2018 ᠣᠨ ᠠᠴᠠ ᠡᠬᠢᠯᠡᠨ ᠬᠡᠷᠡᠭᠵᠢᠬᠦᠯᠦᠭᠰᠡᠨ ᠨᠢᠬᠡ ᠪᠦᠯᠦᠭ ᠰᠢᠨ᠎ᠠ ᠬᠠᠣᠯᠢ ᠲᠣᠭᠳᠠᠭᠠᠯ ︵ᠭᠤᠷᠪᠠ︶ 
ᠨᠡᠶᠢᠲᠡᠯᠡᠭᠰᠡᠨ ᠴᠠᠭ᠄
2018/6/11
       ᠠᠷᠪᠠᠨ ᠲᠣᠯᠤᠭ᠎ᠠ᠂ ᠰᠢᠨ᠎ᠠ ︽ᠭᠠᠵᠠᠷ ᠤᠨ ᠵᠢᠷᠤᠭ ᠢ ᠬᠢᠨᠠᠨ ᠬᠠᠷᠭᠤᠭᠤᠯᠵᠣ ᠬᠠᠮᠢᠶᠠᠷᠬᠤ ᠲᠣᠭᠳᠠᠭᠠᠯ︾ ᠢ ᠵᠢᠩᠬᠢᠨᠢ ᠪᠠᠷ ᠨᠡᠶᠢᠳᠡᠯᠡᠪᠡ       ᠨᠢᠳᠣᠨᠣᠨ ᠤ 11 ᠰᠠᠷ᠎ᠠ ᠶᠢᠨ 28 ᠤ ᠡᠳᠣᠷ᠂ ᠣᠯᠣᠰ ᠤᠨ ᠭᠠᠵᠠᠷ ᠰᠢᠷᠣᠢ ᠶᠢᠨ ᠡᠬᠢ ᠪᠠᠶᠠᠯᠢᠭ ᠤᠨ ᠬᠤᠯᠪᠣᠬᠳᠠᠯ ᠪᠦᠬᠦᠢ ᠰᠠᠯᠠᠭ᠎ᠠ ᠮᠦᠴᠢᠷ ᠠᠴᠠ ᠰᠢᠨ᠎ᠠ ᠵᠠᠰᠠᠪᠦᠷᠢ ᠣᠷᠣᠭᠤᠯᠣᠬᠰᠠᠨ ︽ᠭᠠᠵᠠᠷ ᠤᠨ ᠵᠢᠷᠤᠭ ᠢ ᠬᠢᠨᠠᠨ ᠬᠠᠷᠭᠤᠭᠤᠯᠵᠣ ᠬᠠᠮᠢᠶᠠᠷᠬᠤ ᠲᠣᠭᠳᠠᠭᠠᠯ︾ ᠢ ᠨᠡᠶᠢᠳᠡᠯᠡᠵᠣ᠂ ᠡᠨᠡ ᠵᠢᠯ ᠤᠨ 1 ᠰᠠᠷ᠎ᠠ ᠶᠢᠨ 1 ᠡᠳᠣᠷ ᠠᠴᠠ ᠡᠬᠢᠯᠡᠨ ᠬᠡᠷᠡᠭᠵᠢᠬᠦᠯᠪᠡ᠂ ᠨᠡᠶᠢᠳᠡ 34 ᠵᠣᠷᠪᠣᠰ᠃       ᠠᠷᠪᠠᠨ ᠨᠠᠶᠢᠮᠠ᠂ ᠰᠢᠬᠦᠭᠴᠢ ᠶᠢᠨ ᠬᠠᠣᠯᠢ᠂ ᠪᠠᠶᠢᠴᠠᠭᠠᠬᠴᠢ ᠶᠢᠨ ᠬᠠᠣᠯᠢ᠂ ᠬᠠᠣᠯᠢᠴᠢ ᠶᠢᠨ ᠬᠠᠣᠯᠢ ᠵᠡᠷᠭᠡ ᠨᠠᠶᠢᠮᠠᠨ ᠬᠠᠣᠯᠢ ᠳᠤ ᠵᠠᠰᠠᠪᠦᠷᠢ ᠣᠷᠣᠭᠤᠯᠪᠠ       ᠠᠷᠪᠠᠨ ᠬᠤᠶᠠᠳᠣᠭᠠᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢ ᠶᠢᠰᠣᠳᠣᠭᠡᠷ ᠬᠤᠷᠠᠯ ᠠᠴᠠ ᠰᠢᠢᠳᠪᠦᠷᠢ ᠭᠠᠷᠭᠠᠵᠣ ︽ᠪᠦᠬᠦᠳᠡ ᠨᠠᠶᠢᠷᠠᠮᠳᠠᠬᠤ ᠲᠣᠮᠳᠠᠳᠣ ᠠᠷᠠᠳ ᠣᠯᠣᠰ ᠤᠨ ᠰᠢᠬᠦᠭᠴᠢ ᠶᠢᠨ ᠬᠠᠣᠯᠢ︾᠂ ︽ᠪᠦᠬᠦᠳᠡ ᠨᠠᠶᠢᠷᠠᠮᠳᠠᠬᠤ ᠲᠣᠮᠳᠠᠳᠣ ᠠᠷᠠᠳ ᠣᠯᠣᠰ ᠤᠨ ᠪᠠᠶᠢᠴᠠᠭᠠᠬᠴᠢ ᠶᠢᠨ ᠬᠠᠣᠯᠢ︾᠂ ︽ᠪᠦᠬᠦᠳᠡ ᠨᠠᠶᠢᠷᠠᠮᠳᠠᠬᠤ ᠲᠣᠮᠳᠠᠳᠣ ᠠᠷᠠᠳ ᠣᠯᠣᠰ ᠤᠨ ᠬᠠᠣᠯᠢᠴᠢ ᠶᠢᠨ ᠬᠠᠣᠯᠢ︾᠂ ︽ᠪᠦᠬᠦᠳᠡ ᠨᠠᠶᠢᠷᠠᠮᠳᠠᠬᠤ ᠲᠣᠮᠳᠠᠳᠣ ᠠᠷᠠᠳ ᠣᠯᠣᠰ ᠤᠨ ᠠᠯᠪᠠᠨ ᠬᠡᠷᠡᠴᠢᠯᠡᠭᠡ ᠶᠢᠨ ᠬᠠᠣᠯᠢ︾᠂ ︽ᠪᠦᠬᠦᠳᠡ ᠨᠠᠶᠢᠷᠠᠮᠳᠠᠬᠤ ᠲᠣᠮᠳᠠᠳᠣ ᠠᠷᠠᠳ ᠣᠯᠣᠰ ᠤᠨ ᠬᠦᠨᠳᠡᠯᠡᠨ ᠠᠴᠠ ᠲᠠᠰᠣᠯᠬᠤ ᠬᠠᠣᠯᠢ︾᠂ ︽ᠪᠦᠬᠦᠳᠡ ᠨᠠᠶᠢᠷᠠᠮᠳᠠᠬᠤ ᠲᠣᠮᠳᠠᠳᠣ ᠠᠷᠠᠳ ᠣᠯᠣᠰ ᠤᠨ ᠵᠠᠰᠠᠭ ᠵᠠᠬᠢᠷᠭᠠᠨ ᠤ ᠲᠠᠬᠢᠨ ᠵᠦᠪᠯᠡᠬᠦ ᠬᠠᠣᠯᠢ︾᠂ ︽ᠪᠦᠬᠦᠳᠡ ᠨᠠᠶᠢᠷᠠᠮᠳᠠᠬᠤ ᠲᠣᠮᠳᠠᠳᠣ ᠠᠷᠠᠳ ᠣᠯᠣᠰ ᠤᠨ ᠵᠠᠰᠠᠭ ᠵᠠᠬᠢᠷᠭᠠᠨ ᠤ ᠲᠣᠷᠭᠠᠭᠤᠯᠢ ᠶᠢᠨ ᠬᠠᠣᠯᠢ︾ ᠵᠡᠷᠭᠡ ᠨᠠᠶᠢᠮᠠᠨ ᠬᠠᠣᠯᠢ ᠳᠤ ᠵᠠᠰᠠᠪᠦᠷᠢ ᠣᠷᠣᠭᠤᠯᠵᠣ᠂ 2018 ᠣᠨ ᠤ 1 ᠰᠠᠷ᠎ᠠ ᠶᠢᠨ 1 ᠡᠳᠣᠷ ᠠᠴᠠ ᠡᠬᠢᠯᠡᠨ ᠬᠡᠷᠡᠭᠵᠢᠬᠦᠯᠪᠡ᠃       ᠠᠷᠪᠠ ᠶᠢᠰᠣ᠂ ᠪᠠᠷᠢᠯᠭ᠎ᠠ ᠶᠢᠨ ᠵᠣᠭᠤᠰ ᠢ ᠦᠷᠢᠳᠣᠪᠡᠯ ︽ᠬᠠᠷ᠎ᠠ ᠨᠡᠷ᠎ᠠ ᠶᠢᠨ ᠲᠠᠩᠰᠠ︾ ᠳᠤ ᠣᠷᠣᠭᠤᠯᠣᠨ᠎ᠠ       ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠳᠣᠭᠡᠨ ᠪᠠᠶᠢᠭᠤᠯᠣᠯᠳᠠ ᠶᠢᠨ ᠶᠠᠮᠣᠨ ︽ᠪᠠᠷᠢᠯᠭ᠎ᠠ ᠶᠢᠨ ᠵᠠᠬ᠎ᠠ ᠲᠡᠯᠭᠡᠬᠦᠷ ᠤᠨ ᠢᠳᠡᠭᠡᠯ ᠤᠨ ᠬᠠᠮᠢᠶᠠᠷᠣᠯᠳᠠ ᠶᠢᠨ ᠲᠦᠷ ᠬᠡᠷᠡᠭᠵᠢᠬᠦᠯᠬᠦ ᠠᠷᠭ᠎ᠠ︾ ᠶᠢ ᠨᠡᠶᠢᠳᠡᠯᠡᠵᠣ᠂ 2018 ᠣᠨ ᠤ 1 ᠰᠠᠷ᠎ᠠ ᠶᠢᠨ 1 ᠤ ᠡᠳᠣᠷ ᠠᠴᠠ ᠡᠬᠢᠯᠡᠨ ᠬᠡᠷᠡᠭᠵᠢᠬᠦᠯᠪᠡ᠃ ᠲᠣᠰ ᠠᠷᠭ᠎ᠠ ᠳᠤ ᠪᠠᠷᠢᠯᠭ᠎ᠠ ᠶᠢᠨ ᠵᠣᠭᠤᠰ ᠢ ᠦᠷᠢᠳᠣᠬᠦ ᠵᠡᠷᠭᠡ ᠪᠠᠶᠢᠳᠠᠯ ᠭᠠᠷᠪᠠᠯ ᠪᠠᠷᠢᠯᠭ᠎ᠠ ᠶᠢᠨ ᠵᠠᠬ᠎ᠠ ᠲᠡᠯᠭᠡᠬᠦᠷ ᠤᠨ ᠡᠯ᠎ᠠ ᠲᠠᠯ᠎ᠠ ᠶᠢᠨ ᠭᠤᠣᠯ ᠴᠣᠬᠴᠠ ᠶᠢ ᠪᠠᠷᠢᠯᠭ᠎ᠠ ᠶᠢᠨ ᠵᠠᠬ᠎ᠠ ᠲᠡᠯᠭᠡᠬᠦᠷ ᠤᠨ ᠭᠤᠣᠯ ᠴᠣᠬᠴᠠ ᠶᠢᠨ ︽ᠬᠠᠷ᠎ᠠ ᠨᠠᠷ᠎ᠠ ᠶᠢᠨ ᠲᠠᠩᠰᠠ︾ ᠳᠤ ᠣᠷᠣᠭᠤᠯᠣᠨ᠎ᠠ ᠬᠡᠵᠣ ᠲᠣᠬᠳᠠᠭᠠᠬᠰᠠᠨ ᠪᠠᠶᠢᠨ᠎ᠠ᠃ ᠡᠬᠦᠨ ᠤ ᠬᠠᠮᠳᠣ ᠪᠠᠰᠠ ᠬᠦᠮᠦᠨ ᠤ ᠬᠦᠴᠣᠨ ᠤ ᠡᠬᠢ ᠪᠠᠶᠠᠯᠢᠭ ᠤᠨ ᠪᠠᠳᠣᠯᠠᠪᠦᠷᠢ ᠶᠢᠨ ᠰᠠᠯᠠᠭ᠎ᠠ ᠮᠦᠴᠢᠷ ᠲᠤ ᠬᠦᠯᠦᠰᠣᠨ ᠲᠠᠷᠢᠶᠠᠴᠢᠨ ᠤ ᠴᠠᠯᠢᠩ ᠢ ᠦᠷᠢᠳᠣᠵᠣ ︽ᠬᠠᠷ᠎ᠠ ᠨᠠᠷ᠎ᠠ ᠶᠢᠨ ᠲᠠᠩᠰᠠ︾ ᠳᠤ ᠣᠷᠣᠬᠰᠠᠨ ᠪᠠᠷᠢᠯᠭ᠎ᠠ ᠶᠢᠨ ᠵᠠᠬ᠎ᠠ ᠲᠡᠯᠭᠡᠬᠦᠷ ᠤᠨ ᠡᠯ᠎ᠠ ᠲᠠᠯ᠎ᠠ ᠶᠢᠨ ᠭᠤᠣᠯ ᠴᠣᠬᠴᠠ ᠵᠠᠬ᠎ᠠ ᠲᠡᠯᠭᠡᠬᠦᠷ ᠲᠤ ᠣᠷᠣᠬᠤ᠂ ᠬᠢᠷᠢ ᠬᠡᠮ ᠤᠨ ᠬᠠᠮᠢᠶᠠᠷᠣᠯᠳᠠ᠂ ᠲᠠᠭᠠᠭᠠᠴᠢᠯᠠᠯᠳᠠ ᠵᠠᠷᠯᠠᠬᠤ ᠲᠠᠭᠠᠭᠠᠴᠢᠯᠠᠯᠳᠠ ᠳᠤ ᠣᠷᠣᠯᠴᠠᠬᠤ ᠵᠡᠷᠭᠡ ᠲᠠᠯ᠎ᠠ ᠪᠠᠷ ᠬᠠᠣᠯᠢ ᠶᠣᠰᠣᠭᠠᠷ ᠬᠢᠵᠠᠭᠠᠷᠯᠠᠨ᠎ᠠ ᠬᠡᠵᠣ ᠲᠣᠬᠳᠠᠭᠠᠬᠰᠠᠨ ᠪᠠᠶᠢᠨ᠎ᠠ᠃       ᠬᠤᠷᠢ᠂ ᠨᠡᠶᠢᠳᠡ ᠶᠢᠨ ᠨᠣᠮ ᠤᠨ ᠰᠠᠩ ᠤᠨ ᠲᠦᠷᠪᠡᠨ ᠲᠦᠷᠦᠯ ᠤᠨ ᠣᠶᠢᠢᠯᠡᠴᠢᠯᠡᠭᠡᠨ ᠤ ᠰᠦᠢᠳᠭᠡᠯ ᠢ ᠬᠡᠯᠳᠣᠷᠢᠬᠦᠯᠪᠠ       ︽ᠪᠦᠬᠦᠳᠡ ᠨᠠᠶᠢᠷᠠᠮᠳᠠᠬᠤ ᠲᠣᠮᠳᠠᠳᠣ ᠠᠷᠠᠳ ᠣᠯᠣᠰ ᠤᠨ ᠨᠡᠶᠢᠳᠡ ᠶᠢᠨ ᠨᠣᠮ ᠤᠨ ᠰᠠᠩ ᠤᠨ ᠬᠠᠣᠯᠢ︾ ᠶᠢ 2018 ᠣᠨ ᠤ 1 ᠰᠠᠷ᠎ᠠ ᠶᠢᠨ 1 ᠡᠳᠣᠷ ᠠᠴᠠ ᠡᠬᠢᠯᠡᠨ ᠬᠡᠷᠡᠭᠵᠢᠬᠦᠯᠪᠡ᠃ ᠨᠡᠶᠢᠳᠡ ᠶᠢᠨ ᠨᠣᠮ ᠤᠨ ᠰᠠᠩ ᠤᠨ ᠬᠠᠣᠯᠢ ᠳᠤ ᠨᠡᠶᠢᠳᠡ ᠶᠢᠨ ᠨᠣᠮ ᠤᠨ ᠰᠠᠩ ᠤᠨ ᠪᠦᠳᠣᠭᠡᠨ ᠪᠠᠶᠢᠭᠤᠯᠣᠯᠳᠠ᠂ ᠡᠷᠬᠢᠯᠳᠡ᠂ ᠣᠶᠢᠢᠯᠡᠴᠢᠯᠡᠭᠡ᠂ ᠬᠠᠮᠢᠶᠠᠷᠣᠯᠳᠠ ᠪᠠ ᠪᠠᠳᠣᠯᠠᠪᠦᠷᠢ ᠵᠡᠷᠭᠡ ᠲᠠᠯ᠎ᠠ ᠪᠠᠷ ᠪᠣᠳᠠᠳᠠᠢ ᠲᠣᠭᠳᠠᠭᠠᠯ ᠭᠠᠷᠭᠠᠵᠣ᠂ ᠲᠦᠷᠪᠡᠨ ᠲᠦᠷᠦᠯ ᠤᠨ ᠣᠶᠢᠢᠯᠡᠴᠢᠯᠡᠭᠡᠨ ᠤ ᠰᠦᠢᠳᠭᠡᠯ ᠢ ᠬᠡᠯᠳᠣᠷᠢᠬᠦᠯᠣᠨ᠎ᠠ ᠬᠡᠵᠣ ᠲᠣᠭᠳᠠᠭᠠᠪᠠ᠃       ᠬᠤᠷᠢᠨ ᠨᠢᠬᠡ᠂ BIM ᠬᠦᠷᠢᠶ᠎ᠠ ᠬᠡᠪᠴᠢᠶᠡᠨ ᠳᠠᠬᠢ ᠠᠩᠬᠠᠳᠠᠬᠴᠢ ᠨᠠᠷᠢᠨ ᠲᠦᠷᠢᠮ ᠤᠨ ᠴᠢᠨᠠᠷᠳᠠᠢ ᠣᠯᠣᠰ ᠤᠨ ᠪᠠᠷᠢᠮᠵᠢᠶ᠎ᠠ ᠶᠢ ᠬᠡᠷᠡᠭᠵᠢᠬᠦᠯᠪᠡ ᠪᠠᠷᠢᠯᠭ᠎ᠠ ᠶᠢᠨ ᠮᠡᠳᠡᠭᠡ ᠵᠠᠩᠬᠢ ᠶᠢᠨ ᠵᠠᠬᠪᠣᠷ ︵BIM︶ ᠤᠨ ᠬᠦᠷᠢᠶ᠎ᠠ ᠬᠡᠪᠴᠢᠶᠡᠨ ᠳᠠᠬᠢ ᠠᠩᠬᠠᠳᠠᠬᠴᠢ ᠨᠠᠷᠢᠨ ᠲᠦᠷᠢᠮ ᠤᠨ ᠴᠢᠨᠠᠷᠳᠠᠢ ᠣᠯᠣᠰ ᠤᠨ ᠪᠠᠷᠢᠮᠵᠢᠶ᠎ᠠ ︽ᠪᠠᠷᠢᠯᠭ᠎ᠠ ᠶᠢᠨ ᠮᠡᠳᠡᠭᠡ ᠵᠠᠩᠬᠢ ᠶᠢᠨ ᠵᠠᠬᠪᠣᠷ ᠤᠨ ᠪᠠᠷᠢᠯᠭ᠎ᠠ ᠪᠠᠷᠢᠬᠤ ᠬᠡᠷᠡᠭᠯᠡᠭᠡᠨ ᠤ ᠪᠠᠷᠢᠮᠵᠢᠶ᠎ᠠ︾ ᠶᠢ 2018 ᠣᠨ ᠤ 1 ᠰᠠᠷ᠎ᠠ ᠶᠢᠨ 1 ᠡᠳᠣᠷ ᠠᠴᠠ ᠡᠬᠢᠯᠡᠨ ᠬᠡᠷᠡᠭᠵᠢᠬᠦᠯᠪᠡ᠃ ᠲᠣᠰ ᠪᠠᠷᠢᠮᠵᠢᠶ᠎ᠠ ᠪᠣᠯ ᠮᠠᠨ ᠤ ᠣᠯᠣᠰ ᠤᠨ ᠲᠦᠷᠦᠬᠦᠣ ᠪᠦᠯᠦᠭ ᠪᠠᠷᠢᠯᠭ᠎ᠠ ᠶᠢᠨ ᠢᠨᠵᠧᠨᠧᠷᠢᠩ ᠤᠨ ᠪᠠᠷᠢᠯᠭ᠎ᠠ ᠪᠠᠷᠢᠬᠤ ᠬᠦᠷᠢᠶ᠎ᠠ ᠬᠡᠪᠴᠢᠶᠡᠨ ᠳᠠᠬᠢ BIM ᠬᠡᠷᠡᠭᠯᠡᠭᠡᠨ ᠤ ᠪᠠᠷᠢᠮᠵᠢᠶ᠎ᠠ ᠪᠣᠯᠣᠨ᠎ᠠ᠂ ᠮᠠᠨ ᠤ ᠣᠯᠣᠰ ᠤᠨ BIM ᠮᠡᠷᠭᠡᠵᠢᠯ ᠤᠨ ᠬᠡᠷᠡᠭᠯᠡᠭᠡᠨ ᠤ ᠪᠠᠷᠢᠮᠵᠢᠶ᠎ᠠ ᠶᠢᠨ ᠬᠤᠭᠤᠰᠣᠨ ᠢ ᠨᠦᠬᠦᠪᠦᠷᠢᠯᠡᠭᠰᠡᠨ ᠪᠠᠶᠢᠨ᠎ᠠ᠃       ᠬᠤᠷᠢᠨ ᠬᠤᠶᠠᠷ᠂ ᠲᠦᠷᠬᠡᠨ ᠤ ᠵᠠᠮ ᠤᠨ ᠨᠡᠮᠡᠭᠳᠡᠯ ᠦᠷᠳᠡᠭ ᠤᠨ ᠭᠠᠶᠢᠯᠢ ᠳᠤ ᠡᠯᠧᠳ᠋ᠷᠣᠨ ᠪᠢᠯᠧᠲ ᠦᠭᠴᠣ ᠪᠣᠯᠣᠨ᠎ᠠ       2018 ᠣᠨ ᠤ 1 ᠰᠠᠷ᠎ᠠ ᠶᠢᠨ 1 ᠡᠳᠣᠷ ᠠᠴᠠ ᠡᠬᠢᠯᠡᠵᠣ᠂ ETC ᠢ ᠬᠡᠷᠡᠭᠯᠡᠬᠦ ᠪᠣᠶᠣ ᠬᠡᠷᠡᠭᠯᠡᠭᠴᠢ ᠶᠢᠨ ᠺᠠᠷᠲ ᠢᠶᠠᠷ ᠲᠦᠷᠬᠡᠨ ᠤ ᠵᠠᠮ ᠢᠶᠠᠷ ᠠᠶᠠᠯᠠᠬᠤ ᠳᠤ ᠲᠣᠰᠢᠶᠠᠬᠤ ᠵᠠᠮ ᠨᠡᠪᠳᠡᠷᠡᠯᠭᠡ ᠶᠢᠨ ᠰᠦᠢᠳᠭᠡᠯ ᠪᠣᠶᠣ ETC ᠺᠠᠷᠲ ᠢᠶᠠᠷ ᠰᠦᠢᠳᠭᠡᠯ ᠲᠣᠰᠢᠶᠠᠬᠤ ᠳᠤ᠂ ᠣᠶᠢᠢᠯᠡᠴᠢᠯᠡᠬᠦ ᠲᠠᠪᠴᠠᠩ ᠠᠴᠠ ᠵᠠᠮ ᠨᠡᠪᠳᠡᠷᠡᠯᠭᠡ ᠶᠢᠨ ᠰᠦᠢᠳᠭᠡᠯ ᠤᠨ ᠨᠡᠮᠡᠭᠳᠡᠯ ᠦᠷᠳᠡᠭ ᠤᠨ ᠭᠠᠶᠢᠯᠢ ᠶᠢᠨ ᠡᠯᠧᠺᠳ᠋ᠷᠣᠨ ᠡᠩ ᠤᠨ ᠪᠢᠯᠧᠲ ᠠᠪᠴᠣ ᠪᠣᠯᠣᠨ᠎ᠠ ᠬᠡᠵᠣ ᠲᠣᠭᠳᠠᠭᠠᠬᠰᠠᠨ ᠪᠠᠶᠢᠨ᠎ᠠ᠃       ᠬᠤᠷᠢᠨ ᠭᠤᠷᠪᠠ᠂ ᠰᠢᠨ᠎ᠠ ᠲᠠᠩᠰᠠᠯᠠᠬᠰᠠᠨ ᠰᠦ ᠶᠢᠨ ᠲᠠᠯᠬ᠎ᠠ ᠵᠠᠬ᠎ᠠ ᠳᠤ ᠭᠠᠷᠪᠠ       ︽ᠲᠡᠣᠬᠡᠨ ᠲᠡᠭᠡᠷ᠎ᠠ ᠬᠠᠮᠤᠭ ᠠᠴᠠ ᠴᠢᠩᠭ᠎ᠠ ᠰᠦ ᠶᠢᠨ ᠲᠠᠯᠬ᠎ᠠ ᠶᠢᠨ ᠰᠢᠨ᠎ᠠ ᠲᠦᠷᠦ ᠶᠢᠨ ᠪᠣᠳᠣᠯᠭ᠎ᠠ︾ ᠶᠢᠨ ᠬᠡᠷᠡᠭᠵᠢᠬᠦᠯᠦᠭᠳᠡᠬᠦ ᠶᠢ ᠲᠠᠭᠠᠯᠳᠣᠨ᠂ 2018 ᠣᠨ ᠤ 1 ᠰᠠᠷ᠎ᠠ ᠶᠢᠨ 1 ᠤ ᠡᠳᠣᠷ ᠠᠴᠠ ᠡᠬᠢᠯᠡᠵᠣ᠂ ᠰᠢᠨ᠎ᠠ ᠲᠠᠩᠰᠠᠯᠠᠬᠰᠠᠨ ᠰᠦ ᠶᠢᠨ ᠲᠠᠯᠬ᠎ᠠ ᠵᠠᠬ᠎ᠠ ᠲᠡᠯᠭᠡᠬᠦᠷ ᠲᠤ ᠭᠠᠷᠴᠣ ᠢᠷᠡᠪᠡ᠃ ᠣᠯᠣᠰ ᠤᠨ ᠬᠤᠯᠪᠣᠬᠳᠠᠯ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳᠠᠨ ᠤ ᠢᠯᠡᠷᠬᠡᠶᠢᠯᠡᠬᠦ ᠪᠠᠷ᠂ ᠣᠳᠣᠬᠠᠨ ᠪᠣᠯᠳᠠᠯ᠎ᠠ ᠨᠡᠶᠢᠳᠡ 940 ᠵᠦᠢᠯ ᠤᠨ ᠨᠠᠶᠢᠷᠠᠯᠭ᠎ᠠ ᠶᠢ ᠵᠦᠪᠰᠢᠶᠡᠷᠡᠭᠰᠡᠨ ᠪᠠᠶᠢᠨ᠎ᠠ᠃ ᠵᠠᠯᠭᠠᠭᠠᠳ ᠬᠢᠨᠠᠨ ᠵᠦᠪᠰᠢᠶᠡᠷᠡᠬᠦ ᠬᠦᠴᠣᠯᠡᠴᠡ ᠪᠠᠨ ᠲᠦᠷᠭᠡᠳᠭᠡᠵᠣ᠂ 2018 ᠣᠨ ᠤ ᠲᠡᠭᠡᠷ᠎ᠠ ᠬᠠᠭᠠᠰ ᠵᠢᠯ ᠰᠢᠨ᠎ᠠ ᠨᠠᠶᠢᠷᠠᠯᠭ᠎ᠠ ᠶᠢᠨ ᠲᠠᠩᠰᠠᠯᠠᠯ ᠢ ᠪᠡᠶᠡᠯᠡᠬᠦᠯᠵᠣ᠂ ᠬᠡᠷᠡᠭᠯᠡᠭᠴᠢᠳ ᠲᠤ ᠰᠠᠨᠠᠭ᠎ᠠ ᠠᠮᠣᠷ᠂ ᠶᠠᠰᠣ ᠴᠢᠨᠠᠷ ᠰᠠᠶᠢᠨ ᠴᠠᠭᠠᠨ ᠢᠳᠡᠭᠡᠨ ᠤ ᠣᠶᠢᠢᠯᠡᠳᠬᠦᠨ ᠬᠠᠩᠭᠠᠬᠤ ᠪᠠᠷ ᠪᠣᠢ᠃       ᠬᠤᠷᠢᠨ ᠲᠦᠷᠪᠡ᠂ ᠨᠡᠬᠦᠷᠡᠰᠣᠨ ᠤ ᠬᠠᠮᠤᠭ ᠲᠣᠣᠷ᠎ᠠ ᠬᠠᠳᠠᠭᠠᠯᠠᠴᠠ ᠪᠠ ᠬᠠᠮᠤᠭ ᠦᠨᠳᠣᠷ ᠬᠠᠳᠠᠭᠠᠯᠠᠴᠠ ᠶᠢᠨ ᠲᠦᠷᠢᠮ ᠢ ᠪᠠᠶᠢᠭᠤᠯᠣᠨ ᠪᠦᠷᠢᠨᠰᠢᠬᠦᠯᠪᠡ ᠣᠯᠣᠰ ᠤᠨ ᠬᠦᠭᠵᠢᠬᠦᠯᠣᠯᠳᠠ ᠪᠠ ᠦᠬᠡᠷᠡᠴᠢᠯᠡᠯᠳᠡ ᠶᠢᠨ ᠵᠦᠪᠯᠡᠯ ︽ᠨᠡᠬᠦᠷᠡᠰᠣᠨ ᠤ ᠬᠠᠮᠤᠭ ᠲᠣᠣᠷ᠎ᠠ ᠬᠠᠳᠠᠭᠠᠯᠠᠴᠠ ᠪᠠ ᠬᠠᠮᠤᠭ ᠦᠨᠳᠣᠷ ᠬᠠᠳᠠᠭᠠᠯᠠᠴᠠ ᠶᠢᠨ ᠲᠦᠷᠢᠮ ᠢ ᠪᠠᠶᠢᠭᠤᠯᠣᠨ ᠪᠦᠷᠢᠨᠰᠢᠬᠦᠯᠬᠦ ᠲᠣᠬᠠᠢ ᠵᠢᠯᠣᠭᠤᠳᠬᠤ ᠰᠠᠨᠠᠯ ︵ᠲᠣᠷᠰᠢᠨ ᠬᠡᠷᠡᠭᠵᠢᠬᠦᠯᠬᠦ ︶︾ ᠢ ᠬᠡᠪᠯᠡᠯ ᠲᠠᠷᠬᠠᠭᠠᠪᠠ᠃ ᠲᠣᠰ ᠰᠠᠨᠠᠯ ᠢ 2018 ᠣᠨ ᠤ 1 ᠰᠠᠷ᠎ᠠ ᠶᠢᠨ 1 ᠤ ᠡᠳᠣᠷ ᠠᠴᠠ ᠡᠬᠢᠯᠡᠨ ᠬᠡᠷᠡᠭᠵᠢᠬᠦᠯᠵᠣ᠂ 2022 ᠣᠨ ᠤ 12 ᠰᠠᠷ᠎ᠠ ᠶᠢᠨ 31 ᠤ ᠡᠳᠣᠷ ᠬᠦᠷᠳᠡᠯ᠎ᠠ ᠬᠦᠴᠣᠨ ᠲᠠᠢ᠃       ᠬᠤᠷᠢᠨ ᠲᠠᠪᠤ᠂ ᠵᠢᠯᠣᠭᠤᠴᠢ ᠶᠢᠨ ᠦᠨᠡᠮᠯᠡᠯ ᠰᠢᠯᠭᠠᠬᠤ ᠭᠠᠷᠴᠠᠭ ᠲᠤ ᠲᠡᠷᠭᠡ ᠵᠣᠬᠰᠣᠭᠠᠬᠤ ᠺᠠᠷᠲ ᠠᠪᠬᠤ ᠲᠦᠷᠦᠯ ᠵᠦᠢᠯ ᠢ ᠨᠡᠮᠡᠪᠡ       ︽ᠮᠠᠰᠢᠨ ᠬᠦᠳᠡᠯᠭᠡᠬᠦᠷᠳᠣ ᠲᠡᠷᠭᠡᠨ ᠤ ᠵᠢᠯᠣᠭᠤᠴᠢ ᠶᠢ ᠰᠢᠯᠭᠠᠬᠤ ᠰᠢᠨ᠎ᠠ ᠪᠠᠷᠢᠮᠵᠢᠶ᠎ᠠ ᠶᠢ ᠣᠯᠠᠮ ᠨᠢᠬᠡ ᠠᠯᠬᠤᠮ ᠴᠢᠩᠭᠠᠳᠬᠠᠬᠤ ᠲᠣᠬᠠᠢ ᠠᠵᠢᠯ ᠤᠨ ᠮᠡᠳᠡᠭᠳᠡᠯ︾ ᠢ ᠦᠨᠳᠣᠰᠣᠯᠠᠪᠠᠯ᠂ 2018 ᠣᠨ ᠤ 1 ᠰᠠᠷ᠎ᠠ ᠶᠢᠨ 1 ᠤ ᠡᠳᠣᠷ ᠡᠬᠢᠯᠡᠵᠣ᠂ ᠵᠢᠯᠣᠭᠤᠴᠢ ᠶᠢᠨ ᠦᠨᠡᠮᠯᠡᠯ ᠰᠢᠯᠭᠠᠬᠤ ᠭᠠᠷᠴᠠᠭ ᠬᠤᠶᠠᠷ ᠲᠤ ᠲᠡᠷᠭᠡ ᠵᠣᠬᠰᠣᠭᠠᠬᠤ ᠺᠠᠷᠲ ᠠᠪᠬᠤ ᠲᠦᠷᠦᠯ ᠵᠦᠢᠯ ᠢ ᠨᠡᠮᠡᠵᠣ ᠣᠷᠣᠭᠤᠯᠪᠠ᠃       ︵ᠠᠷᠠᠳ ᠤᠨ ᠰᠦᠯᠵᠢᠶ᠎ᠠ ᠠᠴᠠ ᠣᠷᠴᠢᠭᠤᠯᠣᠨ ᠨᠠᠶᠢᠷᠠᠭᠤᠯᠵᠣ ᠠᠪᠣᠪᠠ᠂ ᠲᠡᠭᠡᠷ᠎ᠠ ᠬᠤᠭᠤᠴᠠᠭᠠᠨ ᠤ ᠦᠷᠬᠦᠯᠵᠢᠯᠡᠯ ᠲᠡᠬᠦᠰᠪᠡ︶
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号