︽ᠤᠯᠤᠰ ᠤᠨ ᠬᠠᠤᠯᠢ ᠴᠠᠭᠠᠵᠠ ᠶᠢᠨ ᠳᠣᠬᠠᠶᠢᠢᠯᠠᠭᠰᠠᠨ ᠠᠵᠢᠯ ᠤᠨ ᠬᠢᠷᠢ ᠬᠡᠮ ᠤᠨ ᠨᠢᠭᠡᠳᠦᠯᠳᠡᠢ | ᠰᠢᠯᠭᠠᠯᠳᠠ ᠶᠢᠨ ᠬᠡᠷᠡᠭᠵᠢᠬᠦᠯᠬᠦ ᠠᠷᠭ᠎ᠠ︾ ᠪᠤᠯᠤᠨ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠠᠤᠯᠢ ᠴᠠᠭᠠᠵᠠ ᠶᠢᠨ ᠶᠠᠮᠤᠨ ᠤ ᠠᠯᠪᠠᠨ ᠵᠠᠷ︾ ︵181 ᠳ᠋ᠤᠭᠡᠷ ᠳᠤᠭᠠᠳᠤ︶ ᠢ ᠦᠨᠳᠤᠰᠤᠯᠡᠵᠦ᠂ ᠤᠳᠤ ᠦᠪᠤᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ 2018 ᠤᠨ ᠤ ᠣᠯᠣᠰ ᠤᠨ ᠬᠠᠤᠯᠢ ᠴᠠᠭᠠᠵᠠ ᠶᠢᠨ | ᠳᠣᠬᠠᠶᠢᠢᠯᠠᠭᠰᠠᠨ ᠠᠵᠢᠯ ᠤᠨ ᠬᠢᠷᠢ ᠬᠡᠮ ᠤᠨ ᠨᠢᠭᠡᠳᠦᠯᠳᠡᠢ ᠰᠢᠯᠭᠠᠯᠳᠠ ᠶᠢᠨ ᠬᠠᠮᠢᠶ᠎ᠠ ᠪᠦᠬᠦᠢ ᠶᠠᠪᠣᠳᠠᠯ ᠤᠨ ᠳᠤᠬᠠᠢ | ᠳᠤᠤᠷᠡᠬᠢ ᠮᠡᠳᠤ ᠠᠯᠪᠠᠨ ᠵᠠᠷ ᠨᠠᠶᠢᠳᠡᠯᠡᠰᠤᠬᠡᠢ᠄ | ᠨᠢᠭᠡ᠂ ᠨᠡᠷ᠎ᠠ ᠮᠡᠳᠡᠬᠦᠯᠬᠦ | ︵ᠨᠢᠭᠡ︶ ᠨᠡᠷ᠎ᠠ ᠮᠡᠳᠡᠬᠦᠯᠬᠦ ᠨᠦᠬᠦᠴᠡᠯ | 1᠂ ᠳᠤᠤᠷᠡᠬᠢ ᠨᠦᠬᠦᠴᠡᠯ ᠳᠤ ᠨᠡᠶᠢᠴᠡᠭᠰᠡᠳ ᠤᠯᠤᠰ ᠤᠨ ᠬᠠᠤᠯᠢ ᠴᠠᠭᠠᠵᠠ ᠶᠢᠨ ᠳᠣᠬᠠᠶᠢᠢᠯᠠᠭᠰᠠᠨ ᠠᠵᠢᠯ ᠤᠨ | ᠭᠢᠷᠢ ᠬᠡᠮ ᠤᠨ ᠨᠢᠭᠡᠳᠦᠯᠳᠡᠢ ᠰᠢᠯᠭᠠᠯᠳᠠ ᠳᠤ ᠨᠡᠷ᠎ᠠ ᠮᠡᠳᠡᠬᠦᠯᠤᠨ ᠤᠷᠤᠯᠴᠠᠵᠦ ᠪᠤᠯᠤᠨ᠎ᠠ᠄ | ︵ᠨᠢᠭᠡ︶ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠣᠯᠣᠰ ᠤᠨ ᠬᠠᠷᠢᠶ᠎ᠠ ᠲᠠᠢ︔ | ︵ᠬᠤᠶᠠᠷ︶ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠦᠰᠤᠨ ᠬᠠᠤᠯᠢ ᠶᠢ ᠬᠦᠷᠢᠶᠡᠯᠡᠵᠤ᠂ | ᠰᠤᠩᠭᠤᠬᠤ ᠡᠷᠭᠡ ᠪᠠ ᠰᠤᠩᠭᠤᠬᠳᠠᠬᠤ ᠡᠷᠭᠡ ᠲᠠᠢ | ︵ᠭᠤᠷᠪᠠ︶ ᠰᠠᠶᠢᠨ ᠰᠠᠶᠢᠬᠠᠨ ᠤᠯᠤᠰ ᠲᠦᠷᠦ᠂ ᠳᠣᠬᠠᠶᠢᠢᠯᠠᠭᠰᠠᠨ ᠠᠵᠢᠯ ᠤᠨ ᠬᠡᠪ ᠪᠤᠯᠪᠠᠰᠤᠷᠠᠯ ᠪᠠ ᠶᠤᠰᠤ | ᠰᠤᠷᠳᠠᠬᠤᠨ ᠲᠠᠢ︔ | ︵ᠲᠦᠷᠪᠡ︶ ᠪᠦᠷᠢᠨ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠲᠠᠢ︔ | ︵ᠲᠠᠪᠤ︶ ᠪᠦᠬᠦᠯᠢ ᠡᠳᠦᠷ ᠤᠨ ᠲᠦᠷᠢᠮᠳᠦ ᠡᠩ ᠤᠨ ᠶᠡᠭᠡ ᠲᠡᠭᠡᠳᠦ ᠰᠤᠷᠭᠠᠭᠤᠯᠢ ᠶᠢᠨ ᠬᠠᠤᠯᠢ ᠵᠦᠢ ᠶᠢᠨ | ᠲᠦᠷᠦᠯ ᠤᠨ ᠶᠡᠭᠡ ᠰᠣᠷᠭᠠᠭᠤᠯᠢ ᠶᠢᠨ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠳᠠᠷ ᠲᠠᠢ ᠮᠦᠷᠳᠡᠭᠡᠨ ᠯᠧᠺᠲ᠋ᠤᠷ | ᠵᠢᠴᠢ ᠲᠡᠭᠦᠨ ᠠᠴᠠ ᠲᠡᠭᠡᠭᠰᠢᠬᠢ ᠡᠷᠳᠡᠮ ᠤᠨ ᠴᠣᠯᠠ ᠲᠠᠢ᠂ ᠪᠦᠬᠦᠯᠢ ᠡᠳᠦᠷ ᠤᠨ ᠲᠦᠷᠢᠮᠳᠦ ᠡᠩ ᠤᠨ ᠶᠡᠭᠡ ᠲᠡᠭᠡᠳᠦ | ᠰᠤᠷᠭᠠᠭᠤᠯᠢ ᠶᠢᠨ ᠬᠠᠤᠯᠢ ᠵᠦᠢ ᠶᠢᠨ ᠪᠤᠰᠤ ᠲᠦᠷᠦᠯ ᠤᠨ ᠶᠡᠭᠡ ᠰᠣᠷᠭᠠᠭᠤᠯᠢ ᠶᠢᠨ ᠵᠢᠩᠬᠢᠨᠢ ᠠᠩᠬᠢ ᠵᠢᠴᠢ | ᠲᠡᠭᠦᠨ ᠠᠴᠠ ᠲᠡᠭᠡᠭᠰᠢᠬᠢ ᠰᠣᠷᠣᠯᠭ᠎ᠠ ᠶᠢᠨ ᠨᠠᠮᠳᠠᠷ ᠲᠠᠢ ᠪᠦᠭᠡᠳ ᠬᠠᠣᠯᠢ ᠴᠠᠭᠠᠵᠠ ᠶᠢᠨ ᠮᠠᠰᠲ᠋ᠧᠷ᠂ ᠬᠠᠤᠯᠢ | ᠵᠦᠢ ᠶᠢᠨ ᠮᠠᠰᠲ᠋ᠧᠷ ᠵᠢᠴᠢ ᠲᠡᠭᠦᠨ ᠠᠴᠠ ᠲᠡᠭᠡᠭᠰᠢᠬᠢ ᠡᠷᠳᠡᠮ ᠤᠨ ᠴᠤᠯᠠ ᠲᠠᠢ᠂ ᠪᠦᠬᠦᠯᠢ ᠡᠳᠦᠷ ᠤᠨ ᠲᠦᠷᠢᠮᠳᠦ | ᠡᠩ ᠤᠨ ᠶᠡᠭᠡ ᠲᠡᠭᠡᠳᠦ ᠰᠤᠷᠭᠠᠭᠤᠯᠢ ᠶᠢᠨ ᠬᠠᠤᠯᠢ ᠵᠦᠢ ᠶᠢᠨ ᠪᠤᠰᠤ ᠲᠦᠷᠦᠯ ᠤᠨ ᠶᠡᠭᠡ ᠰᠣᠷᠭᠠᠭᠤᠯᠢ ᠶᠢᠨ ᠵᠢᠩᠬᠢᠨᠢ | ᠠᠩᠬᠢ ᠵᠢᠴᠢ ᠲᠡᠭᠦᠨ ᠠᠴᠠ ᠲᠡᠭᠡᠭᠰᠢᠬᠢ ᠰᠤᠷᠤᠯᠭ᠎ᠠ ᠶᠢᠨ ᠨᠠᠮᠳᠠᠷ ᠲᠠᠢ ᠪᠦᠭᠡᠳ ᠵᠣᠬᠢᠴᠠᠩᠭᠤᠢ ᠡᠷᠳᠡᠮ ᠤᠨ | ᠴᠤᠯᠠ ᠲᠠᠢ ᠮᠦᠷᠳᠡᠭᠡᠨ ᠬᠠᠤᠯᠢ ᠴᠠᠭᠠᠵᠠ ᠶᠢᠨ ᠠᠵᠢᠯ ᠢ ᠡᠷᠬᠢᠯᠡᠭᠡᠳ ᠪᠦᠬᠦᠯᠢ ᠭᠤᠷᠪᠠᠨ ᠵᠢᠯ ᠪᠤᠯᠤᠬᠰᠠᠨ ᠪᠠᠶᠢᠬᠤ᠃ | | ︽ᠣᠯᠣᠰ ᠤᠨ ᠬᠠᠣᠯᠢ ᠴᠠᠭᠠᠵᠠ ᠶᠢᠨ ᠳᠣᠬᠠᠶᠢᠢᠯᠠᠭᠰᠠᠨ ᠠᠵᠢᠯ ᠤᠨ ᠬᠢᠷᠢ ᠬᠡᠮ ᠤᠨ ᠨᠢᠭᠡᠳᠦᠯᠳᠡᠢ | ᠰᠢᠯᠭᠠᠯᠳᠠ ᠶᠢᠨ ᠬᠡᠷᠡᠭᠵᠢᠭᠦᠯᠬᠦ ᠠᠷᠭ᠎ᠠ︾ ᠶᠢ ᠬᠡᠷᠡᠭᠵᠢᠭᠦᠯᠬᠦ ᠠᠴᠠ ᠡᠮᠦᠨ᠎ᠡ ᠨᠢᠭᠡᠨᠳᠡ ᠰᠣᠷᠭᠠᠭᠤᠯᠢ ᠶᠢᠨ ᠬᠠᠷᠢᠶ᠎ᠠ ︵ | ᠰᠢᠯᠭᠠᠯᠳᠠ ᠶᠢᠨ ᠬᠠᠷᠢᠶ᠎ᠠ︶ ᠣᠯᠣᠭᠰᠠᠨ ᠪᠣᠶᠣ ᠨᠢᠭᠡᠨᠳᠡ ᠵᠣᠬᠢᠴᠠᠩᠭᠤᠢ ᠰᠣᠷᠣᠯᠭ᠎ᠠ ᠶᠢᠨ ᠨᠠᠮᠳᠠᠷ ᠲᠠᠢ ᠶᠡᠭᠡ ᠳᠡᠭᠡᠳᠦ | ᠰᠣᠷᠭᠠᠭᠤᠯᠢ ᠶᠢᠨ ᠬᠠᠣᠯᠢ ᠵᠦᠢ ᠶᠢᠨ ᠲᠦᠷᠦᠯ ᠤᠨ ᠳᠣᠰᠬᠠᠢ ᠮᠡᠷᠭᠡᠵᠢᠯ ᠤᠨ ᠶᠡᠭᠡ ᠰᠣᠷᠭᠠᠭᠤᠯᠢ ᠶᠢᠨ ᠵᠢᠩᠬᠢᠨᠢ | ᠠᠩᠬᠢ ᠵᠢᠴᠢ ᠲᠡᠭᠦᠨ ᠠᠴᠠ ᠳᠡᠭᠡᠭᠰᠢᠬᠢ ᠰᠣᠷᠣᠯᠭ᠎ᠠ ᠶᠢᠨ ᠨᠠᠮᠳᠠᠷ ᠢ ᠣᠯᠣᠭᠰᠠᠨ ᠳᠡᠭᠦᠰᠦᠭᠰᠡᠨ ᠣᠶᠣᠳᠠᠨ᠂ | ᠡᠰᠡᠭᠦᠯ᠎ᠡ ᠶᠡᠭᠡ ᠳᠡᠭᠡᠳᠦ ᠰᠣᠷᠭᠠᠭᠤᠯᠢ ᠶᠢᠨ ᠬᠠᠣᠯᠢ ᠵᠦᠢ ᠶᠢᠨ ᠪᠣᠰᠣ ᠳᠣᠰᠬᠠᠢ ᠮᠡᠷᠭᠡᠵᠢᠯ ᠤᠨ ᠶᠡᠭᠡ | ᠰᠣᠷᠭᠠᠭᠤᠯᠢ ᠶᠢᠨ ᠵᠢᠩᠬᠢᠨᠢ ᠠᠩᠬᠢ ᠵᠢᠴᠢ ᠲᠡᠭᠦᠨ ᠠᠴᠠ ᠳᠡᠭᠡᠭᠰᠢᠬᠢ ᠰᠣᠷᠣᠯᠭ᠎ᠠ ᠶᠢᠨ ᠨᠠᠮᠳᠠᠷ ᠢ ᠣᠯᠣᠭᠰᠠᠨ | ᠳᠡᠭᠦᠰᠦᠭᠰᠡᠨ ᠣᠶᠣᠳᠠᠨ ᠪᠣᠯᠬᠤ ᠪᠦᠭᠡᠳ ᠬᠠᠣᠯᠢ ᠴᠠᠭᠠᠵᠠ ᠶᠢᠨ ᠳᠣᠰᠬᠠᠢ ᠮᠡᠷᠭᠡᠵᠢᠯ ᠤᠨ ᠮᠡᠳᠡᠯᠭᠡ ᠲᠠᠢ ᠪᠣᠯ᠂ | ᠣᠯᠣᠰ ᠤᠨ ᠬᠠᠣᠯᠢ ᠴᠠᠭᠠᠵᠠ ᠶᠢᠨ ᠳᠣᠬᠠᠶᠢᠢᠯᠠᠭᠰᠠᠨ ᠠᠵᠢᠯ ᠤᠨ ᠬᠢᠷᠢ ᠬᠡᠮ ᠤᠨ ᠨᠢᠭᠡᠳᠦᠯᠳᠡᠢ ᠰᠢᠯᠭᠠᠯᠳᠠ ᠳᠤ ᠨᠡᠷ᠎ᠡ | ᠮᠡᠳᠡᠭᠦᠯᠦᠨ ᠣᠷᠣᠯᠴᠠᠵᠣ ᠪᠣᠯᠣᠨ᠎ᠠ᠃ | ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠦᠴᠣᠸᠠᠨ ᠰᠢᠶᠠᠨ᠂ ᠲᠦᠮᠡᠳ ᠵᠡᠭᠦᠨ ᠬᠤᠰᠢᠭᠤ᠂ | ᠳᠣᠭᠳᠠᠬᠤ ᠰᠢᠶᠠᠨ᠂ ᠬᠤᠷᠢᠨᠭᠡᠷ ᠰᠢᠶᠠᠨ᠂ ᠴᠢᠩ ᠱᠦᠢ ᠾᠧ ᠰᠢᠶᠠᠨ᠂ ᠲᠦᠮᠡᠳ ᠪᠠᠷᠠᠭᠤᠨ ᠬᠤᠰᠢᠭᠤ᠂ ᠭᠦᠶᠠᠩ | ᠰᠢᠶᠠᠨ᠂ ᠳᠠᠷᠬᠠᠨ ᠮᠣᠣᠮᠢᠩᠭᠠᠨ ᠬᠤᠯᠪᠣᠭᠠᠳᠣ ᠬᠤᠰᠢᠭᠤ᠂ ᠮᠣᠷᠢᠨᠳᠠᠪᠠᠭ᠎ᠠ ᠶᠢᠨ ᠳᠠᠭᠤᠷ ᠦᠨᠳᠦᠰᠦᠳᠡᠨ ᠤ | ᠦᠪᠡᠷᠳᠡᠭᠡᠨ ᠵᠠᠰᠠᠬᠤ ᠬᠤᠰᠢᠭᠤ᠂ ᠣᠷᠴᠣᠨ ᠤ ᠦᠪᠡᠷᠳᠡᠭᠡᠨ ᠵᠠᠰᠠᠬᠤ ᠬᠤᠰᠢᠭᠤ᠂ ᠠᠷᠣᠨ ᠬᠤᠰᠢᠭᠤ᠂ ᠡᠸᠡᠩᠬᠢ | ᠦᠨᠳᠦᠰᠦᠳᠡᠨ ᠤ ᠦᠪᠡᠷᠳᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠵᠡᠭᠦᠨ | ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ᠂ ᠷᠠᠰᠢᠶᠠᠨ ᠬᠤᠳᠠ᠂ ᠬᠤᠷᠴᠢᠨ ᠪᠠᠷᠠᠭᠤᠨ ᠭᠠᠷᠣᠨ ᠡᠮᠦᠨᠡᠳᠦ | ᠬᠤᠰᠢᠭᠤ᠂ ᠬᠤᠷᠴᠢᠨ ᠪᠠᠷᠠᠭᠤᠨ ᠭᠠᠷᠣᠨ ᠳᠣᠮᠳᠠᠳᠣ ᠬᠤᠰᠢᠭᠤ᠂ ᠵᠠᠯᠠᠶᠢᠳ ᠬᠤᠰᠢᠭᠤ᠂ ᠲᠦᠴᠢᠣᠸᠠᠨ ᠰᠢᠶᠠᠨ᠂ | ᠬᠤᠷᠴᠢᠨ ᠵᠡᠭᠦᠨ ᠭᠠᠷᠣᠨ ᠳᠣᠮᠳᠠᠳᠣ ᠬᠤᠰᠢᠭᠤ᠂ ᠬᠤᠷᠴᠢᠨ ᠵᠡᠭᠦᠨ ᠭᠠᠷᠣᠨ ᠬᠤᠶᠢᠳᠣ ᠬᠤᠰᠢᠭᠤ᠂ ᠬᠦᠷᠢᠶ᠎ᠡ | ᠬᠤᠰᠢᠭᠤ᠂ ᠨᠠᠶᠢᠮᠠᠨ ᠬᠤᠰᠢᠭᠤ᠂ ᠺᠠᠶᠢᠯᠦ ᠰᠢᠶᠠᠨ᠂ ᠵᠠᠷᠣᠳ ᠬᠤᠰᠢᠭᠤ᠂ ᠠᠷᠣ ᠬᠤᠷᠴᠢᠨ ᠬᠤᠰᠢᠭᠤ᠂ ᠪᠠᠭᠠᠷᠢᠨ | ᠵᠡᠭᠦᠨ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠯᠢᠨᠰᠢ ᠰᠢᠶᠠᠨ᠂ ᠣᠩᠨᠢᠭᠤᠳ ᠬᠤᠰᠢᠭᠤ᠂ ᠬᠠᠷᠠᠴᠢᠨ | ᠬᠤᠰᠢᠭᠤ᠂ ᠨᠢᠩᠴᠧᠩ ᠰᠢᠶᠠᠨ᠂ ᠠᠣᠬᠠᠨ ᠬᠤᠰᠢᠭᠤ᠂ ᠬᠡᠰᠢᠭᠳᠡᠨ ᠬᠤᠰᠢᠭᠤ᠂ ᠰᠦᠨᠢᠳ ᠪᠠᠷᠠᠭᠤᠨ ᠬᠤᠰᠢᠭᠤ᠂ | ᠲᠠᠶᠢᠪᠦᠰᠧ ᠬᠤᠰᠢᠭᠤ᠂ ᠰᠢᠯᠣᠭᠤᠨ ᠬᠦᠪᠡᠭᠡᠳᠦ ᠴᠠᠭᠠᠨ ᠬᠤᠰᠢᠭᠤ᠂ ᠠᠪᠠᠭ᠎ᠠ ᠬᠤᠰᠢᠭᠤ᠂ ᠰᠦᠨᠢᠳ ᠵᠡᠭᠦᠨ | ᠬᠤᠰᠢᠭᠤ᠂ ᠵᠡᠭᠦᠨ ᠦᠵᠦᠮᠦᠴᠢᠨ ᠬᠤᠰᠢᠭᠤ᠂ ᠪᠠᠷᠠᠭᠤᠨ ᠦᠵᠦᠮᠦᠴᠢᠨ ᠬᠤᠰᠢᠭᠤ᠂ ᠬᠦᠪᠡᠭᠡᠳᠦ ᠰᠢᠷ᠎ᠠ ᠬᠤᠰᠢᠭᠤ᠂ | ᠰᠢᠯᠣᠭᠤᠨ ᠬᠦᠬᠡ ᠬᠤᠰᠢᠭᠤ᠂ ᠳᠣᠯᠣᠨ ᠨᠣᠣᠷ ᠰᠢᠶᠠᠨ᠂ ᠵᠦᠸᠧᠽᠢ ᠰᠢᠶᠠᠨ᠂ ᠬᠤᠸᠠᠳᠧ ᠰᠢᠶᠠᠨ᠂ ᠱᠠᠩᠳᠦ | ᠰᠢᠶᠠᠨ᠂ ᠰᠢᠩ ᠾᠧ ᠰᠢᠶᠠᠨ᠂ ᠴᠠᠬᠠᠷ ᠪᠠᠷᠠᠭᠤᠨ ᠭᠠᠷᠣᠨ ᠡᠮᠦᠨᠡᠳᠦ ᠬᠤᠰᠢᠭᠤ᠂ ᠴᠠᠬᠠᠷ ᠪᠠᠷᠠᠭᠤᠨ ᠭᠠᠷᠣᠨ | ᠳᠣᠮᠳᠠᠳᠣ ᠬᠤᠰᠢᠭᠤ᠂ ᠴᠠᠬᠠᠷ ᠪᠠᠷᠠᠭᠤᠨ ᠭᠠᠷᠣᠨ ᠬᠤᠶᠢᠳᠣ ᠬᠤᠰᠢᠭᠤ᠂ ᠳᠦᠷᠪᠡᠳ ᠬᠤᠰᠢᠭᠤ᠂ ᠯᠢᠶᠠᠩᠴᠧᠩ | ᠰᠢᠶᠠᠨ᠂ ᠳᠠᠯᠠᠳ ᠬᠤᠰᠢᠭᠤ᠂ ᠵᠡᠭᠦᠨᠭᠠᠷ ᠬᠤᠰᠢᠭᠤ᠂ ᠣᠳᠤᠭ ᠤᠨ ᠡᠮᠦᠨᠡᠳᠦ ᠬᠤᠰᠢᠭᠤ᠂ ᠣᠳᠤᠭ ᠬᠤᠰᠢᠭᠤ᠂ | ᠬᠠᠩᠭᠢᠨ ᠬᠤᠰᠢᠭᠤ᠂ ᠦᠣᠰᠢᠨ ᠬᠤᠰᠢᠭᠤ᠂ ᠡᠵᠡᠨ ᠬᠤᠷᠤᠭ᠎ᠠ ᠬᠤᠰᠢᠭᠤ᠂ ᠦᠶᠣᠸᠠᠨ ᠰᠢᠶᠠᠨ᠂ ᠳ᠋ᠧᠩᠺᠸᠦ ᠰᠢᠶᠠᠨ | ᠂ ᠣᠷᠠᠳ ᠤᠨ ᠡᠮᠦᠨᠡᠳᠦ ᠬᠤᠰᠢᠭᠤ᠂ ᠣᠷᠠᠳ ᠤᠨ ᠳᠣᠮᠳᠠᠳᠣ ᠬᠤᠰᠢᠭᠤ᠂ ᠣᠷᠠᠳ ᠤᠨ ᠬᠤᠶᠢᠳᠣ ᠬᠤᠰᠢᠭᠤ᠂ | ᠬᠠᠩᠭᠢᠨ ᠬᠤᠶᠢᠳᠣ ᠬᠤᠰᠢᠭᠤ᠂ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤ | ᠵᠡᠷᠭᠡ 70 ᠬᠤᠰᠢᠭᠤ ᠰᠢᠶᠠᠨ ︵ᠬᠤᠳᠠ︶ ᠨᠡᠷ᠎ᠡ ᠮᠡᠳᠡᠭᠦᠯᠬᠦ ᠰᠣᠷᠣᠯᠭ᠎ᠠ ᠶᠢᠨ ᠨᠠᠮᠳᠠᠷ ᠤᠨ ᠨᠦᠬᠦᠴᠡᠯ ᠢ ᠶᠡᠭᠡ | ᠳᠡᠭᠡᠳᠦ ᠰᠣᠷᠭᠠᠭᠤᠯᠢ ᠶᠢᠨ ᠶᠡᠭᠡ ᠰᠣᠷᠭᠠᠭᠤᠯᠢ ᠶᠢᠨ ᠵᠢᠩᠬᠢᠨᠢ ᠠᠩᠬᠢ ᠶᠢᠨ ᠰᠣᠷᠣᠯᠭ᠎ᠠ ᠶᠢᠨ ᠨᠠᠮᠳᠠᠷ ᠬᠦᠷᠳᠡᠯ᠎ᠡ | ᠠᠭᠤᠵᠢᠭᠤ ᠳᠠᠯᠪᠢᠵᠣ ᠪᠣᠯᠣᠨ᠎ᠠ᠃ | ᠡᠩ ᠤᠨ ᠶᠡᠭᠡ ᠳᠡᠭᠡᠳᠦ ᠰᠣᠷᠭᠠᠭᠤᠯᠢ᠂ ᠴᠡᠷᠢᠭ ᠠᠩᠬᠢ ᠶᠢᠨ ᠶᠡᠭᠡ ᠳᠡᠭᠡᠳᠦ ᠰᠣᠷᠭᠠᠭᠤᠯᠢ ᠶᠢᠨ 2019 | ᠣᠨ ᠤ ᠳᠣᠰ ᠵᠢᠯ ᠤᠨ ᠪᠦᠬᠦᠯᠢ ᠡᠳᠦᠷ ᠤᠨ ᠳᠦᠷᠢᠮᠳᠦ ᠶᠡᠭᠡ ᠰᠣᠷᠭᠠᠭᠤᠯᠢ ᠶᠢᠨ ᠵᠢᠩᠬᠢᠨᠢ ᠠᠩᠬᠢ ᠠᠴᠠ ᠳᠡᠭᠦᠰᠬᠦ | ᠣᠶᠣᠳᠠᠨ ︵ᠶᠡᠭᠡ ᠰᠣᠷᠭᠠᠭᠤᠯᠢ ᠶᠢᠨ ᠳᠣᠰᠬᠠᠢ ᠮᠡᠷᠭᠡᠵᠢᠯ ᠤᠨ ᠠᠩᠬᠢ ᠠᠴᠠ ᠶᠡᠭᠡ ᠰᠣᠷᠭᠠᠭᠤᠯᠢ ᠶᠢᠨ ᠵᠢᠩᠬᠢᠨᠢ | ᠠᠩᠬᠢ ᠳᠤ ᠳᠠᠪᠰᠢᠭᠰᠠᠳ᠂ ᠳᠣᠷᠣᠭᠰᠢ ᠠᠳᠠᠯᠢ︶ ᠪᠣᠯᠣᠨ ᠪᠣᠯᠪᠠᠰᠣᠷᠠᠯ ᠤᠨ ᠲᠦᠪᠰᠢᠨ ᠠᠳᠠᠯᠢ ᠰᠣᠷᠣᠯᠭ᠎ᠠ ᠶᠢᠨ | ᠨᠠᠮᠳᠠᠷ ᠢᠶᠠᠷ ᠨᠡᠷ᠎ᠡ ᠮᠡᠳᠡᠭᠦᠯᠦᠨ ᠰᠢᠯᠭᠠᠭᠰᠠᠨ ᠳᠣᠰ ᠵᠢᠯ ᠠᠰᠫᠢᠷᠠᠨᠲ ᠳᠡᠭᠦᠰᠦᠭᠰᠡᠳ 2018 ᠣᠨ ᠤ ᠣᠯᠣᠰ ᠤᠨ | ᠬᠠᠣᠯᠢ ᠴᠠᠭᠠᠵᠠ ᠶᠢᠨ ᠳᠣᠬᠠᠶᠢᠢᠯᠠᠭᠰᠠᠨ ᠠᠵᠢᠯ ᠤᠨ ᠬᠢᠷᠢ ᠬᠡᠮ ᠤᠨ ᠨᠢᠭᠡᠳᠦᠯᠳᠡᠢ ᠰᠢᠯᠭᠠᠯᠳᠠ ᠳᠤ ᠨᠡᠷ᠎ᠡ ᠮᠡᠳᠡᠭᠦᠯᠦᠨ | ᠣᠷᠣᠯᠴᠠᠵᠣ ᠪᠣᠯᠣᠨ᠎ᠠ᠃ | 2᠂ ᠳᠤᠤᠷᠡᠬᠢ ᠦᠢᠯᠡ ᠪᠠᠶᠢᠳᠠᠯ ᠤᠨ ᠨᠢᠭᠡ ᠨᠢ ᠪᠠᠶᠢᠬᠤ ᠬᠦᠮᠦᠨ᠂ ᠤᠯᠤᠰ ᠤᠨ ᠬᠠᠤᠯᠢ ᠴᠠᠭᠠᠵᠠ ᠶᠢᠨ | ᠳᠣᠬᠠᠶᠢᠢᠯᠠᠭᠰᠠᠨ ᠠᠵᠢᠯ ᠤᠨ ᠬᠢᠷᠢ ᠬᠡᠮ ᠤᠨ ᠨᠢᠭᠡᠳᠦᠯᠳᠡᠢ ᠰᠢᠯᠭᠠᠯᠳᠠ ᠳᠤ ᠨᠡᠷ᠎ᠠ ᠮᠡᠳᠡᠬᠦᠯᠤᠨ ᠤᠷᠤᠯᠴᠠᠵᠦ ᠪᠤᠯᠬᠤ | ᠦᠭᠡᠢ᠄ | ︵1︶ ᠵᠤᠷᠢᠭᠤᠳᠠ ᠶᠠᠯ᠎ᠠ ᠬᠢᠭᠰᠡᠨ ᠠᠴᠠ ᠪᠤᠯᠵᠦ ᠡᠷᠡᠬᠦᠦ ᠶᠢᠨ ᠬᠡᠷᠡᠭ ᠤᠨ ᠰᠢᠳᠬᠡᠯ ᠤᠯᠤᠭᠰᠠᠨ ᠪᠠᠶᠢᠪᠠᠯ︔ | ︵2︶ ᠠᠯᠪᠠᠨ ᠠᠵᠢᠯ ᠠᠴᠠ ᠪᠠᠨ ᠬᠦᠭᠡᠭᠡᠭᠳᠡᠭᠰᠡᠨ ᠪᠤᠶᠤ ᠬᠠᠤᠯᠢᠴᠢ ᠶᠢᠨ ᠳᠤᠬᠠᠶᠢᠢᠯᠠᠭᠰᠠᠨ ᠠᠵᠢᠯ ᠡᠷᠬᠢᠯᠡᠬᠦ | ᠦᠨᠡᠮᠯᠡᠯ᠂ ᠠᠯᠪᠠᠨ ᠭᠡᠷᠡᠴᠢᠯᠡᠭᠴᠢ ᠶᠢᠨ ᠳᠤᠬᠠᠶᠢᠢᠯᠠᠭᠰᠠᠨ ᠠᠵᠢᠯ ᠡᠷᠬᠢᠯᠡᠬᠦ ᠦᠨᠡᠮᠯᠡᠯ ᠢᠶᠠᠨ ᠬᠦᠴᠦᠨ ᠦᠭᠡᠢ | ᠪᠤᠯᠭᠠᠭᠳᠠᠭᠰᠠᠨ ᠪᠠᠶᠢᠪᠠᠯ︔ | ︵3︶ ᠬᠠᠣᠯᠢ ᠴᠠᠭᠠᠵᠠ ᠶᠢᠨ ᠳᠣᠬᠠᠶᠢᠢᠯᠠᠭᠰᠠᠨ ᠠᠵᠢᠯ ᠤᠨ ᠬᠢᠷᠢ ᠬᠡᠮ ᠤᠨ ᠦᠨᠡᠮᠯᠡᠯ ᠢᠶᠠᠨ ᠬᠦᠴᠦᠨ ᠦᠭᠡᠢ | ᠪᠣᠯᠭᠠᠭᠳᠠᠭᠰᠠᠨ ᠪᠠᠶᠢᠪᠠᠯ︔ | ︵4︶ ᠬᠤᠶᠠᠷ ᠵᠢᠯ ᠤᠨ ᠳᠤᠳᠤᠷ᠎ᠠ ᠤᠯᠤᠰ ᠤᠨ ᠬᠠᠤᠯᠢ ᠴᠠᠭᠠᠵᠠ ᠶᠢᠨ ᠳᠣᠬᠠᠶᠢᠢᠯᠠᠭᠰᠠᠨ ᠠᠵᠢᠯ ᠤᠨ ᠬᠢᠷᠢ | ᠬᠡᠮ ᠤᠨ ᠨᠢᠭᠡᠳᠦᠯᠳᠡᠢ ᠰᠢᠯᠭᠠᠯᠳᠠ ︵ᠣᠯᠣᠰ ᠤᠨ ᠬᠠᠣᠯᠢ ᠴᠠᠭᠠᠵᠠ ᠶᠢᠨ ᠰᠢᠯᠭᠠᠯᠳᠠ︶ ᠳᠤ ᠨᠡᠷ᠎ᠠ ᠮᠡᠳᠡᠬᠦᠯᠤᠨ | ᠤᠷᠤᠯᠴᠠᠵᠦ ᠦᠯᠦ ᠪᠤᠯᠬᠤ ᠪᠠᠷ ᠰᠢᠳᠬᠡᠭᠳᠡᠭᠡᠳ ᠬᠤᠭᠤᠴᠠᠭ᠎ᠠ ᠨᠢ ᠲᠦᠬᠦᠷᠤᠬᠡ ᠦᠭᠡᠢ ᠪᠤᠶᠤ ᠨᠠᠰᠤᠨ | ᠳᠤᠷᠰᠢᠳᠠ ᠪᠠᠨ ᠤᠯᠤᠰ ᠤᠨ ᠬᠠᠤᠯᠢ ᠴᠠᠭᠠᠵᠠ ᠶᠢᠨ ᠳᠣᠬᠠᠶᠢᠢᠯᠠᠭᠰᠠᠨ ᠠᠵᠢᠯ ᠤᠨ ᠬᠢᠷᠢ ᠬᠡᠮ ᠤᠨ ᠨᠢᠭᠡᠳᠦᠯᠳᠡᠢ | ᠰᠢᠯᠭᠠᠯᠳᠠ ︵ᠣᠯᠣᠰ ᠤᠨ ᠬᠠᠣᠯᠢ ᠴᠠᠭᠠᠵᠠ ᠶᠢᠨ ᠰᠢᠯᠭᠠᠯᠳᠠ︶ ᠳᠤ ᠨᠡᠷ᠎ᠠ ᠮᠡᠳᠡᠬᠦᠯᠤᠨ ᠤᠷᠤᠯᠴᠠᠵᠦ ᠦᠯᠦ | ᠪᠤᠯᠬᠤ ᠪᠠᠷ ᠰᠢᠳᠬᠡᠭᠳᠡᠭᠰᠡᠨ ᠪᠠᠶᠢᠪᠠᠯ︔ | ︵5︶ ᠬᠦᠨᠳᠦ ᠨᠤᠴᠢᠳᠠᠢ ᠢᠳᠡᠭᠡᠯ ᠠᠯᠳᠠᠬᠰᠠᠨ ᠠᠵᠢᠯᠯᠠᠭ᠎ᠠ ᠠᠴᠠ ᠪᠤᠯᠵᠤ ᠤᠯᠤᠰ ᠤᠨ ᠬᠠᠮᠢᠶ᠎ᠠ ᠪᠦᠬᠦᠢ | ᠨᠢᠭᠡᠴᠡ ᠳᠤ ᠢᠳᠡᠭᠡᠯ ᠠᠯᠳᠠᠬᠰᠠᠳ ᠢ ᠬᠤᠯᠪᠤᠭᠠᠯᠠᠨ ᠵᠠᠯᠬᠠᠭᠠᠨ ᠰᠢᠳᠭᠡᠬᠦ ᠡᠳᠡᠭᠡᠳ ᠢᠶᠠᠷ ᠳᠣᠭᠳᠠᠭᠠᠭᠳᠠᠭᠰᠠᠨ | ᠪᠦᠬᠡᠳ ᠤᠯᠤᠰ ᠤᠨ ᠢᠳᠡᠭᠡᠮᠵᠢ ᠶᠢᠨ ᠮᠡᠳᠡᠭᠡ ᠵᠠᠩᠬᠢ ᠶᠢ ᠬᠠᠮᠳᠤᠪᠡᠷ ᠡᠳ᠋ᠯᠡᠭᠦ ᠲᠠᠪᠴᠠᠩ ᠳᠤ ᠣᠷᠣᠭᠤᠯᠣᠭᠳᠠᠭᠰᠠᠨ | ᠪᠠᠶᠢᠪᠠᠯ︔ | ︵6︶ ᠪᠤᠰᠤᠳ ᠦᠢᠯᠡ ᠪᠠᠶᠢᠳᠠᠯ ᠠᠴᠠ ᠪᠤᠯᠵᠤ ᠨᠠᠰᠤᠨ ᠲᠤᠷᠰᠢᠳᠠ ᠨᠢ ᠬᠠᠤᠯᠢ ᠴᠠᠭᠠᠵᠠ ᠶᠢᠨ | ᠲᠤᠬᠠᠶᠢᠢᠯᠠᠬᠰᠠᠨ ᠠᠵᠢᠯ ᠡᠷᠬᠢᠯᠡᠭᠦ ᠶᠢ ᠴᠠᠭᠠᠵᠠᠯᠠᠬᠤ ᠪᠠᠷ ᠰᠢᠢᠳᠪᠦᠷᠢᠯᠡᠭᠰᠡᠨ ᠪᠠᠶᠢᠪᠠᠯ᠃ | ᠲᠡᠭᠡᠷᠡᠬᠢ ᠪᠠᠳᠠᠭ ᠤᠨ ᠳᠣᠭᠳᠠᠭᠠᠯ ᠤᠨ ᠨᠢᠭᠡ ᠨᠢ ᠪᠠᠶᠢᠬᠤ ᠬᠦᠮᠦᠨ᠂ ᠨᠢᠭᠡᠨᠳᠡ ᠨᠡᠷ᠎ᠠ ᠮᠡᠳᠡᠭᠦᠯᠭᠦ ᠭᠠᠷ | ᠬᠦᠢᠴᠡᠳᠭᠡᠯ ᠬᠢᠭᠰᠡᠨ ᠪᠠᠶᠢᠪᠠᠯ ᠨᠡᠷ᠎ᠠ ᠮᠡᠳᠡᠭᠦᠯᠦᠭᠰᠡᠨ ᠢ ᠨᠢ ᠬᠦᠴᠦᠨ ᠦᠭᠡᠢ ᠪᠤᠯᠭᠠᠨ᠎ᠠ︔ ᠨᠢᠭᠡᠨᠳᠡ ᠰᠢᠯᠭᠠᠯᠳᠠ ᠳᠤ | ᠤᠷᠤᠯᠴᠠᠬᠰᠠᠨ ᠪᠠᠶᠢᠪᠠᠯ᠂ ᠰᠢᠯᠭᠠᠯᠳᠠ ᠶᠢᠨ ᠬᠢᠷᠢ ᠪᠦᠳᠦᠮᠵᠢ ᠶᠢ ᠨᠢ ᠬᠦᠴᠦᠨ ᠦᠭᠡᠢ ᠪᠤᠯᠭᠠᠨ᠎ᠠ᠃ | 3᠂ ᠨᠢᠭᠡᠨᠳᠡ ᠣᠯᠣᠰ ᠤᠨ ᠬᠠᠣᠯᠢ ᠴᠠᠭᠠᠵᠠ ᠶᠢᠨ ᠰᠢᠯᠭᠠᠯᠳᠠ ᠪᠠᠷ ᠳᠠᠮᠵᠢᠨ A ᠲᠦᠷᠦᠯ ᠤᠨ ᠬᠠᠤᠯᠢ | ᠴᠠᠭᠠᠵᠠ ᠶᠢᠨ ᠳᠣᠬᠠᠶᠢᠢᠯᠠᠭᠰᠠᠨ ᠠᠵᠢᠯ ᠤᠨ ᠬᠢᠷᠢ ᠭᠡᠮ ᠤᠨ ᠦᠨᠡᠮᠯᠡᠯ ᠣᠯᠣᠭᠰᠠᠨ ᠪᠠᠶᠢᠪᠠᠯ᠂ ᠤᠯᠤᠰ ᠤᠨ ᠬᠠᠤᠯᠢ | ᠴᠠᠭᠠᠵᠠ ᠶᠢᠨ ᠳᠣᠬᠠᠶᠢᠢᠯᠠᠭᠰᠠᠨ ᠠᠵᠢᠯ ᠤᠨ ᠬᠢᠷᠢ ᠬᠡᠮ ᠤᠨ ᠨᠢᠭᠡᠳᠦᠯᠳᠡᠢ ᠰᠢᠯᠭᠠᠯᠳᠠ ᠳᠤ ᠨᠡᠷ᠎ᠡ ᠮᠡᠳᠡᠭᠦᠯᠦᠨ | ᠤᠷᠤᠯᠴᠠᠵᠤ ᠪᠤᠯᠬᠤ ᠦᠭᠡᠢ᠃ | ︵ᠬᠤᠶᠠᠷ︶ ᠨᠡᠷ᠎ᠠ ᠮᠡᠳᠡᠭᠦᠯᠬᠦ ᠬᠠᠮᠢᠶ᠎ᠠ ᠪᠦᠬᠦᠢ ᠱᠠᠭᠠᠷᠳᠠᠯᠭ᠎ᠠ | 1᠂ ᠨᠡᠷ᠎ᠠ ᠮᠡᠳᠡᠭᠦᠯᠬᠦ ᠰᠤᠷᠤᠯᠭ᠎ᠠ ᠶᠢᠨ ᠨᠠᠮᠳᠠᠷ ᠢ ᠠᠭᠤᠵᠢᠭᠤ ᠳᠠᠯᠪᠢᠬᠤ ᠨᠦᠬᠦᠴᠡᠯ ᠢ ᠳᠣᠬᠢᠷᠠᠭᠤᠯᠣᠨ | ᠬᠡᠷᠡᠭᠯᠡᠬᠦ ᠳᠡᠭᠡᠨ ᠨᠡᠷ᠎ᠠ ᠮᠡᠳᠡᠭᠦᠯᠦᠭᠰᠡᠳ ᠤᠨ ᠨᠠᠷᠠ ᠮᠡᠳᠡᠭᠦᠯᠬᠦ ᠦᠶ᠎ᠠ ᠶᠢᠨ ᠡᠷᠦᠭᠡ ᠠᠮᠠ ᠶᠢᠨ ᠳᠠᠩᠰᠠ ᠪᠠᠷ | ᠪᠠᠷᠢᠮᠵᠢᠶ᠎ᠠ ᠪᠤᠯᠭᠠᠨ᠎ᠠ᠂ ᠳᠠᠷᠣᠢ ᠨᠡᠷ᠎ᠠ ᠮᠡᠳᠡᠭᠦᠯᠬᠦ ᠦᠶ᠎ᠡ ᠳᠤ ᠡᠷᠦᠬᠡ ᠠᠮᠠ ᠶᠢᠨ ᠳᠠᠩᠰᠠ ᠨᠢ ᠠᠭᠤᠵᠢᠭᠤ ᠳᠠᠯᠪᠢᠬᠤ | ᠭᠠᠵᠠᠷ ᠣᠷᠣᠨ ᠳᠤ ᠪᠠᠶᠢᠪᠠᠯ᠂ ᠨᠡᠷ᠎ᠡ ᠮᠡᠳᠡᠭᠦᠯᠬᠦ ᠰᠣᠷᠣᠯᠭ᠎ᠠ ᠶᠢᠨ ᠨᠠᠮᠳᠠᠷ ᠢ ᠨᠢ ᠶᠡᠭᠡ ᠳᠡᠭᠡᠳᠦ ᠰᠣᠷᠭᠠᠭᠤᠯᠢ ᠶᠢᠨ | ᠶᠡᠭᠡ ᠰᠣᠷᠭᠠᠭᠤᠯᠢ ᠶᠢᠨ ᠵᠢᠩᠬᠢᠨᠢ ᠠᠩᠬᠢ ᠶᠢᠨ ᠰᠣᠷᠣᠯᠭ᠎ᠠ ᠶᠢᠨ ᠨᠠᠮᠳᠠᠷ ᠬᠦᠷᠳᠡᠯ᠎ᠡ ᠠᠭᠤᠵᠢᠭᠤ ᠳᠠᠯᠪᠢᠵᠣ ᠪᠣᠯᠣᠨ᠎ᠠ᠃ | | 2᠂ ᠡᠩ ᠤᠨ ᠶᠡᠭᠡ ᠳᠡᠭᠡᠳᠦ ᠰᠣᠷᠭᠠᠭᠤᠯᠢ᠂ ᠴᠡᠷᠢᠭ ᠠᠩᠬᠢ ᠶᠢᠨ ᠶᠡᠭᠡ ᠳᠡᠭᠡᠳᠦ ᠰᠣᠷᠭᠠᠭᠤᠯᠢ ᠶᠢᠨ 2019 | ᠣᠨ ᠤ ᠳᠣᠰ ᠵᠢᠯ ᠤᠨ ᠪᠦᠬᠦᠯᠢ ᠡᠳᠦᠷ ᠤᠨ ᠳᠦᠷᠢᠮᠳᠦ ᠶᠡᠭᠡ ᠰᠣᠷᠭᠠᠭᠤᠯᠢ ᠶᠢᠨ ᠵᠢᠩᠬᠢᠨᠢ ᠠᠩᠬᠢ ᠠᠴᠠ ᠳᠡᠭᠦᠰᠬᠦ | ᠣᠶᠣᠳᠠᠨ ᠪᠣᠯᠣᠨ ᠪᠣᠯᠪᠠᠰᠣᠷᠠᠯ ᠤᠨ ᠲᠦᠪᠰᠢᠨ ᠠᠳᠠᠯᠢ ᠰᠣᠷᠣᠯᠭ᠎ᠠ ᠶᠢᠨ ᠨᠠᠮᠳᠠᠷ ᠢᠶᠠᠷ ᠨᠡᠷ᠎ᠡ ᠮᠡᠳᠡᠭᠦᠯᠦᠨ | ᠰᠢᠯᠭᠠᠭᠰᠠᠨ ᠳᠣᠰ ᠵᠢᠯ ᠠᠰᠫᠢᠷᠠᠨᠲ ᠳᠡᠭᠦᠰᠦᠭᠰᠡᠳ ᠠᠴᠠ ᠪᠣᠰᠣᠳ ᠨᠡᠷ᠎ᠡ ᠮᠡᠳᠡᠭᠦᠯᠦᠭᠰᠡᠳ ᠨᠡᠷ᠎ᠡ ᠮᠡᠳᠡᠭᠦᠯᠬᠦ | ᠦᠶ᠎ᠡ ᠳᠤ ᠵᠣᠬᠢᠴᠠᠩᠭᠤᠢ ᠰᠣᠷᠣᠯᠭ᠎ᠠ ᠶᠢᠨ ᠨᠠᠮᠳᠠᠷ ᠡᠷᠳᠡᠮ ᠤᠨ ᠴᠣᠯᠠ ᠶᠢᠨ ᠦᠨᠡᠮᠯᠡᠯ ᠢᠶᠠᠷ ᠨᠢ ᠪᠠᠷᠢᠮᠵᠢᠶ᠎ᠠ ᠪᠣᠯᠭᠠᠨ᠎ᠠ | ᠃ | 3᠂ ᠨᠢᠭᠡᠨᠳᠠ ᠰᠤᠷᠤᠯᠭ᠎ᠠ ᠪᠠᠨ ᠲᠠᠬᠦᠰᠭᠡᠭᠰᠡᠡ ᠪᠤᠯᠪᠠᠴᠤ ᠬᠠᠷᠠᠬᠠᠨ ᠰᠣᠷᠣᠯᠭ᠎ᠠ ᠶᠢᠨ ᠨᠠᠮᠳᠠᠷ ᠡᠷᠳᠡᠮ ᠤᠨ | ᠴᠣᠯᠠ ᠶᠢᠨ ᠦᠨᠡᠮᠯᠡᠯ ᠣᠯᠤᠭ᠎ᠠ ᠦᠭᠡᠢ ᠡᠩ ᠤᠨ ᠶᠡᠭᠡ ᠲᠡᠭᠡᠳᠤ ᠰᠤᠷᠭᠠᠭᠤᠯᠢ ᠶᠢᠨ 2018 ᠤᠨ ᠤ ᠲᠤᠰ ᠵᠢᠯ ᠤᠨ | ᠲᠠᠬᠦᠰᠬᠦ ᠣᠶᠣᠳᠠᠨ ᠪᠠ ᠦᠷᠬᠦᠯᠵᠢᠯᠡᠭᠰᠡᠨ ᠰᠣᠷᠭᠠᠨ ᠬᠦᠮᠦᠵᠢᠯ ︵ᠰᠦᠯᠵᠢᠶᠡᠨ ᠤ ᠰᠣᠷᠭᠠᠨ ᠬᠦᠮᠦᠵᠢᠯ᠂ | ᠨᠠᠰᠤᠨ ᠳᠤ ᠬᠦᠷᠦᠭᠰᠡᠳ ᠤᠨ ᠰᠤᠷᠭᠠᠨ ᠬᠦᠮᠦᠵᠢᠯ᠂ ᠷᠠᠳᠢᠣ᠋ ᠲᠧᠯᠸᠢᠰ ᠶᠡᠭᠡ ᠰᠤᠷᠭᠠᠭᠤᠯᠢ ᠵᠡᠷᠭᠡ ᠪᠠᠭᠳᠠᠨ᠎ᠠ︶ ᠤᠨ | 2018 ᠤᠨ ᠤ ᠲᠤᠰ ᠵᠢᠯ ᠤᠨ ᠶᠡᠭᠡ ᠰᠣᠷᠭᠠᠭᠤᠯᠢ ᠶᠢᠨ ᠵᠢᠩᠬᠢᠨᠢ ᠠᠩᠬᠢ ᠠᠴᠠ ᠲᠠᠬᠦᠰᠭᠦ ᠣᠶᠣᠳᠠᠨ ᠵᠢᠴᠢ | ᠲᠡᠭᠡᠳᠤ ᠵᠡᠷᠭᠡ ᠶᠢᠨ ᠰᠤᠷᠭᠠᠨ ᠬᠦᠮᠦᠵᠢᠯ ᠤᠨ ᠦᠪᠡᠷ ᠢᠶᠠᠨ ᠰᠣᠷᠴᠣ ᠰᠢᠯᠭᠠᠭᠤᠯᠬᠤ ᠰᠢᠯᠭᠠᠯᠳᠠ ᠶᠢᠨ ᠳ᠋ᠠᠩ | ᠬᠢᠴᠢᠶᠠᠯ ᠤᠨ ᠰᠢᠯᠭᠠᠯᠳᠠ ᠨᠢ ᠪᠦ᠋ᠬᠦᠨ ᠢᠶᠠᠷ ᠢᠶᠠᠨ ᠬᠢᠷᠢ ᠲᠡᠩᠴᠡᠭᠰᠡᠨ ᠮᠦᠷᠳᠡᠭᠡᠨ ᠳᠣᠰ ᠵᠢᠯ ᠳᠡᠭᠦᠰᠬᠦ ᠦᠨᠡᠮᠯᠡᠯ | ᠣᠯᠣᠭᠰᠠᠨ ᠬᠦᠮᠦᠰ ᠨᠠᠷᠠ ᠮᠡᠳᠡᠬᠦᠯᠵᠤ ᠪᠤᠯᠤᠨ᠎ᠠ᠃ | 4᠂ ᠰᠢᠯᠭᠠᠯᠳᠠ ᠳᠤ ᠤᠷᠤᠯᠴᠠᠬᠤ ᠬᠢᠷᠢ ᠪᠦᠳᠦᠮᠵᠢ ᠨᠢ ᠬᠢᠷᠢ ᠲᠡᠩᠴᠡᠭᠰᠡᠨ ᠬᠦᠮᠦᠰ ᠰᠦᠯᠵᠢᠶ᠎ᠡ ᠳᠡᠭᠡᠷ᠎ᠡ ᠨᠡᠷ᠎ᠡ | ᠮᠡᠳᠡᠭᠦᠯᠬᠦ ᠦᠶ᠎ᠡ ᠳᠤ ᠳᠠᠭᠯᠠᠵᠣ ᠮᠡᠳᠡᠷᠡᠵᠦ ᠠᠮᠠᠯᠳᠠᠭᠰᠠᠨ ᠮᠡᠳᠡᠭᠡ ᠵᠠᠩᠬᠢ ᠶᠣᠰᠣᠭᠠᠷ ᠢᠶᠠᠨ᠂ ᠬᠢᠷᠢ ᠬᠡᠮ ᠡᠷᠡᠮᠡᠯᠵᠡᠯᠡᠬᠦ | ᠳᠣᠭᠳᠠᠭᠰᠠᠨ ᠬᠤᠭᠤᠴᠠᠭᠠᠨ ᠳᠣᠳᠣᠷ᠎ᠠ ᠰᠣᠷᠣᠯᠭ᠎ᠠ ᠲᠠᠬᠦᠰᠦᠭᠰᠡᠨ ᠦᠨᠡᠮᠯᠠᠯ ᠵᠢᠴᠢ ᠪᠤᠰᠤᠳ ᠮᠠᠲ᠋ᠧᠷᠢᠶᠠᠯ ᠢᠶᠠᠨ | ᠲᠤᠰᠢᠶᠠᠬᠤ ᠭᠡᠷᠡᠭᠳᠡᠢ᠂ ᠲᠤᠭᠳᠠᠭᠰᠠᠨ ᠬᠤᠭᠤᠴᠠᠭᠠᠨ ᠲᠤᠳᠤᠷ᠎ᠠ ᠲᠤᠰᠢᠶᠠᠬᠤ ᠦᠭᠡᠢ ᠪᠣᠯ᠂ ᠨᠠᠷᠠ ᠮᠡᠳᠡᠬᠦᠯᠬᠦ | ᠨᠦᠬᠦᠴᠡᠯ ᠳᠤ ᠦᠯᠦ ᠨᠠᠶᠢᠴᠡᠭᠰᠡᠨ ᠢᠶᠠᠷ ᠦᠵᠡᠵᠤ᠂ ᠰᠢᠯᠭᠠᠯᠳᠠ ᠶᠢᠨ ᠬᠢᠷᠢ ᠪᠦᠳᠤᠮᠵᠢ ᠶᠢ ᠨᠢ ᠬᠦᠴᠤᠨ ᠦᠭᠡᠢ | ᠪᠤᠯᠭᠠᠨ᠎ᠠ᠃ | 5᠂ ᠰᠢᠶᠠᠩᠭᠠᠡᠭ᠂ ᠤᠤᠮᠧᠨ᠂ ᠲᠠᠶᠢᠸᠠᠨ ᠪᠣᠶᠣ ᠭᠠᠳᠠᠭᠠᠳᠤ ᠶᠢᠨ ᠶᠡᠭᠡ ᠲᠡᠭᠡᠳᠤ ᠰᠤᠷᠭᠠᠭᠤᠯᠢ ᠶᠢᠨ | ᠰᠤᠷᠤᠯᠭ᠎ᠠ ᠶᠢᠨ ᠨᠠᠮᠳᠠᠷ ᠡᠷᠳᠡᠮ ᠤᠨ ᠴᠤᠯᠠ ᠶᠢᠨ ᠦᠨᠡᠮᠯᠠᠯ ᠢᠶᠠᠷ ᠨᠠᠷᠠ ᠮᠡᠳᠡᠬᠦᠯᠦᠭᠰᠡᠳ ᠤᠨ ᠰᠤᠷᠤᠯᠭ᠎ᠠ ᠶᠢᠨ ᠨᠠᠮᠳᠠᠷ | ᠡᠷᠳᠡᠮ ᠤᠨ ᠴᠤᠯᠠ ᠶᠢᠨ ᠦᠨᠡᠮᠯᠠᠯ ᠨᠢ ᠡᠷᠬᠡᠪᠰᠢ ᠰᠤᠷᠭᠠᠨ ᠬᠦᠮᠦᠵᠢᠯ ᠤᠨ ᠶᠠᠮᠤᠨ ᠤ ᠭᠠᠳᠠᠭᠠᠳᠤ ᠳᠤ | ᠰᠤᠷᠤᠯᠴᠠᠭᠰᠠᠳ ᠲᠤ ᠦᠢᠯᠡᠴᠢᠯᠡᠭᠦ ᠲᠦᠪ ᠤᠨ ᠨᠣᠳᠠᠯᠠᠯᠳᠠ ᠶᠢ ᠳᠠᠮᠵᠢᠭᠰᠠᠨ ᠪᠠᠶᠢᠬᠤ ᠭᠡᠷᠡᠭᠳᠡᠢ᠂ ᠨᠡᠷ᠎ᠡ ᠮᠡᠳᠡᠭᠦᠯᠬᠦ | ᠰᠤᠷᠤᠯᠭ᠎ᠠ ᠶᠢᠨ ᠨᠠᠮᠳᠠᠷ ᠡᠷᠳᠡᠮ ᠤᠨ ᠴᠤᠯᠠ ᠶᠢᠨ ᠨᠦᠬᠦᠴᠡᠯ ᠳᠤ ᠨᠡᠶᠢᠴᠡᠪᠡᠯ᠂ ᠣᠯᠣᠰ ᠤᠨ ᠬᠠᠣᠯᠢ ᠴᠠᠭᠠᠵᠠ ᠶᠢᠨ | ᠳᠣᠬᠠᠶᠢᠢᠯᠠᠭᠰᠠᠨ ᠠᠵᠢᠯ ᠤᠨ ᠬᠢᠷᠢ ᠬᠡᠮ ᠤᠨ ᠨᠢᠭᠡᠳᠦᠯᠳᠡᠢ ᠰᠢᠯᠭᠠᠯᠳᠠ ᠳᠤ ᠨᠡᠷ᠎ᠡ ᠮᠡᠳᠡᠭᠦᠯᠦᠨ ᠣᠷᠣᠯᠴᠠᠵᠣ ᠪᠣᠯᠣᠨ᠎ᠠ | ᠃ | 6᠂ ᠮᠤᠩᠭᠤᠯ ᠦᠭᠡ ᠬᠡᠯᠡ ᠦᠰᠦᠭ ᠪᠢᠴᠢᠭ ᠢᠶᠠᠷ ᠰᠢᠯᠭᠠᠭᠤᠯᠣᠭᠰᠠᠳ ᠮᠠᠨ ᠤ ᠤᠷᠤᠨ ᠳᠤ ᠨᠡᠷ᠎ᠡ ᠮᠡᠳᠡᠭᠦᠯᠵᠦ | ᠪᠤᠯᠤᠨ᠎ᠠ᠃ | ᠬᠤᠶᠠᠷ᠂ ᠰᠤᠷᠤᠯᠭ᠎ᠠ ᠶᠢᠨ ᠨᠠᠮᠲᠠᠷ ᠤᠨ ᠨᠦᠬᠦᠴᠡᠯ ᠢ ᠨᠣᠳᠠᠯᠠᠨ ᠳᠣᠭᠳᠠᠭᠠᠬᠤ | ︵ᠨᠢᠭᠡ︶ 2018 ᠤᠨ ᠤ ᠤᠯᠤᠰ ᠤᠨ ᠬᠠᠤᠯᠢ ᠴᠠᠭᠠᠵᠠ ᠶᠢᠨ ᠳᠣᠬᠠᠶᠢᠢᠯᠠᠭᠰᠠᠨ ᠠᠵᠢᠯ ᠤᠨ ᠬᠢᠷᠢ ᠬᠡᠮ ᠤᠨ | ᠨᠢᠭᠡᠳᠦᠯᠳᠡᠢ ᠰᠢᠯᠭᠠᠯᠲᠠ ᠳᠤ ᠨᠡᠷ᠎ᠡ ᠮᠡᠳᠡᠭᠦᠯᠦᠨ ᠣᠷᠣᠯᠴᠠᠵᠣ ᠪᠤᠯᠬᠤ ᠬᠦᠴᠦᠨ ᠪᠦᠬᠦᠢ ᠰᠤᠷᠣᠯᠭ᠎ᠠ ᠳᠡᠭᠦᠰᠦᠭᠰᠡᠨ | ᠦᠨᠡᠮᠯᠡᠯ ᠪᠣᠯ᠄ | ︵1︶ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠢᠶᠠᠷ ᠵᠦᠪᠰᠢᠶᠡᠷᠡᠭᠦᠯᠦᠭᠰᠡᠨ᠂ ᠰᠤᠷᠤᠯᠭ᠎ᠠ ᠶᠢᠨ ᠨᠠᠮᠲᠠᠷ ᠤᠨ ᠰᠣᠷᠭᠠᠨ ᠬᠦᠮᠦᠵᠢᠯ ᠡᠷᠬᠢᠯᠡᠬᠦ ᠬᠢᠷᠢ ᠬᠡᠮ ᠲᠠᠢ | ᠨᠠᠰᠤᠨ ᠳᠤ ᠬᠦᠷᠦᠭᠰᠡᠳ ᠤᠨ ᠶᠡᠭᠡ ᠲᠡᠭᠡᠳᠦ ᠰᠤᠷᠭᠠᠭᠤᠯᠢ᠂ ᠡᠩ ᠤᠨ ᠶᠡᠭᠡ ᠲᠡᠭᠡᠳᠦ ᠰᠤᠷᠭᠠᠭᠤᠯᠢ ︵ᠠᠰᠫᠢᠷᠠᠨᠲ | ᠬᠦᠮᠦᠵᠢᠭᠦᠯᠬᠦ ᠰᠢᠨᠵᠢᠯᠡᠬᠦ ᠣᠬᠠᠭᠠᠨ ᠤ ᠰᠤᠳᠤᠯᠭᠠᠨ ᠤ ᠪᠠᠶᠢᠭᠤᠯᠤᠯᠭ᠎ᠠ ᠴᠦ ᠪᠠᠭᠳᠠᠨ᠎ᠠ︶ ᠠᠴᠠ ᠤᠯᠭᠤᠭᠰᠠᠨ | ᠰᠣᠷᠣᠯᠭ᠎ᠠ ᠲᠡᠭᠦᠰᠦᠭᠰᠡᠨ ᠦᠨᠡᠮᠯᠡᠯ︔ | ︵2︶ ᠲᠡᠭᠡᠳᠦ ᠵᠡᠷᠭᠡ ᠶᠢᠨ ᠰᠤᠷᠭᠠᠨ | ᠬᠦᠮᠦᠵᠢᠯ ᠤᠨ ᠦᠪᠡᠷ ᠢᠶᠠᠨ ᠰᠤᠷᠴᠤ ᠰᠢᠯᠭᠠᠭᠤᠯᠬᠤ ᠰᠢᠯᠭᠠᠯᠲᠠ᠂ ᠲᠡᠭᠡᠳᠦ ᠵᠡᠷᠭᠡ ᠶᠢᠨ ᠰᠤᠷᠭᠠᠨ | ᠬᠦᠮᠦᠵᠢᠯ ᠤᠨ ᠰᠤᠷᠤᠯᠭ᠎ᠠ ᠶᠢᠨ ᠨᠠᠮᠲᠠᠷ ᠤᠨ ᠰᠢᠯᠭᠠᠯᠲᠠ ᠶᠢ ᠳᠠᠮᠵᠢᠭᠠᠳ᠂ ᠪᠦᠬᠦ ᠤᠯᠤᠰ ᠤᠨ ᠲᠡᠭᠡᠳᠦ ᠵᠡᠷᠭᠡ ᠶᠢᠨ | ᠰᠤᠷᠭᠠᠨ ᠬᠦᠮᠦᠵᠢᠯ ᠤᠨ ᠦᠪᠡᠷ ᠢᠶᠠᠨ ᠰᠤᠷᠴᠤ ᠰᠢᠯᠭᠠᠭᠤᠯᠬᠤ ᠰᠢᠯᠭᠠᠯᠲᠠ ᠶᠢᠨ ᠵᠦᠪᠯᠡᠯ ᠠᠴᠠ ᠡᠷᠬᠡ ᠤᠯᠭᠤᠭᠰᠠᠨ | ᠡᠯ᠎ᠠ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠲᠡᠭᠡᠳᠦ ᠵᠡᠷᠭᠡ ᠶᠢᠨ ᠰᠤᠷᠭᠠᠨ | ᠬᠦᠮᠦᠵᠢᠯ ᠤᠨ ᠦᠪᠡᠷ ᠢᠶᠠᠨ ᠰᠤᠷᠴᠤ ᠰᠢᠯᠭᠠᠭᠤᠯᠬᠤ ᠰᠢᠯᠭᠠᠯᠲᠠ ᠶᠢᠨ ᠵᠦᠪᠯᠡᠯ ᠤᠨ ᠤᠯᠭᠤᠭᠰᠠᠨ ᠰᠣᠷᠣᠯᠭ᠎ᠠ | ᠲᠡᠭᠦᠰᠦᠭᠰᠡᠨ ᠦᠨᠡᠮᠯᠡᠯ︔ | ︵3︶ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠢᠶᠠᠷ ᠵᠦᠪᠰᠢᠶᠡᠷᠡᠭᠦᠯᠵᠦ᠂ ᠤᠯᠤᠰ ᠤᠨ ᠰᠤᠷᠤᠭᠴᠢ ᠡᠯᠰᠡᠬᠦ ᠲᠦᠯᠦᠪᠯᠡᠭᠡ ᠳᠤ ᠤᠷᠤᠭᠤᠯᠤᠭᠰᠠᠨ ᠪᠦᠭᠡᠳ | ᠪᠦᠬᠦ ᠤᠯᠤᠰ ᠤᠨ ᠨᠢᠭᠡᠳᠦᠯᠲᠡᠢ ᠰᠢᠯᠭᠠᠯᠲᠠ ᠪᠠᠷ ᠣᠷᠣᠯᠴᠠᠵᠣ᠂ ᠨᠠᠮ ᠤᠨ ᠰᠤᠷᠭᠠᠭᠤᠯᠢ᠂ ᠴᠡᠷᠢᠭ ᠤᠨ ᠶᠠᠪᠤᠳᠠᠯ ᠤᠨ | ᠶᠡᠭᠡ ᠳᠡᠭᠡᠳᠦ ᠰᠤᠷᠭᠠᠭᠤᠯᠢ ᠳᠤ ᠰᠤᠷᠤᠯᠴᠠᠭᠰᠠᠨ ᠰᠣᠷᠣᠭᠴᠢ ᠶᠢᠨ ᠣᠯᠣᠭᠰᠠᠨ ᠰᠣᠷᠣᠯᠭ᠎ᠠ ᠲᠡᠭᠦᠰᠦᠭᠰᠡᠨ ᠦᠨᠡᠮᠯᠡᠯ︔ | | ︵4︶ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠢᠶᠠᠷ ᠵᠦᠪᠰᠢᠶᠡᠷᠡᠭᠦᠯᠵᠦ᠂ ᠰᠦᠯᠵᠢᠶ᠎ᠠ ᠶᠢᠨ ᠰᠤᠷᠭᠠᠨ ᠬᠦᠮᠦᠵᠢᠯ ᠤᠨ ᠳᠣᠷᠰᠢᠯᠳᠠ ᠬᠢᠭᠰᠡᠨ ᠡᠩ ᠤᠨ ᠶᠡᠭᠡ | ᠲᠡᠭᠡᠳᠦ ᠰᠤᠷᠭᠠᠭᠤᠯᠢ ᠶᠢᠨ ᠤᠯᠭᠤᠭᠰᠠᠨ ᠠᠯᠤᠰ ︵ᠰᠦᠯᠵᠢᠶ᠎ᠡ ᠶᠢᠨ︶ ᠰᠤᠷᠭᠠᠨ ᠬᠦᠮᠦᠵᠢᠯ ᠤᠨ ᠰᠣᠷᠣᠯᠭ᠎ᠠ | ᠲᠡᠭᠦᠰᠦᠭᠰᠡᠨ ᠦᠨᠡᠮᠯᠡᠯ︔ | ︵5︶ ᠰᠤᠷᠭᠠᠨ ᠬᠦᠮᠦᠵᠢᠯ ᠤᠨ ᠶᠠᠮᠤᠨ᠂ ᠣᠣᠯ ᠤᠨ ᠴᠢᠯᠦᠭᠡᠯᠡᠬᠦ ᠴᠡᠷᠢᠭ ᠤᠨ ᠶᠡᠷᠦᠩᠬᠡᠢ ᠱᠲ᠋ᠠᠪ ᠤᠨ ᠬᠡᠯᠳᠡᠰ | ᠂ ᠣᠣᠯ ᠤᠨ ᠴᠢᠯᠦᠭᠡᠯᠡᠬᠦ ᠴᠡᠷᠢᠭ ᠤᠨ ᠶᠡᠷᠦᠩᠬᠡᠢ ᠤᠯᠤᠰ ᠲᠦᠷᠦ ᠶᠢᠨ ᠬᠡᠯᠳᠡᠰ ᠤᠨ ︽ᠲᠤᠮᠳᠠᠳᠤ ᠤᠯᠤᠰ ᠤᠨ | ᠠᠷᠠᠳ ᠤᠨ ᠴᠢᠯᠦᠭᠡᠯᠡᠬᠦ ᠴᠡᠷᠢᠭ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠤᠨ ᠦᠨᠡᠮᠯᠡᠯ ᠢ | ᠬᠠᠮᠢᠶᠠᠷᠬᠤ ᠲᠦᠷ ᠬᠡᠷᠡᠭᠵᠢᠭᠦᠯᠬᠦ ᠲᠤᠭᠳᠠᠭᠠᠯ︾ ᠳᠤ ᠨᠡᠶᠢᠴᠡᠨ ᠤᠯᠭᠤᠭᠰᠠᠨ ᠰᠣᠷᠣᠯᠭ᠎ᠠ ᠲᠡᠭᠦᠰᠦᠭᠰᠡᠨ ᠦᠨᠡᠮᠯᠡᠯ᠃ | | ︵ᠬᠤᠶᠠᠷ︶ ᠨᠡᠷ᠎ᠡ ᠮᠡᠲᠡᠭᠦᠯᠦᠭᠰᠡᠳ ᠤᠨ ᠰᠤᠷᠤᠯᠭ᠎ᠠ ᠲᠡᠭᠦᠰᠦᠭᠰᠡᠨ ᠦᠨᠡᠮᠯᠡᠯ ᠨᠢ ᠤᠯᠤᠰ ᠠᠷᠠᠳ ᠤᠨ ᠰᠤᠷᠭᠠᠨ | ᠬᠦᠮᠦᠵᠢᠯ ᠤᠨ ᠴᠤᠪᠤᠷᠠᠯ ᠪᠤᠶᠤ ᠲᠦᠷᠦ ᠶᠢᠨ ᠶᠠᠪᠤᠲᠠᠯ ᠤᠨ ᠬᠤᠷᠢᠶ᠎ᠠ ᠶᠢᠨ ᠰᠤᠷᠭᠠᠨ ᠬᠦᠮᠦᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠤᠨ ᠮᠡᠲᠡᠷᠡᠬᠦ ᠰᠤᠷᠤᠯᠭ᠎ᠠ ᠶᠢᠨ ᠨᠠᠮᠲᠠᠷ ᠲᠤ ᠬᠠᠷᠢᠶᠠᠯᠠᠭᠳᠠᠬᠤ ᠡᠰᠡᠬᠦ ᠶᠢ ᠰᠤᠷᠭᠠᠨ | ᠬᠦᠮᠦᠵᠢᠯ ᠤᠨ ᠶᠠᠮᠤᠨ ᠤ ᠪᠦᠬᠦ ᠤᠯᠤᠰ ᠤᠨ ᠶᠡᠭᠡ ᠲᠡᠭᠡᠲᠦ ᠰᠣᠷᠭᠠᠭᠤᠯᠢ ᠶᠢᠨ ᠰᠤᠷᠤᠬᠴᠢ ᠶᠢᠨ ᠮᠡᠲᠡᠭᠡ ᠵᠠᠩᠬᠢ ᠶᠢ | ᠯᠠᠪᠯᠠᠬᠤ ᠪᠤᠯᠤᠨ ᠠᠵᠢᠯ ᠤᠯᠭᠤᠬᠤ ᠶᠢ ᠵᠢᠯᠤᠭᠤᠳᠬᠤ ᠲᠦᠪ ᠤᠨ ᠰᠦᠯᠵᠢᠶ᠎ᠡ ᠶᠢᠨ ᠦᠷᠳᠡᠭᠡ ᠠᠴᠠ ᠯᠠᠪᠯᠠᠨ | ᠪᠠᠶᠢᠴᠠᠭᠠᠬᠰᠠᠨ ᠳ᠋ᠦ᠋ᠩ ᠢᠶᠠᠷ ᠪᠠᠷᠢᠮᠵᠢᠶ᠎ᠠ ᠪᠤᠯᠭᠠᠨ᠎ᠠ᠃ ᠪᠠᠶᠢᠴᠠᠭᠠᠨ ᠤᠯᠬᠤ ᠦᠭᠡᠢ ᠮᠦᠷᠲᠡᠭᠡᠨ ᠨᠡᠷ᠎ᠡ ᠮᠡᠳᠡᠭᠦᠯᠦᠭᠴᠢ | ᠰᠢᠯᠭᠠᠯᠲᠠ ᠳᠤ ᠬᠢᠷᠢ ᠲᠡᠩᠴᠡᠭᠰᠠᠨ ᠢᠶᠠᠨ ᠠᠮᠠᠯᠠᠯᠳᠠ ᠬᠢᠬᠦ ᠴᠢᠬᠤᠯᠠ ᠲᠠᠢ ᠪᠣᠯ᠂ ᠳᠣᠭᠳᠠᠭᠠᠭᠰᠠᠨ ᠬᠢᠷᠢ ᠭᠡᠮ ᠣᠯᠬᠤ | ᠡᠷᠭᠦᠳᠡᠯ ᠭᠠᠷᠭᠠᠬᠤ ᠬᠤᠭᠤᠴᠠᠭᠠᠨ ᠳᠣᠳᠣᠷ᠎ᠠ᠂ ᠰᠤᠷᠭᠠᠨ ᠬᠦᠮᠦᠵᠢᠯ ᠤᠨ ᠶᠠᠮᠤᠨ ᠤ ᠪᠦᠬᠦ ᠤᠯᠤᠰ ᠤᠨ ᠶᠡᠭᠡ | ᠲᠡᠭᠡᠲᠦ ᠰᠤᠷᠭᠠᠭᠤᠯᠢ ᠶᠢᠨ ᠰᠤᠷᠤᠬᠴᠢ ᠶᠢᠨ ᠮᠡᠲᠡᠭᠡ ᠵᠠᠩᠬᠢ ᠶᠢ ᠯᠠᠪᠯᠠᠬᠤ ᠪᠤᠯᠤᠨ ᠠᠵᠢᠯ ᠤᠯᠭᠤᠬᠤ ᠶᠢ | ᠵᠢᠯᠤᠭᠤᠳᠬᠤ ᠲᠦᠪ ᠠᠴᠠ ᠭᠠᠷᠭᠠᠨ ᠦᠭᠭᠦᠭᠰᠡᠨ ︽ᠲᠤᠮᠲᠠᠲᠤ ᠤᠯᠤᠰ ᠤᠨ ᠲᠡᠭᠡᠲᠦ ᠵᠡᠷᠭᠡ ᠶᠢᠨ ᠰᠤᠷᠭᠠᠨ | ᠬᠦᠮᠦᠵᠢᠯ ᠤᠨ ᠰᠤᠷᠤᠯᠭ᠎ᠠ ᠶᠢᠨ ᠨᠠᠮᠲᠠᠷ ᠢ ᠬᠡᠷᠡᠴᠢᠯᠡᠬᠦ ᠮᠡᠲᠡᠭᠦᠯᠦᠯᠲᠡ︾ ᠶᠢ ᠲᠤᠰᠢᠶᠠᠬᠤ ᠬᠡᠷᠡᠭᠲᠡᠢ᠃ | ᠭᠤᠷᠪᠠ᠂ ᠪᠣᠰᠣᠳᠴᠢ ᠰᠡᠳᠦᠪ ᠤᠨ ᠰᠢᠯᠭᠠᠯᠳᠠ | ︵ᠨᠢᠭᠡ︶ ᠨᠡᠷ᠎ᠡ ᠮᠡᠳᠡᠭᠦᠯᠬᠦ ᠬᠡᠯᠪᠡᠷᠢ ᠪᠠ ᠴᠠᠭ | 2018 ᠣᠨ ᠤ ᠣᠯᠣᠰ ᠤᠨ ᠬᠠᠣᠯᠢ ᠴᠠᠭᠠᠵᠠ ᠶᠢᠨ ᠳᠣᠬᠠᠶᠢᠢᠯᠠᠭᠰᠠᠨ ᠠᠵᠢᠯ ᠤᠨ ᠬᠢᠷᠢ ᠬᠡᠮ ᠤᠨ | ᠨᠢᠭᠡᠳᠦᠯᠳᠡᠢ ᠰᠢᠯᠭᠠᠯᠳᠠ ᠶᠢᠨ ᠪᠣᠰᠣᠳᠴᠢ ᠰᠡᠳᠦᠪ ᠤᠨ ᠰᠢᠯᠭᠠᠯᠳᠠ ᠳᠤ ᠰᠦᠯᠵᠢᠶ᠎ᠡ ᠲᠡᠭᠡᠷ᠎ᠡ ᠨᠡᠷ᠎ᠡ ᠮᠡᠲᠡᠭᠦᠯᠬᠦ | ᠠᠷᠭ᠎ᠠ ᠶᠢ ᠬᠡᠷᠡᠭᠵᠢᠭᠦᠯᠦᠨ᠎ᠡ᠂ ᠨᠡᠷ᠎ᠡ ᠮᠡᠳᠡᠭᠦᠯᠬᠦ ᠴᠠᠭ ᠨᠢ 6 ᠰᠠᠷ᠎ᠠ ᠶᠢᠨ 20 ᠤ ᠡᠳᠦᠷ ᠤᠨ 0 ᠴᠠᠭ ᠠᠴᠠ 7 | ᠰᠠᠷ᠎ᠠ ᠶᠢᠨ 4 ᠤ ᠡᠳᠦᠷ ᠤᠨ 24 ᠴᠠᠭ ᠬᠦᠷᠳᠡᠯ᠎ᠡ᠃ | ᠨᠡᠷ᠎ᠡ ᠮᠡᠳᠡᠭᠦᠯᠦᠭᠰᠡᠳ ᠳᠣᠭᠳᠠᠭᠰᠠᠨ ᠬᠤᠭᠤᠴᠠᠭᠠᠨ ᠳᠣᠳᠣᠷ᠎ᠠ ᠬᠠᠣᠯᠢ ᠴᠠᠭᠠᠵᠠ ᠶᠢᠨ ᠶᠠᠮᠣᠨ ᠤ | ᠰᠦᠯᠵᠢᠶ᠎ᠡ ᠶᠢᠨ ᠦᠷᠳᠡᠭᠡ ︵http://www.moj.gov.cn︶ ᠳᠤ ᠭᠠᠷᠴᠣ᠂ ᠰᠦᠯᠵᠢᠶ᠎ᠡ ᠳᠡᠭᠡᠷ᠎ᠡ ᠨᠡᠷ᠎ᠡ | ᠮᠡᠳᠡᠭᠦᠯᠬᠦ ᠱᠠᠭᠠᠷᠳᠠᠯᠭ᠎ᠠ᠂ ᠳᠡᠰ ᠳᠠᠷᠠᠭᠠᠯᠠᠯ ᠵᠢᠴᠢ ᠠᠯᠬᠤᠮ ᠶᠣᠰᠣᠭᠠᠷ ᠬᠤᠪᠢ ᠬᠦᠮᠦᠨ ᠤ ᠮᠡᠳᠡᠭᠡ ᠵᠠᠩᠬᠢ ᠪᠠᠨ | ᠳᠠᠭᠯᠠᠨ᠎ᠠ᠃ ᠬᠤᠭᠤᠴᠠᠭ᠎ᠠ ᠨᠢ ᠳᠣᠯᠪᠠᠯ ᠨᠦᠬᠦᠵᠦ ᠨᠡᠷ᠎ᠡ ᠮᠡᠳᠡᠭᠦᠯᠦᠭᠦᠯᠬᠦ ᠦᠭᠡᠢ᠃ | ︵ᠬᠤᠶᠠᠷ︶ ᠨᠡᠷ᠎ᠡ ᠮᠡᠳᠡᠭᠦᠯᠬᠦ ᠳᠡᠰ ᠳᠠᠷᠠᠭᠠᠯᠠᠯ | 1᠂ ︽ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠬᠠᠣᠯᠢ ᠴᠠᠭᠠᠵᠠ ᠶᠢᠨ ᠶᠠᠮᠣᠨ ᠤ ᠠᠯᠪᠠᠨ ᠵᠠᠷ︾ | ᠢ ᠣᠩᠰᠢᠬᠤ ᠶᠢᠨ ᠬᠠᠮᠳᠣ᠂ ᠵᠣᠬᠢᠴᠠᠩᠭᠤᠢ ᠠᠮᠠᠯᠠᠯᠳᠠ ᠬᠢᠨ᠎ᠡ᠃ | 2᠂ ᠨᠡᠷ᠎ᠡ ᠮᠡᠳᠡᠭᠦᠯᠬᠦ ᠭᠠᠵᠠᠷ ᠢᠶᠠᠨ ᠰᠣᠩᠭᠤᠬᠤ | ᠮᠠᠨ ᠤ ᠣᠷᠣᠨ ᠳᠤ ᠨᠡᠷ᠎ᠡ ᠮᠡᠳᠡᠭᠦᠯᠦᠨ ᠰᠢᠯᠭᠠᠯᠳᠠ ᠳᠤ ᠣᠷᠣᠯᠴᠠᠬᠤ ᠪᠠᠷ ᠰᠣᠩᠭᠤᠬᠤ ᠬᠦᠮᠦᠰ᠂ ᠰᠦᠯᠵᠢᠶ᠎ᠡ | ᠳᠡᠭᠡᠷ᠎ᠡ ᠨᠡᠷ᠎ᠡ ᠮᠡᠳᠡᠭᠦᠯᠬᠦ ᠦᠶ᠎ᠡ ᠳᠡᠭᠡᠨ ᠰᠢᠯᠭᠠᠯᠳᠠ ᠳᠤ ᠣᠷᠣᠯᠴᠠᠬᠤ ᠪᠠᠷ ᠪᠠᠶᠢᠭ᠎ᠠ ᠭᠠᠵᠠᠷ ᠢᠶᠠᠨ ᠦᠨᠳᠦᠰᠦᠯᠡᠨ | ᠨᠡᠷ᠎ᠡ ᠮᠡᠳᠡᠭᠦᠯᠬᠦ ᠭᠠᠵᠠᠷ ᠢᠶᠠᠨ ᠰᠣᠩᠭᠤᠵᠣ ᠪᠣᠯᠣᠨ᠎ᠠ᠂ ᠨᠡᠷ᠎ᠡ ᠮᠡᠳᠡᠭᠦᠯᠬᠦ ᠭᠠᠵᠠᠷ ᠨᠢ ᠳᠠᠷᠣᠢ ᠰᠢᠯᠭᠠᠯᠳᠠ ᠳᠤ | ᠣᠷᠣᠯᠴᠠᠬᠤ ᠭᠠᠵᠠᠷ ᠪᠣᠯᠣᠨ᠎ᠠ᠃ ᠡᠯ᠎ᠡ ᠰᠢᠯᠭᠠᠯᠳᠠ ᠶᠢᠨ ᠳᠣᠭᠤᠷᠢᠭ ᠤᠨ ᠪᠣᠳᠠᠳᠠᠢ ᠪᠠᠶᠢᠭ᠎ᠠ ᠺᠣᠮᠫᠢᠦ᠋ᠲ᠋ᠧᠷ ᠤᠨ | ᠳᠤᠭ᠎ᠠ ᠬᠡᠮᠵᠢᠶ᠎ᠡ ᠶᠢᠨ ᠬᠢᠵᠠᠭᠠᠷᠯᠠᠯ ᠠᠴᠠ ᠪᠣᠯᠵᠣ᠂ ᠡᠯ᠎ᠡ ᠨᠡᠷ᠎ᠡ ᠮᠡᠳᠡᠭᠦᠯᠬᠦ ᠭᠠᠵᠠᠷ ᠨᠡᠷ᠎ᠡ ᠮᠡᠳᠡᠭᠦᠯᠬᠦ ᠬᠦᠮᠦᠨ ᠤ | ᠳᠤᠭ᠎ᠠ ᠶᠢᠨ ᠬᠢᠵᠠᠭᠠᠷ ᠳᠣᠭᠳᠠᠭᠠᠨ᠎ᠠ᠃ ᠨᠡᠷ᠎ᠡ ᠮᠡᠳᠡᠭᠦᠯᠬᠦ ᠭᠠᠵᠠᠷ ᠢᠶᠠᠨ ᠰᠣᠩᠭᠤᠬᠤ ᠦᠶ᠎ᠡ ᠳᠤ᠂ ᠬᠡᠷᠪᠡ ᠳᠣᠰ | ᠨᠡᠷ᠎ᠡ ᠮᠡᠳᠡᠭᠦᠯᠬᠦ ᠭᠠᠵᠠᠷ ᠤᠨ ᠪᠠᠶᠢᠭ᠎ᠠ ᠰᠢᠯᠭᠠᠯᠳᠠ ᠶᠢᠨ ᠳᠣᠭᠤᠷᠢᠭ ᠤᠨ ᠬᠦᠮᠦᠨ ᠤ ᠳᠤᠭ᠎ᠠ ᠨᠢ ᠨᠢᠭᠡᠨᠳᠡ | ᠭᠦᠢᠴᠡᠭᠰᠡᠨ ᠰᠠᠨᠠᠭᠤᠯᠣᠮᠵᠢ ᠢᠯᠡᠷᠡᠪᠡᠯ᠂ ᠬᠦᠮᠦᠨ ᠤ ᠳᠤᠭ᠎ᠠ ᠨᠢ ᠭᠦᠢᠴᠡᠭᠡᠳᠦᠢ ᠪᠣᠰᠣᠳ ᠨᠡᠷ᠎ᠡ ᠮᠡᠳᠡᠭᠦᠯᠬᠦ ᠭᠠᠵᠠᠷ ᠢ | ᠰᠣᠩᠭᠤᠭᠠᠷᠠᠢ᠃ | 3᠂ ᠨᠡᠷ᠎ᠡ ᠮᠡᠳᠡᠭᠦᠯᠬᠦ ᠭᠠᠵᠠᠷ ᠤᠨ ᠠᠯᠪᠠᠨ ᠵᠠᠷ ᠢ ᠣᠩᠰᠢᠬᠤ | ᠨᠡᠷ᠎ᠡ ᠮᠡᠲᠡᠭᠦᠯᠦᠭᠰᠡᠳ ᠨᠡᠷ᠎ᠡ ᠮᠡᠲᠡᠭᠦᠯᠬᠦ ᠰᠦᠯᠵᠢᠶ᠎ᠡ ᠶᠢᠨ ᠦᠷᠳᠡᠭᠡ ᠳᠤ ᠭᠠᠷᠤᠬᠰᠠᠨ ᠤ ᠳᠠᠷᠠᠭ᠎ᠠ᠂ ᠨᠡᠷ᠎ᠡ | ᠮᠡᠲᠡᠭᠦᠯᠬᠦ ᠭᠠᠵᠠᠷ ᠤᠨ ᠠᠯᠪᠠᠨ ᠵᠠᠷ ᠢ ᠨᠠᠷᠢᠨ ᠤᠩᠰᠢᠵᠦ᠂ ᠨᠡᠷ᠎ᠡ ᠮᠡᠲᠡᠭᠦᠯᠬᠦ ᠨᠦᠬᠦᠴᠡᠯ᠂ ᠨᠡᠷ᠎ᠡ ᠮᠡᠲᠡᠭᠦᠯᠬᠦ ᠲᠡᠰ | ᠲᠠᠷᠠᠭᠠᠯᠠᠯ ᠢ ᠡᠵᠡᠮᠰᠢᠵᠦ᠂ ᠨᠡᠷ᠎ᠡ ᠮᠡᠲᠡᠭᠦᠯᠬᠦ ᠲᠦᠷᠦ ᠶᠢᠨ ᠪᠤᠳᠤᠯᠭ᠎ᠠ ᠪᠤᠯᠤᠨ ᠪᠤᠲᠠᠲᠠᠢ ᠱᠠᠭᠠᠷᠲᠠᠯᠭ᠎ᠠ ᠶᠢ | ᠤᠶᠢᠢᠯᠠᠭᠠᠬᠤ ᠬᠡᠷᠡᠭᠲᠡᠢ᠃ | 4᠂ ᠡᠯᠧᠺᠳ᠋ᠷᠤᠨ ᠰᠡᠭᠦᠲᠡᠷ ᠢᠶᠠᠨ ᠰᠦᠯᠵᠢᠶ᠎ᠡ ᠳᠡᠭᠡᠷ᠎ᠡ ᠳᠠᠮᠵᠢᠭᠤᠯᠬᠤ | ᠨᠡᠷ᠎ᠡ ᠮᠡᠳᠡᠭᠦᠯᠦᠭᠰᠡᠳ ᠤᠨ ᠳᠠᠮᠵᠢᠭᠤᠯᠬᠤ ᠡᠯᠧᠺᠳ᠋ᠷᠤᠨ ᠰᠡᠭᠦᠲᠡᠷ ᠳᠣᠣᠷᠠᠬᠢ ᠱᠠᠭᠠᠷᠳᠠᠯᠭ᠎ᠠ ᠳᠤ ᠨᠡᠶᠢᠴᠡᠬᠦ | ᠬᠡᠷᠡᠭᠳᠡᠢ᠄ ᠳᠣᠰ ᠬᠦᠮᠦᠨ ᠤ ᠣᠶᠢᠢᠷᠠ ᠶᠢᠨ ᠭᠤᠷᠪᠠᠨ ᠰᠠᠷ᠎ᠠ ᠶᠢᠨ ᠳᠣᠳᠣᠷᠠᠬᠢ ᠪᠤᠲᠤᠬ ᠲᠠᠢ ︵ᠬᠦᠬᠡ᠂ ᠤᠯᠠᠭᠠᠨ᠂ | ᠴᠠᠭᠠᠨ ᠲᠡᠪᠢᠰᠬᠡᠷ ᠲᠠᠢ ᠰᠡᠭᠦᠲᠡᠷ ᠴᠦᠮ ᠪᠤᠯᠤᠨ᠎ᠠ︶ ᠡᠯᠧᠺᠳ᠋ᠷᠤᠨ ᠭᠡᠷᠡᠴᠢ ᠦᠨᠡᠮᠯᠡᠯ ᠤᠨ ᠲᠦᠪ ᠰᠡᠭᠦᠲᠡᠷ ᠪᠠᠶᠢᠬᠤ | ᠬᠡᠷᠡᠭᠳᠡᠢ᠂ ᠰᠡᠭᠦᠳᠡᠷ ᠨᠢ ᠡᠷᠬᠡᠪᠰᠢ ᠳᠣᠳᠣᠷᠬᠠᠢ ᠪᠦᠷᠢᠨ ᠪᠦᠳᠦᠨ ᠪᠠᠶᠢᠬᠤ ᠬᠡᠷᠡᠭᠳᠡᠢ︔ ᠰᠡᠭᠦᠳᠡᠷ ᠲᠤ ᠬᠤᠶᠠᠷ | ᠮᠦᠷᠦ᠂ ᠬᠤᠶᠠᠷ ᠴᠢᠬᠢ ᠪᠠᠨ ᠢᠯᠡᠷᠡᠭᠦᠯᠵᠦ᠂ ᠬᠤᠶᠠᠷ ᠬᠦᠮᠦᠰᠭᠡ ᠪᠠᠨ ᠢᠯᠡ ᠭᠠᠷᠭᠠᠬᠤ ᠬᠡᠷᠡᠭᠳᠡᠢ᠂ ᠪᠦᠬᠦ ᠪᠡᠶ᠎ᠡ ᠶᠢᠨ | ᠰᠡᠭᠦᠳᠡᠷ᠂ ᠦᠵᠡᠮᠵᠢ ᠶᠢᠨ ᠰᠡᠭᠦᠳᠡᠷ᠂ ᠠᠮᠢᠳᠣᠷᠠᠯ ᠤᠨ ᠰᠡᠭᠦᠳᠡᠷ᠂ ᠮᠦᠷᠦᠪᠴᠢ ︵ᠡᠯᠭᠦᠪᠴᠢ︶ ᠲᠠᠢ | ᠬᠠᠨᠳᠠᠭᠠᠰᠣ ᠪᠠᠷ ᠳᠠᠳᠠᠭᠰᠠᠨ ᠰᠡᠭᠦᠳᠡᠷ᠂ ᠣᠷᠠᠯᠢᠭ ᠰᠡᠭᠦᠳᠡᠷ᠂ ᠬᠠᠵᠠᠭᠤ ᠠᠴᠠ ᠳᠠᠳᠠᠭᠰᠠᠨ ᠰᠡᠭᠦᠳᠡᠷ᠂ ᠬᠡᠮᠵᠢᠶ᠎ᠡ | ᠵᠢᠷᠣᠮ ᠦᠭᠡᠢ ᠭᠠᠷ ᠮᠠᠰᠢᠨ ᠢᠶᠠᠷ ᠳᠠᠳᠠᠭᠰᠠᠨ ᠰᠡᠭᠦᠳᠡᠷ ᠵᠡᠷᠭᠡ ᠶᠢ ᠳᠠᠮᠵᠢᠭᠤᠯᠵᠣ ᠪᠣᠯᠬᠤ ᠦᠭᠡᠢ︔ ᠰᠡᠭᠦᠳᠡᠷ | ᠳᠠᠳᠠᠬᠤ ᠳᠠᠭᠠᠨ ᠵᠠᠰᠠᠯ ᠵᠢᠮᠰᠡᠭ ᠵᠡᠭᠦᠵᠦ ᠪᠣᠯᠬᠤ ᠦᠭᠡᠢ᠂ ᠦᠷᠭᠡᠨ ᠬᠦᠪᠡᠭᠡ ᠲᠠᠢ ᠨᠢᠳᠦᠨ ᠰᠢᠯ ︵ᠨᠢᠭᠤᠷ | ᠴᠢᠷᠠᠢ ᠶᠢᠨ ᠣᠨᠴᠠᠯᠢᠭ ᠢ ᠬᠠᠯᠬᠠᠯᠠᠪᠠᠯ ᠰᠢᠯᠭᠠᠯᠳᠠ ᠶᠢᠨ ᠬᠤᠭᠤᠴᠠᠭᠠᠨ ᠳᠤ ᠰᠢᠯᠭᠠᠭᠤᠯᠣᠭᠴᠢ ᠶᠢᠨ ᠪᠡᠶ᠎ᠡ ᠶᠢᠨ | ᠭᠠᠷᠣᠯ ᠢ ᠬᠢᠨᠠᠨ ᠬᠠᠷᠭᠤᠭᠤᠯᠬᠤ ᠶᠢ ᠨᠦᠯᠦᠭᠡᠯᠡᠨ᠎ᠡ︶ ᠵᠡᠭᠦᠵᠦ ᠪᠣᠯᠬᠤ ᠦᠭᠡᠢ︔ ᠰᠡᠭᠦᠳᠡᠷ ᠢ ᠳᠠᠳᠠᠵᠣ ᠰᠣᠩᠭᠠᠬᠤ᠂ | ᠭᠤᠶᠣᠯᠠᠬᠤ ᠵᠡᠷᠭᠡ PS ᠠᠷᠭ᠎ᠠ ᠶᠢ ᠬᠡᠷᠡᠭᠯᠡᠵᠦ ᠪᠣᠯᠬᠤ ᠦᠭᠡᠢ ︵ᠰᠡᠭᠦᠳᠡᠷ ᠤᠨ ᠬᠠᠷᠢᠴᠠᠯ ᠨᠢ ᠳᠣᠰ ᠬᠦᠮᠦᠨ ᠤ | ᠦᠨᠡᠨ ᠪᠠᠶᠢᠳᠠᠯ ᠲᠠᠢ ᠨᠡᠶᠢᠴᠡᠬᠦ ᠦᠭᠡᠢ᠂ ᠰᠡᠭᠦᠳᠡᠷ ᠢ ᠭᠤᠶᠣᠯᠠᠬᠤ ᠵᠡᠷᠭᠡ ᠨᠢ ᠰᠢᠯᠭᠠᠯᠳᠠ ᠶᠢᠨ ᠬᠤᠭᠤᠴᠠᠭᠠᠨ ᠳᠤ | ᠰᠢᠯᠭᠠᠭᠤᠯᠣᠭᠴᠢ ᠶᠢᠨ ᠪᠡᠶ᠎ᠡ ᠶᠢᠨ ᠭᠠᠷᠣᠯ ᠢ ᠬᠢᠨᠠᠨ ᠬᠠᠷᠭᠤᠭᠤᠯᠬᠤ ᠶᠢ ᠨᠦᠯᠦᠭᠡᠯᠡᠨ᠎ᠡ︶︔ ᠡᠯᠧᠺᠳ᠋ᠷᠤᠨ | ᠰᠡᠭᠦᠳᠡᠷ ᠤᠨ ᠲᠦᠷᠦᠯ ᠬᠡᠯᠪᠡᠷᠢ ᠨᠢ jpg ᠬᠡᠯᠪᠡᠷᠢ︔ ᠰᠡᠭᠦᠳᠡᠷ ᠤᠨ ᠪᠠᠷᠢᠮᠵᠢᠶ᠎ᠠ ᠨᠢ 413 ᠳᠣᠳᠣᠴᠠ ︵ᠦᠷᠭᠡᠨ︶ | × 626 ᠳᠣᠳᠣᠴᠠ ︵ᠦᠨᠳᠦᠷ︶︔ ᠡᠯᠧᠺᠳ᠋ᠷᠤᠨ ᠰᠡᠭᠦᠳᠡᠷ ᠤᠨ ᠶᠡᠭᠡ ᠪᠠᠭ᠎ᠠ ᠨᠢ 40KB ᠪᠠ | 100KB ᠶᠢᠨ ᠬᠤᠭᠤᠷᠤᠨᠳᠦ᠂ ᠰᠡᠭᠦᠳᠡᠷ ᠨᠢ ᠡᠷᠬᠡᠪᠰᠢ ᠳᠣᠳᠣᠷᠬᠠᠢ ᠪᠦᠷᠢᠨ ᠪᠦᠳᠦᠨ ᠪᠠᠶᠢᠬᠤ ᠬᠡᠷᠡᠭᠳᠡᠢ᠃ | ᠳᠣᠰ ᠰᠡᠭᠦᠳᠡᠷ ᠢ ᠳᠣᠰ ᠬᠦᠮᠦᠨ ᠤ ᠰᠢᠯᠭᠠᠭᠤᠯᠬᠤ ᠶᠢ ᠵᠦᠪᠰᠢᠶᠡᠷᠡᠭᠰᠡᠨ ᠦᠨᠡᠮᠯᠡᠯ᠂ ᠰᠢᠯᠭᠠᠯᠳᠠ ᠶᠢᠨ ᠬᠢᠷᠢ | ᠪᠦᠳᠦᠮᠵᠢ ᠶᠢᠨ ᠮᠡᠳᠡᠭᠳᠡᠯ ᠤᠨ ᠬᠠᠭᠤᠳᠠᠰᠣ᠂ ᠬᠠᠣᠯᠢ ᠴᠠᠭᠠᠵᠠ ᠶᠢᠨ ᠳᠣᠬᠠᠶᠢᠢᠯᠠᠭᠰᠠᠨ ᠠᠵᠢᠯ ᠡᠷᠬᠢᠯᠡᠬᠦ ᠬᠢᠷᠢ ᠭᠡᠮ | ᠣᠯᠭᠤᠬᠤ ᠡᠷᠭᠦᠳᠡᠯ ᠤᠨ ᠬᠦᠰᠦᠨᠦᠭ᠂ ᠬᠠᠣᠯᠢ ᠴᠠᠭᠠᠵᠠ ᠶᠢᠨ ᠳᠣᠬᠠᠶᠢᠢᠯᠠᠭᠰᠠᠨ ᠠᠵᠢᠯ ᠡᠷᠬᠢᠯᠡᠬᠦ ᠬᠢᠷᠢ ᠭᠡᠮ ᠤᠨ | ᠦᠨᠡᠮᠯᠡᠯ ᠳᠤ ᠬᠡᠷᠡᠭᠯᠡᠬᠦ ᠴᠣᠷ ᠤᠨ ᠭᠠᠭᠴᠠ ᠰᠡᠭᠦᠳᠡᠷ ᠪᠣᠯᠭᠠᠨ᠎ᠠ᠃ | ᠠᠭᠤᠵᠢᠭᠤ ᠪᠣᠯᠭᠠᠭᠰᠠᠨ ᠲᠦᠷᠦ ᠶᠢᠨ ᠪᠤᠳᠤᠯᠭ᠎ᠠ ᠶᠢ ᠡᠳ᠋ᠯᠡᠬᠦ ᠪᠠᠷ ᠭᠤᠶᠤᠴᠢᠯᠠᠬᠰᠠᠳ ᠡᠷᠬᠡᠪᠰᠢ ᠨᠡᠷ᠎ᠡ | ᠮᠡᠲᠡᠭᠦᠯᠬᠦ ᠰᠤᠷᠤᠯᠭ᠎ᠠ ᠶᠢᠨ ᠨᠠᠮᠲᠡᠷ ᠤᠨ ᠨᠦᠬᠦᠴᠡᠯ ᠢ ᠠᠭᠤᠵᠢᠭᠤ ᠪᠣᠯᠭᠠᠭᠰᠠᠨ ᠭᠠᠵᠠᠷ ᠤᠷᠤᠨ ᠤ ᠡᠷᠦᠭᠡ ᠠᠮᠠ ᠶᠢᠨ | ᠳᠠᠩᠰᠠ ᠲᠠᠢ ᠪᠠᠶᠢᠬᠤ ᠬᠡᠷᠡᠭᠳᠡᠢ᠃ ᠰᠦᠯᠵᠢᠶ᠎ᠡ ᠲᠡᠭᠡᠷ᠎ᠡ ᠨᠡᠷ᠎ᠡ ᠮᠡᠲᠡᠭᠦᠯᠬᠦ ᠦᠶ᠎ᠡ ᠳᠡᠭᠡᠨ᠂ ᠡᠷᠦᠭᠡ ᠠᠮᠠ ᠶᠢᠨ | ᠲᠡᠪᠲᠡᠷ ᠤᠨ ᠲᠦᠷᠦᠬᠦᠦ ᠨᠢᠭᠤᠷ ᠪᠠ ᠲᠤᠰ ᠬᠦᠮᠦᠨ ᠤ ᠬᠠᠭᠤᠳᠠᠰᠣ ᠶᠢᠨ ᠡᠯᠧᠺᠳ᠋ᠷᠤᠨ ᠰᠡᠭᠦᠲᠡᠷ ᠢ ᠰᠦᠯᠵᠢᠶ᠎ᠡ | ᠳᠡᠭᠡᠷ᠎ᠡ ᠳᠠᠮᠵᠢᠭᠤᠯᠬᠤ ᠬᠡᠷᠡᠭᠲᠡᠢ᠃ | 5᠂ ᠨᠡᠷ᠎ᠡ ᠮᠡᠲᠡᠭᠦᠯᠬᠦ ᠮᠡᠲᠡᠭᠡ ᠵᠠᠩᠬᠢ ᠪᠠᠨ ᠲᠠᠬᠯᠠᠵᠦ᠂ ᠠᠮᠠᠯᠠᠯᠲᠠ ᠪᠠᠨ ᠨᠣᠳᠠᠯᠠᠬᠤ | ᠨᠡᠷ᠎ᠡ ᠮᠡᠲᠡᠭᠦᠯᠦᠭᠰᠡᠳ ᠬᠤᠪᠢ ᠬᠦᠮᠦᠨ ᠤ ᠮᠡᠲᠡᠭᠡ ᠵᠠᠩᠬᠢ ᠪᠠᠨ ᠦᠨᠡᠨ ᠪᠤᠲᠠᠲᠠᠢ᠂ ᠵᠦᠪ ᠤᠨᠤᠪᠴᠢᠲᠠᠢ | ᠲᠠᠬᠯᠠᠵᠣ᠂ ᠨᠡᠷ᠎ᠡ ᠮᠡᠳᠡᠭᠦᠯᠦᠭᠰᠡᠨ ᠮᠡᠳᠡᠭᠡ ᠵᠠᠩᠬᠢ ᠶᠢᠨ ᠢᠶᠠᠨ ᠦᠨᠡᠨ ᠪᠣᠳᠠᠳᠠᠢ ᠬᠦᠴᠦᠨ ᠲᠠᠢ ᠪᠠᠶᠢᠬᠤ ᠳᠤ | ᠠᠮᠠᠯᠠᠯᠳᠠ ᠬᠢᠬᠦ ᠶᠢᠨ ᠬᠠᠮᠳᠣ᠂ ᠳᠠᠭᠯᠠᠭᠰᠠᠨ ᠮᠠᠲ᠋ᠧᠷᠢᠶᠠᠯ ᠤᠨ ᠢᠶᠠᠨ ᠪᠣᠳᠠᠳᠠᠢ ᠠᠭᠤᠯᠭ᠎ᠠ ᠶᠢᠨ ᠦᠨᠡᠨ ᠪᠣᠳᠠᠳᠠᠢ | ᠪᠠᠶᠢᠬᠤ ᠳᠤ ᠬᠠᠷᠢᠭᠤᠴᠠᠬᠤ ᠬᠡᠷᠡᠭᠳᠡᠢ᠃ ᠡᠩ ᠤᠨ ᠶᠡᠭᠡ ᠳᠡᠭᠡᠳᠦ ᠰᠣᠷᠭᠠᠭᠤᠯᠢ᠂ ᠴᠡᠷᠢᠭ ᠠᠩᠬᠢ ᠶᠢᠨ ᠶᠡᠭᠡ ᠳᠡᠭᠡᠳᠦ | ᠰᠣᠷᠭᠠᠭᠤᠯᠢ ᠶᠢᠨ 2019 ᠣᠨ ᠤ ᠳᠣᠰ ᠵᠢᠯ ᠤᠨ ᠪᠦᠬᠦᠯᠢ ᠡᠳᠦᠷ ᠤᠨ ᠳᠦᠷᠢᠮᠳᠦ ᠶᠡᠭᠡ ᠰᠣᠷᠭᠠᠭᠤᠯᠢ ᠶᠢᠨ | ᠵᠢᠩᠬᠢᠨᠢ ᠠᠩᠬᠢ ᠠᠴᠠ ᠳᠡᠭᠦᠰᠬᠦ ᠣᠶᠣᠳᠠᠨ ᠪᠣᠯᠣᠨ ᠪᠣᠯᠪᠠᠰᠣᠷᠠᠯ ᠤᠨ ᠲᠦᠪᠰᠢᠨ ᠠᠳᠠᠯᠢ ᠰᠣᠷᠣᠯᠭ᠎ᠠ ᠶᠢᠨ | ᠨᠠᠮᠳᠠᠷ ᠢᠶᠠᠷ ᠨᠡᠷ᠎ᠡ ᠮᠡᠳᠡᠭᠦᠯᠦᠨ ᠰᠢᠯᠭᠠᠭᠰᠠᠨ ᠳᠣᠰ ᠵᠢᠯ ᠠᠰᠫᠢᠷᠠᠨᠲ ᠳᠡᠭᠦᠰᠦᠭᠰᠡᠳ ᠰᠦᠯᠵᠢᠶ᠎ᠡ ᠳᠡᠭᠡᠷ᠎ᠡ ᠨᠡᠷ᠎ᠡ | ᠮᠡᠳᠡᠭᠦᠯᠬᠦ ᠦᠶ᠎ᠡ ᠳᠡᠭᠡᠨ᠂ ︽ᠳᠣᠰ ᠵᠢᠯ ᠳᠡᠭᠦᠰᠦᠭᠰᠡᠨ ᠣᠶᠣᠳᠠᠨ ᠤ ᠠᠮᠠᠯᠠᠯᠳᠠ ᠶᠢᠨ ᠪᠢᠴᠢᠭ︾ ᠲᠤ ᠭᠠᠷ ᠤᠨ | ᠦᠰᠦᠭ ᠵᠢᠷᠣᠬᠤ ᠬᠡᠷᠡᠭᠳᠡᠢ᠃ | ᠲᠡᠭᠡᠳᠤ ᠵᠡᠷᠭᠡ ᠶᠢᠨ ᠰᠤᠷᠭᠠᠨ ᠬᠦᠮᠦᠵᠢᠯ ᠤᠨ ᠦᠪᠡᠷ ᠢᠶᠠᠨ ᠰᠣᠷᠴᠣ ᠰᠢᠯᠭᠠᠭᠤᠯᠬᠤ ᠰᠢᠯᠭᠠᠯᠳᠠ ᠶᠢᠨ ᠳ᠋ᠠᠩ | ᠬᠢᠴᠢᠶᠠᠯ ᠤᠨ ᠰᠢᠯᠭᠠᠯᠳᠠ ᠨᠢ ᠪᠦ᠋ᠬᠦᠨ ᠢᠶᠠᠷ ᠢᠶᠠᠨ ᠬᠢᠷᠢ ᠲᠡᠩᠴᠡᠭᠰᠡᠳ ᠰᠦᠯᠵᠢᠶ᠎ᠡ ᠳᠡᠭᠡᠷ᠎ᠡ ᠨᠡᠷ᠎ᠡ ᠮᠡᠳᠡᠭᠦᠯᠬᠦ | ᠦᠶ᠎ᠡ ᠳᠡᠭᠡᠨ᠂ ︽ᠳ᠋ᠠᠩ ᠬᠢᠴᠢᠶᠠᠯ ᠤᠨ ᠰᠢᠯᠭᠠᠯᠳᠠ ᠪᠦᠬᠦᠨ ᠢᠶᠠᠷ ᠢᠶᠠᠨ ᠬᠢᠷᠢ ᠲᠡᠩᠴᠡᠭᠰᠡᠨ ᠠᠮᠠᠯᠠᠯᠳᠠ ᠶᠢᠨ ᠪᠢᠴᠢᠭ︾ | ᠲᠤ ᠭᠠᠷ ᠤᠨ ᠦᠰᠦᠭ ᠵᠢᠷᠣᠬᠤ ᠬᠡᠷᠡᠭᠳᠡᠢ᠃ | ᠨᠡᠷ᠎ᠡ ᠮᠡᠲᠡᠭᠦᠯᠦᠭᠰᠡᠳ ᠬᠤᠲᠠᠯ ᠬᠠᠭᠤᠷᠮᠠᠬ ᠮᠡᠲᠡᠭᠡ ᠵᠠᠩᠬᠢ ᠳᠠᠭᠯᠠᠨ ᠮᠡᠳᠡᠭᠦᠯᠬᠦ ᠪᠣᠶᠣ ᠪᠣᠰᠣᠳ ᠬᠡᠯᠪᠡᠷᠢ ᠪᠠᠷ | ᠮᠡᠬᠡᠯᠡᠨ ᠨᠡᠷ᠎ᠡ ᠮᠡᠲᠡᠭᠦᠯᠦᠭᠰᠡᠨ ᠪᠠᠶᠢᠪᠠᠯ᠂ ᠬᠠᠣᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠣᠯᠭ᠎ᠠ ᠬᠠᠮᠢᠶ᠎ᠠ | ᠪᠦᠬᠦᠢ ᠳᠣᠭᠳᠠᠭᠠᠯ ᠶᠣᠰᠣᠭᠠᠷ ᠰᠢᠢᠳᠪᠦᠷᠢᠯᠡᠨ ᠡ᠃ | 6᠂ ᠰᠡᠭᠦᠳᠡᠷ ᠢ ᠬᠢᠨᠠᠨ ᠪᠠᠶᠢᠴᠠᠭᠠᠵᠣ ᠨᠣᠳᠠᠯᠠᠬᠤ | ᠬᠠᠣᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠣᠯᠭ᠎ᠠ ᠨᠡᠷ᠎ᠡ ᠮᠡᠳᠡᠭᠦᠯᠦᠭᠰᠡᠳ ᠤᠨ ᠰᠦᠯᠵᠢᠶ᠎ᠡ ᠳᠡᠭᠡᠷ᠎ᠡ | ᠳᠠᠮᠵᠢᠭᠤᠯᠣᠭᠰᠠᠨ ᠡᠯᠧᠺᠳ᠋ᠷᠦᠨ ᠰᠡᠭᠦᠳᠡᠷ ᠢ ᠬᠢᠨᠠᠨ ᠪᠠᠶᠢᠴᠠᠭᠠᠵᠣ ᠨᠣᠳᠠᠯᠠᠨᠠ᠃ ᠨᠡᠷ᠎ᠡ ᠮᠡᠳᠡᠭᠦᠯᠦᠭᠰᠡᠳ ᠡᠯᠧᠺᠳ᠋ᠷᠦᠨ | ᠰᠡᠭᠦᠳᠡᠷ ᠢᠶᠠᠨ ᠳᠠᠮᠵᠢᠭᠤᠯᠣᠭᠰᠠᠨ ᠤ ᠳᠠᠷᠠᠭ᠎ᠠ ᠳᠠᠷᠣᠢ ᠳᠤᠨᠢ ᠬᠠᠣᠯᠢ ᠴᠠᠭᠠᠵᠠ ᠶᠢᠨ ᠶᠠᠮᠣᠨ ᠤ ᠰᠦᠯᠵᠢᠶ᠎ᠡ ᠶᠢᠨ | ᠦᠷᠳᠡᠭᠡ ᠳᠤ ᠭᠠᠷᠴᠣ ᠡᠯᠧᠺᠳ᠋ᠷᠦᠨ ᠰᠡᠭᠦᠳᠡᠷ ᠢ ᠬᠢᠨᠠᠨ ᠪᠠᠶᠢᠴᠠᠭᠠᠭᠰᠠᠨ ᠪᠠᠶᠢᠳᠠᠯ ᠢ ᠪᠠᠶᠢᠴᠠᠭᠠᠨ ᠯᠠᠪᠯᠠᠬᠤ ᠬᠡᠷᠡᠭᠳᠡᠢ᠂ | ᠬᠠᠮᠳᠣ ᠳᠤᠨᠢ᠂ ᠬᠠᠣᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠣᠯᠭ᠎ᠠ ᠨᠡᠷ᠎ᠡ ᠮᠡᠳᠡᠭᠦᠯᠦᠭᠰᠡᠳ ᠲᠤ ᠭᠠᠷ | ᠣᠳᠠᠰᠣᠨ ᠤ ᠴᠠᠬᠢᠮ ᠮᠡᠳᠡᠭᠡ ᠶᠠᠪᠣᠭᠤᠯᠬᠤ ᠬᠡᠯᠪᠡᠷᠢ ᠪᠠᠷ᠂ ᠡᠯᠧᠺᠳ᠋ᠷᠦᠨ ᠰᠡᠭᠦᠳᠡᠷ ᠢ ᠬᠢᠨᠠᠨ ᠪᠠᠶᠢᠴᠠᠭᠠᠵᠣ | ᠨᠣᠳᠠᠯᠠᠭᠰᠠᠨ ᠦᠷ᠎ᠡ ᠳ᠋ᠦᠩ ᠢ ᠮᠡᠳᠡᠭᠳᠡᠨ᠎ᠡ᠃ ᠬᠢᠨᠠᠨ ᠪᠠᠶᠢᠴᠠᠭᠠᠵᠣ ᠨᠣᠳᠠᠯᠠᠭᠳᠠᠭᠰᠠᠨ ᠦᠭᠡᠢ ᠪᠣᠯ᠂ ᠡᠷᠬᠡᠪᠰᠢ | ᠡᠯᠧᠺᠳ᠋ᠷᠦᠨ ᠰᠡᠭᠦᠳᠡᠷ ᠢ ᠬᠢᠨᠠᠨ ᠪᠠᠶᠢᠴᠠᠭᠠᠵᠣ ᠨᠣᠳᠠᠯᠠᠬᠤ ᠬᠦᠷᠳᠡᠯ᠎ᠡ ᠳᠠᠬᠢᠨ ᠳᠠᠪᠳᠠᠨ ᠳᠠᠮᠵᠢᠭᠤᠯᠬᠤ ᠬᠡᠷᠡᠭᠳᠡᠢ︔ | ᠡᠯᠧᠺᠳ᠋ᠷᠦᠨ ᠰᠡᠭᠦᠳᠡᠷ ᠢᠶᠠᠨ ᠳᠠᠬᠢᠨ ᠳᠠᠮᠵᠢᠭᠤᠯᠬᠤ ᠶᠢ ᠲᠡᠪᠴᠢᠪᠡᠯ᠂ ᠰᠦᠯᠵᠢᠶ᠎ᠡ ᠳᠡᠭᠡᠷ᠎ᠡ ᠰᠦᠢᠳᠭᠡᠯ ᠢᠶᠠᠨ | ᠲᠣᠰᠢᠶᠠᠵᠣ ᠳᠡᠶᠢᠯᠬᠦ ᠦᠭᠡᠢ᠂ ᠨᠡᠷ᠎ᠡ ᠮᠡᠳᠡᠭᠦᠯᠵᠦ ᠴᠦ ᠳᠡᠶᠢᠯᠬᠦ ᠦᠭᠡᠢ᠃ | 7᠂ ᠰᠦᠯᠵᠢᠶ᠎ᠡ ᠳᠡᠭᠡᠷ᠎ᠡ ᠰᠢᠯᠭᠠᠯᠳᠠ ᠶᠢᠨ ᠰᠦᠢᠳᠭᠡᠯ ᠢᠶᠠᠨ ᠳᠣᠰᠢᠶᠠᠬᠤ | ᠮᠠᠨ ᠤ ᠣᠷᠣᠨ ᠤ 2018 ᠣᠨ ᠤ ᠣᠯᠣᠰ ᠤᠨ ᠬᠠᠣᠯᠢ ᠴᠠᠭᠠᠵᠠ ᠶᠢᠨ ᠳᠣᠬᠠᠶᠢᠢᠯᠠᠭᠰᠠᠨ ᠠᠵᠢᠯ ᠤᠨ ᠬᠢᠷᠢ | ᠬᠡᠮ ᠤᠨ ᠨᠢᠭᠡᠳᠦᠯᠳᠡᠢ ᠰᠢᠯᠭᠠᠯᠳᠠ ᠶᠢᠨ ᠪᠣᠰᠣᠳᠴᠢ ᠰᠡᠳᠦᠪ ᠤᠨ ᠰᠢᠯᠭᠠᠯᠳᠠ ᠶᠢᠨ ᠰᠦᠢᠳᠭᠡᠯ ᠬᠤᠷᠢᠶᠠᠬᠤ ᠪᠠᠷᠢᠮᠵᠢᠶ | ᠠ ᠨᠢ 142 ᠲᠦᠭᠦᠷᠢᠭ᠃ ᠰᠦᠯᠵᠢᠶ᠎ᠡ ᠳᠡᠭᠡᠷ᠎ᠡ ᠰᠦᠢᠳᠭᠡᠯ ᠳᠣᠰᠢᠶᠠᠬᠤ ᠴᠠᠭ ᠨᠢ 7 ᠰᠠᠷ ᠠ ᠶᠢᠨ 9 ᠤ | ᠡᠳᠦᠷ ᠤᠨ 24 ᠴᠠᠭ ᠬᠦᠷᠳᠡᠯ᠎ᠡ᠃ | ᠨᠡᠷ᠎ᠡ ᠮᠡᠳᠡᠭᠦᠯᠦᠭᠰᠡᠳ ᠰᠦᠢᠳᠭᠡᠯ ᠳᠣᠰᠢᠶᠠᠬᠤ ᠰᠢᠰᠲ᠋ᠧᠮ ᠳᠤ ᠭᠠᠷᠴᠣ ᠰᠦᠯᠵᠢᠶ᠎ᠡ ᠳᠡᠭᠡᠷ᠎ᠡ ᠰᠦᠢᠳᠭᠡᠯ | ᠳᠣᠰᠢᠶᠠᠬᠤ ᠳᠠᠷᠣᠪᠴᠢ ᠶᠢ ᠳᠠᠷᠣᠭᠰᠠᠨ ᠤ ᠳᠠᠷᠠᠭ᠎ᠠ᠂ ᠰᠦᠢᠳᠭᠡᠯ ᠳᠣᠰᠢᠶᠠᠬᠤ ᠰᠢᠰᠲ᠋ᠧᠮ ᠨᠡᠷ᠎ᠡ ᠮᠡᠳᠡᠭᠦᠯᠦᠭᠰᠡᠳ ᠲᠤ | ᠠᠶᠠᠨᠳᠠᠭᠠᠨ ᠮᠠᠰᠢᠨ ᠤ ᠪᠠᠶᠢᠷᠢ ᠳᠣᠬᠢᠷᠠᠭᠤᠯᠣᠨ ᠦᠭᠬᠦ ᠶᠢᠨ ᠬᠠᠮᠳᠣ᠂ ᠡᠨᠡᠬᠦ ᠮᠠᠰᠢᠨ ᠤ ᠪᠠᠶᠢᠷᠢ ᠶᠢ ᠣᠨᠢᠰᠣᠯᠠᠨ | ᠳᠠᠯᠪᠢᠨ᠎ᠠ᠂ 60 ᠮᠢᠨᠦ᠋ᠲ ᠤᠨ ᠳᠣᠳᠣᠷ᠎ᠠ ᠰᠦᠢᠳᠭᠡᠯ ᠳᠣᠰᠢᠶᠠᠬᠤ ᠠᠯᠬᠤᠮ ᠳᠠᠷᠠᠭ᠎ᠠ ᠶᠢ ᠭᠦᠢᠴᠡᠳᠭᠡᠵᠦ᠂ | ᠰᠦᠢᠳᠭᠡᠯ ᠢᠶᠠᠨ ᠳᠣᠰᠢᠶᠠᠵᠣ ᠳᠡᠶᠢᠯᠦᠭᠰᠡᠨ ᠪᠠᠶᠢᠪᠠᠯ᠂ ᠮᠠᠰᠢᠨ ᠤ ᠪᠠᠶᠢᠷᠢ ᠶᠢ ᠬᠠᠷᠭᠤᠭᠤᠯᠣᠨ ᠳᠣᠭᠳᠠᠭᠠᠵᠣ᠂ | ᠮᠠᠰᠢᠨ ᠤ ᠪᠠᠶᠢᠷᠢ ᠶᠢ ᠬᠠᠷᠭᠤᠭᠤᠯᠣᠨ ᠳᠣᠭᠳᠠᠭᠠᠵᠣ᠂ ᠨᠡᠷ᠎ᠡ ᠮᠡᠳᠡᠭᠦᠯᠬᠦ ᠠᠵᠢᠯ ᠳᠠᠭᠤᠰᠣᠨ᠎ᠠ᠃ 60 ᠮᠢᠨᠦ᠋ᠲ ᠢ | ᠳᠠᠪᠠᠭᠰᠠᠨ ᠪᠠᠶᠢᠳᠠᠯ᠎ᠠ ᠰᠦᠢᠳᠭᠡᠯ ᠢᠶᠠᠨ ᠳᠣᠰᠢᠶᠠᠭᠰᠠᠨ ᠦᠭᠡᠢ ᠪᠣᠶᠣ ᠰᠦᠢᠳᠭᠡᠯ ᠢᠶᠠᠨ ᠳᠣᠰᠢᠶᠠᠵᠣ ᠳᠡᠶᠢᠯᠦᠭᠰᠡᠨ | ᠦᠭᠡᠢ ᠪᠣᠯ᠂ ᠰᠦᠢᠳᠭᠡᠯ ᠳᠣᠰᠢᠶᠠᠬᠤ ᠰᠢᠰᠲ᠋ᠧᠮ ᠣᠨᠢᠰᠣᠯᠠᠭᠰᠠᠨ ᠮᠠᠰᠢᠨ ᠤ ᠪᠠᠶᠢᠷᠢ ᠶᠢ ᠰᠣᠯᠠᠯᠠᠨᠠ᠃ ᠨᠡᠷ᠎ᠡ | ᠮᠡᠳᠡᠭᠦᠯᠦᠭᠰᠡᠳ ᠪᠣᠰᠣᠳᠴᠢ ᠰᠡᠳᠦᠪ ᠤᠨ ᠰᠢᠯᠭᠠᠯᠳᠠ ᠶᠢᠨ ᠰᠢᠯᠭᠠᠯᠳᠠ ᠶᠢᠨ ᠰᠦᠢᠳᠭᠡᠯ ᠢ ᠳᠣᠰᠢᠶᠠᠭᠰᠠᠨ ᠤ | ᠳᠠᠷᠠᠭ᠎ᠠ᠂ ᠨᠡᠷ᠎ᠡ ᠮᠡᠳᠡᠭᠦᠯᠦᠭᠰᠡᠨ ᠭᠠᠵᠠᠷ ᠢᠶᠠᠨ ᠦᠭᠡᠷᠡᠴᠢᠯᠡᠵᠦ ᠪᠣᠯᠬᠤ ᠦᠭᠡᠢ᠃ ᠨᠡᠷ᠎ᠡ ᠮᠡᠳᠡᠭᠦᠯᠦᠭᠰᠡᠳ ᠨᠡᠷ᠎ᠡ | ᠮᠡᠳᠡᠭᠦᠯᠬᠦ ᠨᠦᠬᠦᠴᠡᠯ ᠳᠤ ᠨᠡᠶᠢᠴᠡᠬᠦ ᠦᠭᠡᠢ ᠪᠣᠶᠣ ᠬᠤᠪᠢ ᠬᠦᠮᠦᠨ ᠤ ᠰᠢᠯᠳᠠᠭᠠᠨ ᠠᠴᠠ ᠪᠣᠯᠵᠣ ᠨᠡᠷ᠎ᠡ | ᠮᠡᠳᠡᠭᠦᠯᠦᠭᠰᠡᠨ ᠢ ᠨᠢ ᠬᠦᠴᠦᠨ ᠦᠭᠡᠢ ᠪᠣᠯᠭᠠᠭᠰᠠᠨ ᠪᠣᠯ᠂ ᠲᠡᠭᠦᠨ ᠤ ᠰᠢᠯᠭᠠᠯᠳᠠ ᠶᠢᠨ ᠰᠦᠢᠳᠭᠡᠯ ᠢ ᠨᠢ ᠪᠣᠴᠠᠭᠠᠨ | ᠦᠭᠬᠦ ᠦᠭᠡᠢ᠃ | ᠨᠡᠷ᠎ᠡ ᠮᠡᠳᠡᠭᠦᠯᠦᠭᠰᠡᠳ ᠰᠦᠯᠵᠢᠶ᠎ᠡ ᠳᠡᠭᠡᠷ᠎ᠡ ᠰᠦᠢᠳᠭᠡᠯ ᠢᠶᠠᠨ ᠠᠮᠵᠢᠯᠳᠠ ᠲᠠᠢ ᠳᠣᠰᠢᠶᠠᠭᠰᠠᠨ ᠤ ᠳᠠᠷᠠᠭ᠎ᠠ᠂ | ᠨᠡᠷ᠎ᠡ ᠮᠡᠳᠡᠭᠦᠯᠬᠦ ᠰᠢᠰᠲ᠋ᠧᠮ ᠳᠠᠨ ᠳᠤ ᠰᠠᠨᠠᠭᠤᠯᠣᠮᠵᠢ ᠶᠢᠨ ᠮᠡᠳᠡᠭᠡ ᠵᠠᠩᠬᠢ ᠳᠠᠮᠵᠢᠭᠤᠯᠬᠤ ᠪᠣᠯᠣᠨ᠎ᠠ᠂ ᠨᠡᠷ᠎ᠡ | ᠮᠡᠳᠡᠭᠦᠯᠦᠭᠰᠡᠳ ᠡᠷᠬᠡᠪᠰᠢ ᠦᠪᠡᠷ ᠤᠨ ᠨᠢᠭᠤᠴᠠ ᠨᠣᠮᠧᠷ ᠢᠶᠠᠨ ᠪᠠᠳᠣ ᠴᠡᠭᠡᠵᠢᠯᠠᠵᠣ᠂ ᠨᠡᠷ᠎ᠡ ᠮᠡᠳᠡᠭᠦᠯᠦᠭᠰᠡᠨ ᠮᠡᠳᠡᠭᠡ | ᠵᠠᠩᠬᠢ ᠪᠠᠨ ᠪᠠᠶᠢᠴᠠᠭᠠᠨ ᠯᠠᠪᠯᠠᠬᠤ᠂ ᠰᠢᠯᠭᠠᠭᠤᠯᠬᠤ ᠶᠢ ᠵᠦᠪᠰᠢᠶᠡᠷᠡᠭᠰᠡᠨ ᠦᠨᠡᠮᠯᠡᠯ ᠪᠠ ᠰᠢᠯᠭᠠᠯᠳᠠ ᠶᠢᠨ ᠬᠢᠷᠢ | ᠪᠦᠳᠦᠮᠵᠢ ᠶᠢᠨ ᠮᠡᠳᠡᠭᠳᠡᠯ ᠤᠨ ᠪᠢᠴᠢᠭ ᠢᠶᠠᠨ ᠪᠠᠭᠤᠯᠭᠠᠨ ᠠᠪᠴᠣ ᠳᠠᠷᠣᠮᠠᠯᠯᠠᠬᠤ ᠵᠡᠷᠭᠡ ᠣᠴᠢᠷ ᠶᠠᠪᠣᠳᠠᠯ ᠢ | ᠰᠢᠢᠳᠪᠦᠷᠢᠯᠡᠬᠦ ᠳᠤ ᠳᠦᠭᠦᠮ ᠪᠠᠶᠢᠯᠭᠠᠬᠤ ᠬᠡᠷᠡᠭᠳᠡᠢ᠃ | 8᠂ ᠰᠢᠯᠭᠠᠭᠤᠯᠬᠤ ᠶᠢ ᠵᠦᠪᠰᠢᠶᠡᠷᠡᠭᠰᠡᠨ ᠦᠨᠡᠮᠯᠡᠯ ᠢᠶᠠᠨ ᠳᠠᠷᠣᠮᠠᠯᠯᠠᠬᠤ | ᠨᠡᠷ᠎ᠡ ᠮᠡᠳᠡᠭᠦᠯᠦᠭᠰᠡᠳ ᠢ ᠬᠠᠣᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠣᠯᠭ᠎ᠠ ᠬᠢᠨᠠᠨ | ᠬᠠᠷᠭᠤᠭᠤᠯᠣᠭᠰᠠᠨ ᠤ ᠳᠠᠷᠠᠭ᠎ᠠ᠂ ᠰᠢᠯᠭᠠᠯᠳᠠ ᠳᠤ ᠨᠡᠷ᠎ᠡ ᠮᠡᠳᠡᠭᠦᠯᠬᠦ ᠨᠦᠬᠦᠴᠡᠯ ᠳᠤ ᠨᠡᠶᠢᠴᠡᠭᠰᠡᠨ ᠪᠠᠶᠢᠪᠠᠯ᠂ | ᠰᠢᠯᠭᠠᠭᠤᠯᠬᠤ ᠶᠢ ᠵᠦᠪᠰᠢᠶᠡᠷᠡᠭᠰᠡᠨ ᠦᠨᠡᠮᠯᠡᠯ ᠣᠯᠭᠤᠨ᠎ᠠ᠃ ᠨᠡᠷ ᠡ ᠮᠡᠳᠡᠭᠦᠯᠦᠭᠰᠡᠳ 9 ᠰᠠᠷ᠎ᠠ ᠶᠢᠨ 12 ᠤᠨ | ᠡᠳᠦᠷ ᠠᠴᠠ 9 ᠰᠠᠷ᠎ᠠ ᠶᠢᠨ 21 ᠤ ᠡᠳᠦᠷ ᠪᠣᠯᠳᠠᠯ᠎ᠠ ᠬᠠᠣᠯᠢ ᠴᠠᠭᠠᠵᠠ ᠶᠢᠨ ᠶᠠᠮᠣᠨ ᠤ ᠰᠦᠯᠵᠢᠶ᠎ᠡ ᠶᠢᠨ | ᠦᠷᠳᠡᠭᠡ ᠳᠤ ᠭᠠᠷᠴᠣ ᠦᠪᠡᠷ ᠢᠶᠠᠨ ᠰᠢᠯᠭᠠᠭᠤᠯᠬᠤ ᠶᠢ ᠵᠦᠪᠰᠢᠶᠡᠷᠡᠭᠰᠡᠨ ᠦᠨᠡᠮᠯᠡᠯ ᠢᠶᠠᠨ ᠪᠠᠭᠤᠯᠭᠠᠨ ᠠᠪᠴᠣ | ᠳᠠᠷᠣᠮᠠᠯᠯᠠᠵᠣ ᠪᠣᠯᠣᠨ᠎ᠠ᠃ | ︵ᠭᠤᠷᠪᠠ︶ ᠰᠢᠯᠭᠠᠯᠳᠠ ᠶᠢᠨ ᠳᠣᠭᠤᠷᠢᠭ ᠢ ᠳᠣᠬᠢᠷᠠᠭᠤᠯᠬᠤ | ᠮᠠᠨ ᠤ ᠣᠷᠣᠨ ᠤ 2018 ᠣᠨ ᠤ ᠣᠯᠣᠰ ᠤᠨ ᠬᠠᠣᠯᠢ ᠴᠠᠭᠠᠵᠠ ᠶᠢᠨ ᠳᠣᠬᠠᠶᠢᠢᠯᠠᠭᠰᠠᠨ ᠠᠵᠢᠯ ᠤᠨ ᠬᠢᠷᠢ | ᠬᠡᠮ ᠤᠨ ᠨᠢᠭᠡᠳᠦᠯᠳᠡᠢ ᠰᠢᠯᠭᠠᠯᠳᠠ ᠶᠢᠨ ᠪᠣᠰᠣᠳᠴᠢ ᠰᠡᠳᠦᠪ ᠤᠨ ᠰᠢᠯᠭᠠᠯᠳᠠ 12 ᠠᠶᠢᠮᠠᠭ ᠬᠤᠳᠠ ᠳᠤ ᠪᠦᠷ | ᠳᠣᠰᠠᠭᠠᠷ ᠨᠢ ᠰᠢᠯᠭᠠᠯᠳᠠ ᠶᠢᠨ ᠳᠣᠭᠤᠷᠢᠭ ᠭᠠᠷᠭᠠᠨ᠎ᠠ᠂ ᠳᠠᠷᠣᠢ ᠬᠦᠬᠡᠬᠤᠳᠠ ᠶᠢᠨ ᠰᠢᠯᠭᠠᠯᠳᠠ ᠶᠢᠨ ᠳᠣᠭᠤᠷᠢᠭ᠂ | ᠪᠣᠭᠤᠳᠣ ᠶᠢᠨ ᠰᠢᠯᠭᠠᠯᠳᠠ ᠶᠢᠨ ᠳᠣᠭᠤᠷᠢᠭ᠂ ᠬᠦᠯᠦᠨ ᠪᠤᠶᠢᠷ ᠤᠨ ᠰᠢᠯᠭᠠᠯᠳᠠ ᠶᠢᠨ ᠳᠣᠭᠤᠷᠢᠭ᠂ ᠬᠢᠩᠭᠠᠨ ᠤ | ᠰᠢᠯᠭᠠᠯᠳᠠ ᠶᠢᠨ ᠳᠣᠭᠤᠷᠢᠭ᠂ ᠲᠦᠩᠯᠢᠶᠣᠣ ᠶᠢᠨ ᠰᠢᠯᠭᠠᠯᠳᠠ ᠶᠢᠨ ᠳᠣᠭᠤᠷᠢᠭ᠂ ᠣᠯᠠᠭᠠᠨᠬᠠᠳᠠ ᠶᠢᠨ ᠰᠢᠯᠭᠠᠯᠳᠠ ᠶᠢᠨ | ᠳᠣᠭᠤᠷᠢᠭ᠂ ᠰᠢᠯᠢ ᠶᠢᠨ ᠭᠤᠣᠯ ᠤᠨ ᠰᠢᠯᠭᠠᠯᠳᠠ ᠶᠢᠨ ᠳᠣᠭᠤᠷᠢᠭ᠂ ᠣᠯᠠᠭᠠᠨᠴᠠᠪ ᠤᠨ ᠰᠢᠯᠭᠠᠯᠳᠠ ᠶᠢᠨ ᠳᠣᠭᠤᠷᠢᠭ᠂ | ᠣᠷᠳᠣᠰ ᠤᠨ ᠰᠢᠯᠭᠠᠯᠳᠠ ᠶᠢᠨ ᠳᠣᠭᠤᠷᠢᠭ᠂ ᠪᠠᠶᠠᠨᠨᠠᠭᠤᠷ ᠤᠨ ᠰᠢᠯᠭᠠᠯᠳᠠ ᠶᠢᠨ ᠳᠣᠭᠤᠷᠢᠭ᠂ ᠦᠬᠠᠢ ᠶᠢᠨ | ᠰᠢᠯᠭᠠᠯᠳᠠ ᠶᠢᠨ ᠳᠣᠭᠤᠷᠢᠭ᠂ ᠠᠯᠠᠱᠠ ᠶᠢᠨ ᠰᠢᠯᠭᠠᠯᠳᠠ ᠶᠢᠨ ᠳᠣᠭᠤᠷᠢᠭ ᠪᠣᠯᠣᠨ᠎ᠠ᠃ | ︵ᠳᠦᠷᠪᠡ︶ ᠰᠢᠯᠭᠠᠯᠳᠠ ᠶᠢᠨ ᠠᠭᠤᠯᠭ᠎ᠠ ᠪᠠ ᠬᠢᠴᠢᠶᠡᠯ | ᠣᠯᠣᠰ ᠤᠨ ᠬᠠᠣᠯᠢ ᠴᠠᠭᠠᠵᠠ ᠶᠢᠨ ᠳᠣᠬᠠᠶᠢᠢᠯᠠᠭᠰᠠᠨ ᠠᠵᠢᠯ ᠤᠨ ᠬᠢᠷᠢ ᠭᠡᠮ ᠤᠨ ᠨᠢᠭᠡᠳᠦᠯᠳᠡᠢ ᠰᠢᠯᠭᠠᠯᠳᠠ ᠳᠤ | ᠪᠦᠬᠦ ᠤᠯᠤᠰ ᠤᠨ ᠨᠢᠭᠡᠳᠦᠯᠳᠡᠢ ᠰᠡᠳᠦᠪ ᠢ ᠬᠡᠷᠡᠭᠵᠢᠭᠦᠯᠦᠨ᠎ᠠ᠃ ᠬᠠᠣᠯᠢ ᠴᠠᠭᠠᠵᠠ ᠶᠢᠨ ᠶᠠᠮᠣᠨ ᠤ ᠳᠣᠭᠳᠠᠭᠠᠨ | ᠨᠡᠶᠢᠳᠡᠯᠡᠭᠰᠡᠨ ︽2018 ᠣᠨ ᠤ ᠣᠯᠣᠰ ᠤᠨ ᠬᠠᠣᠯᠢ ᠴᠠᠭᠠᠵᠠ ᠶᠢᠨ ᠳᠣᠬᠠᠶᠢᠢᠯᠠᠭᠰᠠᠨ ᠠᠵᠢᠯ ᠤᠨ ᠬᠢᠷᠢ ᠭᠡᠮ ᠤᠨ | ᠨᠢᠭᠡᠳᠦᠯᠳᠡᠢ ᠰᠢᠯᠭᠠᠯᠳᠠ ᠶᠢᠨ ᠬᠦᠳᠦᠯᠪᠦᠷᠢ︾ ᠪᠠᠷ ᠰᠡᠳᠦᠪ ᠭᠠᠷᠭᠠᠬᠤ ᠦᠨᠳᠦᠰᠦᠯᠡᠯ ᠪᠣᠯᠭᠠᠨ᠎ᠠ᠃ | 2018 ᠣᠨ ᠤ ᠣᠯᠣᠰ ᠤᠨ ᠬᠠᠣᠯᠢ ᠴᠠᠭᠠᠵᠠ ᠶᠢᠨ ᠳᠣᠬᠠᠶᠢᠢᠯᠠᠭᠰᠠᠨ ᠠᠵᠢᠯ ᠤᠨ ᠬᠢᠷᠢ ᠬᠡᠮ ᠤᠨ | ᠨᠢᠭᠡᠳᠦᠯᠳᠡᠢ ᠰᠢᠯᠭᠠᠯᠳᠠ ᠶᠢᠨ ᠪᠣᠰᠣᠳᠴᠢ ᠰᠡᠳᠦᠪ ᠤᠨ ᠰᠢᠯᠭᠠᠯᠳᠠ ᠨᠢ ᠨᠡᠶᠢᠳᠡ ᠬᠤᠶᠠᠷ ᠬᠠᠭᠤᠳᠠᠰᠣ᠂ | ᠰᠢᠯᠭᠠᠯᠳᠠ ᠶᠢᠨ ᠬᠠᠭᠤᠳᠠᠰᠣ ᠨᠢᠭᠡ᠂ ᠰᠢᠯᠭᠠᠯᠳᠠ ᠶᠢᠨ ᠬᠠᠭᠤᠳᠠᠰᠣ ᠬᠤᠶᠠᠷ ᠭᠡᠵᠦ ᠬᠤᠪᠢᠶᠠᠨ᠎ᠠ᠂ ᠰᠢᠯᠭᠠᠯᠳᠠ ᠶᠢᠨ | ᠬᠠᠭᠤᠳᠠᠰᠣ ᠪᠦᠷᠢ ᠨᠢ 100 ᠰᠡᠳᠦᠪ᠂ 150 ᠬᠤᠪᠢ᠂ ᠡᠭᠦᠨ ᠳᠤ ᠭᠠᠭᠴᠠ ᠬᠠᠷᠢᠭᠤᠯᠳᠠ ᠰᠣᠩᠭᠤᠬᠤ ᠰᠡᠳᠦᠪ | ᠨᠡᠶᠢᠳᠡ 50 ᠰᠡᠳᠦᠪ᠂ ᠰᠡᠳᠦᠪ ᠪᠦᠷᠢ 1 ᠬᠤᠪᠢ᠂ ᠣᠯᠠᠨ ᠬᠠᠷᠢᠭᠤᠯᠳᠠ ᠰᠣᠩᠭᠤᠬᠤ ᠰᠡᠳᠦᠪ ᠪᠠ ᠨᠢᠭᠡ ᠠᠴᠠ | ᠳᠡᠭᠡᠭᠰᠢ ᠬᠠᠷᠢᠭᠤᠯᠳᠠ ᠰᠣᠩᠭᠤᠬᠤ ᠰᠡᠳᠦᠪ ᠨᠡᠶᠢᠳᠡ 50 ᠰᠡᠳᠦᠪ᠂ ᠰᠡᠳᠦᠪ ᠪᠦᠷᠢ 2 ᠬᠤᠪᠢ᠂ ᠬᠤᠶᠠᠷ | ᠬᠠᠭᠤᠳᠠᠰᠣ ᠰᠢᠯᠭᠠᠯᠳᠠ ᠶᠢᠨ ᠰᠡᠳᠦᠪ ᠤᠨ ᠶᠡᠷᠦᠩᠬᠡᠢ ᠬᠤᠪᠢ ᠨᠢ 300 ᠬᠤᠪᠢ᠃ ᠪᠣᠳᠠᠳᠠᠢ ᠰᠢᠯᠭᠠᠬᠤ | ᠬᠢᠴᠢᠶᠡᠯ ᠨᠢ᠄ | ᠰᠢᠯᠭᠠᠯᠳᠠ ᠶᠢᠨ ᠬᠠᠭᠤᠳᠠᠰᠣ ᠨᠢᠭᠡ᠄ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ | ᠬᠠᠣᠯᠢ ᠪᠠᠷ ᠵᠠᠰᠠᠬᠤ ᠣᠨᠣᠯ᠂ ᠬᠠᠣᠯᠢ ᠵᠦᠢ ᠶᠢᠨ ᠣᠬᠠᠭᠠᠨ᠂ ᠦᠨᠳᠦᠰᠦᠨ ᠬᠠᠣᠯᠢ᠂ ᠳᠣᠮᠳᠠᠳᠣ ᠣᠯᠣᠰ ᠤᠨ | ᠬᠠᠣᠯᠢ ᠴᠠᠭᠠᠵᠠ ᠶᠢᠨ ᠳᠡᠦᠬᠡ᠂ ᠣᠯᠠᠨ ᠣᠯᠣᠰ ᠤᠨ ᠬᠠᠣᠯᠢ᠂ ᠬᠠᠣᠯᠢ ᠪᠠᠷᠢᠬᠤ ᠳᠦᠷᠢᠮ ᠪᠠ ᠬᠠᠣᠯᠢ ᠴᠠᠭᠠᠵᠠ ᠶᠢᠨ | ᠳᠣᠬᠠᠶᠢᠢᠯᠠᠭᠰᠠᠨ ᠠᠵᠢᠯ ᠤᠨ ᠶᠣᠰᠣ ᠰᠣᠷᠳᠠᠬᠤᠨ᠂ ᠡᠷᠡᠭᠦᠦ ᠶᠢᠨ ᠬᠠᠣᠯᠢ᠂ ᠡᠷᠡᠭᠦᠦ ᠶᠢᠨ ᠵᠠᠷᠭᠤ ᠶᠢᠨ ᠬᠠᠣᠯᠢ᠂ | ᠵᠠᠰᠠᠭ ᠵᠠᠬᠢᠷᠭᠠᠨ ᠤ ᠬᠠᠣᠯᠢ ᠬᠢᠭᠡᠳ ᠵᠠᠰᠠᠭ ᠵᠠᠬᠢᠷᠭᠠᠨ ᠤ ᠵᠠᠷᠭᠤ ᠶᠢᠨ ᠬᠠᠣᠯᠢ | ᠰᠢᠯᠭᠠᠯᠳᠠ ᠶᠢᠨ ᠬᠠᠭᠤᠳᠠᠰᠣ ᠬᠤᠶᠠᠷ᠄ ᠢᠷᠭᠡᠨ ᠤ ᠬᠠᠣᠯᠢ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠣᠯᠢ | ᠂ ᠬᠤᠳᠠᠯᠳᠣᠭᠠᠨ ᠤ ᠬᠠᠣᠯᠢ᠂ ᠠᠵᠣ ᠠᠬᠤᠢ ᠶᠢᠨ ᠬᠠᠣᠯᠢ᠂ ᠣᠷᠴᠢᠨ ᠳᠣᠭᠤᠷᠢᠨ ᠡᠬᠢ ᠪᠠᠶᠠᠯᠢᠭ ᠤᠨ ᠬᠠᠣᠯᠢ᠂ | ᠬᠦᠳᠡᠯᠮᠦᠷᠢ ᠬᠢᠭᠡᠳ ᠨᠡᠶᠢᠭᠡᠮ ᠤᠨ ᠪᠠᠳᠣᠯᠠᠪᠣᠷᠢ ᠶᠢᠨ ᠬᠠᠣᠯᠢ᠂ ᠣᠯᠠᠨ ᠣᠯᠣᠰ ᠤᠨ ᠬᠤᠪᠢ ᠶᠢᠨ ᠬᠠᠣᠯᠢ᠂ ᠣᠯᠠᠨ | ᠣᠯᠣᠰ ᠤᠨ ᠠᠵᠣ ᠠᠬᠤᠢ ᠶᠢᠨ ᠬᠠᠣᠯᠢ᠂ ᠢᠷᠭᠡᠨ ᠤ ᠵᠠᠷᠭᠤ ᠶᠢᠨ ᠬᠠᠣᠯᠢ ︵ᠳᠠᠰᠣᠯᠣᠨ ᠳᠣᠭᠳᠠᠭᠠᠬᠤ ᠳᠦᠷᠢᠮ | ᠪᠠᠭᠳᠠᠨ᠎ᠠ︶ | ︵ᠳᠠᠪᠤ︶ ᠰᠢᠯᠭᠠᠯᠳᠠ ᠶᠢᠨ ᠴᠠᠭ ᠪᠠ ᠬᠡᠯᠪᠡᠷᠢ | 2018 ᠣᠨ ᠤ ᠣᠯᠣᠰ ᠤᠨ ᠬᠠᠣᠯᠢ ᠴᠠᠭᠠᠵᠠ ᠶᠢᠨ ᠳᠣᠬᠠᠶᠢᠢᠯᠠᠭᠰᠠᠨ ᠠᠵᠢᠯ ᠤᠨ ᠬᠢᠷᠢ ᠬᠡᠮ ᠤᠨ | ᠨᠢᠭᠡᠳᠦᠯᠳᠡᠢ ᠰᠢᠯᠭᠠᠯᠳᠠ ᠶᠢᠨ ᠪᠣᠰᠣᠳᠴᠢ ᠰᠡᠳᠦᠪ ᠤᠨ ᠰᠢᠯᠭᠠᠯᠳᠠ ᠶᠢᠨ ᠴᠠᠭ ᠨᠢ 9 ᠰᠠᠷ᠎ᠠ ᠶᠢᠨ 22 ᠤᠨ ᠡᠳᠦᠷ᠃ | ᠪᠣᠳᠠᠳᠠᠢ ᠪᠠᠷ ᠬᠡᠯᠡᠪᠡᠯ᠄ | ᠰᠢᠯᠭᠠᠯᠳᠠ ᠶᠢᠨ ᠬᠠᠭᠤᠳᠠᠰᠣ ᠨᠢᠭᠡ᠄ 9 ᠰᠠᠷ᠎ᠠ ᠶᠢᠨ 22 ᠤᠨ ᠡᠳᠦᠷ ᠤᠨ 8᠄ 30 — 11᠄ 30᠂ | ᠰᠢᠯᠭᠠᠬᠤ ᠴᠠᠭ ᠨᠢ 180 ᠮᠢᠨᠦ᠋ᠲ᠃ | ᠰᠢᠯᠭᠠᠯᠳᠠ ᠶᠢᠨ ᠬᠠᠭᠤᠳᠠᠰᠣ ᠬᠤᠶᠠᠷ᠄ 9 ᠰᠠᠷ᠎ᠠ ᠶᠢᠨ 22 ᠤᠨ ᠡᠳᠦᠷ ᠤᠨ 14᠄ 00 — 17᠄ 00᠂ | ᠰᠢᠯᠭᠠᠬᠤ ᠴᠠᠭ ᠨᠢ 180 ᠮᠢᠨᠦ᠋ᠲ᠃ | 2018 ᠣᠨ ᠤ ᠣᠯᠣᠰ ᠤᠨ ᠬᠠᠣᠯᠢ ᠴᠠᠭᠠᠵᠠ ᠶᠢᠨ ᠳᠣᠬᠠᠶᠢᠢᠯᠠᠭᠰᠠᠨ ᠠᠵᠢᠯ ᠤᠨ ᠬᠢᠷᠢ ᠬᠡᠮ ᠤᠨ | ᠨᠢᠭᠡᠳᠦᠯᠳᠡᠢ ᠰᠢᠯᠭᠠᠯᠳᠠ ᠶᠢᠨ ᠪᠣᠰᠣᠳᠴᠢ ᠰᠡᠳᠦᠪ ᠤᠨ ᠰᠢᠯᠭᠠᠯᠳᠠ ᠳᠤ ᠢᠯᠡ ᠪᠣᠰᠣ᠂ ᠺᠤᠮᠫᠢᠦ᠋ᠲ᠋ᠧᠷᠴᠢᠯᠠᠬᠰᠠᠨ | ᠰᠢᠯᠭᠠᠯᠳᠠ ᠶᠢᠨ ᠬᠡᠯᠪᠡᠷᠢ ᠶᠢ ᠬᠡᠷᠡᠭᠵᠢᠭᠦᠯᠦᠨ᠎ᠠ᠂ ᠰᠢᠯᠭᠠᠯᠳᠠ ᠶᠢᠨ ᠰᠡᠳᠦᠪ᠂ ᠰᠡᠳᠦᠪ ᠬᠠᠷᠢᠭᠤᠯᠬᠤ ᠱᠠᠭᠠᠷᠳᠠᠯᠭ᠎ᠠ | ᠪᠣᠯᠣᠨ ᠰᠡᠳᠦᠪ ᠬᠠᠷᠢᠭᠤᠯᠬᠤ ᠳᠡᠯᠭᠡᠴᠡ ᠪᠦᠷ ᠺᠣᠮᠫᠢᠦ᠋ᠲ᠋ᠧᠷ ᠤᠨ ᠬᠦᠰᠢᠭᠡ ᠳᠡᠭᠡᠷ᠎ᠡ ᠢᠯᠡᠷᠡᠨ᠎ᠡ᠂ ᠰᠢᠯᠭᠠᠯᠳᠠ ᠳᠤ | ᠣᠷᠣᠯᠴᠠᠭᠰᠠᠳ ᠺᠣᠮᠫᠢᠦ᠋ᠲ᠋ᠧᠷ ᠤᠨ ᠬᠤᠯᠣᠭᠠᠨᠴᠢᠷ ᠪᠣᠶᠣ ᠳᠣᠪᠴᠢᠯᠠᠭᠤᠷ ᠢ ᠬᠡᠷᠡᠭᠯᠡᠨ ᠺᠣᠮᠫᠢᠦ᠋ᠲ᠋ᠧᠷ ᠤᠨ ᠰᠡᠳᠦᠪ | ᠬᠠᠷᠢᠭᠤᠯᠬᠤ ᠳᠡᠯᠭᠡᠴᠡ ᠳᠡᠭᠡᠷ᠎ᠡ ᠰᠢᠭᠤᠳ ᠰᠡᠳᠦᠪ ᠬᠠᠷᠢᠭᠤᠯᠣᠨ᠎ᠠ᠃ | ︵ᠵᠢᠷᠭᠤᠭ᠎ᠠ︶ ᠬᠢᠷᠢ ᠲᠡᠩᠴᠡᠬᠦ ᠬᠤᠪᠢ ᠶᠢᠨ ᠱᠣᠭᠤᠮ | ᠣᠯᠣᠰ ᠤᠨ ᠬᠠᠣᠯᠢ ᠴᠠᠭᠠᠵᠠ ᠶᠢᠨ ᠳᠣᠬᠠᠶᠢᠢᠯᠠᠭᠰᠠᠨ ᠠᠵᠢᠯ ᠤᠨ ᠬᠢᠷᠢ ᠬᠡᠮ ᠤᠨ ᠨᠢᠭᠡᠳᠦᠯᠳᠡᠢ ᠰᠢᠯᠭᠠᠯᠳᠠ ᠶᠢᠨ | ᠪᠣᠰᠣᠳᠴᠢ ᠰᠡᠳᠦᠪ ᠤᠨ ᠰᠢᠯᠭᠠᠯᠳᠠ ᠳᠤ ᠪᠦᠬᠦ ᠤᠯᠤᠰ ᠢᠶᠠᠷ ᠢᠶᠠᠨ ᠨᠢᠭᠡᠳᠦᠯᠳᠡᠢ ᠪᠠᠷ ᠺᠣᠮᠫᠢᠦ᠋ᠲ᠋ᠧᠷ ᠳᠡᠭᠡᠷ᠎ᠡ | ᠰᠢᠯᠭᠠᠯᠳᠠ ᠶᠢᠨ ᠬᠠᠭᠤᠳᠠᠰᠣ ᠬᠢᠨᠠᠬᠤ ᠠᠷᠭ᠎ᠠ ᠶᠢ ᠬᠡᠷᠡᠭᠵᠢᠭᠦᠯᠦᠨ᠎ᠡ᠃ | ︽ᠣᠯᠣᠰ ᠤᠨ ᠬᠠᠣᠯᠢ ᠴᠠᠭᠠᠵᠠ ᠶᠢᠨ ᠳᠣᠬᠠᠶᠢᠢᠯᠠᠭᠰᠠᠨ ᠠᠵᠢᠯ ᠤᠨ ᠬᠢᠷᠢ ᠭᠡᠮ ᠤᠨ ᠨᠢᠭᠡᠳᠦᠯᠳᠡᠢ | ᠰᠢᠯᠭᠠᠯᠳᠠ ᠶᠢᠨ ᠬᠡᠷᠡᠭᠵᠢᠭᠦᠯᠬᠦ ᠠᠷᠭ᠎ᠠ︾ ᠶᠢ ᠦᠨᠳᠦᠰᠦᠯᠡᠵᠦ᠂ 2018 ᠣᠨ ᠤ ᠣᠯᠣᠰ ᠤᠨ ᠬᠠᠣᠯᠢ | ᠴᠠᠭᠠᠵᠠ ᠶᠢᠨ ᠳᠣᠬᠠᠶᠢᠢᠯᠠᠭᠰᠠᠨ ᠠᠵᠢᠯ ᠤᠨ ᠬᠢᠷᠢ ᠬᠡᠮ ᠤᠨ ᠨᠢᠭᠡᠳᠦᠯᠳᠡᠢ ᠰᠢᠯᠭᠠᠯᠳᠠ ᠶᠢᠨ ᠪᠣᠰᠣᠳᠴᠢ ᠰᠡᠳᠦᠪ ᠤᠨ | ᠰᠢᠯᠭᠠᠯᠳᠠ ᠶᠢᠨ ᠬᠢᠷᠢ ᠲᠡᠩᠴᠡᠬᠦ ᠬᠤᠪᠢ ᠶᠢᠨ ᠱᠣᠭᠤᠮ ᠢ ᠬᠠᠣᠯᠢ ᠴᠠᠭᠠᠵᠠ ᠶᠢᠨ ᠶᠠᠮᠣᠨ ᠠᠷᠠᠳ ᠤᠨ ᠲᠡᠭᠡᠳᠦ | ᠰᠢᠭᠦᠭᠦ ᠬᠤᠷᠢᠶ᠎ᠠ᠂ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ | ᠵᠦᠪᠯᠡᠨ ᠳᠣᠭᠳᠠᠭᠠᠨ᠎ᠠ᠃ 9 ᠰᠠᠷ᠎ᠠ ᠶᠢᠨ 27 ᠤ ᠡᠳᠦᠷ᠂ ᠬᠠᠣᠯᠢ ᠴᠠᠭᠠᠵᠠ ᠶᠢᠨ ᠶᠠᠮᠣᠨ ᠪᠣᠰᠣᠳᠴᠢ ᠰᠡᠳᠦᠪ ᠤᠨ | ᠰᠢᠯᠭᠠᠯᠳᠠ ᠶᠢᠨ ᠬᠢᠷᠢ ᠪᠦᠳᠦᠮᠵᠢ ᠪᠣᠯᠣᠨ ᠬᠢᠷᠢ ᠲᠡᠩᠴᠡᠬᠦ ᠬᠤᠪᠢ ᠶᠢᠨ ᠱᠣᠭᠤᠮ ᠢ ᠨᠡᠶᠢᠳᠡᠯᠡᠨ᠎ᠡ᠂ ᠰᠢᠯᠭᠠᠯᠳᠠ ᠳᠤ | ᠣᠷᠣᠯᠴᠠᠭᠰᠠᠳ ᠬᠠᠣᠯᠢ ᠴᠠᠭᠠᠵᠠ ᠶᠢᠨ ᠶᠠᠮᠣᠨ ᠤ ᠰᠦᠯᠵᠢᠶ᠎ᠡ ᠶᠢᠨ ᠦᠷᠳᠡᠭᠡ ᠠᠴᠠ ᠰᠢᠯᠭᠠᠯᠳᠠ ᠶᠢᠨ ᠬᠢᠷᠢ | ᠪᠦᠳᠦᠮᠵᠢ ᠶᠢᠨ ᠮᠡᠳᠡᠭᠳᠡᠯ ᠤᠨ ᠬᠠᠭᠤᠳᠠᠰᠣ ᠪᠠᠨ ᠦᠪᠡᠰᠦᠪᠡᠨ ᠳᠠᠷᠣᠮᠠᠯᠯᠠᠨ ᠠᠪᠴᠣ ᠪᠣᠯᠣᠨ᠎ᠠ᠃ | ᠪᠤᠰᠤᠳᠴᠢ ᠰᠡᠳᠦᠪ ᠤᠨ ᠰᠢᠯᠭᠠᠯᠳᠠ ᠶᠢᠨ ᠬᠢᠷᠢ ᠪᠦᠳᠦᠮᠵᠢ ᠨᠢ ᠲᠤᠰ ᠵᠢᠯ ᠪᠤᠯᠤᠨ ᠲᠠᠷᠠᠭ᠎ᠠ ᠨᠢᠭᠡ | ᠰᠢᠯᠭᠠᠯᠳᠠ ᠶᠢᠨ ᠣᠨ ᠳᠤ ᠬᠦᠴᠦᠨ ᠲᠠᠢ᠃ | ᠳᠦᠷᠪᠡ᠂ ᠪᠡᠶᠡᠴᠢ ᠰᠡᠳᠦᠪ ᠤᠨ ᠰᠢᠯᠭᠠᠯᠳᠠ | ︵ᠨᠢᠭᠡ︶ ᠨᠡᠷ᠎ᠡ ᠮᠡᠳᠡᠭᠦᠯᠬᠦ ᠬᠢᠭᠡᠳ ᠰᠦᠢᠳᠭᠡᠯ ᠳᠣᠰᠢᠶᠠᠬᠤ | 2018 ᠣᠨ ᠤ ᠣᠯᠣᠰ ᠤᠨ ᠬᠠᠣᠯᠢ ᠴᠠᠭᠠᠵᠠ ᠶᠢᠨ ᠳᠣᠬᠠᠶᠢᠢᠯᠠᠭᠰᠠᠨ ᠠᠵᠢᠯ ᠤᠨ ᠬᠢᠷᠢ ᠬᠡᠮ ᠤᠨ | ᠨᠢᠭᠡᠳᠦᠯᠳᠡᠢ ᠰᠢᠯᠭᠠᠯᠳᠠ ᠶᠢᠨ ᠪᠣᠰᠣᠳᠴᠢ ᠰᠡᠳᠦᠪ ᠤᠨ ᠰᠢᠯᠭᠠᠯᠳᠠ ᠳᠤ ᠣᠷᠣᠯᠴᠠᠭᠠᠳ ᠬᠢᠷᠢ ᠳᠡᠩᠴᠡᠭᠰᠡᠳ ᠪᠡᠶᠡᠴᠢ | ᠰᠡᠳᠦᠪ ᠤᠨ ᠰᠢᠯᠭᠠᠯᠳᠠ ᠳᠤ ᠨᠡᠷ᠎ᠡ ᠮᠡᠳᠡᠭᠦᠯᠦᠨ ᠣᠷᠣᠯᠴᠠᠵᠣ ᠪᠣᠯᠣᠨ᠎ᠠ᠃ | ᠪᠡᠶᠡᠴᠢ ᠰᠡᠳᠦᠪ ᠤᠨ ᠰᠢᠯᠭᠠᠯᠳᠠ ᠳᠤ ᠨᠡᠷ᠎ᠡ ᠮᠡᠳᠡᠭᠦᠯᠬᠦ ᠪᠠ ᠰᠦᠢᠳᠭᠡᠯ ᠳᠣᠰᠢᠶᠠᠬᠤ ᠴᠠᠭ ᠨᠢ 9 ᠰᠠᠷ᠎ᠠ ᠶᠢᠨ | 27 ᠤ ᠡᠳᠦᠷ ᠤᠨ 0 ᠴᠠᠭ ᠠᠴᠠ 9 ᠰᠠᠷ᠎ᠠ ᠶᠢᠨ 30 ᠤ ᠡᠳᠦᠷ ᠤᠨ 24 ᠴᠠᠭ ᠬᠦᠷᠳᠡᠯ᠎ᠡ᠂ ᠰᠢᠯᠭᠠᠯᠳᠠ ᠳᠤ | ᠣᠷᠣᠯᠴᠠᠭᠰᠠᠳ ᠪᠣᠰᠣᠳᠴᠢ ᠰᠡᠳᠦᠪ ᠤᠨ ᠰᠢᠯᠭᠠᠯᠳᠠ ᠶᠢᠨ ᠬᠢᠷᠢ ᠪᠦᠳᠦᠮᠵᠢ ᠶᠢ ᠨᠡᠶᠢᠳᠡᠯᠡᠭᠰᠡᠨ ᠡᠳᠦᠷ ᠠᠴᠠ ᠡᠬᠢᠯᠡᠨ | 4 ᠡᠳᠦᠷ ᠤᠨ ᠳᠣᠳᠣᠷ᠎ᠠ ᠬᠠᠣᠯᠢ ᠴᠠᠭᠠᠵᠠ ᠶᠢᠨ ᠶᠠᠮᠣᠨ ᠤ ᠰᠦᠯᠵᠢᠶ᠎ᠡ ᠳᠤ ᠭᠠᠷᠴᠣ ᠪᠡᠶᠡᠴᠢ ᠰᠡᠳᠦᠪ ᠤᠨ | ᠰᠢᠯᠭᠠᠯᠳᠠ ᠳᠤ ᠣᠷᠣᠯᠴᠠᠬᠤ ᠪᠠᠨ ᠨᠣᠳᠠᠯᠠᠬᠤ ᠶᠢᠨ ᠬᠠᠮᠳᠣ 80 ᠲᠦᠭᠦᠷᠢᠭ ᠤᠨ ᠰᠢᠯᠭᠠᠯᠳᠠ ᠶᠢᠨ ᠰᠦᠢᠳᠭᠡᠯ | ᠳᠣᠰᠢᠶᠠᠬᠤ ᠬᠡᠷᠡᠭᠳᠡᠢ᠃ ᠬᠤᠭᠤᠴᠠᠭ᠎ᠠ ᠨᠢ ᠳᠣᠯᠣᠭᠰᠠᠨ ᠪᠠᠶᠢᠳᠠᠯ᠎ᠠ ᠨᠣᠳᠠᠯᠠᠵᠣ ᠰᠦᠢᠳᠭᠡᠯ ᠢᠶᠠᠨ ᠳᠣᠰᠢᠶᠠᠭᠰᠠᠨ | ᠦᠭᠡᠢ ᠪᠣᠯ ᠨᠦᠬᠦᠵᠦ ᠨᠡᠷ᠎ᠡ ᠮᠡᠳᠡᠭᠦᠯᠦᠭᠦᠯᠬᠦ ᠦᠭᠡᠢ᠃ | ︵ᠬᠤᠶᠠᠷ︶ ᠰᠢᠯᠭᠠᠯᠳᠠ ᠶᠢᠨ ᠳᠣᠭᠤᠷᠢᠭ ᠰᠢᠯᠭᠠᠯᠳᠠ ᠶᠢᠨ ᠴᠢᠭ᠋ ᠢ ᠳᠣᠬᠢᠷᠠᠭᠤᠯᠬᠤ | ᠪᠡᠶᠡᠴᠢ ᠰᠡᠳᠦᠪ ᠤᠨ ᠰᠢᠯᠭᠠᠯᠳᠠ ᠶᠢᠨ ᠳᠣᠭᠤᠷᠢᠭ ᠰᠢᠯᠭᠠᠯᠳᠠ ᠶᠢᠨ ᠴᠢᠭ᠋ ᠢ ᠮᠠᠨ ᠤ ᠣᠷᠣᠨ ᠤ ᠪᠡᠶᠡᠴᠢ | ᠰᠡᠳᠦᠪ ᠤᠨ ᠰᠢᠯᠭᠠᠯᠳᠠ ᠳᠤ ᠣᠷᠣᠯᠴᠠᠬᠤ ᠬᠦᠮᠦᠨ ᠤ ᠳᠤᠭ᠎ᠠ᠂ ᠵᠠᠮ ᠬᠠᠷᠢᠯᠴᠠᠭᠠᠨ ᠤ ᠪᠠᠶᠢᠳᠠᠯ᠂ ᠵᠣᠬᠢᠶᠠᠨ | ᠪᠠᠶᠢᠭᠤᠯᠣᠨ ᠬᠡᠷᠡᠭᠵᠢᠭᠦᠯᠬᠦ ᠴᠢᠳᠠᠪᠣᠷᠢ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠣ ᠲᠦᠪᠯᠡᠷᠡᠭᠦᠯᠦᠨ | ᠳᠣᠬᠢᠷᠠᠭᠤᠯᠣᠨ᠎ᠠ᠃ ᠰᠢᠯᠭᠠᠯᠳᠠ ᠳᠤ ᠣᠷᠣᠯᠴᠠᠭᠰᠠᠳ ᠪᠣᠰᠣᠳᠴᠢ ᠰᠡᠳᠦᠪ ᠤᠨ ᠰᠢᠯᠭᠠᠯᠳᠠ ᠶᠢᠨ ᠰᠢᠯᠭᠠᠯᠳᠠ ᠶᠢᠨ | ᠳᠣᠭᠤᠷᠢᠭ ᠪᠣᠶᠣ ᠪᠣᠰᠣᠳᠴᠢ ᠰᠡᠳᠦᠪ ᠤᠨ ᠰᠢᠯᠭᠠᠯᠳᠠ ᠶᠢᠨ ᠰᠢᠯᠭᠠᠯᠳᠠ ᠶᠢᠨ ᠳᠣᠭᠤᠷᠢᠭ ᠢ ᠨᠡᠶᠢᠯᠡᠭᠦᠯᠦᠭᠰᠡᠨ ᠤ | ᠳᠠᠷᠠᠭᠠᠬᠢ ᠰᠢᠯᠭᠠᠯᠳᠠ ᠶᠢᠨ ᠳᠣᠭᠤᠷᠢᠭ ᠲᠤ ᠪᠡᠶᠡᠴᠢ ᠰᠡᠳᠦᠪ ᠤᠨ ᠰᠢᠯᠭᠠᠯᠳᠠ ᠳᠤ ᠣᠷᠣᠯᠴᠠᠬᠤ ᠬᠡᠷᠡᠭᠳᠡᠢ᠃ | ︵ᠭᠤᠷᠪᠠ︶ ᠰᠢᠯᠭᠠᠭᠤᠯᠬᠤ ᠶᠢ ᠵᠦᠪᠰᠢᠶᠡᠷᠡᠭᠰᠡᠨ ᠦᠨᠡᠮᠯᠡᠯ ᠢᠶᠠᠨ ᠳᠠᠷᠣᠮᠠᠯᠯᠠᠬᠤ | ᠪᠡᠶᠡᠴᠢ ᠰᠡᠳᠦᠪ ᠤᠨ ᠰᠢᠯᠭᠠᠯᠳᠠ ᠳᠤ ᠣᠷᠣᠯᠴᠠᠬᠤ ᠬᠦᠮᠦᠰ 10 ᠰᠠᠷ᠎ᠠ ᠶᠢᠨ 15 ᠤ ᠡᠳᠦᠷ ᠠᠴᠠ 10 | ᠰᠠᠷ᠎ᠠ ᠶᠢᠨ 19 ᠤ ᠡᠳᠦᠷ ᠪᠣᠯᠳᠠᠯ᠎ᠠ ᠬᠠᠣᠯᠢ ᠴᠠᠭᠠᠵᠠ ᠶᠢᠨ ᠶᠠᠮᠣᠨ ᠤ ᠰᠦᠯᠵᠢᠶ᠎ᠡ ᠶᠢᠨ ᠦᠷᠳᠡᠭᠡ ᠳᠤ ᠭᠠᠷᠴᠣ | ᠦᠪᠡᠷ ᠢᠶᠠᠨ ᠰᠢᠯᠭᠠᠭᠤᠯᠬᠤ ᠶᠢ ᠵᠦᠪᠰᠢᠶᠡᠷᠡᠭᠰᠡᠨ ᠦᠨᠡᠮᠯᠡᠯ ᠢᠶᠠᠨ ᠪᠠᠭᠤᠯᠭᠠᠨ ᠠᠪᠴᠣ ᠳᠠᠷᠣᠮᠠᠯᠯᠠᠵᠣ ᠪᠣᠯᠣᠨ᠎ᠠ᠃ | ︵ᠳᠦᠷᠪᠡ︶ ᠰᠢᠯᠭᠠᠯᠳᠠ ᠶᠢᠨ ᠠᠭᠤᠯᠭ᠎ᠠ ᠪᠠ ᠬᠢᠴᠢᠶᠡᠯ | ᠪᠡᠶᠡᠴᠢ ᠰᠡᠳᠦᠪ ᠤᠨ ᠰᠢᠯᠭᠠᠯᠳᠠ ᠨᠢ ᠨᠢᠭᠡ ᠰᠢᠯᠭᠠᠯᠳᠠ ᠶᠢᠨ ᠬᠠᠭᠤᠳᠠᠰᠣ᠂ ᠬᠡᠷᠡᠭ ᠤᠨ ᠵᠢᠱᠢᠶ᠎ᠡ ᠶᠢᠨ | ᠵᠠᠳᠠᠯᠣᠯᠳᠠ᠂ ᠬᠠᠣᠯᠢ ᠴᠠᠭᠠᠵᠠ ᠶᠢᠨ ᠪᠢᠴᠢᠭ ᠬᠠᠷ᠎ᠠ ᠶᠢᠨ ᠰᠡᠳᠦᠪ᠂ ᠦᠭᠦᠯᠡᠨ ᠳᠣᠭᠠᠴᠢᠬᠤ ᠰᠡᠳᠦᠪ ᠵᠡᠷᠭᠡ | ᠰᠡᠳᠦᠪ ᠤᠨ ᠬᠡᠯᠪᠡᠷᠢ ᠪᠠᠭᠳᠠᠨ᠎ᠠ᠂ 180 ᠬᠤᠪᠢ᠃ ᠪᠣᠳᠠᠳᠠᠢ ᠰᠢᠯᠭᠠᠬᠤ ᠬᠢᠴᠢᠶᠡᠯ ᠨᠢ᠄ | ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠬᠠᠣᠯᠢ ᠪᠠᠷ ᠵᠠᠰᠠᠬᠤ ᠣᠨᠣᠯ᠂ ᠬᠠᠣᠯᠢ ᠵᠦᠢ ᠶᠢᠨ | ᠣᠬᠠᠭᠠᠨ᠂ ᠦᠨᠳᠦᠰᠦᠨ ᠬᠠᠣᠯᠢ᠂ ᠡᠷᠡᠭᠦᠦ ᠶᠢᠨ ᠬᠠᠣᠯᠢ᠂ ᠡᠷᠡᠭᠦᠦ ᠶᠢᠨ ᠵᠠᠷᠭᠤ ᠶᠢᠨ ᠬᠠᠣᠯᠢ᠂ ᠢᠷᠭᠡᠨ ᠤ ᠬᠠᠣᠯᠢ᠂ | ᠬᠤᠳᠠᠯᠳᠣᠭᠠᠨ ᠤ ᠬᠠᠣᠯᠢ᠂ ᠢᠷᠭᠡᠨ ᠤ ᠵᠠᠷᠭᠤ ᠶᠢᠨ ᠬᠠᠣᠯᠢ ︵ᠳᠠᠰᠣᠯᠣᠨ ᠳᠣᠭᠳᠠᠭᠠᠬᠤ ᠳᠦᠷᠢᠮ ᠪᠠᠭᠳᠠᠨ᠎ᠠ︶᠂ | ᠵᠠᠰᠠᠭ ᠵᠠᠬᠢᠷᠭᠠᠨ ᠤ ᠬᠠᠣᠯᠢ ᠬᠢᠭᠡᠳ ᠵᠠᠰᠠᠭ ᠵᠠᠬᠢᠷᠭᠠᠨ ᠤ ᠵᠠᠷᠭᠤ ᠶᠢᠨ ᠬᠠᠣᠯᠢ᠂ ᠬᠠᠣᠯᠢ ᠪᠠᠷᠢᠬᠤ ᠳᠦᠷᠢᠮ ᠪᠠ | ᠬᠠᠣᠯᠢ ᠴᠠᠭᠠᠵᠠ ᠶᠢᠨ ᠳᠣᠬᠠᠶᠢᠢᠯᠠᠭᠰᠠᠨ ᠠᠵᠢᠯ ᠤᠨ ᠶᠣᠰᠣ ᠰᠣᠷᠳᠠᠬᠤᠨ | ︵ᠳᠠᠪᠤ︶ ᠰᠢᠯᠭᠠᠯᠳᠠ ᠶᠢᠨ ᠴᠠᠭ ᠪᠠ ᠬᠡᠯᠪᠡᠷᠢ | 2018 ᠣᠨ ᠤ ᠣᠯᠣᠰ ᠤᠨ ᠬᠠᠣᠯᠢ ᠴᠠᠭᠠᠵᠠ ᠶᠢᠨ ᠳᠣᠬᠠᠶᠢᠢᠯᠠᠭᠰᠠᠨ ᠠᠵᠢᠯ ᠤᠨ ᠬᠢᠷᠢ ᠬᠡᠮ ᠤᠨ | ᠨᠢᠭᠡᠳᠦᠯᠳᠡᠢ ᠰᠢᠯᠭᠠᠯᠳᠠ ᠶᠢᠨ ᠪᠡᠶᠡᠴᠢ ᠰᠡᠳᠦᠪ ᠤᠨ ᠰᠢᠯᠭᠠᠯᠳᠠ ᠶᠢᠨ ᠴᠠᠭ ᠨᠢ 10 ᠰᠠᠷ᠎ᠠ ᠶᠢᠨ 20 ᠤ ᠡᠳᠦᠷ᠃ | ᠪᠡᠶᠡᠴᠢ ᠰᠡᠳᠦᠪ ᠤᠨ ᠰᠢᠯᠭᠠᠯᠳᠠ ᠶᠢᠨ ᠬᠠᠭᠤᠳᠠᠰᠣ᠄ 8᠄ 30 — 12᠄ 30᠂ ᠰᠢᠯᠭᠠᠬᠤ ᠴᠠᠭ ᠨᠢ | 240 ᠮᠢᠨᠦ᠋ᠲ᠃ | 2018 ᠣᠨ ᠤ ᠣᠯᠣᠰ ᠤᠨ ᠬᠠᠣᠯᠢ ᠴᠠᠭᠠᠵᠠ ᠶᠢᠨ ᠳᠣᠬᠠᠶᠢᠢᠯᠠᠭᠰᠠᠨ ᠠᠵᠢᠯ ᠤᠨ ᠬᠢᠷᠢ ᠬᠡᠮ ᠤᠨ | ᠨᠢᠭᠡᠳᠦᠯᠳᠡᠢ ᠰᠢᠯᠭᠠᠯᠳᠠ ᠶᠢᠨ ᠪᠡᠶᠡᠴᠢ ᠰᠡᠳᠦᠪ ᠤᠨ ᠰᠢᠯᠭᠠᠯᠳᠠ ᠳᠤ ᠪᠢᠷ ᠴᠠᠭᠠᠰᠣ ᠶᠢᠨ ᠰᠢᠯᠭᠠᠯᠳᠠ ᠶᠢᠨ ᠬᠡᠯᠪᠡᠷᠢ ᠶᠢ | ᠬᠡᠷᠡᠭᠵᠢᠭᠦᠯᠦᠨ᠎ᠠ᠂ ᠰᠢᠯᠭᠠᠯᠳᠠ ᠳᠤ ᠣᠷᠣᠯᠴᠠᠭᠰᠠᠳ ᠰᠡᠳᠦᠪ ᠬᠠᠷᠢᠭᠤᠯᠬᠤ ᠴᠠᠭᠠᠰᠣᠨ ᠳᠡᠭᠡᠷ᠎ᠡ ᠰᠡᠳᠦᠪ | ᠬᠠᠷᠢᠭᠤᠯᠣᠨ᠎ᠠ᠃ | ᠪᠡᠶᠡᠴᠢ ᠰᠡᠳᠦᠪ ᠤᠨ ᠰᠢᠯᠭᠠᠯᠳᠠ ᠳᠤ ᠰᠢᠯᠭᠠᠯᠳᠠ ᠶᠢᠨ ᠳᠣᠭᠤᠷᠢᠭ ᠤᠨ ᠬᠠᠣᠯᠢ ᠴᠠᠭᠠᠵᠠ ᠶᠢᠨ ᠳᠣᠪᠴᠢᠶ ᠠ | ᠰᠢᠯᠭᠠᠯᠳᠠ ᠳᠤ ᠣᠷᠣᠯᠴᠠᠭᠰᠠᠳ ᠲᠤ ᠨᠢᠭᠡᠳᠦᠯᠳᠡᠢ ᠪᠠᠷ ᠬᠠᠣᠯᠢ ᠴᠠᠭᠠᠵᠠ ᠬᠠᠣᠯᠢ ᠳᠣᠭᠳᠠᠭᠠᠯ ᠳᠠᠷᠬᠠᠭᠠᠨ ᠦᠭᠭᠦᠨ᠎ᠡ | ᠃ ᠪᠡᠶᠡᠴᠢ ᠰᠡᠳᠦᠪ ᠤᠨ ᠰᠢᠯᠭᠠᠯᠳᠠ ᠳᠤ ᠰᠣᠩᠭᠤᠨ ᠬᠠᠷᠢᠭᠤᠯᠬᠤ ᠰᠡᠳᠦᠪ ᠳᠣᠬᠢᠷᠠᠭᠤᠯᠣᠭᠰᠠᠨ ᠪᠣᠯ᠂ | ᠰᠢᠯᠭᠠᠯᠳᠠ ᠳᠤ ᠣᠷᠣᠯᠴᠠᠭᠰᠠᠳ ᠳᠡᠭᠦᠨ ᠤ ᠳᠣᠳᠣᠷᠠᠬᠢ ᠨᠢᠭᠡ ᠶᠢ ᠨᠢ ᠰᠣᠩᠭᠤᠨ ᠬᠠᠷᠢᠭᠤᠯᠣᠨ᠎ᠠ᠃ | ᠳᠠᠪᠤ᠂ ᠪᠣᠰᠣᠳ ᠵᠦᠢᠯᠡᠰ | ︵ᠨᠢᠭᠡ︶ ᠨᠦᠬᠦᠴᠡᠯ ᠳᠤ ᠨᠡᠶᠢᠴᠡᠬᠦ ᠨᠡᠷ᠎ᠡ ᠮᠡᠳᠡᠭᠦᠯᠦᠭᠰᠡᠳ ᠰᠦᠯᠵᠢᠶ᠎ᠡ ᠶᠢᠨ ᠴᠢᠮᠡᠭᠡ ᠬᠤᠯᠪᠣᠭ᠎ᠠ ᠶᠢᠨ | ᠨᠦᠬᠦᠴᠡᠯ ᠦᠭᠡᠢ ᠪᠣᠶᠣ ᠦᠪᠡᠷ ᠢᠶᠠᠨ ᠭᠦᠢᠴᠡᠳᠭᠡᠬᠦ ᠶᠢᠨ ᠠᠷᠭ᠎ᠠ ᠦᠭᠡᠢ ᠵᠡᠷᠭᠡ ᠰᠢᠯᠳᠠᠭᠠᠨ ᠠᠴᠠ ᠪᠣᠯᠵᠣ | ᠰᠦᠯᠵᠢᠶ᠎ᠡ ᠳᠡᠭᠡᠷ᠎ᠡ ᠨᠡᠷ᠎ᠡ ᠮᠡᠳᠡᠭᠦᠯᠵᠦ ᠳᠡᠶᠢᠯᠬᠦ ᠦᠭᠡᠢ ᠪᠣᠶᠣ ᠰᠢᠯᠭᠠᠭᠤᠯᠬᠤ ᠶᠢ ᠵᠦᠪᠰᠢᠶᠡᠷᠡᠭᠰᠡᠨ ᠦᠨᠡᠮᠯᠡᠯ ᠢᠶᠠᠨ | ᠦᠪᠡᠷ ᠢᠶᠠᠨ ᠳᠠᠷᠣᠮᠠᠯᠯᠠᠵᠣ ᠳᠡᠶᠢᠯᠬᠦ ᠦᠭᠡᠢ ᠪᠣᠯ᠂ ᠳᠣᠭᠳᠠᠭᠰᠠᠨ ᠬᠤᠭᠤᠴᠠᠭᠠᠨ ᠳᠣᠳᠣᠷ᠎ᠠ ᠨᠡᠷ᠎ᠡ ᠮᠡᠳᠡᠭᠦᠯᠬᠦ | ᠭᠠᠵᠠᠷ ᠤᠨ ᠢᠶᠠᠨ ᠬᠠᠣᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠣᠯᠭ᠎ᠠ ᠳᠤ ᠬᠦᠷᠴᠦ ᠰᠢᠢᠳᠪᠦᠷᠢᠯᠡᠵᠦ ᠪᠣᠯᠣᠨ᠎ᠠ | ᠃ | ︵ᠬᠤᠶᠠᠷ︶ ᠰᠢᠯᠭᠠᠯᠲᠠ ᠳᠤ ᠤᠷᠤᠯᠴᠠᠭᠰᠠᠳ ᠰᠢᠯᠭᠠᠭᠤᠯᠬᠤ ᠶᠢ ᠵᠦᠪᠰᠢᠶᠡᠷᠡᠭᠰᠡᠨ ᠦᠨᠡᠮᠯᠡᠯ ᠪᠣᠯᠣᠨ | ᠬᠦᠴᠦᠨ ᠲᠠᠢ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠬᠠᠮᠳᠣ ᠳᠤᠨᠢ ᠠᠪᠴᠣ ᠰᠢᠯᠭᠠᠯᠳᠠ ᠳᠤ | ᠣᠷᠣᠯᠴᠠᠬᠤ ᠬᠡᠷᠡᠭᠳᠡᠢ᠃ ᠰᠢᠯᠭᠠᠯᠳᠠ ᠳᠤ ᠣᠷᠣᠯᠴᠠᠭᠰᠠᠳ ᠦᠨᠡᠨᠴᠢ ᠢᠲᠠᠬᠡᠮᠵᠢ ᠲᠠᠢ ᠪᠠᠷ ᠰᠢᠯᠭᠠᠯᠲᠠ ᠳᠤ | ᠣᠷᠣᠯᠴᠠᠵᠣ᠂ ᠣᠬᠠᠮᠰᠠᠷ ᠠᠴᠠ ᠪᠠᠨ ᠰᠢᠯᠭᠠᠯᠲᠠ ᠶᠢᠨ ᠰᠠᠬᠢᠯᠭ᠎ᠠ ᠪᠠᠲᠤ ᠶᠢ ᠰᠠᠬᠢᠵᠣ᠂ ᠣᠬᠠᠮᠰᠠᠷ ᠠᠴᠠ ᠪᠠᠨ | ᠰᠢᠯᠭᠠᠯᠲᠠ ᠶᠢᠨ ᠳᠠᠯᠠᠪᠠᠢ ᠳᠤ ᠡᠮᠬᠢ ᠵᠢᠷᠤᠮ ᠢ ᠬᠠᠮᠠᠭᠠᠯᠠᠬᠤ ᠬᠡᠷᠡᠭᠲᠠᠢ᠃ | ︵ᠭᠤᠷᠪᠠ︶ ᠪᠣᠰᠣᠳᠴᠢ ᠰᠡᠳᠦᠪ ᠤᠨ ᠰᠢᠯᠭᠠᠯᠳᠠ ᠶᠢᠨ ᠰᠢᠯᠭᠠᠯᠳᠠ ᠶᠢᠨ ᠳᠠᠯᠠᠪᠠᠢ ᠳᠤ ᠣᠷᠣᠬᠤ ᠭᠠᠵᠠᠷ ᠪᠠ | ᠪᠡᠶᠡᠴᠢ | ᠰᠡᠳᠦᠪ ᠤᠨ ᠰᠢᠯᠭᠠᠯᠳᠠ ᠶᠢᠨ ᠰᠢᠯᠭᠠᠯᠳᠠ ᠶᠢᠨ ᠴᠢᠭ᠋ ᠲᠤ ᠣᠷᠣᠬᠤ ᠭᠠᠵᠠᠷ ᠲᠤ᠂ ᠪᠦᠷ ᠠᠮᠣᠷ ᠲᠦᠪᠰᠢᠨ ᠤ | ᠪᠠᠶᠢᠴᠠᠭᠠᠯᠳᠠ ᠶᠢᠨ ᠨᠡᠪᠳᠡᠷᠡᠬᠦ ᠵᠠᠮ ᠳᠣᠬᠢᠷᠠᠭᠤᠯᠵᠣ᠂ ᠰᠢᠯᠭᠠᠯᠳᠠ ᠳᠤ ᠣᠷᠣᠯᠴᠠᠭᠰᠠᠳ ᠤᠨ ᠬᠦᠴᠦᠨ ᠲᠠᠢ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠰᠢᠷᠪᠢᠵᠦ᠂ ᠳᠣᠬᠠᠢ ᠶᠢᠨ ᠳᠠᠯᠠᠪᠠᠢ ᠳᠤ ᠰᠡᠭᠦᠳᠡᠷᠯᠡᠨ ᠬᠦᠮᠦᠨ ᠤ | ᠨᠢᠭᠤᠷ ᠴᠢᠷᠠᠢ ᠶᠢ ᠠᠳᠠᠯᠢᠳᠬᠠᠨ ᠢᠯᠭᠠᠨ ᠳᠠᠨᠢᠨ᠎ᠠ᠂ ᠰᠢᠯᠭᠠᠯᠳᠠ ᠳᠤ ᠣᠷᠣᠯᠴᠠᠭᠰᠠᠳ ᠣᠳᠠᠭ᠎ᠠ ᠪᠦᠷᠢ ᠶᠢᠨ | ᠰᠢᠯᠭᠠᠯᠳᠠ ᠠᠴᠠ ᠡᠮᠦᠨᠡᠣᠬᠠᠮᠰᠠᠷ ᠠᠴᠠ ᠪᠠᠨ ᠠᠵᠢᠯᠳᠠᠳ ᠤᠨ ᠠᠵᠢᠯ ᠳᠤ ᠬᠠᠮᠵᠢᠵᠣ᠂ ᠡᠮᠬᠢ | ᠳᠠᠷᠠᠭᠠᠯᠠᠯ ᠢᠶᠠᠷ ᠢᠶᠠᠨ ᠳᠠᠯᠠᠪᠠᠢ ᠳᠤ ᠣᠷᠣᠬᠤ ᠬᠡᠷᠡᠭᠳᠡᠢ᠃ ᠠᠮᠣᠷ ᠲᠦᠪᠰᠢᠨ ᠤ ᠪᠠᠶᠢᠴᠠᠭᠠᠯᠳᠠ ᠳᠤ ᠲᠦᠭᠵᠢᠷᠡᠯ | ᠭᠠᠷᠬᠤ ᠠᠴᠠ ᠵᠠᠶᠢᠯᠠᠰᠬᠢᠵᠣ᠂ ᠰᠢᠯᠭᠠᠯᠳᠠ ᠳᠤ ᠣᠷᠣᠯᠴᠠᠭᠰᠠᠳ ᠤᠨ ᠴᠠᠭ ᠲᠠᠭᠠᠨ ᠰᠢᠯᠭᠠᠯᠳᠠ ᠶᠢᠨ ᠳᠠᠯᠠᠪᠠᠢ ᠳᠤ | ᠣᠷᠣᠬᠤ ᠶᠢ ᠪᠠᠳᠣᠯᠠᠬᠤ ᠶᠢᠨ ᠲᠦᠯᠦᠭᠡ᠂ ᠰᠢᠯᠭᠠᠯᠳᠠ ᠳᠤ ᠣᠷᠣᠯᠴᠠᠭᠰᠠᠳ ᠣᠷᠢᠳᠴᠢᠯᠠᠨ ᠰᠢᠯᠭᠠᠯᠳᠠ ᠶᠢᠨ | ᠴᠢᠬ ᠲᠤ ᠬᠦᠷᠬᠦ ᠶᠢ ᠰᠠᠨᠠᠭᠤᠯᠵᠣ ᠪᠠᠶᠢᠨ᠎ᠠ᠃ | ︵ᠳᠦᠷᠪᠡ︶ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠠᠣᠯᠢ ᠴᠠᠭᠠᠵᠠ ᠶᠢᠨ ᠵᠠᠰᠠᠭ | ᠵᠠᠬᠢᠷᠭᠠᠨ ᠤ ᠪᠠᠶᠢᠭᠤᠯᠣᠯᠭ᠎ᠠ ᠣᠯᠣᠰ ᠤᠨ ᠬᠠᠣᠯᠢ ᠴᠠᠭᠠᠵᠠ ᠶᠢᠨ ᠳᠣᠬᠠᠶᠢᠢᠯᠠᠭᠰᠠᠨ ᠠᠵᠢᠯ ᠤᠨ ᠬᠢᠷᠢ ᠬᠡᠮ ᠤᠨ | ᠨᠢᠭᠡᠳᠦᠯᠳᠡᠢ ᠰᠢᠯᠭᠠᠯᠳᠠ ᠶᠢᠨ ᠰᠢᠯᠭᠠᠯᠳᠠ ᠠᠴᠠ ᠡᠮᠦᠨᠡᠬᠢ ᠪᠣᠯᠪᠠᠰᠣᠷᠠᠭᠤᠯᠬᠤ ᠬᠠᠪᠰᠣᠷᠣᠨ ᠵᠢᠯᠣᠭᠤᠳᠬᠤ ᠠᠩᠬᠢ | ᠡᠷᠬᠢᠯᠡᠬᠦ ᠦᠭᠡᠢ ᠮᠦᠷᠳᠡᠭᠡᠨ ᠶᠠᠮᠠᠷᠪᠠ ᠨᠢᠭᠡᠴᠡ ᠶᠢ ᠨᠠᠶᠢᠳᠠᠨ ᠡᠷᠬᠢᠯᠡᠭᠦᠯᠬᠦ ᠦᠭᠡᠢ᠃ | ︵ᠳᠠᠪᠤ︶ ᠠᠰᠠᠭᠤᠨ ᠯᠠᠪᠯᠠᠬᠤ ᠦᠢᠯᠡᠴᠢᠯᠡᠭᠡᠨ ᠤ ᠣᠳᠠᠰᠣ᠄ | ᠬᠦᠬᠡᠬᠤᠲᠠ᠄ 0471 — 66495910471 — 6649688 | ᠪᠤᠭᠤᠲᠤ ᠬᠤᠲᠠ᠄ 0472 — 5102220 | ᠬᠦᠯᠤᠨ ᠪᠤᠶᠢᠷ ᠬᠤᠲᠠ᠄ 0470 — 8217972 0470 — 8217980 | ᠬᠢᠨᠭ᠍ᠭᠠᠨ ᠠᠶᠢᠮᠠᠬ᠄ 0482 — 8269017 | ᠲᠦᠡᠭᠯᠢᠶᠤᠤ ᠬᠤᠲᠠ᠄ 0475 — 8835221 | ᠤᠯᠠᠭᠠᠨᠬᠠᠲᠠ ᠬᠤᠲᠠ᠄ 0476 — 8820166 | ᠰᠢᠯᠢ ᠶᠢᠨ ᠭᠤᠤᠯ ᠠᠶᠢᠮᠠᠬ᠄ 0479 — 8267177 | ᠤᠯᠠᠭᠠᠨᠴᠠᠪ ᠬᠤᠲᠠ᠄ 0474 — 8985078 | ᠣᠷᠳᠣᠰ ᠬᠤᠳᠠ᠄ 0477 — 8588587 | ᠪᠠᠶᠠᠨᠨᠠᠭᠤᠷ ᠬᠤᠳᠠ᠄ 0478 — 7988838 | ᠦᠬᠠᠢ ᠬᠤᠲᠠ᠄ 0473 — 3998776 | ᠠᠯᠠᠱᠠ ᠠᠶᠢᠮᠠᠬ᠄ 0483 — 8331643 | ᠦᠪᠠᠷᠲᠠᠬᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠬᠢᠮ᠄ 0471 — 5301461 | ᠦᠪᠤᠷ ᠮᠤᠩᠭᠤᠯ ᠤᠨ ᠦᠪᠠᠷᠲᠠᠬᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠬᠢᠮ | 2018 ᠤᠨ ᠤ 6 ᠰᠠᠷ᠎ᠠ ᠶᠢᠨ 15 ᠤ ᠡᠲᠤᠷ |