ᠵᠠᠰᠠᠭ ᠵᠠᠬᠢᠷᠭᠠᠨ ᠤ ᠬᠤᠪᠢᠶᠠᠷᠢ
ᠨᠡᠶᠢᠲᠡᠯᠡᠭᠰᠡᠨ ᠴᠠᠭ᠄
2018/7/12
      ᠰᠦᠩᠱᠠᠨ ᠲᠣᠭᠤᠷᠢᠭ ᠪᠣᠯ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠪᠣᠯᠤᠨ᠎ᠠ᠂ ᠮᠦᠨ ᠴᠦ ᠪᠦᠬᠦ ᠬᠤᠲᠠ ᠶᠢᠨ ᠤᠯᠤᠰ ᠲᠤᠶᠢᠷᠦ᠂ ᠰᠣᠶᠣᠯ ᠤᠨ ᠲᠥᠪ ᠪᠣᠯᠤᠨ᠎ᠠ᠃ ᠪᠦᠬᠦ ᠲᠣᠭᠤᠷᠢᠭ ᠨᠢ ᠬᠠᠷᠢᠶ᠎ᠠ 9 ᠪᠠᠯᠭᠠᠰᠤ 5 ᠰᠢᠶᠠᠩ᠂ 7 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ 244 ᠵᠠᠰᠠᠭ ᠵᠠᠬᠢᠷᠭᠠᠨ ᠤ ᠲᠤᠰᠬᠤᠨ᠂ 44 ᠬᠤᠲᠠ ᠶᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ᠂ 3 ᠬᠥᠳᠡᠭᠡ ᠲᠣᠰᠬᠤᠨ ᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠲᠠᠢ᠃ ᠰᠢᠶᠠᠩ ᠤᠨ ᠱᠠᠲᠤᠨ ᠤ ᠪᠠᠶᠢᠭᠤᠯᠤᠮᠵᠢ ᠨᠢ ᠪᠣᠳᠠᠲᠠᠶ ᠢᠶᠠᠷ᠄ ᠮᠦ ᠵᠢᠶᠠ ᠶᠢᠩᠽᠢ᠂ ᠬᠠᠭᠤᠴᠢᠨ ᠬᠤᠷᠤᠭ᠎ᠠ᠂ ᠴᠢᠳᠬᠤᠯᠠᠩ᠂ ᠲᠠᠢ ᠫᠢᠩ ᠳ᠋ᠢ᠂ ᠸᠠᠩ ᠤᠨ ᠬᠤᠷᠢᠶ᠎ᠠ᠂ ᠳ᠋ᠠ ᠮᠢᠶᠣᠣ᠂ ᠠᠩᠴᠢᠨ᠂ ᠬᠠᠷ᠎ᠠ ᠳᠤᠬᠤᠢ᠂ ᠱᠠᠩ ᠭᠤᠸᠠᠨ ᠳ᠋ᠢ ᠪᠠᠯᠭᠠᠰᠤ︔ ᠰᠢᠶᠠ ᠵᠢᠶᠠ ᠳ᠋ᠢᠶᠠᠨ᠂ ᠳ᠋ᠠᠩ ᠫᠦ᠋ ᠳ᠋ᠢ ᠮᠠᠨᠵᠤ ᠦᠨᠳᠦᠰᠦᠲᠡᠨ᠂ ᠭᠠᠩᠽᠢ᠂ ᠴᠧᠩ ᠽᠢ᠂ ᠳ᠋ᠠᠶ ᠹᠦ᠋ ᠶᠢᠩᠽᠢ ᠰᠢᠶᠠᠩ︔ ᠰᠢᠶᠠᠩ ᠶᠠᠩ᠂ ᠵᠧᠨ ᠰᠢᠩ᠂ ᠰᠦᠩ ᠵᠧᠦ᠂ ᠳᠡᠮᠦᠷ ᠵᠠᠮ ᠤᠨ ᠵᠡᠭᠦᠨᠳᠡᠬᠢ᠂ ᠬᠠᠰ ᠯᠤᠤ᠂ ᠬᠢᠩᠭᠠᠨ᠂ ᠴᠢᠤᠸᠠᠨ ᠨᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号