2018 ᠣᠨ ᠠᠴᠠ ᠡᠬᠢᠯᠡᠨ ᠬᠡᠷᠡᠭᠵᠢᠬᠦᠯᠦᠭᠰᠡᠨ ᠨᠢᠬᠡ ᠪᠦᠯᠦᠭ ᠰᠢᠨ᠎ᠠ ᠬᠠᠣᠯᠢ ᠲᠣᠭᠳᠠᠭᠠᠯ 
ᠨᠡᠶᠢᠲᠡᠯᠡᠭᠰᠡᠨ ᠴᠠᠭ᠄
2018/6/11
      2018 ᠣᠨ ᠤ 1 ᠰᠠᠷ᠎ᠠ ᠶᠢᠨ 1 ᠤ ᠡᠳᠣᠷ ᠠᠴᠠ ᠡᠬᠢᠯᠠᠵᠣ᠂ ᠪᠦᠬᠦ ᠣᠯᠣᠰ ᠤᠨ ᠬᠡᠪᠴᠢᠶᠡᠨ ᠳᠤ ᠨᠢᠬᠡ ᠪᠦᠯᠦᠭ ᠰᠢᠨ᠎ᠠ ᠬᠠᠣᠯᠢ ᠲᠣᠭᠳᠠᠭᠠᠯ ᠢ ᠲᠣᠭᠳᠠᠭᠠᠨ ᠬᠡᠷᠡᠭᠵᠢᠬᠦᠯᠦᠭᠰᠡᠨ ᠨᠢ ᠪᠢᠳᠡᠨ ᠤ ᠠᠮᠢᠳᠣᠷᠠᠯ ᠣᠶᠢᠢᠯᠡᠳᠪᠦᠷᠢᠯᠠᠯ ᠳᠤ ᠮᠠᠰᠢ ᠣᠯᠠᠨ ᠠᠰᠢᠭ ᠬᠦᠷᠳᠡᠭᠡᠬᠦ ᠪᠣᠯᠣᠨ᠎ᠠ᠃ ᠡᠳᠡᠭᠡᠷ ᠠᠭᠤᠯᠭ᠎ᠠ ᠳᠤ ᠡᠳ᠋ ᠤᠨ ᠵᠠᠰᠠᠭ ᠮᠦᠩᠬᠦᠨ ᠬᠦᠢᠯᠬᠡᠭᠡ ᠵᠡᠷᠭᠡ ᠣᠯᠠᠨ ᠲᠠᠯ᠎ᠠ ᠶᠢ ᠬᠠᠮᠣᠷᠣᠬᠰᠠᠨ ᠪᠠᠶᠢᠨ᠎ᠠ᠃       ᠨᠢᠬᠡ᠂ ᠬᠤᠪᠢ ᠬᠦᠮᠦᠨ ᠤ ᠪᠠᠩᠬᠢ ᠶᠢᠨ ᠺᠠᠷᠲ ᠢᠶᠠᠷ ᠢᠶᠠᠨ ᠬᠢᠯᠢ ᠶᠢᠨ ᠭᠠᠳᠠᠨ᠎ᠠ ᠪᠡᠯᠡᠨ ᠵᠣᠭᠤᠰ ᠭᠠᠷᠭᠠᠵᠣ ᠠᠪᠬᠤ ᠳᠤ ᠵᠢᠯ ᠳᠤ 10 ᠲᠦᠮᠡᠨ ᠠᠷᠠᠳ ᠤᠨ ᠵᠣᠭᠤᠰ ᠠᠴᠠ ᠬᠡᠳᠣᠷᠡᠵᠣ ᠪᠣᠯᠬᠤ ᠦᠭᠡᠢ ᠣᠯᠣᠰ ᠤᠨ ᠭᠠᠳᠠᠭᠠᠳᠣ ᠭᠤᠪᠢᠭᠤᠯᠭ᠎ᠠ ᠶᠢᠨ ᠬᠠᠮᠢᠶᠠᠷᠣᠯᠳᠠ ᠶᠢᠨ ᠲᠣᠪᠴᠢᠶ᠎ᠠ ︽ᠣᠯᠣᠰ ᠤᠨ ᠭᠠᠳᠠᠭᠠᠳᠣ ᠭᠤᠪᠢᠭᠤᠯᠭ᠎ᠠ ᠶᠢᠨ ᠬᠠᠮᠢᠶᠠᠷᠣᠯᠳᠠ ᠶᠢᠨ ᠲᠣᠪᠴᠢᠶ᠎ᠠ ᠶᠢᠨ ᠪᠠᠩᠬᠢ ᠶᠢᠨ ᠺᠠᠷᠲ ᠢᠶᠠᠷ ᠬᠢᠯᠢ ᠶᠢᠨ ᠭᠠᠳᠠᠨ᠎ᠠ ᠶᠡᠭᠡ ᠲᠣᠭᠠᠨ ᠤ ᠪᠡᠯᠡᠨ ᠮᠦᠩᠬᠦ ᠭᠠᠷᠭᠠᠵᠣ ᠠᠪᠬᠤ ᠠᠷᠠᠯᠵᠢᠶ᠎ᠠ ᠶᠢ ᠲᠦᠷᠢᠮᠵᠢᠬᠦᠯᠬᠦ ᠲᠣᠬᠠᠢ ᠮᠡᠳᠡᠭᠳᠡᠯ︾ ᠢ ᠨᠡᠶᠢᠳᠡᠯᠡᠵᠣ᠂ ᠪᠠᠩᠬᠢ ᠶᠢᠨ ᠺᠠᠷᠲ ᠢᠶᠠᠷ ᠬᠢᠯᠢ ᠶᠢᠨ ᠭᠠᠳᠠᠨ᠎ᠠ ᠶᠡᠭᠡ ᠲᠣᠭᠠᠨ ᠤ ᠪᠡᠯᠡᠨ ᠵᠣᠭᠤᠰ ᠭᠠᠷᠭᠠᠵᠣ ᠠᠪᠬᠤ ᠠᠷᠠᠯᠵᠢᠶ᠎ᠠ ᠶᠢ ᠲᠦᠷᠢᠮᠵᠢᠬᠦᠯᠵᠣ᠂ ᠬᠢᠯᠢ ᠠᠯᠣᠰᠯᠠᠨ ᠵᠣᠭᠤᠰ ᠣᠬᠢᠶᠠᠬᠤ ᠶᠢ ᠡᠰᠡᠷᠬᠦᠴᠡᠬᠦ ᠬᠠᠮᠢᠶᠠᠷᠣᠯᠳᠠ ᠶᠢ ᠲᠡᠬᠦᠯᠳᠡᠷᠵᠢᠬᠦᠯᠣᠨ᠎ᠠ ᠬᠡᠵᠣ ᠲᠣᠭᠳᠠᠭᠠᠬᠰᠠᠨ ᠪᠠᠶᠢᠨ᠎ᠠ᠃       ᠬᠤᠪᠢ ᠬᠦᠮᠦᠨ ᠣᠯᠣᠰ ᠤᠨ ᠲᠣᠳᠣᠷᠠᠬᠢ ᠪᠠᠩᠬᠢ ᠶᠢᠨ ᠺᠠᠷᠲ ᠢᠶᠠᠷ ᠢᠶᠠᠨ ᠬᠢᠯᠢ ᠶᠢᠨ ᠭᠠᠳᠠᠨ᠎ᠠ ᠪᠡᠯᠡᠨ ᠵᠣᠭᠤᠰ ᠭᠠᠷᠭᠠᠵᠣ ᠠᠪᠬᠤ ᠳᠤ᠂ ᠬᠤᠪᠢ ᠬᠦᠮᠦᠨ ᠤ ᠨᠡᠷ᠎ᠠ ᠳᠤ ᠪᠠᠶᠢᠭ᠎ᠠ ᠪᠠᠩᠬᠢ ᠶᠢᠨ ᠺᠠᠷᠲ ︵ᠬᠠᠷᠢᠶᠠᠳᠣ ᠺᠠᠷᠲ ᠢ ᠪᠠᠭᠳᠠᠭᠠᠨ᠎ᠠ︶ ᠨᠢ ᠨᠢᠬᠡ ᠵᠢᠯ ᠳᠤ ᠪᠦᠬᠦᠳᠡ ᠶᠢ ᠨᠡᠶᠢᠯᠡᠬᠦᠯᠦᠬᠡᠳ ᠲᠡᠩᠴᠡᠬᠦᠣ ᠦᠷᠳᠡᠭ ᠨᠢ 10 ᠲᠦᠮᠡᠨ ᠠᠷᠠᠳ ᠤᠨ ᠵᠣᠭᠤᠰ ᠠᠴᠠ ᠲᠠᠪᠠᠵᠣ ᠪᠣᠯᠬᠤ ᠦᠭᠡᠢ︔ ᠠᠷᠠᠳ ᠤᠨ ᠵᠣᠭᠤᠰ ᠤᠨ ᠺᠠᠷᠲ ᠪᠣᠯᠣᠨ ᠭᠠᠳᠠᠭᠠᠳᠣ ᠵᠣᠭᠤᠰ ᠤᠨ ᠺᠠᠷᠲ ᠤᠨ ᠬᠢᠯᠢ ᠶᠢᠨ ᠭᠠᠳᠠᠨ᠎ᠠ ᠪᠡᠯᠡᠨ ᠵᠣᠭᠤᠰ ᠭᠠᠷᠭᠠᠵᠣ ᠠᠪᠬᠤ ᠨᠢᠭᠡᠳᠣᠯᠳᠠᠢ ᠬᠡᠮᠵᠢᠶ᠎ᠠ ᠨᠢ ᠡᠳᠣᠷ ᠲᠤ ᠲᠡᠩᠴᠡᠬᠦᠣ ᠦᠷᠳᠡᠭ ᠨᠢ 1 ᠲᠦᠮᠡᠨ ᠠᠷᠠᠳ ᠤᠨ ᠵᠣᠭᠤᠰ ᠠᠴᠠ ᠬᠡᠳᠣᠷᠡᠵᠣ ᠪᠣᠯᠬᠤ ᠦᠭᠡᠢ︔ ᠬᠤᠪᠢ ᠬᠦᠮᠦᠨ ᠣᠯᠣᠰ ᠤᠨ ᠲᠣᠳᠣᠷᠠᠬᠢ ᠪᠠᠩᠬᠢ ᠶᠢᠨ ᠺᠠᠷᠲ ᠢᠶᠠᠷ ᠢᠶᠠᠨ ᠬᠢᠯᠢ ᠶᠢᠨ ᠭᠠᠳᠠᠨ᠎ᠠ ᠪᠡᠯᠡᠨ ᠵᠣᠭᠤᠰ ᠭᠠᠷᠭᠠᠵᠣ ᠠᠪᠣᠬᠰᠠᠨ ᠬᠡᠮᠵᠢᠶ᠎ᠠ ᠨᠢ ᠵᠢᠯ ᠤᠨ ᠭᠠᠷᠭᠠᠵᠣ ᠠᠪᠬᠤ ᠬᠡᠮᠵᠢᠶ᠎ᠠ ᠠᠴᠠ ᠪᠠᠨ ᠲᠠᠪᠠᠭᠰᠠᠨ ᠪᠣᠯ᠂ ᠲᠣᠰ ᠵᠢᠯ ᠪᠠ ᠲᠠᠷᠠᠭ᠎ᠠ ᠵᠢᠯ ᠨᠢ ᠣᠯᠣᠰ ᠤᠨ ᠲᠣᠳᠣᠷᠠᠬᠢ ᠪᠠᠩᠬᠢ ᠶᠢᠨ ᠺᠠᠷᠲ ᠢᠶᠠᠷ ᠢᠶᠠᠨ ᠬᠢᠯᠢ ᠶᠢᠨ ᠭᠠᠳᠠᠨ᠎ᠠ ᠪᠡᠯᠡᠨ ᠵᠣᠭᠤᠰ ᠭᠠᠷᠭᠠᠵᠣ ᠠᠪᠬᠤ ᠶᠢ ᠨᠢ ᠲᠦᠷ ᠵᠣᠬᠰᠣᠭᠠᠨ᠎ᠠ᠃       ᠬᠤᠶᠠᠷ᠂ ᠬᠦᠷᠣᠩᠬᠡ ᠬᠠᠮᠢᠶᠠᠷᠣᠯᠳᠠ ᠶᠢᠨ ᠣᠶᠢᠢᠯᠡᠳᠬᠦᠨ ᠠᠴᠠ 3% ᠤᠨ ᠨᠡᠮᠡᠭᠳᠡᠯ ᠦᠷᠳᠡᠭ ᠤᠨ ᠭᠠᠶᠢᠯᠢ ᠬᠤᠷᠢᠶᠠᠨ᠎ᠠ       ᠡᠳ᠋ ᠤᠨ ᠵᠠᠰᠠᠭ ᠤᠨ ᠶᠠᠮᠣᠨ ᠪᠠ ᠭᠠᠶᠢᠯᠢ ᠶᠢᠨ ᠶᠠᠪᠣᠳᠠᠯ ᠤᠨ ᠶᠡᠷᠣᠩᠬᠡᠢ ᠲᠣᠪᠴᠢᠶᠠᠨ ᠤ ᠨᠢᠳᠣᠨᠣᠨ ᠤ 6 ᠰᠠᠷ᠎ᠠ ᠳᠤ ᠨᠡᠶᠢᠳᠡᠯᠡᠭᠰᠡᠨ ᠬᠦᠷᠣᠩᠬᠡ ᠬᠠᠮᠢᠶᠠᠷᠣᠯᠳᠠ ᠶᠢᠨ ᠣᠶᠢᠢᠯᠡᠳᠬᠦᠨ ᠤ ᠨᠡᠮᠡᠭᠳᠡᠯ ᠦᠷᠳᠡᠭ ᠤᠨ ᠭᠠᠶᠢᠯᠢ ᠶᠢᠨ ᠠᠰᠠᠭᠤᠳᠠᠯ ᠤᠨ ᠲᠣᠬᠠᠢ ᠮᠡᠳᠡᠭᠳᠡᠯ ︵56 ᠲᠣᠭᠠᠳᠣ ᠪᠢᠴᠢᠭ︶ ᠢ ᠦᠨᠳᠣᠰᠣᠯᠡᠪᠠᠯ᠂ ᠬᠦᠷᠣᠩᠬᠡ ᠬᠠᠮᠢᠶᠠᠷᠣᠯᠳᠠ ᠶᠢᠨ ᠣᠶᠢᠢᠯᠡᠳᠬᠦᠨ ᠤ ᠬᠠᠮᠢᠶᠠᠷᠣᠬᠴᠢ ᠬᠦᠷᠣᠩᠬᠡ ᠬᠠᠮᠢᠶᠠᠷᠣᠯᠳᠠ ᠶᠢᠨ ᠣᠶᠢᠢᠯᠡᠳᠬᠦᠨ ᠡᠵᠡᠩᠨᠡᠬᠦ ᠶᠠᠪᠣᠴᠠ ᠳᠤ ᠪᠣᠢ ᠪᠣᠯᠣᠬᠰᠠᠨ ᠨᠡᠮᠡᠭᠳᠡᠯ ᠦᠷᠳᠡᠭ ᠤᠨ ᠭᠠᠶᠢᠯᠢ ᠬᠤᠷᠢᠶᠠᠬᠤ ᠠᠵᠢᠯᠯᠠᠭ᠎ᠠ ᠶᠢ ᠲᠦᠷ ᠲᠦᠭᠦᠮᠴᠢᠯᠡᠵᠣ᠂ 3% ᠤᠨ ᠭᠠᠶᠢᠯᠢ ᠬᠤᠷᠢᠶᠠᠬᠤ ᠨᠣᠷᠮ᠎ᠠ ᠪᠠᠷ ᠨᠡᠮᠡᠭᠳᠡᠯ ᠦᠷᠳᠡᠭ ᠤᠨ ᠭᠠᠶᠢᠯᠢ ᠲᠣᠰᠢᠶᠠᠨ᠎ᠠ ᠬᠡᠵᠣ ᠲᠣᠬᠳᠠᠭᠠᠬᠰᠠᠨ ᠪᠠᠶᠢᠨ᠎ᠠ᠃ ᠨᠢᠳᠣᠨᠣᠨ ᠤ 12 ᠰᠠᠷ᠎ᠠ ᠶᠢᠨ 25 ᠤ ᠡᠳᠣᠷ᠂ ᠡᠳ᠋ ᠤᠨ ᠵᠠᠰᠠᠭ ᠤᠨ ᠶᠠᠮᠣᠨ 56 ᠲᠣᠭᠠᠳᠣ ᠪᠢᠴᠢᠭ ᠤᠨ ︽ᠨᠦᠬᠦᠪᠦᠷᠢ︾ ᠪᠢᠴᠢᠭ ᠮᠠᠲᠧᠷᠢᠶᠠᠯ ᠢ ᠲᠠᠷᠬᠠᠭᠠᠵᠣ᠂ ᠬᠦᠷᠣᠩᠬᠡ ᠬᠠᠮᠢᠶᠠᠷᠣᠯᠳᠠ ᠶᠢᠨ ᠣᠶᠢᠢᠯᠡᠳᠬᠦᠨ ᠠᠴᠠ ᠶᠠᠭᠠᠬᠢᠵᠣ ᠨᠡᠮᠡᠭᠳᠡᠯ ᠦᠷᠳᠡᠭ ᠤᠨ ᠭᠠᠶᠢᠯᠢ ᠬᠤᠷᠢᠶᠠᠬᠤ ᠲᠣᠬᠠᠢ ᠲᠣᠳᠣᠷᠬᠠᠶᠢᠢᠯᠠᠯᠳᠠ ᠬᠢᠭᠰᠡᠨ ᠪᠠᠶᠢᠨ᠎ᠠ᠃       ᠭᠤᠷᠪᠠ᠂ ᠮᠦᠩᠬᠦᠨ ᠬᠦᠢᠯᠬᠡᠬᠡᠨ ᠤ ᠬᠦᠷᠣᠩᠬᠡ ᠬᠠᠮᠢᠶᠠᠷᠣᠯᠳᠠ ᠶᠢᠨ ᠺᠣᠮᠫᠠᠨᠢ ᠶᠢᠨ ᠬᠦᠷᠣᠩᠬᠡ ᠬᠠᠮᠢᠶᠠᠷᠣᠯᠳᠠ ᠶᠢᠨ ᠠᠷᠭ᠎ᠠ       ᠮᠦᠩᠬᠦᠨ ᠬᠦᠢᠯᠬᠡᠬᠡᠨ ᠤ ᠬᠦᠷᠣᠩᠬᠡ ᠬᠠᠮᠢᠶᠠᠷᠣᠯᠳᠠ ᠶᠢᠨ ᠺᠣᠮᠫᠠᠨᠢ ᠶᠢᠨ ᠬᠦᠷᠣᠩᠬᠡ ᠬᠠᠮᠢᠶᠠᠷᠣᠯᠳᠠ ᠶᠢ ᠴᠢᠩᠭᠠᠳᠬᠠᠵᠣ᠂ ᠲᠦᠷᠢᠮ ᠤᠨ ᠲᠣᠳᠠᠭᠤᠳᠠᠯ ᠢ ᠨᠦᠬᠦᠪᠦᠷᠢᠯᠡᠵᠣ᠂ ᠬᠢᠨᠠᠯᠳᠠ ᠬᠠᠮᠢᠶᠠᠷᠣᠯᠳᠠ ᠶᠢᠨ ᠦᠷ᠎ᠠ ᠠᠰᠢᠭ ᠢ ᠲᠡᠭᠡᠭᠰᠢᠯᠡᠬᠦᠯᠵᠣ᠂ ᠬᠦᠷᠣᠩᠬᠡ ᠬᠤᠬᠰᠢᠯ ᠤᠨ ᠺᠣᠮᠫᠠᠨᠢ ᠶᠢ ᠬᠦᠳᠣᠯᠣᠨ ᠵᠢᠯᠣᠭᠤᠳᠴᠣ ᠡᠷᠡᠭᠦᠯ ᠪᠤᠰᠤ ᠭᠤᠣᠯᠯᠠᠬᠤ ᠣᠶᠢᠢᠯᠡᠰ ᠢ ᠣᠯᠠᠮ ᠨᠢᠬᠡ ᠠᠯᠬᠤᠮ ᠲᠦᠪᠯᠡᠷᠡᠬᠦᠯᠵᠣ᠂ ᠪᠣᠳᠠᠳᠣ ᠴᠣᠬᠴᠠᠳᠣ ᠠᠵᠣ ᠠᠬᠤᠢ ᠪᠠ ᠬᠠᠩᠭᠠᠯᠭ᠎ᠠ ᠶᠢᠨ ᠲᠠᠯ᠎ᠠ ᠶᠢᠨ ᠪᠦᠳᠣᠴᠡ ᠶᠢᠨ ᠴᠢᠨᠠᠷᠳᠠᠢ ᠦᠬᠡᠷᠡᠴᠢᠯᠡᠯᠳᠡ ᠳᠤ ᠣᠶᠢᠢᠯᠡᠴᠢᠯᠡᠨ᠂ ᠣᠯᠠᠨ ᠡᠰᠢᠴᠢᠯᠡᠭᠰᠡᠨ ᠡᠵᠡᠩᠨᠡᠯᠳᠡ ᠶᠢ ᠲᠦᠷᠢᠮᠵᠢᠬᠦᠯᠬᠦ ᠶᠢᠨ ᠲᠦᠯᠦᠬᠡ ᠪᠠᠩᠬᠢ ᠶᠢᠨ ᠣᠶᠢᠢᠯᠡᠰ ᠲᠤ ᠬᠢᠨᠠᠯᠳᠠ ᠬᠠᠮᠢᠶᠠᠷᠣᠯᠳᠠ ᠲᠠᠯᠪᠢᠬᠤ ᠵᠦᠪᠯᠡᠯ ᠠᠴᠠ ︽ᠮᠦᠩᠬᠦᠨ ᠬᠦᠢᠯᠬᠡᠬᠡᠨ ᠤ ᠬᠦᠷᠣᠩᠬᠡ ᠬᠤᠬᠰᠢᠯ ᠤᠨ ᠬᠠᠮᠢᠶᠠᠷᠣᠯᠳᠠ ᠶᠢᠨ ᠬᠦᠷᠣᠩᠬᠡ ᠬᠠᠮᠢᠶᠠᠷᠬᠤ ᠠᠷᠭ᠎ᠠ ︵ᠲᠣᠷᠰᠢᠨ ᠬᠡᠷᠡᠭᠵᠢᠬᠦᠯᠬᠦ︶︾ ᠶᠢ 2018 ᠣᠨ ᠤ 1 ᠰᠠᠷ᠎ᠠ ᠶᠢᠨ 1 ᠤ ᠡᠳᠣᠷ ᠠᠴᠠ ᠡᠬᠢᠯᠡᠨ ᠬᠡᠷᠡᠭᠵᠢᠬᠦᠯᠪᠡ᠃       ᠲᠦᠷᠪᠡ᠂ ᠮᠠᠨ ᠤ ᠣᠯᠣᠰ ᠬᠢᠯᠢ ᠪᠠᠷ ᠣᠷᠣᠭᠤᠯᠵᠣ ᠭᠠᠷᠭᠠᠬᠤ ᠪᠣᠭᠤᠮᠳᠠ ᠶᠢᠨ ᠭᠠᠶᠢᠯᠢ ᠳᠤ ᠬᠡᠰᠡᠭ ᠲᠣᠬᠢᠷᠠᠭᠤᠯᠣᠯᠳᠠ ᠬᠢᠪᠠ       2018 ᠣᠨ ᠤ 1 ᠰᠠᠷ᠎ᠠ ᠶᠢᠨ 1 ᠤ ᠡᠳᠣᠷ ᠠᠴᠠ ᠡᠬᠢᠯᠡᠵᠣ ᠬᠢᠯᠢ ᠪᠠᠷ ᠣᠷᠣᠭᠤᠯᠵᠣ ᠭᠠᠷᠭᠠᠬᠤ ᠪᠣᠭᠤᠮᠳᠠ ᠶᠢᠨ ᠭᠠᠶᠢᠯᠢ ᠳᠤ ᠬᠡᠰᠡᠭ ᠲᠣᠬᠢᠷᠠᠭᠤᠯᠣᠯᠳᠠ ᠬᠢᠪᠡ᠃ ᠭᠠᠳᠠᠭᠠᠳᠣ ᠠᠴᠠ ᠣᠷᠣᠭᠤᠯᠬᠤ ᠬᠠᠶᠠᠬᠳᠠᠮᠠᠯ ᠪᠣᠳᠠᠰ ᠤᠨ ᠬᠠᠮᠢᠶᠠᠷᠣᠯᠳᠠ ᠶᠢᠨ ᠭᠠᠷᠴᠠᠭ ᠤᠨ ᠲᠣᠬᠢᠷᠠᠭᠤᠯᠣᠯᠳᠠ ᠶᠢᠨ ᠴᠠᠭ ᠬᠤᠭᠤᠴᠠᠭ᠎ᠠ ᠲᠠᠢ ᠵᠣᠯᠭᠠᠭᠤᠯᠣᠨ ᠮᠠᠬᠨᠢᠳᠣ ᠲᠣᠭᠤᠰᠬ᠎ᠠ᠂ ᠪᠣᠯᠣᠳ ᠤᠨ ᠰᠢᠭᠠᠷᠣ᠂ ᠠᠭᠤᠷᠬᠠᠢ ᠶᠢᠨ ᠰᠢᠭᠠᠷᠣ ᠵᠡᠷᠭᠡ ᠲᠠᠸᠠᠷ ᠢ ᠣᠷᠣᠭᠤᠯᠬᠤ ᠳᠤ ᠲᠦᠷ ᠴᠠᠭ ᠭᠠᠶᠢᠯᠢ ᠶᠢᠨ ᠨᠣᠷᠮ᠎ᠠ ᠶᠢ ᠲᠣᠭᠳᠠᠭᠠᠵᠣ᠂ ᠬᠠᠮᠤᠭ ᠤᠨ ᠬᠠᠷᠠᠭᠠᠯᠵᠠᠯᠳᠣ ᠣᠯᠣᠰ ᠤᠨ ᠭᠠᠶᠢᠯᠢ ᠶᠢᠨ ᠨᠣᠷᠮ᠎ᠠ ᠶᠢ ᠬᠡᠷᠡᠭᠵᠢᠬᠦᠯᠪᠡ᠃ ᠠᠵᠣ ᠣᠶᠢᠢᠯᠡᠰᠵᠢᠯ ᠤᠨ ᠬᠦᠭᠵᠢᠯᠳᠡ ᠪᠠ ᠭᠠᠳᠠᠭᠠᠳᠣ ᠳᠤ ᠭᠠᠷᠭᠠᠬᠤ ᠪᠠᠶᠢᠳᠠᠯ ᠤᠨ ᠬᠤᠪᠢᠷᠠᠯᠳᠠ ᠶᠢ ᠦᠨᠳᠣᠰᠣᠯᠡᠵᠣ᠂ ᠪᠣᠯᠣᠳ ᠮᠠᠲᠧᠷᠢᠶᠠᠯ ᠪᠠ ᠵᠦᠬᠡᠯᠡᠨ ᠨᠣᠭᠤᠭᠠᠨ ᠴᠢᠯᠠᠭᠤ ᠵᠡᠷᠭᠡ ᠣᠶᠢᠢᠯᠡᠳᠬᠦᠨ ᠢ ᠭᠠᠳᠠᠭᠠᠳᠣ ᠳᠤ ᠭᠠᠷᠭᠠᠬᠤ ᠪᠣᠭᠤᠮᠳᠠ ᠶᠢᠨ ᠭᠠᠶᠢᠯᠢ ᠶᠢ ᠬᠦᠴᠣᠨ ᠦᠭᠡᠢ ᠪᠣᠯᠭᠠᠵᠣ᠂ ᠭᠤᠷᠪᠠᠴᠢ ᠨᠡᠶᠢᠯᠡᠮᠡᠯ ᠪᠣᠷᠳᠣᠭᠤᠷ᠂ ᠪᠣᠰᠹᠣᠷ ᠤᠨ ᠪᠣᠷᠣ ᠴᠢᠯᠠᠭᠤᠯᠢᠭ᠂ ᠨᠡᠬᠦᠷᠡᠰᠣᠨ ᠤ ᠬᠡᠣᠳᠡᠰᠣ᠂ ᠮᠣᠳᠣᠨ ᠬᠠᠪᠳᠠᠰᠣ᠂ ᠴᠠᠬᠢᠭᠤᠷ ᠾᠷᠣᠮᠳᠣ ᠲᠡᠮᠣᠷ᠂ ᠪᠣᠯᠣᠳ ᠡᠬᠦᠰᠬᠡᠬᠦᠷ ᠵᠡᠷᠭᠡ ᠣᠶᠢᠢᠯᠡᠳᠬᠦᠨ ᠢ ᠭᠠᠳᠠᠭᠠᠳᠣ ᠳᠤ ᠭᠠᠷᠭᠠᠬᠤ ᠪᠣᠭᠤᠮᠳᠠ ᠶᠢᠨ ᠭᠠᠶᠢᠯᠢ ᠶᠢ ᠪᠠᠭᠤᠷᠠᠭᠤᠯᠪᠡ᠃       ᠲᠠᠪᠤ᠂ ᠪᠦᠬᠦ ᠣᠯᠣᠰ ᠲᠤ ᠣᠷᠴᠢᠨ ᠲᠣᠭᠤᠷᠢᠨ ᠢ ᠬᠠᠮᠠᠭᠠᠯᠠᠬᠤ ᠭᠠᠶᠢᠯᠢ ᠶᠢ ᠬᠤᠷᠢᠶᠠᠵᠣ ᠪᠦᠬᠦᠨ ᠢ ᠣᠷᠣᠨ ᠨᠣᠳᠤᠭ ᠤᠨ ᠣᠷᠣᠯᠭ᠎ᠠ ᠪᠣᠯᠭᠠᠪᠠ       ︽ᠪᠦᠬᠦᠳᠡ ᠨᠠᠶᠢᠷᠠᠮᠳᠠᠬᠤ ᠲᠣᠮᠳᠠᠳᠣ ᠠᠷᠠᠳ ᠣᠯᠣᠰ ᠤᠨ ᠣᠷᠴᠢᠨ ᠲᠣᠭᠤᠷᠢᠨ ᠢ ᠬᠠᠮᠠᠭᠠᠯᠠᠬᠤ ᠭᠠᠶᠢᠯᠢ ᠶᠢᠨ ᠬᠠᠣᠯᠢ︾ ᠶᠢ 2018 ᠣᠨ ᠤ 1 ᠰᠠᠷ᠎ᠠ ᠶᠢᠨ 1 ᠤ ᠡᠳᠣᠷ ᠠᠴᠠ ᠡᠬᠢᠯᠡᠨ ᠬᠡᠷᠡᠭᠵᠢᠬᠦᠯᠵᠣ᠂ ᠲᠣᠰ ᠬᠠᠣᠯᠢ ᠶᠢᠨ ᠲᠣᠭᠳᠠᠭᠠᠯ ᠢᠶᠠᠷ ᠣᠷᠴᠢᠨ ᠲᠣᠭᠤᠷᠢᠨ ᠢ ᠬᠠᠮᠠᠭᠠᠯᠠᠬᠤ ᠭᠠᠶᠢᠯᠢ ᠶᠢ ᠬᠤᠷᠢᠶᠠᠵᠣ᠂ ᠪᠣᠬᠢᠷᠳᠣᠯ ᠢ ᠭᠠᠳᠠᠭᠰᠢᠯᠠᠭᠤᠯᠬᠤ ᠰᠦᠢᠳᠭᠡᠯ ᠢ ᠬᠤᠷᠢᠶᠠᠬᠤ ᠦᠭᠡᠢ ᠪᠣᠯᠪᠠ᠃ ᠣᠳᠣ ᠶᠢᠨ ᠬᠡᠷᠡᠭᠵᠢᠬᠦᠯᠵᠣ ᠪᠠᠶᠢᠭ᠎ᠠ ᠪᠣᠬᠢᠷᠳᠣᠯ ᠢ ᠭᠠᠳᠠᠬᠰᠢᠯᠠᠭᠤᠯᠬᠤ ᠲᠦᠷᠢᠮ ᠤᠨ ᠬᠤᠷᠢᠶᠠᠬᠤ ᠡᠳᠡᠭᠡᠳ ᠲᠠᠢ ᠵᠣᠯᠭᠠᠭᠤᠯᠣᠨ ᠣᠷᠴᠢᠨ ᠲᠣᠭᠤᠷᠢᠨ ᠢ ᠬᠠᠮᠠᠭᠠᠯᠠᠬᠤ ᠭᠠᠶᠢᠯᠢ ᠶᠢᠨ ᠡᠳᠡᠭᠡᠳ ᠨᠢ ᠠᠭᠠᠷ ᠮᠠᠨᠳᠠᠯ ᠢ ᠪᠣᠬᠢᠷᠳᠣᠭᠤᠯᠬᠤ ᠪᠣᠳᠠᠰ᠂ ᠣᠰᠣ ᠶᠢ ᠪᠣᠬᠢᠷᠳᠣᠭᠤᠯᠬᠤ ᠪᠣᠳᠠᠰ᠂ ᠲᠠᠭᠠᠣ ᠱᠣᠤᠬᠢᠶᠠᠨ ᠵᠡᠷᠭᠡ ᠲᠦᠷᠪᠡᠨ ᠲᠦᠷᠦᠯ ᠤᠨ ᠪᠣᠬᠢᠷᠳᠣᠯ ᠪᠣᠳᠠᠰ ᠪᠣᠯᠣᠨ᠎ᠠ᠃ ᠲᠦᠷᠦ ᠶᠢᠨ ᠶᠠᠪᠣᠳᠠᠯ ᠤᠨ ᠬᠤᠷᠢᠶᠠᠨ ᠠᠴᠠ ᠣᠷᠴᠢᠨ ᠲᠣᠭᠤᠷᠢᠨ ᠢ ᠬᠠᠮᠠᠭᠠᠯᠠᠬᠤ ᠭᠠᠶᠢᠯᠢ ᠶᠢ ᠪᠦᠬᠦᠨ ᠢ ᠣᠷᠣᠨ ᠨᠣᠳᠤᠭ ᠤᠨ ᠣᠷᠣᠯᠭ᠎ᠠ ᠪᠣᠯᠭᠠᠨ᠎ᠠ ᠬᠡᠵᠣ ᠲᠣᠬᠳᠠᠭᠠᠬᠰᠠᠨ ᠪᠠᠶᠢᠨ᠎ᠠ᠃       ᠵᠢᠷᠭᠤᠭ᠎ᠠ᠂ ᠲᠦᠪ ᠪᠠᠩᠬᠢ ᠪᠠ ᠪᠠᠩᠬᠢ ᠶᠢᠨ ᠣᠶᠢᠢᠯᠡᠰ ᠲᠤ ᠬᠢᠨᠠᠯᠳᠠ ᠬᠠᠮᠢᠶᠠᠷᠣᠯᠳᠠ ᠲᠠᠯᠪᠢᠬᠤ ᠵᠦᠪᠯᠡᠯ ᠲᠡᠷᠭᠡᠨ ᠤ ᠵᠢᠬᠡᠯᠡᠯᠭᠡ ᠶᠢᠨ ᠲᠦᠷᠦ ᠶᠢᠨ ᠪᠣᠳᠣᠯᠭ᠎ᠠ ᠳᠤ ᠲᠣᠬᠢᠷᠠᠭᠤᠯᠣᠯᠳᠠ ᠬᠢᠪᠡ       ᠲᠦᠪ ᠪᠠᠩᠬᠢ ᠪᠠ ᠪᠠᠩᠬᠢ ᠶᠢᠨ ᠣᠶᠢᠢᠯᠡᠰ ᠲᠤ ᠬᠢᠨᠠᠯᠳᠠ ᠬᠠᠮᠢᠶᠠᠷᠣᠯᠳᠠ ᠲᠠᠯᠪᠢᠬᠤ ᠵᠦᠪᠯᠡᠯ ︽ᠮᠠᠰᠢᠨ ᠲᠡᠷᠭᠡᠨ ᠤ ᠵᠢᠬᠡᠯᠡᠯᠭᠡ ᠶᠢᠨ ᠬᠠᠮᠢᠶᠠᠷᠣᠯᠳᠠ ᠶᠢᠨ ᠠᠷᠭ᠎ᠠ︾ ᠳᠤ ᠵᠠᠰᠠᠪᠦᠷᠢ ᠣᠷᠣᠭᠤᠯᠵᠣ᠂ 2018 ᠣᠨ ᠤ 1 ᠰᠠᠷ᠎ᠠ ᠶᠢᠨ 1 ᠤ ᠡᠳᠣᠷ ᠠᠴᠠ ᠡᠬᠢᠯᠡᠨ ᠬᠡᠷᠡᠭᠵᠢᠬᠦᠯᠪᠡ᠃ ᠰᠢᠨ᠎ᠠ ᠠᠷᠭ᠎ᠠ ᠶᠢ ᠦᠨᠳᠣᠰᠣᠯᠡᠪᠡᠯ᠂ ᠬᠤᠪᠢ ᠶᠢᠨ ᠬᠡᠷᠡᠭᠯᠡᠭᠡᠨ ᠤ ᠣᠯᠠᠮᠵᠢᠯᠠᠯᠳᠣ ᠬᠦᠳᠡᠯᠭᠡᠬᠦ ᠬᠦᠴᠣᠨᠳᠣ ᠮᠠᠰᠢᠨ ᠲᠡᠷᠭᠡᠨ ᠤ ᠵᠢᠬᠡᠯᠡᠯᠭᠡ ᠶᠢᠨ ᠬᠠᠷᠢᠴᠠᠯ ᠢ ᠬᠠᠮᠤᠭ ᠦᠨᠳᠣᠷ ᠲᠡᠭᠡᠨ 80%᠂ ᠠᠷᠠᠯᠵᠢᠶᠠᠨ ᠳᠤ ᠬᠡᠷᠡᠭᠯᠡᠬᠦ ᠣᠯᠠᠮᠵᠢᠯᠠᠯᠳᠣ ᠬᠦᠳᠡᠯᠭᠡᠬᠦ ᠬᠦᠴᠣᠨᠳᠣ ᠮᠠᠰᠢᠨ ᠲᠡᠷᠭᠡᠨ ᠤ ᠵᠢᠬᠡᠯᠡᠯᠭᠡ ᠶᠢᠨ ᠬᠠᠷᠢᠴᠠᠯ ᠢ ᠬᠠᠮᠤᠭ ᠦᠨᠳᠣᠷ ᠲᠡᠭᠡᠨ 70%᠂ ᠬᠤᠪᠢ ᠶᠢᠨ ᠬᠡᠷᠡᠭᠯᠡᠭᠡᠨ ᠤ ᠰᠢᠨ᠎ᠠ ᠡᠨᠧᠷᠬᠢ ᠶᠢᠨ ᠮᠠᠰᠢᠨ ᠲᠡᠷᠭᠡᠨ ᠤ ᠵᠢᠬᠡᠯᠡᠯᠭᠡ ᠶᠢᠨ ᠬᠠᠷᠢᠴᠠᠯ ᠢ ᠬᠠᠮᠤᠭ ᠦᠨᠳᠣᠷ ᠲᠡᠭᠡᠨ 85%᠂ ᠠᠷᠠᠯᠵᠢᠶᠠᠨ ᠳᠤ ᠬᠡᠷᠡᠭᠯᠡᠬᠦ ᠰᠢᠨ᠎ᠠ ᠡᠨᠧᠷᠬᠢ ᠶᠢᠨ ᠮᠠᠰᠢᠨ ᠲᠡᠷᠭᠡᠨ ᠤ ᠵᠢᠬᠡᠯᠡᠯᠭᠡ ᠶᠢᠨ ᠬᠠᠷᠢᠴᠠᠯ ᠢ ᠬᠠᠮᠤᠭ ᠦᠨᠳᠣᠷ ᠲᠡᠭᠡᠨ 75%᠂ ᠭᠠᠷ ᠲᠠᠮᠵᠢᠬᠰᠠᠨ ᠮᠠᠰᠢᠨ ᠲᠡᠷᠭᠡᠨ ᠤ ᠵᠢᠬᠡᠯᠡᠯᠭᠡ ᠶᠢᠨ ᠬᠠᠷᠢᠴᠠᠯ ᠢ ᠬᠠᠮᠤᠭ ᠦᠨᠳᠣᠷ ᠲᠡᠭᠡᠨ 70% ᠬᠡᠵᠣ ᠲᠣᠬᠳᠠᠭᠠᠭᠰᠠᠨ ᠪᠠᠶᠢᠨ᠎ᠠ᠃       ᠲᠣᠯᠤᠭ᠎ᠠ᠂ ᠮᠠᠰᠢᠨ ᠲᠡᠷᠭᠡ ᠬᠤᠳᠠᠯᠳᠣᠨ ᠠᠪᠬᠤ ᠭᠠᠶᠢᠯᠢ ᠶᠢ ᠦᠰᠭᠡᠭᠡᠳ 7.5% ᠠᠴᠠ 10% ᠪᠣᠯᠭᠠᠪᠠ       ᠮᠠᠨ ᠤ ᠣᠯᠣᠰ 1.6 ᠯᠢᠳ᠋ᠷ ᠠᠴᠠ ᠲᠣᠷᠣᠬᠰᠢᠬᠢ ᠬᠡᠢ ᠭᠠᠳᠠᠬᠰᠢᠯᠠᠭᠤᠯᠬᠤ ᠰᠠᠭᠤᠳᠠᠯ ᠤᠨ ᠮᠠᠰᠢᠨ ᠲᠡᠷᠭᠡ ᠬᠤᠳᠠᠯᠳᠣᠨ ᠠᠪᠬᠤ ᠭᠠᠶᠢᠯᠢ ᠶᠢᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ 2017 ᠣᠨ ᠤ ᠰᠡᠬᠦᠯᠴᠢ ᠪᠣᠯᠳᠠᠯ᠎ᠠ ᠬᠡᠷᠡᠭᠵᠢᠬᠦᠯᠵᠣ᠂ 2018 ᠣᠨ ᠤ 1 ᠰᠠᠷ᠎ᠠ ᠶᠢᠨ 1 ᠤ ᠡᠳᠣᠷ ᠠᠴᠠ ᠠᠴᠠ ᠡᠬᠢᠯᠡᠵᠣ᠂ ᠮᠠᠰᠢᠨ ᠲᠡᠷᠭᠡ ᠬᠤᠳᠠᠯᠳᠣᠨ ᠠᠪᠬᠤ ᠭᠠᠶᠢᠯᠢ ᠶᠢ ᠦᠩᠬᠡᠷᠡᠭᠰᠡᠨ ᠤ 7.5% ᠠᠴᠠ ᠦᠰᠬᠡᠬᠡᠳ 10% ᠪᠣᠯᠭᠠᠪᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号