ᠰᠢᠶᠠᠩᠱᠠᠨ ᠵᠤᠭᠠᠴᠠᠯ ᠤᠨ ᠦᠵᠡᠮᠵᠢᠲᠦ ᠣᠷᠤᠨ
ᠨᠡᠶᠢᠲᠡᠯᠡᠭᠰᠡᠨ ᠴᠠᠭ᠄
2017/9/22
        ᠰᠢᠶᠠᠩᠱᠠᠨ ᠵᠤᠭᠠᠴᠠᠯ ᠤᠨ ᠦᠵᠡᠮᠵᠢᠲᠦ ᠣᠷᠤᠨ ᠨᠢ ᠤᠯᠠᠭᠠᠨᠬᠠᠳᠠ ᠬᠤᠲᠠ ᠶᠢᠨ ᠰᠦᠩ ᠱᠠᠨ ᠲᠣᠭᠤᠷᠢᠭ ᠤᠨ ᠴᠧᠩ ᠽᠢ ᠰᠢᠶᠠᠩ ᠤᠨ ᠬᠢᠯᠢ ᠳᠣᠲᠤᠷ᠎ᠠ ᠪᠠᠶᠢᠷᠢᠰᠢᠵᠦ᠂ ᠤᠯᠠᠭᠠᠨᠬᠠᠳᠠ ᠬᠤᠲᠠ ᠠᠴᠠ 38 ᠺᠢᠯᠣᠮᠧᠳ᠋ᠷ ᠵᠠᠶᠢᠲᠠᠢ᠂ ᠤᠯᠢᠶᠠᠰᠤ ᠠᠮᠢ ᠠᠬᠤᠢ ᠶᠢᠨ ᠵᠣᠭᠠᠴᠠᠯ ᠤᠨ ᠣᠷᠤᠨ ᠠᠴᠠ 35 ᠺᠢᠯᠣᠮᠧᠳ᠋ᠷ ᠵᠠᠶᠢᠲᠠᠢ᠃ ᠯᠢᠶᠣᠤ ᠤᠯᠤᠰ ᠤᠨ ᠱᠠᠭᠠᠵᠠᠩ ᠤᠨ ᠨᠡᠶᠢᠰᠯᠡᠯ --- ᠭᠠᠩ ᠸᠠ ᠶᠤᠤ ᠨᠢ ᠵᠤᠭᠠᠴᠠᠯ ᠤᠨ ᠣᠷᠤᠨ ᠤ ᠲᠣᠲᠤᠷ᠎ᠠ ᠪᠠᠶᠢᠷᠢᠰᠢᠵᠤ᠂ ᠲᠤᠮᠳᠠᠲᠤ ᠤᠯᠤᠰ ᠤᠨ ᠳᠡᠥᠬᠡᠨ ᠳᠡᠭᠡᠷᠡᠬᠢ ᠴᠤᠷ ᠤᠨ ᠭᠠᠭᠴᠠ ᠮᠣᠷᠢᠨ ᠨᠢᠷᠤᠭᠤᠨ ᠳᠡᠭᠡᠷᠡᠬᠢ ᠦᠨᠳᠦᠰᠦᠳᠡᠨ ᠤ ᠡᠭᠦᠳᠦᠵᠦ ᠬᠠᠳᠠᠭᠠᠯᠠᠵᠤ ᠢᠷᠡᠭᠰᠡᠨ ᠱᠠᠭᠠᠵᠠᠩ ᠤᠨ ᠡᠷᠳᠡᠨ ᠤ ᠰᠣᠶᠤᠯ ᠤᠨ ᠦᠯᠡᠳᠡᠭᠳᠡᠯ ᠪᠠᠶᠢᠵᠤ᠂ ᠤᠯᠤᠰ ᠤᠨ ᠳᠣᠲᠤᠭᠠᠳᠤ ᠭᠠᠳᠠᠭᠠᠳᠤ ᠶᠢᠨ ᠬᠠᠭᠤᠴᠢ ᠰᠤᠳᠤᠯᠤᠭᠴᠢᠳ ᠤᠨ ᠠᠩᠬᠠᠷᠤᠯ ᠢ ᠶᠡᠭᠡ ᠪᠠᠷ ᠲᠠᠲᠠᠵᠤ ᠪᠣᠢ᠃ ᠰᠢᠶᠠᠩᠱᠠᠨ ᠨᠢ ᠤᠳᠠᠭᠠᠨ ᠵᠢᠯ ᠨᠡᠷ᠎ᠡ ᠠᠯᠳᠠᠷᠰᠢᠭᠰᠠᠨ ᠱᠠᠰᠢᠨ ᠰᠤᠷᠲᠠᠬᠤᠨ ᠤ ᠠᠷᠢᠭᠤᠨ ᠣᠷᠤᠨ ᠤ ᠨᠢᠭᠡ ᠪᠣᠯᠤᠨ᠎ᠠ ᠂ ᠰᠢᠶᠠᠩᠱᠠᠨ ᠰᠦᠮ᠎ᠡ ᠨᠢ ᠦᠨᠢ ᠤᠳᠠᠭᠠᠨ ᠣᠨ ᠵᠢᠯ ᠤᠨ ᠤᠷᠤᠰᠬᠠᠯ ᠢ ᠥᠩᠭᠡᠷᠡᠭᠦᠯᠵᠦ᠂ ᠰᠣᠶᠤᠯ ᠤᠨ ᠬᠤᠪᠢᠰᠬᠠᠯ ᠠᠴᠠ ᠡᠮᠦᠨ᠎ᠡ᠂ ᠥᠪᠦᠷ ᠮᠣᠩᠭᠤᠯ ᠤᠨ ᠵᠡᠭᠦᠨ ᠬᠡᠰᠡᠭ ᠣᠷᠤᠨ ᠤ ᠥᠷᠭᠡᠨ ᠣᠯᠠᠨ ᠪᠣᠷᠬᠠᠨ ᠱᠠᠰᠢᠨ ᠰᠢᠳᠦᠭᠴᠢᠳ ᠤᠨ ᠬᠤᠷᠠᠨ ᠴᠤᠭᠯᠠᠷᠠᠬᠤ ᠴᠢᠬᠤᠯᠠ ᠲᠠᠯᠠᠪᠤᠷ ᠪᠠᠶᠢᠵᠠᠢ᠂ ᠣᠳᠣᠬᠠᠨ ᠳᠤ ᠪᠣᠯᠵᠤ ᠢᠷᠡᠭᠡᠳ ᠮᠦᠨ ᠴᠢᠩᠭ᠎ᠠ ᠬᠦᠴᠦᠲᠠᠢ ᠱᠠᠰᠢᠨ ᠰᠤᠷᠲᠠᠬᠤᠨ ᠤ ᠲᠠᠲᠠᠬᠤ ᠬᠦᠴᠦᠨ ᠲᠠᠢ ᠪᠠᠶᠢᠵᠤ᠂ ᠮᠦᠨ ᠬᠦᠮᠦᠰ ᠤᠨ ᠬᠠᠯᠠᠮᠰᠢᠯ ᠰᠣᠩᠭᠤᠯᠲᠠ ᠪᠣᠯᠵᠤ ᠪᠣᠢ᠃ ᠰᠢᠶᠠᠩᠱᠠᠨ ᠵᠤᠭᠠᠴᠠᠯ ᠤᠨ ᠦᠵᠡᠮᠵᠢᠲᠦ ᠣᠷᠤᠨ ᠨᠢ ᠭᠠᠩ ᠸᠠ ᠶᠤᠤ ᠯᠢᠶᠣᠣ ᠤᠯᠤᠰ ᠤᠨ ᠨᠡᠶᠢᠰᠯᠡᠯ ᠤᠨ ᠦᠵᠡᠮᠵᠢᠳᠦ ᠣᠷᠤᠨ᠂ ᠰᠢᠶᠠᠩᠱᠠᠨ ᠤ ᠦᠵᠡᠮᠵᠢᠳᠦ ᠣᠷᠤᠨ᠂ ᠯᠢᠶᠣᠤ ᠤᠯᠤᠰ ᠤᠨ ᠡᠷᠳᠡᠨ ᠤ ᠶᠡᠭᠡ ᠬᠤᠸᠠᠷᠠᠨ ᠤ ᠦᠯᠡᠳᠡᠭᠳᠡᠯ ᠤᠨ ᠦᠵᠡᠮᠵᠢ ᠶᠢᠨ ᠣᠷᠤᠨ᠂ ᠬᠠᠷ᠎ᠠ ᠠᠭᠤᠯᠠ ᠶᠢᠨ ᠤᠢ ᠰᠢᠭᠤᠢ ᠶᠢᠨ ᠬᠦᠷᠢᠶᠡᠯᠡᠭ ᠤᠨ ᠳᠦᠷᠪᠡᠨ ᠶᠡᠭᠡ ᠬᠡᠰᠡᠭ ᠵᠡᠷᠭᠡ ᠱᠠᠰᠢᠨ ᠰᠤᠷᠲᠠᠬᠤᠨ ᠤ ᠰᠣᠶᠤᠯ ᠪᠠ ᠯᠢᠶᠣᠤ ᠶᠢᠨ ᠰᠤᠶᠤᠯ ᠬᠤᠶᠠᠷ ᠵᠦᠢᠯ ᠤᠨ ᠬᠦᠮᠦᠨ ᠰᠣᠶᠤᠯ ᠤᠨ ᠡᠬᠢ ᠪᠠᠶᠠᠯᠢᠭ ᠢᠶᠠᠷ ᠭᠤᠣᠯ ᠴᠣᠭᠴᠠ ᠪᠣᠯᠭᠠᠭᠰᠠᠨ᠂ ᠠᠭᠤᠯᠠᠨ ᠲᠤᠰᠬᠤᠨ ᠤ ᠵᠢᠭᠤᠯᠴᠢᠯᠠᠯ᠂ ᠬᠡᠭᠡᠷ᠎ᠡ ᠶᠢᠨ ᠵᠢᠮᠢᠰ ᠳᠡᠭᠦᠬᠦ᠂ ᠠᠮᠢᠲᠠᠨ ᠤᠷᠭᠤᠮᠠᠯ ᠢ ᠰᠣᠨᠢᠷᠬᠠᠬᠤ ᠪᠠᠷ ᠨᠢᠭᠡ ᠴᠣᠭᠴᠠ ᠪᠣᠯᠭᠠᠭᠰᠠᠨ ᠶᠡᠷᠥᠩᠬᠡᠶᠢᠯᠡᠭᠰᠡᠨ ᠴᠢᠨᠠᠷᠲᠠᠢ ᠵᠤᠭᠠᠴᠠᠯ ᠤᠨ ᠣᠷᠤᠨ ᠪᠤᠯᠤᠨ᠎ᠠ᠃        ᠣᠳᠤᠬᠠᠨ ᠳᠤ ᠶᠠᠭ ᠣᠯᠠᠨ ᠲᠠᠯ᠎ᠠ ᠠᠴᠠ ᠪᠡᠯᠡ ᠮᠥᠩᠭᠦ ᠬᠤᠷᠠᠮᠳᠠᠭᠤᠯᠤᠨ᠂ ᠰᠢᠶᠠᠩᠱᠠᠨ ᠤ ᠡᠷᠳᠡᠨ ᠤ ᠳᠠᠭᠤᠷᠢᠶᠠᠮᠠᠯ ᠪᠠᠷᠢᠯᠭ᠎ᠠ ᠶᠢᠨ ᠰᠦᠷᠦᠭ᠂ ᠯᠢᠶᠣᠣ ᠤᠯᠤᠰ ᠤᠨ ᠱᠠᠭᠠᠵᠠᠩ ᠤᠨ ᠦᠯᠡᠳᠡᠭᠳᠡᠯ ᠤᠨ ᠮᠦᠽᠧᠢ᠂ ᠡᠷᠳᠡᠨ ᠤ ᠳᠠᠭᠤᠷᠢᠶᠠᠮᠠᠯ ᠱᠠᠭᠠᠵᠠᠩ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠵᠡᠷᠭᠡ ᠶᠢ ᠪᠠᠶᠢᠭᠤᠯᠤᠨ᠂ ᠢᠷᠡᠭᠡᠳᠦᠢ ᠳᠤ ᠵᠤᠭᠠᠴᠠᠭᠰᠠᠳ ᠳᠤ ᠦᠢᠯᠡᠴᠢᠯᠡᠬᠦ ᠲᠦᠪ᠂ ᠭᠤᠯᠭᠤᠭᠤᠷ ᠵᠠᠮ᠂ ᠳᠡᠭᠦᠵᠢᠩ ᠵᠠᠮ᠂ ᠳᠡᠷᠭᠡᠨ ᠵᠣᠭᠰᠤᠭᠠᠯ ᠵᠡᠷᠭᠡ ᠶᠢ ᠪᠦᠳᠦᠭᠡᠨ ᠪᠠᠶᠢᠭᠤᠯᠬᠤ ᠪᠣᠯᠤᠨ᠎ᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号