2018 ᠣᠨ ᠤ ᠵᠠᠰᠠᠭ ᠤᠨ ᠣᠷᠲᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2018/6/8
              ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ               ᠬᠤᠶᠠᠳᠤᠭᠠᠷ ᠬᠤᠷᠠᠯᠳᠤᠭᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ        ----- 2018 ᠣᠨ ᠤ 3 ᠰᠠᠷ᠎ᠠ ᠶᠢᠨ 6 ᠤ ᠡᠳᠦᠷ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ               ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠵᠢᠶᠠᠩ ᠼᠦᠩ ᠲᠥᠯᠥᠭᠡᠯᠡᠭᠴᠢᠳ ᠡ᠄ :       ᠣᠳᠣ᠂ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠬᠢᠨᠠᠨ ᠶᠠᠷᠢᠯᠴᠠᠬᠤ ᠪᠣᠯᠪᠠᠤ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠵᠤ ᠪᠠᠶᠢᠭ᠎ᠠ ᠨᠥᠬᠦᠳ ᠰᠠᠨᠠᠯ ᠢᠶᠠᠨ ᠳᠤᠷᠠᠳᠬᠤ ᠪᠣᠯᠪᠠᠤ᠃                            2017 ᠣᠨ ᠤ ᠠᠵᠢᠯ ᠤᠨ ᠲᠤᠬᠠᠶ ᠡᠷᠭᠢᠴᠡᠭᠦᠯᠦᠯ       ᠥᠩᠭᠡᠷᠡᠭᠰᠡᠨ ᠨᠢᠭᠡ ᠵᠢᠯ ᠳᠤ᠂ ᠬᠦᠨᠳᠦ ᠬᠡᠴᠡᠭᠦᠦ ᠲᠦᠪᠡᠭ ᠪᠤᠳᠤᠯᠢᠶᠠᠨᠲᠠᠶ ᠪᠠᠶᠢᠳᠠᠯ ᠪᠠ ᠠᠵᠤ ᠠᠬᠤᠶ ᠶᠢᠨ ᠦᠷᠭᠦᠯᠵᠢᠯᠡᠨ ᠮᠠᠭᠤᠳᠠᠬᠤ ᠳᠠᠷᠤᠯᠲᠠ ᠳᠤ ᠲᠤᠯᠭᠠᠷᠠᠭᠰᠠᠨ ᠴᠦ᠂ ᠲᠣᠭᠤᠷᠢᠭ ᠤᠨ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠶᠢᠨ ᠳᠣᠣᠷ᠎ᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠲᠠᠯᠪᠢᠬᠤ ᠳᠡᠮᠵᠢᠯᠭᠡ ᠳᠣᠣᠷ᠎ᠠ᠂ ᠪᠦᠬᠦ ᠣᠷᠣᠨ ᠢᠶᠠᠷ ᠢᠶᠠᠨ ᠰᠡᠳᠬᠢᠯ ᠨᠢᠭᠡᠳᠬᠡᠨ ᠬᠦᠴᠦ ᠪᠠᠨ ᠬᠠᠮᠲᠤᠳᠬᠠᠵᠤ᠂ ᠴᠠᠭ ᠲᠣᠬᠢᠶᠠᠯ ᠢ ᠠᠮᠵᠢᠨ ᠠᠳᠬᠤᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠪᠡᠶᠡᠯᠡᠭᠦᠯᠵᠦ᠂ ᠯᠠᠪᠳᠠᠭᠤᠨ ᠢᠶᠠᠷ ᠦᠢᠯᠡᠰ ᠪᠦᠳᠦᠭᠡᠵᠦ᠂ ᠲᠣᠭᠲᠠᠭᠤᠨ ᠢᠶᠠᠷ ᠤᠷᠤᠭᠰᠢᠯᠠᠵᠠᠶ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 5.7% ᠪᠠᠷ ᠨᠡᠮᠡᠭᠳᠡᠪᠡ︔ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 3.9% ᠪᠠᠷ ᠨᠡᠮᠡᠭᠳᠡᠪᠡ︔ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠨᠢ 0.3% ᠪᠠᠷ ᠨᠡᠮᠡᠭᠳᠡᠵᠡᠶ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 8.5% ᠪᠠᠷ ᠨᠡᠮᠡᠭᠳᠡᠵᠡᠢ︔ ᠮᠥᠩᠭᠦᠨ ᠭᠦᠢᠯᠭᠡᠭᠡᠨ ᠤ ᠪᠠᠢᠭᠤᠯᠤᠮᠵᠢ ᠶᠢᠨ ᠬᠠᠳᠠᠭᠠᠯᠠᠮᠵᠢ ᠶᠢᠨ ᠦᠯᠡᠳᠡᠪᠦᠷᠢ 343.4 ᠳ᠋ᠦᠩᠰᠢᠭᠤᠷ ᠲᠥᠭᠦᠷᠢᠭ ᠪᠠᠶᠢᠵᠦ᠂ 9.8% ᠪᠠᠷ ᠨᠡᠮᠡᠭᠳᠡᠪᠡ︔ ᠵᠢᠭᠡᠯᠡᠯᠭᠡ ᠶᠢᠨ ᠦᠯᠡᠳᠡᠪᠦᠷᠢ ᠲᠤᠭ᠎ᠠ 319.5 ᠳ᠋ᠦᠩᠰᠢᠭᠤᠷ ᠲᠥᠭᠦᠷᠢᠭ ᠪᠠᠶᠢᠵᠦ᠂ 26.3% ᠪᠠᠷ ᠨᠡᠮᠡᠭᠳᠡᠵᠦ᠂ ᠬᠤᠲᠠ ᠪᠠᠯᠭᠠᠰᠤ ᠪᠣᠯᠤᠨ ᠬᠥᠳᠡᠭᠡ ᠲᠣᠰᠬᠤᠨ ᠳᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠲᠤᠰ ᠲᠤᠰ 8 .6 % ᠪᠠ 9.2% ᠪᠠᠷ ᠨᠡᠮᠡᠭᠳᠡᠵᠡᠢ᠃ ᠭᠤᠣᠯ ᠪᠣᠯᠬᠤ ᠠᠵᠤ ᠠᠬᠤᠶ ᠶᠢᠨ ᠭᠦᠢᠴᠡᠳᠬᠡᠬᠦ ᠲᠤᠭ᠎ᠠ ᠨᠢ ᠪᠦᠬᠦ ᠬᠤᠲᠠ ᠶᠢᠨ ᠲᠡᠷᠢᠭᠦᠨ ᠤ ᠡᠩᠨᠡᠭᠡᠨ ᠳᠤ ᠶᠠᠪᠤᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠨᠢ ᠲᠣᠭᠲᠠᠭᠤᠨ ᠪᠥᠭᠡᠳ ᠰᠠᠶᠢᠵᠢᠷᠠᠬᠤ ᠬᠠᠨᠳᠤᠰᠢ ᠶᠢ ᠪᠠᠲᠤᠯᠠᠵᠤ ᠪᠠᠶᠢᠨ᠎ᠠ᠃       ︵ᠨᠢᠭᠡ︶ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢ ᠲᠦᠷᠭᠡᠪᠴᠢᠯᠡᠨ ᠲᠦᠯᠬᠢᠨ ᠠᠬᠢᠭᠤᠯᠵᠠᠢ᠃ 3 ᠬᠡᠪᠴᠢᠶᠡᠵᠢᠭᠰᠡᠨ ᠠᠵᠤ ᠠᠬᠤᠶᠢᠯᠠᠯ ᠰᠢᠨ᠎ᠡ ᠪᠠᠷ ᠨᠡᠮᠡᠭᠳᠡᠵᠦ᠂ ᠪᠦᠬᠦ ᠲᠤᠭ᠎ᠠ ᠨᠢ 57 ᠳᠤ ᠬᠦᠷᠦᠭᠰᠡᠨ ᠪᠠᠶᠢᠨ᠎ᠠ᠂ ᠦᠢᠯᠡᠳᠭᠦᠨ ᠤ ᠪᠦᠬᠦ ᠦᠷᠳᠡᠭ ᠨᠢ 55.1 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠶᠢᠨ ᠬᠤᠷᠠᠮᠳᠤᠭᠤᠯᠤᠯ ᠨᠡᠮᠡᠭᠳᠡᠯ ᠨᠢ 3.9% ᠪᠠᠷ ᠨᠡᠮᠡᠭᠳᠡᠵᠠᠢ᠃ 3000 ᠲᠦᠮᠡᠨ ᠲᠥᠭᠦᠷᠢᠭ ᠠᠴᠠ ᠳᠡᠭᠡᠭᠰᠢ 27 ᠠᠵᠤ ᠦᠶᠯᠡᠳᠪᠦᠷᠢ ᠶᠢᠨ ᠲᠥᠷᠥᠯ ᠵᠦᠶᠯ ᠳᠤ ᠪᠡᠯᠡ ᠣᠷᠤᠭᠤᠯᠵᠤ᠂ 49.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠢ ᠪᠡᠶᠡᠯᠡᠭᠦᠯᠵᠠᠢ︔ ᠤᠯᠤᠰ ᠤᠨ ᠴᠠᠬᠢᠯᠭᠠᠨ ᠬᠦᠴᠦᠨ ᠨᠢ 2 × 30 ᠲᠦᠮᠡᠨ ᠺᠢᠯᠣᠸᠠᠲ ᠤᠨ ᠢᠯᠴᠢ ᠴᠠᠬᠢᠯᠭᠠᠨ ᠤ ᠬᠠᠮᠲᠤᠷᠠᠭᠰᠠᠨ ᠦᠢᠯᠡᠳᠪᠦᠷᠢᠯᠡᠯ ᠳᠤ ᠪᠡᠯᠡ ᠣᠷᠤᠭᠤᠯᠵᠤ᠂ ᠵᠦᠩ ᠢᠢ ᠰᠢᠬᠢᠷ ᠤᠨ ᠦᠢᠯᠡᠰ ᠢ ᠨᠡᠭᠦᠯᠭᠡᠵᠦ ᠥᠭᠡᠷᠡᠴᠢᠯᠡᠨ ᠰᠠᠶᠢᠵᠢᠷᠠᠭᠤᠯᠵᠤ᠂ ᠯᠦᠩ ᠰᠧ ᠤᠰᠤ ᠠᠷᠪᠢᠯᠠᠬᠤ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠨᠢ ᠠᠰᠢᠭᠯᠠᠯᠲᠠ ᠳᠤ ᠣᠷᠤᠵᠠᠢ︔ ᠲᠦᠯᠡᠰᠢᠨ ᠤ ᠠᠭᠤᠷᠬᠠᠶ ᠶᠢᠨ ᠲᠧᠭᠨᠢᠭ ᠮᠡᠷᠭᠡᠵᠢᠯ ᠤᠨ ᠥᠭᠡᠷᠡᠴᠢᠯᠡᠯᠲᠡ᠂ ᠬᠤᠸᠠ ᠲᠠᠢ ᠮᠡᠷᠭᠡᠵᠢᠯ ᠤᠨ ᠥᠭᠡᠷᠡᠴᠢᠯᠡᠯᠲᠡ᠂ ᠷᠦ᠋ ᠱᠧᠩ ᠠᠵᠤ ᠦᠢᠯᠡᠰ ᠵᠡᠷᠭᠡ ᠲᠥᠷᠥᠯ ᠵᠦᠢᠯ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ᠃ ᠠᠩᠴᠢᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ᠵᠢᠵᠢᠭ ᠬᠡᠯᠪᠡᠷᠢ ᠶᠢᠨ ᠪᠠ ᠪᠢᠴᠢᠯ ᠬᠡᠯᠪᠡᠷᠢ ᠶᠢᠨ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠᠷ ᠦᠨᠡᠯᠡᠭᠳᠡᠵᠦ᠂ ᠪᠣᠬᠢᠷ ᠤᠰᠤ ᠰᠢᠶᠳᠪᠦᠷᠢᠯᠡᠬᠦ ᠦᠢᠯᠡᠳᠪᠦᠷᠢ ᠶᠢᠨ ᠠᠩᠬᠠᠳᠤᠭᠠᠷ ᠬᠤᠭᠤᠴᠠᠭᠠᠨ ᠤ ᠪᠠᠷᠢᠯᠭ᠎ᠠ ᠶᠢᠨ ᠤᠰᠤ ᠲᠠᠯᠪᠢᠵᠤ ᠦᠵᠡᠬᠦ ᠠᠵᠢᠯᠯᠠᠭᠠᠨ ᠶᠠᠪᠤᠭᠳᠠᠵᠤ᠂ ᠬᠦᠷᠢᠶᠡᠯᠡᠩ ᠲᠣᠭᠤᠷᠢᠭ ᠤᠨ ᠲᠥᠪᠯᠡᠷᠡᠭᠦᠯᠦᠨ ᠢᠯᠴᠢ ᠬᠠᠩᠭᠠᠬᠤ ᠶᠢ ᠪᠡᠶᠡᠯᠡᠭᠦᠯᠵᠦ᠂ ᠳ᠋ᠠᠯᠢᠶᠠᠨ  ̄ ᠭᠤᠸᠠᠩᠵᠧᠦ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠪᠠ ᠲᠡᠮᠦᠷ ᠵᠠᠮ ᠤᠨ ᠰᠢᠵᠢᠮ ᠪᠠᠷᠢᠯᠭ᠎ᠠ ᠶᠢᠨ ᠡᠮᠦᠨᠡᠬᠢ ᠬᠤᠭᠤᠴᠠᠭᠠᠨ ᠤ ᠠᠵᠢᠯ ᠶᠢ ᠪᠡᠶᠡᠯᠡᠭᠦᠯᠵᠦ᠂ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠨᠡᠶᠢᠲᠡ 45 ᠰᠠᠭᠤᠷᠢ 13 ᠲᠦᠮᠡᠨ ᠲᠡᠭᠰᠢ ᠳᠥᠷᠪᠡᠯᠵᠢᠨ ᠮᠧᠳ᠋ᠷ᠂ ᠪᠦᠳᠦᠭᠡᠨ ᠪᠠᠶᠢᠭᠤᠯᠤᠭᠰᠠᠨ ᠪᠠᠶᠢᠨ᠎ᠠ᠂ ᠡᠭᠦᠨ ᠤ ᠬᠠᠮᠲᠤ᠂ ᠶᠡᠭᠡ ᠲᠠᠩ ᠤᠯᠤᠰ ᠤᠨ ᠬᠠᠪᠴᠢᠭᠤᠷ ᠪᠣᠣᠪᠤ᠂ ᠰᠢᠨ᠎ᠡ ᠰᠣᠷᠭᠤᠭ ᠢᠳᠡᠭᠡᠨ᠂ ᠪᠠᠶ ᠱᠧᠩ ᠡᠭᠦᠳᠡ ᠴᠣᠩᠬᠤ ᠵᠡᠷᠭᠡ 37 ᠲᠦᠷᠦᠯ ᠵᠦᠢᠯ ᠶᠢ ᠲᠠᠲᠠᠨ ᠣᠷᠤᠭᠤᠯᠵᠤ᠂ ᠵᠢᠯ ᠤᠨ ᠦᠢᠯᠡᠳᠬᠦᠨ ᠤ ᠥᠷᠲᠡᠭ ᠨᠢ 40 ᠳ᠋ᠦᠩᠰᠢᠭᠤᠷ ᠲᠥᠭᠦᠷᠢᠭ ᠳᠤ ᠬᠦᠷᠦᠭᠰᠡᠨ ᠪᠠᠶᠢᠨ᠎ᠠ︔ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ 5 ᠠᠵᠤ ᠠᠬᠤᠶᠢᠯᠠᠯ ᠣᠷᠣᠵᠤ ᠰᠠᠭᠤᠷᠢᠰᠢᠵᠠᠢ︔ ᠰᠢᠶᠠ ᠵᠢᠶᠠ ᠳ᠋ᠢᠶᠠᠨ ᠤ ᠳᠤᠮᠳᠠ ᠵᠢᠵᠢᠭ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠲᠣᠭᠤᠷᠢᠭ ᠳᠤ 73 ᠠᠵᠤ ᠠᠬᠤᠶᠢᠯᠠᠯ ᠤᠷᠤᠵᠤ ᠰᠠᠭᠤᠷᠢᠰᠢᠵᠤ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢᠨ ᠴᠢᠳᠠᠪᠤᠷᠢ ᠲᠠᠰᠤᠷᠠᠯᠳᠠ ᠦᠭᠡᠢ ᠳᠡᠭᠡᠭᠰᠢᠯᠡᠭᠰᠡᠨ ᠪᠠᠶᠢᠨ᠎ᠠ᠃ ᠠᠨ ᠺᠤᠸᠠᠢ ᠠᠳᠠᠯ ᠦᠢᠯᠡᠰ ᠴᠣᠭᠴᠠᠯᠠᠬᠤ ᠭᠠᠵᠠᠷ ᠨᠢ ᠡᠬᠢᠯᠡᠨ ᠡᠵᠡᠩᠨᠡᠯᠲᠡ ᠳᠤ ᠤᠷᠤᠵᠤ᠂ ᠳᠡᠮᠵᠢᠭᠰᠡᠨ ᠠᠵᠤ ᠠᠬᠤᠶᠢᠯᠠᠯ ᠨᠢ 100 ᠭᠠᠷᠤᠶ ᠪᠠᠶᠢᠵᠤ᠂ ᠠᠳᠠᠯ ᠦᠢᠯᠡᠰ ᠴᠣᠭᠴᠠᠯᠠᠬᠤ ᠲᠥᠪᠯᠡᠷᠡᠯ ᠶᠢᠨ ᠦᠢᠯᠡᠳᠦᠯ ᠡᠳᠦᠷ ᠢᠷᠡᠬᠦᠶ᠎ᠡ ᠢᠯᠡ ᠲᠤᠲᠣ ᠪᠣᠯᠵᠠᠢ᠃ ᠳᠤᠮᠳᠠ ᠪᠠᠭ᠎ᠠ ᠠᠵᠤ ᠠᠬᠤᠶᠢᠯᠠᠯ ᠳᠤ ︽ᠳᠡᠮᠵᠢᠨ ᠪᠠᠲᠤᠯᠠᠬᠤ ᠵᠢᠭᠡᠯᠡᠯᠭᠡ︾ 3055 ᠲᠦᠮᠡᠨ ᠲᠥᠭᠦᠷᠢᠭ ᠲᠠᠯᠪᠢᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠯᠲᠡ ᠶᠢ ᠲᠦᠷᠭᠡᠳᠪᠡ᠃ ᠰᠢᠩ ᠶᠤᠸᠠᠨ ᠤᠰᠤ ᠠᠷᠪᠢᠯᠠᠬᠤ ᠵᠡᠷᠭᠡ ᠠᠵᠤ ᠠᠬᠤᠶᠢᠯᠠᠯ ᠤᠨ ᠮᠡᠳᠡᠭᠦᠯᠦᠭᠰᠡᠨ ᠬᠤᠶᠠᠷ ᠲᠤᠶᠢᠯᠠᠰᠢᠷᠠᠯ ᠢ ᠠᠭᠤᠰᠤᠯᠳᠤᠭᠤᠯᠬᠤ ᠲᠤᠷᠰᠢᠯᠲᠠ ᠶᠢᠨ ᠴᠢᠭ ᠤᠨ ᠲᠦᠷᠦᠯ ᠵᠦᠢᠯ ᠢ ᠳᠡᠮᠵᠢᠨ᠂ ᠮᠡᠳᠡᠭᠡ ᠵᠠᠩᠭᠢ ᠶᠢᠨ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠪᠠᠷ ᠤᠯᠠᠮᠵᠢᠯᠠᠯᠲᠤ ᠠᠵᠤ ᠦᠢᠯᠡᠰ ᠢ ᠳᠡᠭᠡᠭᠰᠢᠯᠡᠭᠦᠯᠦᠨ᠎ᠡ᠃       ︵ᠬᠤᠶᠠᠷ︶ ᠤᠳᠤ ᠦᠶ᠎ᠡ ᠶᠢᠨ ᠲᠠᠷᠢᠶᠠᠯᠠᠩ ᠢ ᠤᠷᠢᠳᠠᠪᠡᠷ ᠬᠦᠭᠵᠢᠭᠦᠯᠵᠠᠢ᠃ ᠠᠮᠤ ᠪᠤᠳᠠᠭ᠎ᠠ᠂ ᠠᠵᠤ ᠠᠬᠤᠶ ᠶᠢᠨ ᠲᠠᠷᠢᠮᠠᠯ᠂ ᠪᠣᠷᠳᠤᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠡᠷᠳᠡᠨᠢ ᠰᠢᠰᠢ ᠲᠠᠷᠢᠬᠤ ᠲᠠᠯᠠᠪᠠᠢ ᠢ 9.5 ᠲᠦᠮᠡᠨ ᠮᠥ ᠪᠠᠷ ᠲᠣᠬᠢᠷᠠᠭᠤᠯᠤᠨ ᠬᠠᠰᠤᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠷᠢᠶᠠᠯᠠᠩ ᠢ 39 ᠲᠦᠮᠡᠨ ᠮᠦ ᠰᠢᠨ᠎ᠡ ᠪᠠᠷ ᠬᠦᠭᠵᠢᠭᠦᠯᠦᠨ᠂ ᠠᠮᠤ ᠪᠤᠳᠠᠭᠠᠨ ᠤ ᠭᠠᠷᠤᠯᠲᠠ ᠵᠠᠯᠭᠠᠭ᠎ᠠ ᠪᠠᠷ 15 ᠵᠢᠯ ᠪᠥᠬᠦ ᠬᠤᠲᠠ ᠶᠢᠨ ᠨᠢᠭᠡᠳᠦᠭᠡᠷ ᠲᠤ ᠪᠠᠶᠢᠷᠢᠯᠠᠵᠠᠢ᠃ ᠤᠯᠤᠰ ᠶᠢᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠶᠢᠨ ᠪᠡᠯᠡ ᠮᠥᠩᠭᠦ ᠢ 2200 ᠲᠦᠮᠡᠨ ᠲᠥᠭᠦᠷᠢᠭ ᠨᠠᠶᠢᠳᠠᠪᠤᠷᠢᠵᠢᠭᠤᠯᠵᠤ᠂ 1080 ᠡᠷᠦᠬᠡ ᠲᠠᠷᠢᠶᠠᠴᠢᠨ ᠠᠰᠢᠭ ᠬᠦᠷᠲᠡᠵᠦ᠂ ᠲᠠᠷᠢᠶᠠᠯᠠᠩ ᠤᠨ ᠮᠠᠰᠢᠨ ᠤ ᠶᠡᠷᠦᠩᠬᠡᠶᠢᠯᠡᠭᠰᠡᠨ ᠠᠵᠢᠯ ᠤᠨ ᠬᠢᠷᠢ ᠲᠦᠪᠰᠢᠨ 79% ᠶᠢ ᠡᠵᠡᠯᠡᠵᠦ ᠪᠠᠶᠢᠨ᠎ᠠ᠃ ᠲᠦᠭᠦᠭᠡᠷᠤᠮᠵᠢᠲᠤ ᠲᠠᠷᠢᠶᠠᠯᠠᠩ ᠨᠢ 4.5 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠵᠠᠳᠠᠭᠠᠶ ᠭᠠᠵᠠᠷ ᠶᠢᠨ ᠢᠳᠡᠰᠢᠨ ᠨᠣᠭᠤᠭ᠎ᠠ ᠨᠢ 25 ᠲᠦᠮᠡᠨ ᠮᠥ ᠳᠤ ᠲᠣᠭᠲᠠᠪᠤᠷᠢᠵᠢᠭᠤᠯᠵᠤ᠂ ᠱᠠᠩ ᠭᠤᠸᠠᠨ ᠳ᠋ᠢ ᠪᠠᠯᠭᠠᠰᠤ ᠶᠢᠨ ᠳᠧᠦ ᠪᠠ ᠾᠦ᠋ᠸᠧ ᠂ ᠭᠠᠩ ᠽᠢ ᠰᠢᠶᠠᠩ ᠶᠢᠨ ᠬᠤᠩ ᠮᠢᠶᠣᠣ ᠽᠢ᠂ ᠴᠢᠳᠬᠤᠯᠠᠩ ᠪᠠᠯᠭᠠᠰᠤ ᠶᠢᠨ ᠭᠦ᠋ ᠱᠠᠨ ᠽᠢ᠂ ᠯᠣᠣ ᠹᠦ᠋ ᠪᠠᠯᠭᠠᠰᠤ ᠶᠢᠨ ᠯᠣᠣ ᠹᠦ᠋ ᠵᠡᠷᠭᠡ ᠨᠢᠭᠡ ᠪᠦᠯᠦᠭ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠰᠢᠨ᠎ᠡ ᠪᠠᠷ ᠪᠠᠶᠢᠭᠤᠯᠵᠤ᠂ ᠰᠢᠩ ᠯᠥᠩ᠂ ᠳ᠋ᠦᠩ ᠶᠤᠸᠠᠨ᠂ ᠴᠥ᠋ ᠳ᠋ᠦᠩ ᠵᠡᠷᠭᠡ ᠬᠦᠷᠢᠶᠡᠯᠡᠩ ᠲᠣᠭᠤᠷᠢᠭ ᠤᠨ ᠦᠵᠡᠮᠵᠢᠲᠦ ᠣᠷᠣᠨ ᠲᠠᠢ ᠠᠭᠤᠰᠤᠯᠴᠠᠭᠤᠯᠤᠨ ᠬᠥᠭᠵᠢᠭᠦᠯᠵᠠᠢ︔ 1.6 ᠲᠦᠮᠡᠨ ᠮᠥ ᠠᠵᠤ ᠠᠬᠤᠶ ᠶᠢᠨ ᠤᠢ ᠢ ᠰᠢᠨ᠎ᠡ ᠪᠠᠷ ᠬᠦᠭᠵᠢᠭᠦᠯᠵᠠᠢ︔ ᠰᠢᠬᠢᠷ ᠯᠤᠤᠪᠠᠩ᠂ ᠲᠥᠮᠥᠰᠥ᠂ ᠬᠤ ᠯᠤᠤᠪᠠᠩ ᠵᠡᠷᠭᠡ ᠠᠵᠤ ᠦᠢᠯᠡᠰ ᠤᠨ ᠰᠠᠭᠤᠷᠢᠨ ᠭᠠᠵᠠᠷ ᠤᠨ ᠬᠡᠪᠴᠢᠶ᠎ᠡ ᠶᠢ ᠯᠠᠪᠳᠠᠭᠤᠨ ᠢᠶᠠᠷ ᠥᠷᠭᠡᠳᠬᠡᠪᠡ᠃ ︽ᠳᠥᠷᠪᠡᠨ ᠨᠢᠭᠡᠳᠦᠯᠲᠡᠶ ᠨᠢᠭᠡ ᠶᠢ ᠪᠠᠲᠤᠯᠠᠬᠤ︾ ᠭᠠᠭ᠋ᠠᠶ ᠲᠡᠵᠢᠭᠡᠬᠦ ᠬᠡᠪ ᠵᠠᠭᠪᠤᠷ ᠶᠢ ᠠᠰᠢᠭᠯᠠᠵᠤ᠂ ᠸᠧᠨ ᠱᠢ ᠠᠩᠴᠢᠨ ᠤ ᠭᠠᠭ᠋ᠠᠶ ᠲᠡᠵᠢᠭᠡᠬᠦ ᠲᠠᠯᠠᠪᠠᠢ ᠶᠢᠨ ᠬᠤᠶᠠᠳᠤᠭᠠᠷ ᠬᠤᠭᠤᠴᠠᠭᠠᠨ ᠤ ᠪᠦᠳᠦᠭᠡᠨ ᠪᠠᠶᠢᠭᠤᠯᠤᠯᠲᠠ ᠠᠰᠢᠭᠯᠠᠯᠲᠠ ᠳᠤ ᠣᠷᠤᠵᠤ᠂ ᠬᠠᠮᠲᠤᠷᠠᠨ ᠭᠠᠭ᠋ᠠᠶ ᠲᠡᠵᠢᠭᠡᠬᠦ ᠲᠠᠯᠠᠪᠠᠢ 153 ᠬᠦᠷᠴᠦ᠂ ᠵᠢᠶᠠ ᠢᠦᠢ ᠳ᠋ᠠᠩ ᠫᠦ ᠳ᠋ᠢ ᠭᠠᠭ᠋ᠠᠶ ᠲᠡᠵᠢᠭᠡᠬᠦ ᠲᠠᠯᠠᠪᠠᠢ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠪᠥᠬᠦ ᠲᠣᠭᠤᠷᠢᠭ ᠤᠨ ᠵᠢᠯ ᠤᠨ ᠭᠠᠭ᠋ᠠᠶ ᠶᠢᠨ ᠭᠠᠷᠭᠠᠯᠲᠠ ᠨᠢ 200 ᠲᠦᠮᠡᠨ ᠭᠠᠭ᠋ᠠᠢ ᠳᠤ ᠬᠦᠷᠴᠦ᠂ ᠪᠥᠬᠦ ᠬᠤᠲᠠ ᠶᠢᠨ ᠬᠠᠭᠠᠰ ᠰᠢᠬᠠᠮ ᠢ ᠡᠵᠡᠯᠡᠭᠰᠡᠨ ᠪᠠᠶᠢᠨ᠎ᠠ︔ ᠢᠳᠡᠰᠢᠨ ᠦᠬᠡᠷ 26 ᠲᠦᠮᠡᠨ ᠲᠣᠯᠤᠭᠠᠢ ᠪᠣᠷᠣᠯᠠᠭᠤᠯᠬᠤ᠂ ᠢᠳᠡᠰᠢᠨ ᠬᠤᠨᠢ 70 ᠲᠦᠮᠡᠨ ᠲᠣᠯᠤᠭᠠᠢ ᠳᠡᠵᠢᠭᠡᠭᠰᠡᠨ ᠪᠠᠶᠢᠨ᠎ᠠ᠃ ᠹᠧᠩ ᠲᠢᠶᠠᠨ ᠲᠠᠷᠢᠮᠠᠯ ᠤᠨ ᠦᠢᠯᠡᠰ᠂ ᠯᠢ ᠾᠧ ᠲᠠᠷᠢᠶᠠᠯᠠᠩ᠂ ᠱᠧᠨ ᠨᠦᠩ ᠠᠵᠤ ᠦᠢᠯᠡᠳᠪᠦᠷᠢ ᠪᠠ ᠠᠷᠠᠯᠵᠢᠶ᠎ᠠ᠂ ᠮᠧᠩ ᠰᠡᠨ ᠰᠳᠣᠺ ᠵᠡᠷᠭᠡ ᠠᠵᠤ ᠠᠬᠤᠶᠢᠯᠠᠯ ᠤᠨ ᠦᠢᠯᠡᠳᠪᠦᠷᠢᠯᠡᠬᠦ ᠴᠢᠳᠠᠪᠤᠷᠢ ᠢ ᠥᠷᠭᠡᠳᠬᠡᠨ᠂ ︽ᠥᠪᠡᠷᠲᠡᠭᠡᠨ ᠵᠠᠰᠠᠬᠤ ᠣᠷᠣᠨ ᠤ ᠱᠠᠲᠤᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯᠭᠦᠶ ᠰᠢᠶᠠᠨ ︾ ᠪᠠᠷ ᠦᠨᠡᠯᠡᠨ ᠲᠣᠭᠲᠠᠭᠠᠵᠤ᠂ ᠪᠦᠬᠦ ᠲᠣᠭᠤᠷᠢᠭ ᠤᠨ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠲᠤᠬᠠᠶ ᠶᠢᠨ ᠭᠠᠵᠠᠷ ᠲᠤᠨᠢ ᠪᠣᠯᠪᠠᠰᠤᠷᠠᠭᠤᠯᠤᠨ ᠬᠤᠪᠢᠷᠠᠭᠤᠯᠬᠤ ᠨᠤᠷᠮ᠎ᠠ ᠨᠢ 53 % ᠲᠤ ᠬᠦᠷᠲᠡᠯ᠎ᠡ ᠳᠡᠭᠡᠭᠰᠢᠯᠡᠵᠠᠢ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ ᠰᠢᠶᠳᠪᠦᠷᠢᠯᠡᠭᠴᠢ ᠴᠢᠨᠠᠷᠲᠠᠶ ᠠᠬᠢᠴᠠ ᠲᠠᠢ ᠪᠣᠯᠵᠤ᠂ ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠭᠰᠠᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠦᠭᠰᠡᠨ ᠪᠡᠯᠡ ᠮᠥᠩᠭᠦ ᠨᠢ 2.29 ᠳ᠋ᠦᠩᠰᠢᠭᠤᠷ ᠲᠥᠭᠦᠷᠢᠭ ᠪᠠᠶᠢᠵᠤ᠂ ᠠᠵᠤ ᠦᠢᠯᠡᠰ ᠢᠶᠠᠷ ᠶᠠᠳᠠᠭᠤ ᠠᠴᠠ ᠠᠩᠭᠢᠵᠢᠷᠠᠭᠤᠯᠬᠤ ᠪᠠᠷ ᠭᠤᠣᠯ ᠠᠷᠭ᠎ᠠ ᠵᠠᠮ ᠪᠣᠯᠭᠠᠨ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ᠂ ᠭᠦᠷᠦᠩᠭᠡ ᠶᠢᠨ ᠠᠰᠢᠭ ᠣᠷᠣᠯᠭ᠎ᠠ ᠪᠠᠷ ᠶᠠᠳᠠᠭᠤ ᠶᠢ ᠲᠡᠳᠬᠦᠬᠦ᠂ ᠭᠡᠷᠡᠯ ᠤᠨ ᠨᠡᠶᠢᠯᠡᠯᠭᠡ ᠶᠢᠨ ᠲᠦᠷᠦᠯ ᠵᠦᠢᠯ ᠢᠶᠠᠷ ᠶᠠᠳᠠᠭᠤ ᠶᠢ ᠲᠡᠳᠬᠦᠬᠦ᠂ ᠵᠢᠭᠤᠯᠴᠢᠯᠠᠯ ᠤᠨ ᠦᠢᠯᠡᠰ ᠢᠶᠠᠷ ᠶᠠᠳᠠᠭᠤ ᠶᠢ ᠲᠡᠳᠬᠦᠬᠦ ᠵᠡᠷᠭᠡ ᠠᠯᠢ ᠤᠯᠠᠨ ᠰᠢᠨ᠎ᠡ ᠠᠷᠭ᠎ᠠ ᠬᠡᠮᠵᠢᠶ᠎ᠡ ᠶᠢ ᠬᠠᠮᠲᠤ ᠳᠤᠨᠢ ᠬᠡᠷᠡᠭᠵᠢᠭᠦᠯᠵᠦ᠂ 38 ᠶᠠᠳᠠᠭᠤ ᠬᠦᠴᠢᠷᠳᠡᠯᠲᠡᠶ ᠲᠣᠰᠬᠤᠨ ᠨᠢ ᠡᠮᠬᠢ ᠵᠢᠷᠤᠮ ᠲᠠᠢ ᠪᠠᠷ ᠤᠬᠤᠷᠢᠨ ᠭᠠᠷᠴᠤ᠂ 4343 ᠡᠷᠦᠬᠡ 10600 ᠬᠥᠮᠦᠨ ᠲᠣᠭᠲᠠᠭᠤᠨ ᠢᠶᠠᠷ ᠶᠠᠳᠠᠭᠤ ᠠᠴᠠ ᠠᠩᠬᠢᠵᠢᠷᠠᠵᠤ᠂ ᠪᠦᠬᠦ ᠲᠣᠭᠤᠷᠢᠭ ᠤᠨ ᠶᠠᠳᠠᠭᠤ ᠶᠢᠨ ᠨᠣᠷᠮ᠎ᠠ 91% ᠪᠠᠷ ᠪᠠᠭᠤᠷᠠᠭᠰᠠᠨ‌‍ᠨ ᠪᠠᠶᠢᠨ᠎ᠠ᠃       ︵ᠭᠤᠷᠪᠠ︶ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠥᠷᠨᠢᠨ ᠬᠥᠭᠵᠢᠵᠦ ᠡᠬᠢᠯᠡᠪᠡ᠃ ᠤᠯᠠᠭᠠᠨᠬᠠᠳᠠ ᠬᠤᠳᠠᠯᠳᠤᠭ᠎ᠠ ᠠᠷᠠᠯᠵᠢᠶᠠᠨ ᠤ ᠪᠠᠷᠠᠭᠠᠨ ᠤ ᠭᠦᠢᠯᠭᠡᠭᠡ ᠬᠤᠲᠠ ᠨᠢ ᠦᠨᠳᠦᠰᠦᠨ ᠳᠡᠭᠡᠨ ᠬᠡᠯᠪᠡᠷᠢᠵᠢᠵᠦ᠂ ᠳ᠋ᠦᠩ ᠹᠠᠩ ᠬᠤᠩ ᠶᠡᠭᠡ ᠵᠡᠭᠡᠯᠢ᠂ ᠶᠢᠩ ᠶᠢᠨ ᠶᠡᠭᠡ ᠬᠥᠭᠦᠷᠭᠡ ᠶᠢᠨ ᠪᠠᠷᠢᠯᠭ᠎ᠠ ᠶᠢᠨ ᠠᠵᠢᠯ ᠳᠠᠭᠤᠰᠤᠭᠠᠳ ᠲᠡᠷᠭᠡ ᠨᠡᠪᠳᠡᠷᠡᠵᠦ᠂ ᠵᠠᠮ ᠬᠠᠷᠢᠯᠴᠠᠭᠠᠨ ᠤ ᠤᠰᠤ ᠶᠢ ᠭᠠᠳᠠᠭᠰᠢᠯᠠᠭᠤᠯᠬᠤ᠂ ᠨᠣᠭᠤᠭᠠᠷᠠᠭᠤᠯᠤᠯᠲᠠ ᠪᠠ ᠰᠠᠭᠤᠷᠢ ᠲᠥᠬᠦᠭᠡᠷᠦᠮᠵᠢ ᠶᠢᠨ PPP ᠲᠥᠷᠥᠯ ᠵᠦᠶᠯ ᠶᠢ ᠡᠮᠬᠢ ᠵᠢᠷᠤᠮ ᠲᠠᠢ ᠬᠡᠷᠡᠭᠵᠢᠭᠦᠯᠵᠦ᠂ ᠶᠦᠩ ᠲᠠᠢ ᠬᠦᠷᠢᠶᠡᠯᠡᠩ ᠶᠢᠨ ᠲᠡᠬᠢᠠ ᠨᠡᠭᠦᠯᠭᠡᠨ ᠲᠥᠪᠬᠢᠨᠡᠭᠦᠯᠬᠦ ᠵᠢᠵᠢᠭ ᠬᠤᠷᠢᠶᠠᠯᠠᠯ ᠤᠨ ᠠᠵᠢᠯ ᠳᠠᠭᠤᠰᠤᠮᠠᠷ ᠪᠠᠶᠢᠨ᠎ᠠ︔  ᠳᠡᠭᠡᠳᠦ ᠲᠡᠰ ᠤᠨ ᠲᠣᠨᠣᠭᠯᠠᠯ ᠦᠢᠯᠡᠳᠬᠦ ᠭᠠᠵᠠᠷ ᠢ ᠲᠥᠯᠥᠪᠵᠢᠭᠦᠯᠦᠨ ᠪᠥᠳᠥᠭᠡᠨ ᠪᠠᠶᠢᠭᠤᠯᠵᠠᠢ︔ ᠵᠥᠩ ᠬᠤᠤ ᠮᠠᠰᠢᠨᠲᠤ ᠲᠡᠷᠭᠡ ᠢ ᠪᠠᠶᠢᠴᠠᠭᠠᠨ ᠬᠡᠮᠵᠢᠬᠦ ᠲᠥᠪ ᠨᠢ ᠠᠰᠢᠭᠯᠠᠯᠲᠠ ᠳᠤ ᠣᠷᠤᠵᠤ᠂ ᠨᠠᠰᠤᠲᠠᠶᠢᠴᠤᠳ ᠢ ᠠᠰᠠᠷᠠᠵᠤ ᠬᠠᠷᠠᠭᠠᠯᠵᠠᠬᠤ ᠬᠦᠷᠢᠶᠡᠯᠡᠩ᠂ ᠸᠧᠨ ᠱᠢ ᠪᠦᠯᠦᠭᠯᠡᠯ ᠤᠨ ᠤᠯᠠᠭᠠᠨᠬᠠᠳᠠ ᠳᠠᠬᠢ ᠶᠡᠷᠦᠩᠬᠡᠶ ᠬᠡᠯᠲᠡᠰ᠂ ᠮᠧᠩ ᠳ᠋ᠦᠩ ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ ᠵᠡᠷᠭᠡ ᠳᠦᠷᠦᠯ ᠵᠦᠢᠯ ᠶᠢ ᠡᠬᠢᠯᠡᠨ ᠪᠦᠳᠦᠭᠡᠨ ᠪᠠᠶᠢᠭᠤᠯᠵᠤ᠂ ᠧᠦ᠋ᠷᠣᠫᠠ ᠲᠢᠪ ᠤᠨ ᠲᠠᠷᠢᠶᠠᠯᠠᠩ ᠤᠨ ᠬᠦᠴᠦᠨ᠂ ᠪᠤᠯᠤᠳ ᠮᠠᠲ᠋ᠧᠷᠢᠶᠠᠯ ᠶᠢᠨ ᠵᠠᠬ᠎ᠠ ᠳᠡᠯᠭᠡᠭᠦᠷ ᠵᠡᠷᠭᠡ ᠲᠦᠷᠦᠯ ᠵᠦᠢᠯ ᠢ ᠳᠦᠷᠭᠡᠪᠴᠢᠯᠡᠨ ᠲᠦᠯᠬᠢᠨ ᠠᠬᠢᠭᠤᠯᠵᠠᠢ᠃ ᠰᠦᠩᠱᠠᠨ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠢ  ᠬᠤᠳᠠ ᠶᠢᠨ ᠨᠡᠶᠢᠯᠡᠯᠲᠡ ᠶᠢᠨ ᠬᠡᠯᠪᠡᠷᠢ ᠲᠡᠰᠢ ᠬᠦᠭᠵᠢᠭᠦᠯᠵᠦ᠂ ᠢᠤᠢ ᠷᠦᠨ ᠬᠤᠶᠠᠳᠤᠭᠠᠷ ᠬᠤᠭᠤᠴᠠᠭᠠᠨ ᠤ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠲᠢᠩᠬᠢᠮ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠪ ᠶᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠪᠠ᠃ ᠬᠤᠩ ᠰᠢᠩ ᠮᠧᠢ ᠺᠠᠢ ᠯᠥᠩ᠂ ᠴᠢᠩᠬᠤᠸᠠ ᠲᠦᠩ ᠹᠠᠩ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠠᠵᠢᠯ ᠨᠢ ᠡᠬᠢᠯᠡᠨ ᠡᠵᠡᠩᠨᠡᠯᠲᠡ ᠳᠤ ᠣᠷᠤᠵᠤ᠂ ᠶᠦᠩ ᠶᠧ᠂ ᠰᠢᠨ ᠲᠢᠶᠠᠨ ᠳ᠋ᠢ᠂ ᠵᠦᠩ ᠯᠢᠶᠠᠨ ᠵᠡᠷᠭᠡ ᠬᠤᠳᠠᠯᠳᠤᠭᠠᠨ ᠤ ᠬᠦᠷᠢᠶᠡᠯᠡᠩ ᠨᠢ ᠠᠮᠢᠵᠢᠷᠠᠯ ᠤᠨ ᠬᠦᠴᠦᠨ ᠢᠶᠠᠨ ᠴᠢᠩᠭᠠᠳᠬᠠᠪᠠ᠃ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠨᠢ ᠢᠯᠡᠳᠲᠡ ᠦᠷ᠎ᠡ ᠪᠦᠲᠦᠮᠵᠢ ᠣᠯᠵᠤ᠂ ᠤᠯᠢᠶᠠᠰᠤᠲᠠᠢ᠂ ᠰᠢᠩ ᠯᠦᠩ ᠬᠥᠳᠡᠭᠡ ᠲᠣᠰᠬᠤᠨ ᠤ ᠵᠢᠭᠤᠯᠴᠢᠯᠠᠯ᠂ ᠶᠢᠨ ᠾᠧ ᠭᠦ᠋ ᠵᠢᠵᠢᠭ ᠪᠠᠯᠭᠠᠰᠤ᠂ ᠴᠥ᠋ ᠳ᠋ᠦᠩ ᠤᠳᠤ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠵᠡᠷᠭᠡ ᠭᠤᠣᠯ ᠪᠣᠯᠬᠤ ᠦᠵᠡᠮᠵᠢ ᠶᠢᠨ ᠭᠠᠵᠠᠷ ᠨᠢ ᠬᠦᠯᠢᠶᠡᠨ ᠠᠪᠬᠤ ᠴᠢᠳᠠᠪᠤᠷᠢ ᠶᠢ ᠪᠦᠷᠢᠯᠳᠦᠭᠦᠯᠦᠭᠰᠡᠨ ᠪᠠᠶᠢᠨ᠎ᠠ︔ ᠬᠤᠸᠠᠩ ᠵᠢᠶᠠ ᠮᠠᠨ ᠳ᠋ᠢᠶᠠᠨ ᠲᠠᠯ᠎ᠠ ᠨᠤᠲᠤᠭ ᠤᠨ ᠵᠤᠭᠠᠴᠠᠯ ᠤᠨ ᠰᠣᠶᠣᠯ ᠤᠨ ᠨᠠᠶᠢᠷ᠂ ᠱᠤᠸᠠᠩ ᠾᠧ ᠣᠯᠠᠨ ᠤᠯᠤᠰ ᠤᠨ ᠮᠣᠷᠢᠨ ᠮᠡᠷᠭᠡᠵᠢᠯ ᠤᠨ ᠨᠠᠶᠢᠷ᠂ ᠳ᠋ᠠᠩ ᠫᠦ ᠳ᠋ᠢ ︽ᠬᠥᠳᠡᠭᠡ ᠲᠣᠰᠬᠤᠨ ᠤ ᠵᠢᠭᠤᠯᠴᠢᠯᠠᠯ ᠶᠢᠨ ᠲᠤᠷᠰᠢᠯᠲᠠ ᠶᠢᠨ ᠭᠠᠷᠠᠭ︾ ᠵᠡᠷᠭᠡ ᠰᠢᠰᠲ᠋ᠧᠮᠵᠢᠭᠦᠯᠦᠭᠰᠡᠨ ᠤᠬᠠᠭᠤᠯᠬᠤ ᠠᠵᠢᠯᠯᠠᠭ᠎ᠠ ᠢ ᠠᠮᠵᠢᠯᠲᠠ ᠲᠠᠢ ᠪᠠᠷ ᠡᠷᠬᠢᠯᠡᠵᠤ᠂ ᠰᠦᠩᠱᠠᠨ ᠤ ᠵᠢᠭᠤᠯᠴᠢᠯᠠᠯ ᠤᠨ ᠦᠢᠯᠡᠰ ᠤᠨ ᠪᠦᠬᠦᠯᠢ ᠴᠣᠭᠴᠠ ᠶᠢᠨ ᠳᠦᠷᠢ ᠲᠥᠷᠬᠦ ᠶᠢ ᠪᠦᠬᠦ ᠲᠠᠯ᠎ᠠ ᠪᠠᠷ ᠳᠡᠭᠡᠭᠰᠢᠯᠡᠭᠦᠯᠦᠭᠰᠡᠨ ᠪᠠᠶᠢᠨ᠎ᠠ᠃       ︵ᠲᠦᠷᠪᠡ︶ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ᠃ ᠬᠤᠶᠢᠲᠤ ᠬᠤᠲᠠᠨ ᠳᠤ 2.5 ᠳ᠋ᠦᠩᠰᠢᠭᠤᠷ ᠲᠥᠭᠦᠷᠢᠭ ᠶᠢᠨ ᠪᠡᠯᠡ ᠣᠷᠣᠭᠤᠯᠤᠯᠲᠠ ᠬᠢᠵᠦ᠂ ︽ᠬᠤᠶᠠᠷ ᠬᠦᠷᠢᠶᠡᠯᠡᠩ᠂ ᠲᠦᠷᠪᠡᠨ ᠵᠡᠭᠡᠯᠢ᠂ ᠲᠦᠷᠪᠡᠨ ᠵᠠᠮ︾ ᠤᠨ 65 ᠲᠦᠮᠡᠨ ᠲᠡᠭᠰᠢ ᠳᠥᠷᠪᠡᠯᠵᠢᠨ ᠮᠧᠳ᠋ᠷ ᠤᠨ ᠨᠣᠭᠤᠭᠠᠷᠠᠭᠤᠯᠬᠤ ᠠᠵᠢᠯ ᠢ ᠨᠠᠶᠢᠳᠠᠪᠤᠷᠢᠵᠢᠭᠤᠯᠵᠤ᠂ ︽ᠵᠢᠷᠭᠤᠭᠠᠨ ᠵᠠᠮ᠂ ᠬᠤᠶᠠᠷ ᠵᠡᠭᠡᠯᠢ︾ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠭᠦᠭᠦᠷᠭᠡ ᠶᠢᠨ ᠬᠤᠶᠢᠲᠤ ᠬᠡᠰᠡᠭ᠂ ᠰᠢᠨ᠎ᠡ ᠬᠤᠲᠠ᠂ ᠠᠷᠠᠯᠵᠢᠶ᠎ᠠ ᠬᠤᠳᠠᠯᠲᠤᠭᠠᠨ ᠤ ᠪᠠᠷᠠᠭᠠᠨ ᠤ ᠭᠦᠢᠯᠭᠡᠭᠡᠨ ᠤ ᠬᠤᠲᠠ ᠶᠢ ᠬᠤᠯᠪᠤᠭᠰᠠᠨ ᠵᠠᠮ ᠲᠣᠣᠷ ᠤᠨ ᠰᠢᠨ᠎ᠡ ᠪᠠᠶᠢᠳᠠᠯ ᠢ ᠪᠦᠷᠢᠯᠳᠦᠭᠦᠯᠵᠠᠢ᠃ ᠰᠢᠩ ᠭᠤᠸᠠᠩ ᠲᠢᠶᠠᠨ ᠳ᠋ᠢ ᠨᠡᠭᠦᠯᠭᠡᠨ ᠲᠥᠪᠬᠢᠨᠡᠭᠦᠯᠬᠦ ᠵᠢᠵᠢᠭ ᠬᠤᠷᠢᠶᠠᠯᠠᠯ ᠤᠨ ᠨᠢᠭᠡ᠂ ᠬᠤᠶᠠᠳᠤᠭᠠᠷ ᠬᠤᠭᠤᠴᠠᠭ᠎ᠠ ᠨᠢ ᠬᠡᠷᠡᠭᠯᠡᠯᠲᠡ ᠳᠤ ᠣᠷᠤᠵᠤ᠂ ᠶᠡᠷᠦᠩᠬᠡᠶ ᠲᠠᠯᠠᠪᠠᠢ ᠤᠨ ᠪᠡᠶᠡᠴᠢ ᠴᠣᠭᠴᠠ ᠶᠢᠨ ᠪᠦᠳᠦᠭᠡᠨ ᠪᠠᠶᠢᠭᠤᠯᠤᠯᠲᠠ ᠨᠢ ᠦᠨᠳᠦᠰᠦᠨ ᠳᠤ ᠪᠠᠨ ᠳᠠᠭᠤᠰᠤᠭᠰᠠᠨ ᠪᠠᠶᠢᠨ᠎ᠠ᠂ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ ᠵᠡᠷᠭᠡ ᠵᠦᠢᠯᠡᠰ ᠢ ᠲᠦᠷᠭᠡᠪᠴᠢᠯᠡᠨ ᠬᠡᠷᠡᠭᠵᠢᠭᠦᠯᠪᠡ᠃ ᠡᠮᠦᠨ᠎ᠡ ᠬᠤᠲᠠ ᠶᠢᠨ ᠪᠡᠯᠡ ᠣᠷᠣᠭᠤᠯᠤᠯᠲᠠ ᠨᠢ 1608 ᠲᠦᠮᠡᠨ ᠲᠥᠭᠦᠷᠢᠭ ᠪᠠᠶᠢᠵᠤ᠂ ᠮᠦᠯᠠᠨ ᠵᠡᠭᠡᠯᠢ ᠶᠢᠨ ᠵᠡᠭᠦᠨ ᠬᠡᠰᠡᠭ ᠶᠢ ᠵᠠᠰᠠᠨ ᠥᠭᠡᠷᠡᠴᠢᠯᠡᠵᠦ᠂ 8 ᠵᠣᠷᠪᠤᠰ ᠵᠡᠭᠡᠯᠢ ᠭᠤᠳᠤᠮᠵᠢ ᠶᠢ ᠵᠠᠰᠠᠨ ᠰᠠᠶᠢᠵᠢᠷᠠᠭᠤᠯᠤᠭᠰᠠᠨ ᠪᠠᠶᠢᠨ᠎ᠠ᠃ 1197 ᠲᠦᠮᠡᠨ ᠲᠦᠭᠦᠷᠢᠭ ᠤᠨ ᠪᠡᠯᠡ ᠣᠷᠣᠭᠤᠯᠤᠯᠲᠠ ᠬᠢᠵᠦ᠂ ᠰᠢᠨ᠎ᠡ ᠬᠠᠭᠤᠴᠢᠨ ᠲᠣᠭᠤᠷᠢᠭ ᠤᠨ ᠶᠠᠪᠠᠭᠠᠨ ᠬᠥᠮᠦᠨ ᠤ ᠵᠠᠮ᠂ ᠡᠨᠧᠷᠭᠢ ᠠᠷᠪᠢᠯᠠᠬᠤ ᠳ᠋ᠧᠩ᠂ ᠤᠰᠤ ᠭᠠᠳᠠᠭᠰᠢᠯᠠᠭᠤᠯᠬᠤ ᠵᠡᠷᠭᠡ ᠬᠤᠲᠠ ᠶᠢᠨ ᠶᠠᠪᠤᠳᠠᠯ ᠤᠨ ᠪᠡᠯᠡᠳᠬᠡᠮᠵᠢ ᠲᠦᠬᠦᠭᠡᠷᠦᠮᠵᠢ ᠶᠢ ᠳᠡᠭᠦᠯᠳᠡᠷᠵᠢᠭᠦᠯᠵᠠᠢ᠃ ᠪᠣᠯᠪᠠᠰᠤᠨ ᠬᠤᠳᠠ ᠶᠢ ᠢᠳᠡᠪᠬᠢᠲᠡᠶ ᠡᠭᠦᠳᠦᠨ ᠪᠠᠶᠢᠭᠤᠯᠵᠤ᠂ ᠵᠡᠭᠡᠯᠢ ᠲᠣᠭᠤᠷᠢᠭ ᠶᠢᠨ ᠣᠷᠴᠢᠨ ᠲᠣᠭᠤᠷᠢᠨ ᠪᠣᠯᠤᠨ ᠵᠡᠮ ᠤᠨ ᠵᠠᠬ᠎ᠠ ᠳᠡᠯᠭᠡᠭᠦᠷ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠬᠤᠳᠠ ᠶᠢᠨ ᠳᠦᠷᠰᠦ ᠪᠠᠶᠢᠳᠠᠯ ᠳᠤ ᠪᠦᠬᠦ ᠲᠠᠯ᠎ᠠ ᠪᠠᠷ ᠬᠤᠪᠢᠷᠠᠯᠲᠠ ᠭᠠᠷᠪᠠ᠃ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠲᠠᠲᠠᠪᠤᠷᠢᠯᠠᠨ ᠨᠤᠷᠠᠭᠠᠵᠤ ᠲᠥᠪᠬᠢᠨᠡᠭᠦᠯᠬᠦ ᠠᠵᠢᠯ ᠢ 6348 ᠰᠢᠷᠢᠰ ᠪᠡᠶᠡᠯᠡᠭᠦᠯᠵᠦ᠂ ᠳᠡᠭᠡᠳᠦ ᠬᠤᠷᠳᠤᠴᠠᠲᠤ ᠲᠡᠮᠦᠷ ᠵᠠᠮ ᠤᠨ ᠥᠷᠲᠡᠭᠡ᠂ ᠬᠤᠳᠠ ᠲᠣᠭᠤᠷᠢᠭᠰᠠᠨ ᠤᠰᠤᠨ ᠰᠢᠰᠲ᠋ᠧᠮ᠂ ᠬᠤᠲᠠ ᠲᠣᠭᠤᠷᠢᠭᠰᠠᠨ ᠵᠡᠮ᠂ 306 ᠤᠯᠤᠰ ᠤᠨ ᠵᠠᠰᠠᠮᠠᠯ ᠵᠠᠮ ᠤᠨ ᠬᠤᠶᠢᠲᠤ ᠭᠠᠷᠬᠤ ᠠᠮᠠᠰᠠᠷ᠂ ᠰᠦᠩ ᠵᠧᠦ ᠵᠠᠮ ᠵᠡᠷᠭᠡ ᠬᠤᠲᠠ ᠲᠣᠭᠤᠷᠢᠭ ᠬᠤᠶᠠᠷ ᠳᠡᠰ ᠤᠨ ᠭᠤᠣᠯᠳᠠᠯᠭ᠎ᠠ ᠲᠠᠢ ᠲᠦᠷᠤᠯ ᠵᠦᠢᠯ ᠤᠨ ᠤᠷᠤᠭᠰᠢᠲᠠᠶ ᠶᠠᠪᠤᠭᠳᠠᠬᠤ ᠶᠢ ᠪᠠᠳᠤᠯᠠᠵᠠᠢ᠃ ᠵᠢᠵᠢᠭ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠠᠮᠢ ᠠᠬᠤᠶ ᠶᠢᠨ ᠵᠠᠰᠠᠯᠲᠠ ᠶᠢᠨ ᠴᠢᠭᠯᠡᠯ ᠵᠦᠭ ᠬᠦᠭᠵᠢᠭᠦᠯᠬᠦ ᠶᠢ ᠲᠦᠯᠬᠢᠨ ᠠᠬᠢᠭᠤᠯᠵᠤ᠂ ᠯᠠᠥ ᠹᠦ᠋ ᠪᠠᠯᠭᠠᠰᠤ ᠶᠢᠨ ᠳ᠋ᠦᠩ ᠵᠠᠩ ᠹᠠᠩ ᠤᠯᠠᠮᠵᠢᠯᠠᠯᠲᠤ ᠠᠶᠢᠯ ᠲᠣᠰᠬᠤᠨ ᠢ ᠬᠠᠮᠠᠭᠠᠯᠠᠬᠤ ᠲᠦᠷᠦᠯ ᠵᠦᠢᠯ ᠢ ᠪᠡᠶᠡᠯᠡᠭᠦᠯᠦᠨ᠂ ᠴᠧᠩ ᠽᠢ᠂ ᠪᠧᠢ ᠵᠠᠩ ᠹᠠᠩ᠂ ᠡᠯ ᠳ᠋ᠤᠤ ᠾᠧ ᠼᠢ ᠵᠡᠷᠭᠡ ᠠᠶᠢᠯ ᠲᠣᠰᠬᠤᠨ ᠢ ᠬᠠᠮᠠᠭᠠᠯᠠᠬᠤ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠬᠡᠷᠡᠭᠲᠡᠶ᠃ 3975 ᠲᠦᠮᠡᠨ ᠲᠥᠭᠦᠷᠢᠭ ᠤᠨ ᠪᠡᠯᠡ ᠣᠷᠤᠭᠤᠯᠵᠤ᠂ ᠳ᠋ᠠᠩ ᠫᠦ ᠳ᠋ᠢ ᠶᠢᠨ ᠰᠢᠨ ᠵᠢᠩ ᠠᠴᠠ ᠨᠠᠨ ᠫᠢᠩ ᠹᠠᠩ ᠬᠦᠷᠳᠡᠯᠡᠬᠢ 9 ᠺᠢᠯᠣᠮᠧᠳ᠋ᠷ ᠶᠢᠨ ᠵᠢᠭᠤᠯᠴᠢᠯᠠᠯ ᠤᠨ ᠵᠠᠰᠠᠮᠠᠯ ᠵᠠᠮ᠂ 57.8 ᠺᠢᠯᠣᠮᠧᠳ᠋ᠷ ᠤᠨ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠪᠠᠷᠢᠯᠭ᠎ᠠ᠂ 12 ᠰᠠᠭᠤᠷᠢ ᠠᠶᠤᠯᠲᠠᠢ ᠬᠥᠭᠦᠷᠭᠡ ᠶᠢᠨ ᠵᠠᠰᠠᠯᠲᠠ ᠵᠡᠷᠭᠡ ᠶᠢ ᠪᠡᠶᠡᠯᠡᠭᠦᠯᠵᠠᠢ︔ ᠮᠤᠵᠢ ᠶᠢᠨ ᠵᠠᠮ ᠤᠨ 219 ᠱᠤᠭᠤᠮ ᠤᠨ ᠰᠦᠩᠱᠠᠨ ᠤ ᠬᠡᠰᠡᠭ ᠤᠨ ᠵᠠᠰᠠᠮᠠᠯ ᠵᠠᠮ ᠤᠨ ᠡᠮᠦᠨᠡᠬᠢ ᠬᠤᠭᠤᠴᠠᠭᠠᠨ ᠤ ᠠᠵᠢᠯ ᠶᠢ ᠳᠠᠭᠤᠰᠬᠠᠵᠠᠢ᠃ 6755 ᠲᠥᠭᠦᠷᠢᠭ ᠶᠢᠨ ᠪᠡᠯᠡ ᠣᠷᠤᠭᠤᠯᠵᠤ᠂ 66 ᠴᠠᠬᠢᠯᠭᠠᠨ ᠬᠦᠴᠦᠳᠡᠯ ᠶᠢᠨ ᠬᠤᠪᠢᠰᠬᠠᠭᠤᠷ ᠤᠨ ᠥᠷᠲᠡᠭᠡ 1 ᠰᠠᠭᠤᠷᠢ᠂ ᠥᠨᠳᠥᠷ ᠪᠣᠭᠤᠨᠢ ᠳᠠᠷᠤᠯᠲᠠ ᠶᠢᠨ ᠤᠲᠠᠰᠤᠨ ᠵᠠᠮ 75 ᠺᠢᠯᠣᠮᠧᠳ᠋ᠷ ᠵᠡᠷᠭᠡ ᠶᠢ ᠥᠭᠡᠷᠡᠴᠢᠯᠡᠨ ᠵᠠᠰᠠᠵᠤ᠂ ᠬᠤᠳᠠ ᠬᠥᠳᠡᠭᠡ ᠶᠢᠨ ᠴᠠᠬᠢᠯᠭᠠᠨ ᠬᠠᠩᠬᠠᠯᠭ᠎ᠠ ᠶᠢᠨ ᠪᠠᠲᠤᠯᠠᠪᠤᠷᠢ ᠶᠢᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠪᠠ᠃       ︵ᠲᠠᠪᠤ︶ ᠠᠮᠢ ᠠᠬᠤᠶ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ ᠤᠢ ᠰᠢᠭᠤᠶ ᠶᠢᠨ ᠪᠦᠳᠦᠬᠡᠨ ᠪᠠᠶᠢᠭᠤᠯᠤᠯᠲᠠ ᠳᠤ 6.2 ᠳ᠋ᠦᠩᠰᠢᠭᠤᠷ ᠲᠥᠭᠦᠷᠢᠭ ᠶᠢᠨ ᠪᠡᠯᠡ ᠣᠷᠤᠭᠤᠯᠵᠤ᠂ ᠭᠤᠣᠯᠳᠠᠯᠭ᠎ᠠ ᠲᠠᠢ ᠣᠷᠣᠨ ᠪᠦᠰᠡ ᠤᠨ ᠨᠣᠭᠤᠭᠠᠷᠠᠭᠤᠯᠤᠯᠲᠠ ᠢ 5.3 ᠲᠦᠮᠡᠨ ᠮᠦ ᠪᠡᠶᠡᠯᠡᠭᠦᠯᠵᠦ᠂ ᠪᠡᠭᠡᠵᠢᠩ ᠲᠢᠶᠠᠨᠵᠢᠨ ᠤ ᠰᠠᠯᠬᠢ ᠲᠣᠭᠤᠰᠣᠨ ᠤ ᠡᠬᠢ ᠰᠤᠷᠪᠤᠯᠵᠢ ᠶᠢᠨ ᠵᠠᠰᠠᠯᠲᠠ ᠶᠢᠨ ᠣᠶᠢᠵᠢᠭᠤᠯᠤᠯᠲᠠ ᠶᠢ 2.1 ᠲᠦᠮᠡᠨ ᠮᠦ ᠪᠡᠶᠡᠯᠡᠭᠦᠯᠦᠨ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ ᠶᠢ 2 ᠲᠦᠮᠡᠨ ᠮᠦ ᠪᠡᠶᠡᠯᠡᠭᠦᠯᠵᠠᠢ᠂ ᠠᠶᠢᠯ ᠲᠣᠰᠬᠤᠨ ᠤ ᠨᠣᠭᠤᠭᠠᠷᠠᠭᠤᠯᠤᠯᠲᠠ ᠨᠢ 531 ᠶᠢ ᠬᠡᠷᠡᠭᠵᠢᠭᠦᠯᠵᠦ᠂ ᠪᠦᠬᠦ ᠲᠣᠭᠤᠷᠢᠭ ᠤᠨ ᠤᠢ ᠰᠢᠭᠤᠶ ᠶᠢᠨ ᠪᠦᠷᠬᠦᠴᠡ ᠶᠢᠨ ᠨᠤᠷᠮ᠎ᠠ ᠨᠢ 36.7% ᠳᠤ ᠬᠦᠷᠴᠡᠶ᠃ ᠤᠰᠤᠨ ᠠᠰᠢᠭᠯᠠᠯᠲᠠ ᠶᠢᠨ ᠪᠥᠳᠥᠭᠡᠨ ᠪᠠᠶᠢᠭᠤᠯᠤᠯᠲᠠ ᠲᠤ 1.6 ᠳ᠋ᠦᠩᠰᠢᠭᠤᠷ ᠲᠥᠭᠦᠷᠢᠭ ᠶᠢᠨ ᠪᠡᠯᠡ ᠣᠷᠤᠭᠤᠯᠵᠤ᠂ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ ᠵᠡᠷᠭᠡ ᠲᠠᠷᠢᠶᠠᠯᠠᠩ ᠤᠨ ᠤᠰᠤᠨ ᠠᠰᠢᠭᠯᠠᠯᠲᠠ ᠶᠢᠨ ᠢᠨᠵᠧᠨᠧᠷᠢᠩ ᠶᠢ ᠬᠡᠷᠡᠭᠵᠢᠭᠦᠯᠵᠦ᠂ ᠭᠤᠣᠯ ᠬᠤᠳᠠ ᠶᠢᠨ ᠲᠣᠭᠤᠷᠢᠭ ᠤᠨ ᠡᠷᠭᠢᠨ ᠲᠣᠭᠤᠷᠢᠨ ᠤ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠶᠢ 26.5 ᠲᠦᠮᠡᠨ ᠮᠦ ᠪᠡᠶᠡᠯᠡᠭᠦᠯᠵᠦ᠂ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠶ ᠶᠢᠨ ᠢᠨᠵᠧᠨᠧᠷᠢᠩ ᠤᠨ 177 ᠭᠠᠵᠠᠷ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠳᠡᠭᠡᠭᠰᠢᠯᠡᠭᠦᠯᠵᠦ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ ᠰᠢᠶᠠᠨ ᠪᠣᠯᠵᠠᠢ᠃ ᠠᠮᠢ ᠠᠬᠤᠶ ᠶᠢᠨ ᠣᠷᠴᠢᠨ ᠲᠣᠭᠤᠷᠢᠨ ᠶᠢ ᠬᠠᠮᠠᠭᠠᠯᠠᠬᠤ ᠲᠥᠷᠢᠮ ᠶᠢ ᠴᠢᠩᠭ᠎ᠠ ᠬᠡᠷᠡᠭᠵᠢᠭᠦᠯᠵᠦ᠂ ᠲᠦᠷᠪᠡᠨ ᠵᠦᠢᠯ ᠤᠨ ᠭᠤᠣᠯ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠡᠭᠦᠷᠭᠡ ᠶᠢ ᠪᠡᠶᠡᠯᠡᠭᠦᠯᠵᠠᠢ︔ ᠬᠤᠲᠠ ᠶᠢᠨ ᠲᠣᠭᠤᠷᠢᠭ ᠤᠨ 10 ᠲᠣᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠬᠦᠤᠤᠯᠤ ᠶᠢ ᠴᠠᠭᠠᠵᠠᠯᠠᠨ ᠵᠣᠭᠰᠤᠭᠠᠵᠤ᠂ ᠢᠳᠡᠭᠡᠨ ᠤᠮᠳᠠᠭᠠᠨ ᠤ ᠦᠢᠯᠡᠰ ᠶᠢᠨ ᠲᠣᠰᠤᠨ ᠤᠲᠤᠭ᠎ᠠ ᠢ ᠴᠡᠪᠡᠷᠰᠢᠭᠦᠯᠬᠦ ᠲᠥᠬᠦᠭᠡᠷᠦᠮᠵᠢ ᠳᠥᠭᠡᠮᠡᠯᠵᠢᠭᠦᠯᠬᠦ ᠶᠢ ᠪᠡᠶᠡᠯᠡᠭᠦᠯᠵᠠᠢ︔ ᠤᠤᠭᠤᠬᠤ ᠣᠰᠣᠨ ᠤ ᠰᠤᠷᠪᠤᠯᠵᠢ ᠢ ᠬᠠᠮᠠᠭᠠᠯᠠᠬᠤ ᠶᠢ ᠴᠢᠩᠭᠠᠳᠬᠠᠵᠤ᠂ ︽ᠭᠤᠣᠯ ᠤᠨ ᠳᠠᠷᠤᠭ᠎ᠠ ᠶᠢᠨ ᠳᠦᠷᠢᠮ︾ ᠢ ᠪᠠᠶᠢᠭᠤᠯᠤᠨ ᠬᠡᠷᠡᠭᠵᠢᠭᠦᠯᠵᠠᠢ︔ ᠲᠠᠷᠢᠶᠠᠨ ᠭᠠᠵᠠᠷ ᠲᠠᠬᠢ ᠬᠠᠮᠠᠭᠠᠯᠠᠯᠲᠠ ᠪᠠ ᠭᠠᠵᠠᠷ ᠵᠦᠢ ᠶᠢᠨ ᠭᠠᠶ ᠭᠠᠮᠰᠢᠭ ᠢ ᠰᠡᠷᠭᠡᠶᠢᠯᠡᠨ ᠵᠠᠰᠠᠬᠤ ᠢ ᠶᠢ ᠴᠢᠩᠭᠠᠷᠠᠭᠤᠯᠵᠤ᠂ ᠪᠦᠭᠦ ᠣᠷᠣᠨ ᠪᠦᠰᠡ ᠶᠢᠨ ᠪᠡᠶᠡᠯᠡᠭᠦᠯᠵᠦ᠂ 12.2 ᠾᠧᠺᠲ᠋ᠠᠷ ᠦᠨᠳᠦᠰᠦᠨ ᠲᠠᠷᠢᠶᠠᠨ ᠭᠠᠵᠠᠷ ᠢ ᠡᠭᠦᠷᠢᠳᠡ ᠵᠠᠭᠠᠭᠯᠠᠨ ᠲᠣᠭᠲᠠᠭᠠᠨ᠂ ᠡᠬᠢᠯᠡᠭᠦᠯᠵᠦ᠂ ᠳ᠋ᠠᠨ ᠰᠢ ᠳᠡᠭᠡᠳᠦ ᠬᠤᠷᠲᠤᠴᠠᠲᠤ ᠵᠠᠰᠠᠮᠠᠯ ᠵᠠᠮ ᠤᠨ ᠬᠤᠶᠠᠷ ᠬᠠᠵᠠᠭᠤ ᠶᠢᠨ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠶᠢ ᠡᠬᠢᠯᠡᠨ ᠬᠢᠵᠠᠢ᠃ ︽ᠰᠦᠩᠱᠠᠨ ᠲᠣᠭᠤᠷᠢᠭ ᠤᠨ ᠬᠤᠳᠠ ᠬᠥᠳᠡᠭᠡ ᠶᠢᠨ ᠬᠦᠮᠦᠨ ᠠᠷᠠᠳ ᠤᠨ ᠣᠷᠣᠰᠢᠨ ᠠᠮᠢᠳᠤᠷᠠᠬᠤ ᠣᠷᠴᠢᠨ ᠠᠬᠤᠶ ᠶᠢ ᠵᠠᠰᠠᠬᠤ ᠲᠥᠷ ᠬᠡᠷᠡᠭᠵᠢᠭᠦᠯᠬᠦ ᠠᠷᠭ᠎ᠠ︾ ᠢ ᠲᠣᠭᠲᠠᠭᠠᠵᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠬᠡᠪ ᠵᠠᠭᠪᠤᠷ ᠢ ᠬᠡᠷᠡᠭᠵᠢᠭᠦᠯᠵᠦ᠂ ᠬᠤᠳᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠤᠷᠳᠤ ᠬᠤᠭᠤᠴᠠᠭᠠᠨ ᠤ ᠦᠷ᠎ᠡ ᠪᠦᠲᠦᠮᠵᠢᠲᠡᠶ ᠲᠣᠭᠲᠠᠴᠠ ᠶᠢ ᠦᠨᠳᠦᠰᠦᠨ ᠳᠤ ᠪᠠᠨ ᠪᠦᠷᠢᠯᠳᠦᠭᠦᠯᠵᠠᠢ᠃       ︵ᠵᠢᠷᠭᠤᠭ᠎ᠠ︶ ᠨᠡᠶᠢᠭᠡᠮ ᠤᠨ ᠦᠢᠯᠡᠰ ᠶᠢ ᠪᠦᠬᠦ ᠲᠠᠯ᠎ᠠ ᠪᠠᠷ ᠬᠦᠭᠵᠢᠭᠦᠯᠪᠡ᠃ ᠪᠦᠬᠦ ᠵᠢᠯ ᠶᠢᠨ ᠠᠷᠠᠳ ᠤᠨ ᠠᠮᠢᠳᠤᠷᠠᠯ ᠤᠨ ᠵᠠᠷᠤᠯᠭ᠎ᠠ 35.9 ᠲᠦᠮᠡᠨ ᠲᠥᠭᠦᠷᠢᠭ ᠪᠠᠶᠢᠵᠤ᠂ ᠡᠳ᠋ ᠤᠨ ᠵᠠᠰᠠᠭ ᠤᠨ ᠲᠥᠰᠦᠪ ᠤᠨ ᠶᠡᠷᠦᠩᠬᠡᠶ ᠵᠠᠷᠤᠯᠭ᠎ᠠ ᠶᠢᠨ 81.5% ᠢ ᠡᠵᠡᠯᠡᠵᠠᠢ᠃ ᠬᠤᠳᠠ ᠪᠠᠯᠭᠠᠰᠤᠨ ᠳᠤ ᠰᠢᠨ᠎ᠡ ᠪᠠᠷ ᠠᠵᠢᠯ ᠣᠯᠤᠭᠰᠠᠨ ᠬᠥᠮᠦᠨ 4997 ᠪᠠᠶᠢᠵᠦ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.54% ᠶᠢᠨ ᠳᠣᠲᠤᠷ᠎ᠠ ᠬᠢᠵᠠᠭᠠᠷᠯᠠᠵᠠᠢ᠃ ᠬᠤᠲᠠ ᠪᠠᠯᠭᠠᠰᠤᠨ ᠤ ᠠᠵᠢᠯᠲᠠᠨ ᠠᠵᠢᠯᠴᠢᠨ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠶᠢ 5.6 ᠳ᠋ᠦᠩᠰᠢᠭᠤᠷ ᠲᠥᠭᠦᠷᠢᠭ ᠲᠠᠷᠬᠠᠭᠠᠵᠠᠢ︔ ᠬᠤᠳᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠬᠥᠮᠦᠨ ᠪᠦᠷᠢ ᠲᠤ ᠰᠠᠷ᠎ᠠ ᠪᠣᠯᠭᠠᠨ 75 ᠲᠥᠭᠦᠷᠢᠭ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠬᠥᠮᠦᠨ ᠪᠦᠷᠢ ᠵᠢᠯ ᠳᠤ 492 ᠲᠥᠭᠦᠷᠢᠭ ᠲᠡᠭᠡᠭᠰᠢᠯᠡᠭᠦᠯᠵᠠᠢ᠃ ᠬᠤᠳᠠ ᠶᠢᠨ ᠣᠷᠣᠯᠭ᠎ᠠ ᠪᠠᠭᠠᠲᠠᠶ ᠭᠡᠷ ᠪᠦᠯᠢ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠨᠥᠬᠦᠪᠥᠷᠢ ᠶᠢ 23.9 ᠲᠦᠮᠡᠨ ᠲᠥᠭᠦᠷᠢᠭ ᠲᠠᠷᠬᠠᠭᠠᠵᠠᠢ︔ ᠬᠥᠳᠡᠭᠡ ᠲᠣᠰᠬᠤᠨ ᠤ 2381 ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠵᠠᠢ᠃ ᠣᠷᠣᠯᠭ᠎ᠠ ᠪᠠᠭᠠᠲᠠᠶ ᠲᠠᠷᠢᠶᠠᠴᠢᠨ ᠡᠷᠦᠬᠡ ᠶᠢᠨ ᠳᠤᠯᠠᠭᠠᠯᠠᠯᠭ᠎ᠠ  ᠲᠤ ᠬᠡᠷᠡᠭᠯᠡᠬᠦ ᠨᠡᠭᠦᠷᠡᠰᠦᠨ ᠨᠥᠬᠦᠪᠥᠷᠢ ᠢ 4202 ᠲᠦᠮᠡᠨ ᠲᠥᠭᠦᠷᠢᠭ ᠲᠠᠷᠬᠠᠭᠠᠵᠤ᠂ 745 ᠳ᠋ᠦᠩᠰᠢᠭᠤᠷ ᠲᠥᠭᠦᠷᠢᠭ ᠶᠢᠨ ᠭᠠᠮᠰᠢᠭ ᠠᠴᠠ ᠠᠪᠤᠷᠠᠬᠤ ᠪᠡᠯᠡ ᠮᠥᠩᠭᠦ ᠢ ᠲᠣᠷᠤᠭᠰᠢ ᠪᠠᠭᠤᠯᠭᠠᠵᠤ᠂ ᠭᠠᠮᠰᠢᠭᠳᠠᠭᠰᠠᠨ ᠠᠷᠠᠳ ᠢ 3.5 ᠲᠦᠮᠡᠨ ᠢᠯᠡᠭᠦᠦ ᠬᠥᠮᠦᠨ ᠤᠳᠠᠭ᠎ᠠ ᠠᠪᠤᠷᠠᠨ ᠲᠤᠰᠠᠯᠠᠵᠠᠢ᠃ ᠰᠦᠩᠱᠠᠨ ᠡᠮᠨᠡᠯᠭᠡ ᠶᠢᠨ ᠬᠤᠷᠢᠶᠠᠨ ᠤ ᠬᠤᠶᠠᠳᠤᠭᠠᠷ ᠬᠤᠭᠤᠴᠠᠭ᠎ᠠ᠂ ᠡᠷᠡᠭᠦᠯ ᠬᠠᠮᠠᠭᠠᠯᠠᠯ ᠶᠢᠨ ︽ᠭᠤᠷᠪᠠ ᠶᠢ ᠨᠢᠭᠡ ᠴᠣᠭᠴᠠᠵᠢᠭᠤᠯᠬᠤ︾ ᠤᠨ ᠭᠤᠣᠯ ᠴᠣᠭᠴᠠ ᠶᠢ ᠪᠠᠷᠢᠵᠤ ᠳᠠᠭᠤᠰᠬᠠᠭᠰᠠᠨ ᠪᠠᠶᠢᠨ᠎ᠠ︔ ᠠᠯᠤᠰ ᠵᠠᠶ ᠶᠢᠨ ᠡᠮᠴᠢᠯᠡᠭᠡ᠂ ᠱᠠᠲᠤ ᠬᠤᠪᠢᠶᠠᠨ ᠣᠨᠣᠰᠢᠯᠠᠨ ᠡᠮᠨᠡᠬᠦ ᠪᠠ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠦᠢᠯᠡᠴᠢᠯᠡᠭᠡ ᠶᠢ ᠬᠡᠷᠡᠭᠵᠢᠭᠦᠯᠵᠡᠢ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠶᠢ ᠨᠡᠶᠢᠯᠡᠭᠦᠯᠵᠦ᠂ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠨᠣᠷᠮ᠎ᠠ ᠨᠢ 96.7% ᠲᠤ ᠬᠦᠷᠴᠦ᠂ 2.8 ᠳ᠋ᠦᠩᠰᠢᠭᠤᠷ ᠲᠥᠭᠦᠷᠢᠭ ᠶᠢᠨ ᠡᠮ ᠡᠮᠨᠡᠯᠭᠡ ᠶᠢᠨ ᠵᠠᠷᠤᠳᠠᠯ ᠢ ᠳᠠᠭᠠᠭᠠᠪᠠ︔ ︽ᠬᠤᠶᠠᠳᠠᠬᠢ ᠬᠡᠤᠬᠡᠳ ᠠᠪᠴᠤ ᠪᠣᠯᠬᠤ︾ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠮᠡᠨᠳᠦᠯᠡᠬᠦ ᠬᠥᠮᠦᠨ ᠠᠮᠠ ᠶᠢᠨ ᠴᠢᠨᠠᠷ ᠤᠨ ᠢᠯᠭᠠᠯ ᠤᠨ ᠬᠠᠷᠢᠴᠠᠯ ᠨᠢ 109.17 ᠪᠠᠶᠢᠵᠤ᠂ ᠰᠦᠩ ᠱᠠᠨ ᠲᠣᠭᠤᠷᠢᠭ ᠨᠢ ︽ᠪᠥᠬᠦ ᠤᠯᠤᠰ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠠᠵᠢᠯ ᠤᠨ ᠲᠡᠷᠢᠭᠦᠨ ᠤ ᠰᠢᠶᠠᠨ︾᠂ ︽ᠥᠪᠡᠷᠲᠡᠭᠡᠨ ᠵᠠᠰᠠᠬᠤ ᠣᠷᠣᠨ ᠤ ᠰᠢᠨ᠎ᠡ ᠭᠡᠷ ᠪᠦᠯᠢ ᠶᠢᠨ ᠲᠥᠯᠥᠪᠯᠡᠭᠡ ᠶᠢᠨ ᠠᠵᠢᠯ ᠤᠨ ᠲᠡᠷᠢᠭᠦᠨ ᠤ ᠰᠢᠶᠠᠨ︾ ᠢᠶᠠᠷ ᠦᠨᠡᠯᠡᠭᠳᠡᠵᠠᠢ᠃ ᠷᠠᠳᠢᠣ᠋ ᠨᠡᠪᠲᠡᠷᠡᠭᠦᠯᠭᠡ ᠲᠧᠯᠸᠢᠰ ᠶᠢᠨ ᠪᠥᠬᠦᠨ ᠢ ᠬᠠᠮᠤᠷᠬᠤ ᠪᠠ ︽ᠥᠷᠭᠡᠨ ᠪᠦᠰᠡᠲᠦ ᠬᠥᠳᠡᠭᠡ ᠲᠣᠰᠬᠤᠨ︾ ᠤ ᠢᠨᠵᠧᠨᠧᠷᠢᠩ ᠢ ᠡᠬᠢᠯᠡᠨ ᠬᠡᠷᠡᠭᠵᠢᠭᠦᠯᠵᠡᠢ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠭᠦᠯᠬᠦ ᠶᠢ ᠬᠤᠶᠠᠷ ᠵᠢᠯ ᠤᠷᠢᠳᠴᠢᠯᠠᠨ ᠤᠯᠤᠰ ᠤᠨ ᠬᠢᠨᠠᠨ ᠰᠢᠯᠭᠠᠯᠲᠠ ᠶᠢ ᠥᠩᠭᠡᠷᠡᠭᠦᠯᠪᠡ᠂ ᠬᠤᠲᠠ ᠶᠢᠨ ᠲᠣᠭᠤᠷᠢᠭ ᠤᠨ 8 ᠰᠤᠷᠭᠠᠭᠤᠯᠢ ᠶᠢᠨ EPC ᠲᠦᠷᠦᠯ ᠵᠦᠢᠯ ᠢ ᠲᠦᠷᠭᠡᠪᠴᠢᠯᠡᠨ ᠬᠡᠷᠡᠭᠵᠢᠭᠦᠯᠵᠦ᠂ ᠬᠥᠳᠡᠭᠡ ᠲᠣᠰᠬᠤᠨ ᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠳᠡᠭᠡᠭᠰᠢᠯᠡᠭᠦᠯᠬᠦ ᠢᠨᠵᠧᠨᠧᠷᠢᠩ ᠢ ᠪᠡᠶᠡᠯᠡᠭᠦᠯᠵᠦ᠂ 235 ᠪᠠᠭᠰᠢ ᠡᠯᠰᠡᠭᠰᠡᠨ ᠪᠠᠶᠢᠨ᠎ᠠ︔ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠰᠤᠷᠤᠯᠴᠠᠯᠭ᠎ᠠ ᠶᠢᠨ ᠣᠷᠤᠨ ᠲᠣᠭᠠᠨ ᠤ ᠡᠵᠡᠯᠡᠬᠦ ᠬᠤᠪᠢ ᠶᠢᠨ ᠵᠢᠩ ᠳᠡᠭᠡᠭᠰᠢᠯᠡᠭᠡᠳ 52.4% ᠲᠤ ᠬᠦᠷᠴᠠᠢ︔ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠵᠢᠩᠬᠢᠨᠢ ᠠᠩᠭᠢ ᠳᠤ ᠰᠢᠯᠭᠠᠵᠤ ᠤᠷᠤᠭᠰᠠᠨ ᠨᠣᠷᠮ᠎ᠠ 67.3% ᠳᠤ ᠬᠦᠷᠦᠭᠰᠡᠨ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ ᠶᠢ 227 ᠲᠦᠮᠡᠨ ᠲᠥᠭᠦᠷᠢᠭ ᠲᠡᠮᠡᠴᠡᠨ ᠣᠯᠵᠤ᠂ 15 ᠵᠦᠢᠯ ᠤᠨ ᠲᠤᠰᠬᠠᠶ ᠠᠰᠢᠭ ᠡᠷᠡᠮᠵᠢᠯᠡᠨ ᠮᠡᠳᠡᠭᠦᠯᠦᠭᠰᠡᠨ ᠪᠠᠶᠢᠨ᠎ᠠ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ ︽ᠴᠣᠬᠢᠯᠲᠠ ᠥᠭᠬᠦ ᠰᠡᠷᠭᠡᠶᠢᠯᠡᠬᠦ ᠬᠠᠮᠢᠶᠠᠷᠬᠤ ᠡᠵᠡᠮᠳᠡᠬᠦ ᠢ ᠨᠢᠭᠡ ᠴᠤᠭᠴᠠᠵᠢᠭᠤᠯᠤᠭᠰᠠᠨ︾ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠠᠤᠯᠢ ᠶᠢ ᠵᠥᠷᠢᠴᠡᠵᠦ ᠶᠠᠯ᠎ᠠ ᠬᠢᠬᠦ ᠳᠤ ᠬᠦᠨᠳᠦ ᠴᠣᠬᠢᠯᠲᠠ ᠥᠭᠭᠦ ᠦᠨᠳᠦᠷ ᠳᠠᠷᠤᠯᠲᠠ ᠶᠢᠨ ᠪᠠᠶᠢᠳᠠᠯ ᠢ ᠢᠮᠠᠭᠲᠠ ᠪᠠᠷᠢᠮᠲᠠᠯᠠᠬᠤ ᠬᠡᠷᠡᠭᠲᠡᠢ᠃ ᠴᠢᠤᠸᠠᠨ ᠨᠢᠩ ᠵᠡᠭᠡᠯᠢ ᠭᠤᠳᠤᠮᠵᠢ ᠨᠢ ︽ᠪᠥᠬᠦ ᠤᠯᠤᠰ ᠤᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠡᠷᠢᠭᠦᠨ ᠤ ᠨᠢᠭᠡᠴᠢ︾ ᠪᠠᠷ ᠬᠦᠬᠢᠭᠦᠯᠦᠭᠳᠡᠵᠦ᠂ ᠰᠢᠶᠠᠩ ᠶᠠᠩ ᠲᠣᠮᠢᠯᠠᠭᠰᠠᠨ ᠰᠠᠯᠪᠤᠷᠢ ᠶᠢᠨ ᠬᠢᠨ ︽ᠪᠥᠬᠦ ᠤᠯᠤᠰ ᠤᠨ ᠰᠢᠯᠢᠳᠡᠭ ᠦᠨᠳᠦᠰᠦᠨ ᠱᠠᠲᠤᠨ ᠤ ᠨᠢᠭᠡᠴᠢ︾ ᠢᠶᠠᠷ ᠦᠨᠡᠯᠡᠭᠳᠡᠪᠡ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ︾ ᠪᠣᠯᠤᠨ ︽ᠬᠠᠤᠯᠢ ᠶᠢᠨ ᠬᠡᠷᠡᠭᠵᠢᠭᠦᠯᠦᠯᠲᠡ ᠳᠤ ᠵᠢᠱᠢᠶ᠎ᠡ ᠦᠵᠡᠭᠦᠯᠬᠦ ᠨᠢᠭᠡᠴᠢ︾ ᠭᠡᠵᠦ ᠲᠣᠭᠲᠠᠭᠠᠭᠳᠠᠪᠠ᠃ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠠᠢ᠃ ᠵᠠᠬᠢᠳᠠᠯ ᠰᠤᠷᠪᠤᠯᠵᠢᠯᠠᠭ᠎ᠠ ᠶᠢᠨ ᠱᠠᠳᠤ ᠬᠤᠪᠢᠶᠠᠨ ᠬᠠᠷᠢᠭᠤᠴᠠᠬᠤ᠂ ᠬᠠᠷᠢᠶ᠎ᠠ ᠭᠠᠵᠠᠷ ᠤᠨ ᠲᠣᠭᠲᠠᠪᠤᠷᠢᠵᠢᠭᠤᠯᠤᠨ ᠬᠢᠵᠠᠭᠠᠷᠯᠠᠬᠤ ᠪᠠ ᠭᠡᠨᠡᠳᠲᠡ ᠡᠭᠦᠰᠬᠦ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠳᠡᠭᠦᠯᠳᠡᠷᠵᠢᠭᠦᠯᠬᠦ ᠬᠡᠷᠡᠭᠲᠡᠶ᠃ ᠠᠶᠤᠯᠭᠦᠶ ᠦᠢᠯᠡᠳᠪᠦᠷᠢᠯᠡᠯ ᠪᠠ ᠤᠯᠠᠨ ᠨᠡᠶᠢᠲᠡ ᠶᠢᠨ ᠠᠮᠤᠷ ᠲᠦᠪᠰᠢᠨ ᠤ ᠪᠠᠶᠢᠳᠠᠯ ᠲᠣᠭᠲᠠᠭᠤᠨ ᠪᠠᠶᠢᠵᠤ᠂ ᠪᠦᠬᠦ ᠵᠢᠯ ᠳᠤ ᠠᠶᠤᠯᠭᠦᠶ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠡ᠊ᠨᠳᠡᠯ ᠭᠠᠷᠤᠭᠰᠠᠨ ᠦᠭᠡᠢ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠢᠴᠢᠯᠠᠯᠲᠠ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠶ ᠥᠷᠨᠢᠭᠦᠯᠵᠦ᠂ ᠦᠨᠳᠦᠰᠦᠲᠡᠨ ᠤ ᠱᠠᠰᠢᠨ᠂ ᠴᠥᠭᠦᠷᠥᠮ ᠤᠨ ᠣᠷᠣᠨ ᠤ ᠠᠷᠠᠳ ᠢ ᠨᠡᠭᠦᠯᠭᠡᠬᠦ᠂ ᠳᠠᠩᠰᠠ ᠡᠪᠬᠡᠮᠡᠯ᠂ ᠥᠲᠡᠭᠦᠰ᠂ ᠡᠮᠡᠭᠲᠠᠶᠢᠴᠤᠳ ᠪᠠ ᠬᠡᠦᠬᠡᠳ᠂ ᠵᠡᠮᠳᠡᠭᠴᠦᠳ ᠵᠡᠷᠭᠡ ᠡᠯ᠎ᠡ ᠵᠦᠢᠯ ᠤᠨ ᠠᠵᠢᠯ ᠨᠢ ᠰᠢᠨ᠎ᠡ ᠠᠬᠢᠴᠠ ᠲᠠᠢ ᠪᠣᠯᠤᠭᠰᠠᠨ ᠪᠠᠶᠢᠨ᠎ᠠ᠃       ᠨᠢᠭᠡ ᠵᠢᠯ ᠤᠨ ᠲᠤᠷᠰᠢ᠂ ᠪᠢᠳᠡ ᠡᠷᠴᠢ ᠵᠣᠷᠢᠭ ᠢᠶᠠᠨ ᠬᠥᠪᠴᠢᠯᠡᠨ ᠥᠭᠡᠷᠡᠴᠢᠯᠡᠯᠲᠡ ᠶᠢ ᠠᠳᠬᠤᠨ᠂ ᠨᠡᠭᠡᠭᠡᠯᠲᠡ ᠶᠢ ᠠᠬᠢᠭᠤᠯᠵᠤ᠂ ᠰᠤᠷᠲᠠᠯ ᠢᠶᠠᠨ ᠬᠤᠪᠢᠷᠠᠭᠤᠯᠤᠨ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠭᠰᠠᠨ ᠪᠠᠶᠢᠨ᠎ᠠ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠢ ᠭᠦᠨᠵᠡᠭᠡᠶ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠳᠠᠩᠰᠠᠯᠠᠭᠤᠯᠤᠭᠰᠠᠨ ᠲᠤᠭ᠎ᠠ ᠨᠢ 3.4 ᠲᠦᠮᠡᠨ ᠡᠷᠦᠬᠡ ᠬᠦᠷᠴᠦ᠂ 9000 ᠡᠷᠦᠬᠡ ᠰᠢᠨ᠎ᠡ ᠪᠠᠷ ᠨᠡᠮᠡᠭᠳᠡᠭᠰᠡᠨ ᠪᠠᠶᠢᠨ᠎ᠠ᠃ ᠪᠡᠯᠡ ᠣᠷᠣᠭᠤᠯᠬᠤ ᠪᠡᠯᠡ ᠲᠣᠬᠢᠷᠠᠭᠤᠯᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ 126 ᠭᠤᠤᠯᠳᠠᠯᠭ᠎ᠠ ᠲᠠᠢ ᠲᠥᠷᠥᠯ ᠵᠦᠶᠯ ᠢ ᠬᠡᠷᠡᠭᠵᠢᠭᠦᠯᠦᠨ᠂ 108 ᠳ᠋ᠦᠩᠰᠢᠭᠤᠷ ᠲᠥᠭᠦᠷᠢᠭ ᠶᠢᠨ ᠪᠡᠯᠡ ᠣᠷᠣᠭᠤᠯᠤᠯᠲᠠ ᠢ ᠪᠡᠶᠡᠯᠡᠭᠦᠯᠵᠠᠢ︔ ᠭᠠᠳᠠᠭᠠᠳᠤ ᠠᠴᠠ ᠣᠷᠣᠭᠤᠯᠬᠤ ᠠᠷᠠᠯᠵᠢᠶᠠᠴᠢᠨ ᠤᠷᠢᠬᠤ ᠲᠦᠷᠦᠯ ᠵᠦᠢᠯ ᠶᠢ 159 ᠬᠡᠷᠡᠭᠵᠢᠭᠦᠯᠵᠦ᠂ ᠪᠣᠳᠠᠲᠠᠶᠢᠵᠢᠭᠤᠯᠤᠭᠰᠠᠨ ᠪᠡᠯᠡ ᠮᠥᠩᠭᠦ 80.4 ᠳ᠋ᠦᠩᠰᠢᠭᠤᠷ ᠲᠥᠭᠦᠷᠢᠭ ᠪᠠᠶᠢᠵᠦ᠂ ᠨᠢᠭᠡ ᠪᠦᠯᠦᠭ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠯᠤᠰ ᠭᠡᠳᠤ ᠳᠤ ᠠᠰᠢᠭᠲᠠᠶ ᠲᠤᠮᠤ ᠵᠦᠢᠯ ᠲᠦᠷᠦᠯ ᠤᠨ ᠪᠣᠢ ᠪᠣᠯᠤᠭᠰᠠᠨ ᠪᠠᠶᠢᠨ᠎ᠠ᠃ ᠠᠷᠠᠳᠴᠢᠯᠠᠯ ᠪᠣᠯᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠪᠠᠷ ᠲᠦᠯᠬᠢᠨ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠤᠯᠤᠰ ᠳᠦᠷᠦ ᠶᠢᠨ ᠵᠥᠪᠯᠡᠯᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠰᠠᠨᠠᠯ ᠵᠥᠪᠯᠡᠯᠭᠡ ᠢ 29 ᠬᠤᠪᠢ ᠰᠢᠢᠳᠪᠦᠷᠢᠯᠡᠵᠦ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ 69 ᠬᠤᠪᠢ ᠰᠢᠢᠳᠪᠦᠷᠢᠯᠡᠵᠠᠢ︔ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠴᠢᠳ ᠤᠨ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠵᠢᠴᠢ ᠠᠵᠢᠯᠴᠢᠨ ᠤ ᠡᠪᠯᠡᠯ ᠵᠡᠷᠭᠡ ᠠᠷᠠᠳ ᠤᠨ ᠪᠦᠯᠬᠦᠮ ᠤᠨ ᠰᠠᠨᠠᠯ ᠢ ᠨᠠᠷᠢᠨ ᠬᠢᠨᠠᠮᠠᠭᠠᠶ ᠰᠣᠨᠤᠰᠴᠠᠢ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ ᠪᠤᠲᠤᠬᠤ ᠬᠢᠨᠠᠯᠲᠠ ᠲᠠᠯᠪᠢᠬᠤ ᠠᠵᠢᠯ ᠢ ᠴᠢᠩᠭᠠᠳᠬᠠᠵᠦ᠂ ᠬᠠᠷᠢᠭᠤᠴᠠᠯᠭ᠎ᠠ ᠨᠡᠬᠡᠮᠵᠢᠯᠡᠵᠦ᠂ ᠦᠷ᠎ᠡ ᠪᠦᠳᠦᠭᠡᠯ ᠢ ᠴᠢᠬᠤᠯᠠᠴᠢᠯᠠᠬᠤ ᠶᠢ ᠴᠢᠩᠭᠠᠳᠬᠠᠪᠠ᠃ ᠲᠥᠪ ᠬᠤᠷᠢᠶᠠᠨ ᠤ ᠨᠠᠶᠢᠮᠠᠨ ᠵᠤᠷᠪᠤᠰ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ︽ᠳᠥᠷᠪᠡᠨ ᠰᠤᠷᠲᠠᠯ︾ ᠶᠢ ᠦᠷᠭᠦᠯᠵᠢᠯᠡᠨ ᠴᠡᠭᠴᠡᠯᠡᠨ ᠵᠠᠰᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ ᠶᠢ 13.9% ᠪᠠᠷ ᠪᠠᠭᠤᠷᠠᠭᠤᠯᠵᠠᠢ᠂ ︽ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠬᠦ︾ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠩᠭᠤᠵᠢᠭᠤᠯᠬᠤ ᠪᠠ ᠳᠦᠷᠢᠮᠵᠢᠭᠦᠯᠬᠦ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠪᠠ ᠺᠠᠳ᠋ᠷ ᠤᠨ ᠣᠪᠣᠷ ᠰᠤᠷᠲᠠᠯ ᠢᠯᠡᠳᠲᠡ ᠰᠠᠶᠢᠵᠢᠷᠠᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃       ᠠᠮᠵᠢᠯᠲᠠ ᠪᠦᠲᠦᠮᠵᠢ ᠪᠠᠨ ᠨᠤᠲᠠᠯᠠᠬᠤ ᠶᠢᠨ ᠵᠡᠷᠭᠡᠴᠡᠭᠡᠪᠡᠷ᠂ ᠪᠢᠳᠡ ᠪᠠᠰᠠ ᠵᠠᠰᠠᠭ ᠤᠨ ᠣᠷᠳᠣᠨ ᠤ ᠠᠵᠢᠯ ᠳᠤ ᠪᠠᠰᠠ ᠮᠠᠰᠢ ᠤᠯᠡᠨ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠶ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠲᠠᠢ ᠪᠠᠰᠠ ᠵᠣᠬᠢᠬᠤ ᠵᠥᠷᠢᠶ᠎ᠡ ᠲᠠᠢ ᠪᠠᠶᠢᠵᠤ᠂ ᠬᠥᠭᠵᠢᠯᠲᠡ ᠨᠢ ᠲᠡᠩᠴᠡᠭᠦᠷᠢ ᠦᠭᠡᠢ ᠭᠦᠢᠴᠡᠳ ᠪᠤᠰᠤ ᠠᠰᠠᠭᠤᠳᠠᠯ ᠪᠠᠰᠠ ᠨᠡᠯᠢᠶᠡᠳ ᠲᠣᠪᠤᠶᠢᠮ᠎ᠠ ᠪᠠᠶᠢᠨ᠎ᠠ᠃ ᠭᠤᠣᠯ ᠢᠯᠡᠷᠡᠯ ᠨᠢ ᠭᠡᠪᠡᠯ᠄ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠᠭ᠎ᠠ᠂ ᠬᠥᠭᠵᠢᠯᠲᠡ ᠶᠢᠨ ᠶᠠᠰᠤ ᠴᠢᠨᠠᠷ ᠢᠶᠠᠷ ᠥᠨᠳᠥᠷ ᠪᠢᠰᠢ᠂ ᠪᠣᠳᠠᠲᠤ ᠴᠣᠭᠴᠠ ᠶᠢᠨ ᠠᠵᠤ ᠠᠬᠤᠶ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ︔ ᠠᠵᠤ ᠦᠢᠯᠡᠰ ᠤᠨ ᠪᠦᠲᠦᠴᠡ ᠨᠢ ᠰᠢᠯᠢᠳᠡᠭ ᠪᠢᠰᠢ᠂ ᠰᠢᠨ᠎ᠡ ᠮᠠᠨᠳᠤᠭᠰᠠᠨ ᠠᠵᠤ ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠳᠤᠲᠠᠮᠠᠭ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠲᠤᠮᠤ ᠬᠡᠯᠪᠡᠷᠢ ᠶᠢᠨ ᠲᠠᠭᠠᠭᠤᠯᠤᠭᠴᠢ ᠠᠵᠤ ᠠᠬᠤᠶᠢᠯᠠᠯ ᠤᠨ ᠳᠠᠶᠢᠴᠢᠯᠠᠬᠤ ᠬᠦᠴᠦᠨ ᠳᠤᠲᠠᠮᠠᠭ᠂ ᠬᠠᠳᠠᠭᠠᠯᠠᠭᠳᠠᠵᠤ ᠪᠠᠶᠢᠭ᠎ᠠ ᠳᠠᠪᠠᠭᠤᠯᠢᠭ ᠪᠠᠨ ᠭᠦᠢᠴᠡᠳ ᠪᠠᠳᠠᠷᠠᠭᠤᠯᠵᠤ ᠴᠢᠳᠠᠭᠠᠳᠤᠶ ᠪᠠᠶᠢᠭᠰᠠᠭᠠᠷ︔ ᠠᠵᠤ ᠦᠢᠯᠡᠳᠪᠦᠷᠢ ᠤᠨ ᠬᠦᠷᠢᠶᠡᠯᠡᠩ ᠲᠣᠭᠤᠷᠢᠭ ᠨᠢ ᠲᠥᠪᠯᠡᠷᠡᠭᠦᠯᠬᠦ ᠴᠢᠳᠠᠪᠤᠷᠢ ᠪᠠᠷ ᠴᠢᠩᠭ᠎ᠠ ᠪᠢᠰᠢ᠂ ᠰᠢᠨ᠎ᠡ ᠶᠢ ᠡᠭᠦᠳᠴᠦ ᠠᠳᠠᠯ ᠦᠶᠯᠡᠰ ᠴᠣᠭᠴᠠᠯᠠᠬᠤ ᠳᠣᠲᠣᠭᠠᠳᠤ ᠬᠥᠳᠡᠯᠭᠡᠬᠦ ᠬᠦᠴᠦᠨ ᠬᠦᠷᠦᠯᠴᠡᠬᠦ ᠦᠭᠡᠢ᠂ ᠶᠡᠭᠡ ᠲᠦᠷᠦᠯ ᠵᠦᠢᠯ ᠤᠨ ᠲᠤᠯᠭᠠᠭᠤᠷᠢᠯᠠᠬᠤ ᠬᠦᠴᠦᠨ ᠲᠤᠲᠠᠮᠠᠭ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠲᠡᠩᠴᠡᠭᠦᠷᠢ ᠦᠭᠡᠢ᠂ ᠥᠷᠢ ᠥᠭᠴᠡᠭᠡᠨ ᠤ ᠲᠦᠭᠰᠢᠭᠦᠷᠢ ᠶᠢᠨ ᠳᠠᠷᠤᠯᠲᠠ ᠢ ᠲᠦᠷᠭᠡᠨ ᠨᠠᠮᠵᠢᠭᠤᠯᠬᠤ ᠴᠢᠬᠤᠯᠲᠠᠢ᠃ ᡽ ᠰᠤᠷᠭᠠᠨ ᠬᠦᠮᠦᠵᠢᠯ᠂ ᠡᠮ ᠡᠮᠨᠡᠯᠭᠡ᠂ ᠠᠵᠢᠯ ᠣᠯᠭᠤᠯᠲᠠ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠴᠥᠭᠡᠨ ᠪᠤᠰᠤ ᠪᠠᠭᠤᠷᠠᠶ ᠭᠤᠭᠴᠤᠭ᠎ᠠ ᠪᠠᠶᠢᠨ᠎ᠠ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ ᠡᠭᠦᠷᠭᠡ ᠮᠥᠨ ᠯᠡ ᠬᠠᠲᠠᠭᠤ ᠪᠡᠷᠬᠡᠰᠢᠶᠡᠯᠲᠡᠶ︔ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠨᠢ ᠲᠦᠢᠯᠪᠤᠷᠢᠲᠠᠶ ᠪᠢᠰᠢ᠂ ᠵᠠᠷᠢᠮ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠬᠢᠨ ᠤ ᠦᠢᠯᠡᠴᠢᠯᠡᠭᠡᠨ ᠤ ᠤᠬᠠᠮᠰᠠᠷ ᠨᠢ ᠴᠢᠩᠭ᠎ᠠ ᠪᠢᠰᠢ᠂ ᠬᠡᠰᠡᠭ ᠺᠠᠳ᠋ᠷᠴᠤᠳ ᠤᠨ ᠠᠵᠢᠯ ᠦᠢᠯᠡᠰ ᠢᠶᠠᠨ ᠬᠦᠨᠳᠦᠳᠬᠡᠬᠦ ᠵᠣᠷᠢᠭ ᠰᠠᠨᠠᠭ᠎ᠠ ᠳᠤᠲᠠᠭᠳᠠᠵᠤ ᠪᠠᠶᠢᠨ᠎ᠠ᠂ ᠡᠰᠡ ᠦᠢᠯᠡᠳᠬᠦᠶ᠂ ᠤᠳᠠᠭᠠᠨ ᠦᠢᠯᠡᠳᠬᠦᠶ ᠪᠠ ᠳᠤᠷ᠎ᠠ ᠪᠠᠷ ᠢᠶᠠᠨ ᠦᠢᠯᠡᠳᠬᠦ ᠵᠡᠷᠭᠡ ᠦᠵᠡᠭᠳᠡᠯ ᠮᠥᠨ ᠯᠡ ᠣᠷᠣᠰᠢᠭᠰᠠᠭᠠᠷ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠬᠦᠴᠦᠲᠡᠶ ᠠᠷᠭ᠎ᠠ ᠬᠡᠮᠵᠢᠶ᠎ᠡ ᠠᠪᠴᠤ᠂ ᠨᠠᠷᠢᠨ ᠬᠢᠨᠠᠮᠠᠭᠠᠶ ᠰᠢᠶᠳᠪᠦᠷᠢᠯᠡᠬᠦ ᠬᠡᠷᠡᠭᠲᠡᠶ᠃                           2018 ᠣᠨ ᠤ ᠠᠵᠢᠯ ᠤᠨ ᠪᠠᠶᠢᠷᠢᠯᠠᠭᠤᠯᠤᠯᠲᠠ       ᠡᠨᠡ ᠵᠢᠯ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠡᠬᠢᠨ ᠤ ᠵᠢᠯ ᠮᠥᠨ᠂ ᠥᠭᠡᠷᠡᠴᠢᠯᠡᠯᠲᠡ ᠬᠢᠵᠦ ᠴᠢᠯᠥᠭᠡᠲᠡᠶ ᠶᠠᠪᠤᠯᠴᠠᠭᠰᠠᠨ 40 ᠵᠢᠯ ᠤᠨ ᠣᠶ ᠮᠥᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠶᠳᠪᠦᠷᠢᠲᠦ ᠢᠯᠠᠯᠲᠠ ᠶᠢ ᠤᠯᠬᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠤᠷᠢᠳᠤᠬᠢ ᠶᠢ ᠵᠠᠯᠭᠠᠮᠵᠢᠯᠠᠨ ᠬᠤᠶᠢᠨᠠᠬᠢ ᠶᠢ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ ᠮᠥᠨ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠡᠷᠬᠡᠪᠰᠢ ᠰᠢ ᠶᠢᠨ ᠫᠢᠩ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠳᠡᠭᠡᠳᠦ ᠱᠠᠲᠤᠨ ᠤ ᠰᠢᠶᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠢ ᠪᠦᠬᠦ ᠲᠠᠯ᠎ᠠ ᠪᠠᠷ ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠤᠶᠢᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠯᠠᠪᠳᠠᠭᠤᠨ ᠲᠣᠭᠲᠠᠭᠤᠨ ᠢᠶᠠᠷ ᠤᠷᠤᠭᠰᠢᠯᠠᠬᠤ ᠶᠡᠷᠦᠩᠬᠡᠶ ᠬᠦᠭ ᠠᠶᠠᠰ ᠢ ᠪᠠᠷᠢᠮᠲᠠᠯᠠᠵᠤ᠂ ᠶᠠᠰᠤ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ᠂ ᠲᠠᠷᠢᠶᠠᠯᠠᠩ ᠤᠨ ᠣᠳᠣᠬᠢᠴᠢᠯᠠᠯᠲᠠ᠂ ᠦᠢᠯᠡᠴᠢᠯᠡᠭᠡᠨ ᠤ ᠦᠢᠯᠡᠰ ᠤᠨ ᠪᠦᠳᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠨᠡᠮᠡᠭᠳᠡᠯ ᠢ ᠲᠣᠭᠲᠠᠭᠤᠨ ᠪᠠᠶᠢᠯᠭᠠᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠪᠡᠷᠬᠡ ᠰᠡᠳᠦᠪ ᠢ ᠰᠢᠶᠳᠪᠦᠷᠢᠯᠡᠬᠦ ᠠᠵᠢᠯ ᠢ ᠡᠷᠡᠰ ᠰᠠᠶᠢᠲᠤᠷ ᠬᠢᠬᠦ ᠬᠡᠷᠡᠭᠲᠡᠶ᠂ ᠬᠥᠳᠡᠭᠡ ᠲᠣᠰᠬᠤᠨ ᠶᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠬᠦᠭᠵᠢᠯᠲᠡ᠂ ᠠᠷᠠᠳ ᠤᠨ ᠠᠮᠢᠳᠤᠷᠠᠯ᠂ ᠠᠮᠢ ᠠᠬᠤᠶ ᠶᠢᠨ ᠭᠤᠷᠪᠠᠨ ᠵᠤᠷᠪᠤᠰ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ ᠰᠠᠶᠢᠲᠤᠷ ᠪᠠᠷᠢᠮᠲᠠᠯᠠᠨ᠂ ᠪᠣᠳᠠᠲᠤ ᠬᠦᠴᠦᠲᠠᠢ᠂ ᠭᠡᠭᠡᠨ ᠰᠠᠷᠠᠭᠤᠯ᠂ ᠡᠪ ᠨᠠᠶᠢᠷᠠᠮᠳᠠᠭᠤ᠂ ᠴᠢᠨᠠᠷ , ᠷᠢᠳᠢ ᠰᠢᠳᠢ ᠰᠢᠨ᠎ᠡ ᠰᠦᠩ ᠱᠠᠨ ᠢ ᠪᠦᠲᠦᠭᠡᠨ ᠪᠠᠶᠢᠭᠤᠯᠤᠶ᠎ᠠ᠃       ᠭᠤᠣᠯ ᠵᠢᠱᠢᠭᠰᠡᠨ ᠬᠠᠷᠠᠯᠲᠠ ᠨᠤᠭᠤᠳ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠶᠢ 8% ᠣᠷᠴᠢᠮ ᠨᠡᠮᠡᠭᠳᠡᠭᠦᠯᠦᠨ᠎ᠡ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢᠨ 5% ᠣᠷᠴᠢᠮ ᠨᠡᠮᠡᠭᠳᠡᠭᠦᠯᠦᠨ᠎ᠡ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 12 % ᠣᠷᠴᠢᠮ ᠨᠡᠮᠡᠭᠳᠡᠭᠦᠯᠦᠨ᠎ᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶ᠎ᠡ ᠶᠢ 9.5% ᠣᠷᠴᠢᠮ ᠨᠡᠮᠡᠭᠳᠡᠭᠦᠯᠦᠨ᠎ᠡ᠂ ᠬᠤᠲᠠ ᠪᠠᠯᠭᠠᠰᠤ᠂ ᠬᠥᠳᠡᠭᠡ ᠲᠣᠰᠬᠤᠨ ᠳᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ ᠲᠤᠰ ᠲᠤᠰ 9% ᠪᠠ 10% ᠣᠷᠴᠢᠮ ᠪᠠᠷ ᠨᠡᠮᠡᠭᠳᠡᠭᠦᠯᠦᠨ᠎ᠡ︔ ᠰᠢᠨ᠎ᠡ ᠪᠠᠷ ᠨᠡᠮᠡᠭᠳᠡᠭᠰᠡᠨ ᠬᠤᠲᠠ ᠪᠠᠯᠭᠠᠰᠤ ᠶᠢᠨ ᠠᠵᠢᠯ ᠣᠯᠤᠭᠰᠠᠳ 4300 ᠬᠦᠮᠦᠨ ᠠᠴᠠ ᠳᠡᠭᠡᠭᠰᠢ ᠪᠠᠶᠢᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4% ᠶᠢᠨ ᠳᠣᠲᠣᠷ᠎ᠠ ᠬᠢᠵᠠᠭᠠᠷᠯᠠᠬᠤ ᠬᠡᠷᠡᠭᠲᠡᠶ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠦᠰᠦᠯᠲᠡ ᠶᠢᠨ ᠬᠡᠮᠵᠢᠶ᠎ᠡ ᠢ 3% ᠣᠷᠴᠢᠮ ᠪᠠᠶᠢᠯᠭᠠᠨ᠎ᠠ︔ ᠡᠨᠧᠷᠭᠢ ᠠᠷᠪᠢᠯᠠᠵᠤ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠳᠠᠭᠤᠰᠬᠠᠨ᠎ᠠ᠃       ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠳᠣᠣᠷᠠᠬᠢ ᠨᠠᠶᠢᠮᠠᠨ ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠄       ︵ᠨᠢᠭᠡ︶ ᠭᠤᠷᠪᠠᠨ ᠶᠡᠭᠡ ᠪᠡᠷᠬᠡ ᠰᠡᠳᠦᠪ ᠢ ᠰᠢᠶᠳᠪᠦᠷᠢᠯᠡᠬᠦ ᠳᠠᠶᠢᠨ ᠢ ᠵᠠᠪᠠᠯ ᠰᠠᠶᠢᠨ ᠬᠢᠵᠦ᠂ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠡᠶᠡᠯᠡᠭᠦᠯᠬᠦ ᠰᠢᠶᠳᠪᠦᠷᠢᠲᠦ ᠢᠯᠠᠯᠲᠠ ᠶᠢ ᠤᠯᠬᠤ ᠶᠠᠪᠤᠴᠠ ᠲᠣᠮᠳᠠ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ᠃       ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠡᠷᠬᠡ ᠰᠡᠳᠦᠪ ᠢ ᠰᠢᠶᠳᠪᠦᠷᠢᠯᠡᠬᠦ ᠳᠠᠶᠢᠨ ᠢ ᠰᠠᠶᠢᠲᠤᠷ ᠬᠢᠬᠦ ᠬᠡᠷᠡᠭᠲᠡᠶ᠃ ᠥᠷᠢ ᠥᠭᠴᠡᠭᠡ ᠶᠢ ᠴᠢᠩᠭ᠎ᠠ ᠬᠢᠵᠠᠭᠠᠷᠯᠠᠵᠤ᠂ ᠵᠠᠰᠠᠭ ᠤᠨ ᠣᠷᠳᠣᠨ ᠤ ᠰᠢᠨ᠎ᠡ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠪᠠ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠦᠷᠦᠩᠭᠡ ᠶᠢᠨ ᠬᠤᠷᠰᠢᠬᠤ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠵᠤ᠂ ᠲᠣᠭᠲᠠᠭᠠᠯ ᠠᠴᠠ ᠵᠥᠷᠢᠴᠡᠨ ᠥᠷᠢ ᠲᠠᠯᠪᠢᠵᠤ ᠶᠢ ᠡᠷᠡᠰ ᠬᠤᠷᠢᠭᠯᠠᠨ᠎ᠠ︔ ᠡᠮᠬᠢ ᠵᠢᠷᠤᠮ ᠲᠠᠢ ᠪᠠᠷ ᠦᠯᠡᠳᠡᠭᠡᠯ ᠥᠷᠢ ᠥᠭᠴᠡᠭᠡ ᠢ ᠠᠷᠢᠯᠭᠠᠨ᠂ ᠵᠠᠰᠠᠭ ᠤᠨ ᠣᠷᠳᠣᠨ ᠤ ᠥᠷᠢ ᠥᠭᠴᠡᠭᠡ ᠶᠢ ᠪᠦᠬᠦ ᠰᠢᠰᠲ᠋ᠧᠮ ᠤᠨ ᠲᠥᠰᠦᠪ ᠤᠨ ᠬᠠᠮᠢᠶᠠᠷᠤᠯᠲᠠ ᠳᠤ ᠣᠷᠤᠭᠤᠯᠵᠤ᠂ ᠲᠥᠰᠦᠪ ᠤᠨ ᠲᠣᠬᠢᠷᠠᠭᠤᠯᠤᠯᠲᠠ ᠶᠢᠨ ᠠᠷᠭ᠎ᠠ ᠬᠡᠮᠵᠢᠶ᠎ᠡ ᠶᠢ ᠠᠪᠴᠤ᠂ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠬᠤ᠂ ᠪᠦᠬᠦ᠋ᠢᠯᠡ ᠬᠦᠢᠷᠣᠩᠭᠡ ᠶᠢ ᠠᠮᠢᠳᠤᠯᠢᠭ ᠪᠣᠯᠭᠠᠬᠤ ᠵᠡᠷᠭᠡ ᠠᠷᠭ᠎ᠠ ᠬᠡᠮᠵᠢᠶ᠎ᠡ ᠠᠪᠴᠤ᠂ ᠲᠤᠰ ᠣᠨ ᠤ ᠥᠷᠢ ᠲᠦ᠋ᠯᠦᠬᠦ ᠲᠥᠯᠥᠪᠯᠡᠭᠡ ᠢ ᠳᠠᠭᠤᠰᠬᠠᠨ᠂ 2021 ᠣᠨ ᠪᠣᠯᠲᠠᠯ᠎ᠠ ᠶᠡᠷᠦᠩᠬᠡᠶᠢᠯᠡᠭᠰᠡᠨ ᠥᠷᠢ ᠥᠭᠴᠡᠭᠡᠨ ᠤ ᠨᠤᠷᠮ᠎ᠠ ᠶᠢ ᠵᠦᠢ ᠵᠣᠬᠢᠰᠲᠠᠶ ᠣᠷᠣᠨ ᠪᠠᠶᠢᠷᠢ ᠳᠤ ᠬᠦᠷᠲᠡᠯ᠎ᠡ ᠪᠠᠭᠠᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠳ᠋ ᠮᠥᠩᠭᠦᠨ ᠤ ᠢᠷᠡᠯᠳᠡ ᠶᠢᠨ ᠪᠠᠶᠢᠭᠤᠯᠤᠯᠲᠠ ᠪᠠ ᠶᠡᠷᠦᠩᠬᠡᠶᠢᠯᠡᠭᠰᠡᠨ ᠭᠠᠶᠢᠯᠢ ᠤᠨ ᠵᠠᠰᠠᠯᠲᠠ ᠶᠢ ᠦᠷᠭᠦᠯᠵᠢᠯᠡᠨ ᠴᠢᠩᠭᠠᠷᠠᠭᠤᠯᠬᠤ ᠬᠡᠷᠡᠭᠲᠡᠶ᠂ ᠭᠠᠶᠢᠯᠢ ᠲᠠᠲᠠᠪᠤᠷᠢ ᠶᠢᠨ ᠢᠷᠡᠯᠲᠡ ᠶᠢ ᠨᠡᠮᠡᠭᠳᠡᠭᠦᠯᠵᠦ᠂ ᠲᠠᠲᠠᠪᠤᠷᠢᠯᠠᠨ ᠬᠠᠮᠢᠶᠠᠷᠬᠤ ᠶᠠᠰᠤ ᠴᠢᠨᠠᠷ ᠢ ᠳᠡᠭᠡᠭᠰᠢᠯᠡᠭᠦᠯᠵᠦ᠂ ᠠᠰᠢᠭᠯᠠᠵᠤ ᠪᠣᠯᠬᠤ ᠡᠳ᠋ ᠮᠥᠩᠭᠦᠨ ᠤ ᠬᠦᠴᠦᠨ ᠢ ᠲᠣᠭᠲᠠᠭᠤᠨ ᠢᠶᠠᠷ ᠨᠡᠮᠡᠭᠳᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠮᠥᠩᠭᠦᠨ ᠭᠦᠢᠯᠭᠡᠭᠡᠨ ᠤ ᠮᠡᠬᠡᠯᠡᠯ ᠬᠢᠭᠰᠡᠨ ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠵᠥᠷᠢᠴᠡᠯ ᠪᠠ ᠣᠷᠣᠨ ᠪᠦᠰᠡ ᠶᠢᠨ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ᠃       ᠨᠠᠷᠢᠯᠢᠭ ᠣᠨᠣᠴᠠᠲᠠᠶ ᠪᠠᠷ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ ᠳᠠᠶᠢᠨ ᠢ ᠰᠠᠶᠢᠲᠤᠷ ᠬᠢᠵᠦ᠂ ᠤᠯᠤᠰ ᠤᠨ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠠᠵᠢᠯ ᠤᠨ ᠦᠷ᠎ᠡ ᠪᠦᠲᠦᠮᠵᠢ ᠶᠢ ᠦᠨᠡᠯᠡᠨ ᠵᠢᠱᠢᠬᠦ ᠠᠵᠢᠯ ᠢᠶᠠᠷ ᠠᠵᠠ ᠲᠣᠬᠢᠶᠠᠯ ᠪᠣᠯᠭᠠᠵᠤ᠂ ︽ᠭᠤᠷᠪᠠᠨ ᠨᠤᠷᠮ᠎ᠠ ᠨᠢ ᠨᠢᠭᠡ ᠬᠡᠮᠵᠢᠶ᠎ᠡ︾ ᠶᠢ ᠪᠠᠬᠢᠵᠢᠭᠦᠯᠦᠨ ᠳᠡᠭᠡᠭᠰᠢᠯᠡᠭᠦᠯᠵᠦ᠂ ᠵᠢᠯ ᠤᠨ ᠳᠣᠲᠣᠷ᠎ᠠ ᠬᠥᠮᠦᠨ ᠢ ᠶᠠᠳᠠᠭᠤ ᠠᠴᠠ ᠠᠩᠭᠢᠵᠢᠷᠠᠭᠤᠯᠵᠤ᠂ ᠬᠤᠰᠢᠭᠤ ᠰᠢᠶᠠᠨ ᠢ ᠶᠠᠳᠠᠭᠤ ᠠᠴᠠ ᠰᠠᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠵᠤ᠂ ︽ᠢᠯᠭᠠᠨ ᠲᠠᠨᠢᠬᠤ᠂ ᠤᠬᠤᠷᠢᠨ ᠭᠠᠷᠬᠤ︾ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ᠃ ᠠᠵᠤ ᠦᠢᠯᠡᠰ ᠲᠤ ᠲᠦᠰᠢᠭᠯᠡᠵᠦ ᠶᠠᠳᠠᠭᠤ ᠠᠴᠠ ᠠᠩᠭᠢᠵᠢᠷᠠᠭᠤᠯᠬᠤ ᠶᠢ ᠭᠤᠣᠯ ᠠᠷᠭ᠎ᠠ ᠵᠠᠮ ᠢ ᠲᠣᠪᠤᠶᠢᠯᠭᠠᠨ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠢ ᠭᠦᠢᠴᠡᠳ ᠠᠰᠢᠭᠯᠠᠨ᠂ ᠨᠡᠩ ᠣᠯᠠᠨ ᠶᠠᠳᠠᠭᠤ ᠬᠦᠴᠢᠷᠳᠡᠯᠲᠡᠶ ᠡᠷᠦᠬᠡ ᠶᠢ ᠲᠠᠭᠠᠭᠤᠯᠤᠭᠴᠢ ᠠᠵᠤ ᠠᠬᠤᠶᠢᠯᠠᠯ ᠬᠢᠭᠡᠳ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠠᠮᠤᠷᠬᠤ ᠬᠡᠪᠴᠢᠶ᠎ᠡ ᠳᠤ ᠣᠷᠣᠭᠤᠯᠵᠤ᠂ ᠳ᠋ᠠ ᠮᠢᠶᠣᠣ᠂ ᠰᠢᠩ ᠯᠥᠩ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ᠂ ᠲᠣᠭᠲᠠᠭᠤᠨ᠂ ᠭᠤᠣᠯᠯᠠᠬᠤ ᠠᠵᠤ ᠦᠢᠯᠡᠰ ᠶᠢᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠣᠷᠣᠯᠭ᠎ᠠ ᠶᠢ ᠨᠢ ᠨᠡᠮᠡᠭᠳᠡᠭᠦᠯᠬᠦ ᠳᠤ ᠬᠤᠪᠢ ᠨᠡᠮᠡᠷᠢ ᠦᠵᠡᠭᠦᠯᠬᠦ ᠶᠢ ᠯᠠᠪᠳᠠᠭᠤᠨ ᠪᠠᠲᠤᠲᠠᠢ ᠪᠠᠷ ᠵᠠᠬᠢᠷᠠᠬᠤ ᠬᠡᠷᠡᠭᠲᠡᠢ᠃ ︽ᠣᠨᠳᠣᠤ ᠭᠠᠵᠠᠷ ᠲᠤ ᠨᠡᠭᠦᠯᠭᠡᠬᠦ ᠶᠢ +︾ ᠬᠡᠪ ᠵᠠᠭᠪᠤᠷ ᠶᠢ ᠳᠡᠯᠭᠡᠷᠡᠭᠦᠯᠦᠨ ᠬᠡᠷᠡᠭᠵᠢᠭᠦᠯᠵᠦ᠂ ᠣᠨᠳᠣᠤ ᠭᠠᠵᠠᠷ ᠲᠤ ᠨᠡᠭᠦᠯᠭᠡᠬᠦ ᠪᠣᠯᠤᠨ ᠭᠡᠷᠡᠯ ᠸᠣᠯᠲ᠂ ᠵᠢᠭᠤᠯᠴᠢᠯᠠᠯ᠂ ᠡᠯᠧᠺᠳ᠋ᠷᠣᠨ ᠬᠤᠳᠠᠯᠳᠤᠭ᠎ᠠ᠂ ᠲᠤᠶᠢᠬᠦᠭᠡᠷᠦᠮᠵᠢᠳᠦ ᠲᠠᠷᠢᠶᠠᠯᠠᠩ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠣᠷᠭᠠᠨᠢᠭ ᠢᠶᠠᠷ ᠤᠶᠠᠯᠳᠤᠭᠤᠯᠵᠤ᠂ ᠠᠵᠤ ᠦᠢᠯᠡᠳᠪᠦᠷᠢᠯᠡᠯ ᠤᠨ ᠪᠠ ᠣᠨᠳᠣᠤ ᠭᠠᠵᠠᠷ ᠲᠤ ᠨᠡᠭᠦᠯᠭᠡᠬᠦ ᠶᠢ ᠬᠠᠷᠢᠯᠴᠠᠨ ᠠᠬᠢᠭᠤᠯᠬᠤ ᠪᠣᠯᠭᠠᠬᠤ ᠬᠡᠷᠡᠭᠲᠡᠶ᠃ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠦᠷ᠎ᠡ ᠪᠦᠲᠦᠭᠡᠯ ᠢ ᠪᠠᠬᠢᠵᠢᠭᠦᠯᠵᠦ᠂ ︽ᠭᠤᠷᠪᠠᠨ ᠨᠢᠭᠡ ᠶᠢ ᠵᠥᠪᠰᠢᠶᠡᠷᠡᠬᠦ︾ ᠠᠵᠢᠯᠯᠠᠭᠠᠨ ᠤ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ︽ᠲᠠᠪᠤᠨ ᠪᠠᠲᠤᠯᠠᠭ᠎ᠠ ᠶᠢᠨ ᠱᠤᠭᠤᠮ︾ ᠢ ᠪᠦᠲᠦᠮᠵᠢᠲᠡᠶ ᠰᠢᠶᠳᠪᠦᠷᠢᠯᠡᠵᠦ᠂ ᠡᠪᠡᠳᠴᠢᠨ ᠠᠴᠠ ᠪᠤᠯᠵᠤ ᠶᠠᠳᠠᠭᠤᠷᠠᠬᠤ᠂ ᠡᠪᠡᠳᠴᠢᠨ ᠤ ᠬᠠᠷᠠᠭ᠎ᠠ ᠪᠠᠷ ᠳᠠᠭᠢᠵᠤ ᠶᠠᠳᠠᠭᠤᠷᠠᠬᠤ ᠶᠢ ᠶᠠᠪᠤᠳᠠᠯ ᠢ ᠪᠦᠳᠦᠮᠵᠢᠲᠠᠢ ᠰᠢᠢᠳᠪᠦᠷᠢᠯᠡᠬᠦ ᠬᠡᠷᠡᠭᠲᠡᠢ᠃ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠵᠦ ᠨᠢᠭᠡᠳᠬᠡᠨ ᠬᠡᠷᠡᠭᠯᠡᠬᠦ ᠶᠢ ᠨᠠᠶᠢᠳᠠᠪᠤᠷᠢᠵᠢᠭᠤᠯᠵᠤ᠂ ᠶᠠᠳᠠᠭᠤ ᠶᠢ ᠲᠡᠳᠬᠦᠬᠦ ᠡᠯ᠎ᠡ ᠲᠦᠷᠦᠯ ᠤᠨ ᠵᠢᠭᠡᠯᠡᠯᠭᠡ ᠶᠢ 10 ᠳ᠋ᠦᠩᠰᠢᠭᠤᠷ ᠲᠥᠭᠦᠷᠢᠭ ᠶᠢ ᠪᠡᠶᠡᠯᠡᠭᠦᠯᠬᠦ ᠬᠡᠷᠡᠭᠲᠡᠢ᠃ ᠶᠠᠳᠠᠭᠤ ᠶᠢ ᠲᠡᠳᠬᠦᠬᠦ ᠪᠠ ᠤᠶᠤᠨ ᠰᠠᠨᠠᠭ᠎ᠠ ᠠᠷᠭ᠎ᠠ ᠤᠬᠠᠭᠠᠨ ᠢᠶᠠᠷ ᠳᠡᠮᠵᠢᠬᠦ ᠶᠢ ᠬᠠᠷᠢᠯᠴᠠᠨ ᠤᠶᠠᠯᠳᠤᠭᠤᠯᠵᠤ᠂ ᠬᠥᠳᠡᠯᠮᠦᠷᠢ ᠶᠢᠨ ᠮᠡᠷᠭᠡᠵᠢᠯ ᠴᠢᠳᠠᠪᠤᠷᠢ ᠪᠣᠯᠤᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠳᠣᠲᠣᠭᠠᠳᠤ ᠬᠥᠳᠡᠯᠭᠡᠬᠦ ᠬᠦᠴᠦᠨ ᠢ ᠨᠡᠮᠡᠭᠳᠡᠭᠦᠯᠬᠦ ᠬᠡᠷᠡᠭᠲᠡᠶ᠃       ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠶᠳᠪᠦᠷᠢᠯᠡᠬᠦ ᠳᠠᠶᠢᠨ ᠢ ᠰᠠᠶᠢᠲᠤᠷ ᠬᠢᠬᠦ ᠬᠡᠷᠡᠭᠲᠡᠶ᠃ ᠯᠤᠤᠬ᠎ᠠ ᠶᠢᠨ ᠭᠤᠣᠯ ᠤᠨ ᠳᠡᠭᠡᠳᠦ ᠤᠷᠤᠰᠬᠠᠯ ᠤᠨ ᠠᠮᠢ ᠠᠬᠤᠶ ᠶᠢᠨ ᠬᠠᠮᠠᠭᠠᠯᠠᠯᠲᠠ ᠪᠠ ᠣᠷᠴᠢᠨ ᠠᠬᠤᠶ ᠶᠢ ᠴᠡᠭᠴᠡᠯᠡᠨ ᠵᠠᠰᠠᠬᠤ ︽ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠢ ᠡᠬᠢᠯᠡᠨ ᠬᠡᠷᠡᠭᠵᠢᠭᠦᠯᠵᠦ᠂ ᠠᠮᠢ ᠠᠬᠤᠶ ᠶᠢ ᠵᠠᠰᠠᠨ ᠰᠡᠷᠭᠦᠭᠡᠬᠦ᠂ ᠲᠠᠷᠢᠶᠠᠯᠠᠩ ᠤᠨ ᠤᠰᠤ ᠠᠷᠪᠢᠯᠠᠬᠤ᠂ ᠬᠠᠶᠠᠭᠳᠠᠮᠠᠯ ᠪᠣᠳᠠᠰ ᠢ ᠰᠢᠶᠳᠪᠦᠷᠢᠯᠡᠵᠦ᠂ ᠠᠭᠤᠷᠬᠠᠶ ᠶᠢᠨ ᠴᠡᠭᠴᠡᠯᠡᠨ ᠵᠠᠰᠠᠯᠲᠠ᠂ ᠬᠤᠲᠠ ᠪᠠᠯᠭᠠᠰᠤᠨ ᠤ ᠤᠰᠤ ᠠᠷᠪᠢᠯᠠᠬᠤ᠂ ᠤᠰᠤ ᠠᠮᠢ ᠠᠬᠤᠶ ᠶᠢᠨ ᠬᠠᠮᠠᠭᠠᠯᠠᠯᠲᠠ ᠵᠡᠷᠭᠡ ᠵᠢᠷᠭᠤᠭᠠᠨ ᠶᠡᠭᠡ ᠢᠨᠵᠧᠨᠧᠷᠢᠩ ᠢ ᠬᠡᠷᠡᠭᠵᠢᠭᠦᠯᠵᠦ᠂ ᠵᠢᠯ ᠤᠨ ᠳᠣᠲᠣᠷ᠎ᠠ 3.