ᠬᠠᠯᠠᠮᠰᠢᠯ ᠪᠤᠯᠵᠤ ᠪᠠᠶᠢᠭ᠎ᠠ ︽ᠤᠭᠤᠷᠠᠭ ᠤᠨ ᠳᠠᠯᠬ᠎ᠠ︾ ᠶᠢᠨ ᠳᠤᠬᠠᠢ
ᠨᠡᠶᠢᠲᠡᠯᠡᠭᠰᠡᠨ ᠴᠠᠭ᠄
2018/7/31
     ᠵᠤᠩᠬᠢᠯᠠᠬᠤ ᠤᠯᠠᠨ ᠳᠤᠭᠠᠨ ᠤ ᠬᠦᠮᠦᠨ ᠢᠳᠡᠭᠡᠨ ᠤᠮᠳᠠᠭᠠᠨ ᠢᠶᠠᠷ ᠢᠶᠠᠨ ᠪᠡᠶ᠎ᠡ ᠳᠤ ᠭᠡᠷᠡᠭᠰᠡᠬᠦ ᠤᠭᠤᠷᠠᠭ ᠢᠶᠠᠨ ᠰᠢᠩᠭᠡᠭᠡᠨ ᠠᠪᠴᠤ ᠳᠡᠶᠢᠯᠳᠡᠭ᠃ ᠵᠠᠷᠢᠮ ᠬᠦᠮᠦᠨ ᠤᠭᠤᠷᠠᠭ ᠤᠨ ᠳᠠᠯᠬ᠎ᠠ ᠠᠪᠴᠤ ᠢᠳᠡᠳᠡᠭ᠂ ᠦᠨᠡᠨᠳᠡᠭᠡᠨ ᠳᠡᠷᠡ ᠨᠢ ᠬᠦᠮᠦᠨ ᠪᠤᠯᠭᠠᠨ ᠳᠤ ᠵᠤᠬᠢᠷᠠᠳᠠᠭ ᠶᠠᠭᠤᠮ᠎ᠠ ᠪᠢᠰᠢ᠂ ᠵᠦᠪᠬᠡᠨ ᠭᠤᠷᠪᠠᠨ ᠳᠦᠷᠦᠯ ᠤᠨ ᠬᠦᠮᠦᠨ ᠡᠳ᠋ᠯᠡᠬᠦ ᠳᠤ ᠨᠡᠯᠢᠶᠡᠳ ᠳᠤᠬᠢᠷᠠᠮᠵᠢᠳᠠᠢ ᠪᠠᠶᠢᠳᠠᠭ᠄     1. ᠵᠢᠷᠮᠤᠰᠤᠨ ᠪᠦᠰᠡᠭᠦᠢ᠂ ᠬᠦᠬᠦᠬᠦᠯ ᠡᠬᠡ ᠪᠠ ᠬᠤᠳᠤᠭᠤᠳᠤ ᠭᠡᠳᠡᠰᠦᠨ ᠤ ᠴᠢᠳᠠᠪᠬᠢ ᠨᠢ ᠮᠠᠭᠤᠳᠠᠭᠰᠠᠨ ᠬᠤᠭᠤᠯᠠ ᠳᠡᠮᠡᠢ ᠢᠳᠡᠵᠦ ᠳᠡᠶᠢᠯᠳᠡᠭ ᠦᠭᠡᠢ ᠨᠠᠰᠤᠳᠠᠶᠢᠴᠤᠳ᠃     2. ᠤᠯᠠᠨ ᠡᠭᠦᠰᠦᠯᠳᠦ ᠶᠠᠰᠤ ᠪᠡᠷᠳᠡᠭᠰᠡᠨ᠂ ᠬᠠᠪᠤᠳᠠᠷ ᠤᠨ ᠬᠢᠮᠢ ᠶᠢᠨ ᠵᠠᠰᠠᠯᠭ᠎ᠠ ᠬᠢᠵᠦ ᠪᠠᠶᠢᠭ᠎ᠠ᠂ ᠠᠷᠠᠰᠤ ᠶᠡᠭᠡ ᠬᠡᠮᠵᠢᠶ᠎ᠠ ᠪᠠᠷ ᠤᠯᠪᠤᠷᠠᠬᠤ ᠵᠡᠷᠭᠡ ᠡᠪᠡᠳᠴᠢᠨ ᠲᠠᠢ ᠬᠦᠮᠦᠰ᠃     3. ᠮᠡᠳᠡᠷᠡᠯ ᠤᠨ ᠴᠢᠨᠠᠷᠳᠠᠢ ᠬᠤᠭᠤᠯᠠ ᠵᠢᠭᠰᠢᠬᠦ᠂ ᠴᠢᠳᠠᠪᠬᠢ ᠶᠢᠨ ᠴᠢᠨᠠᠷᠳᠠᠢ ᠰᠢᠩᠭᠡᠭᠡᠯᠳᠡ ᠮᠠᠭᠤ᠂ ᠨᠠᠷᠢᠨ ᠭᠡᠳᠡᠰᠦᠨ ᠤ ᠰᠢᠩᠭᠡᠭᠡᠯᠳᠡ ᠶᠢᠨ ᠬᠠᠷᠰᠢᠯᠠᠯ ᠲᠠᠢ ᠡᠪᠡᠳᠴᠢᠳᠡᠨ᠃     ᠤᠭᠤᠷᠠᠭ ᠤᠨ ᠳᠠᠯᠬ᠎ᠠ ᠢᠳᠡᠬᠦ ᠭᠡᠷᠡᠭᠳᠡᠢ ᠪᠠᠷ ᠪᠤᠳᠤᠬᠤ ᠳᠤ᠂ ᠡᠳᠦᠷ ᠲᠤ 15 — 20 ᠭᠷᠡᠮ ᠢᠳᠡᠪᠡᠯ ᠪᠤᠯᠬᠤ ᠨᠢ ᠳᠡᠷᠡ᠂ ᠬᠡᠷᠪᠡ ᠭᠡᠳᠦᠷᠡᠪᠡᠯ ᠪᠡᠶ᠎ᠡ ᠳᠤ ᠡᠷᠭᠢᠭᠡᠳ ᠳᠠᠷᠤᠭᠠᠰᠤ ᠪᠤᠯᠤᠨ᠎ᠠ᠃ ᠤᠭᠤᠷᠠᠭ ᠤᠨ ᠳᠠᠯᠬ᠎ᠠ ᠨᠢ ᠠᠮᠠᠷᠬᠠᠨ ᠠᠭᠤᠰᠴᠤ ᠵᠠᠳᠠᠷᠠᠳᠠᠭ ᠦᠭᠡᠢ᠂ ᠰᠢᠩᠭᠡᠨ ᠪᠤᠳᠠᠭᠠᠨ ᠳᠤ ᠬᠢᠵᠦ ᠢᠳᠡᠬᠦ ᠶᠢ ᠰᠠᠨᠠᠭᠤᠯᠵᠤ ᠪᠠᠶᠢᠨ᠎ᠠ᠂ ᠬᠤᠭᠤᠯᠠᠨ ᠤ ᠡᠮᠦᠨ᠎ᠠ ᠬᠤᠶᠢᠨ᠎ᠠ ᠢᠳᠡᠵᠦ ᠪᠦᠷ ᠪᠤᠯᠤᠨ᠎ᠠ᠃     ᠤᠭᠤᠷᠠᠭ ᠤᠨ ᠳᠠᠯᠬ᠎ᠠ ᠶᠢ ᠰᠤᠩᠭᠤᠵᠤ ᠢᠳᠡᠬᠦ ᠳᠡᠭᠡᠨ ᠭᠡᠳᠦᠨ ᠳᠠᠯ᠎ᠠ ᠶᠢᠨ ᠠᠳᠡᠭᠦᠷᠡᠯ ᠢ ᠵᠦᠪ ᠤᠶᠢᠢᠯᠠᠭᠠᠬᠤ ᠭᠡᠷᠡᠭᠳᠡᠢ     ᠠᠳᠡᠭᠦᠷᠡᠯ 1᠄ ᠤᠭᠤᠷᠠᠭ ᠤᠨ ᠳᠠᠯᠬ᠎ᠠ ᠢᠳᠡᠪᠡᠯ ᠦᠯᠦ ᠬᠠᠯᠳᠠᠭᠠᠬᠤ ᠴᠢᠳᠠᠪᠤᠷᠢ ᠶᠢ ᠳᠡᠭᠡᠭᠰᠢᠯᠡᠭᠦᠯᠳᠡᠭ     ᠦᠨᠡᠨ ᠪᠠᠶᠢᠳᠠᠯ ᠨᠢ᠄ ᠦᠯᠦ ᠬᠠᠯᠳᠠᠭᠠᠬᠤ ᠴᠢᠳᠠᠪᠤᠷᠢ ᠪᠠᠨ ᠳᠡᠭᠡᠭᠰᠢᠯᠡᠭᠦᠯᠤᠶ᠎ᠠ ᠭᠡᠪᠡᠯ ᠰᠢᠮ᠎ᠠ ᠳᠡᠵᠢᠭᠡᠯ ᠢ ᠵᠦᠢ ᠵᠤᠬᠢᠰᠳᠠᠢ ᠪᠠᠷ᠂ ᠳᠡᠩᠴᠡᠭᠦᠷᠢ ᠲᠠᠢ ᠪᠠᠷ ᠰᠢᠩᠭᠡᠭᠡᠨ ᠠᠪᠬᠤ ᠶᠢ ᠠᠩᠬᠠᠷᠬᠤ ᠭᠡᠷᠡᠭᠳᠡᠢ᠃ ᠬᠤᠭᠤᠯᠠ ᠬᠤᠰᠢ ᠪᠠᠨ ᠰᠠᠶᠢᠨ ᠢᠳᠡᠬᠦ ᠦᠭᠡᠢ᠂ ᠵᠦᠪᠬᠡᠨ ᠤᠭᠤᠷᠠᠭ ᠤᠨ ᠳᠠᠯᠬ᠎ᠠ ᠪᠠᠷ ᠬᠤᠭᠤᠯᠠ ᠪᠤᠯᠭᠠᠬᠤ ᠶᠤᠮ ᠪᠤᠯ ᠦᠯᠦ ᠬᠠᠯᠳᠠᠭᠠᠬᠤ ᠴᠢᠳᠠᠪᠤᠷᠢ ᠮᠦᠨ ᠮᠠᠭᠤᠳᠠᠨ᠎ᠠ᠃     ᠠᠳᠡᠭᠦᠷᠡᠯ 2᠄ ᠤᠭᠤᠷᠠᠭ ᠤᠨ ᠳᠠᠯᠬ᠎ᠠ ᠢᠳᠡᠪᠡᠯ ᠬᠡᠦᠬᠡᠳ ᠤᠨ ᠪᠡᠶ᠎ᠡ ᠦᠰᠴᠤ ᠤᠢ ᠪᠢᠯᠢᠭ ᠨᠢ ᠰᠠᠶᠢᠵᠢᠷᠠᠨ᠎ᠠ     ᠦᠨᠡᠨ ᠪᠠᠶᠢᠳᠠᠯ ᠨᠢ᠄ ᠤᠭᠤᠷᠠᠭ ᠤᠨ ᠳᠠᠯᠬ᠎ᠠ ᠬᠡᠳᠦᠷᠡᠪᠡᠯ ᠬᠡᠦᠬᠡᠳ ᠤᠨ ᠪᠦᠭᠡᠷ᠎ᠡ ᠪᠠ ᠡᠯᠢᠭᠡᠨ ᠤ ᠳᠠᠷᠤᠭᠠᠰᠤ ᠶᠢ ᠬᠦᠨᠳᠦᠷᠡᠭᠦᠯᠵᠦ ᠮᠡᠳᠡᠨ᠎ᠠ᠃ ᠳᠡᠶᠢᠮᠦ ᠠᠴᠠ ᠬᠡᠦᠬᠡᠳ ᠵᠠᠯᠠᠭᠤᠴᠤᠳ ᠬᠡᠷᠪᠡ ᠬᠡᠪ ᠤᠨ ᠪᠠᠶᠢᠳᠠᠯ ᠢᠶᠠᠷ ᠬᠤᠭᠤᠯᠠᠯᠠᠵᠤ ᠪᠤᠯᠳᠠᠭ ᠶᠤᠮ ᠪᠤᠯ ᠡᠩ ᠤᠨ ᠪᠠᠶᠢᠳᠠᠯ ᠢᠶᠠᠷ ᠢᠶᠠᠨ ᠬᠤᠭᠤᠯᠠᠯᠠᠬᠤ ᠶᠢ ᠰᠠᠨᠠᠭᠤᠯᠵᠤ᠂ ᠤᠭᠤᠷᠠᠭ ᠤᠨ ᠳᠠᠯᠬ᠎ᠠ ᠪᠠᠷ ᠨᠦᠬᠦᠬᠦ ᠭᠡᠷᠡᠭ ᠦᠭᠡᠢ ᠭᠡᠰᠡᠨ ᠵᠦᠪᠯᠡᠯᠭᠡ ᠦᠭᠴᠦ ᠪᠠᠶᠢᠨ᠎ᠠ᠃     ᠠᠳᠡᠭᠦᠷᠡᠯ 3᠄ ᠤᠭᠤᠷᠠᠭ ᠤᠨ ᠳᠠᠯᠬ᠎ᠠ ᠢᠳᠡᠪᠡᠯ ᠬᠡᠪᠡᠯᠢ ᠳᠠᠬᠢ ᠬᠡᠦᠬᠡᠳ ᠤᠨ ᠪᠤᠶᠢᠵᠢᠯᠳᠠ ᠶᠢ ᠳᠦᠷᠭᠡᠳᠭᠡᠳᠡᠭ     ᠦᠨᠡᠨ ᠪᠠᠶᠢᠳᠠᠯ ᠨᠢ᠄ ᠬᠡᠪᠡᠯᠢ ᠳᠠᠬᠢ ᠬᠡᠦᠬᠡᠳ ᠤᠨ ᠬᠡᠪ ᠤᠨ ᠪᠤᠶᠢᠵᠢᠯᠳᠠ ᠨᠢ ᠵᠦᠪᠬᠡᠨ ᠤᠭᠤᠷᠠᠭ ᠢ ᠳᠦᠰᠢᠭᠯᠡᠳᠡᠭ ᠳᠡᠳᠦᠢ ᠪᠢᠰᠢ᠂ ᠪᠠᠰᠠ ᠵᠤᠬᠢᠬᠤ ᠬᠡᠮᠵᠢᠶᠡᠨ ᠤ ᠨᠡᠭᠦᠷᠡᠰᠦ ᠤᠰᠤᠨ ᠤ ᠨᠢᠭᠡᠳᠪᠦᠷᠢ᠂ ᠦᠭᠡᠭᠦᠨ ᠬᠦᠴᠢᠯ᠂ ᠸᠢᠲ᠋ᠠᠮᠢᠨ ᠪᠠ ᠪᠢᠴᠢᠯ ᠡᠯᠧᠮᠧᠨ᠋ᠲ ᠭᠡᠷᠡᠭᠰᠡᠳᠡᠭ᠃ ᠤᠭᠤᠷᠠᠭ ᠤᠨ ᠳᠠᠯᠬ᠎ᠠ ᠶᠢ ᠭᠡᠳᠦᠷᠡᠳᠡᠯ᠎ᠠ ᠢᠳᠡᠪᠡᠯ ᠵᠢᠷᠮᠦᠰᠦᠨ ᠪᠦᠰᠡᠭᠦᠢ ᠶᠢᠨ ᠳᠤᠳᠤᠷ ᠴᠤᠯᠤ ᠶᠢᠨ ᠳᠠᠷᠤᠭᠠᠰᠤ ᠶᠢ ᠬᠦᠨᠳᠦᠷᠡᠭᠦᠯᠦᠨ᠎ᠠ᠃     ᠠᠳᠡᠭᠦᠷᠡᠯ 4᠄ ᠤᠭᠤᠷᠠᠭ ᠤᠨ ᠳᠠᠯᠬ᠎ᠠ ᠢᠳᠡᠵᠦ ᠮᠠᠷᠢᠶ᠎ᠠ ᠰᠢᠭᠤᠷᠠᠭᠤᠯᠵᠤ ᠪᠤᠯᠤᠨ᠎ᠠ     ᠦᠨᠡᠨ ᠪᠠᠶᠢᠳᠠᠯ ᠨᠢ᠄ ᠵᠦᠪᠬᠡᠨ ᠤᠭᠤᠷᠠᠭ ᠤᠨ ᠳᠠᠯᠬ᠎ᠠ ᠮᠡᠳᠦ ᠶᠢᠨ ᠤᠭᠤᠷᠠᠭᠳᠤ ᠢᠳᠡᠭᠡᠨ ᠢᠳᠡᠭᠡᠳ ᠦᠭᠡᠬᠦ ᠪᠠ ᠰᠢᠬᠢᠷ ᠤᠨ ᠵᠦᠢᠯ ᠢ ᠢᠳᠡᠬᠦ ᠦᠭᠡᠢ ᠪᠤᠯ ᠤᠭᠤᠷᠠᠭ ᠭᠡᠳᠦᠷᠡᠵᠦ᠂ ᠪᠡᠶ᠎ᠡ ᠳᠤ ᠭᠡᠷᠡᠭᠴᠡᠭᠡ ᠪᠦᠬᠦᠢ ᠦᠭᠡᠭᠦᠨ ᠬᠦᠴᠢᠯ᠂ ᠸᠢᠲ᠋ᠠᠮᠢᠨ᠂ ᠢᠳᠡᠭᠡᠨ ᠤ ᠰᠢᠷᠭᠡᠭᠯᠢᠭ ᠳᠤᠳᠠᠬᠳᠠᠭᠠᠳ ᠴᠢᠰᠦ ᠳᠤᠳᠠᠬᠤ ᠡᠪᠡᠳᠴᠢᠨ ᠪᠠ ᠰᠢᠮ᠎ᠡ ᠳᠡᠵᠢᠭᠡᠯ ᠳᠤᠳᠠᠭᠳᠠᠬᠤ ᠪᠠᠶᠢᠳᠠᠯ ᠭᠠᠷᠤᠨ᠎ᠠ᠃     ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号