ᠪᠦᠬᠦᠳᠠ ᠨᠡᠶᠢᠷᠡᠮᠳᠡᠬᠤ ᠲᠤᠮᠳᠡᠳᠦ ᠠᠷᠡᠦᠠ ᠤᠯᠦᠰ ᠤᠨ ᠬᠢᠨᠡᠠ ᠪᠠᠶᠢᠴᠡᠭᠠᠬᠤ ᠬᠠᠦᠯᠢ
ᠨᠡᠶᠢᠲᠡᠯᠡᠭᠰᠡᠨ ᠴᠠᠭ᠄
2018/4/26
        ᠪᠦᠬᠦᠳᠠ ᠨᠡᠶᠢᠷᠡᠮᠳᠡᠬᠤ ᠲᠤᠮᠳᠡᠳᠦ ᠠᠷᠡᠦᠠ ᠤᠯᠦᠰ ᠤᠨ ᠬᠢᠨᠡᠠ ᠪᠠᠶᠢᠴᠡᠭᠠᠬᠤ ᠬᠠᠦᠯᠢ       ︵2018 ᠤᠠ ᠤ 3 ᠰᠡᠷ᠎ᠠ ᠶᠢᠨ 20 ᠤ ᠡᠳᠦᠷ ᠠᠷᠪᠠᠨ ᠭᠤᠷᠪᠠᠳᠤᠭᠠᠷ ᠬᠤᠭᠤᠴᠡᠭᠠᠠ ᠤ ᠪᠦᠬᠦ ᠤᠯᠦᠰ ᠤᠨ ᠠᠷᠡᠦᠠ ᠤᠨ ᠲᠦᠯᠦᠭᠡᠯᠡᠭᠴᠢᠦᠠ ᠤᠨ ᠶᠡᠭᠡ ᠬᠤᠷᠡᠯ ᠤᠨ ᠠᠩᠬᠠᠳᠤᠭᠠᠷ ᠬᠤᠷᠠᠯᠳᠤᠭᠠᠨ ᠠᠴᠠ ᠪᠠᠳᠤᠯᠠᠪᠠ︶ ᠭᠠᠷᠴᠠᠬ᠄    ᠨᠢᠭᠡᠳᠦᠭᠡᠷ ᠪᠦᠯᠦᠭ ᠶᠡᠷᠦᠩᠭᠡᠢ ᠲᠦᠷᠢᠮ    ᠬᠤᠶᠡᠳᠦᠭᠠᠷ ᠪᠦᠯᠦᠭ ᠬᠢᠨᠡᠠ ᠪᠠᠶᠢᠴᠡᠭᠠᠬᠤ ᠪᠠᠶᠢᠭᠤᠯᠭ᠎ᠠ ᠵᠢᠴᠢ ᠲᠡᠬᠦᠨ ᠤ ᠲᠤᠰᠢᠶᠠᠯ ᠬᠠᠷᠢᠭᠤᠴᠠᠯᠭ᠎ᠠ    ᠭᠤᠷᠪᠡᠳᠦᠭᠠᠷ ᠪᠦᠯᠦᠭ ᠬᠢᠨᠡᠠ ᠪᠠᠶᠢᠴᠡᠭᠠᠬᠤ ᠬᠦᠷᠢᠶ᠎ᠡ ᠬᠡᠪᠴᠢᠶ᠎ᠠ ᠪᠠ ᠬᠠᠮᠢᠶᠠᠷᠬᠤ ᠬᠠᠷᠢᠶᠠᠯᠠᠯ    ᠲᠦᠷᠪᠡᠳᠦᠭᠡᠷ ᠪᠦᠯᠦᠭ ᠬᠢᠨᠡᠠ ᠪᠠᠶᠢᠴᠡᠭᠠᠬᠤ ᠡᠷᠭᠡ ᠶᠢᠨ ᠬᠡᠪᠴᠢᠶ᠎ᠡ    ᠲᠡᠪᠦᠳᠦᠭᠠᠷ ᠪᠦᠯᠦᠭ ᠬᠢᠨᠡᠠ ᠪᠠᠶᠢᠴᠡᠭᠠᠬᠤ ᠵᠢᠷᠦᠮ    ᠵᠢᠷᠭᠤᠳᠦᠭᠠᠷ ᠪᠦᠯᠦᠭ ᠢᠯᠵᠠᠷᠠᠯ ᠢ ᠡᠰᠡᠷᠬᠦᠴᠡᠬᠦ ᠤᠯᠠᠨ ᠤᠯᠤᠰ ᠤᠨ ᠬᠠᠮᠳᠤᠷᠠᠯᠴᠠᠭ᠎ᠠ    ᠲᠤᠯᠦᠳᠦᠭᠠᠷ ᠪᠦᠯᠦᠭ ᠬᠢᠨᠠᠨ ᠪᠠᠶᠢᠴᠠᠭᠠᠬᠤ ᠪᠠᠶᠢᠭᠤᠯᠭ᠎ᠠ ᠪᠠ ᠬᠢᠨᠠᠨ ᠪᠠᠶᠢᠴᠠᠭᠠᠬᠤ ᠠᠵᠢᠯᠳᠠᠨ ᠳᠤ ᠲᠠᠯᠪᠢᠬᠤ ᠬᠢᠨᠠᠯᠳᠠ    ᠨᠠᠶᠢᠮᠠᠳᠤᠭᠠᠷ ᠪᠦᠯᠦᠭ ᠬᠠᠦᠯᠢ ᠶᠢᠨ ᠬᠠᠷᠢᠭᠤᠴᠡᠯᠭ᠎ᠠ    ᠶᠢᠰᠦᠳᠦᠭᠡᠷ ᠪᠦᠯᠦᠭ ᠲᠡᠭᠠᠯᠳᠦᠭᠤᠯᠦᠡᠡᠰᠡᠠ ᠲᠦᠷᠢᠮ    ᠨᠢᠭᠡᠳᠦᠭᠡᠷ ᠪᠦᠯᠦᠭ ᠶᠡᠷᠦᠩᠭᠡᠢ ᠲᠦᠷᠢᠮ    ᠨᠢᠭᠡᠳᠦᠭᠡᠷ ᠵᠦᠢᠯ ᠤᠯᠤᠰ ᠤᠨ ᠬᠢᠨᠡᠠ ᠪᠠᠶᠢᠴᠡᠭᠠᠬᠤ ᠪᠠᠶᠢᠭᠤᠯᠤᠯ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠨᠡᠶᠢᠳᠡ ᠶᠢᠨ ᠡᠷᠬᠡ ᠶᠢ ᠬᠡᠷᠡᠭᠵᠢᠬᠦᠯᠵᠦ ᠪᠠᠶᠢᠭ᠎ᠠ ᠪᠤᠢ ᠪᠦᠬᠦᠢ ᠠᠯᠪᠠᠨ ᠲᠤᠰᠢᠶᠠᠯᠳᠠᠨ ᠳᠤ ᠲᠠᠯᠪᠢᠬᠤ ᠬᠢᠨᠠᠯᠳᠠ ᠶᠢ ᠴᠢᠩᠭᠠᠳᠬᠠᠨ᠂ ᠤᠯᠦᠰ ᠤᠨ ᠬᠢᠨᠠᠨ ᠪᠠᠶᠢᠴᠠᠭᠠᠯᠳᠠ ᠶᠢ ᠨᠡᠶᠢᠳᠡᠮ ᠬᠡᠷᠡᠭᠵᠢᠬᠦᠯᠬᠦ ᠶᠢ ᠪᠡᠶᠡᠯᠡᠬᠦᠯᠵᠦ᠂ ᠢᠯᠵᠠᠷᠠᠯ ᠢ ᠡᠰᠡᠷᠬᠦᠴᠡᠬᠦ ᠠᠵᠢᠯ ᠢ ᠬᠦᠨᠵᠡᠭᠡᠢ ᠦᠷᠨᠢᠬᠦᠯᠵᠦ᠂ ᠲᠦᠷᠦ ᠶᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠤᠳᠤᠬᠢᠴᠢᠯᠠᠯᠲᠠ ᠶᠢ ᠠᠬᠢᠭᠤᠯᠬᠤ ᠶᠢᠨ ᠲᠦᠯᠦᠭᠡ᠂ ᠤᠶᠢᠡᠳᠦᠰᠦᠠ ᠬᠠᠦᠯᠢ ᠶᠢ ᠤᠶᠢᠡᠳᠦᠰᠦᠯᠡᠠ ᠲᠤᠰ ᠬᠠᠦᠯᠢ ᠶᠢ ᠲᠤᠡᠡᠳᠡᠭᠠᠪᠡ᠃    ᠬᠤᠶᠡᠳᠦᠭᠠᠷ ᠵᠦᠢᠯ ᠤᠯᠤᠰ ᠤᠨ ᠬᠢᠨᠠᠨ ᠪᠠᠶᠢᠴᠠᠭᠠᠬᠤ ᠠᠵᠢᠯ ᠳᠠᠬᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠦ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠲᠤᠮᠳᠠᠳᠤ ᠤᠯᠤᠰ ᠤᠨ ᠤᠨᠴᠠᠯᠢᠬ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠲᠦᠪᠯᠡᠷᠡᠩᠬᠦᠢ ᠨᠢᠭᠡᠳᠦᠯᠳᠡᠢ᠂ ᠡᠷᠬᠡ ᠰᠦᠷ ᠲᠠᠢ ᠦᠨᠳᠦᠷ ᠪᠦᠳᠦᠮᠵᠢᠳᠡᠢ ᠲᠤᠮᠳᠠᠳᠤ ᠤᠯᠤᠰ ᠤᠨ ᠤᠨᠴᠠᠯᠢᠬ ᠪᠦᠬᠦᠢ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠯ ᠢ ᠪᠠᠶᠢᠭᠤᠯᠤᠨ᠎ᠠ᠃    ᠭᠤᠷᠪᠠᠳᠤᠭᠠᠷ ᠵᠦᠢᠯ ᠡᠯ᠎ᠡ ᠱᠠᠳᠤᠨ ᠤ ᠬᠢᠨᠡᠠ ᠪᠠᠶᠢᠴᠡᠭᠠᠬᠤ ᠵᠦᠪᠯᠡᠯ ᠪᠤᠯ ᠲᠦᠷᠦ ᠶᠢᠨ ᠬᠢᠨᠡᠠ ᠪᠠᠶᠢᠴᠡᠭᠠᠬᠤ ᠡᠬᠦᠷᠭᠡ ᠴᠢᠳᠠᠪᠦᠷᠢ ᠶᠢ ᠬᠡᠷᠡᠭᠵᠢᠬᠦᠯᠬᠦ ᠲᠤᠰᠬᠠᠢ ᠬᠠᠷᠢᠭᠤᠴᠠᠬᠤ ᠪᠠᠶᠢᠭᠤᠯᠭ᠎ᠠ ᠮᠦᠨ᠂ ᠲᠡᠷᠡ ᠨᠢ ᠲᠤᠰ ᠬᠠᠦᠯᠢ ᠶᠢ ᠤᠶᠢᠡᠳᠦᠰᠦᠯᠡᠠ ᠨᠡᠶᠢᠳᠡ ᠶᠢᠨ ᠡᠷᠬᠡ ᠶᠢ ᠬᠡᠷᠡᠭᠵᠢᠬᠦᠯᠬᠦ ᠪᠤᠢ ᠪᠦᠬᠦᠢ ᠠᠯᠪᠠᠨ ᠲᠤᠰᠢᠶᠠᠯᠳᠠᠨ ︵ᠲᠤᠷᠤᠬᠰᠢ ᠠᠯᠪᠠᠨ ᠲᠤᠰᠢᠶᠠᠯᠳᠠᠨ ᠭᠡᠵᠦ ᠲᠤᠪᠴᠢᠯᠠᠨ᠎ᠠ︶ ᠢ ᠬᠢᠨᠠᠨ ᠪᠠᠶᠢᠴᠠᠭᠠᠵᠦ᠂ ᠡᠷᠬᠡ ᠲᠤᠰᠢᠶᠠᠯ ᠢᠶᠠᠨ ᠠᠰᠢᠬᠯᠠᠨ ᠬᠠᠤᠯᠢ ᠶᠢ ᠵᠦᠷᠢᠴᠡᠭᠰᠡᠳ ᠪᠠ ᠡᠷᠬᠡ ᠲᠤᠰᠢᠶᠠᠯ ᠢᠶᠠᠨ ᠠᠰᠢᠬᠯᠠᠨ ᠶᠠᠯ᠎ᠠ ᠬᠢᠭᠰᠡᠳ ᠢ ᠪᠠᠶᠢᠴᠠᠭᠠᠵᠦ᠂ ᠠᠷᠢᠭᠤᠨ ᠴᠢᠭᠡᠴᠢ ᠪᠠᠷ ᠵᠠᠰᠠᠬ ᠪᠠᠷᠢᠬᠤ ᠪᠠᠶᠢᠭᠤᠯᠤᠯᠳᠠ ᠪᠠ ᠢᠯᠵᠠᠷᠠᠯ ᠢ ᠡᠰᠡᠷᠬᠦᠴᠡᠬᠦ ᠠᠵᠢᠯ ᠢ ᠦᠷᠨᠢᠬᠦᠯᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠨᠡᠷ᠎ᠡ ᠬᠦᠨᠳᠦ ᠶᠢ ᠬᠠᠮᠠᠭᠠᠯᠠᠨ᠎ᠠ᠃    ᠲᠦᠷᠪᠡᠳᠦᠭᠡᠷ ᠵᠦᠢᠯ ᠬᠢᠨᠡᠠ ᠪᠠᠶᠢᠴᠡᠭᠠᠬᠤ ᠵᠦᠪᠯᠡᠯ ᠬᠠᠤᠯᠢ ᠴᠠᠭᠠᠵᠠ ᠶᠢᠨ ᠲᠤᠬᠳᠠᠭᠠᠯ ᠶᠤᠰᠤᠭᠠᠷ ᠬᠢᠨᠠᠨ ᠪᠠᠶᠢᠴᠠᠭᠠᠬᠤ ᠡᠷᠬᠡ ᠪᠠᠨ ᠪᠡᠶ᠎ᠡ ᠪᠠᠨ ᠲᠠᠭᠠᠭᠠᠵᠦ ᠬᠡᠷᠡᠭᠵᠢᠬᠦᠯᠦᠨ᠎ᠠ᠂ ᠵᠡᠰᠠᠬ ᠵᠡᠬᠢᠷᠭᠠᠠ ᠤ ᠪᠠᠶᠢᠭᠤᠯᠭ᠎ᠠ᠂ ᠨᠡᠶᠢᠭᠡᠮ ᠤᠨ ᠪᠦᠯᠬᠦᠮ ᠪᠠ ᠬᠤᠪᠢ ᠬᠦᠮᠦᠠ ᠭᠠᠷ ᠲᠦᠷᠦᠵᠦ ᠪᠤᠯᠬᠤ ᠤᠶᠢᠭᠡᠢ᠃ ᠬᠢᠨᠠᠨ ᠪᠠᠶᠢᠴᠠᠭᠠᠬᠤ ᠪᠠᠶᠢᠭᠤᠯᠭ᠎ᠠ ᠨᠢ ᠡᠷᠭᠡ ᠲᠤᠰᠢᠶᠡᠯ ᠢᠶᠠᠨ ᠠᠰᠢᠬᠯᠠᠨ ᠬᠠᠤᠯᠢ ᠠᠴᠠ ᠵᠦᠷᠢᠴᠡᠭᠰᠡᠨ ᠪᠠ ᠡᠷᠬᠡ ᠲᠤᠰᠢᠶᠠᠯ ᠢᠶᠠᠨ ᠠᠰᠢᠬᠯᠠᠨ ᠶᠠᠯ᠎ᠠ ᠬᠢᠭᠰᠡᠨ ᠬᠡᠷᠡᠭ ᠢ ᠰᠢᠢᠳᠪᠦᠷᠢᠯᠡᠬᠦ ᠳᠡᠭᠡᠨ ᠰᠢᠬᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ ᠬᠠᠤᠯᠢ ᠬᠡᠷᠡᠭᠵᠢᠬᠦᠯᠬᠦ ᠰᠠᠯᠠᠭ᠎ᠠ ᠮᠦᠴᠢᠷ ᠲᠠᠢ ᠬᠠᠷᠢᠯᠴᠠᠨ ᠬᠠᠮᠵᠢᠯᠴᠠᠵᠦ᠂ ᠬᠠᠷᠢᠯᠴᠠᠨ ᠬᠢᠵᠠᠭᠠᠷᠯᠠᠬᠤ ᠬᠡᠷᠡᠭᠳᠡᠢ᠃ ᠬᠢᠨᠠᠨ ᠪᠠᠶᠢᠴᠠᠭᠠᠬᠤ ᠪᠠᠶᠢᠭᠤᠯᠭ᠎ᠠ ᠠᠵᠢᠯ ᠤᠨ ᠲᠤᠮᠳᠠ ᠪᠠᠨ ᠬᠠᠮᠵᠢᠭᠤᠯᠬᠤ ᠴᠢᠬᠤᠯᠠᠳᠡᠢ ᠪᠠᠶᠢᠪᠠᠯ᠂ ᠬᠤᠯᠪᠤᠬᠳᠠᠯ ᠪᠦᠬᠦᠢ ᠪᠠᠶᠢᠭᠤᠯᠭ᠎ᠠ ᠪᠠ ᠨᠢᠭᠡᠴᠡ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ ᠬᠠᠤᠯᠢ ᠶᠤᠰᠤᠭᠠᠷ ᠬᠠᠮᠵᠢᠬᠤ ᠬᠡᠷᠡᠭᠳᠡᠢ᠃    ᠲᠠᠪᠤᠳᠤᠭᠠᠷ ᠵᠦᠢᠯ ᠤᠯᠤᠰ ᠤᠨ ᠬᠢᠨᠡᠠ ᠪᠠᠶᠢᠴᠡᠭᠠᠬᠤ ᠠᠵᠢᠯ ᠳᠤ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠴᠢᠩᠭ᠎ᠠ ᠵᠢᠷᠤᠮᠯᠠᠨ᠂ ᠪᠤᠳᠡᠳᠦ ᠶᠡᠪᠦᠳᠡᠯ ᠢᠶᠠᠷ ᠤᠶᠢᠡᠳᠦᠰᠦᠯᠡᠯ ᠪᠤᠯᠭᠠᠵᠦ᠂ ᠬᠠᠦᠯᠢ ᠴᠡᠭᠠᠵᠠ ᠪᠠᠷ ᠪᠡᠷᠢᠮᠵᠢᠶ᠎ᠠ ᠪᠤᠯᠭᠠᠨ᠎ᠠ︔ ᠬᠠᠦᠯᠢ ᠴᠡᠭᠠᠵᠠ ᠶᠢ ᠳᠤᠬᠢᠷᠠᠭᠤᠯᠤᠨ ᠭᠡᠷᠡᠭᠯᠡᠬᠦ ᠲᠡᠯ᠎ᠠ ᠪᠠᠷ ᠴᠦᠮ ᠠᠳᠡᠯᠢ ᠲᠡᠭᠰᠢ ᠡᠷᠭᠡ ᠲᠠᠢ ᠪᠠᠶᠢᠵᠤ᠂ ᠳᠤᠬᠠᠢ ᠶᠢᠨ ᠬᠦᠮᠦᠨ ᠤ ᠬᠠᠤᠯᠢ ᠶᠤᠰᠤᠨ ᠤ ᠡᠷᠬᠡ ᠠᠰᠢᠭ ᠢ ᠪᠠᠳᠤᠯᠠᠨ᠎ᠠ︔ ᠡᠷᠬᠡ ᠬᠠᠷᠢᠭᠤᠴᠠᠯᠭ᠎ᠠ ᠶᠢ ᠠᠳᠠᠯᠢ ᠪᠠᠶᠢᠯᠭᠠᠵᠦ᠂ ᠴᠢᠩᠭ᠎ᠠ ᠬᠢᠨᠠᠯᠳᠠ ᠲᠠᠯᠪᠢᠨ᠎ᠠ︔ ᠵᠠᠯᠬᠠᠭᠠᠨ ᠴᠡᠭᠡᠷᠯᠡᠭᠦᠯᠭᠦ ᠪᠣᠯᠣᠨ ᠰᠣᠷᠭᠠᠨ ᠭᠦᠮᠦᠵᠢᠭᠦᠯᠭᠦ ᠶᠢ ᠣᠶᠠᠯᠳᠣᠭᠤᠯᠵᠦ᠂ ᠠᠭᠤᠴᠢᠯᠠᠨ ᠰᠢᠢᠳᠭᠡᠬᠦ ᠪᠤᠯᠤᠨ ᠴᠢᠩᠭ᠎ᠠ ᠰᠢᠳᠭᠡᠬᠦ ᠶᠢ ᠬᠤᠤᠰᠯᠠᠭᠤᠯᠤᠨ᠎ᠠ᠃    ᠵᠢᠷᠭᠤᠳᠤᠭᠠᠷ ᠵᠦᠢᠯ ᠤᠯᠤᠰ ᠤᠨ ᠬᠢᠨᠠᠨ ᠪᠠᠶᠢᠴᠠᠭᠠᠬᠤ ᠠᠵᠢᠯ ᠳᠤ ᠦᠩᠬᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠬᠤ᠂ ᠶᠡᠷᠦᠩᠬᠡᠶᠢᠯᠡᠨ ᠵᠠᠰᠠᠬᠤ ᠶᠢ ᠪᠠᠷᠢᠮᠳᠠᠯᠠᠵᠦ᠂ ᠬᠢᠨᠠᠯᠳᠠ ᠲᠠᠯᠪᠢᠵᠦ ᠬᠠᠷᠢᠭᠤᠴᠠᠯᠭ᠎ᠠ ᠨᠡᠭᠡᠮᠵᠢᠯᠡᠬᠦ ᠶᠢ ᠴᠢᠩᠭᠠᠳᠬᠠᠵᠦ᠂ ᠢᠯᠵᠠᠷᠠᠯ ᠢ ᠴᠢᠩᠭ᠎ᠠ ᠵᠠᠯᠬᠠᠭᠠᠨ ᠰᠢᠳᠭᠡᠨ᠎ᠡ︔ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠂ ᠬᠠᠤᠯᠢ ᠪᠠᠷ ᠵᠠᠰᠠᠬᠤ ᠶᠢ ᠲᠡᠬᠦᠯᠳᠡᠷᠵᠢᠬᠦᠯᠵᠦ᠂ ᠡᠷᠬᠡ ᠶᠢ ᠪᠦᠳᠦᠮᠵᠢᠳᠡᠢ ᠬᠢᠵᠠᠭᠠᠷᠯᠠᠨ ᠬᠢᠨᠠᠨ᠎ᠠ︔ ᠬᠠᠤᠯᠢ ᠪᠠᠷ ᠵᠠᠰᠠᠬᠤ ᠬᠦᠮᠦᠵᠢᠯ ᠪᠠ ᠶᠤᠰᠤ ᠮᠤᠷᠠᠯ ᠤᠨ ᠬᠦᠮᠦᠵᠢᠯ ᠢ ᠴᠢᠩᠭᠠᠳᠬᠠᠵᠦ᠂ ᠲᠤᠮᠳᠠᠳᠤ ᠶᠢᠨ ᠰᠢᠯᠢᠳᠡᠭ ᠤᠯᠠᠮᠵᠢᠯᠠᠯᠳᠤ ᠰᠤᠶᠤᠯ ᠢ ᠪᠠᠳᠠᠷᠠᠭᠤᠯᠤᠨ᠂ ᠢᠯᠵᠠᠷᠠᠬᠤ ᠵᠤᠷᠢᠭ ᠦᠭᠡᠢ᠂ ᠢᠯᠵᠠᠷᠠᠵᠤ ᠳᠡᠶᠢᠯᠬᠦ ᠦᠭᠡᠢ᠂ ᠢᠯᠵᠠᠷᠠᠬᠤ ᠶᠢ ᠪᠤᠳᠤᠬᠤ ᠦᠭᠡᠢ ᠪᠤᠯᠭᠠᠬᠤ ᠤᠷᠳᠤ ᠬᠤᠭᠤᠴᠠᠭᠠᠨ ᠤ ᠪᠦᠳᠦᠮᠵᠢᠳᠡᠢ ᠲᠤᠬᠳᠠᠴᠠ ᠶᠢ ᠪᠠᠶᠢᠭᠤᠯᠤᠨ᠎ᠠ᠃    ᠬᠤᠶᠠᠳᠤᠭᠠᠷ ᠪᠦᠯᠦᠭ ᠬᠢᠨᠡᠠ ᠪᠠᠶᠢᠴᠡᠭᠠᠬᠤ ᠪᠠᠶᠢᠭᠤᠯᠭ᠎ᠠ ᠵᠢᠴᠢ ᠲᠡᠬᠦᠨ ᠤ ᠲᠤᠰᠢᠶᠠᠯ ᠬᠠᠷᠢᠭᠤᠴᠡᠯᠭ᠎ᠠ    ᠲᠤᠯᠤᠳᠤᠭᠠᠷ ᠵᠦᠢᠯ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠯᠤᠰ ᠤᠨ ᠬᠢᠨᠡᠠ ᠪᠠᠶᠢᠴᠡᠭᠠᠬᠤ ᠵᠦᠪᠯᠡᠯ ᠪᠤᠯ ᠬᠠᠮᠤᠭ ᠤᠨ ᠲᠡᠭᠡᠳᠦ ᠬᠢᠨᠠᠨ ᠪᠠᠶᠢᠴᠠᠭᠠᠬᠤ ᠪᠠᠶᠢᠭᠤᠯᠭ᠎ᠠ ᠮᠦᠨ᠃ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ᠂ ᠦᠪᠡᠷᠳᠡᠭᠡᠨ ᠵᠠᠰᠠᠬᠤ ᠵᠸᠦ᠂ ᠰᠢᠶᠠᠨ᠂ ᠦᠪᠡᠷᠳᠡᠭᠡᠨ ᠵᠠᠰᠠᠬᠤ ᠰᠢᠶᠠᠨ᠂ ᠬᠤᠳᠠ᠂ ᠬᠤᠳᠠ ᠶᠢᠨ ᠬᠠᠷᠢᠶ᠎ᠠ ᠲᠤᠭᠤᠷᠢᠭ ᠬᠢᠨᠠᠨ ᠪᠠᠶᠢᠴᠠᠭᠠᠬᠤ ᠵᠦᠪᠯᠡᠯ ᠪᠠᠶᠢᠭᠤᠯᠤᠨ᠎ᠠ᠃    ᠨᠠᠶᠢᠮᠠᠳᠤᠭᠠᠷ ᠵᠦᠢᠯ ᠤᠯᠤᠰ ᠤᠨ ᠬᠢᠨᠡᠠ ᠪᠠᠶᠢᠴᠡᠭᠠᠬᠤ ᠵᠦᠪᠯᠡᠯ ᠨᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠢᠶᠠᠷ ᠪᠤᠢ ᠪᠤᠯᠵᠦ᠂ ᠪᠦᠬᠦ ᠤᠯᠤᠰ ᠤᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠤᠯᠤᠰ ᠤᠨ ᠬᠢᠨᠡᠠ ᠪᠠᠶᠢᠴᠡᠭᠠᠬᠤ ᠵᠦᠪᠯᠡᠯ ᠨᠢ ᠡᠷᠬᠢᠯᠡᠭᠴᠢ᠂ ᠲᠡᠳ᠋ ᠡᠷᠬᠢᠯᠡᠭᠴᠢᠳ᠂ ᠬᠡᠰᠢᠬᠦᠳ ᠢᠶᠠᠷ ᠪᠦᠷᠢᠯᠳᠦᠵᠦ᠂ ᠡᠷᠬᠢᠯᠡᠭᠴᠢ ᠶᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠢᠶᠠᠷ ᠰᠤᠩᠭᠤᠵᠦ᠂ ᠲᠡᠳ᠋ ᠡᠷᠬᠢᠯᠡᠭᠴᠢ᠂ ᠬᠡᠰᠢᠬᠦᠨ ᠢ ᠤᠯᠤᠰ ᠤᠨ ᠬᠢᠨᠡᠠ ᠪᠠᠶᠢᠴᠡᠭᠠᠬᠤ ᠵᠦᠪᠯᠡᠯ ᠤᠨ ᠡᠷᠬᠢᠯᠡᠭᠴᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠲᠤᠷᠠᠳᠤᠯᠭ᠎ᠠ ᠲᠡᠪᠰᠢᠬᠦᠯᠵᠦ ᠲᠤᠮᠢᠯᠠᠭᠤᠯᠬᠤ ᠪᠠ ᠪᠠᠭᠤᠯᠭᠠᠭᠤᠯᠤᠨ᠎ᠠ᠃ ᠤᠯᠤᠰ ᠤᠨ ᠬᠢᠨᠡᠠ ᠪᠠᠶᠢᠴᠡᠭᠠᠬᠤ ᠵᠦᠪᠯᠡᠯ ᠤᠨ ᠡᠷᠬᠢᠯᠡᠭᠴᠢ ᠶᠢᠨ ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠨᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠲᠠᠢ ᠠᠳᠠᠯᠢ ᠪᠠᠶᠢᠵᠦ᠂ ᠵᠠᠯᠭᠠᠭ᠎ᠠ ᠪᠠᠷ ᠬᠤᠶᠠᠷ ᠬᠤᠭᠤᠴᠠᠭ᠎ᠠ ᠠᠴᠠ ᠢᠯᠡᠬᠦᠦ ᠲᠤᠰᠢᠶᠠᠯ ᠡᠬᠦᠷᠭᠡᠯᠡᠵᠦ ᠪᠤᠯᠬᠤ ᠦᠭᠡᠢ᠃ ᠤᠯᠤᠰ ᠤᠨ ᠬᠢᠨᠡᠠ ᠪᠠᠶᠢᠴᠡᠭᠠᠬᠤ ᠵᠦᠪᠯᠡᠯ ᠨᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠬᠦᠨ ᠤ ᠪᠠᠶᠢᠩᠭᠤ ᠶᠢᠨ ᠬᠤᠷᠢᠶᠠᠨ ᠳᠤ ᠬᠠᠷᠢᠭᠤᠴᠠᠬᠤ ᠪᠦᠭᠡᠳ ᠲᠡᠬᠦᠨ ᠤ ᠬᠢᠨᠠᠯᠳᠠ ᠶᠢ ᠬᠦᠯᠢᠶᠡᠨ᠎ᠡ᠃    ᠶᠢᠰᠦᠳᠦᠭᠡᠷ ᠵᠦᠢᠯ ᠤᠷᠤᠨ ᠨᠤᠳᠤᠭ ᠤᠨ ᠡᠯ᠎ᠡ ᠱᠠᠳᠤᠨ ᠤ ᠬᠢᠨᠠᠨ ᠪᠠᠶᠢᠴᠠᠭᠠᠬᠤ ᠵᠦᠪᠯᠡᠯ ᠨᠢ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠢᠶᠠᠷ ᠪᠤᠢ ᠪᠤᠯᠵᠦ᠂ ᠲᠤᠰ ᠵᠠᠰᠠᠬ ᠵᠠᠬᠢᠷᠭᠠᠨ ᠤ ᠤᠷᠤᠨ ᠤ ᠲᠤᠳᠤᠷᠠᠬᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠤᠷᠤᠨ ᠨᠤᠳᠤᠭ ᠤᠨ ᠡᠯ᠎ᠡ ᠱᠠᠳᠤᠨ ᠤ ᠬᠢᠨᠠᠨ ᠪᠠᠶᠢᠴᠠᠭᠠᠬᠤ ᠵᠦᠪᠯᠡᠯ ᠨᠢ ᠡᠷᠬᠢᠯᠡᠭᠴᠢ᠂ ᠲᠡᠳ᠋ ᠡᠷᠬᠢᠯᠡᠭᠴᠢᠳ᠂ ᠬᠡᠰᠢᠬᠦᠳ ᠢᠶᠠᠷ ᠪᠦᠷᠢᠯᠳᠦᠵᠦ᠂ ᠡᠷᠬᠢᠯᠡᠭᠴᠢ ᠶᠢ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠢᠶᠠᠷ ᠰᠤᠩᠭᠤᠵᠦ᠂ ᠲᠡᠳ᠋ ᠡᠷᠬᠢᠯᠡᠭᠴᠢ᠂ ᠬᠡᠰᠢᠬᠦᠨ ᠢ ᠬᠢᠨᠡᠠ ᠪᠠᠶᠢᠴᠡᠭᠠᠬᠤ ᠵᠦᠪᠯᠡᠯ ᠤᠨ ᠡᠷᠬᠢᠯᠡᠭᠴᠢ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠲᠤᠷᠠᠳᠤᠯᠭ᠎ᠠ ᠲᠡᠪᠰᠢᠬᠦᠯᠵᠦ ᠲᠤᠮᠢᠯᠠᠭᠤᠯᠬᠤ ᠪᠠ ᠪᠠᠭᠤᠯᠭᠠᠭᠤᠯᠤᠨ᠎ᠠ᠃ ᠤᠷᠤᠨ ᠨᠤᠳᠤᠬ ᠤᠨ ᠡᠯ᠎ᠡ ᠱᠠᠳᠤᠨ ᠤ ᠬᠢᠨᠡᠠ ᠪᠠᠶᠢᠴᠡᠭᠠᠬᠤ ᠵᠦᠪᠯᠡᠯ ᠤᠨ ᠡᠷᠬᠢᠯᠡᠭᠴᠢ ᠶᠢᠨ ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠨᠢ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠲᠠᠢ ᠠᠳᠠᠯᠢ᠃ ᠤᠷᠤᠨ ᠨᠤᠳᠤᠬ ᠤᠨ ᠡᠯ᠎ᠡ ᠱᠠᠳᠤᠨ ᠤ ᠬᠢᠨᠡᠠ ᠪᠠᠶᠢᠴᠡᠭᠠᠬᠤ ᠵᠦᠪᠯᠡᠯ ᠨᠢ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠬᠦᠨ ᠤ ᠪᠠᠶᠢᠩᠭᠤ ᠶᠢᠨ ᠬᠤᠷᠢᠶ᠎ᠠ ᠪᠠ ᠲᠡᠭᠡᠷ᠎ᠡ ᠨᠢᠭᠡ ᠱᠠᠳᠤᠨ ᠤ ᠬᠢᠨᠠᠨ ᠪᠠᠶᠢᠴᠠᠭᠠᠬᠤ ᠵᠦᠪᠯᠡᠯ ᠳᠤ ᠬᠠᠷᠢᠭᠤᠴᠠᠬᠤ ᠪᠦᠭᠡᠳ ᠲᠡᠬᠦᠨ ᠤ ᠬᠢᠨᠠᠯᠳᠠ ᠶᠢ ᠬᠦᠯᠢᠶᠡᠨ᠎ᠡ᠃    ᠠᠷᠪᠡᠳᠦᠭᠠᠷ ᠵᠦᠢᠯ ᠤᠯᠤᠰ ᠤᠨ ᠬᠢᠨᠠᠨ ᠪᠠᠶᠢᠴᠠᠭᠠᠬᠤ ᠵᠦᠪᠯᠡᠯ ᠨᠢ ᠤᠷᠤᠨ ᠨᠤᠳᠤᠬ ᠤᠨ ᠡᠯ᠎ᠡ ᠱᠠᠳᠤᠨ ᠤ ᠬᠢᠨᠠᠨ ᠪᠠᠶᠢᠴᠠᠭᠠᠬᠤ ᠵᠦᠪᠯᠡᠯ ᠤᠨ ᠠᠵᠢᠯ ᠢ ᠤᠳᠤᠷᠢᠳᠴᠦ᠂ ᠲᠡᠭᠡᠳᠦ ᠱᠠᠳᠤᠨ ᠤ ᠬᠢᠨᠠᠨ ᠪᠠᠶᠢᠴᠠᠭᠠᠬᠤ ᠵᠦᠪᠯᠡᠯ ᠨᠢ ᠲᠤᠤᠷᠠᠳᠤ ᠱᠠᠳᠤᠨ ᠤ ᠪᠠᠨ ᠬᠢᠨᠠᠨ ᠪᠠᠶᠢᠴᠠᠭᠠᠬᠤ ᠵᠦᠪᠯᠡᠯ ᠤᠨ ᠠᠵᠢᠯ ᠢ ᠤᠳᠤᠷᠢᠳᠤᠨ᠎ᠠ᠃    ᠠᠷᠪᠡᠠ ᠨᠢᠭᠡᠳᠦᠭᠡᠷ ᠵᠦᠢᠯ ᠬᠢᠨᠠᠨ ᠪᠠᠶᠢᠴᠠᠭᠠᠬᠤ ᠵᠦᠪᠯᠡᠯ ᠨᠢ ᠳᠤᠰ ᠬᠠᠤᠯᠢ ᠪᠠ ᠬᠤᠯᠪᠤᠭᠳᠠᠯ ᠪᠦᠬᠦᠢ ᠬᠠᠤᠯᠢ ᠴᠠᠭᠠᠵᠠ ᠶᠢᠨ ᠲᠤᠬᠳᠠᠭᠠᠯ ᠢ ᠦᠨᠳᠦᠰᠦᠯᠡᠨ ᠬᠢᠨᠠᠯᠳᠠ ᠲᠠᠯᠪᠢᠬᠤ᠂ ᠪᠠᠶᠢᠴᠠᠭᠠᠬᠤ᠂ ᠰᠢᠢᠳᠪᠦᠷᠢᠯᠡᠬᠦ ᠲᠤᠰᠢᠶᠠᠯ ᠬᠠᠷᠢᠭᠤᠴᠠᠯᠭ᠎ᠠ ᠶᠢ ᠬᠦᠢᠴᠡᠳᠭᠡᠨ᠎ᠡ᠄    ︵ᠨᠢᠭᠡ︶ ᠠᠯᠪᠠᠨ ᠲᠤᠰᠢᠶᠠᠯᠳᠠᠨ ᠳᠤ ᠠᠷᠢᠭᠤᠨ ᠴᠢᠭᠡᠴᠢ ᠪᠠᠷ ᠵᠠᠰᠠᠬ ᠪᠠᠷᠢᠬᠤ ᠬᠦᠮᠦᠵᠢᠯ ᠬᠢᠵᠦ᠂ ᠲᠡᠳᠡᠨ ᠤ ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠦ ᠪᠠᠶᠢᠬᠤ᠂ ᠡᠷᠬᠡ ᠪᠠᠨ ᠭᠤᠤᠯᠴᠢ ᠪᠠᠷ ᠬᠡᠷᠡᠭᠯᠡᠵᠦ ᠪᠠᠶᠢᠬᠤ᠂ ᠠᠷᠢᠭᠤᠨ ᠴᠢᠭᠡᠴᠢ ᠪᠠᠷ ᠵᠠᠰᠠᠬ ᠤᠨ ᠠᠵᠢᠯ ᠢ ᠬᠢᠵᠦ ᠠᠵᠢᠯ ᠡᠷᠬᠢᠯᠡᠵᠦ ᠪᠠᠶᠢᠬᠤ ᠪᠠᠶᠢᠳᠠᠯ ᠵᠢᠴᠢ ᠶᠤᠰᠤ ᠮᠤᠷᠠᠯ ᠬᠡᠪ ᠰᠠᠬᠢᠯᠭ᠎ᠠ ᠶᠢᠨ ᠪᠠᠶᠢᠳᠠᠯ ᠢ ᠬᠢᠨᠠᠵᠦ ᠪᠠᠶᠢᠴᠠᠭᠠᠨ᠎ᠠ︔    ︵ᠬᠤᠶᠠᠷ︶ ᠱᠠᠮᠰᠢᠵᠦ ᠬᠡᠭᠡᠯᠢ ᠢᠳᠡᠵᠤ ᠬᠠᠭ᠋ᠤᠤᠯᠢ ᠳᠦᠯᠬᠢᠭᠰᠡᠨ᠂ ᠡᠷᠬᠡ ᠲᠤᠰᠢᠶᠠᠯ ᠢᠶᠠᠨ ᠲᠤᠷ᠎ᠠ ᠪᠠᠷ ᠢᠶᠠᠨ ᠬᠡᠷᠡᠭᠯᠡᠭᠰᠡᠨ᠂ ᠲᠤᠰᠢᠶᠠᠯ ᠬᠠᠷᠢᠭᠤᠴᠠᠯᠭ᠎ᠠ ᠪᠠᠨ ᠤᠮᠳᠤᠭᠠᠶᠢᠢᠯᠠᠬᠰᠠᠨ᠂ ᠡᠷᠬᠡ ᠪᠠᠨ ᠠᠰᠢᠬᠯᠠᠨ ᠬᠤᠪᠢ ᠶᠢᠨ ᠠᠰᠢᠬ ᠬᠦᠭᠡᠭᠡᠴᠡᠯᠳᠦᠭᠰᠡᠨ᠂ ᠠᠰᠢᠭ ᠲᠤᠰᠠ ᠲᠠᠮᠵᠢᠭᠤᠯᠤᠨ ᠬᠦᠷᠭᠡᠭᠰᠡᠨ᠂ ᠬᠤᠪᠢ ᠶᠢᠨ ᠨᠠᠶᠢᠷ ᠬᠠᠷᠠᠵᠤ ᠬᠠᠤᠯᠢ ᠶᠤᠰᠤ ᠶᠢ ᠵᠦᠷᠢᠴᠡᠭᠰᠡᠨ ᠵᠢᠴᠢ ᠤᠯᠤᠰ ᠤᠨ ᠵᠤᠭᠤᠰ ᠮᠦᠩᠬᠦ ᠡᠳ᠋ ᠪᠤᠳᠠᠰ ᠢ ᠪᠦᠷᠢᠯᠭᠡᠭᠰᠡᠨ ᠵᠡᠷᠭᠡ ᠡᠷᠬᠡ ᠲᠤᠰᠢᠶᠠᠯ ᠢᠶᠠᠨ ᠠᠰᠢᠬᠯᠠᠨ ᠬᠠᠤᠯᠢ ᠠᠴᠠ ᠵᠦᠷᠢᠴᠡᠭᠰᠡᠨ ᠪᠠ ᠡᠷᠬᠡ ᠲᠤᠰᠢᠶᠠᠯ ᠢᠶᠠᠨ ᠠᠰᠢᠬᠯᠠᠨ ᠶᠠᠯ᠎ᠠ ᠬᠢᠭᠰᠡᠨ ᠰᠡᠵᠢᠭᠯᠡᠯᠳᠡᠢ ᠬᠡᠷᠡᠭ ᠢ ᠪᠠᠶᠢᠴᠠᠭᠠᠨ᠎ᠠ︔    ︵ᠭᠤᠷᠪᠠ︶ ᠬᠠᠤᠯᠢ ᠠᠴᠠ ᠵᠦᠷᠢᠴᠡᠭᠰᠡᠨ ᠠᠯᠪᠠᠨ ᠲᠤᠰᠢᠶᠠᠯᠳᠠᠠ ᠳᠤ ᠬᠠᠤᠯᠢ ᠶᠤᠰᠤᠭᠠᠷ ᠵᠠᠰᠠᠬ ᠤᠨ ᠶᠠᠪᠤᠳᠠᠯ ᠤᠨ ᠰᠢᠳᠭᠡᠯ ᠦᠭᠬᠦ ᠲᠤᠬᠳᠠᠭᠠᠯ ᠭᠠᠷᠭᠠᠨ᠎ᠠ︔ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠨᠢ ᠰᠤᠯᠠ᠂ ᠲᠤᠰᠢᠶᠠᠯ ᠳᠠᠭᠠᠨ ᠤᠰᠤᠯᠳᠠᠵᠦ ᠬᠠᠷᠢᠭᠤᠴᠠᠯᠭ᠎ᠠ ᠠᠯᠳᠠᠬᠰᠠᠨ ᠤᠳᠤᠷᠢᠳᠬᠤ ᠬᠦᠮᠦᠰ ᠠᠴᠠ ᠬᠠᠷᠢᠭᠤᠴᠠᠯᠭ᠎ᠠ ᠨᠡᠬᠡᠮᠵᠢᠯᠡᠨ᠎ᠡ︔ ᠡᠷᠬᠡ ᠲᠤᠰᠢᠶᠠᠯ ᠢᠶᠠᠨ ᠠᠰᠢᠬᠯᠠᠨ ᠶᠠᠯ᠎ᠠ ᠬᠢᠭᠰᠡᠨ ᠰᠡᠵᠢᠭᠯᠡᠯᠳᠡᠢ ᠪᠤᠯ᠂ ᠪᠠᠶᠢᠴᠠᠭᠠᠬᠰᠠᠨ ᠦᠷ᠎ᠠ ᠳ᠋ᠦᠩ ᠢ ᠠᠷᠠᠳ ᠤᠨ ᠪᠠᠶᠢᠴᠠᠭᠠᠬᠤ ᠬᠤᠷᠢᠶ᠎ᠠ ᠳᠤ ᠰᠢᠯᠵᠢᠬᠦᠯᠦᠨ ᠬᠦᠷᠭᠡᠵᠦ ᠬᠠᠤᠯᠢ ᠶᠤᠰᠤᠭᠠᠷ ᠬᠢᠨᠠᠨ ᠪᠠᠶᠢᠴᠠᠭᠠᠯᠭᠠᠵᠦ᠂ ᠠᠯᠪᠠᠨ ᠵᠠᠭᠠᠯᠳᠤᠯᠭ᠎ᠠ ᠭᠠᠷᠭᠠᠭᠤᠯᠤᠨ᠎ᠠ︔ ᠬᠢᠨᠠᠨ ᠪᠠᠶᠢᠴᠠᠭᠠᠬᠳᠠᠬᠤ ᠡᠳᠡᠭᠡᠳ ᠤᠨ ᠪᠠᠶᠢᠭ᠎ᠠ ᠨᠢᠭᠡᠴᠡ ᠳᠤ ᠬᠢᠨᠠᠨ ᠪᠠᠶᠢᠴᠠᠭᠠᠬᠰᠠᠨ ᠰᠠᠨᠠᠭᠤᠯᠭ᠎ᠠ ᠲᠤᠷᠠᠳᠤᠨ᠎ᠠ᠃    ᠠᠷᠪᠡᠠ ᠬᠤᠶᠠᠳᠤᠭᠠᠷ ᠵᠦᠢᠯ ᠡᠯ᠎ᠡ ᠱᠠᠳᠤᠨ ᠤ ᠬᠢᠨᠠᠨ ᠪᠠᠶᠢᠴᠠᠭᠠᠬᠤ ᠵᠦᠪᠯᠡᠯ ᠨᠢ ᠲᠤᠰ ᠱᠠᠳᠤᠨ ᠤ ᠲᠤᠮᠳᠠᠳᠤ ᠤᠯᠤᠰ ᠤᠨ ᠡᠪ ᠬᠠᠮᠳᠤ ᠨᠠᠮ ᠤᠨ ᠪᠠᠶᠢᠭᠤᠯᠭ᠎ᠠ᠂ ᠲᠦᠷᠦ ᠶᠢᠨ ᠪᠠᠶᠢᠭᠤᠯᠭ᠎ᠠ᠂ ᠬᠠᠤᠯᠢ ᠴᠠᠭᠠᠵᠠ ᠬᠠᠤᠯᠢ ᠲᠤᠬᠳᠠᠭᠠᠯ ᠠᠴᠠ ᠡᠷᠬᠡ ᠤᠯᠭᠤᠬᠰᠠᠨ ᠪᠤᠶᠤ ᠨᠠᠶᠢᠳᠠᠯᠭ᠎ᠠ ᠪᠠᠷ ᠤᠯᠠᠨ ᠨᠡᠶᠢᠳᠡ ᠶᠢᠨ ᠠᠵᠢᠯ ᠶᠠᠪᠤᠳᠠᠯ ᠢ ᠬᠠᠮᠢᠶᠠᠷᠴᠤ ᠪᠠᠶᠢᠭ᠎ᠠ ᠵᠤᠬᠢᠶᠠᠨ ᠪᠠᠶᠢᠭᠤᠯᠤᠯᠳᠠ ᠪᠠ ᠨᠢᠭᠡᠴᠡ ᠵᠢᠴᠢ ᠬᠠᠮᠢᠶᠠᠷᠤᠨ ᠬᠠᠷᠢᠶᠠᠯᠠᠬᠤ ᠵᠠᠰᠠᠬ ᠵᠠᠬᠢᠷᠭᠠᠨ ᠤ ᠤᠷᠤᠨ᠂ ᠤᠯᠤᠰ ᠤᠨ ᠦᠮᠴᠢᠯᠡᠯ ᠤᠨ ᠠᠵᠦ ᠠᠬᠤᠶᠢᠢᠯᠠᠯ ᠵᠡᠷᠭᠡ ᠳᠤ ᠬᠢᠨᠠᠨ ᠪᠠᠶᠢᠴᠠᠭᠠᠬᠤ ᠪᠠᠶᠢᠭᠤᠯᠤᠮᠵᠢ᠂ ᠬᠢᠨᠠᠨ ᠪᠠᠶᠢᠴᠠᠭᠠᠬᠤ ᠲᠤᠰᠬᠠᠢ ᠲᠤᠰᠢᠶᠠᠯᠳᠠᠨ ᠲᠤᠮᠢᠯᠠᠨ ᠰᠠᠭᠤᠯᠭᠠᠬᠤ ᠪᠤᠶᠤ ᠲᠤᠮᠢᠯᠠᠵᠦ ᠪᠤᠯᠤᠨ᠎ᠠ᠃ ᠬᠢᠨᠠᠨ ᠪᠠᠶᠢᠴᠠᠭᠠᠬᠤ ᠪᠠᠶᠢᠭᠤᠯᠤᠮᠵᠢ᠂ ᠬᠢᠨᠠᠨ ᠪᠠᠶᠢᠴᠠᠭᠠᠬᠤ ᠲᠤᠰᠬᠠᠢ ᠲᠤᠰᠢᠶᠠᠯᠳᠠᠨ ᠨᠢ ᠲᠡᠬᠦᠨ ᠢ ᠲᠤᠮᠢᠯᠠᠨ ᠰᠠᠭᠤᠯᠭᠠᠬᠰᠠᠨ ᠪᠤᠶᠤ ᠲᠤᠮᠢᠯᠠᠬᠰᠠᠨ ᠬᠢᠨᠠᠨ ᠪᠠᠶᠢᠴᠠᠭᠠᠬᠤ ᠵᠦᠪᠯᠡᠯ ᠳᠤ ᠬᠠᠷᠢᠭᠤᠴᠠᠨ᠎ᠠ᠃    ᠠᠷᠪᠡᠠ ᠭᠤᠷᠪᠠᠳᠤᠭᠠᠷ ᠵᠦᠢᠯ ᠲᠤᠮᠢᠯᠠᠨ ᠰᠠᠭᠤᠯᠭᠠᠬᠰᠠᠨ ᠪᠤᠶᠤ ᠲᠤᠮᠢᠯᠠᠬᠰᠠᠨ ᠬᠢᠨᠠᠨ ᠪᠠᠶᠢᠴᠠᠭᠠᠬᠤ ᠪᠠᠶᠢᠭᠤᠯᠤᠮᠵᠢ᠂ ᠬᠢᠨᠠᠨ ᠪᠠᠶᠢᠴᠠᠭᠠᠬᠤ ᠲᠤᠰᠬᠠᠢ ᠲᠤᠰᠢᠶᠠᠯᠳᠠᠨ ᠨᠢ ᠡᠷᠬᠡ ᠤᠯᠭᠤᠯᠳᠠ ᠶᠢ ᠦᠨᠳᠦᠰᠦᠯᠡᠵᠦ᠂ ᠬᠠᠮᠢᠶᠠᠷᠤᠯᠳᠠ ᠶᠢᠨ ᠡᠷᠬᠡ ᠶᠢᠨ ᠢᠶᠠᠨ ᠬᠡᠪᠴᠢᠶ᠎ᠡ ᠶᠤᠰᠤᠭᠠᠷ ᠬᠠᠤᠯᠢ ᠶᠤᠰᠤᠭᠠᠷ ᠠᠯᠪᠠᠨ ᠲᠤᠰᠢᠶᠠᠯᠳᠠᠨ ᠳᠤ ᠬᠢᠨᠠᠯᠳᠠ ᠲᠠᠯᠪᠢᠵᠦ᠂ ᠬᠢᠨᠠᠨ ᠪᠠᠶᠢᠴᠠᠭᠠᠬᠰᠠᠨ ᠰᠠᠨᠠᠭᠤᠯᠭ᠎ᠠ ᠲᠤᠷᠠᠳᠴᠤ᠂ ᠬᠠᠤᠯᠢ ᠶᠤᠰᠤᠭᠠᠷ ᠠᠯᠪᠠᠨ ᠲᠤᠰᠢᠶᠠᠯᠳᠠᠨ ᠢ ᠪᠠᠶᠢᠴᠠᠭᠠᠵᠦ᠂ ᠰᠢᠳᠪᠦᠷᠢᠯᠡᠨ᠎ᠡ᠃    ᠠᠷᠪᠡᠠ ᠲᠦᠷᠪᠡᠳᠦᠭᠡᠷ ᠵᠦᠢᠯ ᠤᠯᠤᠰ ᠠᠴᠠ ᠬᠢᠨᠠᠨ ᠪᠠᠶᠢᠴᠠᠭᠠᠬᠤ ᠲᠤᠰᠢᠶᠠᠯᠳᠠᠨ ᠤ ᠲᠦᠷᠢᠮ ᠢ ᠬᠡᠷᠡᠭᠵᠢᠬᠦᠯᠵᠦ᠂ ᠬᠢᠨᠠᠨ ᠪᠠᠶᠢᠴᠠᠭᠠᠬᠤ ᠲᠤᠰᠢᠶᠠᠯᠳᠠᠨ ᠤ ᠵᠡᠷᠭᠡ ᠲᠡᠰ ᠢ ᠳᠤᠬᠢᠷᠠᠭᠤᠯᠬᠤ᠂ ᠲᠤᠮᠢᠯᠠᠬᠤ ᠪᠠᠭᠤᠯᠭᠠᠬᠤ᠂ ᠰᠢᠯᠭᠠᠨ ᠦᠨᠡᠯᠡᠬᠦ ᠪᠠ ᠲᠡᠰ ᠲᠡᠪᠰᠢᠬᠦᠯᠬᠦ ᠵᠡᠷᠭᠡ ᠲᠦᠷᠢᠮ ᠢ ᠬᠠᠤᠯᠢ ᠶᠤᠰᠤᠭᠠᠷ ᠲᠤᠬᠳᠠᠭᠠᠨ᠎ᠠ᠃    ᠭᠤᠷᠪᠡᠳᠦᠭᠠᠷ ᠪᠦᠯᠦᠭ ᠬᠢᠨᠡᠠ ᠪᠠᠶᠢᠴᠡᠭᠠᠬᠤ ᠬᠦᠷᠢᠶ᠎ᠡ ᠬᠡᠪᠴᠢᠶ᠎ᠡ ᠪᠠ ᠬᠠᠮᠢᠶᠠᠷᠬᠤ ᠬᠠᠷᠢᠶᠠᠯᠠᠯ    ᠠᠷᠪᠡᠠ ᠲᠠᠪᠤᠳᠤᠭᠠᠷ ᠵᠦᠢᠯ ᠬᠢᠨᠠᠨ ᠪᠠᠶᠢᠴᠠᠭᠠᠬᠤ ᠪᠠᠶᠢᠭᠤᠯᠭ᠎ᠠ ᠲᠤᠤᠷ᠎ᠠ ᠵᠢᠬᠰᠠᠭᠠᠬᠰᠠᠨ ᠠᠯᠪᠠᠨ ᠲᠤᠰᠢᠶᠠᠯᠳᠠᠨ ᠪᠠ ᠬᠤᠯᠪᠤᠬᠳᠠᠯ ᠪᠦᠬᠦᠢ ᠬᠦᠮᠦᠰ ᠢ ᠬᠢᠨᠠᠨ ᠪᠠᠶᠢᠴᠠᠭᠠᠨ᠎ᠠ᠄    ︵ᠨᠢᠭᠡ︶ ᠲᠤᠮᠳᠠᠳᠤ ᠤᠯᠤᠰ ᠤᠨ ᠡᠪ ᠬᠠᠮᠳᠤ ᠨᠠᠮ ᠤᠨ ᠪᠠᠶᠢᠭᠤᠯᠭ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠬᠦᠨ ᠤ ᠪᠠᠶᠢᠩᠭᠤ ᠶᠢᠨ    ᠬᠤᠷᠢᠶ᠎ᠠ ᠶᠢᠨ ᠪᠠᠶᠢᠭᠤᠯᠭ᠎ᠠ᠂ ᠠᠷᠠᠳ ᠤᠨ ᠵᠠᠰᠠᠬ ᠤᠨ ᠤᠷᠳᠤᠨ᠂ ᠬᠢᠨᠠᠨ ᠪᠠᠶᠢᠴᠠᠭᠠᠬᠤ ᠵᠦᠪᠯᠡᠯ᠂ ᠠᠷᠠᠳ ᠤᠨ ᠰᠢᠬᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠲᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠡᠯ᠎ᠡ ᠱᠠᠳᠤᠨ ᠤ ᠬᠤᠷᠢᠶ᠎ᠠ ᠶᠢᠨ ᠪᠠᠶᠢᠭᠤᠯᠭ᠎ᠠ᠂ ᠠᠷᠠᠳᠴᠢᠯᠠᠬᠰᠠᠨ ᠨᠠᠮ ᠪᠦᠯᠦᠭ ᠤᠨ ᠪᠠᠶᠢᠭᠤᠯᠭ᠎ᠠ ᠪᠠ ᠦᠢᠯᠡᠳᠪᠤᠷᠢ ᠬᠤᠳᠠᠯᠳᠤᠭᠠᠴᠢᠳ ᠤᠨ ᠬᠤᠯᠪᠤᠭ᠎ᠠ ᠶᠢᠨ ᠪᠠᠶᠢᠭᠤᠯᠭ᠎ᠠ ᠶᠢᠨ ᠠᠯᠪᠠᠳᠠᠨ ᠵᠢᠴᠢ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠯᠪᠠᠳᠠᠨ ᠤ ᠬᠠᠤᠯᠢ︾ ᠪᠠᠷ ᠯᠠᠪᠯᠠᠯᠳᠠ ᠪᠤᠯᠭᠠᠨ ᠬᠠᠮᠢᠶᠠᠷᠴᠦ ᠪᠠᠶᠢᠭ᠎ᠠ ᠬᠦᠮᠦᠰ︔    ︵ᠬᠤᠶᠠᠷ︶ ᠬᠠᠤᠯᠢ ᠴᠠᠭᠠᠵᠠ ᠬᠠᠤᠯᠢ ᠲᠤᠬᠳᠠᠭᠠᠯ ᠤᠨ ᠡᠷᠬᠡ ᠤᠯᠭᠤᠯᠳᠠ ᠪᠠᠷ ᠪᠤᠶᠤ ᠲᠦᠷᠦ ᠶᠢᠨ ᠪᠠᠶᠢᠭᠤᠯᠭ᠎ᠠ ᠶᠢᠨ ᠬᠠᠤᠯᠢ ᠶᠤᠰᠤᠨ ᠤ ᠨᠡᠶᠢᠳᠠᠯᠭ᠎ᠠ ᠪᠠᠷ ᠤᠯᠠᠨ ᠨᠡᠶᠢᠳᠡ ᠶᠢᠨ ᠠᠵᠢᠯ ᠶᠠᠪᠤᠳᠠᠯ ᠢ ᠬᠠᠮᠢᠶᠠᠷᠴᠤ ᠪᠠᠶᠢᠭ᠎ᠠ ᠵᠤᠬᠢᠶᠠᠨ ᠪᠠᠶᠢᠭᠤᠯᠤᠯᠳᠠ ᠳᠠᠬᠢ ᠠᠯᠪᠠᠨ ᠠᠵᠢᠯ ᠬᠢᠵᠦ ᠪᠠᠶᠢᠭ᠎ᠠ ᠬᠦᠮᠦᠰ︔    ︵ᠭᠤᠷᠪᠠ︶ ᠤᠯᠤᠰ ᠤᠨ ᠦᠮᠴᠢᠯᠡᠯ ᠤᠨ ᠠᠵᠦ ᠠᠬᠤᠶᠢᠢᠯᠠᠯ ᠤᠨ ᠬᠠᠮᠢᠶᠠᠷᠤᠯᠳᠠ ᠶᠢᠨ ᠠᠵᠢᠯᠳᠠᠳ︔    ︵ᠲᠦᠷᠪᠡ︶ ᠠᠯᠪᠠᠨ ᠠᠴᠠ ᠡᠷᠬᠢᠯᠡᠭᠰᠡᠨ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ᠂ ᠰᠤᠶᠤᠯ᠂ ᠡᠮᠴᠢᠯᠡᠭᠡ ᠡᠷᠡᠬᠦᠯ ᠬᠠᠮᠠᠭᠠᠯᠠᠯ᠂ ᠪᠡᠶ᠎ᠡ ᠶᠢᠨ ᠲᠠᠮᠢᠷ ᠵᠡᠷᠭᠡ ᠨᠢᠭᠡᠴᠡ ᠶᠢᠨ ᠬᠠᠮᠢᠶᠠᠷᠤᠯᠳᠠ ᠶᠢᠨ ᠠᠵᠢᠯ ᠬᠢᠵᠦ ᠪᠠᠶᠢᠭ᠎ᠠ ᠬᠦᠮᠦᠰ︔    ︵ᠲᠠᠪᠤ︶ ᠦᠨᠳᠦᠰᠦᠨ ᠱᠠᠳᠤᠨ ᠤ ᠤᠯᠠᠨ ᠲᠦᠮᠡᠨᠴᠢ ᠴᠢᠨᠠᠷᠳᠡᠢ ᠦᠪᠡᠷᠳᠡᠭᠡᠨ ᠵᠠᠰᠠᠬᠤ ᠵᠤᠬᠢᠶᠠᠨ ᠪᠠᠶᠢᠭᠤᠯᠤᠯᠳᠠ ᠳᠠᠬᠢ ᠬᠠᠮᠢᠶᠠᠷᠤᠯᠳᠠ ᠶᠢᠨ ᠠᠵᠢᠯ ᠬᠢᠵᠦ ᠪᠠᠶᠢᠭ᠎ᠠ ᠬᠦᠮᠦᠰ︔    ︵ᠵᠢᠷᠭᠤᠭ᠎ᠠ︶ ᠬᠠᠤᠯᠢ ᠶᠤᠰᠤᠭᠠᠷ ᠠᠯᠪᠠᠨ ᠲᠤᠰᠢᠶᠠᠯ ᠬᠦᠢᠴᠡᠳᠭᠡᠵᠦ ᠪᠠᠶᠢᠭ᠎ᠠ ᠪᠤᠰᠤᠳ ᠬᠦᠮᠦᠰ᠃    ᠠᠷᠪᠡᠠ ᠵᠢᠷᠭᠤᠳᠦᠭᠠᠷ ᠵᠦᠢᠯ ᠡᠯ᠎ᠡ ᠱᠠᠳᠤᠨ ᠤ ᠬᠢᠨᠠᠨ ᠪᠠᠶᠢᠴᠠᠭᠠᠬᠤ ᠪᠠᠶᠢᠭᠤᠯᠭ᠎ᠠ ᠬᠠᠮᠢᠶᠠᠷᠤᠯᠳᠠ ᠶᠢᠨ ᠡᠷᠬᠡ ᠶᠢᠨ ᠢᠶᠠᠨ ᠬᠡᠪᠴᠢᠶ᠎ᠡ ᠶᠤᠰᠤᠭᠠᠷ ᠲᠤᠰ ᠬᠠᠷᠢᠶ᠎ᠠ ᠤᠷᠤᠨ ᠤ ᠪᠠᠨ ᠲᠤᠳᠤᠷᠠᠬᠢ ᠲᠤᠰ ᠬᠠᠤᠯᠢ ᠶᠢᠨ ᠠᠷᠪᠠᠨ ᠲᠠᠪᠤᠳᠤᠭᠠᠷ ᠵᠦᠢᠯ ᠳᠤ ᠲᠤᠬᠳᠠᠭᠠᠬᠰᠠᠨ ᠬᠦᠮᠦᠰ ᠲᠤ ᠬᠤᠯᠪᠤᠬᠳᠠᠬᠤ ᠬᠢᠨᠠᠨ ᠪᠠᠶᠢᠴᠠᠭᠠᠬᠤ ᠬᠡᠷᠡᠭ ᠤᠴᠢᠷ ᠢ ᠬᠠᠮᠢᠶᠠᠷᠤᠨ ᠬᠠᠷᠢᠶᠠᠯᠠᠨ᠎ᠠ᠃ ᠲᠡᠭᠡᠳᠦ ᠱᠠᠳᠤᠨ ᠤ ᠬᠢᠨᠠᠨ ᠪᠠᠶᠢᠴᠠᠭᠠᠬᠤ ᠪᠠᠶᠢᠭᠤᠯᠭ᠎ᠠ ᠨᠢ ᠲᠤᠤᠷ᠎ᠠ ᠨᠢᠭᠡ ᠱᠠᠳᠤᠨ ᠤ ᠪᠠᠨ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠠᠮᠢᠶᠠᠷᠤᠨ ᠬᠠᠷᠢᠶᠠᠯᠠᠬᠤ ᠬᠦᠷᠢᠶ᠎ᠡ ᠬᠡᠪᠴᠢᠶᠡᠨ ᠳᠠᠬᠢ ᠬᠢᠨᠠᠨ ᠪᠠᠶᠢᠴᠠᠭᠠᠬᠤ ᠬᠡᠷᠡᠭ ᠤᠴᠢᠷ ᠢ ᠰᠢᠳᠪᠦᠷᠢᠯᠡᠵᠦ ᠪᠤᠯᠤᠨ᠎ᠠ᠂ ᠴᠢᠬᠤᠯᠠ ᠲᠠᠢ ᠦᠶ᠎ᠡ ᠳᠤ ᠪᠠᠰᠠ ᠬᠠᠷᠢᠶᠠᠯᠠᠯ ᠳᠠᠬᠢ ᠡᠯ᠎ᠡ ᠱᠠᠳᠤᠨ ᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠢᠶᠠᠨ ᠬᠠᠮᠢᠶᠠᠷᠤᠨ ᠬᠠᠷᠢᠶᠠᠯᠠᠬᠤ ᠬᠦᠷᠢᠶ᠎ᠡ ᠬᠡᠪᠴᠢᠶᠡᠨ ᠳᠠᠬᠢ ᠬᠢᠨᠠᠨ ᠪᠠᠶᠢᠴᠠᠭᠠᠬᠤ ᠬᠡᠷᠡᠭ ᠤᠴᠢᠷ ᠢ ᠰᠢᠳᠪᠦᠷᠢᠯᠡᠵᠦ ᠪᠤᠯᠤᠨ᠎ᠠ᠃ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠤᠭᠤᠷᠤᠨᠳᠤ ᠬᠢᠨᠠᠨ ᠪᠠᠶᠢᠴᠠᠭᠠᠬᠤ ᠬᠡᠷᠡᠭ ᠤᠴᠢᠷ ᠤᠨ ᠬᠠᠮᠢᠶᠠᠷᠬᠤ ᠬᠠᠷᠢᠶᠠᠯᠠᠯ ᠤᠨ ᠲᠤᠬᠠᠢ ᠮᠠᠷᠭᠤᠭᠠᠨ ᠲᠠᠢ ᠪᠠᠶᠢᠪᠠᠯ᠂ ᠬᠠᠮᠳᠤ ᠶᠢᠨ ᠲᠡᠭᠡᠳᠦ ᠱᠠᠳᠤᠨ ᠤ ᠬᠢᠨᠠᠨ ᠪᠠᠶᠢᠴᠠᠭᠠᠬᠤ ᠪᠠᠶᠢᠭᠤᠯᠭ᠎ᠠ ᠨᠢ ᠲᠤᠬᠳᠠᠭᠠᠨ᠎ᠠ᠃    ᠠᠷᠪᠡᠠ ᠲᠤᠯᠤᠳᠤᠭᠠᠷ ᠵᠦᠢᠯ ᠲᠡᠭᠡᠳᠦ ᠱᠠᠳᠤᠨ ᠤ ᠬᠢᠨᠠᠨ ᠪᠠᠶᠢᠴᠠᠭᠠᠬᠤ ᠪᠠᠶᠢᠭᠤᠯᠭ᠎ᠠ ᠨᠢ ᠲᠤᠤᠷᠠᠳᠤ ᠱᠠᠳᠤᠨ ᠤ ᠪᠠᠨ ᠬᠢᠨᠠᠨ ᠪᠠᠶᠢᠴᠠᠭᠠᠬᠤ ᠪᠠᠶᠢᠭᠤᠯᠭ᠎ᠠ ᠶᠢ ᠵᠢᠭᠠᠨ ᠲᠤᠬᠳᠠᠭᠠᠵᠦ ᠬᠠᠮᠢᠶᠠᠷᠬᠤ ᠬᠠᠷᠢᠶᠠᠯᠠᠯ ᠳᠠᠬᠢ ᠬᠢᠨᠠᠨ ᠪᠠᠶᠢᠴᠠᠭᠠᠬᠤ ᠬᠡᠷᠡᠭ ᠤᠴᠢᠷ ᠢᠶᠠᠨ ᠬᠠᠮᠢᠶᠠᠷᠤᠨ ᠬᠠᠷᠢᠶᠠᠯᠠᠭᠤᠯᠵᠦ ᠪᠤᠯᠤᠨ᠎ᠠ᠂ ᠪᠤᠰᠤᠳ ᠬᠢᠨᠠᠨ ᠪᠠᠶᠢᠴᠠᠭᠠᠬᠤ ᠪᠠᠶᠢᠭᠤᠯᠭ᠎ᠠ ᠶᠢ ᠵᠢᠭᠠᠨ ᠲᠤᠬᠳᠠᠭᠠᠵᠦ ᠲᠤᠤᠷᠠᠳᠤ ᠱᠠᠳᠤᠨ ᠤ ᠪᠠᠨ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠠᠮᠢᠶᠠᠷᠤᠨ ᠬᠠᠷᠢᠶᠠᠯᠠᠬᠤ ᠡᠷᠬᠡ ᠲᠠᠢ ᠬᠢᠨᠠᠨ ᠪᠠᠶᠢᠴᠠᠭᠠᠬᠤ ᠬᠡᠷᠡᠭ ᠤᠴᠢᠷ ᠢ ᠬᠠᠮᠢᠶᠠᠷᠤᠨ ᠬᠠᠷᠢᠶᠠᠯᠠᠭᠤᠯᠤᠭᠰᠠᠨ ᠴᠤ ᠪᠤᠯᠤᠨ᠎ᠠ᠃ ᠬᠢᠨᠠᠨ ᠪᠠᠶᠢᠴᠠᠭᠠᠬᠤ ᠪᠠᠶᠢᠭᠤᠯᠭ᠎ᠠ ᠬᠠᠮᠢᠶᠠᠷᠤᠨ ᠬᠠᠷᠢᠶᠠᠯᠠᠵᠦ ᠪᠠᠶᠢᠭ᠎ᠠ ᠬᠢᠨᠠᠨ ᠪᠠᠶᠢᠴᠠᠭᠠᠬᠤ ᠬᠡᠷᠡᠭ ᠤᠴᠢᠷ ᠨᠢ ᠴᠢᠬᠤᠯᠠ ᠶᠡᠭᠡ᠂ ᠨᠠᠷᠢᠨ ᠪᠤᠳᠤᠯᠢᠶᠠᠨᠳᠡᠢ ᠪᠤᠯᠬᠤᠷ ᠲᠡᠭᠡᠳᠤ ᠱᠠᠳᠤᠨ ᠤ ᠪᠠᠨ ᠬᠢᠨᠠᠨ ᠪᠠᠶᠢᠴᠠᠭᠠᠬᠤ ᠪᠠᠶᠢᠭᠤᠯᠭ᠎ᠠ ᠶᠢ ᠬᠠᠮᠢᠶᠠᠷᠤᠨ ᠬᠠᠷᠢᠶᠠᠯᠠᠬᠤ ᠴᠢᠬᠤᠯᠠᠳᠡᠢ ᠭᠡᠵᠦ ᠦᠵᠡᠪᠡᠯ᠂ ᠲᠡᠭᠡᠳᠦ ᠱᠠᠳᠤᠨ ᠤ ᠪᠠᠨ ᠬᠢᠨᠠᠨ ᠪᠠᠶᠢᠴᠠᠭᠠᠬᠤ ᠪᠠᠶᠢᠭᠤᠯᠭ᠎ᠠ ᠳᠤ ᠬᠠᠮᠢᠶᠠᠷᠤᠨ ᠬᠠᠷᠢᠶᠠᠯᠠᠭᠤᠯᠬᠤ ᠪᠠᠷ ᠮᠡᠳᠡᠬᠦᠯᠵᠦ ᠪᠤᠯᠤᠨ᠎ᠠ᠃    ᠲᠦᠷᠪᠡᠳᠦᠭᠡᠷ ᠪᠦᠯᠦᠭ ᠬᠢᠨᠡᠠ ᠪᠠᠶᠢᠴᠡᠭᠠᠬᠤ ᠡᠷᠬᠡ ᠶᠢᠨ ᠬᠡᠪᠴᠢᠶ᠎ᠡ    ᠠᠷᠪᠡᠠ ᠨᠠᠶᠢᠮᠠᠳᠤᠭᠠᠷ ᠵᠦᠢᠯ ᠬᠢᠨᠠᠨ ᠪᠠᠶᠢᠴᠠᠭᠠᠬᠤ ᠪᠠᠶᠢᠭᠤᠯᠭ᠎ᠠ ᠨᠢ ᠬᠢᠨᠠᠯᠳᠠ ᠲᠠᠯᠪᠢᠬᠤ᠂ ᠪᠠᠶᠢᠴᠠᠭᠠᠬᠤ ᠡᠷᠬᠡ ᠲᠤᠰᠢᠶᠠᠯ ᠢᠶᠠᠨ ᠬᠡᠷᠡᠭᠵᠢᠬᠦᠯᠬᠦ ᠳᠤ᠂ ᠬᠠᠤᠯᠢ ᠶᠤᠰᠤᠭᠠᠷ ᠬᠤᠯᠪᠤᠬᠳᠠᠯ ᠪᠦᠬᠦᠢ ᠨᠢᠭᠡᠴᠡ ᠪᠠ ᠬᠤᠪᠢ ᠬᠦᠮᠦᠨ ᠠᠴᠠ ᠪᠠᠶᠢᠳᠠᠯ ᠢ ᠤᠶᠢᠢᠯᠠᠭᠠᠵᠦ᠂ ᠭᠡᠷᠡᠴᠢ ᠪᠠᠷᠢᠮᠳᠠ ᠴᠤᠬᠯᠠᠭᠤᠯᠵᠦ᠂ ᠰᠢᠯᠵᠢᠬᠦᠯᠦᠨ ᠠᠪᠬᠤ ᠡᠷᠬᠡ ᠲᠠᠢ᠃ ᠬᠤᠯᠪᠤᠬᠳᠠᠯ ᠪᠦᠬᠦᠢ ᠨᠢᠭᠡᠴᠡ ᠪᠠ ᠬᠤᠪᠢ ᠬᠦᠮᠦᠨ ᠦᠨᠡᠨ ᠮᠦᠨ ᠢᠶᠠᠷ ᠨᠢ ᠬᠠᠩᠭᠠᠬᠤ ᠬᠡᠷᠡᠭᠳᠡᠢ ᠬᠢᠨᠠᠨ ᠪᠠᠶᠢᠴᠠᠭᠠᠬᠤ ᠪᠠᠶᠢᠭᠤᠯᠭ᠎ᠠ ᠵᠢᠴᠢ ᠲᠡᠬᠦᠨ ᠤ ᠠᠵᠢᠯᠳᠠᠨ ᠬᠢᠨᠠᠯᠳᠠ ᠲᠠᠯᠪᠢᠬᠤ᠂ ᠪᠠᠶᠢᠴᠠᠭᠠᠬᠤ ᠶᠠᠪᠤᠴᠠ ᠳᠤ ᠤᠯᠵᠦ ᠮᠡᠳᠡᠭᠰᠡᠨ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠦᠮᠦᠨ ᠤ ᠨᠢᠭᠤᠴᠠ ᠶᠢ ᠬᠠᠮᠠᠭᠠᠯᠠᠬᠤ ᠬᠡᠷᠡᠭᠳᠡᠢ᠃ ᠶᠠᠮᠠᠷᠪᠠ ᠨᠢᠭᠡᠴᠡ ᠪᠠ ᠬᠤᠪᠢ ᠬᠦᠮᠦᠨ ᠭᠡᠷᠡᠴᠢ ᠪᠠᠷᠢᠮᠳᠠ ᠶᠢ ᠬᠠᠭᠤᠷᠮᠠᠬ ᠢᠶᠠᠷ ᠵᠤᠬᠢᠶᠠᠬᠤ᠂ ᠨᠢᠭᠤᠨ ᠲᠠᠯᠳᠠᠯᠠᠬᠤ ᠪᠤᠶᠤ ᠤᠰᠠᠳᠬᠠᠨ ᠰᠦᠢᠳᠭᠡᠵᠦ ᠪᠤᠯᠬᠤ ᠦᠭᠡᠢ᠃    ᠠᠷᠪᠡ ᠶᠢᠰᠦᠳᠦᠭᠡᠷ ᠵᠦᠢᠯ ᠡᠷᠬᠡ ᠲᠤᠰᠢᠶᠠᠯ ᠢᠶᠠᠨ ᠠᠰᠢᠬᠯᠠᠨ ᠬᠠᠤᠯᠢ ᠠᠴᠠ ᠵᠦᠷᠢᠴᠡᠬᠦ ᠪᠠᠶᠢᠳᠠᠯ ᠡᠬᠦᠰᠴᠦ ᠮᠡᠳᠡᠬᠦ ᠬᠢᠨᠠᠨ ᠪᠠᠶᠢᠴᠠᠭᠠᠬᠳᠠᠬᠤ ᠡᠳᠡᠭᠡᠳ ᠢ ᠪᠤᠯ᠂ ᠬᠢᠨᠠᠨ ᠪᠠᠶᠢᠴᠠᠭᠠᠬᠤ ᠪᠠᠶᠢᠭᠤᠯᠭ᠎ᠠ ᠬᠠᠮᠢᠶᠠᠷᠤᠯᠳᠠ ᠶᠢᠨ ᠡᠷᠬᠡ ᠶᠢᠨ ᠢᠶᠠᠨ ᠬᠡᠪᠴᠢᠶ᠎ᠡ ᠶᠤᠰᠤᠭᠠᠷ ᠰᠢᠭᠤᠳ ᠪᠤᠶᠤ ᠬᠤᠯᠪᠤᠬᠳᠠᠯ ᠪᠦᠬᠦᠢ ᠪᠠᠶᠢᠭᠤᠯᠭ᠎ᠠ ᠪᠠ ᠠᠵᠢᠯᠳᠠᠨ ᠳᠤ ᠨᠠᠶᠢᠳᠠᠵᠦ᠂ ᠲᠡᠬᠦᠨ ᠲᠠᠢ ᠶᠠᠷᠢᠯᠴᠠᠬᠤ ᠪᠤᠶᠤ ᠲᠡᠬᠦᠨ ᠢ ᠪᠠᠶᠢᠳᠠᠯ ᠢ ᠲᠤᠳᠤᠷᠬᠠᠶᠢᠢᠯᠠᠭᠤᠯᠬᠤ ᠪᠠᠷ ᠱᠠᠭᠠᠷᠳᠠᠵᠦ ᠪᠤᠯᠤᠨ᠎ᠠ    ᠬᠤᠷᠢᠳᠤᠭᠠᠷ ᠵᠦᠢᠯ ᠪᠠᠶᠢᠴᠠᠭᠠᠬᠤ ᠶᠠᠪᠤᠴᠠ ᠳᠤ᠂ ᠬᠢᠨᠠᠨ ᠪᠠᠶᠢᠴᠠᠭᠠᠬᠤ ᠪᠠᠶᠢᠭᠤᠯᠭ᠎ᠠ ᠨᠢ ᠡᠷᠬᠡ ᠲᠤᠰᠢᠶᠠᠯ ᠢᠶᠠᠨ ᠠᠰᠢᠬᠯᠠᠨ ᠬᠠᠤᠯᠢ ᠠᠴᠠ ᠵᠦᠷᠢᠴᠡᠭᠰᠡᠨ ᠰᠡᠵᠢᠭᠯᠡᠯᠲᠡᠢ ᠪᠠᠶᠢᠴᠠᠭᠠᠬᠳᠠᠬᠴᠢ ᠶᠢ ᠬᠠᠤᠯᠢ ᠠᠴᠠ ᠵᠦᠷᠢᠴᠡᠭᠰᠡᠨ ᠰᠡᠵᠢᠭᠯᠡᠯᠳᠡᠢ ᠦᠢᠯᠡ ᠠᠵᠢᠯᠯᠠᠭ᠎ᠠ ᠶᠢᠨ ᠬᠢᠨᠢ ᠲᠤᠬᠠᠢ ᠲᠤᠭᠠᠴᠢᠯᠳᠠ ᠬᠢᠯᠭᠡᠬᠦ ᠪᠠᠷ ᠱᠠᠭᠠᠷᠳᠠᠵᠦ ᠪᠤᠯᠤᠨ᠎ᠠ᠂ ᠴᠢᠬᠤᠯᠠᠳᠡᠢ ᠦᠶ᠎ᠡ ᠳᠤ ᠪᠠᠶᠢᠴᠠᠭᠠᠬᠳᠠᠬᠴᠢ ᠳᠤ ᠪᠢᠴᠢᠭ ᠢᠶᠠᠷ ᠮᠡᠳᠡᠭᠳᠡᠨ᠎ᠠ᠃ ᠬᠢᠨᠠᠨ ᠪᠠᠶᠢᠴᠠᠭᠠᠬᠤ ᠪᠠᠶᠢᠭᠤᠯᠭ᠎ᠠ ᠨᠢ ᠱᠠᠮᠰᠢᠵᠦ ᠬᠡᠬᠡᠯᠢ ᠢᠳᠡᠵᠤ ᠬᠠᠭ᠋ᠤᠤᠯᠢ ᠳᠦᠯᠬᠢᠭᠰᠡᠨ᠂ ᠬᠠᠷᠢᠭᠤᠴᠠᠯᠭ᠎ᠠ ᠠᠯᠳᠠᠵᠦ ᠲᠤᠰᠢᠶᠠᠯ ᠢᠶᠠᠨ ᠭᠤᠳᠤᠭᠠᠬᠰᠠᠨ ᠵᠡᠷᠭᠡ ᠡᠷᠭᠡ ᠲᠤᠰᠢᠶᠠᠯ ᠢᠶᠠᠨ ᠠᠰᠢᠬᠯᠠᠨ ᠶᠠᠯ᠎ᠠ ᠬᠢᠭᠰᠡᠨ ᠰᠡᠵᠢᠭᠯᠡᠯᠳᠡᠢ ᠪᠠᠶᠢᠴᠠᠭᠠᠬᠳᠠᠬᠴᠢ ᠠᠴᠠ ᠰᠢᠬᠦᠨ ᠠᠰᠠᠭᠤᠵᠦ᠂ ᠶᠠᠯ᠎ᠠ ᠬᠢᠭᠰᠡᠨ ᠰᠡᠵᠢᠭᠯᠡᠯᠳᠡᠢ ᠪᠠᠶᠢᠳᠠᠯ ᠢ ᠨᠢ ᠦᠨᠡᠨ ᠮᠦᠨ ᠢᠶᠠᠷ ᠦᠴᠢᠭᠯᠡᠬᠦᠯᠬᠦ ᠪᠠᠷ ᠱᠠᠭᠠᠷᠳᠠᠵᠦ ᠪᠤᠯᠤᠨ᠎ᠠ᠃    ᠬᠤᠷᠢᠨ ᠨᠢᠭᠡᠳᠦᠭᠡᠷ ᠵᠦᠢᠯ ᠪᠠᠶᠢᠴᠠᠭᠠᠬᠤ ᠶᠠᠪᠤᠴᠠ ᠳᠤ᠂ ᠬᠢᠨᠠᠨ ᠪᠠᠶᠢᠴᠠᠭᠠᠬᠤ ᠪᠠᠶᠢᠭᠤᠯᠭ᠎ᠠ ᠨᠢ ᠭᠡᠷᠡᠴᠢᠯᠡᠭᠴᠢ ᠵᠡᠷᠭᠡ ᠬᠦᠮᠦᠰ ᠠᠴᠠ ᠯᠠᠪᠯᠠᠨ ᠠᠰᠠᠭᠤᠵᠦ ᠪᠤᠯᠤᠨ᠎ᠠ᠃    ᠬᠤᠷᠢᠨ ᠬᠤᠶᠠᠳᠤᠭᠠᠷ ᠵᠦᠢᠯ ᠪᠠᠶᠢᠴᠠᠭᠠᠬᠳᠠᠬᠴᠢ ᠱᠠᠮᠰᠢᠵᠦ ᠬᠡᠭᠡᠯᠢ ᠢᠳᠡᠵᠦ ᠬᠠᠭ᠋ᠤᠤᠯᠢ ᠲᠦᠯᠬᠢᠭᠰᠡᠨ᠂ ᠬᠠᠷᠢᠭᠤᠴᠠᠯᠭ᠎ᠠ ᠠᠯᠳᠠᠵᠦ ᠲᠤᠰᠢᠶᠠᠯ ᠢᠶᠠᠨ ᠭᠤᠳᠤᠭᠠᠬᠰᠠᠨ ᠵᠡᠷᠭᠡ ᠡᠷᠬᠡ ᠲᠤᠰᠢᠶᠠᠯ ᠢᠶᠠᠨ ᠠᠰᠢᠬᠯᠠᠨ ᠬᠠᠤᠯᠢ ᠶᠢ ᠬᠦᠨᠳᠦ ᠨᠤᠴᠢᠳᠡᠢ ᠵᠦᠷᠢᠴᠡᠭᠰᠡᠨ ᠪᠤᠶᠤ ᠡᠷᠬᠡ ᠲᠤᠰᠢᠶᠠᠯ ᠢᠶᠠᠨ ᠠᠰᠢᠬᠯᠠᠨ ᠬᠦᠨᠳᠦ ᠨᠤᠴᠢᠳᠡᠢ ᠶᠠᠯ᠎ᠠ ᠬᠢᠭᠰᠡᠨ ᠰᠡᠵᠢᠭᠯᠡᠯᠳᠡᠢ ᠪᠠᠶᠢᠵᠤ᠂ ᠬᠢᠨᠠᠨ ᠪᠠᠶᠢᠴᠠᠭᠠᠬᠤ ᠪᠠᠶᠢᠭᠤᠯᠭ᠎ᠠ ᠲᠡᠬᠦᠨ ᠤ ᠬᠠᠤᠯᠢ ᠶᠢ ᠵᠦᠷᠢᠴᠡᠭᠰᠡᠨ ᠶᠠᠯ᠎ᠠ ᠬᠢᠭᠰᠡᠨ ᠬᠡᠰᠡᠭ ᠪᠤᠳᠠᠳᠦ ᠶᠠᠪᠤᠳᠠᠯ ᠵᠢᠴᠢ ᠬᠡᠷᠡᠴᠢ ᠪᠠᠷᠢᠮᠳᠠ ᠶᠢ ᠨᠢᠭᠡᠨᠳᠡ ᠡᠵᠡᠮᠰᠢᠵᠦ᠂ ᠮᠦᠨ ᠯᠡ ᠴᠢᠬᠤᠯᠠ ᠠᠰᠠᠭᠤᠳᠠᠯ ᠢ ᠤᠯᠠᠮ ᠨᠢᠭᠡ ᠠᠯᠬᠤᠮ ᠪᠠᠶᠢᠴᠠᠭᠠᠬᠤ ᠴᠢᠬᠤᠯᠠᠳᠡᠢ ᠪᠦᠭᠡᠳ ᠲᠤᠤᠷ᠎ᠠ ᠵᠢᠬᠰᠠᠭᠠᠬᠰᠠᠨ ᠪᠠᠶᠢᠳᠠᠯ ᠤᠨ ᠨᠢᠭᠡ ᠨᠢ ᠪᠠᠶᠢᠪᠠᠯ ᠂ ᠬᠢᠨᠠᠨ ᠪᠠᠶᠢᠴᠠᠭᠠᠬᠤ ᠪᠠᠶᠢᠭᠤᠯᠭ᠎ᠠ ᠪᠠᠷ ᠬᠠᠤᠯᠢ ᠶᠤᠰᠤᠭᠠᠷ ᠬᠢᠨᠠᠨ ᠵᠦᠪᠰᠢᠶᠡᠷᠡᠬᠦᠯᠦᠭᠡᠳ᠂ ᠲᠡᠬᠦᠨ ᠢ ᠤᠨᠴᠠ ᠲᠤᠬᠳᠠᠬᠰᠠᠨ ᠲᠠᠯᠠᠪᠤᠷ ᠲᠤ ᠬᠤᠴᠤᠷᠭᠠᠨ ᠠᠪᠴᠦ ᠪᠤᠯᠤᠨ᠎ᠠ᠄    ︵ᠨᠢᠭᠡ︶ ᠬᠤᠯᠪᠤᠬᠳᠠᠬᠰᠠᠨ ᠬᠡᠷᠡᠭ ᠨᠢ ᠬᠦᠨᠳᠦ ᠶᠡᠭᠡ᠂ ᠨᠠᠷᠢᠨ ᠪᠤᠳᠤᠯᠢᠶᠠᠨᠳᠡᠢ︔    ︵ᠬᠤᠶᠠᠷ︶ ᠲᠤᠳᠠᠭᠠᠵᠦ᠂ ᠪᠡᠶ᠎ᠡ ᠪᠠᠨ ᠬᠤᠤᠷᠯᠠᠵᠦ ᠮᠡᠳᠡᠬᠦ︔    ︵ᠭᠤᠷᠪᠠ︶ ᠦᠴᠢᠭ ᠨᠡᠪᠳᠡᠷᠡᠯᠴᠡᠵᠦ ᠮᠡᠳᠡᠬᠦ ᠪᠤᠶᠤ ᠬᠡᠷᠡᠴᠢ ᠪᠠᠷᠢᠮᠳᠠ ᠶᠢ ᠬᠠᠭᠤᠷᠮᠠᠬ ᠢᠶᠠᠷ ᠵᠤᠬᠢᠶᠠᠵᠦ᠂ ᠨᠢᠭᠤᠨ ᠲᠠᠯᠳᠠᠯᠠᠵᠦ᠂ ᠤᠰᠠᠳᠬᠠᠨ ᠰᠦᠢᠳᠭᠡᠵᠦ ᠮᠡᠳᠡᠬᠦ︔    ︵ᠲᠦᠷᠪᠡ︶ ᠪᠠᠶᠢᠴᠠᠭᠠᠯᠳᠠ ᠶᠢ ᠬᠠᠷᠰᠢᠯᠠᠬᠤ ᠪᠤᠰᠤᠳ ᠦᠢᠯᠡ ᠠᠵᠢᠯᠯᠠᠭ᠎ᠠ ᠲᠠᠢ ᠪᠠᠶᠢᠵᠦ ᠮᠡᠳᠡᠬᠦ᠃ ᠬᠡᠭᠡᠯᠢ ᠲᠦᠯᠬᠢᠭᠰᠡᠨ ᠶᠡᠯ᠎ᠠ ᠬᠢᠭᠰᠡᠨ ᠰᠡᠵᠢᠭᠯᠡᠯᠳᠡᠢ ᠪᠤᠶᠤ ᠡᠷᠬᠡ ᠲᠤᠰᠢᠶᠠᠯ ᠢᠶᠠᠨ ᠠᠰᠢᠬᠯᠠᠨ ᠬᠠᠮᠳᠤ ᠪᠠᠷ ᠶᠠᠯ᠎ᠠ ᠬᠢᠭᠰᠡᠨ ᠰᠡᠵᠢᠭᠯᠡᠯᠳᠡᠢ ᠬᠡᠷᠡᠭ ᠲᠤ ᠬᠤᠯᠪᠤᠬᠳᠠᠬᠰᠠᠨ ᠬᠦᠮᠦᠨ ᠳᠤ ᠬᠢᠨᠠᠨ ᠪᠠᠶᠢᠴᠠᠭᠠᠬᠤ ᠪᠠᠶᠢᠭᠤᠯᠭ᠎ᠠ ᠡᠮᠦᠨᠡᠬᠢ ᠪᠠᠳᠠᠬ ᠤᠨ ᠲᠤᠬᠳᠠᠭᠠᠯ ᠶᠤᠰᠤᠭᠠᠷ ᠬᠤᠴᠤᠷᠭᠠᠨ ᠠᠪᠬᠤ ᠠᠷᠭ᠎ᠠ ᠬᠡᠮᠵᠢᠶ᠎ᠡ ᠠᠪᠴᠦ ᠪᠤᠯᠤᠨ᠎ᠠ᠃ ᠬᠤᠴᠤᠷᠭᠠᠨ ᠠᠪᠬᠤ ᠲᠠᠯᠠᠪᠤᠷ ᠤᠨ ᠲᠤᠬᠢᠷᠠᠭᠤᠯᠤᠯᠳᠠ᠂ ᠬᠠᠮᠢᠶᠠᠷᠤᠯᠳᠠ ᠪᠠ ᠬᠢᠨᠠᠯᠳᠠ ᠶᠢ ᠤᠯᠤᠰ ᠤᠨ ᠬᠤᠯᠪᠤᠬᠳᠠᠯ ᠪᠦᠬᠦᠢ ᠲᠤᠬᠳᠠᠭᠠᠯ ᠶᠤᠰᠤᠭᠠᠷ ᠬᠦᠢᠴᠡᠳᠭᠡᠨ᠎ᠠ᠃    ᠬᠤᠷᠢᠨ ᠭᠤᠷᠪᠠᠳᠤᠭᠠᠷ ᠵᠦᠢᠯ ᠬᠢᠨᠠᠨ ᠪᠠᠶᠢᠴᠠᠭᠠᠬᠤ ᠪᠠᠶᠢᠭᠤᠯᠭ᠎ᠠ ᠨᠢ ᠱᠠᠮᠰᠢᠵᠦ ᠬᠡᠭᠡᠯᠢ ᠢᠳᠡᠵᠦ ᠬᠠᠭ᠋ᠤᠤᠯᠢ ᠲᠦᠯᠬᠢᠭᠰᠡᠨ᠂ ᠬᠠᠷᠢᠭᠤᠴᠠᠯᠭ᠎ᠠ ᠠᠯᠳᠠᠵᠦ ᠲᠤᠰᠢᠶᠠᠯ ᠢᠶᠠᠨ ᠭᠤᠳᠤᠭᠠᠬᠰᠠᠨ ᠵᠡᠷᠭᠡ ᠡᠷᠬᠡ ᠲᠤᠰᠢᠶᠠᠯ ᠢᠶᠠᠨ ᠠᠰᠢᠬᠯᠠᠨ ᠬᠠᠤᠯᠢ ᠶᠢ ᠬᠦᠨᠳᠦ ᠨᠤᠴᠢᠳᠡᠢ ᠵᠦᠷᠢᠴᠡᠭᠰᠡᠨ ᠪᠤᠶᠤ ᠡᠷᠬᠡ ᠲᠤᠰᠢᠶᠠᠯ ᠢᠶᠠᠨ ᠠᠰᠢᠬᠯᠠᠨ ᠬᠦᠨᠳᠦ ᠨᠤᠴᠢᠳᠡᠢ ᠶᠠᠯ᠎ᠠ ᠬᠢᠭᠰᠡᠨ ᠰᠡᠵᠢᠭᠯᠡᠯᠳᠡᠢ ᠬᠡᠷᠡᠭ ᠢ ᠪᠠᠶᠢᠴᠠᠭᠠᠬᠤ ᠳᠠᠭᠠᠨ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠡᠷᠡᠭ ᠲᠤ ᠬᠤᠯᠪᠤᠬᠳᠠᠬᠰᠠᠨ ᠨᠢᠭᠡᠴᠡ ᠪᠠ ᠬᠤᠪᠢ ᠬᠦᠮᠦᠨ ᠤ ᠬᠠᠳᠠᠭᠠᠯᠠᠮᠵᠢ ᠶᠢᠨ ᠵᠤᠭᠤᠰ᠂ ᠭᠤᠪᠢᠭᠤᠯᠭ᠎ᠠ ᠶᠢᠨ ᠵᠤᠭᠤᠰ᠂ ᠵᠢᠭᠡᠯᠡᠯᠭᠡ ᠶᠢᠨ ᠲᠡᠮᠳᠡᠭᠳᠦ᠂ ᠰᠲ᠋ᠤᠺ᠂ ᠰᠠᠭᠤᠷᠢ ᠮᠦᠩᠬᠦ ᠶᠢᠨ ᠬᠤᠪᠢᠳᠠᠯ ᠵᠡᠷᠭᠡ ᠡᠳ᠋ ᠬᠦᠷᠦᠩᠬᠡ ᠶᠢ ᠲᠤᠬᠳᠠᠭᠠᠯ ᠶᠤᠰᠤᠭᠠᠷ ᠪᠠᠶᠢᠴᠠᠭᠠᠨ ᠯᠠᠪᠯᠠᠵᠦ᠂ ᠴᠡᠪᠳᠡᠭᠰᠢᠬᠦᠯᠵᠦ ᠪᠤᠯᠤᠨ᠎ᠠ᠃ ᠬᠤᠯᠪᠤᠬᠳᠠᠯ ᠪᠦᠬᠦᠢ ᠨᠢᠭᠡᠴᠡ ᠪᠠ ᠬᠤᠪᠢ ᠬᠦᠮᠦᠨ ᠬᠠᠮᠵᠢᠯᠴᠠᠬᠤ ᠬᠡᠷᠡᠭᠳᠡᠢ᠃ ᠴᠡᠪᠳᠡᠭᠰᠢᠬᠦᠯᠦᠭᠰᠡᠨ ᠡᠳ᠋ ᠬᠦᠷᠦᠩᠬᠡ ᠶᠢᠨ ᠬᠡᠷᠡᠭ ᠲᠤ ᠥᠯᠥ ᠬᠤᠯᠪᠣᠭᠳᠠᠬᠤ ᠶᠢ ᠪᠠᠶᠢᠴᠠᠭᠠᠨ ᠲᠣᠳᠣᠯᠠᠭᠰᠠᠨ ᠪᠠᠶᠢᠪᠠᠯ᠂ ᠪᠠᠶᠢᠴᠠᠭᠠᠨ ᠲᠤᠳᠤᠯᠠᠬᠰᠠᠨ ᠤ ᠲᠠᠷᠠᠭ᠎ᠠ ᠭᠤᠷᠪᠠᠨ ᠡᠳᠦᠷ ᠤᠨ ᠲᠤᠳᠤᠷ᠎ᠠ ᠴᠡᠪᠳᠡᠭᠰᠢᠬᠦᠯᠦᠯ ᠢ ᠬᠦᠴᠦᠨ ᠦᠭᠡᠢ ᠪᠤᠯᠭᠠᠵᠦ᠂ ᠪᠤᠴᠠᠭᠠᠵᠦ ᠦᠭᠬᠦ ᠬᠡᠷᠡᠭᠳᠡᠢ᠃    ᠬᠤᠷᠢᠨ ᠲᠦᠷᠪᠡᠳᠦᠭᠡᠷ ᠵᠦᠢᠯ ᠬᠢᠨᠠᠨ ᠪᠠᠶᠢᠴᠠᠭᠠᠬᠤ ᠪᠠᠶᠢᠭᠤᠯᠭ᠎ᠠ ᠨᠢ ᠡᠷᠬᠡ ᠲᠤᠰᠢᠶᠠᠯ ᠢᠶᠠᠨ ᠠᠰᠢᠬᠯᠠᠨ ᠶᠠᠯ᠎ᠠ ᠬᠢᠭᠰᠡᠨ ᠰᠡᠵᠢᠭᠯᠡᠯᠳᠡᠢ ᠪᠠᠶᠢᠴᠠᠭᠠᠬᠳᠠᠬᠴᠢ ᠵᠢᠴᠢ ᠪᠠᠶᠢᠴᠠᠭᠠᠬᠳᠠᠬᠴᠢ ᠪᠤᠶᠤ ᠶᠠᠯ᠎ᠠ ᠬᠢᠭᠰᠡᠨ ᠭᠡᠷᠡᠴᠢ ᠪᠠᠷᠢᠮᠳᠠ ᠶᠢ ᠨᠢᠭᠤᠨ ᠲᠠᠯᠳᠠᠯᠠᠵᠦ ᠮᠡᠳᠡᠬᠦ ᠬᠦᠮᠦᠨ ᠤ ᠪᠡᠶ᠎ᠡ᠂ ᠡᠳ᠋ ᠪᠤᠳᠠᠰ᠂ ᠰᠠᠭᠤᠵᠦ ᠪᠠᠶᠢᠭ᠎ᠠ ᠭᠠᠵᠠᠷ ᠪᠠ ᠪᠤᠰᠤᠳ ᠬᠤᠯᠪᠤᠬᠳᠠᠯ ᠪᠦᠬᠦᠢ ᠭᠠᠵᠠᠷ ᠢ ᠨᠡᠩᠵᠢᠨ ᠪᠠᠶᠢᠴᠠᠭᠠᠵᠦ ᠪᠤᠯᠤᠨ᠎ᠠ᠃ ᠨᠡᠩᠵᠢᠨ ᠪᠠᠶᠢᠴᠠᠭᠠᠬᠤ ᠦᠶᠡᠰ᠂ ᠨᠡᠩᠵᠢᠨ ᠪᠠᠶᠢᠴᠠᠭᠠᠬᠤ ᠭᠡᠷᠡᠴᠢ ᠪᠠᠨ ᠭᠠᠷᠭᠠᠵᠦ ᠦᠵᠡᠬᠦᠯᠬᠦ ᠬᠡᠷᠡᠭᠳᠡᠢ ᠪᠦᠭᠡᠳ ᠨᠡᠩᠵᠢᠭᠳᠡᠭᠴᠢ ᠪᠤᠶᠤ ᠲᠡᠬᠦᠨ ᠤ ᠭᠡᠷ ᠪᠦᠯᠢ ᠶᠢᠨ ᠬᠢᠨ ᠵᠡᠷᠭᠡ ᠦᠵᠡᠨ ᠭᠡᠷᠡᠴᠢᠯᠡᠭᠴᠢ ᠶᠢ ᠲᠤᠬᠠᠢ ᠶᠢᠨ ᠲᠠᠯᠠᠪᠤᠷ ᠲᠤ ᠪᠠᠶᠢᠯᠭᠠᠬᠤ ᠬᠡᠷᠡᠭᠳᠡᠢ᠃ ᠡᠮᠡᠭᠳᠡᠢ ᠬᠦᠮᠦᠨ ᠤ ᠪᠡᠶ᠎ᠡ ᠶᠢ ᠨᠡᠩᠵᠢᠨ ᠪᠠᠶᠢᠴᠠᠭᠠᠬᠤ ᠳᠤ ᠡᠮᠡᠭᠳᠡᠢ ᠠᠵᠢᠯᠳᠠᠨ ᠢᠶᠠᠷ ᠨᠡᠩᠵᠢᠬᠦᠯᠬᠦ ᠬᠡᠷᠡᠭᠳᠡᠢ᠃ ᠬᠢᠨᠠᠨ ᠪᠠᠶᠢᠴᠠᠭᠠᠬᠤ ᠪᠠᠶᠢᠭᠤᠯᠭ᠎ᠠ ᠨᠡᠩᠵᠢᠨ ᠪᠠᠶᠢᠴᠠᠭᠠᠬᠤ ᠦᠶ᠎ᠡ ᠳᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠠᠮᠵᠢᠭᠤᠯᠬᠤ ᠭᠤᠶᠤᠴᠢᠯᠠᠯ ᠲᠤᠷᠠᠳᠴᠦ ᠪᠤᠯᠤᠨ᠎ᠠ᠃ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢ ᠶᠤᠰᠤᠭᠠᠷ ᠬᠠᠮᠵᠢᠬᠤ ᠬᠡᠷᠡᠭᠳᠡᠢ᠃    ᠬᠤᠷᠢᠨ ᠲᠠᠪᠤᠳᠤᠭᠠᠷ ᠵᠦᠢᠯ ᠬᠢᠨᠠᠨ ᠪᠠᠶᠢᠴᠠᠭᠠᠬᠤ ᠪᠠᠶᠢᠭᠤᠯᠭ᠎ᠠ ᠪᠠᠶᠢᠴᠠᠭᠠᠬᠤ ᠶᠠᠪᠤᠴᠠ ᠳᠤ᠂ ᠪᠠᠶᠢᠴᠠᠭᠠᠬᠳᠠᠬᠴᠢ ᠶᠢᠨ ᠬᠠᠤᠯᠢ ᠠᠴᠠ ᠵᠦᠷᠢᠴᠡᠭᠰᠡᠨ ᠶᠠᠯ᠎ᠠ ᠬᠢᠭᠰᠡᠨ ᠰᠡᠵᠢᠭᠯᠡᠯᠳᠡᠢ ᠪᠠᠶᠢᠬᠤ ᠶᠢ ᠬᠡᠷᠡᠴᠢᠯᠡᠬᠦ ᠳᠤ ᠬᠡᠷᠡᠭᠯᠡᠬᠦ ᠵᠤᠭᠤᠰ ᠮᠦᠩᠬᠦ ᠡᠳ᠋ ᠪᠤᠳᠠᠰ᠂ ᠪᠢᠴᠢᠭ ᠮᠡᠲ᠋ᠧᠷᠢᠶᠠᠯ ᠪᠠ ᠡᠯᠧᠺᠳ᠋ᠷᠣᠨ ᠳ᠋ᠠᠶᠢᠲ᠋ᠠ ᠵᠡᠷᠭᠡ ᠮᠡᠳᠡᠭᠡ ᠵᠠᠩᠬᠢ ᠶᠢ ᠰᠢᠯᠵᠢᠬᠦᠯᠦᠨ ᠠᠪᠴᠦ᠂ ᠪᠠᠶᠢᠴᠠᠭᠠᠨ ᠪᠢᠳᠡᠬᠦᠮᠵᠢᠯᠡᠵᠦ᠂ ᠲᠠᠷᠤᠵᠦ ᠠᠪᠴᠦ ᠪᠤᠯᠤᠨ᠎ᠠ᠃ ᠰᠢᠯᠵᠢᠬᠦᠯᠦᠨ ᠠᠪᠬᠤ᠂ ᠪᠠᠶᠢᠴᠠᠭᠠᠨ ᠪᠢᠳᠡᠬᠦᠮᠵᠢᠯᠡᠬᠦ᠂ ᠲᠠᠷᠤᠵᠦ ᠠᠪᠬᠤ ᠠᠷᠭ᠎ᠠ ᠬᠡᠮᠵᠢᠶ᠎ᠡ ᠠᠪᠬᠤ ᠳᠠᠭᠠᠨ ᠤᠤᠯ ᠪᠤᠳᠠᠰ ᠤᠬ ᠮᠡᠲ᠋ᠧᠷᠢᠶᠠᠯ ᠢ ᠴᠤᠬᠯᠠᠭᠤᠯᠵᠦ᠂ ᠡᠵᠡᠮᠰᠢᠭᠴᠦ ᠪᠤᠶᠤ ᠬᠠᠳᠠᠭᠠᠯᠠᠨ ᠬᠠᠮᠢᠶᠠᠷᠤᠬᠴᠢ᠂ ᠦᠵᠡᠨ ᠬᠡᠷᠡᠴᠢᠯᠡᠭᠴᠢ ᠲᠠᠢ ᠬᠠᠮᠳᠤ ᠪᠠᠷ ᠲᠡᠳᠡᠨ ᠤ ᠨᠢᠭᠤᠷ ᠲᠡᠭᠡᠷ᠎ᠡ ᠨᠢ ᠨᠢᠭᠡ ᠨᠢᠭᠡ ᠪᠠᠷ ᠰᠡᠬᠦᠳᠡᠷᠯᠡᠵᠦ᠂ ᠲᠠᠩᠰᠠᠯᠠᠵᠦ᠂ ᠨᠤᠮᠧᠷᠯᠠᠭᠠᠳ ᠲᠤᠳᠤᠷᠬᠠᠢ ᠬᠠᠭᠤᠳᠠᠰᠤ ᠵᠤᠬᠢᠶᠠᠵᠦ᠂ ᠲᠤᠬᠠᠢ ᠶᠢᠨ ᠲᠠᠯᠠᠪᠤᠷ ᠲᠤ ᠪᠠᠶᠢᠬᠰᠠᠨ ᠠᠵᠢᠯᠳᠠᠨ ᠲᠡᠷᠡ ᠲᠤᠤᠷ᠎ᠠ ᠨᠢ ᠬᠠᠷᠭᠤᠭᠤᠯᠵᠦ᠂ ᠭᠠᠷ ᠤᠨ ᠦᠰᠦᠭ ᠵᠢᠷᠤᠬᠤ ᠶᠢᠨ ᠬᠠᠮᠳᠤ ᠲᠤᠳᠤᠷᠬᠠᠢ ᠬᠠᠭᠤᠳᠠᠰᠤ ᠶᠢᠨ ᠬᠠᠭᠤᠯᠪᠤᠷᠢ ᠲᠡᠪᠳᠡᠷ ᠢ ᠵᠤᠭᠤᠰ ᠮᠦᠩᠬᠦ ᠡᠳ᠋ ᠪᠤᠳᠠᠰ᠂ ᠪᠢᠴᠢᠭ ᠮᠡᠲ᠋ᠧᠷᠢᠶᠠᠯ ᠤᠨ ᠡᠵᠡᠮᠰᠢᠭᠴᠦ ᠪᠤᠶᠤ ᠬᠠᠳᠠᠭᠠᠯᠠᠨ ᠬᠠᠮᠢᠶᠠᠷᠤᠬᠴᠢ ᠳᠤ ᠲᠤᠰᠢᠶᠠᠬᠤ ᠬᠡᠷᠡᠭᠳᠡᠢ᠃ ᠰᠢᠯᠵᠢᠬᠦᠯᠵᠦ ᠠᠪᠤᠬᠰᠠᠨ᠂ ᠪᠠᠶᠢᠴᠠᠭᠠᠨ ᠪᠢᠳᠡᠬᠦᠮᠵᠢᠯᠡᠭᠰᠡᠨ᠂ ᠲᠠᠷᠤᠵᠦ ᠠᠪᠤᠬᠰᠠᠨ ᠵᠤᠭᠤᠰ ᠮᠦᠩᠬᠦ ᠡᠳ᠋ ᠪᠤᠳᠠᠰ᠂ ᠪᠢᠴᠢᠭ ᠮᠡᠲ᠋ᠧᠷᠢᠶᠠᠯ ᠳᠤ ᠬᠢᠨᠠᠨ ᠪᠠᠶᠢᠴᠠᠭᠠᠬᠤ ᠪᠠᠶᠢᠭᠤᠯᠭ᠎ᠠ ᠲᠤᠰᠬᠠᠢ ᠲᠠᠩᠰᠠᠨ ᠡᠷᠦᠬᠡ᠂ ᠲᠤᠰᠬᠠᠢ ᠲᠠᠯᠠᠪᠤᠷ ᠭᠠᠷᠭᠠᠵᠦ᠂ ᠲᠤᠰᠬᠠᠢ ᠬᠦᠮᠦᠨ ᠲᠤᠬᠳᠠᠭᠠᠨ ᠲᠤᠬᠢᠳᠠᠢ ᠬᠠᠳᠠᠭᠠᠯᠠᠭᠤᠯᠤᠨ ᠬᠠᠮᠢᠶᠠᠷᠠᠭᠤᠯᠵᠦ᠂ ᠲᠤᠰᠢᠶᠠᠵᠦ ᠬᠦᠯᠢᠶᠡᠵᠦ ᠠᠪᠬᠤ᠂ ᠰᠢᠯᠵᠢᠬᠦᠯᠵᠦ ᠠᠪᠬᠤ ᠭᠠᠷ ᠬᠦᠢᠴᠡᠳᠭᠡᠯ ᠢ ᠴᠢᠩᠭ᠎ᠠ ᠬᠦᠢᠴᠡᠳᠭᠡᠵᠦ᠂ ᠲᠤᠬᠳᠠᠮᠠᠯ ᠬᠤᠭᠤᠴᠠᠭ᠎ᠠ ᠲᠠᠢ ᠪᠠᠷ ᠲᠠᠩᠰᠠ ᠶᠢ ᠬᠠᠷᠭᠤᠭᠤᠯᠵᠦ ᠲᠤᠳᠤᠯᠠᠬᠤ ᠬᠡᠷᠡᠭᠳᠡᠢ᠂ ᠤᠰᠠᠳᠬᠠᠨ ᠰᠦᠢᠳᠭᠡᠬᠦ ᠪᠤᠶᠤ ᠪᠤᠰᠤᠳ ᠵᠤᠷᠢᠯᠭ᠎ᠠ ᠪᠠᠷ ᠬᠡᠷᠡᠭᠯᠡᠵᠦ ᠪᠤᠯᠬᠤ ᠦᠭᠡᠢ᠃ ᠦᠨ᠎ᠡ ᠦᠷᠳᠡᠭ ᠨᠢ ᠲᠤᠳᠤᠷᠬᠠᠢ ᠦᠭᠡᠢ ᠡᠳ᠋ ᠪᠤᠳᠠᠰ ᠢ ᠴᠠᠬ ᠲᠤᠬᠠᠢ ᠳᠤᠨᠢ ᠰᠢᠯᠭᠠᠨ ᠲᠤᠬᠳᠠᠭᠠᠵᠦ᠂ ᠲᠤᠰᠬᠠᠢ ᠪᠢᠳᠡᠬᠦᠮᠵᠢᠯᠡᠨ ᠬᠠᠳᠠᠭᠠᠯᠠᠨ ᠬᠠᠮᠢᠶᠠᠷᠬᠤ ᠬᠡᠷᠡᠭᠳᠡᠢ᠃ ᠪᠠᠶᠢᠴᠠᠭᠠᠨ ᠪᠢᠳᠡᠬᠦᠮᠵᠢᠯᠡᠭᠰᠡᠨ᠂ ᠲᠠᠷᠤᠵᠦ ᠠᠪᠤᠬᠰᠠᠨ ᠵᠤᠭᠤᠰ ᠮᠦᠩᠬᠦ ᠡᠳ᠋ ᠪᠤᠳᠠᠰ᠂ ᠪᠢᠴᠢᠭ ᠮᠡᠲ᠋ᠧᠷᠢᠶᠠᠯ ᠤᠨ ᠬᠡᠷᠡᠭ ᠲᠤ ᠦᠯᠦ ᠬᠤᠯᠪᠤᠭᠳᠠᠬᠤ ᠶᠢ ᠪᠠᠶᠢᠴᠠᠭᠠᠨ ᠲᠤᠳᠤᠯᠠᠬᠰᠠᠨ ᠪᠠᠶᠢᠪᠠᠯ᠂ ᠪᠠᠶᠢᠴᠠᠭᠠᠨ ᠲᠤᠳᠤᠯᠠᠬᠰᠠᠨ ᠤ ᠲᠠᠷᠠᠭ᠎ᠠ ᠭᠤᠷᠪᠠᠨ ᠡᠳᠦᠷ ᠤᠨ ᠲᠤᠳᠤᠷ᠎ᠠ ᠪᠠᠶᠢᠴᠠᠭᠠᠨ ᠪᠢᠳᠡᠬᠦᠮᠵᠢᠯᠡᠭᠰᠡᠨ᠂ ᠲᠠᠷᠤᠵᠦ ᠠᠪᠤᠬᠰᠠᠨ ᠢ ᠬᠦᠴᠦᠨ ᠦᠭᠡᠢ ᠪᠤᠯᠭᠠᠵᠦ᠂ ᠪᠤᠴᠠᠭᠠᠵᠦ ᠦᠭᠬᠦ ᠬᠡᠷᠡᠭᠳᠡᠢ᠃    ᠬᠤᠷᠢᠨ ᠵᠢᠷᠭᠤᠳᠦᠭᠠᠷ ᠵᠦᠢᠯ ᠬᠢᠨᠠᠨ ᠪᠠᠶᠢᠴᠠᠭᠠᠬᠤ ᠪᠠᠶᠢᠭᠤᠯᠭ᠎ᠠ ᠪᠠᠶᠢᠴᠠᠭᠠᠬᠤ ᠶᠠᠪᠤᠴᠠ ᠳᠤ᠂ ᠰᠢᠭᠤᠳ ᠪᠤᠶᠤ ᠲᠤᠰᠬᠠᠢ ᠮᠡᠳᠡᠯᠭᠡ ᠲᠠᠢ᠂ ᠬᠢᠷᠢ ᠭᠡᠮ ᠲᠠᠢ ᠬᠦᠮᠦᠨ ᠢ ᠵᠢᠭᠠᠨ ᠲᠤᠮᠢᠯᠠᠬᠤ ᠪᠠ ᠤᠷᠢᠵᠦ᠂ ᠪᠠᠶᠢᠴᠠᠭᠠᠬᠤ ᠠᠵᠢᠯᠳᠠᠨ ᠤ ᠡᠷᠬᠢᠯᠡᠯᠳᠡ ᠲᠤᠤᠷ᠎ᠠ ᠬᠠᠶᠢᠨ ᠰᠢᠯᠭᠠᠭᠤᠯᠵᠦ ᠪᠠᠶᠢᠴᠠᠭᠠᠯᠭᠠᠵᠦ ᠪᠤᠯᠤᠨ᠎ᠠ᠃ ᠬᠠᠶᠢᠨ ᠰᠢᠯᠭᠠᠵᠦ᠂ ᠪᠠᠶᠢᠴᠠᠭᠠᠬᠰᠠᠨ ᠪᠠᠶᠢᠳᠠᠯ ᠢ ᠲᠡᠮᠳᠡᠭᠯᠡᠯ ᠪᠤᠯᠭᠠᠨ ᠪᠢᠴᠢᠵᠤ᠂ ᠬᠠᠶᠢᠨ ᠰᠢᠯᠭᠠᠵᠤ ᠪᠠᠶᠢᠴᠠᠭᠠᠬᠤ ᠳᠤ ᠤᠷᠤᠯᠴᠠᠬᠰᠠᠨ ᠬᠦᠮᠦᠨ ᠪᠠ ᠦᠵᠡᠨ ᠭᠡᠷᠡᠴᠢᠯᠡᠭᠴᠢ ᠭᠠᠷ ᠤᠨ ᠦᠰᠦᠭ ᠢᠶᠠᠨ ᠵᠢᠷᠤᠬᠤ ᠪᠤᠶᠤ ᠲᠠᠮᠠᠭ᠎ᠠ ᠪᠠᠨ ᠲᠠᠷᠤᠬᠤ ᠬᠡᠷᠡᠭᠳᠡᠢ᠃    ᠬᠤᠷᠢᠨ ᠲᠤᠯᠤᠳᠤᠭᠠᠷ ᠵᠦᠢᠯ ᠬᠢᠨᠠᠨ ᠪᠠᠶᠢᠴᠠᠭᠠᠬᠤ ᠪᠠᠶᠢᠭᠤᠯᠭ᠎ᠠ ᠪᠠᠶᠢᠴᠠᠭᠠᠬᠤ ᠶᠠᠪᠤᠴᠠ ᠳᠤ᠂ ᠬᠡᠷᠡᠭ ᠲᠠᠬᠢ ᠲᠤᠰᠬᠠᠢ ᠴᠢᠨᠠᠷᠳᠡᠢ ᠠᠰᠠᠭᠤᠳᠠᠯ ᠤᠨ ᠲᠤᠬᠠᠢ᠂ ᠲᠤᠰᠬᠠᠢ ᠮᠡᠳᠡᠯᠭᠡ ᠲᠠᠢ ᠬᠦᠮᠦᠨ ᠢ ᠵᠢᠭᠠᠨ ᠲᠤᠮᠢᠯᠠᠬᠤ ᠪᠠ ᠤᠷᠢᠵᠦ ᠰᠢᠯᠭᠠᠨ ᠲᠤᠬᠳᠠᠭᠠᠯᠭᠠᠵᠦ ᠪᠤᠯᠤᠨ᠎ᠠ᠃ ᠰᠢᠯᠭᠠᠨ ᠲᠤᠬᠳᠠᠭᠠᠬᠴᠢ ᠰᠢᠯᠭᠠᠨ ᠲᠤᠬᠳᠠᠭᠠᠬᠰᠠᠨ ᠤ ᠲᠠᠷᠠᠭ᠎ᠠ᠂ ᠰᠢᠯᠭᠠᠨ ᠲᠤᠬᠳᠠᠭᠠᠬᠰᠠᠨ ᠰᠠᠨᠠᠯ ᠪᠢᠴᠢᠬᠦ ᠶᠢᠨ ᠬᠠᠮᠳᠤ ᠭᠠᠷ ᠤᠨ ᠦᠰᠦᠭ ᠵᠢᠷᠤᠬᠤ ᠬᠡᠷᠡᠭᠳᠡᠢ᠃    ᠬᠤᠷᠢᠨ ᠨᠠᠶᠢᠮᠠᠳᠤᠭᠠᠷ ᠵᠦᠢᠯ ᠬᠢᠨᠠᠨ ᠪᠠᠶᠢᠴᠠᠭᠠᠬᠤ ᠪᠠᠶᠢᠭᠤᠯᠭ᠎ᠠ ᠬᠦᠨᠳᠦ ᠶᠡᠭᠡ ᠱᠠᠮᠰᠢᠵᠦ ᠬᠡᠭᠡᠯᠢ ᠢᠳᠡᠵᠤ ᠬᠠᠭ᠋ᠤᠤᠯᠢ ᠲᠦᠯᠬᠢᠭᠰᠡᠨ ᠵᠡᠷᠭᠡ ᠡᠷᠬᠡ ᠲᠤᠰᠢᠶᠠᠯ ᠢᠶᠠᠨ ᠠᠰᠢᠬᠯᠠᠨ ᠶᠠᠯ᠎ᠠ ᠬᠢᠭᠰᠡᠨ ᠰᠡᠵᠢᠭᠯᠡᠯᠳᠡᠢ ᠬᠡᠷᠡᠭ ᠢ ᠪᠠᠶᠢᠴᠠᠭᠠᠬᠤ ᠳᠤ᠂ ᠬᠡᠷᠡᠭᠴᠡᠭᠡ ᠪᠠᠨ ᠦᠨᠳᠦᠰᠦᠯᠡᠨ᠂ ᠴᠢᠩᠭ᠎ᠠ ᠨᠢᠮᠪᠠᠢ ᠵᠦᠪᠰᠢᠶᠡᠷᠡᠬᠦᠯᠬᠦ ᠭᠠᠷ ᠬᠦᠢᠴᠡᠳᠭᠡᠯ ᠬᠢᠭᠰᠡᠨ ᠤ ᠲᠠᠷᠠᠭ᠎ᠠ᠂ ᠮᠡᠷᠭᠡᠵᠢᠯ ᠤᠨ ᠪᠠᠶᠢᠴᠠᠭᠠᠯᠳᠠ ᠶᠢᠨ ᠠᠷᠭ᠎ᠠ ᠭᠡᠮᠵᠢᠶ᠎ᠠ ᠠᠪᠴᠤ ᠪᠤᠯᠬᠤ ᠪᠦᠭᠡᠳ ᠲᠤᠬᠳᠠᠭᠠᠯ ᠶᠤᠰᠤᠭᠠᠷ ᠬᠤᠯᠪᠤᠬᠳᠠᠯ ᠪᠦᠬᠦᠢ ᠪᠠᠶᠢᠭᠤᠯᠭ᠎ᠠ ᠳᠤ ᠲᠤᠰᠢᠶᠠᠨ ᠬᠦᠢᠴᠡᠳᠭᠡᠬᠦᠯᠤᠨ᠎ᠠ᠃ ᠵᠦᠪᠰᠢᠶᠡᠷᠡᠬᠦ ᠲᠤᠭᠲᠠᠭᠠᠯ ᠳᠤ ᠠᠪᠬᠤ ᠭᠡᠵᠦ ᠪᠠᠶᠢᠭ᠎ᠠ ᠮᠡᠷᠭᠡᠵᠢᠯ ᠤᠨ ᠪᠠᠶᠢᠴᠠᠭᠠᠯᠲᠠ ᠶᠢᠨ ᠠᠷᠭ᠎ᠠ ᠬᠡᠮᠵᠢᠶ᠎ᠡ ᠶᠢᠨ ᠲᠦᠷᠦᠯ ᠵᠦᠢᠯ ᠪᠠ ᠬᠡᠷᠡᠭᠯᠡᠭᠳᠡᠬᠦ ᠡᠲᠡᠭᠡᠳ ᠢ ᠲᠤᠲᠤᠷᠬᠠᠶᠢᠯᠠᠬᠤ ᠬᠡᠷᠡᠭᠲᠡᠢ᠂ ᠲᠡᠷᠡ ᠨᠢ ᠭᠠᠷ ᠤᠨ ᠦᠰᠦᠭ ᠵᠢᠷᠤᠵᠤ ᠶᠠᠪᠤᠭᠤᠯᠤᠭᠰᠠᠨ ᠡᠳᠦᠷ ᠠᠴᠠ ᠡᠬᠢᠯᠡᠨ ᠭᠤᠷᠪᠠᠨ ᠰᠠᠷ᠎ᠠ ᠶᠢᠨ ᠲᠤᠲᠤᠷ᠎ᠠ ᠬᠦᠴᠦᠨ ᠲᠠᠢ︔ ᠨᠠᠷᠢᠨ ᠪᠤᠳᠤᠯᠢᠶᠠᠨᠲᠠᠢ᠂ ᠬᠦᠴᠢᠷ ᠲᠦᠪᠡᠭᠲᠡᠢ ᠬᠡᠷᠡᠭ ᠲᠤ ᠂ ᠬᠤᠭᠤᠴᠠᠭ᠎ᠠ ᠨᠢ ᠲᠦᠭᠦᠷᠦᠭᠰᠡᠨ ᠤ ᠳᠠᠷᠠᠭ᠎ᠠ ᠮᠦᠨ ᠯᠡ ᠦᠷᠭᠦᠯᠵᠢᠯᠡᠨ ᠮᠠᠷᠭᠡᠵᠢᠯ ᠤᠨ ᠪᠠᠶᠢᠴᠠᠭᠠᠯᠲᠠ ᠶᠢᠨ ᠠᠷᠭ᠎ᠠ ᠬᠡᠮᠵᠢᠶ᠎ᠡ ᠠᠪᠬᠤ ᠴᠢᠬᠤᠯᠠᠲᠠᠢ ᠪᠠᠶᠢᠪᠠᠯ᠂ ᠵᠦᠪᠰᠢᠶᠡᠷᠡᠭᠦᠯᠦᠭᠡᠳ ᠬᠦᠴᠦᠨ ᠲᠠᠢ ᠬᠤᠭᠤᠴᠠᠭ᠎ᠠ ᠶᠢ ᠨᠢ ᠤᠷᠲᠤᠳᠬᠠᠵᠤ ᠪᠤᠯᠤᠨ᠎ᠠ᠂ ᠤᠳᠠᠭ᠎ᠠ ᠪᠦᠷᠢ ᠭᠤᠷᠪᠠᠨ ᠰᠠᠷ᠎ᠠ ᠠᠴᠠ ᠬᠡᠲᠦᠷᠡᠭᠦᠯᠵᠦ ᠪᠤᠯᠬᠤ ᠦᠭᠡᠢ᠃ ᠦᠷᠭᠦᠯᠵᠢᠯᠡᠨ ᠮᠡᠷᠭᠡᠵᠢᠯ ᠤᠨ ᠪᠠᠶᠢᠴᠠᠭᠠᠯᠲᠠ ᠶᠢᠨ ᠠᠷᠭ᠎ᠠ ᠬᠡᠮᠵᠢᠶ᠎ᠡ ᠠᠪᠬᠤ ᠴᠢᠬᠤᠯᠠ ᠦᠭᠡᠢ ᠪᠠᠶᠢᠪᠠᠯ᠂ ᠴᠠᠭ ᠲᠤᠬᠠᠢ ᠳᠤᠨᠢ ᠬᠦᠴᠦᠨ ᠦᠭᠡᠢ ᠪᠤᠯᠭᠠᠬᠤ ᠬᠡᠷᠡᠭᠲᠡᠢ᠃    ᠬᠤᠷᠢ ᠶᠢᠰᠦᠳᠦᠭᠡᠷ ᠵᠦᠢᠯ ᠬᠠᠤᠯᠢ ᠶᠤᠰᠤᠭᠠᠷ ᠬᠤᠴᠤᠷᠭᠠᠨ ᠠᠪᠬᠤ ᠬᠡᠷᠡᠭᠲᠡᠢ ᠪᠠᠶᠢᠴᠠᠭᠠᠭᠳᠠᠭᠴᠢ ᠲᠤᠲᠠᠭᠠᠭᠰᠠᠨ ᠪᠠᠶᠢᠪᠠᠯ᠂ ᠬᠢᠨᠠᠨ ᠪᠠᠶᠢᠴᠠᠭᠠᠬᠤ ᠪᠠᠶᠢᠭᠤᠯᠭ᠎ᠠ ᠲᠤᠰ ᠵᠠᠰᠠᠭ ᠵᠠᠬᠢᠷᠭᠠᠨ ᠤ ᠤᠷᠤᠨ ᠤ ᠲᠤᠲᠤᠷ᠎ᠠ ᠨᠡᠬᠡᠮᠵᠢᠯᠡᠨ ᠪᠠᠷᠢᠪᠴᠢᠯᠠᠬᠤ ᠪᠠᠷ ᠵᠠᠷᠯᠠᠬᠤ ᠪᠠᠷ ᠲᠤᠭᠲᠠᠭᠠᠵᠤ᠂ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠪᠠᠷ ᠨᠡᠬᠡᠮᠵᠢᠯᠡᠨ ᠪᠠᠷᠢᠪᠴᠢᠯᠠᠬᠤ ᠵᠠᠷᠯᠠᠯ ᠨᠡᠶᠢᠲᠡᠯᠡᠭᠦᠯᠵᠦ᠂ ᠨᠡᠬᠡᠮᠵᠢᠯᠡᠨ ᠪᠠᠷᠢᠪᠴᠢᠯᠠᠭᠤᠯᠵᠤ ᠰᠢᠭᠦᠯᠲᠡ ᠳᠤ ᠠᠪᠴᠢᠷᠠᠵᠤ ᠪᠤᠯᠤᠨ᠎ᠠ᠃ ᠨᠡᠬᠡᠮᠵᠢᠯᠡᠨ ᠪᠠᠷᠢᠪᠴᠢᠯᠠᠬᠤ ᠪᠠᠷ ᠵᠠᠷᠯᠠᠬᠤ ᠬᠡᠪᠴᠢᠶ᠎ᠡ ᠨᠢ ᠲᠤᠰ ᠵᠠᠰᠠᠭ ᠵᠠᠬᠢᠷᠭᠠᠨ ᠤ ᠤᠷᠤᠨ ᠢ ᠳᠠᠪᠠᠭ᠋ᠤ ᠳᠤ ᠬᠦᠷᠪᠠᠯ᠂ ᠲᠤᠭᠲᠠᠭᠠᠬᠤ ᠡᠷᠬᠡ ᠪᠦᠬᠦᠢ ᠳᠡᠭᠡᠲᠦ ᠱᠠᠲᠤᠨ ᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠮᠡᠳᠡᠭᠦᠯᠦᠨ ᠲᠤᠭᠲᠠᠭᠠᠯᠭᠠᠬᠤ ᠬᠡᠷᠡᠭᠲᠡᠢ᠃    ᠭᠤᠴᠢᠳᠤᠭᠠᠷ ᠵᠦᠢᠯ ᠬᠢᠨᠠᠨ ᠪᠠᠶᠢᠴᠠᠭᠠᠬᠤ ᠪᠠᠶᠢᠭᠤᠯᠭ᠎ᠠ ᠪᠠᠶᠢᠴᠠᠭᠠᠭᠳᠠᠭᠴᠢ ᠵᠢᠴᠢ ᠬᠤᠯᠪᠤᠭᠳᠠᠯ ᠪᠦᠬᠦᠢ ᠬᠦᠮᠦᠰ ᠤᠨ ᠬᠢᠯᠢ ᠶᠢᠨ ᠭᠠᠳᠠᠨ᠎ᠠ ᠲᠤᠲᠠᠭᠠᠬᠤ ᠶᠢ ᠰᠡᠷᠭᠡᠶᠢᠯᠡᠬᠦ ᠶᠢᠨ ᠲᠦᠯᠦᠭᠡ᠂ ᠮᠤᠵᠢ ᠶᠢᠨ ᠱᠠᠲᠤᠨ ᠠᠴᠠ ᠳᠡᠭᠡᠭᠰᠢᠬᠢ ᠬᠢᠨᠠᠨ ᠪᠠᠶᠢᠴᠠᠭᠠᠬᠤ ᠪᠠᠶᠢᠭᠤᠯᠭ᠎ᠠ ᠪᠠᠷ ᠵᠦᠪᠰᠢᠶᠡᠷᠡᠭᠦᠯᠦᠭᠡᠳ᠂ ᠪᠠᠶᠢᠴᠠᠭᠠᠭᠳᠠᠭᠴᠢ ᠵᠢᠴᠢ ᠬᠤᠯᠪᠤᠭᠳᠠᠯ ᠪᠦᠬᠦᠢ ᠬᠦᠮᠦᠰ ᠲᠤ ᠬᠢᠯᠢ ᠠᠴᠠ ᠭᠠᠷᠬᠤ ᠶᠢ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ ᠪᠤᠯᠬᠤ ᠪᠦᠭᠡᠳ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠪᠠᠷ ᠬᠠᠤᠯᠢ ᠶᠤᠰᠤᠭᠠᠷ ᠭᠦᠢᠴᠡᠳᠬᠡᠭᠦᠯᠤᠨ᠎ᠠ᠃ ᠬᠢᠯᠢ ᠠᠴᠠ ᠭᠠᠷᠬᠤ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠦᠷᠭᠦᠯᠵᠢᠯᠡᠨ ᠠᠪᠬᠤ ᠴᠢᠬᠤᠯᠠ ᠦᠭᠡᠢ ᠪᠠᠶᠢᠪᠠᠯ᠂ ᠴᠠᠭ ᠲᠤᠬᠠᠢ ᠳᠤᠨᠢ ᠬᠦᠴᠦᠨ ᠦᠭᠡᠢ ᠪᠤᠯᠭᠠᠬᠤ ᠬᠡᠷᠡᠭᠲᠡᠢ᠃    ᠭᠤᠴᠢᠨ ᠨᠢᠭᠡᠳᠦᠭᠡᠷ ᠵᠦᠢᠯ ᠡᠷᠬᠡ ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ ᠰᠡᠵᠢᠭᠯᠡᠯᠲᠡᠢ ᠪᠠᠶᠢᠴᠠᠭᠠᠭᠳᠠᠭᠴᠢ ᠰᠠᠨᠠᠭᠠᠴᠢᠯᠠᠭ᠎ᠠ ᠠᠴᠠ ᠪᠠᠨ ᠶᠠᠯ᠎ᠠ ᠪᠠᠨ ᠮᠡᠳᠡᠷᠡᠨ ᠰᠢᠳᠬᠡᠯ ᠢ ᠬᠦᠯᠢᠶᠡᠵᠤ᠂ ᠳᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠤᠳᠤᠷᠢᠳᠬᠤ ᠬᠦᠮᠦᠰ ᠬᠠᠮᠲᠤ ᠪᠠᠷ ᠰᠤᠳᠤᠯᠬᠤ ᠶᠢᠨ ᠬᠠᠮᠲᠤ ᠳᠡᠭᠡᠷ᠎ᠡ ᠨᠢᠭᠡ ᠱᠠᠲᠤᠨ ᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠮᠡᠳᠡᠭᠦᠯᠵᠦ ᠵᠦᠪᠰᠢᠶᠡᠷᠡᠭᠦᠯᠦᠭᠡᠳ᠂ ᠠᠷᠠᠳ ᠤᠨ ᠪᠠᠶᠢᠴᠠᠭᠠᠬᠤ ᠬᠤᠷᠢᠶ᠎ᠠ ᠳᠤ ᠰᠢᠯᠵᠢᠭᠦᠯᠦᠨ ᠬᠦᠷᠭᠡᠬᠦ ᠦᠶ᠎ᠡ ᠳᠤ ᠠᠭᠤᠴᠢᠯᠠᠨ ᠰᠢᠳᠬᠡᠬᠦ ᠰᠠᠨᠠᠭᠤᠯᠭ᠎ᠠ ᠳᠤᠷᠠᠳᠴᠤ ᠪᠤᠯᠤᠨ᠎ᠠ᠄    ︵ᠨᠢᠬᠡ︶ ᠦᠪᠡᠷ ᠢᠶᠠᠨ ᠪᠡᠶ᠎ᠡ ᠪᠠᠨ ᠲᠤᠰᠢᠶᠠᠵᠤ᠂ ᠦᠨᠡᠨ ᠰᠡᠳᠬᠢᠯ ᠠᠴᠠ ᠪᠠᠨ ᠶᠠᠯ᠎ᠠ ᠪᠠᠨ ᠮᠡᠳᠡᠷᠡᠨ ᠬᠡᠮᠰᠢᠵᠤ ᠪᠤᠷᠤᠭᠤ ᠪᠠᠨ ᠲᠠᠨᠢᠨ ᠤᠬᠠᠭᠠᠷᠠᠭᠰᠠᠨ︔    ︵ᠬᠤᠶᠠᠷ︶ ᠪᠠᠶᠢᠴᠠᠭᠠᠬᠤ ᠠᠵᠢᠯ ᠳᠤ ᠢᠳᠡᠪᠬᠢᠲᠡᠢ ᠪᠠᠷ ᠬᠠᠮᠵᠢᠯᠴᠠᠵᠤ᠂ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠠᠷᠠᠬᠠᠨ ᠡᠵᠡᠮᠰᠢᠭᠡᠳᠦᠢ ᠬᠠᠤᠯᠢ ᠶᠢ ᠵᠦᠷᠢᠴᠡᠭᠰᠡᠨ ᠶᠠᠯ᠎ᠠ ᠬᠢᠭᠰᠡᠨ ᠠᠵᠢᠯᠯᠠᠭ᠎ᠠ ᠪᠠᠨ ᠦᠨᠡᠨ ᠮᠦᠨ ᠢᠶᠠᠷ ᠨᠢ ᠦᠴᠢᠭᠯᠡᠭᠰᠡᠨ︔    ︵ᠭᠤᠷᠪᠠ︶ ᠪᠤᠵᠠᠷ ᠡᠳ᠋ ᠪᠤᠵᠠᠷ ᠵᠤᠭᠤᠰ ᠢ ᠢᠳᠡᠪᠬᠢᠲᠡᠢ ᠪᠠᠷ ᠪᠤᠴᠠᠭᠠᠵᠤ᠂ ᠬᠤᠬᠢᠷᠠᠯ ᠢ ᠪᠠᠭᠠᠰᠬᠠᠭᠰᠠᠨ︔    ︵ᠲᠦᠷᠪᠡ︶ ᠴᠢᠬᠤᠯᠠ ᠶᠡᠭᠡ ᠭᠠᠪᠢᠶ᠎ᠠ ᠪᠠᠶᠢᠭᠤᠯᠤᠭᠰᠠᠨ ᠢᠯᠡᠷᠡᠯ ᠲᠠᠢ ᠪᠤᠶᠤ ᠬᠡᠷᠡᠭ ᠨᠢ ᠤᠯᠤᠰ ᠤᠷᠤᠨ ᠤ ᠴᠢᠬᠤᠯᠠ ᠶᠡᠭᠡ ᠠᠰᠢᠭ ᠲᠤᠰᠠ ᠳᠤ ᠬᠤᠯᠪᠤᠭᠳᠠᠭᠰᠠᠨ ᠵᠡᠷᠭᠡ ᠪᠠᠶᠢᠳᠠᠯ ᠲᠠᠢ ᠪᠠᠶᠢᠬᠤ᠃    ᠭᠤᠴᠢᠨ ᠬᠤᠶᠠᠳᠤᠭᠠᠷ ᠵᠦᠢᠯ ᠡᠷᠭᠡ ᠲᠤᠰᠢᠶᠠᠯ ᠢᠶᠠᠨ ᠠᠰᠢᠭᠯᠠᠨ ᠬᠠᠤᠯᠢ ᠶᠢ ᠵᠦᠷᠢᠴᠡᠭᠰᠡᠨ ᠶᠠᠯ᠎ᠠ ᠬᠢᠭᠰᠡᠨ ᠬᠡᠷᠡᠭ ᠲᠤ ᠬᠤᠯᠪᠤᠭᠳᠠᠭᠰᠠᠨ ᠬᠦᠮᠦᠨ ᠬᠤᠯᠪᠤᠭᠳᠠᠯ ᠪᠦᠬᠦᠢ ᠪᠠᠶᠢᠴᠠᠭᠠᠭᠳᠠᠭᠴᠢ ᠶᠢᠨ ᠡᠷᠭᠡ ᠲᠤᠰᠢᠶᠠᠯ ᠢᠶᠠᠨ ᠠᠰᠢᠭᠯᠠᠨ ᠬᠠᠤᠯᠢ ᠶᠢ ᠵᠦᠷᠢᠴᠡᠭᠰᠡᠨ ᠶᠠᠯ᠎ᠠ ᠬᠢᠭᠰᠡᠨ ᠦᠢᠯᠡ ᠠᠵᠢᠯᠯᠠᠭ᠎ᠠ ᠶᠢ ᠢᠯᠡᠴᠢᠯᠡᠭᠡᠳ᠂ ᠦᠨᠡᠨ ᠮᠠᠭᠠᠳ ᠪᠤᠯᠬᠤ ᠨᠢ ᠪᠠᠶᠢᠴᠠᠭᠠᠨ ᠲᠤᠲᠤᠯᠠᠭᠳᠠᠭᠰᠠᠨ ᠪᠠᠶᠢᠪᠠᠯ᠂ ᠡᠰᠡᠬᠦᠯ᠎ᠡ ᠴᠢᠬᠤᠯᠠ ᠰᠦᠪᠡᠭᠴᠢ ᠬᠠᠨᠭ᠍ᠭᠠᠭᠰᠠᠨ ᠠᠴᠠ ᠪᠤᠯᠵᠤ ᠪᠤᠰᠤᠳ ᠬᠡᠷᠡᠭ ᠢ ᠪᠠᠶᠢᠴᠠᠭᠠᠬᠤ ᠳᠤ ᠲᠤᠰᠠᠲᠠᠢ ᠪᠠᠶᠢᠪᠠᠯ᠂ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠤᠳᠤᠷᠢᠳᠬᠤ ᠬᠦᠮᠦᠰ ᠬᠠᠮᠲᠤ ᠪᠠᠷ ᠰᠤᠳᠤᠯᠬᠤ ᠶᠢᠨ ᠬᠠᠮᠲᠤ᠂ ᠳᠡᠭᠡᠷ᠎ᠡ ᠨᠢᠭᠡ ᠱᠠᠲᠤᠨ ᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠮᠡᠳᠡᠬᠦᠯᠦᠨ ᠵᠦᠪᠰᠢᠶᠡᠷᠡᠭᠦᠯᠦᠭᠡᠳ᠂ ᠠᠷᠠᠳ ᠤᠨ ᠪᠠᠶᠢᠴᠠᠭᠠᠬᠤ ᠬᠤᠷᠢᠶ᠎ᠠ ᠳᠤ ᠰᠢᠯᠵᠢᠭᠦᠯᠦᠨ ᠬᠦᠷᠭᠡᠬᠦ ᠦᠶ᠎ᠡ ᠳᠤ ᠠᠭᠤᠴᠢᠯᠠᠨ ᠰᠢᠳᠬᠡᠬᠦ ᠰᠠᠨᠠᠭᠤᠯᠭ᠎ᠠ ᠳᠤᠷᠠᠳᠴᠤ ᠪᠤᠯᠤᠨ᠎ᠠ᠃    ᠭᠤᠴᠢᠨ ᠭᠤᠷᠪᠠᠳᠤᠭᠠᠷ ᠵᠦᠢᠯ ᠬᠢᠨᠠᠨ ᠪᠠᠶᠢᠴᠠᠭᠠᠬᠤ ᠪᠠᠶᠢᠭᠤᠯᠭ᠎ᠠ ᠲᠤᠰ ᠬᠠᠤᠯᠢ ᠶᠢᠨ ᠲᠤᠭᠲᠠᠭᠠᠯ ᠶᠤᠰᠤᠭᠠᠷ ᠴᠤᠭᠯᠠᠭᠤᠯᠤᠭᠰᠠᠨ ᠪᠤᠳᠠᠰ ᠤᠨ ᠭᠡᠷᠡᠴᠢ᠂ ᠪᠢᠴᠢᠭ ᠤᠨ ᠬᠡᠷᠡᠴᠢ᠂ ᠭᠡᠷᠡᠴᠢᠯᠡᠭᠴᠢ ᠶᠢᠨ ᠬᠡᠷᠡᠴᠢ ᠦᠭᠡ᠂ ᠪᠠᠶᠢᠴᠠᠭᠠᠭᠳᠠᠭᠴᠢ ᠶᠢᠨ ᠦᠴᠢᠭᠯᠡᠯᠲᠠ ᠪᠠ ᠵᠦᠪᠲᠦᠭᠡᠨ ᠲᠤᠲᠤᠷᠬᠠᠶᠢᠯᠠᠯᠲᠠ᠂ ᠦᠵᠡᠵᠦ ᠰᠤᠨᠤᠰᠬᠤ ᠮᠡᠲ᠋ᠧᠷᠢᠶᠠᠯ᠂ ᠡᠯᠧᠺᠳ᠋ᠷᠣᠨ ᠳ᠋ᠠᠶᠢᠲ᠋ᠠ ᠵᠡᠷᠭᠡ ᠭᠡᠷᠡᠴᠢ ᠪᠠᠷᠢᠮᠲᠠ ᠶᠢᠨ ᠮᠡᠲ᠋ᠧᠷᠢᠶᠠᠯ ᠢ ᠡᠷᠡᠭᠦᠦ ᠶᠢᠨ ᠵᠠᠷᠭᠤ ᠶᠢᠨ ᠳᠤᠮᠳᠠ ᠬᠡᠷᠡᠴᠢ ᠪᠠᠷᠢᠮᠲᠠ ᠪᠤᠯᠭᠠᠨ ᠬᠡᠷᠡᠭᠯᠡᠵᠦ ᠪᠤᠯᠤᠨ᠎ᠠ᠃ ᠬᠢᠨᠠᠨ ᠪᠠᠶᠢᠴᠠᠭᠠᠬᠤ ᠪᠠᠶᠢᠭᠤᠯᠭ᠎ᠠ ᠬᠡᠷᠡᠴᠢ ᠪᠠᠷᠢᠮᠲᠠ ᠶᠢ ᠴᠤᠭᠯᠠᠭᠤᠯᠬᠤ᠂ ᠲᠤᠭᠲᠠᠪᠤᠷᠢᠵᠢᠭᠤᠯᠬᠤ᠂ ᠬᠢᠨᠠᠨ ᠪᠠᠶᠢᠴᠠᠭᠠᠬᠤ᠂ ᠬᠡᠷᠡᠭᠯᠡᠬᠦ ᠦᠶ᠎ᠡ ᠳᠤ ᠡᠷᠡᠭᠦᠦ ᠶᠢᠨ ᠬᠡᠷᠡᠭ ᠤᠨ ᠰᠢᠭᠦᠨ ᠲᠠᠰᠤᠯᠤᠯᠲᠠ ᠳᠠᠬᠢ ᠬᠡᠷᠡᠴᠢ ᠪᠠᠷᠢᠮᠲᠠ ᠶᠢᠨ ᠲᠤᠬᠠᠢ ᠱᠠᠭᠠᠷᠳᠠᠯᠭ᠎ᠠ ᠪᠠ ᠪᠠᠷᠢᠮᠵᠢᠶ᠎ᠠ ᠲᠠᠢ ᠨᠢᠭᠡᠳᠦᠯᠲᠡᠢ ᠪᠠᠶᠢᠯᠭᠠᠬᠤ ᠬᠡᠷᠡᠭᠲᠡᠢ᠃ ᠬᠠᠤᠯᠢ ᠪᠤᠰᠤ ᠠᠷᠭ᠎ᠠ ᠪᠠᠷ ᠴᠤᠭᠯᠠᠭᠤᠯᠤᠭᠰᠠᠨ ᠭᠡᠷᠡᠴᠢ ᠪᠠᠷᠢᠮᠲᠠ ᠶᠢ ᠬᠠᠤᠯᠢ ᠶᠤᠰᠤᠭᠠᠷ ᠭᠠᠳᠠᠭᠤᠷᠴᠢᠯᠠᠬᠤ ᠬᠡᠷᠡᠭᠲᠡᠢ᠂ ᠲᠡᠭᠦᠨ ᠢᠶᠠᠷ ᠬᠡᠷᠡᠭ ᠢ ᠰᠢᠳᠪᠦᠷᠢᠯᠡᠬᠦ ᠦᠨᠳᠦᠰᠦᠯᠡᠯ ᠪᠤᠯᠭᠠᠵᠤ ᠪᠤᠯᠬᠤ ᠦᠭᠡᠢ᠃    ᠭᠤᠴᠢᠨ ᠳᠦᠷᠪᠡᠳᠦᠭᠡᠷ ᠵᠦᠢᠯ ᠠᠷᠠᠳ ᠤᠨ ᠰᠢᠬᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ᠂ ᠬᠢᠨᠠᠨ ᠪᠤᠳᠤᠬᠤ ᠪᠠᠶᠢᠭᠤᠯᠭ᠎ᠠ ᠵᠡᠷᠭᠡ ᠲᠦᠷᠦ ᠶᠢᠨ ᠪᠠᠶᠢᠭᠤᠯᠭ᠎ᠠ ᠠᠵᠢᠯ ᠤᠨ ᠳᠤᠮᠳᠠ ᠪᠠᠨ ᠠᠯᠪᠠᠨ ᠲᠤᠰᠢᠶᠠᠯᠲᠠᠨ ᠱᠠᠮᠰᠢᠵᠤ ᠭᠡᠭᠡᠯᠢ ᠢᠲᠡᠵᠤ ᠬᠠᠭ᠋ᠤᠤᠯᠢ ᠲᠦᠯᠬᠢᠭᠰᠡᠨ᠂ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ ᠵᠡᠷᠭᠡ ᠡᠷᠭᠡ ᠲᠤᠰᠢᠶᠠᠯ ᠢᠶᠠᠨ ᠠᠰᠢᠭᠯᠠᠨ ᠬᠠᠤᠯᠢ ᠶᠢ ᠵᠦᠷᠢᠴᠡᠭᠰᠡᠨ ᠪᠤᠶᠤ ᠡᠷᠭᠡ ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ ᠰᠡᠵᠢᠭᠯᠡᠯᠲᠡᠢ ᠠᠰᠠᠭᠤᠳᠠᠯ ᠤᠨ ᠰᠦᠪᠡᠭᠴᠢ ᠶᠢ ᠤᠯᠵᠤ ᠮᠡᠳᠡᠭᠰᠡᠨ ᠪᠠᠶᠢᠪᠠᠯ᠂ ᠬᠢᠨᠠᠨ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠤ᠂ ᠬᠢᠨᠠᠨ ᠪᠠᠶᠢᠴᠠᠭᠠᠬᠤ ᠪᠠᠶᠢᠭᠤᠯᠭ᠎ᠠ ᠬᠠᠤᠯᠢ ᠶᠤᠰᠤᠭᠠᠷ ᠪᠠᠶᠢᠴᠠᠭᠠᠵᠤ ᠰᠢᠳᠪᠦᠷᠢᠯᠡᠭᠦ ᠬᠡᠷᠡᠭᠲᠡᠢ᠃ ᠪᠠᠶᠢᠴᠠᠭᠠᠭᠳᠠᠭᠴᠢ ᠡᠷᠭᠡ ᠲᠤᠰᠢᠶᠠᠯ ᠢᠶᠠᠨ ᠠᠰᠢᠭᠯᠠᠨ ᠬᠠᠤᠯᠢ ᠶᠢ ᠬᠦᠨᠳᠦ ᠨᠤᠴᠢᠲᠠᠢ ᠵᠦᠷᠢᠴᠡᠭᠰᠡᠨ ᠪᠤᠶᠤ ᠡᠷᠬᠡ ᠲᠤᠰᠢᠶᠠᠯ ᠢᠶᠠᠨ ᠠᠰᠢᠭᠯᠠᠨ ᠬᠦᠨᠳᠦ ᠨᠤᠴᠢᠲᠠᠢ ᠶᠠᠯ᠎ᠠ ᠬᠢᠭᠰᠡᠨ ᠰᠡᠵᠢᠭᠯᠡᠯᠲᠡᠢ ᠪᠦᠭᠡᠳ ᠪᠠᠰᠠ ᠪᠤᠰᠤᠳ ᠬᠠᠤᠯᠢ ᠶᠢ ᠵᠦᠷᠢᠴᠡᠭᠰᠡᠨ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠡ᠊ᠩ ᠤᠨ ᠪᠠᠶᠢᠳᠠᠯ ᠳᠤ ᠬᠢᠨᠠᠨ ᠪᠠᠶᠢᠴᠠᠭᠠᠬᠤ ᠪᠠᠶᠢᠭᠤᠯᠭ᠎ᠠ ᠭᠤᠤᠯᠯᠠᠨ ᠪᠠᠶᠢᠴᠠᠭᠠᠵᠤ᠂ ᠪᠤᠰᠤᠳ ᠪᠠᠶᠢᠭᠤᠯᠭ᠎ᠠ ᠬᠠᠮᠵᠢᠬᠤ ᠬᠡᠷᠡᠭᠲᠡᠢ᠃    ᠲᠠᠪᠤᠳᠤᠭᠠᠷ ᠪᠦᠯᠦᠭ ᠬᠢᠨᠠᠨ ᠪᠠᠶᠢᠴᠠᠭᠠᠬᠤ ᠵᠢᠷᠤᠮ    ᠭᠤᠴᠢᠨ ᠲᠠᠪᠤᠳᠤᠭᠠᠷ ᠵᠦᠢᠯ ᠬᠢᠨᠠᠨ ᠪᠠᠶᠢᠴᠠᠭᠠᠬᠤ ᠪᠠᠶᠢᠭᠤᠯᠭ᠎ᠠ ᠬᠡᠷᠡᠭ ᠮᠡᠳᠡᠭᠦᠯᠦᠯᠲᠠ ᠪᠤᠶᠤ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠬᠤ ᠬᠡᠷᠡᠭᠲᠡᠢ ᠪᠦᠭᠡᠳ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠰᠢᠳᠪᠦᠷᠢᠯᠡᠬᠦ ᠬᠡᠷᠡᠭᠲᠡᠢ᠃ ᠲᠤᠰ ᠪᠠᠶᠢᠭᠤᠯᠭ᠎ᠠ ᠶᠢᠨ ᠬᠠᠮᠢᠶᠠᠷᠬᠤ ᠬᠠᠷᠢᠶᠠᠯᠠᠯ ᠳᠤ ᠬᠠᠷᠢᠶᠠᠯᠠᠭᠳᠠᠬᠤ ᠦᠭᠡᠢ ᠪᠠᠶᠢᠪᠠᠯ᠂ ᠡᠷᠬᠢᠯᠡᠨ ᠬᠠᠮᠢᠶᠠᠷᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠳᠪᠦᠷᠢᠯᠡᠭᠦᠯᠬᠦ ᠬᠡᠷᠡᠭᠲᠡᠢ᠃    ᠭᠤᠴᠢᠨ ᠵᠢᠷᠭᠤᠳᠤᠭᠠᠷ ᠵᠦᠢᠯ ᠬᠢᠨᠠᠨ ᠪᠠᠶᠢᠴᠠᠭᠠᠬᠤ ᠪᠠᠶᠢᠭᠤᠯᠭ᠎ᠠ ᠵᠢᠷᠤᠮ ᠢ ᠴᠢᠩᠭ᠎ᠠ ᠵᠢᠷᠤᠮᠯᠠᠨ ᠠᠵᠢᠯ ᠢᠶᠠᠨ ᠦᠷᠨᠢᠭᠦᠯᠵᠦ᠂ ᠠᠰᠠᠭᠤᠳᠠᠯ ᠤᠨ ᠰᠦᠪᠡᠭᠴᠢ ᠶᠢ ᠰᠢᠳᠪᠦᠷᠢᠯᠡᠬᠦ᠂ ᠪᠠᠶᠢᠴᠠᠭᠠᠬᠤ᠂ ᠰᠢᠬᠦᠬᠦ ᠡᠯ᠎ᠡ ᠰᠠᠯᠠᠭ᠎ᠠ ᠮᠦᠴᠢᠷ ᠤᠨ ᠬᠠᠷᠢᠯᠴᠠᠨ ᠵᠤᠬᠢᠴᠠᠯᠳᠤᠵᠤ᠂ ᠬᠠᠷᠢᠯᠴᠠᠨ ᠬᠢᠵᠠᠭᠠᠷᠯᠠᠬᠤ ᠠᠵᠢᠯ ᠤᠨ ᠲᠤᠭᠲᠠᠴᠠ ᠶᠢ ᠪᠠᠶᠢᠭᠤᠯᠬᠤ ᠬᠡᠷᠡᠭᠲᠡᠢ᠃ ᠬᠢᠨᠠᠨ ᠪᠠᠶᠢᠴᠠᠭᠠᠬᠤ ᠪᠠᠶᠢᠭᠤᠯᠭ᠎ᠠ ᠪᠠᠶᠢᠴᠠᠭᠠᠬᠤ᠂ ᠰᠢᠳᠪᠦᠷᠢᠯᠡᠬᠦ ᠠᠵᠢᠯ ᠤᠨ ᠪᠦᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠵᠤᠬᠢᠴᠠᠩᠭᠤᠢ ᠠᠵᠢᠯ ᠤᠨ ᠰᠠᠯᠠᠭ᠎ᠠ ᠮᠦᠴᠢᠷ ᠪᠠᠶᠢᠭᠤᠯᠵᠤ ᠰᠦᠪᠡᠭᠴᠢ ᠶᠢ ᠬᠠᠮᠢᠶᠠᠷᠬᠤ᠂ ᠬᠢᠨᠠᠯᠲᠠ ᠲᠠᠯᠪᠢᠵᠤ ᠪᠠᠶᠢᠴᠠᠭᠠᠬᠤ᠂ ᠰᠢᠪᠠᠳᠠᠨ ᠰᠢᠳᠪᠦᠷᠢᠯᠡᠬᠦᠯᠬᠦ᠂ ᠪᠦᠷᠢᠳᠬᠡᠨ ᠵᠠᠳᠠᠯᠬᠤ ᠵᠡᠷᠭᠡ ᠬᠠᠮᠢᠶᠠᠷᠤᠨ ᠵᠤᠬᠢᠴᠠᠭᠤᠯᠬᠤ ᠡᠬᠦᠷᠭᠡ ᠴᠢᠳᠠᠪᠤᠷᠢ ᠶᠢ ᠭᠦᠢᠴᠡᠳᠬᠡᠬᠦ ᠬᠡᠷᠡᠭᠲᠡᠢ᠃    ᠭᠤᠴᠢᠨ ᠳᠤᠯᠤᠳᠤᠭᠠᠷ ᠵᠦᠢᠯ ᠬᠢᠨᠠᠨ ᠪᠠᠶᠢᠴᠠᠭᠠᠬᠤ ᠪᠠᠶᠢᠭᠤᠯᠭ᠎ᠠ ᠪᠠᠶᠢᠴᠠᠭᠠᠭᠳᠠᠬᠤ ᠡᠲᠡᠭᠡᠳ ᠤᠨ ᠠᠰᠠᠭᠤᠳᠠᠯ ᠤᠨ ᠰᠦᠪᠡᠭᠴᠢ ᠳᠤ ᠬᠤᠯᠪᠤᠭᠳᠠᠯ ᠪᠦᠬᠦᠢ ᠲᠤᠬᠲᠠᠭᠠᠯ ᠶᠤᠰᠤᠭᠠᠷ ᠰᠢᠳᠪᠦᠷᠢᠯᠡᠬᠦ ᠰᠠᠨᠠᠯ ᠳᠤᠷᠠᠳᠴᠤ᠂ ᠬᠢᠨᠠᠨ ᠵᠦᠪᠰᠢᠶᠡᠷᠡᠬᠦᠯᠬᠦ ᠭᠠᠷ ᠭᠦᠢᠴᠡᠳᠬᠡᠯ ᠭᠦᠢᠴᠡᠳᠬᠡᠵᠦ᠂ ᠲᠦᠷᠦᠯ ᠬᠤᠪᠢᠶᠠᠵᠤ ᠰᠢᠳᠪᠦᠷᠢᠯᠡᠬᠦ ᠬᠡᠷᠡᠭᠲᠡᠢ᠃ ᠰᠦᠪᠡᠭᠴᠢ ᠶᠢ ᠰᠢᠳᠪᠦᠷᠢᠯᠡᠭᠰᠡᠨ ᠪᠠᠶᠢᠳᠠᠯ ᠢᠶᠠᠨ ᠲᠤᠭᠲᠠᠮᠠᠯ ᠬᠤᠭᠤᠴᠠᠭ᠎ᠠ ᠲᠠᠢ ᠪᠠᠷ ᠬᠤᠷᠢᠶᠠᠩᠭᠤᠶᠢᠯᠠᠵᠤ᠂ ᠨᠡᠶᠢᠲᠡᠯᠡᠨ ᠮᠡᠳᠡᠭᠳᠡᠵᠤ᠂ ᠲᠤᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠰᠤᠭᠤᠯᠤᠨ ᠪᠠᠶᠢᠴᠠᠭᠠᠬᠤ ᠬᠡᠷᠡᠭᠲᠡᠢ᠃    ᠭᠤᠴᠢᠨ ᠨᠠᠶᠢᠮᠠᠳᠤᠭᠠᠷ ᠵᠦᠢᠯ ᠠᠩᠬ᠎ᠠ ᠠᠯᠬᠤᠮ ᠬᠠᠷᠭᠤᠭᠤᠯᠤᠨ ᠳᠤᠳᠤᠯᠠᠬᠤ ᠠᠷᠭ᠎ᠠ ᠮᠠᠶ᠋ᠢᠭ ᠠᠪᠴᠤ ᠠᠰᠠᠭᠤᠳᠠᠯ ᠤᠨ ᠰᠦᠪᠡᠭᠴᠢ ᠶᠢ ᠰᠢᠳᠪᠦᠷᠢᠯᠡᠬᠦ ᠴᠢᠬᠤᠯᠠᠲᠠᠢ ᠪᠠᠶᠢᠪᠠᠯ᠂ ᠬᠢᠨᠠᠨ ᠪᠠᠶᠢᠴᠠᠭᠠᠬᠤ ᠪᠠᠶᠢᠭᠤᠯᠭ᠎ᠠ ᠬᠢᠨᠠᠨ ᠵᠦᠪᠰᠢᠶᠡᠷᠡᠬᠦ ᠵᠢᠷᠤᠮ ᠢ ᠬᠠᠤᠯᠢ ᠶᠤᠰᠤᠭᠠᠷ ᠭᠦᠢᠴᠡᠳᠬᠡᠵᠦ᠂ ᠬᠠᠷᠭᠤᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠬᠤ ᠬᠡᠷᠡᠭᠲᠡᠢ᠃ ᠠᠩᠬ᠎ᠠ ᠠᠯᠬᠤᠮ ᠬᠠᠷᠭᠤᠭᠤᠯᠤᠨ ᠳᠤᠳᠤᠯᠠᠬᠤ ᠠᠵᠢᠯ ᠢ ᠬᠢᠵᠤ ᠳᠠᠭᠤᠰᠤᠭᠰᠠᠨ ᠤ ᠳᠠᠷᠠᠭ᠎ᠠ ᠂ ᠬᠠᠷᠭᠤᠭᠤᠯᠤᠨ ᠪᠠᠶᠢᠴᠠᠭᠠᠬᠤ ᠲᠤᠭᠤᠶᠢᠯᠠᠩ ᠠᠩᠬ᠎ᠠ ᠠᠯᠬᠤᠮ ᠬᠠᠷᠭᠤᠭᠤᠯᠤᠨ ᠳᠤᠳᠤᠯᠠᠭᠰᠠᠨ ᠪᠠᠶᠢᠳᠠᠯ ᠤᠨ ᠮᠡᠳᠡᠭᠦᠯᠦᠯᠲᠡ ᠪᠢᠴᠢᠵᠤ᠂ ᠰᠢᠳᠪᠦᠷᠢᠯᠡᠬᠦ ᠰᠠᠨᠠᠭᠤᠯᠭ᠎ᠠ ᠳᠤᠷᠠᠳᠬᠤ ᠬᠡᠷᠡᠭᠲᠡᠢ᠃ ᠳᠠᠭᠠᠭᠠᠨ ᠰᠢᠳᠪᠦᠷᠢᠯᠡᠬᠦ ᠰᠠᠯᠠᠭ᠎ᠠ ᠮᠦᠴᠢᠷ ᠲᠦᠷᠦᠯ ᠬᠤᠪᠢᠶᠠᠨ ᠰᠢᠳᠪᠦᠷᠢᠯᠡᠬᠦ ᠰᠠᠨᠠᠯ ᠳᠤᠷᠠᠳᠬᠤ ᠬᠡᠷᠡᠭᠲᠡᠢ᠃ ᠠᠩᠬ᠎ᠠ ᠠᠯᠬᠤᠮ ᠬᠠᠷᠭᠤᠭᠤᠯᠤᠨ ᠳᠤᠳᠤᠯᠠᠭᠰᠠᠨ ᠮᠡᠳᠡᠭᠦᠯᠦᠯᠲᠡ ᠪᠠ ᠲᠦᠷᠦᠯ ᠬᠤᠪᠢᠶᠠᠨ ᠰᠢᠳᠪᠦᠷᠢᠯᠡᠬᠦ ᠰᠠᠨᠠᠯ ᠢ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠲᠠᠨ ᠳᠤ ᠮᠡᠳᠡᠭᠦᠯᠵᠦ ᠬᠢᠨᠠᠨ ᠵᠦᠪᠰᠢᠶᠡᠷᠡᠭᠦᠯᠬᠦ ᠬᠡᠷᠡᠭᠲᠡᠢ᠃    ᠭᠤᠴᠢ ᠶᠢᠰᠦᠳᠦᠭᠡᠷ ᠵᠦᠢᠯ ᠠᠩᠬ᠎ᠠ ᠠᠯᠬᠤᠮ ᠬᠠᠷᠭᠤᠭᠤᠯᠤᠨ ᠳᠤᠳᠤᠯᠠᠭᠠᠳ᠂ ᠬᠢᠨᠠᠨ ᠪᠠᠶᠢᠴᠠᠭᠠᠬᠳᠠᠬᠤ ᠡᠲᠡᠭᠡᠳ ᠡᠷᠭᠡ ᠲᠤᠰᠢᠶᠠᠯ ᠢᠶᠠᠨ ᠠᠰᠢᠭᠯᠠᠨ ᠬᠠᠤᠯᠢ ᠶᠢ ᠵᠦᠷᠢᠴᠡᠭᠰᠡᠨ ᠶᠠᠯ᠎ᠠ ᠬᠢᠭᠰᠡᠨ ᠰᠡᠵᠢᠭᠯᠡᠯᠲᠡᠢ ᠪᠠᠶᠢᠵᠤ᠂ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠲᠠᠢ ᠪᠠᠶᠢᠪᠠᠯ᠂ ᠬᠢᠨᠠᠨ ᠪᠠᠶᠢᠴᠠᠭᠠᠬᠤ ᠪᠠᠶᠢᠭᠤᠯᠭ᠎ᠠ ᠲᠤᠭᠲᠠᠭᠠᠭᠰᠠᠨ ᠡᠷᠬᠡ ᠶᠢᠨ ᠬᠡᠪᠴᠢᠶ᠎ᠡ ᠪᠠ ᠵᠢᠷᠤᠮ ᠤᠨ ᠶᠤᠰᠤᠭᠠᠷ ᠬᠡᠷᠡᠭ ᠪᠤᠯᠭᠠᠨ ᠳᠠᠩᠰᠠᠯᠠᠬᠤ ᠭᠠᠷ ᠭᠦᠢᠴᠡᠳᠬᠡᠯ ᠬᠢᠬᠦ ᠬᠡᠷᠡᠭᠲᠡᠢ᠃ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠲᠠᠨ ᠬᠡᠷᠡᠭ ᠪᠤᠯᠭᠠᠨ ᠳᠠᠩᠰᠠᠯᠠᠬᠤ ᠶᠢ ᠬᠠᠤᠯᠢ ᠶᠤᠰᠤᠭᠠᠷ ᠵᠦᠪᠰᠢᠶᠡᠷᠡᠭᠰᠡᠨ ᠤ ᠳᠠᠷᠠᠭ᠎ᠠ᠂ ᠲᠤᠰᠬᠠᠢ ᠰᠡᠲᠦᠪᠲᠤ ᠬᠤᠷᠠᠯ ᠢ ᠡᠷᠬᠢᠯᠡᠨ ᠬᠤᠷᠠᠯᠳᠤᠭᠤᠯᠵᠤ᠂ ᠪᠠᠶᠢᠴᠠᠭᠠᠬᠤ ᠲᠦᠰᠦᠯ ᠢ ᠰᠤᠳᠤᠯᠤᠨ ᠲᠤᠭᠲᠠᠭᠠᠵᠤ᠂ ᠠᠪᠬᠤ ᠴᠢᠬᠤᠯᠠᠲᠠᠢ ᠪᠠᠶᠢᠴᠠᠭᠠᠬᠤ ᠠᠷᠭ᠎ᠠ ᠬᠡᠮᠵᠢᠶ᠎ᠡ ᠶᠢ ᠲᠤᠭᠲᠠᠭᠠᠬᠤ ᠬᠡᠷᠡᠭᠲᠠᠢ᠃ ᠬᠡᠷᠡᠭ ᠪᠤᠯᠭᠠᠨ ᠳᠠᠩᠰᠠᠯᠠᠵᠤ ᠪᠠᠶᠢᠴᠠᠭᠠᠬᠤ ᠲᠤᠭᠲᠠᠭᠠᠯ ᠢ ᠪᠠᠶᠢᠴᠠᠭᠠᠭᠳᠠᠭᠴᠢ ᠳᠤ ᠵᠠᠷᠯᠠᠨ ᠮᠡᠳᠡᠭᠳᠡᠬᠦ ᠪᠦᠭᠡᠳ ᠬᠤᠯᠪᠤᠭᠳᠠᠯ ᠪᠦᠬᠦᠢ ᠵᠤᠬᠢᠶᠠᠨ ᠪᠠᠶᠢᠭᠤᠯᠤᠯᠲᠠ ᠳᠤ ᠵᠠᠷᠯᠠᠨ ᠮᠡᠳᠡᠭᠳᠡᠬᠦ ᠬᠡᠷᠡᠭᠲᠡᠢ᠃ ᠡᠷᠭᠡ ᠲᠤᠰᠢᠶᠠᠯ ᠢᠶᠠᠨ ᠠᠰᠢᠭᠯᠠᠨ ᠬᠠᠤᠯᠢ ᠶᠢ ᠬᠦᠨᠳᠦ ᠨᠤᠴᠢᠲᠠᠢ ᠵᠦᠷᠢᠴᠡᠭᠰᠡᠨ ᠪᠤᠶᠤ ᠡᠷᠭᠡ ᠲᠤᠰᠢᠶᠠᠯ ᠢᠶᠠᠨ ᠠᠰᠢᠭᠯᠠᠨ ᠬᠦᠨᠳᠦ ᠨᠤᠴᠢᠲᠠᠢ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠪᠠᠶᠢᠴᠠᠭᠠᠭᠳᠠᠭᠴᠢ ᠶᠢᠨ ᠭᠡᠷ ᠪᠦᠯᠢ ᠶᠢᠨ ᠬᠢᠨ ᠳᠤ ᠮᠡᠳᠡᠭᠳᠡᠬᠦ ᠪᠦᠭᠡᠳ ᠨᠡᠶᠢᠭᠡᠮ ᠳᠤ ᠢᠯᠡ ᠪᠠᠷ ᠨᠡᠶᠢᠲᠡᠯᠡᠬᠦ ᠬᠡᠷᠡᠭᠲᠡᠢ᠃    ᠳᠦᠴᠢᠳᠦᠭᠡᠷ ᠵᠦᠢᠯ ᠬᠢᠨᠠᠨ ᠪᠠᠶᠢᠴᠠᠭᠠᠬᠤ ᠪᠠᠶᠢᠭᠤᠯᠭ᠎ᠠ ᠡᠷᠭᠡ ᠲᠤᠰᠢᠶᠠᠯ ᠢᠶᠠᠨ ᠠᠰᠢᠭᠯᠠᠨ ᠬᠠᠤᠯᠢ ᠶᠢ ᠵᠦᠷᠢᠴᠡᠭᠰᠡᠨ ᠬᠡᠷᠡᠭ ᠪᠠ ᠡᠷᠭᠡ ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ ᠬᠡᠷᠡᠭ ᠲᠤ ᠪᠠᠶᠢᠴᠠᠭᠠᠯᠲᠠ ᠬᠢᠵᠤ᠂ ᠪᠠᠶᠢᠴᠠᠭᠠᠭᠳᠠᠭᠴᠢ ᠶᠢᠨ ᠬᠠᠤᠯᠢ ᠶᠢ ᠵᠦᠷᠢᠴᠡᠭᠰᠡᠨ ᠶᠠᠯ᠎ᠠ ᠬᠢᠭᠰᠡᠨ ᠡᠰᠡᠬᠦ ᠵᠢᠴᠢ ᠦᠢᠯᠡ ᠪᠠᠶᠢᠳᠠᠯ ᠤᠨ ᠬᠢᠨᠢ ᠬᠦᠨᠳᠦ ᠬᠦᠡᠭᠭᠡᠨ ᠤ ᠲᠤᠬᠠᠢ ᠭᠡᠷᠡᠴᠢ ᠪᠠᠷᠢᠮᠲᠠ ᠴᠤᠭᠯᠠᠭᠤᠯᠵᠤ᠂ ᠬᠠᠤᠯᠢ ᠶᠢ ᠵᠦᠷᠢᠴᠡᠭᠰᠡᠨ ᠶᠠᠯ᠎ᠠ ᠬᠢᠭᠰᠡᠨ ᠪᠤᠳᠠᠲᠤ ᠬᠡᠷᠡᠭ ᠢ ᠪᠠᠶᠢᠴᠠᠭᠠᠨ ᠲᠤᠲᠤᠯᠠᠵᠤ᠂ ᠬᠠᠷᠢᠯᠴᠠᠨ ᠭᠡᠷᠡᠴᠢᠯᠡᠭᠦ᠂ ᠪᠦᠷᠢᠨ ᠪᠦᠲᠦᠨ ᠪᠦᠭᠡᠳ ᠲᠤᠭᠲᠠᠪᠤᠷᠢᠲᠠᠢ ᠭᠡᠷᠡᠴᠢ ᠪᠠᠷᠢᠮᠲᠠ ᠶᠢᠨ ᠬᠡᠯᠬᠢᠶᠡᠰᠦ ᠶᠢ ᠪᠤᠢ ᠪᠤᠯᠭᠠᠬᠤ ᠬᠡᠷᠡᠭᠲᠡᠢ᠃ ᠠᠶᠤᠯᠭᠠᠨ ᠰᠦᠷᠳᠡᠭᠦᠯᠬᠦ᠂ ᠦᠲᠦᠭᠡᠨ ᠲᠠᠲᠠᠬᠤ᠂ ᠬᠠᠭᠤᠷᠴᠦ ᠮᠡᠬᠡᠯᠡᠬᠦ ᠵᠢᠴᠢ ᠪᠤᠰᠤᠳ ᠬᠠᠤᠯᠢ ᠪᠤᠰᠤ ᠠᠷᠭ᠎ᠠ ᠮᠠᠶ᠋ᠢᠭ ᠢᠶᠠᠷ ᠭᠡᠷᠡᠴᠢ ᠪᠠᠷᠢᠮᠲᠠ ᠴᠤᠭᠯᠠᠭᠤᠯᠬᠤ ᠶᠢ ᠴᠢᠩᠭ᠎ᠠ ᠴᠠᠭᠠᠵᠠᠯᠠᠨ᠎ᠠ᠂ ᠪᠠᠶᠢᠴᠠᠭᠠᠭᠳᠠᠭᠴᠢ ᠪᠠ ᠬᠡᠷᠡᠭ ᠲᠤ ᠬᠤᠯᠪᠤᠭᠳᠠᠭᠰᠠᠨ ᠬᠦᠮᠦᠨ ᠢ ᠭᠤᠲᠤᠭᠠᠨ ᠳᠤᠷᠤᠮᠵᠢᠯᠠᠬᠤ ᠂ ᠴᠤᠬᠢᠵᠤ ᠬᠠᠷᠢᠶᠠᠬᠤ᠂ ᠬᠠᠯᠠ ᠦᠵᠡᠭᠦᠯᠬᠦ᠂ ᠬᠠᠷᠠᠳᠠᠨ ᠲᠠᠮᠤᠯᠠᠬᠤ ᠪᠤᠶᠤ ᠬᠡᠯᠪᠡᠷᠢ ᠶᠢ ᠨᠢ ᠦᠭᠡᠷᠡᠲᠦᠭᠦᠯᠦᠨ ᠬᠠᠷᠠᠳᠡᠨ ᠲᠠᠮᠤᠯᠠᠬᠤ ᠶᠢ ᠴᠢᠩᠭ᠎ᠠ ᠴᠠᠭᠠᠵᠠᠯᠠᠨ᠎ᠠ᠃     ᠳᠦᠴᠢᠨ ᠨᠢᠭᠡᠳᠦᠭᠡᠷ ᠵᠦᠢᠯ ᠪᠠᠶᠢᠴᠠᠭᠠᠭᠴᠢ ᠰᠢᠭᠦᠨ ᠠᠰᠠᠭᠤᠬᠤ᠂ ᠯᠠᠪᠯᠠᠨ ᠠᠰᠠᠭᠤᠬᠤ᠂ ᠬᠤᠴᠤᠷᠭᠠᠨ ᠠᠪᠬᠤ᠂ ᠨᠡᠩᠵᠢᠨ ᠪᠠᠶᠢᠴᠠᠭᠠᠬᠤ᠂ ᠰᠢᠯᠵᠢᠭᠦᠯᠦᠨ ᠠᠪᠬᠤ᠂ ᠪᠠᠶᠢᠴᠠᠭᠠᠨ ᠪᠢᠲᠡᠭᠦᠮᠵᠢᠯᠡᠬᠦ᠂ ᠳᠠᠷᠤᠵᠤ ᠠᠪᠬᠤ᠂ ᠬᠠᠶᠢᠨ ᠰᠢᠯᠭᠠᠵᠤ ᠪᠠᠶᠢᠴᠠᠭᠠᠬᠤ ᠵᠡᠷᠭᠡ ᠪᠠᠶᠢᠴᠠᠭᠠᠬᠤ ᠠᠷᠭ᠎ᠠ ᠬᠡᠮᠵᠢᠶ᠎ᠡ ᠠᠪᠬᠤ ᠳᠠᠭᠠᠨ ᠴᠦᠮ ᠲᠤᠭᠲᠠᠭᠠᠯ ᠶᠤᠰᠤᠭᠠᠷ ᠭᠡᠷᠡᠴᠢ ᠦᠨᠡᠮᠯᠡᠯ ᠢᠶᠠᠨ ᠭᠠᠷᠭᠠᠨ ᠦᠵᠡᠭᠦᠯᠵᠦ᠂ ᠪᠢᠴᠢᠭ ᠤᠨ ᠮᠡᠳᠡᠭᠳᠡᠯ ᠢᠶᠠᠨ ᠦᠵᠡᠭᠦᠯᠦᠨ᠂ ᠬᠤᠶᠠᠷ ᠠᠴᠠ ᠳᠡᠭᠡᠭᠰᠢ ᠬᠦᠮᠦᠨ ᠬᠠᠮᠲᠤ ᠪᠠᠷ ᠬᠢᠵᠤ᠂ ᠲᠡᠮᠳᠡᠭᠯᠡᠯ᠂ ᠮᠡᠳᠡᠭᠦᠯᠦᠯᠲᠡ ᠵᠡᠷᠭᠡ ᠪᠢᠴᠢᠭ ᠤᠨ ᠮᠡᠲ᠋ᠧᠷᠢᠶᠠᠯ ᠢ ᠪᠦᠷᠢᠯᠳᠦᠭᠦᠯᠬᠦ ᠶᠢᠨ ᠬᠠᠮᠲᠤ ᠬᠤᠯᠪᠤᠭᠳᠠᠯ ᠪᠦᠬᠦᠢ ᠬᠦᠮᠦᠰ ᠭᠠᠷ ᠤᠨ ᠦᠰᠦᠭ ᠵᠢᠷᠤᠵᠤ ᠲᠠᠮᠠᠭ᠎ᠠ ᠪᠠᠨ ᠳᠠᠷᠤᠬᠤ ᠬᠡᠷᠡᠭᠲᠡᠢ᠃ ᠪᠠᠶᠢᠴᠠᠭᠠᠬᠤ ᠠᠵᠢᠯᠲᠠᠨ ᠰᠢᠭᠦᠨ ᠠᠰᠠᠭᠤᠬᠤ ᠵᠢᠴᠢ ᠨᠡᠩᠵᠢᠨ ᠪᠠᠶᠢᠴᠠᠭᠠᠬᠤ᠂ ᠪᠠᠶᠢᠴᠠᠭᠠᠨ ᠪᠢᠲᠡᠭᠦᠮᠵᠢᠯᠡᠬᠦ᠂ ᠳᠠᠷᠤᠵᠤ ᠠᠪᠬᠤ ᠵᠡᠷᠭᠡ ᠭᠡᠷᠡᠴᠢ ᠠᠪᠬᠤ ᠴᠢᠬᠤᠯᠠ ᠠᠵᠢᠯ ᠢ ᠬᠢᠬᠦ ᠳᠡᠭᠡᠨ ᠪᠦᠬᠦ ᠶᠠᠪᠤᠴᠠ ᠳᠤ ᠳᠠᠭᠤ ᠳᠦᠷᠰᠦ ᠰᠢᠩᠭᠡᠭᠡᠯᠲᠡ ᠬᠢᠵᠤ᠂ ᠦᠯᠡᠳᠡᠭᠡᠨ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠬᠦ ᠬᠡᠷᠡᠭᠲᠡᠢ᠃    ᠳᠦᠴᠢᠨ ᠬᠤᠶᠠᠳᠤᠭᠠᠷ ᠵᠦᠢᠯ ᠪᠠᠶᠢᠴᠠᠭᠠᠬᠤ ᠠᠵᠢᠯᠲᠠᠨ ᠪᠠᠶᠢᠴᠠᠭᠠᠬᠤ ᠲᠦᠰᠦᠯ ᠢ ᠴᠢᠩᠭ᠎ᠠ ᠭᠦᠢᠴᠡᠳᠬᠡᠬᠦ ᠬᠡᠷᠡᠭᠲᠡᠢ᠂ ᠳᠤᠷ᠎ᠠ ᠪᠠᠷ ᠢᠶᠠᠨ ᠪᠠᠶᠢᠴᠠᠭᠠᠬᠤ ᠬᠡᠪᠴᠢᠶ᠎ᠡ ᠶᠢ ᠦᠷᠭᠡᠳᠬᠡᠵᠦ᠂ ᠪᠠᠶᠢᠴᠠᠭᠠᠭᠳᠠᠬᠤ ᠡᠳᠡᠭᠡᠳ ᠪᠠ ᠪᠠᠶᠢᠴᠠᠭᠠᠬᠤ ᠵᠦᠢᠯᠡᠰ ᠢ ᠬᠤᠪᠢᠷᠠᠭᠤᠯᠵᠤ ᠪᠤᠯᠬᠤ ᠦᠭᠡᠢ᠃ ᠪᠠᠶᠢᠴᠠᠭᠠᠬᠤ ᠶᠠᠪᠤᠴᠠ ᠳᠠᠬᠢ ᠴᠢᠬᠤᠯᠠ ᠤᠴᠢᠷ ᠶᠠᠪᠤᠳᠠᠯ ᠢ ᠬᠠᠮᠲᠤ ᠪᠠᠷ ᠰᠤᠳᠤᠯᠤᠭᠰᠠᠨ ᠤ ᠳᠠᠷᠠᠭ᠎ᠠ ᠵᠢᠷᠤᠮ ᠶᠤᠰᠤᠭᠠᠷ ᠵᠢᠭᠠᠪᠤᠷᠢ ᠠᠪᠴᠤ ᠮᠡᠳᠡᠭᠦᠯᠬᠦ ᠬᠡᠷᠡᠭᠲᠡᠢ᠃    ᠳᠦᠴᠢᠨ ᠭᠤᠷᠪᠠᠳᠤᠭᠠᠷ ᠵᠦᠢᠯ ᠬᠢᠨᠠᠨ ᠪᠠᠶᠢᠴᠠᠭᠠᠬᠤ ᠪᠠᠶᠢᠭᠤᠯᠭ᠎ᠠ ᠬᠤᠴᠤᠷᠭᠠᠨ ᠠᠪᠬᠤ ᠠᠷᠭ᠎ᠠ ᠬᠡᠮᠵᠢᠶ᠎ᠡ ᠠᠪᠬᠤ ᠳᠠᠭᠠᠨ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠤᠳᠤᠷᠢᠳᠬᠤ ᠬᠦᠮᠦᠰ ᠬᠠᠮᠲᠤ ᠪᠠᠷ ᠰᠤᠳᠤᠯᠤᠨ ᠲᠤᠭᠲᠠᠭᠠᠬᠤ ᠬᠡᠷᠡᠭᠲᠡᠢ᠃ ᠲᠤᠭᠤᠷᠢᠭ ᠪᠠᠶᠢᠭᠤᠯᠤᠭᠰᠠᠨ ᠬᠤᠳᠠ ᠶᠢᠨ ᠱᠠᠲᠤᠨ ᠠᠴᠠ ᠳᠤᠭᠤᠭᠰᠢᠬᠢ ᠬᠢᠨᠠᠨ ᠪᠠᠶᠢᠴᠠᠭᠠᠬᠤ ᠪᠠᠶᠢᠭᠤᠯᠭ᠎ᠠ ᠬᠤᠴᠤᠷᠭᠠᠨ ᠠᠪᠬᠤ ᠠᠷᠭ᠎ᠠ ᠬᠡᠮᠵᠢᠶ᠎ᠡ ᠠᠪᠬᠤ ᠳᠠᠭᠠᠨ ᠳᠡᠭᠡᠷ᠎ᠡ ᠨᠢᠭᠡ ᠱᠠᠲᠤᠨ ᠤ ᠪᠠᠨ ᠬᠢᠨᠠᠨ ᠪᠠᠶᠢᠴᠠᠭᠠᠬᠤ ᠪᠠᠶᠢᠭᠤᠯᠭ᠎ᠠ ᠳᠤ ᠮᠡᠳᠡᠭᠦᠯᠵᠦ ᠵᠦᠪᠰᠢᠶᠡᠷᠡᠭᠦᠯᠬᠦ ᠬᠡᠷᠡᠭᠲᠡᠢ᠃ ᠮᠤᠵᠢ ᠶᠢᠨ ᠱᠠᠲᠤᠨ ᠤ ᠬᠢᠨᠠᠨ ᠪᠠᠶᠢᠴᠠᠭᠠᠬᠤ ᠪᠠᠶᠢᠭᠤᠯᠭ᠎ᠠ ᠬᠤᠴᠤᠷᠭᠠᠨ ᠠᠪᠬᠤ ᠠᠷᠭ᠎ᠠ ᠬᠡᠮᠵᠢᠶ᠎ᠡ ᠠᠪᠬᠤ ᠳᠠᠭᠠᠨ ᠤᠯᠤᠰ ᠤᠨ ᠬᠢᠨᠠᠨ ᠪᠠᠶᠢᠴᠠᠭᠠᠬᠤ ᠵᠦᠪᠯᠡᠯ ᠳᠤ ᠮᠡᠳᠡᠭᠦᠯᠤᠨ ᠳᠠᠩᠰᠠᠯᠠᠭᠤᠯᠬᠤ ᠬᠡᠷᠡᠭᠲᠡᠢ᠃ ᠬᠤᠴᠦᠷᠭᠠᠨ ᠠᠪᠬᠤ ᠬᠤᠭᠤᠴᠠᠭ᠎ᠠ ᠶᠢ ᠭᠤᠷᠪᠠᠨ ᠰᠠᠷ᠎ᠠ ᠠᠴᠠ ᠬᠡᠲᠦᠷᠡᠬᠦᠯᠵᠤ ᠪᠤᠯᠬᠤ ᠦᠭᠡᠢ᠃ ᠤᠨᠴᠠᠭᠠᠢ ᠪᠠᠶᠢᠳᠠᠯ ᠲᠤᠤᠷ᠎ᠠ ᠨᠢᠭᠡ ᠤᠳᠠᠭ᠎ᠠ ᠤᠷᠳᠤᠳᠬᠠᠵᠤ ᠪᠤᠯᠤᠨ᠎ᠠ᠂ ᠤᠷᠳᠤᠳᠬᠠᠬᠤ ᠬᠤᠭᠤᠴᠠᠭ᠎ᠠ ᠶᠢ ᠭᠤᠷᠪᠠᠨ ᠰᠠᠷ᠎ᠠ ᠠᠴᠠ ᠬᠡᠲᠦᠷᠡᠬᠦᠯᠵᠤ ᠪᠤᠯᠬᠤ ᠦᠭᠡᠢ᠃ ᠮᠤᠵᠢ ᠶᠢᠨ ᠱᠠᠳᠤᠨ ᠠᠴᠠ ᠲᠤᠭᠤᠭᠰᠢᠬᠢ ᠬᠢᠨᠠᠨ ᠪᠠᠶᠢᠴᠠᠭᠠᠬᠤ ᠪᠠᠶᠢᠭᠤᠯᠭ᠎ᠠ ᠬᠤᠴᠤᠷᠭᠠᠨ ᠠᠪᠬᠤ ᠠᠷᠭ᠎ᠠ ᠬᠡᠮᠵᠢᠶ᠎ᠡ ᠠᠪᠬᠤ ᠳᠤ ᠬᠦᠷᠪᠡᠯ᠂ ᠬᠤᠴᠤᠷᠭᠠᠨ ᠠᠪᠬᠤ ᠬᠤᠭᠤᠴᠠᠭ᠎ᠠ ᠶᠢ ᠤᠷᠳᠤᠳᠬᠠᠬᠤ ᠳᠠᠭᠠᠨ ᠲᠡᠭᠡᠷ᠎ᠡ ᠨᠢᠭᠡ ᠱᠠᠳᠤᠨ ᠤ ᠪᠠᠨ ᠬᠢᠨᠠᠨ ᠪᠠᠶᠢᠴᠠᠭᠠᠬᠤ ᠪᠠᠶᠢᠭᠤᠯᠭ᠎ᠠ ᠳᠤ ᠮᠡᠳᠡᠬᠦᠯᠵᠤ ᠵᠦᠪᠰᠢᠶᠡᠷᠡᠬᠦᠯᠬᠦ ᠬᠡᠷᠡᠭᠲᠠᠢ᠃ ᠬᠢᠨᠠᠨ ᠪᠠᠶᠢᠴᠠᠭᠠᠬᠤ ᠪᠠᠶᠢᠭᠤᠯᠭ᠎ᠠ ᠬᠤᠴᠤᠷᠭᠠᠨ ᠠᠪᠬᠤ ᠠᠷᠭ᠎ᠠ ᠬᠡᠮᠵᠢᠶ᠎ᠡ ᠠᠪᠤᠭᠰᠠᠨ ᠨᠢ ᠵᠤᠬᠢᠰ ᠦᠭᠡᠢ ᠪᠠᠶᠢᠬᠤ ᠶᠢ ᠤᠯᠵᠤ ᠮᠡᠳᠡᠪᠡᠯ᠂ ᠴᠠᠭ ᠲᠤᠬᠠᠢ ᠳᠤᠨᠢ ᠬᠦᠴᠦᠨ ᠦᠭᠡᠢ ᠪᠤᠯᠭᠠᠬᠤ ᠬᠡᠷᠡᠭᠲᠠᠢ᠃ ᠬᠢᠨᠠᠨ ᠪᠠᠶᠢᠴᠠᠭᠠᠬᠤ ᠪᠠᠶᠢᠭᠤᠯᠭ᠎ᠠ ᠬᠤᠴᠤᠷᠭᠠᠨ ᠠᠪᠬᠤ ᠠᠷᠭ᠎ᠠ ᠬᠡᠮᠵᠢᠶ᠎ᠡ ᠠᠪᠬᠤ ᠳᠠᠭᠠᠨ ᠠᠵᠢᠯ ᠤᠨ ᠬᠡᠷᠡᠭᠴᠡᠭᠡ ᠪᠠᠨ ᠦᠨᠳᠦᠰᠦᠯᠡᠵᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠠᠮᠵᠢᠭᠤᠯᠬᠤ ᠭᠤᠶᠤᠴᠢᠯᠠᠯ ᠲᠤᠷᠠᠳᠴᠦ ᠪᠤᠯᠤᠨ᠎ᠠ᠃ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢ ᠶᠤᠰᠤᠭᠠᠷ ᠬᠠᠮᠵᠢᠬᠤ ᠬᠡᠷᠡᠭᠲᠠᠢ᠃    ᠲᠦᠴᠢᠨ ᠲᠦᠷᠪᠡᠳᠦᠭᠡᠷ ᠵᠦᠢᠯ ᠪᠠᠶᠢᠴᠠᠭᠠᠭᠳᠠᠭᠴᠢ ᠳᠤ ᠬᠤᠴᠤᠷᠭᠠᠨ ᠠᠪᠬᠤ ᠠᠷᠭ᠎ᠠ ᠬᠡᠮᠵᠢᠶ᠎ᠡ ᠠᠪᠤᠭᠰᠠᠨ ᠤ ᠲᠠᠷᠠᠭ᠎ᠠ᠂ ᠬᠤᠷᠢᠨ ᠲᠦᠷᠪᠡᠨ ᠴᠠᠭ ᠤᠨ ᠲᠤᠳᠤᠷ᠎ᠠ ᠬᠤᠴᠤᠷᠭᠠᠭᠳᠠᠭᠴᠢ ᠶᠢᠨ ᠪᠠᠶᠢᠭ᠎ᠠ ᠨᠢᠭᠡᠴᠡ ᠪᠠ ᠭᠡᠷ ᠪᠦᠯᠢ ᠶᠢᠨ ᠬᠢᠨ ᠳᠤᠨᠢ ᠮᠡᠳᠡᠭᠳᠡᠬᠦ ᠬᠡᠷᠡᠭᠲᠠᠢ᠂ ᠬᠡᠪᠡᠴᠦ ᠭᠡᠷᠡᠴᠢ ᠪᠠᠷᠢᠮᠲᠠ ᠶᠢ ᠤᠰᠠᠳᠬᠠᠵᠤ᠂ ᠬᠠᠭᠤᠷᠮᠠᠭ ᠢᠶᠠᠷ ᠵᠤᠬᠢᠶᠠᠵᠤ᠂ ᠭᠡᠷᠡᠴᠢᠯᠡᠭᠴᠢ ᠶᠢᠨ ᠭᠡᠷᠡᠴᠢᠯᠡᠬᠦ ᠶᠢ ᠬᠠᠷᠰᠢᠯᠠᠬᠤ ᠪᠤᠶᠤ ᠦᠴᠢᠭ ᠨᠡᠪᠲᠡᠷᠡᠯᠴᠡᠵᠤ ᠮᠡᠳᠡᠬᠦ ᠵᠡᠷᠭᠡ ᠪᠠᠶᠢᠴᠠᠭᠠᠯᠲᠠ ᠶᠢ ᠬᠠᠷᠰᠢᠯᠠᠬᠤ ᠪᠠᠶᠢᠳᠠᠯ ᠲᠠᠢ ᠪᠠᠶᠢᠪᠠᠯ ᠡᠬᠦᠨ ᠳᠤ ᠪᠠᠭᠳᠠᠬᠤ ᠦᠭᠡᠢ᠃ ᠪᠠᠶᠢᠴᠠᠭᠠᠯᠳᠠ ᠶᠢ ᠬᠠᠷᠰᠢᠯᠠᠬᠤ ᠪᠠᠶᠢᠳᠠᠯ ᠠᠷᠢᠯᠤᠭᠰᠠᠨ ᠤ ᠳᠠᠷᠠᠭ᠎ᠠ ᠴᠠᠭ ᠳᠠᠷᠤᠢ ᠳᠤᠨᠢ ᠬᠤᠴᠤᠷᠭᠠᠭᠳᠠᠭᠴᠢ ᠶᠢᠨ ᠪᠠᠶᠢᠭ᠎ᠠ ᠨᠢᠬᠡᠴᠡ ᠪᠠ ᠬᠡᠷ ᠪᠦᠯᠢ ᠶᠢᠨ ᠬᠢᠨ ᠳᠤᠨᠢ ᠮᠡᠳᠡᠭᠳᠡᠬᠦ ᠬᠡᠷᠡᠭᠳᠠᠢ᠃ ᠬᠢᠨᠠᠨ ᠪᠠᠶᠢᠴᠠᠭᠠᠬᠤ ᠪᠠᠶᠢᠭᠤᠯᠭ᠎ᠠ ᠬᠤᠴᠤᠷᠭᠠᠭᠳᠠᠭᠴᠢ ᠶᠢᠨ ᠬᠤᠭᠤᠯᠠ ᠤᠮᠳᠠ᠂ ᠠᠮᠠᠷᠠᠵᠤ ᠠᠮᠤᠰᠬᠢᠬᠦ ᠪᠠ ᠠᠮᠤᠷ ᠲᠦᠪᠰᠢᠨ ᠢ ᠪᠠᠲᠤᠯᠠᠵᠤ᠂ ᠡᠮᠴᠢᠯᠡᠭᠡᠨ ᠤ ᠦᠢᠯᠡᠴᠢᠯᠡᠭᠡ ᠬᠠᠨᠭ᠍ᠭᠠᠬᠤ ᠬᠡᠷᠡᠭᠲᠠᠢ᠃ ᠬᠤᠴᠤᠷᠭᠠᠭᠳᠠᠭᠴᠢ ᠠᠴᠠ ᠰᠢᠬᠦᠨ ᠠᠰᠠᠭᠤᠬᠤ ᠳᠠᠭᠠᠨ ᠰᠢᠬᠦᠨ ᠠᠰᠠᠭᠤᠬᠤ ᠴᠠᠭ ᠪᠠ ᠴᠠᠭ ᠤᠨ ᠤᠷᠳᠤ ᠤᠬᠤᠷ ᠢ ᠵᠤᠬᠢᠰᠲᠠᠢ ᠲᠤᠬᠢᠷᠠᠭᠤᠯᠵᠤ᠂ ᠰᠢᠬᠦᠨ ᠠᠰᠠᠭᠤᠭᠰᠠᠨ ᠲᠡᠮᠳᠡᠭᠯᠡᠯ ᠢ ᠰᠢᠬᠦᠨ ᠠᠰᠠᠭᠤᠭᠳᠠᠭᠴᠢ ᠳᠤ ᠦᠵᠡᠬᠦᠯᠦᠭᠰᠡᠨ ᠤ ᠲᠠᠷᠠᠭ᠎ᠠ ᠭᠠᠷ ᠤᠨ ᠦᠰᠦᠭ ᠵᠢᠷᠤᠭᠤᠯᠬᠤ ᠬᠡᠷᠡᠭᠲᠠᠢ᠃ ᠬᠤᠴᠤᠷᠭᠠᠭᠳᠠᠭᠴᠢ ᠶᠠᠯ᠎ᠠ ᠬᠢᠭᠰᠡᠨ ᠰᠡᠵᠢᠭᠯᠡᠯᠲᠠᠢ ᠪᠠᠶᠢᠵᠤ ᠬᠠᠤᠯᠢ ᠪᠠᠷᠢᠬᠤ ᠪᠠᠶᠢᠭᠤᠯᠭ᠎ᠠ ᠳᠤ ᠰᠢᠯᠵᠢᠬᠦᠯᠦᠨ ᠬᠦᠷᠭᠡᠭᠳᠡᠭᠰᠡᠨ ᠤ ᠲᠠᠷᠠᠭ᠎ᠠ᠂ ᠬᠠᠤᠯᠢ ᠶᠤᠰᠤᠭᠠᠷ ᠵᠠᠬᠢᠷᠤᠨ ᠬᠠᠮᠢᠶᠠᠷᠬᠤ᠂ ᠬᠤᠷᠢᠵᠤ ᠬᠦᠳᠡᠯᠮᠦᠷᠢᠯᠡᠬᠦᠯᠬᠦ ᠪᠠ ᠬᠤᠭᠤᠴᠠᠭ᠎ᠠ ᠲᠠᠢ ᠬᠤᠷᠢᠬᠤ ᠪᠠᠷ ᠰᠢᠳᠭᠡᠭᠳᠡᠭᠰᠡᠨ ᠪᠠᠶᠢᠪᠠᠯ᠂ ᠬᠤᠴᠤᠷᠭᠠᠨ ᠠᠪᠤᠭᠰᠠᠨ ᠨᠢᠭᠡ ᠡᠳᠤᠷ ᠢ ᠵᠠᠬᠢᠷᠤᠨ ᠬᠠᠮᠢᠶᠠᠷᠬᠤ ᠬᠤᠶᠠᠷ ᠡᠳᠤᠷ ᠢᠶᠠᠷ ᠨᠤᠭᠤᠯᠤᠨ ᠪᠤᠳᠤᠵᠤ᠂ ᠬᠤᠷᠢᠵᠤ ᠬᠦᠳᠡᠯᠮᠦᠷᠢᠯᠡᠬᠦᠯᠬᠦ᠂ ᠬᠤᠭᠤᠴᠠᠭ᠎ᠠ ᠲᠠᠢ ᠬᠤᠷᠢᠬᠤ ᠨᠢᠭᠡ ᠡᠳᠤᠷ ᠢᠶᠠᠷ ᠨᠤᠭᠤᠯᠤᠨ ᠪᠤᠳᠤᠨ᠎ᠠ᠃    ᠲᠦᠴᠢᠨ ᠲᠠᠪᠤᠳᠤᠭᠠᠷ ᠵᠦᠢᠯ ᠬᠢᠨᠠᠨ ᠪᠠᠶᠢᠴᠠᠭᠠᠬᠤ ᠪᠠᠶᠢᠭᠤᠯᠭ᠎ᠠ ᠬᠢᠨᠠᠯᠲᠠ᠂ ᠪᠠᠶᠢᠴᠠᠭᠠᠯᠲᠠ ᠶᠢᠨ ᠳ᠋ᠦᠩ ᠢᠶᠠᠨ ᠦᠨᠳᠦᠰᠦᠯᠡᠨ᠂ ᠬᠠᠤᠯᠢ ᠶᠤᠰᠤᠭᠠᠷ ᠲᠤᠤᠷᠠᠬᠢ ᠰᠢᠳᠪᠤᠷᠢᠯᠡᠯᠲᠡ ᠭᠠᠷᠭᠠᠨ᠎ᠡ᠄    ︵ᠨᠢᠭᠡ︶ ᠡᠷᠭᠡ ᠲᠤᠰᠢᠶᠠᠯ ᠢᠶᠠᠨ ᠠᠰᠢᠭᠯᠠᠨ ᠬᠠᠤᠯᠢ ᠶᠢ ᠵᠦᠷᠢᠴᠡᠭᠰᠡᠨ ᠦᠢᠯᠡ ᠠᠵᠢᠯᠯᠠᠭ᠎ᠠ ᠬᠢᠭᠰᠡᠨ ᠪᠤᠯᠪᠠᠴᠦ ᠦᠢᠯᠡ ᠪᠠᠶᠢᠳᠠᠯ ᠨᠢ ᠨᠡᠯᠢᠶᠡᠳ ᠬᠦᠡᠭᠭᠡᠨ ᠠᠯᠪᠠᠨ ᠲᠤᠰᠢᠶᠠᠯᠲᠠᠨ ᠢ ᠪᠤᠯ᠂ ᠬᠠᠮᠢᠶᠠᠷᠤᠯᠲᠠ ᠶᠢᠨ ᠡᠷᠭᠡ ᠶᠢᠨ ᠢᠶᠠᠨ ᠬᠡᠪᠴᠢᠶ᠎ᠡ ᠶᠤᠰᠤᠭᠠᠷ᠂ ᠰᠢᠭᠤᠳ ᠪᠤᠶᠤ ᠬᠤᠯᠪᠤᠭᠳᠠᠯ ᠪᠦᠬᠦᠢ ᠪᠠᠶᠢᠭᠤᠯᠭ᠎ᠠ᠂ ᠠᠵᠢᠯᠲᠠᠨ ᠳᠤ ᠨᠠᠶᠢᠳᠠᠵᠤ ᠶᠡᠷᠢᠯᠴᠡᠨ ᠰᠠᠨᠠᠭᠤᠯᠬᠤ᠂ ᠰᠢᠬᠦᠮᠵᠢᠯᠡᠨ ᠰᠤᠷᠭᠠᠬᠤ᠂ ᠵᠠᠷᠯᠢᠭᠳᠠᠨ ᠪᠠᠶᠢᠴᠠᠭᠠᠬᠤ ᠪᠤᠶᠤ ᠰᠡᠷᠡᠮᠵᠢᠯᠡᠭᠦᠯᠦᠨ ᠴᠡᠭᠡᠷᠯᠡᠬᠦᠯᠦᠨ᠎ᠡ︔    ︵ᠬᠤᠶᠠᠷ︶ ᠬᠠᠤᠯᠢ ᠶᠢ ᠵᠦᠷᠢᠴᠡᠭᠰᠡᠨ ᠠᠯᠪᠠᠨ ᠲᠤᠰᠢᠶᠠᠯᠲᠠᠨ ᠳᠤ ᠬᠠᠤᠯᠢ ᠳᠤ ᠲᠤᠭᠲᠠᠭᠠᠭᠰᠠᠨ ᠵᠢᠷᠤᠮ ᠶᠤᠰᠤᠭᠠᠷ ᠳᠤᠩᠭᠤᠳᠬᠤ᠂ ᠤᠰᠦᠯ ᠲᠡᠮᠳᠡᠭᠯᠡᠬᠦ᠂ ᠶᠡᠭᠡ ᠤᠰᠦᠯ ᠲᠡᠮᠳᠡᠭᠯᠡᠬᠦ᠂ ᠵᠡᠷᠭᠡ ᠲᠡᠰ ᠢ ᠨᠢ ᠪᠡᠭᠤᠷᠡᠭᠤᠯᠬᠤ᠂ ᠲᠤᠰᠢᠶᠡᠯ ᠢ ᠨᠢ ᠬᠠᠰᠤᠬᠤ᠂ ᠠᠵᠢᠯ ᠠᠴᠠ ᠨᠢ ᠬᠦᠭᠡᠭᠡᠬᠦ ᠵᠡᠷᠭᠡ ᠵᠠᠰᠠᠭ ᠤᠨ ᠶᠠᠪᠤᠳᠠᠯ ᠤᠨ ᠰᠢᠳᠭᠡᠯ ᠦᠭᠬᠦ ᠲᠤᠭᠲᠠᠭᠠᠯ ᠭᠠᠷᠭᠠᠨ᠎ᠠ︔    ︵ᠭᠤᠷᠪᠠ︶ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠦᠭᠡᠢ ᠪᠤᠶᠤ ᠵᠦᠪ ᠬᠦᠢᠴᠡᠳᠭᠡᠭᠰᠡᠨ ᠦᠭᠡᠢ ᠳᠤ ᠬᠠᠷᠢᠭᠤᠴᠠᠯᠭ᠎ᠠ ᠡᠬᠦᠷᠭᠡᠯᠡᠬᠦ ᠤᠳᠤᠷᠢᠳᠬᠤ ᠬᠦᠮᠦᠨ ᠳᠤ᠂ ᠰᠢᠭᠤᠳ ᠬᠠᠮᠢᠶᠠᠷᠤᠯᠲᠠ ᠶᠢᠨ ᠡᠷᠭᠡ ᠶᠢᠨ ᠢᠶᠠᠨ ᠬᠡᠪᠴᠢᠶ᠎ᠡ ᠶᠤᠰᠤᠭᠠᠷ ᠬᠠᠷᠢᠭᠤᠴᠠᠯᠭ᠎ᠠ ᠨᠡᠭᠡᠮᠵᠢᠯᠡᠬᠦ ᠲᠤᠭᠲᠠᠭᠠᠯ ᠭᠠᠷᠭᠠᠨ᠎ᠠ᠂ ᠡᠰᠡᠬᠦᠯ᠎ᠡ ᠬᠠᠷᠢᠭᠤᠴᠠᠯᠭ᠎ᠠ ᠨᠡᠭᠡᠮᠵᠢᠯᠡᠬᠦ ᠲᠤᠭᠲᠠᠭᠠᠯ ᠭᠠᠷᠭᠠᠬᠤ ᠡᠷᠭᠡ ᠪᠦᠬᠦᠢ ᠪᠠᠶᠢᠭᠤᠯᠭ᠎ᠠ ᠳᠤ ᠬᠠᠷᠢᠭᠤᠴᠠᠯᠭ᠎ᠠ ᠨᠡᠭᠡᠮᠵᠢᠯᠡᠬᠦ ᠰᠠᠨᠠᠭᠤᠯᠭ᠎ᠠ ᠳᠤᠷᠠᠳᠤᠨ᠎ᠠ︔    ︵ᠲᠦᠷᠪᠡ︶ ᠡᠷᠭᠡ ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ ᠰᠡᠵᠢᠭᠯᠡᠯᠲᠠᠢ ᠪᠠᠶᠢᠳᠠᠯ ᠢ ᠬᠢᠨᠠᠨ ᠪᠠᠶᠢᠴᠠᠭᠠᠬᠤ ᠪᠠᠶᠢᠭᠤᠯᠭ᠎ᠠ ᠪᠠᠶᠢᠴᠠᠭᠠᠭᠠᠳ ᠶᠠᠯ᠎ᠠ ᠬᠢᠭᠰᠡᠨ ᠪᠤᠳᠠᠳᠤ ᠶᠠᠪᠤᠳᠠᠯ ᠨᠢ ᠲᠤᠳᠤᠷᠬᠠᠢ᠂ ᠭᠡᠷᠡᠴᠢ ᠪᠠᠷᠢᠮᠲᠠ ᠨᠢ ᠦᠨᠡᠨ ᠪᠤᠲᠠᠲᠠᠢ᠂ ᠪᠦᠷᠢᠨ ᠬᠦᠢᠴᠡᠳ ᠭᠡᠵᠤ ᠦᠵᠡᠪᠠᠯ᠂ ᠵᠠᠭᠠᠯᠳᠤᠬᠤ ᠰᠠᠨᠠᠯ ᠤᠨ ᠪᠢᠴᠢᠭ ᠵᠤᠬᠢᠶᠠᠵᠤ᠂ ᠬᠡᠷᠡᠭ ᠤᠨ ᠡᠪᠬᠡᠮᠡᠯ ᠤᠨ ᠮᠡᠲ᠋ᠧᠷᠢᠶᠠᠯ᠂ ᠭᠡᠷᠡᠴᠢ ᠪᠠᠷᠢᠮᠲᠠ ᠲᠠᠢ ᠨᠢ ᠬᠠᠮᠳᠤ ᠠᠷᠠᠳ ᠤᠨ ᠪᠠᠶᠢᠴᠠᠭᠠᠬᠤ ᠬᠤᠷᠢᠶ᠎ᠠ ᠳᠤ ᠰᠢᠯᠵᠢᠬᠦᠯᠦᠨ ᠬᠦᠷᠭᠡᠵᠤ ᠬᠠᠤᠯᠢ ᠶᠤᠰᠤᠭᠠᠷ ᠬᠢᠨᠠᠨ ᠪᠠᠶᠢᠴᠠᠭᠠᠯᠭᠠᠵᠤ᠂ ᠠᠯᠪᠠᠨ ᠵᠠᠭᠠᠯᠳᠤᠯᠭ᠎ᠠ ᠭᠠᠷᠭᠠᠭᠤᠯᠤᠨ᠎ᠡ︔    ︵ᠲᠠᠪᠤ︶ ᠬᠢᠨᠠᠨ ᠪᠠᠶᠢᠴᠠᠭᠠᠭᠳᠠᠬᠤ ᠡᠳᠡᠬᠡᠳ ᠤᠨ ᠪᠠᠶᠢᠭ᠎ᠠ ᠨᠢᠭᠡᠴᠡ ᠶᠢᠨ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠠ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠲᠠᠯ᠎ᠠ ᠪᠠᠷ ᠤᠷᠤᠰᠢᠵᠤ ᠪᠠᠶᠢᠭ᠎ᠠ ᠠᠰᠠᠭᠤᠳᠠᠯ ᠵᠡᠷᠭᠡ ᠳᠤ ᠬᠢᠨᠠᠨ ᠪᠠᠶᠢᠴᠠᠭᠠᠬᠰᠠᠨ ᠰᠠᠨᠠᠭᠤᠯᠭ᠎ᠠ ᠲᠤᠷᠠᠳᠤᠨ᠎ᠠ᠃ ᠬᠢᠨᠠᠨ ᠪᠠᠶᠢᠴᠠᠭᠠᠬᠤ ᠪᠠᠶᠢᠭᠤᠯᠭ᠎ᠠ ᠪᠠᠶᠢᠴᠠᠭᠠᠭᠠᠳ᠂ ᠪᠠᠶᠢᠴᠠᠭᠠᠭᠳᠠᠭᠴᠢ ᠳᠤ ᠬᠠᠤᠯᠢ ᠶᠢ ᠵᠦᠷᠢᠴᠡᠭᠰᠡᠨ ᠶᠠᠯ᠎ᠠ ᠬᠢᠭᠰᠡᠨ ᠦᠢᠯᠡ ᠠᠵᠢᠯᠯᠠᠭ᠎ᠠ ᠲᠠᠢ ᠪᠠᠶᠢᠬᠤ ᠶᠢ ᠭᠡᠷᠡᠴᠢᠯᠡᠬᠦ ᠭᠡᠷᠡᠴᠢ ᠪᠠᠷᠢᠮᠲᠠ ᠦᠭᠡᠢ ᠪᠠᠶᠢᠪᠠᠯ᠂ ᠬᠡᠷᠡᠭ ᠢ ᠬᠦᠴᠦᠨ ᠦᠭᠡᠢ ᠪᠤᠯᠭᠠᠬᠤ ᠶᠢᠨ ᠬᠠᠮᠳᠤ ᠪᠠᠶᠢᠴᠠᠭᠠᠭᠳᠠᠭᠴᠢ ᠶᠢᠨ ᠪᠠᠶᠢᠭ᠎ᠠ ᠨᠢᠬᠡᠴᠡ ᠳᠤ ᠮᠡᠳᠡᠭᠳᠡᠬᠦ ᠬᠡᠷᠡᠭᠲᠠᠢ᠃    ᠲᠦᠴᠢᠨ ᠵᠢᠷᠭᠤᠳᠤᠭᠠᠷ ᠵᠦᠢᠯ ᠬᠢᠨᠠᠨ ᠪᠠᠶᠢᠴᠠᠭᠠᠬᠤ ᠪᠠᠶᠢᠭᠤᠯᠭ᠎ᠠ ᠪᠠᠶᠢᠴᠠᠭᠠᠭᠰᠠᠨ ᠤ ᠲᠠᠷᠠᠭ᠎ᠠ᠂ ᠬᠠᠤᠯᠢ ᠶᠢ ᠵᠦᠷᠢᠴᠡᠵᠤ ᠤᠯᠤᠭᠰᠠᠨ ᠵᠤᠭᠤᠰ ᠮᠦᠡᠭᠬᠦ ᠡᠳ᠋ ᠪᠤᠳᠠᠰ ᠢ ᠬᠠᠤᠯᠢ ᠶᠤᠰᠤᠭᠠᠷ ᠬᠤᠷᠢᠶᠠᠨ ᠠᠪᠬᠤ᠂ ᠨᠡᠭᠡᠮᠵᠢᠯᠡᠨ ᠲᠤᠰᠢᠶᠠᠯᠭᠠᠬᠤ ᠪᠤᠶᠤ ᠵᠠᠷᠯᠢᠭᠳᠠᠵᠤ ᠪᠠᠶᠢᠭᠠᠳ ᠪᠤᠴᠠᠭᠠᠯᠭᠠᠵᠤ ᠲᠦᠯᠦᠬᠦᠯᠦᠨ᠎ᠡ︔ ᠶᠠᠯ᠎ᠠ ᠬᠢᠵᠤ ᠤᠯᠤᠭᠰᠠᠨ ᠰᠡᠵᠢᠭᠯᠡᠯᠲᠡᠢ ᠵᠤᠭᠤᠰ ᠮᠦᠡᠭᠬᠦ ᠡᠳ᠋ ᠪᠤᠳᠠᠰ ᠢ ᠬᠡᠷᠡᠭ ᠢ ᠲᠠᠭᠠᠭᠤᠯᠤᠨ ᠠᠷᠠᠳ ᠤᠨ ᠪᠠᠶᠢᠴᠠᠭᠠᠬᠤ ᠬᠤᠷᠢᠶ᠎ᠠ ᠳᠤ ᠰᠢᠯᠵᠢᠬᠦᠯᠦᠨ ᠬᠦᠷᠭᠡᠬᠦ ᠬᠡᠷᠡᠭᠲᠠᠢ᠃    ᠲᠦᠴᠢᠨ ᠲᠤᠯᠤᠳᠤᠭᠠᠷ ᠵᠦᠢᠯ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠰᠢᠯᠵᠢᠬᠦᠯᠦᠨ ᠬᠦᠷᠭᠡᠭᠰᠡᠨ ᠬᠡᠷᠡᠭ ᠢ ᠪᠤᠯ ᠂ ᠪᠠᠶᠢᠴᠠᠭᠠᠭᠳᠠᠭᠴᠢ ᠳᠤ ᠠᠷᠠᠳ ᠤᠨ ᠪᠠᠶᠢᠴᠠᠭᠠᠬᠤ ᠬᠤᠷᠢᠶ᠎ᠠ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠡᠷᠡᠬᠦᠦ ᠶᠢᠨ ᠵᠠᠷᠭᠤ ᠶᠢᠨ ᠬᠠᠤᠯᠢ︾ ᠶᠤᠰᠤᠭᠠᠷ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠨ᠎ᠠ᠃ ᠠᠷᠠᠳ ᠤᠨ ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠭᠠᠳ ᠶᠠᠯ᠎ᠠ ᠬᠢᠭᠰᠡᠨ ᠪᠤᠳᠠᠳᠤ ᠶᠠᠪᠤᠳᠠᠯ ᠢ ᠨᠢᠭᠡᠨᠲᠡ ᠪᠠᠶᠢᠴᠠᠭᠠᠨ ᠲᠤᠳᠤᠯᠠᠭᠰᠠᠨ ᠪᠦᠭᠡᠳ ᠭᠡᠷᠡᠴᠢ ᠪᠠᠷᠢᠮᠲᠠ ᠨᠢ ᠦᠨᠡᠨ ᠪᠤᠲᠠᠲᠠᠢ᠂ ᠪᠦᠷᠢᠨ ᠬᠦᠢᠴᠡᠳ ᠪᠠᠶᠢᠵᠤ᠂ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠬᠦ ᠬᠡᠷᠡᠭᠲᠠᠢ ᠭᠡᠵᠤ ᠦᠵᠡᠪᠠᠯ᠂ ᠵᠠᠭᠠᠯᠳᠤᠬᠤ ᠲᠤᠭᠲᠠᠭᠠᠯ ᠭᠠᠷᠭᠠᠬᠤ ᠬᠡᠷᠡᠭᠲᠠᠢ ᠃ ᠠᠷᠠᠳ ᠤᠨ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠭᠠᠳ ᠨᠦᠬᠦᠵᠤ ᠬᠠᠷᠭᠤᠭᠤᠯᠤᠨ ᠳᠤᠳᠤᠯᠠᠬᠤ ᠴᠢᠬᠤᠯᠠᠲᠠᠢ ᠭᠡᠵᠤ ᠦᠵᠡᠪᠡᠯ᠂ ᠬᠢᠨᠠᠨ ᠪᠠᠶᠢᠴᠠᠭᠠᠬᠤ ᠪᠠᠶᠢᠭᠤᠯᠭ᠎ᠠ ᠳᠤ ᠪᠤᠴᠠᠭᠠᠨ ᠨᠦᠬᠦᠵᠤ ᠪᠠᠶᠢᠴᠠᠭᠠᠯᠭᠠᠬᠤ ᠬᠡᠷᠡᠭᠲᠠᠢ᠂ ᠴᠢᠬᠤᠯᠠᠲᠠᠢ ᠦᠶ᠎ᠡ ᠳᠤ ᠦᠪᠡᠷᠲᠡᠭᠡᠨ ᠨᠦᠬᠦᠵᠤ ᠲᠤᠷᠰᠢᠨ ᠪᠠᠶᠢᠴᠠᠭᠠᠵᠤ ᠪᠤᠯᠤᠨ᠎ᠠ᠃ ᠨᠦᠬᠦᠵᠦ ᠪᠠᠶᠢᠴᠠᠭᠠᠬᠤ ᠬᠡᠷᠡᠭ ᠢ ᠨᠢᠬᠡ ᠰᠠᠷ᠎ᠠ ᠶᠢᠨ ᠳᠤᠳᠤᠷ᠎ᠠ ᠨᠦᠬᠦᠵᠦ ᠪᠠᠶᠢᠴᠠᠭᠠᠵᠤ ᠳᠠᠭᠤᠰᠬᠠᠬᠤ ᠬᠡᠷᠡᠭᠳᠠᠢ᠃ ᠨᠦᠬᠦᠵᠦ ᠪᠠᠶᠢᠴᠠᠭᠠᠬᠤ ᠶᠢ ᠬᠤᠶᠠᠷ ᠤᠳᠠᠭ᠎ᠠ ᠪᠠᠷ ᠬᠢᠵᠠᠭᠠᠷᠯᠠᠨ᠎ᠠ᠃ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠡᠷᠡᠬᠦᠦ ᠶᠢᠨ ᠵᠠᠷᠭᠤ ᠶᠢᠨ ᠬᠠᠤᠯᠢ︾ ᠳᠤ ᠲᠤᠭᠲᠠᠭᠠᠭᠰᠠᠨ ᠦᠯᠦ ᠵᠠᠭᠠᠯᠳᠤᠬᠤ ᠪᠠᠶᠢᠳᠠᠯ ᠲᠠᠢ ᠪᠠᠶᠢᠪᠠᠯ᠂ ᠠᠷᠠᠳ ᠤᠨ ᠪᠠᠶᠢᠴᠠᠭᠠᠬᠤ ᠬᠤᠷᠢᠶ᠎ᠠ ᠲᠡᠭᠡᠷ᠎ᠡ ᠨᠢᠭᠡ ᠱᠠᠳᠤᠨ ᠤ ᠪᠠᠨ ᠠᠷᠠᠳ ᠤᠨ ᠪᠠᠶᠢᠴᠠᠭᠠᠬᠤ ᠬᠤᠷᠢᠶ᠎ᠠ ᠪᠠᠷ ᠵᠦᠪᠰᠢᠶᠡᠷᠡᠬᠦᠯᠦᠭᠡᠳ᠂ ᠬᠠᠤᠯᠢ ᠶᠤᠰᠤᠭᠠᠷ ᠦᠯᠦ ᠵᠠᠭᠠᠯᠳᠤᠬᠤ ᠲᠤᠭᠲᠠᠭᠠᠯ ᠭᠠᠷᠭᠠᠨ᠎ᠠ᠃ ᠬᠢᠨᠠᠨ ᠪᠠᠶᠢᠴᠠᠭᠠᠬᠤ ᠪᠠᠶᠢᠭᠤᠯᠭ᠎ᠠ ᠦᠯᠦ ᠵᠠᠭᠠᠯᠳᠤᠬᠤ ᠲᠤᠭᠲᠠᠭᠠᠯ ᠳᠤᠨᠢ ᠪᠤᠷᠤᠭᠤ ᠲᠠᠢ ᠭᠡᠵᠤ ᠦᠵᠡᠪᠡᠯ᠂ ᠲᠡᠭᠡᠷ᠎ᠡ ᠨᠢᠭᠡ ᠱᠠᠳᠤᠨ ᠤ ᠠᠷᠠᠳ ᠤᠨ ᠪᠠᠶᠢᠴᠠᠭᠠᠬᠤ ᠬᠤᠷᠢᠶ᠎ᠠ ᠳᠤ ᠲᠠᠬᠢᠨ ᠵᠦᠪᠯᠡᠬᠦᠯᠬᠦ ᠪᠠᠷ ᠲᠡᠪᠰᠢᠬᠦᠯᠵᠤ ᠪᠤᠯᠤᠨ᠎ᠠ᠃    ᠲᠦᠴᠢᠨ ᠨᠠᠶᠢᠮᠠᠳᠤᠭᠠᠷ ᠵᠦᠢᠯ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠱᠠᠮᠰᠢᠵᠤ ᠬᠡᠭᠡᠯᠢ ᠢᠳᠡᠵᠤ ᠬᠠᠭ᠋ᠤᠤᠯᠢ ᠲᠦᠯᠬᠢᠭᠰᠡᠨ᠂ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠳᠤᠭᠠᠭᠰᠠᠨ ᠵᠡᠷᠭᠡ ᠡᠷᠭᠡ ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ ᠬᠡᠷᠡᠭ ᠢ ᠪᠠᠶᠢᠴᠠᠭᠠᠬᠤ ᠶᠠᠪᠤᠴᠠ ᠳᠤ᠂ ᠪᠠᠶᠢᠴᠠᠭᠠᠭᠳᠠᠭᠴᠢ ᠨᠢ ᠲᠤᠳᠠᠭᠠᠭᠰᠠᠨ ᠪᠤᠶᠤ ᠦᠬᠦᠭᠰᠡᠨ ᠪᠠᠶᠢᠵᠤ᠂ ᠦᠷᠬᠦᠯᠵᠢᠯᠡᠨ ᠪᠠᠶᠢᠴᠠᠭᠠᠬᠤ ᠴᠢᠬᠤᠯᠠᠲᠠᠢ ᠪᠠᠶᠢᠪᠠᠯ᠂ ᠮᠤᠵᠢ ᠶᠢᠨ ᠱᠠᠳᠤᠨ ᠠᠴᠠ ᠲᠡᠭᠡᠭᠰᠢᠬᠢ ᠬᠢᠨᠠᠨ ᠪᠠᠶᠢᠴᠠᠭᠠᠬᠤ ᠪᠠᠶᠢᠭᠤᠯᠭ᠎ᠠ ᠪᠠᠷ ᠵᠦᠪᠰᠢᠶᠡᠷᠡᠬᠦᠯᠦᠭᠡᠳ᠂ ᠦᠷᠬᠦᠯᠵᠢᠯᠡᠨ ᠪᠠᠶᠢᠴᠠᠭᠠᠬᠤ ᠬᠡᠷᠡᠭᠲᠠᠢ ᠪᠦᠭᠡᠳ ᠳ᠋ᠦᠡᠭᠨᠡᠯᠲᠡ ᠭᠠᠷᠭᠠᠬᠤ ᠬᠡᠷᠡᠭᠲᠠᠢ᠃ ᠪᠠᠶᠢᠴᠠᠭᠠᠭᠳᠠᠭᠴᠢ ᠨᠢ ᠲᠤᠳᠠᠭᠠᠭᠠᠳ᠂ ᠨᠡᠭᠡᠮᠵᠢᠯᠡᠨ ᠪᠠᠷᠢᠪᠴᠢᠯᠠᠬᠤ ᠪᠠᠷ ᠵᠠᠷᠯᠠᠭᠠᠳ ᠨᠢᠭᠡ ᠵᠢᠯ ᠪᠤᠯᠤᠭᠰᠠᠨ ᠤ ᠲᠠᠷᠠᠭ᠎ᠠ ᠮᠦᠨ ᠪᠠᠷᠢᠪᠴᠢᠯᠠᠭᠳᠠᠭ᠎ᠠ ᠦᠭᠡᠢ ᠪᠤᠶᠤ ᠦᠬᠦᠭᠰᠡᠨ ᠪᠠᠶᠢᠪᠠᠯ᠂ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠠᠷᠠᠳ ᠤᠨ ᠪᠠᠶᠢᠴᠠᠭᠠᠬᠤ ᠬᠤᠷᠢᠶ᠎ᠠ ᠳᠤ ᠳᠤᠷᠠᠳᠤᠯᠭ᠎ᠠ ᠳᠡᠪᠰᠢᠬᠦᠯᠵᠤ᠂ ᠲᠡᠬᠦᠨ ᠢᠶᠠᠷ ᠬᠠᠤᠯᠢ ᠳᠤ ᠲᠤᠭᠲᠠᠭᠠᠭᠰᠠᠨ ᠵᠢᠷᠤᠮ ᠶᠤᠰᠤᠭᠠᠷ ᠠᠷᠠᠳ ᠤᠨ ᠰᠢᠬᠦᠬᠦ ᠬᠤᠷᠢᠶ᠎ᠠ ᠳᠤ ᠬᠠᠤᠯᠢ ᠶᠢ ᠵᠦᠷᠢᠴᠡᠵᠤ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠤᠭᠤᠯᠬᠤ ᠭᠤᠶᠤᠴᠢᠯᠠᠯ ᠭᠠᠷᠭᠠᠭᠤᠯᠦᠨ᠎ᠡ᠃    ᠲᠦᠴᠢ ᠶᠢᠰᠦᠳᠦᠭᠡᠷ ᠵᠦᠢᠯ ᠬᠢᠨᠠᠨ ᠪᠠᠶᠢᠴᠠᠭᠠᠬᠳᠠᠬᠤ ᠡᠳᠡᠭᠡᠳ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠭᠠᠷᠭᠠᠭᠰᠠᠨ ᠳᠤᠰ ᠬᠦᠮᠦᠨ ᠳᠤ ᠬᠤᠯᠪᠤᠭᠳᠠᠭᠰᠠᠨ ᠰᠢᠳᠪᠤᠷᠢᠯᠡᠬᠦ ᠲᠤᠭᠲᠠᠭᠠᠯ ᠢ ᠵᠦᠪᠰᠢᠶᠡᠷᠡᠬᠦ ᠦᠭᠡᠢ ᠪᠤᠯ᠂ ᠰᠢᠳᠪᠦᠷᠢᠯᠡᠬᠦ ᠳᠤᠭᠳᠠᠭᠠᠯ ᠢ ᠤᠯᠤᠭᠰᠠᠨ ᠡᠳᠦᠷ ᠠᠴᠠ ᠡᠬᠢᠯᠠᠨ ᠨᠢᠬᠡ ᠰᠠᠷ᠎ᠠ ᠶᠢᠨ ᠳᠤᠳᠤᠷ᠎ᠠ ᠲᠤᠭᠲᠠᠭᠠᠯ ᠭᠠᠷᠭᠠᠭᠰᠠᠨ ᠬᠢᠨᠠᠨ ᠪᠠᠶᠢᠴᠠᠭᠠᠬᠤ ᠪᠠᠶᠢᠭᠤᠯᠭ᠎ᠠ ᠳᠤ ᠲᠠᠬᠢᠨ ᠬᠢᠨᠠᠭᠤᠯᠬᠤ ᠭᠤᠶᠤᠴᠢᠯᠠᠯ ᠭᠠᠷᠭᠠᠵᠤ ᠪᠤᠯᠤᠨ᠎ᠠ᠂ ᠳᠠᠬᠢᠨ ᠬᠢᠨᠠᠬᠤ ᠪᠠᠶᠢᠭᠤᠯᠭ᠎ᠠ ᠨᠢᠬᠡ ᠰᠠᠷ᠎ᠠ ᠶᠢᠨ ᠳᠤᠳᠤᠷ᠎ᠠ ᠳᠠᠬᠢᠨ ᠬᠢᠨᠠᠭᠰᠠᠨ ᠳᠤᠭᠳᠠᠭᠠᠯ ᠭᠠᠷᠭᠠᠬᠤ ᠬᠡᠷᠡᠭᠳᠠᠢ︔ ᠬᠢᠨᠠᠨ ᠪᠠᠶᠢᠴᠠᠭᠠᠭᠳᠠᠬᠤ ᠡᠳᠡᠬᠡᠳ ᠲᠠᠬᠢᠨ ᠬᠢᠨᠠᠭᠰᠠᠨ ᠲᠤᠭᠲᠠᠭᠠᠯ ᠢ ᠮᠦᠨ ᠵᠦᠪᠰᠢᠶᠡᠷᠡᠬᠦ ᠦᠭᠡᠢ ᠪᠤᠯ᠂ ᠳᠠᠬᠢᠨ ᠬᠢᠨᠠᠭᠰᠠᠨ ᠳᠤᠭᠳᠠᠭᠠᠯ ᠢ ᠤᠯᠤᠭᠰᠠᠨ ᠡᠳᠦᠷ ᠠᠴᠠ ᠡᠬᠢᠯᠡᠨ ᠨᠢᠬᠡ ᠰᠠᠷ᠎ᠠ ᠶᠢᠨ ᠳᠤᠳᠤᠷ᠎ᠠ ᠲᠡᠭᠡᠷ᠎ᠡ ᠨᠢᠭᠡ ᠱᠠᠳᠤᠨ ᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠲᠠᠬᠢᠨ ᠬᠠᠷᠭᠤᠭᠤᠯᠤᠭᠤᠯᠬᠤ ᠭᠤᠶᠤᠴᠢᠯᠠᠯ ᠭᠠᠷᠭᠠᠵᠤ ᠪᠤᠯᠤᠨ᠎ᠠ᠂ ᠳᠠᠬᠢᠨ ᠬᠠᠷᠭᠤᠭᠤᠯᠬᠤ ᠪᠠᠶᠢᠭᠤᠯᠭ᠎ᠠ ᠨᠢ ᠬᠤᠶᠠᠷ ᠰᠠᠷ᠎ᠠ ᠶᠢᠨ ᠳᠤᠳᠤᠷ᠎ᠠ ᠳᠠᠬᠢᠨ ᠬᠠᠷᠭᠤᠭᠤᠯᠤᠭᠰᠠᠨ ᠳᠤᠭᠳᠠᠭᠠᠯ ᠭᠠᠷᠭᠠᠬᠤ ᠬᠡᠷᠡᠭᠳᠠᠢ᠃ ᠲᠠᠬᠢᠨ ᠬᠢᠨᠠᠬᠤ᠂ ᠲᠠᠬᠢᠨ ᠬᠠᠷᠭᠤᠭᠤᠯᠬᠤ ᠬᠤᠭᠤᠴᠠᠭᠠᠨ ᠳᠤ ᠤᠤᠯ ᠤᠨ ᠰᠢᠳᠪᠤᠷᠢᠯᠡᠬᠦ ᠲᠤᠭᠲᠠᠭᠠᠯ ᠢ ᠬᠦᠢᠴᠡᠳᠭᠡᠬᠦ ᠶᠢ ᠵᠤᠭᠰᠤᠭᠠᠬᠤ ᠦᠭᠡᠢ᠃ ᠲᠠᠬᠢᠨ ᠬᠠᠷᠭᠤᠭᠤᠯᠬᠤ ᠪᠠᠶᠢᠭᠤᠯᠭ᠎ᠠ ᠬᠢᠨᠠᠨ ᠪᠠᠶᠢᠴᠠᠭᠠᠭᠠᠳ᠂ ᠰᠢᠳᠪᠤᠷᠢᠯᠡᠬᠦ ᠲᠤᠭᠲᠠᠭᠠᠯ ᠳᠤ ᠪᠤᠷᠤᠭᠤ ᠲᠠᠢ ᠭᠡᠵᠤ ᠮᠠᠭᠠᠳᠯᠠᠨ ᠲᠤᠭᠲᠠᠭᠠᠭᠰᠠᠨ ᠪᠠᠶᠢᠪᠠᠯ᠂ ᠤᠤᠯ ᠤᠨ ᠰᠢᠳᠪᠤᠷᠢᠯᠡᠭᠰᠡᠨ ᠪᠠᠶᠢᠭᠤᠯᠭ᠎ᠠ ᠴᠠᠭ ᠲᠤᠬᠠᠢ ᠳᠤᠨᠢ ᠵᠠᠯᠠᠷᠠᠭᠤᠯᠬᠤ ᠬᠡᠷᠡᠭᠲᠠᠢ᠃    ᠵᠢᠷᠭᠤᠳᠤᠭᠠᠷ ᠪᠦᠯᠦᠭ ᠢᠯᠵᠠᠷᠠᠯ ᠢ ᠡᠰᠡᠷᠬᠦᠴᠡᠬᠦ ᠤᠯᠠᠨ ᠤᠯᠤᠰ ᠤᠨ ᠬᠠᠮᠳᠤᠷᠠᠯᠴᠠᠭ᠎ᠠ    ᠲᠠᠪᠢᠳᠤᠭᠠᠷ ᠵᠦᠢᠯ ᠤᠯᠤᠰ ᠤᠨ ᠬᠢᠨᠠᠨ ᠪᠠᠶᠢᠴᠠᠭᠠᠬᠤ ᠵᠦᠪᠯᠡᠯ ᠪᠤᠰᠤᠳ ᠤᠯᠤᠰ᠂ ᠭᠠᠵᠠᠷ ᠤᠷᠤᠨ᠂ ᠤᠯᠠᠨ ᠤᠯᠤᠰ ᠤᠨ ᠵᠤᠬᠢᠶᠠᠨ ᠪᠠᠶᠢᠭᠤᠯᠤᠯᠲᠠ ᠲᠠᠢ ᠦᠷᠨᠢᠬᠦᠯᠬᠦ ᠢᠯᠵᠠᠷᠠᠯ ᠢ ᠡᠰᠡᠷᠬᠦᠴᠡᠬᠦ ᠤᠯᠠᠨ ᠤᠯᠤᠰ ᠤᠨ ᠰᠤᠯᠢᠯᠴᠠᠭ᠎ᠠ ᠬᠠᠮᠳᠤᠷᠠᠯᠴᠠᠭ᠎ᠠ ᠶᠢ ᠨᠢᠭᠡᠳᠦᠯᠲᠠᠢ ᠲᠦᠯᠦᠪᠯᠡᠨ ᠵᠤᠬᠢᠴᠠᠭᠤᠯᠵᠤ᠂ ᠢᠯᠵᠠᠷᠠᠯ ᠢ ᠡᠰᠡᠷᠬᠦᠴᠡᠬᠦ ᠤᠯᠠᠨ ᠤᠯᠤᠰ ᠤᠨ ᠭᠡᠷ᠎ᠡ ᠶᠢ ᠬᠡᠷᠡᠭᠵᠢᠬᠦᠯᠬᠦ ᠠᠵᠢᠯ ᠢ ᠵᠤᠬᠢᠶᠠᠨ ᠪᠠᠶᠢᠭᠤᠯᠤᠨ᠎ᠠ᠃    ᠲᠠᠪᠢᠨ ᠨᠢᠭᠡᠳᠦᠭᠡᠷ ᠵᠦᠢᠯ ᠤᠯᠤᠰ ᠤᠨ ᠬᠢᠨᠠᠨ ᠪᠠᠶᠢᠴᠠᠭᠠᠬᠤ ᠵᠦᠪᠯᠡᠯ ᠬᠤᠯᠪᠤᠭᠳᠠᠯ ᠪᠦᠬᠦᠢ ᠲᠠᠯ᠎ᠠ ᠶᠢᠨ ᠬᠢᠨ ᠢ ᠵᠤᠬᠢᠶᠠᠨ ᠪᠠᠶᠢᠭᠤᠯᠤᠨ ᠵᠤᠬᠢᠴᠠᠭᠤᠯᠵᠤ ᠪᠠᠶᠢᠭᠠᠳ ᠬᠤᠯᠪᠤᠭᠳᠠᠯ ᠪᠦᠬᠦᠢ ᠤᠯᠤᠰ᠂ ᠭᠠᠵᠠᠷ ᠤᠷᠤᠨ᠂ ᠤᠯᠠᠨ ᠤᠯᠤᠰ ᠤᠨ ᠵᠤᠬᠢᠶᠠᠨ ᠪᠠᠶᠢᠭᠤᠯᠤᠯᠲᠠ ᠯᠤᠭ᠎ᠠ ᠶᠢᠨ ᠢᠯᠵᠠᠷᠠᠯ ᠢ ᠡᠰᠡᠷᠬᠦᠴᠡᠬᠦ ᠬᠠᠤᠯᠢ ᠬᠡᠷᠡᠭᠵᠢᠬᠦᠯᠦᠯᠲᠡ᠂ ᠰᠢᠯᠵᠢᠬᠦᠯᠦᠨ ᠲᠤᠰᠢᠶᠠᠬᠤ᠂ ᠬᠠᠤᠯᠢ ᠪᠠᠷᠢᠬᠤ ᠬᠠᠮᠵᠢᠯᠴᠠᠭ᠎ᠠ᠂ ᠡᠷᠡᠬᠦᠦ ᠪᠠᠷ ᠰᠢᠳᠭᠡᠭᠳᠡᠭᠴᠢ ᠶᠢ ᠰᠢᠯᠵᠢᠬᠦᠯᠦᠨ ᠬᠠᠮᠢᠶᠠᠷᠬᠤ᠂ ᠡᠳ᠋ ᠬᠦᠷᠦᠩᠭᠡ ᠶᠢ ᠨᠡᠭᠡᠮᠵᠢᠯᠡᠨ ᠠᠪᠴᠢᠷᠠᠬᠤ ᠪᠠ ᠮᠡᠳᠡᠭᠡ ᠵᠠᠩᠬᠢ ᠰᠤᠯᠢᠯᠴᠠᠬᠤ ᠵᠡᠷᠭᠡ ᠬᠦᠷᠢᠶᠡᠨ ᠳᠠᠬᠢ ᠬᠠᠮᠳᠤᠷᠠᠯᠴᠠᠭ᠎ᠠ ᠶᠢ ᠴᠢᠩᠭᠠᠳᠬᠠᠨ᠎ᠠ᠃    ᠲᠠᠪᠢᠨ ᠬᠤᠶᠠᠳᠤᠭᠠᠷ ᠵᠦᠢᠯ ᠤᠯᠤᠰ ᠤᠨ ᠬᠢᠨᠠᠨ ᠪᠠᠶᠢᠴᠠᠭᠠᠬᠤ ᠵᠦᠪᠯᠡᠯ ᠭᠠᠳᠠᠭᠠᠲᠤ ᠳᠤ ᠲᠤᠲᠠᠭᠠᠭᠰᠠᠨ ᠤᠷᠭᠤᠳᠠᠭᠤᠯ ᠬᠡᠷᠡᠭᠲᠡᠨ ᠢ ᠨᠡᠬᠡᠮᠵᠢᠯᠡᠬᠦ᠂ ᠪᠤᠵᠠᠷ ᠵᠤᠭᠤᠰ ᠪᠤᠵᠠᠷ ᠡᠳ᠋ ᠢ ᠨᠡᠬᠡᠮᠵᠢᠯᠡᠬᠦ ᠪᠠ ᠲᠤᠳᠠᠭᠠᠬᠤ ᠶᠢ ᠰᠡᠷᠭᠡᠶᠢᠯᠡᠬᠦ ᠵᠡᠷᠭᠡ ᠢᠯᠵᠠᠷᠠᠯ ᠢ ᠡᠰᠡᠷᠬᠦᠴᠡᠬᠦ ᠠᠵᠢᠯ ᠢ ᠵᠤᠬᠢᠶᠠᠨ ᠪᠠᠶᠢᠭᠤᠯᠵᠤ ᠵᠤᠬᠢᠴᠠᠭᠤᠯᠬᠤ ᠪᠠᠨ ᠴᠢᠩᠭᠠᠳᠬᠠᠵᠤ᠂ ᠬᠤᠯᠪᠤᠭᠳᠠᠯ ᠪᠦᠬᠦᠢ ᠨᠢᠭᠡᠴᠡ ᠶᠢ ᠰᠢᠪᠠᠳᠠᠵᠤ ᠪᠠᠶᠢᠭᠠᠳ ᠬᠠᠮᠢᠶ᠎ᠠ ᠪᠦᠬᠦᠢ ᠠᠵᠢᠯ ᠢ ᠰᠠᠶᠢᠳᠤᠷ ᠬᠢᠯᠬᠡᠨ᠎ᠡ᠄    ︵ᠨᠢᠭᠡ︶ ᠱᠠᠮᠰᠢᠵᠤ ᠬᠡᠭᠡᠯᠢ ᠢᠳᠡᠵᠤ ᠬᠠᠭ᠋ᠤᠤᠯᠢ ᠲᠦᠯᠬᠢᠭᠰᠡᠨ᠂ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠳᠤᠭᠠᠭᠰᠠᠨ ᠵᠡᠷᠭᠡ ᠡᠷᠭᠡ ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ ᠬᠦᠨᠳᠤ ᠶᠡᠭᠡ ᠬᠡᠷᠡᠭ ᠤᠨ ᠪᠠᠶᠢᠴᠠᠭᠠᠭᠳᠠᠭᠴᠢ ᠨᠢ ᠤᠯᠤᠰ ︵ᠬᠢᠯᠢ︶ ᠤᠨ ᠭᠠᠳᠠᠨ᠎ᠠ ᠲᠤᠲᠠᠭᠠᠵᠤ ᠳᠠᠯᠳᠠᠯᠠᠭᠰᠠᠨ ᠪᠦᠭᠡᠳ ᠡᠬᠦᠨ ᠤ ᠲᠤᠬᠠᠢ ᠨᠡᠯᠢᠶᠡᠳ ᠦᠨᠡᠨ ᠪᠤᠲᠠᠲᠠᠢ ᠬᠡᠷᠡᠴᠢ ᠪᠠᠷᠢᠮᠳᠠ ᠶᠢ ᠡᠵᠡᠮᠰᠢᠭᠰᠡᠨ ᠪᠠᠶᠢᠪᠠᠯ᠂ ᠬᠢᠯᠢ ᠶᠢᠨ ᠭᠠᠳᠠᠨᠠᠬᠢ ᠤᠷᠭᠤᠳᠠᠭᠤᠯ ᠬᠡᠷᠡᠭᠳᠡᠨ ᠢ ᠨᠡᠭᠡᠮᠵᠢᠯᠡᠬᠦ ᠬᠠᠮᠳᠤᠷᠠᠯᠴᠠᠭ᠎ᠠ ᠦᠷᠨᠢᠬᠦᠯᠵᠤ᠂ ᠨᠡᠭᠡᠮᠵᠢᠯᠡᠨ ᠪᠠᠷᠢᠪᠴᠢᠯᠠᠵᠤ ᠰᠢᠬᠦᠯᠳᠡ ᠳᠤ ᠠᠪᠴᠢᠷᠠᠬᠤ ᠬᠡᠷᠡᠭᠲᠠᠢ︔    ︵ᠬᠤᠶᠠᠷ︶ ᠪᠤᠵᠠᠷ ᠵᠤᠭᠤᠰ ᠪᠤᠵᠠᠷ ᠡᠳ᠋ ᠤᠨ ᠪᠠᠶᠢᠭ᠎ᠠ ᠤᠯᠤᠰ ᠲᠤ ᠭᠤᠶᠤᠴᠢᠯᠠᠯ ᠭᠠᠷᠭᠠᠵᠤ ᠬᠡᠷᠡᠭ ᠲᠤ ᠬᠤᠯᠪᠤᠭᠳᠠᠬᠤ ᠡᠳ᠋ ᠬᠦᠷᠦᠩᠬᠡ ᠶᠢ ᠪᠠᠶᠢᠴᠠᠭᠠᠨ ᠯᠠᠪᠯᠠᠬᠤ᠂ ᠴᠡᠪᠳᠡᠭᠰᠢᠬᠦᠯᠬᠦ᠂ ᠲᠠᠷᠤᠵᠤ ᠠᠪᠬᠤ᠂ ᠬᠤᠷᠢᠶᠠᠨ ᠠᠪᠬᠤ ᠂ ᠨᠡᠭᠡᠮᠵᠢᠯᠡᠨ ᠲᠤᠰᠢᠶᠠᠯᠭᠠᠬᠤ᠂ ᠡᠭᠡᠬᠦᠯᠦᠨ ᠪᠤᠴᠠᠭᠠᠯᠭᠠᠬᠤ ᠠᠵᠢᠯ ᠢ ᠬᠢᠯᠬᠡᠨ᠎ᠡ︔    ︵ᠭᠤᠷᠪᠠ︶ ᠡᠷᠭᠡ ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ ᠰᠡᠵᠢᠭᠯᠡᠯᠲᠠᠢ ᠠᠯᠪᠠᠨ ᠲᠤᠰᠢᠶᠠᠯᠲᠠᠨ ᠵᠢᠴᠢ ᠲᠡᠬᠦᠨ ᠲᠠᠢ ᠬᠠᠮᠢᠶ᠎ᠠ ᠪᠦᠬᠦᠢ ᠬᠦᠮᠦᠰ ᠤᠨ ᠤᠯᠤᠰ ︵ᠬᠢᠯᠢ︶ ᠲᠤ ᠤᠷᠤᠵᠤ ᠢᠷᠡᠬᠦ ᠪᠠ ᠤᠯᠤᠰ ︵ᠬᠢᠯᠢ︶ ᠠᠴᠠ ᠭᠠᠷᠬᠤ ᠵᠢᠴᠢ ᠬᠢᠯᠢ ᠠᠯᠤᠰᠯᠠᠨ ᠪᠡᠯᠡ ᠮᠦᠡᠭᠬᠦ ᠰᠢᠯᠵᠢᠬᠦᠯᠬᠦ ᠪᠠᠶᠢᠳᠠᠯ ᠢ ᠪᠠᠶᠢᠴᠠᠭᠠᠨ ᠯᠠᠪᠯᠠᠬᠤ ᠪᠠ ᠬᠢᠨᠠᠨ ᠡᠵᠡᠮᠳᠡᠵᠤ᠂ ᠬᠡᠷᠡᠭ ᠪᠠᠶᠢᠴᠠᠭᠠᠬᠤ ᠶᠠᠪᠤᠴᠠ ᠳᠤ ᠲᠤᠳᠠᠭᠠᠬᠤ ᠶᠢ ᠰᠡᠷᠭᠡᠶᠢᠯᠡᠬᠦ ᠵᠢᠷᠤᠮ ᠲᠤᠬᠢᠷᠠᠭᠤᠯᠤᠨ᠎ᠠ᠃    ᠲᠤᠯᠤᠳᠤᠭᠠᠷ ᠪᠦᠯᠦᠭ ᠬᠢᠨᠠᠨ ᠪᠠᠶᠢᠴᠠᠭᠠᠬᠤ ᠪᠠᠶᠢᠭᠤᠯᠭ᠎ᠠ ᠪᠠ ᠬᠢᠨᠠᠨ ᠪᠠᠶᠢᠴᠠᠭᠠᠬᠤ ᠠᠵᠢᠯᠲᠠᠨ ᠳᠤ ᠲᠠᠯᠪᠢᠬᠤ ᠬᠢᠨᠠᠯᠲᠠ    ᠲᠠᠪᠢᠨ ᠭᠤᠷᠪᠠᠳᠤᠭᠠᠷ ᠵᠦᠢᠯ ᠡᠯ᠎ᠡ ᠱᠠᠳᠤᠨ ᠤ ᠬᠢᠨᠠᠨ ᠪᠠᠶᠢᠴᠠᠭᠠᠬᠤ ᠵᠦᠪᠯᠡᠯ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠬᠦᠨ ᠤ ᠪᠠᠶᠢᠡᠭᠭᠤ ᠶᠢᠨ ᠬᠤᠷᠢᠶ᠎ᠠ ᠶᠢᠨ ᠬᠢᠨᠠᠯᠲᠠ ᠶᠢ ᠬᠦᠯᠢᠶᠡᠬᠦ ᠬᠡᠷᠡᠭᠲᠠᠢ᠃ ᠡᠯ᠎ᠡ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠲᠤᠰ ᠱᠠᠳᠤᠨ ᠤ ᠪᠠᠨ ᠬᠢᠨᠠᠨ ᠪᠠᠶᠢᠴᠠᠭᠠᠬᠤ ᠵᠦᠪᠯᠡᠯ ᠤᠨ ᠲᠤᠰᠬᠠᠢ ᠠᠵᠢᠯ ᠤᠨ ᠮᠡᠳᠡᠬᠦᠯᠦᠯᠲᠡ ᠶᠢ ᠰᠤᠨᠤᠰᠬᠤ ᠪᠠ ᠬᠢᠨᠠᠨ ᠶᠠᠷᠢᠯᠴᠠᠵᠤ᠂ ᠬᠠᠤᠯᠢ ᠬᠡᠷᠡᠭᠵᠢᠬᠦᠯᠦᠯᠲᠡ ᠶᠢᠨ ᠪᠠᠶᠢᠴᠠᠭᠠᠯᠲᠠ ᠶᠢ ᠵᠤᠬᠢᠶᠠᠨ ᠪᠠᠶᠢᠭᠤᠯᠤᠨ᠎ᠠ᠃ ᠰᠢᠶᠠᠨ ᠤ ᠱᠠᠳᠤᠨ ᠠᠴᠠ ᠲᠡᠭᠡᠭᠰᠢᠬᠢ ᠡᠯ᠎ᠡ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠬᠦᠨ ᠤ ᠪᠠᠶᠢᠡᠭᠭᠤ ᠶᠢᠨ ᠬᠤᠷᠢᠶ᠎ᠠ ᠬᠤᠷᠠᠯᠳᠤᠭᠠᠨ ᠬᠤᠷᠠᠯᠳᠤᠭᠤᠯᠬᠤ ᠦᠶ᠎ᠡ ᠳᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠪᠤᠶᠤ ᠪᠠᠶᠢᠡᠭᠭᠤ ᠶᠢᠨ ᠬᠤᠷᠢᠶ᠎ᠠ ᠶᠢᠨ ᠪᠦᠷᠢᠯᠳᠦᠬᠦᠨ ᠬᠠᠤᠯᠢ ᠴᠠᠭᠠᠵᠠ ᠳᠤ ᠲᠤᠭᠲᠠᠭᠠᠭᠰᠠᠨ ᠵᠢᠷᠤᠮ ᠶᠤᠰᠤᠭᠠᠷ᠂ ᠬᠢᠨᠠᠨ ᠪᠠᠶᠢᠴᠠᠭᠠᠬᠤ ᠠᠵᠢᠯ ᠳᠠᠬᠢ ᠬᠤᠯᠪᠤᠭᠳᠠᠯ ᠪᠦᠬᠦᠢ ᠠᠰᠠᠭᠤᠳᠠᠯ ᠤᠨ ᠲᠤᠬᠠᠢ ᠯᠠᠪᠯᠠᠨ ᠠᠰᠠᠭᠤᠬᠤ ᠪᠤᠶᠤ ᠲᠤᠯᠭᠠᠨ ᠠᠰᠠᠭᠤᠵᠤ ᠪᠤᠯᠤᠨ᠎ᠠ᠃    ᠲᠠᠪᠢᠨ ᠳᠦᠷᠪᠡᠳᠦᠭᠡᠷ ᠵᠦᠢᠯ ᠬᠢᠨᠠᠨ ᠪᠠᠶᠢᠴᠠᠭᠠᠬᠤ ᠪᠠᠶᠢᠭᠤᠯᠭ᠎ᠠ ᠬᠢᠨᠠᠨ ᠪᠠᠶᠢᠴᠠᠭᠠᠬᠤ ᠠᠵᠢᠯ ᠤᠨ ᠮᠡᠳᠡᠭᠡ ᠵᠠᠩᠭᠢ ᠶᠢ ᠬᠠᠤᠯᠢ ᠶᠤᠰᠤᠭᠠᠷ ᠢᠯᠠ ᠪᠤᠯᠭᠠᠵᠦ᠂ ᠠᠷᠠᠳᠴᠢᠯᠠᠭᠰᠠᠨ ᠬᠢᠨᠡᠯᠳᠡ᠂ ᠨᠡᠶᠢᠭᠡᠮ ᠤᠨ ᠬᠢᠨᠠᠯᠳᠠ᠂ ᠶᠠᠷᠢᠶ᠎ᠠ ᠬᠡᠯᠡᠯᠴᠡᠭᠡᠨ ᠤ ᠬᠢᠨᠡᠯᠳᠡ ᠶᠢ ᠬᠦᠯᠢᠶᠡᠭᠦ ᠭᠡᠷᠡᠭᠲᠡᠢ᠃    ᠲᠠᠪᠢᠨ ᠲᠠᠪᠤᠳᠤᠭᠠᠷ ᠵᠦᠢᠯ ᠬᠢᠨᠠᠨ ᠪᠠᠶᠢᠴᠠᠭᠠᠬᠤ ᠪᠠᠶᠢᠭᠤᠯᠭ᠎ᠠ ᠳᠤᠲᠤᠭᠠᠳᠤ ᠶᠢᠨ ᠲᠤᠰᠬᠠᠢ ᠬᠢᠨᠠᠯᠳᠠ ᠲᠠᠯᠪᠢᠬᠤ ᠪᠠᠶᠢᠭᠤᠯᠤᠮᠵᠢ ᠶᠢ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠢᠨᠠᠨ ᠪᠠᠶᠢᠴᠠᠭᠠᠬᠤ ᠠᠵᠢᠯᠳᠠᠨ ᠤ ᠲᠤᠰᠢᠶᠠᠯ ᠢᠶᠠᠨ ᠬᠦᠢᠴᠡᠳᠭᠡᠭᠦ ᠪᠠ ᠬᠠᠤᠯᠢ ᠴᠠᠭᠠᠵᠠ ᠶᠢ ᠵᠢᠷᠦᠮᠯᠠᠨ ᠰᠠᠬᠢᠵᠦ ᠪᠠᠶᠢᠭ᠎ᠠ ᠪᠠᠶᠢᠳᠠᠯ ᠳᠤ ᠬᠢᠨᠡᠯᠳᠡ ᠳᠠᠯᠪᠢᠬᠤ ᠪᠠᠨ ᠴᠢᠩᠭᠠᠳᠬᠠᠵᠦ᠂ ᠦᠨᠡᠨᠴᠢ ᠰᠢᠳᠤᠷᠭᠤ᠂ ᠴᠡᠪᠡᠷ ᠴᠢᠭᠡᠴᠢ᠂ ᠵᠤᠷᠢᠭᠳᠠᠢ ᠡᠭᠦᠷᠭᠡᠯᠡᠳᠡᠭ ᠬᠢᠨᠠᠨ ᠪᠠᠶᠢᠴᠠᠭᠠᠬᠤ ᠡᠩᠨᠡᠭᠡ ᠶᠢ ᠪᠠᠶᠢᠭᠤᠯᠤᠨ᠎ᠠ᠃ ᠲᠠᠪᠢᠨ ᠵᠢᠷᠭᠤᠳᠤᠭᠠᠷ ᠵᠦᠢᠯ ᠬᠢᠨᠠᠨ ᠪᠠᠶᠢᠴᠠᠭᠠᠬᠤ ᠠᠵᠢᠯᠳᠠᠨ ᠡᠷᠭᠡᠪᠰᠢ ᠦᠨᠳᠦᠰᠦᠨ ᠬᠠᠤᠯᠢ ᠪᠤᠯᠤᠨ ᠬᠠᠤᠯᠢ ᠴᠠᠭᠠᠵᠠ ᠶᠢ ᠵᠢᠱᠢᠶᠠᠴᠢ ᠪᠠᠷ ᠵᠢᠷᠦᠮᠯᠠᠨ ᠰᠠᠬᠢᠵᠦ᠂ ᠲᠤᠰᠢᠶᠡᠯ ᠬᠠᠷᠢᠭᠤᠴᠠᠯᠭ᠎ᠠ ᠪᠠᠨ ᠰᠢᠳᠤᠷᠭᠤ ᠪᠠᠷ ᠬᠦᠢᠴᠡᠳᠭᠡᠵᠦ᠂ ᠬᠠᠦᠯᠢ ᠶᠢ ᠭᠤᠦᠯᠴᠢ ᠪᠠᠷ ᠭᠡᠷᠡᠭᠵᠢᠬᠦᠯᠦᠨ᠂ ᠲᠦᠪ ᠭᠤᠤᠯᠴᠢ ᠠᠷᠢᠭᠤᠨ ᠴᠢᠭᠡᠴᠢ ᠪᠠᠶᠢᠵᠦ᠂ ᠨᠢᠭᠤᠴᠠ ᠶᠢ ᠬᠠᠮᠠᠭᠠᠯᠠᠬᠤ ᠭᠡᠷᠡᠭᠲᠡᠢ︔ ᠡᠷᠭᠡᠪᠰᠢ ᠤᠯᠤᠰ ᠲᠦᠷᠦ ᠶᠢᠨ ᠰᠢᠯᠢᠳᠡᠭ ᠰᠠᠶᠢᠨ ᠭᠡᠪ ᠴᠢᠨᠡᠷ ᠲᠠᠢ ᠪᠠᠶᠢᠵᠦ᠂ ᠬᠢᠨᠠᠨ ᠪᠠᠶᠢᠴᠠᠭᠠᠬᠤ ᠲᠤᠬᠠᠶᠢᠢᠯᠠᠭᠰᠠᠨ ᠠᠵᠢᠯ ᠳᠠᠭᠠᠨ ᠪᠤᠯᠪᠠᠰᠤᠷᠠᠩᠭᠤᠢ ᠪᠤᠯᠵᠤ᠂ ᠬᠠᠤᠯᠢ ᠴᠠᠭᠠᠵᠠ᠂ ᠬᠠᠤᠯᠢ ᠲᠤᠭᠳᠠᠭᠠᠯ᠂ ᠲᠦᠷᠦ ᠶᠢᠨ ᠪᠤᠳᠤᠯᠭ᠎ᠠ ᠶᠢ ᠭᠡᠷᠡᠭᠯᠡᠭᠦ ᠪᠠ ᠪᠠᠶᠢᠴᠠᠭᠠᠵᠦ ᠭᠡᠷᠡᠴᠢ ᠠᠪᠬᠤ ᠵᠡᠷᠭᠡ ᠴᠢᠳᠡᠪᠤᠷᠢ ᠶᠢ ᠪᠦᠷᠢᠳᠦᠭᠦᠯᠦᠨ᠂ ᠤᠬᠠᠮᠰᠠᠷ ᠠᠴᠠ ᠪᠠᠨ ᠬᠢᠨᠠᠯᠳᠠ ᠶᠢ ᠭᠦᠯᠢᠶᠡᠭᠦ ᠭᠡᠷᠡᠭᠲᠡᠢ᠃    ᠲᠠᠪᠢᠨ ᠳᠤᠯᠤᠳᠤᠭᠠᠷ ᠵᠦᠢᠯ ᠬᠢᠨᠠᠨ ᠪᠠᠶᠢᠴᠠᠭᠠᠬᠤ ᠠᠵᠢᠯᠳᠠᠨ ᠭᠡᠷᠡᠭ ᠤᠨ ᠪᠠᠶᠢᠳᠠᠯ ᠢ ᠰᠤᠷᠠᠭᠯᠠᠵᠦ᠂ ᠭᠡᠷᠡᠭ ᠢ ᠠᠰᠠᠭᠤᠨ ᠯᠠᠪᠯᠠᠵᠦ᠂ ᠨᠠᠶᠢᠷ ᠲᠠᠯ᠎ᠠ ᠬᠡᠯᠡᠵᠦ ᠭᠠᠷ ᠲᠦᠷᠦᠭᠰᠡᠨ ᠪᠠᠶᠢᠪᠠᠯ᠂ ᠬᠢᠨᠠᠨ ᠪᠠᠶᠢᠴᠠᠭᠠᠬᠤ ᠭᠡᠷᠡᠭ ᠤᠴᠢᠷ ᠢ ᠰᠢᠢᠳᠪᠤᠷᠢᠯᠡᠵᠦ ᠪᠠᠶᠢᠭ᠎ᠠ ᠬᠢᠨᠠᠨ ᠪᠠᠶᠢᠴᠠᠭᠠᠬᠤ ᠠᠵᠢᠯᠳᠠᠨ ᠴᠠᠭ ᠲᠤᠬᠠᠢ ᠳᠤᠨᠢ ᠮᠡᠳᠡᠭᠦᠯᠭᠦ ᠭᠡᠷᠡᠭᠲᠡᠢ᠃ ᠬᠤᠯᠪᠤᠭᠳᠠᠯ ᠪᠦᠬᠦᠢ ᠪᠠᠶᠢᠳᠠᠯ ᠢ ᠪᠦᠷᠢᠳᠭᠡᠵᠦ ᠲᠠᠩᠰᠠᠯᠠᠭᠤᠯᠬᠤ ᠭᠡᠷᠡᠭᠲᠡᠢ᠃ ᠬᠢᠨᠠᠨ ᠪᠠᠶᠢᠴᠠᠭᠠᠬᠤ ᠬᠡᠷᠡᠭ ᠤᠴᠢᠷ ᠢ ᠰᠢᠢᠳᠪᠦᠷᠢᠯᠡᠵᠦ ᠪᠠᠶᠢᠭ᠎ᠠ ᠬᠢᠨᠠᠨ ᠪᠠᠶᠢᠴᠠᠭᠠᠬᠤ ᠠᠵᠢᠯᠳᠠᠨ ᠵᠦᠪᠰᠢᠶᠡᠷᠡᠭᠦᠯᠦᠭᠰᠡᠨ ᠦᠭᠡᠢ ᠪᠠᠷ ᠪᠠᠶᠢᠴᠠᠭᠠᠭᠳᠠᠭᠴᠢ᠂ ᠭᠡᠷᠡᠭ ᠲᠤ ᠬᠤᠯᠪᠤᠭᠳᠠᠭᠰᠠᠳ ᠪᠤᠯᠤᠨ ᠲᠡᠭᠦᠨ ᠯᠦᠭᠡ ᠤᠨᠴᠠᠭᠠᠢ ᠬᠠᠷᠢᠴᠠᠭ᠎ᠠ ᠪᠦᠬᠦᠢ ᠬᠦᠮᠦᠨ ᠲᠠᠢ ᠠᠭᠤᠯᠵᠠᠵᠤ ᠤᠴᠠᠷᠠᠭᠰᠠᠨ᠂ ᠡᠰᠡᠭᠦᠯ᠎ᠠ ᠬᠠᠷᠢᠯᠴᠠᠵᠦ ᠶᠠᠪᠤᠯᠴᠠᠭᠰᠠᠨ ᠪᠠᠶᠢᠳᠠᠯ ᠤᠷᠤᠰᠢᠵᠦ ᠪᠠᠶᠢᠪᠠᠯ᠂ ᠪᠠᠶᠢᠳᠠᠯ ᠢ ᠮᠡᠳᠡᠭᠦ ᠬᠦᠮᠦᠨ ᠴᠠᠭ ᠲᠤᠬᠠᠢ ᠳᠤᠨᠢ ᠮᠡᠳᠡᠭᠦᠯᠭᠦ ᠭᠡᠷᠡᠭᠲᠡᠢ᠃ ᠬᠤᠯᠪᠤᠭᠳᠠᠯ ᠪᠦᠬᠦᠢ ᠪᠠᠶᠢᠳᠠᠯ ᠢ ᠪᠦᠷᠢᠳᠭᠡᠵᠦ ᠲᠠᠩᠰᠠᠯᠠᠭᠤᠯᠬᠤ ᠭᠡᠷᠡᠭᠲᠡᠢ᠃    ᠲᠠᠪᠢᠨ ᠨᠠᠶᠢᠮᠠᠳᠤᠭᠠᠷ ᠵᠦᠢᠯ ᠬᠢᠨᠠᠨ ᠪᠠᠶᠢᠴᠠᠭᠠᠬᠤ ᠬᠡᠷᠡᠭ ᠤᠴᠢᠷ ᠢ ᠰᠢᠢᠳᠪᠤᠷᠢᠯᠡᠵᠦ ᠪᠠᠶᠢᠭ᠎ᠠ ᠬᠢᠨᠡᠨ ᠪᠠᠶᠢᠴᠠᠭᠠᠬᠤ ᠠᠵᠢᠯᠳᠠᠨ ᠳᠤ ᠳᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠤᠶᠢᠪᠡᠷ ᠢᠶᠠᠨ ᠵᠠᠶᠢᠯᠡᠬᠤ ᠭᠡᠷᠡᠭᠳᠡᠢ᠂ ᠬᠢᠨᠠᠨ ᠪᠠᠶᠢᠴᠠᠭᠠᠭᠳᠠᠬᠤ ᠡᠳᠡᠭᠡᠳ᠂ ᠢᠯᠡᠴᠢᠯᠡᠭᠴᠢ ᠵᠢᠴᠢ ᠬᠤᠯᠪᠤᠭᠳᠠᠯ ᠪᠦᠬᠦᠢ ᠪᠤᠰᠤᠳ ᠬᠦᠮᠦᠰ ᠴᠦ ᠲᠡᠬᠦᠨ ᠢ ᠵᠠᠶᠢᠯᠡᠭᠤᠯᠬᠤ ᠪᠠᠷ ᠱᠡᠭᠠᠷᠳᠡᠬᠤ ᠡᠷᠭᠡ ᠲᠠᠢ᠄    ︵ᠨᠢᠭᠡ︶ ᠬᠢᠨᠠᠨ ᠪᠠᠶᠢᠴᠠᠭᠠᠭᠳᠠᠬᠤ ᠡᠳᠡᠭᠡᠳ ᠪᠤᠶᠤ ᠢᠯᠡᠴᠢᠯᠡᠭᠴᠢ ᠶᠢᠨ ᠦᠢᠷ᠎ᠠ ᠲᠦᠷᠦᠯ ᠰᠠᠳᠤᠨ ᠪᠤᠯᠬᠤ︔    ︵ᠬᠤᠶᠠᠷ︶ ᠲᠤᠰ ᠭᠡᠷᠡᠭ ᠤᠨ ᠭᠡᠷᠡᠴᠢᠯᠡᠭᠴᠢ ᠪᠤᠯᠵᠦ ᠦᠡᠭᠭᠡᠷᠡᠭᠰᠡᠨ︔    ︵ᠭᠤᠷᠪᠠ︶ ᠲᠤᠰ ᠬᠦᠮᠦᠠ ᠪᠤᠶᠦ ᠲᠡᠬᠦᠠ ᠤ ᠤᠶᠢᠢᠷ᠎ᠠ ᠲᠦᠷᠦᠯ ᠰᠡᠳᠦᠠ ᠨᠢ ᠰᠢᠢᠳᠪᠤᠷᠢᠯᠡᠵᠦ ᠪᠠᠶᠢᠭ᠎ᠠ ᠬᠢᠨᠡᠨ ᠪᠠᠶᠢᠴᠠᠭᠠᠬᠤ ᠭᠡᠷᠡᠭ ᠤᠴᠢᠷ ᠲᠠᠢ ᠠᠰᠢᠬ ᠬᠤᠦᠷ ᠤᠨ ᠬᠠᠷᠢᠴᠠᠭ᠎ᠠ ᠲᠠᠢ ᠪᠠᠶᠢᠬᠤ︔    ︵ᠳᠦᠷᠪᠡ︶ ᠬᠢᠨᠠᠨ ᠪᠠᠶᠢᠴᠠᠭᠠᠬᠤ ᠭᠡᠷᠡᠭ ᠤᠴᠢᠷ ᠢ ᠭᠤᠤᠯᠴᠢ ᠪᠠᠷ ᠰᠢᠢᠳᠪᠤᠷᠢᠯᠡᠭᠦ ᠶᠢ ᠨᠦᠯᠦᠭᠡᠯᠡᠵᠦ ᠮᠡᠳᠡᠭᠦ ᠪᠤᠰᠤᠳ ᠪᠠᠶᠢᠳᠠᠯ ᠲᠠᠢ ᠪᠠᠶᠢᠬᠤ᠃    ᠲᠠᠪᠢ ᠶᠢᠰᠦᠳᠦᠭᠡᠷ ᠵᠦᠢᠯ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠨᠢᠭᠤᠴᠠ ᠳᠤ ᠬᠤᠯᠪᠤᠭᠳᠠᠬᠤ ᠠᠵᠢᠯᠳᠠᠨ ᠠᠵᠢᠯ ᠤᠨ ᠪᠠᠶᠢᠷᠢ ᠪᠤᠶᠤ ᠲᠤᠰᠢᠶᠠᠯ ᠠᠴᠠ ᠪᠠᠨ ᠰᠠᠯᠤᠭᠰᠠᠨ ᠤ ᠳᠠᠷᠠᠭ᠎ᠠ᠂ ᠨᠢᠭᠤᠴᠠ ᠳᠠᠶᠢᠯᠬᠤ ᠬᠤᠭᠤᠴᠠᠭᠠᠨ ᠤ ᠬᠠᠮᠢᠶᠠᠷᠤᠯᠲᠠ ᠶᠢᠨ ᠲᠤᠭᠳᠠᠭᠠᠯ ᠢ ᠵᠢᠷᠦᠮᠯᠠᠨ ᠰᠠᠬᠢᠵᠦ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠴᠢᠩᠭ᠎ᠠ ᠬᠦᠢᠴᠡᠳᠭᠡᠭᠦ ᠭᠡᠷᠡᠭᠲᠡᠢ᠂ ᠬᠤᠯᠪᠤᠭᠳᠠᠯ ᠪᠦᠬᠦᠢ ᠨᠢᠭᠤᠴᠠ ᠶᠢ ᠵᠠᠳᠠᠷᠠᠭᠤᠯᠵᠦ ᠪᠤᠯᠬᠤ ᠦᠭᠡᠢ᠃ ᠬᠢᠨᠠᠨ ᠪᠠᠶᠢᠴᠠᠭᠠᠬᠤ ᠠᠵᠢᠯᠳᠠᠨ ᠠᠵᠢᠯ ᠠᠴᠠ ᠪᠠᠨ ᠭᠠᠷᠤᠭᠰᠠᠨ ᠪᠤᠶᠤ ᠨᠠᠰᠤᠨ ᠤ ᠠᠮᠠᠷᠠᠯᠳᠠ ᠪᠠᠨ ᠠᠪᠤᠭᠰᠠᠨ ᠠᠴᠠ ᠬᠤᠶᠢᠰᠢ ᠭᠤᠷᠪᠠᠨ ᠵᠢᠯ ᠤᠨ ᠳᠤᠲᠤᠷ᠎ᠠ᠂ ᠬᠢᠨᠠᠨ ᠪᠠᠶᠢᠴᠠᠭᠠᠬᠤ ᠪᠠ ᠬᠠᠤᠯᠢ ᠪᠠᠷᠢᠬᠤ ᠠᠵᠢᠯ ᠲᠠᠢ ᠬᠤᠯᠪᠤᠭ᠎ᠠ ᠲᠠᠢ ᠪᠦᠭᠡᠳ ᠠᠰᠢᠭ ᠲᠤᠰᠠ ᠶᠢᠨ ᠮᠦᠷᠭᠦᠯᠳᠦᠭᠡᠨ ᠭᠠᠷᠴᠦ ᠮᠡᠳᠡᠭᠦ ᠠᠵᠢᠯ ᠮᠡᠷᠭᠡᠵᠢᠯ ᠢ ᠡᠷᠬᠢᠯᠡᠵᠦ ᠪᠤᠯᠬᠤ ᠦᠭᠡᠢ᠃    ᠵᠢᠷᠠᠳᠤᠭᠠᠷ ᠵᠦᠢᠯ ᠬᠢᠨᠠᠨ ᠪᠠᠶᠢᠴᠠᠭᠠᠬᠤ ᠪᠠᠶᠢᠭᠤᠯᠭ᠎ᠠ ᠵᠢᠴᠢ ᠲᠡᠭᠦᠨ ᠤ ᠠᠵᠢᠯᠳᠠᠨ ᠳᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠪᠠᠶᠢᠴᠠᠭᠠᠭᠳᠠᠭᠴᠢ ᠵᠢᠴᠢ ᠲᠡᠭᠦᠨ ᠤ ᠦᠢᠷ᠎ᠠ ᠲᠦᠷᠦᠯ ᠰᠠᠳᠤᠨ ᠨᠢ ᠲᠤᠰ ᠪᠠᠶᠢᠭᠤᠯᠭ᠎ᠠ ᠳᠤ ᠭᠤᠮᠤᠳᠠᠯ ᠲᠤᠭᠠᠴᠢᠬᠤ ᠡᠷᠭᠡ ᠲᠠᠢ᠄    ︵ᠨᠢᠭᠡ︶ ᠬᠠᠤᠯᠢ ᠳᠤ ᠲᠤᠭᠳᠠᠭᠠᠭᠰᠠᠨ ᠬᠤᠴᠤᠷᠭᠠᠨ ᠠᠪᠬᠤ ᠬᠤᠭᠤᠴᠠᠭ᠎ᠠ ᠨᠢ ᠳᠦᠭᠦᠷᠦᠭᠰᠡᠨ ᠪᠠᠶᠢᠳᠠᠯ᠎ᠠ ᠬᠦᠴᠦᠨ ᠦᠭᠡᠢ ᠪᠤᠯᠭᠠᠭᠰᠠᠨ ᠦᠭᠡᠢ︔    ︵ᠬᠤᠶᠠᠷ︶ ᠭᠡᠷᠡᠭ ᠯᠦᠭᠡ ᠬᠤᠯᠪᠤᠭᠳᠠᠯ ᠦᠭᠡᠢ ᠵᠤᠭᠤᠰ ᠮᠦᠡᠭᠭᠦ ᠡᠳ᠋ ᠪᠤᠳᠡᠰ ᠢ ᠪᠠᠶᠢᠴᠠᠭᠠᠨ ᠪᠢᠳᠡᠬᠦᠮᠵᠢᠯᠡᠭᠰᠡᠨ ᠂ ᠲᠠᠷᠤᠵᠤ ᠠᠪᠤᠭᠰᠠᠨ᠂ ᠴᠡᠪᠳᠡᠭᠰᠢᠬᠦᠯᠦᠭᠰᠡᠨ︔    ︵ᠭᠤᠷᠪᠠ︶ ᠪᠠᠶᠢᠴᠠᠭᠠᠨ ᠪᠢᠳᠡᠬᠦᠮᠵᠢᠯᠡᠭᠦ᠂ ᠲᠠᠷᠤᠵᠤ ᠠᠪᠬᠤ᠂ ᠴᠡᠪᠳᠡᠭᠰᠢᠬᠦᠯᠭᠦ ᠠᠷᠭ᠎ᠠ ᠬᠡᠮᠵᠢᠶ᠎ᠠ ᠶᠢ ᠬᠦᠴᠤᠨ ᠦᠭᠡᠢ ᠪᠤᠯᠭᠠᠬᠤ ᠶᠤᠰᠤᠳᠠᠢ ᠪᠠᠶᠢᠳᠠᠯ᠎ᠠ ᠬᠦᠴᠤᠨ ᠦᠭᠡᠢ ᠪᠤᠯᠭᠠᠬᠰᠠᠨ ᠦᠭᠡᠢ︔    ︵ᠳᠦᠷᠪᠡ︶ ᠪᠠᠶᠢᠴᠠᠭᠠᠨ ᠪᠢᠳᠡᠬᠦᠮᠵᠢᠯᠡᠭᠰᠡᠨ᠂ ᠲᠠᠷᠤᠵᠤ ᠠᠪᠤᠬᠰᠠᠨ᠂ ᠴᠡᠪᠳᠡᠭᠰᠢᠬᠦᠯᠦᠭᠰᠡᠨ ᠵᠤᠭᠤᠰ ᠮᠦᠡᠭᠬᠦ ᠡᠳ᠋ ᠪᠤᠳᠠᠰ ᠢ ᠱᠠᠮᠰᠢᠭᠰᠠᠨ᠂ ᠨᠡᠬᠦᠯᠭᠡᠨ ᠭᠡᠷᠡᠭᠯᠡᠭᠰᠡᠨ᠂ ᠲᠠᠯᠳᠠᠭᠤᠷ ᠬᠤᠪᠢᠶᠠᠯᠴᠠᠭᠰᠠᠨ᠂ ᠰᠤᠯᠢᠭᠰᠠᠨ ᠵᠢᠴᠢ ᠲᠤᠭᠳᠠᠭᠠᠯ ᠢ ᠵᠦᠷᠢᠴᠡᠵᠤ ᠭᠡᠷᠡᠭᠯᠡᠭᠰᠡᠨ︔    ︵ᠲᠠᠪᠤ︶ ᠬᠠᠤᠯᠢ ᠴᠠᠭᠠᠵᠠ ᠬᠠᠤᠯᠢ ᠲᠤᠭᠳᠠᠭᠠᠯ ᠢ ᠵᠦᠷᠢᠴᠡᠵᠦ᠂ ᠪᠠᠶᠢᠴᠠᠭᠠᠭᠳᠠᠭᠴᠢ ᠶᠢᠨ ᠬᠠᠤᠯᠢ ᠶᠤᠰᠤᠨ ᠤ ᠡᠷᠭᠡ ᠠᠰᠢᠭ ᠲᠤ ᠬᠠᠯᠳᠠᠭᠰᠠᠨ ᠪᠤᠰᠤᠳ ᠦᠢᠯᠡ ᠠᠵᠢᠯᠯᠠᠭ᠎ᠠ᠃ ᠭᠤᠮᠤᠳᠠᠯ ᠲᠤᠭᠠᠴᠢᠯᠳᠠ ᠶᠢ ᠰᠢᠢᠳᠪᠤᠷᠢᠯᠡᠭᠦ ᠪᠠᠷ ᠬᠦᠯᠢᠶᠡᠨ ᠠᠪᠤᠭᠰᠠᠨ ᠬᠢᠨᠠᠨ ᠪᠠᠶᠢᠴᠠᠭᠠᠬᠤ ᠪᠠᠶᠢᠭᠤᠯᠭ᠎ᠠ ᠭᠤᠮᠤᠳᠠᠯ ᠳᠤᠭᠠᠴᠢᠯᠳᠠ ᠶᠢ ᠬᠦᠯᠢᠶᠡᠨ ᠠᠪᠤᠭᠰᠠᠨ ᠡᠳᠦᠷ ᠠᠴᠠ ᠡᠬᠢᠯᠡᠨ ᠨᠢᠬᠡ ᠰᠠᠷ᠎ᠠ ᠶᠢᠨ ᠳᠤᠳᠤᠷ᠎ᠠ ᠰᠢᠢᠳᠪᠤᠷᠢᠯᠡᠭᠦ ᠳᠤᠭᠳᠠᠭᠠᠯ ᠭᠠᠷᠭᠠᠬᠤ ᠭᠡᠷᠡᠭᠲᠡᠢ᠃ ᠭᠤᠮᠤᠳᠠᠯ ᠲᠤᠭᠠᠴᠢᠬᠴᠢ ᠰᠢᠢᠳᠪᠤᠷᠢᠯᠡᠬᠦ ᠳᠤᠭᠳᠠᠭᠠᠯ ᠢ ᠵᠦᠪᠰᠢᠶᠡᠷᠡᠭᠦ ᠦᠭᠡᠢ ᠪᠤᠯ᠂ ᠰᠢᠢᠳᠪᠦᠷᠢᠯᠡᠬᠦ ᠳᠤᠭᠳᠠᠭᠠᠯ ᠢ ᠤᠯᠤᠭᠰᠠᠨ ᠡᠳᠦᠷ ᠠᠴᠠ ᠡᠬᠢᠯᠡᠨ ᠨᠢᠬᠡ ᠰᠠᠷ᠎ᠠ ᠶᠢᠨ ᠳᠤᠳᠤᠷ᠎ᠠ ᠳᠡᠭᠡᠷ᠎ᠠ ᠨᠢᠭᠡ ᠱᠠᠳᠤᠨ ᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠳᠠᠬᠢᠨ ᠪᠠᠶᠢᠴᠠᠭᠠᠯᠭᠠᠬᠤ ᠪᠠᠷ ᠭᠤᠶᠤᠴᠢᠯᠠᠵᠦ ᠪᠤᠯᠤᠨ᠎ᠠ᠂ ᠳᠡᠭᠡᠷ᠎ᠠ ᠨᠢᠭᠡ ᠱᠠᠳᠤᠨ ᠤ ᠬᠢᠨᠠᠨ ᠪᠠᠶᠢᠴᠠᠭᠠᠬᠤ ᠪᠠᠶᠢᠭᠤᠯᠭ᠎ᠠ ᠨᠢ ᠳᠠᠬᠢᠨ ᠪᠠᠶᠢᠴᠠᠭᠠᠯᠭᠠᠬᠤ ᠭᠤᠶᠤᠴᠢᠯᠠᠯ ᠢ ᠤᠯᠤᠭᠰᠠᠨ ᠡᠳᠦᠷ ᠠᠴᠠ ᠡᠬᠢᠯᠡᠨ ᠬᠤᠶᠠᠷ ᠰᠠᠷ᠎ᠠ ᠶᠢᠨ ᠳᠤᠳᠤᠷ᠎ᠠ ᠰᠢᠢᠳᠪᠤᠷᠢᠯᠡᠭᠦ ᠳᠤᠭᠳᠠᠭᠠᠯ ᠭᠠᠷᠭᠠᠬᠤ ᠬᠡᠷᠡᠭᠳᠠᠢ᠂ ᠪᠠᠶᠢᠳᠠᠯ ᠨᠢ ᠦᠨᠡᠨ ᠪᠤᠳᠠᠳᠠᠢ ᠪᠠᠶᠢᠪᠠᠯ᠂ ᠴᠠᠭ ᠳᠤᠬᠠᠢ ᠳᠤᠨᠢ ᠵᠠᠯᠠᠷᠠᠭᠤᠯᠬᠤ ᠬᠡᠷᠡᠭᠳᠠᠢ᠃    ᠵᠢᠷᠨᠨ ᠨᠢᠭᠡᠳᠦᠭᠡᠷ ᠵᠦᠢᠯ ᠪᠠᠶᠢᠴᠠᠭᠠᠬᠤ ᠠᠵᠢᠯ ᠳᠠᠭᠤᠰᠤᠭᠰᠠᠨ ᠤ ᠳᠠᠷᠠᠭ᠎ᠠ ᠭᠡᠷᠡᠭ ᠪᠤᠯᠭᠠᠨ ᠳᠠᠩᠰᠠᠯᠠᠭᠰᠠᠨ ᠦᠨᠳᠦᠰᠦᠯᠡᠯ ᠨᠢ ᠬᠦᠢᠴᠡᠳ ᠪᠤᠰᠤ ᠪᠤᠶᠤ ᠪᠤᠳᠠᠳᠤ ᠪᠠᠶᠢᠳᠠᠯ ᠠᠴᠠ ᠭᠠᠵᠢᠭᠰᠠᠨ᠂ ᠭᠡᠷᠡᠭ ᠰᠢᠢᠳᠪᠤᠷᠢᠯᠡᠭᠦ ᠳᠤ ᠬᠦᠨᠳᠦ ᠶᠡᠭᠡ ᠠᠯᠳᠠᠰᠢ ᠭᠠᠷᠭᠠᠭᠰᠠᠨ᠂ ᠬᠢᠨᠠᠨ ᠪᠠᠶᠢᠴᠠᠭᠠᠬᠤ ᠠᠵᠢᠯᠳᠠᠨ ᠬᠠᠤᠯᠢ ᠴᠠᠭᠠᠵᠠ ᠶᠢ ᠬᠦᠨᠳᠦ ᠨᠤᠴᠢᠲᠠᠢ ᠵᠦᠷᠢᠴᠡᠭᠰᠡᠨ ᠢ ᠤᠯᠵᠦ ᠮᠡᠳᠡᠭᠰᠡᠨ ᠪᠠᠶᠢᠪᠠᠯ᠂ ᠬᠠᠷᠢᠭᠤᠴᠠᠯᠭ᠎ᠠ ᠪᠦᠬᠦᠢ ᠤᠳᠤᠷᠢᠳᠬᠤ ᠬᠦᠮᠦᠨ ᠪᠠ ᠰᠢᠭᠤᠳ ᠬᠠᠷᠢᠭᠤᠴᠠᠯᠭ᠎ᠠ ᠲᠠᠢ ᠬᠦᠮᠦᠨ ᠤ ᠬᠠᠷᠢᠭᠤᠴᠠᠯᠭ᠎ᠠ ᠶᠢ ᠨᠡᠭᠡᠮᠵᠢᠯᠠᠬᠦ ᠬᠡᠷᠡᠭᠳᠠᠢ᠃    ᠨᠠᠶᠢᠮᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ    ᠵᠢᠷᠨᠨ ᠬᠤᠶᠠᠳᠤᠭᠠᠷ ᠵᠦᠢᠯ ᠬᠤᠯᠪᠤᠭᠳᠠᠯ ᠪᠦᠬᠦᠢ ᠨᠢᠭᠡᠴᠡ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠭᠠᠷᠭᠠᠭᠰᠠᠨ ᠰᠢᠢᠳᠪᠤᠷᠢᠯᠡᠭᠦ ᠲᠤᠭᠳᠠᠭᠠᠯ ᠢ ᠬᠦᠢᠴᠡᠳᠭᠡᠭᠦ ᠶᠢ ᠲᠡᠪᠴᠢᠭᠰᠡᠨ᠂ ᠡᠰᠡᠭᠦᠯ᠎ᠠ ᠵᠦᠢ ᠶᠤᠰᠦᠠ ᠤ ᠰᠢᠯᠳᠡᠭᠠᠠ ᠤᠶᠢᠭᠡᠢ ᠪᠠᠷ ᠬᠢᠨᠠᠨ ᠪᠠᠶᠢᠴᠠᠭᠠᠬᠰᠠᠨ ᠰᠠᠨᠠᠭᠤᠯᠭ᠎ᠠ ᠶᠢ ᠬᠦᠯᠢᠶᠡᠨ ᠠᠪᠬᠤ ᠶᠢ ᠲᠡᠪᠴᠢᠭᠰᠡᠨ ᠪᠠᠶᠢᠪᠠᠯ᠂ ᠲᠡᠭᠦᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠂ ᠳᠡᠭᠡᠳᠤ ᠱᠠᠳᠤᠨ ᠤ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠵᠦ᠂ ᠨᠢᠭᠡᠴᠢ ᠶᠢ ᠵᠠᠷᠯᠠᠨ ᠰᠢᠭᠦᠮᠵᠢᠯᠡᠨ᠎ᠠ︔ ᠬᠠᠷᠢᠭᠤᠴᠠᠯᠭ᠎ᠠ ᠪᠦᠬᠦᠢ ᠤᠳᠤᠷᠢᠳᠬᠤ ᠬᠦᠮᠦᠨ ᠪᠠ ᠰᠢᠭᠤᠳ ᠬᠠᠷᠢᠭᠤᠴᠠᠯᠭ᠎ᠠ ᠲᠠᠢ ᠬᠦᠮᠦᠨ ᠢ ᠬᠠᠤᠯᠢ ᠶᠤᠰᠤᠭᠠᠷ ᠰᠢᠢᠳᠪᠤᠷᠢᠯᠡᠨ᠎ᠠ᠃    ᠵᠢᠷᠨᠨ ᠭᠤᠷᠪᠠᠳᠤᠭᠠᠷ ᠵᠦᠢᠯ ᠬᠤᠯᠪᠤᠭᠳᠠᠯ ᠪᠦᠬᠦᠢ ᠠᠵᠢᠯᠳᠠᠨ ᠲᠤᠰ ᠬᠠᠤᠯᠢ ᠶᠢᠨ ᠲᠤᠭᠳᠠᠭᠠᠯ ᠢ ᠵᠦᠷᠢᠴᠡᠵᠦ᠂ ᠳᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠲᠡᠭᠦᠨ ᠤ ᠪᠠᠶᠢᠭ᠎ᠠ ᠨᠢᠭᠡᠴᠡ᠂ ᠡᠷᠭᠢᠯᠡᠨ ᠬᠠᠮᠢᠶᠠᠷᠬᠤ ᠰᠠᠯᠠᠭ᠎ᠠ ᠮᠦᠴᠢᠷ᠂ ᠳᠡᠭᠡᠳᠤ ᠱᠠᠳᠤᠨ ᠤ ᠪᠠᠶᠢᠭᠤᠯᠭ᠎ᠠ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠵᠠᠷᠯᠢᠬᠳᠠᠨ ᠵᠠᠯᠠᠷᠠᠭᠤᠯᠤᠭᠤᠯᠵᠦ᠂ ᠬᠠᠤᠯᠢ ᠶᠤᠰᠤᠭᠠᠷ ᠰᠢᠢᠳᠪᠤᠷᠢᠯᠡᠨ᠎ᠠ᠄    ︵ᠨᠢᠭᠡ︶ ᠬᠤᠯᠪᠤᠭᠳᠠᠯ ᠪᠦᠬᠦᠢ ᠮᠡᠲ᠋ᠧᠷᠢᠶᠠᠯ ᠢ ᠱᠠᠭᠠᠷᠳᠠᠯᠭ᠎ᠠ ᠶᠤᠰᠤᠭᠠᠷ ᠬᠠᠨᠭ᠍ᠭᠠᠬᠤ ᠦᠭᠡᠢ ᠪᠠᠶᠢᠵᠦ᠂ ᠪᠠᠶᠢᠴᠠᠭᠠᠯᠳᠠ ᠶᠢᠨ ᠠᠷᠭ᠎ᠠ ᠬᠡᠮᠵᠢᠶ᠎ᠠ ᠶᠢ ᠭᠡᠷᠡᠭᠵᠢᠭᠦᠯᠭᠦ ᠶᠢ ᠲᠡᠪᠴᠢᠬᠦ᠂ ᠬᠠᠷᠰᠢᠯᠠᠬᠤ ᠵᠡᠷᠭᠡ ᠪᠠᠷ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠪᠠᠶᠢᠴᠠᠭᠠᠯᠳᠠ ᠳᠤ ᠬᠠᠮᠵᠢᠬᠤ ᠶᠢ ᠲᠡᠪᠴᠢᠭᠰᠡᠨ︔    ︵ᠬᠤᠶᠠᠷ︶ ᠬᠤᠳᠠᠯ ᠬᠠᠭᠤᠷᠮᠠᠭ ᠪᠠᠶᠢᠳᠠᠯ ᠬᠠᠨᠭ᠍ᠭᠠᠵᠦ᠂ ᠪᠤᠳᠠᠳᠤ ᠭᠡᠷᠡᠭ ᠤᠨ ᠦᠨᠡᠨ ᠪᠠᠶᠢᠳᠡᠯ ᠢ ᠳᠠᠷᠤᠭᠰᠠᠨ︔    ︵ᠭᠤᠷᠪᠠ︶ ᠦᠴᠢᠭ ᠨᠡᠪᠳᠡᠷᠡᠯᠴᠡᠭᠰᠡᠨ ᠪᠤᠶᠤ ᠭᠡᠷᠡᠴᠢ ᠪᠠᠷᠢᠮᠳᠠ ᠶᠢ ᠬᠠᠭᠤᠷᠮᠠᠬ ᠢᠶᠠᠷ ᠵᠤᠬᠢᠶᠡᠵᠦ᠂ ᠨᠢᠭᠤᠠ ᠲᠡᠯᠳᠡᠯᠡᠵᠦ᠂ ᠤᠰᠡᠦᠡᠬᠠᠠ ᠰᠦᠢᠦᠡᠭᠡᠭᠰᠡᠨ︔    ︵ᠳᠦᠷᠪᠡ︶ ᠪᠤᠰᠤᠳ ᠤᠨ ᠢᠯᠡᠴᠢᠯᠡᠨ ᠵᠠᠭᠠᠯᠳᠤᠬᠤ᠂ ᠭᠡᠷᠡᠴᠢ ᠪᠠᠷᠢᠮᠳᠠ ᠬᠠᠨᠭ᠍ᠭᠠᠬᠤ ᠶᠢ ᠬᠤᠷᠢᠭᠯᠠᠭᠰᠠᠨ    ︵ᠲᠠᠪᠤ︶ ᠲᠤᠰ ᠬᠠᠤᠯᠢ ᠶᠢᠨ ᠲᠤᠭᠳᠠᠭᠠᠯ ᠢ ᠵᠦᠷᠢᠴᠡᠭᠰᠡᠨ ᠪᠤᠰᠤᠳ ᠦᠢᠯᠡ ᠠᠵᠢᠯᠯᠠᠭ᠎ᠠ ᠲᠠᠢ ᠪᠠᠶᠢᠵᠤ᠂ ᠦᠢᠯᠡ ᠪᠠᠶᠢᠳᠠᠯ ᠨᠢ ᠬᠦᠨᠳᠦ ᠨᠤᠴᠢᠲᠠᠢ ᠪᠠᠶᠢᠬᠤ᠃    ᠵᠢᠷᠨᠨ ᠳᠦᠷᠪᠡᠳᠦᠭᠡᠷ ᠵᠦᠢᠯ ᠬᠢᠨᠠᠨ ᠪᠠᠶᠢᠴᠠᠭᠠᠭᠳᠠᠬᠤ ᠡᠳᠡᠭᠡᠳ ᠨᠢ ᠢᠯᠠᠴᠢᠯᠡᠨ ᠵᠠᠭᠠᠯᠳᠤᠭᠴᠢ᠂ ᠢᠯᠡᠴᠢᠯᠡᠭᠴᠢ᠂ ᠭᠡᠷᠡᠴᠢᠯᠡᠭᠴᠢ ᠪᠤᠶᠤ ᠬᠢᠨᠠᠨ ᠪᠠᠶᠢᠴᠠᠭᠠᠬᠤ ᠠᠵᠢᠯᠳᠠᠨ ᠠᠴᠠ ᠬᠠᠷᠢᠭᠤ ᠠᠪᠴᠦ ᠬᠤᠤᠷᠯᠠᠭᠰᠠᠨ︔ ᠢᠯᠡᠴᠢᠯᠡᠨ ᠵᠠᠭᠠᠯᠳᠤᠭᠴᠢ᠂ ᠢᠯᠡᠴᠢᠯᠡᠭᠴᠢ᠂ ᠭᠡᠷᠡᠴᠢᠯᠡᠭᠴᠢ ᠬᠤᠳᠠᠯ ᠢᠶᠠᠷ ᠪᠤᠳᠠᠳᠤ ᠶᠠᠪᠤᠳᠠᠯ ᠵᠣᠬᠢᠶᠠᠵᠤ ᠬᠢᠨᠠᠨ ᠪᠠᠶᠢᠴᠠᠭᠠᠭᠳᠠᠬᠤ ᠡᠳᠡᠭᠡᠳ ᠢ ᠬᠦᠳᠬᠡᠨ ᠭᠦᠵᠢᠷᠯᠡᠭᠰᠡᠨ ᠪᠠᠶᠢᠪᠠᠯ᠂ ᠬᠠᠤᠯᠢ ᠶᠤᠰᠤᠭᠠᠷ ᠰᠢᠢᠳᠪᠤᠷᠢᠯᠡᠨ᠎ᠠ᠃    ᠵᠢᠷᠨᠨ ᠲᠠᠪᠤᠳᠤᠭᠠᠷ ᠵᠦᠢᠯ ᠬᠢᠨᠠᠨ ᠪᠠᠶᠢᠴᠠᠭᠠᠬᠤ ᠪᠠᠶᠢᠭᠤᠯᠭ᠎ᠠ ᠵᠢᠴᠢ ᠲᠡᠭᠦᠨ ᠤ ᠠᠵᠢᠯᠳᠠᠨ ᠳᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠬᠠᠷᠢᠭᠤᠴᠠᠯᠭ᠎ᠠ ᠪᠦᠬᠦᠢ ᠤᠳᠤᠷᠢᠳᠬᠤ ᠬᠦᠮᠦᠨ ᠪᠠ ᠰᠢᠭᠤᠳ ᠬᠠᠷᠢᠭᠤᠴᠠᠯᠭ᠎ᠠ ᠲᠠᠢ ᠬᠦᠮᠦᠨ ᠢ ᠬᠠᠤᠯᠢ ᠶᠤᠰᠤᠭᠠᠷ ᠰᠢᠢᠳᠪᠤᠷᠢᠯᠡᠨ᠎ᠠ᠄    ︵ᠨᠢᠭᠡ︶ ᠵᠦᠪᠰᠢᠶᠡᠷᠡᠭᠦᠯᠦᠭᠰᠡᠨ ᠦᠭᠡᠢ ᠪᠠᠷ᠂ ᠡᠷᠭᠡ ᠤᠯᠭᠤᠯᠳᠠ ᠶᠢ ᠳᠠᠮᠵᠢᠭᠰᠠᠨ ᠦᠭᠡᠢ ᠪᠠᠷ ᠠᠰᠠᠭᠤᠳᠠᠯ ᠤᠨ ᠰᠦᠪᠡᠭᠴᠢ ᠶᠢ ᠰᠢᠢᠳᠪᠤᠷᠢᠯᠡᠭᠰᠡᠨ᠂ ᠬᠦᠨᠳᠦ ᠶᠡᠭᠡ ᠭᠡᠷᠡᠭ ᠤᠨ ᠪᠠᠶᠢᠳᠠᠯ ᠢ ᠤᠯᠵᠦ ᠮᠡᠳᠡᠭᠰᠡᠨ ᠪᠠᠶᠢᠳᠠᠯ᠎ᠠ ᠪᠠᠨ ᠨᠢᠭᠤᠨ ᠳᠠᠷᠤᠵᠦ ᠦᠯᠦ ᠮᠡᠳᠡᠭᠦᠯᠦᠭᠰᠡᠨ᠂ ᠡᠰᠡᠭᠦᠯ᠎ᠠ ᠭᠡᠷᠡᠭ ᠲᠤ ᠬᠤᠯᠪᠤᠭᠳᠠᠬᠰᠠᠨ ᠮᠡᠲ᠋ᠧᠷᠢᠶᠠᠯ ᠢ ᠬᠤᠪᠢᠨ ᠳᠠᠭᠠᠨ ᠦᠯᠡᠳᠡᠭᠡᠨ ᠬᠠᠳᠠᠭᠠᠯᠠᠵᠦ᠂ ᠰᠢᠢᠳᠪᠤᠷᠢᠯᠡᠭᠰᠡᠨ︔    ︵ᠬᠤᠶᠠᠷ︶ ᠡᠷᠭᠡ ᠲᠤᠰᠢᠶᠠᠯ ᠪᠤᠶᠤ ᠲᠤᠰᠢᠶᠠᠯ ᠤᠨ ᠢᠶᠠᠨ ᠨᠦᠯᠦᠭᠡ ᠶᠢ ᠠᠰᠢᠭᠯᠠᠨ ᠪᠠᠶᠢᠴᠠᠭᠠᠯᠳᠠ ᠶᠢᠨ ᠠᠵᠢᠯ ᠳᠤ ᠭᠠᠷ ᠲᠦᠷᠦᠭᠰᠡᠨ᠂ ᠭᠡᠷᠡᠭ ᠢ ᠠᠰᠢᠭᠯᠠᠨ ᠬᠤᠪᠢ ᠪᠠᠨ ᠪᠤᠳᠤᠭᠰᠠᠨ︔    ︵ᠭᠤᠷᠪᠠ︶ ᠬᠠᠤᠯᠢ ᠶᠢ ᠵᠦᠷᠢᠴᠡᠵᠦ ᠪᠠᠶᠢᠴᠠᠭᠠᠯᠳᠠ ᠶᠢᠨ ᠠᠵᠢᠯ ᠤᠨ ᠮᠡᠳᠡᠭᠡ ᠵᠠᠩᠭᠢ ᠶᠢ ᠬᠤᠯᠠᠭᠠᠶᠢᠢᠯᠠᠨ ᠠᠪᠤᠭᠰᠠᠨ᠂ ᠵᠠᠳᠠᠷᠠᠭᠤᠯᠤᠭᠰᠠᠨ᠂ ᠡᠰᠡᠭᠦᠯ᠎ᠠ ᠢᠯᠡᠴᠢᠯᠨᠨ ᠮᠡᠳᠡᠭᠦᠯᠦᠭᠰᠡᠨ ᠭᠡᠷᠡᠭ ᠤᠴᠢᠷ᠂ ᠢᠯᠡᠴᠢᠯᠡᠭᠰᠡᠨ ᠮᠡᠳᠡᠭᠦᠯᠤᠯᠳᠡ ᠶᠢ ᠬᠦᠯᠢᠶᠡᠨ ᠠᠪᠴᠦ ᠰᠢᠢᠳᠪᠤᠷᠢᠯᠡᠭᠰᠡᠨ ᠪᠠᠶᠢᠳᠠᠯ ᠵᠢᠴᠢ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ ᠶᠢ ᠵᠠᠳᠠᠷᠠᠭᠤᠯᠤᠭᠰᠠᠨ︔    ︵ᠳᠦᠷᠪᠡ︶ ᠪᠠᠶᠢᠴᠠᠭᠠᠭᠳᠠᠭᠴᠢ ᠪᠤᠶᠤ ᠬᠡᠷᠡᠭ ᠲᠤ ᠬᠤᠯᠪᠤᠭᠳᠠᠭᠰᠠᠨ ᠬᠦᠮᠦᠨ ᠢ ᠠᠯᠪᠠᠳᠠᠨ ᠦᠴᠢᠭᠯᠡᠭᠦᠯᠦᠭᠰᠡᠨ ᠂ ᠦᠳᠦᠭᠡᠨ ᠦᠴᠢᠭᠯᠡᠭᠦᠯᠦᠭᠰᠡᠨ᠂ ᠡᠰᠡᠭᠦᠯ᠎ᠠ ᠭᠤᠳᠤᠭᠠᠨ ᠳᠤᠷᠤᠮᠵᠢᠯᠠᠬᠰᠠᠨ᠂ ᠴᠤᠬᠢᠵᠦ ᠬᠠᠷᠢᠶᠠᠬᠰᠠᠨ᠂ ᠬᠠᠯᠠ ᠦᠵᠡᠭᠦᠯᠦᠭᠰᠡᠨ᠂ ᠬᠠᠷᠠᠳᠠᠨ ᠳᠠᠮᠤᠯᠠᠬᠰᠠᠨ ᠪᠤᠶᠤ ᠬᠡᠯᠪᠡᠷᠢ ᠶᠢ ᠨᠢ ᠦᠭᠡᠷᠡᠳᠦᠭᠦᠯᠦᠨ ᠬᠠᠷᠠᠳᠠᠨ ᠲᠠᠮᠤᠯᠠᠭᠰᠠᠨ︔    ︵ᠲᠠᠪᠤ︶ ᠪᠠᠶᠢᠴᠠᠭᠠᠨ ᠪᠢᠳᠡᠬᠦᠮᠵᠢᠯᠡᠭᠰᠡᠨ᠂ ᠲᠠᠷᠤᠵᠤ ᠠᠪᠤᠭᠰᠠᠠ᠂ ᠴᠡᠪᠳᠡᠭᠰᠢᠬᠦᠯᠦᠭᠰᠡᠨ ᠵᠤᠭᠤᠰ ᠮᠦᠡᠭᠭᠦ ᠡᠳ᠋ ᠪᠤᠳᠡᠰ ᠤᠨ ᠲᠤᠭᠳᠠᠭᠠᠯ ᠢ ᠵᠦᠷᠢᠴᠡᠵᠦ ᠰᠢᠢᠳᠪᠤᠷᠢᠯᠡᠭᠰᠡᠨ︔    ︵ᠵᠢᠷᠭᠤᠭ᠎ᠠ︶ ᠲᠤᠭᠳᠠᠭᠠᠯ ᠢ ᠵᠦᠷᠢᠴᠡᠭᠰᠡᠨ ᠠᠴᠠ ᠭᠡᠷᠡᠭ ᠰᠢᠢᠳᠪᠤᠷᠢᠯᠡᠭᠦ ᠠᠮᠤᠷ ᠲᠦᠪᠰᠢᠨ ᠤ ᠠᠳᠡᠯ ᠭᠠᠷᠭᠠᠭᠰᠠᠨ᠂ ᠡᠰᠡᠭᠦᠯ᠎ᠠ ᠠᠮᠤᠷ ᠲᠦᠪᠰᠢᠨ ᠤ ᠠᠳᠡᠯ ᠭᠠᠷᠤᠭᠰᠠᠨ ᠤ ᠳᠠᠷᠠᠭ᠎ᠠ ᠨᠢᠭᠤᠨ ᠳᠠᠷᠤᠵᠤ ᠦᠯᠦ ᠮᠡᠳᠡᠭᠦᠯᠦᠭᠰᠡᠨ᠂ ᠮᠡᠳᠡᠭᠦᠯᠦᠯᠳᠡ ᠨᠢ ᠪᠤᠳᠠᠳᠤ ᠪᠠᠶᠢᠳᠠᠯ ᠳᠤ ᠦᠯᠦ ᠨᠡᠶᠢᠴᠡᠭᠰᠡᠨ᠂ ᠵᠤᠬᠢᠰ ᠦᠭᠡᠢ ᠰᠢᠢᠳᠪᠤᠷᠢᠯᠡᠭᠰᠡᠨ︔    ︵ᠳᠤᠯᠤᠭ᠎ᠠ︶ ᠲᠤᠭᠳᠠᠭᠠᠯ ᠢ ᠵᠦᠷᠢᠴᠡᠵᠦ ᠬᠤᠴᠤᠷᠭᠠᠨ ᠠᠪᠬᠤ ᠠᠷᠭ᠎ᠠ ᠬᠡᠮᠵᠢᠶ᠎ᠠ ᠠᠪᠤᠭᠰᠠᠨ︔    ︵ᠨᠠᠶᠢᠮᠠ︶ ᠲᠤᠭᠳᠠᠭᠠᠯ ᠢ ᠵᠦᠷᠢᠴᠡᠵᠦ ᠪᠤᠰᠤᠳ ᠤᠨ ᠬᠢᠯᠢ ᠪᠠᠷ ᠭᠠᠷᠬᠤ ᠶᠢ ᠬᠢᠵᠠᠭᠠᠷᠯᠠᠭᠰᠠᠨ᠂ ᠡᠰᠡᠭᠦᠯ᠎ᠠ ᠲᠤᠭᠳᠠᠭᠠᠯ ᠶᠤᠰᠤᠭᠠᠷ ᠬᠢᠯᠢ ᠪᠠᠷ ᠭᠠᠷᠬᠤ ᠬᠢᠵᠠᠭᠠᠷᠯᠠᠯ ᠢ ᠬᠦᠴᠦᠨ ᠦᠭᠡᠢ ᠪᠤᠯᠭᠠᠭᠰᠠᠨ ᠦᠭᠡᠢ︔    ︵ᠶᠢᠰᠦ︶ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ᠂ ᠬᠤᠪᠢ ᠶᠢᠨ ᠨᠠᠶᠢᠷ ᠬᠠᠷᠠᠵᠦ ᠬᠠᠤᠯᠢ ᠶᠣᠰᠣ ᠶᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃    ᠵᠢᠷᠨᠨ ᠵᠢᠷᠭᠤᠳᠤᠭᠠᠷ ᠵᠦᠢᠯ ᠲᠤᠰ ᠬᠠᠤᠯᠢ ᠶᠢᠨ ᠲᠤᠭᠳᠠᠭᠠᠯ ᠢ ᠵᠦᠷᠢᠴᠡᠵᠦ᠂ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠠ᠃    ᠵᠢᠷᠨᠨ ᠳᠤᠯᠤᠳᠤᠭᠠᠷ ᠵᠦᠢᠯ ᠬᠢᠨᠠᠨ ᠪᠠᠶᠢᠴᠠᠭᠠᠬᠤ ᠪᠠᠶᠢᠭᠤᠯᠭ᠎ᠠ ᠵᠢᠴᠢ ᠲᠡᠭᠦᠨ ᠤ ᠠᠵᠢᠯᠳᠠᠨ ᠡᠷᠭᠡ ᠲᠤᠰᠢᠶᠠᠯ ᠢᠶᠠᠨ ᠭᠡᠷᠡᠭᠵᠢᠭᠦᠯᠭᠦ ᠳᠡᠭᠡᠨ ᠠᠷᠠᠳ ᠢᠷᠭᠡᠨ᠂ ᠬᠠᠤᠯᠢ ᠶᠢᠨ ᠬᠦᠮᠦᠨ ᠪᠤᠶᠤ ᠪᠤᠰᠤᠳ ᠵᠤᠬᠢᠶᠠᠨ ᠪᠠᠶᠢᠭᠤᠯᠤᠯᠳᠠ ᠶᠢᠨ ᠬᠠᠤᠯᠢ ᠶᠤᠰᠤᠨ ᠤ ᠡᠷᠭᠡ ᠠᠰᠢᠭ ᠲᠤ ᠬᠠᠯᠳᠠᠵᠦ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠤᠰᠤᠭᠠᠷ ᠤᠯᠤᠰ ᠤᠨ ᠲᠦᠯᠦᠪᠤᠷᠢ ᠦᠭᠭᠦᠨ᠎ᠠ᠃    ᠶᠢᠰᠦᠳᠦᠭᠡᠷ ᠪᠦᠯᠦᠭ ᠳᠠᠭᠠᠯᠳᠤᠭᠤᠯᠤᠭᠰᠠᠨ ᠳᠦᠷᠢᠮ    ᠵᠢᠷᠨᠨ ᠨᠠᠶᠢᠮᠠᠳᠤᠭᠠᠷ ᠵᠦᠢᠯ ᠳᠤᠮᠳᠠᠳᠤ ᠤᠯᠤᠰ ᠤᠨ ᠠᠷᠠᠳ ᠤᠨ ᠴᠢᠯᠦᠭᠡᠯᠡᠭᠦ ᠴᠡᠷᠢᠭ ᠪᠠ ᠳᠤᠮᠳᠠᠳᠤ ᠤᠯᠤᠰ ᠤᠨ ᠵᠡᠪᠰᠡᠭᠳᠦ ᠴᠠᠭᠳᠠᠭ᠎ᠠ ᠶᠢᠨ ᠴᠡᠷᠢᠭ ᠠᠩᠬᠢ ᠬᠢᠨᠠᠨ ᠪᠠᠶᠢᠴᠠᠭᠠᠬᠤ ᠠᠵᠢᠯ ᠦᠷᠨᠢᠭᠦᠯᠭᠦ ᠳᠤ᠂ ᠲᠦᠪ ᠤᠨ ᠴᠡᠷᠢᠭ ᠤᠨ ᠶᠡᠪᠦᠳᠡᠯ ᠤᠨ ᠬᠤᠷᠢᠶ᠎ᠠ ᠠᠴᠠ ᠲᠤᠰ ᠬᠠᠤᠯᠢ ᠶᠢ ᠦᠨᠳᠦᠰᠦᠯᠡᠨ ᠪᠤᠳᠠᠳᠠᠢ ᠲᠤᠭᠳᠠᠭᠠᠯ ᠲᠤᠭᠳᠠᠭᠠᠨ᠎ᠠ᠃ ᠵᠢᠷᠨ ᠶᠢᠰᠦᠳᠦᠭᠡᠷ ᠵᠦᠢᠯ ᠲᠤᠰ ᠬᠠᠤᠯᠢ ᠶᠢ ᠨᠡᠶᠢᠳᠡᠯᠡᠭᠰᠡᠨ ᠡᠳᠦᠷ ᠠᠴᠠ ᠡᠬᠢᠯᠡᠵᠦ ᠭᠡᠷᠡᠭᠵᠢᠭᠦᠯᠦᠨ᠎ᠠ᠃ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠬᠠᠤᠯᠢ︾ ᠶᠢ ᠳᠠᠭᠠᠤ ᠳᠤᠨᠢ ᠬᠦᠴᠦᠨ ᠦᠭᠡᠢ ᠪᠤᠯᠭᠠᠨ᠎ᠠ᠃    ︵ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 26 ᠤ ᠴᠠᠬᠢᠯᠭᠠᠨ ᠮᠡᠳᠡᠭᠡ᠂ ᠳᠣᠮᠳᠠᠳᠣ ᠣᠯᠣᠰ ᠤᠨ ᠦᠨᠳᠦᠰᠦᠳᠡᠨ ᠤ ᠬᠡᠯᠡᠨ ᠤ ᠣᠷᠴᠢᠭᠤᠯᠭ᠎ᠠ ᠶᠢᠨ ᠳᠣᠪᠴᠢᠶ᠎ᠠ ᠣᠷᠴᠢᠭᠤᠯᠪᠠ︶    
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号