ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠨᠢ ᠤᠯᠠᠭᠠᠨᠬᠠᠳᠠ ᠬᠤᠲᠠ ᠶᠢᠨ ᠡᠮᠦᠨᠡᠲᠦ ᠬᠡᠰᠡᠭ ᠲᠤ | ᠪᠠᠶᠢᠷᠢᠯᠠᠵᠤ᠂ ᠴᠢᠯᠠᠭᠤᠲᠤ ᠠᠭᠤᠯᠠ᠂ ᠨᠢᠷᠤᠭᠤ ᠬᠠᠷᠠᠯᠠᠭ ᠠᠭᠤᠯᠠ᠂ ᠤᠯᠠᠭᠠᠨᠬᠠᠳᠠ ᠶᠢᠨ ᠰᠢᠷ᠎ᠠ ᠬᠦᠷᠦᠰᠦᠳᠤ | ᠳᠣᠪᠣᠷᠬᠠᠭ ᠳᠡᠨᠵᠢ ᠶᠢᠨ ᠠᠭᠤᠯᠵᠠᠭᠤᠷ ᠬᠡᠰᠡᠭ᠂ ᠪᠠᠷᠠᠭᠤᠨ ᠯᠢᠶᠣᠤ ᠾᠧ ᠭᠤᠣᠯ ᠤᠨ ᠣᠰᠣᠨ ᠰᠢᠰᠲ᠋ᠧᠮ ᠤᠨ | ᠳᠡᠭᠡᠳᠦ ᠤᠷᠤᠰᠬᠠᠯ ᠳᠤ ᠣᠷᠤᠰᠢᠨ᠎ᠠ᠃ ᠭᠠᠵᠠᠷ ᠵᠦᠶ ᠶᠢᠨ ᠪᠠᠶᠢᠷᠢᠰᠢᠯ ᠨᠢ ᠤᠮᠠᠷᠠᠲᠤ ᠥᠷᠭᠡᠷᠢᠭ ᠤᠨ 42 ° 01 | ′ ~ 42 ° 43 ′᠂ ᠵᠡᠭᠦᠨ ᠤᠷᠲᠤᠷᠢᠭ ᠤᠨ 117 。47 ′ ~ 119 ° 39 ′ ᠪᠣᠯᠤᠨ᠎ᠠ᠃ | ᠯᠢᠶᠣᠤ ᠤᠯᠤᠰ ᠤᠨ ᠺᠠᠢ ᠲᠠᠢ ᠶᠢᠨ ᠬᠤᠶᠠᠳᠤᠭᠠᠷ ᠣᠨ ︵1013 ᠣᠨ︶ ᠳᠤ ᠰᠦᠩᠱᠠᠨ ᠰᠢᠶᠠᠨ ᠢ ᠪᠠᠶᠢᠭᠤᠯᠵᠤ᠂ | ᠰᠢᠶᠠᠨ ᠤ ᠲᠥᠪ ᠵᠠᠬᠢᠷᠭ᠎ᠠ ᠨᠢ ᠤᠳᠤ ᠶᠢᠨ ᠰᠦᠩᠱᠠᠨ ᠲᠣᠭᠤᠷᠢᠭ ᠤᠨ ᠴᠧᠩ ᠽᠢ ᠰᠢᠶᠠᠩ ᠤᠨ ᠴᠧᠩ ᠽᠢ | ᠲᠣᠰᠬᠤᠨ ᠳᠤ ᠪᠠᠶᠢᠵᠠᠢ᠂ ᠲᠡᠭᠦᠨ ᠠᠴᠠ ᠬᠤᠶᠢᠰᠢ ᠠᠯᠲᠠᠨ᠂ ᠶᠤᠸᠠᠨ᠂ ᠮᠢᠩ ᠭᠤᠷᠪᠠᠨ ᠲᠦᠷᠦ ᠶᠢᠨ ᠦᠶ᠎ᠡ ᠳᠤ | ᠮᠦᠨ ᠤᠷᠤᠰᠢᠵᠤ ᠪᠠᠶᠢᠵᠠᠢ᠃ ᠴᠢᠩ ᠤᠯᠤᠰ ᠤᠨ ᠲᠩᠷᠢ ᠲᠡᠳᠬᠦᠭᠴᠢ ᠶᠢᠨ ᠳᠥᠴᠢᠨ ᠭᠤᠷᠪᠠᠳᠤᠭᠠᠷ ᠣᠨ ︵ | 1778 ᠣᠨ︶ ᠳᠤ ᠤᠯᠠᠭᠠᠨᠬᠠᠳᠠ ᠰᠢᠶᠠᠨ ᠬᠡᠮᠡᠨ ᠥᠭᠡᠷᠡᠴᠢᠯᠡᠨ ᠪᠠᠶᠢᠭᠤᠯᠵᠤ᠂ 1983 ᠣᠨ ᠳᠤ ᠤᠯᠠᠭᠠᠨᠬᠠᠳᠠ | ᠬᠤᠲᠠ ᠶᠢᠨ ᠲᠡᠭᠦᠷᠭᠡ ᠪᠣᠯᠭᠠᠨ ᠥᠭᠡᠷᠡᠴᠢᠯᠡᠵᠦ᠂᠂ 1993 ᠣᠨ ᠳᠤ ᠯᠢᠶᠣᠤ ᠤᠯᠤᠰ ᠤᠨ ᠰᠦᠩᠱᠠᠨ | ᠰᠢᠶᠠᠨ ᠠᠴᠠ ᠪᠠᠨ ᠰᠦᠩᠱᠠᠨ ᠲᠣᠭᠤᠷᠢᠭ ᠬᠡᠮᠡᠨ ᠨᠡᠷ᠎ᠡ ᠪᠠᠨ ᠬᠠᠯᠠᠵᠠᠢ᠃ |