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ 20 ᠲᠦᠮᠡᠨ ᠮᠦ ᠠᠮᠢ ᠠᠬᠤᠶ ᠶᠢ ᠵᠠᠰᠠᠨ ᠰᠡᠷᠭᠦᠭᠡᠬᠦ ᠶᠢ ᠪᠡᠶᠡᠯᠡᠭᠦᠯᠵᠦ᠂ ᠲᠠᠷᠢᠶᠠᠯᠠᠩ ᠤᠨ ᠤᠰᠤ ᠠᠷᠪᠢᠯᠠᠬᠤ ᠥᠭᠡᠷᠡᠴᠢᠯᠡᠯᠲᠡ ᠶᠢ 12 ᠲᠦᠮᠡᠨ ᠮᠥ ᠵᠠᠰᠠᠵᠤ᠂ 66 ᠠᠭᠤᠷᠬᠠᠶ ᠶᠢᠨ ᠠᠭᠤᠯᠠ ᠶᠢ ᠴᠡᠭᠴᠡᠯᠡᠨ ᠵᠠᠰᠠᠵᠤ᠂ ᠬᠤᠲᠠ ᠶᠢᠨ ᠲᠣᠭᠤᠷᠢᠭ ᠤᠨ ᠪᠣᠬᠢᠷ ᠤᠰᠤᠨ ᠤ ᠬᠤᠭᠤᠯᠠᠶ ᠶᠢᠨ ᠲᠣᠣᠷ ᠤᠨ ᠢᠵᠢ ᠪᠦᠷᠢᠳᠦᠭᠦᠯᠬᠦ ᠵᠢᠴᠢ ᠲᠠᠢ ᠫᠢᠩ ᠳ᠋ᠢ ᠪᠠᠯᠭᠠᠰᠤᠨ ᠤ ᠬᠤᠭ ᠨᠣᠪᠰᠢ ᠶᠢ ᠵᠦᠭᠡᠪᠦᠷᠢᠯᠡᠬᠦ ᠥᠷᠲᠡᠭᠡᠨ ᠤ ᠪᠦᠳᠦᠬᠡᠨ ᠪᠠᠶᠢᠭᠤᠯᠤᠯᠲᠠ ᠶᠢ ᠳᠠᠭᠤᠰᠬᠠᠬᠤ ᠪᠠᠷ ᠪᠠᠶᠢᠨ᠎ᠠ᠃ ᠠᠭᠠᠷ ᠮᠠᠨᠳᠠᠯ᠂ ᠤᠰᠤ᠂ ᠬᠥᠷᠥᠰᠥ ᠰᠢᠷᠣᠶ ᠵᠡᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠨᠡᠭᠦᠷᠡᠰᠦ ᠰᠢᠲᠠᠭᠠᠬᠤ ᠲᠤᠭᠤᠭᠠᠳᠤ ᠵᠤᠤᠬ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠪᠠ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠢ ᠠᠬᠢᠭᠤᠯᠤᠨ᠎ᠠ︔ ︽ᠭᠤᠣᠯ ᠤᠨ ᠳᠠᠷᠤᠭ᠎ᠠ ᠶᠢᠨ ᠳᠦᠷᠢᠮ︾ ᠪᠠ ᠤᠰᠤᠨ ᠤ ᠠᠩᠬᠠᠨ ᠤ ᠡᠷᠬᠡ ᠶᠢᠨ ᠬᠤᠪᠢᠶᠠᠷᠢᠯᠠᠯᠲᠠ ᠶᠢᠨ ᠲᠦᠷᠢᠮ ᠢ ᠨᠠᠶᠢᠳᠠᠪᠤᠷᠢᠵᠢᠭᠤᠯᠵᠤ᠂ 20 ᠲᠦᠮᠡᠨ ᠮᠦ ᠶᠢᠨ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠪᠦᠬᠦ ᠤᠯᠤᠰ ᠤᠨ ᠬᠤᠶᠠᠳᠠᠬᠢ ᠤᠳᠠᠭᠠᠨ ᠤ ᠪᠣᠬᠢᠷᠲᠤᠯ ᠤᠨ ᠡᠬᠢ ᠶᠢ ᠨᠡᠶᠢᠳᠡᠮ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ︽ᠤᠯᠠᠭᠠᠨᠬᠠᠳᠠ ᠬᠤᠳᠠ ᠶᠢᠨ ᠪᠡᠯᠴᠢᠭᠡᠷᠯᠡᠭᠦᠯᠬᠦ ᠶᠢ ᠵᠣᠭᠰᠣᠭᠠᠬᠤ ᠰᠡᠯᠭᠦᠨ ᠮᠠᠯᠵᠢᠬᠤ ᠪᠠ ᠮᠠᠯ ᠪᠡᠯᠴᠢᠭᠡᠷ ᠶᠢ ᠲᠡᠩᠴᠡᠭᠦᠷᠢ ᠲᠠᠢ ᠪᠠᠶᠢᠯᠭᠠᠬᠤ ᠳᠦᠷᠢᠮ︾ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠣᠷᠴᠢᠨ ᠨᠥᠬᠦᠴᠡᠯ ᠢ ᠡᠪᠳᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠨ ᠵᠣᠭᠰᠣᠭᠠᠬᠤ ᠪᠠ ᠶᠠᠯᠠᠯᠠᠨ ᠰᠢᠳᠬᠡᠬᠦ ᠬᠡᠷᠡᠭᠲᠡᠶ᠃       ︵ᠬᠤᠶᠠᠷ︶ ᠠᠳᠠᠯ ᠦᠢᠯᠡᠰ ᠴᠣᠭᠴᠠᠯᠠᠬᠤ ᠰᠢᠨ᠎ᠡ ᠶᠢ ᠡᠭᠦᠳᠬᠦ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠵᠡᠷᠭᠡ  ᠲᠤᠨᠢ ᠴᠢᠬᠤᠯᠠᠴᠢᠯᠠᠵᠤ᠂ ᠬᠥᠭᠵᠢᠯᠲᠡ ᠶᠢᠨ ᠬᠥᠳᠡᠯᠭᠡᠭᠴᠢ ᠬᠦᠴᠦᠨ ᠶᠢ ᠨᠡᠮᠡᠭᠳᠡᠭᠦᠯᠬᠦ ᠳᠡᠭᠡᠷ᠎ᠡ ᠰᠢᠨ᠎ᠡ ᠰᠢᠪᠲᠤᠯᠤᠯᠲᠠ ᠭᠠᠷᠭᠠᠨ᠎ᠠ᠃       ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠢ ᠶᠡᠬᠡᠪᠡᠷ ᠥᠷᠨᠢᠭᠦᠯᠬᠦ ᠬᠡᠷᠡᠭᠲᠡᠢ᠃ ᠠᠷᠠᠯᠵᠢᠶᠠᠴᠢᠨ ᠤᠷᠢᠵᠤ ᠪᠠᠯᠠ ᠣᠷᠣᠭᠤᠯᠤᠨ ᠠᠪᠴᠢᠷᠠᠬᠤ ︽ᠡᠪᠦᠯ ᠤᠨ ᠠᠵᠢᠯᠯᠠᠭ᠎ᠠ︾ ᠶᠢ ᠭᠦᠨᠵᠡᠭᠡᠶᠢᠷᠡᠭᠦᠯᠬᠦ ᠰᠠᠭᠤᠷᠢᠨ ᠳᠡᠭᠡᠷ᠎ᠡ᠂ ᠪᠦᠬᠦ ᠵᠢᠯ ᠪᠠᠷ ᠢᠶᠠᠨ ᠠᠷᠠᠯᠵᠢᠶᠠᠴᠢᠨ ᠤᠷᠢᠬᠤ᠂ ᠪᠦᠬᠦ ᠠᠵᠢᠯᠲᠠᠨ ᠤ ᠠᠷᠠᠯᠵᠢᠶᠠᠴᠢᠨ ᠤᠷᠢᠬᠤ ᠢ ᠪᠡᠶᠡᠯᠡᠭᠦᠯᠦᠨ᠎ᠡ᠃ ᠳᠤᠮᠳᠠᠳᠤ ᠤᠯᠤᠰ ᠤᠨ ᠠᠮᠤ ᠪᠤᠳᠠᠭᠠᠨ ᠤ ᠲᠦᠯᠡᠰᠢ ᠡᠲ᠋ᠢᠯ ᠠᠯᠺᠣᠣᠯ᠂ ᠧᠦ᠋ᠷᠣᠫᠠ ᠲᠢᠪ ᠤᠨ ᠲᠠᠷᠢᠶᠠᠯᠠᠩ ᠤᠨ ᠬᠦᠴᠦᠨ᠂ ᠠᠭᠠᠷ ᠤᠨ ᠵᠢᠵᠢᠭ ᠪᠠᠯᠭᠠᠰᠤ ᠵᠡᠷᠭᠡ ᠲᠦᠷᠦᠯ ᠵᠦᠢᠯ ᠶᠢ ᠰᠠᠶᠢᠳᠤᠷ ᠠᠳᠬᠤᠵᠤ᠂ ᠶᠠᠷᠢᠯᠴᠠᠵᠤ ᠪᠠᠶᠢᠭ᠎ᠠ ᠲᠦᠷᠦᠯ ᠵᠦᠢᠯ ᠤᠨ ᠭᠡᠷ᠎ᠡ ᠲᠣᠭᠲᠠᠭᠠᠬᠤ ᠶᠢ ᠠᠬᠢᠭᠤᠯᠵᠤ᠂ ᠭᠡᠷ᠎ᠡ ᠲᠣᠭᠲᠠᠭᠰᠠᠨ ᠲᠥᠷᠥᠯ ᠵᠦᠢᠯ ᠶᠢ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠂ ᠪᠦᠬᠦ ᠵᠢᠯ ᠳᠤ ᠳ᠋ᠦᠩᠰᠢᠭᠤᠷ ᠲᠥᠭᠦᠷᠢᠭ ᠢ ᠳᠠᠪᠠᠭᠰᠠᠨ ᠵᠦᠢᠯᠡᠰ ᠢ 25 ᠠᠴᠠ ᠳᠡᠭᠡᠭᠰᠢ ᠣᠷᠣᠭᠤᠯᠵᠤ᠂ ᠪᠣᠳᠠᠲᠠᠶ ᠶᠢᠨ ᠪᠣᠳᠠᠲᠠᠶᠢᠵᠢᠭᠤᠯᠤᠭᠰᠠᠨ ᠪᠡᠯᠡ ᠮᠥᠩᠭᠦ ᠶᠢᠨ ᠰᠢᠪᠲᠤᠯᠤᠯᠲᠠ ᠢ 85 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ᠃ ᠲᠦᠷᠦᠯ ᠵᠦᠢᠯ ᠤᠨ ᠳᠡᠮᠵᠢᠯᠭᠡ ᠶᠢ ᠢᠳᠡᠪᠬᠢᠯᠡᠨ ᠳᠡᠮᠡᠴᠡᠨ᠂ ᠵᠢᠯ ᠤᠨ ᠳᠣᠲᠣᠷ᠎ᠠ 1.5 ᠳ᠋ᠦᠩᠰᠢᠭᠤᠷ ᠲᠥᠭᠦᠷᠢᠭ ᠶᠢᠨ ᠪᠡᠯᠡ ᠮᠥᠩᠭᠦ ᠳᠡᠮᠡᠴᠡᠨ ᠣᠯᠬᠤ ᠪᠠᠷ ᠴᠢᠷᠮᠠᠶᠢᠨ᠎ᠠ᠃       ᠬᠥᠭᠵᠢᠯᠲᠡ ᠶᠢᠨ ᠳᠣᠲᠣᠭᠠᠳᠤ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠬᠦ ᠬᠡᠷᠡᠭᠲᠡᠶ᠃ ᠠᠨ ᠺᠤᠸᠠᠢ ᠠᠳᠠᠯ ᠦᠢᠯᠡᠰ ᠴᠣᠭᠴᠠᠯᠠᠬᠤ ᠭᠠᠵᠠᠷ ᠶᠢᠨ ᠦᠯᠢᠭᠡᠷ ᠳᠠᠭᠤᠷᠢᠶᠠᠯ ᠦᠵᠡᠭᠦᠯᠬᠦ ᠦᠢᠯᠡᠳᠦᠯ ᠢ ᠪᠠᠳᠠᠷᠠᠭᠤᠯᠵᠤ᠂ ᠡᠯ᠎ᠡ ᠲᠥᠷᠥᠯ ᠤᠨ ᠠᠵᠤ ᠠᠬᠤᠶᠢᠯᠠᠯ ᠶᠢ 100 ᠠᠴᠠ ᠳᠡᠭᠡᠭᠰᠢ ᠪᠠᠶᠢᠭᠤᠯᠵᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠳᠤ ᠰᠠᠭᠤᠷᠢᠰᠢᠬᠤ ᠶᠢ ᠲᠦᠯᠬᠢᠨ ᠠᠬᠢᠭᠤᠯᠵᠤ᠂ ᠭᠠᠵᠠᠷ ᠠᠯᠤᠰᠯᠠᠭᠰᠠᠨ ᠭᠠᠵᠠᠷ᠂ ᠦᠢᠯᠡᠰ ᠪᠦᠲᠦᠭᠡᠬᠦ ᠶᠢᠨ ᠵᠢᠯᠤᠭᠤᠲᠤᠯᠭ᠎ᠠ ᠪᠣᠯᠤᠨ ᠰᠢᠨ᠎ᠡ ᠪᠠᠷ ᠬᠥᠭᠵᠢᠭᠰᠡᠨ ᠠᠵᠤ ᠦᠶᠯᠡᠰ ᠢ ᠣᠷᠣᠭᠤᠯᠵᠤ ᠢᠷᠡᠬᠦ ᠵᠡᠷᠭᠡ ᠠᠵᠢᠯ ᠤᠨ ᠦᠷ᠎ᠡ ᠪᠦᠲᠦᠮᠵᠢ ᠢ ᠥᠷᠭᠡᠳᠬᠡᠨ᠎ᠡ᠃ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠰᠣᠯᠢᠯᠴᠠᠭᠠᠨ ᠤ ᠲᠥᠪ ᠢ ᠠᠰᠢᠭᠯᠠᠨ᠂ ᠲᠢᠶᠠᠨ ᠷᠦᠨ ᠰᠢᠨ ᠡᠨᠧᠷᠭᠢ᠂ ᠵᠥᠩ ᠢ ᠰᠢᠬᠢᠷ ᠤᠨ ᠦᠢᠯᠡᠰ᠂ ᠤᠯᠠᠭᠠᠨᠬᠠᠳᠠ ᠵᠢᠶᠠ ᠢᠦᠢ ᠵᠡᠷᠭᠡ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠪᠡᠯᠡ ᠬᠤᠷᠠᠮᠳᠤᠭᠤᠯᠬᠤ ᠪᠠ ᠠᠵᠤ ᠠᠬᠤᠶᠢᠯᠠᠯ ᠤᠨ ᠬᠥᠭᠵᠢᠯ ᠪᠤᠵᠠᠭᠠᠶᠢᠷᠠᠯ ᠢ ᠠᠬᠢᠭᠤᠯᠬᠤ ᠬᠡᠷᠡᠭᠲᠡᠶ᠃       ᠭᠤᠣᠯᠳᠠᠯᠭ᠎ᠠ ᠲᠠᠢ ᠲᠥᠷᠥᠯ ᠵᠦᠢᠯ ᠶᠢᠨ ᠪᠥᠳᠥᠭᠡᠨ ᠪᠠᠶᠢᠭᠤᠯᠤᠯᠲᠠ ᠢ ᠬᠦᠴᠦᠲᠡᠶ ᠠᠳᠬᠤᠬᠤ ᠬᠡᠷᠡᠭᠲᠡᠢ᠃ ᠤᠯᠤᠰ ᠠᠴᠠ ᠬᠡᠷᠡᠭᠵᠢᠭᠦᠯᠵᠦ ᠪᠠᠶᠢᠭ᠎ᠠ ᠪᠡᠭᠡᠵᠢᠩ ᠲᠢᠶᠠᠨᠵᠢᠨ ᠾᠤᠪᠸᠢ ᠶᠢᠨ ᠬᠠᠮᠵᠢᠯᠴᠠᠭᠰᠠᠨ ᠬᠥᠭᠵᠢᠯᠲᠡ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠰᠢᠨ᠎ᠡ ᠨᠢᠭᠡ ᠡᠭᠡᠯᠵᠢ ᠶᠢᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠶᠢ ᠠᠳᠬᠤᠵᠤ᠂ ᠨᠥᠬᠦᠵᠦ ᠪᠦᠷᠢᠳᠦᠭᠦᠯᠬᠦ ᠠᠵᠤ ᠦᠢᠯᠡᠰ ᠤᠨ ᠬᠥᠭᠵᠢᠯᠲᠡ᠂ ᠰᠠᠭᠤᠷᠢ ᠲᠥᠬᠦᠭᠡᠷᠦᠮᠵᠢ᠂ ᠨᠡᠶᠢᠲᠡ ᠶᠢᠨ ᠦᠢᠯᠡᠴᠢᠯᠡᠭᠡᠨ᠂ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠬᠥᠷᠥᠯᠡᠴᠡᠬᠦ ᠦᠭᠡᠢ ᠲᠠᠯ᠎ᠠ ᠶᠢᠨ ᠲᠣᠭᠤᠷᠢᠨ ᠳᠤ᠂ ᠠᠷᠭ᠎ᠠ ᠤᠬᠠᠭᠠᠨ ᠰᠦᠪᠡᠭᠴᠢᠯᠡᠵᠦ 83 ᠠᠴᠠ ᠳᠡᠭᠡᠭᠰᠢ ᠭᠤᠤᠯᠳᠠᠯᠭ᠎ᠠ ᠲᠠᠢ ᠲᠥᠷᠥᠯ ᠵᠦᠶᠯ ᠢ ᠬᠡᠷᠡᠭᠵᠢᠭᠦᠯᠵᠦ᠂ ᠪᠡᠯᠡ ᠣᠷᠣᠭᠤᠯᠤᠯᠲᠠ ᠶᠢ 110 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ᠃ ᠡᠮ ᠡᠮᠨᠡᠯᠭᠡ ᠶᠢᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠲᠥᠪ ᠵᠡᠷᠭᠡ ᠲᠥᠷᠥᠯ ᠵᠦᠢᠯ ᠶᠢᠨ ᠪᠥᠳᠥᠭᠡᠨ ᠪᠠᠶᠢᠭᠤᠯᠤᠯᠲᠠ ᠶᠢ ᠡᠬᠢᠯᠡᠭᠦᠯᠵᠦ᠂ ᠲᠦᠯᠡᠰᠢ ᠰᠢᠲᠠᠭᠠᠯᠭ᠎ᠠ ᠶᠢᠨ ᠠᠭᠤᠷᠬᠠᠶ ᠶᠢᠨ ᠲᠧᠭᠨᠢᠭ ᠮᠡᠷᠭᠡᠵᠢᠯ ᠤᠨ ᠥᠭᠡᠷᠡᠴᠢᠯᠡᠯᠲᠡ᠂ ᠬᠤᠸᠠ ᠲᠠᠢ ᠮᠡᠷᠭᠡᠵᠢᠯ ᠤᠨ ᠥᠭᠡᠷᠡᠴᠢᠯᠡᠯᠲᠡ᠂ ᠢ ᠶᠤᠸᠠᠨ ᠠᠮᠢᠳᠤ ᠪᠣᠳᠠᠰ᠂ ᠷᠦ᠋ ᠱᠧᠩ ᠠᠵᠤ ᠦᠢᠯᠡᠰ᠂ ᠵᠢᠶᠠ ᠢᠦᠢ ᠬᠠᠴᠢᠨ ᠭᠤᠤ ᠭᠠᠭ᠋ᠠᠶ ᠶᠢᠨ ᠲᠠᠯᠠᠪᠠᠢ᠂ ᠸᠧᠨ ᠱᠢ ᠶᠢᠨ ᠶᠡᠷᠦᠩᠬᠡᠶ ᠬᠡᠯᠲᠡᠰ ᠵᠢᠴᠢ ᠳ᠋ᠠᠩ ᠫᠦ ᠳ᠋ᠢ ᠬᠤᠶᠠᠳᠤᠭᠠᠷ ᠬᠤᠭᠤᠴᠠᠭᠠᠨ ᠤ ᠲᠤᠷᠤᠢ ᠳᠡᠵᠢᠭᠡᠬᠦ ᠲᠠᠯᠠᠪᠠᠢ ᠵᠡᠷᠭᠡ ᠲᠦᠷᠦᠯ ᠵᠦᠢᠯ ᠢ ᠵᠢᠯ ᠤᠨ ᠳᠣᠲᠣᠷ᠎ᠠ ᠳᠠᠭᠤᠰᠬᠠᠭᠠᠳ ᠠᠰᠢᠭᠯᠠᠯᠲᠠ ᠳᠤ ᠣᠷᠤᠭᠤᠯᠤᠨ᠎ᠠ᠃       ︵ᠭᠤᠷᠪᠠ︶ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠠᠵᠤ ᠦᠢᠯᠡᠳᠪᠦᠷᠢ ᠶᠢ ᠥᠷᠨᠢᠭᠦᠯᠦᠨ ᠬᠥᠭᠵᠢᠭᠦᠯᠵᠦ ᠠᠵᠤ ᠠᠬᠤᠶ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠬᠡᠷᠡᠭᠲᠡᠢ᠃       ᠠᠨᠴᠢᠩ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠢ ᠲᠡᠭᠦᠯᠳᠡᠷᠵᠢᠭᠦᠯᠵᠦ᠂ ᠳ᠋ᠠᠯᠢᠶᠠᠨ  ̄ ᠭᠤᠸᠠᠩᠵᠧᠦ ᠥᠨᠳᠥᠷ ᠬᠤᠷᠳᠤᠴᠠᠲᠤ ᠵᠠᠮ ᠤᠨ ᠬᠦᠷᠢᠶᠡᠯᠡᠩ ᠲᠣᠭᠤᠷᠢᠭ ᠲᠠᠢ ᠨᠡᠪᠳᠡᠷᠡᠬᠦ ᠢᠨᠵᠧᠨᠧᠷᠢᠩ ᠢ ᠵᠢᠯ ᠤᠨ ᠳᠣᠲᠣᠷ᠎ᠠ ᠪᠠᠷᠢᠵᠤ ᠳᠠᠭᠤᠰᠬᠠᠬᠤ ᠶᠢᠨ ᠬᠠᠮᠲᠤ ᠳᠡᠷᠭᠡ ᠨᠡᠪᠳᠡᠷᠡᠭᠦᠯᠬᠦ ᠪᠠᠷ ᠴᠢᠷᠮᠠᠶᠢᠨ᠎ᠠ᠂ ᠲᠡᠮᠦᠷ ᠵᠠᠮ ᠤᠨ ᠲᠤᠰᠬᠠᠶ ᠱᠤᠭᠤᠮ ᠵᠡᠷᠭᠡ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠡᠬᠢᠯᠡᠭᠦᠯᠵᠦ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ ᠶᠢᠨ ᠭᠤᠷᠪᠠᠳᠤᠭᠠᠷ ᠬᠤᠭᠤᠴᠠᠭᠠᠨ ᠤ ᠠᠷᠠᠯᠵᠢᠶᠠᠴᠢᠨ ᠤᠷᠢᠬᠤ ᠶᠢ ᠲᠦᠷᠭᠡᠳᠬᠡᠵᠦ᠂ ᠬᠦᠷᠢᠶᠡᠯᠡᠩ ᠲᠣᠭᠤᠷᠢᠭ ᠳᠤ ᠰᠠᠭᠤᠷᠢᠰᠢᠬᠤ ᠠᠵᠤ ᠠᠬᠤᠶᠢᠯᠠᠯ ᠶᠢ 50 ᠠᠴᠠ ᠳᠠᠪᠠᠭᠤᠯᠬᠤ ᠪᠠᠷ ᠳᠡᠮᠡᠴᠡᠨ᠎ᠡ᠂ ᠵᠢᠯ ᠤᠨ ᠦᠢᠯᠡᠳᠬᠦᠨ ᠤ ᠥᠷᠲᠡᠭ ᠢ 60 ᠳ᠋ᠦᠩᠰᠢᠭᠤᠷ ᠲᠥᠭᠦᠷᠢᠭ ᠶᠢ ᠳᠠᠪᠠᠭᠤᠯᠤᠨ᠎ᠠ᠃ ᠤᠯᠠᠭᠠᠨᠬᠠᠳᠠ ᠶᠢᠨ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡᠨ ᠤ ᠬᠤᠲᠠ ᠶᠢᠨ ᠳᠡᠭᠡᠳᠦ ᠲᠡᠰ ᠤᠨ ᠲᠣᠨᠣᠭᠯᠠᠯ ᠦᠢᠯᠡᠳᠬᠦ ᠬᠦᠷᠢᠶᠡᠯᠡᠩ ᠲᠣᠭᠤᠷᠢᠭ ᠪᠣᠯᠤᠨ ᠢᠳᠡᠭᠡᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠪᠦᠲᠦᠭᠡᠨ ᠪᠠᠶᠢᠭᠤᠯᠵᠤ᠂ ᠴᠢᠨᠠᠷ ᠰᠠᠶᠢᠲᠠᠶ᠂ ᠠᠮᠤᠷ ᠲᠦᠪᠰᠢᠨ᠂ ᠪᠣᠬᠢᠷᠲᠤᠯ ᠦᠭᠡᠢ ᠢᠳᠡᠭᠡᠨ ᠪᠣᠯᠪᠠᠰᠤᠷᠠᠭᠤᠯᠬᠤ ᠠᠵᠤ ᠦᠢᠯᠡᠰ ᠤᠨ ᠴᠤᠭᠯᠠᠷᠠᠯ ᠢ ᠪᠠᠶᠢᠭᠤᠯᠤᠨ᠎ᠠ᠃ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠢ ᠲᠣᠬᠢᠷᠠᠭᠤᠯᠤᠨ᠂ ︽ᠨᠢᠭᠡᠨ ᠬᠥᠭᠦᠷᠭᠡ ᠭᠤᠷᠪᠠᠨ ᠵᠠᠮ︾ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠦ᠋ ᠵᠢᠶᠠ ᠸᠠᠨ ᠵᠢᠩ 10.5 ᠲᠦᠮᠡᠨ ᠲᠡᠭᠰᠢ ᠲᠦᠷᠪᠡᠯᠵᠢᠨ ᠮᠧᠳ᠋ᠷ ᠠᠵᠤ ᠦᠢᠯᠡᠰ ᠤᠨ ᠣᠷᠣᠨ ᠤ ᠭᠠᠳᠠᠭᠠᠳᠤ ᠬᠤᠳᠠᠯᠳᠤᠭᠠᠴᠢᠨ ᠤᠷᠢᠬᠤ ᠢ ᠲᠦᠷᠭᠡᠳᠬᠡᠵᠦ᠂ ᠤᠯᠠᠭᠠᠨᠬᠠᠳᠠ ᠶᠢᠨ ᠲᠤᠮᠤ ᠳ᠋ᠠᠶᠢᠲ᠋ᠠ ᠶᠢᠨ ᠲᠥᠪ ᠢ ᠣᠷᠣᠭᠤᠯᠤᠨ ᠠᠪᠴᠢᠷᠠᠬᠤ ᠪᠠᠷ ᠬᠦᠴᠦᠯᠡᠨ ᠴᠢᠷᠮᠠᠶᠢᠬᠤ ᠬᠡᠷᠡᠭᠲᠡᠶ᠃ ᠰᠢᠶᠠ ᠵᠢᠶᠠ ᠳ᠋ᠢᠶᠠᠨ ᠳᠤᠮᠳᠠ ᠵᠢᠵᠢᠭ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠲᠣᠭᠤᠷᠢᠭ ᠤᠨ ᠳᠦᠪᠯᠡᠷᠡᠭᠦᠯᠦᠨ ᠤᠰᠤ ᠵᠠᠯᠠᠬᠤ᠂ ᠢᠯᠴᠢ ᠬᠠᠩᠭᠠᠬᠤ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠨ᠎ᠡ ᠮᠠᠶ᠋ᠢᠭ ᠤᠨ ᠪᠠᠷᠢᠯᠭ᠎ᠠ ᠶᠢᠨ ᠮᠠᠲ᠋ᠧᠷᠢᠶᠠᠯ ᠪᠣᠯᠪᠠᠰᠤᠷᠠᠭᠤᠯᠬᠤ ᠵᠡᠷᠭᠡ ᠲᠦᠷᠦᠯ ᠵᠦᠢᠯ ᠢ ᠣᠷᠣᠭᠤᠯᠵᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠤᠭᠠᠵᠢᠭᠤᠯᠤᠭᠰᠠᠨ ᠪᠦᠲᠦᠭᠡᠯᠴᠢ ᠠᠵᠤ ᠦᠢᠯᠡᠰ ᠢ ᠬᠥᠭᠵᠢᠭᠦᠯᠬᠦ ᠲᠥᠯᠥᠪᠵᠢᠭᠦᠯᠭᠡ ᠲᠣᠭᠲᠠᠭᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠲᠤᠭ᠎ᠠ ᠪᠠᠷᠢᠮᠲᠠ ᠡᠭᠦᠳᠬᠦ ᠲᠤᠰᠬᠠᠶ ᠮᠡᠷᠭᠡᠵᠢᠯ ᠤᠨ ᠴᠤᠭᠯᠠᠷᠠᠯ ᠪᠠ ᠲᠤᠭ᠎ᠠ ᠪᠠᠷᠢᠮᠲᠠ ᠡᠭᠦᠳᠬᠦ ᠣᠷᠤᠯᠠᠨ ᠦᠢᠯᠡᠳᠪᠦᠷᠢᠯᠡᠬᠦ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠢ ᠡᠬᠢᠯᠡᠭᠦᠯᠵᠦ᠂ ᠬᠤᠲᠠ ᠶᠢᠨ ᠲᠤᠭ᠎ᠠ ᠪᠠᠷᠢᠮᠲᠠ ᠡᠭᠦᠳᠬᠦ ᠠᠵᠤ ᠦᠢᠯᠡᠰ ᠤᠨ ᠬᠥᠭᠵᠢᠯᠲᠡ ᠶᠢᠨ ᠭᠤᠣᠯ ᠣᠷᠣᠨ ᠪᠣᠯᠭᠠᠬᠤ ᠪᠠᠷ ᠬᠦᠴᠦᠯᠡᠨ᠎ᠡ᠃ ᠠᠵᠤ ᠦᠢᠯᠡᠳᠪᠦᠷᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠮᠢᠳᠤᠯᠢᠭ ᠢᠶᠠᠷ ᠬᠡᠷᠡᠭᠯᠡᠵᠦ᠂ ᠠᠵᠤ ᠠᠬᠤᠶᠢᠯᠠᠯ ᠢ ᠬᠠᠪᠰᠤᠷᠴᠤ ᠬᠦᠯᠢᠶᠡᠰᠦ ᠶᠢ ᠰᠤᠯᠠᠯᠠᠨ ᠳᠠᠷᠤᠭᠠᠰᠤ ᠶᠢ ᠨᠢ ᠬᠥᠩᠭᠡᠷᠡᠭᠦᠯᠵᠦ᠂ ᠠᠵᠤ ᠠᠬᠤᠶᠢᠯᠠᠯ ᠢ ᠥᠭᠡᠷᠡᠴᠢᠯᠡᠨ ᠲᠡᠰ ᠳᠡᠪᠰᠢᠭᠦᠯᠬᠦ ᠶᠢ ᠳᠡᠮᠵᠢᠨ᠂ ᠠᠵᠤ ᠦᠢᠯᠡᠳᠪᠦᠷᠢ ᠶᠢᠨ ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠠᠬᠢᠭᠤᠯᠤᠨ᠎ᠠ᠃       ︵ᠲᠦᠷᠪᠡ︶ ᠬᠥᠳᠡᠭᠡ ᠲᠣᠰᠬᠤᠨ ᠤ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠶᠢ ᠲᠦᠯᠬᠢᠨ ᠠᠬᠢᠭᠤᠯᠤᠨ᠎ᠠ᠃       ᠬᠥᠳᠡᠭᠡ ᠲᠣᠰᠬᠤᠨ ᠶᠢ ᠬᠥᠭᠵᠢᠭᠦᠯᠦᠨ ᠮᠠᠨᠳᠤᠭᠤᠯᠬᠤ ᠪᠣᠯ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠶᠡᠷᠦᠩᠬᠡᠶ ᠭᠠᠷᠳᠠᠴᠠ ᠪᠣᠯᠤᠨ᠎ᠠ᠃ ᠠᠵᠤ ᠦᠢᠯᠡᠰ ᠤᠨ ᠬᠥᠭᠵᠢᠯ ᠪᠠᠳᠠᠷᠠᠯ ᠨᠢ ᠭᠤᠣᠯᠳᠠᠯᠭ᠎ᠠ᠂ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠪᠣᠯ ᠵᠠᠩᠭᠢᠯᠠᠭ᠎ᠠ᠂ ᠬᠥᠳᠡᠭᠡ ᠶᠢᠨ ᠰᠤᠷᠲᠠᠯ ᠪᠣᠯᠪᠠᠰᠤᠨ ᠪᠣᠯ ᠪᠠᠲᠤᠯᠠᠭ᠎ᠠ᠂ ᠵᠠᠰᠠᠯᠲᠠ ᠪᠦᠲᠦᠮᠵᠢᠲᠡᠶ ᠪᠣᠯ ᠰᠠᠭᠤᠷᠢ ᠮᠥᠨ᠂ ᠠᠮᠢᠳᠤᠷᠠᠯ ᠪᠠᠶᠠᠨ ᠴᠢᠨᠡᠭᠡᠯᠢᠭ ᠪᠣᠯ ᠦᠨᠳᠦᠰᠦ ᠪᠣᠯᠤᠨ᠎ᠠ᠃ ᠮᠠᠨ ᠤ ᠲᠣᠭᠤᠷᠢᠭ ᠤᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠰᠠᠭᠤᠷᠢ ᠪᠠ ᠳᠠᠪᠠᠭᠤᠯᠢᠭ ᠲᠠᠯ᠎ᠠ ᠲᠠᠢ ᠪᠠᠨ ᠤᠶᠠᠯᠳᠤᠭᠤᠯᠵᠤ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠳᠤ ᠥᠭᠡᠷᠡᠴᠢᠯᠡᠯᠲᠡ ᠬᠢᠬᠦ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠨ᠂ ᠦᠵᠡᠰᠬᠦᠯᠡᠩᠲᠦ ᠰᠠᠶᠢᠬᠠᠨ ᠪᠥᠭᠡᠳ ᠣᠷᠣᠰᠢᠨ ᠰᠠᠭᠤᠬᠤ ᠳᠤ ᠠᠶᠠᠲᠠᠶ ᠬᠥᠳᠡᠭᠡ ᠲᠣᠰᠬᠤᠨ ᠢ ᠪᠦᠳᠦᠭᠡᠨ ᠪᠠᠶᠢᠭᠤᠯᠤᠨ᠎ᠠ᠃       ᠲᠠᠷᠢᠵᠦ ᠲᠡᠵᠢᠭᠡᠬᠦ ᠪᠦᠲᠦᠴᠡ ᠪᠠᠨ ᠲᠣᠬᠢᠷᠠᠭᠤᠯᠤᠨ ᠰᠢᠯᠢᠳᠡᠭᠵᠢᠭᠦᠯᠬᠦ ᠬᠡᠷᠡᠭᠲᠡᠶ᠃ ᠤᠯᠠᠮᠵᠢᠯᠠᠯᠲᠤ ᠲᠠᠷᠢᠶᠠᠯᠠᠩ ᠢ ᠣᠳᠣᠬᠢᠴᠢᠯᠠᠭᠰᠠᠨ ᠲᠠᠷᠢᠶᠠᠯᠠᠩ ᠪᠣᠯᠭᠠᠵᠤ ᠬᠤᠪᠢᠷᠠᠭᠤᠯᠬᠤ ᠢ ᠲᠦᠷᠭᠡᠳᠬᠡᠵᠦ᠂ ᠬᠤᠳᠡ ᠶᠢᠨ ᠲᠠᠷᠢᠶᠠᠯᠠᠩ ᠶᠢ ᠶᠡᠬᠡᠪᠡᠷ ᠬᠥᠭᠵᠢᠭᠦᠯᠵᠦ᠂ 26 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠭᠰᠠᠨ ᠰᠢᠩ ᠯᠦᠩ ᠬᠥᠳᠡᠭᠡ ᠲᠤᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠨᠢᠭᠡᠳᠦᠭᠡᠷ ᠬᠤᠭᠤᠴᠠᠭᠠᠨ ᠤ ᠪᠦᠳᠦᠭᠡᠠ ᠪᠠᠶᠢᠭᠤᠯᠤᠯᠲᠠ ᠶᠢ ᠳᠠᠭᠤᠰᠬᠠᠬᠤ ᠬᠡᠷᠡᠭᠲᠡᠶ︔ ᠴᠥ᠋ ᠳ᠋ᠦᠩ ᠪᠡᠯᠡᠳᠭᠡᠮᠵᠢᠳᠤ ᠲᠠᠷᠢᠶᠠᠯᠠᠩ ᠶᠢᠨ ᠬᠦᠷᠢᠶᠡᠯᠡᠩ ᠲᠣᠭᠤᠷᠢᠭ ᠢ ᠵᠤᠭᠠᠴᠠᠵᠤ ᠲᠣᠭᠤᠷᠢᠬᠤ᠂ ᠲᠡᠭᠦᠬᠦ᠂ ᠭᠥᠬᠢᠳᠡᠬᠦ᠂ ᠢᠳᠡᠭᠡᠨ ᠤᠮᠳᠠᠭᠠᠨ ᠨᠢᠭᠡ ᠴᠤᠭᠴᠠᠵᠢᠭᠤᠯᠤᠭᠰᠠᠨ ᠤᠳᠤ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠪᠣᠯᠭᠠᠨ ᠪᠦᠳᠦᠭᠡᠨ ᠪᠠᠶᠢᠭᠤᠯᠤᠨ᠎ᠠ᠂ ᠳ᠋ᠠ ᠮᠢᠶᠣᠤ ᠶᠢᠨ ᠭᠦᠩᠵᠦ ᠶᠢᠨ ᠤᠩᠭᠤᠨ ᠤ ᠪᠡᠯᠡᠳᠭᠡᠮᠵᠢᠳᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠢ ᠣᠨᠴᠠᠯᠢᠭ ᠪᠥᠬᠦᠢ ᠠᠵᠤ ᠦᠢᠯᠡᠰ᠂ ᠠᠮᠢ ᠠᠬᠤᠶ ᠶᠢᠨ ᠰᠡᠯᠪᠢᠯᠲᠡ᠂ ᠰᠡᠯᠡᠭᠦᠴᠡᠨ ᠠᠮᠠᠷᠠᠬᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠡᠷᠭᠡ ᠤᠯᠠᠨ ᠡᠯᠧᠮᠧᠨ᠋ᠲ ᠶᠢ ᠨᠢᠭᠡ ᠴᠤᠭᠴᠠᠵᠢᠭᠤᠯᠤᠭᠰᠠᠨ ᠳᠤᠮᠳᠠᠳᠤ ᠤᠯᠤᠰ ᠤᠨ ᠤᠮᠠᠷᠠᠲᠤ ᠣᠷᠣᠨ ᠤ ᠬᠠᠮᠤᠭ ᠤᠨ ᠶᠡᠭᠡ ᠪᠡᠯᠡᠳᠭᠡᠮᠵᠢᠳᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠪᠣᠯᠭᠠᠨ ᠪᠦᠳᠦᠭᠡᠨ ᠪᠠᠶᠢᠭᠤᠯᠤᠨ᠎ᠠ᠂ ᠲᠦᠮᠡᠨ ᠮᠦ ᠶᠢᠨ 10 ᠪᠡᠯᠡᠳᠭᠡᠮᠵᠢᠳᠤ ᠲᠦᠬᠦᠭᠡᠷᠦᠮᠵᠢ ᠶᠢᠨ ᠬᠦᠷᠢᠶᠡᠯᠡᠩ ᠲᠣᠭᠤᠷᠢᠭ ᠪᠣᠯᠤᠨ ᠮᠢᠩᠭᠠᠨ ᠮᠦ ᠶᠢᠨ 75 ᠬᠦᠷᠢᠶᠡᠯᠡᠩ ᠲᠣᠭᠤᠷᠢᠭ ᠤᠨ ᠥᠪᠡᠷ ᠥᠪᠡᠷ ᠤᠨ ᠣᠨᠴᠠᠯᠢᠭ ᠲᠠᠢ ᠪᠠᠶᠢᠬᠤ ᠶᠢ ᠲᠦᠯᠬᠢᠨ ᠠᠬᠢᠭᠤᠯᠤᠨ᠎ᠠ᠃ ︽ᠭᠤᠷᠪᠠᠨ ᠦᠢᠯᠡᠳᠭᠦᠨ ᠨᠢᠭᠡ ᠳᠡᠮᠳᠡᠭᠳᠦ︾ ᠤᠨ ᠭᠡᠷᠡᠴᠢᠯᠡᠯ ᠶᠢ ᠬᠢᠵᠦ᠂ ᠴᠥ᠋ ᠳ᠋ᠦᠩ᠂ ᠴᠦᠨ ᡁᠢ᠂ ᠠᠨ ᠹᠧᠩ ᠵᠡᠷᠭᠡ ᠨᠢᠭᠡ ᠪᠦᠯᠦᠭ ᠪᠣᠬᠢᠷᠲᠤᠯ ᠥᠭᠡᠢ᠂ ᠣᠷᠭᠠᠨᠢᠭ᠂ ᠨᠡᠷᠡᠲᠦ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠳᠦ ᠲᠡᠮᠳᠡᠭᠲᠦ ᠶᠢ ᠡᠭᠦᠳᠦᠨ᠎ᠡ᠃ 2 ᠲᠦᠮᠡᠨ ᠮᠦ ᠪᠡᠯᠡᠳᠬᠡᠮᠵᠢᠳᠦ ᠲᠠᠷᠢᠶᠠᠯᠠᠩ᠂ 180% ᠶᠢᠨ ᠥᠨᠳᠥᠷ ᠪᠦᠲᠦᠮᠵᠢᠲᠡᠶ ᠤᠰᠤ ᠠᠷᠪᠢᠯᠠᠬᠤ ᠠᠵᠤ ᠠᠬᠤᠶ ᠶᠢᠨ ᠤᠢ ᠢ ᠰᠢᠨ᠎ᠡ ᠪᠠᠷ ᠨᠡᠮᠡᠭᠳᠡᠭᠦᠯᠦᠨ᠎ᠡ᠃ 10 ᠭᠠᠷᠤᠶ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠬᠤᠷᠰᠢᠶ᠎ᠠ ᠢ ᠰᠢᠨ᠎ᠡ ᠪᠠᠷ ᠬᠦᠭᠵᠢᠭᠦᠯᠵᠦ᠂ ᠲᠠᠷᠢᠶᠠᠯᠠᠩ ᠤᠨ ᠮᠠᠰᠢᠨ ᠤ ᠶᠡᠷᠦᠩᠬᠡᠶᠢᠯᠡᠭᠰᠡᠨ ᠠᠵᠢᠯ ᠤᠨ ᠨᠤᠷᠮ᠎ᠠ ᠶᠢ 80% ᠪᠠᠷ ᠳᠡᠭᠡᠭᠰᠢᠯᠡᠭᠦᠯᠦᠨ᠎ᠡ᠂ 5 ᠲᠦᠮᠡᠨ ᠮᠥ ᠡᠷᠳᠡᠨᠢ ᠰᠢᠰᠢ ᠶᠢ ᠲᠣᠬᠢᠷᠠᠭᠤᠯᠤᠨ ᠬᠠᠰᠤᠵᠤ᠂ ᠠᠮᠤ ᠪᠤᠳᠠᠭᠠᠨ ᠤ ᠤᠨᠠᠯᠲᠠ ᠶᠢ ᠪᠦᠬᠦ ᠬᠤᠲᠠ ᠶᠢᠨ ᠲᠡᠷᠢᠭᠦᠨ ᠤ ᠪᠠᠶᠢᠷᠢᠨ ᠳᠤ ᠪᠠᠶᠢᠯᠭᠠᠨ᠎ᠠ᠃ ︽ᠲᠦᠷᠪᠡ ᠶᠢ ᠨᠢᠭᠡᠳᠬᠡᠵᠦ ᠨᠢᠭᠡ ᠶᠢ ᠪᠠᠳᠤᠯᠠᠬᠤ︾ ᠬᠡᠪ ᠵᠠᠭᠪᠤᠷ ᠶᠢ ᠦᠷᠭᠦᠯᠵᠢᠯᠡᠨ ᠳᠡᠯᠭᠡᠷᠡᠭᠦᠯᠵᠦ᠂ ᠠᠯᠠᠰᠢᠨ ᠭᠠᠭ᠋ᠠᠶ ᠶᠢᠨ ᠭᠠᠷᠭᠠᠯᠲᠠ ᠶᠢᠨ ᠲᠤᠭ᠎ᠠ ᠶᠢ 220 ᠠᠮᠠ ᠳᠤ ᠲᠣᠭᠲᠠᠭᠤᠨ ᠪᠠᠶᠢᠯᠭᠠᠵᠤ᠂ ᠠᠯᠠᠰᠢᠨ ᠦᠬᠡᠷ ᠢ 25 ᠲᠦᠮᠡᠨ ᠲᠣᠯᠤᠭᠠᠢ ᠪᠣᠷᠤᠯᠠᠭᠤᠯᠤᠨ᠂ ᠠᠯᠠᠰᠢᠨ ᠬᠤᠨᠢ 75 ᠲᠦᠮᠡᠨ ᠲᠤᠯᠤᠭᠠᠢ ᠳᠡᠵᠢᠭᠡᠨ᠎ᠡ᠃ ᠲᠠᠷᠢᠶᠠᠴᠢᠨ ᠤ ᠲᠤᠰᠬᠠᠶ ᠬᠤᠷᠰᠢᠶᠠᠨ ᠤ ᠵᠢᠱᠢᠶ᠎ᠡ ᠦᠵᠡᠭᠦᠯᠬᠦ ᠬᠤᠷᠰᠢᠶ᠎ᠠ ᠢ 60 ᠪᠠᠶᠢᠭᠤᠯᠵᠤ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢ 30 ᠪᠠᠶᠢᠭᠤᠯᠤᠨ᠎ᠠ᠃ ᠹᠧᠩ ᠲᠢᠶᠠᠨ ᠲᠠᠷᠢᠮᠠᠯ ᠤᠨ ᠦᠢᠯᠡᠰ᠂ ᠱᠧᠨ ᠨᠦᠡᠭ ᠠᠵᠤ ᠦᠢᠯᠡᠳᠪᠦᠷᠢ ᠪᠠ ᠠᠷᠠᠯᠵᠢᠶ᠎ᠠ᠂ ᠯᠢ ᠾᠧ ᠬᠥᠳᠡᠭᠡ ᠠᠵᠤ ᠠᠬᠤᠶ ᠵᠡᠷᠭᠡ ᠲᠠᠭᠠᠭᠤᠯᠤᠭᠴᠢ ᠠᠵᠤ ᠠᠬᠤᠶᠢᠯᠠᠯ ᠤᠨ ᠦᠢᠯᠡᠳᠪᠦᠷᠢᠯᠡᠬᠦ ᠴᠢᠳᠠᠪᠤᠷᠢ ᠢ ᠥᠷᠭᠡᠳᠬᠡᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠪᠣᠯᠪᠠᠰᠤᠷᠠᠭᠤᠯᠬᠤ ᠪᠠ ᠬᠠᠳᠠᠭᠠᠯᠠᠵᠤ ᠲᠡᠭᠡᠭᠡᠪᠦᠷᠢᠯᠡᠬᠦ ᠭᠦᠢᠯᠭᠡᠭᠡᠨ ᠤ ᠲᠦᠷᠦᠯ ᠵᠦᠢᠯ ᠢ ᠢᠵᠢ ᠪᠦᠷᠢᠳᠦᠭᠦᠯᠦᠨ ᠪᠦᠳᠦᠭᠡᠠ ᠪᠠᠶᠢᠭᠤᠯᠬᠤ ᠬᠡᠷᠡᠭᠲᠡᠶ᠃ ᠪᠦᠬᠦ ᠲᠣᠭᠤᠷᠢᠭ ᠤᠨ ᠭᠠᠵᠠᠷ ᠰᠢᠷᠣᠶ ᠶᠢᠨ ᠡᠷᠭᠢᠯᠲᠡ ᠳᠤ ᠣᠷᠣᠭᠤᠯᠬᠤ ᠨᠤᠷᠮ᠎ᠠ ᠂ ᠬᠠᠮᠲᠤᠷᠠᠨ ᠠᠵᠢᠯᠯᠠᠬᠤ ᠵᠣᠬᠢᠶᠠᠨ ᠪᠠᠶᠢᠭᠤᠯᠤᠯᠲᠠ ᠶᠢᠨ ᠪᠦᠷᠬᠦᠴᠡ ᠶᠢᠨ ᠨᠤᠷᠮ᠎ᠠ᠂ ᠴᠢᠨᠠᠷ ᠰᠠᠶᠢᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠢ ᠲᠤᠬᠠᠶ ᠶᠢᠨ ᠭᠠᠵᠠᠷ ᠲᠤᠨᠢ ᠪᠣᠯᠪᠠᠰᠤᠷᠠᠭᠤᠯᠤᠨ ᠬᠤᠪᠢᠷᠠᠭᠤᠯᠬᠤ ᠨᠤᠷᠮ᠎ᠠ ᠶᠢ ᠲᠤᠰ ᠲᠤᠰ 63.6 %᠂ 55.6 % ᠂ 53.7% ᠪᠣᠯᠲᠠᠯ᠎ᠠ ᠳᠡᠭᠡᠭᠰᠢᠯᠡᠭᠦᠯᠦᠨ᠎ᠡ᠃       ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠳᠡᠭᠦᠯᠳᠡᠷᠵᠢᠭᠦᠯᠦᠨ᠎ᠡ᠃ ᠷᠠᠳᠢᠣ᠋ ᠨᠡᠪᠲᠡᠷᠡᠭᠦᠯᠭᠡ ᠲᠧᠯᠸᠢᠰ ᠤᠨ ᠪᠥᠬᠦᠨ ᠢ ᠬᠠᠮᠤᠷᠬᠤ ᠪᠠ ︽ᠥᠷᠭᠡᠨ ᠪᠦᠰᠡᠲᠦ ᠬᠥᠳᠡᠭᠡ ᠲᠣᠰᠬᠤᠨ︾ ᠤ ᠢᠨᠵᠧᠨᠧᠷᠢᠩ ᠢ ᠲᠥᠯᠬᠢᠨ ᠠᠬᠢᠭᠤᠯᠵᠤ᠂᠂ 92 ᠪᠠᠶᠢᠪᠠᠯ ᠬᠡᠷᠡᠭᠵᠢᠭᠦᠯᠵᠦ᠂ 92 ᠭᠠᠵᠠᠷ ᠤᠨ ᠣᠣᠭᠤᠬᠤ ᠤᠰᠤᠨ ᠤ ᠠᠮᠤᠷ ᠲᠦᠪᠰᠢᠨ ᠢ ᠪᠠᠲᠤᠳᠬᠠᠨ ᠳᠡᠭᠡᠭᠰᠢᠯᠡᠭᠦᠯᠬᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠠᠮᠤᠷ ᠲᠦᠪᠰᠢᠨ ᠠᠮᠢ ᠨᠠᠰᠤᠨ ᠤ ᠬᠠᠮᠠᠭᠠᠯᠠᠯᠲᠠ ᠶᠢᠨ ᠪᠠᠷᠢᠯᠭ᠎ᠠ ᠢ 145.3 ᠺᠢᠯᠣᠮᠧᠳ᠋ᠷ ᠬᠡᠷᠡᠭᠵᠢᠭᠦᠯᠵᠦ᠂ ᠵᠢᠶᠤᠤ ᠳ᠋ᠠ ᠱᠤᠭᠤᠮ ᠤᠨ ᠥᠷᠭᠡᠳᠬᠡᠬᠦ ᠪᠠ ᠵᠠᠮ ᠱᠤᠭᠤᠮ ᠰᠣᠯᠢᠬᠤ ᠠᠵᠢᠯ ᠶᠢ ᠳᠠᠭᠤᠰᠬᠠᠨ᠎ᠠ᠃ ᠬᠠᠯᠬᠠᠪᠴᠢ ᠤᠢ ᠶᠢᠨ ᠪᠥᠳᠥᠭᠡᠨ ᠪᠠᠶᠢᠭᠤᠯᠤᠯᠲᠠ ᠶᠢ 2.5 ᠲᠦᠮᠡᠨ ᠮᠥ ᠪᠡᠶᠡᠯᠡᠭᠦᠯᠵᠦ᠂ ᠳᠣᠣᠷ᠎ᠠ ᠠᠰᠢᠭᠲᠤ᠂ ᠳᠣᠣᠷ᠎ᠠ ᠦᠷ᠎ᠡ ᠪᠦᠳᠦᠮᠵᠢᠳᠦ ᠣᠢ ᠶᠢ ᠤᠢ ᠶᠢ 2 ᠲᠦᠮᠡᠨ ᠮᠦ ᠥᠭᠡᠷᠡᠴᠢᠯᠡᠵᠦ᠂ ᠬᠤᠳᠠ ᠬᠥᠳᠡᠭᠡ ᠶᠢᠨ ᠨᠣᠭᠤᠭᠠᠷᠠᠭᠤᠯᠤᠯᠲᠠ ᠶᠢᠨ ᠪᠡᠷᠬᠡ ᠰᠡᠳᠦᠪ ᠢ ᠰᠢᠶᠳᠪᠦᠷᠢᠯᠡᠬᠦ ᠢᠨᠵᠧᠨᠧᠷᠢᠩ ᠢ 0.6 ᠲᠦᠮᠡᠨ ᠮᠦ ᠢ ᠰᠢᠢᠳᠪᠦᠷᠢᠯᠡᠨ᠎ᠡ᠃ ᠲᠠᠷᠢᠶᠠᠯᠠᠩ ᠤᠨ ᠬᠠᠶᠠᠭᠳᠠᠮᠠᠯ ᠪᠣᠳᠠᠰ ᠢ ᠰᠢᠶᠳᠪᠦᠷᠢᠯᠡᠬᠦ᠂ ᠬᠥᠳᠡᠭᠡ ᠲᠣᠰᠬᠤᠨ ᠤ ᠬᠤᠭ ᠨᠣᠪᠰᠢ ᠶᠢ ᠰᠢᠶᠳᠪᠦᠷᠢᠯᠡᠬᠦ᠂ ᠲᠠᠷᠢᠶᠠᠴᠢᠨ ᠡᠷᠦᠬᠡ ᠶᠢᠨ ᠵᠣᠷᠯᠣᠩ ᠶᠢᠨ ᠰᠢᠨ᠎ᠡ ᠬᠡᠪ ᠵᠠᠭᠪᠤᠷ ᠢᠶᠠᠷ ᠥᠭᠡᠷᠡᠴᠢᠯᠡᠬᠦ ᠶᠢ ᠬᠠᠶᠢᠨ ᠰᠦᠪᠡᠭᠴᠢᠯᠡᠵᠦ᠂ ᠬᠥᠮᠦᠰ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠵᠠᠰᠠᠬᠤ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠲᠡᠶ᠃ ᠪᠣᠯᠪᠠᠰᠤᠨ ᠭᠠᠴᠠᠭ᠎ᠠ ᠪᠠᠯᠭᠠᠰᠤ᠂ ᠪᠣᠯᠪᠠᠰᠤᠨ ᠭᠡᠷ ᠪᠦᠯᠢ᠂ ᠶᠣᠰᠣ ᠮᠣᠷᠠᠯ ᠤᠨ ᠵᠢᠱᠢᠶᠡᠴᠢ ᠵᠡᠷᠭᠡ ᠶᠢ ᠰᠣᠩᠭᠤᠨ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ︽ᠰᠣᠶᠣᠯ ᠶᠢ ᠡᠷᠦᠬᠡ ᠪᠣᠯᠭᠠᠨ ᠳᠤ ᠬᠦᠷᠭᠡᠬᠦ ︾ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠲᠦᠯᠬᠢᠨ ᠠᠬᠢᠭᠤᠯᠤᠨ᠎ᠠ᠃ ᠠᠷᠪᠠᠳᠤᠭᠠᠷ ᠤᠳᠠᠭᠠᠨ ᠤ ᠭᠠᠴᠠᠭᠠᠨ ᠤ ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠪᠡᠶᠡᠯᠡᠭᠦᠯᠬᠦ ᠬᠡᠷᠡᠭᠲᠡᠶ᠃       ︵ᠲᠠᠪᠤ︶ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠢ ᠪᠤᠶᠢᠵᠢᠭᠤᠯᠵᠤ᠂ ᠨᠡᠮᠡᠭᠳᠡᠯ ᠤᠨ ᠳᠠᠯᠳᠠ ᠬᠦᠴᠦᠨ ᠢ ᠠᠭᠤᠳᠠᠯᠬᠤ ᠳᠡᠭᠡᠷ᠎ᠡ ᠰᠢᠨ᠎ᠡ ᠰᠢᠪᠲᠤᠯᠤᠯᠲᠠ ᠭᠠᠷᠭᠠᠨ᠎ᠠ᠃       ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡᠨ ᠤ ᠠᠵᠤ ᠦᠢᠯᠡᠰ ᠢ ᠳᠦᠪᠯᠡᠷᠡᠭᠦᠯᠦᠨ ᠬᠦᠭᠵᠢᠭᠦᠯᠦᠨ᠎ᠡ᠃ ᠤᠯᠠᠭᠠᠨᠬᠠᠳᠠ ᠶᠢᠨ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡᠨ ᠤ ᠬᠤᠲᠠ ᠶᠢᠨ ᠶᠡᠷᠦᠩᠬᠡᠶ ᠲᠥᠯᠥᠪᠵᠢᠭᠦᠯᠭᠡ ᠵᠠᠮ ᠬᠠᠷᠢᠯᠴᠠᠭᠠᠨ ᠤ ᠤᠰᠤ ᠢ ᠭᠠᠳᠠᠭᠰᠢᠯᠠᠭᠤᠯᠬᠤ᠂ ᠨᠣᠭᠤᠭᠠᠷᠠᠭᠤᠯᠬᠤ ᠪᠠ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ ᠢ ᠲᠡᠭᠦᠯᠳᠡᠷᠵᠢᠭᠦᠯᠵᠦ᠂ ᠪᠣᠬᠢᠷ ᠤᠰᠤ ᠶᠢ ᠰᠢᠶᠳᠪᠦᠷᠢᠯᠡᠬᠦ ᠦᠢᠯᠡᠳᠪᠦᠷᠢ ᠪᠣᠯᠤᠨ ᠰᠦᠩ ᠵᠧᠦ ᠵᠠᠮ ᠤᠨ ᠨᠡᠪᠲᠡᠷᠡᠭᠦᠯᠬᠦ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠤᠨ᠎ᠠ︔ ᠤᠳᠤ ᠦᠶ᠎ᠡ ᠶᠢᠨ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡᠨ ᠤ ᠭᠤᠣᠯ ᠴᠣᠭᠴᠠ ᠶᠢᠨ ᠴᠢᠳᠠᠮᠵᠢ ᠶᠢ ᠲᠣᠪᠤᠶᠢᠯᠭᠠᠵᠤ᠂ ᠬᠦᠢᠳᠡᠨ ᠬᠡᠯᠬᠢᠶᠡᠲᠦ᠂ ᠰᠢᠨ᠎ᠡ ᠵᠢᠵᠢᠭᠯᠡᠨ ᠬᠤᠳᠠᠯᠳᠤᠬᠤ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ᠂ ᠪᠤᠯᠤᠳ ᠮᠠᠲ᠋ᠧᠷᠢᠶᠠᠯ ᠤᠨ ᠵᠠᠬ᠎ᠠ ᠳᠡᠯᠭᠡᠭᠦᠷ᠂ ᠭᠠᠳᠠᠭᠠᠳᠤ ᠬᠡᠯᠡᠨ ᠤ ᠰᠤᠷᠭᠠᠭᠤᠯᠢ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠳᠡᠭᠡᠷ᠎ᠡ ᠬᠠᠭᠠᠰ ᠵᠢᠯ ᠳᠤ ᠡᠬᠢᠯᠡᠭᠦᠯᠦᠨ᠎ᠡ︔ ᠠᠵᠤ ᠦᠢᠯᠡᠰ ᠪᠣᠯᠤᠨ ᠬᠤᠳᠠ ᠶᠢᠨ ᠠᠭᠤᠰᠤᠯᠳᠤᠭᠰᠠᠨ ᠬᠥᠭᠵᠢᠯᠲᠡ ᠶᠢ ᠠᠬᠢᠭᠤᠯᠤᠨ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠣᠷᠣᠨ ᠰᠠᠭᠤᠴᠠ ᠵᠡᠷᠭᠡ ᠲᠥᠷᠥᠯ ᠵᠦᠢᠯ ᠢ ᠢᠵᠢ ᠪᠦᠷᠢᠯᠳᠦᠭᠦᠯᠦᠨ ᠲᠠᠲᠠᠨ ᠣᠷᠤᠭᠤᠯᠵᠤ᠂ ᠡᠷᠡᠭᠦᠯ ᠮᠡᠨᠳᠤ ᠨᠠᠰᠤᠵᠢᠯ ᠤᠨ ᠠᠰᠠᠷᠠᠮᠵᠢ᠂ ᠰᠣᠶᠣᠯ ᠰᠤᠷᠭᠠᠨ ᠬᠥᠮᠦᠵᠢᠯ᠂ ᠵᠤᠭ᠎ᠠ ᠴᠡᠩᠭᠡᠯ᠂ ᠠᠮᠢᠳᠤᠷᠠᠯ ᠤᠨ ᠦᠢᠯᠡᠴᠢᠯᠡᠭᠡ ᠵᠡᠷᠭᠡ ᠶᠢᠨ ᠠᠵᠤ ᠦᠢᠯᠡᠰ ᠢ ᠬᠥᠭᠵᠢᠭᠦᠯᠦᠨ᠎ᠡ᠃ ᠢᠦᠢ ᠷᠦᠨ ᠵᠠᠬ᠎ᠠ ᠳᠡᠯᠭᠡᠭᠦᠷ ᠤᠨ ᠵᠡᠷᠭᠡ ᠳᠡᠪᠰᠢᠭᠦᠯᠵᠦ ᠱᠠᠳᠤ ᠠᠬᠢᠬᠤ ᠶᠢ ᠲᠦᠷᠭᠡᠳᠬᠡᠵᠦ᠂ ︽ᠰᠠᠭᠤᠷᠢᠨ ᠭᠠᠵᠠᠷ ᠠᠴᠠ ᠰᠢᠭᠤᠳ ᠬᠠᠩᠭᠠᠬᠤ᠂ ᠦᠢᠯᠡᠳᠪᠦᠷᠢ ᠠᠴᠠ ᠰᠢᠭᠤᠳ ᠪᠣᠷᠣᠯᠠᠭᠤᠯᠬᠤ᠂ ᠲᠧᠷᠮᠢᠨᠡᠯ ᠲᠣᠬᠢᠷᠠᠭᠤᠯᠤᠨ ᠬᠦᠷᠭᠡᠬᠦ᠂ ᠡᠯᠧᠺᠳ᠋ᠷᠣᠨ ᠲᠣᠭᠠᠴᠠᠭ᠎ᠠ᠂ ᠪᠦᠬᠦ ᠤᠯᠤᠰ ᠤᠨ ᠬᠤᠯᠪᠤᠭᠠᠳᠤ︾ ᠤᠳᠤ ᠦᠶ᠎ᠡ ᠶᠢᠨ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠰᠢᠰᠲ᠋ᠧᠮ ᠢ ᠳᠡᠭᠦᠯᠳᠡᠷᠵᠢᠭᠦᠯᠦᠨ᠎ᠡ︔ ᠡᠯᠧᠺᠳ᠋ᠷᠣᠨ ᠬᠤᠳᠠᠯᠳᠤᠭᠠᠨ᠂ ᠲᠦᠷᠭᠡᠨ ᠬᠦᠷᠭᠡᠬᠦ ᠢ ᠬᠥᠳᠡᠭᠡ ᠲᠣᠰᠬᠤᠨ ᠳᠤ ᠣᠷᠣᠭᠤᠯᠬᠤ ᠶᠢ ᠠᠬᠢᠭᠤᠯᠤᠨ᠂ ᠪᠠᠷᠠᠭ᠎ᠠ ᠶᠢᠨ ᠭᠦᠢᠯᠭᠡᠭᠡᠨ ᠤ ᠦᠢᠯᠡᠴᠢᠯᠡᠭᠡᠨ ᠤ ︽ᠬᠠᠮᠤᠭ ᠡᠴᠦᠰ ᠤᠨ ᠨᠢᠭᠡ ᠺᠢᠯᠣᠮᠧᠳ᠋ᠷ︾ ᠨᠡᠪᠳᠡᠷᠡᠭᠦᠯᠦᠨ᠎ᠡ᠃       ᠰᠢᠨ᠎ᠡ ᠮᠠᠶ᠋ᠢᠭ ᠤᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢ ᠪᠣᠶᠢᠵᠢᠭᠤᠯᠤᠨ᠎ᠠ᠃ ᠬᠡᠷᠡᠭᠯᠡᠭᠡᠨ ᠤ ᠵᠠᠬ᠎ᠠ ᠳᠡᠯᠭᠡᠭᠦᠷ ᠤᠨ ᠳᠡᠰ ᠳᠡᠪᠰᠢᠭᠦᠯᠬᠦ ᠠᠵᠠ ᠲᠣᠬᠢᠶᠠᠯ ᠢ ᠠᠳᠬᠤᠵᠤ᠂ ᠲᠣᠮᠣ ᠳ᠋ᠠᠶᠢᠲ᠋ᠠ᠂ ᠡᠭᠦᠯᠡᠨ ᠪᠣᠳᠣᠯᠳᠠ᠂ ᠬᠢᠮᠡᠯ ᠤᠶᠦᠠ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠶᠦᠩ ᠶᠧ᠂ ᠰᠢᠨ ᠲᠢᠶᠠᠨ ᠳ᠋ᠢ᠂ ᠵᠦᠩ ᠯᠢᠶᠠᠨ ᠵᠡᠷᠭᠡ ᠪᠣᠳᠠᠲᠤ ᠴᠣᠭᠴᠠ ᠶᠢᠨ ᠬᠤᠳᠠᠯᠳᠤᠭᠠᠨ ᠤ ᠦᠢᠯᠡᠰ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠪᠠᠷᠠᠭ᠎ᠠ ᠬᠤᠳᠠᠯᠳᠤᠨ ᠠᠪᠬᠤ ᠲᠥᠪ᠂ ᠬᠤᠳᠠᠯᠳᠤᠭᠠᠨ ᠤ ᠶᠠᠪᠤᠳᠠᠯ ᠤᠨ ᠠᠵᠢᠯᠯᠠᠬᠤ ᠭᠠᠵᠠᠷ᠂ ᠰᠣᠳᠣᠨ ᠪᠠᠭᠤᠳᠠᠯ᠂ ᠤᠷᠤᠰᠬᠠᠯ ᠳᠠᠭᠠᠭᠠᠭᠰᠠᠨ ᠨᠡᠷᠡᠲᠦ ᠳᠡᠮᠳᠡᠭᠳᠦ᠂ ᠢᠳᠡᠭᠡᠨ ᠤᠮᠳᠠᠭᠠᠨ ᠵᠤᠭ᠎ᠠ ᠴᠡᠩᠬᠡᠯ᠂ ᠰᠦᠯᠵᠢᠶᠡᠨ ᠳᠡᠭᠡᠷᠡᠬᠢ ᠺᠢᠨᠣ᠋᠂ ᠰᠦᠯᠵᠢᠶᠡᠨ ᠤ ᠰᠤᠷᠭᠠᠨ ᠬᠥᠮᠦᠵᠢᠯ ᠵᠡᠷᠭᠡ ᠰᠢᠨ᠎ᠡ ᠪᠠᠷ ᠮᠠᠨᠳᠤᠭᠰᠠᠨ ᠦᠢᠯᠡᠴᠢᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠦᠭᠵᠢᠭᠦᠯᠦᠨ᠎ᠡ︔ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠶᠢ ᠢᠳᠡᠪᠬᠢᠲᠡᠶ ᠲᠡᠳᠬᠦᠨ ᠳᠡᠮᠵᠢᠨ᠂ ᠭᠠᠳᠠᠭᠠᠳᠤ ᠠᠴᠠ ᠣᠷᠣᠭᠤᠯᠬᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠶᠡᠷᠦᠩᠬᠡᠶ ᠲᠤᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠬᠤ ᠬᠡᠷᠡᠭᠲᠡᠶ᠃       ᠭᠠᠵᠠᠷ ᠣᠷᠣᠨ ᠤ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ ᠢ ᠪᠦᠳᠦᠭᠡᠨ ᠪᠠᠶᠢᠭᠤᠯᠤᠨ᠎ᠠ᠃ ᠳᠡᠭᠡᠳᠦ ᠬᠤᠷᠳᠤᠴᠠᠲᠤ ᠲᠡᠮᠦᠷ ᠵᠠᠮ ᠤᠨ ᠦᠷᠲᠡᠭᠡ ᠶᠢᠨ ᠡᠷᠭᠢᠨ ᠲᠣᠭᠤᠷᠢᠨ ᠳᠤ᠂ ︽ᠢᠳᠡᠬᠦ ᠶᠠᠪᠤᠵᠤ ᠰᠠᠭᠤᠬᠤ ᠵᠤᠭᠠᠴᠠᠬᠤ ᠬᠤᠳᠠᠯᠳᠤᠨ ᠠᠪᠬᠤ ᠵᠤᠭ᠎ᠠ ᠴᠡᠩᠭᠡᠯ︾ ᠵᠡᠷᠭᠡ ᠵᠢᠷᠭᠤᠭᠠᠨ ᠶᠡᠭᠡ ᠡᠯᠧᠮᠧᠨ᠋ᠲ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠪᠡᠯᠡᠳᠬᠡᠮᠵᠢ ᠲᠦᠬᠦᠭᠡᠷᠦᠮᠵᠢ ᠢ ᠲᠣᠬᠢᠷᠠᠭᠤᠯᠤᠨ᠂ ᠡᠵᠡᠩᠨᠡᠯᠲᠡ ᠶᠢᠨ ᠪᠠᠶᠢᠳᠠᠯ ᠲᠥᠯᠥᠪ ᠢ ᠪᠠᠶᠢᠷᠢᠯᠠᠭᠤᠯᠤᠯᠲᠠ ᠶᠢ ᠤᠷᠢᠳᠴᠢᠯᠠᠨ ᠲᠥᠯᠥᠪᠵᠢᠭᠦᠯᠵᠦ᠂ ᠭᠠᠵᠠᠷ ᠣᠷᠣᠨ ᠤ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ ᠶᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃ ᠮᠤᠵᠢ ᠶᠢᠨ ᠵᠠᠮ 219 ᠱᠤᠭᠤᠮ ᠤᠨ ᠰᠦᠩᠱᠠᠨ ᠤ ᠬᠡᠰᠡᠭ ᠂ ᠲᠠᠢ ᠽᠢ ᠠᠴᠠ ᠮᠣᠩᠭᠤᠯ ᠠᠶᠢᠯ ᠬᠦᠷᠲᠡᠯ᠎ᠡ᠂ ᠰᠢᠨ ᠵᠢᠩ ᠠᠴᠠ ᠳ᠋ᠠ ᠰᠢᠩ ᠯᠦᠩ ᠵᠤᠸᠠᠩ ᠬᠦᠷᠳᠡᠯᠡᠬᠢ ᠵᠢᠭᠤᠯᠴᠢᠯᠠᠯ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠭᠤᠣᠯ ᠵᠠᠮ ᠤᠨ ᠪᠠ ᠦᠵᠡᠮᠵᠢ ᠶᠢᠨ ᠣᠷᠣᠨ ᠤ ᠫᠠᠶᠢᠰᠠ ᠢᠯᠡᠳᠬᠡᠮᠵᠢ᠂ ᠦᠵᠡᠮᠵᠢ ᠰᠣᠨᠢᠷᠬᠠᠬᠤ ᠲᠠᠶᠢᠰᠠ᠂ ᠲᠡᠷᠭᠡᠨ ᠵᠣᠭᠰᠣᠭᠠᠯ ᠵᠡᠷᠭᠡ ᠦᠢᠯᠡᠴᠢᠯᠡᠭᠡᠨ ᠤ ᠪᠡᠯᠡᠳᠬᠡᠮᠵᠢ ᠲᠦᠬᠦᠭᠡᠷᠦᠮᠵᠢ ᠶᠢ ᠲᠡᠭᠦᠯᠳᠡᠷᠵᠢᠭᠦᠯᠵᠦ᠂ ᠤᠯᠢᠶᠠᠰᠤᠲᠠᠢ᠂ ᠷᠣᠮᠠᠨᠲ᠋ᠢᠭ 27 ᠺᠢᠯᠣᠮᠧᠳ᠋ᠷ᠂ ᠮᠠᠨ ᠬᠤᠸᠠᠩ ᠵᠢᠶᠠ ᠮᠠᠨ ᠳ᠋ᠢᠶᠠᠨ᠂ ᠶᠢᠨ ᠾᠧ ᠭᠦ᠋ ᠵᠢᠵᠢᠭ ᠪᠠᠯᠭᠠᠰᠤ ᠵᠡᠷᠭᠡ ᠭᠤᠣᠯᠳᠠᠯᠭ᠎ᠠ ᠲᠠᠢ ᠦᠵᠡᠮᠵᠢᠲᠦ ᠣᠷᠣᠨ ᠤ ᠪᠦᠲᠦᠭᠡᠡ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠪᠥᠬᠦ ᠬᠤᠲᠠ ᠶᠢᠨ ᠬᠥᠳᠡᠭᠡ ᠲᠣᠰᠬᠤᠨ ᠤ ᠵᠤᠭᠠᠴᠠᠯ ᠤᠨ ᠭᠠᠵᠠᠷ ᠪᠣᠯᠭᠠᠨ ᠪᠠᠶᠢᠭᠤᠯᠵᠤ᠂ ᠠᠯᠬᠤᠮ ᠠᠯᠬᠤᠮ ᠢᠶᠠᠷ ᠵᠢᠭᠤᠯᠴᠢᠯᠠᠯ ᠤᠨ ᠠᠵᠤ ᠦᠢᠯᠡᠰ ᠢ ᠪᠤᠶᠢᠵᠢᠭᠤᠯᠵᠤ ᠪᠠᠶᠢᠭᠠᠳ ᠠᠵᠤ ᠠᠬᠤᠶ ᠶᠢᠨ ᠰᠢᠨ᠎ᠡ ᠨᠡᠮᠡᠭᠳᠡᠯ ᠤᠨ ᠲᠦᠢᠯ ᠢ ᠪᠤᠢ ᠪᠣᠯᠭᠠᠨ᠎ᠠ᠃        ︵ᠵᠢᠷᠭᠤᠭ᠎ᠠ︶ ᠪᠥᠳᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠡᠷᠭᠡ ᠟ ᠲᠤᠨᠢ ᠴᠢᠬᠤᠯᠠᠴᠢᠯᠠᠬᠤ ᠶᠢ ᠪᠠᠷᠢᠮᠲᠠᠯᠠᠵᠤ᠂ ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠬᠡᠷᠡᠭᠲᠡᠢ᠃       ᠰᠥᠩ ᠪᠧᠢ ᠰᠢᠨ᠎ᠡ ᠬᠤᠲᠠ ᠶᠢᠨ ᠠᠮᠢ ᠠᠬᠤᠶ ᠶᠢᠨ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢᠨ ᠲᠥᠷᠥᠯ ᠵᠦᠢᠯ ᠢ ᠡᠬᠢᠯᠡᠭᠦᠯᠵᠦ᠂ ︽ᠲᠠᠪᠤᠨ ᠵᠡᠭᠡᠯᠢ ᠭᠤᠷᠪᠠᠨ ᠵᠠᠮ︾ ᠤᠨ ᠵᠠᠮ ᠬᠠᠷᠢᠯᠴᠠᠭᠠᠨ ᠤ ᠪᠠᠷᠢᠯᠭ᠎ᠠ ᠶᠢᠨ ᠢᠨᠵᠧᠨᠧᠷᠢᠩ ᠢ ᠬᠡᠷᠡᠭᠵᠢᠭᠦᠯᠦᠨ᠎ᠡ︔ ᠹᠦ᠋ ᠴᠤᠸᠠᠨ ᠵᠠᠮ᠂ ᠹᠦ᠋ ᠱᠠᠨ ᠵᠠᠮ᠂ ᠵᠢᠶᠠ ᠾᠧ ᠵᠡᠭᠡᠯᠢ᠂ ᠹᠦ᠋ ᠴᠢᠶᠠᠩ ᠵᠡᠭᠡᠯᠢ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠳᠠᠭᠤᠰᠬᠠᠨ᠎ᠠ︔ ᠨᠥᠬᠦᠷᠯᠡᠯ ᠶᠡᠭᠡ ᠵᠡᠭᠡᠯᠢ ᠶᠢᠨ ᠡᠮᠦᠨ᠎ᠡ ᠲᠠᠯ᠎ᠠ ᠶᠢᠨ ᠬᠤᠳᠠᠯᠳᠤᠭᠠᠨ ᠤ ᠭᠤᠣᠯ ᠣᠷᠣᠨ ᠪᠦᠰᠡ ᠢ ᠳᠡᠭᠡᠳᠦ ᠪᠠᠷᠢᠮᠵᠢᠶ᠎ᠠ᠂ ᠳᠡᠭᠡᠳᠦ ᠳᠡᠰ ᠪᠠᠷ ᠪᠦᠳᠦᠭᠡᠨ ᠪᠠᠶᠢᠭᠤᠯᠤᠨ᠎ᠠ︔ ᠶᠡᠷᠦᠩᠬᠡᠶᠢᠯᠡᠭᠰᠡᠨ ᠲᠠᠯᠠᠪᠤᠷ᠂ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ ᠵᠡᠷᠭᠡ ᠲᠦᠷᠦᠯ ᠵᠦᠢᠯ ᠢ ᠵᠢᠯ ᠤᠨ ᠳᠣᠲᠣᠷ᠎ᠠ ᠲᠤᠰᠢᠶᠠᠨ ᠥᠭᠴᠦ ᠬᠡᠷᠡᠭᠯᠡᠭᠦᠯᠬᠦ ᠢ ᠪᠠᠳᠤᠯᠠᠵᠤ᠂ ᠨᠡᠶᠢᠭᠡᠮ ᠤᠨ ᠲᠡᠷᠭᠡᠨ ᠵᠣᠭᠰᠣᠭᠠᠯ ᠤᠨ ᠲᠤᠰᠬᠠᠶ ᠵᠦᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠵᠢᠯ ᠤᠨ ᠳᠣᠲᠣᠷ᠎ᠠ 2700 ᠲᠡᠷᠭᠡ ᠵᠣᠭᠰᠣᠭᠠᠬᠤ ᠭᠠᠵᠠᠷ ᠬᠠᠩᠭᠠᠬᠤ ᠬᠡᠷᠡᠭᠲᠡᠶ᠃ ᠺᠢᠨᠣ᠋ ᠶᠢᠨ ᠣᠷᠲᠤᠨ ᠤ ᠪᠠᠷᠠᠭᠤᠨ ᠲᠠᠯ᠎ᠠ᠂ ᠳ᠋ᠦᠩ ᠯᠢ ᠵᠢᠢ ᠭᠤᠳᠤᠮᠵᠢ᠂ ᠮᠦ ᠵᠢᠶᠠ ᠶᠢᠩᠽᠢ ᠲᠤᠰᠬᠤᠨ ᠤ ᠲᠣᠯᠤᠳᠤᠭᠠᠷ ᠳᠤᠭᠤᠶᠢᠯᠠᠩ ᠵᠡᠷᠭᠡ 34 ᠲᠦᠮᠡᠨ ᠲᠡᠭᠰᠢ ᠳᠥᠷᠪᠡᠯᠵᠢᠨ ᠮᠧᠳ᠋ᠷ ᠣᠷᠣᠨ ᠪᠦᠰᠡ ᠶᠢᠨ ᠳᠥᠭᠦᠮ ᠪᠦᠳᠦᠴᠡᠳᠦ ᠣᠷᠣᠨ ᠰᠠᠭᠤᠴᠠ ᠶᠢᠨ ᠥᠭᠡᠷᠡᠴᠢᠯᠡᠯᠲᠡ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ 879 ᠡᠷᠦᠬᠡ ᠲᠠᠲᠠᠪᠤᠷᠢᠯᠠᠨ ᠨᠤᠷᠠᠭᠠᠵᠤ ᠲᠦᠪᠬᠢᠨᠡᠭᠦᠯᠦᠨ᠂ ᠬᠤᠲᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠬᠡᠷᠡᠭᠲᠡᠶ᠃ ᠪᠦᠬᠦ ᠤᠯᠤᠰ ᠤᠨ ᠪᠣᠯᠪᠠᠰᠤᠨ ᠬᠤᠲᠠ᠂ ᠡᠷᠡᠭᠦᠯ ᠬᠠᠮᠠᠭᠠᠯᠠᠯ ᠤᠨ ᠬᠤᠳᠠ ᠪᠠ ᠴᠡᠴᠡᠷᠯᠢᠭ ᠤᠨ ᠬᠤᠲᠠ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠳᠤᠳᠬᠠᠵᠤ᠂ 5 ᠵᠣᠷᠪᠤᠰ ᠵᠡᠭᠡᠯᠢ ᠭᠤᠳᠤᠮᠵᠢ ᠶᠢ ᠵᠠᠰᠠᠵᠤ᠂ 2 ᠠᠷᠠᠳ ᠲᠤ ᠳᠥᠭᠦᠮ ᠦᠵᠡᠭᠦᠯᠬᠦ ᠲᠠᠯᠠᠪᠠᠢ ᠢ ᠥᠭᠡᠷᠡᠴᠢᠯᠡᠨ᠂ ᠵᠡᠭᠡᠯᠢ ᠲᠣᠭᠤᠷᠢᠭ ᠢ ᠴᠡᠪᠡᠷᠰᠢᠭᠦᠯᠬᠦ᠂ ᠭᠡᠭᠡᠷᠡᠭᠦᠯᠬᠦ᠂ ᠭᠤᠶᠣᠯᠠᠬᠤ᠂ ᠨᠣᠭᠤᠭᠠᠷᠠᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ᡽ ᠰᠦᠩ ᠵᠧᠦ ᠴᠡᠴᠡᠷᠯᠢᠭ᠂ ᠣᠯᠢᠮᠫᠢᠺ ᠤᠨ ᠴᠡᠴᠡᠷᠯᠢᠭ ᠵᠡᠷᠭᠡ ᠬᠤᠳᠠ ᠶᠢᠨ ᠦᠵᠡᠮᠵᠢ ᠶᠢᠨ ᠪᠦᠲᠦᠭᠡᠨ ᠪᠠᠶᠢᠭᠤᠯᠤᠯᠲᠠ ᠢ ᠡᠬᠢᠯᠡᠭᠦᠯᠦᠨ᠎ᠡ︔ ᠲᠦᠭᠵᠢᠷᠡᠯ ᠤᠨ ᠶᠡᠬᠡᠲᠠᠢ ᠵᠠᠮ ᠤᠨ ᠠᠭᠤᠯᠵᠠᠷ ᠶᠢ ᠥᠭᠡᠷᠡᠴᠢᠯᠡᠨ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠤᠲᠠ ᠶᠢᠨ ᠲᠣᠭᠤᠷᠢᠭ ᠤᠨ ᠳᠣᠳᠤᠷ᠎ᠠ ᠰᠠᠭᠠᠳ ᠦᠬᠡᠢ ᠨᠡᠪᠲᠡᠷᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠠᠵᠠᠷ ᠰᠢᠷᠣᠶ ᠨᠥᠭᠡᠴᠡᠯᠡᠬᠦ ᠡᠷᠴᠢᠮ ᠢ ᠴᠢᠩᠭᠠᠷᠠᠭᠤᠯᠵᠤ᠂ ᠭᠠᠵᠠᠷ ᠰᠢᠷᠣᠶ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠨᠡᠶᠢᠭᠡᠮ ᠤᠨ ᠵᠢᠷᠤᠮᠵᠢᠯ ᠦᠭᠡᠢ ᠭᠠᠵᠠᠷ ᠲᠠᠷᠢᠶ᠎ᠠ ᠬᠤᠳᠠᠯᠳᠤᠨ ᠠᠪᠴᠤ ᠬᠠᠳᠠᠭᠠᠯᠠᠬᠤ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠵᠠᠪᠳᠤᠨ ᠲᠠᠷᠢᠭᠰᠠᠨ᠂ ᠵᠠᠪᠳᠤᠨ ᠪᠠᠷᠢᠭᠰᠠᠨ᠂ ᠲᠦᠷᠢᠮ ᠢ ᠵᠥᠷᠢᠴᠡᠭᠰᠡᠨ ᠪᠠᠷᠢᠯᠭ᠎ᠠ ᠤᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠤᠳᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠡᠷᠬᠡ ᠬᠠᠷᠢᠭᠤᠴᠠᠯᠭ᠎ᠠ ᠲᠣᠳᠣᠷᠬᠠᠶ᠂ ᠦᠢᠯᠡᠴᠢᠯᠡᠭᠡ ᠶᠢ ᠲᠡᠷᠢᠭᠦᠨ ᠳᠤ ᠲᠠᠯᠪᠢᠭᠰᠠᠨ᠂ ᠰᠢᠯᠢᠳᠡᠭ ᠬᠠᠮᠢᠶᠠᠷᠤᠯᠲᠠ ᠲᠠᠢ ᠂ ᠬᠠᠤᠯᠢ ᠬᠡᠷᠡᠭᠵᠢᠭᠦᠯᠬᠦ ᠵᠢᠷᠤᠮᠵᠢᠯ ᠲᠠᠢ᠂ ᠠᠮᠤᠷ ᠲᠦᠪᠰᠢᠨ ᠪᠥᠭᠡᠳ ᠡᠮᠬᠢ ᠵᠢᠷᠤᠮ ᠲᠠᠢ ᠬᠤᠳᠠ ᠶᠢᠨ ᠬᠠᠮᠢᠶᠠᠷᠤᠯᠲᠠ ᠶᠢᠨ ᠰᠢᠨ᠎ᠡ ᠵᠠᠭᠪᠤᠷ ᠶᠢ ᠪᠠᠶᠢᠭᠤᠯᠵᠤ᠂ ᠬᠤᠳᠠ ᠶᠢᠨ ᠬᠠᠮᠢᠶᠠᠷᠤᠯᠲᠠ ᠢ ᠬᠤᠲᠠ ᠶᠢᠨ ᠵᠠᠰᠠᠯᠲᠠ ᠳᠡᠶᠢᠰᠢ ᠲᠦᠯᠬᠢᠨ ᠠᠬᠢᠭᠤᠯᠤᠨ᠎ᠠ︔ ᠠᠳᠠᠯ ᠠᠬᠤᠶ ᠶᠢᠨ ᠦᠢᠯᠡᠴᠢᠯᠡᠭᠡᠨ ᠶᠢ ᠬᠤᠳᠠ ᠶᠢᠨ ᠬᠠᠮᠢᠶᠠᠷᠤᠯᠲᠠ ᠶᠢᠨ ᠭᠤᠣᠯᠳᠠᠯᠭ᠎ᠠ ᠪᠣᠯᠭᠠᠵᠤ᠂ ᠴᠢᠨᠠᠷ ᠰᠠᠶᠢᠲᠠᠶ ᠠᠳᠠᠯ ᠠᠬᠤᠶ ᠶᠢᠨ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠵᠦ᠂ ᠬᠤᠳᠠ ᠶᠢᠨ ᠠᠷᠠᠳ ᠤᠨ ᠠᠮᠢᠳᠤᠷᠠᠯ ᠢ ᠨᠡᠩ ᠳᠥᠭᠦᠮ ᠳᠥᠲᠡ᠂ ᠨᠡᠩ ᠲᠠᠭᠠᠯᠠᠮᠵᠢᠲᠠᠶ ᠪᠣᠯᠭᠠᠨ᠎ᠠ᠃       ︵ᠲᠤᠯᠤᠭ᠎ᠠ︶ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠳᠡᠭᠡᠷ᠎ᠡ ᠰᠢᠨ᠎ᠡ ᠰᠢᠪᠲᠤᠯᠤᠯᠲᠠ ᠭᠠᠷᠭᠠᠨ᠎ᠠ᠃       ᠰᠤᠷᠭᠠᠨ ᠬᠥᠮᠦᠵᠢᠯ ᠤᠨ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠬᠦ᠂ ᠠᠷᠪᠠᠨ ᠨᠢᠭᠡᠳᠦᠭᠡᠷ᠂ ᠠᠷᠪᠠᠨ ᠬᠤᠶᠠᠳᠤᠭᠠᠷ ᠵᠡᠷᠭᠡ 7 ᠪᠠᠭ᠎ᠠ ᠰᠤᠷᠭᠠᠭᠤᠯᠢ ᠶᠢᠨ ᠪᠦᠳᠦᠭᠡᠠ ᠪᠠᠶᠢᠭᠤᠯᠤᠯᠲᠠ ᠶᠢ ᠳᠠᠭᠤᠰᠬᠠᠨ᠎ᠠ︔ ᠭᠠᠵᠠᠷ ᠰᠢᠨᠵᠢᠯᠡᠭᠡᠨ ᠤ ᠬᠤᠶᠠᠳᠤᠭᠠᠷ ᠲᠣᠮᠳᠠᠳᠤ ᠰᠤᠷᠭᠠᠭᠤᠯᠢ ᠶᠢ ᠨᠡᠭᠦᠯᠭᠡᠨ ᠪᠠᠶᠢᠭᠤᠯᠬᠤ ᠪᠠ ᠲᠦᠷᠪᠡᠲᠦᠭᠡᠷ ᠪᠠᠭ᠎ᠠ ᠰᠤᠷᠭᠠᠭᠤᠯᠢ᠂ ᠨᠠᠢᠮᠠᠳᠤᠭᠠᠷ ᠪᠠᠭ᠎ᠠ ᠰᠤᠷᠭᠠᠭᠤᠯᠢ᠂ ᠮᠣᠩᠭᠤᠯ ᠪᠠᠭ᠎ᠠ ᠰᠤᠷᠭᠠᠭᠤᠯᠢ ᠵᠡᠷᠭᠡ 6 ᠰᠤᠷᠭᠠᠭᠤᠯᠢ ᠶᠢᠨ ᠡᠬᠢᠨ ᠤ ᠦᠶ᠎ᠡ ᠶᠢᠨ ᠭᠠᠷ ᠭᠦᠢᠴᠡᠳᠬᠡᠯ ᠢ ᠲᠦᠷᠭᠡᠪᠴᠢᠯᠡᠨ ᠭᠦᠢᠴᠡᠳᠬᠡᠵᠦ᠂ ᠪᠦᠲᠦᠭᠡᠨ ᠪᠠᠶᠢᠭᠤᠯᠤᠯᠲᠠ ᠶᠢ ᠳᠠᠷᠤᠶ ᠲᠦᠷᠭᠡᠨ ᠡᠬᠢᠯᠡᠭᠦᠯᠬᠦ ᠪᠠᠷ ᠴᠢᠷᠮᠠᠶᠢᠬᠤ ᠬᠡᠷᠡᠭᠲᠡᠢ︔ ᠳᠤᠮᠳᠠᠳᠤ ᠪᠠᠭ᠎ᠠ ᠰᠤᠷᠭᠠᠭᠤᠯᠢ ᠶᠢᠨ ᠳᠠᠷᠤᠭ᠎ᠠ ᠶᠢᠨ ᠰᠢᠯᠢᠨ ᠰᠣᠩᠭᠤᠵᠤ ᠰᠢᠯᠭᠠᠨ ᠦᠨᠡᠯᠡᠬᠦ ᠰᠢᠯᠭᠠᠨ ᠬᠢᠨᠠᠬᠤ ᠤᠷᠢᠵᠤ ᠬᠡᠷᠡᠭᠯᠡᠬᠦ ᠳᠦᠷᠢᠮ ᠢ ᠢᠳᠡᠪᠬᠢᠲᠡᠶ ᠪᠥᠭᠡᠳ ᠯᠠᠪᠳᠠᠭᠤᠨ ᠢᠶᠠᠷ ᠰᠠᠶᠢᠲᠤᠷ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠪᠠᠭᠰᠢ ᠶᠢᠨ ᠡᠩᠨᠡᠭᠡ ᠶᠢ ᠲᠡᠭᠦᠯᠳᠡᠷᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ︽ᠦᠨᠳᠦᠰᠦᠨ ᠳᠡᠭᠡᠨ ᠲᠡᠩᠴᠡᠭᠦᠷᠢᠲᠡᠶ︾ ᠠᠴᠠ ︽ᠰᠢᠯᠢᠳᠡᠭ ᠴᠢᠨᠠᠷ ᠤᠨ ᠳᠡᠩᠴᠡᠬᠦᠷᠢᠰᠢᠯ ᠵᠦᠭ︾ ᠬᠥᠭᠵᠢᠭᠦᠯᠬᠦ ᠬᠡᠷᠡᠭᠲᠡᠶ᠃ ᠲᠦᠷᠪᠡᠳᠦᠭᠡᠷ ᠬᠡᠦᠬᠡᠳ ᠤᠨ ᠴᠡᠴᠡᠷᠯᠢᠭ᠂ ᠨᠠᠢᠮᠠᠳᠤᠭᠠᠷ ᠬᠡᠦᠬᠡᠳ ᠤᠨ ᠴᠡᠴᠡᠷᠯᠢᠭ᠂ ᠶᠢᠰᠦᠳᠦᠭᠡᠷ ᠬᠡᠦᠬᠡᠳ ᠤᠨ ᠴᠡᠴᠡᠷᠯᠢᠭ ᠵᠡᠷᠭᠡ 7 ᠬᠡᠦᠬᠡᠳ ᠤᠨ ᠴᠡᠴᠡᠷᠯᠢᠭ ᠤᠨ ᠪᠦᠳᠦᠭᠡᠨ ᠪᠠᠶᠢᠭᠤᠯᠤᠯᠲᠠ ᠶᠢ ᠳᠠᠭᠤᠰᠬᠠᠵᠤ᠂ ᠲᠠᠪᠤᠳᠤᠭᠠᠷ ᠬᠡᠦᠬᠡᠳ ᠤᠨ ᠴᠡᠴᠡᠷᠯᠢᠭ᠂ ᠠᠷᠪᠠᠨ ᠲᠠᠪᠤᠳᠤᠭᠠᠷ ᠬᠡᠦᠬᠡᠳ ᠤᠨ ᠴᠡᠴᠡᠷᠯᠢᠭ ᠵᠡᠷᠭᠡ ᠲᠠᠪᠤᠨ ᠬᠡᠦᠬᠡᠳ ᠤᠨ ᠴᠡᠴᠡᠷᠯᠢᠭ ᠤᠨ ᠡᠮᠦᠨᠡᠬᠢ ᠬᠤᠭᠤᠴᠠᠭᠠᠨ ᠤ ᠠᠵᠢᠯ ᠶᠢ ᠡᠬᠢᠯᠡᠭᠦᠯᠵᠦ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠴᠡᠴᠡᠷᠯᠢᠭ ᠲᠤ ᠣᠷᠣᠬᠤ ᠨᠤᠷᠮ᠎ᠠ ᠶᠢ 60% ᠠᠴᠠ ᠳᠡᠭᠡᠭᠰᠢ ᠪᠣᠯᠭᠠᠨ᠎ᠠ᠃ ᠠᠵᠢᠯ ᠣᠯᠭᠤᠯᠲᠠ ᠶᠢᠨ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠢᠳᠡᠪᠬᠢᠲᠡᠶ ᠬᠡᠷᠡᠭᠵᠢᠭᠦᠯᠵᠦ᠂ ᠬᠤᠳᠠ ᠪᠠᠯᠭᠠᠰᠤᠨ ᠤ ᠰᠢᠨ᠎ᠡ ᠪᠠᠷ ᠠᠵᠢᠯ ᠣᠯᠬᠤ ᠬᠥᠮᠦᠨ ᠤ ᠲᠤᠭ᠎ᠠ ᠶᠢ 4300 ᠬᠦᠮᠦᠨ ᠠᠴᠠ ᠳᠡᠭᠡᠭᠰᠢ ᠪᠠᠶᠢᠯᠭᠠᠵᠤ᠂ 1.2 ᠲᠦᠮᠡᠨ ᠠᠵᠢᠯ ᠰᠢᠯᠵᠢᠭᠰᠡᠨ ᠲᠠᠷᠢᠶᠠᠴᠢᠨ ᠢ ᠠᠵᠢᠯ ᠣᠯᠭᠤᠨ᠎ᠠ᠃ ᠪᠦᠬᠦ ᠠᠷᠠᠳ ᠪᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠦᠨᠳᠦᠰᠦᠨ ᠨᠠᠰᠤᠵᠢᠯ ᠤᠨ ᠳᠠᠭᠠᠳᠬᠠᠯ᠂ ᠡᠮᠴᠢᠯᠡᠭᠡᠨ ᠤ ᠳᠠᠭᠠᠳᠬᠠᠯ ᠤᠨ ᠬᠠᠮᠤᠷᠬᠤ ᠬᠡᠪᠴᠢᠶ᠎ᠡ ᠢ ᠥᠷᠭᠡᠳᠬᠡᠵᠦ᠂ ᠠᠵᠢᠯ ᠠᠴᠠ ᠪᠣᠯᠤᠭᠰᠠᠨ ᠭᠡᠮᠲᠦᠯ᠂ ᠠᠵᠢᠯ ᠠᠯᠳᠠᠯᠲᠠ᠂ ᠦᠷᠡᠵᠢᠯ ᠤᠨ ᠳᠠᠭᠠᠳᠬᠠᠯ ᠳᠤ ᠣᠷᠤᠯᠴᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠳᠤᠮᠳᠠᠳᠤ ᠤᠯᠤᠰ ᠤᠨ ᠤᠮᠠᠷᠠᠲᠤ ᠣᠷᠣᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠵᠡᠰᠬᠦᠯᠡᠩ ᠰᠠᠶᠢᠳᠤᠷ ᠬᠠᠪᠰᠤᠷᠤᠨ ᠬᠢᠨ᠎ᠡ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ᠂ ᠭᠤᠷᠪᠠᠳᠤᠭᠠᠷ ᠤᠳᠠᠭ᠎ᠠ ᠶᠢᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠠᠵᠢᠯ ᠢ ᠶᠢᠨ ᠰᠠᠶᠢᠲᠤᠷ ᠬᠢᠬᠦ ᠬᠡᠷᠡᠭᠲᠡᠶ ᠃ ᠡᠮ ᠡᠮᠴᠢᠯᠡᠭᠡ᠂ ᠡᠮ ᠡᠮᠨᠡᠯᠭᠡ᠂ ᠡᠮ ᠡᠮᠨᠡᠯᠭᠡ ᠶᠢᠨ ᠳᠠᠭᠠᠳᠬᠠᠯ ᠵᠡᠷᠭᠡ ︽ᠭᠤᠷᠪᠠᠨ ᠡᠮᠨᠡᠯᠭᠡ ᠬᠠᠮᠲᠤᠷᠠᠨ ᠬᠥᠳᠡᠯᠦᠯᠴᠡᠬᠦ︾ ᠶᠢ ᠪᠠᠷᠢᠮᠲᠠᠯᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠡᠶᠡᠯᠡᠭᠦᠯᠵᠦ᠂ ᠲᠠᠰ ᠬᠤᠪᠢᠶᠠᠨ ᠡᠮᠨᠡᠬᠦ ᠲᠦᠷᠢᠮ ᠪᠣᠯᠤᠨ ᠡᠮ ᠤᠨ ᠵᠦᠢᠯ ᠤᠨ ᠬᠠᠩᠭᠠᠯᠭ᠎ᠠ ᠶᠢᠨ ᠪᠠᠲᠤᠯᠠᠭ᠎ᠠ ᠶᠢᠨ ᠲᠣᠭᠲᠠᠴᠠ ᠶᠢ ᠳᠡᠭᠦᠯᠳᠡᠷᠵᠢᠭᠦᠯᠦᠨ᠎ᠡ︔ ᠰᠦᠩᠱᠠᠨ ᠡᠮᠨᠡᠯᠭᠡ ᠶᠢᠨ ᠬᠤᠷᠢᠶᠠᠨ ᠤ ᠬᠤᠶᠠᠳᠤᠭᠠᠷ ᠬᠤᠭᠤᠴᠠᠭ᠎ᠠ᠂ ᠡᠷᠡᠭᠦᠯ ᠬᠠᠮᠠᠭᠠᠯᠠᠯ ︽ᠭᠤᠷᠪᠠ ᠶᠢ ᠨᠢᠭᠡ ᠴᠤᠭᠴᠠᠵᠢᠭᠤᠯᠬᠤ︾ ᠶᠢ ᠵᠢᠯ ᠤᠨ ᠳᠣᠳᠤᠷ᠎ᠠ ᠠᠰᠢᠭᠯᠠᠯᠲᠠ ᠳᠤ ᠣᠷᠤᠭᠤᠯᠬᠤ ᠶᠢ ᠪᠠᠳᠤᠯᠠᠨ᠎ᠠ᠃ ︽ᠬᠤᠶᠠᠳᠠᠬᠢ ᠬᠡᠤᠬᠡᠳ ᠠᠪᠴᠤ ᠪᠣᠯᠬᠤ︾ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠲᠥᠯᠥᠪᠯᠡᠭᠡ ᠲᠠᠢ ᠪᠠᠷ ᠬᠡᠦᠬᠡᠳ ᠠᠪᠬᠤ ᠳᠤ ᠦᠢᠯᠡᠴᠢᠯᠡᠬᠦ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤᠮᠳᠠᠭᠠᠨ ᠤ ᠦᠢᠯᠡᠰ ᠤᠨ ︽ᠢᠯᠡ ᠲᠣᠭᠤᠭᠠᠨ ᠭᠡᠷ ᠢᠯᠡ ᠵᠤᠤᠬ᠎ᠠ︾ ᠪᠠ ᠡᠯᠧᠺᠳ᠋ᠷᠣᠨ ᠬᠢᠨᠠᠨ ᠬᠠᠮᠢᠶᠠᠷᠬᠤ ᠶᠢ ᠲᠦᠯᠬᠢᠨ ᠠᠬᠢᠭᠤᠯᠤᠨ᠎ᠠ᠃ ᠤᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠢ ᠪᠦᠬᠦ ᠲᠠᠯ᠎ᠠ ᠪᠠᠷ ᠵᠢᠷᠤᠮᠵᠢᠭᠤᠯᠬᠤ ᠬᠡᠷᠡᠭᠲᠡᠶ᠃ ︽ᠵᠠᠰᠠᠭ ᠢ ᠴᠣᠮᠤᠳᠬᠠᠵᠤ ᠡᠷᠬᠡ ᠶᠢ ᠪᠠᠭᠤᠯᠭᠠᠬᠤ᠂ ᠬᠠᠮᠢᠶᠠᠷᠬᠤ ᠪᠠ ᠰᠤᠯᠠᠷᠠᠭᠤᠯᠬᠤ ᠶᠢ ᠤᠶᠠᠯᠳᠤᠭᠤᠯᠬᠤ᠂ ᠦᠢᠯᠡᠴᠢᠯᠡᠭᠡ ᠪᠠᠨ ᠰᠢᠯᠢᠳᠡᠭᠵᠢᠭᠦᠯᠬᠦ︾ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ︽ᠬᠠᠮᠤᠭ ᠠᠷᠪᠢᠨ ᠲᠤ ᠪᠠᠨ ᠨᠢᠭᠡ ᠤᠳᠠᠭ᠎ᠠ ᠭᠦᠶᠦᠬᠦ︾ ᠥᠭᠡᠷᠡᠴᠢᠯᠡᠯᠲᠡ ᠶᠢ ᠢᠳᠡᠪᠬᠢᠲᠠᠢ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ ᠢᠨᠲ᠋ᠤᠷ ᠰᠦᠯᠵᠢᠶ᠎ᠡ ᠶᠢ ᠠᠭᠤᠰᠤᠯᠴᠠᠨ ᠠᠬᠢᠭᠤᠯᠵᠤ᠂ ᠪᠣᠳᠠᠲᠤ ᠴᠣᠭᠴᠠ ᠶᠢᠨ ᠲᠢᠩᠬᠢᠮ ᠪᠠ ᠰᠦᠯᠵᠢᠶᠡᠨ ᠳᠡᠭᠡᠷᠡᠬᠢ ᠶᠡᠭᠡ ᠲᠢᠩᠬᠢᠮ ᠶᠢ ᠬᠠᠮᠲᠤᠷᠠᠨ ᠬᠢᠨᠠᠨ ᠵᠥᠪᠰᠢᠶᠡᠷᠡᠬᠦ ᠶᠢ ᠲᠦᠯᠬᠢᠨ ᠠᠬᠢᠭᠤᠯᠵᠤ᠂ ᠬᠢᠨᠠᠨ ᠵᠥᠪᠰᠢᠶᠡᠷᠡᠬᠦ ᠤᠴᠢᠷ ᠶᠠᠪᠤᠳᠠᠯ ᠢ ︽ᠰᠦᠯᠵᠢᠶᠡᠨ ᠳᠡᠭᠡᠷ᠎ᠡ ᠰᠢᠢᠳᠪᠦᠷᠢᠯᠡᠬᠦ︾᠂ ᠰᠦᠯᠵᠢᠶᠡᠨ ᠠᠴᠠ ᠭᠠᠳᠠᠨ᠎ᠠ ᠠᠵᠢᠯᠯᠠᠬᠤ᠂ ︽ᠨᠢᠭᠡ ᠤᠳᠠᠭ᠎ᠠ ᠳᠤ ᠰᠢᠶᠳᠪᠦᠷᠢᠯᠡᠵᠦ ᠳᠠᠭᠤᠰᠬᠠᠬᠤ︾ ᠶᠢ ᠲᠦᠷᠭᠡᠬᠡᠨ ᠪᠡᠶᠡᠯᠡᠭᠦᠯᠬᠦ ᠬᠡᠷᠡᠭᠲᠡᠶ᠃ ᠠᠶᠤᠯ ᠥᠭᠡᠢ ᠦᠢᠯᠡᠳᠪᠦᠷᠢᠯᠡᠯ ᠤᠨ ᠬᠤᠷᠢᠭ᠎ᠠ ᠱᠤᠭᠤᠮ ᠤᠨ ᠤᠬᠠᠮᠰᠠᠷ ᠢ ᠪᠠᠲᠤ ᠪᠠᠬᠢ ᠪᠣᠯᠭᠠᠬᠤ ᠬᠡᠷᠡᠭᠲᠡᠶ᠂ ᠠᠶᠤᠯᠭᠦᠶ ᠦᠢᠯᠡᠳᠪᠦᠷᠢᠯᠡᠯ ᠪᠠ ᠤᠯᠠᠨ ᠨᠡᠶᠢᠲᠡ ᠶᠢᠨ ᠠᠮᠤᠷ ᠲᠦᠪᠰᠢᠨ ᠤ ︽ᠭᠤᠷᠪᠠᠨ ᠳᠠᠪᠬᠤᠷ ᠨᠢᠭᠡ ᠱᠣᠭᠤᠮ︾ ᠤᠨ ᠲᠣᠣᠷ ᠰᠦᠯᠵᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠣᠷᠣᠨ ᠪᠠᠶᠢᠷᠢ᠂ ᠭᠤᠣᠯᠳᠠᠯᠭ᠎ᠠ ᠲᠠᠢ ᠭᠠᠵᠠᠷ᠂ ᠭᠤᠣᠯᠳᠠᠯᠭ᠎ᠠ ᠲᠠᠢ ᠬᠥᠮᠦᠰ ᠢ ᠬᠢᠨᠠᠵᠤ ᠬᠠᠮᠢᠶᠠᠷᠬᠤ ᠠᠷᠭ᠎ᠠ ᠢ ᠨᠡᠶᠢᠲᠡᠯᠡᠨ ᠬᠡᠷᠡᠭᠵᠢᠭᠦᠯᠵᠦ᠂       ᠬᠠᠤᠯᠢ ᠶᠢ ᠵᠥᠷᠢᠴᠡᠭᠰᠡᠨ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︽ᠬᠠᠤᠯᠢ ᠪᠠᠷ ᠵᠠᠰᠠᠬᠤ ᠵᠠᠬᠢᠳᠠᠯ ᠰᠤᠷᠪᠤᠯᠵᠢᠯᠠᠭ᠎ᠠ︾ ᠶᠢ ᠲᠥᠯᠬᠢᠨ ᠠᠬᠢᠭᠤᠯᠵᠤ᠂ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠢ ᠲᠣᠬᠢᠲᠠᠶ ᠰᠢᠶᠳᠪᠦᠷᠢᠯᠡᠬᠦ ᠬᠡᠷᠡᠭᠲᠡᠶ᠃ ᠭᠡᠨᠡᠳᠲᠡ ᠡᠭᠦᠰᠦᠭᠰᠡᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠦᠨᠳᠦᠰᠦᠲᠡᠨ ᠤ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠬᠤᠶᠠᠷ ᠢ ᠬᠦᠷᠢᠶᠡᠯᠡᠵᠦ ᠬᠠᠮᠲᠤᠪᠠᠷ ᠪᠠᠢᠭᠤᠯᠬᠤ ᠶᠢ ᠭᠦᠨᠵᠡᠭᠡᠶᠢᠷᠡᠭᠦᠯᠵᠦ᠂ ᠷᠠᠳᠢᠣ᠋ ᠲᠧᠯᠸᠢᠰ᠂ ᠨᠡᠭᠦᠳᠡᠯ ᠠᠷᠠᠳ᠂ ᠬᠠᠷᠢᠶᠠᠲᠤ ᠢᠷᠭᠡᠨ᠂ ᠳᠠᠩᠰᠠ ᠡᠪᠬᠡᠮᠡᠯ᠂ ᠪᠠᠶᠢᠭᠤᠯᠤᠯᠭ᠎ᠠ ᠶᠢᠨ ᠶᠠᠪᠤᠳᠠᠯ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃       ︵ᠨᠠᠶᠢᠮᠠ︶ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ᠃       ᠤᠯᠤᠰ ᠲᠦᠷᠦ ᠶᠢᠨ ᠬᠠᠷᠢᠭᠤᠴᠠᠯᠭ᠎ᠠ ᠡᠭᠦᠷᠭᠡᠯᠡᠬᠦ ᠪᠠᠲᠤ ᠵᠢᠷᠤᠮᠯᠠᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠨᠠᠮ ᠤᠨ ᠲᠥᠪ ᠬᠤᠷᠢᠶ᠎ᠠ ᠯᠤᠭ᠎ᠠ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ ︽ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠬᠦ︾ ᠰᠤᠷᠤᠯᠴᠠᠯᠭ᠎ᠠ ᠬᠥᠮᠦᠵᠢᠯ ᠤᠨ ᠠᠵᠢᠯ ᠪᠠᠶᠢᠩᠭᠤᠵᠢᠭᠤᠯᠬᠤ ᠳᠦᠷᠢᠮᠵᠢᠭᠦᠯᠬᠦ ᠶᠠᠪᠤᠳᠠᠯ ᠢ ᠭᠦᠨᠵᠡᠭᠡᠶ ᠲᠦᠯᠬᠢᠨ ᠠᠬᠢᠭᠤᠯᠵᠤ᠂ ︽ᠣᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠰᠤᠷᠭᠠᠨ ᠬᠥᠮᠦᠵᠢᠯ ᠶᠢ ᠥᠷᠨᠢᠭᠦᠯᠦᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠨ᠎ᠡ᠃       ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠬᠡᠷᠡᠭᠲᠡᠶ᠃ ᠳᠣᠯᠣᠳᠤᠭᠠᠷ ᠲᠠᠪᠤᠨ ᠵᠢᠯ ᠤᠨ ᠲᠥᠯᠥᠪᠯᠡᠭᠡᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠬᠠᠤᠯᠢ ᠶᠣᠰᠣᠭᠠᠷ ᠡᠷᠬᠡ ᠪᠠᠨ ᠬᠡᠷᠡᠭᠯᠡᠬᠦ᠂ ᠲᠦᠷᠢᠮ ᠶᠣᠰᠤᠭᠠᠷ ᠡᠷᠬᠡ ᠪᠠᠨ ᠬᠡᠷᠡᠭᠯᠡᠬᠦ ᠢ ᠪᠠᠷᠢᠮᠲᠠᠯᠠᠨ᠂ ᠵᠠᠰᠠᠭ ᠤᠨ ᠣᠷᠳᠣᠨ ᠤ ᠠᠵᠢᠯ ᠢ ᠬᠠᠤᠯᠢ ᠪᠠᠷ ᠵᠠᠰᠠᠬᠤ ᠵᠠᠮ ᠳᠤ ᠪᠦᠬᠦ ᠲᠠᠯ᠎ᠠ ᠪᠠᠷ ᠣᠷᠣᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠤ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠨᠠᠷᠢᠨ ᠭᠢᠨᠠᠮᠭᠠᠢ ᠰᠢᠢᠳᠪᠦᠷᠢᠯᠡᠨ᠎ᠡ᠃ ᠣᠯᠠᠨ ᠨᠡᠶᠢᠲᠡ ᠪᠠᠷ ᠢᠶᠠᠨ ᠣᠷᠣᠯᠴᠠᠭᠰᠠᠨ᠂ ᠲᠤᠰᠬᠠᠶ ᠮᠡᠷᠭᠡᠵᠢᠯᠲᠡᠳ ᠤᠨ ᠨᠤᠲᠠᠯᠠᠯᠲᠠ ᠲᠠᠢ᠂ ᠲᠦᠭᠰᠢᠭᠦᠷᠢ ᠶᠢᠨ ᠦᠨᠡᠯᠡᠯᠲᠡ ᠲᠠᠢ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠰᠢᠶᠳᠪᠦᠷᠢᠲᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ᠂ ᠠᠷᠠᠳᠴᠢᠯᠠᠯᠲᠤ ᠴᠢᠨᠠᠷ᠂ ᠬᠠᠤᠯᠢ ᠪᠠᠷ ᠵᠠᠰᠠᠬᠤ ᠴᠢᠨᠠᠷ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃       ᠴᠢᠳᠠᠪᠤᠷᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠬᠡᠷᠡᠭᠲᠡᠶ᠃ ᠦᠨᠡᠨ ᠪᠣᠲᠠᠲᠠᠢ ᠠᠵᠢᠯ ᠬᠢᠬᠦ ᠠᠵᠢᠯ ᠤᠨ ᠰᠤᠷᠲᠠᠯ ᠶᠢ ᠪᠠᠷᠢᠮᠲᠠᠯᠠᠵᠦ᠂ ᠦᠷ᠎ᠡ ᠪᠦᠲᠦᠮᠵᠢ ᠶᠢ ᠬᠢᠨᠠᠨ ᠰᠢᠯᠭᠠᠬᠤ ᠪᠠ ᠰᠢᠮᠳᠠᠭᠤᠯᠤᠨ ᠪᠠᠶᠢᠴᠠᠭᠠᠵᠤ ᠬᠠᠷᠢᠭᠤᠴᠠᠯᠭ᠎ᠠ ᠲᠤᠯᠭᠠᠬᠤ ᠶᠢ ᠴᠢᠩᠭᠠᠳᠬᠠᠵᠤ᠂ ᠪᠠᠶᠢᠷᠢᠯᠠᠭᠤᠯᠤᠯᠲᠠ ᠶᠢ ᠠᠯᠬᠤᠮ ᠠᠯᠬᠤᠮ ᠢᠶᠠᠷ ᠪᠣᠳᠠᠲᠠᠶ ᠠᠳᠬᠤᠨ ᠂ ᠤᠴᠢᠷ ᠶᠠᠪᠤᠳᠠᠯ ᠢ ᠨᠢᠭᠡ ᠨᠢᠭᠡ ᠪᠠᠷ ᠰᠠᠶᠢᠲᠤᠷ ᠬᠢᠵᠦ᠂ ᠴᠢᠬᠤᠯᠠ ᠶᠡᠭᠡ ᠰᠢᠶᠳᠪᠦᠷᠢᠲᠦ ᠪᠤᠳᠤᠯᠭ᠎ᠠ᠂ ᠴᠢᠬᠤᠯᠠ ᠶᠡᠭᠡ ᠲᠦᠷᠦᠯ ᠵᠦᠢᠯ᠂ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠬᠤ ᠬᠡᠷᠡᠭᠲᠡᠶ ᠃ ᠬᠤᠷᠠᠯ ᠪᠣᠯᠤᠨ ᠪᠢᠴᠢᠭ ᠮᠠᠲ᠋ᠧᠷᠢᠶᠠᠯ ᠢ ᠤᠯᠠᠮ ᠨᠢᠭᠡ ᠠᠯᠬᠤᠮ ᠴᠥᠭᠡᠳᠬᠡᠨ᠂ ᠬᠦᠴᠦᠨ ᠪᠦᠬᠦᠢ ᠶᠠᠪᠤᠳᠠᠯ ᠬᠢᠵᠦ᠂ ᠦᠷ᠎ᠡ ᠠᠰᠢᠭ ᠲᠠᠢ ᠬᠤᠷᠠᠯ ᠬᠤᠷᠠᠯᠳᠤᠨ᠂ ᠬᠡᠷᠡᠭᠴᠡᠭᠡ ᠲᠠᠢ ᠪᠢᠴᠢᠭ ᠮᠠᠲ᠋ᠧᠷᠢᠶᠠᠯ ᠲᠠᠷᠬᠠᠭᠠᠨ᠎ᠠ᠃       ᠵᠠᠰᠠᠭ ᠢ ᠴᠢᠩᠭ᠎ᠠ ᠵᠠᠰᠠᠬᠤ ᠶᠢ ᠪᠠᠷᠢᠮᠲᠠᠯᠠᠨ᠎ᠠ᠃ ᠢᠮᠠᠭᠲᠠ ᠰᠠᠬᠢᠯᠭ᠎ᠠ ᠪᠠᠲᠤ ᠪᠠ ᠲᠦᠷᠢᠮ ᠢ ᠡᠮᠦᠨ᠎ᠡ ᠪᠠᠨ ᠲᠠᠯᠪᠢᠬᠤ ᠬᠡᠷᠡᠭᠲᠡᠶ᠂ ᠵᠠᠰᠠᠭ ᠤᠨ ᠣᠷᠳᠣᠨ ᠤ ᠰᠢᠰᠲ᠋ᠧᠮ ᠤᠨ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠭᠤᠤᠯᠳᠠᠯᠭᠠᠲᠤ ᠬᠦᠷᠢᠶᠡᠨ ᠳᠠᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠲᠥᠪ ᠶᠢᠨ ᠨᠠᠮ ᠤᠨ ᠬᠤᠷᠢᠶᠠᠨ ᠤ ᠨᠠᠶᠢᠮᠠᠨ ᠵᠦᠢᠯ ᠤᠨ ᠲᠣᠭᠲᠠᠭᠠᠯ ᠪᠠ ᠨᠠᠷᠢᠨ ᠲᠦᠷᠢᠮ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠤᠨ ᠳᠠᠬᠢᠨᠲᠠ ᠢᠯᠡᠷᠡᠬᠦ ᠶᠢ ᠡᠷᠡᠰ ᠰᠡᠷᠭᠡᠶᠢᠯᠡᠬᠦ ᠬᠡᠷᠡᠭᠲᠡᠶ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠴᠢᠩᠭ᠎ᠠ ᠬᠢᠵᠠᠭᠠᠷᠯᠠᠨ᠎ᠠ᠃ ᠣᠯᠠᠨ ᠲᠦᠮᠡᠨ ᠤ ᠳᠡᠷᠭᠡᠳᠡ ᠭᠠᠷᠤᠭᠰᠠᠨ ᠢᠯᠵᠠᠷᠠᠯ ᠤᠨ ᠠᠰᠠᠭᠤᠳᠠᠯ ᠶᠢ ᠦᠷᠭᠦᠯᠵᠢᠯᠡᠨ ᠴᠡᠭᠴᠡᠯᠡᠨ ᠵᠠᠰᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠬᠤᠶ ᠪᠠᠶᠢᠳᠠᠯ ᠶᠢ ᠪᠤᠢ ᠪᠣᠯᠭᠠᠨ᠎ᠠ᠃      ᠲᠥᠯᠥᠭᠡᠯᠡᠭᠴᠢᠳ ᠡ᠄ ᠤᠷᠤᠭᠰᠢᠯᠠᠯᠲᠠ ᠶᠢᠨ ᠵᠠᠮ ᠬᠡᠵᠢᠶᠡᠳᠡ ᠮᠤᠷᠤᠶ ᠰᠤᠷᠤᠢ ᠪᠠᠶᠢᠵᠤ᠂ ᠠᠵᠠ ᠲᠣᠬᠢᠶᠠᠯ ᠪᠣᠯᠤᠨ ᠰᠢᠯᠭᠠᠯᠲᠠ ᠵᠡᠷᠭᠡ ᠪᠠᠷ ᠣᠷᠣᠰᠢᠵᠤ᠂ ᠬᠢᠵᠠᠭᠠᠯᠠᠰᠢ ᠦᠭᠡᠢ ᠰᠠᠶᠢᠨ ᠰᠠᠶᠢᠬᠠᠨ ᠳᠤ ᠢᠷᠡᠭᠡᠳᠦᠶ ᠳᠤ ᠬᠠᠨᠳᠤᠬᠤ ᠳᠤ᠂ ᠪᠢᠳᠡ ᠡᠷᠬᠡᠪᠰᠢ ᠰᠦᠩᠱᠠᠨ ᠢᠶᠠᠨ ᠬᠠᠶᠢᠷᠠᠯᠠᠬᠤ᠂ ᠰᠦᠩᠱᠠᠨ ᠪᠠᠨ ᠪᠦᠳᠦᠭᠡᠨ ᠪᠠᠶᠢᠭᠤᠯᠬᠤ ᠪᠠᠲᠤ ᠪᠠᠬᠢ ᠦᠵᠡᠯ ᠰᠠᠨᠠᠭ᠎ᠠ ᠬᠠᠶᠢᠷ᠎ᠠ ᠰᠡᠳᠬᠢᠯᠭᠡ ᠢ ᠪᠤᠢ ᠪᠣᠯᠭᠠᠵᠤ᠂ ᠢᠲᠡᠭᠡᠯ ᠵᠣᠷᠢᠭ ᠢᠶᠠᠨ ᠪᠠᠲᠤ ᠪᠠᠶᠢᠯᠭᠠᠨ᠂ ᠵᠣᠷᠢᠭᠲᠠᠢ ᠤᠷᠤᠭᠰᠢᠯᠠᠬᠤ ᠬᠡᠷᠡᠭᠲᠡᠶ᠃ ᠨᠠᠷᠢᠨ ᠪᠤᠳᠤᠯᠢᠶᠠᠨᠲᠠᠶ ᠶᠢᠷᠲᠢᠨᠴᠦ ᠳᠤ ᠬᠠᠨᠳᠤᠬᠤ ᠳᠤ᠂ ᠪᠢᠳᠡ ᠨᠡᠩ ᠴᠤ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠦᠵᠡᠯᠲᠡ ᠶᠢ ᠪᠠᠷᠢᠮᠲᠠᠯᠠᠵᠤ᠂ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ᠂ ᠬᠥᠭᠵᠢᠯᠲᠡ ᠶᠢᠨ ᠳᠤᠮᠳᠠᠬᠢ ᠲᠣᠭᠲᠠᠯ ᠬᠦᠴᠦᠨ ᠢ ᠪᠠᠷᠢᠮᠲᠠᠯᠠᠵᠤ᠂ ᠰᠦᠩᠱᠠᠨ ᠤ ᠬᠦᠭᠵᠢᠯᠲᠡ ᠳᠤ ᠲᠤᠰᠠ ᠲᠠᠢ ᠠᠯᠢᠪᠠ ᠵᠦᠢᠯ ᠢ ᠬᠢᠨ᠎ᠡ᠃ ᠵᠣᠷᠢᠭᠲᠠᠶ ᠪᠠᠷ ᠬᠢᠵᠦ᠂ ᠵᠣᠷᠢᠭᠲᠠᠶ ᠪᠠᠷ ᠡᠭᠦᠷᠭᠡᠯᠡᠵᠦ᠂ ᠪᠠᠰᠠ ᠵᠣᠷᠢᠭᠲᠠᠶ ᠪᠠᠷ ᠬᠠᠷᠢᠭᠤᠴᠠᠨ᠂ ᠠᠷᠠᠳ ᠲᠦᠮᠡᠨ ᠢ ᠰᠠᠨᠠᠭ᠎ᠠ ᠠᠮᠤᠷ ᠪᠠᠶᠢᠯᠭᠠᠨ᠂ ᠠᠷᠠᠳ ᠲᠦᠮᠡᠨ ᠢ ᠰᠡᠳᠬᠢᠯ ᠬᠠᠨᠤᠮᠵᠢᠲᠠᠶ ᠪᠠᠶᠢᠯᠭᠠᠨ᠎ᠠ᠃      ᠲᠥᠯᠥᠭᠡᠯᠡᠭᠴᠢᠳ ᠡ᠄ ᠰᠢᠨ᠎ᠡ ᠴᠠᠭ ᠦᠶ᠎ᠡ ᠰᠢᠨ᠎ᠡ ᠠᠭᠤᠷ ᠠᠮᠢᠰᠬᠤᠯ ᠲᠠᠢ ᠪᠠᠶᠢᠵᠤ᠂ ᠰᠢᠨ᠎ᠡ ᠴᠠᠭ ᠦᠶ᠎ᠡ ᠰᠢᠨ᠎ᠡ ᠬᠢᠳᠡᠯ ᠲᠠᠢ ᠪᠠᠶᠢᠬᠤ ᠬᠡᠷᠡᠭᠲᠡᠶ᠃ ᠣᠳᠣᠬᠠᠨ ᠳᠤ ᠪᠢᠳᠡ ᠶᠠᠭ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠰᠢᠶᠳᠪᠦᠷᠢᠲᠦ ᠱᠠᠲᠤ ᠦᠶ᠎ᠡ ᠳᠤ ᠣᠷᠤᠰᠢᠵᠤ ᠪᠠᠶᠢᠨ᠎ᠠ᠂ ᠪᠢᠳᠡ ᠵᠠᠪᠠᠯ ᠮᠡᠷᠡᠶᠢᠨ ᠴᠢᠷᠮᠠᠶᠢᠪᠠᠯ ᠰᠠᠶ᠋ᠢ ᠬᠦᠨᠳᠦ ᠨᠠᠶᠢᠳᠠᠯᠭ᠎ᠠ ᠶᠢ ᠬᠥᠰᠡᠷᠳᠡᠭᠦᠯᠦᠯ ᠦᠭᠡᠶ ᠪᠠᠷ᠂ ᠬᠦᠰᠡᠯ ᠵᠡᠭᠦᠳᠦ ᠢᠶᠠᠨ ᠪᠡᠶᠡᠯᠡᠭᠳᠡᠵᠦ ᠴᠢᠳᠠᠨ᠎ᠠ᠃ ᠪᠢᠳᠡ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠲᠣᠭᠤᠷᠢᠭ ᠤᠨ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠶᠢᠨ ᠳᠣᠣᠷ᠎ᠠ᠂ ᠡᠨᠡ ᠬᠦ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠲᠠᠯᠪᠢᠬᠤ ᠳᠡᠮᠵᠢᠯᠭᠡ ᠶᠢᠨ ᠳᠣᠣᠷ᠎ᠠ᠂ ᠪᠦᠬᠦ ᠲᠣᠭᠤᠷᠢᠭ ᠤᠨ ᠠᠷᠠᠳ ᠲᠦᠮᠡᠨ ᠢ ᠴᠢᠩᠭ᠎ᠠ ᠲᠦᠰᠢᠭᠯᠡᠨ᠂ ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠦᠳᠦᠭᠡᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠶᠢᠨ ᠰᠢᠨ᠎ᠡ ᠰᠦᠩᠱᠠᠨ ᠲᠥᠯᠥᠭᠡ ᠴᠢᠷᠮᠠᠶᠢᠨ ᠲᠡᠮᠡᠴᠡᠵᠡᠭᠡᠶ᠎ᠡ︕                                  ᠨᠡᠷᠡᠰ ᠤᠨ ᠲᠠᠶᠢᠯᠪᠤᠷᠢ       ᠬᠤᠶᠠᠷ ᠠᠭᠤᠰᠤᠯᠳᠤᠨ᠄ ᠮᠡᠳᠡᠭᠡ ᠵᠠᠩᠭᠢᠵᠢᠯᠲᠠ ᠪᠠ ᠠᠵᠤ ᠦᠢᠯᠡᠳᠪᠦᠷᠢᠵᠢᠯᠲᠡ ᠶᠢᠨ ᠳᠡᠭᠡᠳᠦ ᠬᠡᠮᠵᠢᠶ᠎ᠡ ᠪᠠᠷ ᠭᠦᠨᠵᠡᠭᠡᠶ ᠤᠶᠠᠯᠳᠤᠵᠤ᠂ ᠮᠡᠳᠡᠭᠡ ᠵᠠᠩᠭᠢᠵᠢᠯᠲᠠ ᠪᠠᠷ ᠠᠵᠤ ᠦᠢᠯᠡᠳᠪᠦᠷᠢᠵᠢᠯᠲᠡ ᠶᠢ ᠳᠠᠶᠢᠴᠢᠯᠠᠬᠤ᠂ ᠠᠵᠤ ᠦᠢᠯᠡᠳᠪᠦᠷᠢᠵᠢᠯᠲᠡ ᠪᠠᠷ ᠮᠡᠳᠡᠭᠡ ᠵᠠᠩᠭᠢᠵᠢᠯᠲᠠ ᠶᠢ ᠲᠥᠯᠬᠢᠨ ᠠᠬᠢᠭᠤᠯᠤᠨ᠎ᠠ᠃       ᠰᠦᠩ ᠪᠧᠢ ᠰᠢᠨ᠎ᠡ ᠬᠤᠲᠠ ᠶᠢᠨ ︽ᠬᠤᠶᠠᠷ ᠬᠦᠷᠢᠶᠡᠯᠡᠩ ᠲᠦᠷᠪᠡᠨ ᠵᠡᠭᠡᠯᠢ ᠲᠦᠷᠪᠡᠨ ᠵᠠᠮ︾᠄ ᠪᠢᠩ ᠾᠧ ᠴᠡᠴᠡᠷᠯᠢᠭ᠂ ᠢᠩᠵᠢᠨ ᠴᠡᠴᠡᠷᠯᠢᠭ᠂ ᠪᠠᠷᠠᠭᠤᠨ ᠥᠷᠳᠡᠭᠡ ᠶᠢᠨ ᠶᠡᠭᠡ ᠵᠡᠭᠡᠯᠢ᠂ ᠹᠦ᠋ ᠴᠢᠶᠠᠩ ᠵᠡᠭᠡᠯᠢ᠂ ᠱᠦ ᠰᠢᠶᠠᠩ ᠵᠡᠭᠡᠯᠢ᠂ ᠰᠥᠩ ᠬᠠᠶ ᠵᠡᠭᠡᠯᠢ᠂ ᠢᠩᠵᠢᠨ ᠵᠠᠮ᠂ ᡁᠢ ᠶᠤᠸᠠᠨ ᠵᠠᠮ᠂ ᠰᠦᠩ ᠵᠧᠦ ᠵᠠᠮ᠂ ᠮᠦ ᠵᠢᠶᠠ ᠶᠢᠩ ᠵᠠᠮ᠃       ᠰᠦᠩ ᠪᠧᠢ ᠰᠢᠨ᠎ᠡ ᠬᠤᠲᠠ ᠶᠢᠨ ︽ᠵᠢᠷᠭᠤᠭᠠᠨ ᠵᠠᠮ ᠬᠤᠶᠠᠷ ᠵᠡᠭᠡᠯᠢ︾᠄ ᠢᠩᠵᠢᠨ ᠰᠢᠭᠤᠳ ᠨᠡᠪᠳᠡᠷᠡᠬᠦ ᠵᠠᠮ᠂ ᠰᠦᠩ ᠵᠧᠦ ᠡᠮᠦᠨᠡᠰᠢ ᠨᠡᠪᠳᠡᠷᠡᠬᠦ ᠵᠠᠮ᠂ ᠹᠦ᠋ ᠰᠢᠩ ᠵᠠᠮ ᠤᠨ ᠡᠮᠦᠨ᠎ᠡ ᠬᠡᠰᠡᠭ᠂ ᠹᠦ᠋ ᠱᠠᠨ ᠵᠠᠮ ᠤᠨ ᠬᠤᠶᠢᠲᠤ ᠬᠡᠰᠡᠭ᠂ ᡁᠢ ᠰᠢᠩ ᠵᠠᠮ ᠤᠨ ᠬᠤᠶᠢᠲᠤ ᠬᠡᠰᠡᠭ᠂ ᠹᠦ᠋ ᠴᠤᠸᠠᠨ ᠵᠠᠮ ᠤᠨ ᠬᠤᠶᠢᠲᠤ ᠬᠡᠰᠡᠭ᠂ ᠵᠢᠶᠠ ᠾᠧ ᠵᠡᠭᠡᠯᠢ ᠶᠢᠨ ᠳᠤᠮᠳᠠ ᠬᠡᠰᠡᠭ᠂ ᠹᠦ᠋ ᠴᠢᠶᠠᠩ ᠵᠡᠭᠡᠯᠢ ᠶᠢᠨ ᠲᠤᠮᠳᠠ ᠬᠡᠰᠡᠭ᠃       ︽ᠭᠤᠣᠯ ᠤᠨ ᠳᠠᠷᠤᠭ᠎ᠠ ᠶᠢᠨ ᠳᠦᠷᠢᠮ︾᠄ ᠡᠯ᠎ᠡ ᠱᠠᠲᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ︽ᠭᠤᠣᠯ ᠤᠨ ᠳᠠᠷᠤᠭ᠎ᠠ︾ ᠶᠢᠨ ᠡᠭᠦᠷᠭᠡ ᠶᠢ ᠡᠭᠦᠷᠭᠡᠯᠡᠨ᠎ᠡ᠂ ᠭᠤᠣᠯ ᠨᠢ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠣᠷᠴᠢᠨ ᠲᠣᠭᠤᠷᠢᠨ ᠢ ᠰᠠᠶᠢᠵᠢᠷᠠᠭᠤᠯᠬᠤ ᠂ ᠤᠰᠤᠨ ᠤ ᠠᠮᠢ ᠠᠬᠤᠶ ᠶᠢ ᠰᠡᠯᠪᠢᠨ ᠰᠡᠷᠭᠦᠭᠡᠬᠦ ᠪᠠᠷ ᠭᠤᠣᠯ ᠡᠭᠦᠷᠭᠡ ᠪᠣᠯᠭᠠᠭᠰᠠᠨ ᠭᠤᠣᠯ ᠨᠠᠭᠤᠷ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠠᠵᠢᠯ ᠶᠢ ᠵᠣᠬᠢᠶᠠᠨ ᠪᠠᠶᠢᠭᠤᠯᠵᠤ ᠤᠳᠤᠷᠢᠳᠬᠤ ᠶᠢ ᠬᠠᠷᠢᠭᠤᠴᠠᠨ᠎ᠠ᠃       ᠡᠷᠡᠭᠦᠯ ᠬᠠᠮᠠᠭᠠᠯᠠᠯ ︽ᠭᠤᠷᠪᠠ ᠶᠢ ᠨᠢᠭᠡ ᠴᠤᠭᠴᠠᠵᠢᠭᠤᠯᠬᠤ︾᠄ ᠲᠣᠭᠤᠷᠢᠭ ᠤᠨ ᠲᠤᠮᠳᠠᠳᠤ ᠮᠣᠩᠭᠤᠯ ᠡᠮᠨᠡᠯᠭᠡ ᠶᠢᠨ ᠬᠤᠷᠢᠶ᠎ᠠ᠂ ᠲᠣᠭᠤᠷᠢᠭ ᠤᠨ ᠡᠬᠡ ᠨᠢᠯᠬᠠᠰ ᠤᠨ ᠡᠷᠡᠭᠦᠯᠵᠢᠯ ᠤᠨ ᠭᠠᠵᠠᠷ᠂ ᠲᠣᠭᠤᠷᠢᠭ ᠤᠨ ᠲᠥᠯᠥᠪᠯᠡᠭᠡᠲᠦ ᠦᠷᠡᠵᠢᠯ ᠤᠨ ᠦᠢᠯᠡᠴᠢᠯᠡᠬᠦ ᠦᠷᠳᠡᠭᠡ᠃       EPC : ᠲᠤᠬᠠᠶᠢᠯᠠᠪᠠᠯ ᠪᠠᠷᠢᠯᠭ᠎ᠠ ᠶᠢ ᠶᠡᠷᠦᠩᠬᠡᠶᠢᠯᠡᠨ ᠳᠠᠭᠠᠭᠠᠴᠢᠯᠠᠬᠤ ᠬᠡᠪ ᠵᠠᠭᠪᠤᠷ ᠪᠣᠯᠤᠨ᠎ᠠ᠂ ᠺᠣᠮᠫᠠᠨᠢ ᠨᠢ ᠥᠮᠴᠢᠲᠡᠨ ᠤ ᠨᠠᠶᠢᠳᠠᠯᠭ᠎ᠠ ᠶᠢ ᠬᠦᠯᠢᠶᠡᠵᠦ᠂ ᠭᠡᠷ᠎ᠡ ᠳᠤ ᠪᠣᠯᠵᠣᠨ ᠲᠣᠭᠲᠠᠭᠠᠭᠰᠠᠨ ᠶᠣᠰᠣᠭᠠᠷ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠵᠦᠢᠯᠡᠰ ᠢ ᠵᠢᠷᠤᠵᠤ ᠲᠥᠯᠥᠪᠯᠡᠬᠦ᠂ ᠬᠤᠳᠠᠯᠳᠤᠨ ᠠᠪᠬᠤ᠂ ᠪᠠᠷᠢᠬᠤ᠂ ᠲᠤᠷᠰᠢᠨ ᠭᠦᠢᠴᠡᠳᠬᠡᠬᠦ ᠵᠡᠷᠭᠡ ᠪᠦᠬᠦ ᠶᠠᠪᠤᠴᠠ ᠪᠤᠶᠤ ᠠᠯᠢ ᠨᠢᠭᠡᠨ ᠱᠠᠳᠤ ᠦᠶ᠎ᠡ ᠶᠢ ᠨᠢ ᠳᠠᠭᠠᠭᠠᠴᠢᠯᠠᠬᠤ ᠶᠢ ᠵᠢᠭᠠᠨ᠎ᠠ       ᠶᠠᠳᠠᠭᠤ ᠠᠴᠠ ᠠᠩᠭᠢᠵᠢᠷᠠᠭᠤᠯᠬᠤ ᠪᠡᠷᠬᠡ ᠶᠢ ᠰᠢᠪᠲᠤᠯᠬᠤ ︽ᠭᠤᠷᠪᠠᠨ ᠨᠤᠷᠮ᠎ᠠ ᠨᠢᠭᠡ ᠬᠡᠮᠵᠢᠶ᠎ᠡ︾᠄ ᠣᠷᠬᠢᠭᠳᠠᠭᠤᠯᠤᠨ ᠦᠨᠡᠯᠡᠬᠦ ᠨᠤᠷᠮ᠎ᠠ᠂ ᠠᠨᠳᠠᠭᠤ ᠪᠤᠴᠠᠭᠠᠬᠤ ᠨᠤᠷᠮ᠎ᠠ᠂ ᠶᠡᠷᠦᠩᠬᠡᠶᠢᠯᠡᠭᠰᠡᠨ ᠶᠠᠳᠠᠭᠤᠷᠠᠬᠤ ᠨᠤᠷᠮ᠎ᠠ᠂ ᠤᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ᠃       ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠄ ᠬᠥᠳᠡᠭᠡ ᠲᠣᠰᠬᠤᠨ ᠤ ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ ᠪᠡᠯᠡ ᠮᠥᠩᠭᠦ ᠢ ᠬᠤᠪᠢ ᠣᠷᠣᠭᠤᠯᠤᠭᠰᠠᠨ ᠮᠥᠩᠭᠦ ᠪᠣᠯᠭᠠᠨ ᠬᠤᠪᠢᠷᠠᠭᠤᠯᠬᠤ᠂ ᠲᠠᠷᠢᠶᠠᠴᠢᠨ ᠶᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠬᠤ᠃       ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ︽ᠭᠤᠷᠪᠠᠨ ᠨᠢᠭᠡ ᠪᠦᠯᠦᠭ︾ ᠠᠵᠢᠯᠯᠠᠭᠠᠨ ᠤ ᠲᠥᠯᠥᠪᠯᠡᠭᠡ᠄ ᠨᠢᠭᠡ ᠪᠦᠯᠦᠭ ᠶᠡᠭᠡ ᠡᠪᠡᠳᠴᠢᠨ ᠢ ᠲᠥᠪᠯᠡᠷᠡᠭᠦᠯᠦᠨ ᠠᠪᠤᠷᠠᠨ ᠵᠠᠰᠠᠬᠤ᠂ ᠨᠢᠭᠡ ᠪᠦᠯᠦᠭ  ᠤᠳᠠᠭᠠᠨ ᠴᠢᠨᠠᠷᠲᠠᠶ ᠡᠪᠡᠳᠴᠢᠨ ᠢ ᠤᠷᠢᠳᠴᠢᠯᠠᠨ ᠦᠢᠯᠡᠴᠢᠯᠡᠭᠡ ᠬᠠᠮᠢᠶᠠᠷᠤᠯᠲᠠ ᠪᠣᠯᠵᠤᠬᠤ᠂ ᠨᠢᠭᠡ ᠪᠦᠯᠦᠭ ᠬᠦᠨᠳᠦ ᠡᠪᠡᠳᠴᠢᠯᠡᠭᠰᠡᠨ ᠪᠥᠬᠦᠨ ᠢ ᠳᠠᠭᠠᠭᠠᠬᠤ ᠪᠠᠲᠤᠯᠠᠭ᠎ᠠ ᠳᠤ ᠣᠷᠤᠭᠤᠯᠤᠨ᠎ᠠ᠃       ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ︽ᠲᠠᠪᠤᠨ ᠪᠠᠲᠤᠯᠠᠭ᠎ᠠ ᠶᠢᠨ ᠱᠤᠭᠤᠮ︾᠄ ᠬᠤᠲᠠ ᠬᠥᠳᠡᠭᠡ ᠶᠢᠨ ᠡᠮ ᠡᠮᠨᠡᠯᠭᠡ ᠶᠢᠨ ᠳᠠᠭᠠᠳᠬᠠᠯ᠂ ᠬᠤᠳᠠᠯᠳᠤᠭᠠᠨ ᠤ ᠳᠠᠭᠠᠳᠬᠠᠯ᠂ ᠠᠷᠠᠳ ᠤᠨ ᠶᠠᠪᠤᠳᠠᠯ ᠤᠨ ᠲᠤᠰᠠᠯᠠᠮᠵᠢ᠂ ᠬᠠᠶᠢᠷ᠎ᠠ ᠬᠠᠯᠠᠮᠵᠢ ᠬᠦᠷᠭᠡᠬᠦ ᠰᠠᠭᠤᠷᠢ ᠮᠥᠩᠭᠦ᠂ ᠤᠳᠠᠭᠠᠨ ᠴᠢᠨᠠᠷᠲᠠᠶ ᠡᠪᠡᠳᠴᠢᠨ ᠢ ᠠᠪᠤᠷᠠᠨ ᠲᠤᠰᠠᠯᠠᠬᠤ ᠵᠡᠷᠭᠡ᠃       ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ︽ᠨᠢᠭᠡ ᠬᠥᠭᠦᠷᠭᠡ ᠭᠤᠷᠪᠠᠨ ᠵᠠᠮ︾᠄ ᠲᠢᠶᠠᠨ ᠢ ᠬᠥᠭᠦᠷᠭᠡ᠂ ᠲᠢᠶᠠᠨ ᠢ ᠵᠠᠮ᠂ ᠹᠠᠩ ᠰᠢᠩ ᠵᠡᠭᠡᠯᠢ᠂ ᠹᠦ᠋ ᠺᠠᠩ ᠵᠡᠭᠡᠯᠢ᠃       ︽ᠭᠤᠷᠪᠠᠨ ᠪᠦᠲᠦᠭᠡᠭᠳᠡᠬᠦᠨ ᠨᠢᠭᠡ ᠳᠡᠮᠳᠡᠭ︾᠄ ᠪᠣᠬᠢᠷᠲᠤᠯ ᠦᠭᠡᠶ ᠲᠠᠷᠢᠶᠠᠯᠠᠩ ᠤᠨ ᠭᠠᠷᠤᠯᠲᠠ᠂ ᠪᠣᠬᠢᠷᠳᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠳᠡᠮᠳᠡᠭ ᠃       ︽ᠳᠥᠷᠪᠡᠨ ᠨᠢᠭᠡᠳᠦᠯᠲᠡᠶ ᠨᠢᠭᠡ ᠬᠠᠮᠠᠭᠠᠯᠠᠯᠲᠠ︾ ᠤᠨ ᠬᠡᠪ ᠵᠠᠭᠪᠤᠷ᠄ ᠨᠢᠭᠡᠳᠦᠯᠲᠡᠶ ᠭᠠᠭ᠋ᠠᠶ ᠶᠢᠨ ᠫᠧᠩ ᠪᠠᠶᠢᠭᠤᠯᠬᠤ ᠪᠠᠷᠢᠮᠵᠢᠶ᠎ᠠ᠂ ᠨᠢᠭᠡᠳᠦᠯᠲᠡᠶ ᠭᠠᠭ᠋ᠠᠶ ᠶᠢᠨ ᠲᠣᠷᠤᠢ ᠬᠠᠩᠭᠠᠬᠤ᠂ ᠨᠢᠭᠡᠳᠦᠯᠲᠡᠶ ᠲᠡᠵᠢᠭᠡᠯ ᠪᠣᠷᠳᠤᠭ᠎ᠠ ᠬᠠᠩᠭᠠᠬᠤ᠂ ᠨᠢᠭᠡᠳᠦᠯᠲᠡᠶ ᠬᠢᠵᠢᠭ ᠢ ᠰᠡᠷᠭᠡᠶᠢᠯᠡᠬᠦ ᠮᠡᠷᠭᠡᠵᠢᠯ ᠤᠨ ᠦᠢᠯᠡᠴᠢᠯᠡᠭᠡ ᠬᠠᠩᠭᠠᠬᠤ᠂ ᠬᠠᠮᠠᠭᠠᠯᠠᠯᠲᠠ ᠶᠢᠨ ᠦᠨ᠎ᠡ ᠪᠠᠷ ᠬᠤᠳᠠᠯᠳᠤᠨ ᠠᠪᠬᠤ ᠢ ᠬᠡᠷᠡᠭᠵᠢᠭᠦᠯᠦᠨ᠎ᠡ᠃       ᠰᠦᠩ ᠪᠧᠢ ᠰᠢᠨ᠎ᠡ ᠬᠤᠲᠠ ᠶᠢᠨ ︽ᠲᠠᠪᠤᠨ ᠵᠡᠭᠡᠯᠢ ᠭᠤᠷᠪᠠᠨ ᠵᠠᠮ︾᠄ ᠲᠣᠣ ᠯᠢ ᠵᠡᠭᠡᠯᠢ ᠶᠢᠨ ᠵᠡᠭᠦᠨ ᠬᠡᠰᠡᠭ᠂ ᠰᠦᠩ ᠶᠤᠸᠠᠨ ᠵᠡᠭᠡᠯᠢ᠂ ᠹᠦ᠋ ᠰᠢᠩ ᠵᠠᠮ ᠤᠨ ᠬᠤᠶᠢᠳᠤ ᠬᠡᠰᠡᠭ᠂ ᠹᠦ᠋ ᠴᠢᠶᠠᠩ ᠵᠡᠭᠡᠯᠢ ᠶᠢᠨ ᠪᠠᠷᠠᠭᠤᠨ ᠬᠡᠰᠡᠭ᠂ ᠱᠦ ᠰᠢᠶᠠᠩ ᠵᠡᠭᠡᠯᠢ ᠤᠨ ᠵᠡᠭᠦᠨ ᠬᠡᠰᠡᠭ᠂ ᠱᠧᠩ ᠠᠨ ᠵᠠᠮ ᠤᠨ ᠬᠤᠶᠢᠳᠤ ᠬᠡᠰᠡᠭ᠂ ᠮᠦ ᠵᠢᠶᠠ ᠶᠢᠩ ᠵᠠᠮ ᠤᠨ ᠬᠤᠶᠢᠳᠤ ᠬᠡᠰᠡᠭ᠃       ︽ᠭᠤᠷᠪᠠᠨ ᠡᠮᠨᠡᠯᠭᠡ ᠬᠠᠮᠲᠤᠷᠠᠨ ᠬᠥᠳᠡᠯᠦᠯᠴᠡᠬᠦ︾᠄ ᠡᠮ ᠡᠮᠨᠡᠯᠭᠡ ᠶᠢᠨ ᠳᠠᠭᠠᠳᠬᠠᠯ ᠤᠨ ᠪᠠᠶᠢᠭᠤᠯᠤᠯ ᠤᠨ ᠥᠭᠡᠷᠡᠴᠢᠯᠡᠯᠲᠡ᠂ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠪᠣᠯᠤᠨ ᠡᠮ ᠤᠨ ᠵᠦᠢᠯ ᠤᠨ ᠭᠦᠢᠯᠭᠡᠭᠡᠨ ᠤ ᠪᠠᠢᠭᠤᠯᠤᠯ ᠤᠨ ᠥᠭᠡᠷᠡᠴᠢᠯᠡᠯᠲᠡ ᠶᠢ ᠬᠤᠯᠪᠣᠭᠠᠯᠠᠨ ᠬᠦᠳᠡᠯᠭᠡᠭᠦ ᠬᠡᠷᠡᠭᠲᠡᠶ᠃       ︽ᠢᠯᠡ ᠲᠣᠭᠤᠭᠠᠨ ᠬᠡᠷ ᠢᠯᠡ ᠵᠤᠤᠬ᠎ᠠ︾᠄ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠬᠤᠳᠠᠯᠳᠤᠨ ᠠᠪᠤᠭᠴᠢ ᠨᠢ ᠲᠣᠭᠤᠭᠠᠴᠢ ᠶᠢᠨ ᠠᠵᠢᠯᠯᠠᠭᠠᠨ ᠤ ᠵᠢᠷᠤᠮᠵᠢᠭᠤᠨ ᠡᠰᠡᠬᠦ᠂ ᠡᠷᠡᠭᠦᠯ ᠬᠠᠮᠠᠭᠠᠯᠠᠯ ᠤᠨ ᠬᠢᠷᠢ ᠳᠡᠩᠴᠡᠬᠦ ᠡᠰᠡᠬᠦ ᠶᠢ ᠰᠢᠭᠤᠳ ᠣᠯᠵᠤ ᠬᠠᠷᠠᠬᠤ ᠪᠣᠯᠤᠨ᠎ᠠ᠃       ︽ᠭᠤᠷᠪᠠᠨ ᠲᠠᠪᠬᠤᠷ ᠨᠢᠭᠡ ᠡᠮᠦᠨ᠎ᠡ ᠹᠷᠣᠨᠲ︾᠄ ︽ᠭᠤᠷᠪᠠᠨ ᠳᠠᠪᠬᠤᠷ︾ ᠭᠡᠳᠡᠭ ᠨᠢ ᠲᠣᠰᠬᠤᠨ ︵ᠨᠡᠶᠢᠭᠡᠮ ᠲᠣᠭᠤᠷᠢᠭ︶᠂ ᠰᠢᠶᠠᠩ ︵ᠪᠠᠯᠭᠠᠰᠤ᠂ ᠵᠡᠭᠡᠯᠢ ᠭᠤᠳᠤᠮᠵᠢ᠂  ᠬᠦᠷᠢᠶᠡᠯᠡᠩ ᠲᠣᠭᠤᠷᠢᠭ ᠤᠨ ᠠᠯᠪᠠᠨ ᠭᠡᠷ︶ ᠪᠠ ᠲᠣᠭᠤᠷᠢᠭ ︵ᠠᠶᠤᠯ ᠥᠭᠡᠢ ᠦᠢᠯᠡᠳᠪᠦᠷᠢᠯᠡᠯ ᠤᠨ ᠵᠥᠪᠯᠡᠯ︶ ᠢ ᠵᠢᠭᠠᠨ᠎ᠠ︔ ︽ᠨᠢᠭᠡ ᠡᠮᠦᠨ᠎ᠡ ᠹᠷᠣᠨᠲ︾ ᠭᠡᠳᠡᠭ ᠨᠢ ᠠᠶᠤᠯᠭᠦᠶ ᠦᠢᠯᠡᠳᠪᠦᠷᠢᠯᠡᠯ ᠢ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠪᠦᠬᠦᠢ ᠰᠠᠯᠠᠭ᠎ᠠ ᠮᠥᠴᠢᠷ ᠪᠠ ᠨᠢᠭᠡᠴᠢ ᠶᠢ ᠵᠢᠭᠠᠵᠤ ᠪᠠᠶᠢᠨ᠎ᠠ᠃    
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号