ᠥᠪᠥᠷ ᠮᠣᠩᠭᠤᠯ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢᠶᠠᠨ ᠵᠦᠢ ᠵᠣᠬᠢᠰᠲᠠᠢ ᠣᠷᠣᠯᠭ᠎ᠠ ᠪᠣᠯᠭᠠᠨ ᠬᠤᠪᠢᠷᠠᠭᠤᠯᠬᠤ ᠶᠢ ᠵᠣᠷᠢᠭᠵᠢᠭᠤᠯᠵᠤ ᠪᠤᠢ
ᠨᠡᠶᠢᠲᠡᠯᠡᠭᠰᠡᠨ ᠴᠠᠭ᠄
2018/4/24
      ᠠᠷᠠᠳ ᠤᠨ ᠡᠳᠦᠷ ᠤᠨ ᠰᠣᠨᠢᠨ ᠤ ᠬᠥᠬᠡᠬᠤᠲᠠ ᠶᠢᠨ 1 ᠰᠠᠷ᠎ᠠ ᠶᠢᠨ 28 ᠤ ᠡᠳᠦᠷ ᠤᠨ ᠴᠠᠬᠢᠯᠭᠠᠨ ᠮᠡᠳᠡᠭᠡ ︵ᠰᠤᠷᠪᠤᠯᠵᠢᠯᠠᠭᠴᠢ ᠵᠠᠩ ᠴᠧᠩ︶ ᠮᠡᠳᠡᠯᠬᠡ ᠶᠢᠨ ᠦᠷᠲᠡᠭ ᠤᠨ ᠨᠡᠮᠡᠭᠳᠡᠯ ᠢ ᠬᠠᠷᠠᠭᠤᠯᠤᠭᠰᠠᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢᠶᠠᠨ ᠵᠦᠢ ᠵᠣᠬᠢᠰᠲᠠᠢ ᠣᠷᠣᠯᠭ᠎ᠠ ᠪᠣᠯᠭᠠᠨ ᠬᠤᠪᠢᠷᠠᠭᠤᠯᠬᠤ ᠶᠢ ᠵᠣᠷᠢᠭᠵᠢᠭᠤᠯᠬᠤ ᠶᠢᠨ ᠲᠥᠯᠥᠭᠡ᠂ ᠲᠦᠷᠦᠭᠦᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠲᠠᠢ ᠬᠠᠮᠲᠤᠷᠠᠨ ︽ᠮᠡᠳᠡᠯᠭᠡ ᠶᠢᠨ ᠦᠷᠲᠡᠭ ᠢ ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠭᠰᠠᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠠᠢ᠃ ︽ᠰᠠᠨᠠᠯ︾ ᠢ ᠦᠨᠳᠦᠰᠦᠯᠡᠪᠡᠯ᠂ ᠥᠪᠥᠷ ᠮᠣᠩᠭᠤᠯ ᠨᠢ ᠦᠷ᠎ᠡ ᠪᠦᠲᠦᠮᠵᠢ ᠶᠢᠨ ᠴᠠᠯᠢᠩ ᠢ ᠨᠡᠮᠡᠭᠳᠡᠭᠦᠯᠦᠨ ᠤᠷᠮᠠᠰᠢᠭᠤᠯᠬᠤ ᠶᠢᠨ ᠬᠠᠮᠲᠤ᠂ ᠥᠮᠴᠢᠯᠡᠬᠦ ᠡᠷᠬᠡ᠂ ᠬᠤᠪᠢᠴᠠᠭᠠᠨ ᠤ ᠡᠷᠬᠡ ᠂ ᠠᠰᠢᠭ ᠬᠤᠪᠢᠶᠠᠬᠤ᠂ ᠵᠥᠪᠳᠡᠯᠴᠡᠬᠦ ᠴᠠᠯᠢᠩ ᠵᠡᠷᠭᠡ ᠣᠯᠠᠨ ᠵᠦᠢᠯ ᠤᠨ ᠬᠤᠪᠢᠶᠠᠷᠢᠯᠠᠯᠲᠠ ᠶᠢᠨ ᠤᠷᠮᠠᠰᠢᠭᠤᠯᠤᠨ ᠵᠣᠷᠢᠭᠵᠢᠭᠤᠯᠬᠤ ᠠᠷᠭ᠎ᠠ ᠬᠡᠯᠪᠡᠷᠢ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠲᠤᠰᠬᠠᠢ ᠠᠰᠢᠭ ᠤᠨ ᠡᠷᠬᠡ᠂ ᠵᠣᠬᠢᠶᠠᠯ ᠪᠦᠲᠦᠭᠡᠯ ᠤᠨ ᠡᠷᠬᠡ ᠵᠡᠷᠭᠡ ᠮᠡᠳᠡᠯᠭᠡ ᠶᠢᠨ ᠥᠮᠴᠢ ᠶᠢᠨ ᠡᠷᠬᠡ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢᠶᠠᠨ ᠬᠤᠪᠢᠷᠠᠭᠤᠯᠵᠤ᠂ ᠰᠲ᠋ᠣᠺ ᠤᠨ ᠡᠷᠬᠡ ᠂ ᠠᠵᠢᠯ ᠤᠨ ᠪᠠᠶᠢᠷᠢ ᠶᠢᠨ ᠠᠰᠢᠭ ᠬᠤᠪᠢᠶᠠᠷᠢᠯᠠᠬᠤ ᠡᠷᠬᠡ ᠶᠢ ᠪᠦᠷᠢᠯᠳᠦᠭᠦᠯᠬᠦ ᠵᠡᠷᠭᠡ ᠲᠠᠯ᠎ᠠ ᠪᠠᠷ ᠤᠷᠮᠠᠰᠢᠭᠤᠯᠤᠨ ᠵᠣᠷᠢᠭᠵᠢᠭᠤᠯᠬᠤ ᠡᠷᠴᠢᠮ ᠢᠶᠠᠨ ᠴᠢᠩᠭᠠᠳᠬᠠᠬᠤ ᠪᠤᠯᠤᠨ᠎ᠠ᠃ ᠡᠭᠦᠨ ᠤ ᠬᠠᠮᠲᠤ᠂ ︽ᠰᠠᠨᠠᠯ︾ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢᠶᠠᠨ ᠣᠷᠣᠯᠭ᠎ᠠ ᠪᠣᠯᠭᠠᠨ ᠬᠤᠪᠢᠷᠠᠭᠤᠯᠤᠨ ᠣᠯᠣᠭᠰᠠᠨ ᠠᠰᠢᠭ ᠣᠯᠵᠠᠪᠤᠷᠢ ᠶᠢᠨ ᠲᠣᠲᠣᠷᠠᠬᠢ ᠱᠠᠩᠨᠠᠯ ᠬᠦᠬᠢᠭᠦᠯᠦᠯ ᠤᠨ ᠬᠠᠷᠢᠴᠠᠯ ᠢ ᠲᠣᠳᠣᠷᠬᠠᠢ ᠲᠣᠭᠲᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢᠶᠠᠨ ᠰᠢᠯᠵᠢᠭᠦᠯᠦᠨ ᠥᠭᠬᠦ᠂ ᠪᠣᠰᠣᠳ ᠬᠦᠮᠦᠨ ᠬᠡᠷᠡᠭᠵᠢᠭᠦᠯᠬᠦ ᠶᠢ ᠵᠦᠪᠰᠢᠶᠡᠷᠡᠭᠦ ᠪᠤᠶᠤ ᠦᠨ᠎ᠡ ᠲᠣᠭᠲᠠᠭᠠᠨ ᠪᠡᠯᠡ ᠣᠷᠣᠭᠤᠯᠤᠭᠰᠠᠨ ᠪᠠᠶᠢᠪᠠᠯ᠂ ᠱᠠᠩᠨᠠᠯ ᠨᠢ ᠲᠤᠰ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠥᠭᠭᠦᠭᠰᠡᠨ᠂ ᠵᠦᠪᠰᠢᠶᠡᠷᠡᠭᠦᠯᠦᠭᠡᠳ ᠣᠯᠣᠭᠰᠠᠨ ᠴᠡᠪᠡᠷ ᠣᠷᠣᠯᠭ᠎ᠠ ᠪᠤᠶᠤ ᠦᠨ᠎ᠡ ᠲᠣᠭᠲᠠᠭᠠᠭᠰᠠᠨ ᠬᠤᠪᠢ ᠶᠢᠨ 70% ᠠᠴᠠ ᠳᠣᠣᠷ᠎ᠠ ᠪᠠᠶᠢᠵᠤ ᠪᠣᠯᠬᠤ ᠦᠭᠡᠢ︔ ᠦᠪᠡᠷᠲᠡᠭᠡᠨ ᠬᠡᠷᠡᠭᠵᠢᠭᠦᠯᠬᠦ ᠪᠤᠶᠤ ᠪᠣᠰᠣᠳ ᠬᠦᠮᠦᠨ ᠲᠠᠢ ᠬᠠᠮᠲᠤᠷᠠᠨ ᠬᠡᠷᠡᠭᠵᠢᠭᠦᠯᠦᠭᠰᠡᠨ ᠪᠠᠶᠢᠪᠠᠯ ᠬᠤᠪᠢᠷᠠᠭᠤᠯᠤᠯᠲᠠ ᠶᠢ ᠠᠮᠵᠢᠯᠲᠠ ᠲᠠᠢ ᠬᠡᠷᠡᠭᠵᠢᠭᠦᠯᠦᠭᠰᠡᠨ ᠤ ᠳᠠᠷᠠᠭᠠᠬᠢ 5 ᠵᠢᠯ ᠳᠤ᠂ ᠵᠢᠯ ᠪᠦᠷᠢ ᠲᠤᠰ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠡᠷᠡᠭᠵᠢᠭᠦᠯᠦᠨ ᠣᠯᠣᠭᠰᠠᠨ ᠡᠵᠡᠩᠨᠡᠯᠲᠡ ᠶᠢᠨ ᠣᠷᠣᠯᠭ᠎ᠠ ᠶᠢᠨ ᠳᠣᠲᠣᠷ᠎ᠠ ᠠᠴᠠ 5% ᠠᠴᠠ ᠲᠣᠣᠷ᠎ᠠ ᠦᠭᠡᠢ ᠬᠠᠷᠢᠴᠠᠯ ᠢᠶᠠᠷ ᠭᠠᠷᠭᠠᠨ ᠠᠪᠴᠤ ᠱᠠᠩᠨᠠᠯ ᠣᠯᠭᠤᠬᠤ ᠬᠡᠷᠡᠭᠲᠡᠢ ᠭᠡᠵᠦ ᠲᠣᠭᠲᠠᠵᠠᠢ᠃                               ᠬᠠᠷᠢᠭᠤᠴᠠᠭᠰᠠᠨ ᠨᠠᠶᠢᠷᠠᠭᠤᠯᠤᠭᠴᠢ᠄ ᠲᠤᠷᠤᠨ᠎ᠠ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号