ᠳ᠋ᠦᠩ ᠵᠠᠩ ᠹᠠᠩ ᠲᠣᠰᠬᠤᠨ ᠨᠢ ᠬᠠᠭᠤᠴᠢᠨ ᠬᠤᠷᠤᠭ᠎ᠠ ᠪᠠᠯᠭᠠᠰᠤ ᠶᠢᠨ ᠬᠤᠶᠢᠲᠤ ᠬᠡᠰᠡᠭ ᠳᠤ ᠪᠠᠶᠢᠷᠢᠰᠢᠵᠤ | ᠂ 2014 ᠣᠨ ᠳᠤ ᠭᠤᠷᠪᠠᠳᠤᠭᠠᠷ ᠪᠦᠯᠦᠭ ᠤᠨ ᠳᠤᠮᠳᠠᠳᠤ ᠤᠯᠤᠰ ᠤᠨ ᠤᠯᠠᠮᠵᠢᠯᠠᠯᠲᠤ ᠲᠣᠰᠬᠤᠨ ᠤ ᠨᠡᠷᠡᠰ ᠤᠨ | ᠵᠢᠭᠰᠠᠭᠠᠯ ᠳᠤ ᠵᠢᠭᠰᠠᠭᠠᠭᠳᠠᠨ᠂ ᠤᠯᠠᠭᠠᠨᠬᠠᠳᠠ ᠬᠤᠲᠠ ᠶᠢᠨ ᠠᠩᠬᠠᠳᠠᠭᠴᠢ ᠪᠦᠯᠦᠭ ︽ᠳᠤᠮᠳᠠᠳᠤ ᠤᠯᠤᠰ ᠤᠨ | ᠤᠯᠠᠮᠵᠢᠯᠠᠯᠲᠤ ᠠᠶᠢᠯ ᠲᠣᠰᠬᠤᠨ︾ ᠢᠶᠠᠷ ᠨᠡᠷᠡᠶᠢᠳᠦᠭᠳᠡᠭᠰᠡᠨ ᠲᠤᠰᠬᠤᠨ ᠪᠣᠯᠵᠠᠢ᠃ ᠨᠠᠨ ᠸᠠᠩ ᠶᠠᠨ ᠭᠧᠤ ᠲᠣᠰᠬᠤᠨ | ᠪᠣᠯ ︽ᠳᠤᠮᠳᠠᠳᠤ ᠤᠯᠤᠰ ᠤᠨ ᠤᠯᠠᠮᠵᠢᠯᠠᠯᠲᠤ ᠲᠣᠰᠬᠤᠨ︾ ᠳ᠋ᠦᠩ ᠵᠠᠩ ᠹᠠᠩ ᠲᠣᠰᠬᠤᠨ ᠤ ᠭᠤᠣᠯ ᠲᠤᠰᠬᠤᠨ | ᠪᠠᠶᠢᠵᠤ᠂ ᠨᠢᠭᠡᠨᠲᠡ 170 ᠭᠠᠷᠤᠶ ᠵᠢᠯ ᠤᠨ ᠲᠡᠦᠬᠡ ᠲᠠᠢ ᠪᠣᠯᠵᠠᠶ᠃ ᠪᠦᠬᠦ ᠲᠤᠰᠬᠤᠨ ᠨᠢ 23 ᠡᠷᠦᠬᠡ᠂ 103 | ᠬᠥᠮᠦᠨ ᠠᠮᠠ ᠲᠠᠢ᠃ ᠡᠭᠦᠨ ᠳᠤ᠂ ᠶᠠᠳᠠᠭᠤ ᠬᠦᠴᠢᠷᠳᠡᠯᠲᠡᠢ ᠡᠷᠦᠬᠡ ᠨᠢ 8 ᠡᠷᠤᠭᠡ ᠪᠠᠶᠢᠵᠤ᠂ 16 ᠶᠠᠳᠠᠭᠤ | ᠬᠦᠴᠢᠷᠳᠡᠯᠲᠡᠢ ᠬᠥᠮᠦᠨ ᠠᠮᠠ ᠪᠣᠢ᠃ | 2015 ᠣᠨ ᠠᠴᠠ ᠡᠬᠢᠯᠡᠨ᠂ ᠳ᠋ᠦᠩ ᠵᠠᠩ ᠹᠠᠩ ᠲᠣᠰᠬᠤᠨ ᠨᠢ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠰᠠᠶᠢᠵᠢᠷᠠᠭᠤᠯᠬᠤ ᠪᠠ ᠠᠶᠢᠯ ᠲᠣᠰᠬᠤᠨ ᠶᠢ ᠨᠣᠭᠤᠭᠠᠷᠠᠭᠤᠯᠬᠤ ᠠᠵᠢᠯ ᠢ ᠨᠠᠷᠢᠨ ᠬᠢᠨᠠᠮᠠᠭᠠᠶ | ᠥᠷᠨᠢᠭᠦᠯᠵᠠᠢ᠃ ᠣᠳᠤᠬᠠᠨ ᠳᠤ᠂ ᠨᠢᠭᠡᠨᠲᠡ ᠬᠤᠭ ᠨᠣᠪᠰᠢ ᠶᠢ ᠪᠤᠯᠠᠬᠤ ᠭᠠᠵᠠᠷ ᠨᠢᠭᠡ ᠪᠠᠶᠢᠭᠤᠯᠵᠤ᠂ ᠬᠤᠭ | ᠨᠣᠪᠰᠢ ᠶᠢᠨ ᠬᠠᠶᠢᠷᠴᠠᠭ ᠢ 36 ᠲᠣᠬᠢᠷᠠᠭᠤᠯᠤᠨ᠂ ᠠᠷᠠᠳ ᠲᠤ ᠲᠥᠬᠦᠮ ᠦᠵᠡᠭᠦᠯᠬᠦ ᠬᠡᠲᠦ ᠳᠡᠯᠭᠡᠭᠦᠷ᠂ | ᠲᠤᠰᠬᠤᠨ ᠤ ᠰᠣᠶᠣᠯ ᠤᠨ ᠦᠷᠦᠭᠡ ᠶᠢ ᠲᠤᠰ ᠪᠦᠷᠢ ᠨᠢᠭᠡ ᠪᠠᠶᠢᠭᠤᠯᠵᠤ᠂ 1009 ᠰᠠᠭᠤᠷᠢ ᠵᠢᠮᠢᠰ ᠤᠨ ᠮᠣᠳᠣ ᠪᠠ | ᠵᠠᠮ ᠤᠨ ᠬᠠᠵᠠᠭᠤ ᠳᠠᠬᠢ ᠦᠵᠡᠮᠵᠢ ᠶᠢᠨ ᠮᠣᠳᠣ 2570 ᠰᠠᠭᠤᠷᠢ ᠵᠠᠶᠢᠯᠠᠵᠠᠢ᠃ | 2017 ᠣᠨ ᠳᠤ᠂ ᠬᠠᠭᠤᠴᠢᠨ ᠬᠤᠷᠤᠭ᠎ᠠ ᠪᠠᠯᠭᠠᠰᠤ ᠨᠢ ︽ᠬᠠᠭᠤᠴᠢᠨ ᠬᠤᠷᠤᠭ᠎ᠠ ᠪᠠᠯᠭᠠᠰᠤ ᠶᠢᠨ ᠨᠠᠨ | ᠸᠠᠩ ᠶᠠᠨ ᠭᠧᠤ ᠤᠯᠠᠮᠵᠢᠯᠠᠯᠲᠤ ᠠᠶᠢᠯ ᠲᠣᠰᠬᠤᠨ ᠤ ᠲᠥᠯᠥᠪᠵᠢᠭᠦᠯᠭᠡ ᠶᠢᠨ ᠴᠡᠭᠴᠡᠯᠡᠨ ᠵᠠᠰᠠᠬᠤ ᠵᠢᠷᠤᠭ | ᠲᠥᠯᠥᠪᠯᠡᠭᠡ ᠶᠢᠨ ᠲᠥᠰᠦᠯ︾ ᠶᠢ ᠨᠠᠶᠢᠷᠠᠭᠤᠯᠤᠨ ᠵᠣᠬᠢᠶᠠᠭᠰᠠᠨ ᠪᠥᠭᠡᠳ ᠶᠡᠷᠦᠩᠬᠡᠶ ᠪᠡᠯᠡ ᠣᠷᠣᠭᠤᠯᠤᠯᠲᠠ ᠨᠢ | 890 ᠲᠦᠮᠡᠨ ᠲᠥᠭᠦᠷᠢᠭ ᠤᠨ ᠳ᠋ᠦᠩ ᠵᠠᠩ ᠹᠠᠩ ᠤᠯᠠᠮᠵᠢᠯᠠᠯᠲᠤ ᠡᠷᠲᠡᠨ ᠤ ᠠᠶᠢᠯ ᠲᠤᠰᠬᠤᠨ ᠤ ᠭᠤᠣᠯ | ᠲᠣᠰᠬᠤᠨ ᠨᠠᠨ ᠸᠠᠩ ᠶᠠᠨ ᠭᠧᠤ ᠲᠣᠰᠬᠤᠨ ᠤ ᠭᠤᠣᠯ ᠴᠣᠭᠴᠠ ᠶᠢᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢ | ᠡᠬᠢᠯᠡᠭᠦᠯᠦᠭᠰᠡᠨ ᠪᠠᠶᠢᠨ᠎ᠠ᠃ ᠣᠳᠤᠬᠠᠨ ᠳᠤ᠂ ᠲᠣᠰᠬᠤᠨ ᠤ ᠥᠪᠡᠷᠮᠢᠴᠡ ᠰᠠᠶᠢᠬᠠᠨ ᠥᠩᠭᠡ ᠦᠵᠡᠮᠵᠢ ᠶᠢ | ᠬᠠᠳᠠᠭᠠᠯᠠᠬᠤ ᠶᠢᠨ ᠬᠠᠮᠲᠤ᠂ ᠪᠦᠬᠦ ᠲᠣᠰᠬᠤᠨ ᠤ ᠭᠡᠷ ᠪᠠᠶᠢᠰᠢᠩ ᠢ ᠪᠠᠬᠢᠵᠢᠭᠦᠯᠦᠨ᠂ ᠲᠣᠰᠬᠤᠨ ᠤ ᠵᠠᠮ ᠶᠢ ᠨᠢᠭᠡᠨᠲᠡ | ᠵᠠᠰᠠᠵᠤ ᠳᠠᠭᠤᠰᠬᠠᠵᠠᠶ︔ ᠬᠦᠯᠢᠶᠡᠨ ᠠᠪᠬᠤ ᠲᠥᠪ᠂ ᠲᠡᠷᠭᠡᠨ ᠵᠣᠭᠰᠣᠭᠠᠯ ᠵᠡᠷᠭᠡ ᠵᠢᠭᠤᠯᠴᠢᠯᠠᠯ ᠤᠨ ᠰᠠᠭᠤᠷᠢ | ᠪᠡᠯᠡᠳᠬᠡᠮᠵᠢ ᠪᠣᠯᠤᠨ ᠴᠡᠴᠡᠭ ᠤᠨ ᠳᠠᠯᠠᠢ ᠶᠢᠨ ᠱᠠᠲᠤᠨ ᠲᠠᠷᠢᠶ᠎ᠠ᠂ ᠦᠵᠡᠮᠵᠢ ᠳᠡᠯᠭᠡᠨ ᠦᠵᠡᠭᠦᠯᠬᠦ ᠴᠠᠮᠬᠠᠭ᠂ | ᠦᠢᠯᠡᠳᠪᠦᠷᠢᠯᠡᠯ ᠤᠨ ᠪᠠᠷᠢᠭᠠᠳᠠ ᠶᠢᠨ ᠬᠦᠷᠢᠶ᠎ᠡ ᠵᠡᠷᠭᠡ ᠥᠪᠡᠷᠮᠢᠴᠡ ᠤᠨᠴᠠᠯᠢᠭᠳᠤ ᠵᠤᠭᠠᠴᠠᠯ ᠤᠨ ᠣᠷᠣᠨ ᠶᠢ | ᠨᠢᠭᠡᠨᠲᠡ ᠪᠦᠬᠦᠨ ᠢ ᠪᠦᠳᠦᠬᠡᠡ ᠪᠠᠶᠢᠭᠤᠯᠤᠨ ᠳᠠᠭᠤᠰᠬᠠᠵᠤ᠂ ᠡᠷᠲᠡᠨ ᠤ ᠲᠣᠰᠬᠤᠨ ᠶᠢ ᠨᠢᠭᠡᠨᠲᠡ ᠵᠣᠭᠠᠴᠠᠭᠰᠠᠳ ᠲᠤ | ᠴᠢᠯᠥᠭᠡᠲᠡᠶ ᠨᠡᠬᠡᠭᠡᠵᠠᠢ᠃ | | | | | | | | | | | ᠁ |