠦᠷᠢᠶᠡᠯᠡᠩ ᠢ ᠪᠦᠳᠦᠭᠡᠨ ᠪᠠᠶᠢᠭᠤᠯᠵᠤ᠂ ᠨᠢᠭᠡ ᠪᠦᠯᠦᠭ ᠪᠣᠬᠢᠷᠲᠤᠯ ᠥᠭᠡᠢ᠂ | ᠣᠷᠭᠠᠨᠢᠭ᠂ ᠨᠡᠷᠡᠲᠦ ᠲᠠᠷᠢᠶᠠᠯᠠᠩ ᠤᠨ ᠪᠦᠲᠦᠭᠡᠭᠳᠡᠬᠦᠨ ᠪᠣᠯᠤᠨ ᠬᠦᠷᠢᠶᠡᠯᠡᠩ ᠤᠨ ᠰᠠᠭᠤᠷᠢᠨ ᠭᠠᠵᠠᠷ ᠤᠨ ᠨᠡᠷᠡᠳᠦ | ᠲᠡᠮᠳᠡᠭ ᠶᠢ ᠪᠣᠢ ᠪᠣᠯᠭᠠᠨ᠎ᠠ︔ ᠭᠠᠭ᠋ᠠᠶ ᠲᠡᠵᠢᠭᠡᠨ ᠦᠷᠡᠵᠢᠭᠦᠯᠬᠦ ᠭᠤᠭᠴᠤᠭ᠎ᠠ ᠶᠢ ᠰᠠᠶᠢᠳᠤᠷ ᠬᠢᠵᠦ᠂ ᠳᠡᠭᠡᠳᠦ | ᠲᠤᠤᠷᠡᠳᠤ ᠤᠷᠤᠰᠬᠠᠯ ᠳᠡᠶᠢᠰᠢ ᠦᠷᠭᠦᠯᠵᠢᠯᠡᠭᠦᠯᠵᠦ᠂ ᠪᠣᠷᠳᠤᠭ᠎ᠠ ᠪᠣᠯᠪᠠᠰᠤᠷᠠᠭᠤᠯᠬᠤ᠂ ᠮᠢᠬᠠᠨ ᠢᠳᠡᠭᠡᠨ ᠶᠢ | ᠭᠦᠨᠵᠡᠭᠡᠶ ᠡᠳ᠋ᠰᠢᠭᠦᠯᠬᠦ ᠠᠵᠤ ᠠᠬᠤᠶᠢᠯᠠᠯ ᠶᠢ ᠣᠷᠣᠭᠤᠯᠤᠨ ᠠᠪᠴᠢᠷᠠᠵᠤ᠂ ᠬᠦᠢᠳᠡᠨ ᠬᠡᠯᠬᠢᠶᠡᠲᠦ ᠪᠠᠷᠠᠭᠠᠨ ᠤ | ᠭᠦᠢᠯᠭᠡᠭᠡ᠂ ᠬᠦᠮᠦᠷᠭᠡ ᠶᠢᠨ ᠬᠠᠳᠠᠭᠠᠯᠠᠯᠲᠠ ᠶᠢᠨ ᠬᠦᠷᠭᠡᠯᠲᠡ ᠶᠢ ᠢᠵᠢ ᠪᠦᠷᠢᠳᠦᠭᠦᠯᠦᠨ ᠬᠦᠭᠵᠢᠭᠦᠯᠦᠨ᠎ᠡ︔ ᠡᠰᠢ | ᠰᠦᠷᠡᠯ ᠶᠢ ᠡᠬᠢ ᠪᠠᠶᠠᠯᠢᠭᠵᠢᠭᠤᠯᠵᠤ ᠶᠡᠷᠦᠩᠬᠡᠶᠢᠯᠡᠨ ᠠᠰᠢᠭᠯᠠᠨ᠂ ᠣᠷᠴᠢᠨ ᠠᠬᠤᠶ ᠶᠢ ᠬᠠᠮᠠᠭᠠᠯᠠᠬᠤ ᠠᠵᠤ ᠦᠢᠯᠡᠰ ᠢ | ᠲᠡᠮᠵᠢᠨ ᠬᠥᠭᠵᠢᠭᠦᠯᠵᠦ᠂ ᠡᠰᠢ ᠰᠦᠷᠡᠯ ᠢᠶᠠᠷ ᠲᠦᠭᠦᠬᠡᠶ ᠡᠳ᠋ ᠪᠣᠯᠭᠠᠭᠰᠠᠨ ᠤᠳᠤ ᠦᠶ᠎ᠡ ᠶᠢᠨ ᠣᠷᠴᠢᠨ | ᠲᠣᠭᠤᠷᠢᠨ ᠢ ᠬᠠᠮᠠᠭᠠᠯᠠᠬᠤ ᠠᠵᠤ ᠦᠢᠯᠡᠰ ᠢ ᠬᠦᠭᠵᠢᠭᠦᠯᠬᠦ ᠶᠢ ᠵᠣᠷᠢᠭᠵᠢᠭᠤᠯᠤᠨ᠎ᠠ᠃ ᠲᠠᠭᠠᠭᠤᠯᠤᠭᠴᠢ ᠠᠵᠤ | ᠠᠬᠤᠶᠢᠯᠠᠯ ᠶᠢ ᠲᠦᠯᠬᠢᠨ ᠠᠬᠢᠭᠤᠯᠬᠤ ᠬᠢᠭᠡᠳ ᠲᠠᠷᠢᠶᠠᠴᠢᠨ ᠡᠷᠦᠬᠡ ᠶᠢᠨ ᠲᠣᠭᠲᠠᠪᠤᠷᠢᠲᠠᠶ ᠠᠰᠢᠭ ᠲᠤᠰᠠ ᠶᠢᠨ | ᠬᠤᠯᠪᠣᠯᠳᠤᠭᠰᠠᠨ ᠲᠣᠭᠲᠠᠴᠠ ᠶᠢ ᠪᠠᠶᠢᠭᠤᠯᠬᠤ ᠬᠡᠷᠡᠭᠲᠡᠶ᠃ ᠸᠧᠨ ᠱᠢ ᠪᠦᠯᠦᠭᠯᠡᠯ ᠶᠢᠨ ᠠᠨᠴᠢᠩ ᠤᠨ ᠭᠠᠭ᠋ᠠᠶ | ᠲᠡᠵᠢᠭᠡᠬᠦ ᠲᠠᠯᠠᠪᠠᠢ ᠪᠠ ᠳ᠋ᠠᠩ ᠫᠦ᠋ ᠳ᠋ᠢ ᠭᠠᠭ᠋ᠠᠶ ᠳᠡᠵᠢᠭᠡᠬᠦ ᠲᠠᠯᠠᠪᠠᠢ ᠢ ᠥᠷᠭᠡᠳᠬᠡᠨ ᠪᠠᠶᠢᠭᠤᠯᠵᠤ᠂ ᠤᠯᠠᠭᠠᠨᠬᠠᠳᠠ ᠵᠢᠶᠠ | ᠢᠤᠢ ᠭᠠᠭ᠋ᠠᠶ ᠶᠢᠨ ᠡᠭᠦᠯᠳᠡᠷ ᠪᠤᠶᠢᠵᠢᠭᠤᠯᠬᠤ ᠭᠤᠷᠪᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ | ᠠᠵᠢᠯ ᠢ ᠡᠬᠢᠯᠡᠭᠦᠯᠵᠦ᠂ ᠠᠵᠤ ᠦᠢᠯᠡᠰᠵᠢᠯᠲᠡ ᠶᠢᠨ ᠠᠵᠤ ᠠᠬᠤᠶᠢᠯᠠᠯ ᠬᠢᠭᠡᠳ ᠲᠠᠷᠢᠶᠠᠴᠢᠨ ᠡᠷᠦᠬᠡ ᠶᠢᠨ ᠨᠢᠭᠲᠠ | ᠬᠠᠮᠲᠤᠷᠠᠨ ᠠᠵᠢᠯᠯᠠᠬᠤ ᠶᠢ ᠬᠦᠳᠦᠯᠦᠨ ᠵᠢᠯᠤᠭᠤᠳᠴᠦ᠂ ᠲᠠᠷᠢᠶᠠᠴᠢᠨ ᠡᠷᠦᠬᠡ ᠶᠢ ᠳᠠᠭᠠᠭᠤᠯᠤᠨ ᠳᠠᠶᠢᠴᠢᠯᠠᠵᠤ | ᠣᠷᠤᠯᠭ᠎ᠠ ᠶᠢ ᠨᠢ ᠨᠡᠮᠡᠭᠳᠡᠭᠦᠯᠦᠨ ᠠᠮᠢᠳᠤᠷᠠᠯ ᠢ ᠨᠢ ᠪᠠᠶᠠᠵᠢᠭᠤᠯᠤᠨ᠎ᠠ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠬᠡᠷᠡᠭᠲᠡᠶ᠃ | ᠦᠢᠯᠡᠴᠢᠯᠡᠭᠡᠨ ᠤ ᠦᠢᠯᠡᠰ ᠶᠢ ᠬᠥᠭᠵᠢᠭᠦᠯᠬᠦ ᠨᠢ ᠠᠵᠤ ᠦᠢᠯᠡᠰ ᠤᠨ ᠢᠨᠵᠧᠨᠧᠷᠢᠩ᠂ ᠪᠠᠰᠠ ᠴᠤ ᠠᠷᠠᠳ ᠤᠨ | ᠠᠮᠢᠳᠤᠷᠠᠯ ᠤᠨ ᠢᠨᠵᠧᠨᠧᠷᠢᠩ ᠪᠣᠯᠤᠨ᠎ᠠ᠃ ᠬᠤᠳᠠᠯᠳᠤᠭ᠎ᠠ ᠠᠷᠠᠯᠵᠢᠶᠠᠨ ᠤ ᠪᠠᠷᠠᠭᠠᠨ ᠤ ᠭᠦᠢᠯᠭᠡᠭᠡᠨ ᠤ ᠦᠢᠯᠡᠰ ᠶᠢ | ᠪᠦᠬᠦ ᠬᠦᠴᠦ ᠪᠠᠷ ᠢᠶᠠᠨ ᠲᠦᠯᠬᠢᠨ ᠠᠬᠢᠭᠤᠯᠤᠨ᠎ᠠ᠃ ᠤᠯᠠᠭᠠᠨᠬᠠᠳᠠ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ | ᠭᠦᠢᠯᠭᠡᠭᠡᠨ ᠤ ᠬᠤᠲᠠ᠂ ᠰᠦᠩᠱᠠᠨ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠤᠨ ᠢᠵᠢ ᠪᠦᠷᠢᠳᠦᠭᠦᠯᠬᠦ | ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠡᠷᠴᠢᠮ ᠢᠶᠠᠨ | ᠴᠢᠩᠭᠠᠷᠠᠭᠤᠯᠵᠤ᠂ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡᠨ ᠵᠢᠴᠢ ᠢᠵᠢ ᠪᠦᠷᠢᠳᠦᠭᠦᠯᠬᠦ | ᠦᠢᠯᠡᠴᠢᠯᠡᠭᠡᠨ ᠤ ᠲᠥᠷᠥᠯ ᠵᠦᠢᠯ ᠶᠢ ᠲᠦᠷᠭᠡᠳᠬᠡᠨ ᠣᠷᠣᠭᠤᠯᠵᠤ ᠢᠷᠡᠬᠦ ᠬᠡᠷᠡᠭᠲᠡᠢ᠃ ᠰᠢᠨ᠎ᠡ ᠪᠠᠷ ᠬᠥᠭᠵᠢᠭᠰᠡᠨ | ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠴᠢᠩᠬᠤᠸᠠ ᠲᠦᠩ ᠹᠠᠩ ᠬᠦᠳᠡᠭᠡ ᠲᠤᠰᠬᠤᠨ ᠤ | ᠡᠯᠧᠺᠳ᠋ᠷᠣᠨ ᠬᠤᠳᠠᠯᠳᠤᠭ᠎ᠠ᠂ ᠤᠯᠠᠭᠠᠨᠬᠠᠳᠠ ᠶᠢᠨ ᠠᠨ ᠺᠤᠸᠠᠢ ᠠᠳᠠᠯ ᠦᠢᠯᠡᠰ ᠴᠣᠭᠴᠠᠯᠠᠬᠤ ᠴᠡᠭ᠂ ᠳᠤᠮᠳᠠᠳᠤ | ᠤᠯᠤᠰ ᠤᠨ ᠤᠰᠤ ᠠᠷᠪᠢᠯᠠᠬᠤ ᠣᠷᠴᠢᠨ ᠲᠣᠭᠤᠷᠢᠨ ᠢ ᠬᠠᠮᠠᠭᠠᠯᠠᠬᠤ ᠮᠠᠲ᠋ᠧᠷᠢᠶᠠᠯ ᠤᠨ ᠲᠣᠮᠣ ᠳ᠋ᠠᠶᠢᠲ᠋ᠠ᠂ ᠵᠦ᠋ᠢ ᠷᠦᠨ | ᠡᠳ᠋ ᠪᠠᠷᠠᠭᠠᠨ ᠤ ᠭᠦᠢᠯᠭᠡᠭᠡᠨ ᠤ ᠡᠯᠧᠺᠳ᠋ᠷᠣᠨ ᠠᠷᠠᠯᠵᠢᠶᠠᠨ ᠤ ᠰᠣᠯᠢᠯᠴᠠᠭᠠᠨ ᠤ ᠲᠠᠪᠴᠠᠩ᠂ ᠰᠢᠨ ᠲᠢᠶᠠᠨ ᠳ᠋ᠢ | ᠤᠯᠠᠭᠠᠨ ᠣᠳᠤ ᠮᠧᠢ ᠺᠠᠢ ᠯᠥᠩ ᠭᠡᠷ ᠤᠨ ᠡᠳ᠋ᠯᠡᠯ ᠤᠨ ᠠᠭᠤᠳᠠᠮ ᠲᠠᠯᠠᠪᠠᠢ᠂ ᠬᠤᠲᠠ ᠲᠣᠭᠤᠷᠢᠭ ᠬᠤᠶᠠᠷ ᠳᠡᠰ ᠤᠨ | ᠨᠠᠰᠤᠲᠠᠨ ᠠᠰᠠᠷᠠᠵᠤ ᠰᠣᠪᠢᠯᠠᠬᠤ ᠬᠦᠷᠢᠶᠡᠯᠡᠩ᠂ ᠢ ᠺᠠᠩ ᠶᠤᠸᠠᠨ ᠨᠠᠰᠤᠵᠢᠯ ᠤᠨ ᠠᠰᠠᠷᠠᠮᠵᠢ ᠶᠢᠨ ᠨᠡᠶᠢᠭᠡᠮ | ᠲᠣᠭᠤᠷᠢᠭ᠂ ᠶᠡᠷᠦᠩᠬᠡᠶᠢᠯᠡᠭᠰᠡᠨ ᠲᠠᠯᠠᠪᠤᠷ ᠣᠷᠳᠣᠨ᠂ ᠰᠦᠩᠱᠠᠨ ᠡᠮᠨᠡᠯᠭᠡ ᠶᠢᠨ ᠬᠤᠷᠢᠶᠠᠨ ᠤ ᠬᠤᠶᠠᠳᠤᠭᠠᠷ | ᠬᠤᠭᠤᠴᠠᠭ᠎ᠠ᠂ ᠡᠷᠡᠭᠦᠯ ᠬᠠᠮᠠᠭᠠᠯᠠᠯ ᠶᠢᠨ ︽ᠭᠤᠷᠪᠠ ᠶᠢ ᠨᠢᠭᠡ ᠴᠤᠭᠴᠠᠵᠢᠭᠤᠯᠬᠤ︾ ᠵᠡᠷᠭᠡ ᠲᠦᠷᠦᠯ ᠵᠦᠢᠯ ᠢ | ᠲᠦᠷᠭᠡᠪᠴᠢᠯᠡᠨ ᠠᠬᠢᠭᠤᠯᠵᠤ᠂ ᠡᠷᠡᠭᠦᠯ ᠮᠡᠨᠳᠦ᠂ ᠨᠠᠰᠤᠲᠠᠨ ᠢ ᠠᠰᠠᠷᠠᠬᠤ᠂ ᠭᠡᠷ ᠤᠨ ᠠᠳᠠᠯ᠂ ᠡᠮᠴᠢᠯᠡᠭᠡ᠂ ᠰᠣᠶᠣᠯ᠂ | ᠰᠫᠣᠷᠲ᠂ ᠡᠯᠧᠺᠳ᠋ᠷᠣᠨ ᠬᠤᠳᠠᠯᠳᠤᠭ᠎ᠠ᠂ ᠲᠤᠮᠤ ᠳ᠋ᠠᠶᠢᠲ᠋ᠠ ᠵᠡᠷᠭᠡ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠠᠵᠤ | ᠦᠢᠯᠡᠰ ᠢ ᠬᠥᠭᠵᠢᠭᠦᠯᠬᠦ ᠶᠢᠨ ᠲᠥᠯᠥᠭᠡ ᠬᠦᠴᠦ ᠪᠠᠨ ᠭᠠᠷᠭᠠᠨ᠎ᠠ᠃ ᠥᠪᠡᠷᠮᠢᠴᠡ ᠴᠢᠨᠠᠷ᠂ ᠤᠯᠠᠨ ᠶᠠᠩᠵᠤᠲᠤ | ᠴᠢᠨᠠᠷ ᠤᠨ ᠬᠡᠷᠡᠭᠯᠡᠭᠡ ᠶᠢ ᠠᠭᠠᠵᠢᠮ ᠪᠠᠷ ᠭᠤᠣᠯ ᠤᠷᠤᠰᠬᠠᠯ ᠪᠣᠯᠭᠠᠬᠤ ᠬᠠᠨᠳᠤᠰᠢ ᠶᠢ ᠡᠵᠡᠮᠳᠡᠵᠦ᠂ ᠰᠢᠨ᠎ᠡ | ᠣᠶᠢᠯᠠᠭᠠᠭᠳᠠᠬᠤᠨ᠂ ᠰᠢᠨ᠎ᠡ ᠵᠠᠭᠪᠤᠷ ᠶᠢ ᠣᠷᠣᠭᠤᠯᠤᠨ ᠠᠪᠴᠢᠷᠠᠵᠤ᠂ ᠶᠦᠩ ᠶᠧ᠂ ᠰᠢᠨ ᠲᠢᠶᠠᠨ ᠳ᠋ᠢ᠂ ᠵᠦᠩ | ᠯᠢᠶᠠᠨ᠂ ᠱᠠᠩᠬᠠᠢ ᠬᠤᠲᠠ ᠵᠡᠷᠭᠡ ᠣᠷᠣᠨ ᠪᠦᠰᠡ ᠶᠢᠨ ᠬᠤᠳᠠᠯᠳᠤᠭᠠᠨ ᠤ ᠬᠦᠷᠢᠶᠡᠨ ᠤ ᠬᠢᠨ ᠠᠮᠢᠳᠤ ᠰᠣᠷᠭᠤᠭ | ᠬᠦᠴᠦᠨ ᠴᠢᠳᠠᠯ ᠢ ᠳᠡᠭᠡᠭᠰᠢᠯᠡᠭᠦᠯᠵᠦ᠂ ᠬᠤᠳᠠ ᠶᠢᠨ ᠠᠷᠠᠳ ᠡᠳᠦᠷ ᠢᠷᠡᠬᠦᠶ᠎ᠡ ᠪᠠᠶᠠᠯᠢᠭᠵᠢᠵᠤ ᠪᠠᠶᠢᠭ᠎ᠠ ᠬᠡᠷᠡᠭᠯᠡᠭᠡᠨ ᠤ | ᠱᠠᠭᠠᠷᠳᠤᠯᠭ᠎ᠠ ᠶᠢ ᠬᠠᠩᠭᠠᠬᠤ ᠬᠡᠷᠡᠭᠲᠡᠶ᠃ ᠤᠳᠤ ᠠᠴᠠ ᠡᠬᠢᠯᠡᠵᠦ᠂ ᠲᠥᠯᠥᠪᠵᠢᠭᠦᠯᠭᠡ ᠠᠴᠠ ᠭᠠᠷᠳᠠᠵᠤ᠂ ᠳᠡᠭᠡᠳᠦ | ᠬᠤᠷᠳᠤᠴᠠᠲᠤ ᠲᠡᠮᠦᠷ ᠵᠠᠮ ᠤᠨ ᠥᠷᠲᠡᠭᠡᠨ ᠤ ᠬᠤᠳᠠᠯᠳᠤᠭᠠᠨ ᠤ ᠬᠦᠷᠢᠶᠡᠨ ᠶᠢ ᠪᠤᠶᠢᠵᠢᠭᠤᠯᠵᠤ ᠪᠠᠶᠢᠨ᠎ᠠ᠃ | ᠵᠤᠭᠠᠴᠠᠯ ᠤᠨ ᠦᠢᠯᠡᠰ ᠢ ᠶᠡᠬᠡᠪᠡᠷ ᠬᠥᠭᠵᠢᠭᠦᠯᠦᠨ᠎ᠡ᠃ 1750 ᠲᠦᠮᠡᠨ ᠲᠦᠭᠦᠷᠢᠭ ᠡᠳ᠋ ᠤᠨ ᠵᠠᠰᠠᠭ ᠤᠨ ᠲᠤᠰᠬᠠᠢ | ᠲᠦᠷᠦᠯ ᠵᠦᠢᠯ ᠤᠨ ᠪᠡᠯᠡ ᠮᠥᠩᠭᠦ ᠶᠢ ᠲᠣᠬᠢᠷᠠᠭᠤᠯᠵᠤ᠂ ᠵᠢᠭᠤᠯᠴᠢᠯᠠᠯ ᠤᠨ ᠠᠵᠤ ᠦᠢᠯᠡᠰ ᠶᠢ ᠲᠡᠳᠬᠦᠨ ᠳᠡᠮᠵᠢᠬᠦ | ᠡᠷᠴᠢᠮ ᠢᠶᠠᠨ ᠴᠢᠩᠭᠠᠷᠠᠭᠤᠯᠤᠨ᠎ᠠ᠃ ᠵᠠᠮ ᠬᠠᠷᠢᠯᠴᠠᠭ᠎ᠠ ᠪᠠ ᠵᠢᠭᠤᠯᠴᠢᠯᠠᠯ ᠤᠨ ᠬᠤᠶᠠᠷ ᠶᠡᠭᠡ ᠪᠡᠯᠡ ᠲᠣᠬᠢᠷᠠᠭᠤᠯᠬᠤ | ᠲᠠᠪᠴᠠᠩ ᠶᠢ ᠠᠰᠢᠭᠯᠠᠵᠤ᠂ 4 ᠵᠣᠷᠪᠤᠰ 88 ᠺᠢᠯᠣᠮᠧᠳ᠋ᠷ ᠤᠨ ᠵᠢᠭᠤᠯᠴᠢᠯᠠᠯ ᠤᠨ ᠵᠠᠰᠠᠮᠠᠯ ᠵᠠᠮ ᠤᠨ ᠪᠦᠳᠦᠭᠡᠨ | ᠪᠠᠶᠢᠭᠤᠯᠤᠯᠲᠠ ᠢ ᠡᠬᠢᠯᠡᠭᠦᠯᠵᠦ᠂ ᠨᠢᠭᠡ ᠪᠦᠯᠦᠭ ᠰᠣᠳᠣᠨ ᠵᠢᠭᠤᠯᠴᠢᠯᠠᠯ ᠤᠨ ᠵᠠᠮ ᠱᠤᠭᠤᠮ ᠪᠠ ᠦᠵᠡᠮᠵᠢᠲᠦ | ᠣᠷᠣᠨ ᠢ ᠪᠦᠳᠦᠭᠡᠨ ᠪᠠᠶᠢᠭᠤᠯᠤᠨ᠎ᠠ᠂ ︽ᠷᠣᠮᠠᠨᠲ᠋ᠢᠭ 27 ᠺᠢᠯᠣᠮᠧᠳ᠋ᠷ︾᠂ ︽ᠤᠯᠢᠶᠠᠰᠤᠲᠠᠢ︾ ᠵᠡᠷᠭᠡ ᠭᠠᠵᠠᠷ ᠢ 4 | A ᠲᠠᠰ ᠤᠨ ᠦᠵᠡᠮᠵᠢᠲᠦ ᠣᠷᠣᠨ ᠪᠣᠯᠭᠠᠨ ᠪᠦᠳᠦᠭᠡᠨ ᠪᠠᠶᠢᠭᠤᠯᠤᠨ᠎ᠠ᠂ ︽ᠯᠣᠣ ᠹᠦ᠋ ᠪᠢᠴᠢᠭ ᠤᠨ ᠬᠦᠷᠢᠶᠡᠯᠡᠩ︾᠂ | ︽ ᠶᠢᠨ ᠾᠧ ᠭᠦ᠋ ᠠᠮᠢ ᠠᠬᠤᠶ ᠶᠢᠨ ᠰᠡᠯᠡᠭᠦᠴᠡᠨ ᠲᠣᠭᠤᠷᠢᠬᠤ ᠬᠦᠷᠢᠶᠡᠯᠡᠩ︾᠂ ︽ᠴᠠᠢ ᠬᠤ ᠯᠠᠨ ᠽᠢ | ᠦᠷᠡᠭᠳᠡᠭᠰᠡᠨ ᠪᠠᠭᠠᠲᠤᠷᠴᠤᠳ ᠤᠨ ᠣᠩᠭᠤᠨ ᠤ ᠬᠦᠷᠢᠶᠡᠯᠡᠩ︾ ᠶᠢ 3 A ᠲᠠᠰ ᠤᠨ ᠦᠵᠡᠮᠵᠢᠲᠦ ᠣᠷᠣᠨ ᠪᠣᠯᠭᠠᠨ | ᠪᠦᠳᠦᠭᠡᠨ ᠪᠠᠶᠢᠭᠤᠯᠵᠤ᠂ ︽ᠬᠠᠭᠠᠨ ᠤ ᠤᠭᠰᠠᠭᠠᠨ ᠤ ᠣᠷᠲᠤᠨ︾ ᠢ 2A ᠲᠠᠰ ᠤᠨ ᠦᠵᠡᠮᠵᠢᠲᠦ ᠣᠷᠣᠨ ᠪᠣᠯᠭᠠᠨ | ᠂ ᠰᠠᠨ ᠽᠦᠸᠧ ᠳ᠋ᠢᠶᠠᠨ ᠲᠣᠰᠬᠤᠨ᠂ ᠳ᠋ᠠᠩ ᠫᠦ ᠳ᠋ᠢ ᠲᠣᠰᠬᠤᠨ᠂ ᠳ᠋ᠠ ᠾᠧ ᠰᠢ ᠲᠤᠰᠬᠤᠨ ᠢ ᠣᠨᠴᠠᠯᠢᠭ ᠪᠦᠬᠦᠢ | ᠵᠢᠵᠢᠭ ᠪᠠᠯᠭᠠᠰᠤ ᠪᠣᠯᠭᠠᠨ ᠪᠦᠳᠦᠭᠡᠨ ᠪᠠᠶᠢᠭᠤᠯᠵᠤ᠂ ᠴᠥ᠋ ᠳ᠋ᠦᠩ᠂ ᠷᠦᠨ ᠽᠧ ᠲᠠᠷᠢᠶᠠᠯᠠᠩ ᠵᠡᠷᠭᠡ ᠨᠢᠭᠡ ᠪᠦᠯᠦᠭ | ᠭᠤᠣᠯ ᠰᠡᠳᠤᠪᠳᠦ ᠦᠵᠡᠮᠵᠢᠲᠦ ᠣᠷᠣᠨ ᠪᠠ ᠲᠠᠷᠢᠶᠠᠴᠢᠨ ᠠᠶᠢᠯ ᠤᠨ ᠵᠢᠭᠤᠯᠴᠢᠯᠠᠯ ᠢ ᠬᠠᠮᠳᠤ ᠳᠤᠨᠢ ᠪᠠᠶᠢᠭᠤᠯᠵᠤ᠂ | ᠲᠦᠷᠪᠡᠨ ᠰᠣᠳᠣᠨ ᠵᠢᠭᠤᠯᠴᠢᠯᠠᠯ ᠤᠨ ᠵᠠᠮ ᠱᠤᠭᠤᠮ ᠪᠦᠬᠦ ᠱᠤᠭᠤᠮ ᠢᠶᠠᠷ ᠲᠡᠷᠭᠡ ᠨᠡᠪᠲᠡᠷᠡᠭᠦᠯᠵᠦ᠂ ᠵᠤᠭᠠᠴᠠᠭᠰᠠᠳ ᠢ | ᠬᠦᠯᠢᠶᠡᠨ ᠠᠪᠬᠤ ᠴᠢᠳᠠᠪᠤᠷᠢ ᠶᠢ ᠪᠦᠷᠢᠯᠳᠦᠭᠦᠯᠦᠨ᠎ᠡ᠃ | ︵ᠭᠤᠷᠪᠠ︶ ᠬᠤᠳᠠ ᠬᠥᠳᠡᠭᠡ ᠶᠢᠨ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠰᠢᠨ᠎ᠡ | ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠲᠦᠷᠭᠡᠳᠬᠡᠨ ᠠᠬᠢᠭᠤᠯᠤᠨ᠎ᠠ᠃ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠳᠤ ᠬᠠᠮᠤᠭ ᠤᠨ ᠶᠡᠭᠡ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠣᠷᠣᠰᠢᠵᠤ ᠪᠠᠶᠢᠭ᠎ᠠ | ᠪᠦᠭᠡᠳ ᠠᠵᠤ ᠠᠬᠤᠶ ᠶᠢᠨ ᠬᠥᠭᠵᠢᠯᠲᠡ ᠶᠢᠨ ᠴᠢᠬᠤᠯᠠ ᠬᠥᠳᠡᠯᠭᠡᠭᠴᠢ ᠬᠦᠴᠦᠨ ᠮᠥᠨ᠃ ᠴᠢᠳᠠᠮᠵᠢ ᠶᠢᠨ ᠣᠷᠣᠨ | ᠪᠠᠶᠢᠷᠢ ᠢ ᠨᠢ ᠲᠤᠪᠤᠶᠢᠯᠭᠠᠨ᠂ ᠥᠪᠡᠷᠮᠢᠴᠡ ᠣᠨᠴᠠᠯᠢᠭ ᠶᠢ ᠢᠯᠡᠷᠡᠭᠦᠯᠵᠦ᠂ ᠭᠤᠣᠯ ᠬᠤᠳᠠ ᠶᠢᠨ ᠲᠣᠭᠤᠷᠢᠭ ᠪᠠᠷ | ᠴᠦᠮ᠎ᠡ ᠪᠣᠯᠭᠠᠭᠰᠠᠨ᠂ ᠰᠢᠶᠠᠩ ᠪᠠᠯᠭᠠᠰᠤᠨ ᠪᠠᠷ ᠬᠤᠯᠪᠣᠭᠠᠰᠤ ᠪᠣᠯᠭᠠᠨ᠂ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠢᠶᠠᠷ ᠰᠠᠭᠤᠷᠢ ᠪᠣᠯᠭᠠᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠲᠦᠭᠡᠨ | ᠪᠠᠶᠢᠭᠤᠯᠤᠯᠲᠠ ᠶᠢᠨ ᠰᠢᠰᠲ᠋ᠧᠮ ᠢ ᠬᠦᠴᠦᠯᠡᠨ ᠪᠠᠶᠢᠭᠤᠯᠤᠨ᠎ᠠ᠃ | ᠬᠤᠳᠠ ᠶᠢᠨ ᠴᠢᠳᠠᠮᠵᠢ ᠢ ᠥᠭᠡᠷᠡᠴᠢᠯᠡᠨ ᠳᠡᠭᠡᠭᠰᠢᠯᠡᠭᠦᠯᠦᠨ᠎ᠡ᠃ ᠤᠶᠤᠨ ᠴᠢᠳᠠᠯ ᠢᠶᠠᠨ ᠲᠥᠪᠯᠡᠷᠡᠭᠦᠯᠦᠨ | ᠲᠦᠯᠬᠢᠨ ᠠᠬᠢᠭᠤᠯᠵᠤ᠂ ᠵᠥᠩ ᠲᠢᠶᠠᠨ ᠸᠠᠨ ᠶᠤᠸᠠᠨ ᠬᠤᠲᠠ᠂ ᠰᠢᠬᠢᠷ ᠤᠨ ᠦᠢᠯᠡᠳᠪᠦᠷᠢ ᠶᠢᠨ ᠭᠡᠷ | ᠪᠦᠯᠢ ᠶᠢᠨ ᠬᠢᠨ ᠬᠦᠷᠢᠶᠡᠯᠡᠩ ᠵᠡᠷᠭᠡ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ᠂ ᠳᠡᠭᠡᠳᠦ ᠬᠤᠷᠳᠤᠴᠠᠲᠤ | ᠲᠡᠮᠦᠷ ᠵᠠᠮ ᠤᠨ ᠤᠢᠷᠳᠡᠭᠡ ᠶᠢ ᠲᠦᠷᠭᠡᠪᠴᠢᠯᠡᠨ ᠬᠡᠷᠡᠭᠵᠢᠭᠦᠯᠵᠦ᠂ ᠬᠤᠳᠠ ᠲᠣᠭᠤᠷᠢᠭᠰᠠᠨ ᠤᠰᠤᠨ ᠤ ᠰᠢᠰᠲ᠋ᠧᠮ ᠢ | ᠵᠠᠰᠠᠬᠤ᠂ ᠳᠤᠮᠳᠠ ᠲᠣᠭᠤᠷᠢᠭ ᠵᠡᠮ᠂ 306 ᠤᠯᠤᠰ ᠤᠨ ᠵᠠᠰᠠᠮᠠᠯ ᠵᠠᠮ ᠤᠨ ᠬᠤᠶᠢᠲᠤ ᠭᠠᠷᠭᠠᠬᠤ ᠠᠮᠠᠰᠠᠷ᠂ ᠰᠦᠩ | ᠵᠧᠦ ᠵᠠᠮ᠂ ᠰᠦᠩᠱᠠᠨ ᠶᠡᠭᠡ ᠵᠡᠭᠡᠯᠢ ᠢ ᠥᠷᠭᠡᠳᠬᠡᠬᠦ ᠵᠡᠷᠭᠡ ᠬᠤᠲᠠ ᠲᠣᠭᠤᠷᠢᠭ ᠬᠤᠶᠠᠷ ᠳᠡᠰ ᠤᠨ ᠭᠤᠣᠯᠳᠠᠯᠭ᠎ᠠ | ᠪᠣᠯᠬᠤ ᠵᠦᠢᠯᠡᠰ ᠤᠨ ᠪᠦᠳᠤᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠤᠨ᠎ᠠ᠃ ᠵᠡᠭᠡᠯᠢ ᠶᠢᠨ ᠵᠠᠮ ᠵᠢᠴᠢ | ᠨᠣᠭᠤᠭᠠᠷᠠᠭᠤᠯᠬᠤ ᠪᠠᠷᠢᠯᠭ᠎ᠠ ᠶᠢ ᠲᠦᠯᠬᠢᠨ ᠠᠬᠢᠭᠤᠯᠵᠤ᠂ ︽ᠬᠤᠶᠠᠷ ᠵᠡᠭᠡᠯᠢ ᠭᠤᠷᠪᠠᠨ ᠵᠠᠮ︾ ︵ᠭᠠᠵᠠᠷ | ᠰᠢᠨᠵᠢᠯᠡᠭᠡᠨ ᠤ ᠵᠡᠭᠡᠯᠢ ᠭᠤᠳᠤᠮᠵᠢ ᠶᠢᠨ ᠳᠤᠮᠳᠠ ᠬᠡᠰᠡᠭ᠂ ᠬᠢᠮᠢ ᠶᠢᠨ ᠪᠤᠷᠳᠤᠭᠤᠷ ᠵᠡᠭᠡᠯᠢ ᠶᠢᠨ ᠳᠤᠮᠳᠠ ᠬᠡᠰᠡᠭ᠂ | ᠰᠦᠩ ᠰᠠᠨ ᠵᠠᠮ᠂ ᠲᠠᠯᠠᠪᠠᠶ ᠤᠨ ᠵᠠᠮ ᠤᠨ ᠬᠤᠶᠢᠲᠤ ᠬᠡᠰᠡᠭ᠂ ᠹᠦ᠋ ᠱᠠᠨ ᠵᠠᠮ ᠤᠨ ᠬᠤᠶᠢᠲᠤ ᠬᠡᠰᠡᠭ︶ ᠵᠡᠮ | ᠬᠠᠷᠢᠴᠠᠭᠠᠨ ᠤ ᠪᠠᠷᠢᠯᠭ᠎ᠠ ᠪᠠ ︽ᠲᠦᠷᠪᠡᠨ ᠵᠡᠭᠡᠯᠢ ᠲᠠᠪᠤᠨ ᠵᠠᠮ︾ ︵ᠪᠠᠷᠠᠭᠤᠨ ᠶᠡᠭᠡ ᠵᠡᠭᠡᠯᠢ᠂ ᠭᠠᠵᠠᠷ | ᠰᠢᠨᠵᠢᠯᠡᠭᠡᠨ ᠤ ᠵᠡᠭᠡᠯᠢ᠂ ᠰᠦᠩᠱᠠᠨ ᠲᠠᠪᠤᠲᠤᠭᠠᠷ ᠵᠡᠭᠡᠯᠢ᠂ ᠰᠦᠩᠱᠠᠨ ᠵᠢᠷᠭᠤᠳᠤᠭᠠᠷ ᠵᠡᠭᠡᠯᠢ᠂ ᠰᠦᠩ ᠵᠧᠦ ᠵᠠᠮ᠂ | ᠴᠡᠴᠡᠷᠯᠢᠭ ᠤᠨ ᠵᠠᠮ᠂ ᠰᠦᠩᠱᠠᠨ ᠲᠦᠷᠪᠡᠳᠤᠭᠡᠷ ᠵᠠᠮ᠂ ᠢᠩᠭᠡ ᠶᠢᠨ ᠵᠠᠮ᠂ ᠵᠣᠣ ᠤᠳᠠ ᠵᠠᠮ︶ ᠶᠢᠨ | ᠨᠣᠭᠤᠭᠠᠷᠠᠭᠤᠯᠤᠯᠲᠠ ᠶᠢᠨ ᠢᠨᠵᠧᠨᠧᠷᠢᠩ ᠢ ᠪᠡᠶᠡᠯᠡᠭᠦᠯᠦᠨ᠎ᠡ︔ ᠰᠦᠩᠱᠠᠨ ᠶᠡᠭᠡ ᠵᠡᠭᠡᠯᠢ᠂ ᠶᠢᠨ ᠾᠧ ᠵᠠᠮ᠂ | ᠮᠦᠯᠡᠨ ᠵᠡᠭᠡᠯᠢ ᠶᠢᠨ ᠵᠡᠭᠦᠨ ᠬᠡᠰᠡᠭ ᠤᠨ ᠥᠭᠡᠷᠡᠴᠢᠯᠡᠯᠲᠡ᠂ ᠬᠤᠶᠠᠳᠤᠭᠠᠷ ᠤᠰᠤᠨ ᠰᠤᠷᠪᠤᠯᠵᠢ ᠶᠢᠨ ᠭᠠᠵᠠᠷ ᠶᠢ | ᠥᠭᠡᠷᠡᠴᠢᠯᠡᠨ ᠪᠠᠶᠢᠭᠤᠯᠬᠤ᠂ 10 ᠵᠤᠷᠪᠤᠰ ᠪᠤᠶᠢᠳᠠ ᠵᠡᠭᠡᠯᠢ ᠪᠥᠭᠯᠡᠭᠦᠦ ᠭᠤᠳᠤᠮᠵᠢ ᠶᠢ ᠥᠭᠡᠷᠡᠴᠢᠯᠡᠬᠦ᠂ 50 | ᠲᠦᠮᠡᠨ ᠲᠡᠭᠰᠢ ᠳᠥᠷᠪᠡᠯᠵᠢᠨ ᠮᠧᠳ᠋ᠷ ᠬᠠᠭᠤᠴᠢᠨ ᠲᠣᠭᠤᠷᠢᠭ ᠢ ᠥᠭᠡᠷᠡᠴᠢᠯᠡᠬᠦ ᠶᠢ ᠪᠡᠶᠡᠯᠡᠭᠦᠯᠵᠦ᠂ 3 ᠰᠠᠭᠤᠷᠢ | ᠬᠤᠭ ᠨᠣᠪᠰᠢ ᠳᠠᠮᠵᠢᠭᠤᠯᠬᠤ ᠦᠷᠳᠡᠭᠡ ᠶᠢ ᠰᠢᠨ᠎ᠡ ᠪᠠᠷ ᠪᠠᠶᠢᠭᠤᠯᠤᠨ᠎ᠠ᠃ ᠲᠥᠪ ᠴᠡᠴᠡᠷᠯᠢᠭ᠂ ᠭᠤᠣᠯ ᠳᠠᠭᠠᠭᠰᠠᠨ | ᠴᠡᠴᠡᠷᠯᠢᠭ ᠶᠢᠨ ᠪᠥᠳᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠰᠦᠩ ᠵᠧᠦ ᠴᠡᠴᠡᠷᠯᠢᠭ᠂ ᠰᠦᠩ ᠵᠧᠦ ᠤᠰᠤᠨ | ᠳᠡᠭᠡᠷᠡᠬᠢ ᠴᠡᠩᠭᠡᠯ ᠤᠨ ᠬᠦᠷᠢᠶᠡᠯᠡᠩ᠂ ᠨᠣᠮᠣᠬᠠᠨ ᠳᠠᠯᠠᠶ ᠶᠢᠨ ᠤᠢ ᠰᠢᠭᠤᠶ ᠶᠢᠨ ᠲᠠᠯᠠᠪᠠᠢ ᠶᠢᠨ ᠪᠦᠳᠦᠭᠡᠨ | ᠪᠠᠶᠢᠭᠤᠯᠤᠯᠲᠠ ᠶᠢ ᠳᠠᠷᠤᠶ ᠲᠦᠷᠭᠡᠨ ᠡᠬᠢᠯᠡᠭᠦᠯᠦᠨ᠎ᠡ᠃ ᠬᠤᠶᠢᠲᠤ ᠬᠤᠳᠠ ᠵᠡᠭᠡᠯᠢ ᠶᠢᠨ ᠵᠠᠮ ᠪᠠ ᠴᠡᠴᠡᠷᠯᠢᠭ ᠨᠢ | ᠨᠡᠷᠡᠯᠡᠬᠦ ᠠᠵᠢᠯ ᠢ ᠪᠡᠶᠡᠯᠡᠭᠦᠯᠦᠨ᠎ᠡ᠃ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠠ | ᠴᠡᠴᠡᠷᠯᠢᠭᠵᠢᠭᠦᠯᠦᠭᠰᠡᠨ ᠬᠤᠳᠠ ᠵᠡᠭᠡᠯᠢ ᠶᠢ ᠭᠦᠨᠵᠡᠭᠡᠶᠢᠷᠡᠭᠦᠯᠦᠨ ᠪᠦᠳᠦᠭᠡᠨ ᠪᠠᠶᠢᠭᠤᠯᠤᠨ᠎ᠠ᠂ ᠵᠠᠮ ᠤᠨ ᠭᠡᠷᠡᠯᠲᠦᠭᠦᠯᠭᠡ ᠂ | ᠭᠤᠶᠤᠵᠢᠭᠤᠯᠤᠯᠲᠠ᠂ ᠣᠶᠢᠵᠢᠭᠤᠯᠤᠯᠲᠠ᠂ ᠠᠷᠢᠭᠤᠳᠬᠠᠬᠤ ᠪᠠᠷᠢᠯᠭ᠎ᠠ ᠶᠢ ᠨᠡᠶᠢᠳᠠᠪᠤᠷᠢᠵᠢᠭᠤᠯᠵᠤ᠂ ᠦᠷᠭᠦᠯᠵᠢᠯᠡᠨ | ᠠᠮᠢᠳᠤᠷᠠᠯ ᠤᠨ ᠣᠷᠴᠢᠨ ᠨᠥᠬᠦᠴᠡᠯ ᠢ ᠰᠠᠶᠢᠵᠢᠷᠠᠭᠤᠯᠤᠨ᠎ᠠ᠃ ᠵᠢᠯ ᠤᠨ ᠳᠣᠲᠣᠷ᠎ᠠ ᠬᠤᠲᠠ ᠲᠣᠭᠤᠷᠢᠭ ᠤᠨ | ᠭᠤᠣᠯᠳᠠᠯᠭ᠎ᠠ ᠵᠠᠮ ᠢ ᠪᠦᠬᠦ ᠱᠤᠭᠤᠮ ᠢᠶᠠᠷ ᠲᠡᠷᠭᠡ ᠨᠡᠪᠲᠡᠷᠡᠭᠦᠯᠵᠦ᠂ ᠢᠵᠢ ᠪᠦᠷᠢᠳᠦᠭᠦᠯᠬᠦ ᠰᠠᠭᠤᠷᠢ | ᠲᠥᠬᠦᠭᠡᠷᠦᠮᠵᠢ ᠶᠢᠨ ᠬᠥᠭᠵᠢᠯᠲᠡ ᠶᠢᠨ ᠬᠡᠷᠡᠭᠴᠡᠭᠡ ᠶᠢ ᠬᠠᠩᠭᠠᠵᠤ᠂ ᠬᠤᠳᠠ ᠶᠢᠨ ᠦᠢᠯᠡᠴᠢᠯᠡᠭᠡᠨ ᠤ ᠴᠢᠳᠠᠪᠤᠷᠢ ᠶᠢ | ᠢᠯᠡᠳᠲᠡ ᠳᠡᠭᠡᠭᠰᠢᠯᠡᠭᠦᠯᠦᠨ᠎ᠡ᠃ | ᠦᠵᠡᠰᠬᠦᠯᠡᠩᠲᠦ ᠰᠠᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠠᠯᠬᠤᠴᠠ ᠶᠢ | ᠳᠦᠷᠭᠡᠳᠬᠡᠨ᠎ᠡ᠃ ᠭᠤᠣᠯ ᠬᠤᠳᠠ ᠶᠢᠨ ᠲᠣᠭᠤᠷᠢᠭ ᠤᠨ ᠳᠠᠶᠢᠴᠢᠯᠠᠬᠤ ᠦᠢᠯᠡᠳᠦᠯ ᠶᠢ ᠪᠠᠳᠠᠷᠠᠭᠤᠯᠵᠤ᠂ ᠬᠠᠭᠤᠴᠢᠨ | ᠬᠤᠷᠤᠭ᠎ᠠ᠂ ᠴᠧᠩ ᠽᠢ᠂ ᠴᠢᠳᠬᠤᠯᠠᠩ᠂ ᠠᠩᠴᠢᠨ᠂ ᠲᠠᠢ ᠫᠢᠩ ᠳ᠋ᠢ᠂ ᠰᠢᠶᠠ ᠵᠢᠶᠠ ᠳ᠋ᠢᠶᠠᠨ ᠵᠡᠷᠭᠡ ᠰᠣᠶᠣᠯ ᠤᠨ | ᠬᠤᠷᠠᠮᠳᠤᠭᠤᠯᠤᠯ ᠲᠠᠢ᠂ ᠠᠮᠢ ᠠᠬᠤᠶ ᠶᠢᠨ ᠣᠷᠴᠢᠨ ᠨᠥᠬᠦᠴᠡᠯ ᠪᠣᠯᠤᠨ ᠠᠵᠤ ᠦᠢᠯᠡᠰ ᠤᠨ ᠰᠠᠭᠤᠷᠢ ᠨᠡᠯᠢᠶᠡᠳ | ᠰᠠᠶᠢᠨ ᠰᠢᠶᠠᠩ ᠪᠠᠯᠭᠠᠰᠤ ᠢ ᠤᠷᠢᠳᠠ ᠪᠠᠷ ᠰᠤᠩᠭᠤᠵᠤ᠂ ᠭᠤᠣᠯᠳᠠᠯᠭ᠎ᠠ ᠲᠠᠢ ᠲᠡᠳᠬᠦᠨ ᠪᠤᠶᠢᠵᠢᠭᠤᠯᠬᠤ ᠬᠡᠷᠡᠭᠲᠡᠶ᠃ | ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ᠂ ᠴᠢᠬᠤᠯᠠ ᠵᠠᠰᠠᠮᠠᠯ ᠵᠠᠮ ᠳᠠᠭᠠᠤ᠂ ᠬᠥᠳᠡᠭᠡ | ᠠᠵᠤ ᠠᠬᠤᠶ ᠶᠢᠨ ᠬᠦᠷᠢᠶᠡᠯᠡᠩ ᠲᠣᠭᠤᠷᠢᠭ ᠪᠣᠯᠤᠨ ᠬᠤᠳᠠ ᠬᠥᠳᠡᠭᠡ ᠶᠢᠨ ᠠᠭᠤᠯᠵᠠᠷ ᠬᠡᠰᠡᠭ ᠤᠨ ᠣᠷᠴᠢᠨ | ᠠᠬᠤᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠢ ᠦᠷᠭᠦᠯᠵᠢᠯᠡᠨ ᠥᠷᠨᠢᠭᠦᠯᠵᠦ᠂ ᠣᠷᠳᠣ ᠬᠤᠭᠤᠴᠠᠭᠠᠨ ᠤ | ᠪᠦᠲᠦᠮᠵᠢᠲᠡᠶ ᠬᠠᠮᠢᠶᠠᠷᠤᠯᠲᠠ ᠬᠠᠮᠠᠭᠠᠯᠠᠯᠲᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠶ᠃ ᠦᠵᠡᠰᠬᠦᠯᠡᠩᠲᠦ ᠰᠠᠢᠬᠠᠨ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠂ ᠣᠨᠳᠣᠣ | ᠭᠠᠵᠠᠷ ᠲᠤ ᠨᠡᠭᠦᠯᠭᠡᠵᠦ ᠶᠠᠳᠠᠭᠤ ᠶᠢ ᠲᠡᠳᠬᠦᠬᠦ ᠲᠠᠢ ᠤᠶᠠᠯᠳᠤᠭᠤᠯᠵᠤ᠂ ᠬᠤᠪᠢᠰᠬᠠᠯ ᠤᠨ ᠬᠠᠭᠤᠴᠢᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠪᠠ ᠤᠯᠠᠮᠵᠢᠯᠠᠯᠲᠤ ᠠᠶᠢᠯ ᠲᠣᠰᠬᠤᠨ ᠢ ᠬᠠᠮᠠᠭᠠᠯᠠᠵᠤ᠂ ᠰᠠᠭᠤᠷᠢ | ᠲᠥᠬᠦᠭᠡᠷᠦᠮᠵᠢ ᠶᠢᠨ ᠠᠶᠢᠯ ᠲᠣᠰᠬᠤᠨ ᠲᠡᠰᠢ ᠣᠷᠤᠬᠤ ᠶᠢ ᠦᠷᠭᠦᠯᠵᠢᠯᠡᠨ ᠲᠦᠯᠬᠢᠨ ᠠᠬᠢᠭᠤᠯᠵᠤ᠂᠂ ᠤᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡ ᠨᠢ ᠠᠶᠢᠯ ᠲᠣᠰᠬᠤᠨ ᠶᠢ ᠬᠠᠮᠤᠷᠬᠤ ᠶᠢ ᠪᠡᠶᠡᠯᠡᠭᠦᠯᠵᠦ᠂ ᠲᠡᠷᠢᠭᠦᠨ ᠤ | ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠠᠶᠢᠯ ᠲᠣᠰᠬᠤᠨ ᠤᠷᠤᠭᠤ ᠳᠡᠯᠭᠡᠷᠡᠭᠦᠯᠦᠨ᠂ ᠥᠷᠭᠡᠨ ᠤᠯᠠᠨ | ᠲᠠᠷᠢᠶᠠᠴᠢᠳ ᠤᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢᠨ ᠦᠷ᠎ᠡ ᠪᠦᠲᠦᠭᠡᠯ ᠢ | ᠬᠠᠮᠲᠤ ᠪᠠᠷ ᠡᠳ᠋ᠯᠡᠬᠦ ᠶᠢ ᠪᠠᠲᠤᠯᠠᠨ᠎ᠠ᠃ | ᠠᠮᠢ ᠠᠬᠤᠶ ᠪᠣᠯᠤᠨ ᠰᠠᠭᠤᠷᠢ ᠲᠦᠬᠦᠭᠡᠷᠦᠮᠵᠢ ᠶᠢᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠭᠤᠣᠯ | ᠬᠤᠳᠠ ᠶᠢᠨ ᠲᠣᠭᠤᠷᠢᠭ ᠢ ᠲᠣᠭᠤᠷᠢᠭᠰᠠᠨ ᠠᠮᠢ ᠠᠬᠤᠶ ᠶᠢᠨ ᠠᠵᠤ ᠠᠬᠤᠶ ᠶᠢᠨ ᠲᠣᠭᠤᠷᠢᠭ ᠤᠨ ᠲᠥᠯᠥᠪᠵᠢᠭᠦᠯᠭᠡ ᠢ | ᠪᠡᠶᠡᠯᠡᠭᠦᠯᠦᠨ᠎ᠡ᠃ 5.3 ᠳ᠋ᠦᠩᠰᠢᠭᠤᠷ ᠲᠥᠭᠦᠷᠢᠭ ᠶᠢᠨ ᠪᠡᠯᠡ ᠤᠷᠤᠭᠤᠯᠤᠨ᠂ ᠬᠤᠳᠠ ᠲᠣᠭᠤᠷᠢᠭᠰᠠᠨ ᠳᠡᠭᠡᠳᠦ | ᠬᠤᠷᠳᠤᠴᠠᠲᠤ ᠵᠠᠮ᠂ ᠭᠤᠣᠯ ᠬᠤᠳᠠ ᠶᠢᠨ ᠲᠣᠭᠤᠷᠢᠭ᠂ ᠲᠠᠷᠢᠶᠠᠯᠠᠩ ᠤᠨ ᠬᠦᠷᠢᠶᠡᠯᠡᠩ ᠲᠣᠭᠤᠷᠢᠭ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ 5 ᠲᠦᠮᠡᠨ ᠮᠥ | ᠨᠣᠭᠤᠭᠠᠷᠠᠭᠤᠯᠤᠯᠲᠠ ᠶᠢ ᠬᠡᠷᠡᠭᠵᠢᠭᠦᠯᠵᠦ᠂ 2.6 ᠲᠦᠮᠡᠨ ᠮᠦ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ | ᠵᠠᠰᠠᠬᠤ ᠬᠤᠶᠠᠳᠤᠭᠠᠷ ᠬᠤᠭᠤᠴᠠᠭᠠᠨ ᠤ ᠤᠶᠢᠵᠢᠭᠤᠯᠤᠯᠲᠠ᠂ 2 ᠲᠦᠮᠡᠨ ᠮᠦ ᠲᠠᠷᠢᠶᠠᠯᠠᠬᠤ ᠶᠢ ᠵᠣᠭᠰᠣᠭᠠᠵᠤ ᠤᠢ | ᠰᠢᠭᠤᠶ ᠶᠢ ᠰᠡᠷᠭᠦᠭᠡᠬᠦ ᠠᠵᠢᠯ ᠢ ᠪᠡᠶᠡᠯᠡᠭᠦᠯᠦᠨ᠎ᠡ︔ ᠤᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ᠂ | ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ ᠪᠤᠶᠢᠵᠢᠭᠤᠯᠬᠤ ᠠᠵᠢᠯ ᠢ ᠴᠢᠩᠭᠠᠳᠬᠠᠬᠤ ᠬᠡᠷᠡᠭᠲᠡᠶ᠃ ᠭᠤᠣᠯ | ᠬᠤᠲᠠ ᠶᠢᠨ ᠲᠣᠭᠤᠷᠢᠭ ᠤᠨ ᠡᠷᠬᠢᠨ ᠲᠣᠭᠤᠷᠢᠨ ᠤ ᠲᠠᠷᠢᠶᠠᠯᠠᠩ ᠤᠨ ᠤᠰᠤ ᠠᠷᠪᠢᠯᠠᠬᠤ ᠨᠢᠭᠡᠳᠦᠭᠡᠷ ᠬᠤᠭᠤᠴᠠᠭᠠᠨ ᠤ | ᠪᠠᠷᠢᠯᠭ᠎ᠠ ᠶᠢ ᠪᠡᠶᠡᠯᠡᠭᠦᠯᠵᠦ᠂ ᠶᠢᠨ ᠾᠧ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠤᠰᠤ ᠠᠷᠪᠢᠯᠠᠬᠤ | ᠥᠭᠡᠷᠡᠴᠢᠯᠡᠯᠲᠡ ᠶᠢᠨ ᠢᠵᠢ ᠪᠦᠷᠢᠳᠦᠭᠦᠯᠬᠦ ᠪᠠᠷᠢᠯᠭ᠎ᠠ᠂ ᠯᠤᠤᠬ᠎ᠠ ᠶᠢᠨ ᠭᠤᠣᠯ ᠤᠨ ᠦᠶᠡᠷ ᠰᠡᠷᠭᠡᠶᠢᠯᠡᠬᠦ ᠢᠨᠵᠧᠨᠧᠷᠢᠩ | ᠵᠢᠴᠢ ᠬᠠᠭᠤᠴᠢᠨ ᠬᠤᠷᠤᠭ᠎ᠠ᠂ ᠲᠠᠶᠢᠽᠢ᠂ ᠰᠢ ᠹᠧᠨ ᠳ᠋ᠢ ᠤᠰᠤᠨ ᠬᠠᠭᠠᠯᠲᠠ ᠥᠭᠡᠷᠡᠴᠢᠯᠡᠨ ᠪᠠᠶᠢᠭᠤᠯᠬᠤ | ᠢᠨᠵᠧᠨᠧᠷᠢᠩ ᠶᠢ ᠪᠡᠶᠡᠯᠡᠭᠦᠯᠦᠨ᠎ᠡ᠃ ᠰᠠᠨ ᠽᠦᠸᠧ ᠳᠢᠶᠠᠨ ᠤᠰᠤᠨ ᠴᠥᠭᠦᠷᠥᠮ ᠶᠢᠨ ᠠᠷᠠᠳ ᠢ ᠨᠡᠭᠦᠯᠭᠡᠬᠦ | ᠰᠢᠯᠭᠠᠨ ᠠᠪᠬᠤ ᠠᠵᠢᠯ ᠶᠢ ᠰᠠᠶᠢᠲᠤᠷ ᠬᠢᠬᠦ ᠬᠡᠷᠡᠭᠲᠡᠢ᠃ ᠭᠤᠣᠯ ᠬᠤᠳᠠ ᠶᠢᠨ ᠲᠣᠭᠤᠷᠢᠭ ᠤᠨ ᠤᠰᠤ ᠬᠠᠩᠭᠠᠬᠤ | ᠪᠠᠷᠢᠯᠭ᠎ᠠ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠳᠤᠯᠠᠨ᠎ᠠ᠃ 219 ᠮᠤᠵᠢ ᠶᠢᠨ ᠵᠠᠮ ᠱᠤᠭᠤᠮ ᠳ᠋ᠧᠩᠯᠦ ᠾᠧ | ᠽᠢ ᠠᠴᠠ ᠤᠯᠠᠭᠠᠨᠬᠠᠳᠠ ᠵᠢᠭᠤᠯᠴᠢᠯᠠᠯ ᠤᠨ ᠵᠠᠰᠠᠮᠠᠯ ᠵᠠᠮ ᠤᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠠᠭᠤᠷᠬᠠᠶ ᠶᠢᠨ | ᠴᠡᠭᠴᠡᠯᠡᠨ ᠵᠠᠰᠠᠬᠤ ᠠᠵᠢᠯ ᠢ ᠴᠢᠩᠭᠠᠳᠬᠠᠵᠤ᠂ ᠬᠠᠶᠠᠭᠳᠠᠭᠰᠠᠨ ᠠᠭᠤᠷᠬᠠᠶ ᠶᠢᠨ ᠣᠷᠣᠨ ᠂ ᠠᠭᠤᠷᠬᠠᠶ ᠶᠢᠨ ᠭᠠᠵᠠᠷ | ᠤᠨ ᠣᠷᠴᠢᠨ ᠲᠣᠭᠤᠷᠢᠨ ᠢ ᠵᠠᠰᠠᠬᠤ ᠠᠵᠢᠯ ᠶᠢ ᠥᠷᠨᠢᠭᠦᠯᠦᠨ᠎ᠡ︔ ᠦᠨᠡᠮᠯᠡᠯ ᠦᠭᠡᠢ ᠮᠠᠯᠲᠠᠬᠤ᠂ ᠬᠡᠳᠦ | ᠳᠠᠪᠬᠤᠷᠭ᠎ᠠ ᠵᠠᠭᠠᠭ ᠱᠤᠭᠤᠮ ᠳᠠᠪᠠᠭᠤᠯᠤᠨ ᠮᠠᠯᠲᠠᠬᠤ ᠵᠡᠷᠭᠡ ᠬᠠᠤᠯᠢ ᠶᠢ ᠵᠥᠷᠢᠴᠡᠵᠦ ᠲᠣᠭᠲᠠᠭᠠᠯ ᠢ ᠵᠥᠷᠢᠴᠡᠭᠰᠡᠨ | ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ᠃ ᠪᠦᠳᠤᠭᠡᠨ ᠪᠠᠶᠢᠭᠤᠯᠤᠯᠲᠠ ᠶᠢᠨ ᠵᠦᠢᠯᠡᠰ ᠤᠨ ᠣᠷᠴᠢᠨ | ᠲᠣᠭᠤᠷᠢᠨ ᠤ ᠨᠥᠯᠥᠭᠡᠯᠡᠯ ᠳᠤ ᠦᠨᠡᠯᠡᠬᠦ ︽ᠭᠤᠷᠪᠠ ᠶᠢ ᠵᠡᠷᠭᠡ ᠲᠤᠨᠢ ᠬᠢᠬᠦ︾ ᠲᠥᠷᠢᠮ ᠶᠢ ᠴᠢᠩᠭ᠎ᠠ | ᠬᠡᠷᠡᠭᠵᠢᠭᠦᠯᠵᠦ᠂ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠤᠨ ᠠᠰᠠᠭᠤᠳᠠᠯ ᠢ ᠶᠡᠭᠡ ᠬᠦᠴᠦ | ᠣᠷᠣᠭᠤᠯᠤᠨ ᠰᠢᠢᠳᠪᠦᠷᠢᠯᠡᠬᠦ ᠬᠡᠷᠡᠭᠲᠡᠶ᠃ | ︵ᠲᠦᠷᠪᠡ︶ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠶᠢ ᠬᠦᠴᠦᠲᠡᠶ ᠳᠥᠯᠭᠢᠨ ᠠᠬᠢᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠪᠣᠯ ᠣᠳᠣᠬᠠᠨ ᠤ ᠤᠯᠤᠰ ᠲᠦᠷᠦ ᠶᠢᠨ ᠡᠭᠦᠷᠭᠡ ᠪᠣᠯᠤᠨ | ᠠᠷᠠᠳ ᠤᠨ ᠠᠮᠢᠳᠤᠷᠠᠯ ᠤᠨ ᠨᠢᠭᠡᠳᠦᠭᠡᠷ ᠢᠨᠵᠧᠨᠧᠷᠢᠩ᠂ ᠪᠦᠬᠦ ᠨᠡᠶᠢᠭᠡᠮ ᠤᠨ ᠬᠦᠴᠦᠨ ᠢ ᠲᠠᠶᠢᠴᠢᠯᠠᠨ᠂ ᠨᠠᠷᠢᠯᠢᠭ | ᠣᠨᠣᠴᠢᠲᠠᠶ ᠪᠠᠷ ᠠᠷᠭ᠎ᠠ ᠬᠡᠮᠵᠢᠶ᠎ᠡ ᠠᠪᠴᠤ᠂ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠡᠶᠡᠯᠡᠭᠦᠯᠬᠦ ᠶᠢ ᠵᠠᠪᠠᠯ | ᠪᠠᠲᠤᠯᠠᠬᠤ ᠴᠢᠬᠤᠯᠠ ᠲᠠᠢ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠬᠡᠷᠡᠭᠲᠡᠶ᠃ | ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠥᠳᠡᠯᠦᠩᠭᠦᠶ ᠬᠢᠨᠠᠨ ᠬᠠᠮᠢᠶᠠᠷᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ ︽ᠲᠠᠪᠤᠨ ᠨᠢᠭᠡ ᠪᠦᠯᠦᠭ︾ ᠪᠠ ︽ᠵᠢᠷᠭᠤᠭᠠᠨ ᠨᠠᠷᠢᠯᠢᠭ ᠣᠨᠣᠴᠠᠲᠠᠶ ᠪᠠᠶᠢᠬᠤ︾ | ᠶᠠᠳᠠᠭᠤ ᠶᠢ ᠲᠡᠳᠬᠦᠬᠦ ᠪᠣᠳᠣᠯᠭ᠎ᠠ ᠶᠢ ᠬᠡᠷᠡᠭᠯᠡᠵᠦ᠂ ᠲᠤᠮᠤ ᠳ᠋ᠠᠶᠢᠲ᠋ᠠ ᠶᠢᠨ ᠠᠷᠭ᠎ᠠ ᠪᠠᠷᠢᠯ ᠶᠢ ᠬᠡᠷᠡᠭᠯᠡᠨ᠂ ᠤᠨᠢᠨ | ᠳᠡᠭᠡᠷ᠎ᠡ ᠨᠢ ᠶᠠᠳᠠᠭᠤ ᠶᠢ ᠲᠡᠳᠬᠦᠬᠦ ᠲᠠᠩᠰᠠ ᠡᠪᠬᠡᠮᠡᠯ ᠶᠢ ᠪᠠᠶᠢᠭᠤᠯᠤᠨ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ | ᠲᠤᠭ᠎ᠠ ᠬᠡᠮᠵᠢᠶ᠎ᠡ᠂ ᠶᠠᠳᠠᠭᠤᠷᠠᠭᠰᠠᠨ ᠰᠢᠯᠲᠠᠭᠠᠨ᠂ ᠶᠠᠳᠠᠭᠤ ᠠᠴᠠ ᠠᠩᠭᠢᠵᠢᠷᠠᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ | ᠡᠵᠡᠮᠰᠢᠵᠦ᠂ ᠶᠠᠳᠠᠭᠤ ᠬᠦᠴᠢᠷᠳᠡᠯᠲᠡᠶ ᠡᠷᠦᠭᠡ ᠪᠠ ᠬᠥᠮᠦᠨ ᠳᠤ ᠲᠣᠬᠢᠷᠠᠭᠤᠯᠤᠨ ᠲᠦᠷᠦ ᠶᠢᠨ ᠪᠣᠲᠤᠯᠭ᠎ᠠ | ᠬᠡᠷᠡᠭᠵᠢᠭᠦᠯᠦᠨ᠂ ᠲᠦᠷᠦᠯ ᠵᠦᠢᠯ᠂ ᠪᠡᠯᠡ ᠮᠥᠩᠭᠦ᠂ ᠠᠷᠭ᠎ᠠ ᠬᠡᠮᠵᠢᠶ᠎ᠡ ᠶᠢ ᠨᠠᠷᠢᠨ ᠣᠨᠣᠴᠢᠲᠠᠶ ᠪᠠᠷ ᠶᠠᠳᠠᠭᠤ | ᠬᠦᠴᠢᠷᠳᠡᠯᠲᠡᠶ ᠤᠯᠡᠨ ᠲᠦᠮᠡᠨ ᠤ ᠪᠡᠶᠡᠨ ᠳᠡᠭᠡᠷ᠎ᠡ ᠬᠡᠷᠡᠭᠯᠡᠬᠦ ᠶᠢ ᠪᠠᠳᠤᠯᠠᠨ᠎ᠠ᠃ ᠬᠥᠳᠡᠭᠡ ᠲᠣᠰᠬᠤᠨ ᠤ ᠨᠠᠭᠠᠳᠤ | ᠵᠠᠬ᠎ᠠ ᠶᠢᠨ ᠪᠠᠲᠤᠯᠠᠭ᠎ᠠ ᠪᠠ ᠶᠠᠳᠠᠭᠤ ᠶᠢ ᠲᠡᠳᠬᠦᠵᠦ ᠬᠤᠶᠠᠷ ᠲᠦᠷᠤ ᠶᠢᠨ ᠪᠤᠳᠤᠯᠭ᠎ᠠ ᠶᠢ ᠵᠣᠯᠭᠠᠭᠤᠯᠬᠤ ᠳᠦᠷᠢᠮ ᠢ | ᠲᠡᠭᠦᠯᠳᠡᠷᠵᠢᠭᠦᠯᠵᠦ᠂ ᠬᠠᠷᠢᠯᠴᠠᠨ ᠨᠡᠪᠲᠡᠷᠡᠯᠴᠡᠵᠦ ᠬᠠᠮᠲᠤ ᠪᠠᠷ ᠡᠳ᠋ᠯᠡᠬᠦ ᠳ᠋ᠠᠶᠢᠲ᠋ᠠ ᠶᠢᠨ ᠰᠢᠰᠲ᠋ᠧᠮ ᠶᠢ ᠪᠠᠶᠢᠭᠤᠯᠤᠨ᠂ | ᠲᠦᠷᠦ ᠶᠢᠨ ᠪᠤᠳᠤᠯᠭ᠎ᠠ ᠶᠢ ᠬᠠᠷᠢᠯᠴᠠᠨ ᠨᠥᠬᠦᠪᠥᠷᠢᠯᠡᠬᠦ ᠳᠠᠪᠬᠤᠴᠠᠭ᠎ᠠ ᠦᠢᠯᠡᠳᠦᠯ ᠢ ᠨᠢ ᠪᠠᠳᠠᠷᠠᠭᠤᠯᠬᠤ ᠬᠡᠷᠡᠭᠲᠡᠶ᠃ | ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢᠨ ᠥᠪᠡᠷ ᠢ ᠪᠠᠨ ᠪᠠᠶᠢᠴᠠᠭᠠᠵᠤ ᠦᠨᠡᠯᠡᠨ ᠵᠢᠱᠢᠬᠦ ᠶᠢ ᠬᠢᠨᠠᠮᠠᠭᠠᠶ | ᠵᠣᠬᠢᠶᠠᠨ ᠪᠠᠶᠢᠭᠤᠯᠤᠨ ᠥᠷᠨᠢᠭᠦᠯᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠥᠭᠵᠢᠯᠲᠡ ᠶᠢᠨ ᠪᠠᠶᠢᠳᠠᠯ ᠵᠢᠴᠢ | ᠳᠠᠬᠢᠨ ᠶᠠᠳᠠᠭᠤᠷᠠᠬᠤ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠬᠦᠳᠡᠯᠦᠩᠭᠦᠢ ᠶᠠᠳᠠᠭᠤ ᠶᠢ ᠲᠡᠳᠬᠦᠨ ᠳᠡᠮᠵᠢᠬᠦ | ᠠᠷᠭ᠎ᠠ ᠬᠡᠮᠵᠢᠶ᠎ᠡ ᠶᠢ ᠲᠣᠭᠲᠠᠭᠠᠵᠤ᠂ ᠦᠨᠳᠦᠰᠦᠨ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠶᠢ ᠦᠨᠡᠨ ᠬᠦ | ᠬᠠᠮᠠᠭᠠᠯᠠᠵᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠬᠦ ᠬᠡᠷᠡᠭᠲᠡᠶ᠃ | ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠵᠠᠭᠪᠤᠷ ᠶᠢᠨ ᠰᠢᠨ᠎ᠡ ᠶᠢ ᠡᠭᠦᠳᠬᠦ ᠶᠢ ᠳᠡᠭᠦᠯᠳᠡᠷᠵᠢᠭᠦᠯᠦᠨ᠎ᠡ᠃ | ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠪᠠᠷᠢᠮᠲᠠᠯᠠᠬᠤ ᠪᠠᠷ ᠶᠠᠳᠠᠭᠤ ᠠᠴᠠ ᠠᠩᠭᠢᠵᠢᠷᠠᠭᠤᠯᠬᠤ ᠪᠡᠷᠬᠡ | ᠰᠡᠳᠦᠪ ᠢ ᠰᠢᠢᠳᠪᠦᠷᠢᠯᠡᠬᠦ ᠬᠠᠮᠤᠭ ᠤᠨ ᠬᠦᠴᠦᠲᠡᠶ ᠠᠷᠭ᠎ᠠ ᠬᠡᠷᠡᠭᠯᠡᠭᠦᠷ ᠪᠣᠯᠭᠠᠨ᠂ ᠤᠳᠤ ᠦᠶ᠎ᠡ ᠶᠢᠨ ᠲᠠᠷᠢᠶᠠᠯᠠᠩ ᠢ | ᠬᠥᠭᠵᠢᠭᠦᠯᠬᠦ ᠶᠠᠪᠤᠳᠠᠯ ᠢᠶᠠᠷ ᠭᠤᠣᠯ ᠠᠷᠭ᠎ᠠ ᠵᠠᠮ ᠪᠣᠯᠭᠠᠵᠤ᠂ ᠭᠦᠷᠦᠩᠭᠡ ᠶᠢᠨ ᠠᠰᠢᠭ ᠣᠷᠣᠯᠭ᠎ᠠ ᠪᠠᠷ ᠶᠠᠳᠠᠭᠤ ᠶᠢ | ᠲᠡᠳᠬᠦᠬᠦ᠂ ᠭᠡᠷᠡᠯ ᠸᠣᠯᠲ ᠶᠢᠨ ᠶᠠᠳᠠᠭᠤ ᠶᠢ ᠲᠡᠳᠬᠦᠬᠦ᠂ ᠡᠯᠧᠺᠳ᠋ᠷᠣᠨ ᠬᠤᠳᠠᠯᠳᠤᠭᠠᠨ ᠤ ᠶᠠᠳᠠᠭᠤ ᠶᠢ ᠲᠡᠳᠬᠦᠬᠦ᠂ | ᠵᠢᠭᠤᠯᠴᠢᠯᠠᠯ ᠤᠨ ᠦᠢᠯᠡᠰ ᠢ ᠡᠷᠭᠢᠯᠡᠵᠦ ᠶᠠᠳᠠᠭᠤ ᠶᠢ ᠲᠡᠳᠬᠦᠬᠦ᠂ ︽ᠠᠵᠤ ᠦᠢᠯᠡᠰ ᠤᠨ ᠬᠦᠷᠢᠶᠡᠯᠡᠩ ᠲᠣᠭᠤᠷᠢᠭ | + ᠣᠨᠳᠣᠤ ᠭᠠᠵᠠᠷ ᠲᠤ ᠨᠡᠭᠦᠯᠭᠡᠬᠦ︾ ᠢᠶᠠᠷ ᠶᠠᠳᠠᠭᠤ ᠶᠢ ᠲᠡᠳᠬᠦᠬᠦ ᠢ ᠢᠳᠡᠪᠬᠢᠲᠡᠶ ᠪᠠᠷ ᠳᠡᠯᠭᠡᠷᠡᠭᠦᠯᠵᠦ᠂ ︽ | ᠲᠤᠪᠶᠤᠭ︾ ᠮᠠᠶ᠋ᠢᠭ ᠤᠨ ᠶᠠᠳᠠᠭᠤ ᠶᠢ ᠲᠡᠳᠬᠦᠬᠦ ᠬᠡᠪ ᠵᠠᠭᠪᠤᠷ ᠢ ᠶᠡᠬᠡᠪᠡᠷ ᠳᠡᠯᠭᠡᠷᠡᠭᠦᠯᠵᠦ᠂ ᠶᠠᠳᠠᠭᠤ ᠬᠦᠴᠢᠷᠳᠡᠯᠲᠡᠶ | ᠤᠯᠠᠨ ᠲᠦᠮᠡᠨ ᠤ ᠣᠷᠣᠯᠭ᠎ᠠ ᠶᠢ ᠲᠣᠭᠲᠠᠪᠤᠷᠢᠲᠠᠶ ᠪᠠᠷ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠪᠠ ᠰᠢᠨ᠎ᠡ ᠬᠥᠳᠡᠭᠡ ᠲᠣᠰᠬᠤᠨ ᠤ ᠪᠦᠳᠦᠭᠡᠨ | ᠪᠠᠶᠢᠭᠤᠯᠤᠯᠲᠠ ᠶᠢ ᠤᠶᠠᠯᠳᠤᠭᠤᠯᠵᠤ᠂ ᠣᠨᠳᠣᠤ ᠭᠠᠵᠠᠷ ᠲᠤ ᠨᠡᠭᠦᠯᠭᠡᠬᠦ ᠶᠢ ᠳᠡᠰ ᠳᠠᠷᠠᠭ᠎ᠠ ᠲᠠᠢ ᠪᠠᠷ ᠬᠡᠷᠡᠭᠵᠢᠭᠦᠯᠵᠦ᠂ | ᠠᠪᠴᠢᠬᠤ ᠰᠢᠯᠵᠢᠭᠦᠯᠵᠦ ᠲᠥᠪᠯᠡᠷᠡᠭᠦᠯᠦᠨ ᠬᠥᠭᠵᠢᠭᠦᠯᠬᠦ ᠬᠡᠷᠡᠭᠲᠡᠶ᠃ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ | ᠶᠠᠪᠤᠳᠠᠯ ᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠡᠪᠡᠳᠴᠢᠨ ᠤ ᠬᠠᠷᠠᠭ᠎ᠠ ᠪᠠᠷ ᠪᠤᠢ ᠪᠣᠯᠤᠭᠰᠠᠨ ᠰᠢᠨ᠎ᠡ | ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠲᠦᠮᠵᠢᠲᠡᠶ ᠬᠢᠵᠠᠭᠠᠷᠯᠠᠨ᠎ᠠ᠃ ᠰᠤᠷᠭᠠᠨ ᠬᠥᠮᠦᠵᠢᠯ ᠢᠶᠠᠷ ᠶᠠᠳᠠᠭᠤ ᠶᠢ | ᠲᠡᠳᠬᠦᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠪ ᠭᠤᠣᠯᠴᠢ ᠰᠤᠷᠭᠠᠨ | ᠬᠥᠮᠦᠵᠢᠯ ᠶᠢ ᠪᠠᠲᠤᠯᠠᠵᠤ᠂ ᠶᠠᠳᠠᠭᠤ ᠬᠦᠴᠢᠷᠳᠡᠯᠲᠡᠶ ᠭᠡᠷ ᠪᠦᠯᠢ ᠶᠢᠨ ᠦᠷ᠎ᠡ ᠬᠡᠦᠬᠡᠳ ᠨᠢ ᠴᠥᠮ ᠡᠷᠬᠡ ᠳᠡᠭᠰᠢ | ᠰᠤᠷᠭᠠᠨ ᠬᠦᠮᠦᠵᠢᠯ ᠬᠦᠷᠳᠡᠬᠦ ᠶᠢ ᠪᠠᠳᠤᠯᠠᠬᠤ ᠬᠡᠷᠡᠭᠲᠡᠢ᠃ | ᠶᠠᠳᠠᠭᠤ ᠶᠢ ᠲᠡᠳᠬᠦᠬᠦ ᠪᠠᠶᠢᠷᠢᠰᠢᠯ ᠢ ᠪᠦᠭᠦ ᠲᠠᠯ᠎ᠠ ᠪᠠᠷ ᠢᠳᠡᠪᠬᠢᠲᠡᠶ ᠪᠠᠷ ᠪᠦᠳᠤᠭᠡᠨ ᠪᠠᠶᠢᠭᠤᠯᠬᠤ ᠬᠡᠷᠡᠭᠲᠡᠶ᠃ | ᠲᠥᠪ ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠪᠠ ᠲᠣᠭᠤᠷᠢᠭ ᠤᠨ ᠲᠤᠰ ᠱᠠᠲᠤᠨ ᠤ ᠲᠠᠷᠢᠶᠠᠯᠠᠩ | ᠮᠠᠯ ᠠᠵᠤ ᠠᠬᠤᠶ ᠳᠤ ᠬᠤᠯᠪᠣᠭᠳᠠᠭᠰᠠᠨ 4.48 ᠳ᠋ᠦᠩᠰᠢᠭᠤᠷ ᠲᠥᠭᠦᠷᠢᠭ ᠪᠡᠯᠡ ᠮᠥᠩᠭᠦ ᠢ ᠡᠮᠬᠢᠯᠡᠨ ᠨᠡᠶᠢᠯᠡᠭᠦᠯᠵᠦ᠂ | ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ 2000 ᠲᠦᠮᠡᠨ ᠲᠥᠭᠦᠷᠢᠭ ᠲᠣᠬᠢᠷᠠᠭᠤᠯᠵᠤ᠂ ᠶᠠᠳᠠᠭᠤ | ᠬᠦᠴᠢᠷᠳᠡᠯᠲᠡᠶ ᠲᠣᠰᠬᠤᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠭᠤᠣᠯᠯᠠᠭᠴᠢ ᠠᠵᠤ ᠦᠢᠯᠡᠰ | ᠪᠤᠶᠢᠵᠢᠭᠤᠯᠬᠤ ᠳᠤ ᠬᠡᠷᠡᠭᠯᠡᠨ᠎ᠡ᠃ ︽ᠭᠤᠷᠪᠠ ᠶᠢ ᠲᠣᠰᠬᠤᠨ ᠬᠦᠷᠦᠭᠦᠯᠬᠦ ᠬᠢᠭᠡᠳ ᠭᠤᠷᠪᠠ ᠶᠢ ᠡᠷᠦᠬᠡ ᠲᠤ | ᠬᠦᠷᠦᠭᠦᠯᠬᠦ︾ ᠲᠦᠷᠦᠯ ᠵᠦᠢᠯ ᠪᠠ ᠮᠥᠩᠭᠦᠨ ᠭᠦᠢᠯᠭᠡᠭᠡᠨ ᠪᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ | ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠨᠡᠷᠡᠨ ᠤ ᠭᠡᠷᠡᠯ ᠬᠤᠷ᠎ᠠ ᠶᠢᠨ ᠰᠢᠮ᠎ᠡ ᠪᠣᠯᠪᠠᠰᠤᠷᠠᠭᠤᠯᠬᠤ ᠲᠥᠯᠥᠪᠯᠡᠭᠡ ᠢ | ᠥᠷᠨᠢᠭᠦᠯᠵᠦ᠂ ᠳᠣᠳᠣᠭᠠᠳᠣ ᠳᠠᠬᠢ ᠶᠠᠳᠠᠭᠤ ᠠᠴᠠ ᠠᠩᠭᠢᠵᠢᠷᠠᠭᠤᠯᠬᠤ ᠬᠥᠳᠡᠯᠭᠡᠭᠴᠢ ᠬᠦᠴᠦᠨ ᠶᠢ ᠨᠡᠮᠡᠭᠳᠡᠭᠦᠯᠦᠨ᠎ᠡ᠃ | ᠲᠣᠰᠬᠤᠨ ᠳᠤ ᠰᠠᠭᠤᠭ᠎ᠠ ᠺᠠᠳ᠋ᠷ ᠶᠢᠨ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠵᠦ᠂ ᠳᠠᠭᠠᠭᠠᠵᠤ | ᠲᠡᠳᠬᠦᠬᠦ ᠠᠵᠢᠯ ᠢ ᠺᠠᠳ᠋ᠷ ᠤᠨ ᠠᠵᠢᠯ ᠤᠨ ᠪᠣᠳᠠᠲᠤ ᠪᠦᠲᠦᠮᠵᠢ ᠶᠢ ᠬᠢᠨᠠᠨ ᠰᠢᠭᠠᠬᠤ ᠲᠠᠢ ᠬᠤᠯᠪᠤᠭᠳᠠᠭᠤᠯᠤᠨ᠂ ᠢᠯᠡ | ᠲᠣᠳᠣ ᠠᠵᠢᠯ ᠤᠨ ᠤᠳᠤᠷᠢᠳᠤᠮᠵᠢ ᠶᠢ ᠪᠤᠢ ᠪᠣᠯᠭᠠᠬᠤ ᠬᠡᠷᠡᠭᠲᠡᠶ᠃ ᠶᠠᠳᠠᠭᠤ ᠬᠦᠴᠢᠷᠳᠡᠯᠲᠡᠶ ᠣᠯᠠᠨ ᠲᠦᠮᠡᠨ ᠤ | ᠭᠤᠣᠯ ᠴᠣᠭᠴᠠ ᠪᠣᠯᠬᠤ ᠦᠢᠯᠡᠳᠦᠯ ᠢ ᠪᠠᠳᠠᠷᠠᠭᠤᠯᠵᠤ᠂ ᠵᠥᠪ ᠤᠷᠮᠠᠰᠢᠭᠤᠯᠤᠯ ᠤᠨ ᠲᠣᠭᠲᠠᠴᠠ ᠶᠢ ᠪᠠᠶᠢᠭᠤᠯᠵᠤ᠂ | ᠶᠠᠳᠠᠭᠤ ᠬᠦᠴᠢᠷᠳᠡᠯ ᠲᠠᠢ ᠤᠯᠠᠨ ᠲᠦᠮᠡᠨ ᠤ ᠶᠠᠳᠠᠭᠤ ᠠᠴᠠ ᠠᠩᠬᠢᠵᠢᠷᠠᠬᠤ ᠰᠠᠨᠠᠭᠠᠴᠢᠯᠠᠭᠠᠲᠤ ᠴᠢᠨᠠᠷ ᠪᠠ | ᠢᠳᠡᠪᠬᠢᠵᠢᠯ ᠢ ᠳᠠᠶᠢᠴᠢᠯᠠᠬᠤ ᠬᠡᠷᠡᠭᠲᠡᠶ᠃ ᠨᠡᠶᠢᠭᠡᠮ ᠤᠨ ᠬᠠᠪᠰᠤᠷᠤᠨ ᠲᠡᠳᠬᠦᠬᠦ ᠬᠦᠴᠦᠨ ᠤ ᠠᠷᠭ᠎ᠠ ᠵᠠᠮ ᠢ ᠰᠠᠭᠠᠳ | ᠦᠭᠡᠢ ᠨᠡᠪᠲᠡᠷᠡᠭᠦᠯᠵᠦ᠂ ᠲᠤᠰᠬᠠᠶ ᠵᠦᠢᠯ ᠶᠢᠨ ᠶᠠᠳᠠᠭᠤ ᠶᠢ ᠲᠡᠳᠬᠦᠬᠦ᠂ ᠠᠵᠢᠯ ᠲᠥᠷᠥᠯ ᠢᠶᠠᠷ ᠶᠠᠳᠠᠭᠤ ᠶᠢ ᠲᠡᠳᠬᠦᠬᠦ | ᠂ ᠨᠡᠶᠢᠭᠡᠮ ᠤᠨ ᠶᠠᠳᠠᠭᠤ ᠶᠢ ᠲᠡᠳᠬᠦᠬᠦ ︽ᠭᠤᠷᠮᠤᠰᠤᠨ ᠴᠣᠭᠴᠠᠲᠤ︾ ᠶᠠᠳᠠᠭᠤ ᠶᠢ ᠲᠡᠳᠬᠦᠬᠦ ᠠᠵᠢᠯ ᠤ | ᠪᠠᠶᠢᠭᠤᠯᠤᠮᠵᠢ ᠶᠢ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠬᠦᠴᠦᠷᠬᠡᠭ | ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ᠃ | ︵ᠲᠠᠪᠤ︶ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠰᠢᠨ᠎ᠡ ᠶᠢ ᠡᠭᠦᠳᠴᠦ᠂ ᠤᠯᠠᠮ ᠨᠢᠭᠡ ᠠᠯᠬᠤᠮ | ᠬᠥᠭᠵᠢᠯᠲᠡ ᠶᠢᠨ ᠠᠮᠢᠳᠤᠯᠢᠭ ᠬᠦᠴᠦᠨ ᠢ ᠨᠡᠮᠡᠭᠳᠡᠭᠦᠯᠬᠦ ᠬᠡᠷᠡᠭᠲᠡᠶ᠃ ᠰᠦᠩᠱᠠᠨ ᠤ ᠬᠥᠭᠵᠢᠭᠦᠯᠬᠦ ᠭᠤᠣᠯᠳᠠᠯᠭ᠎ᠠ ᠲᠠᠢ | ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠥᠭᠡᠷᠡᠴᠢᠯᠡᠯᠲᠡ ᠶᠢ ᠡᠮᠬᠢ | ᠵᠢᠷᠤᠮ ᠲᠠᠢ ᠪᠠᠷ ᠲᠦᠯᠬᠢᠨ ᠠᠬᠢᠭᠤᠯᠵᠤ᠂ ᠴᠡᠭᠴᠡᠯᠡᠨ ᠵᠠᠰᠠᠬᠤ ᠴᠢᠳᠠᠪᠤᠷᠢ ᠢᠶᠠᠨ ᠲᠠᠰᠤᠷᠠᠯᠲᠠ ᠦᠭᠡᠢ ᠨᠡᠮᠡᠭᠳᠡᠭᠦᠯᠵᠦ᠂ | ᠳᠣᠲᠣᠭᠠᠳᠤ ᠬᠥᠳᠡᠯᠭᠡᠬᠦ ᠬᠦᠴᠦᠨ ᠢᠶᠠᠨ ᠬᠥᠭᠵᠢᠭᠡᠵᠦ᠂ ᠨᠡᠶᠢᠭᠡᠮ ᠢ ᠠᠮᠢᠵᠢᠷᠠᠯ ᠤᠨ ᠬᠦᠴᠦᠨ ᠲᠠᠢ ᠪᠣᠯᠭᠠᠨ᠎ᠠ᠃ | ᠡᠯ᠎ᠡ ᠬᠦᠷᠢᠶᠡᠨ ᠳᠠᠬᠢ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠤᠨ᠎ᠠ᠃ ︽ | ᠲᠠᠯᠪᠢᠬᠤ ᠬᠠᠮᠢᠶᠠᠷᠬᠤ ᠦᠢᠯᠡᠴᠢᠯᠡᠭᠡᠨ︾ ᠤ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠵᠠᠰᠠᠭ ᠤᠨ | ᠣᠷᠳᠣᠨ᠂ ᠵᠠᠬ᠎ᠠ ᠳᠡᠯᠭᠡᠭᠦᠷ ᠪᠣᠯᠤᠨ ᠨᠡᠶᠢᠭᠡᠮ ᠤᠨ ᠵᠠᠭᠠᠭ ᠱᠣᠭᠤᠮ ᠢ ᠲᠣᠳᠤᠷᠬᠠᠢ ᠪᠣᠯᠭᠠᠨ᠂ ᠡᠷᠬᠡ ᠶᠢᠨ | ᠲᠣᠳᠣᠷᠬᠠᠶ ᠬᠠᠭᠤᠳᠠᠰᠤ᠂ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢᠨ ᠳᠦᠷᠢᠮ ᠢ ᠪᠠᠶᠢᠭᠤᠯᠵᠤ᠂ | ᠲᠦᠢᠯᠪᠤᠷᠢᠲᠠᠶ ᠶᠣᠰᠣᠲᠠᠶ ᠡᠷᠬᠡ ᠶᠢ ᠳᠣᠷᠣᠭᠰᠢ ᠪᠠᠭᠤᠯᠭᠠᠵᠤ᠂ ᠬᠥᠩᠭᠡᠷᠡᠭᠦᠯᠬᠦ ᠴᠢᠬᠤᠯᠠ ᠲᠠᠢ ᠶᠢ ᠨᠢ ᠬᠥᠩᠭᠡᠷᠡᠭᠦᠯᠵᠦ | ᠂ ᠬᠠᠮᠢᠶᠠᠷᠬᠤ ᠶᠣᠰᠣᠲᠠᠶ ᠶᠢ ᠨᠢ ᠬᠠᠮᠢᠶᠠᠷᠴᠤ ᠪᠣᠯᠤᠨ᠎ᠠ᠃ ᠦᠢᠯᠡᠳᠪᠦᠷᠢ ᠬᠤᠳᠠᠯᠳᠤᠭᠠᠨ ᠤ ᠳᠠᠩᠰᠠᠯᠠᠯᠲᠠ ᠶᠢᠨ | ᠦᠨᠡᠮᠯᠡᠯ ᠢ ᠨᠢᠭᠡᠳᠬᠡᠵᠦ᠂ ᠳᠠᠩᠰᠠᠯᠠᠭᠤᠯᠤᠯᠲᠠ᠂ ᠬᠦᠴᠦᠨ ᠦᠭᠡᠢ ᠪᠣᠯᠭᠠᠬᠤ ᠶᠠᠪᠤᠴᠠ ᠶᠢ ᠶᠢ ᠳᠦᠭᠦᠮᠴᠢᠯᠡᠵᠦ᠂ | ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠲᠡᠭᠦᠯᠳᠡᠷᠵᠢᠭᠦᠯᠵᠦ᠂ ︽ᠬᠤᠶᠠᠷ ᠢ ᠲᠠᠰᠢᠷᠠᠮ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ | ᠪᠥᠬᠦ ᠲᠠᠯ᠎ᠠ ᠪᠠᠷ ᠬᠠᠮᠤᠷᠬᠤ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ︽ᠨᠢᠭᠡ ᠯᠡ ᠰᠦᠯᠵᠢᠶ᠎ᠡ︾ ᠶᠢᠨ | ᠦᠢᠯᠡᠴᠢᠯᠡᠭᠡ ᠶᠢ ᠲᠡᠭᠦᠯᠳᠡᠷᠵᠢᠭᠦᠯᠵᠦ᠂ ᠪᠣᠳᠠᠲᠤ ᠴᠣᠭᠴᠠ ᠶᠢᠨ ᠵᠠᠰᠠᠭ ᠤᠨ ᠶᠠᠪᠤᠳᠠᠯ ᠡᠷᠬᠢᠯᠡᠬᠦ ᠲᠢᠩᠬᠢᠮ ᠪᠠ | ᠰᠦᠯᠵᠢᠶᠡᠨ ᠳᠡᠭᠡᠷ᠎ᠡ ᠵᠠᠰᠠᠭ ᠤᠨ ᠶᠠᠪᠤᠳᠠᠯ ᠰᠢᠢᠳᠪᠦᠷᠢᠯᠡᠬᠦ ᠲᠢᠩᠬᠢᠮ ᠶᠢ ᠬᠠᠮᠲᠤᠷᠠᠭᠤᠯᠤᠨ ᠬᠦᠭᠵᠢᠭᠦᠯᠦᠨ᠎ᠡ᠃ | ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠲᠦᠷᠭᠡᠳᠬᠡᠵᠦ᠂ ᠬᠠᠮᠲᠤ ᠶᠢᠨ | ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠶᠢ | ᠳᠠᠭᠤᠰᠬᠠᠵᠤ᠂ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠦᠢᠯᠡᠴᠢᠯᠡᠭᠡᠨ ᠤ ᠲᠥᠪ ᠶᠢ ᠪᠡᠯᠡᠳᠬᠡᠨ ᠪᠠᠶᠢᠭᠤᠯᠵᠤ | ᠂ ᠲᠠᠷᠢᠶᠠᠨ ᠭᠠᠵᠠᠷ ᠢ ᠥᠮᠴᠢᠯᠡᠬᠦ ᠡᠷᠬᠡ᠂ ᠳᠠᠭᠠᠭᠠᠴᠢᠯᠠᠬᠤ ᠡᠷᠬᠡ᠂ ᠡᠵᠡᠩᠨᠡᠬᠦ ᠡᠷᠬᠡ ᠵᠡᠷᠭᠡ ︽ᠭᠤᠷᠪᠠᠨ ᠡᠷᠬᠡ ᠶᠢ | ᠰᠠᠯᠭᠠᠬᠤ︾ ᠶᠢ ᠲᠦᠯᠬᠢᠨ ᠠᠬᠢᠭᠤᠯᠵᠤ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠵᠢᠷᠤᠮᠵᠢᠭᠤᠯᠵᠤ᠂ ᠡᠮᠬᠢ | ᠵᠢᠷᠤᠮ ᠲᠠᠢ ᠪᠠᠷ ᠡᠷᠭᠢᠯᠲᠡ ᠳᠤ ᠣᠷᠤᠭᠤᠯᠤᠨ᠎ᠠ︔ ᠵᠢᠵᠢᠭ ᠬᠡᠯᠪᠡᠷᠢ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ | ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠲᠣᠳᠣᠷᠬᠠᠶ ᠥᠮᠴᠢᠯᠡᠬᠦ ᠡᠷᠬᠡ ᠪᠠ | ᠬᠡᠷᠡᠭᠯᠡᠬᠦ ᠡᠷᠬᠡ ᠶᠢ ᠲᠣᠳᠤᠷᠬᠠᠶᠢᠯᠠᠵᠤ᠂ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠶᠢ ᠨᠠᠶᠢᠳᠠᠪᠤᠷᠢᠵᠢᠭᠤᠯᠵᠤ᠂ | ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠰᠠᠶᠢᠨ ᠤᠷᠴᠢᠯᠳᠤ ᠢ ᠪᠠᠲᠤᠯᠠᠬᠤ ᠬᠡᠷᠡᠭᠲᠡᠶ︔ ᠲᠠᠷᠢᠶᠠᠯᠠᠩ ᠳᠤ ᠬᠡᠷᠡᠭᠯᠡᠬᠦ | ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ | ᠲᠠᠷᠢᠶᠠᠯᠠᠩ ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠪᠠ ᠨᠤᠷᠮ᠎ᠠ ᠲᠣᠭᠲᠠᠭᠠᠨ ᠬᠠᠮᠢᠶᠠᠷᠴᠦ᠂ | ᠤᠰᠤᠨ ᠤ ᠦᠨ᠎ᠡ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠵᠤ᠂ ᠤᠰᠤ ᠠᠷᠪᠢᠯᠠᠬᠤ ᠳᠤ ᠠᠰᠢᠭᠲᠠᠶ | ᠲᠠᠷᠢᠶᠠᠯᠠᠩ ᠶᠢ ᠬᠦᠭᠵᠢᠭᠦᠯᠦᠨ᠎ᠡ᠃ ᠤᠯᠤᠰ ᠤᠨ ᠥᠮᠴᠢᠯᠡᠯ ᠤᠨ ᠤᠢ ᠰᠢᠭᠤᠶ ᠶᠢᠨ ᠲᠠᠯᠠᠪᠠᠢ ᠶᠢᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠤᠯᠤᠰ ᠤᠨ ᠪᠣᠯᠤᠨ ᠥᠪᠡᠷᠲᠡᠭᠡᠨ ᠵᠠᠰᠠᠬᠤ ᠣᠷᠣᠨ ᠤ | ᠰᠢᠯᠭᠠᠨ ᠠᠪᠬᠤ ᠳᠤ ᠬᠢᠷᠢ ᠳᠡᠩᠴᠡᠬᠦ ᠶᠢ ᠪᠠᠳᠤᠯᠠᠬᠤ ᠬᠡᠷᠡᠭᠲᠡᠢ᠂ ᠤᠢ ᠰᠢᠭᠤᠶ ᠶᠢᠨ ᠦᠢᠯᠡᠰ ᠤᠨ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ᠃ ︽ᠢᠨᠲ᠋ᠤᠷ ᠰᠦᠯᠵᠢᠶ᠎ᠡ + ᠶᠡᠷᠦᠩᠬᠡᠶᠢᠯᠡᠭᠰᠡᠨ ᠭᠠᠶᠢᠯᠢ ᠶᠢ | ᠵᠠᠰᠠᠬᠤ︾ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠳᠡᠯᠭᠡᠷᠡᠭᠦᠯᠵᠦ᠂ ᠠᠯᠤᠰ ᠵᠠᠶ ᠶᠢᠨ ᠡᠮᠴᠢᠯᠡᠭᠡ᠂ ᠱᠠᠳᠤ ᠬᠤᠪᠢᠶᠠᠨ | ᠣᠨᠣᠰᠢᠯᠠᠨ ᠡᠮᠨᠡᠬᠦ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠦᠢᠯᠡᠴᠢᠯᠡᠭᠡ ᠶᠢ ᠦᠷᠭᠦᠯᠵᠢᠯᠡᠨ ᠲᠦᠯᠬᠢᠨ | ᠠᠬᠢᠭᠤᠯᠵᠤ᠂ ᠰᠤᠷᠭᠠᠨ ᠬᠥᠮᠦᠵᠢᠯ᠂ ᠠᠮᠤ ᠪᠤᠳᠠᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠪᠤᠰᠤᠳ | ᠬᠦᠷᠢᠶᠡᠨ ᠳᠠᠬᠢ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ | ᠶᠡᠬᠡᠪᠡᠷ ᠰᠢᠨ᠎ᠡ ᠶᠢ ᠡᠭᠦᠳᠬᠦ ᠬᠡᠷᠡᠭᠵᠢᠭᠦᠯᠦᠨ᠎ᠡ᠃ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ | ᠨᠡᠶᠢᠲᠡ ᠪᠠᠷ ᠢᠶᠠᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠤᠯᠠᠭᠠᠨᠬᠠᠳᠠ ᠶᠢᠨ ᠠᠨ ᠺᠤᠸᠠᠢ ᠠᠳᠠᠯ ᠦᠢᠯᠡᠰ | ᠴᠣᠭᠴᠠᠯᠠᠬᠤ ᠴᠡᠭ ᠤᠨ ᠵᠢᠱᠢᠶ᠎ᠡ ᠦᠵᠡᠭᠦᠯᠬᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠠᠳᠠᠯ | ᠦᠢᠯᠡᠰ ᠪᠤᠰᠬᠠᠬᠤ ᠬᠦᠷᠢᠶᠡᠯᠡᠩ ᠪᠣᠯᠤᠨ ᠠᠳᠠᠯ ᠦᠢᠯᠡᠰ ᠪᠤᠰᠬᠠᠬᠤ ᠨᠡᠪᠴᠢᠭᠦᠯᠤᠤᠷ ᠤᠨ ᠰᠠᠭᠤᠷᠢᠨ ᠭᠠᠵᠠᠷ ᠂ | ᠨᠡᠪᠴᠢᠭᠦᠯᠬᠦ ᠵᠠᠯᠭᠠᠵᠤ ᠠᠪᠬᠤ ᠰᠢᠨ᠎ᠡ ᠪᠠᠷ ᠬᠥᠭᠵᠢᠭᠰᠡᠨ ᠠᠵᠤ ᠦᠢᠯᠡᠰ ᠶᠢ ᠲᠦᠷᠭᠡᠪᠴᠢᠯᠡᠨ ᠪᠦᠳᠦᠭᠡᠨ | ᠪᠠᠶᠢᠭᠤᠯᠵᠤ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠶᠢ ᠠᠬᠢᠭᠤᠯᠵᠤ᠂ ᠳᠤᠮᠳᠠ | ᠵᠢᠵᠢᠭ ᠪᠢᠴᠢᠯ ᠠᠵᠤ ᠠᠬᠤᠶᠢᠯᠠᠯ ᠤᠨ ᠣᠷᠣᠨ ᠪᠦᠰᠡ ᠶᠢᠨ ᠴᠢᠨᠠᠷᠲᠠᠶ ᠰᠲ᠋ᠣᠺ ᠤᠨ ᠡᠷᠬᠡ ᠶᠢᠨ ᠠᠷᠠᠯᠵᠢᠶᠠᠨ ᠤ ᠵᠠᠬ᠎ᠠ | ᠳᠡᠯᠭᠡᠭᠦᠷ ᠢ ᠠᠰᠢᠭᠯᠠᠵᠤ ᠪᠡᠯᠡ ᠳᠤᠬᠢᠷᠠᠭᠤᠯᠭ᠎ᠠ ᠬᠢᠯᠭᠡᠨ᠎ᠡ᠃ ᠵᠢᠵᠢᠭ ᠪᠢᠴᠢᠯ ᠠᠵᠤ ᠠᠬᠤᠶᠢᠯᠠᠯ ᠤᠨ ᠲᠡᠳᠬᠦᠮᠵᠢ ᠶᠢᠨ | ᠲᠦᠷᠦ ᠶᠢᠨ ᠪᠣᠲᠤᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ | ᠪᠤᠶᠢᠵᠢᠭᠤᠯᠤᠨ᠎ᠠ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠪᠠᠶᠢᠷᠢ ᠰᠠᠭᠤᠷᠢ ᠪᠠ | ᠭᠤᠣᠯᠯᠠᠭᠴᠢ ᠦᠢᠯᠡᠳᠦᠯ ᠢ ᠴᠢᠩᠭᠠᠷᠠᠭᠤᠯᠤᠨ᠂ ᠠᠵᠤ ᠠᠬᠤᠶᠢᠯᠠᠯ ᠶᠢ ᠵᠣᠷᠢᠭᠵᠢᠭᠤᠯᠵᠤ ᠪᠠᠶᠢᠭᠠᠳ ᠮᠡᠷᠭᠡᠵᠢᠯ ᠤᠨ | ᠲᠠᠯ᠎ᠠ ᠶᠢᠨ ᠰᠢᠨ᠎ᠡ ᠶᠢ ᠡᠭᠦᠳᠬᠦ᠂ ᠡᠵᠡᠩᠨᠡᠯᠲᠡ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ | ᠢᠳᠡᠪᠬᠢᠲᠡᠶ ᠪᠠᠷ ᠲᠦᠯᠬᠢᠨ ᠠᠬᠢᠭᠤᠯᠵᠤ᠂ ᠢᠨᠲ᠋ᠤᠷ ᠰᠦᠯᠵᠢᠶᠡᠨ ᠤ ᠮᠡᠷᠭᠡᠵᠢᠯ ᠶᠢᠨ ᠠᠵᠤ ᠠᠬᠤᠶᠢᠯᠠᠯ ᠤᠨ | ᠦᠢᠯᠡᠳᠪᠦᠷᠢᠯᠡᠯ᠂ ᠪᠣᠷᠣᠯᠠᠭᠤᠯᠤᠯᠲᠠ᠂ ᠬᠠᠮᠢᠶᠠᠷᠬᠤ ᠪᠦᠬᠦ ᠶᠠᠪᠤᠴᠠ ᠲᠣᠮᠳᠠᠬᠢ ᠶᠡᠷᠦᠩᠬᠡᠶᠢᠯᠡᠨ ᠬᠡᠷᠡᠭᠯᠡᠬᠦ ᠶᠢ | ᠲᠦᠷᠭᠡᠳᠬᠡᠨ᠂ ᠰᠢᠨ᠎ᠡ ᠲᠧᠭᠨᠢᠭ ᠮᠡᠷᠭᠡᠵᠢᠯ ᠢ ᠣᠷᠣᠭᠤᠯᠵᠤ ᠠᠪᠴᠢᠷᠠᠨ᠂ ᠰᠢᠨ᠎ᠡ ᠦᠢᠯᠡᠳᠬᠦᠨ ᠢ ᠨᠡᠭᠡᠭᠡᠨ | ᠬᠦᠭᠵᠢᠭᠦᠯᠵᠦ᠂ ᠨᠡᠷᠡᠳᠦ ᠳᠡᠮᠳᠡᠭ ᠢ ᠡᠭᠦᠳᠦᠨ᠂ ᠰᠢᠨ᠎ᠡ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠶ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠨ ᠰᠠᠶᠢᠵᠢᠷᠠᠭᠤᠯᠵᠤ᠂ | ᠨᠡᠶᠢᠭᠡᠮ ᠤᠨ ᠠᠵᠢᠯ ᠦᠢᠯᠡᠰ ᠢ ᠴᠡᠴᠡᠭᠯᠡᠬᠦᠯᠦᠨ ᠬᠦᠭᠵᠢᠭᠦᠯᠦᠨ᠎ᠡ᠃ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠶᠠᠪᠤᠳᠠᠯ ᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠦᠨᠡᠨ ᠬᠦ ᠣᠯᠠᠨ ᠲᠦᠮᠡᠨ ᠳᠤ | ᠬᠠᠷᠠᠭᠳᠠᠭᠤᠯᠤᠨ ᠮᠡᠲᠡᠷᠡᠭᠳᠡᠬᠦᠯᠵᠦ᠂ ᠪᠣᠳᠠᠲᠤ ᠠᠰᠢᠭ ᠬᠦᠷᠲᠡᠭᠡᠬᠦ ᠪᠣᠳᠠᠲᠠᠶ ᠶᠠᠪᠤᠳᠠᠯ ᠢ ᠢᠯᠡᠭᠦᠬᠡᠨ ᠬᠢᠨ᠎ᠡ᠃ | ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢᠨ ᠢᠨᠵᠧᠨᠧᠷᠢᠩ ᠶᠢ ᠰᠠᠶᠢᠲᠤᠷ ᠠᠳᠬᠤᠵᠤ | ᠬᠡᠷᠡᠭᠵᠢᠭᠦᠯᠦᠨ᠎ᠡ᠃ ᠠᠵᠢᠯ ᠣᠯᠭᠤᠬᠤ ᠲᠤᠬᠠᠶ ᠢᠳᠡᠪᠬᠢᠲᠡᠶ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ | ᠬᠡᠷᠡᠭᠵᠢᠭᠦᠯᠵᠦ᠂ ᠪᠦᠲᠦᠮᠵᠢᠲᠡᠶ ᠠᠵᠢᠯ ᠣᠯᠭᠤᠬᠤ ᠬᠠᠩᠭᠠᠯᠭ᠎ᠠ ᠶᠢ ᠨᠡᠮᠡᠭᠳᠡᠭᠦᠯᠵᠦ᠂ ᠠᠵᠢᠯ ᠣᠯᠤᠭᠰᠠᠨ ᠬᠥᠮᠦᠨ | ᠦᠭᠡᠢ ᠭᠡᠷ ᠪᠦᠯᠢ᠂ ᠳᠡᠭᠡᠳᠦ ᠵᠡᠷᠭᠡ ᠶᠢᠨ ᠰᠤᠷᠭᠠᠭᠤᠯᠢ ᠠᠴᠠ ᠲᠡᠭᠦᠰᠦᠭᠰᠡᠳ᠂ ᠴᠡᠷᠢᠭ ᠠᠴᠠ ᠬᠠᠯᠠᠭᠳᠠᠵᠤ ᠠᠵᠢᠯ | ᠰᠢᠯᠵᠢᠭᠰᠡᠳ᠂ ᠬᠤᠳᠠ ᠪᠠᠯᠭᠠᠰᠤᠨ ᠳᠤ ᠠᠵᠢᠯ ᠣᠯᠬᠤ ᠳᠤ ᠬᠦᠴᠢᠷᠲᠡᠶ ᠬᠥᠮᠦᠰ ᠵᠡᠷᠭᠡ ᠣᠨᠴᠠᠭᠠᠶ ᠬᠠᠮᠳᠦ | ᠨᠡᠶᠢᠲᠡ ᠶᠢᠨ ᠠᠵᠢᠯ ᠣᠯᠭᠤᠯᠲᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠶ᠃ ᠪᠦᠬᠦ ᠵᠢᠯ ᠳᠤ ᠬᠤᠲᠠ | ᠪᠠᠯᠭᠠᠰᠤᠨ ᠤ ᠰᠢᠨ᠎ᠡ ᠪᠠᠷ ᠠᠵᠢᠯ ᠣᠯᠤᠭᠰᠠᠨ ᠬᠦᠮᠦᠨ ᠤ ᠲᠤᠭ᠎ᠠ 4500 ᠬᠥᠮᠦᠨ᠂ ᠲᠠᠷᠢᠶᠠᠴᠢᠨ ᠠᠴᠠ ᠰᠢᠯᠵᠢᠵᠦ | ᠠᠵᠢᠯ ᠣᠯᠤᠭᠰᠠᠨ ᠨᠢ 1.2 ᠲᠦᠮᠡᠨ ᠬᠥᠮᠦᠨ ᠪᠠᠶᠢᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠨᠠᠰᠤᠵᠢᠯ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠢ ᠥᠷᠭᠡᠳᠬᠡᠵᠦ᠂ ᠪᠥᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠳᠡᠩᠰᠡᠯᠡᠯᠲᠡ ᠶᠢᠨ ᠲᠥᠯᠥᠪᠯᠡᠭᠡ ᠶᠢ ᠡᠬᠢᠯᠡᠨ ᠬᠡᠷᠡᠭᠵᠢᠭᠦᠯᠵᠡᠢ︔ ᠬᠤᠳᠠᠯᠳᠤᠭᠠᠨ ᠤ ᠳᠠᠭᠠᠳᠬᠠᠯ ᠶᠢ | ᠣᠷᠣᠭᠤᠯᠤᠨ ᠠᠪᠴᠢᠷᠠᠵᠤ᠂ ᠶᠡᠭᠡ ᠡᠪᠡᠳᠴᠢᠨ ᠤ ᠨᠥᠬᠦᠪᠥᠷᠢ ᠳᠠᠭᠠᠳᠬᠠᠯ ᠤᠨ ᠲᠤᠬᠠᠶᠢᠯᠠᠭᠰᠠᠨ ᠠᠵᠢᠯ ᠢ ᠡᠷᠬᠢᠯᠡᠨ᠎ᠡ | ᠃ ᠠᠵᠤ ᠠᠬᠤᠶᠢᠯᠠᠯ ᠤᠨ ᠨᠠᠰᠤᠨ ᠤ ᠠᠮᠠᠷᠠᠯᠲᠠ ᠠᠪᠤᠭᠰᠠᠨ ᠠᠵᠢᠯᠲᠠᠨ ᠠᠵᠢᠯᠴᠢᠨ ᠪᠠ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ᠂ ᠠᠰᠠᠷᠠᠨ ᠬᠠᠷᠠᠭᠠᠯᠵᠠᠬᠤ | ᠡᠲᠡᠭᠡᠳ ᠤᠨ ᠠᠰᠠᠷᠠᠮᠵᠢ ᠶᠢᠨ ᠮᠥᠩᠭᠦ᠂ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠴᠢᠨᠠᠷᠲᠠᠶ ᠲᠤᠰᠠᠯᠠᠮᠵᠢ ᠶᠢᠨ ᠮᠥᠩᠭᠦ ᠶᠢᠨ ᠪᠠᠷᠢᠮᠵᠢᠶ᠎ᠠ ᠢ ᠳᠡᠭᠡᠭᠰᠢᠯᠡᠭᠦᠯᠦᠨ᠎ᠡ᠃ ᠡᠯ᠎ᠡ ᠲᠥᠷᠥᠯ ᠤᠨ | ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠯ᠎ᠡ | ᠵᠦᠢᠯ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ᠂ ᠲᠠᠪᠤᠨ ᠪᠠᠲᠤᠯᠠᠭ᠎ᠠ ᠶᠢᠨ | ᠡᠷᠦᠬᠡ᠂ ᠬᠦᠴᠢᠷᠳᠡᠯ ᠲᠠᠢ ᠬᠡᠦᠬᠡᠳ᠂ ᠬᠠᠷᠠᠭᠠᠯᠵᠠᠬᠤ ᠡᠲᠡᠭᠡᠳ᠂ ᠵᠡᠮᠳᠡᠭᠴᠦᠳ ᠵᠡᠷᠭᠡ ᠬᠦᠴᠢᠷᠳᠡᠯᠲᠡᠶ ᠬᠥᠮᠦᠰ ᠳᠤ | ᠤᠯᠠᠨ ᠵᠦᠢᠯ ᠤᠨ ᠬᠡᠯᠪᠡᠷᠢ ᠪᠠᠷ ᠶᠠᠳᠠᠭᠤ ᠶᠢ ᠲᠡᠳᠬᠦᠵᠦ ᠵᠦᠳᠡᠭᠦᠦ ᠶᠢ ᠲᠤᠰᠠᠯᠠᠬᠤ ᠠᠵᠢᠯᠯᠠᠭ᠎ᠠ ᠶᠢ ᠥᠷᠨᠢᠭᠦᠯᠦᠨ᠎ᠡ᠃ | | ᠨᠡᠶᠢᠭᠡᠮ ᠤᠨ ᠦᠢᠯᠡᠰ ᠢ ᠶᠡᠬᠡᠪᠡᠷ ᠬᠥᠭᠵᠢᠭᠦᠯᠪᠡ᠃ ᠰᠤᠷᠭᠠᠨ ᠬᠥᠮᠦᠵᠢᠯ ᠤᠨ ᠪᠡᠯᠡ ᠮᠥᠩᠭᠦ ᠶᠢ 2.25 | ᠳ᠋ᠦᠩᠰᠢᠭᠤᠷ ᠲᠥᠭᠦᠷᠢᠭ ᠬᠤᠷᠠᠮᠲᠤᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ | ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠢᠷᠢ ᠬᠡᠮᠵᠢᠶ᠎ᠡ ᠶᠢ ᠪᠠᠲᠤᠳᠬᠠᠨ ᠳᠡᠭᠡᠭᠰᠢᠯᠡᠭᠦᠯᠬᠦ᠂ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠢ ᠠᠬᠢᠭᠤᠯᠵᠤ᠂ ᠠᠯᠪᠠᠨ ᠵᠢᠷᠤᠮ ᠤᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠶᠢ ᠵᠣᠬᠢᠴᠠᠩᠭᠤᠶ ᠬᠥᠭᠵᠢᠭᠦᠯᠬᠦ ᠬᠡᠷᠡᠭᠲᠡᠶ︔ ᠪᠠᠭᠰᠢ ᠶᠢᠨ ᠨᠦᠬᠦᠪᠦᠷᠢᠯᠡᠯᠲᠡ ᠪᠠ ᠲᠣᠬᠢᠷᠠᠭᠤᠯᠤᠯᠲᠠ ᠶᠢ | ᠲᠡᠭᠦᠯᠳᠡᠷᠵᠢᠭᠦᠯᠵᠦ᠂ ᠠᠵᠢᠯ ᠤᠨ ᠪᠠᠶᠢᠷᠢ ᠶᠢᠨ ᠡᠭᠡᠯᠵᠢᠯᠡᠭᠦᠯᠦᠨ ᠰᠣᠯᠢᠯᠴᠠᠬᠤ ᠲᠣᠭᠲᠠᠴᠠ ᠶᠢ ᠰᠢᠯᠢᠳᠡᠭᠵᠢᠭᠦᠯᠦᠨ | ᠳᠡᠭᠡᠭᠰᠢᠯᠡᠭᠦᠯᠵᠦ᠂ ᠪᠠᠭᠰᠢ ᠶᠢᠨ ᠬᠢᠷᠢ ᠲᠦᠪᠰᠢᠨ ᠢ ᠴᠢᠩᠭᠠᠳᠬᠠᠨ᠎ᠠ︔ ᠬᠥᠳᠡᠭᠡ ᠲᠣᠰᠬᠤᠨ ᠤ ᠰᠤᠷᠭᠠᠭᠤᠯᠢ ᠶᠢᠨ | ᠰᠤᠷᠭᠠᠭᠤᠯᠢ ᠡᠷᠬᠢᠯᠡᠬᠦ ᠨᠥᠬᠦᠴᠡᠯ ᠢ ᠳᠡᠭᠡᠭᠰᠢᠯᠡᠭᠦᠯᠬᠦ ᠢᠨᠵᠧᠨᠧᠷᠢᠩ ᠪᠣᠯᠤᠨ ᠬᠤᠲᠠ ᠶᠢᠨ ᠲᠣᠭᠤᠷᠢᠭ ᠤᠨ 8 | ᠰᠠᠭᠤᠷᠢ ᠰᠤᠷᠭᠠᠭᠤᠯᠢ ᠤᠨ EPC ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ | ᠠᠬᠢᠭᠤᠯᠵᠤ᠂ ᠶᠡᠭᠡ ᠠᠩᠬᠢ ᠶᠢᠨ ᠨᠣᠷᠮ᠎ᠠ᠂ ᠶᠡᠭᠡ ᠰᠤᠷᠭᠠᠭᠤᠯᠢ ᠶᠢᠨ ᠨᠤᠷᠮ᠎ᠠ ᠶᠢᠨ ᠠᠰᠠᠭᠤᠳᠠᠯ ᠢ ᠪᠦᠲᠦᠮᠵᠢᠲᠡᠶ ᠪᠠᠷ | ᠨᠠᠮᠳᠠᠭᠤᠯᠤᠨ᠎ᠠ᠂ ᠪᠦᠬᠦ ᠲᠣᠭᠤᠷᠢᠭ ᠤᠨ 14 ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ 49 ᠪᠠᠭ᠎ᠠ | ᠰᠤᠷᠭᠠᠭᠤᠯᠢ ᠶᠢᠨ ᠪᠦᠬᠦ ᠣᠷᠣᠨ ᠪᠦᠰᠡ ᠶᠢᠨ ᠳᠣᠲᠣᠷᠠᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠲᠡᠩᠴᠡᠭᠦᠷᠢᠲᠡᠶ ᠪᠠᠷᠢᠮᠵᠢᠶ᠎ᠠ ᠳᠤ ᠬᠦᠷᠭᠡᠬᠦ ᠶᠢ ᠦᠨᠳᠦᠰᠦᠨ ᠳᠡᠭᠡᠨ ᠪᠡᠶᠡᠯᠡᠭᠦᠯᠬᠦ ᠶᠢ ᠪᠠᠳᠤᠯᠠᠨ᠎ᠠ᠃ ᠬᠢᠲᠠᠳ ᠮᠣᠩᠭᠤᠯ | ᠡᠮ ᠡᠮᠨᠡᠯᠭᠡ᠂ ᠢᠳᠡᠭᠡᠨ ᠤ ᠵᠦᠢᠯ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠲᠥᠯᠥᠪᠯᠡᠭᠡ ᠲᠠᠢ ᠪᠠᠷ ᠬᠡᠦᠬᠡᠳ | ᠠᠪᠬᠤ ︽ᠬᠤᠶᠠᠷ ᠬᠡᠦᠬᠡᠳ ᠠᠪᠴᠤ ᠪᠣᠯᠬᠤ︾ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ | ᠬᠡᠷᠡᠭᠲᠡᠢ᠃ ᠨᠡᠶᠢᠭᠡᠮ ᠤᠨ ᠪᠡᠯᠡ ᠬᠦᠷᠦᠩᠭᠡ ᠶᠢ ᠵᠣᠷᠢᠭᠵᠢᠭᠤᠯᠵᠤ ᠪᠠᠶᠢᠭᠠᠳ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠢ ᠡᠷᠬᠢᠯᠡᠬᠦ᠂ ᠭᠡᠷ ᠲᠤᠨᠢ ᠠᠰᠠᠷᠠᠮᠵᠢ ᠬᠦᠷᠲᠡᠭᠡᠬᠦ ᠶᠢ ᠪᠠᠶᠢᠭᠤᠯᠵᠤ᠂ ᠨᠡᠶᠢᠭᠡᠮ ᠤᠨ ᠨᠠᠰᠤᠵᠢᠯ ᠤᠨ | ᠠᠰᠠᠷᠠᠮᠵᠢ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠵᠡᠷᠭᠡ ᠤᠯᠠᠨ ᠲᠡᠰ ᠳᠠᠪᠬᠤᠷᠭ᠎ᠠ ᠪᠦᠬᠦᠢ ᠨᠠᠰᠤᠵᠢᠯ ᠤᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠰᠣᠶᠣᠯ ᠶᠢ ᠬᠥᠳᠡᠭᠡ ᠳᠤ ᠬᠦᠷᠭᠡᠬᠦ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠶᠢ ᠲᠥᠯᠬᠢᠨ ᠠᠬᠢᠭᠤᠯᠵᠤ᠂ | ᠰᠢᠨᠵᠢᠯᠡᠬᠦ ᠤᠬᠠᠭᠠᠨ ᠤ ᠮᠡᠳᠡᠯᠭᠡ ᠶᠢ ᠳᠦᠭᠡᠮᠡᠯᠵᠢᠭᠦᠯᠦᠨ᠂ ᠰᠠᠭᠤᠭᠠᠯᠢ ᠠᠷᠠᠳ ᠤᠨ ᠪᠡᠶ᠎ᠡ ᠰᠡᠳᠬᠢᠯ ᠤᠨ ᠡᠷᠡᠭᠦᠯ | ᠮᠡᠨᠳᠦ ᠶᠢ ᠳᠡᠭᠡᠭᠰᠢᠯᠡᠭᠦᠯᠬᠦ ᠬᠡᠷᠡᠭᠲᠡᠶ᠃ ᠠᠷᠠᠳ ᠤᠨ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ | ᠬᠠᠮᠢᠶᠠᠷᠴᠤ᠂ ᠡᠷᠦᠭᠡ ᠶᠢᠨ ᠴᠡᠷᠢᠭ ᠤᠨ ᠪᠡᠯᠡᠳᠬᠡᠯ ᠴᠡᠷᠢᠭ ᠤᠨ ᠠᠯᠪᠠ ᠬᠠᠭᠠᠬᠤ ᠪᠠ ᠬᠤᠶᠠᠷ ᠢ ᠬᠦᠷᠢᠶᠡᠯᠡᠬᠦ | ᠬᠠᠮᠲᠤ ᠪᠠᠷ ᠪᠠᠶᠢᠭᠤᠯᠬᠤ᠂ ᠷᠠᠳᠢᠣ᠋ ᠲᠧᠯᠸᠢᠰ᠂ ᠤᠯᠠᠭᠠᠨ ᠵᠠᠭᠠᠯᠮᠠᠶᠢᠲᠠᠨ ᠤ ᠡᠪᠯᠡᠯ᠂ ᠥᠲᠡᠭᠦᠰ᠂ ᠡᠭᠡ ᠬᠡᠦᠬᠡᠳ᠂ | ᠵᠡᠮᠳᠡᠭᠴᠦᠳ ᠵᠡᠷᠭᠡ ᠠᠵᠢᠯ ᠦᠢᠯᠡᠰ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠬᠠᠷᠢᠶᠠᠲᠤ ᠨᠠᠷ ᠤᠨ ᠠᠵᠢᠯ᠂ | ᠳᠠᠩᠰᠠ ᠡᠪᠬᠡᠮᠡᠯ᠂ ᠪᠠᠶᠢᠭᠤᠯᠤᠯᠭ᠎ᠠ ᠶᠢᠨ ᠶᠠᠪᠤᠳᠠᠯ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ | ᠠᠮᠤᠷ ᠲᠠᠶᠢᠪᠤᠩ ᠰᠦᠩᠱᠠᠨ ᠤ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠤᠨ᠎ᠠ᠃ ︽ | ᠲᠣᠭᠠᠴᠢᠯᠲᠠ ᠶᠢᠨ ᠬᠤᠲᠠ ᠶᠢᠨ ᠬᠠᠮᠢᠶᠠᠷᠤᠯᠲᠠ︾᠂ ︽ᠤᠶᠤᠨᠲᠤ ᠬᠤᠲᠠ︾ ᠶᠢᠨ ᠪᠦᠲᠦᠭᠡᠨ ᠪᠠᠶᠢᠭᠤᠯᠤᠯᠲᠠ ᠢ | ᠲᠥᠯᠬᠢᠨ ᠠᠬᠢᠭᠤᠯᠵᠤ᠂ ᠬᠤᠳᠠ ᠶᠢᠨ ᠬᠠᠮᠢᠶᠠᠷᠤᠯᠲᠠ ᠶᠢᠨ ᠨᠠᠷᠢᠯᠢᠭᠵᠢᠭᠤᠯᠤᠭᠰᠠᠨ᠂ ᠤᠶᠤᠨᠴᠢᠯᠠᠭᠰᠠᠨ᠂ ᠣᠷᠳᠣ | ᠬᠤᠭᠤᠴᠠᠭᠠᠨ ᠤ ᠬᠠᠮᠢᠶᠠᠷᠤᠯᠲᠠ ᠶᠢᠨ ᠬᠢᠷᠢ ᠲᠦᠪᠰᠢᠨ ᠶᠢ ᠳᠡᠭᠡᠭᠰᠢᠯᠡᠭᠦᠯᠬᠦ ᠬᠡᠷᠡᠭᠲᠡᠶ᠃ ᠨᠡᠶᠢᠭᠡᠮ ᠤᠨ ᠠᠮᠤᠷ | ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠨ᠎ᠠ᠂ ᠬᠠᠤᠯᠢ ᠠᠴᠠ ᠵᠥᠷᠢᠴᠡᠭᠰᠡᠨ ᠡᠯ᠎ᠡ ᠳᠦᠷᠦᠯ ᠤᠨ | ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠯᠠᠨ ᠲᠦᠮᠡᠨ ᠤ ᠠᠶᠤᠯᠭᠦᠶ ᠰᠡᠳᠬᠢᠯᠭᠡ ᠪᠠ ᠬᠠᠨᠤᠮᠵᠢᠲᠤ | ᠬᠡᠮᠵᠢᠶ᠎ᠡ ᠶᠢ ᠦᠨᠡᠨ ᠬᠦ ᠴᠢᠩᠭᠠᠳᠬᠠᠬᠤ ᠬᠡᠷᠡᠭᠲᠡᠶ᠃ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ ᠠᠷᠠᠳ ᠤᠨ | ᠡᠶᠡᠳᠡᠭᠦᠯᠭᠡ᠂ ᠨᠡᠶᠢᠭᠡᠮ ᠲᠣᠭᠤᠷᠢᠭ ᠤᠨ ᠵᠠᠰᠠᠮᠵᠢᠯᠠᠯ᠂ ᠬᠤᠣᠷ ᠲᠠᠲᠠᠬᠤ ᠶᠢ ᠠᠯᠪᠠᠳᠠᠨ ᠴᠡᠭᠡᠷᠯᠡᠭᠦᠯᠬᠦ ᠵᠡᠷᠭᠡ ᠠᠵᠢᠯ ᠢ | ᠰᠠᠶᠢᠲᠤᠷ ᠬᠢᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠢ ᠬᠠᠮᠤᠷᠤᠭᠰᠠᠨ ᠣᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠬᠠᠤᠯᠢ ᠪᠠᠷ ᠵᠠᠰᠠᠬᠤ ᠵᠠᠬᠢᠳᠠᠯ ᠰᠤᠷᠪᠤᠯᠵᠢᠯᠠᠭ᠎ᠠ᠂ | ᠬᠠᠷᠢᠭᠤᠴᠠᠯᠭ᠎ᠠ ᠶᠢᠨ ᠵᠠᠬᠢᠳᠠᠯ ᠰᠤᠷᠪᠤᠯᠵᠢᠯᠠᠭ᠎ᠠ ᠪᠠ ᠢᠯᠠ ᠵᠠᠬᠢᠳᠠᠯ ᠰᠤᠷᠪᠤᠯᠵᠢᠯᠠᠭ᠎ᠠ ᠶᠢ ᠲᠦᠯᠬᠢᠨ ᠠᠬᠢᠭᠤᠯᠬᠤ᠂ | ᠡᠯ᠎ᠡ ᠲᠦᠷᠦᠯ ᠤᠨ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠬᠠᠤᠯᠢ ᠶᠣᠰᠣᠭᠠᠷ ᠰᠢᠢᠳᠪᠦᠷᠢᠯᠡᠨ᠂ ᠤᠯᠠᠨ | ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠢ ᠵᠣᠬᠢᠰᠲᠠᠶ ᠰᠢᠢᠳᠪᠦᠷᠢᠯᠡᠬᠦ ᠬᠡᠷᠡᠭᠲᠡᠶ᠃ ᠴᠠᠭ ᠠᠭᠤᠷ ᠤᠨ | ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠰᠢᠰᠲ᠋ᠧᠮ ᠢ ᠲᠡᠭᠦᠯᠳᠡᠷᠵᠢᠭᠦᠯᠵᠦ᠂ ᠭᠠᠮᠰᠢᠭ ᠢ ᠰᠡᠷᠭᠡᠶᠢᠯᠡᠨ ᠬᠤᠷᠢᠭᠯᠠᠬᠤ ᠪᠠ ᠲᠡᠩᠬᠡᠷᠡᠭᠦᠯᠦᠨ ᠲᠡᠳᠬᠦᠬᠦ | ᠴᠢᠳᠠᠪᠤᠷᠢ ᠪᠠᠨ ᠳᠡᠭᠡᠭᠰᠢᠯᠡᠭᠦᠯᠦᠨ᠎ᠡ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠠᠵᠢᠯ ᠤᠨ ᠪᠠᠶᠢᠷᠢ ᠶᠢᠨ | ᠬᠤᠣᠰ ᠬᠠᠷᠢᠭᠤᠴᠠᠯᠭ᠎ᠠ᠂ ᠲᠤᠰᠢᠶᠠᠯ ᠢᠶᠠᠨ ᠭᠤᠲᠤᠭᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠣᠯᠤᠨ ᠠᠵᠤ | ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠶ | ᠦᠢᠯᠡᠳᠪᠦᠷᠢᠯᠡᠯ ᠪᠠ ᠤᠯᠠᠨ ᠨᠡᠶᠢᠲᠡ ᠶᠢᠨ ᠠᠮᠤᠷ ᠲᠦᠪᠰᠢᠨ ︽ᠭᠤᠷᠪᠠᠨ ᠳᠠᠪᠬᠤᠷ ᠨᠢᠭᠡᠳᠦᠭᠡᠷ ᠱᠣᠭᠤᠮ︾ ᠶᠢᠨ | ᠲᠤᠤᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ︽ᠦᠢᠯᠡᠳᠪᠦᠷᠢ᠂ ᠰᠤᠷᠭᠠᠭᠤᠯᠢ | ᠂ ᠬᠤᠳᠠᠯᠳᠤᠭ᠎ᠠ᠂ ᠢᠳᠡᠭᠡᠨ ᠤᠮᠳᠠᠭᠠᠨ᠂ ᠵᠤᠭ᠎ᠠ ᠴᠡᠩᠭᠡᠯ ᠤᠨ ᠠᠵᠤ ᠦᠢᠯᠡᠰ︾ ᠶᠢᠨ ᠠᠶᠤᠯ ᠥᠭᠡᠢ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠠᠭᠤᠷᠬᠠᠶ᠂ ᠠᠶᠤᠯ ᠲᠠᠢ ᠬᠢᠮᠢ ᠶᠢᠨ ᠵᠦᠢᠯ᠂ ᠬᠤᠸᠠᠷ ᠫᠤᠤᠵᠢᠩ ᠵᠡᠷᠭᠡ | ᠭᠤᠣᠯᠳᠠᠯᠭ᠎ᠠ ᠲᠠᠢ ᠬᠦᠷᠢᠶᠡᠨ ᠳᠠᠬᠢ ᠲᠠᠯᠳᠠ ᠭᠡᠮ ᠶᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ | ᠥᠷᠨᠢᠭᠦᠯᠵᠦ᠂ ᠶᠡᠭᠡ ᠠᠶᠤᠯᠭᠦᠶ ᠶᠢᠨ ᠡ᠊ᠨᠳᠡᠯ ᠭᠠᠷᠬᠤ ᠥᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ | ᠰᠦᠩ ᠱᠠᠨ ᠶᠢ ᠨᠡᠩ ᠰᠠᠶᠢᠨ ᠰᠠᠶᠢᠬᠠᠨ ᠪᠣᠯᠭᠠᠨ ᠪᠦᠳᠦᠭᠡᠨ ᠪᠠᠶᠢᠭᠤᠯᠵᠤ᠂ ᠠᠷᠠᠳ ᠣᠯᠠᠨ ᠢ ᠨᠡᠩ ᠵᠣᠯ | ᠵᠢᠷᠭᠠᠯ ᠲᠠᠢ ᠠᠮᠢᠳᠤᠷᠠᠭᠤᠯᠬᠤ ᠶᠠᠪᠤᠳᠠᠯ ᠪᠣᠯ ᠮᠠᠨ ᠤ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ ᠪᠠ ᠢᠷᠠᠭᠤ | ᠠᠯᠳᠠᠷᠲᠤ ᠡᠭᠦᠷᠭᠡ ᠮᠥᠨ᠃ ᠪᠢᠳᠡ ᠬᠡᠵᠢᠶᠡᠳᠡ ᠴᠤᠭ ᠪᠠᠳᠠᠷᠠᠩᠭᠤᠶ ᠢᠶᠠᠷ ᠥᠭᠡᠳᠡᠯᠡᠨ ᠳᠠᠪᠰᠢᠵᠤ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠤᠶᠤᠨ ᠰᠠᠨᠠᠭᠠᠨ ᠤ ᠳᠦᠷᠰᠦ ᠪᠠᠶᠢᠳᠠᠯ ᠶᠢ ᠬᠡᠵᠢᠶᠡᠳᠡ ᠪᠠᠷᠢᠮᠲᠠᠯᠠᠨ᠎ᠠ᠂ ᠬᠥᠭᠵᠢᠯᠲᠡ ᠶᠢᠨ | ᠲᠥᠯᠥᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳ ᠤᠨ ᠠᠮᠢᠳᠤᠷᠠᠯ ᠢ ᠠᠯᠢ ᠪᠣᠯᠬᠤ ᠪᠠᠷ ᠴᠢᠷᠮᠠᠶᠢᠨ ᠪᠦᠳᠦᠭᠡᠨ | ᠪᠠᠶᠢᠭᠤᠯᠵᠤ᠂ ᠠᠷᠠᠳ ᠤᠯᠠᠨ ᠶᠢ ᠨᠡᠩ ᠢᠳᠡᠭᠡᠭᠦᠯᠬᠦ ᠬᠦᠴᠦᠨ ᠲᠠᠢ᠂ ᠨᠡᠩ ᠰᠡᠳᠬᠢᠯ ᠬᠠᠨᠤᠮᠵᠢᠲᠠᠶ ᠵᠠᠰᠠᠭ ᠤᠨ | ᠣᠷᠳᠣᠨ ᠶᠢ ᠪᠦᠳᠦᠭᠡᠨ ᠪᠠᠶᠢᠭᠤᠯᠬᠤ ᠪᠠᠷ ᠴᠢᠷᠮᠠᠶᠢᠨ᠎ᠠ᠃ | ︵ᠨᠢᠭᠡ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠵᠠᠰᠠᠭ ᠤᠨ | ᠣᠷᠳᠣᠨ ᠢ ᠪᠠᠶᠢᠭᠤᠯᠬᠤ ᠬᠡᠷᠡᠭᠲᠡᠶ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠨᠠᠶᠢᠳᠠᠪᠤᠷᠢᠵᠢᠭᠤᠯᠬᠤ ᠰᠠᠨᠠᠯ ᠢ ᠭᠦᠨᠵᠡᠭᠡᠶ ᠲᠤᠤᠱᠯᠠᠭᠤᠯᠤᠨ ᠬᠡᠷᠡᠭᠵᠢᠭᠦᠯᠵᠦ᠂ ︽ᠳᠣᠯᠣᠳᠤᠭᠠᠷ ᠲᠠᠪᠤᠨ ᠵᠢᠯ︾ ᠤᠨ | ᠬᠠᠤᠯᠢ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠵᠦ᠂ ᠬᠠᠤᠯᠢ ᠪᠠᠷ ᠵᠠᠰᠠᠬᠤ ᠰᠡᠳᠬᠢᠴᠡ ᠶᠢ ᠤᠯᠠᠮ ᠨᠢᠭᠡ ᠠᠯᠬᠤᠮ | ᠴᠢᠩᠭᠠᠷᠠᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠵᠠᠰᠠᠭ ᠤᠨ ᠣᠷᠳᠣᠨ ᠤ ᠰᠢᠢᠳᠪᠦᠷᠢᠳᠦ ᠪᠤᠳᠤᠯᠭ᠎ᠠ | ᠲᠣᠭᠲᠠᠭᠠᠬᠤ᠂ ᠭᠦᠢᠴᠡᠳᠬᠡᠬᠦ᠂ ᠦᠢᠯᠡᠴᠢᠯᠡᠭᠡ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠬᠠᠤᠯᠢ ᠶᠢ ᠵᠢᠷᠤᠮᠯᠠᠬᠤ᠂ | ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ᠂ ᠬᠠᠤᠯᠢ ᠶᠢ ᠰᠤᠷᠬᠤ ᠬᠡᠷᠡᠭᠲᠡᠢ᠃ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠳᠦ ᠪᠣᠳᠣᠯᠭ᠎ᠠ ᠲᠣᠭᠲᠠᠭᠠᠬᠤ ᠳᠤ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ ᠲᠦᠭᠰᠢᠭᠦᠷᠢ ᠶᠢ | ᠦᠨᠡᠯᠡᠨ ᠵᠢᠱᠢᠬᠦ ᠲᠦᠷᠢᠮ ᠢ ᠴᠢᠩᠭᠠᠳᠬᠠᠵᠤ᠂ ᠰᠢᠢᠳᠪᠦᠷᠢᠳᠦ ᠪᠤᠳᠤᠯᠭ᠎ᠠ ᠲᠣᠭᠲᠠᠭᠠᠬᠤ ᠮᠥᠷᠳᠡᠨ ᠲᠤᠰᠬᠠᠬᠤ ᠪᠠ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠪᠠ | ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠤ ᠶᠢᠨ | ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠨᠠᠷᠢᠨ ᠭᠢᠨᠠᠮᠭᠠᠢ ᠰᠢᠢᠳᠪᠦᠷᠢᠯᠡᠨ᠂ ᠤᠯᠠᠨ ᠲᠦᠮᠡᠨ ᠤ | ᠬᠡᠷᠡᠭᠰᠡᠵᠦ ᠪᠠᠶᠢᠭ᠎ᠠ ᠪᠠ ᠬᠦᠰᠡᠵᠦ ᠪᠠᠶᠢᠭ᠎ᠠ ᠵᠦᠢᠯ ᠢ ᠵᠠᠰᠠᠭ ᠤᠨ ᠣᠷᠳᠣᠨ ᠪᠣᠳᠠᠲᠤ ᠠᠵᠢᠯᠯᠠᠭ᠎ᠠ ᠪᠣᠯᠭᠠᠨ | ᠬᠤᠪᠢᠷᠠᠭᠤᠯᠬᠤ ᠬᠡᠷᠡᠭᠲᠡᠶ᠃ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠡ ᠪᠣᠯᠭᠠᠬᠤ ᠶᠢ ᠲᠥᠯᠬᠢᠨ ᠠᠬᠢᠭᠤᠯᠵᠤ᠂ ᠡᠷᠬᠡ ᠶᠢ ᠭᠡᠷᠡᠯᠲᠦ ᠨᠡᠷᠡᠨ ᠤ ᠳᠣᠣᠷ᠎ᠠ ᠬᠡᠷᠡᠭᠵᠢᠭᠦᠯᠵᠦ᠂ ᠨᠡᠩ ᠰᠠᠶᠢᠨ | ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠶ᠃ | ︵ᠬᠤᠶᠠᠷ︶ ᠰᠢᠨᠵᠢᠯᠡᠬᠦ ᠤᠬᠠᠭᠠᠨᠴᠢ ᠪᠠᠷ ᠵᠠᠰᠠᠭ ᠶᠠᠪᠤᠭᠤᠯᠵᠤ᠂ ᠰᠢᠨ᠎ᠡ ᠶᠢ ᠡᠭᠦᠳᠬᠦ ᠵᠠᠰᠠᠭ ᠤᠨ ᠣᠷᠳᠣᠨ ᠶᠢ | ᠪᠦᠳᠦᠭᠡᠨ ᠪᠠᠶᠢᠭᠤᠯᠤᠨ᠎ᠠ᠃ ︽ᠲᠦᠷᠪᠡᠨ ᠤᠬᠠᠮᠰᠠᠷ︾ ᠶᠢ ᠪᠦᠬᠦ ᠲᠠᠯ᠎ᠠ ᠪᠠᠷ ᠪᠠᠳᠤᠳᠬᠠᠵᠤ᠂ ᠣᠨᠴᠠᠭᠠᠶᠢᠯᠠᠨ | ᠭᠤᠣᠯᠯᠠᠬᠤ ᠤᠬᠠᠮᠰᠠᠷ ᠪᠣᠯᠤᠨ ᠨᠢᠭᠡᠳᠦᠯᠲᠡᠶ ᠪᠠᠶᠢᠬᠤ ᠤᠬᠠᠮᠰᠠᠷ ᠶᠢ ᠴᠢᠬᠤᠴᠢᠯᠠᠨ᠂ ᠪᠣᠳᠠᠲᠤ ᠠᠵᠢᠯᠯᠠᠭ᠎ᠠ ᠪᠠᠷ ᠢᠶᠠᠨ | ᠨᠠᠮ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ ᠶᠢ ᠦᠨᠡᠨ ᠬᠦ ᠪᠠᠳᠤᠯᠠᠵᠤ᠂ ᠰᠢᠢᠳᠪᠦᠷᠢᠳᠦ ᠪᠤᠳᠤᠯᠭ᠎ᠠ | ᠲᠣᠭᠲᠠᠭᠠᠬᠤ ᠳᠤ ᠦᠨᠳᠦᠰᠦᠯᠡᠭᠦᠯᠦᠨ᠎ᠡ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ | ᠦᠢᠯᠡᠳᠦᠯᠭᠡᠵᠢᠭᠦᠯᠦᠨ᠂ ᠣᠶᠢᠯᠠᠭᠠᠭᠳᠠᠬᠤᠨ ᠤ ᠲᠠᠯ᠎ᠠ ᠪᠠᠷ ᠰᠢᠨ᠎ᠡ ᠶᠢ ᠡᠭᠦᠳᠬᠦ ᠰᠡᠳᠬᠢᠬᠦᠶ ᠶᠢᠨ ᠲᠣᠭᠲᠠᠮᠠᠯ | ᠬᠠᠨᠳᠤᠰᠢ ᠶᠢ ᠡᠪᠳᠡᠵᠦ᠂ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠳᠠᠪᠠᠵᠤ᠂ ᠬᠥᠭᠵᠢᠯᠲᠡ ᠶᠢᠨ ᠪᠣᠭᠤᠮᠢ ᠶᠢ | ᠰᠢᠪᠲᠤᠯᠬᠤ ᠬᠡᠷᠡᠭᠲᠡᠢ᠂ ᠠᠷᠭ᠎ᠠ ᠪᠦᠬᠦᠨ ᠢ ᠰᠦᠪᠡᠭᠴᠢᠯᠡᠨ ᠬᠥᠭᠵᠢᠯᠲᠡ ᠶᠢᠨ ᠪᠡᠷᠬᠡ ᠰᠡᠳᠦᠪ ᠢ ᠰᠢᠢᠳᠪᠦᠷᠢᠯᠡᠵᠦ | ᠪᠠᠶᠢᠨ᠎ᠠ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠦᠨᠡᠨᠴᠢ ᠢᠲᠡᠭᠡᠮᠵᠢᠲᠡᠶ | ᠵᠠᠰᠠᠭ ᠤᠨ ᠰᠤᠷᠲᠠᠯ ᠢ ᠬᠥᠲᠥᠯᠥᠨ ᠵᠢᠯᠣᠭᠤᠳᠴᠤ ᠪᠠᠶᠢᠭᠠᠳ ᠢᠲᠡᠭᠡᠮᠵᠢᠲᠡᠶ ᠪᠠᠶᠢᠬᠤ ᠪᠠ ᠠᠷᠠᠳ ᠤᠨ ᠰᠤᠷᠲᠠᠯ ᠢ | ᠲᠠᠶᠢᠴᠢᠯᠠᠨ᠎ᠠ᠃ ᠡᠬᠢ ᠪᠠᠶᠠᠯᠢᠭ ᠤᠨ ᠲᠤᠬᠢᠷᠠᠭᠤᠯᠤᠯᠳᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠶ | ᠦᠢᠯᠡᠳᠦᠯ ᠢ ᠪᠠᠳᠠᠷᠠᠭᠤᠯᠵᠤ᠂ ᠵᠠᠰᠠᠭ ᠤᠨ ᠣᠷᠳᠣᠨ ᠤ ᠡᠷᠬᠡ ᠶᠢ ︽ᠬᠠᠰᠤᠬᠤ ᠠᠷᠭ᠎ᠠ︾ ᠪᠠᠷ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠢ ︽ᠨᠡᠮᠡᠬᠦ ᠠᠷᠭ᠎ᠠ︾ ᠪᠠᠷ ᠰᠣᠯᠢᠨ᠎ᠠ᠃ ᠠᠯᠳᠠᠭ᠎ᠠ ᠪᠤᠷᠤᠭᠤ ᠶᠢ ᠪᠠᠭᠲᠠᠭᠠᠨ ᠵᠠᠯᠠᠷᠠᠭᠤᠯᠬᠤ | ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠵᠢᠯ ᠬᠢᠭᠴᠦ ᠶᠢ ᠬᠠᠮᠠᠭᠠᠯᠠᠵᠤ᠂ ᠠᠵᠢᠯ ᠬᠢᠬᠦ ᠣᠷᠭᠢᠯᠤᠮ᠎ᠠ | ᠬᠠᠯᠠᠭᠤᠨ ᠰᠡᠳᠬᠢᠯᠭᠡ᠂ ᠠᠳᠠᠯ ᠦᠢᠯᠡᠰ ᠴᠣᠭᠴᠠᠯᠠᠬᠤ ᠬᠠᠯᠠᠭᠤᠨ ᠵᠣᠷᠢᠭ᠂ ᠠᠵᠢᠯ ᠶᠠᠪᠤᠳᠠᠯ ᠬᠢᠬᠦ ᠳᠤᠷᠠᠲᠠᠶ᠂ | ᠠᠵᠢᠯ ᠶᠠᠪᠤᠳᠠᠯ ᠬᠢᠵᠦ ᠴᠢᠳᠠᠬᠤ ᠬᠥᠮᠦᠨ ᠢ ᠵᠣᠷᠢᠭᠵᠢᠭᠤᠯᠵᠤ᠂ ᠴᠢᠳᠠᠪᠤᠷᠢ ᠪᠠᠨ ᠪᠠᠳᠠᠷᠠᠭᠤᠯᠬᠤ ᠳᠤᠨᠢ ᠲᠠᠪᠴᠠᠩ | ᠬᠠᠩᠭᠠᠬᠤ ᠬᠡᠷᠡᠭᠲᠡᠶ᠃ | ︵ᠭᠤᠷᠪᠠ︶ ᠪᠣᠳᠠᠲᠤ ᠠᠵᠢᠯᠯᠠᠭ᠎ᠠ ᠶᠢ ᠡᠷᠬᠢᠮᠯᠡᠬᠦ᠂ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠵᠤ᠂ | ᠦᠢᠯᠡᠳᠦᠯ ᠴᠢᠳᠠᠪᠬᠢ ᠪᠦᠬᠦᠢ ᠵᠠᠰᠠᠭ ᠤᠨ ᠣᠷᠳᠣᠨ ᠢ ᠪᠦᠳᠦᠭᠡᠨ ᠪᠠᠶᠢᠭᠤᠯᠤᠨ᠎ᠠ᠃ ︽ᠳᠥᠷᠪᠡᠨ ᠰᠤᠷᠲᠠᠯ︾ ᠤᠨ | ᠴᠡᠭᠴᠡᠯᠡᠯᠲᠡ ᠦᠷ᠎ᠡ ᠪᠦᠲᠦᠭᠡᠯ ᠢ ᠪᠠᠬᠢᠵᠢᠭᠦᠯᠵᠦ᠂ ᠠᠷᠠᠳ ᠲᠦᠮᠡᠨ ᠳᠤ ᠦᠢᠯᠡᠴᠢᠯᠡᠬᠦ ᠢᠳᠡᠪᠬᠢ ᠬᠦᠴᠦᠨ ᠢ | ᠨᠢᠭᠲᠠᠷᠠᠭᠤᠯᠵᠤ᠂ ᠵᠠᠰᠠᠭ ᠤᠨ ᠣᠷᠳᠣᠨ ᠤ ᠰᠤᠷᠲᠠᠯ ᠤᠨ ᠪᠦᠲᠦᠭᠡᠨ ᠪᠠᠶᠢᠭᠤᠯᠤᠯᠲᠠ ᠶᠢ ᠪᠠᠶᠢᠩᠭᠤᠵᠢᠭᠤᠯᠬᠤ ᠶᠢ | ᠯᠠᠪᠳᠠᠭᠤᠨ ᠪᠠᠲᠤᠲᠠᠶ ᠲᠦᠯᠬᠢᠨ ᠠᠬᠢᠭᠤᠯᠤᠨ᠎ᠠ᠃ ᠵᠠᠰᠠᠭ ᠵᠠᠬᠢᠷᠭᠠᠨ ᠤ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ᠂ ᠪᠦᠲᠦᠮᠵᠢ ᠰᠠᠶᠢᠲᠠᠶ ᠵᠠᠰᠠᠭ ᠤᠨ ᠶᠠᠪᠤᠳᠠᠯ ᠤᠨ | ᠣᠷᠴᠢᠨ ᠲᠣᠭᠤᠷᠢᠨ ᠢ ᠪᠣᠢ ᠪᠣᠯᠭᠠᠨ᠎ᠠ᠃ ᠬᠠᠷᠠᠯᠲᠠᠲᠤ ᠬᠠᠮᠢᠶᠠᠷᠤᠯᠲᠠ ᠪᠠ ᠬᠠᠷᠢᠭᠤᠴᠠᠯᠭ᠎ᠠ ᠶᠢᠨ ᠬᠢᠨᠠᠨ | ᠰᠢᠯᠭᠠᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠤᠨ ᠵᠢᠷᠤᠭ᠂ ᠴᠠᠭ ᠤᠨ ᠬᠦᠰᠦᠨᠦᠭᠲᠦ ᠢ ᠲᠣᠭᠲᠠᠭᠠᠵᠤ᠂ | ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠶ᠂ ᠡᠮᠬᠢ ᠵᠢᠷᠤᠮ ᠲᠠᠢ ᠶᠠᠪᠤᠭᠳᠠᠭᠤᠯᠵᠤ | ᠪᠠᠶᠢᠨ᠎ᠠ᠃ ᠪᠠᠶᠢᠴᠠᠭᠠᠨ ᠰᠤᠳᠤᠯᠤᠯᠲᠠ ᠶᠢ ᠭᠦᠨᠵᠡᠭᠡᠶᠢᠷᠡᠭᠦᠯᠵᠦ᠂ ᠠᠷᠠᠳ ᠤᠯᠡᠠ ᠤ ᠬᠦᠰᠡᠯ ᠱᠠᠭᠠᠷᠳᠠᠯᠭ᠎ᠠ ᠶᠢ ᠴᠢᠬᠢ | ᠲᠡᠯᠪᠢᠠ ᠰᠣᠨᠤᠰᠴᠤ᠂ ᠨᠡᠶᠢᠭᠡᠮ ᠤᠨ ᠪᠠᠶᠢᠳᠠᠯ ᠪᠠ ᠠᠷᠠᠳ ᠤᠨ ᠰᠠᠨᠠᠭ᠎ᠠ ᠶᠢ ᠡᠵᠡᠮᠰᠢᠵᠦ᠂ ᠨᠡᠶᠢᠭᠡᠮ ᠤᠨ ᠠᠩᠬᠠᠷᠴᠤ | ᠪᠠᠶᠢᠭ᠎ᠠ ᠬᠡᠯᠡᠯᠴᠡᠭᠡᠨ ᠶᠡᠬᠡᠲᠡᠶ ᠬᠠᠯᠠᠮᠰᠢᠯ ᠠᠰᠠᠭᠤᠳᠠᠯ ᠪᠠ ᠬᠦᠴᠢᠷ ᠲᠦᠪᠡᠭᠲᠡᠶ ᠠᠰᠠᠭᠤᠳᠠᠯ ᠢ ᠰᠠᠶᠢᠲᠤᠷ | ᠰᠢᠢᠳᠪᠦᠷᠢᠯᠡᠵᠦ᠂ ᠦᠨᠡᠨ ᠬᠦ ᠠᠷᠠᠳ ᠤᠯᠡᠠ ᠤ ᠢᠲᠡᠭᠡᠯ ᠪᠠ ᠳᠡᠮᠵᠢᠯᠭᠡ ᠶᠢ ᠣᠯᠬᠤ ᠬᠡᠷᠡᠭᠲᠡᠶ᠃ | ︵ᠲᠦᠷᠪᠡ︶ ᠵᠠᠰᠠᠭ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠠᠷᠢᠭᠤᠨ ᠴᠢᠬᠡᠴᠢ ᠵᠠᠰᠠᠭ ᠤᠨ ᠣᠷᠳᠣᠨ ᠢ | ᠪᠠᠶᠢᠭᠤᠯᠬᠤ ᠬᠡᠷᠡᠭᠲᠡᠶ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ | ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠢᠭᠤᠨ ᠴᠢᠬᠡᠴᠢ ᠪᠠᠷ ᠪᠡᠶ᠎ᠡ ᠪᠠᠨ | ᠪᠠᠷᠢᠬᠤ ᠲᠤᠬᠠᠶ ᠡᠯ᠎ᠡ ᠵᠦᠢᠯ ᠤᠨ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ᠂ ᠲᠦᠷᠢᠮ ᠢᠶᠠᠷ ᠡᠷᠬᠡ ᠶᠢ | ᠬᠠᠮᠢᠶᠠᠷᠬᠤ᠂ ᠬᠡᠷᠡᠭ ᠶᠠᠪᠤᠳᠠᠯ ᠢ ᠬᠠᠮᠢᠶᠠᠷᠬᠤ᠂ ᠬᠥᠮᠦᠨ ᠢ ᠬᠠᠮᠢᠶᠠᠷᠤᠨ᠎ᠠ᠃ ᠲᠥᠰᠦᠪ ᠤᠨ ᠴᠢᠩᠳᠠ ᠬᠢᠵᠠᠭᠠᠷᠯᠠᠯ ᠢ | ᠴᠢᠩᠭᠠᠳᠬᠠᠵᠤ᠂ ᠣᠷᠣᠯᠭ᠎ᠠ ᠵᠠᠷᠤᠯᠭ᠎ᠠ ᠶᠢᠨ ᠬᠤᠶᠠᠷ ᠱᠤᠭᠤᠮ ᠴᠢᠩᠭᠠᠷᠠᠭᠤᠯᠵᠤ᠂ ᠠᠯᠪᠠᠨ ᠺᠠᠷᠲ ᠤᠨ ᠬᠡᠷᠡᠭᠯᠡᠭᠡ ᠶᠢᠨ | ᠳ᠋ᠦᠩᠨᠡᠨ ᠪᠣᠳᠣᠬᠤ ᠶᠢ ᠠᠯᠬᠤᠮ ᠠᠯᠬᠤᠮ ᠢᠶᠠᠷ ᠬᠡᠷᠡᠭᠵᠢᠭᠦᠯᠬᠦ ᠬᠡᠷᠡᠭᠲᠡᠶ᠃ ᠲᠥᠪ ᠬᠤᠷᠢᠶᠠᠨ ᠤ ᠨᠠᠶᠢᠮᠠᠨ ᠵᠦᠢᠯ ᠤᠨ | ᠲᠣᠭᠲᠠᠭᠠᠯ ᠪᠠ ᠠᠯᠪᠠᠨ ᠶᠠᠪᠤᠳᠠᠯ ᠤᠨ ᠵᠣᠴᠢᠯᠠᠯᠭ᠎ᠠ ᠶᠢᠨ ᠬᠠᠮᠢᠶᠠᠷᠤᠯᠲᠠ ᠶᠢᠨ ᠲᠣᠭᠲᠠᠭᠠᠯ ᠢ ᠨᠠᠷᠢᠨ ᠬᠢᠨᠠᠮᠠᠭᠠᠶ | ᠬᠡᠷᠡᠭᠵᠢᠭᠦᠯᠵᠦ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠴᠢᠩᠭ᠎ᠠ ᠬᠢᠵᠠᠭᠠᠷᠯᠠᠬᠤ ᠬᠡᠷᠡᠭᠲᠡᠶ᠃ | ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠲᠦᠷᠢᠮ ᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠭᠤᠣᠯᠳᠠᠯᠭ᠎ᠠ ᠲᠠᠢ ᠬᠦᠷᠢᠶ᠎ᠡ᠂ ᠭᠤᠣᠯ ᠵᠠᠩᠭᠢᠯᠠᠭ᠎ᠠ᠂ ᠴᠢᠬᠤᠯᠠ ᠶᠡᠭᠡ | ᠤᠴᠢᠷ ᠶᠠᠪᠤᠳᠠᠯ ᠢ ᠬᠢᠨᠠᠨ ᠪᠤᠳᠤᠬᠤ ᠪᠠ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠬᠠᠤᠯᠢ ᠶᠢ | ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠺᠠᠳ᠋ᠷ ᠨᠢ | ᠲᠥᠪ ᠴᠢᠬᠡᠴᠢ᠂ ᠵᠠᠰᠠᠭ ᠤᠨ ᠣᠷᠳᠣᠨ ᠨᠢ ᠠᠷᠢᠭᠤᠨ ᠴᠢᠬᠡᠴᠢ᠂ ᠤᠯᠤᠰ ᠲᠦᠷᠦ ᠬᠡᠪ ᠳᠦᠷᠢᠮ ᠲᠠᠢ ᠪᠠᠶᠢᠬᠤ ᠶᠢ | ᠦᠨᠡᠨ ᠬᠦ ᠪᠡᠶᠡᠯᠡᠭᠦᠯᠬᠦ ᠬᠡᠷᠡᠭᠲᠡᠶ᠃ | ᠲᠥᠯᠥᠭᠡᠯᠡᠭᠴᠢᠳ ᠡ᠂ ᠰᠢᠨ᠎ᠡ ᠨᠢᠭᠡᠨ ᠵᠢᠯ ᠳᠤ ᠰᠢᠨ᠎ᠡ ᠬᠦᠰᠡᠯ ᠡᠷᠡᠮᠡᠯᠵᠡᠯ᠂ ᠰᠢᠨ᠎ᠡ ᠠᠶᠠᠨ ᠨᠢ ᠰᠢᠨ᠎ᠡ | ᠬᠦᠰᠡᠯ ᠵᠡᠭᠦᠳᠦ ᠲᠠᠢ ᠶᠣᠮ᠃ ᠪᠢᠲᠡ ᠬᠥᠭᠵᠢᠯᠲᠡ ᠶᠢᠨ ᠵᠠᠮ ᠪᠣᠯ ᠬᠦᠴᠢᠷ ᠳᠦᠷᠪᠡᠭ ᠲᠠᠢ ᠭᠡᠰᠡᠨ ᠢ ᠭᠦᠨ᠎ᠡ | ᠮᠡᠲᠡᠵᠤ ᠪᠠᠶᠢᠨ᠎ᠠ᠂ ᠭᠡᠪᠡᠴᠦ ᠪᠢᠳᠡ ᠬᠦᠴᠢᠷᠳᠡᠯ ᠪᠠ ᠬᠦᠰᠡᠯ ᠡᠷᠡᠮᠡᠯᠵᠡᠯ᠂ ᠥᠷᠢᠰᠥᠯᠳᠦᠭᠡᠨ ᠪᠣᠯᠤᠨ ᠠᠵᠠ ᠲᠣᠬᠢᠶᠠᠯ | ᠵᠡᠷᠭᠡᠪᠡᠷ ᠣᠷᠣᠰᠢᠵᠤ ᠪᠠᠶᠢᠬᠤ ᠶᠢ ᠡᠭᠦᠷᠢᠳᠡ ᠪᠠᠲᠤ ᠢᠲᠡᠭᠡᠵᠦ ᠪᠠᠶᠢᠨ᠎ᠠ᠃ ︽ᠰᠠᠯᠬᠢᠨ ᠬᠥᠯᠥᠭᠯᠡᠨ ᠳᠠᠪᠠᠯᠭᠠᠨ ᠢ | ᠵᠦᠰᠦᠨ ᠶᠠᠪᠤᠬᠤ ᠴᠠᠭ ᠪᠠᠶᠢᠬᠤᠯ᠎ᠠ᠂ ᠡᠭᠦᠯᠡᠨ ᠳᠠᠷᠪᠠᠭᠤᠯ ᠢ ᠡᠭᠴᠡ ᠪᠤᠰᠬᠠᠨ ᠬᠥᠬᠡᠮᠳᠦᠭ ᠲᠠᠯᠠᠢ ᠶᠢ ᠭᠡᠲᠦᠯᠰᠦᠭᠡᠶ︾ | ᠃ 60 ᠲᠦᠮᠡᠨ ᠰᠦᠩᠱᠠᠨ ᠠᠷᠠᠳ ᠲᠦᠮᠡᠨ ᠨᠢ ᠪᠡᠷᠬᠡᠰᠢᠶᠡᠯ ᠢ ᠢᠯᠠᠨ ᠲᠠᠪᠠᠵᠤ᠂ ᠬᠠᠲᠠᠭᠤᠵᠢᠨ ᠤᠷᠤᠭᠰᠢᠯᠠᠬᠤ | ᠴᠢᠳᠠᠪᠤᠷᠢ ᠲᠠᠢ ᠶᠣᠮ᠃ ᠪᠢᠳᠠ ᠲᠣᠭᠤᠷᠢᠭ ᠤᠨ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠶᠢᠨ | ᠳᠣᠣᠷ᠎ᠠ᠂ ᠦᠵᠡᠯ ᠰᠠᠨᠠᠭ᠎ᠠ ᠪᠠᠨ ᠴᠢᠯᠦᠭᠡᠯᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠣᠳᠠᠲᠤ | ᠠᠵᠢᠯᠯᠠᠭ᠎ᠠ ᠶᠢ ᠡᠷᠬᠢᠮᠯᠡᠨ ᠰᠢᠨ᠎ᠡ ᠶᠢ ᠡᠭᠦᠳᠴᠦ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠪᠠ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 | ᠵᠢᠯ ᠤᠨ ᠤᠢ ᠶᠢ ᠪᠡᠯᠭᠡᠯᠡᠨ᠂ ᠪᠣᠳᠠᠲᠤ ᠬᠦᠴᠦᠨ ᠲᠠᠢ᠂ ᠰᠠᠷᠠᠭᠤᠯ ᠳᠠᠷᠳᠠᠩ᠂ ᠡᠶ᠎ᠡ ᠡᠪᠲᠠᠢ᠂ ᠷᠢᠳᠢ ᠰᠢᠳᠢ ᠶᠢᠨ | ᠰᠢᠨ᠎ᠡ ᠰᠦᠩᠱᠠᠨ ᠢ ᠪᠦᠳᠦᠭᠡᠨ ᠪᠠᠶᠢᠭᠤᠯᠬᠤ ᠪᠠᠷ ᠴᠢᠷᠮᠠᠶᠢᠨ᠎ᠠ︕ |