ᠵ᠊ · ᠯᠣᠳᠣᠢ ᠶᠢᠨ ︽ᠳᠠᠶᠢᠨ︾ ᠷᠣᠮᠠᠨ ᠤ ᠲᠤᠬᠠᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2018/12/29
     ᠲᠣᠰ ᠷᠣᠮᠠᠨ ᠨᠢ 1988 ᠣᠨ ᠳᠤ ᠠᠩᠬ᠎ᠠ ᠮᠣᠩᠭᠤᠯ ᠤᠯᠤᠰ ᠲᠤ ᠬᠡᠪᠯᠡᠭᠳᠡᠵᠦ ᠳᠠᠬᠢᠨ ᠥᠪᠥᠷ ᠮᠣᠩᠭᠤᠯ ᠣᠷᠣᠨ ᠳᠤ 1991 ᠣᠨ ᠳᠤ ᠰᠣᠶᠣᠯ ᠤᠨ ᠬᠡᠪᠯᠡᠯ ᠤᠨ ᠬᠤᠷᠢᠶᠠᠨ ᠠᠴᠠ ᠳᠡᠭᠡᠳᠦ ᠳᠣᠣᠷᠠᠳᠤ ᠬᠤᠶᠠᠷ ᠪᠣᠳᠢᠯᠠᠨ ᠬᠡᠪᠯᠡᠵᠦ ᠪᠠᠶᠢᠪᠠ᠃ 2012 ᠣᠨ ᠳᠤ ᠥᠪᠥᠷ ᠮᠣᠩᠭᠤᠯ ᠤᠨ ᠠᠯᠤᠰ ᠤᠨ ᠪᠠᠷ᠎ᠠ ᠬᠡᠪᠯᠡᠯ ᠤᠨ ᠬᠤᠷᠢᠶᠠᠨ ᠠᠴᠠ ᠬᠤᠶᠠᠷ ᠪᠣᠳᠢ ᠶᠢ ᠨᠡᠶᠢᠯᠡᠭᠦᠯᠦᠨ ᠨᠢᠭᠡ ᠳᠡᠪᠲᠡᠷ ᠪᠣᠯᠭᠠᠨ ᠬᠡᠪᠯᠡᠨ ᠲᠠᠷᠬᠠᠭᠠᠭᠰᠠᠨ ᠪᠠᠶᠢᠨ᠎ᠠ᠃     ︽ᠳᠠᠶᠢᠨ︾ ᠷᠣᠮᠠᠨ ᠨᠢ ᠬᠤᠷᠢᠳᠤᠭᠠᠷ ᠵᠠᠭᠤᠨ ᠤ ᠭᠤᠴᠢ ᠳᠥᠴᠢᠭᠡᠳ ᠣᠨ ᠤ ᠳᠡᠯᠡᠬᠡᠢ ᠶᠢᠨ ᠬᠤᠶᠠᠳᠤᠭᠠᠷ ᠳᠠᠶᠢᠨ ᠤ ᠦᠶ᠎ᠡ ᠶᠢᠨ ᠮᠠᠨ ᠤ ᠣᠷᠣᠨ ᠤ ᠬᠥᠯᠥᠨ ᠪᠤᠶᠢᠷ ᠤᠨ ᠡᠷᠭᠢᠨ ᠲᠣᠭᠤᠷᠢᠨ ᠳᠠᠬᠢ ᠦᠢᠯᠡ ᠶᠠᠪᠤᠳᠠᠯ ᠢᠶᠠᠷ ᠬᠡᠯᠬᠢᠭᠳᠡᠨ᠂ ᠮᠣᠩᠭᠤᠯ ᠤᠯᠤᠰ ᠤᠨ ᠳᠣᠷᠣᠨᠠᠲᠤ ᠠᠶᠢᠮᠠᠭ ᠤᠨ ᠣᠯᠵᠠ ᠨᠤᠲᠤᠭ ᠢᠶᠠᠷ ᠳᠡᠪᠢᠭᠰᠡᠭᠡᠷ ᠪᠣᠯᠭᠠᠵᠤ ᠥᠷᠨᠢᠭᠰᠡᠨ ᠬᠡᠷᠡᠭ ᠦᠢᠯᠡ ᠶᠢ ᠪᠢᠴᠢᠪᠡ᠃     ᠵᠣᠬᠢᠶᠠᠯ ᠳᠤ ᠬᠠᠯᠬ᠎ᠠ ᠪᠠᠷᠭᠤ ᠪᠤᠷᠢᠶᠠᠳ ᠤᠨ ᠲᠡᠦᠬᠡ ᠶᠢᠨ ᠮᠡᠳᠡᠯᠭᠡ᠂ ᠵᠠᠩ ᠳᠠᠳᠬᠠᠯ᠂ ᠦᠭᠡ ᠬᠡᠯᠡ᠂ ᠥᠪᠡᠷᠮᠢᠴᠡ ᠬᠡᠯᠡᠴᠡ ᠢᠯᠡᠳᠲᠡ ᠬᠠᠷᠠᠭᠳᠠᠬᠤ ᠪᠠᠷ ᠨᠢ ᠪᠠᠷᠭᠤ ᠰᠣᠶᠣᠯ ᠤᠨ ᠥᠪ ᠬᠥᠷᠥᠩᠭᠡ ᠭᠠᠷᠴᠠᠭ᠎ᠠ ᠦᠭᠡᠢ ᠮᠥᠨ ᠪᠣᠯᠣᠭᠰᠠᠨ ᠢᠶᠠᠷ ᠪᠠᠷᠠᠬᠤ ᠦᠭᠡᠢ ᠰᠠᠶᠢᠬᠠᠨ ᠴᠦ ᠤᠩᠰᠢᠭᠳᠠᠬᠤ ᠷᠣᠮᠠᠨ ᠵᠣᠬᠢᠶᠠᠯ ᠤᠳ ᠤᠨ ᠨᠢᠭᠡᠨ ᠨᠢ ᠪᠣᠯᠣᠭᠰᠠᠨ ᠪᠠᠶᠢᠨ᠎ᠠ᠃     ᠷᠣᠮᠠᠨ ︽ᠳᠠᠶᠢᠨ︾ ᠢ ᠵ᠊ · ᠯᠣᠳᠣᠢ ᠪᠠ ᠢ᠊ · ᠱᠠᠷᠠᠶᠢᠪᠤᠤ ᠬᠤᠶᠠᠭᠤᠯᠠ ᠬᠠᠮᠲᠤᠷᠠᠨ ᠪᠢᠴᠢᠪᠡ᠃ ᠢ᠊ · ᠱᠠᠷᠠᠶᠢᠪᠤᠤ ᠪᠣᠯ ᠥᠪᠥᠷ ᠮᠣᠩᠭᠤᠯ ᠤᠨ ᠤᠤᠯ ᠤᠨ ᠰᠢᠨ᠎ᠡ ᠪᠠᠷᠭᠤ ᠵᠡᠭᠦᠨ ᠭᠠᠷ ᠤᠨ ᠬᠥᠪᠡᠭᠡᠲᠦ ᠰᠢᠷ᠎ᠠ ᠬᠤᠰᠢᠭᠤ᠂ ᠣᠳᠣ ᠶᠢᠨ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠵᠢᠪᠬᠤᠯᠠᠩᠲᠤ ᠰᠤᠮᠤ ᠶᠢᠨ ᠤᠤᠭᠠᠯ ᠪᠣᠯᠣᠨ᠎ᠠ᠃ ᠮᠣᠩᠭᠤᠯ ᠤᠯᠤᠰ ᠤᠨ ᠶᠡᠭᠡ ᠰᠤᠷᠭᠠᠭᠤᠯᠢ ᠶᠢᠨ ᠬᠦᠨᠳᠦᠲᠦ ᠫᠷᠣᠹᠧᠰᠰᠣᠷ ᠢᠶᠠᠷ ᠣᠯᠠᠨ ᠵᠢᠯ ᠠᠵᠢᠯᠯᠠᠵᠤ ᠢᠷᠡᠭᠰᠡᠨ ᠶᠤᠮ᠂ ᠡᠨᠡ ᠬᠤᠭᠤᠴᠠᠭᠠᠨ᠎ᠠ ︽ᠬᠠᠶᠢᠯᠠᠷ ᠤᠨ ᠮᠠᠨᠠᠨ︾᠂ ︽ᠮᠠᠨᠵᠤᠤᠷ ᠤᠨ ᠲᠠᠯ᠎ᠠ︾᠂ ︽ᠳᠠᠶᠢᠨ︾ ᠭᠡᠳᠡᠭ ᠲᠡᠦᠬᠡᠨ ᠵᠣᠬᠢᠶᠠᠯ ᠤᠳ ᠢᠶᠠᠨ ᠵᠣᠬᠢᠶᠠᠭᠴᠢ ᠵ᠊ · ᠯᠣᠳᠣᠢ ᠶᠢᠨ ᠬᠠᠮᠲᠤ ᠲᠤᠭᠤᠷᠪᠢᠨ ᠪᠦᠲᠦᠭᠡᠪᠡ᠃ ᠲᠤᠬᠠᠢ ᠶᠢᠨ ᠴᠠᠭ ᠦᠶ᠎ᠡ ᠶᠢᠨ ᠤᠯᠤᠰ ᠲᠥᠷᠥ ᠶᠢᠨ ᠠᠭᠤᠷ ᠠᠮᠢᠰᠬᠤᠯ ᠳᠤ ᠨᠥᠯᠥᠭᠡᠯᠡᠭᠳᠡᠵᠦ ︽ᠳᠠᠶᠢᠨ︾ ᠷᠣᠮᠠᠨ ᠳᠤ ᠢ᠊ · ᠱᠠᠷᠠᠶᠢᠪᠤᠤ ᠬᠡᠮᠡᠬᠦ ᠨᠡᠷ᠎ᠡ ᠪᠠᠨ ᠪᠢᠴᠢᠭᠰᠡᠨ ᠦᠭᠡᠢ᠃ 2009 ᠣᠨ ᠤ 2 ᠰᠠᠷ᠎ᠠ ᠶᠢᠨ 8 ᠤ ᠡᠳᠦᠷ ᠵᠠᠭᠤᠨ ᠨᠠᠰᠤᠨ ᠤ ᠣᠢ ᠶᠢᠨ ᠡᠷᠳᠡᠮ ᠰᠢᠨᠵᠢᠯᠡᠭᠡᠨ ᠤ ᠬᠤᠷᠠᠯ ᠢ ᠤᠯᠠᠭᠠᠨᠪᠠᠭᠠᠲᠤᠷ ᠲᠤ ᠵᠣᠬᠢᠶᠠᠨ ᠪᠠᠶᠢᠭᠤᠯᠵᠠᠢ᠃ ᠬᠡᠳᠦ᠋ᠢᠪᠡᠷ ᠵᠠᠭᠤᠨ ᠨᠠᠰᠤᠨ ᠤ ᠰᠡᠭᠦᠳᠡᠷ ᠵᠣᠭᠤᠭᠯᠠᠭᠰᠠᠨ ᠪᠣᠯᠪᠠᠴᠤ ᠵᠣᠬᠢᠶᠠᠯᠴᠢ ᠮᠠᠨᠢ 2009 ᠣᠨ ᠤ 3 ᠰᠠᠷ᠎ᠠ ᠶᠢᠨ 16 ᠳᠤ ᠶᠢᠷᠲᠢᠨᠴᠦ ᠠᠴᠠ ᠠᠶᠠᠷᠯᠠᠪᠠ᠃     ᠵ᠊ · ᠯᠣᠳᠣᠢ ᠪᠣᠯ ᠥᠪᠥᠷ ᠮᠣᠩᠭᠤᠯ ᠣᠷᠣᠨ ᠤ ᠬᠥᠯᠥᠨ ᠪᠤᠶᠢᠷ ᠨᠤᠲᠤᠭ ᠤᠨ ᠰᠡᠳᠦᠪ ᠢᠶᠠᠷ ᠵᠣᠬᠢᠶᠠᠨ ᠪᠦᠲᠦᠭᠡᠳᠡᠭ ᠮᠣᠩᠭᠤᠯ ᠤᠯᠤᠰ ᠤᠨ ᠵᠣᠬᠢᠶᠠᠭᠴᠢ ᠪᠣᠯᠣᠨ᠎ᠠ᠃ ᠶᠠᠫᠤᠨ ᠤ ᠲᠦᠷᠢᠮᠡᠬᠡᠶᠢᠯᠡᠯ ᠤᠨ ᠦᠶ᠎ᠡ ᠳᠤ ᠮᠠᠨ ᠤ ᠣᠷᠣᠨ ᠢᠶᠠᠷ ᠤᠯᠠᠨ ᠤᠳᠠᠭ᠎ᠠ ᠰᠥᠷᠬᠦ ᠲᠠᠩᠨᠠᠭᠤᠯ ᠤᠨ ᠡᠭᠦᠷᠭᠡ ᠭᠦᠢᠴᠡᠳᠬᠡᠵᠦ ᠶᠠᠪᠤᠵᠤ ᠪᠠᠶᠢᠵᠠᠢ᠃ ᠳᠡᠭᠡᠷ᠎ᠡ ᠵᠠᠭᠤᠨ ᠤ ᠲᠠᠪᠢᠭᠠᠳ ᠣᠨ ᠤ ᠦᠶ᠎ᠡ ᠳᠤ ᠳᠡᠯᠭᠡᠷᠡᠭᠰᠡᠨ ︽ᠥᠷᠭᠡᠨ ᠬᠠᠩᠭᠠᠢ ᠨᠤᠲᠤᠭ︾ ᠭᠡᠳᠡᠭ ᠳᠠᠭᠤᠤ ᠨᠢ ᠡᠨᠡ ᠵᠣᠬᠢᠶᠠᠭᠴᠢ ᠶᠢᠨ ᠭᠠᠷ ᠠᠴᠠ ᠪᠢᠴᠢᠭᠳᠡᠪᠡ᠃ ᠳᠠᠭᠤᠤ ᠪᠠᠷ ᠢᠶᠠᠨ ᠲᠠᠨᠢᠭᠳᠠᠨ ᠨᠡᠷ᠎ᠡ ᠭᠠᠷᠤᠭᠰᠠᠨ ᠵᠣᠬᠢᠶᠠᠯᠴᠢ ᠮᠠᠨᠢ ᠶᠡᠷᠡᠭᠡᠳ ᠣᠨ ᠤ ᠰᠡᠭᠦᠯᠴᠢ ᠪᠠᠷ ᠮᠠᠨ ᠤ ᠣᠷᠣᠨ ᠢᠶᠠᠷ ᠶᠠᠪᠤᠵᠤ ᠰᠠᠭᠤᠵᠤ ᠪᠠᠶᠢᠭᠰᠠᠨ ᠢ ᠠᠳᠡ ᠳᠤᠷᠠᠳᠤᠨ ᠲᠡᠮᠳᠡᠭᠯᠡᠶ᠎ᠡ᠃ ᠵᠣᠬᠢᠶᠠᠭᠴᠢ᠄ ᠪᠣᠷᠵᠢᠭᠢᠨ · ᠬᠤᠣᠰᠪᠠᠶᠠᠷ           ᠢᠷᠡᠯᠲᠡ᠄ ᠬᠤᠯᠪᠤᠭ᠎ᠠ ᠰᠦᠯᠵᠢᠶ᠎ᠡ
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号