ᠳ᠋ᠦᠩ ᠱᠠᠨ ᠺᠠᠲᠣᠯᠢᠭ ᠱᠠᠰᠢᠨ ᠤ ᠲᠤᠭᠠᠩ ᠨᠢ ᠰᠦᠩ ᠱᠠᠨ ᠲᠤᠭᠤᠷᠢᠭ ᠤᠨ ᠳ᠋ᠠᠢ ᠹᠦ᠋ ᠶᠢᠩᠽᠢ | ᠪᠠᠯᠭᠠᠰᠤ ᠶᠢᠨ ᠬᠢᠯᠢ ᠳᠣᠲᠤᠷ᠎ᠠ ᠪᠠᠶᠢᠷᠢᠯᠠᠵᠤ᠂ 1882 ᠣᠨ ᠳᠤ ᠡᠬᠢᠯᠡᠨ ᠪᠠᠶᠢᠭᠤᠯᠵᠤ᠂ ᠣᠳᠤ ᠠᠴᠠ 120 | ᠭᠠᠷᠤᠢ ᠵᠢᠯ ᠵᠠᠶᠢᠲᠠᠢ᠂ ᠲᠤᠭᠠᠩ ᠨᠢ ᠡᠸᠦ᠋ᠷᠦᠫᠡ ᠮᠠᠶ᠋ᠢᠭ ᠤᠨ ᠪᠠᠷᠢᠯᠭ᠎ᠠ ᠶᠢᠨ ᠬᠡᠪ ᠨᠠᠮᠪᠠ ᠪᠠᠷ ᠭᠤᠣᠯᠯᠠᠵᠤ᠂ ᠨᠡᠶᠢᠲᠡ | 10000 ᠳᠡᠭᠰᠢ ᠲᠦᠷᠪᠡᠯᠵᠢᠨ ᠮᠧᠳ᠋ᠷ ᠭᠠᠵᠠᠷ ᠡᠵᠡᠯᠡᠨ᠎ᠡ᠃ ᠡᠭᠦᠨ ᠳᠤ᠂ ᠲᠤᠭᠠᠩ ᠤᠨ ᠪᠠᠷᠢᠯᠭ᠎ᠠ ᠶᠢᠨ ᠲᠠᠯᠠᠪᠠᠢ ᠨᠢ | 337 ᠳᠡᠭᠰᠢ ᠲᠦᠷᠪᠡᠯᠵᠢᠨ ᠮᠧᠳ᠋ᠷ ᠪᠠᠶᠢᠵᠤ᠂ ᠮᠠᠨ ᠤ ᠬᠤᠲᠠ ᠶᠢᠨ ᠺᠠᠲᠣᠯᠢᠭ ᠱᠠᠰᠢᠨ ᠤ ᠬᠠᠮᠤᠭ ᠶᠡᠭᠡ | ᠬᠦᠳᠡᠯᠭᠡᠭᠡᠨ ᠤ ᠠᠷᠢᠭᠤᠨ ᠣᠷᠤᠨ ᠪᠣᠯᠤᠨ᠎ᠠ᠂ ᠲᠤᠰ ᠳᠤᠭᠠᠩ ᠨᠢ ᠰᠠᠷ᠎ᠠ ᠪᠦᠷᠢ ᠲᠥᠷᠪᠡ ᠤᠳᠠᠭ᠎ᠠ ᠥᠪᠳᠡᠭᠰᠢ | ᠶᠡᠭᠡ ᠪᠠᠷ ᠱᠠᠰᠢᠨ ᠤ ᠶᠤᠰᠤᠯᠠᠯ ᠶᠠᠪᠤᠭᠳᠠᠭᠤᠯᠵᠤ᠂ ᠦᠷᠭᠦᠯᠵᠢ ᠲᠤᠰ ᠭᠠᠵᠠᠷ ᠤᠨ ᠵᠢᠴᠢ ᠣᠩᠨᠢᠭᠤᠳ ᠬᠤᠰᠢᠭᠤ᠂ | ᠴᠢᠨᠠᠭᠰᠢᠯᠠᠪᠠᠯ ᠾᠧᠪᠧᠢ ᠮᠤᠵᠢ ᠤᠨ ᠬᠡᠳᠦᠨ ᠮᠢᠩᠭᠠᠨ ᠰᠢᠳᠦᠯᠭᠡᠳᠡᠨ ᠣᠷᠤᠯᠴᠠᠳᠠᠭ᠃ ᠲᠤᠰ ᠭᠠᠵᠠᠷ ᠨᠢ ᠮᠦᠨᠴᠦ | ᠰᠣᠯᠣᠩᠭᠤᠰ ᠤᠨ ᠺᠠᠲᠣᠯᠢᠭ ᠱᠠᠰᠢᠨ ᠤ ᠨᠢᠭᠡᠳᠦᠭᠡᠷ ᠡᠭᠡᠯᠵᠢ ᠶᠢᠨ ᠶᠡᠭᠡ ᠬᠠᠩᠪᠤ ᠯᠠᠮᠠ ᠶᠢᠨ ᠡᠪᠡᠳᠴᠢᠨ ᠢᠶᠠᠷ | ᠲᠠᠭᠠᠯᠠᠯ ᠳᠡᠭᠦᠰᠦᠭᠰᠡᠨ ᠭᠠᠵᠠᠷ ᠪᠠᠶᠢᠵᠤ᠂ ᠪᠠᠳᠠᠷᠠᠭᠤᠯᠳᠤ ᠲᠦᠷᠦ ᠶᠢᠨ ᠠᠷᠪᠠᠨ ᠲᠠᠪᠤᠳᠤᠭᠠᠷ ᠣᠨ ᠳᠤ | ᠰᠣᠯᠣᠩᠭᠤᠰ ᠤᠨ ᠨᠢᠭᠡᠳᠦᠭᠡᠷ ᠡᠭᠡᠯᠵᠢ ᠶᠢᠨ ᠶᠡᠭᠡ ᠬᠠᠩᠪᠤ ᠯᠠᠮᠠ ᠠᠩᠬ᠎ᠠ ᠤᠳᠠᠭ᠎ᠠ ᠲᠣᠮᠳᠠᠲᠤ ᠳᠤ ᠠᠶᠢᠯᠴᠢᠯᠠᠨ | ᠢᠷᠡᠵᠦ᠂ ᠵᠣᠯ ᠪᠣᠰᠤ ᠪᠠᠷ ᠡᠪᠡᠳᠴᠢᠨ ᠢᠶᠠᠷ ᠲᠠᠭᠠᠯᠠᠯ ᠳᠡᠭᠦᠰᠴᠦ᠂ ᠲᠤᠬᠠᠢ ᠶᠢᠨ ᠭᠠᠵᠠᠷ ᠲᠤ ᠣᠷᠣᠰᠢᠭᠤᠯᠤᠭᠰᠠᠨ | ᠪᠠᠶᠢᠨ᠎ᠠ᠂ ᠣᠳᠣᠬᠠᠨ ᠳᠤ ᠣᠩᠭᠤᠨ ᠶᠢ ᠨᠢ ᠨᠢᠭᠡᠨᠳᠡ ᠡᠷᠢᠵᠦ ᠣᠯᠤᠭᠰᠠᠨ ᠪᠦᠭᠡᠳ ᠳᠤᠭᠠᠩ ᠤᠨ ᠳᠤᠲᠤᠷ᠎ᠠ | ᠰᠢᠯᠵᠢᠭᠦᠯᠵᠠᠢ᠃ ᠣᠷᠴᠢᠮᠬᠠᠨ᠂ ᠬᠠᠨ ᠤᠯᠤᠰ ᠤᠨ ᠺᠠᠲᠣᠯᠢᠭ ᠱᠠᠰᠢᠨ ᠤ ᠡᠯᠴᠢᠨ ᠤ ᠪᠦᠯᠬᠦᠮ ᠨᠢ ᠳ᠋ᠦᠩ ᠱᠠᠨ ᠤ | ᠺᠠᠲᠣᠯᠢᠭ ᠱᠠᠰᠢᠨ ᠤ ᠲᠤᠭᠠᠩ ᠳᠤ ᠤᠳᠤᠮ ᠤᠭᠰᠠᠭ᠎ᠠ ᠪᠠᠨ ᠬᠠᠶᠢᠬᠤ ᠪᠠᠷ ᠢᠷᠡᠵᠦ᠂ ᠬᠠᠮᠢᠶ᠎ᠠ ᠪᠦᠬᠦᠢ | ᠤᠳᠤᠷᠢᠳᠤᠯᠭ᠎ᠠ ᠪᠠ ᠬᠤᠲᠠ ᠲᠤᠭᠤᠷᠢᠭ ᠬᠤᠶᠠᠷ ᠳᠡᠰ ᠤᠨ ᠤᠯᠤᠰ ᠤᠨ ᠡᠷᠳᠡᠨᠢ ᠶᠢᠨ ᠬᠡᠯᠳᠡᠰ ᠤᠨ ᠬᠢᠨ ᠪᠠᠷ᠎ᠠ | ᠪᠣᠯᠵᠤ ᠳᠤᠭᠠᠩ ᠪᠠ ᠶᠡᠭᠡ ᠬᠠᠩᠪᠤ ᠯᠠᠮᠠ ᠶᠢᠨ ᠣᠩᠭᠤᠨ ᠬᠦᠰᠢᠶ᠎ᠡ ᠶᠢ ᠲᠤᠭᠤᠷᠢᠨ ᠦᠵᠡᠭᠰᠡᠨ ᠪᠠᠶᠢᠨ᠎ᠠ᠃ | ᠣᠶᠢᠷ᠎ᠠ ᠶᠢᠨ ᠵᠢᠯ ᠳᠤ᠂ ᠨᠠᠮ ᠤᠨ ᠵᠦᠪ ᠤᠳᠤᠷᠢᠳᠤᠯᠭ᠎ᠠ ᠶᠢᠨ ᠳᠤᠤᠷ᠎ᠠ᠂ ᠲᠤᠰ ᠲᠤᠭᠠᠩ ᠨᠢ ᠲᠤᠬᠠᠢ ᠶᠢᠨ | ᠭᠠᠵᠠᠷ ᠤᠨ ᠪᠦᠳᠦᠭᠡᠨ ᠪᠠᠶᠢᠭᠤᠯᠤᠯᠲᠠ ᠪᠠ ᠠᠰᠠᠷᠠᠮᠵᠢ ᠶᠢᠨ ᠦᠢᠯᠡᠰ ᠲᠤ ᠢᠳᠡᠪᠬᠢᠲᠠᠢ ᠣᠷᠤᠯᠴᠠᠨ᠂ ᠦᠷᠭᠦᠯᠵᠢ | ᠪᠡᠯᠡ ᠮᠥᠩᠭᠦ ᠭᠠᠷᠭᠠᠨ ᠰᠢᠳᠦᠭᠴᠢᠳ ᠢ ᠵᠣᠬᠢᠶᠠᠨ ᠪᠠᠶᠢᠭᠤᠯᠤᠨ ᠲᠤᠬᠠᠢ ᠶᠢᠨ ᠭᠠᠵᠠᠷ ᠤᠨ ᠵᠠᠰᠠᠮᠠᠯ ᠵᠠᠮ ᠤᠨ ᠵᠠᠰᠠᠯᠲᠠ | ᠂ ᠤᠰᠤᠨ ᠠᠰᠢᠭᠯᠠᠯᠲᠠ ᠶᠢᠨ ᠪᠦᠳᠦᠭᠡᠨ ᠪᠠᠶᠢᠭᠤᠯᠤᠯᠲᠠ ᠵᠡᠷᠭᠡ ᠠᠷᠠᠳ ᠤᠨ ᠠᠮᠢᠳᠤᠷᠠᠯ ᠲᠠᠢ ᠨᠢᠭᠲᠠ | ᠬᠤᠯᠪᠤᠭᠳᠠᠭᠰᠠᠨ ᠠᠵᠢᠯ ᠳᠤ ᠣᠷᠤᠯᠴᠠᠭᠤᠯᠵᠤ᠂ ᠪᠠᠰᠠ ᠲᠤᠬᠠᠢ ᠶᠢᠨ ᠭᠠᠵᠠᠷ ᠤᠨ ᠰᠤᠷᠭᠠᠭᠤᠯᠢ ᠶᠢᠨ ᠨᠢᠭᠡ ᠪᠦᠯᠦᠭ | ᠶᠠᠳᠠᠭᠤ ᠬᠦᠴᠢᠷᠳᠡᠯᠲᠠᠢ ᠬᠡᠦᠬᠡᠳ ᠤᠨ ᠰᠤᠷᠭᠠᠭᠤᠯᠢ ᠳᠤ ᠤᠷᠤᠬᠤ ᠠᠰᠠᠭᠤᠳᠠᠯ ᠢ ᠰᠢᠢᠳᠪᠦᠷᠢᠯᠡᠬᠦ ᠶᠢᠨ ᠲᠦᠯᠦᠭᠡ | ᠪᠡᠯᠡ ᠮᠥᠩᠭᠦ ᠴᠤᠭᠯᠠᠭᠤᠯᠵᠤ ᠥᠭᠴᠦ᠂ ᠲᠤᠬᠠᠢ ᠶᠢᠨ ᠭᠠᠵᠠᠷ ᠤᠨ ᠠᠵᠤ ᠠᠬᠤᠢ ᠤᠨ ᠪᠦᠳᠦᠭᠡᠨ ᠪᠠᠶᠢᠭᠤᠯᠤᠯᠲᠠ ᠪᠠ | ᠰᠤᠷᠭᠠᠨ ᠬᠦᠮᠦᠵᠢᠯ ᠤᠨ ᠬᠦᠭᠵᠢᠯᠳᠡ ᠳᠤ ᠲᠦᠢᠯ ᠤᠨ ᠶᠡᠭᠡ ᠵᠢᠳᠬᠦᠯ ᠦᠵᠡᠭᠦᠯᠦᠭᠰᠡᠨ ᠪᠠᠶᠢᠨ᠎ᠠ᠃ |