ᠦᠪᠡᠷᠳᠡᠬᠡᠨ ᠵᠠᠰᠬᠠᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠳᠠ ᠶᠢᠨ ᠲᠦᠪ ᠠᠴᠠ | ᠤᠶᠢᠢᠯᠠᠭᠠᠭᠰᠨᠨ ᠢᠶᠠᠷ᠂ ᠮᠠᠨ ᠤ ᠤᠷᠤᠨ ᠤ 2019 ᠤᠨ ᠳᠤ ᠤᠯᠤᠰ ᠤᠨ ᠨᠢᠬᠡᠳᠦᠯᠳᠡᠢ ᠰᠢᠯᠭᠠᠯᠳᠠ ᠳᠤ | ᠤᠷᠤᠯᠴᠠᠬᠤ ᠡᠯ᠎ᠠ ᠲᠦᠷᠦᠯ ᠤᠨ ᠬᠦᠮᠦᠰ᠂ ᠨᠢᠬᠡᠳᠦᠯᠳᠡᠢ ᠰᠢᠯᠭᠠᠯᠳᠠ ᠳᠤ ᠤᠷᠤᠯᠴᠠᠬᠤ ᠰᠢᠯᠭᠠᠭᠤᠯᠤᠭᠴᠢ᠂ | ᠪᠠᠳᠤᠯᠠᠨ ᠬᠦᠷᠬᠡᠬᠦ ᠰᠤᠷᠤᠭᠴᠢ᠂ ᠪᠠᠭᠠᠴᠤᠳ ᠤᠨ ᠠᠩᠬᠢ᠂ ᠡᠵᠡᠨ ᠮᠡᠳᠡᠵᠦ ᠰᠤᠷᠤᠭᠴᠢ ᠡᠯᠰᠡᠬᠦ᠂ ᠦᠨᠳᠦᠷ ᠬᠢᠷᠢ | ᠲᠦᠪᠰᠢᠨ ᠲᠠᠢ ᠤᠷᠠᠯᠢᠭ ᠤᠨ ᠪᠦᠯᠬᠦᠮ᠂ ᠦᠨᠳᠦᠷ ᠬᠢᠷᠢ ᠲᠦᠪᠰᠢᠨ ᠲᠠᠢ ᠲᠠᠮᠢᠷᠴᠢᠨ᠂ ᠠᠵᠢᠯ ᠮᠡᠷᠬᠡᠵᠢᠯ ᠤᠨ | ᠰᠤᠷᠭᠠᠭᠤᠯᠢ ᠶᠢᠨ ᠳᠤᠮᠳᠠ ᠪᠠ ᠦᠨᠳᠦᠷ ᠵᠡᠷᠬᠡ ᠶᠢᠨ ᠰᠤᠷᠤᠯᠭ᠎ᠠ ᠶᠢᠨ ᠱᠠᠳᠤ ᠶᠢᠨ ᠬᠤᠪᠢᠶᠠᠷᠢᠯᠠᠯ᠂ ᠠᠵᠢᠯ | ᠮᠡᠷᠬᠡᠵᠢᠯ ᠤᠨ ᠵᠢᠭᠠᠨ ᠰᠤᠷᠭᠠᠯᠳᠠ ᠶᠢᠨ ᠪᠠᠭᠰᠢ ᠶᠢᠨ ᠬᠢᠷᠢ ᠬᠡᠮ᠂ ᠪᠡᠶ᠎ᠠ ᠶᠢᠨ ᠳᠠᠮᠢᠷ ᠤᠨ ᠬᠦᠳᠡᠯᠬᠡᠬᠡᠨ ᠪᠠ | ᠦᠨᠳᠦᠰᠦᠳᠡᠨ ᠤ ᠤᠯᠠᠮᠵᠢᠯᠠᠯᠳᠤ ᠪᠡᠶ᠎ᠠ ᠶᠢᠨ ᠳᠠᠮᠢᠷ᠂ ᠳᠡᠬᠡᠳᠤ ᠵᠡᠷᠬᠡ ᠶᠢᠨ ᠠᠵᠢᠯ ᠮᠡᠷᠬᠡᠵᠢᠯ ᠤᠨ ᠠᠩᠬᠢ᠂ ᠳᠤᠰᠠᠭᠠᠷ | ᠡᠵᠡᠨ ᠮᠡᠳᠡᠵᠦ ᠰᠤᠷᠤᠭᠴᠢ ᠡᠯᠰᠡᠬᠦ ᠰᠢᠯᠭᠠᠯᠳᠠ ᠳᠤ ᠤᠷᠤᠯᠴᠠᠬᠤ ᠵᠡᠷᠬᠡ ᠬᠦᠮᠦᠰ ᠪᠦᠷ ᠳᠤᠭᠳᠠᠭᠠᠯ ᠶᠤᠰᠤᠭᠠᠷ | ᠤᠯᠤᠰ ᠤᠨ ᠨᠢᠬᠡᠳᠦᠯᠳᠡᠢ ᠰᠢᠯᠭᠠᠯᠳᠠ ᠳᠤ ᠨᠡᠷ᠎ᠡ ᠮᠡᠳᠡᠬᠦᠯᠬᠦ ᠭᠠᠷ ᠬᠦᠢᠴᠡᠳᠬᠡᠯ ᠬᠢᠬᠦ ᠴᠢᠬᠤᠯᠠᠲᠠᠢ᠃ | ᠨᠡᠷ᠎ᠡ ᠮᠡᠳᠡᠬᠦᠯᠬᠦ ᠨᠦᠬᠦᠴᠡᠯ | ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠠᠴᠠ ᠳᠡᠬᠦᠰᠬᠦ ᠰᠤᠷᠤᠭᠴᠢ ᠪᠤᠶᠤ ᠠᠳᠠᠯᠢ ᠵᠡᠷᠬᠡ ᠶᠢᠨ | ᠰᠤᠷᠤᠯᠭ᠎ᠠ ᠶᠢᠨ ᠨᠠᠮᠳᠠᠷ ᠲᠠᠢ᠂ ᠪᠡᠶ᠎ᠠ ᠮᠠᠬᠠᠪᠤᠳ ᠨᠢ ᠬᠠᠮᠢᠶ᠎ᠠ ᠪᠦᠬᠦᠢ ᠱᠠᠭᠠᠷᠳᠠᠯᠭ᠎ᠠ ᠳᠤ ᠨᠡᠶᠢᠴᠡᠬᠦ ᠬᠦᠮᠦᠰ ᠪᠦᠷ | ᠨᠡᠷ᠎ᠡ ᠮᠡᠳᠡᠬᠦᠯᠵᠦ ᠪᠤᠯᠤᠨ᠎ᠠ᠃ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠤᠨ ︽ | ᠤᠷᠤᠨ ᠤ ᠭᠠᠳᠠᠨᠠᠬᠢ ᠬᠦᠯᠦᠰᠦᠨ ᠠᠵᠢᠯᠴᠢᠨ ᠤ ᠦᠷ᠎ᠠ ᠬᠡᠦᠬᠡᠳ ᠤᠨ ᠮᠠᠨ ᠤ ᠤᠷᠤᠨ ᠳᠤ ᠦᠨᠳᠦᠷ ᠳᠤᠮᠳᠠᠳᠤ | ᠰᠤᠷᠭᠠᠭᠤᠯᠢ ᠳᠤ ᠳᠠᠪᠰᠢᠬᠤ ᠪᠠ ᠤᠯᠤᠰ ᠤᠨ ᠨᠢᠬᠡᠳᠦᠯᠳᠡᠢ ᠰᠢᠯᠭᠠᠯᠳᠠ ᠳᠤ ᠤᠷᠤᠯᠴᠠᠬᠤ ᠠᠵᠢᠯ ᠤᠨ ᠳᠤᠬᠠᠢ ᠰᠠᠨᠠᠯ︾ | ᠤᠨ ᠬᠠᠮᠢᠶ᠎ᠠ ᠪᠦᠬᠦᠢ ᠳᠤᠭᠳᠠᠭᠠᠯ ᠢ ᠦᠨᠳᠦᠰᠦᠯᠡᠪᠡᠯ᠂ ᠤᠷᠤᠨ ᠤ ᠭᠠᠳᠠᠨᠠᠬᠢ ᠬᠦᠯᠦᠰᠦᠨ ᠠᠵᠢᠯᠴᠢᠨ ︵ᠮᠠᠨ ᠤ | ᠤᠷᠤᠨ ᠳᠤ ᠡᠷᠦᠬᠡ ᠠᠮᠠ ᠶᠢᠨ ᠬᠠᠷᠢᠶᠠᠯᠠᠯ ᠦᠬᠡᠢ ᠪᠤᠰᠤᠳ ᠠᠵᠢᠯᠴᠢᠨ ᠠᠵᠢᠯᠳᠠᠨ ᠪᠠᠭᠲᠠᠨ᠎ᠠ︶ ᠤ ᠦᠷ᠎ᠠ ᠬᠡᠦᠬᠡᠳ | ᠪᠠ ᠡᠷᠦᠬᠡ ᠠᠮᠠ ᠶᠢᠨ ᠳᠠᠩᠰᠠ ᠪᠠᠨ ᠤᠷᠤᠨ ᠤ ᠭᠠᠳᠠᠨ᠎ᠠ ᠠᠴᠠ ᠰᠢᠯᠵᠢᠬᠦᠯᠵᠦ ᠠᠪᠴᠢᠷᠠᠭᠰᠠᠨ ᠮᠠᠨ ᠤ ᠤᠷᠤᠨ ᠤ | ᠰᠢᠯᠭᠠᠭᠤᠯᠤᠭᠴᠢ ᠨᠡᠷ᠎ᠡ ᠮᠡᠳᠡᠬᠦᠯᠵᠦ ᠪᠤᠯᠤᠨ᠎ᠠ᠃ | ᠨᠡᠷ᠎ᠡ ᠮᠡᠳᠡᠭᠦᠯᠦᠭᠰᠡᠳ ᠮᠠᠨ ᠤ ᠤᠷᠤᠨ ᠤ ᠦᠨᠳᠦᠷ ᠵᠡᠷᠬᠡ ᠶᠢᠨ ᠰᠤᠷᠤᠯᠭ᠎ᠠ ᠶᠢᠨ ᠬᠢᠷᠢ ᠲᠦᠪᠰᠢᠨ ᠤ | ᠰᠢᠯᠭᠠᠯᠳᠠ ᠶᠢᠨ ᠪᠦᠬᠦ ᠬᠢᠴᠢᠶᠡᠯ ᠲᠦᠷᠦᠯ ᠤᠨ ᠰᠢᠯᠭᠠᠯᠳᠠ ᠳᠤ ᠤᠷᠤᠯᠴᠠᠭᠰᠠᠨ ᠪᠠᠶᠢᠬᠤ ᠬᠡᠷᠡᠭᠲᠡᠢ᠃ ᠤᠷᠤᠨ ᠤ | ᠭᠠᠳᠠᠨᠠᠬᠢ ᠬᠦᠯᠦᠰᠦᠨ ᠠᠵᠢᠯᠴᠢᠨ ᠤ ᠦᠷ᠎ᠠ ᠬᠡᠦᠬᠡᠳ 25 ᠳ᠋ᠤᠭᠠᠷ ᠳᠤᠭᠠᠳᠤ ᠪᠢᠴᠢᠭ ᠮᠠᠲ᠋ᠧᠷᠢᠶᠠᠯ ᠤᠨ | ᠳᠤᠭᠳᠠᠭᠠᠯ ᠳᠤ ᠨᠡᠶᠢᠴᠡᠬᠦ ᠪᠠᠷ ᠪᠠᠷᠠᠬᠤ ᠦᠬᠡᠢ᠂ 2016 ᠤᠨ ᠤ ᠦᠨᠳᠦᠷ ᠳᠤᠮᠳᠠᠳᠤ ᠶᠢᠨ ᠰᠢᠯᠭᠠᠯᠳᠠ ᠳᠤ | ᠤᠷᠤᠯᠴᠠᠭᠰᠠᠨ ᠠᠴᠠ ᠭᠠᠳᠠᠨ᠎ᠠ᠂ 2019 ᠤᠨ ᠤ 9 ᠰᠠᠷ᠎ᠠ ᠶᠢᠨ 1 ᠤ ᠡᠳᠦᠷ ᠪᠤᠯᠲᠠᠯ᠎ᠠ᠂ ᠳᠤᠤᠷᠠᠬᠢ 3 | ᠨᠦᠬᠦᠴᠡᠯ ᠳᠤ ᠪᠠᠰᠠ ᠲᠤᠬᠢᠷᠠᠬᠤ ᠬᠡᠷᠡᠭᠲᠡᠢ᠄ ᠨᠢᠭᠡ᠂ 2016 ᠤᠨ ᠳᠤ ᠤᠷᠤᠨ ᠤ ᠳᠤᠲᠤᠷᠠᠬᠢ ᠦᠨᠳᠦᠷ | ᠵᠡᠷᠭᠡ ᠶᠢᠨ ᠳᠤᠮᠳᠠᠳᠤ ᠰᠤᠷᠭᠠᠭᠤᠯᠢ ᠳᠤ ᠡᠯᠰᠡᠭᠳᠡᠭᠰᠡᠨ ᠪᠠᠶᠢᠬᠤ︔ ᠬᠤᠶᠠᠷ᠂ ᠰᠢᠯᠭᠠᠭᠤᠯᠤᠭᠰᠠᠳ ᠮᠠᠨ ᠤ ᠤᠷᠤᠨ ᠤ | ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ︵ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢ ᠪᠠᠭᠲᠠᠭᠠᠨ᠎ᠠ︶ ᠶᠢᠨ ᠬᠠᠷᠢᠶ᠎ᠠ ᠲᠠᠢ ᠪᠦᠭᠡᠳ ᠳᠠᠷᠠᠭᠠᠯᠠᠨ ᠪᠦᠬᠦᠯᠢ 3 ᠵᠢᠯ | ᠰᠤᠷᠤᠯᠴᠠᠭᠰᠠᠨ︔ ᠭᠤᠷᠪᠠ᠂ ᠭᠡᠷ ᠤᠨ ᠠᠬᠠᠮᠠᠳ ᠨᠢ ᠮᠠᠨ ᠤ ᠤᠷᠤᠨ ᠳᠤ ᠬᠠᠤᠯᠢ ᠶᠤᠰᠤᠨ ᠤ ᠲᠤᠭᠲᠠᠭᠤᠨ ᠤᠷᠤᠨ | ᠰᠠᠭᠤᠴᠠ ︵ᠲᠦᠷᠢᠶᠡᠰᠦᠯᠡᠭᠰᠡᠨ ᠢ ᠪᠠᠭᠲᠠᠭᠠᠨ᠎ᠠ︶ ᠲᠠᠢ ᠮᠦᠷᠲᠡᠭᠡᠨ ᠦᠷᠭᠦᠯᠵᠢᠯᠡᠨ ᠰᠠᠭᠤᠷᠢᠰᠢᠭᠰᠠᠨ ᠪᠠ ᠬᠠᠤᠯᠢ | ᠶᠤᠰᠤᠨ ᠤ ᠲᠤᠬᠠᠶᠢᠢᠯᠠᠭᠰᠠᠨ ᠠᠵᠢᠯ ᠲᠠᠢ᠂ ᠭᠠᠶᠢᠯᠢ ᠲᠤᠰᠢᠶᠠᠭᠰᠠᠨ ︵ᠪᠤᠶᠤ ᠤᠯᠤᠰ ᠤᠨ ᠲᠤᠭᠲᠠᠭᠠᠯ ᠶᠤᠰᠤᠭᠠᠷ | ᠨᠡᠶᠢᠭᠡᠮ ᠤᠨ ᠳᠠᠭᠠᠳᠬᠠᠯ ᠳᠤ ᠤᠷᠤᠯᠴᠠᠭᠰᠠᠨ ᠪᠠᠶᠢᠬᠤ︶ ᠴᠠᠭ ᠨᠢ ᠪᠦᠷ ᠪᠦᠬᠦᠯᠢ 3 ᠵᠢᠯ ᠪᠤᠯᠤᠭᠰᠠᠨ ᠪᠠᠶᠢᠬᠤ | ᠬᠡᠷᠡᠭᠲᠡᠢ᠃ | ᠡᠷᠦᠬᠡ ᠠᠮᠠ ᠶᠢᠨ ᠳᠠᠩᠰᠠ ᠪᠠᠨ ᠤᠷᠤᠨ ᠤ ᠭᠠᠳᠠᠨ᠎ᠠ ᠠᠴᠠ ᠮᠠᠨ ᠤ ᠤᠷᠤᠨ ᠳᠤ ᠰᠢᠯᠵᠢᠭᠦᠯᠦᠨ | ᠠᠪᠴᠢᠷᠠᠭᠰᠠᠨ ᠰᠢᠯᠭᠠᠭᠤᠯᠤᠭᠴᠢ 2019 ᠤᠨ ᠤ 9 ᠰᠠᠷ᠎ᠠ ᠶᠢᠨ 1 ᠤ ᠡᠳᠦᠷ ᠪᠤᠯᠲᠠᠯ᠎ᠠ ᠳᠤᠤᠷᠠᠬᠢ 3 | ᠨᠦᠬᠦᠴᠡᠯ ᠳᠤ ᠲᠤᠬᠢᠷᠠᠬᠤ ᠬᠡᠷᠡᠭᠲᠡᠢ᠄ ᠨᠢᠭᠡ᠂ ᠰᠢᠯᠭᠠᠭᠤᠯᠤᠭᠴᠢ ᠶᠢᠨ ᠮᠠᠨ ᠤ ᠤᠷᠤᠨ ᠤ ᠦᠨᠳᠦᠷ ᠵᠡᠷᠬᠡ ᠶᠢᠨ | ᠳᠤᠮᠳᠠᠳᠤ ᠰᠤᠷᠭᠠᠭᠤᠯᠢ ᠶᠢᠨ ᠱᠠᠳᠤᠨ ᠤ ᠰᠤᠷᠭᠠᠭᠤᠯᠢ ︵ᠳᠤᠮᠳᠠ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢ | ᠪᠠᠭᠳᠠᠭᠠᠨ᠎ᠠ︶ ᠶᠢᠨ ᠬᠠᠷᠢᠶ᠎ᠠ ᠨᠢ ᠵᠠᠯᠭᠠᠭ᠎ᠠ ᠪᠠᠷ 3 ᠵᠢᠯ ᠪᠤᠯᠤᠭᠰᠠᠨ ᠪᠠᠶᠢᠬᠤ ᠬᠡᠷᠡᠭᠳᠡᠢ︔ ᠬᠤᠶᠠᠷ᠂ | ᠰᠢᠯᠭᠠᠭᠤᠯᠤᠭᠴᠢ ᠮᠠᠨ ᠤ ᠤᠷᠤᠨ ᠤ ᠡᠷᠦᠬᠡ ᠠᠮᠠ ᠶᠢᠨ ᠬᠠᠷᠢᠶ᠎ᠠ ᠲᠠᠢ ᠪᠤᠯᠤᠭᠠᠳ 3 ᠵᠢᠯ ᠪᠤᠯᠤᠭᠰᠠᠨ ᠪᠠᠶᠢᠬᠤ | ᠬᠡᠷᠡᠭᠳᠡᠢ︔ ᠭᠤᠷᠪᠠ᠂ ᠬᠡᠷ ᠤᠨ ᠠᠬᠠᠮᠠᠳ ᠨᠢ ᠮᠠᠨ ᠤ ᠤᠷᠤᠨ ᠳᠤ ᠬᠠᠤᠯᠢ ᠶᠤᠰᠤᠨ ᠤ ᠠᠵᠢᠯ ᠲᠦᠷᠦᠯ ᠲᠠᠢ | ᠪᠦᠬᠡᠳ ᠭᠠᠶᠢᠯᠢ ᠳᠤᠰᠢᠶᠠᠭᠠᠳ ︵ᠡᠰᠡᠬᠦᠯ᠎ᠡ ᠤᠯᠤᠰ ᠤᠨ ᠳᠤᠭᠳᠠᠭᠠᠯ ᠶᠤᠰᠤᠭᠠᠷ ᠨᠡᠶᠢᠬᠡᠮ ᠤᠨ ᠳᠠᠭᠠᠳᠬᠠᠯ ᠳᠤ | ᠤᠷᠤᠯᠴᠠᠭᠰᠠᠨ︶ ᠪᠦᠬᠦᠯᠢ 3 ᠵᠢᠯ ᠪᠤᠯᠤᠭᠰᠠᠨ ᠪᠠᠶᠢᠬᠤ ᠬᠡᠷᠡᠭᠳᠡᠢ᠃ ᠡᠬᠦᠨ ᠤ ᠬᠠᠮᠳᠤ᠂ ᠵᠢᠩᠬᠢᠨᠢ ᠠᠩᠬᠢ ᠶᠢᠨ | ᠰᠤᠷᠤᠭᠴᠢ ᠡᠯᠰᠡᠬᠦ ᠨᠦᠬᠦᠴᠡᠯ ᠳᠤ ᠨᠡᠶᠢᠴᠡᠬᠦ ᠦᠬᠡᠢ ᠰᠤᠷᠤᠭᠴᠢ ᠳᠤᠰᠬᠠᠢ ᠮᠡᠷᠬᠡᠵᠢᠯ ᠤᠨ ᠰᠤᠷᠭᠠᠭᠤᠯᠢ ᠳᠤ ᠨᠡᠷ᠎ᠡ | ᠮᠡᠳᠡᠬᠦᠯᠵᠦ ᠪᠤᠯᠤᠨ᠎ᠠ᠃ ᠰᠦᠯᠵᠢᠶᠡᠨ ᠳᠡᠬᠡᠷ᠎ᠡ ᠤᠷᠢᠳᠴᠢᠯᠠᠨ ᠨᠡᠷ᠎ᠡ ᠮᠡᠳᠡᠬᠦᠯᠬᠦ ᠳᠡᠭᠡᠨ ︽ᠵᠦᠪᠬᠡᠨ ᠳᠤᠰᠬᠠᠢ | ᠮᠡᠷᠬᠡᠵᠢᠯ ᠤᠨ ᠰᠤᠷᠭᠠᠭᠤᠯᠢ ᠳᠤ ᠨᠡᠷ᠎ᠡ ᠮᠡᠳᠡᠬᠦᠯᠦᠨ᠎ᠡ ᠬᠡᠵᠦ ᠠᠮᠠᠯᠳᠠᠬᠤ︾ ᠰᠤᠩᠭᠤᠯᠳᠠ ᠶᠢ ᠰᠤᠩᠭᠤᠨ᠎ᠠ᠂ | ᠳᠤᠬᠠᠢ ᠶᠢᠨ ᠳᠠᠯᠠᠪᠠᠢ ᠳᠤ ᠨᠤᠳᠠᠯᠠᠯᠳᠠ ᠬᠢᠬᠦ ᠦᠶ᠎ᠠ ᠳᠤ ︽ᠦᠪᠦᠷ ᠮᠤᠩᠭᠤᠯ ᠤᠨ ᠦᠪᠡᠷᠳᠡᠬᠡᠨ ᠵᠠᠰᠬᠠᠤ ᠤᠷᠤᠨ ᠤ | ᠤᠯᠤᠰ ᠤᠨ ᠨᠢᠬᠡᠳᠦᠯᠳᠡᠢ ᠰᠢᠯᠭᠠᠯᠳᠠ ᠳᠤ ᠨᠡᠷ᠎ᠡ ᠮᠡᠳᠡᠬᠦᠯᠬᠦ ᠳᠤ ᠳᠡᠬᠡᠳᠤ ᠵᠡᠷᠬᠡ ᠶᠢᠨ ᠠᠵᠢᠯ ᠮᠡᠷᠬᠡᠵᠢᠯ ︵ᠳᠤᠰᠬᠠᠢ | ᠮᠡᠷᠬᠡᠵᠢᠯ︶ ᠳᠤ ᠨᠡᠷ᠎ᠡ ᠮᠡᠳᠡᠬᠦᠯᠬᠦ ᠠᠮᠠᠯᠠᠯᠳᠠ ᠶᠢᠨ ᠪᠢᠴᠢᠭ︾ ᠲᠤ ᠭᠠᠷ ᠤᠨ ᠦᠰᠦᠭ ᠵᠢᠷᠤᠨ᠎ᠠ᠃ | ᠳᠡᠬᠡᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ᠂ ᠳᠤᠰᠬᠠᠢ ᠮᠡᠷᠬᠡᠵᠢᠯ ᠲᠠᠢ ᠨᠢ ᠵᠤᠯᠭᠠᠯᠴᠠᠭᠤᠯᠤᠨ | ᠡᠯᠰᠡᠬᠦ ᠳᠤᠮᠳᠠᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ︵ᠠᠵᠢᠯ ᠮᠡᠷᠬᠡᠵᠢᠯ ᠤᠨ ᠦᠨᠳᠦᠷ ᠵᠡᠷᠬᠡ ᠶᠢᠨ | ᠳᠤᠮᠳᠠᠳᠤ ᠰᠤᠷᠭᠠᠭᠤᠯᠢ᠂ ᠳᠤᠮᠳᠠ ᠵᠡᠷᠬᠡ ᠶᠢᠨ ᠳᠤᠰᠬᠠᠢ ᠮᠡᠷᠬᠡᠵᠢᠯ ᠤᠨ ᠰᠤᠷᠭᠠᠭᠤᠯᠢ᠂ ᠮᠡᠷᠬᠡᠵᠢᠯ ᠤᠨ ᠰᠤᠷᠭᠠᠭᠤᠯᠢ | ︶ ᠠᠴᠠ ᠳᠡᠬᠦᠰᠬᠦ ᠰᠤᠷᠤᠭᠴᠢ ᠶᠢᠨ ᠮᠡᠷᠬᠡᠵᠢᠯ ᠴᠢᠳᠠᠪᠤᠷᠢ ᠶᠢᠨ ᠬᠢᠨᠠᠨ ᠰᠢᠯᠭᠠᠯᠳᠠ ᠨᠢ ᠬᠢᠷᠢ ᠳᠡᠩᠴᠡᠭᠰᠡᠨ ᠪᠠᠶᠢᠬᠤ | ᠬᠡᠷᠡᠭᠳᠡᠢ᠃ | ᠡᠩ ᠤᠨ ᠦᠨᠳᠦᠷ ᠳᠤᠮᠳᠠᠳᠤ ᠰᠤᠷᠭᠠᠭᠤᠯᠢ ᠠᠴᠠ ᠳᠡᠬᠦᠰᠬᠦ ᠰᠤᠷᠤᠭᠴᠢ ᠪᠠ ᠨᠢᠭᠡᠨᠳᠡ ᠳᠡᠬᠦᠰᠦᠭᠰᠡᠨ | ᠰᠤᠷᠤᠭᠴᠢ᠂ ᠮᠡᠷᠬᠡᠵᠢᠯ ᠴᠢᠳᠠᠪᠤᠷᠢ ᠨᠢ ᠬᠢᠷᠢ ᠳᠡᠩᠴᠡᠭᠰᠡᠨ ᠦᠬᠡᠢ ᠳᠤᠮᠳᠠ ᠵᠡᠷᠬᠡ ᠶᠢᠨ ᠳᠤᠰᠬᠠᠢ ᠮᠡᠷᠬᠡᠵᠢᠯ ᠤᠨ | ᠰᠤᠷᠤᠭᠴᠢ ᠪᠠ ᠨᠢᠭᠡᠨᠲᠡ ᠳᠡᠬᠦᠰᠦᠭᠰᠡᠨ ᠰᠤᠷᠤᠭᠴᠢ ᠳᠡᠬᠡᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ | ᠳᠤᠰᠬᠠᠢ ᠮᠡᠷᠬᠡᠵᠢᠯ ᠢᠶᠠᠷ ᠨᠢ ᠵᠤᠯᠭᠠᠯᠴᠠᠭᠤᠯᠤᠨ ᠡᠯᠰᠡᠬᠦ ᠳᠤ ᠨᠡᠷ᠎ᠡ ᠮᠡᠳᠡᠬᠦᠯᠬᠦ ᠬᠢᠷᠢ ᠬᠡᠮ ᠦᠬᠡᠢ᠃ | 7 ᠵᠦᠢᠯ ᠤᠨ ᠪᠠᠶᠢᠳᠠᠯ ᠳᠤ ᠨᠡᠷ᠎ᠡ ᠮᠡᠳᠡᠬᠦᠯᠵᠦ ᠪᠤᠯᠬᠤ ᠦᠬᠡᠢ | ᠳᠡᠬᠡᠳᠤ ᠵᠡᠷᠬᠡ ᠶᠢᠨ ᠰᠤᠷᠤᠯᠭ᠎ᠠ ᠶᠢᠨ ᠨᠠᠮᠳᠠᠷ ᠤᠨ ᠰᠤᠷᠭᠠᠨ ᠬᠦᠮᠦᠵᠢᠯ ᠤᠨ ᠬᠢᠷᠢ ᠬᠡᠮ ᠲᠠᠢ | ᠰᠤᠷᠭᠠᠭᠤᠯᠢ ᠶᠢᠨ ᠰᠤᠷᠤᠭᠴᠢ᠂ ᠶᠡᠭᠡ ᠳᠡᠬᠡᠳᠤ ᠰᠤᠷᠭᠠᠭᠤᠯᠢ ᠳᠤ ᠡᠯᠰᠡᠭᠳᠡᠭᠰᠡᠨ ᠪᠦᠬᠡᠳ ᠰᠤᠷᠭᠠᠭᠤᠯᠢ ᠳᠤ | ᠤᠷᠤᠭᠰᠠᠨ ᠬᠢᠷᠢ ᠬᠡᠮ ᠢᠶᠠᠨ ᠦᠯᠡᠳᠡᠬᠡᠵᠦ ᠪᠠᠶᠢᠭ᠎ᠠ ᠰᠤᠷᠤᠭᠴᠢ︔ ᠦᠨᠳᠦᠷ ᠵᠡᠷᠬᠡ ᠶᠢᠨ᠂ ᠳᠤᠮᠳᠠ ᠵᠡᠷᠭᠡ ᠶᠢᠨ | ᠰᠤᠷᠭᠠᠨ ᠬᠦᠮᠦᠵᠢᠯ ᠤᠨ ᠰᠤᠷᠭᠠᠭᠤᠯᠢ ᠶᠢᠨ ᠲᠤᠰ ᠵᠢᠯ ᠳᠤ ᠰᠤᠷᠭᠠᠭᠤᠯᠢ ᠲᠡᠭᠦᠰᠬᠦ ᠦᠭᠡᠢ ᠰᠤᠷᠤᠭᠴᠢ ︵ | ᠪᠠᠭᠠᠴᠤᠳ ᠤᠨ ᠠᠩᠭᠢ ᠳᠤ ᠰᠢᠯᠭᠠᠭᠤᠯᠬᠤ ᠠᠴᠠ ᠭᠠᠳᠠᠨ᠎ᠠ︶ ; ᠦᠨᠳᠦᠷ ᠵᠡᠷᠬᠡ ᠶᠢᠨ᠂ ᠳᠤᠮᠳᠠ ᠵᠡᠷᠭᠡ ᠶᠢᠨ | ᠰᠤᠷᠭᠠᠨ ᠬᠦᠮᠦᠵᠢᠯ ᠤᠨ ᠱᠠᠲᠤᠨ ᠳᠤ ᠲᠤᠰ ᠵᠢᠯ ᠳᠤ ᠰᠤᠷᠭᠠᠭᠤᠯᠢ ᠲᠡᠭᠦᠰᠬᠦ ᠦᠭᠡᠢ ᠪᠠᠶᠢᠭᠠᠳ ᠬᠤᠳᠠᠯ | ᠬᠠᠭᠤᠷᠮᠠᠭ ᠢᠶᠠᠷ ᠨᠡᠷ᠎ᠡ ᠮᠡᠳᠡᠭᠦᠯᠦᠨ ᠳᠦᠷᠢᠮ ᠠᠴᠠ ᠵᠦᠷᠢᠴᠡᠵᠦ ᠡᠩ ᠤᠨ ᠶᠡᠭᠡ ᠳᠡᠭᠡᠳᠦ ᠰᠤᠷᠭᠠᠭᠤᠯᠢ ᠶᠢᠨ | ᠰᠤᠷᠤᠭᠴᠢ ᠡᠯᠰᠡᠬᠦ ᠨᠢᠭᠡᠳᠦᠯᠲᠡᠢ ᠰᠢᠯᠭᠠᠯᠲᠠ ᠳᠤ ᠤᠷᠤᠯᠴᠠᠭᠰᠠᠳ︔ ᠤᠯᠤᠰ ᠤᠨ ᠰᠤᠷᠭᠠᠨ ᠬᠦᠮᠦᠵᠢᠯ ᠤᠨ | ᠰᠢᠯᠭᠠᠯᠲᠠ ᠶᠢᠨ ᠳᠦᠷᠢᠮ ᠠᠴᠠ ᠵᠦᠷᠢᠴᠡᠭᠡᠳ ᠤᠯᠤᠰ ᠤᠨ ᠨᠢᠭᠡᠲᠦᠯᠲᠡᠢ ᠰᠢᠯᠭᠠᠯᠲᠠ ᠳᠤ ᠤᠷᠤᠯᠴᠠᠬᠤ ᠶᠢ ᠲᠦᠷ | ᠴᠠᠭᠠᠵᠠᠯᠠᠭᠰᠠᠨ ᠰᠢᠢᠳᠬᠡᠯ ᠤᠯᠤᠭᠰᠠᠨ ᠮᠦᠷᠲᠡᠭᠡᠨ ᠰᠢᠯᠭᠠᠭᠤᠯᠵᠤ ᠪᠤᠯᠬᠤ ᠦᠭᠡᠢ ᠬᠤᠭᠤᠴᠠᠭᠠᠨ ᠳᠠᠭᠠᠨ ᠪᠠᠶᠢᠭ᠎ᠠ | ᠬᠦᠮᠦᠰ︔ ᠡᠷᠡᠭᠦᠦ ᠶᠢᠨ ᠬᠠᠤᠯᠢ ᠠᠴᠠ ᠵᠦᠷᠢᠴᠡᠵᠦ ᠨᠢᠭᠡᠨᠲᠡ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ | ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠭᠰᠠᠨ ᠪᠤᠶᠤ ᠶᠠᠭ ᠰᠢᠢᠳᠬᠡᠯ ᠬᠦᠯᠢᠶᠡᠵᠦ ᠪᠠᠶᠢᠭ᠎ᠠ ᠬᠦᠮᠦᠰ︔ ᠮᠠᠨ ᠤ | ᠤᠷᠤᠨ ᠠᠴᠠ ᠪᠤᠰᠤᠳ ᠮᠤᠵᠢ ︵ᠤᠷᠤᠨ᠂ ᠬᠤᠲᠠ︶ ᠳᠤ 2019 ᠤᠨ ᠤ ᠤᠯᠤᠰ ᠤᠨ ᠨᠢᠭᠡᠳᠦᠯᠲᠡᠢ | ᠰᠢᠯᠭᠠᠯᠲᠠ ᠳᠤ ᠨᠢᠭᠡᠨᠲᠡ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠵᠡᠷᠬᠡ ᠬᠦᠮᠦᠰ ᠨᠡᠷ᠎ᠡ ᠮᠡᠳᠡᠬᠦᠯᠵᠦ ᠪᠤᠯᠬᠤ ᠦᠬᠡᠢ᠃ | | ᠵᠣᠬᠢᠶᠠᠭᠴᠢ᠄ ᠨᠠᠪᠴᠢ | | | | | | | | | | | | ᠁ |