︽ᠰᠦᠷᠡᠬᠡᠢ ᠪᠠᠶᠢᠨ᠎ᠠ᠂ ᠡᠬᠡ ᠤᠯᠤᠰ ᠮᠢᠨᠢ︾᠄ ᠺᠢᠨᠣ᠋ ᠤᠷᠠᠯᠢᠭ ᠤᠨ ᠤᠤᠷ ᠵᠤᠷᠢᠯᠳᠠ ᠶᠢᠨ ᠪᠠᠷᠢᠮᠳᠠᠯᠠᠯ ᠲᠤᠮᠳᠠᠳᠤ ᠶᠢᠨ ᠰᠦᠷ ᠵᠢᠪᠬᠤᠭ᠎ᠠ ᠶᠢᠨ ᠢᠯᠡᠷᠡᠬᠦᠯᠦᠯ
ᠨᠡᠶᠢᠲᠡᠯᠡᠭᠰᠡᠨ ᠴᠠᠭ᠄
2018/5/24
     ᠲᠦᠪ ᠤᠨ ᠲᠧᠯᠸᠢᠰ ᠬᠤᠷᠢᠶ᠎ᠠ ᠪᠤᠯᠤᠨ ᠲᠤᠮᠳᠠᠳᠤ ᠤᠯᠤᠰ ᠤᠨ ᠺᠢᠨᠣ᠋ ᠶᠢᠨ ᠬᠤᠪᠢᠴᠠᠭᠠᠳᠤ ᠬᠢᠵᠠᠭᠠᠷᠳᠤ ᠺᠤᠮᠫᠠᠨᠢ ᠠᠴᠠ ᠬᠠᠮᠳᠤᠷᠠᠨ ᠦᠢᠯᠡᠳᠦᠭᠰᠡᠨ ︽ᠰᠦᠷᠡᠬᠡᠢ ᠪᠠᠶᠢᠨ᠎ᠠ᠂ ᠡᠬᠡ ᠤᠯᠤᠰ ᠮᠢᠨᠢ︾ ᠭᠡᠬᠦ ᠪᠠᠷᠢᠮᠳᠠᠳᠤ ᠹᠢᠯᠢᠮ ᠤᠶᠢᠢᠷ᠎ᠠ ᠳᠤ ᠪᠦᠬᠦ ᠤᠯᠤᠰ ᠤᠨ ᠬᠡᠪᠴᠢᠶᠠᠨ ᠳᠤ ᠲᠡᠯᠬᠡᠭᠳᠡᠵᠦ᠂ ᠦᠵᠡᠭᠴᠢᠳ ᠤᠨ ᠨᠡᠶᠢᠳᠡᠮ ᠤᠨ ᠦᠨᠳᠦᠷ ᠦᠨᠠᠯᠠᠯᠳᠠ ᠶᠢ ᠤᠯᠤᠯ᠎ᠠ᠂ ᠲᠡᠯᠬᠡᠭᠳᠡᠭᠰᠡᠨ ᠬᠠᠭᠠᠰᠬᠠᠨ ᠰᠠᠷ᠎ᠠ ᠶᠢᠨ ᠬᠤᠭᠤᠴᠠᠭᠠᠨ ᠳᠤ ᠪᠢᠯᠧᠲ ᠤᠨ ᠤᠷᠤᠯᠭ᠎ᠠ 3 ᠳ᠋ᠦᠩᠰᠢᠭᠤᠷ ᠲᠦᠬᠦᠷᠢᠭ ᠢ ᠲᠠᠪᠠᠵᠤ᠂ ᠮᠠᠨ ᠤ ᠤᠯᠤᠰ ᠤᠨ ᠪᠠᠷᠢᠮᠳᠠᠳᠤ ᠹᠢᠯᠢᠮ ᠤᠨ ᠪᠢᠯᠧᠲ ᠬᠤᠳᠠᠯᠳᠤᠬᠰᠠᠨ ᠤᠷᠤᠯᠭ᠎ᠠ ᠶᠢᠨ ᠲᠡᠮᠳᠡᠭᠯᠡᠯ ᠢ ᠰᠢᠨᠡᠳᠭᠡᠭᠰᠡᠨ ᠪᠠᠶᠢᠨ᠎ᠠ᠃      ︽ᠰᠦᠷᠡᠬᠡᠢ ᠪᠠᠶᠢᠨ᠎ᠠ᠂ ᠡᠬᠡ ᠤᠯᠤᠰ ᠮᠢᠨᠢ︾ ᠪᠠᠷᠢᠮᠳᠠᠳᠤ ᠹᠢᠯᠢᠮ ᠶᠠᠭᠠᠬᠢᠭᠠᠳ ᠢᠩᠬᠢᠵᠤ ᠬᠦᠮᠦᠰ ᠤᠨ ᠠᠩᠬᠠᠷᠤᠯ ᠢ ᠲᠠᠳᠠᠵᠤ ᠴᠢᠳᠠᠬᠰᠠᠨ ᠪᠤᠢ︖ ᠬᠡᠬᠦ ᠪᠤᠳᠤᠯ ᠳᠤ ᠬᠦᠳᠦᠯᠦᠭᠳᠡᠨ ᠮᠢᠨᠦ ᠪᠠᠷ ᠺᠢᠨᠣ᠋ ᠤᠷᠳᠤᠨ ᠳᠤ ᠬᠦᠷᠴᠤ ᠡᠨᠡᠬᠦ ᠪᠠᠷᠢᠮᠳᠠᠳᠤ ᠹᠢᠯᠢᠮ ᠢ ᠰᠤᠨᠢᠷᠬᠠᠯ᠎ᠠ᠂ ᠺᠢᠨᠣ᠋ ᠨᠢ ᠲᠦᠢᠯ ᠤᠨ ᠦᠨᠡᠨ ᠪᠤᠳᠠᠳᠠᠢ ᠪᠠᠶᠢᠵᠤ᠂ ᠬᠦᠮᠦᠨ ᠤ ᠰᠡᠳᠬᠢᠯ ᠢ ᠲᠤᠩᠰᠤᠯᠭᠠᠵᠤ᠂ ᠤᠷᠮ᠎ᠠ ᠵᠤᠷᠢᠭ ᠢ ᠬᠦᠭᠵᠢᠭᠡᠨ᠎ᠠ᠃ ᠺᠢᠨᠣ᠋ ᠶᠢᠨ ᠠᠩᠬ᠎ᠠ ᠡᠬᠢᠨ ᠤ ᠦᠶ᠎ᠠ ᠶᠢᠨ ᠦᠨᠡᠨ ᠪᠤᠳᠠᠳᠠᠢ ᠶᠢ ᠲᠡᠮᠳᠡᠭᠯᠡᠬᠦ ᠰᠠᠨᠠᠭ᠎ᠠ ᠵᠤᠷᠢᠯᠳᠠ ᠶᠢ ᠪᠠᠷᠢᠮᠳᠠᠯᠠᠵᠤ ᠦᠵᠡᠭᠴᠢᠳ ᠤᠨ ᠦᠨᠡᠨ ᠮᠦᠨ ᠢ ᠬᠦᠬᠡᠬᠡᠴᠡᠯᠳᠦᠬᠦ ᠭᠤᠸ᠎ᠠ ᠲᠠᠭᠠᠰᠢᠶᠠᠯ ᠳᠤ ᠨᠡᠶᠢᠴᠡᠬᠦᠯᠵᠤ ᠴᠢᠳᠡᠪᠡ᠃      ᠺᠢᠨᠣ᠋ ᠨᠢ ᠰᠢᠨᠵᠢᠯᠡᠬᠦ ᠤᠬᠠᠭᠠᠨ ᠮᠡᠷᠬᠡᠵᠢᠯ ᠤᠨ ᠲᠠᠪᠰᠢᠯᠳᠠ᠂ ᠵᠢᠷᠤᠭ ᠰᠡᠬᠦᠳᠡᠷᠯᠡᠬᠦ ᠮᠠᠷᠬᠡᠵᠢᠯ ᠤᠨ ᠬᠦᠭᠵᠢᠯᠳᠠ ᠶᠢ ᠲᠠᠭᠠᠯᠳᠤᠨ ᠪᠤᠢ ᠪᠤᠯᠤᠬᠰᠠᠨ ᠨᠢᠬᠡ ᠵᠦᠢᠯ ᠤᠨ ᠶᠡᠷᠦᠩᠬᠡᠶᠢᠯᠡᠭᠰᠡᠨ ᠴᠢᠨᠠᠷᠳᠠᠢ ᠤᠷᠠᠯᠢᠭ ᠪᠤᠯᠤᠬᠰᠠᠨ ᠤ ᠬᠤᠪᠢ ᠳᠤ᠂ ᠲᠡᠬᠦᠨ ᠤ ᠪᠤᠢ ᠪᠤᠯᠤᠬᠰᠠᠨ ᠦᠨ᠎ᠡ ᠦᠷᠳᠡᠭ ᠨᠢ ᠲᠠᠷᠤᠢ ᠰᠡᠬᠦᠳᠡᠷᠯᠡᠨ ᠲᠡᠮᠳᠡᠭᠯᠡᠬᠦ ᠴᠢᠳᠡᠪᠬᠢ ᠪᠠᠶᠢᠯ᠎ᠠ᠃ ᠲᠡᠯᠡᠬᠡᠢ ᠲᠡᠬᠡᠷᠡᠬᠢ ᠬᠠᠮᠤᠭ ᠡᠷᠳᠡᠨ ᠤ ᠺᠢᠨᠣ᠋ ᠶᠢ ᠪᠤᠯ ᠹᠷᠠᠠᠼᠢ ᠶᠢᠨ ᠯᠦᠮᠢ ᠠᠶᠢᠷ ᠠᠬ᠎ᠠ ᠲᠡᠬᠦᠦ ᠬᠤᠶᠠᠷ ᠰᠡᠬᠦᠳᠡᠷᠯᠡᠨ ᠦᠢᠯᠡᠳᠦᠭᠰᠡᠨ ᠶᠤᠮ᠃ ᠲᠡᠳᠡᠨ ᠤ ᠦᠢᠯᠡᠳᠦᠭᠰᠡᠨ ᠬᠠᠮᠤᠭ ᠠᠩᠬᠠᠨ ᠤ ᠺᠢᠨᠣ᠋ ︽ᠦᠢᠯᠡᠳᠪᠦᠷᠢ ᠶᠢᠨ ᠲᠤᠮᠤ ᠡᠬᠦᠳᠡ︾ ︵1895 ᠤᠨ ᠤ 12 ᠰᠠᠷ᠎ᠠ ᠶᠢᠨ 28 ᠤ ᠡᠳᠦᠷ ᠫᠠᠷᠢᠰ ᠤᠨ ᠺᠤᠹᠧ ᠶᠢᠨ ᠤᠷᠳᠤᠨ ᠤ ᠡᠨᠡᠳᠭᠡᠭ ᠲᠢᠩᠬᠢᠮ ᠳᠤ ᠠᠩᠬ᠎ᠠ ᠤᠳᠠᠭ᠎ᠠ ᠲᠡᠯᠬᠡᠨ ᠦᠵᠡᠬᠦᠯᠵᠡᠢ︶ ᠵᠢᠴᠢ ︽ᠭᠠᠯᠳᠤ ᠲᠡᠷᠬᠡ ᠦᠷᠳᠡᠭᠡ ᠬᠦᠷᠦᠯ᠎ᠠ︾ ᠂ ︽ᠨᠢᠯᠬ᠎ᠠ ᠬᠡᠦᠬᠡᠳ ᠤᠨ ᠦᠳᠡ ᠶᠢᠨ ᠬᠤᠭᠤᠯᠠ︾ ᠵᠡᠷᠬᠡ 12 ᠢᠵᠢ ᠲᠤᠷᠰᠢᠯᠳᠠ ᠶᠢᠨ ᠴᠢᠨᠡᠷᠳᠡᠢ ᠺᠢᠨᠣ᠋ ᠨᠢ ᠴᠦᠮ ᠦᠨᠡᠨ ᠪᠤᠳᠠᠳᠠᠢ ᠠᠮᠢᠳᠦᠷᠠᠯ ᠤᠨ ᠦᠵᠡᠭᠳᠡᠯ ᠢ ᠰᠡᠬᠦᠳᠡᠷᠯᠡᠨ ᠲᠡᠮᠳᠡᠭᠯᠡᠭᠰᠡᠨ ᠶᠤᠮ᠃ ︽ᠦᠢᠯᠡᠳᠪᠦᠷᠢ ᠶᠢᠨ ᠲᠤᠮᠤ ᠡᠬᠦᠳᠡ︾ ᠨᠢ ︽ᠬᠤᠯᠠᠭᠠᠶᠢᠢᠯᠠᠨ ᠰᠡᠬᠦᠳᠡᠷᠯᠡᠬᠦ︾ ᠠᠷᠭ᠎ᠠ ᠶᠢ ᠬᠡᠷᠡᠭᠯᠡᠭᠰᠡᠨ ᠢᠶᠠᠷ᠂ ᠲᠡᠮᠳᠡᠭᠯᠡᠵᠤ ᠰᠡᠬᠦᠳᠡᠷᠯᠡᠵᠤ ᠠᠪᠤᠬᠰᠠᠨ ᠦᠵᠡᠭᠳᠡᠯ ᠨᠢ ᠨᠡᠩ ᠦᠨᠡᠨ ᠪᠤᠳᠠᠳᠠᠢ ᠪᠦᠬᠡᠳ ᠠᠮᠢᠳᠤᠯᠢᠭ ᠪᠠᠶᠢᠵᠤ᠂ ︽ᠠᠮᠢᠳᠦᠷᠠᠯ ᠢ ᠲᠡᠬᠢᠨ ᠢᠯᠡᠷᠡᠬᠦᠯᠬᠦ︾ ᠭᠤᠸ᠎ᠠ ᠰᠠᠶᠢᠬᠠᠨ ᠤ ᠦᠷᠳᠡᠭ ᠢᠶᠠᠷ ᠬᠤᠪᠢ ᠲᠡᠬᠢᠨ ᠪᠤᠯᠵᠠᠢ᠃      ᠲᠤᠮᠳᠠᠳᠤ ᠤᠯᠤᠰ ᠤᠨ ᠺᠢᠨᠣ᠋ ᠮᠡᠨᠳᠦᠯᠡᠭᠰᠡᠨ ᠤ ᠪᠡᠯᠬᠡ ᠲᠡᠮᠳᠡᠭ ᠪᠤᠯᠤᠭᠰᠠᠨ ︽ᠳ᠋ᠢᠩ ᠵᠢᠶᠦ᠋ᠨ ᠱᠠᠨ︾ ︵ᠷᠧᠨ ᠴᠢᠩ ᠲᠠᠢ ᠤᠳᠤᠷᠢᠳᠤᠭᠠᠴᠢᠯᠠᠵᠤ᠂ ᠲᠠᠨ ᠰᠢᠨ ᠫᠸᠢ ᠭᠤᠤᠯᠯᠠᠨ ᠲᠤᠬᠯᠠᠵᠤ᠂ ᠪᠡᠬᠡᠵᠢᠩ ᠤᠨ ᠹᠧᠩ ᠲᠠᠢ ᠰᠡᠬᠦᠳᠡᠷ ᠲᠡᠳᠡᠬᠤ ᠤᠷᠳᠤᠨ ᠠᠴᠠ ᠰᠡᠬᠦᠳᠡᠷᠯᠡᠵᠤ᠂ 1905 ᠤᠨ ᠤ 12 ᠰᠠᠷ᠎ᠠ ᠶᠢᠨ 28 ᠤ ᠡᠳᠦᠷ ᠲᠡᠯᠬᠡᠨ ᠦᠵᠡᠬᠦᠯᠦᠭᠰᠡᠨ ᠪᠠᠶᠢᠨ᠎ᠠ︶ ᠭᠡᠬᠦ ᠺᠢᠨᠣ᠋ ᠨᠢ ᠠᠯᠳᠠᠷᠳᠤ ᠪᠡᠬᠡᠵᠢᠩ ᠵᠦᠴᠦᠬᠡ ᠶᠢᠨ ᠤᠷᠠᠯᠢᠬᠴᠢᠨ ᠲᠠᠨ ᠰᠢᠨ ᠫᠸᠢ ᠶᠢᠨ ᠲᠤᠬᠯᠠᠬᠰᠠᠨ ᠬᠡᠳᠦᠨ ᠬᠡᠰᠡᠭ ᠦᠵᠡᠭᠳᠡᠯ ᠢᠶᠠᠷ ᠪᠦᠷᠢᠯᠳᠦᠵᠦ ᠮᠦᠨ ᠪᠠᠷᠢᠮᠳᠠᠳᠤ ᠹᠢᠯᠢᠮ ᠪᠤᠯᠤᠨ᠎ᠠ᠃      ᠪᠠᠷᠢᠮᠳᠠᠳᠤ ᠹᠢᠯᠢᠮ ︵documentary︶ ᠬᠡᠬᠦ ᠦᠬᠡ ᠶᠢ ᠬᠠᠮᠤᠭ ᠡᠷᠳᠡ ᠠᠩᠭ᠍ᠯᠢ ᠶᠢᠨ ᠶᠤᠬᠠᠨ · ᠭᠷᠢᠷᠰᠢᠶᠦ᠋ᠨ ᠠᠴᠠ ᠲᠤᠷᠠᠳᠤᠨ ᠭᠠᠷᠭᠠᠬᠰᠠᠨ ᠶᠤᠮ᠂ ᠬᠡᠬᠦ ᠳᠡᠭᠡᠨ ᠪᠠᠷᠢᠮᠳᠠᠳᠤ ᠹᠢᠯᠢᠮ ᠳᠤ ᠨᠢᠬᠡᠨ ᠲᠡᠬᠦᠰ ᠰᠠᠶᠢᠬᠠᠨ ᠲᠤᠮᠢᠶᠠᠯᠠᠯ ᠦᠭᠬᠦᠭᠰᠡᠨ ᠦᠬᠡᠢ᠂ ᠶᠠᠮᠠᠷ ᠶᠠᠩᠵᠤ ᠶᠢᠨ ᠪᠦᠳᠦᠬᠡᠯ ᠨᠢ ᠪᠠᠷᠢᠮᠳᠠᠳᠤ ᠹᠢᠯᠢᠮ ᠳᠤ ᠲᠤᠭᠠᠴᠠᠬᠳᠠᠬᠤ ᠪᠤᠢ ᠬᠡᠬᠦ ᠠᠰᠠᠭᠤᠳᠠᠯ ᠤᠨ ᠲᠤᠭᠤᠷᠢᠨ ᠳᠤ ᠤᠯᠠᠨ ᠢᠶᠠᠷ ᠢᠶᠠᠨ ᠦᠪᠡᠷ ᠦᠪᠡᠷ ᠤᠨ ᠦᠵᠠᠯᠳᠠ ᠲᠠᠢ᠂ ᠠᠯᠢ ᠨᠢ ᠵᠦᠪ ᠠᠯᠢ ᠨᠢ ᠪᠤᠷᠤᠭᠤ ᠬᠡᠳᠡᠭ ᠨᠢ ᠲᠤᠳᠤᠷᠬᠠᠢ ᠦᠬᠡᠢ᠃ ᠪᠠᠷᠢᠮᠳᠠᠳᠤ ᠹᠢᠯᠢᠮ ᠤᠨ ᠭᠤᠸ᠎ᠠ ᠵᠦᠢ ᠶᠢᠨ ᠦᠵᠠᠯᠳᠠ ᠶᠢᠨ ᠰᠠᠭᠤᠷᠢ ᠶᠢ ᠴᠤᠬᠴᠠᠯᠠᠬᠴᠢ ᠸᠢᠯᠲ᠋ᠦ᠋ᠸᠧᠹ ᠤᠨ ᠡᠬᠦᠰᠬᠡᠨ ᠪᠠᠶᠢᠭᠤᠯᠤᠬᠰᠠᠨ ︽ᠺᠢᠨᠣ᠋ ᠶᠢᠨ ᠨᠢᠳᠦᠨ ᠤ ᠤᠷᠤᠰᠬᠠᠯ ᠪᠦᠯᠦᠭ︾ ᠨᠢ ᠯᠧᠨ᠋ᠰ ᠨᠢ ᠬᠦᠮᠦᠨ ᠤ ᠨᠢᠳᠤ ᠲᠠᠢ ᠠᠳᠠᠯᠢ ᠪᠠᠷ ︽ᠲᠡᠬᠦᠨ ᠢ ᠰᠠᠨᠠᠮᠰᠠᠷ ᠦᠬᠡᠢ ᠪᠠᠶᠢᠬᠤ ᠳᠤᠨᠢ ᠦᠨᠡᠨ ᠮᠦᠨ ᠢᠶᠠᠷ ᠨᠢ ᠪᠠᠷᠢᠵᠤ ᠠᠪᠬᠤ︾ ᠶᠢ ᠰᠠᠨᠠᠭᠠᠴᠢᠯᠠᠵᠤ᠂ ᠬᠦᠮᠦᠨ ᠢᠶᠠᠷ ᠲᠤᠬᠯᠠᠭᠤᠯᠬᠤ ᠶᠢ ᠲᠡᠪᠴᠢᠳᠡᠭ᠂ ᠴᠢᠨᠠᠬᠰᠢᠯᠠᠨ ᠲᠤᠭᠯᠠᠯᠳᠠ ᠶᠢᠨ ᠴᠢᠨᠠᠷᠳᠠᠢ ᠺᠢᠨᠣ᠋ ︵ᠦᠯᠢᠬᠡᠷᠳᠤ ᠺᠢᠨᠣ᠋︶ ᠶᠢ ᠡᠰᠡᠷᠬᠦᠴᠡᠳᠡᠭ᠃ ︽ᠪᠠᠷᠢᠮᠳᠠᠳᠤ ᠹᠢᠯᠢᠮ ᠤᠨ ᠡᠪᠦᠭᠡ︾ ᠬᠡᠮᠡᠭᠳᠡᠭᠰᠡᠨ ᠹᠯᠠᠬᠠᠳᠢ ᠶᠢᠨ ᠰᠡᠬᠦᠳᠡᠷᠯᠡᠭᠰᠡᠨ ︽ᠤᠮᠠᠷᠠᠳᠤ ᠶᠢᠨ ᠨᠠᠨᠦ᠋ᠺᠧ︾ ᠪᠤᠯ ᠲᠠᠷᠤᠢ ᠨᠠᠨᠦ᠋ᠺᠧ ᠲᠤᠰ ᠬᠦᠮᠦᠨ ᠤ ᠬᠢᠨ ᠦᠨᠠᠨ ᠪᠤᠳᠠᠳᠠᠢ ᠲᠤᠬᠯᠠᠯᠳᠠ ᠪᠤᠯᠤᠨ᠎ᠠ᠃      ᠺᠢᠨᠣ᠋ ᠶᠢᠨ ᠮᠠᠨᠳᠤᠯᠡᠭᠰᠡᠨ ᠨᠢ ᠪᠠᠷᠢᠮᠳᠠᠳᠤ ᠹᠢᠯᠢᠮ ᠠᠴᠠ ᠡᠬᠢᠯᠡᠭᠰᠡᠨ ᠶᠤᠮ᠃ ᠪᠠᠷᠢᠮᠳᠠᠳᠤ ᠹᠢᠯᠢᠮ ᠤᠨ ᠭᠤᠤᠯ ᠴᠦᠮ᠎ᠠ ᠪᠤᠯ ᠦᠨᠡᠨ ᠪᠤᠳᠠᠳᠠᠢ ᠪᠠᠶᠢᠬᠤ ᠪᠤᠯᠤᠨ᠎ᠠ᠃ ᠦᠨᠡᠨ ᠪᠤᠳᠠᠳᠠᠢ ᠠᠮᠢᠳᠦᠷᠠᠯ ᠢᠶᠠᠷ ᠵᠤᠬᠢᠶᠠᠨ ᠪᠦᠳᠦᠬᠡᠯᠬᠡ ᠶᠢᠨ ᠪᠤᠷᠤ ᠮᠠᠲ᠋ᠧᠷᠢᠶᠠᠯ ᠢᠶᠠᠨ ᠪᠤᠯᠭᠠᠵᠤ᠂ ᠦᠨᠡᠨ ᠬᠦᠮᠦᠨ ᠦᠨᠡᠨ ᠤᠴᠢᠷ ᠶᠠᠪᠤᠳᠠᠯ ᠢᠶᠠᠷ ᠢᠯᠡᠷᠡᠬᠦᠯᠬᠦ ᠡᠳᠡᠬᠡᠳ ᠢᠶᠠᠨ ᠪᠤᠯᠭᠠᠬᠤ ᠮᠦᠷᠳᠡᠬᠡᠨ ᠤᠷᠠᠯᠢᠭ ᠤᠨ ᠰᠢᠷᠭᠠᠭᠠᠯᠳᠠ ᠬᠢᠵᠤ᠂ ᠦᠨᠡᠨ ᠪᠤᠳᠠᠳᠠᠢ ᠶᠢ ᠢᠯᠡᠷᠡᠬᠦᠯᠬᠦ ᠪᠠᠷ ᠮᠦᠨ ᠴᠢᠨᠠᠷ ᠢᠶᠠᠨ ᠪᠤᠯᠭᠠᠵᠤ᠂ ᠦᠨᠡᠨ ᠪᠤᠳᠠᠳᠠᠢ ᠶᠢ ᠲᠡᠬᠢᠨ ᠢᠯᠡᠷᠡᠬᠦᠯᠵᠤ ᠬᠦᠮᠦᠰ ᠤᠨ ᠪᠤᠳᠤᠯᠭᠠᠰᠢᠷᠠᠯ ᠲᠤᠩᠭᠠᠭᠠᠯᠳᠠ ᠶᠢ ᠡᠬᠦᠰᠬᠡᠨ᠎ᠠ᠃ ᠺᠢᠨᠣ᠋ ᠨᠢ ᠪᠤᠢ ᠪᠤᠯᠤᠮᠠᠬᠴᠠ ᠪᠠᠨ ᠢᠯᠡᠷᠡᠬᠦᠯᠦᠭᠰᠡᠨ ᠲᠤᠪᠤᠶᠢᠮ᠎ᠠ ᠤᠨᠴᠠᠯᠢᠭ ᠪᠤᠯ ᠲᠠᠷᠤᠢ ᠦᠨᠡᠨ ᠪᠤᠳᠠᠳᠠᠢ ᠠᠮᠢᠳᠦᠷᠠᠯ ᠢᠶᠠᠷ ᠪᠤᠷᠤ ᠮᠠᠲ᠋ᠧᠷᠢᠶᠠᠯ ᠪᠤᠯᠭᠠᠬᠰᠠᠨ᠂ ᠪᠤᠰᠤᠳᠴᠢ ᠴᠢᠨᠠᠷ᠂ ᠦᠨᠡᠨ ᠪᠤᠳᠠᠳᠤ ᠴᠢᠨᠠᠷ᠂ ᠬᠦᠳᠡᠯᠬᠡᠬᠡᠨᠳᠤ ᠴᠢᠨᠡᠷ ᠲᠠᠢ ᠪᠠᠶᠢᠵᠤ᠂ ᠦᠨᠡᠨ ᠪᠤᠳᠠᠳᠠᠢ ᠬᠦᠳᠡᠯᠬᠡᠬᠡᠨᠳᠤ ᠦᠵᠡᠭᠳᠡᠯ ᠢ ᠦᠨᠢ ᠮᠦᠩᠬᠡᠵᠢᠬᠦᠯᠵᠤ᠂ ᠬᠦᠮᠦᠰ ᠲᠤ ︽ᠲᠤᠬᠠᠢ ᠶᠢᠨ ᠭᠠᠵᠠᠷ ᠲᠤᠨᠢ ᠪᠠᠶᠢᠬᠤ︾᠂ ︽ᠨᠢᠳᠤ ᠪᠠᠷ ᠢᠶᠠᠨ ᠦᠵᠠᠪᠠᠯ ᠰᠠᠶᠢ ᠦᠨᠡᠨ︾ ᠬᠡᠬᠦ ᠲᠦᠷᠦᠭᠳᠡᠯ ᠤᠯᠭᠤᠵᠤ᠂ ᠦᠵᠡᠭᠴᠢᠳ ᠤᠨ ᠲᠠᠭᠠᠰᠢᠶᠠᠯ ᠢ ᠬᠦᠨ᠎ᠠ ᠤᠯᠵᠠᠢ᠃      ︽ᠰᠦᠷᠡᠬᠡᠢ ᠪᠠᠶᠢᠨ᠎ᠠ᠂ ᠡᠬᠡ ᠤᠯᠤᠰ ᠮᠢᠨᠢ︾ ᠡᠨᠡᠬᠦ ᠲᠤᠮᠤ ᠬᠡᠯᠪᠡᠷᠢ ᠶᠢᠨ ᠪᠠᠷᠢᠮᠳᠠᠳᠤ ᠹᠢᠯᠢᠮ ᠨᠢ ᠠᠩᠬ᠎ᠠ ᠡᠬᠢᠨ ᠤ ᠦᠶ᠎ᠠ ᠶᠢᠨ ᠺᠢᠨᠣ᠋ ᠶᠢᠨ ᠡᠨᠡᠬᠦ ᠦᠨᠡᠨ ᠪᠤᠳᠠᠳᠠᠢ ᠶᠢ ᠲᠡᠮᠳᠡᠭᠯᠡᠨ ᠰᠡᠬᠦᠳᠡᠷᠯᠡᠬᠦ ᠠᠩᠬᠠᠨ ᠤ ᠵᠤᠷᠢᠯᠳᠠ ᠶᠢ ᠪᠠᠷᠢᠮᠳᠠᠯᠠᠵᠤ᠂ ᠬᠡᠳᠤ ᠤᠯᠠᠨ ᠲᠤᠪᠤᠶᠢᠯᠭᠠᠯ ᠲᠤᠳᠤᠷᠠᠭᠤᠯᠤᠯ ᠢ ᠬᠡᠷᠡᠭᠯᠡᠭᠰᠡᠨ ᠦᠬᠡᠢ᠂ ᠵᠦᠪᠬᠡᠨ ᠤᠳᠤ ᠦᠶ᠎ᠠ ᠶᠢᠨ ᠺᠢᠨᠣ᠋ ᠶᠢᠨ ᠮᠡᠷᠬᠡᠵᠢᠯ ᠪᠤᠯᠤᠨ ᠰᠡᠬᠦᠳᠡᠷᠯᠡᠬᠦ ᠠᠷᠭ᠎ᠠ ᠠᠪᠴᠠᠯ ᠢ ᠬᠡᠷᠡᠭᠯᠡᠵᠤ᠂ ᠤᠯᠠᠨ ᠲᠠᠯ᠎ᠠ ᠠᠴᠠ ᠤᠯᠠᠨ ᠬᠠᠷᠠᠭᠠᠰᠤ ᠠᠴᠠ ᠮᠠᠨ ᠤ ᠤᠯᠤᠰ ᠤᠨ 5 ᠵᠢᠯ ᠤᠨ ᠲᠤᠷᠰᠢᠬᠢ ᠯᠤᠳᠤ ᠶᠡᠭᠡ ᠬᠦᠭᠵᠢᠯᠳᠠ ᠪᠤᠯᠤᠨ ᠰᠡᠳᠬᠢᠯ ᠪᠠᠭ᠋ᠠᠳᠤᠮ᠎ᠠ ᠠᠮᠵᠢᠯᠳᠠ ᠶᠢ ᠦᠨᠡᠨ ᠪᠤᠳᠠᠳᠠᠢ ᠪᠠᠷ ᠲᠦᠪᠯᠡᠷᠡᠬᠦᠯᠦᠨ ᠢᠯᠡᠷᠡᠬᠦᠯᠵᠤ᠂ ᠪᠠᠯᠠᠷ ᠡᠷᠳᠡᠨ ᠤ ᠪᠦᠬᠡᠳ ᠤᠳᠤ ᠦᠶ᠎ᠠ ᠶᠢᠨ ᠲᠤᠷᠤᠨᠠᠳᠠᠬᠢᠨ ᠤ ᠡᠨᠡᠬᠦ ᠲᠤᠮᠤ ᠤᠯᠤᠰ ᠤᠨ ᠰᠦᠷᠯᠢᠭ ᠶᠡᠭᠡ ᠲᠦᠷᠢ ᠲᠦᠷᠬᠦ ᠶᠢ ᠪᠤᠰᠤᠭᠠᠯᠵᠢᠨ ᠢᠶᠠᠷ ᠢᠯᠡᠷᠡᠬᠦᠯᠵᠤ᠂ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠠᠤᠭ᠎ᠠ ᠶᠡᠭᠡ ᠲᠦᠷᠢ ᠲᠦᠷᠬᠦ ᠶᠢ ᠱᠤᠭᠤᠬᠰᠠᠨ ᠪᠠᠶᠢᠨ᠎ᠠ᠃ ᠡᠶᠢᠮᠦᠷᠬᠦ ᠪᠤᠰᠤᠳᠴᠢ ᠦᠨᠡᠨ ᠪᠤᠳᠠᠳᠠᠢ ᠲᠡᠮᠳᠡᠭᠯᠡᠯ ᠨᠢ ᠺᠢᠨᠣ᠋ ᠤᠷᠠᠯᠢᠭ ᠤᠨ ᠮᠠᠨᠳᠤᠯᠡᠬᠦ ᠡᠬᠢᠨ ᠤ ᠦᠶ᠎ᠠ ᠶᠢᠨ ᠦᠨᠡᠨ ᠪᠤᠳᠠᠳᠠᠢ ᠶᠢ ᠬᠦᠬᠡᠬᠡᠴᠡᠯᠳᠦᠬᠦ ᠪᠠᠷᠢᠮᠳᠠᠯᠠᠯ ᠪᠦᠬᠡᠳ ᠤᠳᠤᠬᠠᠨ ᠤ ᠦᠵᠡᠭᠴᠢᠳ ᠤᠨ ᠦᠨᠡᠨ ᠪᠤᠳᠠᠳᠠᠢ ᠶᠢ ᠡᠷᠬᠢᠮᠯᠡᠬᠦ ᠭᠤᠸ᠎ᠠ ᠰᠠᠶᠢᠬᠠᠨ ᠤ ᠬᠦᠰᠡᠯ ᠢ ᠬᠠᠨᠤᠮᠵᠢᠳᠠᠢ ᠬᠠᠩᠭᠠᠬᠰᠠᠨ ᠪᠠᠶᠢᠨ᠎ᠠ᠃      ᠠᠭᠤᠤ ᠶᠡᠭᠡ ᠦᠢᠯᠡᠳᠦᠯᠬᠡ ᠶᠢᠨ ᠡᠬᠦᠳᠦᠨ ᠪᠦᠳᠦᠬᠡᠭᠰᠡᠨ ᠠᠭᠤᠤ ᠶᠡᠭᠡ ᠠᠮᠵᠢᠯᠳᠠ ᠪᠦᠳᠦᠮᠵᠢ ᠵᠢᠴᠢ ᠲᠡᠬᠦᠨ ᠤ ᠠᠷᠤ ᠲᠠᠯ᠎ᠠ ᠶᠢᠨ ᠦᠯᠢᠬᠡᠷ ᠢ ᠢᠯᠡᠷᠡᠬᠦᠯᠵᠤ ᠦᠨᠳᠦᠰᠦᠳᠡᠨ ᠤ ᠤᠮᠤᠭᠰᠢᠯᠳᠤ ᠰᠡᠳᠬᠢᠯᠬᠡ ᠶᠢ ᠬᠦᠭᠵᠢᠬᠡᠪᠡ      ᠺᠢᠨᠣ᠋ ᠨᠢ ᠦᠨᠡᠨ ᠪᠤᠳᠠᠳᠠᠢ ᠶᠢ ᠲᠡᠮᠳᠡᠭᠯᠡᠬᠦ ᠪᠤᠯᠤᠨ ᠤᠷᠠᠯᠢᠭ ᠢ ᠤᠶᠠᠯᠳᠤᠭᠤᠯᠬᠤ ᠬᠡᠯᠪᠡᠷᠢ ᠪᠠᠷ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠰᠢ᠂ ᠬᠦᠭᠵᠢᠯᠳᠠ ᠶᠢᠨ ᠰᠢᠨ᠎ᠠ ᠤᠶᠢᠢᠯᠠᠭᠠᠬᠳᠠᠬᠤᠨ ᠤ ᠵᠢᠯᠤᠭᠤᠳᠤᠯᠭ᠎ᠠ ᠲᠤᠤᠷ᠎ᠠ ᠲᠤᠮᠳᠠᠳᠤ ᠤᠯᠤᠰ ᠤᠨ ᠤᠯᠤᠬᠰᠠᠨ ᠲᠡᠦᠬᠡᠳᠤ ᠴᠢᠨᠡᠷᠳᠡᠢ ᠠᠮᠵᠢᠯᠳᠠ ᠶᠢ ᠲᠦᠪᠯᠡᠷᠡᠬᠦᠯᠦᠨ ᠢᠯᠡᠷᠡᠬᠦᠯᠵᠡᠢ᠃ ᠲᠤᠮᠳᠠᠳᠤ ᠤᠯᠤᠰ ᠤᠨ ᠵᠠᠮ᠂ ᠲᠤᠮᠳᠠᠳᠤ ᠤᠯᠤᠰ ᠤᠨ ᠬᠦᠬᠦᠷᠬᠡ᠂ ᠲᠤᠮᠳᠠᠳᠤ ᠤᠯᠤᠰ ᠤᠨ ᠮᠠᠰᠢᠨ ᠲᠡᠷᠬᠡ᠂ ᠲᠤᠮᠳᠠᠳᠤ ᠤᠯᠤᠰ ᠤᠨ ᠭᠠᠷᠠᠮ᠂ ᠲᠤᠮᠳᠠᠳᠤ ᠤᠯᠤᠰ ᠤᠨ ᠰᠦᠯᠵᠢᠶ᠎ᠠ ᠶᠢᠨ ᠪᠠᠶᠢᠭᠤᠯᠤᠯᠳᠠ ᠪᠤᠯᠤᠨ ᠨᠢᠬᠡᠳᠦᠮᠡᠯ ᠬᠤᠯᠪᠤᠭ᠎ᠠ᠂ ᠲᠡᠦᠬᠡᠨ ᠲᠡᠬᠡᠷᠡᠬᠢ ᠬᠠᠮᠤᠭ ᠶᠡᠭᠡ ᠷᠠᠳᠢᠣ᠋ ᠲᠤᠷᠠᠨ FAST ᠶᠢ ᠪᠦᠳᠦᠬᠡᠨ ᠪᠠᠶᠢᠭᠤᠯᠵᠤ ᠠᠰᠢᠬᠯᠠᠯᠳᠠ ᠳᠤ ᠤᠷᠤᠭᠤᠯᠤᠬᠰᠠᠨ᠂ ᠪᠦᠬᠦ ᠪᠦᠮᠪᠦᠷᠴᠡᠭ ᠤᠨ ᠬᠠᠮᠤᠭ ᠲᠤᠮᠤ ᠲᠠᠯᠠᠢ ᠲᠡᠬᠡᠷᠡᠬᠢ ᠬᠤᠳᠳᠤᠭ ᠦᠷᠦᠮᠳᠠᠬᠦ ᠲᠠᠪᠴᠠᠩ ︽ᠯᠠᠨ ᠵᠢᠩ 2 ᠨᠤᠮᠧᠷᠳᠤ︾ ᠲᠤᠬᠰᠢᠨ ᠲᠠᠪᠠᠯᠭᠠᠨ ᠲᠤᠯᠬᠢᠶᠠᠯᠠᠬᠰᠠᠨ ᠲᠠᠯᠠᠢ ᠲᠡᠭᠡᠷ᠎ᠡ ᠰᠡᠬᠦ᠋ᠢᠨ ᠰᠦᠨᠳᠡᠷᠯᠡᠭᠰᠡᠨ᠂ ︽ᠮᠦᠸᠧᠽᠢ︾ ᠺᠸᠠᠨ᠋ᠲ ᠴᠢᠮᠡᠭᠡ ᠬᠤᠯᠪᠤᠭᠠᠨ ᠤ ᠲᠠᠭᠠᠭᠤᠯᠢ ᠤᠳᠤᠨ ᠢ ᠬᠠᠷᠪᠤᠵᠤ ᠠᠮᠵᠢᠯᠳᠠ ᠤᠯᠤᠬᠰᠠᠨ᠂ C919 ᠲᠤᠮᠤ ᠨᠢᠰᠬᠡᠯ ᠬᠦᠬᠡ ᠤᠬᠳᠠᠷᠭᠤᠢ ᠳᠤ ᠬᠠᠯᠢᠨ ᠲᠡᠬᠦᠯᠢᠭᠰᠡᠨ᠂ ︽ᠵᠢᠶᠤᠤ ᠯᠦᠩ︾ ᠬᠦᠨ ᠲᠠᠯᠠᠢ ᠳᠤ ᠱᠤᠩᠪᠠᠭᠰᠠᠨ ᠁ ᠪᠠᠷᠠᠭᠤᠨ ᠤᠷᠤᠨ ᠢ ᠶᠡᠭᠡᠪᠡᠷ ᠨᠡᠬᠡᠬᠡᠨ ᠬᠦᠭᠵᠢᠬᠦᠯᠦᠭᠰᠡᠨ᠂ ᠵᠡᠬᠦᠨ ᠬᠤᠶᠢᠳᠤ ᠤᠷᠤᠨ ᠢ ᠬᠦᠭᠵᠢᠬᠦᠯᠦᠨ ᠮᠠᠨᠳᠤᠭᠤᠯᠤᠭᠰᠠᠨ᠂ ᠲᠤᠮᠳᠠ ᠤᠷᠤᠨ ᠬᠦᠭᠵᠢᠨ ᠮᠠᠨᠳᠤᠭᠰᠠᠨ ᠁ ᠪᠠᠷᠢᠮᠳᠠᠳᠤ ᠹᠢᠯᠢᠮ ᠨᠢ ᠤᠭᠳᠠᠷᠭᠤᠢ ᠠᠴᠠ ᠰᠡᠬᠦᠳᠡᠷᠯᠡᠭᠰᠡᠨ ᠶᠡᠭᠡ ᠬᠡᠮᠵᠢᠶᠠᠨ ᠤ ᠰᠦᠷᠯᠢᠭ ᠰᠠᠶᠢᠬᠠᠨ ᠦᠵᠡᠮᠵᠢ ᠪᠠᠷ᠂ ᠨᠠᠷᠢᠨ ᠤᠨᠤᠪᠴᠢᠳᠡᠢ ᠲᠤᠭ᠎ᠠ ᠪᠠᠷᠢᠮᠳᠠ ᠪᠠᠷ ᠲᠤᠮᠤ ᠤᠯᠤᠰ ᠤᠨ ᠠᠤᠭ᠎ᠠ ᠰᠦᠷᠯᠢᠭ ᠲᠦᠷᠢ ᠲᠦᠷᠬᠦ ᠶᠢ ᠢᠯᠡᠷᠡᠬᠦᠯᠵᠤ ᠂ ᠬᠦᠮᠦᠰ ᠲᠤ ᠮᠠᠨ ᠤ ᠤᠯᠤᠰ ᠤᠨ ᠤᠶᠢᠢᠷ᠎ᠠ ᠶᠢᠨ ᠬᠡᠳᠦᠨ ᠵᠢᠯ ᠤᠨ ᠨᠢᠰᠬᠦ ᠮᠠᠳᠤ ᠲᠦᠷᠬᠡᠨ ᠬᠦᠭᠵᠢᠯᠳᠠ ᠶᠢ ᠮᠡᠳᠡᠬᠦᠯᠵᠤ᠂ ᠦᠪᠡᠷ ᠤᠨ ᠡᠷᠬᠡ ᠦᠬᠡᠢ ᠦᠨᠳᠦᠰᠦᠳᠡᠨ ᠤ ᠤᠮᠤᠭ ᠪᠠᠭ᠋ᠠᠳᠤᠯᠳᠤ ᠰᠡᠳᠬᠢᠯᠬᠡ ᠶᠢ ᠲᠦᠷᠦᠭᠳᠡᠬᠦᠯᠦᠨ ᠦᠨᠳᠦᠰᠦᠳᠡᠨ ᠤ ᠢᠳᠡᠬᠡᠯ ᠢ ᠤᠷᠬᠢᠯᠤᠭᠤᠯᠤᠨ᠎ᠠ᠃ ᠪᠠᠷᠢᠮᠳᠠᠳᠤ ᠹᠢᠯᠢᠮ ᠨᠢ ᠮᠠᠨ ᠤ ᠤᠯᠤᠰ ᠤᠨ ᠵᠠᠷᠢᠮ ᠬᠦᠷᠢᠶ᠎ᠠ ᠬᠡᠪᠴᠢᠶᠠᠨ ᠳᠠᠬᠢ ᠨᠢᠰᠬᠦ ᠮᠠᠳᠤ ᠲᠦᠷᠬᠡᠨ ᠬᠦᠭᠵᠢᠯᠳᠠ ᠪᠤᠯᠤᠨ ᠬᠦᠴᠦᠷᠭᠡᠭ ᠶᠡᠭᠡ ᠪᠤᠳᠠᠳᠤ ᠬᠦᠴᠦᠨ ᠢ ᠢᠯᠡᠷᠡᠬᠦᠯᠦᠭᠰᠡᠨ ᠢᠶᠠᠷ ᠪᠠᠷᠠᠬᠤ ᠦᠬᠡᠢ ᠮᠠᠨ ᠤ ᠤᠯᠤᠰ ᠤᠨ ᠠᠷᠠᠳ ᠲᠦᠮᠡᠨ ᠤ ᠬᠦᠴᠢᠷ ᠪᠡᠷᠬᠡ ᠠᠴᠠ ᠠᠶᠤᠬᠤ ᠦᠬᠡᠢ᠂ ᠵᠠᠮ ᠨᠡᠬᠡᠬᠡᠨ ᠡᠷᠡᠯᠭᠡᠭᠯᠡᠨ ᠤᠷᠤᠬᠰᠢᠯᠠᠬᠤ᠂ ᠦᠨᠳᠦᠷ ᠤᠷᠬᠢᠯ ᠳᠤ ᠵᠤᠷᠢᠬᠳᠠᠢ ᠪᠠᠷ ᠠᠪᠠᠷᠢᠬᠤ ᠢᠳᠡᠭᠡᠯ ᠵᠤᠷᠢᠭ ᠢ ᠬᠦᠢᠴᠡᠳ ᠢᠯᠡᠷᠡᠬᠦᠯᠵᠡᠢ᠃ ᠬᠦᠮᠦᠨ ᠤ ᠰᠡᠳᠬᠢᠯ ᠢ ᠬᠦᠳᠡᠯᠬᠡᠮ᠎ᠠ ᠠᠮᠢᠳᠤ ᠪᠤᠳᠠᠳᠠᠢ ᠦᠢᠯᠡ ᠶᠠᠪᠤᠳᠠᠯ᠂ ᠰᠢᠨᠵᠢᠯᠡᠬᠦ ᠤᠬᠠᠭᠠᠨᠳᠠᠨ ᠤ ᠦᠯᠢᠬᠡᠷ᠂ ᠪᠠᠷᠢᠯᠭ᠎ᠠ ᠶᠢᠨ ᠮᠡᠷᠬᠡᠵᠢᠯ ᠤᠨ ᠠᠵᠢᠯᠳᠠᠨ ᠤ ᠦᠯᠢᠬᠡᠷ᠂ ᠶᠠᠳᠠᠭᠤ ᠶᠢ ᠲᠡᠳᠬᠦᠬᠦ ᠡᠮᠦᠨ᠎ᠡ ᠹᠷᠤᠨᠲ ᠤᠨ ᠺᠠᠳ᠋ᠷ ᠤᠨ ᠦᠯᠢᠬᠡᠷ᠂ ᠡᠬᠡᠯ ᠵᠢᠷ ᠤᠨ ᠬᠦᠳᠡᠯᠮᠦᠷᠢᠴᠢᠳ ᠤᠨ ᠦᠯᠢᠬᠡᠷ ᠤᠳ ᠨᠢ ᠦᠵᠡᠭᠴᠢᠳ ᠯᠦᠭᠡ ᠶᠢᠨ ᠵᠠᠢ ᠶᠢ ᠤᠶᠢᠢᠷᠠᠳᠤᠭᠤᠯᠵᠤ᠂ ᠦᠵᠡᠭᠴᠢᠳ ᠲᠤ ᠬᠠᠯᠠᠭᠤᠨ ᠲᠤᠳᠤᠨᠤ ᠲᠦᠷᠦᠭᠳᠡᠯ ᠦᠯᠡᠳᠡᠭᠡᠨ ᠡᠷᠭᠡ ᠦᠭᠡᠢ ᠰᠡᠳᠬᠢᠯ ᠲᠤᠭᠳᠤᠯᠤᠭᠤᠯᠤᠨ ᠲᠠᠩᠨᠠᠢ ᠱᠠᠭᠰᠢᠭᠤᠯᠤᠨ᠎ᠠ᠃ ᠡᠬᠦᠨ ᠤ ᠤᠯᠠᠮ ᠢᠶᠠᠷ᠂ ᠡᠳᠡᠬᠡᠷ ︽ᠲᠤᠮᠳᠠᠳᠤ ᠶᠢᠨ ᠭᠠᠶᠢᠬᠠᠮᠰᠢᠭ︾ ᠤᠳ ᠪᠤᠯ ᠠᠵᠢᠯᠴᠢ ᠬᠦᠳᠡᠯᠮᠦᠷᠢᠴᠢ ᠰᠤᠤᠳᠤ ᠮᠡᠷᠭᠡᠨ ᠲᠤᠮᠳᠠᠳᠤ ᠶᠢᠨ ᠠᠷᠠᠳ ᠲᠦᠮᠡᠨ ᠤ ᠰᠢᠷᠭᠠᠭᠤ ᠬᠠᠳᠠᠭᠤᠵᠢᠯᠳᠠᠢ ᠲᠡᠮᠡᠴᠡᠯ ᠢᠶᠠᠷ ᠰᠤᠯᠢᠭᠰᠠᠨ ᠬᠡᠳᠡᠭ ᠢ ᠬᠦᠨᠵᠡᠬᠡᠢ ᠤᠶᠢᠢᠯᠠᠭᠠᠭᠤᠯᠤᠨ᠎ᠠ᠃      ︽ᠲᠤᠮᠳᠠᠳᠤ ᠶᠢᠨ ᠭᠠᠶᠢᠬᠠᠮᠰᠢᠭ︾ ᠤᠳ ᠨᠢ ᠦᠨᠳᠦᠰᠦᠳᠠᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠪᠠᠨ ᠲᠡᠷᠬᠡᠯᠰᠢᠬᠦᠯᠬᠦ ᠢᠳᠡᠬᠡᠯ ᠵᠤᠷᠢᠭ ᠢ ᠨᠡᠮᠡᠭᠳᠡᠬᠦᠯᠪᠠ᠃      ᠲᠤᠮᠳᠠᠳᠤ ᠶᠢᠨ ᠦᠨᠳᠦᠰᠦᠳᠠᠨ ᠲᠠᠪᠤᠨ ᠮᠢᠩᠭ᠎ᠠ ᠭᠠᠷᠤᠢ ᠵᠢᠯ ᠤᠨ ᠪᠤᠯᠪᠠᠰᠤᠨ ᠤ ᠲᠡᠦᠬᠡ ᠲᠠᠢ ᠪᠠᠶᠢᠵᠤ᠂ ᠲᠤᠮᠳᠠᠳᠤ ᠶᠢᠨ ᠦᠨᠳᠦᠰᠦᠳᠡᠨ ᠤ ᠬᠡᠷᠡᠯ ᠰᠠᠴᠤᠷᠠᠩᠭᠤᠢ ᠪᠤᠯᠪᠠᠰᠤᠨ ᠢ ᠡᠬᠦᠳᠴᠤ᠂ ᠬᠦᠮᠦᠨ ᠲᠦᠷᠦᠯᠬᠢᠳᠠᠨ ᠤ ᠬᠦᠭᠵᠢᠯᠳᠠ ᠳᠤ ᠲᠤᠪᠤᠶᠢᠮ᠎ᠠ ᠬᠤᠪᠢ ᠨᠠᠮᠠᠷᠢ ᠦᠵᠡᠬᠦᠯᠦᠭᠰᠡᠨ ᠶᠤᠮ᠃ ᠬᠠᠷ᠎ᠠ ᠲᠠᠮᠠᠬᠢ ᠶᠢᠨ ᠲᠠᠶᠢᠨ ᠠᠴᠠ ᠰᠡᠬᠦᠯᠡᠷ᠂ ᠲᠤᠳᠤᠭᠠᠳᠤ ᠶᠢᠨ ᠵᠤᠪᠠᠯᠠᠩ ᠭᠠᠳᠠᠭᠠᠳᠤ ᠶᠢᠨ ᠠᠶᠤᠯ ᠳᠤ ᠲᠤᠯᠭᠠᠷᠠᠨ᠂ ᠲᠠᠶᠢᠨ ᠲᠠᠵᠢᠨ ᠦᠷᠬᠦᠯᠵᠢᠯᠡᠵᠤ᠂ ᠠᠭᠤᠯᠠ ᠤᠰᠤ ᠲᠠᠮᠳᠤᠬᠯᠠᠬᠳᠠᠵᠤ᠂ ᠠᠷᠠᠳ ᠲᠦᠮᠡᠨ ᠠᠮᠢᠳᠤᠷᠠᠬᠤ ᠶᠢᠨ ᠠᠷᠭ᠎ᠠ ᠦᠬᠡᠢ ᠪᠤᠯᠤᠬᠰᠠᠨ ᠪᠠᠶᠢᠳᠠᠯ ᠲᠤᠤᠷ᠎ᠠ᠂ ᠦᠨᠳᠦᠰᠦᠳᠡᠨ ᠤ ᠰᠡᠷᠬᠦᠨ ᠮᠠᠨᠳᠤᠯᠳᠠ ᠶᠢᠨ ᠲᠦᠯᠦᠬᠡ ᠲᠤᠭ᠎ᠠ ᠦᠬᠡᠢ ᠤᠯᠠᠨ ᠪᠠᠭᠠᠳᠤᠷ ᠴᠢᠬᠡᠴᠢ ᠵᠢᠷᠦᠮᠳᠠᠳ ᠨᠤᠭᠤᠷᠠᠰᠢ ᠦᠬᠡᠢ ᠲᠠᠮᠡᠴᠡᠵᠤ᠂ ᠡᠮᠦᠨᠡᠬᠢ ᠨᠢ ᠤᠨᠠᠪᠠᠯ ᠬᠤᠶᠢᠨᠡᠬᠢ ᠨᠢ ᠪᠤᠰᠴᠤ ᠬᠠᠳᠠᠭᠤ ᠪᠡᠷᠬᠡᠰᠢᠶᠠᠯᠳᠠᠢ ᠰᠦᠪᠡᠭᠴᠢᠯᠡᠯᠳᠠ ᠬᠢᠭᠰᠡᠨ ᠪᠠᠶᠢᠨ᠎ᠠ᠃ ᠲᠤᠮᠳᠠᠳᠤ ᠶᠢᠨ ᠦᠨᠳᠦᠰᠦᠳᠠᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠠᠶᠡᠯᠡᠬᠦᠯᠬᠦ ᠪᠤᠯ ᠤᠶᠢᠢᠷ᠎ᠠ ᠦᠶ᠎ᠡ ᠠᠴᠠ ᠨᠠᠰᠢᠬᠢ ᠲᠤᠮᠳᠠᠳᠤ ᠶᠢᠨ ᠦᠨᠳᠦᠰᠦᠳᠡᠨ ᠤ ᠬᠠᠮᠤᠭ ᠤᠨ ᠠᠭᠤᠤ ᠶᠡᠭᠡ ᠬᠦᠰᠡᠯ ᠵᠡᠬᠦᠳᠤ ᠪᠤᠯᠤᠨ᠎ᠠ᠃ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠠᠶᠡᠯᠡᠬᠦᠯᠬᠦ ᠪᠤᠯ ᠴᠠᠭ ᠦᠶ᠎ᠠ ᠶᠢᠨ ᠤᠷᠤᠰᠬᠠᠯ ᠲᠠᠢ ᠨᠠᠶᠢᠴᠠᠵᠤ᠂ ᠠᠷᠠᠳ ᠲᠦᠮᠡᠨ ᠤ ᠰᠠᠨᠠᠭ᠎ᠠ ᠪᠤᠳᠤᠯ ᠲᠠᠢ ᠨᠠᠶᠢᠴᠠᠨ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠦᠨ ᠲᠠᠭᠠᠭᠤᠯᠵᠤ᠂ ᠵᠤᠷᠢᠭᠳᠠᠢ ᠪᠠᠷ ᠦᠬᠡᠷᠡᠴᠢᠯᠠᠯᠳᠠ ᠨᠡᠬᠡᠬᠡᠯᠳᠡ ᠬᠢᠵᠤ᠂ ᠤᠯᠤᠰ ᠪᠠ ᠦᠨᠳᠦᠰᠦᠳᠠᠨ ᠤ ᠬᠦᠭᠵᠢᠯᠳᠠ ᠶᠢ ᠬᠠᠷᠰᠢᠯᠠᠬᠤ ᠠᠯᠢᠪᠠ ᠦᠵᠡᠯ ᠰᠠᠨᠠᠭ᠎ᠠ ᠪᠤᠯᠤᠨ ᠪᠠᠶᠢᠭᠤᠯᠤᠮᠵᠢ ᠶᠢᠨ ᠬᠠᠷᠰᠢ ᠰᠠᠭᠠᠳ ᠢ ᠠᠷᠢᠯᠭᠠᠵᠤ᠂ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠵᠠᠮ ᠢ ᠨᠡᠬᠡᠭᠡᠭᠰᠡᠨ ᠪᠠᠶᠢᠨ᠎ᠠ᠃ ᠦᠬᠡᠳᠡ ᠤᠷᠤᠬᠰᠢᠳᠠᠢ ᠪᠠᠶᠢᠳᠠᠯ ᠳᠤ ᠪᠠᠶᠢᠬᠰᠠᠨ ᠴᠤ ᠲᠡᠷᠡ᠂ ᠪᠡᠷᠬᠡ ᠬᠠᠳᠠᠭᠤᠵᠢᠯᠳᠠᠢ ᠤᠷᠴᠢᠨ ᠳᠤ ᠴᠤ ᠲᠡᠷᠡ᠂ ᠬᠦᠴᠢᠷ ᠪᠡᠷᠬᠡ ᠶᠢᠨ ᠡᠮᠦᠨ᠎ᠡ ᠤᠭ ᠰᠠᠨᠠᠭ᠎ᠠ ᠪᠠᠨ ᠦᠯᠦ ᠮᠡᠷᠳᠡᠨ᠂ ᠵᠤᠷᠢᠬᠰᠠᠨ ᠳᠠᠭᠠᠨ ᠬᠦᠷᠬᠦ ᠪᠠᠷ ᠵᠤᠷᠢᠭᠳᠠᠢ ᠲᠠᠮᠠᠴᠠᠵᠤ᠂ ᠬᠦᠴᠢᠷ ᠢ ᠲᠤᠭᠤᠯᠵᠤ ᠪᠡᠷᠬᠡ ᠶᠢ ᠲᠠᠪᠠᠨ᠂ ᠲᠡᠦᠬᠡ ᠶᠢᠨ ᠬᠠᠭᠤᠳᠠᠰᠤ ᠶᠢ ᠦᠨᠢᠳᠡ ᠬᠡᠶᠢᠬᠦᠯᠬᠦ ︽ᠲᠤᠮᠳᠠᠳᠤ ᠶᠢᠨ ᠭᠠᠶᠢᠬᠠᠮᠰᠢᠭ︾ ᠤᠳ ᠢ ᠡᠬᠦᠳᠴᠤ᠂ ᠤᠯᠤᠰ ᠤᠨ ᠠᠵᠤ ᠠᠬᠤᠢ ᠶᠢᠨ ᠪᠤᠳᠠᠳᠤ ᠬᠦᠴᠦᠨ᠂ ᠰᠢᠨᠵᠢᠯᠡᠬᠦ ᠤᠬᠠᠭᠠᠨ ᠮᠡᠷᠬᠡᠵᠢᠯ ᠤᠨ ᠪᠤᠳᠠᠳᠤ ᠬᠦᠴᠦᠨ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠪᠤᠳᠠᠳᠤ ᠬᠦᠴᠦᠨ᠂ ᠶᠡᠷᠦᠩᠬᠡᠶᠢᠯᠡᠭᠰᠡᠨ ᠤᠯᠤᠰ ᠤᠨ ᠬᠦᠴᠦᠨ ᠢ ᠲᠠᠰᠤᠷᠠᠯᠳᠠ ᠦᠬᠡᠢ ᠪᠤᠵᠠᠭᠠᠶᠢᠢᠷᠠᠭᠤᠯᠵᠤ᠂ ᠲᠡᠯᠡᠬᠡᠢ ᠲᠡᠬᠡᠷᠡᠬᠢ ᠪᠠᠶᠢᠷᠢ ᠰᠠᠭᠤᠷᠢ ᠤᠷᠢᠳᠤ ᠭᠠᠷᠤᠭ᠎ᠠ ᠦᠬᠡᠢ ᠲᠡᠬᠡᠭᠰᠢᠯᠡᠭᠡᠳ᠂ ᠲᠤᠮᠳᠠᠳᠤ ᠶᠢᠨ ᠦᠨᠳᠦᠰᠦᠳᠡᠨ ᠴᠣ᠋ ᠰᠢᠨ᠎ᠠ ᠲᠦᠷᠢ ᠲᠦᠷᠬᠦ ᠪᠠᠷ ᠲᠠᠯᠡᠬᠡᠢ ᠶᠢᠨ ᠲᠤᠷᠤᠨᠠᠳᠠᠬᠢᠨ ᠳᠤ ᠰᠡᠬᠦ᠋ᠢᠨ ᠰᠦᠨᠳᠡᠷᠯᠡᠭᠰᠡᠨ ᠪᠠᠶᠢᠨ᠎ᠠ᠃ ᠪᠠᠷᠢᠮᠳᠠᠳᠤ ᠹᠢᠯᠢᠮ ᠨᠢ ᠪᠤᠰᠤᠳᠴᠢ ᠦᠨᠡᠨ ᠪᠤᠳᠠᠳᠠᠢ ᠪᠠᠷ ᠡᠳᠡᠬᠡᠷ ᠠᠤᠭ᠎ᠠ ᠶᠡᠭᠡ ᠠᠮᠵᠢᠯᠳᠠ ᠶᠢ ᠢᠯᠡᠷᠡᠬᠦᠯᠵᠤ᠂ ᠬᠦᠮᠦᠨ ᠠᠷᠠᠳ ᠲᠤ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠠᠶᠡᠯᠡᠬᠦᠯᠬᠦ ᠬᠠᠷᠠᠯᠳᠠ ᠲᠡᠦᠬᠡ ᠶᠢᠨ ᠶᠠᠮᠠᠷᠪᠡ ᠨᠢᠭᠡ ᠴᠠᠭ ᠦᠶ᠎ᠠ ᠠᠴᠠ ᠨᠡᠩ ᠤᠶᠢᠢᠷ᠎ᠠ᠂ ᠨᠡᠩ ᠢᠳᠡᠬᠡᠯ ᠲᠠᠢ᠂ ᠨᠡᠩ ᠴᠢᠳᠡᠪᠦᠷᠢ ᠲᠠᠢ ᠪᠤᠯᠤᠭᠰᠠᠨ ᠬᠡᠬᠦ ᠲᠦᠷᠦᠭᠳᠡᠯ ᠤᠯᠭᠤᠵᠤ᠂ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠵᠤᠷᠢᠭᠵᠢᠭᠤᠯᠤᠨ ︽ᠬᠠᠨᠴᠦᠢ ᠰᠢᠮᠠᠯᠠᠨ ᠴᠢᠷᠮᠠᠶᠢᠨ ᠠᠵᠢᠯᠯᠠᠵᠤ︾᠂ ᠠᠭᠤᠤ ᠶᠡᠭᠡ ᠢᠨᠵᠧᠨᠧᠷᠢᠩ ᠢ ᠪᠦᠳᠦᠬᠡᠨ ᠪᠠᠶᠢᠭᠤᠯᠵᠤ᠂ ᠠᠭᠤᠤ ᠶᠡᠭᠡ ᠵᠡᠬᠦᠳᠤ ᠶᠢ ᠪᠡᠶᠡᠯᠡᠬᠦᠯᠬᠦ ᠪᠤᠯᠤᠨ᠎ᠠ᠃ ᠪᠠᠷᠢᠮᠳᠠᠳᠤ ᠹᠢᠯᠢᠮ ᠨᠢ ᠠᠷᠠᠳ ᠤᠯᠠᠨ ᠤ ᠤᠯᠤᠰ ᠢᠶᠠᠨ ᠬᠠᠶᠢᠷᠠᠯᠠᠬᠤ ᠤᠷᠬᠢᠯᠤᠮ᠎ᠠ ᠬᠠᠯᠠᠭᠤᠨ ᠰᠡᠳᠬᠢᠯᠭᠡ ᠪᠤᠯᠤᠨ ᠦᠨᠳᠦᠰᠦᠳᠡᠨ ᠤ ᠢᠳᠡᠬᠡᠯ ᠢ ᠨᠢ ᠬᠦᠪᠴᠢᠯᠡᠵᠦ᠂ ᠨᠡᠩ ᠢᠯᠠᠩᠭᠤᠶ᠎ᠠ ᠠᠷᠠᠳ ᠤᠯᠠᠨ ᠤ ᠲᠤᠮᠳᠠᠳᠤ ᠶᠢᠨ ᠦᠨᠳᠦᠰᠦᠳᠠᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠪᠡᠶᠡᠯᠡᠬᠦᠯᠬᠦ ᠤᠮᠤᠭ ᠪᠠᠭ᠋ᠠᠳᠤᠯᠳᠤ ᠰᠡᠳᠬᠢᠯᠬᠡ ᠪᠤᠯᠤᠨ ᠬᠦᠳᠡᠯᠬᠡᠬᠦ ᠬᠦᠴᠦᠨ ᠢ ᠨᠢ ᠬᠦᠭᠵᠢᠬᠡᠭᠰᠡᠨ ᠪᠠᠶᠢᠨ᠎ᠠ᠃      ᠪᠠᠷᠢᠮᠳᠠᠳᠤ ᠹᠢᠯᠢᠮ ︽ᠰᠦᠷᠡᠬᠡᠢ ᠪᠠᠶᠢᠨ᠎ᠠ᠂ ᠡᠬᠡ ᠤᠯᠤᠰ ᠮᠢᠨᠢ︾ ᠰᠦᠷᠯᠢᠭ ᠰᠠᠶᠢᠬᠠᠨ ᠵᠢᠷᠤᠭ ᠲᠦᠷᠰᠦ᠂ ᠤᠮᠤᠭᠯᠠᠩ ᠵᠢᠪᠬᠤᠭᠠᠯᠠᠩ ᠰᠦᠷ ᠪᠠᠶᠢᠳᠠᠯ ᠢᠶᠠᠷ 5 ᠵᠢᠯ ᠤᠨ ᠲᠤᠷᠰᠢᠬᠢ ᠲᠤᠮᠳᠠᠳᠤ ᠤᠯᠤᠰ ᠤᠨ ᠠᠭᠤᠤ ᠶᠡᠭᠡ ᠦᠢᠯᠡᠳᠦᠯᠬᠡ ᠶᠢᠨ ᠤᠯᠤᠬᠰᠠᠨ ᠠᠭᠤᠤ ᠶᠡᠭᠡ ᠠᠮᠵᠢᠯᠳᠠ ᠪᠦᠳᠦᠮᠵᠢ ᠶᠢ ᠢᠯᠡᠷᠡᠬᠦᠯᠵᠤ᠂ ᠠᠭᠤᠤ ᠶᠡᠭᠡ ᠦᠢᠯᠡᠳᠦᠯᠬᠡ ᠪᠠ ᠠᠭᠤᠤ ᠶᠡᠭᠡ ᠠᠮᠵᠢᠯᠳᠠ ᠪᠦᠳᠦᠮᠵᠢ ᠶᠢᠨ ᠠᠷᠤ ᠳᠠᠬᠢ ᠮᠠᠬᠳᠠᠨ ᠲᠠᠭᠤᠯᠠᠭᠤᠰᠢᠳᠠᠢ ᠠᠮᠢᠳᠤᠯᠢᠭ ᠦᠯᠢᠬᠡᠷ ᠤᠳ ᠢ ᠨᠠᠷᠢᠨ ᠲᠤᠭᠠᠴᠢᠵᠤ᠂ ᠲᠤᠮᠳᠠᠳᠤ ᠶᠢᠨ ᠭᠠᠶᠢᠬᠠᠮᠰᠢᠭ ᠢ ᠢᠯᠡᠷᠡᠬᠦᠯᠦᠨ᠂ ᠲᠤᠮᠳᠠᠳᠤ ᠤᠯᠤᠰ ᠤᠨ ᠵᠤᠷᠢᠭ ᠰᠠᠨᠠᠭ᠎ᠠ ᠶᠢ ᠪᠠᠳᠠᠷᠠᠭᠤᠯᠵᠤ᠂ ᠲᠤᠮᠳᠠᠳᠤ ᠶᠢᠨ ᠬᠦᠴᠦᠨ ᠴᠢᠳᠡᠯ ᠢ ᠨᠢᠬᠳᠠᠷᠠᠭᠤᠯᠤᠬᠰᠠᠨ ᠪᠠᠶᠢᠨ᠎ᠠ᠃ ᠡᠨᠡᠬᠦ ᠢᠳᠡᠪᠬᠢ ᠬᠦᠴᠦᠨ ᠢᠶᠠᠷ ᠪᠢᠯᠬᠠᠬᠰᠠᠨ ᠪᠠᠷᠢᠮᠳᠠᠳᠤ ᠹᠢᠯᠢᠮ ᠨᠢ ᠬᠦᠮᠦᠰ ᠤᠨ ᠰᠡᠳᠬᠢᠯ ᠤᠨ ᠴᠤᠤᠷᠢᠶ᠎ᠠ ᠶᠢ ᠲᠤᠯᠬᠢᠰᠤᠭᠤᠯᠵᠤ᠂ ᠲᠤᠮᠳᠠᠳᠤᠴᠤᠳ ᠤᠨ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠴᠢᠳᠠᠯ ᠪᠤᠯᠵᠤ ᠬᠤᠪᠢᠷᠠᠬᠤ ᠨᠢ ᠯᠠᠪᠳᠠᠢ ᠶᠤᠮ᠃                                                   ᠵᠣᠬᠢᠶᠠᠭᠴᠢ᠄ ᠵᠠᠩ ᠹᠦ᠋
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号