ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 4 ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ ︵ | ᠰᠤᠷᠪᠤᠯᠵᠢᠯᠠᠭᠴᠢ ᠵᠣᠣ ᠧ ᠨᠥᠸᠧ︶ ᠰᠤᠷᠪᠤᠯᠵᠢᠯᠠᠭᠴᠢ 12 ᠤᠨ ᠡᠳᠦᠷ ᠰᠤᠷᠭᠠᠨ ᠬᠦᠮᠦᠵᠢᠯ ᠤᠨ ᠶᠠᠮᠤᠨ ᠤ | ᠰᠢᠯᠭᠠᠯᠲᠠ ᠶᠢᠨ ᠲᠥᠪ ᠠᠴᠠ ᠣᠶᠢᠯᠠᠭᠠᠭᠰᠠᠨ ᠨᠢ᠄ ︽ᠳᠤᠮᠳᠠᠳᠤ ᠤᠯᠤᠰ ᠤᠨ ᠠᠩᠭ᠍ᠯᠢ ᠬᠡᠯᠡᠨ ᠤ ᠴᠢᠳᠠᠪᠤᠷᠢ ᠶᠢᠨ | ᠳᠡᠰ ᠤᠨ ᠬᠡᠮᠵᠢᠭᠦᠷ︾ ᠢ ᠰᠤᠷᠭᠠᠨ ᠬᠦᠮᠦᠵᠢᠯ ᠤᠨ ᠶᠠᠮᠤᠨ᠂ ᠤᠯᠤᠰ ᠤᠨ ᠦᠭᠡ ᠬᠡᠯᠡ ᠦᠰᠦᠭ ᠪᠢᠴᠢᠭ ᠤᠨ | ᠠᠵᠢᠯ ᠤᠨ ᠵᠥᠪᠯᠡᠯ ᠠᠴᠠ ᠨᠡᠶᠢᠲᠡᠯᠡᠵᠦ᠂ 6 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠡᠨᠡ ᠪᠣᠯ | ᠮᠠᠨ ᠤ ᠤᠯᠤᠰ ᠤᠨ ᠠᠩᠭ᠍ᠯᠢ ᠬᠡᠯᠡ ᠰᠤᠷᠤᠯᠴᠠᠭᠰᠠᠳ ᠲᠤ ᠬᠠᠨᠳᠤᠭᠤᠯᠤᠭᠰᠠᠨ ᠠᠩᠭ᠍ᠯᠢ ᠬᠡᠯᠡᠨ ᠤ ᠴᠢᠳᠠᠪᠤᠷᠢ ᠶᠢ | ᠰᠢᠯᠭᠠᠨ ᠦᠨᠡᠯᠡᠬᠦ ᠠᠩᠬᠠᠨ ᠤ ᠪᠠᠷᠢᠮᠵᠢᠶ᠎ᠠ ᠪᠣᠯᠣᠨ᠎ᠠ᠃ | ︽ᠳᠤᠮᠳᠠᠳᠤ ᠤᠯᠤᠰ ᠤᠨ ᠠᠩᠭ᠍ᠯᠢ ᠬᠡᠯᠡᠨ ᠤ ᠴᠢᠳᠠᠪᠤᠷᠢ ᠶᠢᠨ ᠳᠡᠰ ᠤᠨ ᠬᠡᠮᠵᠢᠭᠦᠷ︾ ᠨᠢ ᠦᠭᠡ ᠬᠡᠯᠡᠨ ᠤ | ᠬᠡᠷᠡᠭᠯᠡᠭᠡᠨ ᠢᠶᠠᠷ ᠤᠳᠤᠷᠢᠳᠤᠮᠵᠢ ᠪᠣᠯᠭᠠᠵᠤ᠂ ᠰᠤᠷᠤᠯᠴᠠᠭᠴᠢ ᠶᠢᠨ ᠠᠩᠭ᠍ᠯᠢ ᠬᠡᠯᠡᠨ ᠤ ᠴᠢᠳᠠᠪᠤᠷᠢ ᠶᠢ ᠳᠣᠣᠷ᠎ᠠ ᠠᠴᠠ | ᠦᠨᠳᠦᠷ ᠲᠡᠶᠢᠰᠢ ︽ᠰᠠᠭᠤᠷᠢ᠂ ᠳᠡᠭᠡᠭᠰᠢᠯᠡᠯᠲᠡ ᠪᠠ ᠳᠠᠳᠮᠠᠭᠠᠢ︾ ᠭᠤᠷᠪᠠᠨ ᠱᠠᠲᠤ ᠬᠤᠪᠢᠶᠠᠵᠤ᠂ ᠨᠡᠶᠢᠲᠡ ᠶᠢᠰᠦᠨ | ᠵᠡᠷᠭᠡ ᠳᠡᠰ ᠲᠣᠬᠢᠷᠠᠭᠤᠯᠵᠤ᠂ ᠡᠯ᠎ᠡ ᠵᠡᠷᠭᠡ ᠳᠡᠰ ᠤᠨ ᠴᠢᠳᠠᠪᠤᠷᠢ ᠶᠢᠨ ᠰᠢᠨᠵᠢ ᠲᠡᠮᠳᠡᠭ ᠤᠨ ᠲᠤᠬᠠᠢ ᠪᠦᠬᠦ | ᠲᠠᠯ᠎ᠠ ᠶᠢᠨ᠂ ᠲᠣᠳᠣ ᠲᠣᠮᠣᠷᠠᠭᠤᠨ᠂ ᠨᠠᠷᠢᠨ ᠪᠤᠳᠠᠲᠠᠢ ᠲᠣᠳᠣᠷᠬᠠᠶᠢᠯᠠᠨ ᠥᠭᠦᠯᠡᠭᠰᠡᠨ ᠪᠠᠶᠢᠨ᠎ᠠ᠃ | ᠬᠡᠮᠵᠢᠭᠦᠷ ᠨᠢ ᠨᠢᠭᠡᠨ ︽ᠴᠢᠳᠠᠪᠤᠷᠢ ᠶᠢᠨ ᠬᠤᠪᠢᠶᠠᠷᠢᠲᠤ ᠱᠤᠭᠤᠮ︾ ᠢ ᠬᠠᠩᠭᠠᠵᠤ᠂ ᠰᠢᠯᠭᠠᠯᠲᠠ ᠶᠢᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠭᠠᠳᠠᠭᠠᠳᠤ ᠬᠡᠯᠡᠨ ᠤ ᠰᠢᠯᠭᠠᠯᠲᠠ ᠶᠢ | ᠠᠮᠠ ᠰᠡᠭᠡᠷ ᠵᠣᠯᠭᠠᠭᠤᠯᠬᠤ ᠶᠢ ᠲᠦᠯᠬᠢᠨ ᠠᠬᠢᠭᠤᠯᠵᠦ᠂ ᠣᠯᠠᠨ ᠡᠰᠢᠲᠦ ᠦᠨᠡᠯᠡᠯᠲᠡ ᠬᠢᠬᠦ᠂ ᠵᠢᠭᠠᠨ | ᠰᠤᠷᠭᠠᠯᠲᠠ ᠶᠢᠨ ᠬᠠᠷᠢᠭᠤ ᠮᠡᠳᠡᠭᠦᠯᠦᠯᠲᠡ ᠬᠢᠬᠦ ᠳᠤ ᠠᠬᠢᠭᠤᠯᠬᠤ ᠦᠢᠯᠡᠳᠦᠯ ᠦᠵᠡᠭᠦᠯᠦᠨ᠂ ︽ᠬᠡᠮᠵᠢᠶ᠎ᠡ ᠨᠢ | ᠲᠡᠩᠴᠡᠭᠦᠷᠢᠲᠠᠢ ᠪᠠᠶᠢᠬᠤ︾ ᠶᠢ ᠪᠡᠶᠡᠯᠡᠭᠦᠯᠦᠨ᠎ᠡ᠃ ᠬᠡᠮᠵᠢᠭᠦᠷ ᠨᠢ ᠮᠠᠨ ᠤ ᠤᠯᠤᠰ ᠤᠨ ᠡᠯ᠎ᠡ ᠱᠠᠲᠤᠨ ᠤ ᠡᠯ᠎ᠡ | ᠲᠦᠷᠦᠯ ᠤᠨ ᠠᠩᠭ᠍ᠯᠢ ᠬᠡᠯᠡ ᠰᠤᠷᠤᠯᠴᠠᠭᠴᠢ ᠶᠢᠨ ᠠᠩᠭ᠍ᠯᠢ ᠬᠡᠯᠡᠨ ᠤ ᠴᠢᠳᠠᠪᠤᠷᠢ ᠶᠢ ᠳᠣᠣᠷ᠎ᠠ ᠠᠴᠠ ᠳᠡᠭᠡᠭᠰᠢ | ᠰᠢᠰᠲ᠋ᠧᠮ ᠲᠠᠢ ᠠᠪᠴᠠᠯᠳᠤᠩᠭᠤᠢ ᠳᠦᠷᠰᠦᠯᠡᠵᠦ᠂ ᠠᠳᠠᠯᠢ ᠪᠣᠰᠤ ᠱᠠᠲᠤ ᠳᠡᠰ ᠤᠨ ᠬᠡᠯᠡ ᠰᠤᠷᠤᠯᠴᠠᠭᠴᠢ ᠪᠣᠯᠣᠨ | ᠬᠡᠷᠡᠭᠯᠡᠭᠴᠢ ᠶᠢᠨ ᠠᠩᠭ᠍ᠯᠢ ᠬᠡᠯᠡᠨ ᠴᠢᠳᠠᠪᠤᠷᠢ ᠶᠢ ᠪᠦᠬᠦᠨ ᠢ ᠬᠠᠮᠤᠷᠴᠠᠢ᠃ | ︽ᠳᠤᠮᠳᠠᠳᠤ ᠤᠯᠤᠰ ᠤᠨ ᠠᠩᠭ᠍ᠯᠢ ᠬᠡᠯᠡᠨ ᠤ ᠴᠢᠳᠠᠪᠤᠷᠢ ᠶᠢᠨ ᠳᠡᠰ ᠤᠨ ᠬᠡᠮᠵᠢᠭᠦᠷ︾ ᠢ ᠲᠣᠭᠲᠠᠭᠠᠭᠰᠠᠨ ᠨᠢ | ᠡᠯ᠎ᠡ ᠲᠦᠷᠦᠯ ᠤᠨ ᠭᠠᠳᠠᠭᠠᠳᠤ ᠬᠡᠯᠡᠨ ᠤ ᠰᠢᠯᠭᠠᠯᠲᠠ ᠳᠤ ᠰᠢᠨᠵᠢᠯᠡᠬᠦ ᠤᠬᠠᠭᠠᠨᠴᠢ ᠴᠢᠳᠠᠪᠤᠷᠢ ᠶᠢᠨ ᠭᠦᠢᠴᠡᠳᠬᠡᠬᠦ | ᠲᠤᠭ᠎ᠠ ᠶᠢᠨ ᠰᠢᠰᠲ᠋ᠧᠮ ᠪᠣᠯᠣᠨ ᠣᠨᠣᠪᠴᠢᠲᠠᠢ ᠴᠢᠳᠠᠪᠤᠷᠢ ᠶᠢᠨ ᠪᠠᠷᠢᠮᠵᠢᠶ᠎ᠠ ᠶᠢ ᠬᠠᠩᠭᠠᠬᠤ ᠪᠠᠷ ᠵᠣᠷᠢᠯᠭ᠎ᠠ ᠪᠠᠨ | ᠪᠣᠯᠭᠠᠵᠤ᠂ ᠰᠢᠯᠭᠠᠯᠲᠠ ᠶᠢᠨ ᠵᠢᠷᠤᠭ ᠲᠥᠯᠥᠪᠯᠡᠭᠡ ᠶᠢ ᠨᠡᠩ ᠪᠦᠬᠦ ᠲᠠᠯ᠎ᠠ ᠶᠢᠨ᠂ ᠰᠢᠰᠲ᠋ᠧᠮ ᠲᠠᠢ ᠪᠣᠯᠭᠠᠨ᠂ ᠠᠳᠠᠯᠢ | ᠪᠤᠰᠤ ᠰᠤᠷᠤᠯᠴᠠᠭᠰᠠᠨ ᠦᠷ᠎ᠡ ᠪᠦᠲᠦᠮᠵᠢ ᠶᠢᠨ ᠲᠠᠯ᠎ᠠ ᠪᠠᠷ ᠬᠢ ᠨᠡᠪᠲᠡᠷᠡᠯᠴᠡᠭᠡ ᠪᠠ ᠬᠠᠷᠢᠯᠴᠠᠨ ᠮᠡᠳᠡᠷᠡᠬᠦ ᠳᠤ | ᠦᠨᠳᠦᠰᠦ ᠪᠠᠷᠢᠮᠲᠠ ᠬᠠᠩᠭᠠᠨ᠂ ᠰᠤᠷᠤᠯᠭ᠎ᠠ ᠶᠢᠨ ᠡᠯ᠎ᠡ ᠬᠡᠰᠡᠭ ᠢ ᠵᠣᠯᠭᠠᠭᠤᠯᠬᠤ ᠪᠠ ᠠᠩᠭ᠍ᠯᠢ ᠬᠡᠯᠡ ᠵᠢᠭᠠᠬᠤ᠂ | ᠰᠤᠷᠬᠤ ᠪᠠ ᠬᠡᠮᠵᠢᠬᠦ ᠶᠢᠨ ᠵᠣᠬᠢᠴᠠᠩᠭᠤᠢ ᠬᠦᠭᠵᠢᠯᠲᠡ ᠶᠢ ᠠᠬᠢᠭᠤᠯᠤᠨ᠂ ᠭᠠᠳᠠᠭᠠᠳᠤ ᠬᠡᠯᠡ ᠰᠤᠷᠤᠯᠴᠠᠬᠤ ᠴᠢᠨᠠᠷ | ᠴᠢᠨᠰᠠᠭ᠎ᠠ ᠪᠠ ᠦᠢᠯᠡᠳᠦᠯ ᠢ ᠳᠡᠭᠡᠭᠰᠢᠯᠡᠭᠦᠯᠬᠦ ᠪᠠᠷ ᠵᠣᠷᠢᠵᠠᠢ᠃ | ᠬᠠᠷᠢᠭᠤᠴᠠᠭᠰᠠᠨ ᠨᠠᠶᠢᠷᠠᠭᠤᠯᠤᠭᠴᠢ᠄ ᠲᠤᠷᠤᠨ᠎ᠠ |